ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2017/7/20
                      ᠥᠪᠥᠷ ᠵᠠᠰᠠᠭ ᠲᠠᠷᠬᠠᠭᠠᠭᠰᠠᠨ ﹇2017﹈ 9 ᠳ᠋ᠤᠭᠡᠷ                                1 ᠳ᠋ᠤᠭᠡᠷ ᠰᠠᠷ᠎ᠠ ᠶᠢᠨ 12᠎ ᠤᠨ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠶᠢ ᠲᠦᠷᠭᠡᠳᠭᠡᠨ ᠠᠬᠢᠭᠤᠯᠵᠤ᠂ ᠪᠦᠬᠦ ᠣᠷᠣᠨ ᠤ ᠭᠠᠶᠢᠯᠢ ᠲᠠᠲᠠᠪᠤᠷᠢᠯᠠᠵᠤ ᠬᠠᠮᠢᠶᠠᠷᠬᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠶᠢᠯᠢ ᠶᠢᠨ ᠬᠠᠤᠯᠢ ᠶᠢ ᠵᠢᠷᠤᠮᠯᠡᠨ ᠲᠠᠭᠠᠬᠤ ᠶᠢ ᠠᠬᠢᠭᠤᠯᠤᠨ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠪᠠ ᠬᠦᠷᠲᠡᠭᠡᠮᠵᠢᠲᠦ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠤᠨ᠂ ᠡᠳᠦᠭᠡ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠣᠬᠠᠢ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠬᠠᠤᠯᠢ ᠪᠠᠷ ᠵᠠᠰᠠᠬᠤ ᠪᠠᠷ ᠬᠦᠲᠦᠯᠦᠨ ᠳᠠᠭᠠᠭᠤᠯᠬᠤ ᠪᠠ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠲᠤᠰ ᠲᠤᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠦᠢᠯᠡᠴᠢᠯᠡᠭᠡ ᠶᠢ ᠭᠦᠨᠴᠡ ᠠᠭᠤᠰᠤᠯᠴᠠᠭᠤᠯᠬᠤ᠂ ᠬᠠᠤᠯᠢ ᠬᠡᠷᠡᠭᠵᠢᠭᠦᠯᠦᠯᠲᠡ ᠶᠢ ᠵᠣᠬᠢᠰᠲᠠᠢ ᠪᠠᠷ ᠡᠮᠬᠢᠯᠡᠨ ᠨᠡᠶᠢᠯᠡᠭᠦᠯᠬᠦ᠂ ᠮᠡᠳᠡᠭᠡ ᠵᠠᠩᠭᠢ ᠶᠢ ᠳᠡᠭᠡᠳᠦ ᠬᠡᠮᠵᠢᠶ᠎ᠡ ᠪᠠᠷ ᠪᠦᠭᠡᠭᠡᠨᠡᠷᠡᠭᠦᠯᠦᠨ ᠨᠡᠶᠢᠯᠡᠭᠦᠯᠬᠦ ᠶᠢ ᠠᠬᠢᠭᠤᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠣᠯᠣᠨ ᠭᠦᠨ ᠳᠠᠪᠬᠤᠷᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠪᠠ ᠲᠠᠲᠠᠪᠤᠷᠢᠯᠠᠵᠤ ᠬᠠᠮᠢᠶᠠᠷᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠤᠨ᠂ ᠤᠯᠤᠰ ᠤᠨ ᠵᠠᠰᠠᠯᠲᠠ ᠳᠠᠬᠢ ᠭᠠᠶᠢᠯᠢ ᠲᠠᠲᠠᠪᠤᠷᠢ ᠶᠢᠨ ᠰᠠᠭᠤᠷᠢ ᠶᠢᠨ ᠴᠢᠨᠠᠷᠲᠠᠢ᠂ ᠲᠤᠯᠭᠠᠭᠤᠷᠢ ᠶᠢᠨ ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃      ᠬᠤᠶᠠᠷ᠂ ᠦᠨᠳᠦᠰᠦᠨ ᠵᠠᠷᠴᠢᠮ      — ᠬᠠᠤᠯᠢ ᠶᠤᠰᠤᠨ ᠤ ᠪᠠ ᠳᠦᠷᠢᠮ ᠲᠣᠭᠲᠠᠭᠠᠯ ᠳᠤ ᠨᠡᠶᠢᠴᠡᠭᠦᠯᠬᠦ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠦᠯᠦᠭᠰᠡᠨ ᠤᠷᠢᠳᠠᠯ ᠳᠣᠣᠷ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠳᠡᠰ ᠳᠠᠷᠠᠭᠠᠯᠠᠯ ᠢ ᠬᠠᠮᠲᠤᠪᠠᠷ ᠵᠢᠷᠦᠮᠯᠡᠨ᠂ ᠭᠠᠶᠢᠯᠢ ᠶᠢᠨ ᠬᠠᠤᠯᠢ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠵᠤ᠂ ᠬᠠᠤᠯᠢ ᠶᠤᠰᠤᠭᠠᠷ ᠭᠠᠶᠢᠯᠢ ᠲᠠᠲᠠᠪᠤᠷᠢ ᠶᠢ ᠵᠠᠰᠠᠬᠤ ᠶᠢ ᠠᠬᠢᠭᠤᠯᠤᠨ᠎ᠠ᠃      — ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠳᠠᠮᠵᠢᠨ᠂ ᠭᠠᠶᠢᠯᠢ ᠲᠠᠲᠠᠪᠤᠷᠢ ᠶᠢᠨ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠶᠢᠨ ᠦᠢᠯᠡᠴᠢᠯᠡᠭᠡ᠂ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      — ᠤᠯᠠᠨ ᠲᠠᠯ᠎ᠠ ᠪᠠᠷ ᠬᠠᠮᠲᠤ ᠳᠠᠭᠠᠨ ᠣᠯᠵᠠ ᠬᠦᠷᠲᠡᠬᠦ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠬᠤᠶᠠᠷ ᠲᠠᠯ᠎ᠠ ᠶᠢᠨ ᠪᠤᠲᠠᠲᠠᠢ ᠲᠣᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠ ᠭᠠᠶᠢᠯᠢ ᠲᠤᠰᠢᠶᠠᠭᠴᠢ ᠶᠢᠨ ᠵᠦᠢ ᠶᠤᠰᠤᠨ ᠤ ᠦᠢᠯᠡᠴᠢᠯᠡᠭᠡ ᠶᠢᠨ ᠬᠡᠷᠡᠭᠴᠡᠭᠡ ᠪᠠᠷ ᠰᠠᠭᠤᠷᠢ ᠪᠣᠯᠭᠠᠵᠤ᠂ ᠣᠯᠠᠨ ᠲᠡᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠤᠶᠠᠯᠳᠤᠯ ᠢ ᠵᠥᠪ ᠤᠨᠤᠪᠴᠢᠲᠠᠢ ᠡᠵᠡᠮᠳᠡᠨ᠂ ᠬᠠᠮᠲᠤᠷᠠᠯᠴᠠᠬᠤ ᠬᠦᠷᠢᠶ᠎ᠡ ᠶᠢ ᠲᠤᠳᠤᠷᠬᠠᠶᠢᠯᠠᠵᠤ᠂ ᠬᠠᠮᠲᠤᠷᠠᠯᠴᠠᠬᠤ ᠬᠦᠷᠢᠶ᠎ᠡ ᠴᠠᠷᠠᠭ᠎ᠠ ᠶᠢ ᠦᠷᠭᠡᠳᠭᠡᠨ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠪᠠ ᠭᠠᠶᠢᠯᠢ ᠲᠤᠰᠢᠶᠠᠭᠴᠢ ᠶᠢᠨ ᠣᠯᠠᠨ ᠲᠠᠯ᠎ᠠ ᠪᠠᠷ ᠬᠠᠮᠲᠤ ᠳᠠᠭᠠᠨ ᠣᠯᠵᠠ ᠬᠦᠷᠲᠡᠬᠦ ᠶᠢ ᠪᠡᠶᠡᠯᠡᠭᠦᠯᠦᠨ᠎ᠡ᠃      — ᠲᠤᠭᠲᠠᠭᠤᠨ ᠪᠠᠶᠢᠯᠭᠠᠬᠤ ᠮᠦᠷᠲᠡᠭᠡᠨ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠪᠠ ᠣᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠢ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠬᠠᠮᠲᠤᠷᠠᠯᠴᠠᠭ᠎ᠠ ᠶᠢᠨ ᠠᠷᠭ᠎ᠠ ᠮᠠᠶ᠋ᠢᠭ ᠢ ᠦᠨᠡᠨ ᠢ ᠪᠠᠷᠢᠮᠲᠠᠯᠠᠨ ᠲᠤᠳᠤᠷᠬᠠᠶᠢᠯᠠᠵᠤ᠂ ᠬᠠᠮᠲᠤᠷᠠᠯᠴᠠᠭ᠎ᠠ ᠶᠢᠨ ᠠᠬᠢᠴᠠ ᠶᠢ ᠯᠠᠪᠳᠠᠭᠤᠨ ᠪᠠᠲᠤᠲᠠᠢ ᠪᠠᠷ ᠠᠬᠢᠭᠤᠯᠤᠨ᠂ ᠬᠤᠶᠠᠷ ᠡᠲᠡᠭᠡᠳ ᠤᠨ ᠬᠠᠮᠲᠤᠷᠠᠯᠴᠠᠭ᠎ᠠ ᠶᠢᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃      — ᠰᠢᠨ᠎ᠡ ᠶᠢ ᠡᠭᠦᠳᠬᠦ ᠶᠢ ᠵᠣᠷᠢᠬᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠪᠠ ᠣᠷᠣᠨ ᠨᠣᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠲᠣᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠰᠦᠪᠡᠭᠴᠢᠯᠡᠨ ᠬᠡᠷᠡᠭᠯᠡᠵᠦ᠂ ᠬᠠᠮᠲᠤᠷᠠᠯᠴᠠᠭ᠎ᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠬᠠᠮᠲᠤᠷᠠᠯᠴᠠᠬᠤ ᠠᠭᠤᠯᠭ᠎ᠠ ᠶᠢ ᠭᠦᠨᠵᠡᠭᠡᠶᠢᠷᠡᠭᠦᠯᠵᠦ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠤᠨ᠎ᠠ᠃      ᠭᠤᠷᠪᠠ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ      ︵ᠨᠢᠭᠡ︶ ᠦᠢᠯᠡᠴᠢᠯᠡᠭᠡ ᠶᠢᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠭᠢᠮ ᠢ ᠬᠠᠮᠲᠤᠪᠠᠷ ᠪᠠᠶᠢᠭᠤᠯᠬᠤ᠂ ᠬᠠᠷᠢᠯᠴᠠᠨ ᠴᠤᠩᠬᠤᠪᠴᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠲᠥᠪ ᠲᠤ ᠬᠠᠮᠲᠤᠪᠠᠷ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠨ ᠭᠠᠶᠢᠯᠢ ᠭᠦᠢᠴᠡᠳᠭᠡᠬᠦ ᠶᠢ ᠪᠡᠶᠡᠯᠡᠭᠦᠯᠦᠨ᠎ᠡ᠃ ︽ᠨᠢᠭᠡ ᠴᠤᠩᠬᠤᠪᠴᠢ ᠳᠤ ᠨᠢᠭᠡ ᠬᠦᠮᠦᠨ ᠨᠢᠭᠡ ᠮᠠᠰᠢᠨ ᠬᠤᠣᠰ ᠰᠢᠰᠲ᠋ᠧᠮ︾᠎ ᠲᠠᠢ ᠪᠠᠶᠢᠢᠬᠤ ᠶᠢ ᠶᠡᠬᠡᠪᠡᠷ ᠬᠡᠷᠡᠭᠵᠢᠭᠦᠯᠵᠦ᠂ ᠤᠯᠤᠰ ᠪᠠ ᠣᠷᠤᠨ ᠨᠤᠲᠤᠭ ᠤᠨ ᠭᠠᠶᠢᠯᠢ ᠶᠢᠨ ᠲᠣᠬᠠᠶᠢᠯᠠᠭᠰᠠᠨ ᠠᠵᠢᠯ ᠢ ᠨᠢᠭᠡ ᠴᠤᠩᠬᠤᠪᠴᠢ ᠪᠠᠷ ᠪᠦᠬᠦᠨ ᠢ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ᠃ ᠭᠠᠶᠢᠯᠢ ᠲᠤᠰᠢᠶᠠᠭᠴᠢ ᠶᠢ ᠢᠳᠡᠪᠬᠢᠲᠡᠢ ᠬᠦᠲᠦᠯᠦᠨ ᠵᠢᠯᠤᠭᠤᠳᠴᠤ ᠪᠠᠶᠢᠭᠠᠳ ᠤᠯᠤᠰ ᠪᠠ ᠣᠷᠤᠨ ᠨᠤᠲᠤᠭ ᠤᠨ ᠭᠠᠶᠢᠯᠢ ᠶᠢᠨ ᠰᠦᠯᠵᠢᠶ᠎ᠡ ᠪᠠᠷ ᠭᠠᠶᠢᠯᠢ ᠭᠦᠢᠴᠡᠳᠭᠡᠬᠦ ᠬᠠᠮᠲᠤᠷᠠᠭᠰᠠᠨ ᠦᠢᠯᠡᠴᠢᠯᠡᠭᠡᠨ ᠤ ᠲᠢᠩᠭᠢᠮ ᠢ ᠬᠡᠷᠡᠭᠯᠡᠭᠦᠯᠵᠦ᠂ ᠪᠤᠳᠠᠳᠤ ᠴᠤᠭᠴᠠ ᠪᠠ ᠲᠣᠣᠷ ᠰᠦᠯᠵᠢᠶ᠎ᠡ ᠵᠡᠷᠭᠡᠪᠡᠷ ᠠᠵᠢᠯᠯᠠᠬᠤ ᠶᠢ ᠪᠡᠶᠡᠯᠡᠭᠦᠯᠦᠨ᠎ᠡ᠃ ᠭᠠᠶᠢᠯᠢ ᠲᠤᠰᠢᠶᠠᠭᠴᠢᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠤᠯᠤᠰ ᠪᠠ ᠣᠷᠤᠨ ᠨᠤᠲᠤᠭ ᠤᠨ ᠭᠠᠶᠢᠯᠢ ᠶᠢᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠭᠢᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠭᠠᠶᠢᠯᠢ ᠲᠤᠰᠢᠶᠠᠭᠴᠢᠳ ᠲᠤ ᠵᠢᠷᠤᠮᠵᠢᠯ ᠲᠠᠢ ᠪᠦᠭᠡᠳ ᠦᠨᠳᠦᠷ ᠪᠦᠲᠦᠮᠵᠢᠲᠡᠢ ᠰᠢᠯᠢᠳᠡᠭ ᠦᠢᠯᠡᠴᠢᠯᠡᠭᠡ ᠶᠢ ᠨᠢᠭᠡᠲᠦᠯᠲᠡᠢ ᠪᠠᠷ ᠬᠠᠩᠭᠠᠨ᠎ᠠ᠃ ᠰᠢᠯᠵᠢᠮᠡᠯ ᠡᠯᠧᠺᠲᠷᠣᠨ ᠢᠶᠠᠷ ᠭᠠᠶᠢᠯᠢ ᠭᠦᠢᠴᠡᠳᠭᠡᠬᠦ ᠶᠢ ᠲᠦᠷᠭᠡᠳᠭᠡᠨ ᠳᠡᠯᠭᠡᠷᠡᠭᠦᠯᠦᠨ ᠬᠡᠷᠡᠭᠯᠡᠵᠦ᠂ ᠭᠠᠶᠢᠯᠢ ᠲᠤᠰᠢᠶᠠᠭᠴᠢᠳ ᠤᠨ ᠭᠠᠶᠢᠯᠢ ᠭᠦᠢᠴᠡᠳᠭᠡᠬᠦ ᠳᠤ ᠳᠦᠭᠦᠮ ᠳᠦᠳᠡ ᠦᠢᠯᠡᠴᠢᠯᠡᠭᠡ ᠬᠠᠩᠭᠠᠨ᠎ᠠ᠃ ᠲᠤᠮᠤ ᠠᠵᠤ ᠠᠬᠤᠶᠢᠯᠠᠯ ᠳᠤ ᠭᠠᠶᠢᠯᠢ ᠲᠤᠰᠢᠶᠠᠬᠤ ᠦᠪᠡᠷᠮᠢᠴᠡ ᠣᠨᠴᠠᠯᠢᠭᠲᠤ ᠦᠢᠯᠡᠴᠢᠯᠡᠭᠡ ᠶᠢ ᠬᠠᠮᠲᠤᠷᠠᠨ ᠬᠠᠩᠭᠠᠵᠤ᠂ ︽ᠭᠠᠷᠴᠤ ᠶᠠᠪᠤᠭᠰᠠᠨ︾ ᠭᠠᠶᠢᠯᠢ ᠲᠤᠰᠢᠶᠠᠭᠴᠢᠳ ᠲᠤ ᠢᠳᠡᠪᠬᠢᠲᠡᠢ ᠦᠢᠯᠡᠴᠢᠯᠡᠬᠦ ᠬᠡᠷᠡᠭᠲᠡᠢ᠃ ᠭᠠᠶᠢᠯᠢ ᠲᠤᠰᠢᠶᠠᠭᠴᠢᠳ ᠲᠤ ᠤᠬᠠᠭᠤᠯᠭ᠎ᠠ ᠪᠣᠯᠪᠠᠰᠤᠷᠠᠭᠤᠯᠤᠯ᠂ ᠭᠠᠶᠢᠯᠢ ᠲᠤᠰᠢᠶᠠᠬᠤ ᠢᠳᠡᠭᠡᠮᠵᠢ ᠶᠢ ᠦᠨᠡᠯᠡᠬᠦ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠵᠡᠷᠭᠡ ᠶᠢ ᠬᠠᠮᠲᠤᠷᠠᠨ ᠦᠷᠨᠢᠭᠦᠯᠵᠦ᠂ ︽ᠪᠠᠩᠭᠢ ᠪᠣᠯᠣᠨ ᠭᠠᠶᠢᠯᠢ ᠶᠢᠨ ᠶᠠᠪᠤᠳᠠᠯ ᠤᠨ ᠬᠠᠷᠢᠯᠴᠠᠨ ᠬᠦᠳᠡᠯᠦᠯᠴᠡᠬᠦ︾᠎ ᠶᠢ ᠶᠡᠬᠡᠪᠡᠷ ᠠᠬᠢᠭᠤᠯᠤᠨ᠂ 12366 ᠠᠰᠠᠭᠤᠨ ᠯᠠᠪᠯᠠᠬᠤ ᠬᠠᠯᠠᠭᠤᠨ ᠤᠲᠠᠰᠤ ᠪᠠ ᠭᠠᠶᠢᠯᠢ ᠲᠤᠰᠢᠶᠠᠬᠤ ᠦᠢᠯᠡᠴᠢᠯᠡᠭᠡ ᠶᠢᠨ ᠲᠡᠪᠴᠡᠩ ᠢ ᠲᠦᠷᠭᠡᠳᠭᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠶᠢᠯᠢ ᠲᠤᠰᠢᠶᠠᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠭᠠᠶᠢᠯᠢ ᠲᠤᠰᠢᠶᠠᠭᠴᠢᠳ ᠲᠤ ᠨᠡᠩ ᠣᠯᠠᠨ ᠬᠦᠷᠲᠡᠭᠡᠮᠵᠢᠲᠦ ᠲᠦᠷᠦᠭᠳᠡᠯ ᠢ ᠬᠠᠮᠤᠭ ᠶᠡᠭᠡ ᠬᠡᠮᠵᠢᠶ᠎ᠡ ᠪᠠᠷ ᠣᠯᠭᠤᠬᠤ ᠬᠡᠷᠡᠭᠲᠡᠢ᠃      ︵ᠬᠤᠶᠠᠷ︶ ᠲᠠᠲᠠᠪᠤᠷᠢᠯᠠᠵᠤ ᠬᠠᠮᠢᠶᠠᠷᠬᠤ ᠨᠡᠶᠢᠯᠡᠮᠡᠯ ᠬᠦᠴᠦᠨ ᠢ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ ᠶᠢᠨ ᠲᠠᠲᠠᠪᠤᠷᠢᠯᠠᠵᠤ ᠬᠠᠮᠢᠶᠠᠷᠬᠤ ᠰᠠᠭᠤᠷᠢ ᠶᠢ ᠴᠢᠷᠮᠠᠶᠢᠨ ᠪᠠᠳᠤᠳᠬᠠᠵᠤ᠂ ᠳᠠᠩᠰᠠ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠶᠢ ᠬᠠᠮᠲᠤᠷᠠᠨ ᠭᠦᠢᠴᠡᠳᠭᠡᠵᠦ᠂ ᠭᠠᠶᠢᠯᠢ ᠲᠤᠰᠢᠶᠠᠭᠴᠢᠳ ᠯᠤᠭ᠎ᠠ ᠭᠠᠶᠢᠯᠢ ᠶᠢᠨ ᠵᠤᠭᠤᠰ ᠢ ᠨᠠᠶᠢᠳᠠᠯᠭ᠎ᠠ ᠪᠠᠷ ᠬᠤᠪᠢᠶᠠᠷᠢᠯᠠᠨ ᠲᠤᠰᠢᠶᠠᠬᠤ ᠵᠦᠪᠯᠡᠯᠴᠡᠭᠡᠷ ᠢ ᠬᠠᠮᠲᠤᠷᠠᠨ ᠲᠣᠭᠲᠠᠵᠤ᠂ ᠭᠠᠶᠢᠯᠢ ᠶᠢᠨ ᠵᠤᠭᠤᠰ ᠢ ᠬᠠᠮᠲᠤᠷᠠᠯᠴᠠᠨ ᠲᠠᠲᠠᠪᠤᠷᠢᠯᠠᠵᠤ᠂ ᠭᠠᠶᠢᠯᠢ ᠲᠠᠲᠠᠪᠤᠷᠢ ᠢᠳᠡᠭᠳᠡᠬᠦ ᠲᠥᠭᠰᠢᠭᠦᠷᠢ ᠶᠢ ᠬᠠᠮᠲᠤᠪᠠᠷ ᠰᠡᠷᠭᠡᠶᠢᠯᠡᠨ᠎ᠡ᠃ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠲᠠᠲᠠᠪᠤᠷᠢᠯᠠᠬᠤ ᠵᠢᠴᠢ ᠬᠠᠷᠠᠭᠠᠯᠵᠠᠯ ᠤᠨ ᠵᠦᠢᠯᠡᠰ ᠢ ᠪᠦᠷᠢᠳᠭᠡᠨ ᠳᠠᠩᠰᠠᠯᠠᠬᠤ ᠬᠠᠮᠢᠶᠠᠷᠤᠯᠲᠠ ᠶᠢ ᠬᠠᠮᠲᠤᠷᠠᠨ ᠬᠢᠨᠠᠨ ᠲᠣᠭᠲᠠᠭᠠᠵᠤ᠂ ᠬᠤᠪᠢ ᠶᠢᠨ ᠲᠣᠭᠲᠠᠭᠰᠠᠨ ᠨᠤᠷᠮ᠎ᠠ ᠶᠢ ᠬᠢᠨᠠᠨ ᠲᠣᠭᠲᠠᠭᠠᠬᠤ᠂ ᠬᠡᠪ ᠤᠨ ᠪᠤᠰᠤ ᠡᠷᠦᠬᠡ ᠶᠢᠨ ᠬᠠᠮᠢᠶᠠᠷᠤᠯᠲᠠ ᠪᠠ ᠦᠷᠢᠲᠦᠭᠰᠡᠨ ᠭᠠᠶᠢᠯᠢ ᠶᠢᠨ ᠬᠠᠮᠢᠶᠠᠷᠤᠯᠲᠠ ᠶᠢ ᠬᠠᠮᠵᠢᠯᠴᠠᠨ ᠦᠷᠨᠢᠭᠦᠯᠵᠦ᠂ ᠪᠠᠷᠢᠯᠭ᠎ᠠ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠳᠠᠭᠰᠢ ᠭᠠᠷᠴᠤ ᠡᠵᠡᠩᠨᠡᠯᠲᠡ ᠬᠢᠭᠰᠡᠨ ᠭᠠᠶᠢᠯᠢ ᠶᠢ ᠬᠠᠮᠲᠤᠪᠠᠷ ᠬᠠᠮᠢᠶᠠᠷᠤᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠭᠠᠶᠢᠯᠢ ᠶᠢ ᠨᠢᠭᠡ ᠴᠤᠭᠴᠠᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠲᠠᠲᠠᠪᠤᠷᠢᠯᠠᠬᠤ ᠠᠴᠠ ᠬᠤᠴᠤᠷᠤᠭᠤᠯᠬᠤ ᠪᠠ ᠬᠠᠮᠢᠶᠠᠷᠬᠤ ᠠᠴᠠ ᠭᠤᠭᠤᠵᠢᠭᠤᠯᠬᠤ ᠶᠢ ᠬᠠᠮᠤᠭ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠤᠳ ᠢᠯᠠᠩᠭᠤᠶ᠎ᠠ ᠲᠤᠮᠤ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠲᠥᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠲᠥᠭᠰᠢᠭᠦᠷᠢ ᠶᠢᠨ ᠬᠠᠮᠢᠶᠠᠷᠤᠯᠲᠠ ᠶᠢᠨ ᠲᠦᠯᠦᠪᠯᠡᠭᠡ ᠶᠢ ᠬᠠᠮᠵᠢᠯᠴᠠᠨ ᠲᠣᠭᠲᠠᠭᠠᠵᠤ᠂ ᠲᠥᠭᠰᠢᠭᠦᠷᠢ ᠶᠢ ᠬᠠᠮᠲᠤᠪᠠᠷ ᠠᠷᠭᠠᠴᠠᠬᠤ ᠬᠡᠷᠡᠭᠲᠡᠢ᠃ ᠣᠷᠣᠨ ᠪᠦᠰᠡ ᠠᠯᠤᠰᠯᠠᠭᠰᠠᠨ ᠭᠠᠶᠢᠯᠢ ᠲᠠᠲᠠᠪᠤᠷᠢ ᠶᠢᠨ ᠬᠠᠮᠵᠢᠯᠴᠠᠭ᠎ᠠ ᠶᠢ ᠬᠠᠮᠲᠤᠷᠠᠨ ᠦᠷᠨᠢᠭᠦᠯᠵᠦ᠂ ᠲᠠᠲᠠᠪᠤᠷᠢᠯᠠᠵᠤ ᠬᠠᠮᠢᠶᠠᠷᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠲᠠᠪᠤᠷᠢᠯᠠᠬᠤ ᠪᠠ ᠲᠤᠰᠢᠶᠠᠬᠤ ᠦᠪᠡᠷ ᠤᠨ ᠥᠷᠲᠡᠭ ᠢ ᠪᠠᠭᠤᠷᠠᠭᠤᠯᠤᠨ᠎ᠠ᠃ ᠣᠯᠠᠨ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠬᠠᠮᠲᠤᠷᠠᠨ ᠦᠷᠨᠢᠭᠦᠯᠵᠦ᠂ ᠰᠠᠭᠤᠭᠠᠯᠢ ᠠᠷᠠᠳ ᠤᠨ ᠪᠤᠰᠤ ᠭᠠᠶᠢᠯᠢ ᠲᠤᠰᠢᠶᠠᠭᠴᠢ ᠶᠢᠨ ᠬᠢᠯᠢ ᠶᠢᠨ ᠲᠤᠳᠤᠷᠠᠬᠢ ᠪᠠᠶᠢᠩᠭᠤ ᠶᠢᠨ ᠪᠠᠶᠢᠭᠤᠯᠤᠮᠵᠢ ᠶᠢᠨ ᠬᠠᠮᠢᠶᠠᠷᠤᠯᠲᠠ᠂ ᠡᠬᠢ ᠰᠤᠷᠪᠤᠯᠵᠢ ᠠᠴᠠ ᠨᠢ ᠰᠠᠭᠤᠳᠬᠠᠨ ᠲᠤᠰᠢᠶᠠᠯᠭᠠᠬᠤ ᠬᠠᠮᠢᠶᠠᠷᠤᠯᠲᠠ ᠶᠢ ᠬᠠᠮᠵᠢᠯᠴᠠᠨ ᠰᠠᠶᠢᠲᠤᠷ ᠬᠢᠵᠦ᠂ ᠭᠠᠳᠠᠭᠠᠲᠤ ᠳᠤ ᠵᠠᠷᠤᠴᠠᠭᠤᠯᠬᠤ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢ ᠬᠠᠮᠵᠢᠯᠴᠠᠨ ᠰᠠᠶᠢᠲᠤᠷ ᠬᠢᠵᠦ᠂ ᠭᠠᠶᠢᠯᠢ ᠠᠴᠠ ᠵᠠᠶᠢᠯᠠᠰᠬᠢᠬᠦ ᠶᠢ ᠡᠰᠡᠷᠭᠦᠴᠡᠬᠦ ᠪᠠᠶᠢᠴᠠᠭᠠᠯᠲᠠ ᠶᠢ ᠢᠳᠡᠪᠬᠢᠲᠡᠢ ᠦᠷᠨᠢᠭᠦᠯᠦᠨ᠎ᠡ᠃      ︵ᠭᠤᠷᠪᠠ︶ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠲᠣᠷᠰᠢᠯᠭ᠎ᠠ ᠪᠠᠷ ᠬᠠᠷᠢᠯᠴᠠᠨ ᠲᠤᠯᠢ ᠪᠣᠯᠭᠠᠨ᠎ᠠ᠃ ᠤᠯᠤᠰ ᠤᠨ ᠭᠠᠶᠢᠯᠢ᠂ ᠣᠷᠣᠨ ᠨᠣᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠲᠣᠷᠰᠢᠯᠭ᠎ᠠ ᠪᠠᠷ ᠬᠠᠷᠢᠯᠴᠠᠨ ᠲᠤᠯᠢ ᠪᠣᠯᠭᠠᠬᠤ ᠤᠷᠲᠤ ᠬᠤᠭᠤᠴᠠᠭ᠎ᠠ ᠬᠦᠴᠦᠨ ᠲᠠᠢ ᠲᠣᠭᠲᠠᠴᠠ ᠶᠢ ᠪᠠᠶᠢᠭᠤᠯᠵᠤ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠤᠨ᠂ ᠦᠷ᠎ᠡ ᠪᠦᠲᠦᠭᠡᠯ ᠤᠨ ᠲᠣᠷᠰᠢᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠵᠦ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠡᠯᠡᠬᠦ ᠪᠠ ᠰᠤᠳᠤᠯᠤᠨ ᠰᠢᠢᠳᠪᠦᠷᠢᠯᠡᠬᠦ ᠬᠡᠷᠡᠭᠲᠡᠢ᠃ ᠠᠵᠢᠯᠲᠠᠨ ᠬᠠᠷᠢᠯᠴᠠᠨ ᠲᠣᠮᠢᠯᠠᠨ ᠲᠣᠬᠠᠢ ᠶᠢᠨ ᠭᠠᠵᠠᠷ ᠤᠨ ᠵᠢᠯᠣᠭᠤᠳᠤᠯᠭ᠎ᠠ᠂ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠬᠦ ᠪᠠ ᠰᠤᠳᠤᠯᠬᠤ ᠳᠤᠭᠤᠶᠢᠯᠠᠩ ᠢ ᠬᠠᠮᠲᠤᠪᠠᠷ ᠪᠠᠶᠢᠭᠤᠯᠵᠤ ᠬᠠᠮᠲᠤᠷᠠᠨ ᠪᠤᠭᠤᠮᠲᠠ ᠰᠢᠪᠲᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠠᠮᠢᠶᠠᠷᠤᠯᠲᠠ ᠶᠢᠨ ᠲᠣᠷᠰᠢᠯᠭ᠎ᠠ ᠪᠠᠨ ᠬᠠᠷᠢᠯᠴᠠᠨ ᠬᠦᠷᠲᠡᠬᠦ ᠪᠠ ᠲᠣᠯᠢ ᠪᠣᠯᠭᠠᠵᠤ᠂ ᠬᠤᠶᠠᠷ ᠡᠲᠡᠭᠡᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃      ︵ᠳᠥᠷᠪᠡ︶ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢᠨ ᠡᠭᠦᠷᠭᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢᠨ ᠡᠭᠦᠷᠭᠡ ᠶᠢᠨ ᠱᠠᠭᠠᠷᠳᠠᠯᠭ᠎ᠠ ᠶᠤᠰᠤᠭᠠᠷ᠂ ᠬᠡᠷᠡᠭᠵᠢᠭᠦᠯᠬᠦ ᠲᠦᠰᠦᠯ ᠢ ᠬᠠᠮᠲᠤᠪᠠᠷ ᠲᠣᠭᠲᠠᠭᠠᠵᠤ᠂ ᠨᠢᠭᠡᠲᠦᠯᠲᠡᠢ ᠪᠠᠶᠢᠷᠢᠯᠠᠭᠤᠯᠤᠨ᠂ ᠨᠡᠪᠲᠡᠷᠡᠯᠴᠡᠬᠦ ᠪᠠᠨ ᠴᠢᠩᠭᠠᠳᠬᠠᠵᠤ᠂ ᠪᠦᠲᠦᠮᠵᠢᠲᠡᠢ ᠵᠤᠯᠭᠠᠭᠤᠯᠤᠨ᠂ ︽ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ︾ ᠪᠠ ᠡᠬᠢ ᠪᠠᠶᠠᠯᠢᠭ ᠤᠨ ᠭᠠᠶᠢᠯᠢ ᠶᠢ ᠦᠭᠡᠷᠡᠴᠢᠯᠡᠭᠰᠡᠨ ᠤ ᠳᠠᠷᠠᠭᠠᠬᠢ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠦᠢᠯᠡᠴᠢᠯᠡᠭᠡ ᠶᠢᠨ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢᠨ ᠬᠠᠮᠢᠶ᠎ᠠ ᠪᠦᠬᠦᠢ ᠡᠭᠦᠷᠭᠡ ᠶᠢ ᠰᠠᠶᠢᠲᠤᠷ ᠬᠠᠮᠵᠢᠯᠴᠠᠨ ᠨᠠᠶᠢᠳᠠᠪᠤᠷᠢᠵᠢᠭᠤᠯᠵᠤ᠂ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠲᠠᠪᠤ︶ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ︽ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠮᠲᠤᠷᠠᠨ ᠮᠦᠷᠳᠡᠵᠦ ᠪᠠᠶᠢᠴᠠᠭᠠᠬᠤ ᠠᠵᠢᠯ ᠤᠨ ᠠᠷᠭ᠎ᠠ ︵ᠲᠣᠷᠰᠢᠨ ᠬᠡᠷᠡᠭᠵᠢᠭᠦᠯᠬᠦ︶︾᠎ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠲᠤᠷᠠᠨ ᠮᠦᠷᠳᠡᠵᠦ ᠪᠠᠶᠢᠴᠠᠭᠠᠬᠤ ᠶᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠮᠦᠷᠳᠡᠨ ᠪᠠᠶᠢᠴᠠᠭᠠᠬᠤ ᠠᠵᠢᠯ ᠤᠨ ᠲᠠᠯ᠎ᠠ ᠶᠢᠨ ᠱᠠᠭᠠᠷᠳᠠᠯᠭ᠎ᠠ ᠶᠤᠰᠤᠭᠠᠷ᠂ ᠮᠦᠷᠳᠡᠨ ᠪᠠᠶᠢᠴᠠᠭᠠᠬᠤ ᠡᠲᠡᠭᠡᠳ ᠢᠶᠠᠨ ᠬᠠᠮᠲᠤᠷᠠᠨ ᠲᠣᠭᠲᠠᠭᠠᠬᠤ ᠶᠢᠨ ᠬᠠᠮᠲᠤ ᠪᠠᠶᠢᠴᠠᠭᠠᠯᠲᠠ ᠬᠢᠵᠦ᠂ ᠬᠡᠷᠡᠭ ᠤᠨ ᠰᠢᠭᠦᠨ ᠰᠢᠢᠳᠪᠦᠷᠢᠯᠡᠬᠦ ᠪᠠ ᠬᠡᠷᠡᠭ ᠤᠨ ᠰᠢᠭᠦᠨ ᠭᠦᠢᠴᠡᠳᠭᠡᠬᠦ ᠶᠢ ᠬᠠᠮᠵᠢᠯᠴᠠᠨ ᠶᠠᠪᠤᠭᠳᠠᠭᠤᠯᠵᠤ᠂ ᠫᠢᠶᠤᠤ ᠪᠠᠷᠢᠮᠲᠠ ᠶᠢᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦ ᠬᠡᠷᠡᠭᠲᠡᠢ᠃ ᠭᠠᠶᠢᠯᠢ ᠲᠠᠲᠠᠪᠤᠷᠢ ᠶᠢᠨ ᠬᠠᠤᠯᠢ ᠠᠴᠠ ᠵᠦᠷᠢᠴᠡᠭᠰᠡᠨ ︽ᠬᠠᠷ᠎ᠠ ᠳᠠᠩᠰᠠ︾᠎ ᠶᠢ ᠬᠠᠮᠵᠢᠯᠴᠠᠨ ᠨᠡᠶᠢᠲᠡᠯᠡᠬᠦ ᠶᠢᠨ ᠬᠠᠮᠲᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠭᠠᠶᠢᠯᠢ ᠶᠢᠨ ᠴᠠᠭᠳᠠᠭ᠎ᠠ ᠶᠢᠨ ᠬᠠᠷᠢᠯᠴᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠶᠢᠯᠢ ᠳᠤ ᠬᠤᠯᠪᠣᠭᠳᠠᠬᠤ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠬᠠᠮᠲᠤᠪᠠᠷ ᠰᠡᠷᠭᠡᠶᠢᠯᠡᠬᠦ ᠪᠠ ᠴᠤᠬᠢᠯᠲᠠ ᠥᠭᠭᠦᠨ᠎ᠡ᠃ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠰᠢᠳᠭᠡᠯ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠨᠢᠭᠡᠳᠭᠡᠬᠦ ᠬᠡᠷᠡᠭᠲᠡᠢ᠃ ᠭᠠᠶᠢᠯᠢ ᠲᠠᠲᠠᠪᠤᠷᠢ ᠶᠢᠨ ᠪᠠᠶᠢᠴᠠᠭᠠᠯᠲᠠ ᠪᠠ ᠭᠠᠶᠢᠯᠢ ᠲᠠᠲᠠᠪᠤᠷᠢ ᠶᠢᠨ ᠵᠠᠳᠠᠯᠤᠯᠲᠠ ᠶᠢ ᠬᠠᠮᠲᠤᠷᠠᠨ ᠦᠷᠨᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃      ︵ᠵᠢᠷᠭᠤᠭ᠎ᠠ︶ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠥᠷᠭᠡᠳᠭᠡᠨ᠎ᠡ᠃ ︽ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠬᠠᠮᠲᠤᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠎ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠭᠴᠢ ᠶᠢᠨ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠨᠢᠭᠡ ᠤᠳᠠᠭ᠎ᠠ ᠳᠤ ᠴᠤᠭᠯᠠᠭᠤᠯᠵᠤ᠂ ᠬᠤᠶᠠᠷ ᠲᠠᠯ᠎ᠠ ᠪᠠᠷ ᠨᠡᠶᠢᠳᠡᠮ ᠬᠡᠷᠡᠭᠯᠡᠬᠦ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠨᠡᠪᠲᠡᠷᠡᠯᠴᠡᠨ ᠬᠠᠮᠵᠢᠯᠴᠠᠬᠤ ᠪᠠᠨ ᠰᠠᠨᠠᠭᠠᠴᠢᠯᠠᠭ᠎ᠠ ᠲᠠᠢ ᠪᠠᠷ ᠴᠢᠩᠭᠠᠳᠬᠠᠵᠤ᠂ ᠭᠤᠷᠪᠠᠳᠠᠬᠢ ᠡᠲᠡᠭᠡᠳ ᠤᠨ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢᠨ ᠢᠷᠡᠯᠲᠡ ᠶᠢ ᠣᠯᠠᠨ ᠵᠠᠮ ᠮᠥᠷ ᠣᠯᠠᠨ ᠠᠷᠭ᠎ᠠ ᠮᠠᠶ᠋ᠢᠭ ᠢᠶᠠᠷ ᠥᠷᠭᠡᠳᠭᠡᠨ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠷᠠᠨ ᠴᠤᠭᠯᠠᠭᠤᠯᠵᠤ ᠬᠡᠷᠡᠭᠯᠡᠬᠦ᠂ ᠬᠠᠮᠲᠤᠷᠠᠨ ᠭᠠᠳᠠᠭᠰᠢ ᠨᠡᠶᠢᠲᠡᠯᠡᠬᠦ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠤᠳᠤᠭᠠᠲᠤ ᠶᠢᠨ ᠲᠤᠭ᠎ᠠ ᠪᠠᠷᠢᠮᠲᠠ ᠪᠠᠨ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠬᠦ ᠡᠷᠴᠢᠮ ᠢ ᠴᠢᠩᠭᠠᠷᠠᠭᠤᠯᠵᠤ᠂ ᠭᠠᠶᠢᠯᠢ ᠲᠠᠲᠠᠪᠤᠷᠢ ᠶᠢᠨ ᠲᠤᠮᠤ ᠳ᠋ᠡᠶᠢᠲ᠋ᠠ ᠶᠢᠨ ᠲᠡᠪᠴᠡᠩ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠥᠷᠳᠡᠭ ᠨᠡᠮᠡᠭᠳᠡᠯ ᠤᠨ ᠠᠰᠢᠭᠯᠠᠯᠲᠠ ᠶᠢ ᠥᠷᠭᠡᠵᠢᠭᠦᠯᠦᠨ᠂ ᠣᠯᠠᠨ ᠳᠡᠰ ᠳᠠᠪᠬᠤᠷᠭ᠎ᠠ᠂ ᠣᠯᠠᠨ ᠲᠠᠯ᠎ᠠ᠂ ᠣᠯᠠᠨ ᠬᠡᠮᠵᠢᠯᠲᠦ ᠶᠢᠨ ᠭᠠᠶᠢᠯᠢ ᠲᠠᠲᠠᠪᠤᠷᠢ ᠶᠢᠨ ᠵᠠᠳᠠᠯᠤᠯᠲᠠ ᠶᠢ ᠢᠳᠡᠪᠬᠢᠲᠡᠢ ᠦᠷᠨᠢᠭᠦᠯᠵᠦ᠂ ︽ᠲᠤᠭ᠎ᠠ ᠪᠠᠷᠢᠮᠲᠠ ᠪᠠᠷ ᠢᠯᠡᠳᠭᠡᠬᠦ᠂ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ︾ ᠭᠠᠶᠢᠯᠢ ᠲᠠᠲᠠᠪᠤᠷᠢ ᠶᠢᠨ ᠣᠳᠤᠬᠢᠴᠢᠯᠠᠭᠰᠠᠨ ᠵᠠᠰᠠᠯᠲᠠ ᠬᠢᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠭᠠᠶᠢᠯᠢ ᠲᠠᠲᠠᠪᠤᠷᠢ ᠶᠢᠨ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠡᠳ᠋ ᠤᠨ ᠵᠠᠰᠠᠭ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠳᠤ ᠴᠢᠬᠤᠯᠠ ᠦᠨᠳᠦᠰᠦ ᠪᠠᠷᠢᠮᠲᠠ ᠬᠠᠩᠭᠠᠬᠤ ᠬᠡᠷᠡᠭᠲᠡᠢ᠃      ︵ᠲᠤᠯᠤᠭ᠎ᠠ︶ ᠴᠢᠳᠠᠪᠤᠷᠢᠲᠠᠨ ᠤ ᠬᠠᠷᠢᠯᠴᠠᠨ ᠬᠦᠳᠡᠯᠦᠯᠴᠡᠬᠦ ᠪᠠ ᠰᠤᠶᠤᠯ ᠤᠨ ᠰᠤᠯᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠶᠢᠯᠢ᠂ ᠣᠷᠣᠨ ᠨᠣᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠨ ᠺᠠᠳ᠋ᠷᠴᠦᠳ ᠤᠨ ᠬᠦᠮᠦᠵᠢᠯ ᠪᠣᠯᠪᠠᠰᠤᠷᠠᠭᠤᠯᠤᠯ᠂ ᠭᠠᠶᠢᠯᠢ ᠲᠠᠲᠠᠪᠤᠷᠢ ᠶᠢᠨ ᠰᠤᠶᠤᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠰᠤᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠢᠳᠡᠪᠬᠢᠲᠡᠢ ᠦᠷᠨᠢᠭᠦᠯᠦᠨ᠎ᠡ᠃ ᠬᠠᠷᠢᠯᠴᠠᠨ ᠺᠠᠳ᠋ᠷ ᠲᠣᠮᠢᠯᠠᠵᠤ ᠲᠤᠰᠢᠶᠠᠯ ᠡᠭᠦᠷᠭᠡᠯᠡᠨ ᠰᠣᠯᠢᠯᠴᠠᠵᠤ᠂ ᠴᠢᠳᠠᠪᠤᠷᠢᠲᠠᠨ ᠤ ᠬᠠᠷᠢᠯᠴᠠᠨ ᠬᠦᠳᠡᠯᠦᠯᠴᠡᠬᠦ ᠪᠠ ᠲᠣᠷᠰᠢᠯᠭ᠎ᠠ ᠪᠠᠨ ᠬᠠᠮᠲᠤᠪᠠᠷ ᠬᠦᠷᠲᠡᠬᠦ ᠶᠢ ᠠᠬᠢᠭᠤᠯᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠡᠷᠳᠡᠮ ᠰᠢᠨᠵᠢᠯᠡᠭᠡᠨ ᠤ ᠠᠵᠢᠯ ᠢ ᠬᠠᠮᠵᠢᠯᠴᠠᠨ ᠦᠷᠨᠢᠭᠦᠯᠦᠨ᠎ᠡ᠃ ᠺᠠᠳ᠋ᠷᠴᠦᠳ ᠤᠨ ᠬᠦᠮᠦᠵᠢᠯ ᠪᠣᠯᠪᠠᠰᠤᠷᠠᠭᠤᠯᠤᠯ ᠢ ᠬᠠᠮᠲᠤᠪᠠᠷ ᠦᠷᠨᠢᠭᠦᠯᠵᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠨ ᠰᠠᠶᠢᠲᠤᠷ ᠬᠡᠷᠡᠭᠯᠡᠵᠦ᠂ ᠪᠣᠯᠪᠠᠰᠤᠷᠠᠭᠤᠯᠤᠯ ᠤᠨ ᠦᠪᠡᠷ ᠤᠨ ᠦᠷᠲᠡᠭ ᠢ ᠪᠠᠭᠤᠷᠠᠭᠤᠯᠤᠨ᠂ ᠪᠣᠯᠪᠠᠰᠤᠷᠠᠭᠤᠯᠤᠯ ᠤᠨ ᠠᠴᠢ ᠲᠤᠰᠠ ᠶᠢ ᠳᠡᠭᠡᠭᠰᠢᠯᠡᠭᠦᠯᠵᠦ᠂ ᠬᠠᠮᠲᠤᠪᠠᠷ ᠰᠣᠷᠤᠯᠴᠠᠵᠤ ᠬᠠᠮᠲᠤᠪᠠᠷ ᠳᠡᠭᠡᠭᠰᠢᠯᠡᠬᠦ ᠶᠢ ᠪᠡᠶᠡᠯᠡᠭᠦᠯᠬᠦ ᠬᠡᠷᠡᠭᠲᠡᠢ᠃ ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ ᠶᠢᠨ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠬᠠᠮᠲᠤᠪᠠᠷ ᠦᠷᠨᠢᠭᠦᠯᠵᠦ᠂ ᠰᠤᠶᠤᠯ ᠤᠨ ᠠᠭᠤᠰᠤᠯᠴᠠᠯ ᠢ ᠠᠬᠢᠭᠤᠯᠤᠨ᠎ᠠ᠃      ︵ᠨᠠᠢᠮᠠ︶ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠪᠦᠬᠦ ᠣᠯᠣᠰ ᠤᠨ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠬᠢᠭᠰᠡᠨ ᠵᠠᠭᠤᠨ ᠬᠦᠴᠦᠷᠬᠡᠭ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ᠂ ᠦᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠣᠷᠣᠨ ᠳᠤ ᠰᠤᠩᠭᠤᠨ ᠪᠣᠢ ᠪᠣᠯᠭᠠᠵᠤ᠂ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠤᠳᠠᠳᠤ ᠪᠠᠶᠢᠳᠠᠯ ᠢᠶᠠᠨ ᠦᠨᠳᠦᠰᠦᠯᠡᠨ ᠠᠶᠢᠮᠠᠭ ᠬᠤᠲᠠ ᠶᠢᠨ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ ᠢ ᠲᠣᠭᠲᠠᠭᠠᠵᠤ᠂ ᠡᠯ᠎ᠡ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠦᠨ ᠬᠦᠲᠦᠯᠦᠨ ᠳᠠᠭᠠᠭᠤᠯᠬᠤ ᠪᠠ ᠨᠦᠯᠦᠭᠡᠯᠡᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃      ︵ᠶᠢᠰᠦ︶ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠨᠡᠷᠡᠲᠦ ᠲᠦᠷᠦᠯ ᠲᠡᠮᠲᠡᠭᠲᠦ ᠶᠢ ᠪᠤᠶᠢᠵᠢᠭᠤᠯᠤᠨ᠎ᠠ᠃ ᠡᠯ᠎ᠡ ᠱᠠᠲᠤᠨ ᠤ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠲᠡᠷᠢᠭᠦᠨ ᠤ ᠲᠣᠷᠰᠢᠯᠭ᠎ᠠ ᠪᠠᠨ ᠴᠠᠭ ᠲᠣᠬᠠᠢ ᠳᠤᠨᠢ ᠳ᠋ᠦ᠋ᠶᠢᠩᠨᠡᠵᠦ᠂ ᠨᠡᠷᠡᠲᠦ ᠲᠦᠷᠦᠯ ᠲᠡᠮᠲᠡᠭᠲᠦ ᠶᠢ ᠨᠡᠭᠡᠭᠡᠬᠦ᠂ ᠪᠤᠶᠢᠵᠢᠭᠤᠯᠬᠤ᠂ ᠳᠡᠯᠭᠡᠷᠡᠭᠦᠯᠬᠦ ᠪᠠ ᠤᠬᠠᠭᠤᠯᠬᠤ ᠵᠢᠮ᠎ᠡ ᠶᠤᠰᠤ ᠶᠢ ᠵᠢᠷᠤᠮᠯᠡᠨ ᠮᠥᠷᠳᠡᠵᠦ᠂ ︽ᠰᠤᠳᠣᠨ ᠲᠦᠷᠦᠯ ᠲᠡᠮᠲᠡᠭᠲᠦ ᠶᠢᠨ ᠢᠨᠵᠧᠨᠧᠷᠢᠩ︾᠎ ᠢ ᠪᠠᠶᠢᠭᠤᠯᠬᠤ ᠵᠠᠷᠴᠢᠮ ᠶᠤᠰᠤᠭᠠᠷ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠣᠷᠰᠢᠯᠭ᠎ᠠ ᠶᠢ ᠲᠦᠷᠭᠡᠳᠭᠡᠨ ᠪᠣᠢ ᠪᠣᠯᠭᠠᠬᠤ ᠶᠢᠨ ᠬᠠᠮᠲᠤ᠂ ᠱᠠᠲᠤ ᠳᠠᠷᠠᠭᠠᠯᠠᠨ ᠳᠡᠭᠡᠭᠰᠢ ᠲᠠᠨᠢᠯᠴᠠᠭᠤᠯᠤᠨ᠂ ᠨᠢᠭᠡ ᠨᠦᠬᠦᠴᠡᠯ ᠢ ᠪᠦᠷᠢᠯᠳᠦᠭᠦᠯᠪᠡᠯ ᠨᠢᠭᠡ ᠶᠢ ᠳᠡᠯᠭᠡᠷᠡᠭᠦᠯᠬᠦ ᠬᠡᠷᠡᠭᠲᠡᠢ᠃ ᠤᠯᠤᠰ ᠪᠠ ᠦᠪᠡᠷᠲᠡᠭᠡᠨ ᠵᠠᠰᠬᠠᠤ ᠣᠷᠣᠨ ᠤ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠣᠷᠣᠨ ᠨᠢ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠵᠢᠷᠤᠮᠵᠢᠯ ᠲᠠᠢ ᠲᠦᠷᠦᠯ ᠵᠦᠢᠯ ᠤᠨ ᠨᠡᠷᠡᠲᠦ ᠲᠦᠷᠦᠯ ᠲᠡᠮᠲᠡᠭᠲᠦ ᠶᠢ ᠠᠳᠠᠭ ᠲᠠᠭᠠᠨ 1 ᠮᠡᠳᠡᠭᠦᠯᠦᠨ ᠪᠠᠶᠢᠭᠤᠯᠬᠤ ᠬᠡᠷᠡᠭᠲᠡᠢ᠃ ᠦᠪᠦᠷ ᠮᠣᠩᠭᠤᠯ ᠤᠨ ᠤᠯᠤᠰ ᠤᠨ ᠭᠠᠶᠢᠯᠢ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠠᠵᠢᠯ ᠤᠨ ᠪᠤᠲᠠᠲᠠᠢ ᠲᠠᠢ ᠪᠠᠨ ᠤᠶᠠᠯᠳᠤᠭᠤᠯᠤᠨ᠂ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠣᠷᠣᠨ ᠤ ᠨᠡᠷᠡᠲᠦ ᠲᠦᠷᠦᠯ ᠲᠡᠮᠲᠡᠭᠲᠦ ᠶᠢᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠨᠡᠷᠡᠲᠦ ᠲᠦᠷᠦᠯ ᠲᠡᠮᠲᠡᠭᠲᠦ ᠶᠢᠨ ᠲᠦᠷᠦᠯ ᠵᠦᠢᠯ ᠢ ᠳᠡᠯᠭᠡᠷᠡᠭᠦᠯᠬᠦ ᠪᠤᠲᠠᠲᠠᠢ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃      ᠳᠥᠷᠪᠡ᠂ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠪᠠᠶᠢᠷᠢᠰᠢᠯ ᠢ ᠶᠡᠬᠡᠪᠡᠷ ᠪᠠᠶᠢᠭᠤᠯᠤᠨ᠎ᠠ      ︵ᠨᠢᠭᠡ︶ ᠭᠠᠶᠢᠯᠢ ᠲᠠᠲᠠᠪᠤᠷᠢ ᠶᠢ ᠬᠠᠮᠲᠤᠪᠠᠷ ᠵᠠᠰᠬᠠᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠨᠠᠮ ᠵᠠᠰᠠᠭ ᠠᠴᠠ ᠤᠳᠤᠷᠢᠳᠬᠤ᠂ ᠭᠠᠶᠢᠯᠢ ᠶᠢᠨ ᠶᠠᠪᠤᠳᠠᠯ ᠠᠴᠠ ᠭᠤᠣᠯ ᠬᠠᠷᠢᠭᠤᠴᠠᠬᠤ᠂ ᠰᠠᠯᠠᠭ᠎ᠠ ᠮᠦᠴᠢᠷ ᠤᠳ ᠬᠠᠮᠲᠤᠷᠠᠯᠴᠠᠬᠤ᠂ ᠨᠡᠶᠢᠭᠡᠮ ᠠᠴᠠ ᠬᠠᠮᠵᠢᠯᠴᠠᠬᠤ᠂ ᠣᠯᠠᠨ ᠨᠡᠶᠢᠲᠡ ᠶᠢ ᠣᠷᠤᠯᠴᠠᠭᠤᠯᠬᠤ︾ ᠱᠠᠭᠠᠷᠳᠠᠯᠭ᠎ᠠ ᠶᠤᠰᠤᠭᠠᠷ᠂ ᠵᠠᠰᠠᠭ ᠤᠨ ᠣᠷᠳᠤᠨ ᠤ ᠬᠦᠴᠦᠨ ᠴᠢᠳᠠᠯ ᠳᠤ ᠲᠦᠰᠢᠭᠯᠡᠨ᠂ ᠨᠡᠶᠢᠭᠡᠮ ᠤᠨ ᠡᠭᠦᠷᠭᠡ ᠴᠢᠳᠠᠪᠤᠷᠢᠲᠦ ᠰᠠᠯᠠᠭ᠎ᠠ ᠮᠦᠴᠢᠷ ᠤᠨ ᠦᠢᠯᠡᠳᠦᠯ ᠢ ᠪᠠᠳᠠᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠨ᠂ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠠᠯ᠎ᠠ ᠶᠢᠨ ᠪᠦᠭᠡᠳ ᠵᠢᠷᠤᠮᠵᠢᠯ ᠲᠠᠢ᠂ ᠦᠨᠳᠦᠷ ᠪᠦᠲᠦᠮᠵᠢᠲᠡᠢ ᠪᠠᠷ ᠠᠵᠢᠯᠯᠠᠬᠤ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃      ︵ᠬᠤᠶᠠᠷ︶ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠢᠳᠡᠪᠬᠢᠲᠡᠢ ᠠᠬᠢᠭᠤᠯᠤᠨ᠎ᠠ᠃ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠬᠠᠮᠢᠶᠠᠷᠤᠯᠲᠠ ᠶᠢᠨ ᠠᠷᠭ᠎ᠠ ᠶᠢ ᠲᠦᠷᠭᠡᠳᠭᠡᠨ ᠲᠣᠭᠲᠠᠭᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠶᠢᠨ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ ᠪᠡᠶᠡᠯᠡᠭᠦᠯᠵᠦ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢᠨ ᠵᠥᠪ ᠣᠨᠣᠪᠴᠢᠲᠤ ᠴᠢᠨᠠᠷ ᠪᠣᠯᠣᠨ ᠲᠤᠭ᠎ᠠ ᠪᠦᠷᠢᠳᠭᠡᠯ ᠤᠨ ᠪᠠᠷᠢᠮᠵᠢᠶ᠎ᠠ ᠶᠢᠨ ᠨᠢᠭᠡᠲᠦᠮᠡᠯ ᠴᠢᠨᠠᠷ ᠢ ᠳᠡᠭᠡᠭᠰᠢᠯᠡᠭᠦᠯᠦᠨ᠎ᠡ᠃ ᠭᠠᠶᠢᠯᠢ ᠲᠠᠲᠠᠪᠤᠷᠢ ᠶᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠵᠤ᠂ ᠭᠠᠶᠢᠯᠢ ᠲᠠᠲᠠᠪᠤᠷᠢ ᠶᠢ ᠶᠡᠷᠦᠩᠬᠡᠶᠢᠯᠡᠨ ᠵᠠᠰᠠᠬᠤ ᠲᠡᠪᠴᠡᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠡᠪᠴᠡᠩ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠤᠨ ᠪᠠᠶᠢᠭᠤᠯᠤᠯᠲᠠ ᠶᠢ ᠲᠦᠷᠭᠡᠳᠭᠡᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠳ ᠢ ᠬᠠᠮᠵᠢᠵᠤ ᠪᠠᠶᠢᠭᠠᠳ ᠭᠠᠶᠢᠯᠢ ᠲᠤᠰᠢᠶᠠᠭᠴᠢᠳ ᠤᠨ ᠢᠲᠡᠭᠡᠮᠵᠢᠲᠡᠢ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠤ ᠦᠢᠯᠡᠳᠪᠦᠷᠢ ᠬᠤᠳᠠᠯᠳᠤᠭ᠎ᠠ᠂ ᠲᠤᠭ᠎ᠠ ᠪᠦᠷᠢᠳᠭᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠬᠤᠷᠢᠶ᠎ᠠ᠂ ᠳᠤᠲᠤᠭᠠᠲᠤ ᠶᠢ ᠬᠠᠮᠠᠭᠠᠯᠠᠬᠤ᠂ ᠬᠠᠤᠯᠢ ᠴᠠᠭᠠᠵᠠ᠂ ᠰᠢᠭᠦᠬᠦ ᠬᠤᠷᠢᠶ᠎ᠠ᠂ ᠬᠢᠨᠠᠨ ᠪᠤᠳᠤᠬᠤ᠂ ᠭᠠᠶᠢᠯᠢ ᠶᠢᠨ ᠪᠤᠭᠤᠮᠲᠠ᠂ ᠬᠢᠯᠢ ᠪᠠᠷ ᠣᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠨᠠᠪᠴᠢᠨ ᠲᠠᠮᠠᠬᠢ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠦᠴᠢᠷ ᠪᠣᠯᠣᠨ ᠨᠢᠭᠡᠴᠡ ᠨᠦᠭᠦᠳ ᠨᠢ ᠬᠠᠮᠢᠶ᠎ᠠ ᠪᠦᠬᠦᠢ ᠭᠠᠶᠢᠯᠢ ᠲᠠᠲᠠᠪᠤᠷᠢ ᠳᠤ ᠬᠤᠯᠪᠣᠭᠳᠠᠬᠤ ᠮᠡᠳᠡᠭᠡ ᠵᠠᠩᠭᠢ ᠶᠢ ᠢᠳᠡᠪᠬᠢᠲᠡᠢ ᠬᠠᠩᠭᠠᠵᠤ᠂ ᠣᠶᠢᠯᠠᠭᠠᠯᠴᠠᠨ ᠬᠠᠮᠵᠢᠯᠴᠠᠬᠤ ᠪᠠᠨ ᠴᠢᠩᠭᠠᠳᠬᠠᠨ᠂ ᠲᠤᠮᠤ ᠳ᠋ᠡᠶᠢᠲ᠋ᠠ ᠵᠡᠷᠭᠡ ᠣᠳᠣ ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠠᠰᠢᠭᠯᠠᠵᠤ᠂ ᠮᠡᠳᠡᠭᠡ ᠵᠠᠩᠭᠢ ᠴᠤᠭᠯᠠᠭᠤᠯᠬᠤ ᠪᠠ ᠲᠤᠭ᠎ᠠ ᠪᠠᠷᠢᠮᠲᠠ ᠰᠤᠯᠢᠯᠴᠠᠬᠤ ᠶᠢ ᠲᠦᠷᠭᠡᠳᠭᠡᠨ ᠠᠬᠢᠭᠤᠯᠵᠤ᠂ ᠬᠠᠮᠢᠶ᠎ᠠ ᠪᠦᠬᠦᠢ ᠠᠵᠢᠯ ᠳᠤ ᠵᠠᠳᠠᠯᠤᠯᠲᠠ ᠬᠢᠬᠦ ᠪᠠ ᠤᠷᠢᠳᠴᠢᠯᠠᠨ ᠮᠠᠭᠠᠳᠯᠠᠬᠤ ᠶᠢ ᠰᠠᠶᠢᠲᠤᠷ ᠬᠢᠬᠦ ᠬᠡᠷᠡᠭᠲᠡᠢ᠃      ︵ᠭᠤᠷᠪᠠ︶ ᠰᠠᠯᠠᠭ᠎ᠠ ᠮᠦᠴᠢᠷ ᠠᠯᠤᠰᠯᠠᠭᠰᠠᠨ ᠭᠠᠶᠢᠯᠢ ᠲᠠᠲᠠᠪᠤᠷᠢ ᠶᠢᠨ ᠬᠠᠮᠲᠤᠷᠠᠯᠴᠠᠭ᠎ᠠ ᠶᠢ ᠢᠳᠡᠪᠬᠢᠲᠡᠢ ᠦᠷᠭᠡᠵᠢᠭᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠦᠭᠦᠳ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠯᠦᠭᠡ ᠶᠢᠨ ᠭᠠᠶᠢᠯᠢ ᠲᠠᠲᠠᠪᠤᠷᠢ ᠳᠤ ᠬᠤᠯᠪᠣᠭᠳᠠᠬᠤ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠭᠡᠵᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠠᠮᠢᠶᠠᠷᠤᠯᠲᠠ ᠶᠢᠨ ᠲᠠᠯ᠎ᠠ ᠪᠠᠷ ᠬᠠᠷᠢᠯᠴᠠᠨ ᠬᠠᠪᠰᠤᠷᠬᠤ᠂ ᠢᠲᠡᠭᠡᠮᠵᠢ ᠶᠢ ᠬᠠᠷᠢᠯᠴᠠᠨ ᠮᠡᠳᠡᠷᠡᠬᠦ ᠶᠢ ᠠᠬᠢᠭᠤᠯᠤᠨ ᠪᠡᠶᠡᠯᠡᠭᠦᠯᠬᠦ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠨᠡᠶᠢᠭᠡᠮ ᠤᠨ ᠪᠦᠯᠭᠦᠮ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠳᠤᠷᠠᠳᠤᠭᠰᠠᠨ ᠮᠠᠭᠠᠳᠯᠠᠨ ᠲᠣᠭᠲᠠᠭᠠᠬᠤ ᠨᠦᠬᠦᠴᠡᠯ ᠳᠤ ᠦᠯᠦ ᠨᠡᠶᠢᠴᠡᠬᠦ ᠠᠰᠠᠷᠠᠮᠵᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠬᠠᠤᠯᠢ ᠶᠤᠰᠤᠭᠠᠷ ᠬᠢᠨᠠᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ᠃ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢᠷ ᠨᠢ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ ︾ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠡᠮᠬᠢᠯᠡᠨ ᠨᠡᠶᠢᠯᠡᠭᠦᠯᠬᠦ︾ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠩᠰᠠᠯᠠᠨ ᠲᠡᠮᠲᠡᠭᠯᠡᠬᠦ᠂ ᠮᠡᠳᠡᠭᠡ ᠵᠠᠩᠭᠢ ᠳᠠᠮᠵᠢᠭᠤᠯᠬᠤ ᠪᠠ ᠬᠦᠴᠦᠨ ᠦᠭᠡᠢ ᠪᠣᠯᠭᠠᠬᠤ ᠭᠤᠭᠴᠤᠭ᠎ᠠ ᠶᠢ ᠴᠢᠩᠭ᠎ᠠ ᠠᠳᠬᠤᠨ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠢᠯᠡᠷᠡᠭᠦᠯᠦᠭᠰᠡᠨ ᠦᠨᠡᠮᠯᠡᠯ ᠦᠭᠡᠢ ᠡᠵᠡᠩᠨᠡᠯᠲᠡ ᠶᠢᠨ ᠡᠷᠦᠬᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠲᠠᠲᠠᠪᠤᠷᠢᠯᠠᠬᠤ ᠠᠴᠠ ᠬᠤᠴᠤᠷᠤᠭᠤᠯᠬᠤ ᠪᠠ ᠬᠠᠮᠢᠶᠠᠷᠬᠤ ᠠᠴᠠ ᠭᠤᠭᠤᠵᠢᠭᠤᠯᠬᠤ ᠶᠢ ᠬᠠᠮᠲᠤᠪᠠᠷ ᠰᠡᠷᠭᠡᠶᠢᠯᠡᠬᠦ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠦᠢᠯᠡᠳᠪᠦᠷᠢᠯᠡᠯ᠂ ᠡᠵᠡᠩᠨᠡᠯᠲᠡ ᠬᠢᠵᠦ ᠪᠠᠶᠢᠭ᠎ᠠ ᠭᠠᠶᠢᠯᠢ ᠲᠤᠰᠢᠶᠠᠭᠴᠢ᠂ ᠰᠠᠭᠤᠳᠬᠠᠨ ᠲᠤᠰᠢᠶᠠᠯᠭᠠᠬᠤ ᠡᠭᠦᠷᠭᠡ ᠲᠠᠢ ᠬᠦᠮᠦᠨ ᠵᠢᠴᠢ ᠪᠤᠰᠤᠳ ᠭᠠᠶᠢᠯᠢ ᠲᠠᠲᠠᠪᠤᠷᠢ ᠶᠢᠨ ᠬᠠᠤᠯᠢ ᠠᠴᠠ ᠵᠦᠷᠢᠴᠡᠭᠰᠡᠨ ᠬᠡᠷᠡᠭ ᠤᠨ ᠰᠡᠵᠢᠭᠲᠡᠨ ᠤ ᠳᠠᠩᠰᠠᠨ ᠡᠷᠦᠬᠡ ᠶᠢᠨ ᠪᠠᠶᠢᠳᠠᠯ ᠢ ᠬᠠᠤᠯᠢ ᠶᠤᠰᠤᠭᠠᠷ ᠪᠠᠶᠢᠴᠠᠭᠠᠨ ᠯᠠᠪᠯᠠᠬᠤ ᠶᠢ ᠳᠡᠮᠵᠢᠵᠦ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠮᠵᠢᠨ ᠭᠠᠶᠢᠯᠢ ᠲᠠᠲᠠᠪᠤᠷᠢ ᠶᠢ ᠬᠠᠳᠠᠭᠠᠯᠠᠨ ᠬᠠᠮᠠᠭᠠᠯᠠᠬᠤ ᠪᠠ ᠠᠯᠪᠠᠳᠠᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ᠦᠯᠦ ᠬᠦᠳᠡᠯᠬᠦ ᠬᠥᠷᠦᠩᠭᠡ ᠶᠢ ᠳᠠᠩᠰᠠᠯᠠᠨ ᠲᠡᠮᠲᠡᠭᠯᠡᠬᠦ ᠪᠠᠶᠢᠭᠤᠯᠭ᠎ᠠ ᠨᠢ ᠭᠠᠵᠠᠷ ᠰᠢᠷᠤᠢ᠂ ᠭᠡᠷ ᠪᠠᠶᠢᠰᠢᠩ᠂ ᠣᠢ ᠰᠢᠭᠤᠢ ᠶᠢᠨ ᠦᠮᠴᠢᠯᠡᠯ ᠤᠨ ᠡᠷᠬᠡ ᠵᠡᠷᠭᠡ ᠦᠯᠦ ᠬᠦᠳᠡᠯᠬᠦ ᠬᠥᠷᠦᠩᠭᠡ ᠶᠢ ᠳᠠᠩᠰᠠᠯᠠᠨ ᠲᠡᠮᠲᠡᠭᠯᠡᠬᠦ ᠳᠡᠭᠡᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠤᠯᠢ ᠶᠤᠰᠤᠭᠠᠷ ᠭᠠᠷᠭᠠᠭᠰᠠᠨ ᠭᠠᠶᠢᠯᠢ ᠲᠤᠰᠢᠶᠠᠬᠤ ᠭᠡᠷᠡᠴᠢ ᠪᠠᠷᠢᠮᠲᠠ᠂ ᠭᠠᠶᠢᠯᠢ ᠠᠴᠠ ᠬᠠᠰᠤᠵᠤ ᠬᠡᠯᠲᠦᠷᠢᠭᠦᠯᠬᠦ ᠭᠡᠷᠡᠴᠢ ᠪᠤᠶᠤ ᠪᠠᠶᠢᠴᠠᠭᠠᠨ ᠪᠢᠲᠡᠭᠦᠮᠵᠢᠯᠡᠭᠳᠡᠭᠰᠡᠨ ᠦᠯᠦ ᠬᠦᠳᠡᠯᠬᠦ ᠬᠥᠷᠦᠩᠭᠡ ᠶᠢ ᠲᠠᠶᠢᠯᠬᠤ ᠲᠣᠭᠲᠠᠭᠠᠯ ᠢ ᠬᠠᠩᠭᠠᠵᠤ ᠳᠡᠶᠢᠯᠬᠦ ᠦᠭᠡᠢ ᠪᠠᠶᠢᠪᠠᠯ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠬᠦ ᠭᠠᠷᠳᠠᠮ ᠢ ᠭᠦᠢᠴᠡᠳᠭᠡᠨ ᠥᠭᠴᠦ ᠪᠣᠯᠬᠤ ᠦᠭᠡᠢ᠃ ᠪᠤᠰᠤᠳ ᠬᠠᠮᠢᠶ᠎ᠠ ᠪᠦᠬᠦᠢ ᠨᠢᠭᠡᠴᠡ ᠪᠣᠯᠣᠨ ᠰᠠᠯᠠᠭ᠎ᠠ ᠮᠦᠴᠢᠷ ᠤᠳ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ ᠪᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠤᠯᠢ ᠶᠤᠰᠤᠭᠠᠷ ᠭᠠᠶᠢᠯᠢ ᠭᠦᠢᠴᠡᠳᠭᠡᠬᠦ ᠶᠢ ᠳᠡᠮᠵᠢᠨ ᠬᠠᠮᠵᠢᠬᠤ ᠬᠡᠷᠡᠭᠲᠡᠢ᠃ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠪᠠ ᠰᠤᠯᠠ ᠰᠠᠯᠤᠩᠬᠢ ᠭᠠᠶᠢᠯᠢ ᠶᠢᠨ ᠢᠷᠡᠯᠲᠡ ᠶᠢᠨ ᠨᠠᠶᠢᠳᠠᠯᠭ᠎ᠠ ᠪᠠᠷ ᠣᠷᠤᠯᠠᠨ ᠲᠠᠲᠠᠪᠤᠷᠢᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠲᠦᠰᠢᠭᠯᠡᠨ ᠬᠡᠰᠡᠭᠯᠡᠨ ᠲᠣᠣᠷᠵᠢᠭᠰᠠᠨ ᠬᠤᠪᠢ ᠶᠢᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠦᠷᠨᠢᠭᠦᠯᠦᠨ᠂ ᠭᠠᠶᠢᠯᠢ ᠶᠢ ᠬᠠᠮᠵᠢᠬᠤ ᠭᠠᠶᠢᠯᠢ ᠶᠢ ᠬᠠᠮᠠᠭᠠᠯᠠᠬᠤ ᠲᠣᠣᠷ ᠰᠦᠯᠵᠢᠶ᠎ᠡ ᠶᠢ ᠶᠡᠬᠡᠪᠡᠷ ᠪᠠᠶᠢᠭᠤᠯᠤᠨ᠎ᠠ᠃ ᠭᠠᠶᠢᠯᠢ ᠳᠤ ᠬᠤᠯᠪᠣᠭᠳᠠᠬᠤ ᠲᠤᠰᠬᠠᠢ ᠦᠢᠯᠡᠴᠢᠯᠡᠭᠡᠨ ᠤ ᠨᠠᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠬᠦ᠂ ᠲᠠᠲᠠᠪᠤᠷᠢᠯᠠᠵᠤ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠳᠠᠬᠢ ᠢᠳᠡᠪᠬᠢ ᠦᠢᠯᠡᠳᠦᠯ ᠢ ᠵᠢᠷᠤᠮᠵᠢᠭᠤᠯᠬᠤ ᠪᠠ ᠪᠠᠳᠠᠷᠠᠭᠤᠯᠵᠤ᠂ ᠭᠠᠶᠢᠯᠢ ᠲᠠᠲᠠᠪᠤᠷᠢ ᠶᠢᠨ ᠬᠠᠤᠯᠢ ᠪᠠᠷ ᠵᠠᠰᠠᠬᠤ ᠣᠷᠴᠢᠨ ᠠᠬᠤᠢ ᠶᠢ ᠬᠠᠮᠲᠤᠪᠠᠷ ᠬᠠᠮᠠᠭᠠᠯᠠᠨ᠂ ᠲᠠᠲᠠᠪᠤᠷᠢᠯᠠᠵᠤ ᠲᠤᠰᠢᠶᠠᠬᠤ ᠦᠪᠡᠷ ᠤᠨ ᠥᠷᠲᠡᠭ ᠢ ᠪᠠᠭᠤᠷᠠᠭᠤᠯᠵᠤ᠂ ᠭᠠᠶᠢᠯᠢ ᠲᠠᠲᠠᠪᠤᠷᠢ ᠶᠢᠨ ᠲᠥᠪ ᠭᠤᠣᠯᠴᠢ ᠪᠠᠶᠢᠬᠤ ᠶᠢ ᠠᠬᠢᠭᠤᠯᠤᠨ᠂ ᠭᠠᠶᠢᠯᠢ ᠲᠠᠲᠠᠪᠤᠷᠢ ᠶᠢᠨ ᠡᠮᠬᠢ ᠲᠢᠭᠯᠢᠮ ᠢ ᠵᠢᠷᠤᠮᠵᠢᠭᠤᠯᠬᠤ ᠬᠡᠷᠡᠭᠲᠡᠢ᠃      ︵ᠳᠥᠷᠪᠡ︶ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠭᠠᠶᠢᠯᠢ ᠲᠠᠲᠠᠪᠤᠷᠢ ᠶᠢᠨ ᠪᠠᠲᠤᠯᠠᠭ᠎ᠠ ᠶᠢᠨ ᠳᠦᠷᠢᠮ ᠢ ᠨᠡᠶᠢᠲᠡᠯᠡᠬᠦ ᠶᠢ ᠠᠬᠢᠭᠤᠯᠵᠤ᠂ ᠭᠠᠶᠢᠯᠢ ᠲᠠᠲᠠᠪᠤᠷᠢ ᠲᠠᠲᠠᠪᠤᠷᠢᠯᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠠᠬᠢᠭᠤᠯᠤᠨ᠂ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠬᠠᠮᠵᠢᠬᠤ ᠶᠢ ᠴᠢᠩᠭᠠᠳᠬᠠᠬᠤ᠂ ᠭᠠᠶᠢᠯᠢ ᠲᠠᠲᠠᠪᠤᠷᠢ ᠶᠢᠨ ᠣᠷᠤᠯᠭ᠎ᠠ ᠶᠢ ᠪᠠᠲᠤᠯᠠᠬᠤ᠂ ᠭᠠᠶᠢᠯᠢ ᠲᠤᠰᠢᠶᠠᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠳᠤ ᠬᠦᠴᠦᠨ ᠲᠡᠭᠦᠯᠳᠡᠷ ᠬᠠᠤᠯᠢ ᠴᠠᠭᠠᠵᠠ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠢ᠃ ᠬᠠᠤᠯᠢ ᠴᠠᠭᠠᠵᠠ ᠶᠢᠨ ᠰᠠᠯᠠᠭ᠎ᠠ ᠮᠦᠴᠢᠷ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠠᠵᠢᠯ ᠢ ᠬᠠᠤᠯᠢ ᠶᠤᠰᠤᠭᠠᠷ ᠳᠡᠮᠵᠢᠵᠦ᠂ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠵᠦᠪᠯᠡᠭᠴᠢ ᠪᠠ ᠠᠯᠪᠠᠨ ᠲᠤᠰᠢᠶᠠᠯᠲᠦ ᠬᠠᠤᠯᠢᠴᠢ ᠶᠢᠨ ᠳᠦᠷᠢᠮ ᠢ ᠬᠠᠮᠵᠢᠨ ᠬᠡᠷᠡᠭᠵᠢᠭᠦᠯᠵᠦ᠂ ᠭᠠᠶᠢᠯᠢ ᠶᠢᠨ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠤᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠰᠢᠯᠵᠢᠭᠦᠯᠦᠭᠰᠡᠨ ᠭᠠᠶᠢᠯᠢ ᠳᠤ ᠬᠤᠯᠪᠣᠭᠳᠠᠬᠤ ᠬᠠᠤᠯᠢ ᠠᠴᠠ ᠵᠦᠷᠢᠴᠡᠭᠰᠡᠨ ᠶᠠᠯᠠᠳᠤ ᠬᠡᠷᠡᠭ ᠢ ᠴᠠᠭ ᠲᠣᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠴᠢᠩᠭ᠎ᠠ ᠰᠢᠢᠳᠪᠦᠷᠢᠯᠡᠵᠦ᠂ ᠲᠤᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠲᠤᠮᠢᠯᠠᠨ ᠰᠠᠭᠤᠯᠭᠠᠭᠰᠠᠨ ᠬᠠᠷᠢᠯᠴᠠᠬᠤ ᠲᠣᠭᠲᠠᠴᠠ ᠶᠢ ᠪᠦᠷᠢᠨᠰᠢᠭᠦᠯᠦᠨ᠂ ᠭᠠᠶᠢᠯᠢ ᠳᠤ ᠬᠤᠯᠪᠣᠭᠳᠠᠬᠤ ᠬᠠᠤᠯᠢ ᠠᠴᠠ ᠵᠦᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠬᠤ ᠬᠡᠷᠡᠭᠲᠡᠢ᠃ ᠠᠷᠠᠳ ᠤᠨ ᠰᠢᠭᠦᠬᠦ ᠬᠤᠷᠢᠶ᠎ᠠ ᠨᠢ ᠭᠦᠢᠴᠡᠳᠭᠡᠭᠳᠡᠭᠴᠢ ᠶᠢᠨ ᠡᠳ᠋ ᠬᠦᠷᠦᠩᠭᠡ ᠶᠢ ᠦᠨ᠎ᠡ ᠬᠠᠶᠠᠯᠴᠠᠨ ᠬᠤᠳᠠᠯᠳᠤᠬᠤ ᠪᠠ ᠬᠤᠪᠢᠷᠠᠭᠠᠨ ᠬᠤᠳᠠᠯᠳᠤᠬᠤ ᠳᠠᠭᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠮᠵᠢᠨ ᠬᠠᠤᠯᠢ ᠶᠤᠰᠤᠭᠠᠷ ᠭᠠᠶᠢᠯᠢ ᠶᠢᠨ ᠵᠤᠭᠤᠰ ᠢ ᠲᠠᠲᠠᠪᠤᠷᠢᠯᠠᠵᠤ ᠲᠤᠰᠢᠶᠠᠬᠤ ᠬᠡᠷᠡᠭᠲᠡᠢ︔ ᠲᠠᠮᠫᠤᠷᠠᠯ ᠤᠨ ᠳᠠᠩᠰᠠᠨ ᠪᠤᠳᠤᠬᠤ ᠳᠤ ᠭᠠᠶᠢᠯᠢ ᠶᠢᠨ ᠵᠤᠭᠤᠰ ᠢ ᠲᠠᠰᠤᠯᠤᠨ ᠪᠤᠳᠤᠭᠠᠳᠤᠢ ᠪᠠᠶᠢᠬᠤ ᠶᠢ ᠢᠯᠡᠷᠡᠭᠦᠯᠪᠡᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠳᠡᠵᠦ ᠲᠠᠰᠤᠯᠤᠨ ᠪᠤᠳᠤᠬᠤ ᠳᠤ ᠣᠷᠤᠯᠴᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠭᠠᠶᠢᠯᠢ ᠶᠢᠨ ᠬᠠᠤᠯᠢ ᠶᠢ ᠲᠦᠭᠡᠮᠡᠯᠵᠢᠭᠦᠯᠬᠦ ᠬᠦᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠩᠭᠤ ᠶᠢᠨ ᠴᠢᠨᠠᠷᠲᠠᠢ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢ ᠦᠷᠨᠢᠭᠦᠯᠦᠨ᠂ ᠨᠡᠶᠢᠭᠡᠮ ᠳᠠᠶᠠᠭᠠᠷ ᠤᠨ ᠭᠠᠶᠢᠯᠢ ᠶᠢᠨ ᠬᠠᠤᠯᠢ ᠶᠢᠨ ᠦᠵᠡᠯ ᠤᠬᠠᠮᠰᠠᠷ ᠪᠠ ᠭᠠᠶᠢᠯᠢ ᠲᠤᠰᠢᠶᠠᠭᠴᠢ ᠶᠢᠨ ᠬᠠᠤᠯᠢ ᠶᠤᠰᠤᠭᠠᠷ ᠦᠨᠡᠨᠴᠢ ᠢᠲᠡᠭᠡᠮᠵᠢᠲᠡᠢ ᠪᠠᠷ ᠭᠠᠶᠢᠯᠢ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠨᠡᠶᠢᠭᠡᠮ ᠳᠠᠶᠠᠭᠠᠷ ᠢᠶᠠᠷ ᠢᠶᠠᠨ ᠭᠠᠶᠢᠯᠢ ᠶᠢ ᠬᠠᠮᠵᠢᠵᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠳ᠋ ᠤᠨ ᠵᠠᠰᠠᠭ ᠭᠠᠶᠢᠯᠢ ᠶᠢᠨ ᠠᠵᠢᠯ ᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠤᠯᠤᠰ ᠤᠨ ᠭᠠᠶᠢᠯᠢ ᠶᠢᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠢᠶᠠᠷ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠲᠤᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭᠰᠠᠨ ᠪᠠᠶᠢᠳᠠᠯ ᠪᠠ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠶᠢ ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠴᠤ᠂ ᠤᠯᠤᠭᠰᠠᠨ ᠦᠷ᠎ᠡ ᠪᠦᠲᠦᠮᠵᠢ ᠶᠢ ᠴᠠᠭ ᠲᠣᠬᠠᠢ ᠳᠤᠨᠢ ᠳ᠋ᠦ᠋ᠶᠢᠩᠨᠡᠵᠦ᠂ ᠤᠷᠤᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠤᠯᠤᠰ ᠤᠨ ᠭᠠᠶᠢᠯᠢ ᠶᠢᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠢ ᠬᠠᠮᠲᠤᠷᠠᠯᠴᠠᠭ᠎ᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠬᠦᠮᠦᠨ᠂ ᠵᠤᠭᠤᠰ᠂ ᠪᠤᠳᠠᠰ᠂ ᠲᠦᠭᠦᠭᠡᠷᠦᠮᠵᠢ ᠲᠠᠯᠠᠪᠤᠷ᠂ ᠭᠠᠵᠠᠷ ᠢ ᠬᠠᠮᠲᠤᠪᠠᠷ ᠡᠳ᠋ᠯᠡᠨ ᠬᠠᠮᠲᠤᠪᠠᠷ ᠬᠡᠷᠡᠭᠯᠡᠬᠦ ᠶᠢ ᠪᠡᠶᠡᠯᠡᠭᠦᠯᠬᠦ ᠲᠠᠯ᠎ᠠ ᠪᠠᠷ ᠬᠦᠴᠦᠨ ᠲᠡᠭᠦᠯᠳᠡᠷ ᠳᠡᠮᠵᠢᠯᠭᠡ ᠬᠠᠩᠭᠠᠬᠤ ᠬᠡᠷᠡᠭᠲᠡᠢ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠢ ᠨᠢᠭᠲᠠ ᠵᠣᠬᠢᠴᠠᠭᠤᠯᠤᠨ ᠬᠠᠮᠵᠢᠯᠴᠠᠵᠤ᠂ ᠦᠨᠳᠦᠰᠦᠨ ᠱᠠᠲᠤᠨ ᠤ ᠠᠵᠢᠯ ᠢ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠬᠦᠨᠳᠡᠯᠡᠨ ᠢᠶᠠᠷ ᠬᠠᠷᠢᠯᠴᠠᠨ ᠬᠦᠳᠡᠯᠦᠯᠴᠡᠬᠦ ᠭᠤᠯᠳᠤ ᠪᠠᠷ ᠬᠤᠯᠪᠣᠭᠠᠯᠠᠨ ᠬᠦᠳᠡᠯᠦᠯᠴᠡᠭᠰᠡᠨ ᠠᠵᠢᠯ ᠤᠨ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠵᠤ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃      ︵ᠬᠤᠶᠠᠷ︶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠤᠯᠤᠰ ᠪᠠ ᠣᠷᠣᠨ ᠨᠣᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠠᠭᠠᠨ ᠤᠷᠤᠭᠤᠯᠤᠨ᠂ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠮᠦᠷᠳᠡᠨ ᠰᠢᠮᠳᠠᠭᠤᠯᠤᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠤᠳ ᠢ ᠴᠠᠭ ᠲᠣᠬᠠᠢ ᠳᠤᠨᠢ ᠰᠢᠢᠳᠪᠦᠷᠢᠯᠡᠨ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠨᠡᠩ ᠦᠨᠳᠦᠷ ᠳᠡᠰ ᠳᠠᠪᠬᠤᠷᠭ᠎ᠠ᠂ ᠨᠡᠩ ᠥᠷᠭᠡᠨ ᠣᠷᠣᠨ ᠪᠦᠰᠡ᠂ ᠨᠡᠩ ᠭᠦᠨ ᠬᠡᠮᠵᠢᠶ᠎ᠡ ᠪᠠᠷ ᠰᠢᠨ᠎ᠡ ᠶᠢ ᠡᠭᠦᠳᠬᠦ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ᠃      ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠢ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠡᠷᠢᠭᠦᠨ ᠤ ᠨᠡᠶᠢᠲᠡᠯᠢᠭ ᠲᠣᠷᠰᠢᠯᠭ᠎ᠠ ᠶᠢ ᠴᠠᠭ ᠲᠣᠬᠠᠢ ᠳᠤᠨᠢ ᠳ᠋ᠦ᠋ᠶᠢᠩᠨᠡᠵᠦ᠂ ᠲᠡᠷᠢᠭᠦᠨ ᠤ ᠬᠢ ᠶᠢ ᠢᠳᠡᠪᠬᠢᠲᠡᠢ ᠰᠤᠩᠭᠤᠨ ᠪᠣᠢ ᠪᠣᠯᠭᠠᠵᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠷᠢᠯᠴᠠᠨ ᠰᠤᠷᠤᠯᠴᠠᠬᠤ᠂ ᠬᠠᠷᠢᠯᠴᠠᠨ ᠲᠣᠯᠢ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠤᠬᠠᠭᠤᠯᠬᠤ ᠵᠠᠮ ᠮᠥᠷ ᠢ ᠲᠠᠰᠤᠷᠠᠯᠲᠠ ᠦᠭᠡᠢ ᠦᠷᠭᠡᠳᠭᠡᠵᠦ᠂ ᠡᠯ᠎ᠡ ᠲᠦᠷᠦᠯ ᠤᠨ ᠵᠠᠭᠤᠴᠢᠯᠠᠭᠤᠷ ᠢᠶᠠᠷ ᠳᠠᠮᠵᠢᠨ ᠤᠯᠤᠰ ᠪᠠ ᠣᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭᠰᠠᠨ ᠦᠷ᠎ᠡ ᠪᠦᠲᠦᠮᠵᠢ ᠶᠢ ᠴᠠᠭ ᠲᠣᠬᠠᠢ ᠳᠤᠨᠢ ᠤᠬᠠᠭᠤᠯᠤᠨ᠂ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠨᠢᠯᠴᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠵᠥᠪᠰᠢᠶᠡᠷᠡᠯ ᠳᠡᠮᠵᠢᠯᠭᠡ ᠶᠢ ᠣᠯᠬᠤ ᠬᠡᠷᠡᠭᠲᠡᠢ᠃      ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠪᠣᠯ ᠨᠢᠭᠡ ᠵᠦᠢᠯ ᠤᠨ ᠰᠢᠰᠲ᠋ᠧᠮ ᠲᠠᠢ ᠪᠦᠭᠡᠳ ᠤᠷᠲᠤ ᠬᠤᠭᠤᠴᠠᠭᠠᠨ ᠤ ᠢᠨᠵᠧᠨᠧᠷᠢᠩ ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠡᠳᠬᠢᠴᠡ ᠶᠢᠨ ᠰᠢᠨ᠎ᠡ ᠶᠢ ᠡᠭᠦᠳᠴᠦ᠂ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠰᠡᠳᠬᠢᠯ ᠢᠶᠠᠨ ᠨᠢᠭᠡᠳᠭᠡᠨ ᠬᠦᠴᠦ ᠪᠠᠨ ᠲᠦᠪᠯᠡᠷᠡᠭᠦᠯᠵᠦ᠂ ᠡᠮᠬᠢ ᠵᠢᠷᠤᠮ ᠲᠠᠢ ᠪᠠᠷ ᠠᠬᠢᠭᠤᠯᠤᠨ᠂ ᠮᠠᠨ ᠤ ᠣᠷᠣᠨ ᠤ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠪᠣᠯᠣᠨ ᠨᠢᠭᠡᠴᠡ ᠨᠢ ᠠᠵᠢᠯ ᠤᠨ ᠳᠤᠮᠳᠠ ᠪᠠᠨ ᠴᠢᠬᠤᠯᠠ ᠶᠡᠭᠡ ᠠᠰᠠᠭᠤᠳᠠᠯ ᠲᠤᠯᠭᠠᠷᠠᠪᠠᠯ᠂ ᠦᠪᠡᠷᠲᠡᠭᠡᠨ ᠵᠠᠰᠠᠬᠤ ᠣᠷᠣᠨ ᠤ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠦᠪᠦᠷ ᠮᠣᠩᠭᠤᠯ ᠤᠨ ᠤᠯᠤᠰ ᠤᠨ ᠭᠠᠶᠢᠯᠢ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠳᠤ ᠪᠠᠶᠢᠷᠢᠯᠠᠭᠤᠯᠪᠠ︶᠎ ᠲᠤ ᠴᠠᠭ ᠲᠣᠬᠠᠢ ᠳᠤᠨᠢ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map