ᠵᠦᠢ ᠶᠤᠰᠤᠨ ᠤ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/6/22
                             ᠥᠪᠥᠷ ᠵᠠᠰᠠᠭ ᠲᠠᠷᠬᠠᠭᠠᠭᠰᠠᠨ ﹇2017﹈ 22 ᠳ᠋ᠤᠭᠠᠷ ᠲᠤᠭᠠᠳᠤ                                                    2 ᠳ᠋ᠤᠭᠠᠷ ᠰᠠᠷ᠎ᠠ ᠶᠢᠨ 16᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠳᠤᠮᠳᠠᠲᠤ ᠤᠯᠤᠰ ᠤᠨ ᠠᠷᠠᠳ ᠤᠨ ᠪᠠᠩᠬᠢ ᠵᠡᠷᠭᠡ ᠳᠣᠯᠣᠭᠠᠨ ᠶᠠᠮᠤᠨ ᠵᠦᠪᠯᠡᠯ ᠤᠨ ︽ᠵᠦᠢ ᠶᠤᠰᠤᠨ ᠤ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠲᠤᠬᠠᠢ ᠵᠢᠯᠣᠭᠤᠳᠬᠤ ᠰᠠᠨᠠᠯ︾ ︵ᠪᠠᠩᠬᠢ ᠲᠠᠷᠬᠠᠭᠠᠭᠰᠠᠨ ﹇2016﹈ 228 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠴᠡᠪᠡᠷ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠢᠳᠡᠪᠬᠢᠲᠡᠢ ᠴᠣᠭᠴᠠᠯᠠᠨ ᠪᠠᠶᠢᠭᠤᠯᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠴᠦ᠂ ᠪᠣᠬᠢᠷᠳᠦᠯ ᠦᠭᠡᠢ ᠠᠵᠤ ᠦᠢᠯᠡᠰ ᠤᠨ ᠬᠦᠭᠵᠢᠯᠲᠡ ᠶᠢ ᠳᠡᠮᠵᠢᠵᠦ᠂ ᠪᠣᠬᠢᠷᠳᠦᠯ ᠦᠭᠡᠢ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠴᠢᠬᠤᠯᠠ ᠠᠴᠢ ᠬᠤᠯᠪᠣᠭᠳᠠᠯ᠂ ᠵᠢᠯᠣᠭᠤᠳᠬᠤ ᠦᠵᠡᠯ ᠰᠠᠨᠠᠭ᠎ᠠ ᠪᠠ ᠬᠦᠭᠵᠢᠯᠲᠡ ᠶᠢᠨ ᠬᠠᠷᠠᠯᠲᠠ      ︵ᠨᠢᠭᠡ︶ ᠴᠢᠬᠤᠯᠠ ᠠᠴᠢ ᠬᠤᠯᠪᠣᠭᠳᠠᠯ᠃ ᠵᠦᠢ ᠶᠤᠰᠤᠨ ᠤ ᠮᠦᠩᠭᠦᠨ ᠭᠦᠢᠯᠭᠡᠭᠡᠨ ᠪᠣᠯ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠡᠮᠵᠢᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠡᠬᠢ ᠪᠠᠶᠠᠯᠢᠭ ᠢ ᠭᠠᠮᠨᠠᠨ ᠠᠷᠪᠢᠯᠠᠵᠤ ᠦᠨᠳᠦᠷ ᠪᠦᠲᠦᠮᠵᠢᠲᠡᠢ ᠪᠠᠷ ᠠᠰᠢᠭᠯᠠᠬᠤ ᠠᠵᠤ ᠠᠬᠤᠢ ᠶᠢᠨ ᠠᠵᠢᠯᠯᠠᠭ᠎ᠠ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠢ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠠᠭ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠪᠠ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢᠨ ᠵᠠᠩᠭᠢᠯᠠᠭ᠎ᠠ ᠶᠢᠨ ᠴᠠᠭ ᠬᠤᠭᠤᠴᠠᠭᠠᠨ ᠳᠤ ᠪᠠᠶᠢᠵᠤ᠂ ᠪᠣᠬᠢᠷᠳᠦᠯ ᠦᠭᠡᠢ ᠠᠵᠤ ᠦᠢᠯᠡᠰ ᠤᠨ ᠬᠦᠭᠵᠢᠯᠲᠡ ᠪᠠ ᠤᠯᠠᠮᠵᠢᠯᠠᠯᠲᠤ ᠠᠵᠤ ᠦᠢᠯᠡᠰ ᠤᠨ ᠪᠣᠬᠢᠷᠳᠦᠯ ᠦᠭᠡᠢ ᠥᠭᠡᠷᠡᠴᠢᠯᠠᠨ ᠰᠠᠶᠢᠵᠢᠷᠠᠭᠤᠯᠬᠤ ᠨᠢ ᠮᠦᠩᠭᠦᠨ ᠭᠦᠢᠯᠭᠡᠭᠡᠨ ᠳᠠᠬᠢ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠴᠢᠩᠭᠠᠷᠠᠵᠤ ᠪᠠᠶᠢᠨ᠎ᠠ᠃ ᠵᠦᠢ ᠶᠤᠰᠤᠨ ᠤ ᠮᠦᠩᠭᠦᠨ ᠭᠦᠢᠯᠭᠡᠭᠡᠨ ᠢ ᠬᠦᠭᠵᠢᠭᠦᠯᠬᠦ ᠪᠣᠯ ᠬᠦᠴᠦᠨ ᠵᠦᠢᠯ ᠤᠨ ᠡᠬᠢ ᠪᠠᠶᠠᠯᠢᠭ ᠢ ᠪᠦᠲᠦᠮᠵᠢᠲᠡᠢ ᠬᠦᠲᠦᠯᠦᠨ ᠵᠢᠯᠣᠭᠤᠳᠴᠦ ᠪᠠᠶᠢᠭᠠᠳ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠲᠡᠰᠢ ᠵᠦᠢ ᠵᠣᠬᠢᠰᠲᠠᠢ ᠪᠠᠷ ᠲᠣᠬᠢᠷᠠᠭᠤᠯᠬᠤ ᠪᠠ ᠡᠷᠴᠢᠮᠵᠢᠭᠦᠯᠦᠨ ᠬᠡᠷᠡᠭᠯᠡᠬᠦ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠦᠷᠭᠦᠯᠵᠢᠯᠡᠨ ᠬᠦᠭᠵᠢᠬᠦ ᠶᠢ ᠪᠡᠶᠡᠯᠡᠭᠦᠯᠬᠦ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠣᠯᠣᠨ᠎ᠠ᠂ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢ ᠬᠦᠲᠦᠯᠦᠨ ᠵᠢᠯᠣᠭᠤᠳᠬᠤ ᠰᠢᠨ᠎ᠡ ᠬᠠᠨᠳᠤᠰᠢ᠂ ᠰᠢᠨ᠎ᠡ ᠴᠠᠭ ᠦᠶ᠎ᠡ ᠶᠢᠨ ᠪᠦᠲᠦᠮᠵᠢᠲᠠᠢ ᠠᠷᠭ᠎ᠠ ᠵᠠᠮ ᠪᠣᠯᠣᠨ᠎ᠠ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠬᠦ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠰᠤᠩᠭᠤᠯᠲᠠ ᠪᠣᠯᠣᠨ᠎ᠠ᠃      ︵ᠬᠤᠶᠠᠷ︶ ᠵᠢᠯᠣᠭᠤᠳᠬᠤ ᠦᠵᠡᠯ ᠰᠠᠨᠠᠭ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠳᠦᠯ ᠦᠭᠡᠢ ᠬᠦᠭᠵᠢᠭᠦᠯᠬᠦ ᠣᠨᠣᠯᠵᠢᠬᠤᠨ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠡᠩ ᠲᠡᠷᠢᠭᠦᠨ ᠳᠤ ᠪᠠᠶᠢᠯᠭᠠᠬᠤ ᠣᠨᠣᠯᠵᠢᠬᠤᠨ ᠢ ᠪᠠᠲᠤ ᠪᠣᠬᠢ ᠪᠣᠢ ᠪᠣᠯᠭᠠᠬᠤ ᠪᠠ ᠢᠳᠡᠪᠬᠢᠲᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠪᠣᠬᠢᠷᠳᠦᠯ ᠦᠭᠡᠢ ᠬᠦᠭᠵᠢᠭᠦᠯᠬᠦ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ᠂ ᠬᠠᠷᠠᠯᠲᠠ ᠪᠠ ᠭᠦᠢᠴᠡᠳᠭᠡᠯ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠭᠦ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠨᠴᠠᠯᠢᠭ ᠢ ᠳᠣᠪᠤᠶᠢᠯᠭᠠᠭᠰᠠᠨ ᠴᠡᠪᠡᠷ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠢ ᠬᠦᠭᠵᠢᠭᠦᠯᠬᠦ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠳᠡᠮᠵᠢᠬᠦ᠂ ᠵᠢᠯᠣᠭᠤᠳᠬᠤ᠂ ᠠᠬᠢᠭᠤᠯᠬᠤ ᠪᠠ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠪᠣᠬᠢᠷᠳᠦᠯ ᠦᠭᠡᠢ ᠲᠡᠰᠢ ᠲᠦᠷᠭᠡᠬᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠤᠨ ᠡᠨᠡᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩ ᠲᠠᠢ ᠪᠣᠯᠭᠠᠬᠤ ᠬᠡᠷᠡᠭᠲᠡᠢ᠃      ︵ᠭᠤᠷᠪᠠ︶ ᠬᠦᠭᠵᠢᠯᠲᠡ ᠶᠢᠨ ᠬᠠᠷᠠᠯᠲᠠ᠃ ᠮᠦᠩᠭᠦᠨ ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠮᠦᠩᠭᠦᠨ ᠭᠦᠢᠯᠭᠡᠭᠡᠨ᠂ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠦᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠤᠨ ᠲᠦᠬᠦᠷ ᠳᠡᠮᠵᠢᠯᠭᠡ ᠪᠠᠷ ᠳᠠᠮᠵᠢᠨ᠂ ᠵᠦᠢ ᠶᠤᠰᠤᠨ ᠤ ᠢᠲᠡᠭᠡᠮᠵᠢᠲᠦ ᠵᠢᠭᠡᠯᠡᠯᠭᠡ᠂ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠤᠰᠤᠨ ᠤ ᠬᠦᠭᠵᠢᠭᠦᠯᠦᠯᠲᠡ ᠶᠢᠨ ᠰᠠᠭᠤᠷᠢ ᠮᠦᠩᠭᠦ᠂ ᠵᠦᠢ ᠶᠤᠰᠤᠨ ᠤ ᠳᠠᠭᠠᠳᠬᠠᠯ᠂ ᠵᠦᠢ ᠶᠤᠰᠤᠨ ᠤ ᠮᠦᠩᠭᠦᠨ ᠭᠦᠢᠯᠭᠡᠭᠡᠨ ᠵᠡᠷᠭᠡ ᠣᠯᠠᠨ ᠡᠰᠢᠲᠦ ᠦᠢᠯᠡᠴᠢᠯᠡᠭᠡ᠂ ᠬᠠᠷᠢᠯᠴᠠᠨ ᠨᠦᠬᠦᠪᠦᠷᠢᠯᠡᠭᠰᠡᠨ ᠴᠡᠪᠡᠷ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠨᠡᠶᠢᠭᠡᠮ ᠤᠨ ᠬᠦᠷᠦᠩᠭᠡ ᠶᠢ ᠢᠳᠡᠪᠬᠢᠲᠡᠢ ᠳᠠᠶᠢᠴᠢᠯᠠᠬᠤ ᠪᠠ ᠤᠷᠮᠠᠰᠢᠭᠤᠯᠤᠨ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠵᠤ ᠦᠢᠯᠡᠰ ᠲᠤ ᠣᠷᠤᠯᠴᠠᠭᠤᠯᠵᠤ᠂ ᠡᠨᠧᠷᠬᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠳᠦᠯ ᠢ ᠴᠡᠪᠡᠷᠯᠡᠨ ᠵᠠᠰᠠᠬᠤ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ ᠬᠡᠷᠡᠭᠲᠡᠢ᠃      ᠪᠦᠬᠦ ᠣᠷᠣᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠶᠢᠨ ᠨᠡᠮᠡᠭᠳᠡᠯ ᠤᠨ ᠬᠤᠷᠳᠤᠴᠠ ᠡᠯ᠎ᠡ ᠲᠥᠷᠥᠯ ᠤᠨ ᠵᠢᠭᠡᠯᠡᠯᠭᠡ ᠶᠢᠨ ᠦᠯᠡᠳᠡᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠦᠨᠳᠦᠷ ᠪᠠᠶᠢᠬᠤ ᠮᠦᠷᠲᠡᠭᠡᠨ ᠳᠡᠭᠡᠷ᠎ᠡ ᠵᠢᠯ ᠤᠨ ᠵᠦᠢ ᠶᠤᠰᠤᠨ ᠤ ᠢᠳᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠠᠶᠢᠯᠭᠠᠬᠤ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡᠨ ᠤ ᠰᠢᠨ᠎ᠡ ᠡᠭᠦᠳᠦᠯᠲᠡ ᠶᠢ ᠬᠦᠴᠦᠲᠡᠢ ᠠᠬᠢᠭᠤᠯᠵᠤ᠂ ᠮᠦᠩᠭᠦᠨ ᠭᠦᠢᠯᠭᠡᠭᠡᠨ ᠤ ᠡᠬᠢ ᠪᠠᠶᠠᠯᠢᠭ ᠢ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠡᠨᠧᠷᠬᠢ᠂ ᠠᠮᠢ ᠠᠬᠤᠢ ᠶᠢ ᠦᠩᠭᠡᠵᠢᠭᠦᠯᠦᠨ ᠰᠡᠷᠭᠦᠭᠡᠬᠦ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭ᠎ᠠ᠂ ᠪᠣᠬᠢᠷᠳᠦᠯ ᠦᠭᠡᠢ ᠪᠠᠷᠢᠯᠭ᠎ᠠ ᠵᠡᠷᠭᠡ ᠬᠦᠷᠢᠶ᠎ᠡ ᠴᠠᠷᠠᠭ᠎ᠠ ᠳᠤ ᠪᠦᠲᠦᠮᠵᠢᠲᠡᠢ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠶᠤᠰᠤᠨ ᠤ ᠮᠦᠩᠭᠦᠨ ᠭᠦᠢᠯᠭᠡᠭᠡᠨ ᠤ ᠨᠡᠷᠡᠳᠬᠦᠨ ᠪᠠ ᠲᠥᠷᠥᠯ ᠵᠦᠢᠯ ᠤᠨ ᠲᠤᠭ᠎ᠠ ᠬᠡᠮᠵᠢᠶ᠎ᠠ ᠶᠢ ᠮᠡᠳᠡᠭᠳᠡᠬᠦ᠋ᠢᠴᠡ ᠨᠡᠮᠡᠭᠳᠡᠭᠦᠯᠵᠦ᠂ ᠡᠯ᠎ᠡ ᠲᠥᠷᠥᠯ ᠤᠨ ᠨᠡᠶᠢᠭᠡᠮ ᠤᠨ ᠭᠤᠣᠯ ᠴᠣᠭᠴᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠮᠡᠳᠡᠭᠳᠡᠬᠦ᠋ᠢᠴᠡ ᠴᠢᠩᠭᠠᠷᠠᠭᠤᠯᠵᠤ᠂ ᠪᠣᠬᠢᠷᠳᠦᠯ ᠦᠭᠡᠢ ᠠᠵᠤ ᠦᠢᠯᠡᠰ ᠤᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃      ᠬᠤᠶᠠᠷ᠂ ᠮᠦᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠴᠦ᠂ ᠴᠢᠳᠠᠮᠵᠢ ᠪᠠᠨ ᠬᠠᠷᠢᠯᠴᠠᠨ ᠨᠦᠬᠦᠪᠦᠷᠢᠯᠡᠭᠰᠡᠨ ᠴᠡᠪᠡᠷ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ      ︵ᠨᠢᠭᠡ︶ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢ ᠶᠡᠬᠡᠪᠡᠷ ᠬᠦᠭᠵᠢᠭᠦᠯᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠡᠮᠵᠢᠨ ᠵᠣᠷᠢᠬᠵᠢᠭᠤᠯᠵᠤ ᠪᠠᠶᠢᠭᠠᠳ ᠳᠥᠷᠢᠮ ᠤᠨ ᠴᠣᠪᠣᠷᠠᠯ᠂ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠨᠡᠷᠡᠳᠬᠦᠨ ᠤ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠭᠠᠷᠳᠠᠵᠤ᠂ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠰᠣᠳᠣᠯᠣᠨ ᠪᠠᠶᠢᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥᠯ ᠵᠦᠢᠯ ᠳᠤ ᠢᠲᠡᠭᠡᠮᠵᠢᠲᠦ ᠵᠢᠭᠡᠯᠡᠯᠭᠡ ᠶᠢᠨ ᠲᠥᠯᠥᠪᠯᠡᠭᠡ᠂ ᠲᠤᠰᠬᠠᠢ ᠵᠦᠢᠯ ᠤᠨ ᠬᠢᠨᠠᠨ ᠵᠦᠪᠰᠢᠶᠡᠷᠡᠬᠦ ᠢᠲᠡᠭᠡᠮᠵᠢ ᠣᠯᠭᠤᠬᠤ᠂ ᠡᠵᠡᠩᠨᠡᠨ ᠪᠣᠷᠤᠯᠠᠭᠤᠯᠬᠤ ᠲᠤᠰᠬᠠᠢ ᠪᠠᠶᠢᠭᠤᠯᠤᠮᠵᠢ ᠪᠠᠶᠢᠭᠤᠯᠬᠤ᠂ ᠲᠤᠰᠬᠠᠢ ᠵᠦᠢᠯ ᠤᠨ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠭᠡᠯ ᠢ ᠲᠤᠰᠬᠠᠢ ᠵᠢᠭᠰᠠᠭᠠᠨ ᠭᠠᠷᠭᠠᠵᠤ᠂ ᠵᠦᠷᠢᠶᠡᠴᠢᠯᠡᠭᠰᠡᠨ ᠪᠠ ᠣᠨᠴᠠᠯᠢᠬᠵᠢᠭᠰᠠᠨ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ ᠃ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠲᠥᠷᠥᠯ᠂ ᠠᠵᠤ ᠠᠬᠤᠶᠢᠯᠠᠯ ᠪᠠ ᠲᠥᠷᠥᠯ ᠵᠦᠢᠯ ᠤᠨ ᠵᠦᠪᠰᠢᠶᠡᠷᠡᠵᠦ ᠣᠷᠤᠭᠤᠯᠬᠤ ᠪᠠᠷᠢᠮᠵᠢᠶ᠎ᠠ ᠶᠢ ᠲᠣᠭᠲᠠᠭᠠᠵᠤ᠂ ᠪᠣᠬᠢᠷᠳᠦᠯ ᠦᠭᠡᠢ ᠲᠥᠷᠥᠯ ᠵᠦᠢᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠬᠤ ᠪᠠ ᠰᠠᠨᠠᠭᠠᠴᠢᠯᠠᠭ᠎ᠠ ᠠᠴᠠ ᠪᠠᠨ ᠳᠠᠭᠠᠵᠤ᠂ ︽ᠪᠣᠬᠢᠷᠳᠤᠯ ᠦᠭᠡᠢ ᠲᠥᠷᠥᠯ ᠵᠦᠢᠯ ᠤᠨ ᠨᠠᠷᠢᠨ ᠬᠠᠭᠤᠳᠠᠰᠤ︾᠎ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠢᠲᠡᠭᠡᠮᠵᠢ ᠣᠯᠭᠤᠬᠤ ᠳᠥᠷᠢᠮ ᠢ ᠲᠦᠷᠭᠡᠳᠭᠡᠨ ᠪᠠᠶᠢᠭᠤᠯᠵᠤ᠂ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢᠶᠠᠨ ᠴᠣᠮᠬᠠᠳᠬᠠᠵᠤ᠂ ᠬᠢᠨᠠᠨ ᠵᠦᠪᠰᠢᠶᠡᠷᠡᠬᠦ ᠴᠣᠪᠣᠷᠠᠯ ᠢᠶᠠᠨ ᠰᠢᠯᠢᠳᠡᠭᠵᠢᠭᠦᠯᠦᠨ᠂ ᠬᠢᠨᠠᠨ ᠵᠦᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠲᠥᠷᠥᠯ ᠵᠦᠢᠯ ᠤᠨ ᠬᠦᠦ ᠮᠦᠩᠬᠦ ᠶᠢᠨ ᠨᠣᠷᠮ᠎ᠠ ᠪᠠ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠵᠦᠢ ᠪᠣᠰᠤ ᠰᠦᠢᠳᠭᠡᠯ ᠬᠤᠷᠢᠶᠠᠬᠤ ᠶᠢ ᠡᠷᠡᠰ ᠦᠭᠡᠶᠢᠰᠭᠡᠵᠦ᠂ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠦᠪᠡᠷ ᠤᠨ ᠦᠷᠲᠡᠭ ᠢ ᠨᠢ ᠪᠠᠭᠤᠷᠠᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠣᠭᠤᠳᠴᠦ ᠪᠠᠶᠢᠭᠠᠳ ᠪᠣᠬᠢᠷᠳᠣᠯ ᠦᠭᠡᠢ ᠠᠵᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠴᠦ᠂ ᠡᠨᠧᠷᠬᠢ ᠶᠢᠨ ᠠᠰᠢᠭᠯᠠᠮᠵᠢ ᠰᠠᠶᠢᠲᠠᠢ ᠢᠲᠡᠭᠡᠮᠵᠢᠲᠦ ᠵᠢᠭᠡᠯᠡᠯᠭᠡ ᠪᠠᠷ ᠰᠠᠭᠤᠷᠢ ᠪᠣᠯᠭᠠᠭᠰᠠᠨ ᠢᠲᠡᠭᠡᠮᠵᠢᠲᠦ ᠵᠢᠭᠡᠯᠡᠯᠭᠡ ᠶᠢᠨ ᠡᠳ᠋ ᠬᠦᠷᠦᠩᠭᠡ ᠶᠢ ᠲᠡᠮᠳᠡᠭᠲᠦ ᠪᠣᠯᠭᠠᠬᠤ ᠲᠤᠷᠰᠢᠯᠲᠠ ᠶᠢᠨ ᠠᠵᠢᠯ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠡᠨᠧᠷᠬᠢ ᠶᠢᠨ ᠠᠰᠢᠭᠯᠠᠮᠵᠢ ᠰᠠᠶᠢᠲᠠᠢ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠠᠷᠭ᠎ᠠ ᠬᠡᠯᠪᠡᠷᠢ ᠳᠤ ᠰᠢᠨ᠎ᠡ ᠡᠭᠦᠳᠦᠯᠲᠡ ᠶᠢ ᠰᠦᠪᠡᠭᠴᠢᠯᠡᠨ ᠦᠷᠨᠢᠭᠦᠯᠵᠦ᠂ ᠬᠤᠷᠢᠶᠠᠪᠠᠰᠤ ᠵᠣᠬᠢᠬᠤ ᠳᠠᠩᠰᠠᠨ ᠵᠣᠭᠤᠰ ᠢᠶᠠᠷ ᠳᠠᠨᠵᠢᠯᠠᠬᠤ᠂ ᠭᠡᠷ᠎ᠡ ᠭᠦᠢᠴᠡᠳᠭᠡᠬᠦ ᠶᠢ ᠪᠠᠲᠤᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠳᠠᠨᠵᠢᠯᠠᠬᠤ᠂ ᠰᠲ᠋ᠣᠺ ᠤᠨ ᠡᠷᠬᠡ ᠪᠠᠷ ᠳᠠᠨᠵᠢᠯᠠᠬᠤ᠂ ᠭᠡᠷ᠎ᠡ ᠶᠢᠨ ᠡᠨᠧᠷᠬᠢ ᠶᠢᠨ ᠬᠠᠮᠢᠶᠠᠷᠤᠯᠲᠠ ᠶᠢᠨ ᠲᠥᠷᠥᠯ ᠵᠦᠢᠯ ᠤᠨ ᠢᠷᠡᠭᠡᠳᠦᠢ ᠶᠢᠨ ᠠᠰᠢᠭ ᠣᠯᠵᠠᠪᠤᠷᠢ ᠶᠢᠨ ᠡᠷᠬᠡ ᠪᠠᠷ ᠳᠠᠨᠵᠢᠯᠠᠬᠤ ᠵᠡᠷᠭᠡ ᠠᠷᠭ᠎ᠠ ᠮᠠᠶ᠋ᠢᠭ ᠢᠶᠠᠷ ᠡᠨᠧᠷᠬᠢ ᠶᠢᠨ ᠠᠰᠢᠭᠯᠠᠮᠵᠢ ᠰᠠᠶᠢᠲᠠᠢ ᠪᠡᠯᠡ ᠲᠤᠬᠢᠷᠠᠭᠤᠯᠭ᠎ᠠ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠪᠡᠯᠡ ᠲᠤᠬᠢᠷᠠᠭᠤᠯᠭ᠎ᠠ᠂ ᠪᠣᠬᠢᠷ ᠪᠣᠳᠠᠰ ᠢ ᠭᠠᠳᠠᠭᠰᠢᠯᠠᠭᠤᠯᠬᠤ ᠡᠷᠬᠡ ᠶᠢᠨ ᠪᠡᠯᠡ ᠲᠤᠬᠢᠷᠠᠭᠤᠯᠭ᠎ᠠ ᠵᠡᠷᠭᠡ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠭᠦᠯᠵᠦ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠲᠥᠷᠥᠯ ᠵᠦᠢᠯ ᠪᠠ ᠦᠢᠯᠡᠴᠢᠯᠡᠭᠡ ᠶᠢ ᠢᠳᠡᠪᠬᠢᠲᠡᠢ ᠳᠡᠮᠵᠢᠬᠦ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠡᠮᠵᠢᠵᠦ ᠪᠠᠶᠢᠭᠠᠳ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠲᠤᠰᠢᠶᠠᠯ ᠢᠶᠠᠨ ᠭᠦᠢᠴᠡᠳᠭᠡᠭᠰᠡᠨ ᠬᠠᠷᠢᠭᠤᠴᠠᠯᠭ᠎ᠠ ᠠᠴᠠ ᠬᠡᠯᠳᠦᠷᠢᠭᠦᠯᠬᠦ ᠳᠥᠷᠢᠮ ᠪᠠᠶᠢᠭᠤᠯᠵᠤ᠂ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠰᠠᠶᠢᠨ ᠰᠠᠶᠢᠬᠠᠨ ᠣᠷᠴᠢᠨ ᠠᠬᠤᠢ ᠶᠢ ᠡᠭᠦᠳᠬᠦ ᠬᠡᠷᠡᠭᠲᠡᠢ᠃      ︵ᠬᠤᠶᠠᠷ︶ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠠᠬᠢᠭᠤᠯᠤᠨ᠎ᠠ᠃ ᠨᠦᠬᠦᠴᠡᠯ ᠳᠤ ᠨᠡᠶᠢᠴᠡᠬᠦ ᠪᠣᠬᠢᠷᠳᠤᠯ ᠦᠭᠡᠢ ᠠᠵᠤ ᠠᠬᠤᠶᠢᠯᠠᠯ ᠤᠳ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠵᠤ ᠰᠲ᠋ᠣᠺ ᠤᠨ ᠵᠠᠬ᠎ᠠ ᠳᠡᠯᠭᠡᠭᠦᠷ ᠪᠠ ᠪᠠᠩᠭᠢ ᠶᠢᠨ ᠬᠤᠭᠤᠷᠣᠨᠳᠤ ᠶᠢᠨ ᠵᠠᠬ᠎ᠠ ᠳᠡᠯᠭᠡᠭᠦᠷ ᠲᠤ ᠪᠡᠯᠡ ᠮᠦᠩᠭᠦ ᠴᠤᠭᠯᠠᠭᠤᠯᠬᠤ ᠶᠢ ᠳᠡᠮᠵᠢᠬᠦ ᠬᠡᠷᠡᠭᠲᠡᠢ᠃ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠣᠰᠤᠭᠠᠷ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠲᠠᠷᠬᠠᠭᠠᠬᠤ ᠠᠵᠤ ᠠᠬᠤᠶᠢᠯᠠᠯ ᠤᠨ ᠵᠦᠢ ᠶᠤᠰᠤᠨ ᠤ ᠪᠡᠯᠡ ᠲᠣᠬᠢᠷᠠᠭᠤᠯᠵᠤ ᠣᠷᠤᠭᠤᠯᠬᠤ ᠠᠵᠢᠯᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠢᠲᠡᠭᠡᠮᠵᠢ ᠶᠢᠨ ᠳᠡᠰ ᠲᠣᠭᠲᠠᠭᠠᠬᠤ ᠪᠠᠶᠢᠭᠤᠯᠤᠮᠵᠢ ᠶᠢ ᠵᠤᠷᠢᠬᠵᠢᠭᠤᠯᠵᠤ ᠢᠲᠡᠭᠡᠮᠵᠢ ᠶᠢᠨ ᠳᠡᠰ ᠲᠣᠭᠲᠠᠭᠠᠬᠤ ᠶᠠᠪᠤᠴᠠ ᠳᠤ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠭᠴᠢ ᠶᠢᠨ ᠪᠡᠯᠡ ᠴᠤᠭᠯᠠᠭᠤᠯᠵᠤ ᠣᠷᠤᠭᠤᠯᠬᠤ ᠲᠥᠷᠥᠯ ᠵᠦᠢᠯ ᠤᠨ ᠪᠣᠬᠢᠷᠳᠣᠯ ᠦᠭᠡᠢ ᠶᠢᠨ ᠬᠡᠮᠵᠢᠶ᠎ᠡ᠂ ᠣᠷᠴᠢᠨ ᠲᠣᠭᠤᠷᠢᠨ ᠤ ᠥᠪᠡᠷ ᠤᠨ ᠥᠷᠲᠡᠭ ᠨᠢ ᠲᠡᠷᠬᠠᠭᠠᠭᠴᠢ ᠵᠢᠴᠢ ᠵᠢᠭᠡᠯᠡᠯᠭᠡ ᠶᠢᠨ ᠵᠦᠢᠯ ᠤᠨ ᠢᠲᠡᠭᠡᠮᠵᠢ ᠶᠢᠨ ᠵᠡᠷᠭᠡ ᠳᠡᠰ ᠲᠤ ᠦᠵᠡᠭᠦᠯᠬᠦ ᠨᠦᠯᠦᠭᠡ ᠶᠢ ᠲᠤᠰᠬᠠᠶᠢᠯᠠᠨ ᠦᠨᠡᠯᠡᠨ ᠵᠢᠱᠢᠬᠦ ᠶᠢᠨ ᠬᠠᠮᠳᠤ᠂ ᠢᠲᠡᠭᠡᠮᠵᠢ ᠶᠢᠨ ᠳᠡᠰ ᠲᠣᠭᠲᠠᠭᠠᠬᠤ ᠮᠡᠳᠡᠭᠦᠯᠦᠯᠲᠡ ᠳᠤ ᠲᠤᠰᠠᠭᠠᠷ ᠨᠢ ᠢᠯᠡᠷᠡᠭᠦᠯᠬᠦ ᠬᠡᠷᠡᠭᠲᠡᠢ᠃ ᠨᠠᠰᠤᠵᠢᠯ ᠤᠨ ᠰᠠᠭᠤᠷᠢ ᠮᠦᠩᠭᠦ᠂ ᠳᠠᠭᠠᠳᠬᠠᠯ ᠤᠨ ᠮᠦᠩᠭᠦ ᠵᠡᠷᠭᠡ ᠡᠯ᠎ᠡ ᠲᠥᠷᠥᠯ ᠤᠨ ᠪᠠᠶᠢᠭᠤᠯᠤᠮᠵᠢ ᠶᠢᠨ ᠪᠡᠯᠡ ᠣᠷᠤᠭᠤᠯᠤᠭᠴᠢ ᠶᠢ ᠬᠦᠲᠦᠯᠦᠨ ᠵᠢᠯᠣᠭᠤᠳᠴᠦ ᠪᠠᠶᠢᠢᠭᠠᠳ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠲᠠᠷᠬᠠᠭᠠᠭᠰᠠᠨ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠳᠤ ᠪᠡᠯᠡ ᠣᠷᠤᠭᠤᠯᠤᠭᠤᠯᠬᠤ ᠬᠡᠷᠡᠭᠲᠡᠢ᠃ ᠨᠦᠬᠦᠴᠡᠯ ᠳᠤ ᠨᠡᠶᠢᠴᠡᠬᠦ ᠣᠷᠣᠨ ᠨᠣᠲᠤᠭ ᠤᠨ ᠬᠠᠤᠯᠢ ᠶᠢᠨ ᠡᠷᠬᠡᠲᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠢᠭᠤᠳ ᠪᠡᠯᠡ ᠲᠣᠬᠢᠷᠠᠭᠤᠯᠭ᠎ᠠ ᠶᠢᠨ ᠱᠠᠩᠨᠠᠵᠤ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠦᠬᠦᠴᠡᠯ ᠳᠤ ᠨᠡᠶᠢᠴᠡᠬᠦ ᠪᠣᠬᠢᠷᠳᠣᠯ ᠦᠭᠡᠢ ᠠᠵᠤ ᠠᠬᠤᠶᠢᠯᠠᠯ ᠢ ᠢᠳᠡᠪᠬᠢᠲᠡᠢ ᠳᠡᠮᠵᠢᠵᠦ ᠪᠠᠶᠢᠭᠠᠳ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠤᠭᠠᠷ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠳᠠᠬᠢᠨᠲᠠ ᠪᠡᠯᠡ ᠲᠣᠬᠢᠷᠠᠭᠤᠯᠵᠤ᠂ ᠰᠢᠨ᠎ᠡ ᠭᠤᠷᠪᠠᠳᠤᠭᠠᠷ ᠰᠠᠮᠪᠠᠷ᠎ᠠ ᠪᠠ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ᠲᠤ ᠠᠵᠢᠯ ᠡᠬᠢᠯᠡᠭᠦᠯᠦᠨ ᠪᠡᠯᠡ ᠲᠣᠬᠢᠷᠠᠭᠤᠯᠬᠤ ᠬᠡᠷᠡᠭᠲᠡᠢ᠃      ︵ᠭᠤᠷᠪᠠ︶ ᠪᠣᠬᠢᠷᠲᠤᠯ ᠦᠭᠡᠢ ᠠᠵᠤ ᠦᠢᠯᠡᠰ ᠢ ᠬᠦᠭᠵᠢᠭᠦᠯᠬᠦ ᠰᠠᠭᠤᠷᠢ ᠮᠦᠩᠭᠦ ᠪᠠᠶᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠣᠳᠣ ᠶᠢᠨ ᠪᠠᠶᠢᠭ᠎ᠠ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠤᠰᠬᠠᠢ ᠵᠦᠢᠯ ᠤᠨ ᠪᠡᠯᠡ ᠮᠦᠩᠬᠦ ᠶᠢ ᠡᠮᠬᠢᠯᠡᠨ ᠨᠡᠶᠢᠯᠡᠭᠦᠯᠵᠦ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ ᠪᠣᠬᠢᠷᠳᠤᠯ ᠦᠭᠡᠢ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠬᠦ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠦᠩᠬᠦ ᠶᠢᠨ ᠬᠡᠪᠴᠢᠶ᠎ᠡ ᠪᠠᠨ ᠠᠯᠬᠤᠮ ᠠᠯᠬᠤᠮ ᠢᠶᠠᠷ ᠪᠣᠵᠠᠭᠠᠶᠢᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ ︵PPP︶᠎ ᠶᠢᠨ ᠵᠠᠭᠪᠤᠷ ᠢ ᠰᠦᠪᠡᠭᠴᠢᠯᠡᠬᠦ ᠪᠠᠷ ᠳᠠᠮᠵᠢᠨ ᠪᠣᠬᠢᠷᠲᠤᠯ ᠦᠭᠡᠢ ᠠᠵᠤ ᠦᠢᠯᠡᠰ ᠤᠨ ᠰᠠᠭᠤᠷᠢ ᠮᠦᠩᠬᠦ ᠶᠢᠨ ᠲᠣᠮᠣᠷᠠᠭᠤᠯᠬᠤ ᠨᠦᠯᠦᠭᠡᠯᠡᠯ ᠪᠠ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠣᠷᠤᠭᠤᠯᠤᠯᠲᠠ ᠶᠢᠨ ᠪᠠᠶᠢᠭᠤᠯᠤᠮᠵᠢ ᠪᠠ ᠨᠡᠶᠢᠭᠡᠮ ᠤᠨ ᠬᠦᠷᠦᠩᠭᠡ ᠶᠢᠨ ᠢᠳᠡᠪᠬᠢᠲᠡᠢ ᠣᠷᠣᠯᠴᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠪᠣᠬᠢᠷᠲᠤᠯ ᠦᠭᠡᠢ ᠠᠵᠤ ᠦᠢᠯᠡᠰ ᠲᠤ PPP ᠵᠠᠭᠪᠤᠷ ᠢ ᠣᠷᠤᠭᠤᠯᠬᠤ ᠶᠢ ᠳᠡᠮᠵᠢᠵᠦ᠂ ᠡᠨᠧᠷᠭᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠪᠣᠰᠣᠳ ᠪᠣᠬᠢᠷᠳᠣᠯ ᠦᠭᠡᠢ ᠲᠥᠷᠥᠯ ᠵᠦᠢᠯ ᠤᠳ ᠢ ᠡᠯ᠎ᠡ ᠵᠦᠢᠯ ᠤᠨ ᠬᠠᠮᠢᠶ᠎ᠠ ᠪᠦᠬᠦᠢ ᠦᠨᠳᠦᠷ ᠠᠰᠢᠭ ᠣᠯᠵᠠᠪᠤᠷᠢ ᠲᠠᠢ ᠲᠥᠷᠥᠯ ᠵᠦᠢᠯ ᠤᠳ ᠯᠦᠭᠡ ᠪᠠᠭᠴᠠᠯᠠᠬᠤ ᠶᠢ ᠵᠣᠷᠢᠬᠵᠢᠭᠤᠯᠵᠤ᠂ ᠣᠯᠠᠨ ᠨᠡᠶᠢᠲᠡ ᠶᠢᠨ ᠡᠳ᠋ ᠪᠣᠳᠠᠰ ᠤᠨ ᠰᠢᠨᠵᠢ ᠴᠢᠨᠠᠷ ᠲᠠᠢ ᠪᠣᠬᠢᠷᠳᠤᠯ ᠦᠭᠡᠢ ᠦᠢᠯᠡᠴᠢᠯᠡᠭᠡ ᠶᠢᠨ ᠰᠦᠢᠳᠭᠡᠯ ᠬᠤᠷᠢᠶᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠪᠣᠬᠢᠷᠳᠣᠯ ᠦᠭᠡᠢ ᠲᠥᠷᠥᠯ ᠵᠦᠢᠯ ᠤᠨ PPP᠎ ᠶᠢᠨ ᠬᠠᠮᠢᠶ᠎ᠠ ᠪᠦᠬᠦᠢ ᠲᠣᠭᠲᠠᠭᠠᠯ ᠳᠥᠷᠢᠮ ᠢ ᠲᠡᠭᠦᠯᠳᠡᠷᠵᠢᠭᠦᠯᠬᠦ ᠶᠢ ᠠᠬᠢᠭᠤᠯᠤᠨ᠂ ᠡᠯ᠎ᠡ ᠲᠥᠷᠥᠯ ᠤᠨ ᠪᠣᠬᠢᠷᠳᠣᠯ ᠦᠭᠡᠢ ᠬᠦᠭᠵᠢᠭᠦᠯᠦᠯᠲᠡ ᠶᠢᠨ ᠰᠠᠭᠤᠷᠢ ᠮᠦᠩᠬᠦ ᠶᠢ ᠵᠣᠷᠢᠬᠵᠢᠭᠤᠯᠵᠤ PPP ᠵᠠᠭᠪᠤᠷ ᠢᠶᠠᠷ ᠠᠵᠢᠯᠯᠠᠬᠤ ᠬᠠᠮᠢᠶ᠎ᠠ ᠪᠦᠬᠦᠢ ᠲᠥᠷᠥᠯ ᠵᠦᠢᠯ ᠢ ᠳᠡᠮᠵᠢᠬᠦ ᠬᠡᠷᠡᠭᠲᠡᠢ᠃ ᠠᠷᠠᠳ ᠤᠨ ᠳᠤᠮᠳᠠᠬᠢ ᠬᠦᠷᠦᠩᠭᠡ ᠪᠠᠷ ᠪᠣᠬᠢᠷᠳᠣᠯ ᠦᠭᠡᠢ ᠪᠡᠯᠡ ᠣᠷᠤᠭᠤᠯᠤᠯᠲᠠ ᠶᠢᠨ ᠰᠠᠭᠤᠷᠢ ᠮᠦᠩᠬᠦ ᠡᠭᠦᠰᠭᠡᠨ ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠵᠢᠴᠢ ᠬᠢᠯᠢ ᠶᠢᠨ ᠳᠣᠲᠣᠷ᠎ᠠ ᠭᠠᠳᠠᠨᠠᠬᠢ ᠪᠣᠬᠢᠷᠲᠤᠯ ᠦᠭᠡᠢ ᠠᠵᠤ ᠦᠢᠯᠡᠰ ᠤᠨ ᠬᠦᠲᠦᠴᠢ ᠠᠵᠤ ᠠᠬᠤᠶᠢᠯᠠᠯ᠂ ᠪᠡᠯᠡ ᠮᠦᠩᠬᠦ ᠶᠢᠨ ᠪᠣᠳᠠᠲᠤ ᠬᠦᠴᠦᠨ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠪᠠ ᠨᠡᠷ᠎ᠡ ᠴᠤᠤᠲᠠᠢ ᠪᠡᠯᠡ ᠣᠷᠤᠭᠤᠯᠤᠯᠲᠠ ᠶᠢᠨ ᠰᠠᠭᠤᠷᠢ ᠮᠦᠩᠬᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠢ ᠵᠣᠷᠢᠬᠵᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠳᠤ ᠪᠡᠯᠡ ᠴᠤᠭᠯᠠᠭᠤᠯᠤᠨ ᠨᠢᠭᠡᠨ ᠪᠦᠯᠦᠭ ᠪᠣᠬᠢᠷᠳᠤᠯ ᠦᠭᠡᠢ ᠰᠠᠭᠤᠷᠢ ᠮᠦᠩᠭᠦ ᠶᠢ ᠡᠭᠦᠰᠭᠡᠨ ᠪᠠᠶᠢᠭᠤᠯᠬᠤ ᠬᠡᠷᠡᠭᠲᠡᠢ᠃      ︵ᠳᠥᠷᠪᠡ︶ ᠡᠯ᠎ᠡ ᠲᠥᠷᠥᠯ ᠤᠨ ᠣᠷᠴᠢᠨ ᠲᠣᠭᠤᠷᠢᠨ ᠤ ᠡᠷᠬᠡ ᠠᠰᠢᠭ ᠤᠨ ᠲᠥᠷᠥᠯ ᠪᠦᠬᠦᠢ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢ ᠪᠠᠶᠠᠯᠢᠬᠵᠢᠭᠤᠯᠤᠨ᠎ᠠ᠃ ᠡᠯ᠎ᠡ ᠲᠥᠷᠥᠯ ᠤᠨ ᠪᠣᠬᠢᠷᠳᠤᠯ ᠦᠭᠡᠢ ᠮᠦᠩᠭᠦᠨ ᠭᠦᠢᠯᠭᠡᠭᠡᠨ ᠪᠠ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠲᠠᠢ ᠮᠦᠩᠬᠦᠨ ᠭᠦᠢᠯᠭᠡᠭᠡᠨ ᠤ ᠨᠡᠷᠡᠳᠬᠦᠨ ᠢ ᠰᠢᠨ᠎ᠡ ᠪᠠᠷ ᠡᠭᠦᠳᠦᠨ ᠬᠦᠭᠵᠢᠭᠦᠯᠬᠦ ᠬᠡᠷᠡᠭᠲᠡᠢ᠃ ᠡᠯ᠎ᠡ ᠮᠦᠩᠬᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠤᠷᠲᠤ ᠬᠤᠭᠤᠴᠠᠭᠠᠨ ᠤ ᠠᠷᠠᠯᠵᠢᠶ᠎ᠠ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠬᠤᠭᠤᠴᠠᠭ᠎ᠠ ᠪᠣᠯᠵᠣᠵᠤ ᠠᠷᠠᠯᠵᠢᠬᠤ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠭᠤᠬᠴᠠᠭᠠᠳᠤ ᠡᠷᠬᠡ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠲᠥᠷᠢᠶᠡᠰᠥᠯᠡᠬᠦ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠵᠢᠭᠡᠯᠡᠯᠭᠡ ᠶᠢᠨ ᠲᠡᠮᠳᠡᠭᠲᠦ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡᠲᠦ ᠬᠦᠷᠦᠩᠭᠡ ᠶᠢ ᠲᠡᠮᠳᠡᠭᠲᠦ ᠪᠣᠯᠭᠠᠬᠤ ᠪᠠ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠰᠠᠭᠤᠷᠢ ᠮᠦᠩᠬᠦ ᠵᠡᠷᠭᠡ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠮᠦᠩᠬᠦᠨ ᠭᠦᠢᠯᠭᠡᠭᠡᠨ ᠤ ᠨᠡᠷᠡᠳᠬᠦᠨ ᠪᠠ ᠤᠯᠠᠷᠢᠨ ᠡᠭᠦᠰᠦᠭᠰᠡᠨ ᠬᠡᠷᠡᠭᠯᠡᠭᠦᠷ ᠤᠨ ᠬᠦᠭᠵᠢᠯᠲᠡ ᠶᠢ ᠢᠳᠡᠪᠬᠢᠲᠡᠢ ᠰᠣᠳᠣᠯᠬᠤ ᠶᠢᠨ ᠬᠠᠮᠳᠤ ᠮᠦᠷᠲᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠮᠦᠩᠬᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠦᠷᠨᠢᠭᠦᠯᠬᠦ ᠳᠤ ᠬᠡᠷᠡᠭᠯᠡᠬᠦ ᠬᠡᠷᠡᠭᠲᠡᠢ᠃ ᠪᠣᠬᠢᠷ ᠪᠣᠳᠠᠰ ᠭᠠᠳᠠᠭᠰᠢᠯᠠᠭᠤᠯᠬᠤ ᠡᠷᠬᠡ᠂ ᠡᠨᠧᠷᠬᠢ ᠠᠷᠪᠢᠯᠠᠬᠤ ᠬᠡᠮᠵᠢᠶ᠎ᠡ ︵ᠡᠨᠧᠷᠬᠢ ᠬᠡᠷᠡᠭᠯᠡᠬᠦ ᠡᠷᠬᠡ︶᠂ ᠤᠰᠤᠨ ᠤ ᠡᠷᠬᠡ ᠵᠡᠷᠭᠡ ᠣᠷᠴᠢᠨ ᠲᠣᠭᠤᠷᠢᠨ ᠤ ᠡᠷᠬᠡ ᠠᠰᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠪᠠᠶᠢᠭᠤᠯᠬᠤ ᠶᠢ ᠠᠬᠢᠭᠤᠯᠵᠤ᠂ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠶᠢᠨ ᠳᠠᠨᠵᠢᠯᠠᠬᠤ᠂ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠶᠢᠨ ᠬᠤᠭᠤᠴᠠᠭᠠᠲᠤ ᠡᠷᠬᠡ ᠵᠡᠷᠭᠡ ᠮᠦᠩᠬᠦᠨ ᠭᠦᠢᠯᠭᠡᠭᠡᠨ ᠤ ᠨᠡᠷᠡᠳᠬᠦᠨ ᠤ ᠬᠦᠭᠵᠢᠯᠲᠡ ᠶᠢ ᠠᠬᠢᠭᠤᠯᠬᠤ ᠬᠡᠷᠡᠭᠲᠡᠢ᠃ ᠨᠡᠭᠦᠷᠡᠰᠦᠳᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠬᠢ ᠠᠷᠪᠢᠯᠠᠬᠤ ᠬᠡᠮᠵᠢᠶ᠎ᠡ ︵ᠡᠨᠧᠷᠬᠢ ᠬᠡᠷᠡᠭᠯᠡᠬᠦ ᠡᠷᠬᠡ︶ ᠵᠡᠷᠭᠡ ᠡᠯ᠎ᠡ ᠲᠥᠷᠥᠯ ᠤᠨ ᠣᠷᠴᠢᠨ ᠲᠣᠭᠤᠷᠢᠨ ᠤ ᠡᠷᠬᠡ ᠠᠰᠢᠭ ᠲᠤ ᠰᠠᠭᠤᠷᠢᠯᠠᠭᠰᠠᠨ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢ ᠰᠦᠪᠡᠭᠴᠢᠯᠡᠨ ᠬᠦᠭᠵᠢᠭᠦᠯᠵᠦ᠂ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠤᠨ ᠴᠡᠪᠡᠷ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠭᠡᠬᠦ ᠬᠡᠷᠡᠭᠲᠡᠢ᠃      ︵ᠲᠠᠪᠤ︶ ᠵᠦᠢ ᠶᠤᠰᠤᠨ ᠤ ᠳᠠᠭᠠᠳᠬᠠᠯ ᠢ ᠢᠳᠡᠪᠬᠢᠲᠡᠢ ᠬᠦᠭᠵᠢᠭᠦᠯᠦᠨ᠎ᠡ᠃ ᠳᠠᠭᠠᠳᠬᠠᠯ ᠤᠨ ᠪᠠᠶᠢᠭᠤᠯᠤᠮᠵᠢ ᠨᠤᠭᠤᠳ ᠤᠨ ᠥᠪᠡᠷᠲᠡᠭᠡᠨ ᠵᠠᠰᠠᠬᠤ ᠣᠷᠣᠨ ᠤ ᠣᠨᠴᠠᠯᠢᠭ ᠪᠠ ᠪᠣᠬᠢᠷᠳᠤᠯ ᠦᠭᠡᠢ ᠠᠵᠤ ᠦᠢᠯᠡᠰ ᠤᠨ ᠣᠨᠴᠠᠯᠢᠭ ᠲᠠᠢ ᠵᠦᠢ ᠶᠤᠰᠤᠨ ᠤ ᠳᠠᠭᠠᠳᠬᠠᠯ ᠤᠨ ᠨᠡᠷᠡᠳᠬᠦᠨ ᠢ ᠰᠢᠨ᠎ᠡ ᠪᠠᠷ ᠡᠭᠦᠳᠦᠨ ᠵᠢᠷᠤᠭᠯᠠᠨ ᠲᠥᠯᠥᠪᠯᠡᠬᠦ ᠶᠢ ᠳᠡᠮᠵᠢᠵᠦ᠂ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ ᠵᠦᠢ ᠵᠣᠬᠢᠰᠲᠠᠢ ᠪᠠᠷ ᠲᠣᠭᠲᠠᠭᠠᠵᠤ᠂ ᠲᠥᠭᠰᠢᠭᠦᠷᠢ ᠶᠢ ᠡᠵᠡᠮᠳᠡᠵᠦ ᠴᠢᠳᠠᠬᠤ ᠤᠷᠢᠳᠠᠯ ᠳᠣᠣᠷ᠎ᠠ᠂ ᠳᠠᠭᠠᠳᠬᠠᠯ ᠤᠨ ᠦᠢᠯᠡᠴᠢᠯᠡᠭᠡᠨ ᠤ ᠤᠨᠤᠯᠵᠢᠬᠤᠨ ᠢ ᠤᠯᠠᠮ ᠨᠢᠭᠡ ᠠᠯᠬᠤᠮ ᠪᠠᠶᠠᠯᠢᠬᠵᠢᠭᠤᠯᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠲᠣᠨᠤᠭ ᠲᠦᠬᠦᠭᠡᠷᠦᠮᠵᠢ ᠶᠢᠨ ᠳᠠᠭᠠᠳᠬᠠᠯ᠂ ᠳᠣᠣᠷ᠎ᠠ ᠨᠡᠭᠦᠷᠡᠰᠦᠲᠦ᠋ᠷᠦᠭᠴᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠤᠨ ᠬᠡᠷᠡᠭᠯᠡᠭᠡ ᠶᠢᠨ ᠵᠦᠢᠯ ᠳᠤ ᠬᠠᠨᠳᠤᠭᠤᠯᠤᠭᠰᠠᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ᠂ ᠣᠢ ᠰᠢᠭᠤᠢ ᠶᠢᠨ ᠳᠠᠭᠠᠳᠬᠠᠯ᠂ ᠨᠤᠲᠤᠭ ᠪᠡᠯᠴᠢᠭᠡᠷ ᠤᠨ ᠳᠠᠭᠠᠳᠬᠠᠯ ᠪᠠ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠤᠨ ᠳᠠᠭᠠᠳᠬᠠᠯ ᠵᠡᠷᠭᠡ ᠨᠡᠷᠡᠳᠬᠦᠨ ᠢ ᠰᠣᠳᠣᠯᠣᠨ ᠬᠦᠭᠵᠢᠭᠦᠯᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠨᠤᠭᠤᠳ ᠤᠨ ᠲᠡᠵᠢᠭᠡᠪᠦᠷᠢ ᠶᠢᠨ ᠦᠢᠯᠡᠰ ᠤᠨ ᠣᠷᠴᠢᠨ ᠲᠣᠭᠤᠷᠢᠨ ᠤ ᠪᠣᠬᠢᠷᠳᠦᠯ ᠤᠨ ᠲᠥᠭᠰᠢᠭᠦᠷᠢ ᠶᠢᠨ ᠬᠠᠮᠢᠶᠠᠷᠤᠯᠲᠠ ᠳᠤ ᠣᠷᠣᠯᠴᠠᠬᠤ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠤᠨ ᠳᠠᠭᠠᠳᠬᠠᠯ ᠤᠨ ᠲᠦᠯᠦᠪᠦᠷᠢ ᠬᠢᠭᠡᠳ ᠡᠪᠡᠳᠴᠢᠨ ᠬᠢᠵᠢᠭ ᠢᠶᠠᠷ ᠦᠬᠦᠭᠰᠡᠨ ᠮᠠᠯ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠠᠮᠲᠤᠷᠠᠭᠰᠠᠨ ᠠᠵᠢᠯᠯᠠᠭᠠᠨ ᠤ ᠲᠣᠭᠲᠠᠴᠠ ᠪᠠᠶᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠪᠣᠬᠢᠷᠳᠦᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠲᠤᠷᠰᠢᠯᠲᠠ ᠵᠢᠴᠢ ᠳᠡᠯᠭᠡᠷᠡᠭᠦᠯᠬᠦ ᠠᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠪᠣᠬᠢᠷᠳᠦᠯ ᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠬᠢᠭᠡᠳ ᠪᠣᠰᠣᠳ ᠮᠦᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠬᠢᠷ ᠪᠣᠳᠠᠰ ᠭᠠᠳᠠᠭᠰᠢᠯᠠᠭᠤᠯᠬᠤ ᠨᠢᠭᠡᠴᠡ ᠳᠤ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠵᠤ ᠪᠠ ᠢᠲᠡᠭᠡᠮᠵᠢᠲᠦ ᠵᠢᠭᠡᠯᠡᠯᠭᠡ ᠪᠠᠷ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠳᠠᠭᠠᠳᠬᠠᠯ ᠳᠤ ᠣᠷᠣᠬᠤ ᠪᠠ ᠳᠠᠭᠠᠳᠬᠠᠭᠤᠯᠬᠤ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠬᠤ ᠶᠢᠨ ᠬᠠᠮᠳᠤ᠂ ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠳᠤ ᠣᠷᠣᠯᠴᠠᠭᠰᠠᠨ ᠡᠰᠡᠬᠦ ᠪᠠ ᠳᠠᠭᠠᠳᠬᠠᠭᠤᠯᠤᠭᠰᠠᠨ ᠪᠠᠶᠢᠬᠤ ᠡᠰᠡᠬᠦ ᠶᠢ ᠪᠣᠰᠣᠳ ᠴᠡᠪᠡᠷ ᠮᠦᠩᠬᠦᠨ ᠭᠦᠢᠯᠭᠡᠭᠡᠨ ᠤ ᠦᠢᠯᠡᠴᠢᠯᠡᠭᠡᠨ ᠣᠯᠬᠤ ᠶᠢᠨ ᠲᠡᠷᠢᠭᠦᠨ ᠨᠦᠬᠦᠴᠡᠯ ᠪᠣᠯᠭᠠᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠠᠵᠤ ᠠᠬᠤᠶᠢᠯᠠᠯ ᠳᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ︾ ᠦᠷᠨᠢᠭᠦᠯᠦᠨ᠂ ᠣᠯᠵᠤ ᠮᠡᠳᠡᠭᠰᠡᠨ ᠣᠷᠴᠢᠨ ᠲᠣᠭᠤᠷᠢᠨ ᠤ ᠲᠦᠭᠰᠢᠭᠦᠷᠢ ᠶᠢᠨ ᠭᠡᠮ ᠰᠣᠭᠤᠭ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠲᠤ ᠮᠡᠳᠡᠬᠦᠯᠵᠦ᠂ ᠣᠷᠴᠢᠨ ᠲᠣᠭᠤᠷᠢᠨ ᠤ ᠲᠦᠭᠰᠢᠭᠦᠷᠢ ᠳᠤ ᠬᠢᠨᠠᠯᠲᠠ ᠲᠠᠯᠪᠢᠵᠤ ᠰᠡᠷᠭᠡᠶᠢᠯᠡᠬᠦ ᠶᠢ ᠴᠢᠩᠭᠠᠳᠬᠠᠬᠤ ᠬᠡᠷᠡᠭᠲᠡᠢ᠃      ︵ᠵᠢᠷᠭᠤᠭ᠎ᠠ︶ ᠵᠦᠢ ᠶᠤᠰᠤᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠭᠤᠷᠪᠠᠨ ᠱᠠᠲᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠ ᠬᠤᠳᠠᠯᠳᠤᠭᠠᠨ ᠤ ᠴᠢᠨᠠᠷᠲᠠᠢ ᠴᠡᠪᠡᠷ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠶᠢᠵᠢᠭᠰᠠᠨ ᠴᠡᠪᠡᠷ ᠳᠠᠭᠠᠭᠠᠯᠲᠠ ᠶᠢᠨ ᠲᠣᠭᠲᠠᠴᠠ ᠪᠠᠷ ᠳᠠᠮᠵᠢᠨ᠂ ᠨᠡᠩ ᠣᠯᠠᠨ ᠨᠡᠶᠢᠭᠡᠮ ᠤᠨ ᠬᠦᠷᠦᠩᠭᠡ ᠶᠢ ᠪᠣᠬᠢᠷᠳᠣᠯ ᠦᠭᠡᠢ ᠠᠵᠤ ᠦᠢᠯᠡᠰ ᠲᠤ ᠪᠡᠯᠡ ᠣᠷᠤᠭᠤᠯᠬᠤ ᠪᠠᠷ ᠳᠠᠶᠢᠴᠢᠯᠠᠬᠤ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠦᠲᠦᠯᠦᠨ ᠵᠢᠯᠣᠭᠤᠳᠴᠦ ᠪᠠᠶᠢᠭᠠᠳ ᠡᠩ ᠲᠡᠷᠢᠭᠦᠨ ᠳᠤ ᠪᠣᠬᠢᠷᠳᠤᠯ ᠦᠭᠡᠢ ᠬᠦᠷᠢᠶ᠎ᠡ ᠴᠠᠷᠠᠭ᠎ᠠ ᠲᠡᠰᠢ ᠳᠠᠭᠠᠭᠠᠯᠲᠠ ᠶᠢᠨ ᠡᠬᠢ ᠪᠠᠶᠠᠯᠢᠭ ᠢ ᠲᠣᠬᠢᠷᠠᠭᠤᠯᠵᠤ᠂ ᠱᠠᠭᠠᠷᠳᠠᠯᠭ᠎ᠠ ᠳᠤ ᠨᠡᠶᠢᠴᠡᠬᠦ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ᠂ ᠪᠣᠬᠢᠷᠳᠤᠯ ᠦᠭᠡᠢ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠤ ᠠᠬᠤᠶᠢᠯᠠᠯ ᠪᠠ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢ ᠤᠷᠢᠳᠠᠪᠠᠷ ᠳᠡᠮᠵᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠭᠠᠯᠲᠠ ᠶᠢᠨ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠠᠵᠤ ᠠᠬᠤᠶᠢᠯᠠᠯ ᠤᠨ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠳᠤ ᠳᠠᠭᠠᠭᠠᠯᠲᠠ ᠬᠢᠯᠭᠡᠵᠦ᠂ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠢ᠃ ᠵᠦᠢ ᠶᠤᠰᠤᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠦᠩᠬᠦ ᠪᠠᠶᠢᠭᠤᠯᠬᠤ ᠬᠡᠷᠡᠭᠲᠡᠢ᠃      ︵ᠳᠣᠯᠤᠭ᠎ᠠ︶ ᠵᠦᠢ ᠶᠤᠰᠤᠨ ᠤ ᠮᠦᠩᠬᠦᠨ ᠭᠦᠢᠯᠭᠡᠭᠡᠨ ᠤ ᠲᠠᠯ᠎ᠠ ᠪᠠᠷ ᠣᠯᠠᠨ ᠤᠯᠤᠰ ᠤᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ︾᠎ ᠶᠢᠨ ᠴᠢᠬᠤᠯᠠ ᠣᠷᠣᠨ ᠪᠦᠰᠡ ᠪᠣᠯᠬᠤ ᠪᠠᠶᠢᠯᠳᠤᠬᠤ ᠪᠣᠳᠣᠯᠭ᠎ᠠ ᠶᠢᠨ ᠳᠠᠪᠠᠭᠤᠯᠢᠭ ᠢ ᠠᠰᠢᠭᠯᠠᠨ᠂ ᠲᠤᠷᠭᠠᠨ ᠵᠠᠮ ᠤᠨ ᠰᠠᠭᠤᠷᠢ ᠮᠦᠩᠬᠦ᠂ ᠠᠽᠢᠶ᠎ᠠ ᠲᠢᠪ ᠤᠨ ᠰᠠᠭᠤᠷᠢ ᠪᠡᠯᠡᠳᠭᠡᠮᠵᠢ ᠶᠢᠨ ᠪᠡᠯᠡ ᠣᠷᠤᠭᠤᠯᠤᠯᠲᠠ ᠶᠢᠨ ᠪᠠᠩᠭᠢ ᠠᠴᠠ ᠥᠪᠡᠷᠲᠡᠭᠡᠨ ᠵᠠᠰᠠᠬᠤ ᠣᠷᠣᠨ ᠤ ᠪᠣᠬᠢᠷᠳᠣᠯ ᠦᠭᠡᠢ ᠠᠵᠤ ᠦᠢᠯᠡᠰ ᠪᠠ ᠠᠮᠢ ᠠᠬᠤᠢ ᠶᠢᠨ ᠰᠠᠭᠤᠷᠢ ᠪᠡᠯᠡᠳᠭᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠣᠷᠤᠭᠤᠯᠬᠤ ᠶᠢ ᠴᠢᠷᠮᠠᠶᠢᠨ ᠣᠯᠬᠤ ᠬᠡᠷᠡᠭᠲᠡᠢ᠃ ᠣᠷᠣᠨ ᠪᠦᠰᠡ ᠶᠢᠨ ᠴᠢᠨᠠᠷᠲᠠᠢ ᠴᠡᠪᠡᠷ ᠮᠦᠩᠬᠦᠨ ᠭᠦᠢᠯᠭᠡᠭᠡᠨ ᠤ ᠲᠠᠯ᠎ᠠ ᠪᠠᠷ ᠣᠯᠠᠨ ᠤᠯᠤᠰ ᠤᠨ ᠬᠠᠮᠳᠤᠷᠠᠯᠴᠠᠭ᠎ᠠ ᠶᠢ ᠢᠳᠡᠪᠬᠢᠲᠡᠢ ᠪᠠᠷ ᠠᠬᠢᠭᠤᠯᠵᠤ᠂ ᠳᠤᠮᠳᠠᠲᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠦᠬᠦᠴᠡᠯ ᠳᠤ ᠨᠡᠶᠢᠴᠡᠬᠦ ᠬᠠᠤᠯᠢ ᠶᠢᠨ ᠡᠷᠬᠡᠲᠡᠨ ᠤ ᠮᠦᠩᠬᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠳ ᠬᠢᠯᠢ ᠶᠢᠨ ᠭᠠᠳᠠᠨ᠎ᠠ ᠣᠴᠢᠵᠤ ᠴᠡᠪᠡᠷ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠬᠡᠷᠡᠭᠲᠡᠢ᠃ ᠣᠯᠠᠨ ᠤᠯᠤᠰ ᠤᠨ ᠪᠡᠯᠡ ᠮᠦᠩᠬᠦ ᠶᠢ ᠲᠠᠲᠠᠨ ᠠᠪᠴᠢᠷᠠᠵᠤ ᠥᠪᠡᠷᠲᠡᠭᠡᠨ ᠵᠠᠰᠠᠬᠤ ᠣᠷᠣᠨ ᠤ ᠴᠡᠪᠡᠷ ᠦᠷᠢ ᠶᠢᠨ ᠲᠡᠮᠳᠡᠭᠲᠦ᠂ ᠴᠡᠪᠡᠷ ᠰᠲ᠋ᠣᠺ ᠪᠠ ᠪᠣᠰᠣᠳ ᠵᠦᠢ ᠶᠤᠰᠤᠨ ᠤ ᠮᠦᠩᠬᠦᠨ ᠭᠦᠢᠯᠭᠡᠭᠡᠨ ᠤ ᠬᠦᠷᠦᠩᠭᠡ ᠳᠤ ᠪᠡᠯᠡ ᠣᠷᠤᠭᠤᠯᠬᠤ ᠬᠡᠷᠡᠭᠲᠡᠢ᠃      ︵ᠨᠠᠢᠮᠠ︶ ᠵᠦᠢ ᠶᠤᠰᠤᠨ ᠤ ᠮᠦᠩᠬᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠬᠦ ᠲᠤᠷᠰᠢᠯᠲᠠ ᠶᠢ ᠦᠷᠨᠢᠭᠦᠯᠦᠨ᠎ᠡ᠃ ᠬᠠᠤᠯᠢ ᠶᠣᠰᠤᠭᠠᠷ ᠳᠥᠷᠢᠮ ᠳᠤ ᠨᠡᠶᠢᠴᠡᠬᠦ᠂ ᠲᠥᠭᠰᠢᠭᠦᠷᠢ ᠶᠢ ᠡᠵᠡᠮᠳᠡᠵᠦ ᠪᠣᠯᠬᠤ ᠵᠠᠷᠴᠢᠮ ᠢ ᠪᠠᠷᠢᠮᠲᠠᠯᠠᠵᠤ᠂ ᠵᠦᠢ ᠶᠤᠰᠤᠨ ᠤ ᠮᠦᠩᠬᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠬᠦ ᠲᠤᠷᠰᠢᠯᠲᠠ ᠶᠢ ᠦᠷᠨᠢᠭᠦᠯᠬᠦ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥᠯ ᠵᠦᠢᠯ ᠢ ᠦᠨᠡᠯᠡᠬᠦ ᠲᠣᠭᠲᠠᠴᠠ᠂ ᠵᠦᠢ ᠶᠤᠰᠤᠨ ᠤ ᠬᠡᠷᠡᠭᠯᠡᠭᠡ ᠶᠢᠨ ᠢᠲᠡᠭᠡᠮᠵᠢᠲᠦ ᠵᠢᠭᠡᠯᠡᠭᠡ᠂ ᠵᠦᠢ ᠶᠤᠰᠤᠨ ᠤ ᠲᠦᠷᠢᠶᠡᠰᠦᠯᠡᠬᠦ᠂ ᠵᠦᠢ ᠶᠤᠰᠤᠨ ᠤ ᠢᠲᠡᠭᠡᠮᠵᠢᠲᠦ᠂ ᠵᠦᠢ ᠶᠤᠰᠤᠨ ᠤ ᠠᠵᠤ ᠠᠬᠤᠶᠢᠯᠠᠯ ᠤᠨ ᠪᠡᠯᠡ ᠣᠷᠤᠭᠤᠯᠤᠯᠲᠠ ᠪᠠ ᠵᠢᠭᠡᠯᠡᠯᠭᠡ ᠶᠢᠨ ᠬᠠᠮᠲᠤᠷᠠᠨ ᠬᠦᠳᠡᠯᠦᠯᠴᠡᠬᠦ᠂ ᠵᠦᠢ ᠶᠤᠰᠤᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠡᠯᠡ ᠲᠣᠬᠢᠷᠠᠭᠤᠯᠭ᠎ᠠ᠂ ᠵᠦᠢ ᠶᠤᠰᠤᠨ ᠤ ᠭᠦᠢᠴᠡᠳᠭᠡᠯ ᠲᠤᠭ᠎ᠠ ᠪᠠᠷ ᠰᠠᠭᠤᠷᠢ ᠪᠣᠯᠭᠠᠭᠰᠠᠨ ᠨᠡᠶᠢᠲᠡ ᠶᠢᠨ ᠴᠤᠭᠯᠠᠭᠤᠯᠭ᠎ᠠ ᠪᠠ ᠬᠤᠪᠢᠨ ᠤ ᠴᠤᠭᠯᠠᠭᠤᠯᠭ᠎ᠠ ᠶᠢᠨ ᠰᠠᠭᠤᠷᠢ ᠮᠦᠩᠬᠦ ᠶᠢ ᠨᠡᠭᠡᠭᠡᠨ ᠬᠦᠭᠵᠢᠭᠦᠯᠬᠦ᠂ ᠵᠦᠢ ᠶᠤᠰᠤᠨ ᠤ ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃      ᠭᠤᠷᠪᠠ᠂ ᠭᠤᠣᠯᠳᠠᠯᠭ᠎ᠠ ᠶᠢ ᠳᠣᠪᠤᠶᠢᠯᠭᠠᠨ᠂ ᠵᠦᠢ ᠶᠤᠰᠤᠨ ᠤ ᠮᠦᠩᠬᠦᠨ ᠭᠦᠢᠯᠭᠡᠭᠡᠨ ᠤ ᠳᠡᠮᠵᠢᠬᠦ ᠬᠠᠨᠳᠤᠰᠢ ᠶᠢ ᠲᠣᠳᠣᠷᠬᠠᠶᠢᠯᠠᠨ᠎ᠠ      ︵ᠨᠢᠭᠡ︶ ᠡᠨᠧᠷᠬᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠪᠠ ᠳᠣᠣᠷ᠎ᠠ ᠨᠡᠭᠦᠷᠡᠰᠦᠲᠦ᠋ᠷᠦᠭᠴᠢᠲᠦ ᠠᠵᠤ ᠠᠬᠤᠢ ᠶᠢᠨ ᠬᠦᠭᠵᠢᠯᠲᠡ ᠶᠢ ᠲᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ᠂ ᠠᠵᠤ ᠦᠢᠯᠡᠰ ᠤᠨ ᠳᠡᠰ ᠳᠡᠪᠰᠢᠬᠦ ᠪᠠ ᠪᠦᠲᠦᠴᠡ ᠶᠢᠨ ᠲᠣᠬᠢᠷᠠᠭᠤᠯᠤᠯᠲᠠ ᠶᠢᠨ ᠲᠥᠷᠥᠯ ᠵᠦᠢᠯ ᠤᠨ ᠭᠠᠷᠴᠠᠭ ᠶᠣᠰᠤᠭᠠᠷ᠂ ᠤᠯᠠᠮᠵᠢᠯᠠᠯᠲᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠠᠪᠰᠤᠷᠤᠨ ᠠᠬᠢᠭᠤᠯᠬᠤ ᠬᠡᠷᠡᠭᠲᠡᠢ᠃ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠲᠥᠷᠥᠯ ᠵᠦᠢᠯ᠂ ᠪᠣᠬᠢᠷᠳᠤᠯ ᠦᠭᠡᠢ ᠪᠠᠷᠢᠯᠭ᠎ᠠ ᠶᠢᠨ ᠲᠥᠷᠥᠯ ᠵᠦᠢᠯ᠂ ᠰᠠᠭᠠᠳ ᠦᠭᠡᠢ ᠨᠡᠪᠲᠡᠷᠡᠭᠦᠯᠬᠦ ᠵᠠᠮ ᠬᠠᠷᠢᠯᠴᠠᠭᠠᠨ ᠤ ᠲᠥᠷᠥᠯ ᠵᠦᠢᠯ ᠪᠠ ᠴᠡᠪᠡᠷ ᠬᠡᠷᠡᠭᠯᠡᠭᠡ ᠶᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠨᠡᠭᠦᠷᠡᠰᠦᠲᠦ᠋ᠷᠦᠭᠴᠢᠲᠦ ᠠᠵᠤ ᠠᠬᠤᠢ ᠶᠢᠨ ᠬᠦᠭᠵᠢᠯᠲᠡ ᠶᠢ ᠠᠬᠢᠭᠤᠯᠵᠤ᠂ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃      ︵ᠬᠤᠶᠠᠷ︶ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢ ᠳᠡᠮᠵᠢᠨ᠎ᠡ᠃ ᠭᠤᠣᠯᠳᠠᠯᠭ᠎ᠠ ᠲᠠᠢ ᠣᠷᠣᠨ ᠪᠦᠰᠡ ᠶᠢᠨ ᠮᠣᠳᠣ ᠲᠠᠷᠢᠵᠤ ᠣᠶᠢᠵᠢᠭᠤᠯᠬᠤ ᠪᠠ ᠣᠢ ᠰᠢᠭᠤᠢ᠂ ᠤᠰᠤᠯᠢᠭ ᠨᠣᠭᠤ ᠭᠠᠵᠠᠷ᠂ ᠴᠦᠯᠦᠷᠬᠡᠭ ᠭᠠᠵᠠᠷ᠂ ᠨᠣᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠶᠢ ᠳᠡᠮᠵᠢᠵᠦ᠂ ᠭᠤᠣᠯ ᠮᠦᠷᠡᠨ᠂ ᠨᠠᠭᠤᠷ ᠴᠦᠬᠦᠷᠦᠮ ᠤᠨ ᠶᠡᠷᠦᠩᠬᠡᠶᠢᠯᠡᠨ ᠵᠠᠰᠠᠬᠤ ᠶᠢ ᠳᠡᠮᠵᠢᠬᠦ ᠬᠡᠷᠡᠭᠲᠡᠢ᠃ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠪᠠ ᠪᠠᠷᠢᠮᠵᠢᠶ᠎ᠠ ᠶᠢ ᠨᠢ ᠳᠡᠭᠡᠭᠰᠢᠯᠡᠭᠦᠯᠦᠨ ᠰᠠᠶᠢᠵᠢᠷᠠᠭᠤᠯᠬᠤ᠂ ᠬᠤᠭ ᠨᠣᠪᠰᠢ ᠬᠤᠷᠢᠶᠠᠵᠤ ᠳᠡᠭᠡᠭᠡᠪᠥᠷᠢᠯᠡᠬᠦ ᠪᠠ ᠠᠷᠢᠯᠭᠠᠨ ᠰᠢᠢᠳᠪᠦᠷᠢᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠬᠤᠲᠠ ᠶᠢᠨ ᠨᠣᠭᠤᠭᠠᠷᠠᠭᠤᠯᠤᠭᠰᠠᠨ ᠵᠠᠮ ᠪᠠᠶᠢᠭᠤᠯᠬᠤ᠂ ᠵᠡᠭᠡᠯᠢ ᠭᠤᠳᠤᠮᠵᠢ ᠶᠢ ᠨᠣᠭᠤᠭᠠᠷᠠᠭᠤᠯᠬᠤ ᠵᠡᠷᠭᠡ ᠲᠥᠷᠥᠯ ᠵᠦᠢᠯ ᠢ ᠳᠡᠮᠵᠢᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠡᠰᠡᠭᠷᠡᠨ ᠵᠠᠯᠭᠠᠯᠳᠤᠭᠰᠠᠨ ᠭᠠᠵᠠᠷ ᠢ ᠵᠠᠰᠠᠬᠤ ᠵᠢᠴᠢ ᠤᠤᠭᠤᠬᠤ ᠤᠰᠤᠨ ᠤ ᠡᠬᠢ ᠰᠣᠷᠪᠣᠯᠵᠢ ᠶᠢᠨ ᠭᠠᠵᠠᠷ ᠤᠨ ᠬᠠᠮᠠᠭᠠᠯᠠᠯᠲᠠ ᠶᠢᠨ ᠲᠥᠷᠥᠯ ᠵᠦᠢᠯ ᠦᠷᠨᠢᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠵᠤ᠂ ᠮᠠᠯᠵᠢᠬᠤ ᠲᠠᠷᠢᠶᠠᠯᠠᠬᠤ ᠳᠤ ᠬᠤᠯᠪᠣᠭᠳᠠᠭᠰᠠᠨ ᠳᠥᠭᠦᠮ ᠪᠦᠳᠦᠬᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠭᠡᠬᠦ᠂ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠨᠡᠶᠢᠭᠡᠮ ᠲᠣᠭᠤᠷᠢᠭ ᠤᠨ ᠴᠢᠳᠠᠮᠵᠢ ᠶᠢ ᠳᠡᠭᠡᠭᠰᠢᠯᠡᠭᠦᠯᠬᠦ ᠪᠠ ᠭᠤᠸ᠎ᠠ ᠰᠠᠶᠢᠬᠠᠨ ᠦᠵᠡᠰᠬᠦᠯᠡᠩᠲᠦ ᠬᠦᠳᠡᠭᠡ ᠨᠣᠲᠤᠭ ᠢ ᠪᠦᠲᠦᠭᠡᠨ ᠪᠠᠶᠢᠭᠤᠯᠬᠤ ᠵᠡᠷᠭᠡ ᠲᠥᠷᠥᠯ ᠵᠦᠢᠯ ᠢ ᠳᠡᠮᠵᠢᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠬᠡᠷᠡᠭᠲᠡᠢ᠃ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠮᠡᠷᠭᠡᠵᠢᠯ ᠲᠣᠨᠤᠭ ᠲᠦᠬᠦᠭᠡᠷᠦᠮᠵᠢ ᠶᠢ ᠰᠣᠳᠣᠯᠣᠨ ᠨᠡᠬᠡᠬᠡᠬᠦ ᠪᠠ ᠲᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠪᠣᠬᠢᠷᠳᠣᠯ ᠢ ᠭᠤᠷᠪᠠᠳᠤᠭᠠᠷ ᠲᠠᠯ᠎ᠠ ᠠᠴᠠ ᠵᠠᠰᠠᠬᠤ ᠶᠢ ᠦᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃      ︵ᠭᠤᠷᠪᠠ︶ ᠰᠢᠨ᠎ᠡ ᠡᠨᠧᠷᠬᠢ ᠶᠢ ᠳᠡᠯᠭᠡᠷᠡᠭᠦᠯᠬᠦ ᠪᠠ ᠡᠬᠢ ᠪᠠᠶᠠᠯᠢᠭ ᠢ ᠡᠷᠬᠢᠯᠳᠦᠭᠦᠯᠦᠨ ᠠᠰᠢᠭᠯᠠᠬᠤ ᠶᠢ ᠳᠡᠮᠵᠢᠨ᠎ᠡ᠃ ᠳᠠᠬᠢᠨ ᠡᠭᠦᠰᠴᠦ ᠪᠣᠯᠬᠤ ᠡᠨᠧᠷᠬᠢ᠂ ᠴᠡᠪᠡᠷ ᠡᠨᠧᠷᠬᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠰᠢᠨ᠎ᠡ ᠡᠨᠧᠷᠬᠢᠲᠦ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠ ᠲᠥᠬᠦᠷ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠬᠦ ᠬᠡᠷᠡᠭᠲᠡᠢ᠃ ᠦᠷᠭᠡᠨ ᠬᠡᠮᠵᠢᠶᠡᠨ ᠤ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠮᠠᠰᠢᠨ ᠲᠥᠬᠦᠭᠡᠷᠦᠮᠵᠢ ᠶᠢ ᠵᠠᠳᠠᠯᠤᠨ ᠠᠰᠢᠭᠯᠠᠬᠤ ᠬᠢᠭᠡᠳ ᠳᠠᠬᠢᠨ ᠦᠢᠯᠡᠳᠬᠦ ᠵᠡᠷᠭᠡ ᠡᠷᠭᠢᠯᠲᠡᠲᠦ ᠠᠵᠤ ᠠᠬᠤᠢ ᠶᠢᠨ ᠲᠥᠷᠥᠯ ᠵᠦᠢᠯ ᠢ ᠳᠡᠮᠵᠢᠬᠦ ᠬᠡᠷᠡᠭᠲᠡᠢ᠃      ︵ᠳᠥᠷᠪᠡ︶ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠪᠠ ᠪᠣᠬᠢᠷᠳᠤᠯ ᠦᠭᠡᠢ ᠣᠢ ᠰᠢᠭᠤᠢ ᠶᠢᠨ ᠬᠦᠭᠵᠢᠯᠲᠡ ᠶᠢ ᠳᠡᠮᠵᠢᠨ᠎ᠡ᠃ ᠠᠮᠢ ᠠᠬᠤᠢ ᠶᠢᠨ ᠲᠡᠷᠢᠶᠠᠯᠠᠩ ᠮᠠᠯ ᠠᠵᠤ ᠠᠬᠤᠢ ᠪᠠ ᠤᠷᠭᠠᠨᠢᠭ ᠲᠡᠷᠢᠶᠠᠯᠠᠩ ᠮᠠᠯ ᠠᠵᠤ ᠠᠬᠤᠢ ᠶᠢ ᠬᠦᠭᠵᠢᠭᠦᠯᠬᠦ ᠶᠢ ᠳᠡᠮᠵᠢᠵᠦ᠂ ᠪᠣᠬᠢᠷᠳᠤᠯ ᠦᠭᠡᠢ ᠤᠷᠭᠠᠨᠢᠭ ᠢᠳᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠬᠦ ᠬᠡᠷᠡᠭᠲᠡᠢ᠃ ᠬᠤᠣᠷ ᠦᠭᠡᠶᠢᠳᠡᠭᠦᠯᠦᠭᠰᠡᠨ ᠪᠠ ᠠᠮᠢ ᠠᠬᠤᠶᠢᠵᠢᠭᠤᠯᠤᠭᠰᠠ ᠪᠣᠬᠢᠷᠳᠤᠯ ᠦᠭᠡᠢ ᠲᠡᠵᠢᠭᠡᠨ ᠦᠷᠡᠵᠢᠭᠦᠯᠬᠦ ᠵᠠᠭᠪᠤᠷ ᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠣᠨᠴᠠᠯᠢᠭᠲᠤ ᠠᠵᠤ ᠠᠬᠤᠢ ᠶᠢᠨ ᠣᠢ᠂ ᠣᠢ ᠶᠢᠨ ᠬᠤᠷᠮᠣᠢ ᠳᠠᠬᠢ ᠠᠵᠤ ᠠᠬᠤᠢ᠂ ᠣᠢ ᠰᠢᠭᠤᠢ ᠶᠢᠨ ᠰᠡᠯᠡᠭᠦᠴᠡᠯᠲᠦ ᠵᠢᠭᠤᠯᠴᠢᠯᠠᠯ᠂ ᠡᠷᠡᠭᠦᠯ ᠮᠡᠨᠳᠦ ᠡᠷᠡᠭᠦᠯᠵᠢᠯ ᠵᠡᠷᠭᠡ ᠣᠢ ᠰᠢᠭᠤᠢ ᠶᠢᠨ ᠠᠵᠤ ᠦᠢᠯᠡᠰ ᠢ ᠳᠡᠮᠵᠢᠨ ᠬᠦᠭᠵᠢᠭᠦᠯᠵᠦ᠂ ᠨᠦᠬᠡᠴᠡ ᠣᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠬ ᠢ ᠦᠷᠨᠢᠭᠦᠯᠬᠦ ᠬᠡᠷᠡᠭᠲᠡᠢ᠃      ︵ᠲᠠᠪᠤ︶ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠨᠢᠷᠤᠭᠤᠪᠴᠢ ᠠᠵᠤ ᠠᠬᠤᠶᠢᠯᠠᠯ ᠢ ᠳᠡᠮᠵᠢᠬᠦ ᠪᠠ ᠬᠦᠮᠦᠵᠢᠭᠦᠯᠦᠨ ᠪᠤᠶᠢᠵᠢᠭᠤᠯᠤᠨ᠎ᠠ᠃ ᠣᠳᠣ ᠶᠢᠨ ᠪᠠᠶᠢᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠣᠯ᠂ ᠮᠡᠷᠭᠡᠵᠢᠯ᠂ ᠴᠢᠳᠠᠪᠤᠷᠢᠲᠡᠨ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠳᠡᠮᠵᠢᠵᠦ᠂ ᠳᠠᠪᠠᠭᠤᠯᠢᠭ ᠬᠦᠴᠦᠨ ᠢᠶᠠᠨ ᠲᠦᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠣᠬᠢᠷᠳᠣᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠬᠦᠲᠦᠴᠢ ᠠᠵᠤ ᠠᠬᠤᠶᠢᠯᠠᠯ ᠢ ᠪᠠᠶᠢᠭᠤᠯᠬᠤ ᠬᠡᠷᠡᠭᠲᠡᠢ᠃ ᠨᠢᠭᠡ ᠪᠦᠯᠦᠭ ᠰᠣᠳᠣᠯᠣᠨ ᠨᠡᠭᠡᠭᠡᠬᠦ ᠴᠢᠳᠠᠪᠤᠷᠢ ᠪᠠᠷ ᠴᠢᠩᠭ᠎ᠠ᠂ ᠮᠡᠷᠭᠡᠵᠢᠯ ᠤᠨ ᠬᠢᠷᠢ ᠬᠡᠮᠵᠢᠶ᠎ᠡ ᠪᠠᠷ ᠦᠨᠳᠦᠷ᠂ ᠵᠠᠬ᠎ᠠ ᠳᠡᠯᠭᠡᠭᠦᠷ ᠤᠨ ᠢᠲᠡᠭᠡᠮᠵᠢ ᠪᠠᠷ ᠰᠠᠶᠢᠨ ᠪᠣᠯᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠢ ᠬᠦᠮᠦᠵᠢᠭᠦᠯᠦᠨ ᠪᠤᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠢ ᠵᠠᠰᠠᠬᠤ ᠪᠡᠷᠬᠡ ᠠᠰᠠᠭᠤᠳᠠᠯ ᠢ ᠰᠢᠪᠲᠤᠯᠤᠨ ᠰᠢᠢᠳᠪᠦᠷᠢᠯᠡᠬᠦ ᠬᠡᠷᠡᠭᠲᠡᠢ᠃      ᠳᠥᠷᠪᠡ᠂ ᠦᠢᠯᠡᠴᠢᠯᠡᠭᠡ ᠪᠠᠨ ᠨᠢᠭᠡᠳᠦᠯᠲᠡᠢ ᠲᠦᠯᠦᠪᠵᠢᠭᠦᠯᠦᠨ᠂ ᠴᠡᠪᠡᠷ ᠮᠦᠩᠬᠦᠨ ᠭᠦᠢᠯᠭᠡᠭᠡᠨ ᠤ ᠡᠷᠡᠭᠦᠯ ᠢᠶᠠᠷ ᠪᠦᠭᠡᠳ ᠦᠷᠭᠦᠯᠵᠢᠯᠡᠨ ᠬᠦᠭᠵᠢᠬᠦ ᠶᠢ ᠪᠡᠶᠡᠯᠡᠭᠦᠯᠦᠨ᠎ᠡ      ︵ᠨᠢᠭᠡ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠲᠣᠭᠲᠠᠴᠠ ᠶᠢ ᠪᠡᠶᠡᠯᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢ ᠢᠳᠡᠪᠬᠢᠲᠡᠢ ᠰᠦᠪᠡᠭᠴᠢᠯᠡᠬᠦ ᠪᠠ ᠠᠬᠢᠭᠤᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠲᠤᠭ᠎ᠠ ᠪᠦᠷᠢᠳᠭᠡᠯ ᠤᠨ ᠰᠢᠰᠲ᠋ᠧᠮᠵᠢ ᠶᠢ ᠪᠠᠶᠢᠭᠤᠯᠤᠨ᠂ ᠴᠡᠪᠡᠷ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠡᠪᠴᠠᠩ ᠪᠠᠶᠢᠭᠤᠯᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠥᠯᠥᠪᠵᠢᠭᠦᠯᠭᠡ ᠲᠣᠭᠲᠠᠭᠠᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠭᠦᠯᠬᠦ ᠬᠡᠷᠡᠭᠲᠡᠢ᠃ ᠠᠵᠢᠯ ᠢᠶᠠᠨ ᠣᠶᠢᠯᠠᠭᠠᠵᠤ ᠣᠯᠣᠯᠴᠠᠬᠤ ᠶᠢ ᠴᠢᠩᠭᠠᠳᠬᠠᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠬᠠᠨᠳᠤᠰᠢ ᠪᠠᠶᠢᠳᠠᠯ ᠪᠠ ᠬᠦᠳᠡᠯᠦᠩᠭᠦᠢ ᠪᠠᠶᠢᠳᠠᠯ ᠢ ᠡᠵᠡᠮᠳᠡᠵᠦ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠰᠢᠩ ᠶᠧ ᠪᠠᠩᠭᠢ ︵ᠳᠤᠮᠳᠠᠲᠤ ᠤᠯᠤᠰ ᠤᠨ ᠠᠩᠬᠠᠨ ᠤ ᠳᠡᠯᠡᠬᠡᠢ ᠶᠢᠨ ᠪᠦᠰᠡᠯᠡᠭᠦᠷ ᠤᠨ ᠵᠠᠷᠴᠢᠮᠲᠤ ᠪᠠᠩᠭᠢ︶ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠭᠦᠨᠵᠡᠭᠡᠢ ᠬᠠᠮᠲᠤᠷᠠᠯᠴᠠᠨ ᠪᠣᠬᠢᠷᠳᠤᠯ ᠦᠭᠡᠢ ᠠᠵᠤ ᠦᠢᠯᠡᠰ ᠢ ᠬᠦᠭᠵᠢᠭᠦᠯᠬᠦ ᠶᠢ ᠠᠬᠢᠭᠤᠯᠬᠤ ᠬᠡᠷᠡᠭᠲᠡᠢ᠃      ︵ᠬᠤᠶᠠᠷ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠳᠡᠳᠭᠦᠬᠦ ᠲᠣᠭᠲᠠᠴᠠ ᠶᠢ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠴᠡᠪᠡᠷ ᠦᠨᠡᠯᠡᠨ ᠵᠢᠱᠢᠬᠦ ᠭᠦᠢᠴᠡᠳᠭᠡᠯ ᠲᠣᠭᠠᠨ ᠤ ᠰᠢᠰᠲ᠋ᠧᠮᠵᠢ ᠶᠢ ᠰᠣᠳᠤᠯᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠳᠡᠮᠵᠢᠬᠦ ᠪᠠ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠠᠶᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠬᠤ ᠶᠢ ᠠᠭᠤᠵᠢᠭᠤ ᠲᠠᠯᠪᠢᠬᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠦᠨ᠎ᠡ ᠲᠣᠭᠲᠠᠭᠠᠬᠤ ᠶᠢ ᠲᠡᠭᠦᠯᠳᠡᠷᠵᠢᠭᠦᠯᠬᠦ᠂ ᠣᠨᠴᠠ ᠵᠦᠪᠰᠢᠶᠡᠷᠡᠯ ᠤᠨ ᠡᠵᠡᠩᠨᠡᠯᠲᠡ ᠶᠢ ᠬᠡᠷᠡᠭᠵᠢᠭᠦᠯᠬᠦ᠂ ᠵᠦᠷᠢᠶᠡᠵᠢᠭᠰᠡᠨ ᠱᠠᠩᠨᠠᠯ ᠬᠦᠬᠢᠭᠦᠯᠦᠯ ᠨᠡᠮᠡᠭᠦᠷᠢ ᠶᠢ ᠬᠡᠷᠡᠭᠯᠡᠬᠦ᠂ ᠡᠳ᠋ ᠤᠨ ᠵᠠᠰᠠᠭ ᠪᠠ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠵᠤ᠂ ᠠᠰᠢᠭ ᠣᠯᠵᠠᠪᠤᠷᠢ ᠪᠠ ᠥᠪᠡᠷ ᠤᠨ ᠥᠷᠲᠡᠭ ᠤᠨ ᠲᠥᠭᠰᠢᠭᠦᠷᠢ ᠶᠢ ᠬᠠᠮᠳᠤᠪᠠᠷ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠦᠬᠦᠴᠡᠯ ᠳᠤ ᠨᠡᠶᠢᠴᠡᠭᠰᠡᠨ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠭᠤᠷᠪᠠᠳᠤᠭᠠᠷ ᠲᠠᠯ᠎ᠠ ᠶᠢᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠮᠡᠳᠡᠭᠡ ᠵᠠᠩᠭᠢ ᠴᠤᠭᠯᠠᠭᠤᠯᠬᠤ᠂ ᠰᠣᠳᠣᠯᠬᠤ ᠪᠠ ᠨᠡᠶᠢᠲᠡᠯᠡᠬᠦ ᠬᠢᠭᠡᠳ ᠵᠠᠳᠠᠯᠤᠯᠲᠠ ᠬᠢᠵᠦ ᠮᠡᠳᠡᠭᠦᠯᠬᠦ ᠳᠤ ᠣᠷᠣᠯᠴᠠᠭᠤᠯᠬᠤ ᠶᠢ ᠵᠦᠢ ᠶᠤᠰᠤᠨ ᠤ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠦᠷᠨᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠴᠡᠪᠡᠷ ᠮᠦᠩᠭᠦᠨ ᠭᠦᠢᠯᠭᠡᠭᠡᠨ ᠤ ᠰᠣᠳᠣᠯᠣᠯ ᠤᠨ ᠪᠡᠯᠡ ᠮᠦᠩᠬᠦ ᠶᠢᠨ ᠣᠷᠤᠭᠤᠯᠤᠯᠲᠠ ᠪᠠ ᠴᠢᠳᠠᠪᠤᠷᠢᠲᠡᠨ ᠬᠦᠮᠦᠵᠢᠭᠦᠯᠵᠦ ᠲᠠᠲᠠᠨ ᠣᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠵᠦᠢ ᠶᠤᠰᠤᠨ ᠤ ᠮᠦᠩᠬᠦᠨ ᠭᠦᠢᠯᠭᠡᠭᠡᠨ ᠤ ᠬᠦᠭᠵᠢᠯᠲᠡ ᠶᠢᠨ ᠪᠠᠷᠠᠭᠠᠯᠬᠢᠯᠠᠯ ᠤᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠴᠡᠪᠡᠷ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠵᠦ᠂ ᠬᠤᠷᠸ᠎ᠠ ᠲᠠᠯ᠎ᠠ ᠶᠢᠨ ᠯᠠᠪᠳᠠᠭᠤᠨ ᠪᠣᠯᠭᠤᠮᠵᠢᠲᠠᠢ ᠬᠢᠭᠡᠳ ᠪᠢᠴᠢᠯ ᠲᠠᠯ᠎ᠠ ᠶᠢᠨ ᠯᠠᠪᠳᠠᠭᠤᠨ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠬᠡᠷᠡᠭᠯᠡᠭᠦᠷ ᠢ ᠶᠡᠷᠦᠩᠬᠡᠶᠢᠯᠡᠨ ᠠᠰᠢᠭᠯᠠᠵᠤ᠂ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠳᠦᠷᠢᠮ ᠪᠠ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ ᠪᠠ ᠲᠡᠭᠦᠯᠳᠡᠷᠵᠢᠭᠦᠯᠬᠦ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠵᠢᠷᠤᠮᠯᠠᠯ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠵᠠᠭᠤᠴᠢ ᠪᠠᠶᠢᠭᠤᠯᠤᠮᠵᠢ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠵᠦ᠂ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠬᠦ ᠰᠢᠰᠲ᠋ᠧᠮᠵᠢ ᠪᠠ ᠱᠠᠩᠨᠠᠵᠤ ᠵᠠᠯᠬᠠᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠥᠭᠰᠢᠭᠦᠷᠢ ᠶᠢ ᠬᠢᠨᠠᠨ ᠰᠢᠨᠵᠢᠵᠦ ᠤᠷᠢᠳᠴᠢᠯᠡᠨ ᠰᠡᠷᠡᠮᠵᠢᠯᠡᠭᠦᠯᠬᠦ ᠪᠠᠨ ᠴᠢᠩᠭᠠᠷᠠᠭᠤᠯᠵᠤ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠵᠤ᠂ ᠴᠡᠪᠡᠷ ᠢᠲᠡᠭᠡᠮᠵᠢᠲᠦ ᠵᠢᠭᠡᠯᠡᠯᠭᠡ ᠪᠠ ᠴᠡᠪᠡᠷ ᠵᠢᠭᠡᠯᠡᠯᠭᠡ ᠶᠢᠨ ᠲᠡᠮᠳᠡᠭᠲᠦ ᠶᠢᠨ ᠭᠡᠷ᠎ᠡ ᠵᠦᠷᠢᠴᠡᠬᠦ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠪᠣᠬᠢᠷᠳᠤᠯ ᠦᠭᠡᠢ ᠲᠥᠷᠥᠯ ᠵᠦᠢᠯ ᠳᠠᠬᠢ ᠬᠦᠰᠢᠭᠦᠷᠭᠡᠯᠡᠬᠦ ᠨᠣᠷᠮ᠎ᠠ ᠶᠢᠨ ᠬᠡᠲᠦ ᠦᠨᠳᠦᠷ ᠪᠣᠯᠬᠤ᠂ ᠬᠦᠷᠦᠩᠭᠡ ᠶᠢ ᠲᠠᠯᠠᠭᠠᠷ ᠡᠷᠭᠢᠯᠳᠦᠭᠦᠯᠬᠦ ᠪᠠ ︽ᠴᠡᠪᠡᠷᠰᠢᠭᠦᠯᠬᠦ︾ ᠵᠡᠷᠭᠡ ᠲᠥᠭᠰᠢᠭᠦᠷᠢ ᠠᠴᠠ ᠪᠦᠲᠦᠮᠵᠢᠲᠡᠢ ᠵᠠᠶᠢᠯᠠᠭᠤᠯᠬᠤ ᠬᠡᠷᠡᠭᠲᠡᠢ᠃      ︵ᠳᠥᠷᠪᠡ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠢᠲᠡᠭᠡᠮᠵᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ᠴᠡᠪᠡᠷ ᠮᠡᠳᠡᠭᠡ ᠵᠠᠩᠭᠢ ᠲᠡᠮᠳᠡᠭᠯᠡᠬᠦ ᠪᠠ ᠮᠡᠳᠡᠭᠡ ᠵᠠᠩᠭᠢ ᠨᠡᠶᠢᠲᠡᠯᠡᠬᠦ ᠳᠥᠷᠢᠮ ᠢ ᠨᠢᠭᠡᠳᠦᠯᠲᠡᠢ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠮᠡᠳᠡᠭᠡ ᠵᠠᠩᠭᠢᠵᠢᠯᠲᠠ᠂ ᠬᠦᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠦᠴᠢᠷ ᠤᠳ ᠪᠣᠯᠣᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠤᠭᠤᠷᠣᠨᠳᠤᠬᠢ ᠮᠡᠳᠡᠭᠡ ᠵᠠᠩᠭᠢ ᠶᠢ ᠬᠠᠮᠳᠤ ᠪᠠᠷ ᠬᠦᠷᠲᠡᠯᠴᠡᠬᠦ ᠶᠢ ᠴᠢᠩᠭᠠᠳᠬᠠᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠢᠲᠡᠭᠡᠮᠵᠢᠲᠦ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠦᠮᠦᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ ᠵᠦᠷᠢᠴᠡᠭᠰᠡᠨ ᠮᠡᠳᠡᠭᠡ ᠵᠠᠩᠭᠢ ᠶᠢ ᠰᠠᠭᠤᠷᠢ ᠳ᠋ᠠᠶᠢᠲ᠋ᠠ ᠬᠦᠮᠦᠷᠭᠡ ᠳᠤ ᠣᠷᠤᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠ ᠪᠡᠯᠡ ᠣᠷᠤᠭᠤᠯᠤᠭᠴᠢ ᠳᠤ ᠴᠡᠪᠡᠷ ᠮᠦᠩᠭᠦᠨ ᠭᠦᠢᠯᠭᠡᠭᠡᠨ ᠤ ᠪᠡᠯᠡ ᠣᠷᠤᠭᠤᠯᠤᠯᠲᠠ ᠶᠢᠨ ᠲᠤᠬᠠᠶᠢᠯᠠᠭᠰᠠᠨ ᠠᠵᠢᠯ ᠳᠤ ᠦᠨᠳᠦᠰᠦᠯᠡᠯ ᠬᠠᠩᠭᠠᠬᠤ ᠬᠡᠷᠡᠭᠲᠡᠢ᠃ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠭᠡ ᠵᠠᠩᠭᠢ ᠶᠢᠨ ᠠᠯᠪᠠᠳᠠᠯᠭ᠎ᠠ ᠶᠢᠨ ᠴᠢᠨᠠᠷᠲᠠᠢ ᠨᠡᠶᠢᠲᠡᠯᠡᠬᠦ ᠳᠥᠷᠢᠮ ᠢ ᠪᠠᠶᠢᠭᠤᠯᠵᠤ᠂ ᠬᠦᠨᠳᠦ ᠶᠡᠭᠡ ᠣᠷᠴᠢᠨ ᠲᠣᠭᠤᠷᠢᠨ ᠤ ᠪᠣᠬᠢᠷᠳᠤᠯ ᠤᠨ ᠬᠡᠷᠡᠭ ᠤᠨ ︽ᠬᠠᠷ᠎ᠠ ᠳᠠᠩᠰᠠ︾᠎ ᠶᠢᠨ ᠳᠥᠷᠢᠮ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠡᠳᠡᠷᠭᠡᠨ ᠰᠢᠬᠠᠮᠳᠠᠭᠤᠯᠬᠤ ᠲᠣᠭᠲᠠᠴᠠ ᠪᠠᠷ ᠳᠠᠮᠵᠢᠨ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ᠃      ︵ᠲᠠᠪᠤ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠵᠢᠱᠢᠶ᠎ᠡ ᠦᠵᠡᠭᠦᠯᠵᠦ ᠬᠦᠲᠦᠯᠦᠨ ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ ᠬᠦᠬᠡᠬᠤᠲᠠ ᠶᠢ ᠤᠯᠤᠰ ᠤᠨ ᠵᠦᠢ ᠶᠤᠰᠤᠨ ᠤ ᠮᠦᠩᠭᠦᠨ ᠭᠦᠢᠯᠭᠡᠭᠡᠨ ᠤ ᠲᠤᠷᠰᠢᠯᠲᠠ ᠶᠢᠨ ᠭᠠᠵᠠᠷ ᠣᠷᠣᠨ ᠳᠤ ᠵᠢᠭᠰᠠᠭᠠᠨ ᠣᠷᠤᠭᠤᠯᠬᠤ ᠪᠠᠷ ᠢᠳᠡᠪᠬᠢᠲᠠᠢ ᠴᠢᠷᠮᠠᠶᠢᠬᠤ ᠬᠡᠷᠡᠭᠲᠡᠢ᠃ ᠮᠡᠳᠡᠭᠡ ᠵᠠᠩᠭᠢ ᠶᠢᠨ ᠲᠠᠪᠴᠠᠩ ᠪᠠᠶᠢᠭᠤᠯᠬᠤ᠂ ᠲᠤᠰᠬᠠᠢ ᠰᠡᠲᠦᠪ ᠤᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠺᠢᠨᠤ᠋ ᠭᠠᠷᠭᠠᠬᠤ᠂ ᠲᠦᠪᠯᠡᠷᠡᠭᠦᠯᠦᠨ ᠤᠬᠠᠭᠤᠯᠬᠤ᠂ ᠲᠤᠬᠠᠢ ᠶᠢᠨ ᠭᠠᠵᠠᠷ ᠲᠤ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠵᠦᠢ ᠶᠤᠰᠤᠨ ᠤ ᠮᠦᠩᠭᠦᠨ ᠭᠦᠢᠯᠭᠡᠭᠡᠨ ᠤ ᠮᠡᠳᠡᠯᠭᠡ ᠶᠢ ᠨᠡᠶᠢᠭᠡᠮ ᠲᠣᠭᠤᠷᠢᠭ ᠲᠤ ᠣᠷᠤᠭᠤᠯᠬᠤ᠂ ᠰᠣᠷᠭᠠᠭᠤᠯᠢ ᠶᠢᠨ ᠬᠦᠷᠢᠶᠡᠨ ᠳᠤ ᠣᠷᠤᠭᠤᠯᠬᠤ᠂ ᠠᠵᠤ ᠠᠬᠤᠶᠢᠯᠠᠯ ᠳᠤ ᠣᠷᠤᠭᠤᠯᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠳᠠᠬᠢ ᠰᠢᠯᠢᠳᠡᠭ ᠵᠢᠱᠢᠶ᠎ᠡ ᠪᠠ ᠲᠣᠪᠤᠶᠢᠭᠰᠠᠨ ᠠᠮᠵᠢᠯᠲᠠ ᠪᠦᠲᠦᠮᠵᠢᠲᠡᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠ ᠪᠣᠬᠢᠷᠳᠤᠯ ᠦᠭᠡᠢ ᠠᠵᠤ ᠠᠬᠤᠶᠢᠯᠠᠯ ᠤᠳ ᠢ ᠢᠳᠡᠪᠬᠢᠲᠡᠢ ᠤᠬᠠᠭᠤᠯᠵᠤ᠂ ᠪᠦᠬᠦ ᠨᠡᠶᠢᠭᠡᠮ ᠤᠨ ᠬᠢᠨ ᠤ ᠵᠦᠢ ᠶᠤᠰᠤᠨ ᠤ ᠮᠦᠩᠭᠦᠨ ᠭᠦᠢᠯᠭᠡᠭᠡᠨ ᠢ ᠮᠡᠳᠡᠷᠡᠬᠦ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠵᠦᠢ ᠶᠤᠰᠤᠨ ᠤ ᠮᠦᠩᠭᠦᠨ ᠭᠦᠢᠯᠭᠡᠭᠡᠨ ᠢ ᠬᠦᠭᠵᠢᠭᠦᠯᠬᠦ ᠳᠤ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠪᠣᠬᠢᠷᠳᠤᠯ ᠦᠭᠡᠢ ᠬᠡᠷᠡᠭᠯᠡᠭᠡ ᠶᠢ ᠰᠠᠨᠠᠭᠠᠴᠢᠯᠠᠨ᠂ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃      ︵ᠵᠢᠷᠭᠤᠭ᠎ᠠ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠢᠴᠢ ᠥᠪᠦᠷ ᠮᠣᠩᠭᠤᠯ ᠤᠨ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠬᠠᠮᠲᠤᠷᠠᠵᠤ ᠪᠠᠶᠢᠭᠠᠳ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠵᠦᠢ ᠶᠤᠰᠤᠨ ᠤ ᠮᠦᠩᠭᠦᠨ ᠭᠦᠢᠯᠭᠡᠭᠡᠨ ᠤ ᠣᠨ ᠤ ᠠᠵᠢᠯ ᠦᠷᠨᠢᠭᠦᠯᠦᠭᠰᠡᠨ ᠪᠠᠶᠢᠳᠠᠯ ᠵᠢᠴᠢ ᠴᠡᠪᠡᠷ ᠢᠲᠡᠭᠡᠮᠵᠢᠲᠦ ᠵᠢᠭᠡᠯᠡᠯᠭᠡ᠂ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠤᠰᠤᠨ ᠤ ᠳᠠᠭᠠᠳᠬᠠᠯ ᠵᠡᠷᠭᠡ ᠲᠠᠯ᠎ᠠ ᠶᠢᠨ ᠭᠤᠣᠯ ᠪᠣᠯᠬᠤ ᠭᠦᠢᠴᠡᠳᠭᠡᠯ ᠲᠤᠭ᠎ᠠ ᠶᠢᠨ ᠪᠡᠶᠡᠯᠡᠭᠦᠯᠦᠭᠰᠡᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠮᠦᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠳᠡᠮᠵᠢᠬᠦ ᠵᠡᠷᠭᠡ ᠱᠠᠩᠨᠠᠨ ᠬᠦᠬᠢᠭᠦᠯᠬᠦ ᠠᠵᠢᠯ ᠪᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ ᠳᠡᠰ ᠲᠣᠭᠲᠠᠭᠠᠬᠤ ᠭᠦᠢᠴᠡᠳᠭᠡᠯ ᠲᠣᠭᠠᠨ ᠤ ᠰᠢᠰᠲ᠋ᠧᠮᠵᠢ ᠳᠤ ᠣᠷᠤᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map