ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠳᠠᠷᠣᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/6/28
                       ᠥᠪᠥᠷ ᠵᠠᠰᠠᠭ ᠲᠠᠷᠬᠠᠭᠠᠭᠰᠠᠨ ﹇2017﹈ 34 ᠳ᠋ᠤᠭᠡᠷ ᠲᠤᠭᠠᠳᠤ                                 2017 ᠣᠨ ᠤ 3 ᠳ᠋ᠣᠭᠠᠷ ᠰᠠᠷ᠎ᠠ ᠶᠢᠨ 13᠎ ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃          ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ          ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ          ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ          ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ      ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠬᠤ ᠶᠢ 2016 ᠣᠨ ᠤ 5 ᠳ᠋ᠣᠭᠠᠡᠷ ᠰᠠᠷ᠎ᠠ ᠶᠢᠨ 1᠎ ᠤ ᠡᠳᠣᠷ ᠨᠢᠭᠡᠨᠳᠠ ᠬᠡᠷᠩᠵᠢᠭᠦᠯᠪᠠ᠃ ︽ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠲᠦᠪ ᠤᠨ ᠡᠳ᠋ ᠤᠨ ᠵᠠᠰᠠᠭ ᠪᠣᠯᠣᠨ ᠣᠷᠣᠨ ᠨᠣᠳᠤᠭ ᠤᠨ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠳᠠᠷᠣᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠣᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2016﹈ 26 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ︵ᠤᠤᠯ ᠤᠨ ᠥᠷᠲᠡᠭ ᠨᠡᠮᠡᠭᠳᠡᠯ ᠤᠨ ᠭᠠᠶᠢᠯᠢ᠂ ᠦᠭᠡᠷᠡᠴᠢᠯᠠᠵᠣ ᠳᠠᠳᠠᠪᠣᠷᠢᠯᠠᠭᠰᠠᠨ ᠦᠷᠲᠡᠭ ᠨᠡᠮᠡᠭᠳᠡᠯ ᠤᠨ ᠭᠠᠶᠢᠯᠢ ᠪᠠ ᠡᠵᠡᠩᠨᠡᠯᠲᠡ ᠶᠢᠨ ᠭᠠᠶᠢᠯᠢ᠂ ᠳᠣᠷᠣᠭᠰᠢ ᠠᠳᠠᠯᠢ︶᠎ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠲᠣᠭᠲᠠᠭᠠᠪᠠ᠃       ᠨᠢᠭᠡ᠂ ᠦᠨᠳᠦᠰᠦᠨ ᠵᠠᠷᠴᠢᠮ      ︵ᠨᠢᠭᠡ︶ ᠤᠳᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠷᠢᠰᠢᠯ ᠢ ᠬᠤᠪᠢᠷᠠᠭᠤᠯᠬᠤ ᠦᠭᠡᠢ ᠪᠠᠶᠢᠬᠤ ᠶᠢ ᠪᠠᠳᠣᠯᠠᠨ᠎ᠠ᠃ 2014 ᠣᠨ ᠢᠶᠠᠷ ᠰᠠᠭᠤᠷᠢ ᠲᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ ᠠᠴᠠ ᠳᠡᠭᠡᠭᠰᠢ ᠬᠤᠪᠢᠶᠠᠷᠢᠯᠠᠭᠰᠠᠨ ᠣᠷᠣᠯᠭ᠎ᠠ ᠶᠢ ᠭᠠᠶᠢᠯᠢ ᠲᠠᠲᠠᠪᠤᠷᠢ ᠪᠤᠴᠠᠭᠠᠬᠤ ᠠᠷᠭ᠎ᠠ ᠮᠠᠶ᠋ᠢᠭ ᠢᠶᠠᠷ ᠳᠡᠮᠵᠢᠭᠤᠯᠣᠨ ᠠᠶᠢᠮᠠᠭ ᠬᠤᠳ᠋ᠨ ᠳᠤ ᠦᠭᠴᠣ᠂ ᠣᠳᠣᠬᠠᠨ ᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠶ ᠳᠡᠭᠡᠨ ᠬᠤᠪᠢᠷᠠᠭᠤᠯᠬᠤ ᠦᠭᠡᠢ ᠪᠠᠶᠢᠬᠤ ᠶᠢ ᠪᠠᠳᠣᠯᠠᠨ᠎ᠠ᠃      ︵ᠬᠤᠶᠠᠷ︶ ᠦᠷᠲᠡᠭ ᠨᠡᠮᠡᠭᠳᠡᠯ ᠤᠨ ᠭᠠᠶᠢᠯᠢ ᠶᠢ ᠬᠠᠮᠳᠣ ᠪᠠᠷ ᠭᠦᠷᠳᠡᠭᠦ ᠶᠢ ᠲᠦᠢᠯᠪᠣᠷᠢᠳᠠᠢ ᠬᠡᠷᠩᠵᠢᠭᠦᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠭᠲᠠᠮᠠᠯ ᠣᠷᠣᠯᠭ᠎ᠠ ᠶᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠭᠠᠶᠢᠯᠢ ᠲᠠᠲᠠᠪᠤᠷᠢ ᠲᠤᠰᠢᠶᠠᠬᠤ ᠭᠠᠵᠠᠷ ᠤᠨ ᠬᠠᠷᠢᠴᠠᠯ ᠶᠣᠰᠣᠭᠠᠷ ᠨᠢᠭᠡᠳᠦᠯᠲᠡᠶ ᠬᠠᠮᠳᠣ ᠪᠠᠷ ᠭᠦᠷᠳᠡᠭᠦ ᠶᠢ ᠰᠢᠭᠤᠳ ᠶᠠᠪᠣᠭᠳᠠᠭᠤᠯᠣᠨ᠎ᠠ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠵᠣᠬᠢᠰᠲᠠᠶ ᠳᠡᠭᠡᠭᠰᠢᠯᠡᠭᠦᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠥᠪᠬᠡᠨ 2014 ᠣᠨ ᠤ ᠣᠷᠣᠯᠭ᠎ᠠ ᠶᠢᠨ ᠰᠠᠭᠤᠷᠢ ᠲᠤᠭ᠎ᠠ ᠠᠴᠠ ᠬᠡᠲᠦᠷᠡᠭᠰᠡᠨ ᠨᠡᠮᠡᠭᠳᠡᠯ ᠤᠨ ᠬᠡᠰᠡᠭ ᠲᠤ ᠵᠣᠬᠢᠰᠲᠠᠶ ᠲᠥᠪᠯᠡᠷᠡᠭᠦᠯᠦᠯ ᠬᠢᠵᠣ᠂ ᠠᠶᠢᠮᠠᠭ ᠬᠤᠳᠠ ᠶᠢᠨ ᠳᠠᠭᠠᠭᠠᠬᠤ ᠴᠢᠳᠠᠪᠤᠷᠢ ᠶᠢ ᠬᠠᠮᠲᠤ ᠳᠤᠨᠢ ᠬᠠᠷᠠᠭᠠᠯᠵᠠᠬᠤ ᠶᠢᠨ ᠳᠠᠠᠭᠤ ᠪᠠᠰᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠵᠣᠬᠢᠰᠳᠠᠢ ᠳᠡᠭᠡᠭᠰᠢᠯᠡᠭᠦᠯᠭᠦ ᠶᠢ ᠪᠣᠳᠣᠯᠬᠢᠯᠠᠬᠤ ᠬᠡᠷᠡᠭᠲᠡᠶ᠃      ︵ᠲᠦᠷᠪᠡ︶ ᠥᠪᠡᠷᠲᠡᠭᠡᠨ ᠵᠠᠰᠠᠬᠤ ᠣᠷᠣᠨ ᠤ ᠣᠷᠣᠨ ᠪᠦᠰᠨ ᠶᠢᠨ ᠳᠣᠲᠣᠷᠠᠬᠢ ᠡᠳ᠋ ᠤᠨ ᠬᠦᠴᠦᠨ ᠤ ᠲᠡᠩᠴᠡᠭᠦᠷᠢ ᠶᠢ ᠠᠬᠢᠭᠤᠯᠬᠤ ᠬᠡᠷᠩᠳᠠᠢ᠃ ᠲᠣᠬᠢᠷᠠᠭᠤᠯᠤᠯᠳᠠ ᠬᠢᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠠᠴᠠ ᠲᠥᠪᠯᠡᠷᠡᠭᠦᠯᠣᠭ᠍ᠰᠡᠨ ᠣᠷᠣᠯᠭ᠎ᠠ ᠶᠢᠨ ᠨᠡᠮᠡᠭᠳᠡᠭᠰᠡᠨ ᠬᠡᠮᠵᠢᠶ᠎ᠡ ᠶᠢ ᠭᠤᠣᠯᠳᠠᠭᠤ ᠡᠯ᠎ᠡ ᠠᠶᠢᠮᠠᠭ ᠬᠤᠲᠠ ᠶᠢᠨ ᠡᠩ ᠤᠨ ᠴᠢᠨᠠᠷᠲᠠᠶ ᠰᠢᠯᠵᠢᠭᠦᠯᠦᠨ ᠥᠭᠬᠦ ᠳᠤ ᠵᠠᠷᠣᠴᠠᠭᠤᠯᠣᠨ᠂ ᠡᠷᠳᠡ ᠴᠢᠯᠣᠭᠡᠯᠡᠭᠳᠡᠭᠰᠠᠨ ᠣᠷᠣᠨ ᠴᠦᠭᠡᠨ ᠲᠣᠭᠠᠳᠣ ᠦᠨᠳᠣᠰᠣᠳᠠᠨ ᠤ ᠬᠢᠯᠢ ᠬᠢᠵᠠᠭᠠᠷ ᠶᠠᠳᠠᠭᠤ ᠬᠦᠴᠢᠷᠳᠡᠯᠳᠠᠢ ᠭᠠᠵᠠᠷ ᠣᠷᠣᠨ ᠢ ᠳᠡᠮᠵᠢᠭᠦ ᠡᠷᠴᠢᠮ ᠢ ᠴᠢᠩᠭᠠᠷᠠᠭᠤᠯᠵᠣ᠂ ᠣᠷᠣᠨ ᠪᠦᠰᠠ ᠶᠢᠨ ᠳᠣᠲᠣᠷᠠᠬᠢ ᠡᠳ᠋ ᠤᠨ ᠬᠦᠴᠦᠨ ᠤ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠳᠡᠩᠴᠡᠭᠦᠷᠢᠵᠢᠯ ᠢ ᠠᠬᠢᠭᠤᠯᠣᠨ᠎ᠠ᠃       ᠬᠤᠶᠠᠷ᠂ ᠭᠤᠣᠯ ᠠᠭᠤᠯᠭ᠎ᠠ      ︵ᠨᠢᠭᠡ︶ 2014 ᠣᠨ ᠢᠶᠠᠷ ᠰᠠᠭᠤᠷᠢ ᠲᠤᠭ᠎ᠠ ᠪᠣᠯᠭᠠᠵᠣ ᠥᠪᠡᠷᠲᠡᠭᠡᠨ ᠵᠠᠰᠠᠬᠤ ᠣᠷᠣᠨ ᠤ ᠪᠤᠴᠠᠭᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ᠃      ︵ᠬᠤᠶᠠᠷ︶ ᠠᠯᠢᠪᠠ ᠠᠵᠢᠯ ᠲᠦᠷᠦᠯ ᠠᠵᠤ ᠠᠬᠤᠶᠢᠯᠠᠯ ᠤᠨ ᠲᠤᠰᠢᠶᠠᠭᠰᠠᠨ ᠦᠷᠲᠡᠭ ᠨᠡᠮᠡᠭᠳᠡᠯ ᠤᠨ ᠭᠠᠶᠢᠯᠢ ᠶᠢ ᠴᠥᠮ ᠬᠠᠮᠲᠤ ᠪᠠᠷ ᠭᠦᠷᠳᠡᠭᠦ ᠬᠡᠪᠴᠢᠶᠡᠨ ᠳᠤ ᠣᠷᠣᠭᠤᠯᠣᠨ᠎ᠠ᠃ ᠣᠷᠣᠨ ᠨᠤᠲᠤᠭ ᠤᠨ ᠦᠯᠡᠳᠡᠭᠡᠭᠰᠡᠨ ᠦᠷᠳᠡᠭ ᠨᠡᠮᠡᠭᠳᠡᠯ ᠤᠨ ᠭᠠᠶᠢᠯᠢ ᠶᠢᠨ 50%᠎ ᠶᠢᠨ ᠬᠡᠰᠡᠭ᠂ ᠥᠪᠡᠷᠲᠡᠭᠡᠨ ᠵᠠᠰᠠᠬᠤ ᠣᠷᠣᠨ ᠤ ᠲᠤᠰ ᠱᠠᠳᠣ ᠨᠢ 30%᠎ ᠶᠢ ᠬᠤᠪᠢᠶᠠᠨ ᠭᠦᠷᠳᠡᠵᠣ᠂ ᠠᠶᠢᠮᠠᠭ ᠬᠤᠳᠠ ᠨᠢ ᠭᠠᠶᠢᠯᠢ ᠲᠠᠲᠠᠪᠤᠷᠢ ᠲᠤᠰᠢᠶᠠᠬᠤ ᠭᠠᠵᠡᠷ ᠢᠶᠠᠷ 70%᠎ ᠶᠢ ᠬᠤᠪᠢᠳᠠᠨ ᠭᠦᠷᠳᠡᠨ᠎ᠠ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠳᠡᠭᠡᠭᠰᠢ ᠬᠤᠪᠢᠶᠠᠷᠢᠯᠠᠭᠰᠠᠨ ᠣᠷᠣᠯᠭ᠎ᠠ ᠶᠢ ᠭᠠᠶᠢᠯᠢ ᠲᠠᠲᠠᠪᠤᠷᠢ ᠪᠠᠷ ᠳᠡᠮᠵᠢᠭᠤᠯᠣᠨ ᠪᠣᠴᠠᠭᠠᠬᠤ ᠠᠷᠭ᠎ᠠ ᠮᠠᠶ᠋ᠢᠭ ᠢᠶᠠᠷ ᠠᠶᠢᠮᠠᠭ ᠬᠤᠳᠠ ᠳᠤ ᠦᠭᠴᠣ᠂ ᠣᠷᠣᠨ ᠨᠤᠲᠤᠭ ᠤᠨ ᠣᠳᠣ ᠶᠢᠨ ᠪᠠᠶᠢᠭ᠎ᠠ ᠡᠳ᠋ ᠤᠨ ᠭᠦᠴᠣᠨ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃      ︵ᠲᠦᠷᠪᠡ︶ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠣᠭ᠍ᠰᠡᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠠ ᠶᠢ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠣᠷᠣᠨ ᠨᠤᠲᠤᠭ ᠲᠤ ᠬᠤᠪᠢᠶᠠᠷᠢᠯᠠᠨ ᠥᠭᠴᠦ᠂ ᠡᠷᠳᠡ ᠴᠢᠯᠣᠭᠡᠯᠡᠭᠳᠡᠭᠰᠠᠨ ᠣᠷᠣᠨ ᠴᠦᠭᠡᠨ ᠲᠣᠭᠠᠳᠣ ᠦᠨᠳᠣᠰᠣᠳᠠᠨ ᠤ ᠬᠢᠯᠢ ᠬᠢᠵᠠᠭᠠᠷ ᠶᠠᠳᠠᠭᠤ ᠬᠦᠴᠢᠷᠳᠡᠯᠳᠠᠢ ᠭᠠᠵᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃      ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ ᠪᠠ ᠰᠢᠯᠵᠢᠯᠲᠡ ᠶᠢᠨ ᠬᠤᠭᠤᠴᠠᠭ᠎ᠠ ᠬᠢᠵᠠᠭᠠᠷ      ᠲᠤᠰ ᠲᠥᠰᠦᠯ ᠢ 2017 ᠣᠨ ᠤ 1 ᠳ᠋ᠣᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠢᠯᠵᠢᠯᠲᠡ ᠶᠢᠨ ᠬᠤᠭᠤᠴᠠᠭ᠎ᠠ ᠶᠢ ᠲᠦᠷ 2 — 3 ᠵᠢᠯ ᠢᠶᠠᠷ ᠲᠣᠭᠳᠠᠭᠠᠵᠣ᠂ ᠲᠤᠬᠠᠶ ᠶᠢᠨ ᠴᠠᠭ ᠲᠤᠨᠢ ᠲᠥᠪ ᠤᠨ ᠳᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ ᠶᠢᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠣᠳᠠᠲᠠᠶ ᠶᠢ ᠦᠨᠳᠣᠰᠣᠯᠡᠵᠣ ᠵᠣᠬᠢᠰᠲᠠᠶ ᠲᠣᠬᠢᠷᠠᠭᠤᠯᠣᠯᠳᠠ ᠬᠢᠨ᠎ᠠ᠃ ᠡᠯ᠎ᠡ ᠠᠶᠢᠮᠠᠭ ᠬᠤᠳᠠ ᠠᠴᠠ ᠳᠣᠷᠣᠭᠰᠢᠬᠢ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ ᠬᠤᠪᠢᠶᠠᠷᠢᠯᠠᠬᠤ ᠬᠠᠷᠢᠴᠠᠯ ᠨᠢ ᠬᠡᠷᠪᠡ ᠲᠣᠬᠢᠷᠠᠭᠤᠯᠣᠯᠳᠠ ᠲᠠᠢ ᠪᠠᠶᠢᠪᠡᠯ᠂ 2017 ᠣᠨ ᠤ 4 ᠳ᠋ᠣᠭᠡᠷ ᠰᠠᠷ᠎ᠠ ᠶᠢᠨ 15᠎ ᠤ ᠡᠳᠣᠷ ᠠᠴᠠ ᠡᠮᠦᠨ᠎ᠡ ᠲᠣᠬᠢᠷᠠᠭᠤᠯᠵᠣ ᠲᠠᠭᠤᠰᠬᠠᠬᠤ ᠬᠡᠷᠩᠳᠠᠢ᠃ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠂ ᠠᠷᠠᠳ ᠤᠨ ᠪᠠᠩᠬᠢ ᠨᠢ 2017 ᠣᠨ ᠤ 4 ᠳ᠋ᠣᠭᠡᠷ ᠰᠠᠷ᠎ᠠ ᠶᠢᠨ 30᠎ ᠤ ᠡᠳᠣᠷ ᠠᠴᠠ ᠡᠮᠦᠨ᠎ᠡ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ ᠬᠤᠪᠢᠶᠠᠷᠢᠯᠠᠬᠤ ᠬᠠᠮᠢᠶ᠎ᠠ ᠪᠦᠭᠦᠢ ᠲᠦᠭᠦᠷ ᠠᠵᠢᠯ ᠢᠶᠠᠨ ᠪᠡᠶᠡᠯᠡᠭᠦᠯᠵᠣ᠂ 2017 ᠣᠨ ᠤ 5 ᠳ᠋ᠣᠭᠠᠷ ᠰᠠᠷ᠎ᠠ ᠶᠢᠨ 1᠎ ᠤ ᠡᠳᠣᠷ ᠠᠴᠠ ᠬᠤᠶᠢᠰᠢ ᠥᠪᠡᠷᠲᠡᠭᠡᠨ ᠵᠠᠰᠠᠬᠤ ᠣᠷᠣᠨ ᠤ ᠦᠷᠳᠡᠭ ᠨᠡᠮᠡᠭᠳᠡᠯ ᠤᠨ ᠭᠠᠶᠢᠯᠢ ᠶᠢ ᠲᠣᠭᠲᠠᠭᠠᠭᠰᠠᠨ ᠬᠠᠷᠢᠴᠠᠯ᠂ ᠱᠠᠳᠣ ᠳᠡᠰ ᠢᠶᠠᠷ ᠴᠠᠭ ᠲᠣᠬᠠᠢ ᠳᠤᠨᠢ ᠲᠤᠭ᠎ᠠ ᠶᠣᠰᠣᠭᠠᠷ ᠬᠥᠮᠥᠷᠭᠡᠯᠡᠬᠦ ᠶᠢ ᠦᠨᠡᠡᠭᠦ ᠪᠠᠲᠤᠯᠠᠬᠤ ᠬᠡᠷᠡᠭᠲᠡᠶ᠃             ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map