ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠲᠥᠷᠭᠡᠳᠬᠡᠬᠦ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2017/7/10
                            ᠥᠪᠥᠷ ᠵᠠᠰᠠᠭ ᠲᠠᠷᠬᠠᠭᠠᠭᠰᠠᠨ ﹇2017﹈ 3 ᠳ᠋ᠤᠭᠠᠷ ᠲᠤᠭᠠᠳᠤ                             2 ᠳ᠋ᠤᠭᠠᠷ ᠰᠠᠷ᠎ᠠ ᠶᠢᠨ 11᠎ ᠤ ᠡᠳᠥᠷ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠢᠯᠠᠯ᠂ ᠠᠵᠢᠯ ᠥᠢᠯᠡᠰ ᠤᠨ ᠨᠢᠭᠡᠴᠡ ᠳᠤ᠄      ︽ᠠᠶᠤᠯ ᠥᠭᠡᠢ ᠥᠢᠯᠡᠳᠪᠥᠷᠢᠯᠡᠯ ᠤᠨ ᠬᠥᠷᠢᠶ᠎ᠡ ᠬᠡᠪᠴᠢᠶᠡᠨ ᠤ ᠥᠭᠡᠷᠡᠴᠢᠯᠡᠯᠲᠠ ᠭᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ﹇2016﹈ 32 ᠳ᠋ᠤᠭᠠᠷ ᠲᠤᠭᠠᠲᠤ︶᠎ ᠤᠨ ᠵᠤᠷᠢᠭ ᠰᠠᠨᠠᠭ᠎ᠠ ᠶᠢ ᠭᠥᠨᠵᠡᠭᠡᠢ ᠲᠤᠤᠱᠯᠠᠭᠤᠯᠤᠨ᠂ ᠥᠪᠡᠷᠲᠡᠭᠡᠨ ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠤᠷᠤᠨ ᠤ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠲᠥᠷᠭᠡᠳᠬᠡᠬᠦ ᠶᠢᠨ ᠲᠤᠰᠠᠲᠠ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃      ᠨᠢᠭᠡ᠂ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠲᠥᠷᠭᠡᠳᠬᠡᠬᠦ ᠶᠢᠨ ᠴᠢᠬᠤᠯᠠ ᠠᠴᠢ ᠬᠤᠯᠪᠤᠭᠳᠠᠯ      ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠪᠤᠯ ᠠᠵᠤ ᠠᠬᠤᠶᠢᠯᠠᠯ ᠤᠨ ᠠᠶᠤᠯ ᠥᠭᠡᠢ ᠥᠢᠯᠡᠳᠪᠥᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠭᠤᠯᠬᠤ ᠶᠢᠨ ᠴᠢᠬᠤᠯᠠ ᠰᠠᠭᠤᠷᠢ ᠮᠥᠨ᠂ ᠮᠥᠨ ᠴᠦ ᠠᠶᠤᠯ ᠥᠭᠡᠢ ᠥᠢᠯᠡᠳᠪᠥᠷᠢᠯᠡᠯ ᠤᠨ ᠪᠥᠲᠥᠮᠵᠢᠲᠡᠢ ᠬᠠᠮᠢᠶᠠᠷᠤᠯᠲᠠ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠵᠠᠮ ᠮᠥᠨ ᠪᠥᠭᠡᠳ ᠠᠶᠤᠯ ᠥᠭᠡᠢ ᠥᠢᠯᠡᠳᠪᠥᠷᠢᠯᠡᠯ ᠤᠨ ᠪᠥᠭᠦᠯᠢ ᠴᠤᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠪᠠᠷᠢᠯ ᠮᠥᠨ᠂ ᠪᠠᠰᠠ ᠴᠦ ᠮᠠᠨ ᠤ ᠤᠷᠤᠨ ᠤ ︽ᠲᠠᠪᠤᠵᠢᠭᠤᠯᠤᠯᠲᠠ︾᠎ ᠶᠢᠨ ᠬᠠᠮᠲᠤᠷᠠᠭᠰᠠᠨ ᠬᠥᠭᠵᠢᠯᠲᠡ ᠶᠢᠨ ᠠᠶᠤᠯ ᠥᠭᠡᠢ ᠥᠢᠯᠡᠳᠪᠥᠷᠢᠯᠡᠯ ᠤᠨ ᠠᠵᠢᠯ ᠳᠤ ᠲᠠᠯᠪᠢᠭᠰᠠᠨ ᠵᠠᠶᠢᠯᠠᠰᠢ ᠥᠭᠡᠢ ᠱᠠᠭᠠᠷᠳᠠᠯᠭ᠎ᠠ ᠪᠤᠯᠤᠨ᠎ᠠ᠃ ᠲᠥᠪ ᠲᠠᠷᠬᠠᠭᠠᠭᠰᠠᠨ ﹇2016﹈ 32 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠳᠤ ︽ᠤᠳᠤ ᠥᠶ᠎ᠡ ᠶᠢᠨ ᠮᠡᠳᠡᠭᠡ ᠵᠠᠩᠬᠢᠵᠢᠯᠲᠠ ᠶᠢᠨ ᠮᠡᠷᠭᠡᠵᠢᠯ ᠬᠢᠬᠡᠳ ᠠᠶᠤᠯ ᠥᠭᠡᠢ ᠥᠢᠯᠡᠳᠪᠥᠷᠢᠯᠡᠯ ᠤᠨ ᠠᠭᠤᠰᠤᠯᠴᠠᠯ ᠤᠨ ᠬᠡᠮᠵᠢᠶ᠎ᠡ ᠶᠢ ᠳᠡᠭᠡᠭᠰᠢᠯᠡᠭᠦᠯᠵᠤ᠂ ᠪᠠᠷᠢᠮᠵᠢᠶ᠎ᠡ ᠵᠢᠷᠤᠮᠵᠢᠯ ᠢ ᠨᠢᠭᠡᠳᠬᠡᠨ᠂ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠲᠥᠷᠭᠡᠳᠬᠡᠵᠤ᠂ ᠠᠶᠤᠯ ᠥᠭᠡᠢ ᠥᠢᠯᠡᠳᠪᠥᠷᠢᠯᠡᠯ ᠬᠢᠬᠡᠳ ᠠᠵᠢᠯ ᠮᠡᠷᠭᠡᠵᠢᠯ ᠤᠨ ᠡᠷᠡᠭᠦᠯ ᠰᠠᠷᠠᠭᠤᠯ ᠮᠡᠳᠡᠭᠡ ᠵᠠᠩᠬᠢᠵᠢᠯᠲᠠ ᠶᠢᠨ ᠪᠥᠬᠦ ᠤᠯᠤᠰ ᠤᠨ ︿ᠨᠢᠭᠡᠯᠡ ᠰᠥᠯᠵᠢᠶ᠎ᠡ﹀᠎ ᠶᠢ ᠪᠠᠶᠢᠭᠤᠯᠤᠨ᠎ᠠ︾ ᠭᠡᠵᠤ ᠳᠤᠷᠠᠳᠪᠠ᠃ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ︽ᠰᠢᠨ᠎ᠡ ᠬᠡᠯᠪᠡᠷᠢ ᠶᠢᠨ ᠠᠵᠤ ᠥᠢᠯᠡᠳᠪᠥᠷᠢᠵᠢᠯᠲᠠ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠥᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ ᠬᠢᠬᠡᠳ ᠪᠤᠬᠢᠷᠳᠤᠯ ᠥᠭᠡᠶᠢᠵᠢᠯᠲᠠ ᠶᠢ ᠭᠥᠨᠵᠡᠭᠡᠢ ᠠᠭᠤᠰᠤᠯᠴᠠᠭᠤᠯᠬᠤ᠂ ᠭᠥᠨ ᠳᠠᠪᠬᠤᠷᠭ᠎ᠠ ᠶᠢᠨ ᠬᠠᠷᠢᠯᠴᠠᠨ ᠬᠥᠳᠡᠯᠥᠯᠴᠡᠬᠦ ᠶᠢ ᠶᠡᠬᠡᠪᠡᠷ ᠲᠥᠯᠬᠢᠨ ᠠᠬᠢᠭᠤᠯᠵᠤ᠂ ᠤᠳᠤᠬᠢᠴᠢᠯᠠᠭᠰᠠᠨ ᠥᠪᠥᠷ ᠮᠤᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︾ ᠭᠡᠵᠤ ᠳᠤᠷᠠᠳᠪᠠ᠃      ᠮᠠᠨ ᠤ ᠤᠷᠤᠨ ᠤ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠡᠬᠢᠯᠡᠯᠲᠡ ᠨᠢ ᠤᠷᠤᠢ᠂ ᠰᠠᠭᠤᠷᠢ ᠪᠠᠭᠤᠷᠠᠢ᠂ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢ ᠶᠢᠨ ᠮᠡᠷᠭᠡᠵᠢᠯ ᠤᠨ ᠪᠠᠷᠢᠮᠵᠢᠶ᠎ᠠ᠂ ᠰᠠᠭᠤᠷᠢ ᠳ᠋ᠠᠶᠢᠲ᠋ᠠ ᠶᠢᠨ ᠬᠥᠮᠥᠷᠭᠡ ᠶᠢᠨ ᠪᠠᠶᠢᠭᠤᠯᠤᠯᠲᠠ ᠬᠠᠷᠢᠴᠠᠩᠭᠤᠢ ᠪᠠᠷ ᠬᠤᠴᠤᠷᠤᠩᠭᠤᠢ᠂ ᠢᠯᠠᠩᠭᠤᠶ᠎ᠠ ᠮᠡᠳᠡᠭᠡ ᠵᠠᠩᠬᠢ ᠶᠢᠨ ᠥᠨᠥᠴᠢᠨ ᠠᠷᠠᠯ ᠤᠨ ᠥᠵᠡᠭᠳᠡᠯ ᠨᠡᠯᠢᠶᠠᠳ ᠲᠥᠭᠡᠮᠡᠯ ᠪᠠᠶᠢᠬᠤ ᠪᠤᠯᠬᠤᠷ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠮᠡᠳᠡᠭᠡ ᠵᠠᠩᠬᠢ ᠶᠢᠨ ᠰᠤᠯᠢᠯᠴᠠᠭ᠎ᠠ ᠶᠢ ᠬᠠᠮᠲᠤᠪᠠᠷ ᠡᠳ᠋ᠯᠡᠬᠦ ᠪᠠ ᠡᠬᠢ ᠪᠠᠶᠠᠯᠢᠭ ᠢ ᠭᠥᠢᠴᠡᠳ ᠠᠰᠢᠭᠯᠠᠬᠤ ᠶᠢ ᠪᠠᠶᠠᠯᠠᠭᠦᠯᠬᠦ ᠳᠤ ᠬᠥᠴᠢᠷ᠃ ᠡᠭᠦᠨ ᠤ ᠬᠠᠮᠲᠤ᠂ ᠮᠠᠨ ᠤ ᠤᠷᠤᠨ ᠤ ᠨᠤᠲᠤᠭ ᠳᠡᠪᠢᠰᠭᠡᠷ ᠥᠷᠭᠡᠨ ᠠᠭᠤᠳᠠᠮ᠂ ᠠᠵᠤ ᠠᠬᠤᠶᠢᠯᠠᠯ ᠲᠠᠷᠠᠬᠠᠢ ᠪᠣᠲᠠᠷᠬᠠᠢ᠂ ᠬᠢᠨᠠᠨ ᠬᠠᠮᠢᠶᠠᠷᠬᠤ ᠠᠵᠢᠯᠲᠠᠨ ᠴᠥᠬᠡᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠬᠤᠴᠤᠷᠤᠩᠭᠤᠢ᠂ ᠬᠢᠨᠠᠨ ᠬᠠᠮᠢᠶᠠᠷᠬᠤ ᠡᠭᠦᠷᠭᠡ ᠬᠠᠷᠢᠴᠠᠩᠭᠤᠢ ᠪᠠᠷ ᠨᠡᠯᠢᠶᠠᠳ ᠬᠥᠨᠳᠥ᠂ ᠵᠠᠰᠠᠭ ᠵᠠᠬᠢᠷᠭᠠᠨ ᠤ ᠥᠪᠡᠷ ᠤᠨ ᠥᠷᠳᠡᠭ ᠢᠶᠠᠷ ᠨᠡᠯᠢᠶᠠᠳ ᠥᠨᠳᠥᠷ᠂ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠬᠢᠭᠡᠳ ᠪᠠᠲᠤᠯᠠᠭ᠎ᠠ ᠲᠤᠯᠭᠠᠮ᠎ᠠ ᠱᠠᠭᠠᠷᠳᠠᠭᠳᠠᠵᠤ ᠪᠤᠢ᠃ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ᠂ ᠮᠡᠳᠡᠭᠡ ᠵᠠᠩᠬᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠥᠮᠥᠨ᠂ ᠮᠠᠰᠢᠨ᠂ ᠪᠤᠳᠠᠰ᠂ ᠬᠠᠮᠢᠶᠠᠷᠤᠯᠲᠠ᠂ ᠤᠷᠴᠢᠨ ᠲᠤᠭᠤᠷᠢᠨ ᠵᠡᠷᠭᠡ ᠳᠤ ᠪᠥᠲᠥᠮᠵᠢᠲᠡᠢ ᠬᠢᠨᠠᠨ ᠡᠵᠡᠮᠰᠢᠯᠲᠠ ᠬᠢᠵᠤ᠂ ᠠᠶᠤᠯ ᠥᠬᠡᠢ ᠶᠢᠨ ᠭᠡᠮ ᠰᠤᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠵᠠᠰᠠᠨ ᠴᠡᠭᠴᠡᠯᠡᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠶᠤᠯ ᠥᠭᠡᠢ ᠶᠢᠨ ᠬᠢᠷᠢ ᠬᠡᠮᠵᠢᠶ᠎ᠡ ᠪᠠ ᠭᠡᠨᠡᠳᠡᠯ ᠢ ᠰᠡᠷᠡᠮᠵᠢᠯᠡᠬᠦ ᠴᠢᠳᠠᠪᠤᠷᠢ ᠶᠢ ᠳᠡᠭᠡᠭᠰᠢᠯᠡᠭᠦᠯᠵᠤ᠂ ᠮᠠᠨ ᠤ ᠤᠷᠤᠨ ᠤ ᠠᠶᠤᠯ ᠥᠭᠡᠢ ᠥᠢᠯᠡᠳᠪᠥᠷᠢᠯᠡᠯ ᠤᠨ ᠠᠵᠢᠯ ᠤᠨ ᠬᠢᠷᠢ ᠭᠡᠮᠵᠢᠶ᠎ᠡ ᠶᠢ ᠳᠡᠭᠡᠭᠰᠢᠯᠡᠭᠦᠯᠥᠨ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃      ᠬᠤᠶᠠᠷ᠂ ᠶᠡᠷᠥᠩᠬᠡᠢ ᠰᠡᠳᠬᠢᠮᠵᠢ      ᠠᠵᠤ ᠠᠬᠤᠶᠢᠯᠠᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠰᠠᠭᠤᠷᠢ ᠪᠤᠯᠭᠠᠨ᠂ ᠠᠵᠤ ᠠᠬᠤᠶᠢᠯᠠᠯ ᠤᠨ ᠮᠡᠳᠡᠭᠡ ᠵᠠᠩᠬᠢᠵᠢᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠵᠤ᠂ ᠮᠡᠳᠡᠭᠡ ᠵᠠᠩᠬᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠡᠯ᠎ᠡ ᠲᠠᠯ᠎ᠠ᠂ ᠡᠯ᠎ᠡ ᠬᠡᠰᠡᠭ ᠪᠥᠯᠥᠭ ᠤᠨ ᠠᠶᠤᠯ ᠥᠭᠡᠢ ᠶᠢᠨ ᠭᠡᠮ ᠰᠤᠭᠤᠭ ᠢ ᠲᠡᠷᠡ ᠳᠤᠤᠷ᠎ᠠ ᠨᠢ ᠬᠢᠨᠠᠨ ᠭᠡᠮᠵᠢᠬᠦ᠂ ᠬᠢᠨᠠᠨ ᠡᠵᠡᠮᠳᠡᠬᠦ ᠵᠢᠴᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠠᠯᠠᠭᠦᠯᠥᠨ᠎ᠡ᠃ ᠠᠶᠤᠯ ᠥᠭᠡᠢ ᠥᠢᠯᠡᠳᠪᠥᠷᠢᠯᠡᠯ ᠤᠨ ᠬᠠᠮᠢᠶ᠎ᠠ ᠪᠥᠬᠦᠢ ᠳ᠋ᠠᠶᠢᠲ᠋ᠠ ᠶᠢᠨ ᠴᠤᠭᠯᠠᠷᠠᠯ ᠢ ᠠᠰᠢᠭᠯᠠᠨ᠂ ᠡᠭᠦᠯᠡᠨ ᠪᠤᠳᠤᠯᠲᠠ᠂ ᠲᠤᠮᠤ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯ ᠥᠭᠡᠢ ᠥᠢᠯᠡᠳᠪᠥᠷᠢᠯᠡᠯ ᠤᠨ ᠪᠠᠶᠢᠳᠠᠯ ᠢ ᠥᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠲᠥᠰᠥᠭᠡᠯᠡᠬᠦ᠂ ᠤᠷᠢᠳᠴᠢᠯᠠᠨ ᠮᠡᠳᠡᠭᠦᠯᠬᠦ ᠶᠢ ᠪᠡᠶᠡᠯᠡᠭᠦᠯᠥᠨ᠂ ᠠᠶᠤᠯ ᠥᠭᠡᠢ ᠥᠢᠯᠡᠳᠪᠥᠷᠢᠯᠡᠯ ᠳᠤ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ᠭᠤᠷᠪᠠ᠂ ᠥᠨᠳᠥᠰᠥᠨ ᠵᠠᠷᠴᠢᠮ       — ᠨᠢᠭᠡᠳᠥᠯᠲᠡᠢ ᠲᠥᠯᠥᠪᠯᠡᠨ ᠲᠥᠯᠥᠪᠵᠢᠭᠦᠯᠥᠨ᠎ᠡ᠃ ᠪᠥᠬᠦ ᠤᠷᠤᠨ ᠤ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢ ᠶᠢᠨ ᠪᠠᠶᠢᠭᠤᠯᠤᠯᠲᠠ ᠶᠢᠨ ᠠᠵᠢᠯ ᠢ ᠥᠪᠡᠷᠲᠡᠭᠡᠨ ᠵᠠᠰᠠᠬᠤ ᠤᠷᠤᠨ ᠠᠴᠠ ᠨᠢᠭᠡᠳᠥᠯᠲᠡᠢ ᠲᠥᠯᠥᠪᠯᠡᠨ ᠲᠥᠯᠥᠪᠵᠢᠭᠦᠯᠵᠤ᠂ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠠᠭᠤᠯᠭ᠎ᠠ ᠬᠢᠭᠡᠳ ᠪᠠᠷᠢᠮᠵᠢᠶ᠎ᠠ ᠶᠢ ᠠᠵᠢᠯ ᠲᠥᠷᠥᠯ ᠢᠶᠠᠷ ᠬᠤᠪᠢᠶᠠᠷᠢᠯᠠᠨ ᠲᠤᠭᠲᠠᠭᠠᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠪᠠᠶᠢᠭᠤᠯᠤᠯᠲᠠ ᠶᠢᠨ ᠡᠭᠦᠷᠭᠡ ᠪᠠ ᠬᠠᠷᠠᠯᠲᠠ ᠶᠢ ᠲᠤᠳᠤᠷᠬᠠᠶᠢᠯᠠᠨ᠂ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠵᠤ᠂ ᠠᠯᠬᠤᠮ ᠬᠤᠪᠢᠶᠠᠨ ᠬᠡᠷᠡᠭᠵᠢᠭᠦᠯᠥᠨ᠋᠎ᠠ᠃      — ᠪᠥᠬᠦ ᠲᠠᠯ᠎ᠠ ᠠᠴᠠ ᠪᠤᠳᠤᠯᠬᠢᠯᠡᠨ᠎ᠠ᠃ ᠪᠥᠬᠦ ᠤᠷᠤᠨ ᠤ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠬᠢᠬᠡᠳ ᠲᠤᠮᠤ ᠳ᠋ᠠᠶᠢᠲ᠋ᠠ ᠶᠢᠨ ᠭᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠥᠬᠦ ᠲᠠᠯ᠎ᠠ ᠠᠴᠠ ᠪᠤᠳᠤᠯᠬᠢᠯᠠᠨ᠂ ᠠᠶᠤᠯ ᠥᠭᠡᠢ ᠥᠢᠯᠡᠳᠪᠥᠷᠢᠯᠡᠯ ᠤᠨ ᠬᠠᠮᠢᠶ᠎ᠠ ᠪᠥᠬᠦᠢ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠠᠶᠢᠭᠤᠯᠬᠤ ᠶᠢᠨ ᠳᠠᠭᠠᠤ ᠬᠡᠷᠡᠭᠯᠡᠬᠦ ᠪᠠ ᠲᠡᠭᠦᠯᠳᠡᠷᠵᠢᠭᠦᠯᠵᠤ᠂ ᠭᠡᠷᠡᠭᠯᠡᠭᠡᠨ ᠢᠶᠠᠷ ᠬᠥᠭᠵᠢᠯᠲᠡ ᠶᠢ ᠠᠬᠢᠭᠤᠯᠤᠨ᠂ ᠮᠡᠳᠡᠭᠡ ᠵᠠᠩᠬᠢᠵᠢᠯᠲᠠ ᠬᠢᠬᠡᠳ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠥᠨᠴᠡ ᠠᠭᠤᠰᠤᠯᠴᠠᠯ ᠢ ᠪᠡᠶᠡᠯᠡᠭᠦᠯᠥᠨ᠎ᠡ᠃      — ᠮᠡᠳᠡᠭᠡ ᠵᠠᠩᠬᠢ ᠶᠢ ᠬᠠᠮᠲᠤᠪᠠᠷ ᠬᠦᠷᠲᠡᠨ᠎ᠡ᠃ ᠥᠪᠡᠷᠲᠡᠭᠡᠨ ᠵᠠᠰᠠᠬᠤ ᠤᠷᠤᠨ ᠠᠴᠠ ᠳ᠋ᠠᠶᠢᠲ᠋ᠠ ᠴᠤᠭᠯᠠᠭᠤᠯᠬᠤ᠂ ᠳᠠᠮᠵᠢᠭᠤᠯᠬᠤ᠂ ᠰᠢᠢᠳᠪᠥᠷᠢᠯᠡᠬᠦ᠂ ᠥᠨᠡᠯᠡᠬᠦ ᠪᠡ ᠮᠡᠳᠡᠭᠡ ᠵᠠᠩᠬᠢ ᠨᠡᠶᠢᠲᠡᠯᠡᠬᠦ ᠮᠡᠷᠭᠡᠵᠢᠯ ᠤᠨ ᠪᠠᠷᠢᠮᠵᠢᠶ᠎ᠡ ᠶᠢ ᠨᠢᠭᠡᠳᠥᠯᠲᠡᠢ ᠲᠤᠭᠲᠠᠭᠠᠨ᠂ ᠨᠢᠭᠡᠳᠥᠯᠲᠡᠢ ᠮᠡᠳᠡᠭᠡ ᠵᠠᠩᠭᠢ ᠶᠢᠨ ᠭᠥᠢᠴᠡᠳᠬᠡᠬᠦ ᠲᠤᠭ᠎ᠠ ᠶᠢᠨ ᠤᠷᠤᠯᠠᠬᠤ ᠲᠡᠮᠳᠡᠭ ᠤᠨ ᠰᠢᠰᠲ᠋ᠧᠮᠵᠢ᠂ ᠳ᠋ᠠᠶᠢᠲ᠋ᠠ ᠶᠢᠨ ᠪᠥᠲᠥᠴᠡ ᠬᠢᠬᠡᠳ ᠳ᠋ᠠᠶᠢᠲ᠋ᠠ ᠳᠠᠮᠵᠢᠭᠤᠯᠬᠤ ᠬᠡᠪ ᠵᠠᠭᠪᠤᠷ ᠶᠤᠰᠤᠭᠠᠷ᠂ ᠮᠡᠳᠡᠭᠡ ᠵᠠᠩᠬᠢ ᠬᠠᠳᠠᠭᠠᠯᠠᠬᠤ᠂ ᠰᠢᠢᠳᠪᠥᠷᠢᠯᠡᠬᠦ ᠪᠠ ᠰᠤᠯᠢᠯᠴᠠᠬᠤ ᠶᠢ ᠶᠠᠪᠤᠭᠳᠠᠭᠤᠯᠵᠤ᠂ ᠮᠡᠳᠡᠭᠡ ᠵᠠᠩᠭᠢ ᠶᠢ ᠬᠠᠮᠳᠤᠪᠠᠷ ᠬᠦᠷᠲᠡᠬᠦ ᠶᠢ ᠪᠠᠶᠡᠯᠡᠭᠦᠯᠥᠨ᠎ᠡ᠃      — ᠠᠮᠤᠷ ᠲᠥᠪᠰᠢᠨ ᠢ ᠪᠠᠲᠤᠯᠠᠨ᠎ᠠ᠃ ᠤᠯᠤᠰ ᠤᠨ ᠮᠡᠳᠡᠭᠡ ᠵᠠᠩᠬᠢ ᠶᠢᠨ ᠠᠮᠤᠷ ᠲᠥᠪᠰᠢᠨ ᠤ ᠳᠠᠰ ᠵᠡᠷᠭᠡ ᠶᠢ ᠬᠠᠮᠠᠭᠠᠯᠠᠬᠤ ᠪᠡ ᠨᠢᠭᠤᠴᠠ ᠳᠤ ᠬᠤᠯᠪᠤᠭᠳᠠᠬᠤ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠤᠰᠤᠭᠠᠷ᠂ ᠮᠡᠳᠡᠭᠡ ᠵᠠᠩᠬᠢ ᠶᠢᠨ ᠠᠮᠤᠷ ᠲᠥᠪᠰᠢᠨ ᠤ ᠪᠠᠲᠤᠯᠠᠭ᠎ᠠ ᠶᠢ ᠴᠢᠩᠭᠠᠳᠬᠠᠨ᠂ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢ ᠶᠢᠨ ᠰᠢᠰᠲ᠋ᠧᠮ ᠤᠨ ᠨᠢᠭᠤᠴᠡ ᠶᠢᠨ ᠳᠠᠰ ᠠᠯᠤᠰᠯᠠᠨ᠂ ᠠᠮᠤᠷ ᠲᠥᠪᠰᠢᠨ ᠤ ᠳᠠᠰ ᠵᠡᠷᠭᠡ ᠶᠢ ᠠᠯᠤᠰᠯᠠᠨ ᠬᠡᠷᠡᠭᠯᠡᠬᠦ ᠶᠢ ᠲᠥᠯᠬᠢᠨ ᠠᠬᠢᠭᠤᠯᠤᠨ᠎ᠠ᠃      ᠳᠥᠷᠪᠡ᠂ ᠭᠤᠤᠯ ᠬᠠᠷᠠᠯᠲᠠ      2020 ᠤᠨ ᠤ ᠵᠢᠯ ᠤᠨ ᠰᠡᠭᠦᠯᠴᠢ ᠳᠤ᠂ ᠪᠥᠬᠦ ᠤᠷᠤᠨ ᠳᠤ ᠵᠢᠷᠭᠤᠭᠠᠨ ᠶᠡᠭᠡ ᠲᠤᠯᠭᠠᠭᠤᠷᠢᠯᠠᠯ ᠪᠠᠲᠤᠯᠠᠭ᠎ᠠ ᠪᠤᠯᠤᠨ ᠬᠡᠷᠡᠭᠯᠡᠭᠡᠨ ᠤ ᠥᠢᠯᠡᠴᠢᠯᠡᠭᠡᠨ ᠤ ᠰᠢᠰᠲ᠋ᠧᠮᠵᠢ ︵ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢ ᠶᠢᠨ ᠰᠥᠯᠵᠢᠶ᠎ᠡ᠂ ᠰᠠᠭᠤᠷᠢ ᠤᠷᠴᠢᠨ ᠲᠤᠭᠤᠷᠢᠨ᠂ ᠲᠤᠮᠤ ᠳ᠋ᠠᠶᠢᠲ᠋ᠠ᠂ ᠬᠡᠷᠡᠭᠯᠡᠭᠡᠨ ᠤ ᠥᠢᠯᠡᠴᠢᠯᠡᠭᠡ᠂ ᠠᠮᠤᠷ ᠲᠥᠪᠰᠢᠨ ᠬᠢᠬᠡᠳ ᠬᠠᠮᠠᠭᠠᠯᠠᠯᠲᠠ᠂ ᠪᠠᠷᠢᠮᠵᠢᠶᠠᠯᠠᠨ ᠵᠢᠷᠤᠮᠵᠢᠭᠤᠯᠬᠤ︶ ᠪᠤᠯᠤᠨ ᠪᠥᠬᠦ ᠤᠷᠤᠨ ᠤ ᠠᠶᠤᠯ ᠥᠭᠡᠢ ᠥᠢᠯᠡᠳᠪᠥᠷᠢᠯᠡᠯ ᠤᠨ ᠲᠥᠭᠰᠢᠭᠦᠷᠢ ᠶᠢ ᠥᠨᠡᠯᠡᠨ ᠵᠢᠱᠢᠵᠤ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠂ ᠪᠥᠬᠦ ᠤᠷᠤᠨ ᠤ ᠠᠶᠤᠯ ᠥᠭᠡᠢ ᠥᠢᠯᠡᠳᠪᠥᠷᠢᠯᠡᠯ ᠤᠨ ︽ᠨᠢᠭᠡᠨ ᠢᠵᠢ ᠪᠠᠷᠢᠮᠵᠢᠶ᠎ᠠ᠂ ᠨᠢᠭᠡ ᠳ᠋ᠠᠶᠢᠲ᠋ᠠ ᠶᠢᠨ ᠬᠥᠮᠥᠷᠭᠡ᠂ ᠨᠢᠭᠡ ᠰᠥᠯᠵᠢᠶ᠎ᠡ᠂ ᠨᠢᠭᠡ ᠬᠠᠭᠤᠳᠠᠰᠥ ᠵᠢᠷᠤᠭ᠂ ᠨᠢᠭᠡ ᠬᠥᠰᠥᠨᠥᠭᠲᠥ᠂ ᠨᠢᠭᠡ ᠭᠦᠯᠭᠡ︾᠎ ᠶᠢᠨ ᠪᠠᠶᠢᠷᠢᠯᠠᠭᠤᠯᠤᠯᠲᠠ ᠶᠢ ᠪᠠᠶᠢᠭᠤᠯᠤᠨ᠎ᠠ᠃ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠭᠢ ᠶᠢᠨ ︽ᠢᠷᠡᠯᠲᠡ ᠶᠢ ᠪᠠᠶᠢᠴᠠᠭᠠᠵᠤ ᠪᠤᠯᠬᠤ᠂ ᠬᠠᠨᠳᠤᠰᠢ ᠶᠢ ᠮᠥᠷᠳᠡᠵᠤ ᠪᠤᠯᠬᠤ᠂ ᠬᠠᠷᠢᠭᠤᠴᠠᠯᠭ᠎ᠠ ᠶᠢ ᠨᠡᠭᠡᠮᠵᠢᠯᠡᠵᠤ ᠪᠤᠯᠬᠤ᠂ ᠵᠢᠮ᠎ᠠ ᠬᠠᠤᠯᠢ ᠶᠢ ᠵᠢᠷᠤᠮᠯᠠᠵᠤ ᠪᠤᠯᠬᠤ᠂ ᠪᠠᠶᠢᠳᠠᠯ ᠢ ᠮᠠᠭᠠᠳᠯᠠᠵᠤ ᠪᠤᠯᠬᠤ︾᠎ ᠶᠢ ᠪᠡᠶᠡᠯᠡᠭᠦᠯᠥᠨ᠂ ᠤᠯᠠᠨ ᠲᠠᠯ᠎ᠠ ᠠᠴᠠ ᠬᠢᠨᠠᠨ ᠬᠡᠮᠵᠢᠵᠤ ᠬᠢᠨᠠᠨ ᠡᠵᠡᠮᠳᠡᠬᠦ ᠪᠥᠭᠡᠳ ᠤᠯᠠᠨ ᠳ᠋ᠠᠶᠢᠲ᠋ᠠ ᠪᠠᠷ ᠵᠠᠳᠠᠯᠤᠯᠲᠠ ᠬᠢᠵᠤ ᠲᠥᠰᠥᠭᠡᠯᠡᠨ ᠮᠠᠭᠠᠳᠯᠠᠬᠤ᠂ ᠤᠯᠠᠨ ᠰᠠᠯᠠᠭ᠎ᠠ ᠮᠥᠴᠢᠷ ᠬᠤᠯᠪᠤᠭᠠᠯᠠᠨ ᠬᠢᠨᠠᠯᠲᠠ ᠲᠠᠯᠪᠢᠭᠰᠠᠨ ᠶᠡᠷᠥᠩᠬᠡᠶᠢᠯᠡᠭᠰᠡᠨ ᠲᠤᠤᠷ ᠰᠥᠯᠵᠢᠶ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ᠃      ᠲᠠᠪᠤ᠂ ᠭᠤᠤᠯ ᠡᠭᠦᠷᠭᠡ      ︵ᠨᠢᠭᠡ︶ ᠠᠵᠤ ᠠᠬᠤᠶᠢᠯᠠᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠠᠭᠤᠯᠭ᠎ᠠ ᠪᠤᠯᠤᠨ ᠪᠠᠷᠢᠮᠵᠢᠶ᠎ᠠ ᠶᠢ ᠲᠤᠭᠲᠠᠭᠠᠨ᠎ᠠ᠃ ᠬᠤᠯᠪᠤᠭᠳᠠᠯ ᠪᠥᠬᠦᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠠᠵᠢᠯ ᠲᠥᠷᠥᠯ ᠤᠨ ᠤᠨᠴᠠᠯᠢᠭ ᠢᠶᠠᠨ ᠥᠨᠳᠥᠰᠥᠯᠡᠨ᠂ ᠲᠤᠰ ᠠᠵᠢᠯ ᠲᠥᠷᠥᠯ ᠤᠨ ᠠᠵᠤ ᠠᠬᠤᠶᠢᠯᠠᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠠᠭᠤᠯᠭ᠎ᠠ ᠪᠤᠯᠤᠨ ᠪᠠᠷᠢᠮᠵᠢᠶ᠎ᠠ ᠶᠢ ᠰᠤᠳᠤᠯᠤᠨ ᠲᠤᠭᠲᠠᠭᠠᠵᠤ᠂ ᠭᠤᠤᠯᠳᠠᠯᠭ᠎ᠠ ᠲᠠᠢ ᠠᠵᠢᠯᠯᠠᠬᠤ ᠲᠠᠯᠠᠪᠤᠷ ᠭᠠᠵᠠᠷ ᠪᠤᠯᠤᠨ ᠥᠢᠯᠡᠳᠪᠥᠷᠢᠯᠡᠯ ᠤᠨ ᠲᠠᠯ᠎ᠠ ᠶᠢ ᠲᠡᠷᠡ ᠳᠤᠤᠷ᠎ᠠ ᠨᠢ ᠬᠢᠨᠠᠨ ᠬᠡᠮᠵᠢᠵᠤ᠂ ᠬᠢᠨᠠᠨ ᠡᠵᠡᠮᠳᠡᠵᠤ᠂ ᠠᠵᠤ ᠠᠬᠤᠶᠢᠯᠠᠯ ᠤᠨ ᠠᠶᠤᠯ ᠥᠭᠡᠢ ᠶᠢᠨ ᠭᠡᠮ ᠰᠤᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠴᠡᠭᠴᠡᠯᠡᠬᠦ ᠳᠤ ᠴᠢᠬᠤᠯᠠ ᠮᠡᠷᠭᠡᠵᠢᠯ ᠤᠨ ᠪᠠᠲᠤᠯᠠᠭ᠎ᠠ ᠬᠠᠩᠭᠠᠨ᠂ ᠨᠡᠭᠦᠷᠡᠰᠥᠨ ᠠᠭᠤᠷᠬᠠᠢ᠂ ᠨᠡᠭᠦᠷᠡᠰᠥᠨ ᠠᠭᠤᠷᠬᠠᠢ ᠶᠢᠨ ᠪᠤᠰᠤ ᠠᠭᠤᠯᠠ᠂ ᠠᠶᠤᠯᠲᠤ ᠬᠢᠮᠢ ᠶᠢᠨ ᠪᠤᠳᠠᠰ᠂ ᠵᠠᠮ ᠬᠠᠷᠢᠯᠴᠠᠭ᠎ᠠ ᠲᠡᠭᠡᠭᠡᠪᠥᠷᠢ᠂ ᠬᠥᠮᠥᠨ ᠨᠢᠭᠲᠠᠷᠠᠭᠰᠠᠨ ᠲᠠᠯᠠᠪᠤᠷ ᠭᠠᠵᠠᠷ᠂ ᠪᠠᠷᠢᠯᠭ᠎ᠠ ᠪᠠᠷᠢᠵᠤ ᠪᠠᠶᠢᠭ᠎ᠠ ᠭᠠᠵᠠᠷ᠂ ᠤᠨᠴᠠ ᠲᠥᠷᠥᠯ ᠤᠨ ᠲᠥᠭᠦᠭᠡᠷᠤᠮᠵᠢ ᠵᠠᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠥᠷᠢᠶ᠎ᠡ ᠬᠡᠪᠴᠢᠶᠡᠨ ᠳᠤ ᠤᠷᠢᠳᠠᠪᠠᠷ ᠲᠤᠷᠰᠢᠨ ᠤᠷᠢᠳᠠᠪᠡᠷ ᠶᠠᠪᠤᠭᠳᠠᠭᠤᠯᠤᠨ᠎ᠠ᠃      ︵ᠬᠤᠶᠠᠷ︶ ᠲᠤᠬᠠᠶᠢᠯᠠᠭᠰᠠᠨ ᠠᠵᠢᠯ ᠤᠨ ᠬᠢᠨᠠᠨ ᠬᠠᠮᠢᠶᠠᠷᠬᠤ ᠰᠢᠰᠲ᠋ᠧᠮ ᠬᠢᠬᠡᠳ ᠠᠵᠤ ᠠᠬᠤᠶᠢᠯᠠᠯ ᠤᠨ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠰᠢᠰᠲ᠋ᠧᠮ ᠤᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠥᠨ᠎ᠡ᠃ ᠠᠵᠤ ᠠᠬᠤᠶᠢᠯᠠᠯ ᠤᠨ ᠠᠶᠤᠯ ᠥᠭᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠰᠢᠰᠲ᠋ᠧᠮ ᠨᠢ ᠡᠯ᠎ᠡ ᠬᠤᠰᠢᠭᠤ ᠰᠢᠶᠠᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠤᠷᠠᠭ ᠵᠠᠩᠬᠢ ᠶᠢᠨ ᠲᠠᠪᠴᠠᠩ ᠪᠠ ᠠᠶᠤᠯ ᠥᠭᠡᠢ ᠥᠢᠯᠡᠳᠪᠥᠷᠢᠯᠡᠯ ᠤᠨ ᠳ᠋ᠠᠶᠢᠲ᠋ᠠ ᠶᠢᠨ ᠲᠥᠪ ᠯᠦᠭᠡ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠥᠨ᠎ᠡ᠃ ᠡᠯ᠎ᠡ ᠠᠵᠢᠯ ᠲᠥᠷᠥᠯ ᠤᠨ ᠲᠤᠭᠲᠠᠭᠠᠭᠰᠠᠨ ᠳ᠋ᠠᠶᠢᠲ᠋ᠠ ᠴᠤᠭᠯᠠᠭᠤᠯᠤᠭᠰᠠᠨ ᠠᠭᠤᠯᠭ᠎ᠠ ᠶᠢ ᠥᠨᠳᠥᠰᠥᠯᠡᠨ᠂ ᠠᠵᠤ ᠠᠬᠤᠶᠢᠯᠠᠯ ᠨᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠲᠠᠪᠴᠠᠩ ᠠᠴᠠ ᠳ᠋ᠠᠶᠢᠲ᠋ᠠ ᠪᠠᠨ ᠠᠶᠤᠯ ᠥᠭᠡᠢ ᠥᠢᠯᠡᠳᠪᠥᠷᠢᠯᠡᠯ ᠤᠨ ᠲᠥᠪ ᠲᠤ ᠳᠡᠭᠡᠭᠰᠢ ᠳᠠᠮᠵᠢᠭᠤᠯᠤᠨ᠎ᠠ᠃ ᠲᠤᠮᠤ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠠᠶᠤᠯ ᠥᠭᠡᠢ ᠥᠢᠯᠡᠳᠪᠥᠷᠢᠯᠡᠯ ᠢ ᠨᠥᠯᠥᠭᠡᠯᠡᠬᠦ ᠳ᠋ᠠᠶᠢᠲ᠋ᠠ ᠳᠤ ᠡᠮᠬᠢᠯᠡᠨ ᠵᠠᠳᠠᠯᠤᠯᠲᠠ ᠬᠢᠵᠤ᠂ ᠠᠵᠤ ᠠᠬᠤᠶᠢᠯᠠᠯ ᠤᠨ ᠠᠶᠤᠯ ᠥᠬᠡᠢ ᠥᠢᠯᠡᠳᠪᠥᠷᠢᠯᠡᠯ ᠤᠨ ᠪᠠᠶᠢᠳᠠᠯ ᠢ ᠥᠨᠡᠯᠡᠨ ᠵᠢᠱᠢᠬᠦ ᠪᠡ ᠰᠡᠷᠡᠮᠵᠢᠯᠡᠭᠦᠯᠬᠦ᠂ ᠲᠥᠰᠥᠭᠡᠯᠡᠬᠦ᠂ ᠤᠷᠢᠳᠴᠢᠯᠡᠨ ᠮᠡᠳᠡᠭᠦᠯᠬᠦ ᠶᠢ ᠪᠡᠶᠡᠯᠡᠭᠦᠯᠥᠨ᠎ᠡ᠃ ᠬᠢᠨᠠᠯᠲᠠ ᠬᠠᠮᠢᠶᠠᠷᠤᠯᠲᠡ ᠶᠢᠨ ᠰᠠᠯᠠᠭ᠎ᠠ ᠮᠥᠴᠢᠷ ᠨᠢ ᠥᠨᠡᠯᠡᠨ ᠵᠢᠱᠢᠭᠰᠡᠨ ᠪᠡ ᠰᠡᠷᠡᠮᠵᠢᠯᠡᠭᠦᠯᠥᠭᠰᠡᠨ ᠪᠠᠶᠢᠳᠠᠯ ᠢ ᠥᠨᠳᠥᠰᠥᠯᠡᠨ᠂ ᠴᠠᠭ ᠲᠤᠬᠠᠢ ᠳᠤᠨᠢ ᠮᠥᠷᠳᠡᠵᠤ᠂ ᠴᠢᠭᠯᠡᠭᠦᠯᠬᠦ ᠴᠢᠨᠠᠷ ᠲᠠᠢ ᠪᠠᠷ ᠠᠬᠤᠢ ᠲᠠᠯᠠᠪᠠᠢ ᠶᠢᠨ ᠬᠠᠤᠯᠢ ᠭᠡᠷᠡᠭᠵᠢᠭᠦᠯᠬᠦ ᠯᠦᠭᠡ ᠪᠥᠲᠥᠮᠵᠢᠲᠡᠢ ᠵᠤᠯᠭᠠᠯᠲᠠ ᠬᠢᠯᠬᠡᠵᠤ᠂ ᠬᠠᠤᠯᠢ ᠬᠡᠷᠡᠭᠵᠢᠭᠦᠯᠬᠦ ᠥᠢᠯᠡᠳᠥᠯ ᠴᠢᠳᠠᠮᠵᠢ ᠶᠢ ᠳᠡᠭᠡᠭᠰᠢᠯᠡᠭᠦᠯᠥᠨ᠎ᠡ᠃      ︵ᠭᠤᠷᠪᠠ︶ ᠪᠥᠬᠦ ᠤᠷᠤᠨ ᠤ ᠠᠶᠤᠯ ᠥᠬᠡᠢ ᠥᠢᠯᠡᠳᠪᠥᠷᠢᠯᠡᠯ ᠤᠨ ᠲᠤᠮᠤ ᠳ᠋ᠠᠶᠢᠲ᠋ᠠ ᠶᠢᠨ ᠲᠥᠪ ᠢ ᠪᠠᠶᠢᠭᠤᠯᠤᠨ᠎ᠠ᠃ ᠡᠯ᠎ᠡ ᠱᠠᠲᠤᠨ ᠤ ᠠᠶᠤᠯ ᠥᠭᠡᠢ ᠥᠢᠯᠡᠳᠪᠥᠷᠢᠯᠡᠯ ᠤᠨ ᠶᠡᠷᠥᠩᠬᠡᠶᠢᠯᠡᠭᠰᠡᠨ ᠬᠢᠨᠠᠯᠲᠠ ᠬᠠᠮᠢᠶᠠᠷᠥᠯᠲᠠ ᠶᠢᠨ ᠰᠠᠯᠠᠭ᠎ᠠ ᠮᠥᠴᠢᠷ ᠨᠢ ᠬᠡᠷᠡᠭᠯᠡᠭᠡᠨ ᠤ ᠢᠨᠲ᠋ᠧᠷ᠂ ᠪᠤᠳᠠᠰᠯᠢᠭ ᠲᠤᠤᠷ ᠰᠥᠯᠵᠢᠶ᠎ᠡ ᠵᠡᠷᠭᠡ ᠲᠡᠷᠢᠭᠦᠨ ᠤ ᠮᠡᠷᠭᠡᠵᠢᠯ ᠢ ᠬᠡᠷᠡᠭᠯᠡᠨ᠂ ᠲᠤᠰ ᠱᠠᠲᠤᠨ ᠤ ᠠᠮᠤᠷ ᠲᠥᠪᠰᠢᠨ ᠤ ᠥᠢᠯᠡᠳᠪᠥᠷᠢᠯᠡᠯ ᠤᠨ ᠳ᠋ᠠᠶᠢᠲ᠋ᠠ ᠶᠢᠨ ᠲᠥᠪ ᠢ ᠲᠥᠷᠭᠡᠳᠬᠡᠨ ᠪᠠᠶᠢᠭᠤᠯᠤᠨ᠎ᠠ᠂ ᠡᠯ᠎ᠡ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠠᠵᠢᠯ ᠲᠥᠷᠥᠯ ᠤᠨ ᠮᠡᠳᠡᠭᠡ ᠵᠠᠩᠬᠢ ᠶᠢᠨ ᠲᠠᠪᠴᠠᠩ ᠢ ᠲᠥᠷᠭᠡᠳᠬᠡᠨ ᠪᠠᠶᠢᠭᠤᠯᠬᠤ ᠶᠢᠨ ᠬᠠᠮᠲᠤ ᠠᠶᠤᠯ ᠥᠭᠡᠢ ᠥᠢᠯᠡᠳᠪᠥᠷᠢᠯᠡᠯ ᠤᠨ ᠳ᠋ᠠᠶᠢᠲ᠋ᠠ ᠶᠢᠨ ᠲᠥᠪ ᠯᠦᠭᠡ ᠬᠠᠷᠢᠯᠴᠠᠨ ᠬᠤᠯᠪᠤᠨ ᠬᠠᠷᠢᠯᠴᠠᠨ ᠨᠡᠪᠲᠡᠷᠡᠯᠴᠡᠬᠦ ᠮᠡᠳᠡᠭᠡ ᠵᠠᠩᠬᠢ ᠶᠢᠨ ᠰᠢᠰᠲ᠋ᠧᠮᠵᠢ ᠶᠢ ᠪᠥᠷᠢᠯᠳᠥᠭᠦᠯᠥᠨ᠂ ᠠᠶᠤᠯ ᠥᠭᠡᠢ ᠥᠢᠯᠡᠳᠪᠥᠷᠢᠯᠡᠯ ᠤᠨ ᠨᠢᠭᠡᠳᠥᠯᠲᠡᠢ ᠲᠥᠯᠥᠪᠯᠡᠨ ᠵᠤᠬᠢᠴᠠᠭᠤᠯᠬᠤ᠂ ᠲᠤᠬᠢᠷᠠᠭᠤᠯᠤᠨ ᠵᠢᠯᠤᠭᠤᠳᠬᠤ ᠳᠤ ᠮᠡᠳᠡᠭᠡ ᠵᠠᠩᠬᠢ ᠶᠢᠨ ᠪᠠᠲᠤᠯᠠᠭ᠎ᠠ ᠬᠠᠩᠭᠠᠨ᠎ᠠ᠃      ︵ᠳᠥᠷᠪᠡ︶ ︽ᠮᠠᠰᠢᠨᠴᠢᠯᠠᠯᠲᠠ ᠪᠠᠷ ᠬᠥᠮᠥᠨ ᠢ ᠤᠷᠤᠯᠠᠨ᠂ ᠠᠤᠲ᠋ᠤᠴᠢᠯᠠᠯᠲᠠ ᠪᠠᠷ ᠬᠥᠮᠥᠨ ᠢ ᠪᠠᠭᠠᠰᠬᠠᠬᠤ︾ ᠢᠨᠵᠧᠨᠧᠷᠢᠩ ᠢ ᠬᠡᠷᠡᠭᠵᠢᠭᠦᠯᠥᠨ᠎ᠠ᠃ ᠠᠵᠤ ᠠᠬᠤᠶᠢᠯᠠᠯ ᠤᠨ ᠤᠶᠤᠨᠴᠢ ᠪᠠᠷ ᠠᠶᠤᠯ ᠥᠭᠡᠢ ᠥᠢᠯᠡᠳᠪᠥᠷᠢᠯᠡᠯ ᠢ ᠥᠷᠨᠢᠭᠦᠯᠬᠦ ᠶᠢ ᠵᠢᠯᠤᠭᠤᠳᠤᠨ᠂ ᠥᠢᠯᠡᠳᠪᠥᠷᠢᠯᠡᠯ ᠤᠨ ᠪᠡᠯᠡᠳᠬᠡᠮᠵᠢ ᠲᠥᠭᠦᠭᠡᠷᠤᠮᠵᠢ᠂ ᠠᠵᠢᠯᠯᠠᠬᠤ ᠤᠷᠴᠢᠨ ᠨᠥᠭᠦᠴᠡᠯ ᠵᠡᠷᠭᠡ ᠳᠤ ᠲᠡᠷᠡ ᠳᠤᠤᠷ᠎ᠠ ᠪᠠᠨ᠂ ᠪᠥᠬᠦ ᠲᠠᠯ᠎ᠡ ᠶᠢᠨ ᠤᠶᠤᠨᠴᠢ ᠵᠠᠳᠠᠯᠥᠯᠲᠠ᠂ ᠤᠨᠤᠰᠢᠯᠠᠯᠲᠠ ᠶᠠᠪᠤᠭᠳᠠᠭᠤᠯᠤᠨ᠎ᠠ᠃ ᠭᠤᠤᠯᠳᠠᠯᠭ᠎ᠠ ᠲᠠᠢ᠂ ᠠᠶᠤᠯ ᠲᠥᠭᠰᠢᠭᠦᠷᠢ ᠶᠡᠬᠡᠲᠡᠢ ᠠᠵᠢᠯ ᠲᠥᠷᠥᠯ ᠤᠨ ᠬᠥᠷᠢᠶ᠎ᠡ ᠬᠡᠪᠴᠢᠶᠡᠨ ᠳᠤ ᠬᠥᠮᠥᠨ ᠢ ᠮᠠᠰᠢᠨᠴᠢᠯᠠᠯᠲᠠ ᠪᠠᠷ ᠤᠷᠤᠯᠠᠨ᠂ ᠠᠤᠲ᠋ᠤᠴᠢᠯᠠᠯᠲᠠ ᠪᠠᠷ ᠬᠥᠮᠥᠨ ᠢ ᠪᠠᠭᠠᠰᠬᠠᠬᠤ︾ ᠢᠨᠵᠧᠨᠧᠷᠢᠩ ᠢ ᠭᠥᠨᠵᠡᠭᠡᠢ ᠬᠡᠷᠡᠭᠵᠢᠭᠦᠯᠵᠤ᠂ ᠬᠥᠨᠳᠥ ᠬᠡᠴᠡᠭᠦᠥ ᠠᠶᠤᠯ ᠤᠨ ᠡᠬᠢ ᠰᠤᠷᠪᠤᠯᠵᠢ ᠳᠤ ᠪᠤᠯ ᠠᠯᠤᠰ ᠡᠵᠡᠮᠰᠢᠯ᠂ ᠤᠶᠤᠨᠴᠢᠯᠠᠭᠰᠠᠨ ᠠᠵᠢᠯᠯᠠᠭ᠎ᠠ ᠬᠡᠷᠡᠭᠵᠢᠭᠦᠯᠥᠨ᠂ ︽ᠬᠥᠮᠥᠨ ᠥᠭᠡᠢ ᠪᠤᠯ ᠠᠶᠤᠯ ᠥᠭᠡᠢ᠂ ᠬᠥᠮᠥᠨ ᠴᠥᠬᠡᠨ ᠪᠤᠯ ᠠᠶᠤᠯ ᠥᠭᠡᠢ︾ ᠪᠠᠶᠢᠬᠤ ᠶᠢ ᠪᠡᠶᠡᠯᠡᠬᠦᠯᠵᠤ᠂ ᠬᠥᠨᠳᠥ ᠬᠡᠴᠡᠭᠦᠥ ᠤᠨᠴᠠ ᠭᠡᠨᠡᠳᠡᠯ ᠭᠠᠷᠬᠤ ᠶᠢ ᠮᠥᠨ ᠴᠢᠨᠠᠷ ᠠᠴᠠ ᠨᠢ ᠰᠡᠷᠡᠮᠵᠢᠯᠡᠬᠦ ᠪᠡ ᠬᠤᠷᠢᠭᠯᠠᠨ᠎ᠠ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠤᠷᠤᠨ ᠤ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠶᠢ ᠡᠭᠦᠷᠭᠡᠯᠡᠨ᠂ ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠬᠢᠵᠢᠯᠲᠠ ᠶᠢᠨ ᠵᠥᠪᠯᠡᠯ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠭᠤᠤᠯ ᠬᠠᠷᠢᠭᠤᠴᠠᠯᠭᠠᠲᠠᠨ ᠠᠴᠠ ᠳᠤᠭᠤᠶᠢᠯᠠᠩ ᠤᠨ ᠳᠡᠳ᠋ ᠳᠠᠷᠤᠭ᠎ᠠ ᠶᠢ ᠡᠭᠦᠷᠭᠡᠯᠡᠵᠤ᠂ ᠥᠪᠡᠷᠳᠡᠭᠡᠨ ᠵᠠᠰᠠᠬᠤ ᠤᠷᠤᠨ ᠤ ᠬᠥᠭᠵᠢᠭᠦᠯᠥᠯᠲᠠ ᠥᠭᠡᠷᠡᠴᠢᠯᠡᠯᠲᠠ᠂ ᠡᠳ᠋ ᠤᠨ ᠵᠠᠰᠠᠭ᠂ ᠠᠵᠤ ᠠᠬᠤᠢ ᠮᠡᠳᠡᠭᠡ ᠵᠠᠩᠬᠢᠵᠢᠯᠲᠠ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠵᠠᠷᠭᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠭᠡᠰᠢᠭᠦᠨ ᠪᠤᠯᠭᠠᠵᠤ᠂ ᠪᠥᠬᠦ ᠤᠷᠤᠨ ᠤ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠨᠢᠭᠡᠳᠥᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠡᠯ᠎ᠡ ᠪᠥᠷᠢᠯᠳᠥᠭᠦᠨ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠥᠴᠥᠨ ᠢ ᠪᠥᠷᠢᠯᠳᠥᠭᠦᠯᠥᠨ᠂ ᠵᠤᠬᠢᠴᠠᠩᠭᠤᠢ ᠲᠥᠯᠬᠢᠨ ᠠᠬᠢᠭᠤᠯᠤᠨ᠎ᠠ᠃ ᠡᠯ᠎ᠡ ᠭᠠᠵᠠᠷ ᠤᠷᠤᠨ ᠨᠤᠭᠤᠳ ᠵᠤᠬᠢᠬᠤ ᠵᠤᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠂ ᠰᠢᠨᠵᠢᠯᠡᠬᠦ ᠤᠬᠠᠭᠠᠨᠴᠢ ᠪᠥᠲᠥᠮᠵᠢᠲᠡᠢ ᠠᠵᠢᠯ ᠤᠨ ᠲᠤᠭᠲᠠᠴᠠ ᠶᠢ ᠪᠠᠶᠢᠭᠤᠯᠵᠤ᠂ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠪᠥᠬᠦ ᠬᠥᠴᠥᠨ ᠢᠶᠠᠷ ᠲᠥᠯᠬᠢᠨ ᠠᠬᠢᠭᠤᠯᠤᠨ᠎ᠠ᠃      ︵ᠬᠤᠶᠠᠷ︶ ᠪᠠᠷᠢᠮᠵᠢᠶ᠎ᠠ ᠲᠤᠭᠲᠠᠭᠠᠬᠤ ᠶᠢ ᠲᠥᠷᠭᠡᠳᠬᠡᠨ᠎ᠡ᠃ ᠪᠥᠬᠦ ᠤᠷᠤᠨ ᠤ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠥᠯᠲᠠ ᠨᠢ ᠶᠠᠷᠥᠩᠬᠡᠢ ᠲᠥᠰᠥᠪ ᠪᠡ ᠪᠠᠷᠢᠮᠵᠢᠶ᠎ᠠ ᠵᠢᠷᠤᠮᠵᠢᠯ ᠢ ᠲᠥᠷᠭᠡᠳᠬᠡᠨ ᠲᠤᠭᠳᠠᠭᠠᠵᠤ᠂ ᠪᠠᠶᠢᠭᠤᠯᠤᠯᠲᠠ ᠶᠢᠨ ᠡᠭᠦᠷᠭᠡ᠂ ᠱᠠᠲᠤ ᠥᠶ᠎ᠡ ᠶᠢᠨ ᠴᠢᠨᠠᠷᠲᠠᠢ ᠬᠠᠷᠠᠯᠲᠠ ᠪᠠᠨ ᠲᠤᠳᠤᠷᠬᠠᠶᠢᠯᠠᠨ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠴᠤᠭᠯᠠᠭᠤᠯᠬᠤ᠂ ᠰᠢᠰᠲ᠋ᠧᠮ ᠢ ᠵᠠᠯᠭᠠᠨ ᠨᠡᠶᠢᠯᠡᠭᠦᠯᠬᠦ᠂ ᠮᠡᠳᠡᠭᠡ ᠵᠠᠩᠬᠢ ᠶᠢ ᠰᠤᠯᠢᠯᠴᠠᠨ ᠬᠠᠮᠲᠤᠪᠠᠷ ᠡᠳ᠋ᠯᠡᠬᠦ ᠶᠢᠨ ᠠᠭᠤᠯᠵᠠᠯ ᠵᠡᠷᠭᠡ ᠥᠪᠡᠷᠲᠡᠭᠡᠨ ᠵᠠᠰᠠᠬᠤ ᠤᠷᠤᠨ ᠤ ᠮᠡᠳᠡᠭᠡ ᠵᠠᠩᠬᠢᠵᠢᠯᠲᠠ ᠶᠢᠨ ᠲᠠᠪᠴᠠᠩ ᠨᠢᠭᠡᠳᠥᠯᠲᠡᠢ ᠪᠠᠶᠢᠬᠤ ᠶᠢ ᠪᠠᠲᠤᠯᠠᠨ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠤᠷᠤᠨ ᠤ ᠶᠡᠷᠥᠩᠬᠡᠢ ᠲᠥᠰᠥᠪ ᠪᠤᠯᠤᠨ ᠪᠠᠷᠢᠮᠵᠢᠶ᠎ᠡ ᠵᠢᠷᠤᠮᠵᠢᠯ ᠶᠤᠰᠤᠭᠠᠷ ᠬᠠᠷᠢᠶᠠᠯᠠᠭᠳᠠᠬᠤ ᠠᠵᠢᠯ ᠲᠥᠷᠥᠯ ᠤᠨ ᠬᠥᠷᠢᠶ᠎ᠡ ᠬᠡᠪᠴᠢᠶᠡᠨ ᠳᠠᠬᠢ ᠠᠵᠤ ᠠᠬᠤᠶᠢᠯᠠᠯ ᠤᠨ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠥᠯᠲᠠ ᠶᠢᠨ ᠪᠠᠷᠢᠮᠵᠢᠶ᠎ᠠ ᠵᠢᠴᠢ ᠠᠷᠭ᠎ᠠ ᠬᠡᠮᠵᠢᠶ᠎ᠡ ᠶᠢ ᠲᠤᠭᠲᠠᠭᠠᠨ᠎ᠠ᠃      ︵ᠭᠤᠷᠪᠠ︶ ᠪᠥᠲᠥᠭᠡᠨ ᠪᠠᠶᠢᠭᠤᠯᠤᠯᠲᠠ ᠶᠢᠨ ᠠᠭᠢᠴᠠ ᠶᠢ ᠥᠨᠡᠨᠬᠦ ᠪᠠᠲᠤᠯᠠᠨ᠎ᠠ᠃      2017 ᠤᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠥᠨ᠎ᠡ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠤᠷᠤᠨ ᠤ ᠶᠡᠷᠥᠩᠬᠡᠢ ᠲᠥᠰᠥᠪ ᠤᠨ ᠶᠤᠰᠤᠭᠠᠷ᠂ ᠲᠤᠰ ᠭᠠᠵᠠᠷ ᠤᠷᠤᠨ᠂ ᠲᠤᠰ ᠰᠠᠯᠠᠭ᠎ᠠ ᠮᠥᠴᠢᠷ ᠤᠨ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠥᠯᠲᠠ ᠶᠢᠨ ᠬᠡᠷᠡᠭᠵᠢᠭᠦᠯᠬᠦ ᠲᠥᠰᠥᠪ ᠢ ᠲᠤᠭᠲᠠᠭᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠤᠭᠤᠴᠠᠭ᠎ᠠ ᠶᠤᠰᠤᠭᠠᠷ ᠠᠯᠬᠤᠮ ᠬᠤᠪᠢᠶᠠᠨ ᠲᠥᠯᠬᠢᠨ ᠠᠬᠢᠭᠤᠯᠤᠨ᠎ᠠ᠃ 2017 ᠤᠨ ᠤ ᠵᠢᠯ ᠤᠨ ᠰᠡᠭᠦᠯᠴᠢ ᠳᠤ᠂ ᠪᠥᠬᠦ ᠤᠷᠤᠨ ᠤ ᠠᠶᠤᠯ ᠥᠭᠡᠢ ᠥᠢᠯᠡᠳᠪᠥᠷᠢᠯᠡᠯ ᠤᠨ ᠬᠢᠨᠠᠨ ᠬᠠᠮᠢᠶᠠᠷᠬᠤ ᠬᠥᠮᠥᠨ ᠳᠤ ᠰᠢᠯᠵᠢᠮᠡᠯ ᠬᠠᠤᠯᠢ ᠭᠡᠷᠡᠭᠵᠢᠭᠦᠯᠬᠦ ᠥᠵᠥᠭᠦᠷ ᠢ ᠲᠤᠬᠢᠷᠠᠭᠤᠯᠤᠨ᠎ᠠ᠃ 2018 ᠤᠨ ᠤ ᠰᠡᠭᠦᠯᠴᠢ ᠠᠴᠠ ᠡᠮᠥᠨ᠎ᠡ᠂ ᠪᠥᠬᠦ ᠤᠷᠤᠨ ᠤ ᠠᠶᠤᠯ ᠥᠭᠡᠢ ᠥᠢᠯᠡᠳᠪᠥᠷᠢᠯᠡᠯ ᠤᠨ ᠲᠤᠮᠤ ᠳ᠋ᠠᠶᠢᠲ᠋ᠠ ᠶᠢᠨ ᠲᠥᠪ ᠢ ᠪᠠᠶᠢᠭᠤᠯᠤᠨ᠂ ᠨᠡᠭᠦᠷᠡᠰᠥᠨ ᠠᠭᠤᠷᠬᠠᠢ᠂ ᠨᠡᠭᠦᠷᠡᠰᠥᠨ ᠠᠭᠤᠷᠬᠠᠢ ᠶᠢᠨ ᠪᠤᠰᠤ ᠠᠭᠤᠯᠠ᠂ ᠠᠶᠤᠯᠲᠤ ᠬᠢᠮᠢ ᠶᠢᠨ ᠪᠤᠳᠠᠰ᠂ ᠵᠠᠮ ᠬᠠᠷᠢᠯᠴᠠᠭ᠎ᠠ᠂ ᠲᠡᠮᠦᠷᠯᠢᠭ ᠪᠤᠯᠪᠠᠰᠤᠷᠠᠭᠤᠯᠬᠤ᠂ ᠠᠷᠠᠳ ᠤᠨ ᠳᠤᠮᠳᠠᠬᠢ ᠳᠡᠯᠪᠡᠷᠡᠬᠦ ᠪᠤᠳᠠᠰ᠂ ᠤᠨᠴᠤᠭᠠᠢ ᠲᠥᠷᠥᠯ ᠤᠨ ᠲᠥᠬᠦᠭᠡᠷᠤᠮᠵᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠥᠷᠢᠶ᠎ᠡ ᠬᠡᠪᠴᠢᠶᠡᠨ ᠳᠤ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ ᠠᠭᠤᠯᠭ᠎ᠠ ᠶᠢ ᠪᠡᠶᠡᠯᠡᠭᠦᠯᠬᠦ ᠶᠢᠨ ᠬᠠᠮᠲᠤ᠂ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠪᠠ ᠳ᠋ᠠᠶᠢᠲ᠋ᠠ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠥᠨ᠎ᠠ᠃ ᠡᠭᠦᠨ ᠤ ᠬᠠᠮᠲᠤ᠂ ᠭᠤᠤᠯᠳᠠᠯᠭ᠎ᠠ ᠶᠢ ᠤᠷᠢᠳᠠᠪᠡᠷ ᠶᠠᠪᠤᠭᠳᠠᠭᠤᠯᠬᠤ ᠶᠤᠰᠤᠭᠠᠷ᠂ ᠴᠢᠬ ᠢᠶᠠᠷ ᠪᠥᠬᠦ ᠲᠠᠯ᠎ᠠ ᠶᠢ ᠳᠠᠭᠠᠭᠤᠯᠬᠤ ᠵᠠᠷᠴᠢᠮ ᠢᠶᠠᠷ ᠪᠤᠰᠤᠳ ᠠᠵᠢᠯ ᠲᠥᠷᠥᠯ ᠤᠨ ᠬᠥᠷᠢᠶ᠎ᠡ ᠬᠡᠪᠴᠢᠶᠡᠨ ᠤ ᠠᠵᠤ ᠠᠬᠤᠶᠢᠯᠠᠯ ᠤᠨ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠢ ᠲᠥᠯᠬᠢᠨ ᠠᠬᠢᠭᠤᠯᠤᠨ᠎ᠠ᠃      ︵ᠳᠥᠷᠪᠡ︶ ᠵᠠᠷᠤᠳᠠᠯ ᠤᠨ ᠤᠷᠤᠭᠤᠯᠤᠯᠲᠠ ᠶᠢ ᠪᠠᠲᠤᠯᠠᠨ᠎ᠠ᠃ ᠠᠵᠤ ᠠᠬᠤᠶᠢᠯᠠᠯ ᠤᠨ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠵᠠᠷᠥᠳᠠᠯ ᠢ ᠠᠵᠤ ᠠᠬᠤᠶᠢᠯᠠᠯ ᠥᠪᠡᠷᠲᠡᠭᠡᠨ ᠰᠢᠢᠳᠪᠥᠷᠢᠯᠡᠨ᠎ᠡ᠂ ᠤᠷᠢᠳᠠᠪᠠᠷ ᠪᠠᠶᠢᠭᠤᠯᠤᠭᠰᠠᠨ ᠳᠤ ᠨᠢ ᠱᠠᠩᠨᠠᠬᠤ ᠪᠠᠷ ᠨᠥᠬᠦᠪᠥᠷᠢ ᠶᠢ ᠤᠷᠤᠯᠠᠭᠤᠯᠬᠤ ᠬᠡᠯᠪᠡᠷᠢ ᠪᠠᠷ ᠱᠠᠩᠨᠠᠯ ᠬᠥᠬᠢᠭᠦᠯᠥᠯ ᠤᠯᠭᠤᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ ᠴᠤᠭᠯᠠᠭᠤᠯᠣᠭᠰᠠᠨ ᠵᠠᠷᠤᠳᠠᠯ ᠢᠶᠠᠨ ᠵᠤᠬᠢᠰᠲᠠᠢ ᠲᠤᠬᠢᠷᠠᠭᠤᠯᠬᠤ ᠶᠢᠨ ᠳᠠᠭᠠᠤ ᠲᠤᠰᠬᠠᠢ ᠲᠥᠷᠥᠯ ᠤᠨ ᠮᠥᠩᠭᠦ ᠶᠢ ᠲᠤᠰᠬᠠᠢ ᠬᠡᠷᠡᠭᠯᠡᠬᠦ ᠶᠢ ᠬᠡᠷᠡᠭᠵᠢᠭᠦᠯᠵᠤ᠂ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠡᠭᠦᠷᠭᠡ ᠶᠢᠨ ᠲᠤᠭᠲᠠᠭᠰᠠᠨ ᠬᠤᠭᠤᠴᠠᠭ᠎ᠠ ᠶᠤᠰᠤᠭᠠᠷ ᠪᠡᠶᠡᠯᠡᠭᠳᠡᠬᠦ ᠶᠢ ᠥᠨᠡᠨᠬᠦ ᠪᠠᠲᠤᠯᠠᠨ᠎ᠠ᠃      ︵ᠲᠠᠪᠤ︶ ᠰᠢᠯᠭᠠᠨ ᠬᠢᠨᠠᠵᠤ ᠬᠢᠨᠠᠨ ᠵᠢᠯᠥᠭᠤᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠲᠤᠰ ᠭᠠᠵᠠᠷ ᠤᠷᠤᠨ᠂ ᠲᠤᠰ ᠰᠠᠯᠠᠭ᠎ᠠ ᠮᠥᠴᠢᠷ ᠤᠨ ᠤᠨ ᠤ ᠠᠶᠤᠯ ᠥᠭᠡᠢ ᠥᠢᠯᠡᠳᠪᠥᠷᠢᠯᠡᠯ ᠤᠨ ᠠᠵᠢᠯ ᠤᠨ ᠰᠢᠯᠭᠠᠨ ᠬᠢᠨᠠᠬᠤ ᠠᠭᠤᠯᠭ᠎ᠠ ᠳᠤ ᠤᠷᠤᠭᠤᠯᠤᠨ᠎ᠠ᠃ ᠥᠪᠡᠷᠲᠡᠭᠡᠨ ᠵᠠᠰᠠᠬᠤ ᠤᠷᠤᠨ ᠠᠴᠠ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠤᠨ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠥᠭᠤᠳᠬᠤ ᠪᠡ ᠰᠢᠯᠭᠠᠨ ᠬᠢᠨᠠᠵᠤ᠂ ᠠᠵᠢᠯ ᠤᠨ ᠠᠬᠢᠴᠠ ᠶᠢᠨ ᠪᠠᠶᠢᠳᠠᠯ ᠢ ᠲᠤᠭᠳᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠲᠡᠷᠢᠭᠦᠨ ᠤ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠳᠠᠯᠭᠡᠷᠡᠭᠦᠯᠵᠤ᠂ ᠨᠡᠶᠢᠳᠡᠯᠢᠭ ᠢ ᠬᠥᠮᠥᠵᠢᠭᠦᠯᠥᠨ᠂ ᠵᠢᠱᠢᠶ᠎ᠡ ᠥᠵᠡᠭᠦᠯᠥᠨ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ ᠠᠶᠤᠯ ᠥᠬᠡᠢ ᠥᠢᠯᠡᠳᠪᠥᠷᠢᠯᠡᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢᠨ ᠪᠥᠲᠥᠮᠵᠢᠲᠡᠢ ᠥᠷᠨᠢᠭᠦᠯᠬᠦ ᠶᠢ ᠲᠥᠯᠬᠢᠨ ᠠᠬᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map