ᠳᠡᠭᠡᠳᠦ ᠵᠡᠷᠭᠡ ᠶᠢᠨ ᠰᠤᠷᠭᠠᠭᠤᠯᠢ ᠶᠢᠨ ᠴᠢᠨᠠᠷᠯᠢᠭ ᠪᠦᠭᠡᠳ ᠲᠥᠷᠭᠡᠨ ᠬᠥᠭᠵᠢᠬᠦ ᠶᠢ ᠳᠡᠮᠵᠢᠵᠦ ᠠᠷᠠᠳ ᠲᠦᠮᠡᠨ ᠳᠤ ᠲᠠᠭᠠᠰᠢᠶᠠᠭᠳᠠᠭᠰᠠᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠢ ᠡᠷᠬᠢᠯᠡᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2017/7/4
                    ᠥᠪᠥᠷ ᠵᠠᠰᠠᠭ ᠲᠠᠷᠬᠠᠭᠠᠭᠰᠠᠨ ﹇2017﹈ 23 ᠳ᠋ᠤᠭᠠᠷ ᠲᠤᠭᠠᠳᠤ                          2017 ᠣᠨ ᠤ 2 ᠳ᠋ᠤᠭᠠᠷ ᠰᠠᠷ᠎ᠠ ᠶᠢᠨ 21᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠵᠢᠴᠢ ᠦᠪᠦᠷ ᠮᠣᠩᠭᠤᠯ ᠢ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠨᠢᠭᠡᠲᠦᠯᠲᠡᠢ ᠲᠦᠯᠦᠪᠯᠡᠨ ᠠᠬᠢᠭᠤᠯᠬᠤ ᠶᠢᠨ ᠲᠤᠰᠠᠳᠠ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠴᠢᠨᠠᠷᠯᠢᠭ ᠪᠦᠭᠡᠳ ᠲᠥᠷᠭᠡᠨ ᠬᠥᠭᠵᠢᠬᠦ ᠶᠢ ᠳᠡᠮᠵᠢᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠢ ᠡᠷᠬᠢᠯᠡᠬᠦ ᠲᠣᠬᠠᠢ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠳᠡᠭᠡᠳᠦ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠶᠡᠬᠡᠪᠡᠷ ᠬᠦᠮᠦᠵᠢᠭᠦᠯᠦᠨ᠎ᠡ      ︵ᠨᠢᠭᠡ︶ ᠶᠤᠰᠤ ᠮᠤᠷᠠᠯ ᠢ ᠡᠷᠬᠢᠮᠯᠡᠨ ᠴᠢᠳᠠᠪᠦᠷᠢᠲᠠᠨ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠡᠷᠬᠡᠪᠰᠢ ᠴᠢᠳᠠᠪᠤᠷᠢᠲᠠᠨ ᠬᠦᠮᠦᠵᠢᠭᠦᠯᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠭᠤᠣᠯ ᠪᠤᠯᠭᠠᠬᠤ ᠶᠢ ᠪᠠᠲᠤ ᠡᠵᠡᠮᠰᠢᠵᠦ᠂ ᠤᠯᠤᠰ ᠲᠥᠷᠥ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠬᠦᠰᠡᠯᠡᠩ ᠢᠲᠡᠭᠡᠯ ᠵᠣᠷᠢᠭ ᠢᠶᠠᠨ ᠬᠥᠪᠴᠢᠯᠡᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠶᠢ ᠴᠢᠳᠠᠪᠦᠷᠢᠲᠠᠨ ᠬᠦᠮᠦᠵᠢᠭᠦᠯᠬᠦ ᠶᠢᠨ ᠪᠦᠬᠦ ᠶᠠᠪᠤᠴᠠ ᠳᠤ ᠠᠭᠤᠰᠤᠯᠴᠠᠭᠤᠯᠤᠨ᠂ ᠵᠠᠯᠠᠭᠤ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠢᠯᠡᠳᠦᠯᠭᠡᠵᠢᠭᠦᠯᠬᠦ ᠴᠢᠳᠠᠪᠤᠷᠢ ᠪᠣᠯᠣᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠲᠡᠳᠡᠨᠦᠰ ᠢ ᠦᠨᠡᠨᠬᠦ ᠶᠤᠰᠤ ᠮᠤᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠢ ᠵᠠᠯᠭᠠᠮᠵᠢᠯᠠᠭᠴᠢ ᠪᠣᠯᠭᠠᠨ ᠬᠦᠮᠦᠵᠢᠭᠦᠯᠦᠨ᠎ᠡ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠤᠨ ᠰᠢᠰᠲ᠋ᠧᠮᠵᠢ ᠶᠢ ᠵᠢᠭᠠᠬᠤ ᠮᠠᠲ᠋ᠧᠷᠢᠶᠠᠯ ᠳᠤ ᠣᠷᠤᠭᠤᠯᠬᠤ᠂ ᠬᠢᠴᠢᠶᠡᠯ ᠤᠨ ᠲᠠᠩᠬᠢᠮ ᠳᠤ ᠣᠷᠤᠭᠤᠯᠬᠤ᠂ ᠰᠤᠷᠤᠭᠴᠢᠳ ᠤᠨ ᠤᠶᠤᠨ ᠲᠠᠷᠢᠬᠢᠨ ᠳᠤ ᠣᠷᠤᠭᠤᠯᠬᠤ ︽ᠭᠤᠷᠪᠠᠨ ᠣᠷᠤᠭᠤᠯᠬᠤ ᠠᠵᠢᠯ︾᠎ ᠢ ᠶᠡᠬᠡᠪᠡᠷ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠬᠢᠴᠢᠶᠡᠯ ᠤᠨ ᠦᠵᠡᠯ ᠰᠠᠨᠠᠭᠠᠲᠤ ᠴᠢᠨᠠᠷ᠂ ᠴᠢᠭᠯᠡᠭᠦᠯᠦᠯᠲᠦ ᠴᠢᠨᠠᠷ ᠪᠣᠯᠣᠨ ᠨᠦᠯᠦᠭᠡᠯᠡᠬᠦ ᠴᠢᠳᠠᠯ ᠢ ᠳᠡᠭᠡᠭᠰᠢᠯᠡᠭᠦᠯᠵᠦ᠂ ᠵᠠᠯᠠᠭᠤ ᠰᠤᠷᠤᠭᠴᠢᠳ ᠤᠨ ᠢᠷᠡᠭᠡᠳᠦᠢ ᠶᠢᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠳᠦᠷᠢᠮ ᠤᠨ ᠢᠲᠡᠭᠡᠯ ᠪᠣᠯᠣᠨ ᠰᠤᠶᠤᠯ ᠤᠨ ᠢᠲᠡᠭᠡᠯ ᠢ ᠦᠨᠡᠨᠬᠦ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢ ᠮᠡᠳᠡᠭᠦᠯᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠳᠡᠮᠵᠢᠵᠦ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ᠂ ᠲᠡᠷᠢᠭᠦᠨ ᠤ ᠵᠢᠱᠢᠶᠡᠴᠢ ᠬᠦᠮᠦᠰ᠂ ᠠᠬᠠᠮᠠᠳ ᠬᠤᠪᠢᠰᠬᠠᠯᠴᠢ᠂ ᠰᠢᠯᠢᠳᠡᠭ ᠡᠷᠳᠡᠮᠳᠡᠨ ᠮᠡᠷᠭᠡᠵᠢᠯᠲᠡᠨ᠂ ᠠᠮᠵᠢᠯᠲᠠ ᠤᠯᠤᠭᠰᠠᠳ ᠢ ᠰᠤᠷᠭᠠᠭᠤᠯᠢ ᠳᠤ ᠤᠷᠢᠨ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠬᠢᠴᠢᠶᠡᠯ ᠣᠷᠤᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠬᠥᠭᠵᠢᠯᠲᠡ ᠶᠢᠨ ᠪᠤᠲᠠᠲᠠᠢ ᠲᠠᠢ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠤᠯ ᠬᠦᠮᠦᠵᠢᠯ ᠢ ᠶᠡᠬᠡᠪᠡᠷ ᠦᠷᠨᠢᠭᠦᠯᠵᠦ᠂ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ︽ᠬᠤᠶᠠᠷ ᠬᠠᠮᠲᠤᠪᠠᠷ︾᠎ ᠤᠨ ᠭᠤᠣᠯ ᠰᠡᠳᠦᠪ ᠢ ᠣᠨᠣᠪᠴᠢᠲᠠᠢ ᠡᠵᠡᠮᠰᠢᠭᠦᠯᠦᠨ᠂ ︽ᠭᠤᠷᠪᠠᠨ ᠰᠠᠯᠵᠤ ᠪᠤᠯᠤᠰᠢ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ︽ᠲᠠᠪᠤᠨ ᠵᠥᠪᠰᠢᠶᠡᠷᠡᠬᠦ︾᠎ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠤᠯᠤᠰ ᠤᠨ ᠨᠢᠭᠡᠲᠦᠯ ᠪᠣᠯᠣᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠦᠪᠦᠷ ᠮᠣᠩᠭᠤᠯ ᠤᠨ ᠤᠶᠤᠲᠠᠳ ᠤᠨ ᠶᠤᠰᠤ ᠮᠤᠷᠠᠯ ᠤᠨ ᠬᠦᠮᠦᠵᠢᠯ ᠤᠨ ᠦᠪᠡᠷᠮᠢᠴᠡ ᠣᠨᠴᠠᠯᠢᠭ ᠢ ᠪᠣᠢ ᠪᠣᠯᠭᠠᠨ᠎ᠠ᠃      ︵ᠬᠤᠶᠠᠷ︶ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭᠯᠠᠯ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠯᠤᠭᠤᠳᠬᠤ ᠴᠢᠨᠠᠷᠲᠠᠢ ᠲᠤᠰᠬᠠᠢ ᠮᠡᠷᠭᠡᠵᠢᠯ ᠤᠨ ᠭᠠᠷᠴᠠᠭᠯᠠᠯ ᠤᠨ ᠳᠤᠲᠤᠷᠠᠬᠢ ᠪᠣᠢ ᠪᠦᠬᠦᠢ ᠲᠤᠰᠬᠠᠢ ᠮᠡᠷᠭᠡᠵᠢᠯ ︵ᠤᠯᠤᠰ ᠠᠴᠠ ᠡᠵᠡᠮᠰᠢᠵᠦ ᠪᠦᠬᠦᠢ ᠴᠡᠭ ᠤᠨ ᠲᠤᠰᠬᠠᠢ ᠮᠡᠷᠭᠡᠵᠢᠯ ᠠᠴᠠ ᠪᠤᠰᠤᠳ︶᠎ ᠢ ᠦᠪᠡᠰᠦᠪᠡᠨ ᠪᠠᠶᠢᠷᠢᠯᠠᠭᠤᠯᠬᠤ ᠶᠢ ᠳᠡᠮᠵᠢᠵᠦ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ᠂ ᠰᠢᠨ᠎ᠡ ᠬᠡᠯᠪᠡᠷᠢ ᠶᠢᠨ ᠲᠤᠨᠤᠭ ᠲᠥᠭᠦᠭᠡᠷᠦᠮᠵᠢ ᠶᠢ ᠦᠢᠯᠡᠳᠬᠦ᠂ ᠰᠢᠨ᠎ᠡ ᠡᠮ ᠡᠮᠨᠡᠯᠭᠡ ᠶᠢᠨ ᠰᠢᠨᠵᠢᠯᠡᠬᠦ ᠤᠬᠠᠭᠠᠨ᠂ ᠡᠬᠢ ᠪᠠᠶᠠᠯᠢᠭ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠵᠡᠷᠭᠡ ᠳᠡᠭᠡᠳᠦ ᠰᠢᠨ᠎ᠡ ᠮᠡᠷᠭᠡᠵᠢᠯ ᠤᠨ ᠲᠦᠷᠦᠯ ᠤᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠪᠣᠯᠣᠨ ᠢᠨᠲ᠋ᠧᠷ ᠰᠦᠯᠵᠢᠶ᠎ᠡ᠂ ᠪᠣᠬᠢᠷᠳᠤᠯ ᠦᠭᠡᠢ ᠠᠵᠤ ᠠᠬᠤᠢ᠂ ᠳᠣᠣᠷ᠎ᠠ ᠨᠡᠭᠦᠷᠡᠰᠦᠳᠦ᠋ᠷᠦᠭᠴᠢᠲᠦ ᠠᠵᠤ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ᠂ ᠠᠮᠢᠳᠤ ᠪᠤᠳᠠᠰ ᠤᠨ ᠡᠮ ᠡᠮᠨᠡᠯᠭᠡ ︵ᠮᠤᠩᠭᠤᠯ ᠬᠢᠲᠠᠳ ᠡᠮ ᠡᠮᠨᠡᠯᠭᠡ ᠪᠠᠭᠲᠠᠨ᠎ᠠ︶᠂ ᠮᠦᠩᠭᠦᠨ ᠭᠦᠢᠯᠭᠡᠭᠡᠨ ᠪᠠ ᠬᠦᠷᠦᠩᠭᠡ ᠶᠢᠨ ᠠᠵᠢᠯᠯᠠᠭᠠᠨ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ᠂ ᠡᠷᠡᠭᠦᠯᠵᠢᠯ ᠨᠠᠰᠤᠵᠢᠯ᠂ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠤᠯᠲᠠ ᠵᠡᠷᠭᠡ ᠦᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ᠂ ᠳᠠᠪᠠᠭᠤᠯᠢᠭ ᠣᠨᠴᠠᠯᠢᠭᠲᠤ ᠠᠵᠤ ᠦᠢᠯᠡᠰ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠯᠦᠭᠡ ᠵᠣᠬᠢᠴᠠᠭᠰᠠᠨ ᠲᠤᠰᠬᠠᠢ ᠮᠡᠷᠭᠡᠵᠢᠯ ᠢ ᠤᠷᠢᠳᠠᠪᠠᠷ ᠬᠥᠭᠵᠢᠭᠦᠯᠬᠦ ᠶᠢ ᠵᠣᠷᠢᠬᠵᠢᠭᠤᠯᠵᠤ᠂ ᠲᠤᠰᠬᠠᠢ ᠮᠡᠷᠭᠡᠵᠢᠯ ᠤᠨ ᠴᠡᠭ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠦᠪᠡᠷᠲᠡᠭᠡᠨ ᠵᠠᠰᠠᠬᠤ ᠣᠷᠣᠨ ᠤ ︽ᠰᠤᠷᠤᠯᠭ᠎ᠠ ᠶᠢᠨ ᠬᠤᠪᠢ ᠶᠢᠨ ᠳᠦᠷᠢᠮ︾᠎ ᠤᠨ ᠲᠣᠷᠰᠢᠯᠲᠠ ᠶᠢᠨ ᠴᠢᠬ ᠤᠨ ᠲᠣᠷᠰᠢᠯᠭ᠎ᠠ ᠶᠢ ᠬᠢᠨᠠᠮᠠᠭᠠᠢ ᠳ᠋ᠦ᠋ᠶᠢᠩᠨᠡᠵᠦ ᠲᠣᠯᠢᠳᠠᠭᠰᠠᠨ ᠰᠠᠭᠤᠷᠢᠨ ᠳᠡᠭᠡᠷ᠎ᠡ᠂ ᠲᠤᠰ ᠪᠡᠶ᠎ᠡ ᠶᠢᠨ ᠪᠤᠲᠠᠲᠠᠢ ᠲᠠᠢ ᠪᠠᠨ ᠤᠶᠠᠯᠳᠤᠭᠤᠯᠤᠨ ᠰᠤᠷᠤᠯᠭ᠎ᠠ ᠶᠢᠨ ᠬᠤᠪᠢ ᠶᠢᠨ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠬᠢᠴᠢᠶᠡᠯ᠂ ᠰᠤᠷᠤᠯᠴᠠᠬᠤ ᠠᠬᠢᠴᠠ ᠪᠠ ᠬᠢᠴᠢᠶᠡᠯᠯᠡᠬᠦ ᠪᠠᠭᠰᠢ ᠵᠡᠷᠭᠡ ᠪᠠᠨ ᠰᠤᠷᠤᠭᠴᠢᠳ ᠦᠪᠡᠰᠦᠪᠡᠨ ᠰᠤᠩᠭᠤᠬᠤ ᠲᠣᠭᠲᠠᠴᠠ ᠶᠢ ᠠᠯᠬᠤᠮ ᠠᠯᠬᠤᠮ ᠢᠶᠠᠷ ᠪᠣᠢ ᠪᠣᠯᠭᠠᠵᠤ᠂ ᠰᠤᠷᠤᠯᠭ᠎ᠠ ᠶᠢᠨ ᠬᠤᠪᠢ ᠶᠢᠨ ᠳᠦᠷᠢᠮ ᠯᠦᠭᠡ ᠢᠵᠢ ᠪᠦᠷᠢᠳᠦᠭᠦᠯᠦᠭᠰᠡᠨ ᠰᠤᠷᠤᠭᠴᠢ ᠶᠢᠨ ᠬᠠᠮᠢᠶᠠᠷᠤᠯᠲᠠ᠂ ᠰᠤᠷᠤᠯᠭ᠎ᠠ ᠶᠢᠨ ᠦᠨᠡᠯᠡᠯᠲᠡ᠂ ᠪᠠᠭᠰᠢ ᠶᠢᠨ ᠦᠨᠡᠯᠡᠯᠲᠡ ᠵᠡᠷᠭᠡ ᠳᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠬᠡᠰᠡᠭ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠬᠤᠪᠢ ᠶᠢᠨ ᠳᠦᠷᠢᠮ ᠢ ᠠᠯᠬᠤᠮ ᠠᠯᠬᠤᠮ ᠢᠶᠠᠷ ᠶᠠᠪᠤᠭᠳᠠᠭᠤᠯᠬᠤ ᠶᠢ ᠳᠡᠮᠵᠢᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠬᠢᠴᠢᠶᠡᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠳᠡᠮᠵᠢᠵᠦ᠂ ᠲᠤᠰᠬᠠᠢ ᠮᠡᠷᠭᠡᠵᠢᠯ ᠤᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠮᠣᠩᠭᠤᠯ ᠢᠶᠠᠷ ᠬᠢᠴᠢᠶᠡᠯᠯᠡᠬᠦ ᠰᠤᠷᠤᠭᠴᠢᠳ ᠢ ᠬᠦᠮᠦᠵᠢᠭᠦᠯᠬᠦ ᠶᠢᠨ ᠣᠯᠠᠨ ᠶᠠᠩᠵᠤᠴᠢᠯᠠᠭᠰᠠᠨ ᠵᠠᠭᠪᠤᠷ ᠢ ᠪᠠᠶᠢᠭᠤᠯᠤᠨ᠎ᠠ᠃      ︵ᠭᠤᠷᠪᠠ︶ ᠠᠰᠫᠢᠷᠠᠨᠲ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠦᠮᠦᠵᠢᠯ ᠤᠨ ᠬᠦᠮᠦᠵᠢᠭᠦᠯᠬᠦ ᠵᠠᠭᠪᠤᠷ ᠪᠣᠯᠣᠨ ᠲᠣᠭᠲᠠᠴᠠ ᠶᠢᠨ ᠦᠭᠡᠷᠡᠴᠢᠯᠡᠯᠲᠡ ᠶᠢ ᠠᠬᠢᠭᠤᠯᠬᠤ ᠶᠢ ᠵᠣᠷᠢᠬᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢ ᠤᠶᠠᠯᠳᠤᠭᠤᠯᠬᠤ ᠪᠠ ᠠᠵᠤ ᠦᠢᠯᠡᠰ ᠰᠤᠷᠭᠠᠨ ᠬᠦᠮᠦᠵᠢᠯ ᠢ ᠤᠶᠠᠯᠳᠤᠭᠤᠯᠬᠤ ᠶᠢ ᠪᠠᠷᠢᠮᠲᠠᠯᠠᠨ᠂ ᠨᠡᠯᠢᠶᠡᠳ ᠰᠢᠨ᠎ᠡ ᠶᠢ ᠡᠭᠦᠳᠬᠦ ᠪᠠ ᠦᠢᠯᠡᠳᠦᠯᠭᠡᠵᠢᠭᠦᠯᠬᠦ ᠴᠢᠳᠠᠪᠤᠷᠢ ᠲᠠᠢ ᠳᠡᠭᠡᠳᠦ ᠳᠡᠰ ᠳᠠᠪᠬᠤᠷᠭ᠎ᠠ ᠶᠢᠨ ᠬᠡᠷᠡᠭᠯᠡᠭᠡᠨ ᠤ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠵᠢᠯᠤᠭᠤᠳᠬᠤ ᠪᠠᠭᠰᠢ ᠶᠢᠨ ᠡᠷᠳᠡᠮ ᠰᠢᠨᠵᠢᠯᠡᠭᠡᠨ ᠤ ᠰᠤᠯᠢᠯᠴᠠᠭ᠎ᠠ᠂ ᠰᠤᠷᠪᠤᠯᠵᠢᠯᠠᠨ ᠰᠤᠷᠤᠯᠴᠠᠬᠤ ᠠᠵᠢᠯ ᠢ ᠦᠷᠨᠢᠭᠦᠯᠬᠦ ᠪᠠ ᠠᠵᠢᠯ ᠲᠦᠷᠦᠯ ᠠᠵᠤ ᠠᠬᠤᠶᠢᠯᠠᠯ ᠤᠨ ᠦᠢᠯᠡᠳᠦᠯᠭᠡ ᠳᠤ ᠣᠷᠤᠯᠴᠠᠬᠤ ᠶᠢ ᠵᠣᠷᠢᠬᠵᠢᠭᠤᠯᠤᠨ ᠳᠡᠮᠵᠢᠵᠦ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠤᠭᠤᠷᠤᠨᠲᠤ ᠪᠠᠨ ᠴᠢᠳᠠᠪᠤᠷᠢᠲᠠᠨ ᠤ ᠰᠤᠯᠢᠯᠴᠠᠭ᠎ᠠ ᠬᠢᠬᠦ ᠪᠠ ᠬᠠᠮᠲᠤᠪᠠᠷ ᠬᠦᠷᠲᠡᠬᠦ ᠶᠢ ᠴᠢᠩᠭᠠᠳᠬᠠᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠤᠨ᠂ ᠰᠤᠷᠭᠠᠭᠤᠯᠢ ᠪᠣᠯᠣᠨ ᠰᠤᠳᠤᠯᠭᠠᠨ ᠤ ᠭᠠᠵᠠᠷ᠂ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠤᠣᠰ ᠵᠢᠯᠤᠭᠤᠳᠬᠤ ᠪᠠᠭᠰᠢ ᠶᠢᠨ ᠳᠦᠷᠢᠮ ᠢ ᠲᠡᠭᠦᠯᠳᠡᠷᠵᠢᠭᠦᠯᠵᠦ᠂ ᠵᠢᠯᠤᠭᠤᠳᠬᠤ ᠪᠠᠭᠰᠢ ᠶᠢᠨ ᠡᠩᠨᠡᠭᠡ ᠶᠢᠨ ᠪᠦᠬᠦᠯᠢ ᠴᠤᠭᠴᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠰᠫᠢᠷᠠᠨᠲ ᠤᠨ ᠬᠢᠴᠢᠶᠡᠯ ᠬᠦᠮᠦᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠠᠰᠫᠢᠷᠠᠨᠲ ᠤᠨ ᠬᠤᠯᠪᠣᠭᠠᠯᠠᠨ ᠬᠦᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠨ᠎ᠡ᠃ ᠠᠰᠫᠢᠷᠠᠨᠲ ᠤᠨ ᠡᠷᠳᠡᠮ ᠰᠢᠨᠵᠢᠯᠡᠭᠡᠨ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠠᠵᠢᠯᠯᠠᠭ᠎ᠠ ᠦᠷᠨᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃ ᠠᠰᠫᠢᠷᠠᠨᠲ ᠤᠨ ᠰᠤᠷᠭᠠᠨ ᠬᠦᠮᠦᠵᠢᠯ ᠤᠨ ᠶᠠᠰᠤ ᠴᠢᠨᠠᠷ ᠤᠨ ᠬᠢᠨᠠᠯᠲᠠ ᠲᠠᠯᠪᠢᠯᠲᠠ ᠪᠠ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳ᠋ᠣᠺᠲ᠋ᠣᠷ᠂ ᠮᠠᠭᠢᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠪᠠ ᠲᠤᠰᠬᠠᠶᠢᠯᠠᠨ ᠦᠨᠡᠯᠡᠨ ᠵᠢᠱᠢᠬᠦ ᠠᠵᠢᠯ ᠢ ᠦᠷᠨᠢᠭᠦᠯᠦᠨ᠂ ᠳ᠋ᠣᠺᠲ᠋ᠣᠷ᠂ ᠮᠠᠭᠢᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠬᠦᠳᠡᠯᠦᠩᠭᠦᠢ ᠪᠠᠷ ᠲᠣᠬᠢᠷᠠᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠬᠡᠷᠡᠭᠵᠢᠭᠦᠯᠦᠨ᠎ᠡ᠃ ᠮᠠᠭᠢᠰᠲ᠋ᠧᠷ ᠤᠨ ᠡᠷᠳᠡᠮ ᠤᠨ ᠴᠣᠯᠠ ᠬᠠᠮᠠᠭᠠᠯᠠᠬᠤ ᠦᠭᠦᠯᠡᠯ ᠤᠨ ᠰᠤᠭᠤᠴᠠᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠦᠪᠡᠷᠲᠡᠭᠡᠨ ᠵᠠᠰᠬᠠᠤ ᠣᠷᠣᠨ ᠤ ᠰᠢᠯᠢᠳᠡᠭ ᠳ᠋ᠣᠺᠲ᠋ᠣᠷ᠂ ᠮᠠᠭᠢᠰᠲ᠋ᠧᠷ ᠤᠨ ᠡᠷᠳᠡᠮ ᠤᠨ ᠴᠣᠯᠠ ᠬᠠᠮᠠᠭᠠᠯᠠᠬᠤ ᠦᠭᠦᠯᠡᠯ ᠢ ᠰᠤᠩᠭᠤᠨ ᠰᠢᠯᠭᠠᠷᠠᠭᠤᠯᠤᠨ᠎ᠠ᠃      ︵ᠳᠥᠷᠪᠡ︶ ᠵᠢᠩᠭᠢᠨᠢ ᠠᠩᠭᠢ ᠶᠢᠨ ᠵᠢᠭᠠᠨ ᠰᠤᠷᠭᠠᠯᠲᠠ ᠶᠢᠨ ᠬᠢᠨᠠᠨ ᠬᠠᠷᠭᠤᠭᠤᠯᠵᠤ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ᠬᠡᠰᠡᠭ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠬᠢᠨᠠᠨ ᠬᠠᠷᠭᠤᠭᠤᠯᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃ ᠦᠨᠡᠯᠡᠨ ᠵᠢᠱᠢᠬᠦ ᠪᠠᠷ ᠠᠨᠢᠰᠤ ᠪᠣᠯᠭᠠᠨ᠂ ︽ᠳᠦᠷᠪᠡᠨ ᠬᠡᠮᠵᠢᠶ᠎ᠡ︾᠎ ᠶᠢᠨ ᠭᠤᠣᠯ ᠱᠤᠭᠤᠮ ᠤᠨ ᠲᠣᠭᠤᠷᠢᠨ ᠳᠤ ᠰᠤᠷᠭᠠᠭᠤᠯᠢ ᠡᠷᠬᠢᠯᠡᠬᠦ ᠶᠢᠨ ᠪᠠᠶᠢᠷᠢ ᠲᠣᠭᠲᠠᠭᠠᠯᠲᠠ ᠬᠢᠭᠡᠳ ᠴᠢᠳᠠᠪᠤᠷᠢᠲᠠᠨ ᠬᠦᠮᠦᠵᠢᠭᠦᠯᠬᠦ ᠬᠠᠷᠠᠯᠲᠠ ᠪᠠᠨ ᠤᠯᠠᠮ ᠨᠢᠭᠡ ᠠᠯᠬᠤᠮ ᠲᠣᠬᠢᠷᠠᠭᠤᠯᠤᠨ ᠲᠤᠳᠤᠷᠬᠠᠶᠢᠯᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠪᠠᠶᠢᠳᠠᠯ ᠢ ᠰᠠᠶᠢᠵᠢᠷᠠᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠰᠤᠷᠭᠠᠭᠤᠯᠢ ᠡᠷᠬᠢᠯᠡᠬᠦ ᠶᠢᠨ ᠪᠠᠶᠢᠷᠢ ᠲᠣᠭᠲᠠᠭᠠᠯᠲᠠ ᠪᠠ ᠴᠢᠳᠠᠪᠤᠷᠢᠲᠠᠨ ᠬᠦᠮᠦᠵᠢᠭᠦᠯᠬᠦ ᠬᠠᠷᠠᠯᠲᠠ ᠶᠢᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠬᠤ ᠬᠡᠮᠵᠢᠶ᠎ᠡ᠂ ᠪᠠᠭᠰᠢ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠨᠢ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠭᠦᠯᠬᠦ ᠳᠤ ᠪᠠᠲᠤᠯᠠᠭ᠎ᠠ ᠦᠵᠡᠭᠦᠯᠬᠦ ᠬᠡᠮᠵᠢᠶ᠎ᠡ᠂ ᠰᠤᠷᠤᠭᠴᠢ ᠪᠠ ᠨᠡᠶᠢᠭᠡᠮ ᠤᠨ ᠬᠦᠮᠦᠨ ᠬᠡᠷᠡᠭᠯᠡᠬᠦ ᠨᠢᠭᠡᠴᠡ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ᠂ ᠵᠢᠭᠠᠨ ᠰᠤᠷᠭᠠᠯᠲᠠ ᠪᠠ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠠᠵᠢᠯᠯᠠᠭᠠᠨ ᠤ ᠦᠷ᠎ᠡ ᠪᠦᠲᠦᠮᠵᠢᠲᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠴᠢᠳᠠᠪᠤᠷᠢᠲᠠᠨ ᠬᠦᠮᠦᠵᠢᠭᠦᠯᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ︵ᠲᠠᠪᠤ︶ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠰᠤᠷᠭᠠᠨ ᠬᠦᠮᠦᠵᠢᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ᠂ ᠬᠦᠮᠦᠵᠢᠭᠦᠯᠬᠦ ᠪᠠ ᠠᠵᠢᠯ ᠣᠯᠭᠤᠵᠣ ᠠᠳᠠᠯ ᠦᠢᠯᠡᠰ ᠴᠤᠭᠴᠠᠯᠠᠬᠤ ᠶᠢᠨ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠥᠷᠦᠯ ᠢᠯᠭᠠᠯ ᠶᠤᠰᠤᠭᠠᠷ ᠰᠤᠷᠤᠭᠴᠢ ᠡᠯᠰᠡᠬᠦ ᠪᠠ ᠬᠦᠮᠦᠵᠢᠭᠦᠯᠬᠦ ᠶᠢ ᠵᠣᠷᠢᠬᠵᠢᠭᠤᠯᠤᠨ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠪᠠᠶᠢᠭᠤᠯᠤᠨ᠎ᠠ᠃ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠰᠢᠨ᠎ᠡ ᠶᠢ ᠡᠭᠦᠳᠦᠨ ᠠᠳᠠᠯ ᠦᠢᠯᠡᠰ ᠴᠤᠭᠴᠠᠯᠠᠬᠤ ᠴᠢᠳᠠᠪᠤᠷᠢ ᠶᠢ ᠬᠦᠮᠦᠵᠢᠭᠦᠯᠬᠦ ᠶᠢ ᠠᠭᠤᠰᠤᠯᠴᠠᠭᠤᠯᠤᠭᠰᠠᠨ ᠰᠢᠨ᠎ᠡ ᠴᠢᠳᠠᠪᠤᠷᠢᠲᠠᠨ ᠬᠦᠮᠦᠵᠢᠭᠦᠯᠬᠦ ᠲᠦᠰᠦᠯ ᠢ ᠲᠣᠭᠲᠠᠭᠠᠨ ᠲᠡᠭᠦᠯᠳᠡᠷᠵᠢᠭᠦᠯᠵᠦ᠂ ᠳᠡᠰ ᠳᠠᠷᠠᠭᠠᠯᠠᠯ ᠢᠶᠠᠷ ᠢᠶᠠᠨ ᠳᠠᠪᠰᠢᠨ ᠠᠬᠢᠵᠤ᠂ ᠤᠷᠭᠠᠨᠢᠭ ᠢᠶᠠᠷ ᠵᠤᠯᠭᠠᠭᠤᠯᠤᠭᠰᠠᠨ᠂ ᠰᠢᠨᠵᠢᠯᠡᠬᠦ ᠤᠬᠠᠭᠠᠨᠴᠢ ᠪᠦᠭᠡᠳ ᠵᠦᠢ ᠵᠣᠬᠢᠰᠲᠠᠢ ᠪᠠᠷ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠰᠤᠷᠭᠠᠨ ᠬᠦᠮᠦᠵᠢᠯ ᠤᠨ ᠲᠤᠰᠬᠠᠢ ᠬᠢᠴᠢᠶᠡᠯ ᠤᠨ ᠰᠦᠷᠦᠭᠵᠢᠯ ᠢ ᠪᠠᠶᠢᠭᠤᠯᠤᠨ᠂ ᠠᠵᠢᠯ ᠣᠯᠭᠤᠵᠣ ᠠᠳᠠᠯ ᠦᠢᠯᠡᠰ ᠴᠤᠭᠴᠠᠯᠠᠬᠤ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠬᠦᠮᠦᠵᠢᠭᠦᠯᠬᠦ ᠵᠠᠭᠪᠤᠷ ᠢ ᠪᠣᠢ ᠪᠣᠯᠭᠠᠵᠤ᠂ ᠴᠢᠳᠠᠪᠤᠷᠢᠲᠠᠨ ᠬᠦᠮᠦᠵᠢᠭᠦᠯᠬᠦ ᠶᠢ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠠᠳᠠᠯ ᠦᠢᠯᠡᠰ ᠴᠤᠭᠴᠠᠯᠠᠵᠤ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠵᠠᠯᠭᠠᠯᠳᠤᠭᠤᠯᠬᠤ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠨᠢᠭᠡ ᠪᠦᠯᠦᠭ ᠤᠶᠤᠲᠠᠳ ᠤᠨ ᠰᠤᠷᠭᠠᠭᠤᠯᠢ ᠶᠢᠨ ᠭᠠᠳᠠᠨ᠎ᠠ ᠦᠢᠯᠡᠳᠦᠯᠭᠡᠵᠢᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠠᠳᠠᠯ ᠦᠢᠯᠡᠰ ᠴᠤᠭᠴᠠᠯᠠᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠳᠠᠯ ᠦᠢᠯᠡᠰ ᠴᠤᠭᠴᠠᠯᠠᠬᠤ ᠶᠢᠨ ᠳᠠᠳᠤᠯᠭ᠎ᠠ ᠬᠢᠬᠦ ᠰᠠᠭᠤᠷᠢᠨ ᠭᠠᠵᠠᠷ᠂ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠤᠭᠴᠠᠯᠠᠬᠤ ᠳᠠᠳᠤᠯᠭ᠎ᠠ ᠶᠢᠨ ᠰᠠᠭᠤᠷᠢᠨ ᠭᠠᠵᠠᠷ ᠵᠡᠷᠭᠡ ᠶᠢ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ ᠪᠣᠯᠪᠠᠰᠤᠷᠠᠭᠤᠯᠤᠯ ᠤᠨ ᠲᠦᠯᠦᠪᠯᠡᠭᠡ ᠶᠢ ᠦᠪᠡᠰᠦᠪᠡᠨ ᠨᠠᠶᠢᠷᠠᠭᠤᠯᠤᠨ ᠵᠣᠬᠢᠶᠠᠬᠤ ᠪᠤᠶᠤ ᠨᠦᠬᠦᠴᠡᠯ ᠲᠠᠢ ᠰᠤᠷᠭᠠᠨ ᠬᠦᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ᠂ ᠣᠯᠠᠨ ᠲᠦᠮᠡᠨᠴᠢ ᠪᠦᠯᠭᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠯᠤᠭ᠎ᠠ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠲᠦᠷᠦᠯ ᠵᠦᠢᠯ ᠢ ᠬᠤᠯᠪᠣᠭᠠᠯᠠᠨ ᠨᠡᠭᠡᠭᠡᠨ ᠬᠥᠭᠵᠢᠭᠦᠯᠬᠦ ᠶᠢ ᠵᠣᠷᠢᠬᠵᠢᠭᠤᠯᠤᠨ᠎ᠠ᠃ ᠲᠤᠮᠤ ᠠᠵᠤ ᠠᠬᠤᠶᠢᠯᠠᠯ ᠤᠨ ᠲᠦᠭ ᠲᠦᠮᠡᠨ ᠢᠶᠠᠷ ᠢᠶᠠᠨ ᠠᠳᠠᠯ ᠦᠢᠯᠡᠰ ᠴᠤᠭᠴᠠᠯᠠᠬᠤ ᠳᠤ ᠦᠢᠯᠡᠴᠢᠯᠡᠬᠦ ᠨᠡᠭᠡᠭᠡᠯᠲᠡᠲᠦ ᠰᠢᠨ᠎ᠡ ᠶᠢ ᠡᠭᠦᠳᠬᠦ ᠲᠡᠪᠴᠡᠩ ᠢ ᠪᠠᠶᠢᠭᠤᠯᠬᠤ ᠶᠢ ᠵᠣᠷᠢᠬᠵᠢᠭᠤᠯᠵᠤ᠂ ᠨᠡᠶᠢᠭᠡᠮ ᠤᠨ ᠬᠦᠴᠦᠨ ᠴᠢᠳᠠᠯ ᠤᠨ ᠬᠢᠨ ᠤ ᠠᠳᠠᠯ ᠦᠢᠯᠡᠰ ᠴᠤᠭᠴᠠᠯᠠᠬᠤ ᠰᠠᠯᠤᠨ᠂ ᠠᠳᠠᠯ ᠦᠢᠯᠡᠰ ᠴᠤᠭᠴᠠᠯᠠᠬᠤ ᠶᠠᠷᠢᠶᠠᠨ ᠤ ᠲᠠᠩᠬᠢᠮ᠂ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠭᠠᠵᠠᠷ ᠵᠡᠷᠭᠡ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠠᠵᠢᠯᠯᠠᠭ᠎ᠠ ᠡᠷᠬᠢᠯᠡᠬᠦ ᠶᠢ ᠳᠡᠮᠵᠢᠨ᠎ᠡ᠃      ᠬᠤᠶᠠᠷ᠂ ︽ᠬᠤᠣᠰ ᠲᠡᠷᠢᠭᠦᠨ ᠤ ᠳᠡᠰ︾᠎ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ︽ᠬᠤᠣᠰ ᠲᠡᠷᠢᠭᠦᠨ ᠤ ᠳᠡᠰ︾᠎ ᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠣᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠢ ᠪᠦᠲᠦᠭᠡᠨ ᠪᠠᠶᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠣᠳᠤᠯᠭ᠎ᠠ ᠶᠢᠨ ᠰᠢᠢᠳᠪᠦᠷᠢᠲᠦ ᠪᠣᠳᠣᠯᠭ᠎ᠠ ᠪᠠ ᠤᠯᠤᠰ ᠤᠨ ᠳᠤᠲᠤᠭᠠᠲᠤ ᠪᠣᠯᠣᠨ ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠬᠤ ᠲᠣᠬᠠᠢ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ᠶᠠᠮᠦᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ︽ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠣᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠬᠤ ᠶᠢᠨ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ︵ᠰᠤᠷᠭᠠᠨ ᠰᠤᠳᠤᠯᠭᠠᠨ ﹇2017﹈ 2 ᠳ᠋ᠤᠭᠠᠷ ᠲᠣᠭᠠᠲᠤ︶᠎ ᠶᠢ ᠬᠢᠨᠠᠮᠠᠭᠠᠢ ᠬᠡᠷᠡᠭᠵᠢᠭᠦᠯᠦᠨ᠂ ᠰᠤᠷᠭᠠᠭᠤᠯᠢ ᠶᠢᠨ ᠬᠢᠨ ᠤ ᠤᠯᠤᠰ ᠤᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠣᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠬᠤ ᠠᠵᠠ ᠳᠣᠬᠢᠶᠠᠯ ᠢ ᠴᠢᠩᠭ᠎ᠠ ᠡᠵᠡᠮᠰᠢᠬᠦ ᠶᠢ ᠳᠡᠮᠵᠢᠵᠦ᠂ ︽ᠤᠯᠤᠰ ᠤᠨ ᠳᠤᠲᠤᠭᠠᠲᠤ ᠶᠢᠨ ᠲᠡᠷᠢᠭᠦᠨ ᠤ ᠳᠡᠰ ᠢ ᠴᠢᠷᠮᠠᠶᠢᠨ ᠡᠭᠦᠳᠴᠦ᠂ ᠳᠡᠯᠡᠬᠡᠢ ᠶᠢᠨ ᠬᠢᠷᠢ ᠬᠡᠮᠵᠢᠶ᠎ᠡ ᠳᠤ ᠬᠠᠨᠳᠤᠭᠤᠯᠬᠤ︾ ᠪᠦᠲᠦᠭᠡᠨ ᠪᠠᠶᠢᠭᠤᠯᠤᠯᠲᠠ ᠶᠢᠨ ᠰᠡᠳᠬᠢᠮᠵᠢ ᠶᠤᠰᠤᠭᠠᠷ᠂ ᠦᠪᠡᠷᠲᠡᠭᠡᠨ ᠵᠠᠰᠬᠠᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠢᠨ᠎ᠡ ᠬᠢᠷᠢ ᠬᠡᠮᠵᠢᠶ᠎ᠡ ᠳᠤ ᠬᠦᠷᠦᠭᠦᠯᠬᠦ ᠶᠢ ᠠᠬᠢᠭᠤᠯᠤᠨ᠎ᠠ᠃ ᠮᠠᠨ ᠤ ᠣᠷᠣᠨ ᠤ ︽ᠬᠤᠣᠰ ᠲᠡᠷᠢᠭᠦᠨ ᠤ ᠳᠡᠰ︾᠎ ᠤᠨ ᠪᠦᠲᠦᠭᠡᠨ ᠪᠠᠶᠢᠭᠤᠯᠤᠯᠲᠠ ᠶᠢᠨ ᠪᠤᠲᠠᠲᠠᠢ ᠠᠷᠭ᠎ᠠ ᠶᠢ ᠲᠣᠭᠲᠠᠭᠠᠬᠤ ᠪᠠ ᠬᠡᠷᠡᠭᠵᠢᠭᠦᠯᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠦᠭᠡᠷᠡᠴᠢᠯᠡᠯᠲᠡ ᠶᠢᠨ ᠡᠭᠦᠷᠭᠡ ᠪᠠ ᠪᠠᠲᠤᠯᠠᠭ᠎ᠠ ᠬᠢᠨᠠᠯᠲᠠ ᠲᠠᠯᠪᠢᠯᠲᠠ ᠵᠡᠷᠭᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ 4 — 6 ᠶᠡᠭᠡ ᠰᠤᠷᠭᠠᠭᠤᠯᠢ ᠪᠣᠯᠣᠨ 50 ᠰᠢᠬᠠᠮ ᠤᠨ ᠬᠢᠴᠢᠶᠡᠯ ᠰᠢᠨᠵᠢᠯᠡᠭᠡᠨ ᠢ ᠲᠤᠰ ᠵᠠᠭᠤᠨ ᠤ ᠳᠤᠮᠳᠠᠴᠢ ᠦᠶ᠎ᠡ ᠪᠠᠷ ᠤᠯᠤᠰ ᠤᠨ ᠳᠤᠲᠤᠭᠠᠲᠤ ᠶᠢᠨ ᠲᠡᠷᠢᠭᠦᠨ ᠤ ᠳᠡᠰ ᠤᠨ ᠡᠩᠨᠡᠭᠡᠨ ᠳᠤ ᠣᠷᠤᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ ᠦᠪᠦᠷ ᠮᠣᠩᠭᠤᠯ ᠤᠨ ᠶᠡᠭᠡ ᠰᠤᠷᠭᠠᠭᠤᠯᠢ ᠶᠢ 10 ᠵᠢᠯ ᠤᠨ ᠳᠠᠷᠠᠭ᠎ᠠ ᠤᠯᠤᠰ ᠤᠨ ᠲᠤᠳᠤᠭᠠᠲᠤ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠭᠠᠬᠤ ᠶᠢ ᠭᠤᠣᠯᠳᠠᠯᠭ᠎ᠠ ᠲᠠᠢ ᠳᠡᠮᠵᠢᠵᠦ᠂ ᠡᠷᠲᠡ ᠨᠢᠭᠡᠨ ᠡᠳᠦᠷ ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠶᠢᠨ ᠬᠢᠷᠢ ᠬᠡᠮᠵᠢᠶ᠎ᠡ ᠳᠤ ᠬᠦᠷᠦᠭᠦᠯᠬᠦ ᠪᠠᠷ ᠴᠢᠷᠮᠠᠶᠢᠨ᠂ 10 ᠰᠢᠬᠠᠮ ᠤᠨ ᠬᠢᠴᠢᠶᠡᠯ ᠰᠢᠨᠵᠢᠯᠡᠭᠡᠨ ᠢ ᠳᠡᠯᠡᠬᠡᠢ ᠶᠢᠨ ᠲᠡᠷᠢᠭᠦᠨ ᠤ ᠳᠡᠰ ᠤᠨ ᠬᠢᠷᠢ ᠬᠡᠮᠵᠢᠶ᠎ᠡ ᠳᠤ ᠠᠯᠬᠤᠮ ᠠᠯᠬᠤᠮ ᠢᠶᠠᠷ ᠴᠢᠷᠮᠠᠶᠢᠨ ᠬᠦᠷᠦᠭᠦᠯᠦᠨ᠎ᠡ᠃ 2020 ᠣᠨ ᠪᠤᠯᠲᠠᠯ᠎ᠠ᠂ ᠦᠨᠳᠦᠰᠦᠲᠡᠨ ᠤ ᠰᠤᠳᠤᠯᠭᠠᠨ᠂ ᠳᠤᠮᠳᠠᠳᠤ ᠤᠯᠤᠰ ᠤᠨ ᠬᠡᠯᠡ ᠤᠳᠬ᠎ᠠ ᠵᠣᠬᠢᠶᠠᠯ ︵ᠮᠤᠩᠭᠤᠯ ᠬᠡᠯᠡ ᠤᠳᠬ᠎ᠠ ᠵᠣᠬᠢᠶᠠᠯ︶᠂ ᠳᠤᠮᠳᠠᠳᠤ ᠤᠯᠤᠰ ᠤᠨ ᠲᠡᠦᠬᠡ᠂ ᠬᠢᠮᠢ᠂ ᠠᠮᠢᠳᠤ ᠪᠤᠳᠠᠰ ᠤᠨ ᠤᠬᠠᠭᠠᠨ᠂ ᠠᠮᠢ ᠠᠬᠤᠢ ᠶᠢᠨ ᠤᠬᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠦᠬᠡ᠂ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ ︵ᠬᠤᠪᠣᠷ ᠰᠢᠷᠤᠢ ᠶᠢᠨ ᠢᠨᠵᠧᠨᠧᠷᠢᠩ ᠪᠠᠭᠲᠠᠨ᠎ᠠ︶᠂ ᠬᠢᠮᠢ ᠶᠢᠨ ᠢᠨᠵᠧᠨᠧᠷᠢᠩ ᠪᠠ ᠮᠡᠷᠭᠡᠵᠢᠯ ︵ᠬᠤᠪᠣᠷ ᠰᠢᠷᠤᠢ ᠶᠢᠨ ᠢᠨᠵᠧᠨᠧᠷᠢᠩ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠬᠦᠳᠡᠭᠡ ᠠᠵᠤ ᠠᠬᠤᠢ ᠶᠢᠨ ᠢᠨᠵᠧᠨᠧᠷᠢᠩ᠂ ᠢᠳᠡᠭᠡᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠮᠠᠯ ᠠᠵᠤ ᠠᠬᠤᠢ ᠶᠢᠨ ᠤᠬᠠᠭᠠᠨ᠂ ᠣᠢ ᠰᠢᠭᠤᠢ ᠶᠢᠨ ᠰᠤᠳᠤᠯᠭᠠᠨ᠂ ᠡᠪᠡᠰᠦ ᠪᠡᠯᠴᠢᠭᠡᠷ ᠤᠨ ᠰᠤᠳᠤᠯᠭᠠᠨ᠂ ᠮᠤᠩᠭᠤᠯ ᠠᠨᠠᠭᠠᠬᠤ ᠤᠬᠠᠭᠠᠨ ᠂ ᠮᠤᠩᠭᠤᠯ ᠡᠮ ᠤᠨ ᠤᠬᠠᠭᠠᠨ ᠵᠡᠷᠭᠡ 16 ᠰᠢᠬᠠᠮ ᠤᠨ ᠬᠢᠴᠢᠶᠡᠯ ᠰᠢᠨᠵᠢᠯᠡᠭᠡᠨ ᠢ ᠤᠯᠤᠰ ᠤᠨ ᠳᠤᠲᠤᠭᠠᠲᠤ ᠶᠢᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠡᠩᠨᠡᠭᠡ ᠳᠤ ᠣᠷᠤᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠂ ᠡᠭᠦᠨ ᠳᠤ ᠦᠨᠳᠦᠰᠦᠲᠡᠨ ᠤ ᠰᠤᠳᠤᠯᠭᠠᠨ᠂ ᠳᠤᠮᠳᠠᠳᠤ ᠤᠯᠤᠰ ᠤᠨ ᠬᠡᠯᠡ ᠤᠳᠬ᠎ᠠ ᠵᠣᠬᠢᠶᠠᠯ ︵ᠮᠣᠩᠭᠤᠯ ᠬᠡᠯᠡ ᠤᠳᠬ᠎ᠠ ᠵᠣᠬᠢᠶᠠᠯ︶᠂ ᠠᠮᠢᠳᠤ ᠪᠤᠳᠠᠰ ᠤᠨ ᠤᠬᠠᠭᠠᠨ᠂ ᠮᠤᠩᠭᠤᠯ ᠠᠨᠠᠭᠠᠬᠤ ᠤᠬᠠᠭᠠᠨ᠂ ᠮᠣᠩᠭᠤᠯ ᠡᠮ ᠤᠨ ᠤᠬᠠᠭᠠᠨ ᠵᠡᠷᠭᠡ 5 ᠰᠢᠬᠠᠮ ᠤᠨ ᠬᠢᠴᠢᠶᠡᠯ ᠰᠢᠨᠵᠢᠯᠡᠭᠡᠨ ᠢ ᠤᠯᠤᠰ ᠤᠨ ᠳᠣᠲᠤᠭᠠᠲᠤ ᠶᠢᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠲᠡᠷᠢᠭᠦᠨ ᠤ ᠡᠩᠨᠡᠭᠡ ᠳᠤ ᠣᠷᠣᠭᠤᠯᠬᠤ ᠪᠠᠷ ᠴᠢᠷᠮᠠᠶᠢᠨ᠎ᠠ᠃      ︵ᠬᠤᠶᠠᠷ︶ ︽ᠦᠨᠳᠦᠷ ᠬᠡᠷᠡᠭᠴᠡᠭᠡᠨ ᠤ ᠬᠢᠴᠢᠶᠡᠯ ᠰᠢᠨᠵᠢᠯᠡᠭᠡᠨ︾᠎ ᠢ ᠬᠦᠴᠦᠯᠡᠨ ᠪᠣᠢ ᠪᠣᠯᠭᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠪᠠ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠲᠠᠢ ᠪᠠᠷ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ ᠶᠢ ᠳᠡᠮᠵᠢᠵᠦ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠴᠢᠩᠭ᠎ᠠ ᠠᠵᠢᠭᠯᠠᠨ᠂ ᠲᠤᠰ ᠪᠡᠶ᠎ᠡ ᠶᠢᠨ ᠰᠤᠷᠭᠠᠭᠤᠯᠢ ᠡᠷᠬᠢᠯᠡᠬᠦ ᠳᠠᠪᠠᠭᠤᠯᠢᠭ ᠪᠠ ᠦᠪᠡᠷᠮᠢᠴᠡ ᠣᠨᠴᠠᠯᠢᠭ ᠢᠶᠠᠨ ᠳᠤᠪᠤᠶᠢᠯᠭᠠᠵᠤ᠂ ︽ᠶᠡᠷᠦᠮᠳᠡᠭ ᠬᠡᠷᠡᠭᠴᠡᠭᠡᠨ ᠤ ᠬᠢᠴᠢᠶᠡᠯ ᠰᠢᠨᠵᠢᠯᠡᠭᠡᠨ︾᠎ ᠢ ᠪᠠᠭᠠᠰᠬᠠᠨ᠂ ᠨᠡᠩ ᠣᠯᠠᠨ ︽ᠦᠨᠳᠦᠷ ᠬᠡᠷᠡᠭᠴᠡᠭᠡᠨ ᠤ ᠬᠢᠴᠢᠶᠡᠯ ᠰᠢᠨᠵᠢᠯᠡᠭᠡᠨ︾᠎ ᠢ ᠪᠣᠢ ᠪᠣᠯᠭᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠯᠢ ᠶᠢ ᠨᠢ ᠬᠢᠵᠦ ᠪᠣᠯᠬᠤ ᠪᠠ ᠦᠯᠦ ᠬᠢᠵᠦ ᠪᠣᠯᠬᠤ ᠪᠦᠲᠦᠭᠡᠨ ᠪᠠᠶᠢᠭᠤᠯᠤᠯᠲᠠ ᠶᠢᠨ ᠵᠠᠷᠴᠢᠮ ᠶᠣᠰᠤᠭᠠᠷ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠦᠴᠦᠨ ᠴᠢᠳᠠᠯ ᠢᠶᠠᠨ ᠲᠦᠪᠯᠡᠷᠡᠭᠦᠯᠦᠨ᠂ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ ᠢ ᠪᠣᠢ ᠪᠣᠯᠭᠠᠵᠤ᠂ ᠬᠢᠴᠢᠶᠡᠯ ᠰᠢᠨᠵᠢᠯᠡᠭᠡᠨ ᠤ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠵᠣᠷᠢᠬᠵᠢᠭᠤᠯᠤᠨ᠎ᠠ᠃ ᠦᠪᠦᠷ ᠮᠣᠩᠭᠤᠯ ᠤᠨ ᠠᠨᠠᠭᠠᠬᠤ ᠤᠬᠠᠭᠠᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠦᠪᠡᠷᠲᠡᠭᠡᠨ ᠵᠠᠰᠬᠠᠤ ᠣᠷᠣᠨ ᠤ ᠳᠡᠰ ᠤᠨ ᠳ᠋ᠣᠺᠲ᠋ᠣᠷ ᠤᠨ ᠨᠢᠭᠡᠴᠡ ᠶᠢᠨ ᠰᠡᠳᠦᠪ ᠲᠣᠭᠲᠠᠭᠠᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃ ᠦᠪᠦᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠤᠯᠠᠭᠠᠠᠬᠠᠳᠠ ᠳᠡᠭᠡᠳᠦ ᠰᠤᠷᠭᠠᠭᠤᠯᠢ᠂ ᠬᠦᠯᠦᠨ ᠪᠤᠶᠢᠷ ᠳᠡᠭᠡᠳᠦ ᠰᠤᠷᠭᠠᠭᠤᠯᠢ ᠵᠡᠷᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠳ᠋ᠣᠺᠲ᠋ᠣᠷ᠂ ᠠᠰᠫᠢᠷᠠᠨᠲ ᠤᠨ ᠨᠢᠭᠡᠴᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠤᠨ ᠰᠢᠨ᠎ᠡ ᠨᠢᠭᠡᠨ ᠡᠭᠡᠯᠵᠢ ᠶᠢᠨ ᠳ᠋ᠣᠺᠲ᠋ᠣᠷ᠂ ᠠᠰᠫᠢᠷᠠᠨᠲ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠬᠠᠷᠭᠤᠭᠤᠯᠬᠤ ᠳᠤᠮᠳᠠ᠂ ᠳ᠋ᠣᠺᠲ᠋ᠣᠷ᠂ ᠠᠰᠫᠢᠷᠠᠨᠲ ᠤᠨ ᠡᠷᠬᠡ ᠣᠯᠭᠤᠬᠤ ᠬᠢᠴᠢᠶᠡᠯ ᠰᠢᠨᠵᠢᠯᠡᠭᠡᠨ ᠪᠠ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠪᠠᠨ ᠤᠯᠠᠮ ᠨᠢᠭᠡ ᠠᠯᠬᠤᠮ ᠥᠷᠭᠡᠳᠭᠡᠬᠦ ᠶᠢ ᠳᠡᠮᠵᠢᠵᠦ᠂ ᠦᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠡᠷᠬᠡ ᠣᠯᠭᠤᠬᠤ ᠶᠢᠨ ᠬᠤᠭᠤᠰᠤᠨ ᠢ ᠴᠢᠷᠮᠠᠶᠢᠨ ᠨᠦᠬᠦᠵᠦ᠂ ᠢᠯᠠᠩᠭᠤᠶ᠎ᠠ ᠭᠦᠨ ᠤᠬᠠᠭᠠᠨ᠂ ᠠᠵᠤ ᠠᠬᠤᠢ ᠶᠢᠨ ᠤᠬᠠᠭᠠᠨ᠂ ᠬᠠᠤᠯᠢ ᠶᠢᠨ ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠤᠷᠠᠯᠢᠭ ᠤᠨ ᠤᠬᠠᠭᠠᠨ ᠵᠢᠴᠢ ᠪᠠᠷᠢᠯᠭ᠎ᠠ ᠶᠢᠨ ᠤᠬᠠᠭᠠᠨ ᠪᠠ ᠠᠨᠠᠭᠠᠬᠤ ᠤᠬᠠᠭᠠᠨ ᠤ ᠬᠦᠷᠢᠶ᠎ᠡ ᠴᠠᠷᠠᠭᠠᠨ ᠳᠠᠬᠢ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠨᠡᠮᠡᠨ ᠵᠢᠭᠰᠠᠭᠠᠵᠤ᠂ ᠦᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠦᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠭᠤᠷᠪᠠ︶ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠲᠣᠭᠲᠠᠴᠠ ᠶᠢᠨ ᠦᠭᠡᠷᠡᠴᠢᠯᠡᠯᠲᠡ ᠶᠢᠨ ᠳᠦᠷᠢᠮ ᠤᠨ ᠪᠣᠷᠣ ᠲᠥᠯᠦᠪ ᠤᠨ ᠳᠣᠣᠷ᠎ᠠ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠦᠪ ᠲᠣᠭᠲᠠᠭᠠᠬᠤ ᠠᠵᠢᠯ᠂ ᠬᠦᠮᠦᠨ ᠡᠳ᠋ ᠪᠤᠳᠠᠰ ᠤᠨ ᠬᠠᠮᠢᠶᠠᠷᠤᠯᠲᠠ ᠂ ᠡᠷᠳᠡᠮ ᠰᠢᠨᠵᠢᠯᠡᠭᠡᠨ ᠤ ᠴᠢᠭᠯᠡᠯ ᠪᠣᠯᠣᠨ ᠮᠡᠷᠭᠡᠵᠢᠯ ᠤᠨ ᠵᠠᠮ ᠱᠤᠭᠤᠮ ᠤᠨ ᠰᠤᠩᠭᠤᠯᠲᠠ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠯᠢᠯᠴᠠᠭ᠎ᠠ ᠬᠠᠮᠲᠤᠷᠠᠯᠴᠠᠭ᠎ᠠ ᠵᠡᠷᠭᠡ ᠲᠠᠯ᠎ᠠ ᠪᠠᠷ ᠬᠢ ᠡᠵᠡᠨ ᠮᠡᠳᠡᠬᠦ ᠡᠷᠬᠡ ᠶᠢ ᠥᠷᠭᠡᠳᠭᠡᠨ᠂ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ᠂ ᠲᠥᠷᠦᠯ ᠬᠤᠪᠢᠶᠠᠨ ᠦᠨᠡᠯᠡᠬᠦ ᠠᠵᠢᠯ᠂ ᠦᠷ᠎ᠡ ᠪᠦᠲᠦᠭᠡᠯ ᠢ ᠤᠯᠠᠷᠢᠯᠠᠭᠤᠯᠤᠨ ᠬᠤᠪᠢᠷᠠᠭᠤᠯᠬᠤ ᠪᠠ ᠬᠤᠪᠢᠶᠠᠷᠢᠯᠠᠬᠤ ᠳᠦᠷᠢᠮ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠦᠷᠭᠦᠯᠵᠢᠯᠡᠨ ᠲᠣᠭᠲᠠᠭᠤᠨ ᠣᠷᠤᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠠᠭᠤᠷᠢ ᠴᠢᠨᠠᠷᠲᠠᠢ᠂ ᠡᠮᠦᠨ᠎ᠡ ᠵᠠᠬ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨ ᠤ ᠰᠤᠳᠤᠯᠭᠠᠨ ᠦᠷᠨᠢᠭᠦᠯᠬᠦ ᠶᠢ ᠳᠡᠮᠵᠢᠵᠦ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ᠂ ᠨᠡᠭᠡᠭᠡᠯᠲᠡ ᠲᠠᠢ ᠪᠦᠭᠡᠳ ᠬᠠᠮᠵᠢᠯᠴᠠᠭᠰᠠᠨ᠂ ᠦᠨᠳᠦᠷ ᠦᠷ᠎ᠡ ᠪᠦᠲᠦᠮᠵᠢᠲᠠᠢ ᠡᠷᠳᠡᠮ ᠰᠢᠨᠵᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠤᠯᠤᠰ ᠪᠠ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡ ᠪᠦᠯᠦᠭ ᠬᠠᠮᠵᠢᠯᠴᠠᠨ ᠰᠢᠨ᠎ᠡ ᠶᠢ ᠡᠭᠦᠳᠬᠦ ᠲᠥᠪ ᠢ ᠡᠭᠦᠳᠴᠦ᠂ 2 — 3 ᠲᠣᠷᠰᠢᠯᠲᠠ ᠶᠢᠨ ᠲᠠᠰᠤᠭ ᠢ ᠭᠤᠣᠯᠳᠠᠯᠭ᠎ᠠ ᠲᠠᠢ ᠳᠡᠮᠵᠢᠵᠦ ᠪᠠᠶᠢᠭᠠᠳ ᠮᠤᠵᠢ ᠶᠠᠮᠦᠨ ᠤ ᠬᠠᠮᠲᠤᠪᠠᠷ ᠪᠠᠶᠢᠭᠤᠯᠤᠭᠰᠠᠨ ᠤᠯᠤᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠪᠣᠯᠭᠠᠨ ᠪᠠᠶᠢᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ ᠲᠥᠭᠦᠭᠡᠷᠦᠮᠵᠢ᠂ ᠲᠣᠮᠣ ᠳ᠋ᠡᠶᠢᠲ᠋ᠠ ᠶᠢᠨ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠮᠤᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠦᠷᠢᠶ᠎ᠡ ᠴᠠᠷᠠᠭᠠᠨ ᠳᠤ ᠳᠡᠭᠡᠳᠦ ᠵᠡᠷᠭᠡ ᠶᠢᠨ ᠰᠤᠷᠭᠠᠭᠤᠯᠢ ᠳᠤ ᠲᠦᠰᠢᠭᠯᠡᠨ ᠮᠤᠵᠢ ᠶᠠᠮᠦᠨ ᠤ ᠳᠡᠰ ᠤᠨ ᠭᠤᠣᠯᠳᠠᠯᠭ᠎ᠠ ᠲᠠᠢ ᠲᠣᠷᠰᠢᠯᠭ᠎ᠠ ᠶᠢᠨ ᠲᠠᠰᠤᠭ᠂ ᠪᠠᠷᠢᠯᠭ᠎ᠠ ᠶᠢᠨ ᠮᠡᠷᠭᠡᠵᠢᠯ ᠤᠨ ᠰᠤᠳᠤᠯᠭᠠᠨ ᠤ ᠲᠥᠪ ᠤᠳ ᠢ ᠪᠦᠲᠦᠭᠡᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠴᠢᠶᠡᠯ ᠰᠢᠨᠵᠢᠯᠡᠭᠡᠨ ᠪᠠ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ ᠨᠠᠮ ᠪᠣᠯᠣᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ ᠨᠢᠭᠡ ᠪᠦᠯᠦᠭ ᠰᠢᠨ᠎ᠡ ᠬᠡᠯᠪᠡᠷᠢ ᠶᠢᠨ ᠳᠡᠭᠡᠳᠦ ᠵᠡᠷᠭᠡ ᠶᠢᠨ ᠰᠤᠷᠭᠠᠭᠤᠯᠢ ᠶᠢᠨ ᠤᠶᠤᠨ ᠤ ᠬᠦᠮᠦᠷᠭᠡ ᠶᠢ ᠪᠤᠶᠢᠵᠢᠭᠤᠯᠤᠨ᠎ᠠ᠃      ᠭᠤᠷᠪᠠ᠂ ᠴᠢᠳᠠᠪᠤᠷᠢᠲᠠᠨ ᠢ ᠬᠦᠮᠦᠵᠢᠭᠦᠯᠬᠦ ᠪᠠ ᠣᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢᠨ ᠡᠩᠨᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      ︵ᠨᠢᠭᠡ︶ ᠪᠠᠭᠰᠢ ᠶᠢᠨ ᠶᠤᠰᠤ ᠮᠤᠷᠠᠯ ᠤᠨ ᠬᠦᠮᠦᠵᠢᠯ ᠢ ᠴᠢᠩᠭᠠᠳᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢᠨ ᠬᠦᠮᠦᠵᠢᠯ᠂ ᠬᠦᠰᠡᠯᠡᠩ ᠢᠲᠡᠭᠡᠯ ᠵᠣᠷᠢᠭ ᠤᠨ ᠬᠦᠮᠦᠵᠢᠯ ᠵᠡᠷᠭᠡ ᠪᠠᠷ ᠭᠤᠣᠯᠳᠠᠯᠭ᠎ᠠ ᠪᠠᠨ ᠪᠣᠯᠭᠠᠭᠰᠠᠨ ᠪᠠᠭᠰᠢ ᠶᠢᠨ ᠶᠤᠰᠤ ᠮᠤᠷᠠᠯ ᠤᠨ ᠬᠦᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠢᠶᠠᠷ ᠦᠷᠨᠢᠭᠦᠯᠵᠦ᠂ ᠥᠷᠭᠡᠨ ᠣᠯᠠᠨ ᠪᠠᠭᠰᠢ ᠶᠢ ᠬᠦᠲᠦᠯᠦᠨ ᠵᠢᠯᠤᠭᠤᠳᠴᠤ ᠪᠠᠶᠢᠭᠠᠳ ︽ᠠᠯᠢᠪᠠ ᠪᠦᠬᠦᠨ ᠪᠦᠷ ᠰᠤᠷᠤᠭᠴᠢ ᠶᠢᠨ ᠲᠦᠯᠦᠭᠡ᠂ ᠰᠤᠷᠤᠭᠴᠢ ᠶᠢᠨ ᠠᠯᠢᠪᠠ ᠪᠦᠬᠦᠨ ᠤ ᠲᠦᠯᠦᠭᠡ᠂ ᠠᠯᠢᠪᠠ ᠰᠤᠷᠤᠭᠴᠢ ᠶᠢᠨ ᠲᠦᠯᠦᠭᠡ︾ ᠭᠡᠬᠦ ᠰᠤᠷᠭᠠᠨ ᠬᠦᠮᠦᠵᠢᠯ ᠤᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠵᠢᠯ ᠮᠡᠷᠭᠡᠵᠢᠯ ᠤᠨ ᠶᠤᠰᠤ ᠮᠤᠷᠠᠯ ᠤᠨ ᠵᠢᠷᠤᠮᠵᠢᠯ ᠢ ᠵᠢᠷᠤᠮᠯᠡᠨ᠂ ᠰᠠᠶᠢᠨ ᠰᠠᠶᠢᠬᠠᠨ ᠵᠢᠭᠠᠨ ᠰᠤᠷᠭᠠᠯᠲᠠ ᠶᠢᠨ ᠬᠡᠪ ᠰᠤᠷᠲᠠᠯ ᠢ ᠪᠣᠢ ᠪᠣᠯᠭᠠᠨ᠂ ᠥᠷᠭᠡᠨ ᠣᠯᠠᠨ ᠪᠠᠭᠰᠢ ᠶᠢᠨ ︽ᠳᠥᠷᠪᠡ ᠲᠠᠢ︾ ᠪᠠᠭᠰᠢ ᠪᠣᠯᠬᠤ ᠪᠠᠷ ᠴᠢᠷᠮᠠᠶᠢᠬᠤ ᠶᠢ ᠵᠣᠷᠢᠬᠵᠢᠭᠤᠯᠤᠨ᠎ᠠ᠃ ᠡᠷᠳᠡᠮ ᠰᠢᠨᠵᠢᠯᠡᠭᠡᠨ ᠤ ᠰᠤᠳᠤᠯᠭᠠᠨ ᠨᠢ ᠬᠤᠷᠢᠭᠠᠲᠠᠢ ᠭᠠᠵᠠᠷ ᠦᠭᠡᠢ᠂ ᠬᠢᠴᠢᠶᠡᠯ ᠤᠨ ᠲᠠᠩᠬᠢᠮ ᠤᠨ ᠬᠢᠴᠢᠶᠡᠯᠯᠡᠭᠡ ᠨᠢ ᠰᠠᠬᠢᠯᠭ᠎ᠠ ᠪᠠᠲᠤ ᠲᠠᠢ᠂ ᠢᠯᠡ ᠪᠠᠷ ᠶᠠᠷᠢᠵᠤ ᠬᠡᠯᠡᠬᠦ ᠨᠢ ᠳᠦᠷᠢᠮ ᠢ ᠰᠠᠬᠢᠭᠰᠠᠨ ᠪᠠᠶᠢᠬᠤ ᠶᠢ ᠪᠠᠷᠢᠮᠲᠠᠯᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠪᠠᠭᠰᠢ᠂ ᠰᠤᠷᠤᠭᠴᠢ᠂ ᠭᠡᠷ ᠤᠨ ᠠᠬᠠᠮᠠᠳ ᠪᠣᠯᠣᠨ ᠨᠡᠶᠢᠭᠡᠮ ᠤᠨ ᠣᠯᠠᠨ ᠲᠠᠯ᠎ᠠ ᠶᠢᠨ ᠣᠷᠤᠯᠴᠠᠭᠰᠠᠨ ᠪᠠᠭᠰᠢ ᠶᠢᠨ ᠶᠤᠰᠤ ᠮᠤᠷᠠᠯ ᠳᠤ ᠬᠢᠨᠠᠯᠲᠠ ᠲᠠᠯᠪᠢᠬᠤ ᠰᠢᠰᠲ᠋ᠧᠮᠵᠢ ᠶᠢ ᠢᠳᠡᠪᠬᠢᠲᠡᠢ ᠪᠠᠷ ᠰᠡᠲᠦᠨ ᠪᠠᠶᠢᠭᠤᠯᠵᠤ᠂ ᠪᠠᠭᠰᠢ ᠶᠢᠨ ᠶᠤᠰᠤ ᠮᠤᠷᠠᠯ ᠤᠨ ᠵᠢᠷᠤᠮᠯᠠᠯ ᠠᠯᠳᠠᠬᠤ ᠠᠵᠢᠯᠯᠠᠭ᠎ᠠ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠨ᠎ᠠ᠃ ︽ᠳᠡᠭᠡᠳᠦ ᠵᠡᠷᠭᠡ ᠶᠢᠨ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ︾ ︵ᠰᠤᠷᠭᠠᠨ ᠬᠦᠮᠦᠵᠢᠯ ᠤᠨ ᠶᠠᠮᠦᠨ ᠤ ᠵᠠᠷᠯᠢᠭ 40 ᠳ᠋ᠤᠭᠡᠷ ᠲᠣᠭᠠᠲᠤ︶ ᠪᠠ ︽ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭ᠎ᠠ ᠬᠦᠴᠦᠨ ᠲᠠᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ ᠤᠨ ᠵᠢᠯᠤᠭᠤᠳᠬᠤ ᠰᠠᠨᠠᠯ︾ ︵ᠦᠪᠦᠷ ᠰᠤᠷᠭᠠᠨ ᠪᠠᠭᠰᠢ ᠦᠰᠦᠭ ﹇2015﹈ 55 ᠳ᠋ᠤᠭᠠᠷ ᠲᠣᠭᠠᠲᠤ︶᠎ ᠢ ᠨᠠᠶᠢᠳᠠᠪᠤᠷᠢᠵᠢᠭᠤᠯᠵᠤ᠂ ᠡᠷᠳᠡᠮ ᠰᠢᠨᠵᠢᠯᠡᠭᠡᠨ ᠤ ᠰᠤᠷᠲᠠᠯ ᠤᠨ ᠪᠠᠶᠢᠭᠤᠯᠤᠯᠲᠠ ᠶᠢᠨ ᠪᠠᠶᠢᠭᠤᠯᠤᠮᠵᠢ᠂ ᠡᠷᠳᠡᠮ ᠰᠢᠨᠵᠢᠯᠡᠭᠡᠨ ᠤ ᠵᠢᠷᠤᠮᠵᠢᠯ ᠤᠨ ᠳᠦᠷᠢᠮ ᠪᠣᠯᠣᠨ ᠲᠥᠪ ᠪᠤᠰᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠭᠤᠷᠪᠠ ᠶᠢ ᠨᠠᠶᠢᠳᠠᠪᠤᠷᠢᠵᠢᠭᠤᠯᠤᠨ ᠭᠤᠷᠪᠠ ᠶᠢ ᠢᠯᠡ ᠪᠣᠯᠭᠠᠬᠤ ᠶᠢ ᠠᠬᠢᠭᠤᠯᠤᠨ᠂ ᠰᠠᠶᠢᠨ ᠰᠠᠶᠢᠬᠠᠨ ᠡᠷᠳᠡᠮ ᠰᠢᠨᠵᠢᠯᠡᠭᠡᠨ ᠤ ᠣᠷᠴᠢᠨ ᠨᠦᠬᠦᠴᠡᠯ ᠢ ᠪᠣᠢ ᠪᠣᠯᠭᠠᠨ᠎ᠠ᠃      ︵ᠬᠤᠶᠠᠷ︶ ᠴᠢᠳᠠᠪᠤᠷᠢᠲᠠᠨ ᠢ ᠣᠷᠤᠭᠤᠯᠤᠨ ᠠᠪᠴᠢᠷᠠᠬᠤ ︽ᠰᠠᠭᠠᠳ ᠦᠭᠡᠢ ᠨᠡᠪᠲᠡᠷᠡᠬᠦ ᠵᠠᠮ︾᠎ ᠢ ᠲᠡᠭᠦᠯᠳᠡᠷᠵᠢᠭᠦᠯᠦᠨ᠎ᠡ᠃ ᠦᠪᠡᠷᠲᠡᠭᠡᠨ ᠵᠠᠰᠬᠠᠤ ᠣᠷᠣᠨ ᠤ ᠴᠢᠳᠠᠪᠤᠷᠢᠲᠠᠨ ᠢ ᠣᠷᠤᠭᠤᠯᠤᠨ ᠠᠪᠴᠢᠷᠠᠬᠤ ︽ᠰᠠᠭᠠᠳ ᠦᠭᠡᠢ ᠨᠡᠪᠲᠡᠷᠡᠬᠦ ᠵᠠᠮ︾᠎ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠦᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠶᠢᠨ ︽ᠰᠠᠭᠠᠳ ᠦᠭᠡᠢ ᠨᠡᠪᠲᠡᠷᠡᠬᠦ ᠵᠠᠮ︾᠎ ᠢᠶᠠᠷ ᠳᠠᠮᠵᠢᠭᠤᠯᠤᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠰᠢᠯᠢᠳᠡᠭ ᠱᠠᠩᠨᠠᠯ ᠣᠯᠣᠭᠴᠢ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢᠨ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠡᠷᠬᠢᠯᠡᠭᠴᠢ᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢᠨ ᠴᠢᠬᠤᠯᠠ ᠶᠡᠭᠡ ᠲᠦᠷᠦᠯ ᠵᠦᠢᠯ ᠤᠨ ᠡᠷᠬᠢᠯᠡᠭᠴᠢ᠂ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾᠂ ︽ᠲᠦᠮᠡᠨ ᠬᠦᠮᠦᠨ ᠤ ᠲᠦᠯᠦᠪᠯᠡᠭᠡ︾᠎ ᠳᠤ ᠰᠤᠩᠭᠤᠭᠳᠠᠭᠰᠠᠳ᠂ ᠪᠦᠬᠦ ᠤᠯᠤᠰ ᠤᠨ ᠭᠠᠷᠮᠠᠭᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠢᠷᠠᠭᠤ ᠠᠯᠳᠠᠷ ᠢ ᠣᠯᠣᠭᠴᠢ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢ ᠤᠯᠤᠭᠴᠢ᠂ ︽ᠵᠠᠭᠤᠨ ᠮᠢᠩᠭᠠᠨ ᠲᠦᠮᠡᠨ ᠴᠢᠳᠠᠪᠤᠷᠢᠲᠠᠨ ᠤ ᠢᠨᠵᠧᠨᠧᠷᠢᠩ ᠤᠨ ᠤᠯᠤᠰ ᠤᠨ ᠳᠡᠰ ᠤᠨ ᠵᠢᠱᠢᠭᠳᠡᠭᠴᠢ︾᠂ ︽ᠬᠦᠬᠡᠮᠦ᠋ᠷᠡᠨ ᠨᠡᠷᠡᠮᠵᠢᠲᠦ ᠱᠠᠩᠨᠠᠯ ᠢ ᠤᠯᠤᠭᠰᠠᠨ ᠡᠷᠳᠡᠮᠳᠡᠨ︾᠂ ᠤᠯᠤᠰ ᠤᠨ ᠭᠤᠣᠯᠳᠠᠯᠭ᠎ᠠ ᠲᠠᠢ ᠬᠢᠴᠢᠶᠡᠯ ᠰᠢᠨᠵᠢᠯᠡᠭᠡᠨ᠂ ᠲᠣᠷᠰᠢᠯᠭ᠎ᠠ ᠶᠢᠨ ᠲᠠᠰᠤᠭ᠂ ᠪᠠᠷᠢᠯᠭ᠎ᠠ ᠶᠢᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ᠤ ᠳᠠᠭᠠᠭᠤᠯᠤᠭᠴᠢ ︵ᠮᠡᠷᠭᠡᠵᠢᠯ ᠤᠨ ᠳᠠᠭᠠᠭᠤᠯᠤᠭᠴᠢ︶᠂ ᠳ᠋ᠣᠺᠲ᠋ᠣᠷ᠂ ᠤᠯᠤᠰ ᠲᠠᠭᠠᠨ ᠪᠣᠴᠠᠵᠤ ᠢᠷᠡᠭᠰᠡᠨ ᠭᠠᠳᠠᠭᠠᠲᠤ ᠳᠤ ᠰᠤᠷᠤᠯᠴᠠᠭᠰᠠᠨ ᠰᠢᠯᠢᠳᠡᠭ ᠠᠰᠫᠢᠷᠠᠨᠲ᠂ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠵᠡᠷᠭᠡ ᠶᠢ ᠤᠯᠤᠭᠰᠠᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ᠂ ᠪᠠᠴᠢᠮ ᠬᠡᠷᠡᠭᠴᠡᠭᠡᠨ ᠤ ᠳᠤᠳᠠᠭᠳᠠᠵᠤ ᠪᠠᠶᠢᠭ᠎ᠠ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠶᠢ ᠵᠣᠷᠢᠬᠵᠢᠭᠤᠯᠤᠨ ᠳᠡᠮᠵᠢᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠪᠤᠰᠤᠳ ᠴᠢᠳᠠᠪᠤᠷᠢᠲᠠᠨ ᠢ ᠡᠵᠡᠨ ᠮᠡᠳᠡᠨ ᠢᠯᠡ ᠡᠯᠰᠡᠬᠦ ᠶᠢ ᠵᠣᠷᠢᠬᠵᠢᠭᠤᠯᠤᠨ ᠳᠡᠮᠵᠢᠨ᠎ᠡ᠃ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠤᠯᠢᠯᠴᠠᠭ᠎ᠠ᠂ ᠲᠦᠷᠦᠯ ᠵᠦᠢᠯ ᠤᠨ ᠬᠠᠮᠲᠤᠷᠠᠯᠴᠠᠭ᠎ᠠ᠂ ᠲᠤᠰᠢᠶᠠᠯ ᠬᠠᠪᠰᠤᠷᠭᠠᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠭᠠᠳᠠᠨᠠᠬᠢ᠂ ᠣᠷᠣᠨ ᠤ ᠭᠠᠳᠠᠨᠠᠬᠢ ᠭᠤᠣᠯᠳᠠᠯᠭ᠎ᠠ ᠲᠠᠢ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠵᠡᠷᠭᠡ ᠲᠤᠮᠤ ᠬᠡᠯᠪᠡᠷᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠡᠯ᠎ᠡ ᠲᠦᠷᠦᠯ ᠤᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠶᠠᠨ ᠬᠠᠳᠠᠨ ᠴᠢᠨᠠᠷᠲᠠᠢ ᠪᠠᠷ ᠣᠷᠤᠭᠤᠯᠤᠨ ᠠᠪᠴᠢᠷᠠᠬᠤ ᠶᠢ ᠵᠣᠷᠢᠬᠵᠢᠭᠤᠯᠤᠨ ᠳᠡᠮᠵᠢᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠰᠠᠭᠠᠳ ᠦᠭᠡᠢ ᠨᠡᠪᠲᠡᠷᠡᠬᠦ ᠵᠠᠮ︾᠎ ᠢᠶᠠᠷ ᠳᠠᠮᠵᠢᠨ ᠣᠯᠠᠨ ᠤᠯᠤᠰ ᠤᠨ ᠮᠡᠷᠭᠡᠵᠢᠯ ᠴᠢᠳᠠᠪᠤᠷᠢ ᠶᠢᠨ ᠣᠷᠤᠯᠳᠤᠭᠠᠨ ᠤ ᠱᠠᠩᠨᠠᠯ ᠢ ᠤᠯᠤᠭᠴᠢ᠂ ᠳᠤᠮᠳᠠᠳᠤ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠱᠠᠩᠨᠠᠯ ᠢ ᠤᠯᠤᠭᠴᠢ᠂ ᠪᠦᠬᠦ ᠤᠯᠤᠰ ᠤᠨ ᠮᠡᠷᠭᠡᠵᠢᠯ ᠤᠨ ᠭᠠᠷᠮᠠᠭᠠᠶᠢᠯᠠᠭᠴᠢ᠂ ᠤᠯᠤᠰ ᠤᠨ ᠳᠡᠰ ᠤᠨ ᠮᠡᠷᠭᠡᠵᠢᠯ ᠴᠢᠳᠠᠪᠤᠷᠢ ᠶᠢᠨ ᠮᠠᠰᠲ᠋ᠧᠷ ᠤᠨ ᠠᠵᠢᠯᠯᠠᠬᠤ ᠭᠠᠵᠠᠷ ᠤᠨ ᠭᠤᠣᠯ ᠬᠠᠷᠢᠭᠤᠴᠠᠯᠭᠠᠲᠠᠨ᠂ ᠮᠤᠵᠢ ᠶᠢᠨ ᠳᠡᠰ ᠤᠨ ᠵᠠᠰᠠᠭ ᠤᠨ ᠣᠷᠳᠣᠨ ᠠᠴᠠ ᠰᠢᠯᠭᠠᠷᠠᠭᠤᠯᠤᠭᠰᠠᠨ ᠬᠠᠮᠤᠭ ᠤᠨ ᠳᠡᠭᠡᠳᠦ ᠳᠡᠰ ᠳᠠᠪᠬᠤᠷᠭ᠎ᠠ ᠶᠢᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠵᠡᠷᠭᠡ ᠪᠠᠴᠢᠮ ᠬᠡᠷᠡᠭᠴᠡᠭᠡᠨ ᠤ ᠳᠤᠳᠠᠭᠳᠠᠵᠤ ᠪᠠᠶᠢᠭ᠎ᠠ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠶᠢ ᠵᠣᠷᠢᠬᠵᠢᠭᠤᠯᠤᠨ ᠳᠡᠮᠵᠢᠨ᠎ᠡ᠃ ᠵᠢᠩᠭᠢᠨᠢ ᠠᠩᠭᠢ ᠶᠢᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠣᠬᠢᠬᠤ ᠬᠠᠷᠢᠴᠠᠯ ᠤᠨ ᠬᠦᠳᠡᠯᠦᠩᠭᠦᠢ ᠠᠵᠢᠯ ᠤᠨ ᠣᠷᠣᠨ ᠪᠠᠶᠢᠷᠢ ᠶᠢ ᠪᠠᠶᠢᠭᠤᠯᠵᠤ᠂ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠲᠣᠷᠰᠢᠯᠭ᠎ᠠ ᠲᠠᠢ ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠨ ᠣᠷᠤᠭᠤᠯᠵᠤ ᠲᠤᠰᠢᠶᠠᠯ ᠬᠠᠪᠰᠤᠷᠭᠠᠬᠤ ᠶᠢ ᠵᠥᠪᠰᠢᠶᠡᠷᠡᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠨᠢ ᠲᠤᠰ ᠨᠢᠭᠡᠴᠡ ᠶᠢᠨ ᠡᠷᠳᠡᠮ ᠰᠢᠨᠵᠢᠯᠡᠭᠡᠨ᠂ ᠵᠢᠭᠠᠨ ᠰᠤᠷᠭᠠᠯᠲᠠ ᠵᠡᠷᠭᠡ ᠶᠢᠨ ᠡᠭᠦᠷᠭᠡ ᠪᠠᠨ ᠪᠡᠶᠡᠯᠡᠭᠦᠯᠦᠭᠰᠡᠨ ᠤᠷᠢᠳᠠᠯ ᠳᠣᠣᠷ᠎ᠠ᠂ ᠪᠠᠶᠢᠭ᠎ᠠ ᠨᠢᠭᠡᠴᠡ ᠶᠢᠨ ᠢᠶᠠᠨ ᠵᠥᠪᠰᠢᠶᠡᠷᠡᠯ ᠢ ᠣᠯᠪᠠᠯ᠂ ᠠᠵᠤ ᠠᠬᠤᠶᠢᠯᠠᠯ ᠪᠣᠯᠣᠨ ᠪᠤᠰᠤᠳ ᠡᠷᠳᠡᠮ ᠰᠢᠨᠵᠢᠯᠡᠭᠡᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠴᠢᠵᠤ ᠲᠤᠰᠢᠶᠠᠯ ᠬᠠᠪᠰᠤᠷᠭᠠᠬᠤ ᠶᠢᠨ ᠬᠠᠮᠲᠤ ᠬᠦᠯᠦᠰᠦ ᠬᠠᠷᠠᠮᠵᠢ ᠣᠯᠵᠣ ᠪᠣᠯᠣᠨ᠎ᠠ᠃      ︵ᠭᠤᠷᠪᠠ︶ ᠲᠦᠷᠦᠭᠦᠦ ᠮᠡᠷᠭᠡᠵᠢᠯᠲᠡᠨ᠂ ᠠᠬᠠᠯᠠᠭᠴᠢ ᠳ᠋ᠣᠺᠲ᠋ᠣᠷ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠠᠴᠠ ᠵᠢᠯ ᠪᠦᠷᠢ 20 — 30 ᠨᠡᠷᠡᠰ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠳᠠᠭᠠᠭᠤᠯᠤᠭᠴᠢ ᠶᠢ ᠰᠢᠯᠭᠠᠷᠠᠭᠤᠯᠤᠨ ᠲᠦᠷᠦᠭᠦᠦ ᠮᠡᠷᠭᠡᠵᠢᠯᠲᠡᠨ ᠪᠣᠯᠭᠠᠵᠤ᠂ ᠲᠦᠷᠦᠭᠦᠦ ᠮᠡᠷᠭᠡᠵᠢᠯᠲᠡᠨ ᠤ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠲᠡᠪᠴᠡᠩ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠪᠣᠯᠣᠨ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠡᠭᠦᠰᠴᠦ ᠡᠷᠳᠡᠮ ᠰᠢᠨᠵᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ᠂ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢ ᠦᠷᠨᠢᠭᠦᠯᠬᠦ ᠶᠢ ᠵᠣᠷᠢᠬᠵᠢᠭᠤᠯᠤᠨ ᠳᠡᠮᠵᠢᠵᠦ᠂ ᠬᠦᠲᠦᠯᠦᠨ ᠳᠠᠭᠠᠭᠤᠯᠵᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠴᠢᠳᠠᠪᠤᠷᠢᠲᠠᠨ ᠣᠷᠤᠭᠤᠯᠤᠨ ᠠᠪᠴᠢᠷᠠᠬᠤ ᠳᠤᠮᠳᠠᠬᠢ ᠠᠬᠠᠯᠠᠭᠴᠢ ᠳ᠋ᠣᠺᠲ᠋ᠣᠷ ᠤᠨ ᠳᠦᠷᠢᠮ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠬᠠᠯᠠᠭᠴᠢ ᠳ᠋ᠣᠺᠲ᠋ᠣᠷ ᠤᠨ ᠨᠡᠭᠦᠳᠡᠯ ᠥᠷᠲᠡᠭᠡ ᠪᠣᠯᠣᠨ ᠠᠵᠢᠯᠯᠠᠬᠤ ᠥᠷᠲᠡᠭᠡ ᠶᠢᠨ ᠥᠷᠲᠡᠭᠡ ᠪᠠᠶᠢᠭᠤᠯᠤᠭᠰᠠᠨ ᠨᠢᠭᠡᠴᠡ ᠳᠤ ᠨᠦᠬᠦᠪᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠨ᠂ ᠥᠷᠲᠡᠭᠡ ᠳᠤ ᠪᠠᠶᠢᠭ᠎ᠠ ᠠᠬᠠᠯᠠᠭᠴᠢ ᠳ᠋ᠣᠺᠲ᠋ᠣᠷ ᠤᠨ ᠠᠮᠢᠳᠤᠷᠠᠯ ᠤᠨ ᠨᠦᠬᠦᠪᠦᠷᠢ ᠶᠢᠨ ᠳᠦᠷᠢᠮ ᠢ ᠪᠠᠶᠢᠭᠤᠯᠤᠨ᠎ᠠ᠃      ︵ᠳᠥᠷᠪᠡ︶ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ᠳᠡᠭᠡᠳᠦ ᠳᠡᠰ ᠳᠠᠪᠬᠤᠷᠭ᠎ᠠ ᠶᠢᠨ ᠰᠤᠳᠤᠯᠤᠨ ᠰᠤᠷᠤᠯᠴᠠᠬᠤ ᠠᠩᠭᠢ᠂ ᠦᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ᠂ ᠦᠪᠡᠷᠲᠡᠭᠡᠨ ᠵᠠᠰᠠᠬᠤ ᠣᠷᠣᠨ ᠤ ︽511 ᠴᠢᠳᠠᠪᠤᠷᠢᠲᠠᠨ ᠬᠦᠮᠦᠵᠢᠭᠦᠯᠬᠦ ᠢᠨᠵᠧᠨᠧᠷᠢᠩ︾᠂ ︽ᠰᠢᠨ᠎ᠡ ᠡᠷᠡᠨ ᠵᠠᠭᠤᠨ ᠤ 321 ᠴᠢᠳᠠᠪᠤᠷᠢᠲᠠᠨ ᠤ ᠢᠨᠵᠧᠨᠧᠷᠢᠩ︾᠂ ︽ᠴᠦᠬᠡᠨ ᠲᠣᠭᠠᠲᠤ ᠦᠨᠳᠦᠰᠦᠲᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠣᠨᠴᠤᠭᠤᠢ ᠬᠦᠮᠦᠵᠢᠭᠦᠯᠦᠯ ᠤᠨ ᠲᠦᠯᠦᠪᠯᠡᠭᠡ︾᠂ ︽ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠢ ᠰᠢᠯᠭᠠᠷᠠᠭᠤᠯᠬᠤ ᠲᠥᠯᠦᠪᠯᠡᠭᠡ︾ ᠵᠡᠷᠭᠡ ᠭᠤᠣᠯᠳᠠᠯᠭ᠎ᠠ ᠲᠠᠢ ᠴᠢᠳᠠᠪᠤᠷᠢᠲᠠᠨ ᠬᠦᠮᠦᠵᠢᠭᠦᠯᠬᠦ ᠢᠨᠵᠧᠨᠧᠷᠢᠩ ᠤᠨ ᠵᠢᠱᠢᠶ᠎ᠡ ᠦᠵᠡᠭᠦᠯᠦᠨ ᠬᠦᠲᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠦᠮᠦᠵᠢᠭᠦᠯᠦᠨ ᠪᠣᠢ ᠪᠣᠯᠭᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ︔ ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠯᠠᠭᠤ ᠪᠠᠭᠰᠢ ᠨᠠᠷ ᠢ ᠬᠦᠮᠦᠵᠢᠭᠦᠯᠬᠦ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠰᠢᠯᠭᠠᠷᠠᠭᠤᠯᠬᠤ᠂ ᠬᠦᠮᠦᠵᠢᠭᠦᠯᠬᠦ ᠵᠡᠷᠭᠡ ᠲᠠᠯ᠎ᠠ ᠪᠠᠷ ᠳᠡᠭᠡᠳᠦ ᠵᠡᠷᠭᠡ ᠶᠢᠨ ᠰᠤᠷᠭᠠᠭᠤᠯᠢ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠳᠡᠮᠵᠢᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠦᠬᠦᠯᠢ ᠴᠤᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽13 · 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ ᠦᠪᠡᠷᠲᠡᠭᠡᠨ ᠵᠠᠰᠠᠬᠤ ᠣᠷᠣᠨ ᠠᠴᠠ 200 ᠦᠪᠡᠷᠲᠡᠭᠡᠨ ᠵᠠᠰᠠᠬᠤ ᠣᠷᠣᠨ ᠤ ᠳᠡᠰ ᠤᠨ ᠵᠢᠭᠠᠨ ᠰᠤᠷᠭᠠᠯᠲᠠ ᠶᠢᠨ ᠪᠦᠯᠬᠦᠮ ᠨᠡᠶᠢᠲᠡ ᠶᠢ ᠪᠠᠶᠢᠭᠤᠯᠵᠤ᠂ ᠵᠢᠭᠠᠨ ᠰᠤᠷᠭᠠᠯᠲᠠ ᠶᠢᠨ ᠨᠡᠷᠡᠲᠦ ᠪᠠᠭᠰᠢ ᠪᠣᠯᠣᠨ ᠰᠤᠷᠭᠠᠨ ᠬᠦᠮᠦᠵᠢᠯ ᠤᠨ ᠲᠡᠪᠴᠡᠩ ᠤᠨ ᠰᠢᠨ᠎ᠡ ᠰᠣᠳᠣᠨ ᠢ ᠲᠤᠰ ᠲᠤᠰ 200 ᠰᠢᠯᠭᠠᠷᠠᠭᠤᠯᠤᠨ᠎ᠠ᠃      ︵ᠲᠠᠪᠤ︶ ᠮᠡᠷᠭᠡᠵᠢᠯ ᠤᠨ ᠴᠣᠯᠠ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠪᠠᠶᠢᠷᠢᠯᠠᠭᠤᠯᠬᠤ ᠳᠤᠮᠳᠠᠬᠢ ᠳᠡᠭᠡᠳᠦ ᠵᠡᠷᠭᠡ ᠶᠢᠨ ᠰᠤᠷᠭᠠᠭᠤᠯᠢ ᠶᠢᠨ ᠭᠤᠣᠯ ᠴᠤᠭᠴᠠ ᠶᠢᠨ ᠦᠢᠯᠡᠳᠦᠯ ᠢ ᠴᠢᠩᠭᠠᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢ ᠬᠦᠲᠦᠯᠦᠨ ᠵᠢᠯᠤᠭᠤᠳᠴᠤ ᠪᠠᠶᠢᠭᠠᠳ ᠪᠠᠭᠰᠢ ᠶᠢᠨ ᠶᠤᠰᠤ ᠮᠤᠷᠠᠯ ᠢ ᠲᠡᠷᠢᠭᠦᠨ ᠳᠤ ᠲᠠᠯᠪᠢᠵᠤ᠂ ᠵᠢᠭᠠᠨ ᠰᠤᠷᠭᠠᠯᠲᠠ ᠪᠠᠷ ᠭᠤᠣᠯ ᠪᠣᠯᠭᠠᠨ᠂ ᠡᠷᠳᠡᠮ ᠰᠢᠨᠵᠢᠯᠡᠭᠡᠨ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠮᠤᠷᠠᠯ ᠴᠢᠳᠠᠪᠤᠷᠢ ᠪᠠ ᠠᠵᠢᠯ ᠤᠨ ᠪᠤᠳᠠᠳᠤ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠨᠠᠷ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠦᠬᠦᠴᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠪᠡᠷᠲᠡᠭᠡᠨ ᠵᠠᠰᠬᠠᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠂ ᠰᠢᠯᠭᠠᠬᠤ ᠪᠠ ᠦᠨᠡᠯᠡᠬᠦ ᠶᠢ ᠤᠶᠠᠯᠳᠤᠭᠤᠯᠬᠤ᠂ ᠨᠢᠭᠤᠷᠳᠠᠨ ᠰᠢᠯᠭᠠᠬᠤ ᠪᠠ ᠨᠣᠮ ᠬᠠᠶᠠᠯᠴᠠᠬᠤ᠂ ᠪᠣᠲᠠᠲᠠᠶᠢᠵᠢᠭᠤᠯᠤᠨ ᠬᠢᠨᠠᠨ ᠲᠣᠭᠲᠠᠭᠠᠬᠤ᠂ ᠰᠦᠯᠵᠢᠶᠡᠨ ᠳᠡᠭᠡᠷ᠎ᠡ ᠬᠢᠨᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠦᠨᠡᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢ ᠪᠠᠶᠢᠷᠢᠯᠠᠭᠤᠯᠬᠤ ᠬᠠᠷᠢᠴᠠᠯ ᠢᠶᠠᠨ ᠰᠢᠯᠢᠳᠡᠭᠵᠢᠭᠦᠯᠬᠦ ᠶᠢ ᠳᠡᠮᠵᠢᠵᠦ᠂ ᠦᠨᠳᠦᠷ ᠳᠤᠮᠳᠠ ᠵᠡᠷᠭᠡ ᠶᠢᠨ ᠠᠵᠢᠯ ᠤᠨ ᠪᠠᠶᠢᠷᠢ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠠᠩᠬ᠎ᠠ ᠵᠡᠷᠭᠡ ᠶᠢᠨ ᠠᠵᠢᠯ ᠤᠨ ᠪᠠᠶᠢᠷᠢ ᠶᠢᠨ ᠲᠤᠭ᠎ᠠ ᠶᠢ ᠪᠠᠭᠠᠰᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠬᠢᠨᠠᠨ ᠲᠣᠭᠲᠠᠭᠠᠭᠰᠠᠨ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ᠂ ᠪᠦᠲᠦᠴᠡ ᠶᠢᠨ ᠬᠠᠷᠢᠴᠠᠯ ᠪᠣᠯᠣᠨ ᠬᠠᠮᠤᠭ ᠤᠨ ᠦᠨᠳᠦᠷ ᠠᠵᠢᠯ ᠤᠨ ᠪᠠᠶᠢᠷᠢ ᠶᠢᠨ ᠳᠡᠰ ᠵᠡᠷᠭᠡ ᠶᠢᠨ ᠬᠢᠵᠠᠭᠠᠷᠯᠠᠭᠰᠠᠨ ᠲᠤᠭ᠎ᠠ ᠳᠤᠲᠤᠷ᠎ᠠ᠂ ᠡᠯᠰᠡᠨ ᠬᠡᠷᠡᠭᠯᠡᠬᠦ ᠨᠦᠬᠦᠴᠡᠯ ᠢ ᠡᠵᠡᠨ ᠮᠡᠳᠡᠨ ᠲᠣᠭᠲᠠᠭᠠᠵᠤ᠂ ᠡᠵᠡᠨ ᠮᠡᠳᠡᠵᠦ ᠤᠷᠢᠨ ᠬᠡᠷᠡᠭᠯᠡᠵᠦ ᠪᠣᠯᠣᠨ᠎ᠠ᠃      ︵ᠵᠢᠷᠭᠤᠭ᠎ᠠ︶ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠡᠯ᠎ᠡ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠭᠰᠢ ᠶᠢᠨ ᠡᠩᠨᠡᠭᠡ ᠶᠢᠨ ᠪᠦᠲᠦᠴᠡ ᠶᠢᠨ ᠴᠢᠨᠠᠷᠲᠠᠢ ᠳᠤᠲᠠᠭᠤᠳᠠᠯ᠂ ᠨᠠᠰᠤᠨ ᠤ ᠪᠦᠲᠦᠴᠡ ᠨᠢ ᠵᠦᠢ ᠵᠣᠬᠢᠰ ᠦᠭᠡᠢ᠂ ᠨᠦᠬᠦᠪᠦᠷᠢᠯᠡᠬᠦ ᠲᠣᠭᠲᠠᠴᠠ ᠨᠢ ᠪᠦᠷᠢᠨ ᠲᠡᠭᠦᠯᠳᠡᠷ ᠪᠤᠰᠤ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠵᠦ᠂ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠶᠢᠨ ᠰᠤᠩᠭᠤᠵᠤ ᠤᠷᠢᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠢᠳᠡᠷ ᠵᠠᠯᠠᠭᠤ ᠪᠠᠭᠰᠢ ᠨᠠᠷ ᠢ ᠲᠦᠯᠦᠪᠯᠡᠭᠡ ᠲᠠᠢ ᠪᠠᠷ ᠰᠤᠩᠭᠤᠨ ᠲᠣᠮᠢᠯᠠᠵᠤ ᠤᠯᠤᠰ ᠤᠨ ᠭᠠᠳᠠᠭᠠᠲᠤ ᠪᠠ ᠤᠯᠤᠰ ᠤᠨ ᠭᠤᠣᠯᠳᠠᠯᠭ᠎ᠠ ᠲᠠᠢ ᠳᠡᠭᠡᠳᠦ ᠵᠡᠷᠭᠡ ᠶᠢᠨ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠲᠤ ᠣᠴᠢᠭᠤᠯᠤᠨ ᠰᠤᠷᠤᠯᠴᠠᠭᠤᠯᠬᠤ ᠪᠠ ᠰᠤᠳᠤᠯᠤᠨ ᠰᠤᠷᠤᠯᠴᠠᠭᠤᠯᠤᠨ᠎ᠠ᠃      ᠳᠥᠷᠪᠡ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠭᠡᠨ ᠠᠬᠢᠭᠤᠯᠵᠤ᠂ ᠰᠤᠷᠭᠠᠭᠤᠯᠢ ᠡᠷᠬᠢᠯᠡᠬᠦ ᠣᠨᠣᠯᠵᠢᠬᠤᠨ ᠢᠶᠠᠨ ᠦᠨᠡᠨᠬᠦ ᠬᠤᠪᠢᠷᠠᠭᠤᠯᠤᠨ᠎ᠠ      ︵ᠨᠢᠭᠡ︶ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢ ᠬᠦᠲᠦᠯᠦᠨ ᠵᠢᠯᠤᠭᠤᠳᠴᠤ ᠪᠠᠶᠢᠭᠠᠳ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠪᠠᠷ ᠵᠣᠬᠢᠴᠠᠭᠤᠯᠵᠤ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠᠨ ᠲᠤᠳᠤᠷᠬᠠᠶᠢᠯᠠᠨ᠂ ᠰᠤᠷᠭᠠᠭᠤᠯᠢ ᠡᠷᠬᠢᠯᠡᠬᠦ ᠰᠡᠳᠬᠢᠮᠵᠢ ᠪᠠᠨ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠳᠤ ᠦᠢᠯᠡᠴᠢᠯᠡᠬᠦ ᠳᠡᠭᠡᠷ᠎ᠡ ᠦᠨᠡᠨᠬᠦ ᠰᠢᠯᠵᠢᠭᠦᠯᠵᠦ᠂ ᠬᠡᠷᠡᠭᠯᠡᠭᠡᠨ ᠤ ᠬᠡᠯᠪᠡᠷᠢ ᠶᠢᠨ ᠰᠠᠭᠤᠷᠢ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠳᠡᠭᠡᠷ᠎ᠡ ᠰᠢᠯᠵᠢᠭᠦᠯᠦᠨ᠂ ᠰᠤᠷᠤᠭᠴᠢᠳ ᠤᠨ ᠠᠵᠢᠯ ᠣᠯᠵᠤ ᠠᠳᠠᠯ ᠦᠢᠯᠡᠰ ᠴᠤᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠲᠠᠢ ᠪᠠᠷ ᠦᠢᠯᠡᠴᠢᠯᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠳᠡᠯᠭᠡᠭᠦᠷ ᠪᠣᠯᠭᠠᠭᠰᠠᠨ᠂ ᠳᠤᠮᠳᠠᠳᠤ ᠤᠯᠤᠰ ᠦᠢᠯᠡᠳᠬᠦ 2025᠂ ᠢᠨᠲ᠋ᠧᠷ ᠰᠦᠯᠵᠢᠶ᠎ᠡ +᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠤᠭᠴᠠᠯᠠᠨ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ᠂ ︽ᠨᠢᠭᠡ ᠪᠦᠰᠡ ᠨᠢᠭᠡ ᠵᠠᠮ︾ ᠵᠡᠷᠭᠡ ᠴᠢᠬᠤᠯᠠ ᠶᠡᠭᠡ ᠪᠠᠶᠢᠯᠳᠤᠬᠤ ᠪᠣᠳᠤᠯᠭ᠎ᠠ ᠲᠠᠢ ᠨᠢᠭᠲᠠ ᠤᠶᠠᠯᠳᠤᠭᠤᠯᠤᠨ᠂ ᠦᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ᠂ ᠪᠣᠬᠢᠷᠳᠤᠯ ᠦᠭᠡᠶᠢᠵᠢᠭᠦᠯᠬᠦ ᠶᠢ ᠵᠡᠷᠭᠡᠪᠡᠷ ᠬᠥᠭᠵᠢᠭᠦᠯᠬᠦ ᠶᠢ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ᠂ ᠬᠤᠪᠤᠷ ᠰᠢᠷᠤᠢ ᠶᠢ ᠶᠡᠷᠦᠩᠬᠡᠶᠢᠯᠡᠨ ᠠᠰᠢᠭᠯᠠᠬᠤ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠮᠣᠩᠭᠤᠯ ᠬᠢᠲᠠᠳ ᠡᠮ ᠡᠮᠨᠡᠯᠭᠡ᠂ ᠴᠡᠪᠡᠷ ᠡᠨᠧᠷᠬᠢ ᠶᠢ ᠨᠡᠭᠡᠭᠡᠨ ᠬᠥᠭᠵᠢᠭᠦᠯᠬᠦ ᠪᠠ ᠠᠰᠢᠭᠯᠠᠬᠤ᠂ ᠮᠣᠩᠭᠤᠯ ᠬᠡᠯᠡ ᠪᠣᠯᠣᠨ ᠮᠡᠳᠡᠭᠡ ᠵᠠᠩᠭᠢ ᠶᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠮᠡᠷᠭᠡᠵᠢᠯ ᠤᠨ ᠲᠣᠭᠤᠷᠢᠨ ᠳᠤ᠂ ᠠᠵᠤ ᠦᠢᠯᠡᠰ ᠰᠤᠷᠭᠠᠨ ᠬᠦᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠪᠦᠬᠦ ᠲᠠᠯ᠎ᠠ ᠶᠢᠨ ᠪᠠᠶᠢᠷᠢᠰᠢᠭᠤᠯᠤᠯᠲᠠ ᠶᠢ ᠦᠨᠳᠦᠰᠦᠯᠡᠨ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢᠨ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠵᠢᠯ ᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ᠃ ᠬᠡᠯᠪᠡᠷᠢ ᠪᠠᠨ ᠬᠤᠪᠢᠷᠠᠭᠤᠯᠬᠤ ᠲᠣᠷᠰᠢᠯᠲᠠ ᠶᠢᠨ ᠴᠢᠬ ᠤᠨ ᠳᠡᠭᠡᠳᠦ ᠰᠤᠷᠭᠠᠭᠤᠯᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠬᠡᠯᠪᠡᠷᠢᠲᠦ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ᠎ᠡ᠃ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠯᠦᠭᠡ ᠵᠤᠯᠭᠠᠭᠤᠯᠬᠤ ᠶᠢ ᠴᠢᠩᠭᠠᠳᠬᠠᠵᠤ᠂ ᠳᠡᠭᠡᠳᠦ ᠳᠡᠰ ᠳᠠᠪᠬᠤᠷᠭ᠎ᠠ ᠶᠢᠨ ᠮᠡᠷᠭᠡᠵᠢᠯ ᠪᠣᠯᠣᠨ ᠮᠡᠷᠭᠡᠵᠢᠯ ᠴᠢᠳᠠᠪᠤᠷᠢ ᠶᠢᠨ ᠬᠡᠯᠪᠡᠷᠢᠲᠦ ᠴᠢᠳᠠᠪᠤᠷᠢᠲᠠᠨ ᠢ ᠬᠦᠮᠦᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠷᠢᠭᠤ ᠲᠤᠰᠬᠠᠯ ᠤᠨ ᠲᠣᠭᠲᠠᠴᠠ ᠶᠢ ᠪᠠᠶᠢᠭᠤᠯᠤᠨ᠂ ᠲᠤᠮᠤ ᠳ᠋ᠡᠶᠢᠲ᠋ᠠ ᠶᠢ ᠠᠰᠢᠭᠯᠠᠵᠤ᠂ ᠣᠷᠣᠨ ᠪᠦᠰᠡ᠂ ᠠᠵᠢᠯ ᠲᠦᠷᠦᠯ ᠤᠨ ᠬᠠᠨᠳᠤᠰᠢ ᠳᠤ ᠵᠠᠳᠠᠯᠤᠯᠲᠠ ᠬᠢᠬᠦ ᠪᠠᠨ ᠴᠢᠩᠭᠠᠳᠬᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠦᠨᠳᠦᠰᠦ ᠪᠠᠷᠢᠮᠲᠠ ᠬᠠᠩᠭᠠᠨ᠎ᠠ᠃      ︵ᠬᠤᠶᠠᠷ︶ ᠭᠠᠳᠠᠭᠠᠲᠤ ᠲᠠᠢ ᠴᠢᠯᠦᠭᠡᠲᠡᠢ ᠶᠠᠪᠤᠯᠴᠠᠨ ᠰᠤᠷᠭᠠᠭᠤᠯᠢ ᠡᠷᠬᠢᠯᠡᠬᠦ ᠶᠢ ᠲᠠᠰᠤᠷᠠᠯᠲᠠ ᠦᠭᠡᠢ ᠥᠷᠭᠡᠳᠭᠡᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠷ ᠬᠢᠷᠢ ᠬᠡᠮᠵᠢᠶ᠎ᠡ ᠲᠠᠢ ᠪᠦᠭᠡᠳ ᠴᠢᠨᠠᠷᠯᠢᠭ ᠰᠠᠶᠢᠨ ᠣᠯᠠᠨ ᠤᠯᠤᠰ ᠤᠨ ᠰᠤᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠦᠷᠨᠢᠭᠦᠯᠬᠦ ᠶᠢ ᠬᠦᠲᠦᠯᠦᠨ ᠵᠢᠯᠤᠭᠤᠳᠬᠤ ᠪᠠ ᠳᠡᠮᠵᠢᠵᠦ᠂ ᠰᠤᠷᠭᠠᠭᠤᠯᠢ ᠡᠷᠬᠢᠯᠡᠬᠦ ᠶᠢᠨ ᠪᠤᠳᠠᠳᠤ ᠬᠦᠴᠦᠨ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠤᠯᠭ᠎ᠠ ᠶᠢᠨ ᠲᠣᠭᠤᠷᠢᠨ ᠳᠤ ᠳᠤᠮᠳᠠᠳᠤ ᠮᠤᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠦᠪᠦᠷ ᠮᠣᠩᠭᠤᠯ ᠤᠨ ᠭᠠᠵᠠᠷ ᠵᠦᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠭᠠᠳᠠᠭᠠᠲᠤ ᠲᠠᠢ ᠴᠢᠯᠦᠭᠡᠲᠡᠢ ᠶᠠᠪᠤᠯᠴᠠᠬᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠭᠠᠳᠠᠭᠠᠲᠤ ᠲᠠᠢ ᠴᠢᠯᠦᠭᠡᠲᠡᠢ ᠶᠠᠪᠤᠯᠴᠠᠬᠤ ᠣᠨᠴᠠᠯᠢᠭ ᠪᠠ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠨ᠎ᠠ᠃ ᠮᠣᠩᠭᠤᠯ ᠤᠯᠤᠰ᠂ ᠣᠷᠣᠰ ᠵᠢᠴᠢ ᠪᠤᠰᠤᠳ ᠤᠯᠤᠰ ᠤᠨ ᠤᠯᠤᠰ ᠤᠨ ᠢᠯᠭᠠᠯ ᠪᠠ ᠣᠷᠣᠨ ᠪᠦᠰᠡ ᠶᠢᠨ ᠰᠤᠳᠤᠯᠭᠠᠨ ᠢ ᠭᠦᠨᠵᠡᠭᠡᠢ ᠦᠷᠨᠢᠭᠦᠯᠵᠦ᠂ ︽ᠮᠣᠩᠭᠤᠯ ᠤᠯᠤᠰ ᠤᠨ ᠰᠤᠳᠤᠯᠭᠠᠨ ᠤ ᠲᠥᠪ︾᠎ ᠤᠨ ᠪᠠᠶᠢᠭᠤᠯᠤᠯᠲᠠ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠡᠯ᠎ᠡ ᠲᠦᠷᠦᠯ ᠤᠨ ᠰᠤᠷᠤᠯᠭ᠎ᠠ ᠶᠢᠨ ᠱᠠᠩᠨᠠᠯ ᠤᠨ ᠮᠦᠩᠭᠦ ᠶᠢ ᠠᠰᠢᠭᠯᠠᠨ᠂ ᠭᠠᠳᠠᠭᠠᠲᠤ ᠳᠤ ᠰᠤᠷᠤᠯᠴᠠᠬᠤ ᠰᠤᠷᠤᠭᠴᠢ ᠶᠢᠨ ᠬᠡᠪᠴᠢᠶᠡᠵᠢᠯ ᠢ ᠥᠷᠭᠡᠳᠭᠡᠵᠦ᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠯᠳᠤᠭᠤᠯᠤᠨ ᠬᠥᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠣᠷᠣᠨ ᠤ ᠭᠠᠳᠠᠨᠠᠬᠢ ᠳᠡᠭᠡᠳᠦ ᠰᠤᠷᠭᠠᠭᠤᠯᠢ ᠯᠤᠭ᠎ᠠ ᠭᠤᠣᠯᠳᠠᠯᠭ᠎ᠠ ᠲᠠᠢ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ᠂ ᠪᠠᠭᠰᠢ ᠶᠢᠨ ᠰᠤᠯᠢᠯᠴᠠᠭ᠎ᠠ᠂ ᠬᠤᠯᠪᠣᠭᠠᠯᠠᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ ᠬᠢ ᠬᠠᠮᠲᠤᠷᠯᠠᠴᠠᠭ᠎ᠠ ᠶᠢ ᠴᠢᠩᠭᠠᠳᠬᠠᠨ᠎ᠠ᠃ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠨᠦᠬᠦᠴᠡᠯ ᠢᠶᠠᠷ ᠪᠣᠯᠪᠠᠰᠤᠷᠠᠩᠭᠤᠢ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠯᠢ ᠶᠢᠨ ᠭᠠᠳᠠᠨᠠᠬᠢ ᠶᠡᠭᠡ ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠶᠢᠭᠤᠯᠤᠨ ᠰᠠᠭᠤᠷᠢ ᠰᠤᠷᠭᠠᠨ ᠬᠦᠮᠦᠵᠢᠯ ᠤᠨ ᠰᠤᠷᠭᠠᠭᠤᠯᠢ᠂ ᠮᠣᠩᠭᠤᠯ ᠡᠮ ᠡᠮᠨᠡᠯᠭᠡ ᠶᠢᠨ ᠳᠡᠭᠡᠳᠦ ᠰᠤᠷᠭᠠᠭᠤᠯᠢ᠂ ᠤᠯᠠᠮᠵᠢᠯᠠᠯᠲᠤ ᠮᠤᠩᠭᠤᠯ ᠬᠡᠯᠡ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠳᠡᠮᠵᠢᠨ᠎ᠡ᠃ ᠰᠤᠷᠭᠠᠨ ᠬᠦᠮᠦᠵᠢᠯ ᠤᠨ ᠶᠠᠮᠦᠨ ᠤ ︽ᠴᠢᠯᠦᠭᠡᠲᠡᠢ ᠶᠠᠪᠤᠯᠴᠠᠬᠤ ᠶᠡᠭᠡ ᠰᠤᠷᠭᠠᠭᠤᠯᠢ ᠶᠢ ᠰᠠᠶᠢᠲᠤᠷ ᠡᠷᠬᠢᠯᠡᠬᠦ ᠲᠣᠬᠠᠢ ᠰᠠᠨᠠᠯ︾ ︵ᠰᠤᠷᠭᠠᠨ ᠠᠵᠢᠯᠲᠠᠨ ᠨᠠᠰᠤᠨ ᠳᠤ ᠬᠦᠷᠦᠭᠰᠡᠨ ﹇2016﹈ 2 ᠳ᠋ᠤᠭᠠᠷ ᠲᠣᠭᠠᠲᠤ︶᠎ ᠢ ᠨᠠᠶᠢᠳᠠᠪᠤᠷᠢᠵᠢᠭᠤᠯᠵᠤ᠂ ᠦᠪᠦᠷ ᠮᠣᠩᠭᠤᠯ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠴᠢᠨᠠᠷᠯᠢᠭ ᠪᠦᠭᠡᠳ ᠲᠥᠷᠭᠡᠨ ᠬᠥᠭᠵᠢᠯᠲᠡ ᠶᠢ ᠠᠬᠢᠭᠤᠯᠤᠨ᠎ᠠ᠃      ︵ᠭᠤᠷᠪᠠ︶ ᠠᠵᠤ ᠦᠢᠯᠡᠰ ᠪᠠ ᠰᠤᠷᠭᠠᠨ ᠬᠦᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠠᠵᠤ ᠦᠢᠯᠡᠰ ᠪᠠ ᠰᠤᠷᠭᠠᠨ ᠬᠦᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠴᠢᠳᠠᠪᠤᠷᠢᠲᠠᠨ ᠤ ᠬᠦᠮᠦᠵᠢᠭᠦᠯᠦᠯ᠂ ᠰᠢᠨᠵᠢᠯᠡᠬᠦ ᠤᠬᠠᠭᠠᠨ ᠤ ᠰᠤᠳᠤᠯᠭᠠᠨ᠂ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠵᠡᠷᠭᠡ ᠲᠠᠯ᠎ᠠ ᠪᠠᠷ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠯᠦᠭᠡ ᠬᠠᠷᠢᠯᠴᠠᠨ ᠠᠭᠤᠰᠤᠯᠴᠠᠭᠤᠯᠬᠤ ᠶᠢ ᠵᠣᠷᠢᠬᠵᠢᠭᠤᠯᠤᠨ ᠳᠡᠮᠵᠢᠵᠦ᠂ ᠠᠳᠠᠯᠢ ᠪᠤᠰᠤ ᠴᠢᠭᠯᠡᠯ ᠪᠠ ᠬᠦᠷᠢᠶ᠎ᠡ ᠴᠠᠷᠠᠭᠠᠨ ᠳᠤ ᠲᠦᠷᠦᠯ ᠬᠤᠪᠢᠶᠠᠨ ᠬᠥᠭᠵᠢᠭᠦᠯᠵᠦ ᠂ ᠣᠨᠴᠠᠯᠢᠭ ᠲᠠᠢ ᠡᠷᠬᠢᠯᠡᠨ᠂ ᠲᠡᠷᠢᠭᠦᠨ ᠤ ᠳᠡᠰ ᠢ ᠴᠢᠷᠮᠠᠶᠢᠨ ᠡᠭᠦᠳᠴᠦ᠂ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠵᠣᠬᠢᠴᠠᠯᠳᠤᠭᠤᠯᠤᠨ ᠠᠬᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠮᠢᠶ᠎ᠠ ᠪᠦᠬᠦᠢ ᠠᠵᠢᠯ ᠲᠦᠷᠦᠯ ᠠᠵᠤ ᠠᠬᠤᠶᠢᠯᠠᠯ ᠯᠤᠭ᠎ᠠ ᠬᠠᠮᠲᠤᠪᠠᠷ ᠲᠤᠰᠬᠠᠢ ᠮᠡᠷᠭᠡᠵᠢᠯ ᠪᠠᠶᠢᠭᠤᠯᠬᠤ᠂ ᠴᠢᠳᠠᠪᠤᠷᠢᠲᠠᠨ ᠬᠦᠮᠦᠵᠢᠭᠦᠯᠬᠦ ᠲᠦᠰᠦᠯ᠂ ᠬᠢᠴᠢᠶᠡᠯ ᠤᠨ ᠪᠠᠶᠢᠷᠢᠯᠠᠭᠤᠯᠤᠯᠲᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠵᠣᠷᠢᠬᠵᠢᠭᠤᠯᠤᠨ ᠳᠡᠮᠵᠢᠵᠦ᠂ ᠳᠠᠳᠤᠯᠭ᠎ᠠ ᠬᠢᠬᠦ ᠪᠣᠲᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠬᠤᠶᠠᠷ ᠡᠲᠡᠭᠡᠳ ᠢᠶᠠᠷ ᠢᠶᠠᠨ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠴᠢᠬᠤᠯᠠ ᠶᠡᠭᠡ ᠲᠦᠷᠦᠯ ᠵᠦᠢᠯ ᠢ ᠰᠤᠳᠤᠯᠤᠨ ᠨᠡᠭᠡᠭᠡᠬᠦ ᠠᠵᠢᠯ ᠢ ᠬᠠᠮᠲᠤᠷᠠᠯᠴᠠᠨ ᠦᠷᠨᠢᠭᠦᠯᠦᠨ᠎ᠡ᠃      ᠲᠠᠪᠤ᠂ ᠬᠠᠮᠢᠶᠠᠷᠤᠯᠲᠠ ᠶᠢᠨ ᠪᠠᠶᠢᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠳᠤᠭᠠᠲᠤ ᠶᠢᠨ ᠰᠤᠷᠭᠠᠭᠤᠯᠢ ᠡᠷᠬᠢᠯᠡᠬᠦ ᠬᠦᠳᠡᠯᠭᠡᠬᠦ ᠬᠦᠴᠦᠨ ᠢ ᠬᠥᠭᠵᠢᠭᠡᠨ᠎ᠡ      ︵ᠨᠢᠭᠡ︶ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠶᠡᠭᠡ ᠰᠤᠷᠭᠠᠭᠤᠯᠢ ᠶᠢᠨ ᠳᠦᠷᠢᠮ ᠲᠣᠭᠲᠠᠭᠠᠯ ᠢᠶᠠᠷ ᠰᠠᠭᠤᠷᠢ ᠪᠣᠯᠭᠠᠵᠤ᠂ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯᠯᠠᠭᠴᠢ ᠪᠣᠯᠭᠠᠨ᠂ ᠡᠷᠳᠡᠮ ᠰᠢᠨᠵᠢᠯᠡᠭᠡᠨ ᠤ ᠺᠣᠮᠢᠰ᠂ ᠫᠷᠣᠹᠧᠰᠰᠣᠷ ᠤᠨ ᠺᠣᠮᠢᠰ᠂ ᠬᠡᠷᠡᠭ ᠡᠷᠬᠢᠯᠡᠭᠴᠢᠳ ᠤᠨ ᠬᠤᠷᠠᠯ ᠢᠶᠠᠷ ᠲᠤᠯᠭᠠᠭᠤᠷᠢᠯᠠᠭᠰᠠᠨ ᠣᠳᠣ ᠦᠶ᠎ᠡ ᠶᠢᠨ ᠶᠡᠭᠡ ᠰᠤᠷᠭᠠᠭᠤᠯᠢ ᠶᠢᠨ ᠳᠦᠷᠢᠮ ᠤᠨ ᠪᠦᠬᠦᠯᠢ ᠴᠤᠭᠴᠠ ᠶᠢᠨ ᠪᠤᠷᠣ ᠲᠥᠯᠦᠪ ᠢ ᠲᠦᠷᠭᠡᠳᠭᠡᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮ ᠤᠨ ᠬᠤᠷᠢᠶ᠎ᠠ ᠨᠢ ᠤᠳᠤᠷᠢᠳᠬᠤ ᠭᠤᠣᠯᠯᠠᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠵᠠᠬᠢᠷᠤᠯ ᠤᠨ ᠡᠷᠬᠡ ᠲᠤᠰᠢᠶᠠᠯ ᠢᠶᠠᠨ ᠬᠠᠤᠯᠢ ᠶᠤᠰᠤᠭᠠᠷ ᠲᠤᠰᠠᠭᠠᠷ ᠬᠡᠷᠡᠭᠵᠢᠭᠦᠯᠬᠦ ᠶᠢ ᠳᠡᠮᠵᠢᠵᠦ᠂ ᠨᠠᠮ ᠤᠨ ᠬᠤᠷᠢᠶ᠎ᠠ ᠠᠴᠠ ᠨᠢᠭᠡᠲᠦᠯᠲᠡᠢ ᠤᠳᠤᠷᠢᠳᠤᠬᠤ᠂ ᠨᠠᠮ ᠵᠠᠰᠠᠭ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠬᠤ᠂ ᠵᠣᠬᠢᠴᠠᠯᠳᠤᠭᠤᠯᠤᠨ ᠠᠵᠢᠯᠯᠠᠭᠤᠯᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠤ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶ᠎ᠡ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠬᠤᠷᠠᠮᠳᠤᠭᠤᠯᠤᠨ᠎ᠠ᠃ ᠳᠦᠷᠢᠮ ᠲᠣᠭᠲᠠᠭᠠᠯ ᠢᠶᠠᠷ ᠭᠤᠣᠯ ᠪᠣᠯᠭᠠᠭᠰᠠᠨ ᠳᠦᠷᠢᠮ ᠤᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠲᠣᠭᠲᠠᠴᠠ ᠶᠢ ᠪᠦᠷᠢᠨᠰᠢᠭᠦᠯᠦᠨ᠂ ᠳᠡᠰ ᠳᠠᠷᠠᠭᠠᠯᠠᠯ ᠢ ᠵᠢᠷᠤᠮᠵᠢᠭᠤᠨ ᠬᠡᠷᠡᠭᠵᠢᠭᠦᠯᠵᠦ᠂ ᠰᠤᠷᠭᠠᠭᠤᠯᠢ ᠶᠢᠨ ᠠᠵᠢᠯᠯᠠᠭᠠᠨ ᠢ ᠵᠢᠷᠤᠮᠯᠠᠬᠤ ᠠᠴᠠ ᠳᠦᠷᠢᠮ ᠲᠠᠢ᠂ ᠵᠢᠷᠤᠮᠯᠠᠬᠤ ᠠᠴᠠ ᠦᠨᠳᠦᠰᠦ ᠪᠠᠷᠢᠮᠲᠠ ᠲᠠᠢ ᠪᠣᠯᠭᠠᠵᠤ᠂ ᠡᠵᠡᠨ ᠮᠡᠳᠡᠵᠦ ᠰᠤᠷᠭᠠᠭᠤᠯᠢ ᠡᠷᠬᠢᠯᠡᠬᠦ᠂ ᠦᠪᠡᠷ ᠢ ᠪᠠᠨ ᠬᠢᠵᠠᠭᠠᠷᠯᠠᠬᠤ᠂ ᠨᠡᠶᠢᠭᠡᠮ ᠤᠨ ᠬᠢᠨ ᠬᠢᠨᠠᠯᠲᠠ ᠲᠠᠯᠪᠢᠬᠤ ᠤᠷᠲᠤ ᠬᠤᠭᠤᠴᠠᠭ᠎ᠠ ᠬᠦᠴᠦᠨ ᠲᠠᠢ ᠲᠣᠭᠲᠠᠴᠠ ᠶᠢ ᠪᠦᠷᠢᠯᠳᠦᠭᠦᠯᠦᠨ᠎ᠡ᠃      ︵ᠬᠤᠶᠠᠷ︶ ᠠᠷᠠᠳᠴᠢᠯᠠᠭᠰᠠᠨ ᠬᠠᠮᠢᠶᠠᠷᠤᠯᠲᠠ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠫᠷᠣᠹᠧᠰᠰᠣᠷ ᠤᠨ ᠺᠣᠮᠢᠰ᠂ ᠡᠷᠳᠡᠮ ᠰᠢᠨᠵᠢᠯᠡᠭᠡᠨ ᠤ ᠺᠤᠮᠢᠰ᠂ ᠡᠷᠳᠡᠮ ᠤᠨ ᠴᠣᠯᠠ ᠶᠢ ᠬᠢᠨᠠᠨ ᠲᠣᠭᠲᠠᠭᠠᠬᠤ ᠺᠤᠮᠢᠰ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠺᠤᠮᠢᠰ ᠵᠡᠷᠭᠡ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠳᠡᠭᠡᠷ ᠪᠠᠶᠢᠭᠤᠯᠤᠮᠵᠢ ᠶᠢᠨ ᠡᠷᠳᠡᠮ ᠰᠢᠨᠵᠢᠯᠡᠭᠡᠨ ᠤ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ ᠮᠡᠷᠭᠡᠵᠢᠯ ᠤᠨ ᠴᠣᠯᠠ ᠲᠣᠭᠲᠠᠭᠠᠨ ᠤᠷᠢᠬᠤ᠂ ᠪᠠᠭᠰᠢ ᠤᠷᠢᠨ ᠲᠤᠮᠢᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠬᠤᠪᠢᠶᠠᠷᠢᠯᠠᠯᠲᠠ᠂ ᠡᠷᠳᠡᠮ ᠰᠢᠨᠵᠢᠯᠡᠭᠡᠨ ᠤ ᠦᠨᠡᠯᠡᠯᠲᠡ᠂ ᠡᠷᠳᠡᠮ ᠰᠢᠨᠵᠢᠯᠡᠭᠡᠨ ᠤ ᠬᠥᠭᠵᠢᠯᠲᠡ ᠵᠡᠷᠭᠡ ᠲᠦᠷᠦᠯ ᠵᠦᠢᠯ ᠳᠡᠭᠡᠷᠡᠬᠢ ᠦᠭᠡ ᠬᠡᠯᠡᠬᠦ ᠡᠷᠬᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠪᠠ ᠣᠷᠤᠯᠴᠠᠬᠤ ᠡᠷᠬᠡ ᠶᠢ ᠭᠦᠢᠴᠡᠳ ᠪᠠᠲᠤᠯᠠᠨ᠎ᠠ᠃ ᠪᠠᠭᠰᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠬᠤᠷᠠᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠵᠦᠢᠯᠡᠰ ᠢ ᠪᠠᠭᠰᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠵᠤ᠂ ᠪᠠᠭᠰᠢ ᠠᠵᠢᠯᠲᠠᠨ ᠠᠵᠢᠯᠴᠢᠨ ᠤ ᠰᠤᠷᠭᠠᠭᠤᠯᠢ ᠶᠢᠨ ᠠᠷᠠᠳᠴᠢᠯᠠᠭᠰᠠᠨ ᠬᠠᠮᠢᠶᠠᠷᠤᠯᠲᠠ ᠪᠣᠯᠣᠨ ᠬᠢᠨᠠᠯᠲᠠ ᠲᠠᠯᠪᠢᠯᠲᠠ ᠳᠤ ᠣᠷᠤᠯᠴᠠᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ ᠡᠷᠬᠡ ᠶᠢ ᠪᠠᠲᠤᠯᠠᠨ᠎ᠠ᠃ ᠡᠷᠬᠡ ᠶᠢ ᠳᠤᠷᠤᠭᠰᠢ ᠪᠠᠭᠤᠯᠭᠠᠬᠤ ᠬᠠᠮᠢᠶᠠᠷᠬᠤ ᠦᠢᠯᠡᠴᠢᠯᠡᠬᠦ ᠶᠢᠨ ᠦᠭᠡᠷᠡᠴᠢᠯᠡᠯᠲᠡ ᠶᠢ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠳᠤᠭᠠᠲᠤ ᠶᠢᠨ ᠵᠠᠰᠠᠯᠲᠠ ᠶᠢᠨ ᠪᠦᠲᠦᠴᠡ ᠶᠢ ᠪᠦᠷᠢᠨᠰᠢᠭᠦᠯᠬᠦ ᠯᠦᠭᠡ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ ᠡᠷᠬᠡ ᠶᠢ ᠳᠤᠷᠤᠭᠰᠢ ᠪᠠᠭᠤᠯᠭᠠᠵᠤ ᠳᠡᠶᠢᠯᠬᠦ᠂ ᠬᠦᠯᠢᠶᠡᠨ ᠠᠪᠴᠤ ᠳᠡᠶᠢᠯᠬᠦ᠂ ᠰᠠᠶᠢᠲᠤᠷ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠨ᠂ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠵᠡᠷᠭᠡ ᠲᠠᠯ᠎ᠠ ᠪᠠᠷ ᠬᠠᠮᠵᠢᠯᠴᠠᠨ ᠬᠤᠯᠪᠣᠭᠠᠯᠠᠨ ᠬᠦᠳᠡᠯᠦᠯᠴᠡᠬᠦ ᠪᠠᠨ ᠴᠢᠩᠭᠠᠳᠬᠠᠨ᠂ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ ᠶᠢ ᠲᠦᠷᠭᠡᠳᠭᠡᠨ ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠶᠡᠭᠡ ᠰᠤᠷᠭᠠᠭᠤᠯᠢ ᠶᠢᠨ ᠳᠦᠷᠢᠮ ᠲᠣᠭᠲᠠᠭᠠᠯ ᠢᠶᠠᠷ ᠭᠤᠣᠯ ᠴᠦᠮ᠎ᠡ ᠪᠣᠯᠭᠠᠭᠰᠠᠨ ᠣᠳᠣ ᠦᠶ᠎ᠡ ᠶᠢᠨ ᠶᠡᠭᠡ ᠰᠤᠷᠭᠠᠭᠤᠯᠢ ᠶᠢᠨ ᠳᠦᠷᠢᠮ ᠢ ᠪᠠᠶᠢᠭᠤᠯᠵᠤ᠂ ᠳᠤᠲᠤᠭᠠᠲᠤ ᠶᠢᠨ ᠵᠠᠰᠠᠯᠲᠠ ᠶᠢᠨ ᠪᠦᠲᠦᠴᠡ ᠪᠣᠯᠣᠨ ᠡᠷᠬᠡ ᠶᠢᠨ ᠠᠵᠢᠯᠯᠠᠭᠠᠨ ᠤ ᠳᠦᠷᠢᠮ ᠶᠤᠰᠤ ᠶᠢ ᠪᠦᠷᠢᠨᠰᠢᠭᠦᠯᠦᠨ᠂ ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ ᠡᠷᠬᠡ ᠶᠢᠨ ᠠᠵᠢᠯᠯᠠᠭᠠᠨ ᠪᠠ ᠬᠢᠨᠠᠯᠲᠠ ᠲᠠᠯᠪᠢᠯᠲᠠ ᠶᠢ ᠵᠢᠷᠤᠮᠯᠠᠬᠤ ᠠᠴᠠ ᠳᠦᠷᠢᠮ ᠲᠠᠢ᠂ ᠵᠢᠷᠤᠮᠯᠠᠬᠤ ᠠᠴᠠ ᠦᠨᠳᠦᠰᠦ ᠪᠠᠷᠢᠮᠲᠠ ᠲᠠᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠤᠨ᠎ᠠ᠃      ︵ᠳᠥᠷᠪᠡ︶ ᠳᠡᠭᠡᠳᠦ ᠵᠡᠷᠭᠡ ᠶᠢᠨ ᠰᠤᠷᠭᠠᠭᠤᠯᠢ ᠶᠢᠨ ᠠᠮᠦᠷ ᠲᠥᠪᠰᠢᠨ ᠪᠦᠭᠡᠳ ᠲᠣᠭᠲᠠᠭᠤᠨ ᠪᠠᠶᠢᠬᠤ ᠶᠢ ᠡᠷᠡᠰ ᠬᠠᠮᠠᠭᠠᠯᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠤᠯᠤᠰ ᠲᠥᠷᠥ ᠶᠢᠨ ᠦᠵᠡᠯ ᠤᠬᠠᠮᠰᠠᠷ᠂ ᠵᠠᠰᠠᠭ ᠤᠨ ᠡᠷᠬᠡ ᠶᠢᠨ ᠦᠵᠡᠯ ᠤᠬᠠᠮᠰᠠᠷ᠂ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠵᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ᠵᠢᠴᠢ ᠬᠠᠮᠢᠶ᠎ᠠ ᠪᠦᠬᠦᠢ ᠨᠠᠷᠢᠨ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠳᠠᠶᠢᠰᠤᠩᠨᠠᠬᠤ ᠬᠦᠴᠦᠨ ᠤ ᠨᠡᠪᠴᠢᠯᠲᠡ ᠶᠢ ᠡᠷᠡᠰ ᠰᠡᠷᠭᠡᠶᠢᠯᠡᠨ ᠡᠰᠡᠷᠭᠦᠴᠡᠵᠦ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦᠯᠢ ᠴᠤᠭᠴᠠ ᠶᠢᠨ ᠤᠯᠤᠰ ᠤᠨ ᠠᠮᠦᠷ ᠲᠥᠪᠰᠢᠨ ᠤ ᠦᠵᠡᠯᠲᠡ ᠶᠢᠨ ᠬᠦᠮᠦᠵᠢᠯ ᠢ ᠭᠦᠨᠵᠡᠭᠡᠶᠢᠷᠡᠭᠦᠯᠦᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠮᠦᠨ ᠬᠦᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠤᠨ᠎ᠠ᠃ ᠢᠨᠲ᠋ᠤᠷ ᠰᠦᠯᠵᠢᠶ᠎ᠡ ᠪᠠᠷ ᠶᠠᠷᠢᠶ᠎ᠠ ᠬᠡᠯᠡᠯᠴᠡᠭᠡ ᠶᠢ ᠬᠦᠲᠦᠯᠦᠨ ᠵᠢᠯᠤᠭᠤᠳᠬᠤ ᠶᠢ ᠦᠨᠡᠨᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠲᠣᠣᠷ ᠰᠦᠯᠵᠢᠶ᠎ᠡ ᠶᠢᠨ ᠠᠮᠦᠷ ᠲᠥᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠡᠷᠡᠭᠦᠯ ᠰᠠᠷᠠᠭᠤᠯ ᠲᠣᠣᠷ ᠰᠦᠯᠵᠢᠶᠡᠨ ᠤ ᠰᠤᠶᠤᠯ ᠢ ᠪᠣᠢ ᠪᠣᠯᠭᠠᠨ᠎ᠠ᠃ ᠬᠢᠴᠢᠶᠡᠯ ᠤᠨ ᠵᠢᠭᠠᠨ ᠰᠤᠷᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠭᠰᠢ ᠨᠠᠷ ᠤᠨ ᠠᠵᠢᠯᠯᠠᠭ᠎ᠠ ᠶᠢᠨ ᠵᠢᠷᠤᠮᠵᠢᠯ ᠤᠨ ᠬᠦᠮᠦᠵᠢᠯ ᠢ ᠴᠢᠩᠭᠠᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠳᠤ ᠱᠠᠰᠢᠨ ᠰᠤᠷᠲᠠᠬᠤᠨ ᠤᠯᠠᠮᠵᠢᠯᠠᠬᠤ᠂ ᠱᠠᠰᠢᠨ ᠰᠤᠷᠲᠠᠬᠤᠨ ᠤ ᠪᠦᠯᠬᠦᠮ ᠪᠣᠶᠣ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠰᠦᠰᠦᠭᠲᠡᠨ ᠬᠥᠭᠵᠢᠭᠦᠯᠬᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠪᠠᠶᠢᠭᠤᠯᠬᠤ᠂ ᠱᠠᠰᠢᠨ ᠰᠤᠷᠲᠠᠬᠤᠨ ᠤ ᠠᠵᠢᠯᠯᠠᠭ᠎ᠠ ᠶᠢ ᠡᠷᠬᠢᠯᠡᠬᠦ᠂ ᠱᠠᠰᠢᠨ ᠰᠤᠷᠲᠠᠬᠤᠨ ᠤ ᠲᠦᠷᠦᠯ ᠤᠨ ᠬᠡᠪᠯᠡᠭᠳᠡᠭᠦᠨ ᠵᠢᠴᠢ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠲᠠᠷᠬᠠᠭᠠᠬᠤ ᠶᠢ ᠡᠷᠡᠰ ᠴᠠᠭᠠᠵᠠᠯᠠᠨ᠎ᠠ᠃      ᠵᠢᠷᠭᠤᠭ᠎ᠠ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ      ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ ᠨᠢᠭᠡᠲᠦᠯᠲᠡᠢ ᠲᠦᠯᠦᠪᠯᠡᠨ ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠢᠭᠡᠳ ᠬᠥᠭᠵᠢᠯᠲᠡ ᠨᠢ ᠲᠡᠭᠦᠨ ᠤ ᠲᠤᠰ ᠪᠡᠶ᠎ᠡ ᠶᠢᠨ ᠵᠢᠮ᠎ᠡ ᠶᠤᠰᠤ ᠪᠠ ᠣᠨᠴᠠᠯᠢᠭ ᠰᠢᠨᠵᠢ ᠲᠠᠢ ᠪᠠᠶᠢᠳᠠᠭ ᠪᠣᠯᠬᠤᠷ ᠦᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠲᠦᠯᠲᠡᠢ ᠲᠦᠯᠦᠪᠯᠡᠭᠡ ᠪᠠᠨ ᠴᠢᠩᠭᠠᠳᠬᠠᠨ᠎ᠠ᠃ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ ᠲᠦᠷᠦᠭᠦᠯᠡᠨ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠢᠭᠡᠳ ᠬᠥᠭᠵᠢᠯᠲᠡ ᠳᠤᠮᠳᠠᠬᠢ ᠳᠤᠪᠤᠶᠢᠮ᠎ᠠ ᠠᠰᠠᠭᠤᠳᠠᠯ ᠤᠳ ᠢ ᠰᠤᠳᠤᠯᠤᠨ ᠰᠢᠢᠳᠪᠦᠷᠢᠯᠡᠨ᠎ᠡ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠬᠡᠷᠡᠭᠵᠢᠭᠦᠯᠦᠭᠦᠰᠢᠲᠡᠢ ᠳᠦᠬᠦᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠨᠡᠶᠢᠲᠡᠯᠡᠵᠦ᠂ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠪᠣᠳᠠᠳᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮ ᠤᠨ ᠬᠤᠷᠢᠶ᠎ᠠ ᠨᠢ ᠬᠥᠭᠵᠢᠯᠲᠡ ᠶᠢᠨ ᠰᠡᠳᠬᠢᠮᠵᠢ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠤᠳᠤᠷᠬᠠᠶᠢᠯᠠᠨ᠂ ᠳᠣᠲᠤᠭᠠᠲᠤ ᠶᠢᠨ ᠬᠦᠳᠡᠯᠭᠡᠬᠦ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠠᠵᠠ ᠳᠣᠬᠢᠶᠠᠯ ᠢ ᠪᠠᠲᠤ ᠪᠠᠬᠢ ᠡᠵᠡᠮᠳᠡᠨ᠂ ᠰᠤᠷᠭᠠᠭᠤᠯᠢ ᠡᠷᠬᠢᠯᠡᠬᠦ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠬᠤᠶᠠᠷ︶ ᠵᠠᠷᠤᠳᠠᠯ ᠤᠨ ᠣᠷᠤᠭᠤᠯᠤᠯᠲᠠ ᠶᠢ ᠦᠨᠡᠨᠬᠦ ᠪᠠᠲᠤᠯᠠᠨ᠎ᠠ᠃ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢ ᠨᠢᠭᠡᠳᠦᠭᠡᠷ ᠳᠡᠰ ᠤᠨ ᠲᠦᠰᠦᠪ ᠤᠨ ᠨᠢᠭᠡᠴᠡ ᠶᠢᠨ ᠬᠠᠮᠢᠶᠠᠷᠤᠯᠲᠠ ᠳᠤ ᠣᠷᠤᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠦᠰᠦᠪ ᠤᠨ ᠵᠣᠭᠤᠰ ᠰᠢᠯᠵᠢᠭᠦᠯᠦᠨ ᠥᠭᠬᠦ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠣᠷᠣᠨ ᠨᠣᠲᠤᠭ ᠤᠨ ᠵᠠᠰᠠᠭ ᠤᠨ ᠣᠷᠳᠣᠨ ᠢ ᠰᠢᠮᠳᠠᠭᠤᠯᠵᠤ ᠪᠠᠶᠢᠭᠠᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠷᠤᠳᠠᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠦᠭᠡᠳ ᠵᠢᠷᠤᠮᠵᠢᠭᠤᠨ᠂ ᠲᠥᠪ ᠭᠤᠣᠯᠴᠢ ᠪᠦᠭᠡᠳ ᠤᠳᠤᠷᠢᠳᠤᠮᠵᠢ ᠨᠢ ᠢᠯᠡ ᠲᠤᠳᠤ᠂ ᠦᠷ᠎ᠡ ᠪᠦᠲᠦᠮᠵᠢ ᠶᠢ ᠡᠷᠬᠢᠮᠯᠡᠭᠰᠡᠨ ᠲᠦᠰᠦᠪ ᠤᠨ ᠵᠣᠭᠤᠰ ᠰᠢᠯᠵᠢᠭᠦᠯᠦᠨ ᠥᠭᠬᠦ ᠳᠦᠷᠢᠮ ᠢ ᠠᠯᠬᠤᠮ ᠠᠯᠬᠤᠮ ᠢᠶᠠᠷ ᠰᠡᠲᠦᠨ ᠪᠠᠶᠢᠭᠤᠯᠵᠤ᠂ ᠲᠦᠷᠦᠯ ᠵᠦᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠲᠦᠷᠦᠯ ᠵᠦᠢᠯ ᠢᠶᠠᠷ ᠬᠦᠲᠦᠯᠦᠨ ᠵᠢᠯᠤᠭᠤᠳᠬᠤ ᠪᠠᠨ ᠴᠢᠩᠭᠠᠷᠠᠭᠤᠯᠵᠤ᠂ ᠲᠡᠷᠢᠭᠦᠨ ᠤ ᠳᠡᠰ ᠤᠨ ᠶᠡᠭᠡ ᠰᠤᠷᠭᠠᠭᠤᠯᠢ᠂ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠢᠨᠵᠧᠨᠧᠷᠢᠩ ᠢ ᠤᠷᠢᠳᠠᠪᠠᠷ ᠪᠠᠲᠤᠯᠠᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠳᠠᠯ ᠤᠨ ᠣᠷᠤᠭᠤᠯᠤᠯᠲᠠ ᠶᠢ ᠪᠠᠲᠤᠯᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠵᠠᠭᠪᠤᠷ ᠢᠶᠠᠨ ᠬᠤᠪᠢᠷᠠᠭᠤᠯᠬᠤ ᠶᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ᠂ ᠰᠤᠷᠭᠠᠭᠤᠯᠢ ᠡᠷᠬᠢᠯᠡᠬᠦ ᠣᠨᠴᠠᠯᠢᠭ ᠢ ᠳᠤᠪᠤᠶᠢᠯᠭᠠᠨ᠂ ᠲᠡᠷᠢᠭᠦᠨ ᠤ ᠳᠡᠰ ᠢ ᠴᠢᠷᠮᠠᠶᠢᠨ ᠡᠭᠦᠳᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠣᠷᠤᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭ᠎ᠠ ︵PPP︶᠎ ᠶᠢ ᠢᠳᠡᠪᠬᠢᠲᠡᠢ ᠰᠦᠪᠡᠭᠴᠢᠯᠡᠨ᠎ᠡ᠃ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠵᠠᠰᠠᠭ ᠤᠨ ᠣᠷᠳᠤᠨ ᠤ ᠬᠦᠲᠦᠯᠦᠨ ᠵᠢᠯᠤᠭᠤᠳᠬᠤ ᠰᠠᠭᠤᠷᠢ ᠮᠦᠩᠭᠦ ᠶᠢ ᠰᠤᠳᠤᠯᠤᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠤ ᠠᠬᠤᠶᠢᠯᠠᠯ ᠯᠤᠭ᠎ᠠ ᠮᠡᠷᠭᠡᠵᠢᠯ ᠤᠨ ᠨᠡᠭᠡᠭᠡᠯᠲᠡ ᠬᠥᠭᠵᠢᠭᠦᠯᠦᠯᠲᠡ᠂ ᠮᠡᠷᠭᠡᠵᠢᠯ ᠤᠨ ᠯᠠᠪᠯᠠᠯᠲᠠ᠂ ᠮᠡᠷᠭᠡᠵᠢᠯ ᠤᠨ ᠦᠢᠯᠡᠴᠢᠯᠡᠭᠡ ᠶᠢ ᠦᠷᠨᠢᠭᠦᠯᠬᠦ ᠵᠡᠷᠭᠡ ᠬᠦᠨᠳᠡᠯᠡᠨ ᠢᠶᠠᠷ ᠬᠠᠮᠲᠤᠷᠠᠯᠴᠠᠬᠤ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠤ ᠠᠬᠤᠶᠢᠯᠠᠯ ᠯᠤᠭ᠎ᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠦᠷᠨᠢᠭᠦᠯᠬᠦ ᠶᠢ ᠵᠣᠷᠢᠬᠵᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map