ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/6/19
                              ᠥᠪᠥᠷ ᠵᠠᠰᠠᠭ ᠲᠠᠷᠬᠠᠭᠠᠭᠰᠠᠨ ﹇2016﹈ 113 ᠳ᠋ᠤᠭᠠᠷ ᠲᠤᠭᠠᠳᠤ                                 2016 ᠣᠨ ᠤ 10 ᠳ᠋ᠤᠭᠠᠷ ᠰᠠᠷ᠎ᠠ ᠶᠢᠨ 8᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠰᠢᠨ᠎ᠡ ᠪᠠᠶᠢᠳᠠᠯ ᠳᠠᠬᠢ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠤᠯᠤᠰ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2015﹈ 71 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ ᠬᠦᠭᠵᠢᠭᠦᠯᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠣᠷᠣᠨ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠥᠷᠭᠡᠳᠭᠡᠬᠦ ᠶᠢᠨ ᠲᠤᠰᠠᠲᠠ᠂ ᠮᠠᠨ ᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠲᠥᠷᠪᠡᠳᠦᠭᠡᠷ᠂ ᠲᠠᠪᠤᠳᠤᠭᠠᠷ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠢᠷᠢᠰᠢᠭᠤᠯᠤᠯᠲᠠ ︽ᠲᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠪᠣᠳᠠᠳᠤ ᠬᠦᠴᠦᠨ ᠢ ᠳᠡᠭᠡᠭᠰᠢᠯᠡᠭᠦᠯᠬᠦ ᠪᠠᠷ ᠭᠤᠣᠯᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢ ᠬᠠᠮᠠᠭᠠᠯᠠᠬᠤ ᠪᠠ ᠬᠡᠷᠡᠭᠯᠡᠬᠦ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠦᠭᠵᠢᠯᠲᠡ ᠳᠤ ᠠᠰᠢᠭᠲᠠᠢ ᠪᠣᠯᠬᠤ ᠪᠠᠶᠢᠭᠤᠯᠤᠯ ᠲᠣᠭᠲᠠᠴᠠ ᠶᠢ ᠴᠢᠷᠮᠠᠶᠢᠨ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠨᠡᠮᠡᠷᠢ ᠬᠠᠨᠳᠢᠪ ᠤᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠵᠠᠮ ᠢ ᠰᠦᠪᠡᠭᠴᠢᠯᠡᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃      ︵ᠬᠤᠶᠠᠷ︶ ᠦᠨᠳᠦᠰᠦᠨ ᠵᠠᠷᠴᠢᠮ᠃ ᠪᠠᠶᠢᠯᠳᠤᠬᠤ ᠪᠣᠳᠣᠯᠭ᠎ᠠ ᠶᠢᠨ ᠬᠦᠲᠦᠯᠦᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ︽ᠨᠢᠭᠡ ᠪᠦᠰᠡ ᠨᠢᠭᠡ ᠵᠠᠮ︾ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠶᠣᠰᠤᠭᠠᠷ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶᠢᠷᠡᠭᠦᠯᠵᠦ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠤᠷᠮᠠᠰᠢᠭᠤᠯᠤᠨ ᠬᠦᠭᠵᠢᠭᠡᠵᠦ᠂ ᠪᠦᠬᠦ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠬᠦᠴᠦᠲᠡᠢ ᠳᠡᠮᠵᠢᠬᠦ ᠬᠡᠷᠡᠭᠲᠡᠢ᠃      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠤᠨ ᠪᠠᠶᠢᠭᠤᠯᠤᠯ ᠪᠠ ᠲᠣᠭᠲᠠᠴᠠ ᠶᠢ ᠰᠢᠨ᠎ᠡ ᠪᠠᠷ ᠡᠭᠦᠳᠴᠦ᠂ ᠰᠢᠨ᠎ᠡ ᠶᠢ ᠡᠭᠦᠳᠴᠦ ᠥᠭᠡᠷᠡᠴᠢᠯᠡᠯᠲᠡ ᠬᠢᠬᠦ ᠲᠤᠷᠰᠢᠯᠲᠠ ᠶᠢ ᠰᠦᠪᠡᠭᠴᠢᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠳᠥᠷᠢᠮ ᠤᠨ ᠰᠠᠶᠢᠨ ᠰᠠᠶᠢᠬᠠᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠰᠣᠶᠣᠯ ᠤᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ᠂ ᠰᠢᠨ᠎ᠡ ᠶᠢ ᠡᠭᠦᠳᠬᠦ ᠶᠢ ᠤᠷᠮᠠᠰᠢᠭᠤᠯᠬᠤ᠂ ᠰᠢᠨ᠎ᠡ ᠶᠢ ᠡᠭᠦᠳᠬᠦ ᠦᠷ᠎ᠡ ᠪᠦᠲᠦᠭᠡᠯ ᠢ ᠵᠦᠢ ᠵᠣᠬᠢᠰᠲᠠᠢ ᠬᠤᠪᠢᠶᠠᠨ ᠬᠦᠷᠲᠡᠬᠦ ᠶᠢ ᠠᠬᠢᠭᠤᠯᠬᠤ ᠲᠠᠯ᠎ᠠ ᠳᠠᠬᠢ ᠮᠡᠳᠡᠯᠭᠡ ᠶᠢᠨ ᠪᠥᠲᠦᠭᠡᠭᠳᠡᠬᠦᠨ ᠤ ᠥᠮᠴᠢᠯᠡᠬᠦ ᠡᠷᠬᠡ ᠶᠢᠨ ᠳᠥᠷᠢᠮ ᠤᠨ ᠵᠠᠩᠭᠢᠯᠠᠭ᠎ᠠ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃      ᠵᠠᠬ᠎ᠠ ᠳᠡᠯᠭᠡᠭᠦᠷ ᠤᠨ ᠭᠤᠣᠯ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠪᠠ ᠭᠤᠣᠯ ᠤᠳᠤᠷᠢᠳᠤᠮᠵᠢ ᠶᠢᠨ ᠦᠢᠯᠡᠳᠦᠯ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠭᠤᠣᠯ ᠬᠦᠴᠦᠨ ᠵᠦᠢᠯ ᠢ ᠵᠦᠢ ᠵᠣᠬᠢᠰᠲᠠᠢ ᠪᠠᠷ ᠭᠦᠢᠯᠭᠡᠭᠡᠬᠦ ᠪᠠ ᠦᠨᠳᠦᠷ ᠪᠦᠲᠦᠮᠵᠢᠲᠠᠢ ᠪᠠᠷ ᠲᠣᠬᠢᠷᠠᠭᠤᠯᠬᠤ ᠶᠢ ᠠᠬᠢᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠤᠯᠠᠨ ᠨᠡᠶᠢᠲᠡ ᠶᠢᠨ ᠦᠢᠯᠡᠴᠢᠯᠡᠭᠡ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ ᠭᠤᠣᠯᠴᠢ᠂ ᠨᠡᠬᠡᠭᠡᠯᠲᠡ ᠬᠢᠵᠦ ᠢᠯᠡ ᠲᠣᠳᠣ ᠪᠠᠶᠢᠯᠭᠠᠬᠤ ᠮᠡᠳᠡᠯᠭᠡ ᠶᠢᠨ ᠪᠥᠲᠥᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃      ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠬᠤ ᠬᠡᠷᠡᠭᠲᠡᠢ᠃ ᠣᠷᠣᠨ ᠤ ᠳᠣᠲᠣᠷ᠎ᠠ ᠭᠠᠳᠠᠨᠠᠬᠢ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠮᠠᠨ ᠤ ᠣᠷᠣᠨ ᠤ ᠣᠨᠴᠠᠯᠢᠭᠲᠤ ᠪᠠ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠬᠤᠭᠤᠷᠣᠨᠳᠤᠬᠢ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠠᠵᠢᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠠᠷᠴᠤ ᠶᠠᠪᠤᠬᠤ᠂ ᠴᠢᠨᠠᠷᠵᠢᠭᠤᠨ ᠦᠢᠯᠡᠴᠢᠯᠡᠭᠡ ᠶᠢ ᠣᠷᠣᠭᠤᠯᠤᠨ ᠠᠪᠴᠢᠷᠠᠬᠤ ᠶᠢ ᠳᠡᠮᠵᠢᠵᠦ᠂ ᠬᠠᠮᠲᠤᠷᠠᠯᠴᠠᠨ ᠬᠠᠮᠲᠤ ᠳᠠᠭᠠᠨ ᠠᠰᠢᠭ ᠣᠯᠬᠤ ᠶᠢ ᠪᠡᠶᠡᠯᠡᠭᠦᠯᠬᠦ ᠬᠡᠷᠡᠭᠲᠡᠢ᠃      ︵ᠭᠤᠷᠪᠠ︶ ᠭᠤᠣᠯ ᠬᠠᠷᠠᠯᠲᠠ᠃ ︽13 · 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠶᠠᠪᠤᠴᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠣᠨ᠎ᠠ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠡᠭᠦᠳᠬᠦ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠠᠭᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ︔ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ︔ ᠨᠢᠭᠡ ᠪᠥᠯᠥᠭ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠳ ᠢ ᠪᠦᠲᠦᠭᠡᠨ ᠪᠠᠶᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠡᠷᠡᠭᠯᠡᠭᠡᠨ ᠤ ᠴᠢᠳᠠᠪᠤᠷᠢ ᠶᠢ ᠪᠠᠷᠠᠭᠤᠨ ᠣᠷᠣᠨ ᠤ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠵᠦ᠂ ᠠᠵᠤ ᠠᠬᠤᠢ ᠶᠢᠨ ᠨᠡᠶᠢᠭᠡᠮ ᠤᠨ ᠭᠦᠭᠵᠢᠯᠲᠡ ᠳᠤ ᠲᠤᠯᠭᠠᠭᠤᠷᠢ ᠪᠣᠯᠬᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠳᠦᠯ ᠢ ᠨᠢ ᠭᠦᠢᠴᠡᠳ ᠢᠯᠡᠷᠡᠭᠦᠯᠬᠦ ᠬᠡᠷᠡᠭᠲᠡᠢ︔ 2020 ᠣᠨ ᠪᠣᠯᠲᠠᠯ᠎ᠠ᠂ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠭᠤᠶᠤᠴᠢᠯᠠᠬᠤ ᠬᠡᠮᠵᠢᠶ᠎ᠡ᠂ ᠡᠷᠬᠡ ᠣᠯᠭᠤᠬᠤ ᠬᠡᠮᠵᠢᠶ᠎ᠡ ᠪᠠ ᠪᠦᠲᠦᠮᠵᠢᠲᠡᠢ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠪᠠᠶᠢᠬᠤ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 20%᠎ ᠪᠠᠷ ᠨᠡᠮᠡᠭᠳᠡᠭᠦᠯᠵᠦ᠂ ᠲᠦᠮᠡᠨ ᠬᠦᠮᠦᠨ ᠠᠮᠠ ᠨᠢᠭᠡᠪᠦᠷᠢ ᠶᠢᠨ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠪᠠᠶᠢᠬᠤ ᠬᠡᠮᠵᠢᠶ᠎ᠡ ᠶᠢ 3.3 ᠵᠦᠢᠯ ᠳᠤ ᠬᠦᠷᠦᠭᠦᠯᠵᠦ᠂ PCT ᠤᠯᠠᠨ ᠤᠯᠤᠰ ᠤᠨ ᠲᠤᠰᠬᠠᠢ ᠠᠰᠢᠭ ᠭᠤᠶᠤᠴᠢᠯᠠᠬᠤ ᠬᠡᠮᠵᠢᠶ᠎ᠡ ᠶᠢ ᠢᠯᠡᠳᠲᠡ ᠨᠡᠮᠡᠭᠳᠡᠭᠦᠯᠦᠨ᠎ᠡ︔ ᠪᠦᠬᠦ ᠣᠷᠣᠨ ᠤ ᠬᠦᠴᠦᠨ ᠪᠦᠬᠦᠢ ᠳᠠᠩᠰᠠᠯᠠᠬᠰᠠᠨ ᠲᠡᠸᠠᠷ ᠤᠨ ᠲᠡᠮᠳᠡᠭ ᠤᠨ ᠶᠡᠷᠦᠩᠬᠡᠢ ᠲᠤᠭ᠎ᠠ ᠶᠢ 10 ᠲᠦᠮᠡᠨ ᠵᠦᠢᠯ ᠠᠴᠠ ᠳᠠᠪᠠᠭᠤᠯᠵᠤ᠂ ᠳᠤᠮᠳᠠᠲᠤ ᠤᠯᠤᠰ ᠤᠨ ᠨᠡᠷᠡᠲᠦ ᠲᠠᠸᠠᠷ ᠤᠨ ᠲᠡᠮᠳᠡᠭ ᠲᠠᠬᠢ ᠶᠡᠷᠦᠩᠬᠡᠢ ᠲᠤᠭ᠎ᠠ ᠶᠢ 100 ᠵᠦᠢᠯ ᠠᠴᠠ ᠳᠠᠪᠠᠭᠤᠯᠵᠤ᠂ ᠥᠪᠥᠷ ᠮᠣᠩᠭᠤᠯ ᠤᠨ ᠠᠯᠳᠠᠷᠲᠤ ᠲᠠᠸᠠᠷ ᠤᠨ ᠲᠡᠮᠳᠡᠭ ᠤᠨ ᠶᠡᠷᠦᠩᠬᠡᠢ ᠲᠤᠭ᠎ᠠ ᠶᠢ 1200 ᠵᠦᠢᠯ ᠠᠴᠠ ᠳᠠᠪᠠᠭᠤᠯᠵᠤ᠂ ᠭᠠᠵᠠᠷ ᠵᠦᠢ ᠶᠢᠨ ᠲᠡᠮᠳᠡᠭᠲᠦ ᠲᠠᠸᠠᠷ ᠤᠨ ᠲᠡᠮᠳᠡᠭ ᠤᠨ ᠶᠡᠷᠦᠩᠬᠡᠢ ᠲᠤᠭ᠎ᠠ ᠶᠢ 100 ᠵᠦᠢᠯ ᠠᠴᠠ ᠳᠠᠪᠠᠭᠤᠯᠬᠤ ᠬᠡᠷᠡᠭᠲᠡᠢ᠃ ᠵᠣᠬᠢᠶᠠᠯ ᠪᠦᠲᠦᠭᠡᠯ ᠤᠨ ᠵᠣᠬᠢᠶᠠᠨ ᠪᠦᠲᠦᠭᠡᠬᠦ ᠡᠷᠬᠡ ᠶᠢᠨ ᠳᠠᠩᠰᠠᠯᠠᠨ ᠲᠡᠮᠳᠡᠭᠯᠡᠭᠰᠡᠨ ᠲᠤᠭ᠎ᠠ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 30%᠎ ᠪᠠᠷ ᠨᠡᠮᠡᠭᠳᠡᠭᠦᠯᠬᠦ ᠬᠡᠷᠡᠭᠲᠡᠢ᠃      ᠬᠤᠶᠠᠷ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ      ︵ᠳᠥᠷᠪᠡ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠣᠳᠣᠯᠣᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠤᠨ ᠲᠢᠩᠬᠢᠮ ᠤᠨ ᠬᠤᠭᠤᠷᠤᠨᠳᠤᠬᠢ ᠬᠠᠮᠳᠤᠷᠠᠭᠰᠠᠨ ᠬᠤᠷᠠᠯᠳᠤᠭᠠᠨ ᠤ ᠳᠥᠷᠢᠮ ᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠬᠤᠷᠠᠯᠳᠤᠭᠤᠯᠤᠬᠴᠢ ᠶᠢᠨ ᠠᠵᠢᠯ ᠢ ᠡᠭᠦᠷᠭᠡᠯᠡᠬᠦ ᠬᠡᠷᠡᠭᠲᠡᠢ ᠃ ᠡᠯ᠎ᠡ ᠠᠶᠢᠮᠠᠭ ᠬᠤᠲᠠ ᠨᠤᠭᠤᠳ ᠵᠠᠰᠠᠭ ᠤᠨ ᠣᠷᠳᠣᠨ ᠤ ᠬᠤᠪᠢᠳᠡᠨ ᠬᠠᠮᠢᠶᠠᠷᠬᠤ ᠬᠠᠷᠢᠭᠤᠴᠠᠯᠭᠠᠲᠠᠨ ᠠᠴᠠ ᠬᠤᠷᠠᠯᠳᠦᠭᠤᠯᠤᠬᠴᠢ ᠶᠢᠨ ᠠᠵᠢᠯ ᠢ ᠡᠭᠦᠷᠭᠡᠯᠡᠭᠰᠡᠨ ᠠᠶᠢᠮᠠᠭ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠤᠨ ᠬᠠᠮᠳᠤᠷᠠᠭᠰᠠᠨ ᠬᠤᠷᠠᠯᠳᠤᠭᠠᠨ ᠤ ᠳᠥᠷᠢᠮ ᠢ ᠪᠠᠶᠢᠭᠤᠯᠵᠤ᠂ ᠲᠤᠰ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠬᠠᠷᠢᠭᠤᠴᠠᠬᠤ ᠬᠡᠷᠡᠭᠲᠡᠢ᠃ ᠬᠦᠬᠡᠬᠤᠲᠠ᠂ ᠪᠣᠭᠤᠲᠤ᠂ ᠣᠷᠳᠣᠰ ᠵᠡᠷᠭᠡ ᠭᠠᠵᠠᠷ ᠣᠷᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠦᠷᠨᠢᠭᠦᠯᠬᠦ ᠶᠢ ᠵᠣᠷᠢᠬᠵᠢᠭᠤᠯᠬᠤ ᠬᠡᠷᠡᠭᠲᠡᠢ᠃ ︵ᠬᠦᠬᠡᠬᠤᠲᠠ᠂ ᠪᠣᠭᠤᠲᠤ ᠬᠤᠲᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠣᠷᠣᠨ ᠲᠣᠭᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠢ ᠬᠦᠮᠦᠵᠢᠭᠦᠯᠦᠨ ᠪᠤᠶᠢᠵᠢᠭᠤᠯᠬᠤ ᠶᠢ ᠲᠦᠷᠭᠡᠳᠭᠡᠬᠦ ᠬᠡᠷᠡᠭᠲᠡᠢ᠃ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠭᠤᠯᠬᠤ ᠶᠢ ᠠᠭᠤᠵᠢᠭᠤ ᠲᠠᠯᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠦᠷᠭᠡᠳᠭᠡᠨ᠂ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠠ ᠶᠢ ᠳᠡᠭᠡᠭᠰᠢᠯᠡᠭᠦᠯᠵᠦ᠂ ᠨᠢᠭᠡ ᠪᠦᠯᠦᠭ ᠨᠡᠷᠡᠲᠦ ᠲᠦᠷᠦᠯ ᠲᠡᠮᠳᠡᠭᠲᠦ ᠦᠢᠯᠡᠴᠢᠯᠡᠭᠡᠨ ᠤ ᠪᠠᠶᠢᠭᠤᠯᠤᠮᠵᠢ ᠶᠢ ᠲᠠᠲᠠᠨ ᠣᠷᠤᠭᠤᠯᠵᠤ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ︽ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠬᠢᠨ ᠢᠶᠠᠷ ᠨᠡᠮᠡᠭᠳᠡᠭᠦᠯᠬᠦ ᠲᠦᠯᠦᠪᠯᠡᠭᠡ︾᠎ ᠶᠢ ᠬᠡᠷᠡᠭᠵᠢᠭᠦᠯᠵᠦ᠂ 2020 ᠣᠨ ᠪᠣᠯᠲᠠᠯ᠎ᠠ᠂ ᠪᠦᠬᠦ ᠣᠷᠣᠨ ᠳᠤ ᠡᠯ᠎ᠡ ᠲᠦᠷᠦᠯ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ 50 ᠬᠦᠮᠦᠵᠢᠭᠦᠯᠦᠨ ᠪᠤᠶᠢᠵᠢᠭᠤᠯᠬᠤ ᠪᠠ ᠲᠠᠲᠠᠨ ᠣᠷᠤᠭᠤᠯᠵᠤ᠂ ᠲᠠᠸᠠᠷ ᠤᠨ ᠲᠡᠮᠳᠡᠭᠲᠦ ᠶᠢ ᠣᠷᠣᠯᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ ᠡᠷᠬᠢᠯᠡᠨ ᠬᠢᠵᠦ ᠪᠠᠶᠢᠭ᠎ᠠ ᠲᠠᠸᠠᠷ ᠤᠨ ᠲᠡᠮᠳᠡᠭᠲᠦ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ᠂ ᠬᠠᠤᠯᠢᠴᠢ ᠶᠢᠨ ᠶᠠᠪᠤᠳᠠᠯ ᠤᠨ ᠭᠠᠵᠠᠷ ᠢ 300 ᠬᠦᠮᠦᠵᠢᠭᠦᠯᠦᠨ ᠪᠤᠶᠢᠵᠢᠭᠤᠯᠬᠤ ᠪᠠ ᠬᠦᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠴᠢᠳᠠᠮᠵᠢ ᠪᠠᠨ ᠦᠷᠭᠡᠳᠭᠡᠨ ᠬᠦᠭᠵᠢᠭᠦᠯᠵᠦ᠂ ︽ᠢᠨᠲ᠋ᠧᠷ ᠰᠦᠯᠵᠢᠶ᠎ᠡ + ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ︾᠎ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠳᠡᠭᠡᠲᠥ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠶᠢᠨ ᠮᠡᠷᠭᠡᠵᠢᠯ ᠤᠨ ᠨᠡᠬᠡᠭᠡᠯᠲᠡ ᠶᠢᠨ ᠲᠣᠭᠤᠷᠢᠭ᠂ ᠭᠠᠳᠠᠭᠠᠳᠤ ᠳᠤ ᠰᠤᠷᠤᠯᠴᠠᠭᠰᠠᠳ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠶᠢ ᠡᠭᠦᠳᠬᠦ ᠶᠢᠨ ᠨᠢᠭᠲᠠᠷᠠᠵᠤ ᠲᠥᠪᠯᠡᠷᠡᠭᠰᠡᠨ ᠣᠷᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠮᠡᠳᠡᠭᠡ ᠵᠠᠩᠭᠢ᠂ ᠯᠠᠪᠯᠠᠯᠭ᠎ᠠ᠂ ᠠᠵᠢᠯᠯᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠬᠤ ᠬᠡᠷᠡᠭᠲᠡᠢ᠃ ᠴᠡᠷᠢᠭ ᠠᠷᠠᠳ ᠬᠠᠮᠳᠤᠪᠠᠷ ᠬᠦᠷᠲᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠠᠵᠢᠯᠯᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠠᠵᠢᠯ ᠡᠷᠬᠢᠯᠡᠬᠦ ᠮᠡᠳᠡᠭᠡ ᠵᠠᠩᠭᠢ ᠨᠡᠶᠢᠲᠡᠯᠡᠬᠦ ᠳᠥᠷᠢᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠪᠠ ᠠᠵᠢᠯᠯᠠᠭᠰᠠᠳ ᠤᠨ ᠢᠲᠡᠭᠡᠮᠵᠢ ᠶᠢᠨ ᠦᠨᠡᠯᠡᠬᠦ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠳᠠᠷᠦ᠋ᠢᠬᠠᠨ ᠢᠯᠡ ᠪᠣᠯᠭᠠᠬᠤ ᠬᠡᠷᠡᠭᠲᠡᠢ᠃ ᠤᠯᠤᠰ ᠤᠨ ᠲᠣᠭᠲᠠᠭᠠᠯ ᠢ ᠦᠨᠳᠦᠰᠦᠯᠡᠨ᠂ ᠵᠣᠬᠢᠶᠠᠯ ᠪᠦᠲᠦᠭᠡᠯ ᠤᠨ ᠵᠣᠬᠢᠶᠠᠨ ᠪᠦᠲᠦᠭᠡᠬᠦ ᠡᠷᠬᠡ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠰᠢᠭ ᠣᠯᠭᠤᠮᠵᠢ ᠶᠢᠨ ᠬᠤᠪᠢᠶᠠᠷᠢᠯᠠᠯ ᠤᠨ ᠳᠥᠷᠢᠮ ᠢ ᠲᠡᠭᠦᠯᠳᠡᠷᠵᠢᠭᠦᠯᠵᠦ᠂ ᠵᠣᠬᠢᠶᠠᠨ ᠪᠦᠲᠦᠭᠡᠬᠦ ᠶᠢᠨ ᠡᠷᠬᠡᠲᠦ ᠬᠦᠮᠦᠨ ᠳᠤ ᠨᠡᠩ ᠣᠯᠠᠨ ᠵᠦᠪᠰᠢᠶᠡᠷᠡᠭᠳᠡᠭᠰᠡᠨ ᠠᠰᠢᠭ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠵᠢᠷᠭᠤᠭ᠎ᠠ︶ ᠴᠢᠬᠤᠯᠠ ᠶᠡᠭᠡ ᠠᠵᠤ ᠠᠬᠤᠢ ᠶᠢᠨ ᠠᠵᠢᠯᠯᠠᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠵᠦᠪᠯᠡᠨ ᠲᠤᠬᠲᠠᠭᠠᠬᠤ ᠳᠥᠷᠢᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠤ ᠦᠢᠯᠡᠰ ᠤᠨ ᠲᠥᠯᠥᠪᠵᠢᠭᠦᠯᠭᠡ᠂ ᠴᠢᠬᠤᠯᠠ ᠶᠡᠭᠡ ᠪᠡᠯᠡ ᠣᠷᠤᠭᠤᠯᠤᠯᠲᠠ ᠶᠢᠨ ᠲᠥᠷᠥᠯ ᠵᠦᠢᠯ ᠵᠡᠷᠭᠡ ᠶᠢᠨ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠦᠪᠯᠡᠨ ᠲᠤᠬᠲᠠᠭᠠᠬᠤ ᠠᠵᠢᠯ ᠢ ᠰᠦᠪᠡᠭᠴᠢᠯᠡᠨ ᠦᠷᠨᠢᠭᠦᠯᠬᠦ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡᠲᠦ ᠲᠥᠷᠥᠯ ᠵᠦᠢᠯ ᠳᠠᠬᠢ ᠪᠦᠬᠦ ᠶᠠᠪᠤᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠲᠥᠭᠰᠢᠭᠦᠷᠢ ᠶᠢ ᠪᠠᠭᠤᠷᠠᠭᠤᠯᠬᠤ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠴᠢᠬᠤᠯᠠ ᠠᠭᠤᠯᠭ᠎ᠠ ᠪᠣᠯᠭᠠᠭᠰᠠᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠦᠨᠡᠯᠡᠬᠦ ᠳᠥᠷᠢᠮ ᠢ ᠪᠠᠶᠢᠭᠤᠯᠬᠤ ᠬᠡᠷᠡᠭᠲᠡᠢ᠃ ᠲᠦᠮᠡᠨ ᠬᠥᠮᠥᠨ ᠨᠢᠭᠡᠪᠦᠷᠢ ᠶᠢᠨ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠪᠠᠶᠢᠬᠤ ᠬᠡᠮᠵᠢᠶ᠎ᠡ᠂ ᠲᠦᠮᠡᠨ ᠬᠥᠮᠥᠨ ᠨᠢᠭᠡᠪᠦᠷᠢ ᠶᠢᠨ ᠲᠠᠸᠠᠷ ᠤᠨ ᠲᠡᠮᠳᠡᠭᠲᠦ ᠶᠢᠨ ᠪᠠᠶᠢᠬᠤ ᠬᠡᠮᠵᠢᠶ᠎ᠡ᠂ ᠬᠡᠪᠴᠢᠶ᠎ᠡ ᠠᠴᠠ ᠳᠡᠭᠡᠭᠰᠢᠬᠢ ᠦᠢᠯᠡᠳᠬᠦ ᠦᠢᠯᠡᠰ ᠤᠨ ᠳ᠋ᠥᠩᠰᠢᠭᠤᠷ ᠲᠦᠭᠦᠷᠢᠭ ᠪᠦᠷᠢ ᠶᠢᠨ ᠭᠤᠣᠯᠯᠠᠨ ᠡᠵᠡᠩᠨᠡᠬᠦ ᠲᠤᠬᠠᠶᠢᠯᠠᠭᠰᠠᠨ ᠠᠵᠢᠯ ᠤᠨ ᠣᠷᠣᠯᠭ᠎ᠠ ᠳᠠᠬᠢ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠵᠡᠷᠭᠡ ᠭᠤᠣᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠦᠢᠴᠡᠳᠭᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠶᠢᠨ ᠲᠤᠭ᠎ᠠ ᠪᠦᠷᠢᠳᠭᠡᠯ ᠤᠨ ᠰᠢᠰᠲ᠋ᠧᠮᠵᠢ ᠳᠤ ᠠᠯᠬᠤᠮ ᠠᠯᠬᠤᠮ ᠢᠶᠠᠷ ᠣᠷᠤᠭᠤᠯᠬᠤ ᠬᠡᠷᠡᠭᠲᠡᠢ᠃ ᠠᠶᠢᠮᠠᠭ ᠬᠤᠲᠠ ᠶᠢᠨ ᠤᠳᠤᠷᠢᠳᠬᠤ ᠪᠠᠭ ᠲᠤ ᠣᠨ ᠤ ᠶᠡᠷᠦᠩᠬᠡᠶᠢᠯᠡᠭᠰᠡᠨ ᠰᠢᠯᠭᠠᠨ ᠬᠢᠨᠠᠯᠲᠠ ᠬᠢᠵᠦ ᠦᠨᠡᠯᠡᠬᠦ ᠳᠤ᠂ ᠡᠭᠦᠳᠦᠨ ᠪᠦᠲᠦᠭᠡᠬᠦ ᠶᠢ ᠵᠣᠷᠢᠬᠵᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠬᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠵᠡᠷᠭᠡ ᠲᠠᠯ᠎ᠠ ᠶᠢᠨ ᠪᠠᠶᠢᠳᠠᠯ ᠪᠠ ᠦᠷ᠎ᠡ ᠪᠦᠲᠦᠮᠵᠢ ᠶᠢ ᠨᠢ ᠴᠢᠬᠤᠯᠠᠴᠢᠯᠠᠬᠤ ᠬᠡᠷᠡᠭᠲᠡᠢ᠃ ᠡᠵᠡᠩᠨᠡᠯᠲᠡ ᠶᠢᠨ ᠠᠮᠵᠢᠯᠲᠠ ᠪᠦᠲᠦᠮᠵᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠰᠢᠨ᠎ᠡ ᠶᠢ ᠡᠭᠦᠳᠬᠦ ᠶᠢ ᠵᠡᠷᠭᠡ ᠳᠤᠨᠢ ᠴᠢᠬᠤᠯᠠᠴᠢᠯᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠯᠭᠠᠨ ᠬᠢᠨᠠᠬᠤ ᠵᠠᠭᠪᠤᠷ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠱᠠᠩᠨᠠᠯ ᠤᠨ ᠲᠥᠷᠥᠯ ᠵᠦᠢᠯ ᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠱᠠᠩᠨᠠᠨ ᠬᠦᠬᠢᠭᠦᠯᠬᠦ ᠳᠠᠬᠢ ᠦᠨᠡᠯᠡᠯᠲᠡ ᠶᠢᠨ ᠡᠷᠬᠡ ᠬᠦᠨᠳᠦ ᠶᠢ ᠴᠢᠩᠭᠠᠷᠠᠭᠤᠯᠵᠤ᠂ ᠱᠠᠩᠨᠠᠯ ᠣᠯᠣᠭᠰᠠᠨ ᠪᠠᠶᠢᠳᠠᠯ ᠢ ᠡᠭᠦᠳᠦᠨ ᠪᠦᠲᠦᠭᠡᠭᠴᠢ ᠶᠢᠨ ᠰᠢᠯᠭᠠᠨ ᠬᠢᠨᠠᠬᠤ᠂ ᠵᠡᠷᠭᠡ ᠳᠡᠪᠰᠢᠬᠦ᠂ ᠲᠤᠰᠢᠶᠠᠯ ᠳᠤ ᠤᠷᠢᠨ ᠲᠣᠮᠢᠯᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠤᠭ᠎ᠠ ᠪᠦᠷᠢᠳᠭᠡᠯ ᠤᠨ ᠲᠣᠪᠴᠢᠶ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ᠭᠤᠷᠪᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠩᠭ᠎ᠠ ᠬᠠᠮᠠᠭᠠᠯᠠᠯᠲᠠ ᠶᠢ ᠬᠡᠷᠡᠭᠵᠢᠭᠦᠯᠬᠦ ᠬᠡᠷᠡᠭᠲᠡᠢ      ︵ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠡᠷᠬᠡ ᠳᠤ ᠬᠠᠯᠳᠠᠭᠰᠠᠨ ᠠᠵᠢᠯᠯᠠᠭ᠎ᠠ ᠶᠢ ᠵᠠᠯᠬᠠᠭᠠᠨ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠲᠣᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠲᠣᠮᠤ ᠬᠡᠯᠪᠡᠷᠢ ᠶᠢᠨ ᠴᠤᠭᠯᠠᠭ᠎ᠠ ᠦᠵᠡᠭᠦᠯᠦᠯᠭᠡ᠂ ᠡᠯᠤᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠣᠰᠬᠠᠢ ᠬᠡᠷᠡᠭᠯᠡᠭᠡᠨ ᠤ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠪᠣᠭᠤᠮᠲᠠ ᠶᠢᠨ ᠮᠡᠳᠡᠯᠭᠡ ᠶᠢᠨ ᠪᠥᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠤᠯᠢᠵᠢᠬᠤ ᠶᠢ ᠠᠬᠢᠭᠤᠯᠵᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠤᠶᠠᠷ ᠠᠷᠭ᠎ᠠ ᠵᠠᠮ ᠤᠨ ᠳᠠᠪᠠᠭᠤᠯᠢᠭ ᠲᠠᠯ᠎ᠠ ᠶᠢᠨ ᠬᠠᠷᠢᠯᠴᠠᠨ ᠨᠦᠬᠦᠪᠦᠷᠢᠯᠡᠬᠦ᠂ ᠤᠷᠭᠠᠨᠢᠭ ᠢᠶᠠᠷ ᠵᠣᠯᠭᠠᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠨ ᠲᠠᠰᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ ᠣᠷᠣᠨ ᠤ ᠭᠠᠵᠠᠷ ᠣᠷᠣᠨ ᠤ ᠣᠨᠴᠠᠯᠢᠭ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠵᠠᠷᠭᠤ ᠶᠢᠨ ᠲᠤᠭ᠎ᠠ ᠬᠡᠮᠵᠢᠶ᠎ᠡ ᠵᠡᠷᠭᠡ ᠬᠦᠴᠦᠨ ᠵᠦᠢᠯ ᠲᠠᠢ ᠤᠶᠠᠯᠳᠤᠭᠤᠯᠵᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠬᠢ ᠢᠷᠭᠡᠨ ᠤ ᠬᠡᠷᠡᠭ᠂ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠵᠠᠷᠭᠤ ᠶᠢᠨ ︽ᠭᠤᠷᠪᠠ ᠶᠢ ᠨᠡᠶᠢᠯᠡᠭᠦᠯᠦᠭᠡᠳ ᠨᠢᠭᠡ ᠪᠣᠯᠭᠠᠭᠰᠠᠨ︾ ᠰᠢᠭᠦᠨ ᠲᠠᠰᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠳᠤ ᠲᠣᠷᠭᠠᠨ ᠰᠢᠳᠭᠡᠬᠦ ᠡᠷᠴᠢᠮ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ ᠬᠡᠴᠡᠭᠦᠦ ᠪᠣᠯᠤᠬᠰᠠᠨ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ ᠠᠵᠢᠯᠯᠠᠭ᠎ᠠ ᠳᠤ ᠵᠠᠯᠬᠠᠭᠠᠨ ᠰᠢᠳᠭᠡᠬᠦ ᠴᠢᠨᠠᠷᠲᠠᠢ ᠲᠥᠯᠥᠪᠦᠷᠢ ᠥᠭᠬᠦ ᠶᠢ ᠬᠡᠷᠡᠭᠵᠢᠭᠦᠯᠬᠦ ᠶᠢᠨ ᠬᠠᠮᠳᠤ᠂ ᠡᠷᠬᠡ ᠳᠤ ᠬᠠᠯᠳᠠᠭᠰᠠᠨ ᠬᠥᠮᠦᠨ ᠢᠶᠠᠷ ᠪᠣᠳᠠᠲᠠᠢ ᠡᠭᠦᠰᠦᠭᠰᠡᠨ ᠵᠦᠢ ᠵᠣᠬᠢᠰᠲᠠᠢ ᠵᠡᠷᠤᠯᠭ᠎ᠠ ᠶᠢ ᠡᠭᠦᠷᠭᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠬᠦᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠤᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠣᠯᠭᠠᠯᠲᠠ ᠶᠢ ᠴᠢᠩᠭᠠᠳᠬᠠᠵᠤ᠂ ᠶᠠᠯᠠᠲᠤ ᠬᠡᠷᠡᠭ ᠲᠤ ᠰᠡᠵᠢᠭᠯᠡᠭᠳᠡᠭᠰᠡᠨ ᠬᠡᠷᠡᠭ ᠵᠠᠷᠭᠤ ᠶᠢ ᠰᠢᠯᠵᠢᠭᠦᠯᠦᠨ ᠲᠤᠰᠢᠶᠠᠬᠤ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠣᠣᠷ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠣᠷ ᠰᠦᠯᠵᠢᠶ᠎ᠡ ᠶᠢᠨ ᠡᠷᠬᠡ ᠳᠤ ᠬᠠᠯᠳᠠᠭᠰᠠᠨ ᠬᠡᠪᠯᠡᠯ ᠬᠤᠯᠠᠭᠠᠶᠢᠯᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠵᠤ ᠬᠠᠤᠯᠢ ᠠᠴᠠ ᠵᠦᠷᠢᠴᠡᠭᠰᠡᠨ ᠳᠠᠩᠰᠠ ᠡᠪᠬᠡᠮᠡᠯ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠮᠦᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠦᠮᠦᠷᠭᠡ ᠳᠤ ᠣᠷᠤᠭᠤᠯᠬᠤ ᠶᠢᠨ ᠬᠠᠮᠳᠤ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠳᠤ ᠨᠡᠶᠢᠲᠡᠯᠡᠬᠦ ᠬᠡᠷᠡᠭᠲᠡᠢ᠃ ᠲᠤᠰᠬᠠᠶᠢᠵᠢᠭᠰᠠᠨ ᠵᠠᠬ᠎ᠠ ᠳᠡᠯᠭᠡᠭᠦᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠲᠤᠰᠬᠠᠢ ᠠᠵᠢᠯ ᠤᠨ ᠵᠠᠬ᠎ᠠ ᠳᠡᠯᠭᠡᠭᠦᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠰᠬᠠᠢ ᠠᠵᠢᠯ ᠤᠨ ᠪᠠᠶᠢᠷᠢ ᠪᠠᠶᠢᠭᠤᠯᠵᠤ᠂ ᠵᠠᠬ᠎ᠠ ᠳᠡᠯᠭᠡᠭᠦᠷ ᠤᠨ ᠲᠤᠭᠤᠷᠢᠨ ᠪᠠᠶᠢᠴᠠᠭᠠᠬᠤ ᠶᠢᠨ ᠬᠡᠪᠵᠢᠯᠲᠡ ᠶᠢ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠲᠥᠪ ᠰᠠᠯᠪᠤᠷᠢ ᠪᠠᠩᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠨᠢᠭᠡ︶ ᠡᠵᠡᠩᠨᠡᠯᠲᠡ ᠶᠢᠨ ᠰᠢᠨ᠎ᠡ ᠪᠠᠶᠢᠳᠠᠯ ᠰᠢᠨ᠎ᠡ ᠬᠦᠷᠢᠶᠡᠨ ᠳᠠᠬᠢ ᠰᠢᠨ᠎ᠡ ᠶᠢ ᠡᠭᠦᠳᠬᠦ ᠦᠷ᠎ᠡ ᠪᠦᠲᠦᠭᠡᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠤᠷᠭᠤᠮᠠᠯ ᠤᠨ ᠰᠢᠨ᠎ᠡ ᠲᠦᠷᠦᠯ ᠵᠦᠢᠯ᠂ ᠠᠮᠢᠳᠤ ᠪᠣᠳᠠᠰ ᠤᠨ ᠤᠳᠤᠮᠰᠢᠯ ᠤᠨ ᠡᠬᠢ ᠪᠠᠶᠠᠯᠢᠭ ᠵᠢᠴᠢ ᠲᠡᠳᠡᠭᠡᠷ ᠤᠨ ᠬᠠᠮᠢᠶ᠎ᠠ ᠪᠦᠬᠦᠢ ᠤᠯᠠᠮᠵᠢᠯᠠᠯᠲᠤ ᠮᠡᠳᠡᠯᠭᠡ᠂ ᠳ᠋ᠠᠶᠢᠲ᠋ᠠ ᠬᠦᠮᠦᠷᠭᠡ ᠶᠢᠨ ᠬᠠᠮᠠᠭᠠᠯᠠᠯᠲᠠ ᠵᠡᠷᠭᠡ ᠬᠠᠤᠯᠢ ᠳᠥᠷᠢᠮ ᠤᠨ ᠲᠣᠭᠲᠠᠭᠠᠯ ᠢ ᠲᠡᠭᠦᠯᠳᠡᠷᠵᠢᠭᠦᠯᠬᠦ ᠬᠡᠷᠡᠭᠲᠡᠢ᠃ ᠭᠠᠵᠠᠷ ᠵᠦᠢ ᠶᠢᠨ ᠲᠡᠮᠳᠡᠭ ᠤᠨ ᠬᠠᠮᠢᠶᠠᠷᠤᠯᠲᠠ ᠶᠢᠨ ᠳᠥᠷᠢᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠬᠤᠳᠠᠯᠳᠤᠭᠠᠨ ᠤ ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠳᠥᠷᠢᠮ ᠪᠠ ᠪᠣᠳᠠᠳᠤ ᠬᠡᠷᠡᠭᠯᠡᠭᠡᠨ ᠤ ᠤᠷᠠᠯᠢᠭ ᠤᠨ ᠪᠦᠲᠦᠭᠡᠯ ᠤᠨ ᠭᠠᠳᠠᠷ ᠦᠵᠡᠮᠵᠢ ᠶᠢᠨ ᠵᠢᠷᠤᠭ ᠲᠥᠯᠥᠪᠯᠡᠭᠡ ᠶᠢᠨ ᠲᠤᠰᠬᠠᠢ ᠠᠰᠢᠭ ᠤᠨ ᠬᠠᠮᠠᠭᠠᠯᠠᠯᠲᠠ ᠶᠢᠨ ᠳᠦᠷᠢᠮ ᠢ ᠰᠣᠳᠣᠯᠤᠨ ᠲᠡᠭᠦᠯᠳᠡᠷᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠬᠠᠤᠯᠢ ᠳᠦᠷᠢᠮ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠣᠯᠣᠨ ᠢᠯᠡᠴᠢᠯᠡᠨ ᠮᠡᠳᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠬᠤ ᠶᠢ ᠬᠦᠯᠢᠶᠠᠨ ᠠᠪᠴᠤ ᠰᠢᠢᠳᠪᠦᠷᠢᠯᠡᠬᠦ ᠲᠣᠭᠲᠠᠴᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠮᠡᠷᠭᠡᠵᠢᠯᠲᠡᠨ ᠤ ᠺᠤᠮᠢᠰ᠂ ᠰᠠᠶᠢᠨ ᠳᠤᠷ᠎ᠠ ᠶᠢᠨ ᠠᠵᠢᠯᠯᠠᠭᠴᠢ ᠶᠢ ᠬᠦᠮᠦᠵᠢᠭᠦᠯᠬᠦ ᠵᠢᠴᠢ ᠲᠣᠣᠷ ᠰᠦᠯᠵᠢᠶ᠎ᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠲᠦᠷᠭᠡᠨ ᠬᠠᠮᠠᠭᠠᠯᠠᠬᠤ ᠲᠥᠪ ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠳᠤ ᠡᠷᠬᠡ ᠪᠠᠨ ᠬᠠᠮᠠᠭᠠᠯᠠᠬᠤ ᠵᠢᠯᠤᠭᠤᠳᠤᠯᠭ᠎ᠠ ᠶᠢ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠳᠤ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠤᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠪᠠᠳᠤᠯᠠᠭ᠎ᠠ ᠶᠢ ᠴᠢᠩᠭᠠᠳᠬᠠᠬᠤ ᠬᠡᠷᠡᠭᠲᠡᠢ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠶᠢᠨ ᠪᠠᠶᠢᠭᠤᠯᠤᠮᠵᠢ ᠶᠢ ᠵᠣᠷᠢᠬᠵᠢᠭᠤᠯᠬᠤ ᠪᠠ ᠬᠦᠳᠦᠯᠦᠨ ᠵᠢᠯᠣᠭᠤᠳᠴᠤ ᠠᠵᠤ ᠠᠬᠤᠶᠢᠯᠠᠯ ᠳᠤ ᠪᠦᠬᠦ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ᠳᠥᠷᠪᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠶᠢ ᠠᠬᠢᠭᠤᠯᠬᠤ ᠬᠡᠷᠡᠭᠲᠡᠢ      ︵ᠠᠷᠪᠠᠨ ᠳᠥᠷᠪᠡ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠦᠢᠯᠡᠳᠪᠦᠷᠢᠯᠡᠯ ᠰᠤᠷᠭᠠᠭᠤᠯᠢ ᠰᠣᠳᠣᠯᠣᠯ ᠢ ᠬᠠᠷᠢᠯᠴᠠᠨ ᠤᠶᠠᠯᠳᠤᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽556︾ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ 2020 ᠣᠨ ᠪᠣᠯᠲᠠᠯ᠎ᠠ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ 50 ᠪᠤᠶᠢᠵᠢᠭᠤᠯᠬᠤ ᠬᠡᠷᠡᠭᠲᠡᠢ︔ 50 ᠠᠵᠤ ᠠᠬᠤᠶᠢᠯᠠᠯ ᠳᠤ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ︾᠎ ᠤᠨ ᠠᠵᠢᠯ ᠢ ᠦᠷᠨᠢᠭᠦᠯᠦᠨ ᠲᠤᠤᠱᠯᠠᠭᠤᠯᠬᠤ ᠬᠡᠷᠡᠭᠲᠡᠢ︔ 600 ᠳᠤᠮᠳᠠ ᠵᠢᠵᠢᠭ ᠪᠢᠴᠢᠯ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠳᠤ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠦᠷᠨᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠭᠠᠲᠦ ᠪᠡᠯᠡ ᠲᠣᠬᠢᠷᠠᠭᠤᠯᠭ᠎ᠠ ᠶᠢᠨ ᠠᠵᠢᠯ ᠢ ᠭᠦᠨᠵᠡᠭᠡᠢ ᠦᠷᠨᠢᠭᠦᠯᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠰᠢᠨ᠎ᠡ ᠶᠢ ᠡᠭᠦᠳᠦᠨ ᠪᠦᠲᠦᠭᠡᠬᠦ ᠰᠢᠪᠲᠤᠯᠤᠯᠲᠠ ᠶᠢᠨ ᠮᠠᠶ᠋ᠢᠭ ᠤᠨ ᠬᠦᠭᠵᠢᠯᠲᠡ ᠶᠢ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠲᠠᠪᠤ︶ ᠳᠡᠭᠡᠲᠦ ᠰᠤᠷᠭᠠᠭᠤᠯᠢ ᠪᠠ ᠰᠢᠨᠵᠢᠯᠡᠬᠦ ᠤᠬᠠᠭᠠᠨ ᠰᠣᠳᠣᠯᠣᠯ ᠤᠨ ᠬᠦᠷᠢᠶᠡᠯᠡᠩ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠦᠨ ᠪᠦᠲᠦᠭᠡᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠣᠯ ᠤᠨ ᠬᠦᠷᠢᠶᠡᠯᠡᠩ ᠭᠠᠵᠠᠷ ᠢ ᠵᠤᠷᠢᠬᠵᠢᠭᠤᠯᠵᠦ ᠪᠠᠶᠢᠢᠭᠠᠳ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠪᠦᠲᠦᠭᠡᠬᠦ ᠶᠢ ᠲᠦᠷᠭᠡᠳᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠬᠤ ᠬᠦᠷᠢᠶ᠎ᠡ ᠬᠡᠪᠴᠢᠶᠡᠨ ᠳᠤ ᠪᠠᠶᠢᠯᠳᠤᠬᠤ ᠪᠣᠳᠣᠯᠭ᠎ᠠ ᠶᠢᠨ ᠨᠦᠬᠡᠴᠡ ᠶᠢᠨ ᠦᠨ᠎ᠡ ᠦᠷᠲᠡᠭ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠷᠮᠠᠶᠢᠨ ᠣᠯᠬᠤ ᠬᠡᠷᠡᠭᠲᠡᠢ᠃ ᠳᠡᠭᠡᠲᠥ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠣᠳᠣᠯᠣᠯ ᠤᠨ ᠬᠦᠷᠢᠶᠡᠯᠡᠩ ᠭᠠᠵᠠᠷ ᠢ ᠵᠤᠷᠢᠬᠵᠢᠭᠤᠯᠵᠦ ᠪᠠᠶᠢᠢᠭᠠᠳ ᠠᠵᠤ ᠦᠢᠯᠡᠰ ᠤᠨ ᠬᠦᠭᠵᠢᠯᠲᠡ ᠶᠢ ᠬᠥᠯᠢᠶᠡᠰᠦᠯᠡᠵᠦ ᠪᠦᠬᠦᠢ ᠮᠡᠷᠭᠡᠵᠢᠯ ᠤᠨ ᠪᠣᠭᠤᠮᠢ ᠳᠤ ᠬᠠᠨᠳᠤᠭᠤᠯᠵᠤ᠂ ᠠᠵᠤ ᠠᠬᠤᠶᠢᠯᠠᠯ ᠲᠠᠢ ᠬᠠᠮᠵᠢᠯᠴᠠᠨ ᠰᠢᠨ᠎ᠡ ᠶᠢ ᠡᠭᠦᠳᠬᠦ᠂ ᠬᠤᠷᠠᠨ ᠲᠦᠪᠯᠡᠷᠡᠵᠦ ᠪᠣᠭᠤᠮᠲᠠ ᠰᠢᠪᠳᠤᠯᠬᠤ ᠶᠢ ᠦᠷᠨᠢᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠴᠢᠬᠤᠯᠠ ᠪᠦᠬᠦᠢ ᠵᠠᠩᠭᠢᠯᠠᠭ᠎ᠠ ᠶᠢᠨ ᠮᠡᠷᠭᠡᠵᠢᠯ ᠢ ᠰᠢᠪᠳᠤᠯᠵᠤ᠂ ᠨᠢᠭᠡ ᠪᠦᠯᠦᠭ ᠠᠵᠤ ᠦᠢᠯᠡᠰ ᠤᠨ ᠬᠦᠭᠵᠢᠯᠲᠡ ᠶᠢᠨ ᠲᠤᠯᠭᠠᠭᠤᠷᠢᠯᠠᠯ ᠪᠣᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠦᠲᠦᠭᠡᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠤᠨ ᠰᠢᠢᠳᠪᠦᠷᠢᠯᠡᠬᠦ ᠡᠷᠬᠡ᠂ ᠠᠰᠢᠭ ᠬᠦᠷᠲᠡᠮᠵᠢ ᠶᠢᠨ ᠡᠷᠬᠡ ᠶᠢᠨ ᠥᠭᠡᠷᠡᠴᠢᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠲᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠣᠯ ᠤᠨ ᠬᠦᠷᠢᠶᠡᠯᠡᠩ ᠭᠠᠵᠠᠷ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠵᠢᠴᠢ ᠤᠯᠠᠷᠢᠭᠤᠯᠤᠨ ᠣᠯᠬᠤ ᠠᠰᠢᠭ ᠬᠦᠷᠳᠡᠮᠵᠢ ᠪᠠᠨ ᠥᠪᠡᠷ ᠢᠶᠠᠨ ᠡᠵᠡᠨ ᠮᠡᠳᠡᠨ ᠡᠵᠡᠮᠳᠡᠵᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠤᠨ ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠳᠠᠶᠢᠴᠢᠯᠠᠵᠤ ᠴᠢᠳᠠᠬᠤ ᠴᠢᠬᠤᠯᠠ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠷᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠤᠯᠤᠨ ᠡᠵᠡᠩᠨᠡᠬᠦ ᠦᠢᠯᠡᠴᠢᠯᠡᠭᠡᠨ ᠤ ᠰᠢᠰᠲ᠋ᠧᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠭᠡᠨ ᠬᠦᠭᠵᠢᠭᠦᠯᠬᠦ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠳᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠭᠠᠲᠦ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠭᠡᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠵᠤ᠂ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠵᠦᠢᠯ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠬᠦᠷᠢᠶ᠎ᠡ ᠬᠡᠪᠴᠢᠶ᠎ᠡ ᠶᠢ ᠦᠷᠭᠡᠳᠭᠡᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠳᠠᠭᠠᠭᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠷᠤᠭᠤᠯᠤᠯᠲᠠ ᠵᠢᠭᠡᠯᠡᠯᠭᠡ ᠶᠢᠨ ᠬᠠᠮᠲᠤᠷᠠᠨ ᠬᠦᠳᠡᠯᠦᠯᠴᠡᠬᠦ᠂ ᠣᠷᠣᠭᠤᠯᠤᠯᠲᠠ ᠳᠠᠭᠠᠳᠬᠠᠯ ᠤᠨ ᠬᠠᠮᠳᠤᠷᠠᠨ ᠬᠦᠳᠡᠯᠦᠯᠴᠡᠬᠦ᠂ ᠣᠷᠤᠭᠤᠯᠤᠯᠲᠠ ᠥᠭᠴᠡᠭᠡ ᠶᠢᠨ ᠬᠠᠮᠲᠤᠷᠠᠨ ᠬᠥᠳᠡᠯᠦᠯᠴᠡᠬᠦ ᠵᠡᠷᠭᠡ ᠰᠢᠨ᠎ᠡ ᠵᠠᠭᠪᠤᠷ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃ ᠬᠤᠪᠢ ᠪᠠᠷ ᠢᠶᠠᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠴᠤᠭᠯᠠᠭᠤᠯᠬᠤ᠂ ᠡᠭᠦᠨ ᠳᠤ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦ᠂ ᠬᠤᠪᠢ ᠪᠠᠷ ᠢᠶᠠᠨ ᠰᠲ᠋ᠣᠺ ᠤᠨ ᠡᠷᠬᠡ ᠶᠢᠨ ᠰᠠᠭᠤᠷᠢ ᠮᠦᠩᠭᠦ ᠴᠤᠭᠯᠠᠭᠤᠯᠬᠤ ᠵᠡᠷᠭᠡ ᠶᠢ ᠪᠠᠭᠲᠠᠭᠠᠭᠰᠠᠨ ᠳᠡᠭᠡᠲᠦ ᠮᠡᠷᠭᠡᠵᠢᠯ ᠤᠨ ᠬᠦᠷᠢᠶ᠎ᠡ ᠬᠡᠪᠴᠢᠶᠡᠨ ᠤ ᠪᠡᠯᠡ ᠣᠷᠤᠭᠤᠯᠤᠯᠲᠠ ᠶᠢ ᠬᠦᠲᠦᠯᠦᠨ ᠵᠢᠯᠣᠭᠤᠳᠬᠤ ᠬᠡᠷᠡᠭᠲᠡᠢ︔ ᠥᠪᠡᠷ ᠢᠶᠠᠨ ᠡᠵᠡᠨ ᠮᠡᠳᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠲᠠᠢ ᠳᠡᠭᠡᠲᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠵᠣᠷᠢᠬᠵᠢᠭᠤᠯᠵᠤ᠂ ᠰᠲ᠋ᠣᠺ᠂ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠢᠴᠢ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ᠂ ᠣᠯᠠᠨ ᠳᠡᠰ ᠳᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠭ᠎ᠠ ᠶᠢ ᠠᠰᠢᠭᠯᠠᠵᠦ ᠥᠷᠭᠡᠳᠭᠡᠨ ᠬᠦᠭᠵᠢᠭᠦᠯᠬᠦ ᠪᠣᠶᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ ᠬᠡᠷᠡᠭᠲᠡᠢ᠃ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ ᠭᠠᠵᠠᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠵᠢᠭᠦᠯᠦᠨ ᠤᠯᠠᠷᠢᠭᠤᠯᠬᠤ ᠪᠠᠶᠢᠭᠤᠯᠤᠮᠵᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ ᠭᠠᠵᠠᠷ ᠵᠡᠷᠭᠡ ᠠᠵᠢᠯ ᠦᠢᠯᠡᠰ ᠤᠨ ᠨᠢᠭᠡᠴᠡ ᠶᠢ ᠵᠤᠷᠢᠬᠵᠢᠭᠤᠯᠵᠦ ᠲᠦᠯᠦᠪᠦᠷᠢ ᠦᠭᠡᠢ ᠲᠤᠰᠬᠠᠢ ᠠᠰᠢᠭ ᠤᠨ ᠵᠦᠪᠰᠢᠶᠡᠷᠡᠯ ᠤᠨ ᠠᠷᠭ᠎ᠠ ᠮᠠᠶ᠋ᠢᠭ ᠢᠶᠠᠷ ᠳᠠᠮᠵᠢᠵᠤ᠂ ᠨᠢᠭᠡᠴᠡ ᠶᠢᠨ ᠢᠶᠠᠨ ᠠᠵᠢᠯᠲᠠᠨ ᠪᠠ ᠶᠡᠭᠡ ᠰᠤᠷᠭᠠᠭᠤᠯᠢ ᠶᠢᠨ ᠰᠤᠷᠤᠭᠴᠢᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠳᠣᠯᠤᠭ᠎ᠠ︶ ᠬᠤᠪᠣᠷ ᠰᠢᠷᠤᠢ᠂ ᠰᠦ ᠶᠢᠨ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠬᠦ᠂ ᠲᠠᠷᠢᠶᠠᠯᠠᠩ ᠤᠨ ᠮᠠᠰᠢᠨ ᠲᠣᠨᠤᠭ ᠲᠦᠭᠦᠭᠡᠷᠦᠮᠵᠢ ᠦᠢᠯᠡᠳᠬᠦ᠂ ᠡᠯᠡᠰᠦᠨ ᠤ ᠠᠵᠤ ᠦᠢᠯᠡᠰ ᠵᠡᠷᠭᠡ ᠣᠨᠴᠠᠯᠢᠭᠲᠤ ᠬᠦᠷᠢᠶ᠎ᠡ ᠪᠠ ᠤᠯᠤᠰ ᠤᠨ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠲᠣᠰᠬᠠᠢ ᠠᠰᠢᠭ ᠤᠨ ᠬᠦᠲᠦᠯᠬᠦ ᠠᠵᠢᠯ ᠢ ᠦᠷᠨᠢᠭᠦᠯᠬᠦ ᠬᠡᠷᠡᠭᠲᠡᠢ᠃ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭᠠᠯᠠᠯ ᠳᠤ ᠲᠦᠰᠢᠭᠯᠡᠵᠦ᠂ ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠬᠠᠮᠢᠶ᠎ᠠ ᠪᠦᠬᠦᠢ ᠲᠤᠰᠬᠠᠢ ᠠᠰᠢᠭ ᠤᠨ ᠮᠡᠷᠭᠡᠵᠢᠯ ᠢᠶᠠᠷ ᠬᠤᠯᠪᠣᠭᠠᠰᠤ ᠪᠣᠯᠭᠠᠵᠤ ᠲᠣᠰᠬᠠᠢ ᠠᠰᠢᠭ ᠤᠨ ᠬᠤᠯᠪᠣᠭᠠᠯᠠᠯ ᠪᠠᠶᠢᠭᠤᠯᠵᠤ᠂ ᠲᠤᠰᠬᠠᠢ ᠠᠰᠢᠭ ᠤᠨ ᠬᠠᠮᠵᠢᠯᠴᠠᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠢᠭᠲᠠᠷᠠᠭᠰᠠᠨ ᠬᠡᠯᠪᠡᠷᠢ ᠪᠦᠬᠦᠢ ᠠᠵᠤ ᠦᠢᠯᠡᠰ ᠤᠨ ᠲᠥᠪᠯᠡᠷᠡᠭᠰᠡᠨ ᠣᠷᠣᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠢᠭᠲᠠᠷᠠᠭᠰᠠᠨ ᠬᠡᠯᠪᠡᠷᠢ ᠪᠦᠬᠦᠢ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠤᠷᠰᠢᠨ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠᠨ ᠨᠠᠢᠮᠨ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠮᠡᠯᠲᠡ ᠥᠷᠲᠡᠭ ᠪᠠ ᠤᠯᠠᠨ ᠤᠯᠤᠰ ᠲᠠᠬᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠲᠤᠰᠬᠠᠢ ᠠᠰᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠤᠨᠤᠷᠢᠩ ᠢ ᠬᠡᠷᠡᠭᠵᠢᠭᠦᠯᠵᠦ᠂ ᠨᠢᠭᠡ ᠪᠦᠯᠦᠭ ᠭᠤᠣᠯᠯᠠᠬᠤ ᠲᠤᠰᠬᠠᠢ ᠠᠰᠢᠭ ᠢ ᠪᠤᠶᠢᠵᠢᠭᠤᠯᠬᠤ ᠬᠡᠷᠡᠭᠲᠡᠢ᠃ ᠲᠠᠸᠠᠷ ᠤᠨ ᠲᠡᠮᠳᠡᠭ ᠢᠶᠠᠷ ᠲᠠᠷᠢᠶᠠᠴᠢᠳ ᠢ ᠪᠠᠶᠠᠵᠢᠭᠤᠯᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠪᠣᠳᠠᠰ ᠤᠨ ᠪᠣᠰᠤ ᠰᠣᠶᠣᠯ ᠤᠨ ᠥᠪ᠂ ᠠᠷᠠᠳ ᠤᠨ ᠤᠳᠬ᠎ᠠ ᠤᠷᠠᠯᠢᠭ᠂ ᠤᠯᠠᠮᠵᠢᠯᠠᠯᠲᠤ ᠮᠡᠳᠡᠯᠭᠡ ᠶᠢᠨ ᠨᠡᠬᠡᠭᠡᠨ ᠠᠰᠢᠭᠯᠠᠬᠤ ᠶᠢ ᠴᠢᠩᠭᠠᠳᠬᠠᠵᠤ᠂ ᠰᠣᠶᠣᠯ ᠤᠨ ᠪᠦᠲᠦᠭᠡᠯᠴᠢ ᠲᠦᠰᠦᠪᠯᠡᠯ᠂ ᠵᠢᠷᠤᠭ ᠲᠦᠯᠦᠪᠯᠡᠭᠡᠨ ᠤ ᠦᠢᠯᠡᠴᠢᠯᠡᠭᠡ ᠶᠢ ᠬᠠᠮᠢᠶ᠎ᠠ ᠪᠦᠬᠦᠢ ᠠᠵᠤ ᠦᠢᠯᠡᠰ ᠯᠦᠭᠡ ᠠᠭᠤᠰᠤᠯᠴᠠᠨ ᠬᠦᠭᠵᠢᠭᠦᠯᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠡᠷᠡᠭᠯᠡᠵᠦ ᠭᠠᠳᠠᠭᠠᠳᠤ ᠳᠤ ᠰᠲ᠋ᠣᠺ ᠤᠨ ᠡᠷᠬᠡ ᠶᠢᠨ ᠪᠡᠯᠡ ᠣᠷᠤᠭᠤᠯᠤᠯᠲᠠ ᠬᠢᠬᠦ ᠶᠢ ᠲᠡᠮᠵᠢᠬᠦ ᠬᠡᠷᠡᠭᠲᠡᠢ᠃ ᠣᠯᠠᠨ ᠤᠯᠤᠰ ᠤᠨ ᠪᠠᠷᠢᠮᠵᠢᠶ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠰᠢᠨ᠎ᠡ ᠶᠢ ᠡᠭᠦᠳᠬᠦ ᠮᠡᠷᠭᠡᠵᠢᠯ ᠢᠶᠠᠷ ᠪᠠᠷᠢᠮᠵᠢᠶ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ ᠰᠣᠳᠣᠯᠣᠯ ᠤᠨ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠲᠦ ᠲᠦᠷᠦᠯ ᠲᠡᠮᠳᠡᠭᠲᠦ ᠶᠢᠨ ᠦᠨᠡᠯᠡᠯᠲᠡ ᠶᠢᠨ ᠣᠯᠠᠨ ᠤᠯᠤᠰ ᠤᠨ ᠪᠠᠷᠢᠮᠵᠢᠶ᠎ᠠ ᠲᠣᠭᠲᠠᠭᠠᠬᠤ ᠶᠢ ᠳᠡᠮᠵᠢᠵᠦ᠂ ᠨᠡᠷᠡᠲᠦ ᠲᠦᠷᠦᠯ ᠲᠡᠮᠳᠡᠭᠲᠦ ᠶᠢᠨ ᠦᠨ᠎ᠡ ᠦᠷᠲᠡᠭ ᠤᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠡᠵᠡᠨ ᠮᠡᠳᠡᠭᠰᠡᠨ ᠥᠮᠴᠢᠯᠡᠬᠦ ᠡᠷᠬᠡ ᠲᠠᠢ ᠨᠡᠷᠡᠲᠦ ᠲᠦᠷᠦᠯ ᠲᠡᠮᠳᠡᠭᠲᠦ ᠦᠢᠯᠡᠳᠬᠦᠨ ᠪᠠ ᠨᠡᠷᠡᠲᠦ ᠲᠥᠷᠥᠯ ᠲᠡᠮᠳᠡᠭᠲᠦ ᠠᠵᠤ ᠠᠬᠤᠶᠢᠯᠠᠯ ᠤᠳ ᠢ ᠲᠦᠷᠭᠡᠳᠭᠡᠨ ᠪᠤᠶᠢᠵᠢᠭᠤᠯᠵᠤ᠂ ᠦᠢᠯᠡᠳᠬᠦᠨ ᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠨᠡᠷᠡᠲᠦ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠰᠢᠰᠲ᠋ᠧᠮᠵᠢ ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠳ ᠭᠠᠳᠠᠭᠠᠳᠤ ᠶᠢᠨ ᠠᠯᠳᠠᠷᠲᠤ ᠲᠥᠷᠥᠯ ᠲᠡᠮᠳᠡᠭᠲᠦ ᠶᠢ ᠬᠤᠳᠠᠯᠳᠤᠨ ᠠᠪᠬᠤ ᠶᠢ ᠵᠣᠷᠢᠬᠵᠢᠭᠤᠯᠬᠤ ᠬᠡᠷᠡᠭᠲᠡᠢ᠃ ᠳᠤᠮᠳᠠᠲᠤ ᠶᠢᠨ ᠬᠠᠭᠤᠴᠢᠨ ᠨᠡᠷᠡᠲᠦ ᠲᠡᠮᠳᠡᠭ ᠢ ᠬᠠᠮᠠᠭᠠᠯᠠᠬᠤ ᠪᠠ ᠤᠯᠠᠮᠵᠢᠯᠠᠵᠤ᠂ ᠮᠠᠨ ᠤ ᠣᠷᠣᠨ ᠤ ᠮᠣᠩᠭᠤᠯ ᠡᠮ ᠡᠮᠨᠡᠯᠭᠡ᠂ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠢᠳᠡᠭᠡᠨ ᠤᠮᠳᠠᠭᠠᠨ᠂ ᠭᠠᠷ ᠤᠷᠠᠯᠠᠯ ᠵᠡᠷᠭᠡ ᠠᠵᠤ ᠠᠬᠤᠶᠢᠯᠠᠯ ᠤᠨ ᠤᠯᠠᠮᠵᠢᠯᠠᠬᠤ᠂ ᠰᠣᠳᠤᠯᠬᠤ ᠪᠠ ᠰᠢᠨ᠎ᠡ ᠶᠢ ᠡᠭᠦᠳᠬᠦ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠳ ᠤᠨ ︽ᠭᠠᠷᠴᠤ ᠶᠠᠪᠤᠬᠤ︾᠎ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠥᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠠᠷᠪᠠ ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠨᠡᠬᠡᠭᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠲᠤᠰᠬᠠᠢ ᠠᠰᠢᠭ ᠤᠨ ᠳ᠋ᠠᠶᠢᠲ᠋ᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠬᠡᠭᠡᠨ ᠬᠠᠮᠳᠤᠪᠠᠷ ᠬᠦᠷᠲᠡᠯᠴᠡᠬᠦ ᠶᠢ ᠠᠬᠢᠭᠤᠯᠵᠤ᠂ ᠲᠤᠮᠦ ᠳ᠋ᠠᠶᠢᠲ᠋ᠠ ᠶᠢᠨ ᠬᠡᠷᠡᠭᠯᠡᠭᠡᠨ ᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠵᠤᠭᠤᠰ ᠢᠶᠠᠷ ᠲᠤᠰᠠᠯᠠᠬᠤ ᠲᠥᠷᠥᠯ ᠵᠦᠢᠯ ᠢᠶᠠᠷ ᠪᠣᠢ ᠪᠣᠯᠣᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠨᠡᠶᠢᠲᠡᠯᠡᠬᠦ ᠳᠥᠷᠢᠮ ᠢ ᠪᠠᠶᠢᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠴᠤᠭᠯᠠᠭᠤᠯᠬᠤ ᠳᠡᠰ ᠳᠠᠷᠠᠭᠠᠯᠠᠯ ᠪᠠ ᠠᠭᠤᠯᠭ᠎ᠠ ᠶᠢ ᠵᠢᠷᠤᠮᠵᠢᠭᠤᠯᠬᠤ ᠬᠡᠷᠡᠭᠲᠡᠢ᠃ ᠬᠠᠷᠢᠯᠴᠠᠨ ᠬᠤᠯᠪᠣᠭᠠᠯᠠᠨ ᠨᠡᠪᠲᠡᠷᠡᠯᠴᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠭᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠣᠷ ᠴᠢᠬ ᠢ ᠨᠡᠮᠡᠭᠳᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠪᠠ ᠠᠵᠤ ᠠᠬᠤᠶᠢᠯᠠᠯ ᠤᠨ ᠲᠤᠰᠬᠠᠢ ᠠᠰᠢᠭ ᠤᠨ ᠳ᠋ᠠᠶᠢᠲ᠋ᠠ ᠬᠦᠮᠦᠷᠭᠡ ᠪᠠ ᠲᠠᠸᠠᠷ ᠤᠨ ᠲᠡᠮᠳᠡᠭ ᠤᠨ ᠳ᠋ᠠᠶᠢᠲ᠋ᠠ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠪᠠᠶᠢᠭᠤᠯᠤᠮᠵᠢ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠨᠠᠷᠢᠯᠢᠬ ᠪᠣᠯᠪᠠᠰᠤᠷᠠᠭᠤᠯᠬᠤ ᠶᠢ ᠠᠬᠢᠭᠤᠯᠵᠤ᠂ ᠲᠤᠰᠠᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ᠲᠠᠪᠤ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠴᠠᠩᠭᠤᠢ ᠬᠦᠭᠵᠢᠯᠲᠡ ᠪᠠ ᠭᠠᠳᠠᠭᠠᠳᠤ ᠯᠤᠭ᠎ᠠ ᠶᠢᠨ ᠬᠠᠮᠳᠤᠷᠠᠯᠴᠠᠭ᠎ᠠ ᠶᠢ ᠠᠬᠢᠭᠤᠯᠬᠤ ᠬᠡᠷᠡᠭᠲᠡᠢ      ︵ᠬᠤᠷᠢ︶ ᠬᠦᠬᠡᠬᠤᠲᠠ ᠪᠣᠭᠤᠳᠤ ᠣᠷᠳᠣᠰ ᠲᠠᠬᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠣᠢ ᠪᠣᠯᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠪᠠᠷ ᠲᠡᠮᠵᠢᠬᠦ ᠡᠷᠴᠢᠮ ᠢ ᠴᠢᠩᠭᠠᠷᠠᠭᠤᠯᠵᠦ᠂ ᠬᠦᠬᠡᠬᠤᠲᠠ ᠪᠣᠭᠤᠳᠤ ᠣᠷᠳᠣᠰ ᠢ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠡᠷᠡᠭᠯᠡᠬᠦ ᠶᠢᠨ ᠬᠤᠰᠢᠭᠤᠴᠢ ᠣᠷᠣᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠱᠢᠶ᠎ᠠ ᠦᠵᠡᠭᠦᠯᠬᠦ ᠣᠷᠣᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠢᠳᠡᠭ ᠦᠢᠯᠡᠴᠢᠯᠡᠭᠡᠨ ᠤ ᠬᠦᠲᠦᠯᠦᠨ ᠳᠠᠭᠠᠭᠤᠯᠬᠤ ᠣᠷᠣᠨ ᠪᠣᠯᠭᠠᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠨ ᠵᠦᠢᠯ ᠨᠡᠩ ᠬᠦᠭᠵᠢᠭᠡᠨᠲᠡᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢᠭᠲᠠᠷᠠᠭᠰᠠᠨ ᠬᠡᠯᠪᠡᠷᠢ ᠪᠦᠬᠦᠢ ᠠᠵᠤ ᠠᠬᠤᠶᠢᠯᠠᠯ ᠤᠳ ᠪᠦᠬᠦ ᠲᠠᠯ᠎ᠠ ᠪᠠᠷ ᠬᠦᠭᠵᠢᠭᠰᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠨᠡᠩ ᠲᠦᠪᠯᠡᠷᠡᠭᠰᠡᠨ ᠪᠠᠶᠢᠢᠵᠦ᠂ ᠪᠦᠬᠦ ᠣᠷᠣᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ ᠪᠠ ᠬᠠᠮᠢᠶᠠᠷᠬᠤ ᠲᠠᠯ᠎ᠠ ᠪᠠᠷ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠬᠦᠬᠡᠬᠤᠲᠠ ᠪᠣᠭᠤᠳᠤ ᠣᠷᠳᠣᠰ ᠤᠨ ᠵᠢᠱᠢᠶ᠎ᠡ ᠦᠵᠡᠭᠦᠯᠬᠦ ᠣᠷᠣᠨ ᠢ ᠳᠠᠮᠵᠢᠵᠦ ᠪᠠᠶᠢᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠢᠨᠢ ᠪᠦᠬᠦ ᠣᠷᠣᠨ ᠳᠠᠬᠢ ᠡᠵᠡᠯᠡᠬᠦ ᠬᠤᠪᠢ ᠶᠢᠨ ᠵᠢᠩ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ 2020 ᠣᠨ ᠪᠣᠯᠲᠠᠯ᠎ᠠ ᠬᠦᠬᠡᠬᠤᠲᠠ ᠪᠣᠭᠤᠳᠤ ᠣᠷᠳᠣᠰ ᠭᠤᠷᠪᠠᠨ ᠬᠤᠲᠠ ᠶᠢᠨ ᠲᠤᠰᠬᠠᠢ ᠠᠰᠢᠭ ᠤᠨ ᠭᠤᠶᠤᠴᠢᠯᠠᠯ ᠤᠨ ᠬᠡᠮᠵᠢᠶ᠎ᠡ ᠶᠢ ᠲᠤᠰ ᠲᠤᠰ ᠪᠦᠬᠦ ᠣᠷᠣᠨ ᠤ 25%᠂ 27% ᠪᠠ 13%᠎ ᠠᠴᠠ ᠳᠡᠭᠡᠭᠰᠢ ᠡᠵᠡᠯᠡᠭᠦᠯᠬᠦ ᠪᠠᠷ ᠴᠢᠷᠮᠠᠶᠢᠵᠤ᠂ ᠲᠦᠮᠡᠨ ᠬᠦᠮᠦᠨ ᠠᠮᠠ ᠨᠢᠭᠡᠪᠦᠷᠢ ᠶᠢᠨ ᠲᠤᠰᠬᠠᠢ ᠠᠰᠢᠭ ᠡᠭᠦᠳᠦᠨ ᠪᠦᠲᠦᠭᠡᠬᠦ ᠬᠡᠮᠵᠢᠶ᠎ᠡ ᠶᠢ ᠲᠤᠰ ᠲᠤᠰ 10᠂ 6.6 ᠪᠣᠯᠣᠨ 3.5 ᠵᠦᠢᠯ ᠠᠴᠠ ᠳᠡᠭᠡᠭᠰᠢ ᠳᠤ ᠬᠦᠷᠦᠭᠦᠯᠵᠦ᠂ ᠲᠠᠸᠠᠷ ᠤᠨ ᠲᠡᠮᠳᠡᠭ ᠤᠨ ᠳᠠᠩᠰᠠᠯᠠᠭᠤᠯᠬᠤ ᠬᠡᠮᠵᠢᠶ᠎ᠡ ᠶᠢ ᠲᠤᠰ ᠲᠤᠰ 32000᠂ 17000 ᠪᠣᠯᠣᠨ 19000 ᠵᠦᠢᠯ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠬᠤᠷᠢᠨ ᠨᠢᠭᠡ︶ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠠᠳᠠᠯᠢ ᠪᠣᠰᠤ ᠭᠠᠵᠠᠷ ᠣᠷᠣᠨ ᠤ ᠬᠦᠭᠵᠢᠯᠲᠡ ᠶᠢᠨ ᠣᠨᠴᠠᠯᠢᠭ ᠲᠤ ᠬᠠᠨᠳᠤᠭᠤᠯᠵᠤ᠂ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠭᠵᠢᠯᠲᠡ ᠶᠢᠨ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠵᠤ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠬᠥᠬᠡᠬᠤᠲᠠ᠂ ᠪᠣᠭᠤᠳᠤ ᠬᠤᠲᠠ᠂ ᠤᠯᠠᠭᠠᠠᠬᠠᠳᠠ ᠬᠤᠲᠠ᠂ ᠣᠷᠳᠣᠰ ᠬᠤᠲᠠ ᠶᠢ ᠳᠠᠮᠵᠢᠵᠦ ᠪᠠᠶᠢᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠵᠦ ᠪᠦᠲᠦᠭᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠵᠦ ᠦᠢᠯᠡᠳᠪᠦᠷᠢᠯᠡᠨ ᠭᠠᠷᠭᠠᠬᠤ ᠬᠠᠷᠢᠴᠠᠯ ᠢ ᠨᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠪᠴᠢᠶ᠎ᠡ ᠶᠢ ᠦᠷᠭᠡᠳᠭᠡᠵᠦ᠂ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠠᠵᠤ ᠠᠬᠤᠢ ᠶᠢᠨ ᠬᠦᠭᠵᠢᠯᠲᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠦᠲᠦᠮᠵᠢᠲᠡᠢ ᠲᠤᠯᠭᠠᠭᠤᠷᠢᠯᠠᠯ ᠪᠣᠯᠭᠠᠬᠤ ᠬᠡᠷᠡᠭᠲᠡᠢ᠃ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠦᠬᠠᠢ ᠬᠤᠲᠠ ᠶᠢ ᠳᠠᠮᠵᠢᠵᠦ ᠪᠠᠶᠢᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠥᠷᠢᠮ ᠢ ᠠᠰᠢᠭᠯᠠᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠴᠢᠳᠠᠪᠤᠷᠢ ᠶᠢ ᠨᠢ ᠲᠦᠷᠭᠡᠳᠭᠡᠨ ᠳᠡᠭᠡᠭᠰᠢᠯᠡᠭᠦᠯᠵᠦ᠂ ᠳᠠᠪᠠᠭᠤᠯᠢᠭ ᠬᠦᠷᠢᠶᠡᠨ ᠳᠤ ᠡᠵᠡᠨ ᠮᠡᠳᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠪᠠ ᠬᠡᠷᠡᠭᠯᠡᠬᠦ ᠲᠠᠯ᠎ᠠ ᠳᠤ ᠰᠢᠪᠳᠤᠯᠤᠯᠲᠠ ᠲᠠᠢ ᠪᠣᠯᠬᠤ ᠬᠡᠷᠡᠭᠲᠡᠢ᠃ ᠬᠥᠯᠦᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠠᠯᠠᠱᠠ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ ᠪᠠ ᠬᠠᠮᠠᠭᠠᠯᠠᠬᠤ ᠲᠠᠯ᠎ᠠ ᠪᠠᠷ ᠲᠦᠷᠭᠡᠨ ᠳᠠᠪᠰᠢᠯᠲᠠ ᠲᠠᠢ ᠪᠤᠯᠬᠤ ᠬᠡᠷᠡᠭᠲᠡᠢ᠃ ︵ᠡᠯ᠎ᠡ ᠬᠤᠯᠪᠤᠬᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠬᠤᠷᠢᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠵᠢᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠬᠡᠷᠡᠭᠵᠢᠭᠦᠯᠵᠦ ᠪᠦᠬᠦᠢ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠣᠯᠭᠠᠲᠤ ᠲᠥᠯᠥᠪᠵᠢᠭᠦᠯᠭᠡ᠂ ᠪᠡᠭᠡᠵᠢᠩ ᠲᠢᠶᠠᠨᠵᠢᠨ ᠾᠧᠪᠸᠢ ᠶᠢᠨ ᠵᠣᠬᠢᠴᠠᠭᠤᠯᠤᠨ ᠬᠦᠭᠵᠢᠭᠦᠯᠬᠦ ᠪᠠ ᠬᠥᠬᠡ ᠮᠦᠷᠡᠨ ᠤ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠠᠰᠢᠭᠯᠠᠵᠤ᠂ ᠳᠤᠮᠳᠠᠲᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠪᠠᠷ ᠲᠤᠬᠢᠷᠠᠯ ᠪᠣᠯᠭᠠᠵᠤ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠲᠤ ᠤᠯᠤᠰ — ᠮᠣᠩᠭᠤᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠣᠷᠣᠰ᠂ ᠮᠣᠩᠭᠤᠯ ᠤᠯᠤᠰ ᠵᠢᠴᠢ ᠵᠡᠭᠦᠨ ᠤᠮᠠᠷᠠᠲᠤ ᠠᠽᠢᠶ᠎ᠠ ᠶᠢᠨ ᠭᠠᠵᠠᠷ ᠣᠷᠣᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠶᠢ ᠦᠷᠨᠢᠭᠦᠯᠵᠦ᠂ ᠭᠠᠳᠠᠭᠠᠳᠤ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠤᠨ ᠲᠢᠩᠬᠢᠮ᠂ ᠬᠦᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ      ︵ᠬᠤᠷᠢᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠳᠣᠪᠤᠶᠢᠮ᠎ᠡ ᠪᠠᠶᠢᠷᠢᠨ ᠳᠤ ᠲᠠᠯᠪᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠠᠰᠠᠭᠤᠳᠠᠯ ᠤᠳ ᠢ ᠬᠢᠨᠠᠮᠠᠭᠠᠢ ᠰᠣᠳᠣᠯᠣᠨ᠂ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠡᠮᠬᠢ ᠵᠢᠷᠦᠮ ᠲᠠᠢ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠲᠢᠩᠬᠢᠮ ᠤᠨ ᠬᠤᠭᠤᠷᠣᠨᠳᠤᠬᠢ ᠬᠠᠮᠲᠤᠷᠠᠭᠰᠠᠨ ᠬᠤᠷᠠᠯᠳᠤᠭᠠᠨ ᠤ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠬᠤᠷᠢᠨ ᠳᠥᠷᠪᠡ︶ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠮᠴᠢᠯᠡᠨ ᠡᠷᠬᠡᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠢᠯᠡᠰᠵᠢᠭᠦᠯᠬᠦ ᠶᠢ ᠬᠦᠲᠦᠯᠦᠨ ᠵᠢᠯᠣᠭᠤᠳᠬᠤ ᠪᠠ ᠠᠬᠢᠭᠤᠯᠬᠤ ᠬᠡᠷᠡᠭᠲᠡᠢ᠃ ᠰᠣᠳᠣᠯᠤᠨ ᠨᠡᠭᠡᠭᠡᠬᠦ ᠵᠠᠷᠤᠳᠠᠯ ᠤᠨ ᠭᠠᠶᠢᠯᠢ ᠲᠠᠲᠠᠪᠦᠷᠢᠯᠠᠬᠤ ᠠᠴᠠ ᠡᠮᠦᠨ᠎ᠡ ᠨᠡᠮᠡᠵᠤ ᠪᠤᠳᠤᠬᠤ ᠪᠠ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠷᠤᠳᠠᠯ ᠳᠤ ᠲᠣᠭᠲᠠᠭᠠᠯ ᠶᠣᠰᠤᠭᠠᠷ ᠨᠡᠮᠡᠵᠦ ᠪᠤᠳᠤᠬᠤ ᠪᠠ ᠰᠠᠭᠤᠯᠭᠠᠨ ᠠᠪᠬᠤ ᠶᠢ ᠬᠡᠷᠡᠭᠵᠢᠭᠦᠯᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠭᠠᠲᠦ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢᠨ ᠲᠦᠯᠦᠪᠦᠷᠢ ᠶᠢᠨ ᠰᠠᠭᠤᠷᠢ ᠮᠥᠩᠭᠦ ᠪᠠ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠠᠨ ᠤ ᠰᠠᠭᠤᠷᠢ ᠮᠥᠩᠭᠦ ᠶᠢ ᠰᠣᠳᠣᠯᠣᠨ ᠪᠠᠶᠢᠭᠤᠯᠬᠤ ᠬᠡᠷᠡᠭᠲᠡᠢ᠃ ᠣᠯᠠᠨ ᠵᠠᠮ ᠮᠦᠷ ᠲᠠᠢ᠂ ᠣᠯᠠᠨ ᠡᠰᠢᠵᠢᠭᠰᠡᠨ ᠣᠷᠤᠭᠤᠯᠤᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠣᠷᠤᠭᠤᠯᠤᠯᠲᠠ ᠶᠢ ᠨᠡᠮᠡᠭᠳᠡᠭᠦᠯᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠬᠤᠷᠢᠨ ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠰᠬᠠᠢ ᠴᠢᠳᠠᠪᠦᠷᠢᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠡᠭᠡᠲᠥ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ ᠦᠢᠯᠡᠳᠪᠦᠷᠢᠯᠡᠯ ᠰᠤᠷᠭᠠᠭᠤᠯᠢ ᠰᠣᠳᠤᠯᠤᠯ ᠬᠤᠯᠪᠣᠭᠠᠯᠠᠨ ᠬᠦᠮᠦᠵᠢᠭᠦᠯᠬᠦ ᠵᠠᠭᠪᠤᠷ ᠢ ᠲᠡᠭᠦᠯᠳᠡᠷᠵᠢᠭᠦᠯᠵᠦ᠂ ᠰᠤᠷᠭᠠᠨ ᠬᠥᠮᠥᠵᠢᠯ ᠤᠨ ᠶᠠᠮᠤᠨ ᠤ ︽ᠡᠩ ᠤᠨ ᠳᠡᠭᠡᠲᠥ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ︾᠎ ᠤᠨ ᠱᠠᠭᠠᠷᠳᠠᠯᠭ᠎ᠠ ᠶᠣᠰᠤᠭᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠰᠬᠠᠢ ᠮᠡᠷᠭᠡᠵᠢᠯ ᠨᠡᠮᠡᠵᠤ ᠪᠠᠶᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠰᠤᠷᠭᠠᠨ ᠬᠦᠮᠦᠵᠢᠯ ᠢ ᠴᠢᠩᠭᠠᠳᠬᠠᠬᠤ ᠬᠡᠷᠡᠭᠲᠡᠢ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠡᠭᠡᠲᠥ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ᠂ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠳᠡᠭᠡᠲᠥ ᠦᠵᠦᠭᠦᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠡᠨ ᠣᠷᠤᠭᠤᠯᠬᠤ ᠶᠢ ᠵᠣᠷᠢᠬᠵᠢᠭᠤᠯᠬᠤ ᠶᠢᠨ ᠬᠠᠮᠳᠤ᠂ ᠴᠢᠳᠠᠪᠤᠷᠢᠲᠠᠨ ᠢ ᠲᠠᠲᠠᠨ ᠣᠷᠤᠭᠤᠯᠬᠤ ᠬᠤᠯᠪᠣᠭᠳᠠᠯ ᠪᠦᠬᠦᠢ ᠲᠥᠯᠥᠪᠯᠡᠭᠡ ᠪᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠣᠯᠭᠤᠮᠵᠢ ᠥᠭᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠮᠡᠷᠭᠡᠵᠢᠯ ᠤᠨ ᠬᠢᠷᠢ ᠬᠡᠮᠵᠢᠶ᠎ᠡ ᠶᠢ ᠥᠨᠡᠯᠡᠬᠦ ᠳᠥᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠲᠣᠭᠲᠠᠭᠤᠨ ᠪᠠᠶᠢᠯᠭᠠᠬᠤ ᠪᠠ ᠪᠣᠵᠠᠭᠠᠶᠢᠷᠠᠭᠤᠯᠬᠤ ᠬᠡᠷᠡᠭᠲᠡᠢ᠃ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠠᠬᠢ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠭᠦᠢᠴᠡᠳᠭᠡᠯ ᠲᠤᠭ᠎ᠠ ᠶᠢᠨ ᠴᠢᠬᠤᠯᠴᠢᠯᠠᠬᠳᠠᠬᠤ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠬᠤᠷᠢᠨ ᠵᠢᠷᠭᠤᠭ᠎ᠠ︶ ᠤᠬᠠᠭᠤᠯᠵᠦ ᠬᠦᠲᠦᠯᠦᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠡᠮᠡᠯᠵᠢᠭᠦᠯᠬᠦ ᠬᠡᠯᠪᠡᠷᠢ ᠪᠦᠬᠦᠢ ᠰᠤᠷᠭᠠᠨ ᠬᠦᠮᠦᠵᠢᠯ ᠢ ᠥᠷᠭᠡᠨ ᠳᠡᠯᠭᠡᠷ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠯᠠᠪᠯᠠᠯᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠮᠡᠳᠡᠯᠭᠡ ᠶᠢ ᠬᠦᠨᠳᠦᠳᠭᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠠᠢ ᠪᠠᠷ ᠬᠠᠤᠯᠢ ᠰᠠᠬᠢᠬᠤ ᠣᠨᠣᠯᠵᠢᠬᠤᠨ ᠢ ᠬᠦᠮᠥᠰ ᠤᠨ ᠰᠡᠳᠭᠢᠯ ᠳᠤ ᠭᠦᠨ ᠰᠠᠭᠤᠭᠳᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠥᠷᠭᠡᠳᠭᠡᠬᠦ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ]᠂ ᠰᠤᠷᠭᠠᠨ ᠬᠦᠮᠦᠵᠢᠯ ᠤᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map