ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠶᠢ ᠬᠡᠷᠡᠭᠵᠢᠭᠦᠯᠬᠦ
ᠨᠡᠶᠢᠲᠡᠯᠡᠭᠰᠡᠨ ᠴᠠᠭ᠄
2017/6/1
     ᠰᠤᠷᠪᠤᠯᠵᠢᠯᠠᠭᠰᠠᠨ ᠴᠠᠭ᠄      2017 ᠤᠨ ᠤ 4 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨᠠᠬᠢ 3 ᠴᠠᠭ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠤᠨ ᠳᠡᠳ᠋ ᠲᠣᠭᠤᠷᠢᠨ ᠪᠠᠶᠢᠴᠠᠭᠠᠭᠴᠢ  ᠪᠠᠭᠠᠨ᠎ᠠ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      4 ᠳ᠋ᠦ᠋ᠭᠡᠷ ᠰᠠᠷ᠎ᠠ ᠶᠢᠨ 26᠎ ᠤ ᠡᠳᠦᠷ ᠪᠣᠯ ᠠᠷᠪᠠᠨ ᠲᠤᠯᠤᠭᠠᠳᠠᠬᠢ ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠪᠣᠯᠤᠨ᠎ᠠ᠃ 4 ᠳ᠋ᠦ᠋ᠭᠡᠷ ᠰᠠᠷ᠎ᠠ ᠶᠢᠨ 20᠎ ᠤ ᠡᠳᠦᠷ ᠠᠴᠠ 26᠎ ᠤ ᠡᠳᠦᠷ ᠪᠤᠯᠲᠠᠯ᠎ᠠ᠂ 2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠤᠷᠤᠨ ᠳᠠᠶᠠᠭᠠᠷ ᠦᠷᠭᠡᠨ ᠢᠶᠠᠷ ᠦᠷᠨᠢᠭᠦᠯᠵᠦ᠂ ᠤᠬᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠲᠤᠬᠠᠶ ᠤᠬᠠᠮᠰᠠᠷ ᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠣᠷᠣᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠶᠢ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠠᠵᠤ ᠠᠬᠤᠶ ᠶᠢᠨ ᠬᠦᠭᠵᠢᠯᠲᠡ ᠶᠢᠨ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠬᠤ᠂ ᠣᠷᠣᠨ ᠪᠦᠰᠡ ᠶᠢᠨ ᠭᠤᠣᠯᠯᠠᠭᠴᠢ ᠥᠷᠢᠰᠥᠯᠳᠦᠭᠡᠨ ᠤ ᠬᠦᠴᠦᠨ ᠢ ᠴᠢᠩᠭᠠᠷᠠᠭᠤᠯᠬᠤ ᠴᠢᠬᠤᠯᠠ ᠠᠭᠤᠯᠭ᠎ᠠ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠪᠤᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠵᠢᠭᠦᠯᠦᠯᠲᠡ᠂ ᠬᠠᠮᠠᠭᠠᠯᠠᠯᠲᠠ ᠪᠠ ᠬᠠᠮᠢᠶᠠᠷᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠲᠤ ᠢᠯᠡᠳᠲᠡ ᠠᠮᠵᠢᠯᠲᠠ ᠣᠯᠵᠤ᠂ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠰᠤᠷᠪᠤᠯᠵᠢᠯᠠᠭ᠎ᠠ ᠶᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠤᠨ ᠳᠡᠳ᠋ ᠲᠣᠭᠤᠷᠢᠨ ᠪᠠᠶᠢᠴᠠᠭᠠᠭᠴᠢ᠂ ᠰᠣᠨᠢᠨ ᠮᠡᠳᠡᠭᠡ ᠨᠡᠶᠢᠲᠡᠯᠡᠭᠴᠢ ᠪᠠᠭᠠᠨ᠎ᠠ ᠪᠤᠯᠤᠨ᠎ᠠ᠃ ᠪᠠᠭᠠᠨ᠎ᠠ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕       ᠪᠠᠭᠠᠨ᠎ᠠ᠄      ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠠᠳᠡ ᠲᠠ ᠪᠦᠬᠦᠨ ᠲᠠᠢ ᠰᠠᠨᠠᠯ ᠢᠶᠠᠨ ᠰᠤᠯᠢᠯᠴᠠᠬᠤ ᠪᠤᠯᠤᠭᠰᠠᠨ ᠳᠠᠭᠠᠨ ᠶᠡᠭᠡ ᠪᠠᠶᠠᠷᠯᠠᠵᠤ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠤᠨ ᠡᠮᠦᠨ᠎ᠡ ᠠᠴᠠ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠳᠤ ᠢᠮᠠᠭᠲᠠ ᠰᠡᠳᠬᠢᠯ ᠲᠠᠯᠪᠢᠵᠤ᠂ ᠲᠡᠮᠵᠢᠵᠦ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃      ᠬᠥᠲᠥᠯᠥᠭᠴᠢ᠄      ᠪᠠᠭᠠᠨ᠎ᠠ ᠲᠢᠩᠬᠢᠮ ᠤᠨ ᠳᠠᠷᠤᠭ᠎ᠠ ᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠬᠠᠮᠤᠭ ᠤᠨ ᠴᠢᠬᠤᠯᠠ ᠦᠢᠯᠡᠳᠪᠦᠷᠢᠯᠡᠯ ᠤᠨ ᠡᠯᠧᠮᠧᠨ᠋ᠲ ᠪᠣᠯᠤᠨ ᠬᠦᠷᠦᠩᠭᠡ ᠶᠢᠨ ᠡᠬᠢ ᠪᠠᠶᠠᠯᠢᠭ ᠪᠣᠯᠤᠭᠰᠠᠨ ᠤ ᠬᠤᠪᠢ ᠳᠤ᠂ ᠨᠢᠭᠡᠨᠲᠡ ᠠᠵᠤ ᠠᠬᠤᠶᠢᠯᠠᠯ ᠤᠨ ᠭᠤᠣᠯᠯᠠᠬᠤ ᠥᠷᠢᠰᠥᠯᠳᠦᠬᠦ ᠬᠦᠴᠦᠨ ᠴᠢᠨᠠᠭᠰᠢᠯᠠᠪᠠᠯ ᠤᠯᠤᠰ ᠣᠷᠣᠨ ᠤ ᠥᠷᠢᠰᠥᠯᠳᠦᠬᠦ ᠬᠦᠴᠦᠨ ᠤ ᠴᠢᠬᠤᠯᠠ ᠢᠯᠡᠷᠡᠯ ᠪᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠡᠳᠦᠷ ᠢᠷᠡᠬᠦᠶ᠎ᠡ ᠨᠢᠭᠡ ᠤᠯᠤᠰ ᠪᠤᠶᠤ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠭᠤᠣᠯᠯᠠᠭᠴᠢ ᠥᠷᠢᠰᠥᠯᠳᠦᠭᠡᠨ ᠤ ᠬᠦᠴᠦᠨ ᠢ ᠬᠡᠮᠵᠢᠬᠦ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠪᠡᠯᠭᠡ ᠲᠡᠮᠳᠡᠭ ᠪᠤᠯᠪᠠ᠃ ᠶᠠᠭᠤᠨ ᠤ ᠡᠮᠦᠨ᠎ᠡ ᠲᠠ᠂ ᠣᠶᠢᠷ᠎ᠠ ᠶᠢᠨ ᠵᠢᠯ ᠤᠳ ᠲᠤ ᠮᠠᠨ ᠤ ᠣᠷᠣᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠮᠵᠢᠯᠲᠠ ᠤᠯᠤᠭᠰᠠᠨ ᠢ ᠶᠠᠷᠢᠵᠤ ᠦᠭᠭᠦᠨᠡᠦ︖      ᠪᠠᠭᠠᠨ᠎ᠠ᠄      ᠲᠡᠭᠡᠶ᠎ᠡ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ ᠬᠦᠭᠵᠢᠯᠲᠡ ᠶᠢᠨ ᠲᠤᠬ ᠢ ᠥᠨᠳᠥᠷ ᠮᠠᠨᠳᠤᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠶᠢ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠠᠵᠤ ᠠᠬᠤᠶ ᠶᠢᠨ ᠬᠦᠢᠭᠵᠢᠯᠲᠠ ᠶᠢᠨ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠬᠤ᠂ ᠣᠷᠣᠨ ᠪᠦᠰᠡ ᠶᠢᠨ ᠭᠤᠣᠯᠯᠠᠭᠴᠢ ᠥᠷᠢᠰᠥᠯᠳᠦᠭᠡᠨ ᠤ ᠬᠦᠴᠦᠨ ᠢ ᠴᠢᠩᠭᠠᠷᠠᠭᠤᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠵᠢᠭᠦᠯᠦᠯᠲᠡ᠂ ᠬᠠᠮᠠᠭᠠᠯᠠᠯᠲᠠ ᠪᠠ ᠬᠠᠮᠢᠶᠠᠷᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠳᠬᠠᠵᠤ᠂ ᠢᠯᠠᠩᠭᠤᠶ᠎ᠠ 2016 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠪᠴᠢᠶ᠎ᠠ ᠶᠢᠨ ᠬᠦᠴᠦᠲᠡᠶ ᠵᠢᠯᠣᠭᠤᠳᠣᠯᠭ᠎ᠠ ᠪᠣᠯᠤᠨ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠦᠴᠦᠲᠡᠶ ᠠᠬᠢᠭᠤᠯᠤᠯ ᠳᠣᠣᠷ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠦᠬᠦ ᠠᠵᠢᠯᠲᠠᠳ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠬᠦᠴᠦᠲᠡᠶ ᠬᠦᠭᠵᠢᠵᠦ᠂ ︽13 · 5︾᠎ ᠶᠢᠨ ᠰᠠᠶᠢᠨ ᠰᠠᠶᠢᠬᠠᠨ ᠡᠬᠢᠯᠡᠯᠲᠡ ᠲᠠᠢ ᠪᠤᠯᠪᠠ᠃      ᠨᠢᠭᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠡᠭᠡᠪᠦᠷ ᠵᠢᠷᠤᠭ ᠲᠥᠯᠥᠪᠯᠡᠭᠡ ᠤᠯᠠᠮ ᠨᠢᠭᠡ ᠠᠯᠬᠤᠮ ᠪᠦᠷᠢᠨᠰᠢᠪᠡ᠃ 2016 ᠣᠨ ᠳᠤ᠂ ᠮᠠᠨ ᠤ ᠣᠷᠣᠨ ︽︿ᠤᠯᠤᠰ ᠤᠨ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠦᠲᠦᠯᠪᠦᠷᠢ﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ︾᠎ ᠢ ᠲᠤᠭᠲᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠠᠷᠢᠮᠵᠢᠶ᠎ᠠ᠂ ᠶᠠᠰᠤ ᠴᠢᠨᠠᠷ  ᠪᠠ ᠨᠡᠷᠡᠲᠦ ᠲᠡᠮᠳᠡᠭᠲᠦ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠴᠢᠬᠤᠯᠠ ᠡᠭᠦᠷᠭᠡ ᠶᠢᠨ ᠨᠢᠭᠡ ᠪᠤᠯᠭᠠᠪᠠ︔ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ᠪᠠ ︽ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠰ ᠤᠨ ︿13 · 5﹀᠎ ᠶᠢᠨ ᠲᠦᠯᠦᠪᠵᠢᠭᠦᠯᠪᠡ︾᠎ ᠶᠢ ᠤᠷᠢᠳ ᠬᠤᠵᠢᠳ ᠲᠣᠭᠲᠠᠭᠠᠨ ᠨᠡᠶᠢᠲᠡᠯᠡᠵᠦ᠂ ᠲᠦᠰᠦᠭᠡᠯᠡᠬᠦ ᠰᠡᠳᠬᠢᠬᠦᠶ ᠪᠠ ᠪᠠᠶᠢᠯᠳᠤᠬᠤ ᠪᠤᠳᠤᠯᠭ᠎ᠠ ᠶᠢᠨ ᠬᠠᠷᠠᠭ᠎ᠠ ᠪᠠᠷ ᠬᠤᠶᠢᠰᠢᠳᠠ ᠶᠢᠨ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠳᠤ ᠳᠡᠭᠡᠪᠦᠷ ᠵᠢᠷᠤᠭ ᠲᠥᠯᠥᠪᠯᠡᠭᠡ ᠬᠢᠭᠰᠡᠨ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ︽13 · 5︾᠎ ᠶᠢᠨ ᠬᠤᠭᠤᠴᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠭᠤᠣᠯ ᠬᠠᠷᠠᠯᠲᠠ ᠪᠠ ᠭᠤᠣᠯᠳᠠᠯᠭᠠᠲᠤ ᠡᠭᠦᠷᠭᠡ ᠶᠢ ᠲᠤᠳᠤᠷᠬᠠᠶᠢᠯᠠᠪᠠ᠃      ᠬᠤᠶᠠᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ 2016 ᠣᠨ ᠳᠤ᠂ ᠥᠪᠥᠷ ᠮᠣᠩᠭᠤᠯ ᠤᠨ ᠲᠤᠰᠬᠠᠶ ᠠᠰᠢᠭ ᠭᠤᠶᠤᠴᠢᠯᠠᠬᠤ ᠬᠡᠮᠵᠢᠶ᠎ᠡ ᠠᠩᠬ᠎ᠠ ᠤᠳᠠᠭ᠎ᠠ ᠨᠢᠭᠡ ᠲᠦᠮᠡᠨ ᠵᠦᠢᠯ ᠤᠨ ᠶᠡᠭᠡ ᠪᠣᠭᠤᠮᠲᠠ ᠶᠢ ᠳᠠᠪᠠᠵᠤ᠂ 10672 ᠵᠦᠢᠯ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.23% ᠨᠡᠮᠡᠭᠳᠡᠪᠡ᠃ ᠪᠥᠬᠦ ᠣᠷᠣᠨ ᠨᠡᠶᠢᠲᠡ 5846 ᠲᠤᠰᠬᠠᠶ ᠠᠰᠢᠭ ᠤᠨ ᠡᠷᠬᠡ ᠶᠢ ᠣᠯᠭᠤᠵᠤ᠂ ᠠᠳᠠᠯᠢ ᠬᠤᠭᠤᠴᠠᠭᠠᠨ ᠤ ᠬᠢ ᠠᠴᠠ 5.87% ᠨᠡᠮᠡᠭᠳᠡᠵᠡᠶ᠃ ᠪᠦᠬᠦ ᠣᠷᠣᠨ ᠤ PCT ᠣᠯᠠᠨ ᠤᠯᠤᠰ ᠤᠨ ᠲᠤᠰᠬᠠᠶ ᠠᠰᠢᠭ ᠭᠤᠶᠤᠴᠢᠯᠠᠭᠰᠠᠨ ᠬᠡᠮᠵᠢᠶ᠎ᠡ ᠠᠩᠬ᠎ᠠ ᠤᠳᠠᠭ᠎ᠠ 21 ᠵᠦᠢᠯ ᠳᠤ ᠬᠦᠷᠪᠡ᠃ 2016 ᠣᠨ ᠪᠣᠯᠲᠠᠯ᠎ᠠ᠂ ᠪᠥᠬᠦ ᠣᠷᠣᠨ ᠤ ᠪᠦᠲᠦᠮᠵᠢᠲᠡᠢ ᠡᠭᠦᠳᠦᠭᠰᠡᠨ ᠲᠤᠰᠬᠠᠶ ᠠᠰᠢᠭ ᠤᠨ ᠡᠷᠬᠡ 3734 ᠵᠦᠢᠯ ᠪᠠᠶᠢᠵᠤ᠂ ᠲᠦᠮᠡᠨ ᠬᠥᠮᠦᠨ ᠪᠦᠷᠢ 1.49 ᠲᠤᠰᠬᠠᠶ ᠠᠰᠢᠭ ᠡᠭᠦᠳᠴᠦ᠂ ᠠᠳᠠᠯᠢ ᠬᠤᠭᠤᠴᠠᠭᠠᠨ ᠤ ᠬᠢ ᠠᠴᠠ 22.13% ᠨᠡᠮᠡᠭᠳᠡᠪᠡ᠃ 2016 ᠣᠨ ᠳᠤ᠂ ᠮᠠᠨ ᠤ ᠣᠷᠣᠨ ᠨᠡᠶᠢᠲᠡ 216 ᠵᠣᠬᠢᠶᠠᠯ ᠪᠦᠲᠦᠭᠡᠯ ᠤᠨ ᠡᠷᠬᠡ ᠶᠢᠨ ᠬᠡᠪᠯᠡᠯ ᠤᠨ ᠡᠷᠬᠡ ᠶᠢ ᠳᠠᠩᠰᠠᠯᠠᠵᠤ᠂ 2015 ᠣᠨ ᠤ ᠬᠢ ᠠᠴᠠ 30% ᠨᠡᠮᠡᠭᠳᠡᠪᠡ᠃ ᠣᠳᠣ ᠪᠣᠯᠲᠠᠯ᠎ᠠ᠂ ᠪᠥᠬᠦ ᠣᠷᠣᠨ ᠨᠡᠶᠢᠲᠡ 2222 ᠵᠣᠬᠢᠶᠠᠯ ᠪᠦᠲᠦᠭᠡᠯ ᠤᠨ ᠡᠷᠬᠡ ᠶᠢᠨ ᠬᠡᠪᠯᠡᠯ ᠤᠨ ᠡᠷᠬᠡ ᠶᠢ ᠳᠠᠩᠰᠠᠯᠠᠪᠠ᠃ 2016 ᠣᠨ ᠪᠣᠯᠲᠠᠯ᠎ᠠ᠂ ᠪᠥᠬᠦ ᠣᠷᠣᠨ ᠤ ᠪᠦᠲᠦᠮᠵᠢᠲᠡᠢ ᠳᠠᠩᠰᠠᠯᠠᠭᠰᠠᠨ ᠲᠠᠸᠠᠷ ᠤᠨ ᠲᠡᠮᠳᠡᠭ 90603 ᠵᠦᠢᠯ ᠳᠤ ᠬᠦᠷᠪᠡ᠂ ᠡᠭᠦᠨ ᠳᠤ᠄  ᠳᠤᠮᠳᠠᠳᠤ ᠤᠯᠤᠰ ᠤᠨ ᠨᠡᠷᠡᠳᠥ ᠲᠠᠸᠠᠷ ᠤᠨ ᠲᠡᠮᠳᠡᠭ 80 ᠵᠦᠢᠯ᠂ ᠭᠠᠵᠠᠷ ᠵᠦᠢ ᠶᠢᠨ ᠪᠡᠯᠭᠡ ᠳᠡᠮᠳᠡᠭ ᠤᠨ ᠲᠠᠸᠠᠷ ᠤᠨ ᠲᠡᠮᠳᠡᠭ 61 ᠵᠦᠢᠯ᠂ ᠥᠪᠥᠷ ᠮᠣᠩᠭᠤᠯ ᠤᠨ ᠨᠡᠷᠡᠳᠦ ᠲᠠᠸᠠᠷ ᠤᠨ ᠲᠡᠮᠳᠡᠭ 776 ᠵᠦᠢᠯ᠂ ᠠᠶᠢᠮᠠᠭ ᠬᠤᠳᠠ ᠶᠢᠨ ᠨᠡᠷᠡᠲᠦ ᠲᠠᠸᠠᠷ ᠤᠨ ᠲᠡᠮᠳᠡᠭ 1464 ᠵᠦᠢᠯ ᠪᠤᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠤᠬᠠᠮᠰᠠᠷ ᠶᠠᠭ ᠬᠥᠮᠦᠰ ᠤᠨ ᠰᠡᠳᠬᠢᠯ ᠳᠤ ᠭᠦᠨ ᠰᠠᠭᠤᠭᠳᠠᠵᠤ᠂ ᠶᠠᠪᠤᠬᠤ ᠲᠤᠲᠤᠮ ᠡᠯ᠎ᠡ ᠱᠠᠲᠤᠨ ᠤ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠠᠩᠬᠠᠷᠤᠯ ᠪᠠ ᠬᠦᠨᠳᠦᠳᠬᠡᠯ ᠢ ᠣᠯᠪᠠ᠃      ᠭᠤᠷᠪᠠ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠬᠢᠷᠢ ᠬᠡᠮᠵᠢᠶ᠎ᠡ ᠠᠯᠬᠤᠮ ᠠᠯᠬᠤᠮ ᠢᠶᠠᠷ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠲᠤᠰᠬᠠᠶ ᠠᠰᠢᠭ ᠤᠨ ᠤᠯᠠᠷᠢᠭᠤᠯᠤᠯᠲᠠ ᠵᠢᠴᠢ ᠲᠠᠪᠴᠠᠩ ᠤᠨ ᠠᠴᠢᠶᠠᠯᠠᠪᠤᠷᠢ ᠶᠢᠨ ᠪᠥᠲᠥᠭᠡᠨ ᠪᠠᠶᠢᠭᠤᠯᠤᠯᠲᠠ ᠪᠠᠷ ᠲᠥᠯᠥᠭᠡᠯᠡᠭᠦᠯᠦᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠪᠡ᠃ ︽12·5︾᠎ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠲᠤᠰᠬᠠᠶ ᠠᠰᠢᠭ ᠤᠨ ᠤᠯᠠᠷᠢᠭᠤᠯᠤᠯᠲᠠ ᠶᠢᠨ ᠰᠠᠭᠤᠷᠢ ᠮᠥᠩᠭᠦ ᠶᠢ ᠨᠡᠶᠢᠢᠳᠡ 2960 ᠲᠦᠮᠡᠨ ᠲᠥᠭᠦᠷᠢᠭ ᠪᠠᠭᠤᠯᠭᠠᠵᠤ᠂ 156 ᠲᠥᠷᠥᠯ ᠵᠦᠢᠯ ᠢ ᠤᠯᠠᠷᠢᠭᠤᠯᠵᠤ᠂ ᠦᠢᠯᠡᠳᠬᠦᠨ ᠤ ᠥᠷᠲᠡᠭ ᠢ ᠰᠢᠨ᠎ᠡ ᠪᠠᠷ 11540 ᠲᠦᠮᠡᠨ ᠲᠥᠭᠦᠷᠢᠭ ᠨᠡᠮᠡᠭᠳᠡᠭᠦᠯᠵᠦ᠂ ᠲᠤᠰᠬᠠᠶ ᠠᠰᠢᠭ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠬᠡᠷᠡᠭᠯᠡᠬᠦ ᠶᠢ ᠶᠡᠭᠡ ᠪᠠᠷ ᠠᠬᠢᠭᠤᠯᠪᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠠᠵᠢᠯ ᠢ ᠲᠥᠯᠬᠢᠨ ᠠᠬᠢᠭᠤᠯᠵᠤ᠂ ᠵᠠᠯᠭᠠᠯᠳᠤᠭ᠎ᠠ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠦᠯᠬᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠶᠢ ᠲᠤᠰᠬᠠᠶ ᠬᠡᠷᠡᠭᠯᠡᠬᠦ ᠡᠷᠬᠡ ᠶᠢ ᠳᠠᠨᠵᠢᠯᠠᠨ ᠵᠢᠭᠡᠯᠡᠯᠭᠡ ᠠᠪᠬᠤ ᠲᠦᠷ ᠬᠡᠷᠡᠭᠵᠢᠭᠦᠯᠬᠦ ᠠᠷᠭ᠎ᠠ︾᠎ ᠶᠢ ᠳᠠᠷᠤᠮᠠᠯᠯᠠᠨ ᠲᠠᠷᠬᠠᠭᠠᠵᠤ᠂ 2016 ᠣᠨ ᠳᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠨᠢ ᠤᠷᠢᠳ ᠬᠤᠵᠢᠳ ᠳᠤᠮᠳᠠᠳᠤ ᠤᠯᠤᠰ ᠤᠨ ᠪᠠᠩᠬᠢ᠂ ᠰᠢᠩ ᠶᠧ ᠪᠠᠩᠬᠢ᠂ ᠥᠪᠥᠷ ᠮᠣᠩᠭᠤᠯ ᠪᠠᠩᠬᠢ ᠵᠡᠷᠭᠡ ᠵᠢᠷᠭᠤᠭᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠎ ᠯᠤᠭ᠎ᠠ ᠰᠠᠨᠠᠮᠵᠢ ᠶᠢᠨ ᠪᠢᠴᠢᠭ ᠲᠣᠭᠲᠠᠵᠤ᠂ 1000 ᠠᠵᠤ ᠠᠬᠤᠶᠢᠯᠠᠯ ᠳᠤ ᠪᠡᠯᠡ ᠲᠤᠬᠢᠷᠠᠭᠤᠯᠭ᠎ᠠ ᠶᠢᠨ ᠬᠡᠷᠡᠭᠴᠡᠭᠡ ᠶᠢᠨ ᠱᠠᠭᠠᠷᠳᠠᠯᠭ᠎ᠠ ᠶᠢᠨ ᠪᠠᠶᠢᠴᠠᠭᠠᠯᠲᠠ ᠬᠢᠵᠦ᠂ ᠪᠠᠩᠭᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠡᠭᠰᠡᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ ᠨᠡᠶᠢᠲᠡ 30.74 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠪᠦᠲᠦᠮᠵᠢᠲᠡᠢ ᠪᠠᠷ ᠥᠷᠭᠡᠳᠬᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠯᠠᠨᠲᠠ ᠬᠥᠷᠥᠩᠭᠡ ᠶᠢᠨ ᠥᠷᠲᠡᠭ ᠤᠨ ᠦᠢᠯᠡᠳᠦᠯ ᠢ ᠪᠠᠳᠠᠷᠠᠭᠤᠯᠪᠠ︔ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠠᠷᠢᠮᠵᠢᠶᠠᠵᠢᠭᠤᠯᠤᠨ ᠲᠤᠤᠱᠯᠠᠭᠤᠯᠵᠤ ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠪᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠳᠠᠪᠠᠭᠤᠯᠢᠭ ᠠᠵᠤ ᠠᠬᠤᠶᠢᠯᠠᠯ ᠢ ᠪᠤᠶᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠬᠢᠬᠦ ᠵᠢᠱᠢᠶ᠎ᠡ ᠦᠵᠡᠭᠦᠯᠬᠦ ᠠᠵᠢᠯ ᠢ ᠠᠬᠢᠭᠤᠯᠪᠠ᠃ 2016 ᠣᠨ ᠳᠤ᠂ ᠪᠥᠬᠦ ᠣᠷᠣᠨ ᠳᠤ ᠨᠡᠶᠢᠲᠡ ᠰᠢᠨ᠎ᠡ ᠪᠠᠷ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠠᠷᠢᠮᠵᠢᠶᠠᠵᠢᠭᠤᠯᠤᠨ ᠲᠤᠤᠱᠯᠠᠭᠤᠯᠬᠤ ᠠᠵᠤ ᠠᠬᠤᠶᠢᠯᠠᠯ ᠢ 6 ᠨᠡᠮᠡᠭᠳᠡᠭᠦᠯᠵᠦ᠂ ᠨᠡᠶᠢᠲᠠ 7 ᠪᠣᠯᠵᠤ᠂ ᠤᠯᠤᠰ ᠤᠨ ᠲᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ  ᠰᠢᠨ᠎ᠡ ᠪᠠᠷ 1ᠨᠡᠮᠡᠭᠳᠡᠭᠦᠯᠵᠦ᠂ ᠨᠡᠶᠢᠲᠡ 5 ᠪᠣᠯᠵᠤ᠂ ᠤᠯᠤᠰ ᠤᠨ ᠲᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢ ᠰᠢᠨ᠎ᠡ ᠪᠠᠷ 13 ᠨᠡᠮᠡᠭᠳᠡᠭᠦᠯᠵᠦ᠂ ᠨᠡᠶᠢᠲᠡ 29 ᠪᠣᠯᠪᠠ᠃ ︽12·5︾᠎ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽ᠵᠢᠱᠢᠶ᠎ᠡ ᠦᠵᠡᠭᠦᠯᠬᠦ ᠪᠣᠶᠢᠵᠢᠭᠤᠯᠤᠯᠲᠠ ᠬᠤᠳᠠ︾᠎ ᠶᠢ 2 ᠪᠠᠶᠢᠭᠤᠯᠵᠤ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ︾᠎ ᠢ 5 ᠪᠠᠶᠢᠭᠤᠯᠵᠤ᠂ ︽ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ︾᠎ ᠢ 1 ᠪᠠᠶᠢᠭᠤᠯᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠬᠢᠬᠦ ᠵᠢᠱᠢᠶ᠎ᠡ ᠦᠵᠡᠭᠦᠯᠬᠦ ᠠᠵᠢᠯ ᠨᠢ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠤᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠮᠠᠨ ᠤ ᠣᠷᠣᠨ ᠵᠣᠬᠢᠶᠠᠯ ᠪᠦᠲᠦᠭᠡᠯ ᠢ ᠳᠠᠩᠰᠠᠯᠠᠭᠤᠯᠬᠤ᠂ ᠭᠡᠷ᠎ᠡ ᠳᠠᠩᠰᠠᠯᠠᠭᠤᠯᠬᠤ᠂ ᠬᠡᠪᠯᠡᠯ ᠤᠨ ᠡᠷᠬᠡ ᠶᠢ ᠪᠠᠷᠢᠴᠠᠭᠠᠯᠠᠬᠤ ᠵᠡᠷᠭᠡ ᠵᠥᠭᠡᠯᠡᠨ ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠴᠥᠮ ᠰᠢᠪᠲᠤᠯᠤᠯᠲᠠ ᠲᠠᠢ ᠪᠣᠯᠵᠤ᠂ ᠬᠡᠪᠯᠡᠯ ᠤᠨ ᠡᠷᠬᠡ ᠪᠠᠷ ᠭᠤᠣᠯ ᠡᠳ᠋ ᠬᠦᠷᠦᠩᠭᠡ ᠪᠣᠯᠭᠠᠭᠰᠠᠨ ᠠᠪᠴᠠᠭᠠᠨ ᠤ ᠡᠷᠬᠡ᠂ ᠰᠲ᠋ᠣᠺ ᠤᠨ ᠡᠷᠬᠡ ᠶᠢᠨ ᠠᠷᠠᠯᠵᠢᠶ᠎ᠠ ᠵᠢᠴᠢ ᠬᠡᠪᠯᠡᠯ ᠤᠨ ᠡᠷᠬᠡ ᠶᠢᠨ ᠪᠡᠯᠡ ᠲᠣᠬᠢᠷᠠᠭᠤᠯᠤᠯᠲᠠ ᠪᠠ ᠬᠡᠪᠯᠡᠯ ᠤᠨ ᠡᠷᠬᠡ ᠶᠢᠨ ᠬᠤᠯᠪᠣᠭᠳᠠᠯ ᠪᠦᠬᠦᠢ ᠡᠷᠬᠡ ᠠᠰᠢᠭ ᠠᠷᠠᠯᠵᠢᠶ᠎ᠠ ᠶᠢ ᠲᠦᠯᠬᠢᠨ ᠠᠬᠢᠭᠤᠯᠪᠠ᠃      ᠳᠦᠷᠪᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠲᠠᠰᠤᠷᠠᠯᠳᠠ ᠦᠭᠡᠢ ᠴᠢᠩᠭᠠᠷᠠᠪᠠ᠃ ᠤᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠤᠯᠪᠣᠭᠠᠲᠤ ᠬᠤᠷᠠᠯ ᠤᠨ ᠳᠦᠷᠢᠮ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠂ ᠬᠠᠤᠯᠢ ᠴᠠᠭᠠᠵᠠ᠂ ᠬᠢᠯᠢ ᠶᠢᠨ ᠪᠣᠭᠤᠮᠲᠠ ᠶᠢᠨ ᠬᠠᠮᠠᠭᠠᠯᠠᠬᠤ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠠᠭᠠᠯᠠᠬᠤ ᠬᠠᠮᠵᠢᠯᠴᠠᠬᠤ ᠲᠣᠭᠲᠠᠴᠠ ᠨᠡᠩ ᠪᠦᠷᠢᠨᠰᠢᠵᠦ᠂ ᠭᠠᠳᠠᠭᠠᠳᠤ ᠲᠠᠢ ᠬᠠᠮᠲᠤᠷᠠᠨ ᠠᠵᠢᠯᠯᠠᠬᠤ ᠰᠣᠯᠢᠯᠴᠠᠭ᠎ᠠ ᠭᠦᠨᠵᠡᠭᠡᠶᠢᠷᠡᠨ ᠪᠣᠳᠠᠲᠠᠶᠢᠵᠢᠪᠠ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠲᠤᠰᠬᠠᠶ ᠠᠰᠢᠭ ᠤᠨ ᠬᠠᠤᠯᠢ ᠶᠢ ᠬᠡᠷᠡᠭᠵᠢᠭᠦᠯᠬᠦ ᠪᠠ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠲᠤᠰᠬᠠᠶ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠦᠵᠡᠭᠦᠯᠦᠯᠭᠡ ᠪᠠᠷ ᠵᠠᠮᠴᠢᠯᠠᠬᠤ᠂ ᠬᠠᠤᠯᠢ ᠬᠡᠷᠡᠭᠵᠢᠭᠦᠯᠦᠯᠲᠡ ᠶᠢ ᠲᠣᠭᠤᠷᠢᠨ ᠪᠠᠶᠢᠴᠠᠭᠠᠬᠤ᠂ ᠲᠤᠰᠬᠠᠶ ᠵᠠᠬ᠎ᠠ ᠳᠡᠯᠭᠡᠭᠦᠷ ᠢ ᠬᠠᠮᠠᠭᠠᠯᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ︽ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠲᠤᠰᠬᠠᠶ ᠵᠠᠬ᠎ᠠ ᠳᠡᠯᠭᠡᠭᠦᠷ︾ ᠭᠤᠷᠪᠠᠳᠤᠭᠠᠷ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠪᠠ᠃ 2016 ᠣᠨ ᠳᠤ ᠣᠷᠣᠨ ᠳᠠᠶᠠᠭᠠᠷ ᠲᠤᠰᠬᠠᠶ ᠠᠰᠢᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠨᠡᠶᠢᠲᠡ 68 ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ 575 ᠬᠦᠮᠦᠨ ᠤᠳᠠᠭ᠎ᠠ ᠬᠥᠳᠡᠯᠭᠡᠵᠦ᠂ ᠲᠤᠮᠤ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠲᠤᠰᠬᠠᠶ ᠵᠠᠬ᠎ᠠ ᠳᠡᠯᠭᠡᠭᠦᠷ᠂ ᠡᠮ ᠤᠨ ᠳᠡᠯᠭᠡᠭᠦᠷ ᠢ 179 ᠡᠷᠣᠭᠡ ᠪᠠᠶᠢᠴᠠᠭᠠᠵᠤ᠂ 51363 ᠵᠦᠢᠯ ᠤᠨ ᠲᠠᠸᠠᠷ ᠢ ᠪᠠᠶᠢᠴᠠᠭᠠᠪᠠ᠃ ᠤᠲᠠᠰᠤ᠂ ᠯᠠᠪᠯᠠᠭ᠎ᠠ ᠪᠠ ᠵᠠᠭᠠᠯᠳᠤᠯᠭ᠎ᠠ ᠶᠢ 1230 ᠭᠠᠷᠤᠢ ᠤᠳᠠᠭ᠎ᠠ ᠲᠣᠰᠴᠤ᠂ ᠡᠷᠬᠡ ᠪᠠᠨ ᠬᠠᠮᠠᠭᠠᠯᠠᠬᠤ ᠪᠠᠷ ᠭᠤᠶᠤᠴᠢᠯᠠᠭᠰᠠᠨ ᠲᠤᠰᠠᠯᠠᠮᠵᠢ ᠪᠠ ᠵᠠᠷᠭᠤ ᠵᠠᠭᠠᠯᠳᠤᠯᠭ᠎ᠠ ᠶᠢ 93 ᠬᠦᠯᠢᠶᠡᠨ ᠠᠪᠴᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ 11 ᠰᠢᠢᠳᠪᠦᠷᠢᠯᠡᠵᠦ᠂ ᠬᠤᠳᠠᠯ ᠬᠠᠭᠤᠷᠮᠠᠭ ᠲᠤᠰᠬᠠᠶ ᠠᠰᠢᠭ ᠤᠨ ᠦᠢᠯᠡ ᠠᠵᠢᠯᠯᠠᠭ᠎ᠠ ᠶᠢ 340 ᠪᠠᠶᠢᠴᠠᠭᠠᠨ ᠰᠢᠢᠳᠪᠦᠷᠢᠯᠡᠪᠡ᠃ 2016 ᠣᠨ ᠳᠤ᠂ ᠥᠪᠡᠷᠲᠡᠭᠡᠨ ᠵᠠᠰᠠᠬᠤ ᠣᠷᠣᠨ ᠤᠯᠤᠰ ᠤᠨ ᠲᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠤᠯᠤᠭᠰᠠᠨ ᠵᠠᠬ᠎ᠠ ᠳᠡᠯᠭᠡᠭᠦᠷ 3᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠎ ᠶᠢᠨ ᠵᠢᠷᠤᠮᠵᠢᠭᠤᠯᠤᠭᠰᠠᠨ ᠵᠠᠬ᠎ᠠ ᠳᠡᠯᠭᠡᠭᠦᠷ 10᠎ ᠶᠢ ᠪᠣᠶᠢᠵᠢᠭᠤᠯᠪᠠ︔ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠨᠢ ᠪᠡᠭᠡᠵᠢᠩ᠂ ᠲᠢᠶᠠᠨᠵᠢᠨ᠂ ᠾᠧᠪᠸᠢ ᠵᠡᠷᠭᠡ 15 ᠮᠤᠵᠢ ᠬᠤᠲᠠ ᠣᠷᠣᠨ ᠯᠤᠭ᠎ᠠ ︽ᠲᠠᠸᠠᠷ ᠤᠨ ᠲᠡᠮᠳᠡᠭ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠤ᠂ ᠮᠤᠵᠢ ᠣᠷᠣᠨ ᠠᠯᠤᠰᠯᠠᠭᠰᠠᠨ ᠲᠠᠸᠠᠷ ᠤᠨ ᠲᠡᠮᠳᠡᠭ ᠤᠨ ᠬᠠᠮᠠᠭᠠᠯᠠᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠪᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠠᠵᠢᠯ ᠢ ᠲᠥᠯᠬᠢᠨ ᠠᠬᠢᠭᠤᠯᠪᠠ᠂ 2016 ᠣᠨ ᠳᠤ ᠪᠥᠬᠦ ᠣᠷᠣᠨ ᠤ ᠰᠢᠭᠦᠬᠦ ᠬᠤᠷᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠷᠭᠡᠨ ᠤ ᠬᠡᠷᠡᠭ᠂ ᠡᠷᠡᠭᠦᠦ ᠶᠢᠨ ᠬᠡᠷᠡᠭ ᠤᠨ ᠵᠢᠭᠤᠷᠠᠯᠳᠤᠭᠠᠨ ᠢ ᠨᠡᠶᠢᠲᠡ 503᠎ ᠶᠢ ᠬᠦᠯᠢᠶᠡᠨ ᠠᠪᠴᠤ ᠰᠢᠢᠳᠪᠦᠷᠢᠯᠡᠪᠡ᠃ ᠡᠳᠡᠭᠡᠷ ᠠᠷᠭ᠎ᠠ ᠬᠡᠮᠵᠢᠶ᠎ᠡ ᠨᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠨᠡᠶᠢᠭᠡᠮ ᠤᠨ ᠬᠢᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠡᠷᠬᠡ ᠲᠡᠭᠰᠢ ᠲᠥᠪ ᠭᠤᠣᠯᠴᠢ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠪᠣᠢ ᠪᠣᠯᠭᠠᠬᠤ ᠳᠤ ᠴᠢᠬᠤᠯᠠ ᠦᠢᠯᠡᠳᠦᠯ ᠦᠵᠡᠭᠦᠯᠵᠡᠢ᠃      ᠲᠠᠪᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠦᠷᠭᠦᠯᠵᠢᠯᠡᠨ ᠴᠢᠩᠭᠠᠷᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯ ᠬᠠᠭᠤᠷᠮᠠᠭ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠤᠨ ᠱᠠᠩᠨᠠᠬᠤ ᠠᠷᠭ᠎ᠠ︾᠎ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠳᠬᠡᠯ ᠤᠨ ᠴᠢᠯᠥᠭᠡᠲᠦ ᠲᠠᠰᠤᠯᠤᠯᠳᠠ ᠶᠢᠨ ᠡᠷᠬᠡ ᠶᠢᠨ ᠬᠡᠷᠡᠭᠯᠡᠬᠦ ᠳᠦᠷᠢᠮ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠶᠢ ᠬᠡᠷᠡᠭᠵᠢᠭᠦᠯᠬᠦ ᠡᠷᠬᠡ ᠪᠠᠨ ᠬᠠᠮᠠᠭᠠᠯᠠᠬᠤ ︿ᠠᠶᠠᠯᠠᠯ ᠬᠠᠮᠠᠭᠠᠯᠠᠬᠤ﹀ ᠲᠤᠰᠬᠠᠶ ᠠᠵᠢᠯᠯᠠᠭᠠᠨ ᠤ ᠲᠥᠰᠦᠯ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠷᠤᠮᠵᠢᠭᠰᠠᠨ ᠵᠠᠬ᠎ᠠ ᠳᠡᠯᠭᠡᠭᠦᠷ ᠢ ᠪᠤᠶᠢᠵᠢᠭᠤᠯᠬᠤ ᠲᠥᠰᠦᠯ︾ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠷᠢᠳ ᠬᠤᠵᠢᠳ ᠲᠣᠭᠲᠠᠭᠠᠨ ᠨᠡᠶᠢᠲᠡᠯᠡᠵᠦ᠂ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠳᠤ ᠬᠦᠴᠦᠲᠡᠶ ᠲᠦᠰᠢᠭ ᠲᠤᠯᠭᠠᠭᠤᠷᠢ   ᠣᠯᠭᠤᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ ᠢᠨᠵᠧᠨᠧᠷᠢᠩ᠂ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠮᠦᠵᠢᠯ ᠤᠨ ᠲᠤᠷᠰᠢᠨ ᠪᠤᠶᠢᠵᠢᠭᠤᠯᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ 6 ᠠᠶᠢᠮᠠᠭ ᠬᠤᠲᠠ ᠶᠢᠨ 12 ᠲᠤᠷᠰᠢᠯᠲᠠ ᠶᠢᠨ ᠴᠢᠬ ᠤᠨ ᠦᠢᠯᠡᠴᠢᠯᠡᠭᠡᠨ ᠤ ᠪᠠᠶᠢᠭᠤᠯᠤᠮᠵᠢ ᠶᠢ ᠲᠣᠭᠲᠠᠭᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠥᠷᠨᠢᠭᠦᠯᠵᠦ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠳᠤ 400 ᠭᠠᠷᠤᠶ ᠠᠵᠤ ᠠᠬᠤᠶᠢᠯᠠᠯ ᠣᠷᠣᠯᠴᠠᠪᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠮᠦᠵᠢᠯ ᠤᠨ ᠲᠤᠷᠰᠢᠯᠲᠠ ᠶᠢᠨ ᠴᠢᠬ ᠢ 10 ᠪᠤᠶᠢᠵᠢᠭᠤᠯᠵᠤ᠂ ᠤᠯᠤᠰ ᠤᠨ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠮᠦᠵᠢᠯ ᠤᠨ ᠲᠤᠷᠰᠢᠯᠲᠠ ᠶᠢᠨ ᠴᠢᠬ ᠢ 1 ᠪᠣᠶᠢᠵᠢᠭᠤᠯᠪᠠ᠃ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠶᠡᠷᠦᠩᠬᠡᠶ ᠬᠡᠮᠵᠢᠶ᠎ᠡ 2500 ᠬᠥᠮᠦᠨ ᠎ ᠳᠤ ᠣᠶᠢᠷᠠᠲᠤᠪᠠ᠃      ᠬᠥᠲᠥᠯᠥᠭᠴᠢ᠄      ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠰᠠᠯᠵᠤ ᠪᠣᠯᠤᠰᠢ ᠦᠭᠡᠢ ᠨᠢᠭᠲᠠ ᠬᠠᠷᠢᠴᠠᠭ᠎ᠠ ᠲᠠᠢ ᠪᠠᠶᠢᠳᠠᠭ᠂ ᠲᠨ ᠰᠠᠶ᠋ᠢ 2016 ᠣᠨ ᠳᠤ ᠮᠠᠨ ᠤ ᠣᠷᠣᠨ ᠤ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠶᠢᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠲᠤᠰᠬᠠᠶ ᠠᠰᠢᠭ ᠭᠤᠶᠤᠴᠢᠯᠠᠬᠤ ᠬᠡᠮᠵᠢᠶ᠎ᠡ ᠠᠩᠬ᠎ᠠ ᠤᠳᠠᠭ᠎ᠠ ᠨᠢᠭᠡ ᠲᠦᠮᠡ ᠶᠢᠨ ᠶᠡᠭᠡ ᠪᠣᠭᠤᠮᠲᠠ ᠶᠢ ᠳᠠᠪᠠᠯ᠎ᠠ ᠭᠡᠪᠡ᠂ ᠮᠠᠨ ᠤ ᠣᠷᠣᠨ ᠤ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠶᠢᠨ ᠲᠠᠯ᠎ᠠ ᠪᠠᠷ ᠶᠠᠮᠠᠷ ᠶᠠᠮᠠᠷ ᠣᠨᠴᠠᠯᠢᠭ ᠲᠠᠢ ᠪᠠᠶᠢᠬᠤ ᠪᠣᠢ︖      ᠪᠠᠭᠠᠨ᠎ᠠ᠄      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤ ᠯᠤᠲᠤ ᠶᠡᠭᠡ ᠠᠬᠢᠭᠤᠯᠬᠤ ᠦᠢᠯᠡᠳᠦᠯ ᠦᠵᠡᠭᠦᠯᠳᠡᠭ᠂ ᠤᠯᠡᠠ ᠤ ᠮᠡᠳᠡᠭᠡᠵᠢ ᠪᠠᠷ᠂ ᠮᠠᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠭᠤᠣᠯᠳᠠᠭᠤ ᠲᠤᠰᠬᠠᠶ ᠠᠰᠢᠭ ᠤᠨ ᠡᠷᠬᠡ᠂ ᠲᠠᠸᠠᠷ ᠤᠨ ᠲᠡᠮᠳᠡᠭ ᠤᠨ ᠡᠷᠬᠡ ᠪᠣᠯᠤᠨ ᠵᠣᠬᠢᠶᠠᠯ ᠪᠦᠲᠦᠭᠡᠯ ᠤᠨ ᠡᠷᠬᠡ ᠪᠠᠷ ᠪᠦᠷᠢᠯᠳᠦᠪᠡ᠂ ᠡᠭᠦᠨ ᠳᠤ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠮᠡᠳᠡᠯᠭᠡ ᠶᠢᠨ ᠠᠵᠤ ᠠᠬᠤᠶ ᠶᠢᠨ ᠳᠣᠲᠣᠷᠠᠬᠢ ᠬᠠᠮᠤᠭ ᠤᠨ ᠢᠳᠡᠪᠬᠢ᠂ ᠬᠠᠮᠤᠭ ᠤᠨ ᠬᠤᠰᠢᠭᠤᠷᠠᠯ ᠬᠡᠰᠡᠭ ᠢ ᠲᠥᠯᠥᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠲᠠᠢ ᠰᠠᠯᠵᠤ ᠪᠣᠯᠤᠰᠢ ᠦᠭᠡᠢ ᠨᠢᠭᠲᠠ ᠬᠠᠷᠢᠴᠠᠭ᠎ᠠ ᠲᠠᠢ ᠪᠦᠭᠡᠳ ᠠᠵᠤ ᠦᠢᠯᠡᠳᠪᠦᠷᠢᠵᠢᠯᠲᠡ᠂ ᠣᠳᠣᠬᠢᠴᠢᠯᠠᠯᠲᠠ ᠶᠢᠨ ᠲᠦᠷᠭᠡᠳᠬᠡᠭᠦᠷ ᠨᠢ ᠮᠥᠨ᠃ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠪᠣᠯ ᠠᠵᠤ ᠠᠬᠤᠶᠢᠯᠠᠯ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠠᠭᠤᠯᠢᠭ ᠠᠴᠠ ᠨᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠴᠢᠬᠤᠯᠠ ᠭᠤᠭᠴᠤᠭ᠎ᠠ ᠮᠥᠨ᠂ ᠮᠥᠨᠴᠦ ᠨᠢᠭᠡ ᠭᠠᠵᠠᠷ ᠣᠷᠣᠨ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠡᠮᠵᠢᠬᠦ ᠵᠠᠩᠭᠢᠯᠠᠭ᠎ᠠ ᠶᠢᠨ  ᠭᠦᠢᠴᠡᠳᠬᠡᠯ ᠲᠤᠭ᠎ᠠ ᠪᠣᠯᠣᠨ᠎ᠠ᠃ 2016 ᠣᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠲᠣᠪᠴᠢᠶ᠎ᠠ ᠶᠢᠨ ᠲᠤᠰᠬᠠᠶ ᠠᠰᠢᠭ ᠤᠨ ᠲᠤᠭ᠎ᠠ ᠪᠦᠷᠢᠳᠬᠡᠯ ᠤᠨ ᠪᠠᠷᠢᠮᠲᠠ ᠠᠴᠠ ᠦᠵᠡᠪᠡᠯ᠂ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠨᠢ ᠳᠣᠣᠷᠠᠬᠢ ᠬᠡᠳᠦᠨ ᠲᠠᠯ᠎ᠠ ᠶᠢᠨ ᠣᠨᠴᠠᠯᠢᠭ ᠎ ᠲᠠᠢ ᠪᠠᠶᠢᠨ᠎ᠠ᠃      ᠨᠢᠭᠡ ᠳᠤ ᠡᠭᠦᠳᠦᠯᠲᠡ ᠶᠢᠨ ᠲᠤᠰᠬᠠᠶ ᠠᠰᠢᠭ ᠤᠨ ᠡᠵᠡᠯᠡᠬᠦ ᠬᠠᠷᠢᠴᠠᠯ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠂ 2016 ᠣᠨ ᠳᠤ᠂ ᠮᠠᠨ ᠤ ᠣᠷᠣᠨ ᠤ ᠲᠤᠰᠬᠠᠶ ᠠᠰᠢᠭ ᠤᠨ 10672 ᠬᠤᠪᠢ ᠭᠤᠶᠤᠴᠢᠯᠠᠯ ᠳᠤ᠂ ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ 2878 ᠬᠤᠪᠢ ᠳᠤ ᠬᠦᠷᠴᠦ᠂ ᠶᠡᠷᠦᠩᠬᠡᠶ ᠭᠤᠶᠤᠴᠢᠯᠠᠯ ᠤᠨ ᠬᠡᠮᠵᠢᠶᠡᠨ ᠤ 27% ᠣᠷᠴᠢᠮ ᠢ ᠡᠵᠡᠯᠡᠵᠦ᠂ ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ ᠤᠨ ᠬᠡᠮᠵᠢᠶ᠎ᠡ ᠎ ᠨᠢ 2015 ᠣᠨ ᠤ ᠬᠢ ᠠᠴᠠ 2 ᠵᠠᠭᠤᠨ ᠤ ᠴᠡᠭ ᠳᠡᠭᠡᠭᠰᠢᠯᠡᠭᠰᠡᠨ ᠨᠢ᠂ ᠮᠠᠨ ᠤ ᠣᠷᠣᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠮᠡᠳᠡᠭᠳᠡᠮ᠎ᠡ ᠳᠡᠭᠡᠭᠰᠢᠯᠡᠭᠰᠡᠨ ᠢ ᠬᠠᠷᠠᠭᠤᠯᠪᠠ᠃      ᠬᠤᠶᠠᠷ ᠲᠤ ᠠᠵᠤ ᠠᠬᠤᠶᠢᠯᠠᠯ ᠤᠨ ᠲᠤᠰᠬᠠᠶ ᠠᠰᠢᠭ ᠤᠨ ᠭᠤᠶᠤᠴᠢᠯᠠᠯ ᠦᠷᠭᠦᠯᠵᠢᠯᠡᠨ ᠲᠡᠷᠢᠭᠦᠨ ᠪᠠᠶᠢᠷᠢ ᠶᠢ ᠡᠵᠡᠯᠡᠵᠤ ᠪᠠᠶᠢᠨ᠎ᠠ᠂ 2016 ᠣᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠲᠤᠰᠬᠠᠶ ᠠᠰᠢᠭ ᠢ 5019 ᠬᠤᠪᠢ ᠭᠤᠶᠤᠴᠢᠯᠠᠵᠤ᠂ ᠶᠡᠷᠦᠩᠬᠡᠶ ᠭᠤᠶᠤᠴᠢᠯᠠᠯ 47%᠎ ᠶᠢ ᠡᠵᠡᠯᠡᠵᠤ᠂ ︽12.5︾᠎ ᠶᠢᠨ ᠬᠤᠭᠤᠴᠠᠭᠠᠨ ᠳᠠᠬᠢ ᠳᠤᠮᠳᠠᠴᠢ ᠬᠡᠮᠵᠢᠶ᠎ᠡ ᠠᠴᠠ ᠳᠠᠪᠠᠭᠰᠠᠨ ᠪᠠᠶᠢᠨ᠎ᠠ᠃ ᠲᠤᠰᠢᠶᠠᠯ ᠤᠨ ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ ᠳᠤ᠂ ᠠᠵᠤ ᠠᠬᠤᠶᠢᠯᠠᠯ ᠤᠨ ᠬᠢ 75.72%᠎ ᠢ ᠡᠵᠡᠯᠡᠵᠦ᠂ ᠪᠤᠰᠤᠳ ᠭᠤᠤᠯ ᠴᠣᠭᠴᠠ ᠶᠢᠨ ᠭᠤᠶᠤᠴᠢᠯᠠᠯ ᠠᠴᠠ ᠬᠤᠯᠠ ᠳᠠᠪᠠᠭᠰᠠᠨ ᠨᠢ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠨᠢ  ᠮᠠᠨ ᠤ ᠣᠷᠣᠨ ᠳᠤ ᠠᠯᠬᠤᠮ ᠠᠯᠬᠤᠮ ᠢᠶᠠᠷ ᠪᠦᠷᠢᠯᠳᠦᠵᠤ ᠪᠠᠶᠢᠬᠤ ᠶᠢ ᠭᠦᠢᠴᠡᠳ ᠬᠠᠷᠠᠭᠤᠯᠪᠠ᠃      ᠭᠤᠷᠪᠠ ᠳᠤ ᠲᠤᠰᠬᠠᠶ ᠠᠰᠢᠭ ᠭᠤᠶᠤᠴᠢᠯᠠᠬᠤ ᠬᠦᠷᠢᠶ᠎ᠡ ᠤᠯᠠᠮ ᠨᠢᠭᠡ ᠠᠯᠬᠤᠮ ᠦᠷᠭᠡᠵᠢᠪᠡ᠂ 2016 ᠣᠨ ᠳᠤ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠭᠤᠶᠤᠴᠢᠯᠠᠯ ᠨᠢ ᠲᠠᠷᠢᠶᠠᠯᠠᠩ ᠮᠠᠯ ᠠᠵᠤ ᠠᠬᠤᠶ᠂ ᠬᠥᠩᠭᠡᠨ ᠠᠵᠤ ᠦᠢᠯᠡᠳᠪᠦᠷᠢ᠂ ᠡᠮ ᠡᠮᠨᠡᠯᠭᠡ ᠡᠷᠡᠭᠦᠯ ᠬᠠᠮᠠᠭᠠᠯᠠᠯ᠂ ᠲᠡᠭᠡᠭᠡᠪᠦᠷᠢ᠂ ᠬᠢᠮᠢ ᠶᠢᠨ ᠠᠵᠤ ᠦᠢᠯᠡᠳᠪᠦᠷᠢ ᠶᠢᠨ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ ᠤᠨ ᠢᠨᠵᠧᠨᠧᠷᠢᠩ᠂ ᠬᠢᠮᠢ ᠹᠢᠽᠢᠺ ᠵᠡᠷᠭᠡ ᠲᠠᠯ᠎ᠠ ᠳᠤ ᠬᠤᠯᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠶᠢ ᠦᠨᠳᠦᠰᠦᠨ ᠳᠡᠭᠡᠨ ᠬᠠᠮᠤᠷᠤᠭᠰᠠᠨ ᠨᠢ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠳᠤ ᠦᠢᠯᠡᠳᠦᠯ ᠢᠶᠠᠨ ᠶᠠᠭ ᠠᠯᠬᠤᠮ ᠠᠯᠬᠤᠮ ᠢᠶᠠᠷ ᠪᠠᠳᠠᠷᠠᠭᠤᠯᠵᠤ᠂ ᠠᠵᠤ ᠦᠢᠯᠡᠰ ᠤᠨ ᠳᠡᠰ ᠳᠡᠪᠰᠢᠬᠦᠯᠬᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠳᠤ ᠳᠡᠮᠵᠢᠯᠭᠡ ᠲᠤᠰᠠᠯᠠᠮᠵᠢ ᠦᠵᠡᠭᠦᠯᠵᠤ ᠪᠠᠶᠢᠭ᠎ᠠ ᠶᠢ ᠬᠠᠷᠠᠭᠤᠯᠪᠠ᠃      ᠬᠥᠲᠥᠯᠥᠭᠴᠢ᠄      ᠣᠳᠣᠬᠠᠨ ᠳᠤ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠳᠤ ᠪᠠᠰᠠ ᠶᠠᠮᠠᠷ ᠶᠠᠮᠠᠷ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠭ᠎ᠠ ᠪᠤᠢ︖      ᠪᠠᠭᠠᠨ᠎ᠠ᠄      ᠬᠡᠳᠦ᠋ᠢᠪᠡᠷ ᠣᠶᠢᠷ᠎ᠠ ᠶᠢᠨ ᠵᠢᠯ ᠤᠳ ᠲᠤ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠲᠦᠷᠭᠡᠨ ᠬᠥᠭᠵᠢᠵᠦ ᠪᠠᠶᠢᠭ᠎ᠠ ᠪᠤᠯᠪᠠᠴᠤ ᠡᠭᠦᠨ ᠤ ᠵᠡᠷᠭᠡᠴᠡᠭᠡ ᠪᠠᠷ᠂ ᠥᠪᠥᠷ ᠮᠣᠩᠭᠤᠯ ᠮᠥᠨ ᠬᠦ ᠳᠡᠮᠡᠶ ᠬᠥᠭᠵᠢᠭᠡᠳᠦᠶ ᠭᠠᠵᠠᠷ ᠣᠷᠣᠨ ᠪᠤᠯᠬᠤ ᠪᠦᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶ ᠬᠢᠷᠢ ᠲᠦᠪᠰᠢᠨ ᠮᠥᠨ ᠬᠦ ᠪᠦᠬᠦ ᠤᠯᠤᠰ ᠤᠨ ᠬᠤᠴᠣᠷᠤᠩᠭᠤᠶ ᠪᠠᠶᠢᠷᠢᠨ ᠳᠤ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠨᠢ ᠠᠵᠤ ᠠᠬᠤᠶ ᠶᠢᠨ ᠬᠥᠭᠵᠢᠯᠲᠡ ᠠᠴᠠ ᠬᠤᠴᠣᠷᠴᠤ᠂ ᠮᠠᠰᠢ ᠤᠯᠠᠨ ᠰᠢᠯᠭᠠᠯᠲᠠ ᠳᠤ ᠲᠤᠯᠭᠠᠷᠠᠵᠤ ᠪᠠᠶᠢᠬᠤ ᠶᠢ ᠤᠯᠵᠤ ᠦᠵᠡᠬᠦ ᠬᠡᠷᠡᠭ ᠲᠠᠢ ᠪᠠᠶᠢᠨ᠎ᠠ᠃ ᠨᠢᠭᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ︔ ᠬᠤᠶᠠᠷ ᠲᠤ ᠬᠠᠮᠢᠶᠠᠷᠤᠯᠲᠠ ᠶᠢᠨ ᠪᠠᠶᠢᠭᠤᠯᠤᠮᠵᠢ᠂ ᠦᠢᠯᠡᠴᠢᠯᠡᠭᠡᠨ ᠤ ᠰᠢᠰᠲ᠋ᠧᠮᠵᠢ᠂ ᠵᠣᠬᠢᠴᠠᠭᠤᠯᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠶ ᠪᠠᠶᠢᠨ᠎ᠠ︔ ᠭᠤᠷᠪᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠭᠦ ᠬᠡᠮᠵᠢᠶ᠎ᠡ ᠴᠦᠬᠡᠨ ᠮᠥᠷᠲᠡᠭᠡᠨ ᠲᠠᠷᠬᠠᠯᠲᠠ ᠨᠢ ᠲᠡᠩᠴᠡᠭᠦᠷᠢ ᠦᠭᠡᠢ ᠪᠠᠶᠢᠨ᠎ᠠ︔ ᠳᠦᠷᠪᠡ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠪᠤᠯᠤᠨ ᠨᠡᠶᠢᠭᠡᠮ ᠨᠡᠶᠢᠲᠡ ᠶᠢᠨ ᠬᠢᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠢ ᠤᠬᠠᠮᠰᠠᠷ ᠪᠠᠰᠠ ᠨᠡᠯᠢᠶᠡᠳ ᠪᠠᠭᠤᠷᠠᠶ ᠪᠠᠶᠢᠭᠰᠠᠭᠠᠷ ᠪᠠᠶᠢᠨ᠎ᠠ︔ ᠲᠠᠪᠤ ᠳᠤ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠣᠯᠯᠠᠬᠤ ᠮᠡᠷᠭᠡᠵᠢᠯ ᠪᠤᠯᠤᠨ ᠨᠠᠷᠡᠳᠦ ᠲᠦᠷᠦᠯ ᠲᠡᠮᠳᠡᠭ ᠲᠤᠲᠠᠭᠳᠠᠵᠤ ᠪᠠᠶᠢᠨ᠎ᠠ︔ ᠵᠢᠷᠭᠤᠭ᠎ᠠ ᠳᠤ ᠳᠡᠯᠡᠬᠡᠶ ᠶᠢᠨ ᠥᠷᠢᠰᠥᠯᠳᠦᠭᠡᠨ ᠤ ᠠᠵᠢᠯᠯᠠᠭ᠎ᠠ ᠳᠤ ᠤᠷᠤᠯᠴᠠᠬᠤ ᠠᠵᠤ ᠠᠬᠤᠶᠢᠯᠠᠯ ᠴᠥᠭᠡᠨ᠂ ᠭᠠᠳᠠᠭᠠᠳᠤ ᠠᠷᠠᠯᠵᠢᠶᠠᠨ ᠳᠤ ᠮᠡᠷᠭᠡᠵᠢᠯ ᠤᠨ ᠪᠠᠬᠢᠯᠡᠯᠲᠡ ᠠᠷᠪᠢᠨ ᠲᠤᠯᠭᠠᠷᠠᠵᠤ ᠪᠠᠶᠢᠨ᠎ᠠ︔ ᠲᠤᠯᠤᠭ᠎ᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠤᠶᠢᠵᠢᠭᠤᠯᠤᠯᠲᠠ ᠪᠤᠯᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠬᠤᠴᠣᠷᠤᠩᠭᠤᠶ ᠪᠠᠶᠢᠨ᠎ᠠ᠃      2016 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠪᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢᠨ ︿13·5﹀᠎ ᠶᠢᠨ ᠲᠥᠯᠥᠪᠵᠢᠭᠦᠯᠭᠡ︾᠎ ᠶᠢ ᠨᠡᠶᠢᠲᠡᠯᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠳᠤ ᠮᠠᠰᠢ ᠴᠢᠩᠭ᠎ᠠ ᠵᠢᠯᠣᠭᠤᠳᠬᠤ ᠦᠢᠯᠡᠳᠦᠯ ᠦᠵᠡᠬᠦᠯᠪᠡ᠃      ︽ᠰᠠᠨᠠᠯ︾᠂ ︽ᠲᠥᠯᠥᠪᠵᠢᠭᠦᠯᠭᠡ︾᠎ ᠶᠢ ᠦᠨᠳᠦᠰᠦᠯᠡᠪᠡᠯ᠂ ︽13·5︾᠎ ᠶᠢᠨ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠭᠤᠣᠯ ᠬᠠᠷᠠᠯᠲᠠ ᠪᠣᠯ᠄ ᠪᠥᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠡᠭᠦᠳᠬᠦ᠂ ᠬᠡᠷᠡᠭᠵᠢᠭᠦᠯᠬᠦ᠂ ᠬᠠᠮᠠᠭᠠᠯᠠᠬᠤ᠂ ᠬᠠᠮᠢᠶᠠᠷᠬᠤ ᠪᠠ  ᠦᠢᠯᠡᠴᠢᠯᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠬᠤᠯᠠ ᠬᠦᠷᠢᠶ᠎ᠡ ᠪᠤᠯᠤᠨ ᠵᠠᠩᠭᠢᠯᠠᠭ᠎ᠠ ᠶᠢᠨ ᠭᠤᠭᠴᠤᠭᠠᠨ ᠤ ᠥᠭᠡᠷᠡᠴᠢᠯᠡᠯᠲᠡ ᠶᠢᠨ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠡᠷᠬᠡ ᠡᠭᠦᠳᠦᠨ ᠪᠦᠲᠦᠭᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ︔ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠬᠢᠬᠦ ᠵᠢᠱᠢᠶ᠎ᠡ ᠦᠵᠡᠬᠦᠯᠬᠦ‍ ᠨᠢᠭᠡ ᠪᠦᠯᠦᠭ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠣᠷᠣᠨ ᠲᠣᠭᠤᠷᠢᠭ᠂ ᠠᠵᠤ ᠠᠬᠤᠶᠢᠯᠠᠯ ᠢ ᠪᠠᠶᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠴᠢᠳᠠᠪᠤᠷᠢ ᠶᠢ ᠪᠠᠷᠠᠭᠤᠨ ᠬᠡᠰᠡᠭ ᠤᠨ ᠭᠠᠵᠠᠷ ᠣᠷᠣᠨ ᠤ ᠲᠡᠷᠢᠭᠦᠨ ᠤ ᠬᠢᠷᠢ ᠲᠦᠪᠰᠢᠨ ᠳᠤ ᠬᠦᠷᠦᠬᠦᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠲᠤᠯᠭᠠᠭᠤᠷᠢᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ 2020 ᠣᠨ ᠪᠣᠯᠬᠤ ᠳᠤ᠂ ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ ᠤᠨ ᠬᠡᠮᠵᠢᠶ᠎ᠡ᠂ ᠡᠷᠬᠡ ᠤᠯᠭᠤᠬᠤ ᠬᠡᠮᠵᠢᠶ᠎ᠡ ᠪᠤᠯᠤᠨ ᠪᠦᠲᠦᠮᠵᠢᠲᠠᠢ ᠲᠤᠰᠬᠠᠶ ᠠᠰᠢᠭ ᠡᠭᠦᠳᠬᠦ ᠬᠡᠮᠵᠢᠶ᠎ᠡ ᠶᠢ ᠵᠢᠯ ᠪᠦᠷᠢ 20% ᠨᠡᠮᠡᠭᠳᠡᠭᠦᠯᠵᠤ᠂ ᠲᠦᠮᠡᠨ ᠬᠥᠮᠦᠨ ᠪᠦᠷᠢ ᠶᠢᠨ ᠡᠭᠦᠳᠦᠯᠲᠡ ᠶᠢᠨ ᠲᠤᠰᠬᠠᠶ ᠠᠰᠢᠭ ᠡᠭᠦᠳᠬᠦ ᠬᠡᠮᠵᠢᠶ᠎ᠡ ᠶᠢ 3.3 ᠬᠤᠪᠢ ᠳᠤ ᠬᠦᠷᠦᠬᠦᠯᠵᠤ᠂ PCT ᠣᠯᠠᠨ ᠤᠯᠤᠰ ᠤᠨ ᠲᠤᠰᠬᠠᠶ ᠠᠰᠢᠭ ᠤᠨ ᠭᠤᠶᠤᠴᠢᠯᠠᠯ ᠤᠨ ᠬᠡᠮᠵᠢᠶ᠎ᠡ ᠶᠢ ᠢᠯᠡᠳᠲᠡ ᠨᠡᠮᠡᠭᠳᠡᠭᠦᠯᠦᠨ᠎ᠡ︔ ᠪᠦᠬᠦ ᠤᠷᠤᠨ ᠤ ᠪᠦᠲᠦᠮᠵᠢᠲᠠᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠶᠡᠷᠦᠩᠬᠡᠶ ᠲᠤᠭ᠎ᠠ ᠶᠢ 10 ᠲᠦᠮᠡᠨ ᠬᠤᠪᠢ ᠠᠴᠠ ᠳᠠᠪᠠᠭᠤᠯᠵᠤ᠂ ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ ᠤᠨ ᠶᠡᠷᠦᠩᠬᠡᠶ ᠲᠤᠭ᠎ᠠ ᠶᠢ 100 ᠬᠤᠪᠢ ᠠᠴᠠ ᠳᠠᠪᠠᠭᠤᠯᠵᠤ᠂ ᠥᠪᠥᠷ ᠮᠣᠩᠭᠤᠯ ᠤᠨ ᠨᠡᠷᠡᠳᠦ ᠲᠠᠸᠠᠷ ᠤᠨ ᠲᠡᠮᠳᠡᠭ ᠤᠨ ᠶᠡᠷᠦᠩᠬᠡᠶ ᠲᠤᠭ᠎ᠠ ᠶᠢ 1200 ᠬᠤᠪᠢ ᠠᠴᠠ ᠳᠠᠪᠠᠭᠤᠯᠵᠤ᠂ ᠭᠠᠵᠠᠷ ᠵᠦᠢ ᠶᠢᠨ ᠰᠢᠨᠵᠢ ᠲᠡᠮᠳᠡᠭᠲᠦ ᠲᠠᠸᠠᠷ ᠤᠨ ᠲᠡᠮᠳᠡᠭ ᠤᠨ ᠶᠡᠷᠦᠩᠬᠡᠶ ᠲᠤᠭ᠎ᠠ ᠶᠢ 100 ᠬᠤᠪᠢ ᠠᠴᠠ ᠳᠠᠪᠠᠭᠤᠯᠤᠨ᠎ᠠ᠃ ᠵᠣᠬᠢᠶᠠᠯ ᠪᠦᠲᠦᠭᠡᠯ ᠤᠨ ᠵᠤᠬᠢᠶᠠᠨ ᠪᠦᠲᠦᠭᠡᠬᠦ ᠡᠷᠬᠡ ᠶᠢᠨ ᠳᠠᠩᠰᠠᠯᠠᠭᠤᠯᠬᠤ ᠲᠤᠭ᠎ᠠ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 30%᠎ ᠪᠠᠷ ᠨᠡᠮᠡᠭᠳᠡᠭᠦᠯᠦᠨ᠎ᠡ᠃      ᠳᠡᠭᠡᠷ᠎ᠡ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽13· 5︾᠎ ᠶᠢᠨ ᠬᠤᠭᠤᠴᠠᠭᠠᠨ ᠳᠤ ᠮᠠᠨ ᠤ ᠣᠷᠣᠨ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠦᠷᠨᠢᠭᠦᠯᠬᠦ ᠪᠠᠷ ᠪᠤᠢ᠄      ᠨᠢᠭᠡ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠪᠢᠳᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠨᠤᠲᠤᠭ ᠤᠨ ᠬᠠᠤᠯᠢ ᠲᠣᠭᠲᠠᠭᠠᠯ ᠤᠳ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠠᠭᠠᠯᠠᠯᠲᠠ ᠪᠣᠯᠣᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠵᠣᠬᠢᠴᠠᠯᠳᠤᠭᠤᠯᠤᠨ ᠠᠵᠢᠯᠯᠠᠭᠤᠯᠬᠤ ᠲᠣᠭᠲᠠᠴᠠ ᠶᠢ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠪᠠᠶᠢᠭᠤᠯᠤᠯ ᠢ ᠪᠦᠷᠢᠨᠰᠢᠭᠦᠯᠦᠨ᠂ ᠠᠵᠢᠯ ᠲᠥᠷᠥᠯ ᠤᠳ ᠢ ᠬᠥᠲᠥᠯᠥᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠬᠤ ᠶᠢ ᠨᠢ ᠴᠢᠩᠭᠠᠳᠬᠠᠵᠤ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠠᠰᠢᠭ ᠢ ᠬᠠᠮᠠᠭᠠᠯᠠᠬᠤ ᠵᠢᠯᠣᠭᠤᠳᠤᠮᠵᠢ ᠥᠭᠬᠦ ᠪᠠᠨ ᠴᠢᠩᠭᠠᠳᠬᠠᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠢ ᠰᠢᠭᠤᠶ ᠶᠢᠨ ᠦᠢᠯᠡᠰ ᠤᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ︔      ᠬᠤᠶᠠᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠡᠭᠦᠳᠦᠨ ᠪᠦᠲᠦᠭᠡᠬᠦ ᠶᠢ ᠤᠷᠮᠠᠰᠢᠭᠤᠯᠤᠨ᠎ᠠ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠨ ᠳᠡᠳᠬᠦᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠳᠠᠬᠢ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ᠂ ᠬᠠᠮᠢᠶᠠᠷᠤᠯᠲᠠ᠂ ᠬᠡᠷᠡᠭᠵᠢᠭᠦᠯᠦᠯᠲᠡ ᠪᠣᠯᠣᠨ ᠬᠠᠮᠠᠭᠠᠯᠠᠯᠲᠠ ᠳᠤ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠯᠭᠠᠭᠤᠷᠢ ᠶᠢ  ᠪᠠᠬᠢᠵᠢᠭᠦᠯᠵᠦ᠂ ᠰᠢᠨ᠎ᠡ ᠶᠢ ᠡᠭᠦᠳᠬᠦ ᠠᠳᠠᠯ ᠦᠶᠯᠡᠰ ᠴᠣᠭᠴᠠᠯᠠᠬᠤ ᠰᠢᠯᠢᠳᠡᠭ ᠢ ᠡᠭᠦᠳᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠶ ᠡᠭᠦᠳᠦᠨ ᠪᠦᠲᠦᠭᠡᠯᠲᠡ ᠬᠢᠭᠡᠳ  ᠰᠢᠯᠢᠳᠡᠭ ᠰᠣᠶᠣᠯ ᠤᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃      ᠭᠤᠷᠪᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠬᠢᠭᠡᠳ ᠦᠢᠯᠡᠴᠢᠯᠡᠭᠡ ᠶᠢ ᠴᠢᠩᠭᠠᠳᠬᠠᠨ᠎ᠠ᠃ ᠲᠤᠰᠬᠠᠶ ᠠᠰᠢᠭ ᠤᠨ ᠮᠡᠷᠭᠡᠵᠢᠯ ᠢ ᠤᠯᠠᠷᠢᠭᠤᠯᠬᠤ ᠡᠷᠴᠢᠮ ᠢᠶᠠᠨ ᠨᠡᠮᠡᠭᠳᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠲᠠᠸᠠᠷᠴᠢᠯᠠᠬᠤ ᠪᠠ ᠠᠵᠤ ᠦᠢᠯᠡᠳᠪᠤᠷᠢᠴᠢᠯᠡᠬᠦ ᠶᠢ ᠠᠬᠢᠭᠤᠯᠤᠨ᠎ᠠ︔ ᠲᠤᠰᠬᠠᠶ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ᠂ ᠮᠥᠩᠭᠦᠨ ᠭᠦᠢᠯᠭᠡᠭᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠳᠤᠷᠠᠨ ᠠᠵᠢᠯᠯᠠᠬᠤ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠯᠡ ᠣᠷᠣᠭᠤᠯᠬᠤ ᠪᠠ ᠲᠣᠬᠢᠷᠠᠭᠤᠯᠬᠤ ᠬᠢᠭᠡᠳ ᠠᠷᠠᠯᠵᠢᠶᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠶ ᠶᠢᠨ ᠠᠵᠤ ᠦᠢᠯᠡᠰ ᠤᠨ ᠪᠠᠶᠢᠷᠢᠰᠢᠭᠤᠯᠤᠯ ᠤᠨ ᠲᠣᠭᠤᠷᠢᠨ ᠳᠤ᠂ ᠠᠵᠤ ᠠᠬᠤᠶᠢᠯᠠᠯ᠂ ᠠᠵᠢᠯ ᠲᠦᠷᠦᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭ᠎ᠠ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠨᠢ ᠲᠦᠯᠬᠢᠨ ᠠᠬᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠲᠥᠷᠭᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠰᠤᠳᠤᠯᠭᠠᠨ ᠢ ᠲᠦᠯᠬᠢᠨ ᠠᠬᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠦᠢᠯᠡᠴᠢᠯᠡᠭᠡ ᠶᠢ ᠴᠢᠩᠭᠠᠳᠬᠠᠨ᠎ᠠ᠃      ᠲᠦᠷᠪᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠪᠦᠷᠢᠨᠰᠢᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ ᠳᠦᠷᠦ ᠶᠢᠨ ᠪᠤᠳᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠦᠢᠯᠡᠳᠦᠯ ᠢ ᠨᠢ ᠴᠢᠩᠭᠠᠳᠬᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠬᠤᠳᠠ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ︔ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ︾᠎ ᠤᠨ ᠤᠯᠤᠰ ᠤᠨ ᠪᠠᠷᠢᠮᠵᠢᠶ᠎ᠠ ᠶᠢ ᠲᠤᠤᠱᠯᠠᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠵᠢᠷᠤᠮᠵᠢᠯ ᠤᠨ ᠰᠢᠰᠲ᠋ᠧᠮᠵᠢ ᠶᠢ ᠪᠠᠶᠢᠭᠤᠯᠤᠨ᠎ᠠ︔ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ᠲᠠᠪᠤ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠡᠭᠡᠳᠦ ᠲᠡᠰ ᠤᠨ ᠴᠢᠳᠠᠪᠤᠷᠢᠲᠠᠨ ᠢ ᠢᠳᠡᠪᠬᠢᠲᠡᠢ ᠪᠠᠷ ᠬᠦᠮᠦᠵᠢᠭᠦᠯᠬᠦ ᠪᠠ ᠲᠠᠲᠠᠨ ᠣᠷᠣᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠭᠤᠷᠢ ᠴᠢᠳᠠᠪᠤᠷᠢᠲᠠᠨ᠂ ᠪᠤᠳᠠᠲᠠᠢ ᠠᠵᠢᠯᠯᠠᠬᠤ ᠴᠢᠳᠠᠪᠤᠷᠢᠲᠠᠨ ᠪᠣᠯᠣᠨ ᠬᠠᠮᠢᠶᠠᠷᠤᠯᠲᠠ ᠶᠢᠨ ᠴᠢᠳᠠᠪᠤᠷᠢᠲᠠᠨ ᠢ ᠲᠥᠷᠭᠡᠨ ᠬᠥᠮᠥᠵᠢᠭᠦᠯᠦᠨ᠎ᠡ᠃  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠯᠢᠶᠡᠳ ᠦᠨᠳᠦᠷ ᠬᠡᠪ ᠴᠢᠨᠠᠷ ᠪᠦᠬᠦᠢ ᠳᠠᠭᠠᠭᠤᠯᠤᠭᠴᠢ ᠴᠢᠳᠠᠪᠤᠷᠢᠲᠠᠨ 50 ᠨᠡᠷᠡᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠯᠢᠶᠡᠳ ᠦᠨᠳᠦᠷ ᠲᠤᠰᠬᠠᠶ ᠮᠡᠷᠭᠡᠵᠢᠯ ᠤᠨ ᠪᠣᠯᠪᠠᠰᠤᠷᠠᠯ ᠲᠠᠢ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢᠲᠠᠨ 300 ᠨᠡᠷᠡᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠡᠯᠢᠶᠡᠳ ᠴᠢᠩᠭ᠎ᠠ ᠬᠡᠷᠡᠭᠯᠡᠭᠡᠨ ᠤ ᠴᠢᠳᠠᠪᠤᠷᠢ ᠲᠠᠢ ᠮᠡᠷᠭᠡᠵᠢᠯ ᠤᠨ ᠴᠢᠳᠠᠪᠤᠷᠢᠲᠠᠨ1000 ᠨᠡᠷᠡᠰ ᠢ ᠬᠦᠮᠦᠵᠢᠭᠦᠯᠬᠦ ᠪᠠᠷ ᠴᠢᠷᠮᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠎ᠠ᠃      ᠵᠢᠷᠭᠤᠭ᠎ᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠬᠠᠭᠤᠯᠤᠨ ᠲᠠᠶᠢᠯᠪᠤᠷᠢᠯᠠᠬᠤ᠂ ᠪᠣᠯᠪᠠᠰᠤᠷᠠᠭᠤᠯᠬᠤ ᠪᠠ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠰᠢᠨ᠎ᠡ ᠶᠢ ᠡᠭᠦᠳᠬᠦ ᠰᠣᠶᠣᠯ ᠤᠨ ᠠᠭᠤᠷ ᠠᠮᠢᠰᠬᠤᠯ ᠢ ᠶᠡᠬᠡᠪᠡᠷ ᠪᠣᠢ ᠪᠣᠯᠭᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃     ᠬᠥᠲᠥᠯᠥᠭᠴᠢ᠄     ᠵᠠ᠂ ᠪᠠᠭᠠᠨ᠎ᠠ ᠲᠢᠩᠬᠢᠮ ᠤᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ  ᠫᠷᠦᠭᠷᠡᠮ ᠳᠤ ᠪᠠᠶᠠᠷᠲᠠᠶ ᠵᠣᠯᠭᠠᠶ᠎ᠠ︕
     ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠶᠢᠨ‌‍ᠲ᠋ᠤᠷᠠᠴᠤᠳ ᠤᠨ ᠲᠥᠯᠥᠭᠡᠯᠡᠭᠴᠢ ᠳᠤ ᠲᠤᠭ ᠣᠯᠭᠤᠵᠤ ᠪᠠᠶᠢᠭ᠎ᠠ ᠎ ᠨᠢ
     ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠠᠵᠢᠯᠲᠠᠳ ᠤᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠲᠡᠯᠢᠭ ᠬᠡᠷᠡᠭ ᠤᠨ ᠲᠤᠬᠠᠶ ᠲᠠᠶᠢᠯᠤᠮᠵᠢ ᠬᠢᠵᠦ ᠪᠠᠶᠢᠭ᠎ᠠ ᠨᠢ  
     ᠠᠵᠢᠯᠲᠠᠳ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠪᠠᠶᠢᠭ᠎ᠠ ᠨᠢ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map