ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠ ᠬᠤᠯᠪᠣᠭᠳᠠᠬᠤ ᠬᠦᠮᠦᠰ ᠢ ᠲᠦᠪᠬᠢᠨᠡᠭᠦᠯᠬᠦ ᠠᠵᠢᠯ ᠤᠨ ᠬᠤᠯᠪᠣᠭᠳᠠᠯ ᠪᠦᠬᠦᠢ ᠤᠴᠢᠷ ᠢ ᠰᠠᠶᠢᠳᠤᠷ ᠬᠢᠬᠦ ᠲᠣᠬᠠᠢ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2017/6/29
            ᠥᠪᠦᠷ ᠵᠠᠰᠠᠭ ᠲᠠᠷᠬᠠᠭᠠᠭᠰᠠᠨ ᠴᠠᠬᠢᠯᠭᠠᠨ  ﹇2017﹈ 7 ᠳ᠋ᠤᠭᠠᠷ ᠲᠣᠭᠠᠳᠤ                   2017 ᠣᠨ ᠤ 3 ᠳ᠋ᠤᠭᠠᠷ ᠰᠠᠷ᠎ᠠ ᠶᠢᠨ 2᠎ ᠤᠨ ᠡᠳᠤᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠦᠪᠡᠷᠲᠡᠭᠡᠨ ᠵᠠᠰᠠᠬᠤ ᠣᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢᠨ ᠥᠭᠴᠡᠭᠡ ᠨᠦᠬᠦᠪᠦᠷᠢ ᠶᠢᠨ ᠲᠥᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠠᠴᠠ 2017 ᠣᠨ ᠤ 5 ᠳ᠋ᠤᠭᠠᠷ ᠰᠠᠷ᠎ᠠ ᠶᠢᠨ 1᠎ ᠤ ᠡᠳᠤᠷ ᠠᠴᠠ ᠡᠬᠢᠯᠡᠨ ᠪᠦᠬᠦ ᠣᠷᠤᠨ ᠤ ᠠᠯᠢᠪᠠ ᠵᠠᠰᠠᠭ ᠤᠨ ᠣᠷᠳᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠᠷ ᠳᠣᠭᠳᠠᠪᠠ᠃ ᠵᠠᠰᠠᠭ ᠤᠨ ᠣᠷᠳᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠ ᠬᠤᠯᠪᠣᠭᠳᠠᠬᠤ ᠬᠦᠮᠦᠰ ᠢ ᠲᠦᠪᠬᠢᠨᠡᠭᠦᠯᠬᠦ ᠠᠵᠢᠯ ᠢ ᠰᠠᠶᠢᠳᠤᠷ ᠬᠢᠬᠦ ᠬᠤᠯᠪᠣᠭᠳᠠᠯ ᠪᠦᠬᠦᠢ ᠤᠴᠢᠷ ᠢ ᠡᠳᠦᠭᠡ ᠳᠣᠣᠷᠠᠬᠢ ᠮᠡᠲᠦ ᠮᠡᠳᠡᠭᠳᠡᠪᠡ᠃      ᠨᠢᠭᠡ᠂ 2017 ᠣᠨ ᠤ 5 ᠳ᠋ᠤᠭᠠᠷ ᠰᠠᠷ᠎ᠠ ᠶᠢᠨ 1᠎ ᠤ ᠡᠳᠤᠷ ᠤᠨ ᠲᠡᠭ ᠴᠠᠭ ᠠᠴᠠ ᠡᠬᠢᠯᠡᠵᠦ᠂ ᠪᠦᠬᠦ ᠣᠷᠤᠨ ᠤ ᠠᠯᠢᠪᠠ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠵᠣᠭᠰᠣᠭᠠᠨ᠎ᠠ᠃ ᠲᠣᠰ ᠤᠳᠠᠭᠠᠨ ᠤ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠳᠤ POT ᠵᠡᠷᠭᠡ ᠡᠵᠡᠩᠨᠡᠯᠲᠡ ᠶᠢᠨ ᠴᠢᠨᠠᠷᠲᠠᠢ ᠬᠤᠭᠤᠴᠠᠭ᠎ᠠ ᠨᠢ ᠲᠤᠯᠤᠭᠠᠳᠤᠢ ᠬᠤᠶᠠᠳᠤᠭᠠᠷ ᠳᠡᠰ ᠤᠨ ᠰᠦᠢᠳᠭᠡᠯ ᠬᠤᠷᠢᠶᠠᠬᠤ ᠵᠠᠰᠠᠮᠠᠯ ᠵᠠᠮ ᠪᠣᠯᠣᠨ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠭᠲᠠᠭᠠᠬᠤ ᠦᠭᠡᠢ᠃ ︽ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠤᠯᠲᠠ ‍ᠶᠢᠢᠨ ᠲᠥᠷᠢᠮ︾᠎ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠤ᠂ ᠰᠦᠢᠳᠭᠡᠯ ᠬᠤᠷᠢᠶᠠᠬᠤ ᠵᠠᠰᠠᠮᠠᠯ ᠵᠠᠮ ᠨᠢ ᠰᠦᠢᠳᠭᠡᠯ ᠬᠤᠷᠢᠶᠠᠬᠤ ᠪᠠᠨ ᠵᠣᠭᠰᠤᠭᠰᠠᠨ ᠤ ᠳᠠᠷᠠᠭ᠎ᠠ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠨ ᠬᠠᠮᠢᠶᠠᠷᠤᠭᠴᠢ ᠠᠴᠠ ᠰᠦᠢᠳᠭᠡᠯ ᠬᠤᠷᠢᠶᠠᠬᠤ ᠪᠠᠨ ᠵᠣᠭᠰᠤᠭᠰᠠᠨ ᠡᠳᠤᠷ ᠠᠴᠠ ᠡᠬᠢᠯᠡᠨ 15 ᠡᠳᠤᠷ ᠤᠨ ᠳᠣᠲᠤᠷ᠎ᠠ ᠵᠠᠮ ᠲᠡᠭᠡᠷᠡᠬᠢ ᠰᠦᠢᠳᠭᠡᠯ ᠬᠤᠷᠢᠶᠠᠬᠤ ᠪᠡᠯᠡᠳᠭᠡᠮᠵᠢ ᠪᠠᠨ ᠠᠪᠴᠤ ᠬᠠᠶᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ᠰᠦᠢᠳᠭᠡᠯ ᠬᠤᠷᠢᠶᠠᠬᠤ ᠪᠠᠨ ᠵᠣᠭᠰᠤᠭᠰᠠᠨ ᠤ ᠳᠠᠷᠠᠭᠠᠬᠢ ᠰᠦᠢᠳᠭᠡᠯ ᠬᠤᠷᠢᠶᠠᠬᠤ ᠪᠡᠯᠡᠳᠭᠡᠮᠵᠢ ᠪᠠᠨ ᠠᠪᠴᠤ ᠬᠠᠶᠠᠬᠤ ᠠᠵᠢᠯ ᠢ ᠬᠢᠨᠠᠮᠠᠭᠠᠢ ᠰᠠᠶᠢᠳᠤᠷ ᠬᠢᠬᠦ ᠬᠡᠷᠡᠭᠲᠡᠢ᠃ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠵᠠᠰᠠᠮᠠᠯ ᠵᠠᠮ ᠤᠨ ᠬᠤᠶᠢᠰᠢᠳᠠ ᠶᠢᠨ ᠬᠡᠷᠡᠭᠰᠡᠬᠦ ᠠᠷᠠᠴᠢᠯᠠᠨ ᠬᠠᠮᠠᠭᠠᠯᠠᠬᠤ ᠵᠠᠷᠤᠳᠠᠯ ᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠣᠰᠤᠭᠠᠷ ᠦᠪᠡᠷᠲᠡᠭᠡᠨ ᠵᠠᠰᠠᠬᠤ ᠣᠷᠤᠨ ᠤ ᠡᠯ᠎ᠡ ᠱᠠᠳᠤᠨ ᠤ ᠡᠳ᠋ ᠤᠨ ᠵᠠᠰᠠᠭ ᠤᠨ ᠵᠠᠷᠤᠯᠭ᠎ᠠ ᠪᠠᠷ ᠭᠠᠷᠭᠠᠵᠤ᠂ ᠵᠠᠰᠠᠮᠠᠯ ᠵᠠᠮ ᠤᠨ ᠠᠷᠠᠴᠢᠯᠠᠬᠤ ᠴᠢᠬᠤᠯᠠ ᠲᠠᠢ ᠶᠢ ᠨᠢ ᠠᠷᠠᠴᠢᠯᠠᠵᠤ᠂ ᠠᠷᠠᠴᠢᠯᠠᠬᠤ ᠵᠣᠭᠤᠰ ᠢ ᠨᠢ ᠲᠤᠭ᠎ᠠ ᠶᠣᠰᠤᠭᠠᠷ ᠭᠦᠢᠴᠡᠳ ᠦᠭᠴᠦ᠂ ᠰᠠᠭᠠᠳ ᠦᠭᠡᠢ ᠠᠰᠢᠭᠯᠠᠯᠲᠠ ᠳᠤ ᠣᠷᠤᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠶᠠᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠵᠢᠴᠢ ᠬᠤᠯᠪᠣᠭᠳᠠᠬᠤ ᠬᠦᠮᠦᠰ ᠢ ᠲᠦᠪᠬᠢᠨᠡᠭᠦᠯᠬᠦ ᠠᠵᠢᠯ ᠢ ᠬᠠᠷᠢᠭᠤᠴᠠᠵᠤ᠂ ︽ᠠᠵᠢᠯ ᠤᠨ ᠪᠠᠶᠢᠷᠢ ᠰᠣᠯᠢᠭᠰᠠᠨ ᠴᠤ ᠠᠵᠢᠯ ᠤᠨ ᠪᠠᠶᠢᠷᠢ ᠠᠴᠠ ᠪᠠᠭᠤᠬᠤ ᠦᠭᠡᠢ︾ ᠱᠠᠭᠠᠷᠳᠠᠯᠭ᠎ᠠ ᠶᠣᠰᠤᠭᠠᠷ᠂ ︽ᠬᠦᠮᠦᠨ ᠪᠣᠯᠭᠠᠨ ᠣᠴᠢᠬᠤ ᠭᠠᠵᠠᠷ ᠎ ᠲᠠᠢ᠂ ᠨᠡᠶᠢᠭᠡᠮ ᠤᠨ ᠠᠵᠢᠯ ᠣᠯᠭᠤᠬᠤ ᠳᠠᠷᠤᠭᠠᠰᠤ ᠶᠢ ᠨᠡᠮᠡᠭᠳᠡᠭᠦᠯᠬᠦ ᠦᠭᠡᠢ︾ ᠪᠠᠶᠢᠬᠤ ᠶᠢ ᠦᠨᠡᠨᠬᠦ ᠪᠠᠲᠤᠯᠠᠵᠤ᠂ ᠬᠦᠮᠦᠰ ᠢ ᠲᠦᠪᠬᠢᠨᠡᠭᠦᠯᠬᠦ ᠠᠵᠢᠯ ᠢ ᠤᠷᠤᠭᠰᠢᠲᠠᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ᠃      ᠭᠤᠷᠪᠠ᠂ ᠬᠦᠮᠦᠰ ᠢ ᠲᠦᠪᠬᠢᠨᠡᠭᠦᠯᠬᠦ ᠠᠵᠢᠯ ᠢ ᠪᠣᠯ ᠵᠠᠷᠴᠢᠮ ᠳᠡᠭᠡᠷ᠎ᠡ ᠪᠠᠨ 3 ᠵᠢᠯ ᠤᠨ ᠳᠣᠳᠤᠷ᠎ᠠ ᠪᠡᠶᠡᠯᠡᠭᠦᠯᠦᠨ᠂ ᠲᠦᠪᠬᠢᠨᠡᠭᠦᠯᠬᠦ ᠶᠢ ᠬᠦᠯᠢᠶᠡᠵᠦ ᠪᠠᠶᠢᠭ᠎ᠠ ᠬᠦᠮᠦᠰ ᠤᠨ ᠴᠠᠯᠢᠩ᠂ ᠳᠠᠭᠠᠳᠬᠠᠯ ᠤᠨ ᠰᠦᠢᠳᠭᠡᠯ ᠪᠣᠯᠣᠨ ᠪᠣᠰᠤᠳ ᠠᠰᠠᠷᠠᠮᠵᠢ ᠶᠢᠨ ᠴᠢᠨᠠᠷᠲᠠᠢ ᠵᠠᠷᠤᠯᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠦᠪᠡᠷᠲᠡᠭᠡᠨ ᠵᠠᠰᠠᠬᠤ ᠣᠷᠣᠨ ᠤ ᠲᠤᠰ ᠱᠠᠳᠤᠨ ᠤ ᠲᠥᠰᠦᠪ ᠲᠤ ᠪᠠᠨ ᠣᠷᠣᠭᠤᠯᠵᠤ᠂ ᠣᠨ ᠵᠢᠯ ᠬᠤᠪᠢᠶᠠᠨ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠦᠭᠴᠦ᠂ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠷᠢᠭᠤᠴᠠᠨ ᠲᠠᠷᠬᠠᠭᠠᠬᠤ ᠬᠡᠷᠡᠭᠲᠡᠢ᠃      ᠳᠥᠷᠪᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠤᠭᠤᠳ ᠲᠤᠰ ᠭᠠᠵᠠᠷ ᠣᠷᠤᠨ ᠤ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠳᠤ ᠬᠤᠯᠪᠣᠭᠳᠠᠬᠤ ᠪᠠᠶᠢᠭᠤᠯᠤᠮᠵᠢ᠂ ᠠᠵᠢᠯᠲᠠᠨ᠂ ᠪᠡᠯᠡ ᠮᠦᠩᠭᠦ᠂ ᠲᠣᠭᠲᠠᠮᠠᠯ ᠡᠳ᠋ ᠬᠦᠷᠦᠩᠭᠡ᠂ ᠥᠭᠴᠡᠭᠡ ᠵᠡᠷᠭᠡ ᠶᠢ ᠳᠠᠷᠦ᠋ᠢᠬᠠᠨ ᠵᠣᠭᠰᠤᠭᠠᠵᠤ᠂ ᠣᠳᠤ ᠶᠢᠨ ᠪᠠᠶᠢᠭ᠎ᠠ ᠪᠠᠶᠢᠭᠤᠯᠤᠮᠵᠢ ᠶᠢᠨ ᠵᠤᠬᠢᠶᠠᠨ ᠪᠠᠶᠢᠭᠤᠯᠤᠯᠳᠠ ᠨᠢ ᠲᠠᠷᠬᠠᠬᠤ ᠦᠭᠡᠢ᠂ ᠡᠮᠬᠢ ᠳᠢᠭᠯᠢᠮ ᠨᠢ ᠰᠠᠮᠠᠭᠤᠷᠠᠬᠤ ᠦᠭᠡᠢ᠂ ᠡᠳ᠋ ᠬᠦᠷᠦᠩᠭᠡ ᠨᠢ ᠭᠡᠭᠡᠭᠳᠡᠬᠦ ᠦᠭᠡᠢ ᠪᠠᠶᠢᠬᠤ ᠶᠢ ᠪᠠᠳᠤᠯᠠᠬᠤ ᠬᠡᠷᠡᠭᠲᠡᠢ᠃ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠣᠳᠤ ᠶᠢᠨ ᠪᠠᠶᠢᠭ᠎ᠠ ᠥᠭᠴᠡᠭᠡ ᠶᠢᠨ ᠠᠶᠢᠮᠠᠭ ᠬᠤᠲᠠ ᠶᠢᠨ ᠡᠭᠦᠷᠭᠡᠯᠡᠵᠦ ᠪᠠᠶᠢᠭ᠎ᠠ ᠬᠡᠰᠡᠭ ᠢ ᠵᠠᠰᠠᠭ ᠤᠨ ᠣᠷᠳᠤᠨ ᠤ ᠴᠢᠨᠠᠷᠲᠠᠢ ᠥᠭᠴᠡᠭᠡ ᠳᠤ ᠣᠷᠤᠭᠤᠯᠬᠤ ᠶᠢᠨ ᠬᠠᠮᠳᠤ ᠡᠳ᠋ ᠤᠨ ᠵᠠᠰᠠᠭ ᠤᠨ ᠲᠥᠰᠦᠪ ᠤᠨ ᠲᠦᠯᠦᠪᠦᠷᠢ ᠶᠢᠨ ᠠᠵᠢᠯ ᠳᠤ ᠣᠷᠤᠭᠤᠯᠬᠤ ᠬᠡᠷᠡᠭᠲᠡᠢ᠃      ᠲᠠᠪᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠪᠣᠯ ᠲᠤᠰ ᠭᠠᠵᠠᠷ ᠣᠷᠤᠨ ᠤ ᠵᠠᠰᠠᠭ ᠤᠨ ᠣᠷᠳᠤᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ ᠵᠤᠬᠢᠬᠤ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠶᠢᠭᠤᠯᠤᠮᠵᠢ ᠪᠠᠶᠢᠭᠤᠯᠤᠨ᠂ ᠪᠣᠳᠠᠲᠠᠢ ᠬᠡᠷᠡᠭᠵᠢᠭᠦᠯᠬᠦ ᠲᠦᠰᠦᠯ ᠪᠣᠯᠣᠨ ᠪᠠᠴᠢᠮ ᠪᠠᠶᠢᠳᠠᠯ ᠢ ᠠᠷᠭᠠᠴᠠᠬᠤ ᠲᠥᠰᠦᠪ ᠲᠣᠭᠲᠠᠭᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠵᠠᠰᠠᠭ ᠤᠨ ᠣᠷᠳᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠶᠢᠨ ᠬᠦᠮᠦᠰ ᠢ ᠲᠦᠪᠬᠢᠨᠡᠭᠦᠯᠬᠦ ᠠᠵᠢᠯ ᠤᠨ ᠲᠥᠰᠦᠯ ᠢ ᠳᠠᠷᠦ᠋ᠢᠬᠠᠨ ᠲᠣᠭᠲᠠᠭᠠᠵᠤ᠂ ᠨᠢᠭᠡᠨᠲᠡ ᠪᠠᠶᠢᠭᠤᠯᠤᠭᠰᠠᠨ ᠪᠠ ᠰᠢᠨ᠎ᠡ ᠪᠠᠷ ᠪᠠᠶᠢᠭᠤᠯᠵᠤ ᠪᠠᠶᠢᠭ᠎ᠠ ᠳᠡᠭᠡᠳᠤ ᠬᠤᠷᠳᠤ᠂ ᠨᠢᠭᠡᠳᠦᠭᠡᠷ ᠳᠡᠰ ᠤᠨ ᠵᠠᠰᠠᠮᠠᠯ ᠵᠠᠮ ᠳᠤ ᠤᠷᠢᠳᠠᠪᠠᠷ ᠰᠦᠢᠳᠭᠡᠯ ᠬᠤᠷᠢᠶᠠᠬᠤ ᠥᠷᠲᠡᠭᠡ ᠪᠠᠶᠢᠷᠢᠯᠠᠭᠤᠯᠵᠤ᠂ ᠬᠦᠮᠦᠰ ᠢ ᠲᠦᠪᠬᠢᠨᠡᠭᠦᠯᠬᠦ ᠠᠵᠢᠯ ᠤᠨ ᠲᠥᠰᠦᠯ ᠢᠶᠠᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃      ᠵᠢᠷᠭᠤᠭ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠥᠪᠡᠷᠲᠡᠭᠡᠨ ᠵᠠᠰᠠᠬᠤ ᠣᠷᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠦᠭᠦᠳ ᠪᠣᠳᠠᠲᠠᠢ ᠲᠠᠢ ᠪᠠᠨ ᠤᠶᠠᠯᠳᠣᠭᠤᠯᠤᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠷᠭᠡᠨ ᠣᠯᠠᠨ ᠲᠦᠮᠡᠨ ᠳᠤ ᠵᠠᠰᠠᠭ ᠤᠨ ᠣᠷᠳᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠶᠢᠨ ᠵᠠᠶᠢᠯᠠᠰᠢ ᠦᠭᠡᠢ ᠴᠢᠨᠠᠷ ᠪᠤᠯᠤᠨ ᠠᠬᠤᠶᠢᠴᠢ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠲᠡᠳᠡᠨ ᠤ ᠤᠶᠢᠯᠠᠭᠠᠮᠵᠢ ᠪᠠ ᠳᠡᠮᠵᠢᠯᠭᠡ ᠶᠢ ᠣᠯᠵᠤ᠂ ᠡᠯ᠎ᠡ ᠲᠠᠯ᠎ᠠ ᠶᠢᠨ ᠠᠵᠢᠯ ᠤᠨ ᠯᠠᠪᠳᠠᠭᠤᠨ ᠢᠶᠠᠷ ᠦᠷᠨᠢᠭᠳᠡᠬᠦ ᠶᠢ ᠦᠨᠡᠨᠬᠦ ᠪᠠᠳᠤᠯᠠᠬᠤ ᠬᠡᠷᠡᠭᠲᠡᠢ᠃ ᠲᠣᠰ ᠣᠳᠠᠭᠠᠨ ᠤ ᠵᠠᠰᠠᠭ ᠤᠨ ᠣᠷᠳᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠬᠡᠪᠴᠢᠶ᠎ᠡ ᠶᠢ ᠲᠣᠳᠣᠷᠬᠠᠶᠢᠯᠠᠵᠤ᠂ ᠲᠦᠷᠦ ᠶᠢᠨ ᠪᠣᠳᠤᠯᠭ᠎ᠠ ᠶᠢᠨ ᠲᠠᠶᠢᠯᠤᠮᠵᠢ ᠬᠢᠬᠦ ᠪᠠ ᠶᠠᠷᠢᠶ᠎ᠠ ᠬᠡᠯᠡᠯᠴᠡᠭᠡ ᠶᠢ ᠵᠦᠪ ᠲᠠᠯ᠎ᠠ ᠪᠠᠷ ᠬᠦᠳᠦᠯᠦᠨ ᠵᠢᠯᠤᠭᠤᠳᠬᠤ ᠶᠢ ᠰᠠᠶᠢᠳᠤᠷ ᠬᠢᠬᠦ ᠬᠡᠷᠡᠭᠲᠡᠢ᠃ ᠡᠷᠬᠡ ᠰᠦᠷᠲᠦ ᠮᠡᠳᠡᠭᠡ ᠵᠠᠩᠭᠢ ᠶᠢ ᠴᠠᠭ ᠲᠣᠬᠠᠢ ᠳᠤᠨᠢ ᠨᠡᠶᠢᠲᠡᠯᠡᠨ᠂ ᠦᠵᠡᠯ ᠰᠠᠨᠠᠭᠠᠨ ᠤ ᠠᠵᠢᠯ ᠢ ᠢᠳᠡᠪᠬᠢᠲᠠᠢ ᠰᠠᠶᠢᠳᠤᠷ ᠬᠢᠵᠦ᠂ ᠴᠢᠭᠯᠡᠭᠦᠯᠬᠦ ᠴᠢᠨᠠᠷᠲᠠᠢ ᠪᠠᠷ ᠤᠬᠠᠭᠤᠯᠭ᠎ᠠ ᠶᠢᠨ ᠲᠠᠶᠢᠯᠤᠮᠵᠢ ᠬᠢᠬᠦ ᠶᠢ ᠦᠷᠨᠢᠭᠦᠯᠤᠨ᠂ ᠡᠷᠡᠭᠡᠯᠵᠡᠯ ᠢ ᠤᠰᠠᠳᠬᠠᠵᠤ᠂ ᠵᠦᠷᠢᠴᠡᠯ ᠢ ᠨᠠᠮᠳᠠᠭᠤᠯᠤᠨ᠂ ᠵᠠᠰᠠᠭ ᠤᠨ ᠣᠷᠳᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠠᠵᠢᠯ ᠢ ᠣᠷᠣᠭᠰᠢᠲᠠᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡ ᠶᠢᠨ ᠣᠷᠴᠢᠨ ᠨᠦᠬᠦᠴᠡᠯ ᠢ ᠡᠭᠦᠳᠴᠦ᠂ ᠨᠡᠶᠢᠭᠡᠮ ᠤᠨ ᠡᠶ᠎ᠡ ᠵᠤᠬᠢᠴᠠᠯ ᠲᠠᠢ ᠲᠣᠭᠳᠠᠭᠤᠨ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map