ᠬᠥᠯᠥᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠳᠡᠮᠵᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ
ᠨᠡᠶᠢᠲᠡᠯᠡᠭᠰᠡᠨ ᠴᠠᠭ᠄
2017/7/5
                   ᠥᠪᠥᠷ ᠵᠠᠰᠠᠭ ᠲᠠᠷᠬᠠᠭᠠᠭᠰᠠᠨ ﹇2017﹈ 33 ᠳ᠋ᠤᠭᠠᠷ ᠲᠤᠭᠠᠳᠤ                          3 ᠳ᠋ᠤᠭᠠᠷ ᠰᠠᠷ᠎ᠠ ᠶᠢᠨ 8᠎ ᠤ ᠡᠳᠦᠷ  ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠬᠥᠯᠥᠨ ᠪᠤᠶᠢᠷ ᠪᠣᠯ ᠮᠠᠨ ᠤ ᠤᠯᠤᠰ ᠤᠨ ᠭᠦᠷᠰᠢ ᠵᠡᠷᠭᠡᠯᠡᠳᠡᠭᠡ ᠪᠠᠶᠢᠭ᠎ᠠ ᠣᠷᠣᠰ ᠮᠣᠩᠭᠤᠯ᠂ ᠵᠡᠭᠦᠨ ᠬᠤᠶᠢᠲᠤ ᠠᠽᠢᠶ᠎ᠠ ᠳᠤ ᠬᠠᠨᠳᠣᠭᠤᠯᠣᠭᠰᠠᠨ᠂ ᠧᠦ᠋ᠷᠣᠫᠠ ᠶᠢᠨ ᠲᠣᠳᠣᠷ᠎ᠠ ᠭᠠᠵᠠᠷ ᠲᠤ ᠨᠡᠪᠲᠡᠷᠡᠭᠰᠡᠨ ᠴᠢᠬᠤᠯᠠ ᠡᠭᠦᠳᠡ ᠡᠷᠤᠭᠡ ᠪᠣᠯᠣᠨ᠎ᠠ᠂ ᠤᠯᠤᠰ ᠤᠨ ︽ᠨᠢᠭᠡ ᠪᠦᠰᠡ ᠨᠢᠭᠡ ᠵᠠᠮ︾᠎ ᠢ ᠠᠬᠢᠭᠤᠯᠬᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠯᠤᠭᠴᠢ ᠴᠡᠭ ᠪᠣᠯᠣᠨ᠎ᠠ᠃ ᠬᠥᠯᠥᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ︵ᠳᠣᠷᠣᠭᠰᠢ ᠬᠤᠰᠢᠭᠤᠴᠢ ᠣᠷᠣᠨ ᠭᠡᠵᠦ ᠲᠣᠪᠴᠢᠯᠠᠨ᠎ᠠ︶᠎ ᠢ ᠪᠦᠲᠦᠭᠡᠨ ᠪᠠᠶᠢᠭᠤᠯᠬᠤ ᠪᠣᠯ᠂ ᠮᠠᠨ ᠤ ᠤᠯᠤᠰ ᠤᠨ ᠨᠡᠭᠡᠭᠡᠯᠳ᠋ᠨ ᠪᠠᠷ ᠬᠥᠭᠵᠢᠯᠲᠡ ᠶᠢ ᠠᠬᠢᠭᠤᠯᠬᠤ ᠪᠠ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠡᠪ ᠨᠠᠶᠢᠷᠠᠮᠳᠠᠭᠤ ᠨᠥᠬᠦᠷᠰᠡᠭ ᠬᠥᠷᠰᠢ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠪᠠᠷᠢᠯ ᠪᠠᠶᠢᠵᠣ᠂ ᠮᠠᠨ ᠤ ᠣᠷᠣᠨ ᠤ ᠪᠦᠬᠦ ᠲᠠᠯ᠎ᠠ ᠪᠠᠷ ᠭᠠᠳᠠᠭᠠᠳᠣ ᠳᠤ ᠨᠡᠭᠡᠭᠡᠯᠳᠠ ᠬᠢᠭᠦ ᠰᠢᠨ᠎ᠡ ᠪᠠᠶᠢᠳᠠᠯ ᠢ ᠴᠣᠭᠴᠠᠯᠠᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠣᠡᠭᠡᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠮᠠᠨ ᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠠᠵᠢᠯ ᠢ ᠳᠠᠬᠢᠨ ᠰᠢᠨ᠎ᠡ ᠨᠢᠭᠡᠨ ᠳᠡᠭᠲᠡᠷ ᠲᠤ ᠭᠠᠷᠭᠠᠬᠤ ᠶᠢᠨ ᠲᠣᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠬᠢᠯᠢ ᠶᠢᠨ ᠪᠣᠭᠤᠮᠲᠠ ᠪᠠᠷ ᠨᠠᠪᠳᠠᠷᠠᠭᠦ ᠵᠠᠮ ᠤᠨ ᠲᠤᠯᠭᠠᠭᠤᠷᠢᠯᠠᠵᠣ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠬᠢᠯᠢ ᠶᠢᠨ ᠪᠣᠭᠤᠮᠲᠠ ᠪᠠ ᠨᠡᠪᠳᠡᠷᠡᠭᠦ ᠵᠠᠮ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠡᠳ᠋ ᠪᠠᠷᠠᠭ᠎ᠠ᠂ ᠭᠦᠮᠣᠰ ᠢ ᠦᠩᠭᠡᠷᠡᠭᠦᠯᠭᠦ ᠴᠢᠳᠠᠪᠣᠷᠢ ᠪᠠᠨ ᠳᠡᠭᠡᠭᠰᠢᠯᠡᠭᠦᠯᠵᠦ᠂ ᠬᠤᠰᠢᠭᠤᠴᠢ ᠣᠷᠣᠨ ᠢ ᠧᠦ᠋ᠷᠣᠫᠠ ᠠᠽᠢᠶ᠎ᠠ ᠶᠢᠨ ᠡᠭᠡ ᠬᠠᠭᠤᠷᠠᠶ ᠶᠢᠨ ᠬᠥᠭᠦᠷᠭᠡ ᠶᠢᠨ ᠴᠢᠬᠤᠯᠠ ᠬᠦᠢᠰᠦ ᠪᠣᠯᠭᠠᠨ ᠪᠦᠳᠣᠭᠡᠨ ᠪᠠᠶᠢᠭᠤᠯᠣᠨ᠎ᠠ᠃      ︵ᠨᠢᠭᠡ︶ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢᠨ ᠪᠦᠳᠣᠭᠡᠨ ᠪᠠᠶᠢᠭᠤᠯᠣᠯᠳᠠ ᠶᠢ ᠴᠢᠩᠭᠠᠣᠠᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠲᠦᠷᠣᠯ ᠤᠨ ᠪᠡᠯᠡ ᠮᠥᠩᠭᠦ ᠶᠢ ᠬᠤᠰᠢᠭᠤᠴᠢ ᠣᠷᠣᠨ ᠲᠡᠰᠢ ᠬᠡᠯᠪᠠᠶᠢᠯᠭᠡᠵᠦ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠠ᠃ ᠡᠪᠦᠳᠦᠭ᠂ ᠠᠷᠣ ᠬᠠᠰᠢᠶᠠᠳᠣ ᠳᠤ ᠲᠣᠰᠠᠭᠠᠷ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠲᠦᠷᠭᠡᠣᠡᠭᠡᠨ ᠠᠬᠢᠭᠤᠯᠬᠤ ᠶᠢᠨ ᠬᠠᠮᠳᠣ᠂ ᠵᠢᠯ ᠲᠤᠷᠰᠢ ᠴᠢᠯᠣᠭᠡᠳᠠᠢ ᠨᠡᠭᠡᠭᠡᠬᠦ ᠶᠢ ᠪᠡᠶᠡᠯᠡᠭᠦᠯᠣᠨ᠎ᠠ᠃ ᠾᠧᠢ ᠱᠠᠨ ᠳᠧᠦ ᠪᠠ ᠡᠪᠦᠳᠦᠭ ᠬᠢᠯᠢ ᠶᠢᠨ ᠪᠣᠭᠤᠮᠲᠠ ᠶᠢ ᠣᠷᠣᠰ ᠮᠣᠩᠭᠤᠯ ᠳᠤ ᠴᠢᠭᠯᠡᠭᠦᠯᠣᠭ᠍ᠰᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠢᠭᠠᠨ ᠲᠣᠭᠲᠠᠭᠠᠭᠰᠠᠨ ᠬᠢᠯᠢ ᠶᠢᠨ ᠪᠣᠭᠤᠮᠲᠠ ᠪᠣᠯᠭᠠᠬᠤ ᠪᠠᠷ ᠴᠢᠷᠮᠠᠶᠢᠨ᠎ᠠ᠃ ᠰᠢᠪᠡᠭᠡ ᠬᠢᠯᠢ ᠶᠢᠨ ᠪᠣᠭᠤᠮᠳᠠ ᠶᠢᠨ ᠠᠶᠠᠨᠴᠢᠳ ᠤᠨ ᠲᠡᠭᠡᠭᠡᠪᠦᠷᠢ᠂ ᠠᠶᠠᠨᠴᠢᠳ ᠢ ᠪᠠᠶᠢᠴᠠᠭᠠᠬᠤ ᠲᠤᠬᠠᠶᠢᠯᠠᠭᠰᠠᠨ ᠠᠵᠢᠯ ᠦᠷᠨᠢᠭᠦᠯᠭᠦ ᠶᠢ ᠠᠬᠢᠭᠤᠯᠣᠨ᠂ ᠣᠯᠣᠴᠢ ᠬᠢᠯᠢ ᠶᠢᠨ ᠪᠣᠭᠤᠮᠳᠠ ᠶᠢ ᠲᠤᠰᠠᠯᠠᠨ ᠪᠠᠶᠢᠭᠤᠯᠬᠤ ᠠᠬᠢᠴᠠ ᠶᠢ ᠲᠦᠷᠭᠡᠳᠬᠡᠨ᠎ᠠ᠃      ︵ᠬᠤᠶᠠᠷ︶ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠣᠷ ᠤᠨ ᠰᠢᠨ᠎ᠡ ᠶᠢ ᠡᠭᠦᠳᠣᠨ᠎ᠠ᠃ ᠳᠠᠩ ᠭᠠᠭᠴᠨ ᠴᠣᠩᠬᠤᠪᠴᠢ ᠪᠠᠷ ᠦᠢᠯᠡᠴᠢᠯᠡᠭᠦ ᠪᠠ ᠲᠤᠮᠤ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠬᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠯᠴᠡᠬᠦ᠂ ᠬᠠᠤᠯᠢ ᠬᠡᠷᠡᠭᠵᠢᠭᠦᠯᠬᠦ ᠳᠡᠭᠡᠨ ᠬᠠᠷᠢᠯᠴᠠᠨ ᠬᠠᠮᠵᠢᠯᠴᠠᠬᠤ ᠶᠢ ᠠᠬᠢᠭᠤᠯᠣᠨ᠂ ᠬᠢᠯᠢ ᠶᠢᠨ ᠪᠣᠭᠤᠮᠲᠠ ᠶᠢᠨ ᠪᠦᠳᠦᠮᠵᠢᠳᠡᠢ ᠠᠵᠢᠯᠯᠠᠭᠠᠨ ᠢ ᠲᠦᠷᠭᠡᠣᠡᠭᠡᠨ᠎ᠠ᠃ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠢᠨᠠᠯᠳᠠ ᠬᠠᠮᠢᠶᠠᠷᠣᠯᠳᠠ ᠶᠢᠨ ᠵᠠᠭᠪᠤᠷ ᠤᠨ ᠰᠢᠨ᠎ᠡ ᠶᠢ ᠡᠭᠦᠳᠴᠣ᠂ ︽ᠬᠠᠷᠢᠯᠴᠠᠨ ᠮᠡᠳᠡᠭᠦᠯᠭᠦ᠂ ᠬᠠᠷᠢᠯᠴᠠᠨ ᠪᠠᠶᠢᠴᠠᠭᠠᠬᠤ᠂ ᠬᠠᠷᠢᠯᠴᠠᠨ ᠦᠩᠭᠡᠷᠡᠭᠡᠭᠦ︾᠂ ︽ᠭᠠᠳᠠᠭᠠᠳᠤ ᠳᠤ ᠭᠠᠷᠭᠠᠬᠤ ᠶᠢ ᠨᠢ ᠰᠢᠭᠤᠳ ᠭᠠᠷᠭᠠᠬᠤ᠂ ᠭᠠᠳᠠᠭᠠᠳᠤ ᠠᠴᠠ ᠣᠷᠣᠭᠤᠯᠬᠤ ᠶᠢ ᠨᠢ ᠰᠢᠭᠤᠳ ᠦᠡᠭᠬᠡᠷᠡᠬᠦᠯᠬᠦ︾᠎ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠢᠨ ᠨᠢᠭᠡ ᠴᠤᠭᠴᠠᠵᠢᠯᠳᠠ ᠶᠢ ᠪᠦᠭᠦ ᠳᠠᠯ᠎ᠠ ᠪᠠᠷ ᠠᠬᠢᠭᠤᠯᠣᠨ᠎ᠠ᠃ ᠮᠠᠨᠵᠤᠤᠷ ᠤᠨ ᠤᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ ᠪᠠᠷ ᠦᠢᠯᠡᠴᠢᠯᠡᠭᠦ︾᠎ ᠶᠢ ᠤᠷᠢᠳᠠᠪᠠᠷ ᠲᠤᠷᠰᠢᠨ ᠬᠡᠷᠡᠭᠵᠢᠭᠦᠯᠭᠦ ᠶᠢ ᠳᠡᠮᠵᠢᠨ᠎ᠠ᠃ ATA ᠭᠠᠭᠴᠨ ᠦᠨᠡᠮᠯᠡᠯ ᠤᠨ ᠳᠡᠪᠳᠠᠷ ᠤᠨ ᠲᠣᠭᠲᠠᠴᠠ ᠶᠢ ᠬᠡᠷᠡᠭᠵᠢᠭᠦᠯᠭᠦ ᠶᠢ ᠠᠬᠢᠭᠤᠯᠣᠨ᠎ᠠ᠃      ︵ᠭᠤᠷᠪᠠ︶ ᠣᠷᠣᠰ ᠮᠣᠩᠭᠤᠯ ᠯᠤᠭ᠎ᠠ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠠᠮᠳᠣᠷᠠᠯᠴᠠᠭ᠎ᠠ ᠶᠢ ᠠᠬᠢᠭᠤᠯᠣᠨ᠎ᠠ᠃ ᠳᠤᠮᠳᠠᠳᠤ ᠣᠷᠣᠰ ᠤᠨ ᠪᠣᠭᠤᠮᠲᠠ ᠶᠢᠨ ᠳ᠋ᠠᠶᠢᠲ᠋ᠠ ᠰᠣᠯᠢᠯᠴᠠᠬᠤ ︽ᠰᠠᠭᠠᠳ ᠥᠭᠡᠢ ᠨᠡᠪᠲᠡᠷᠡᠬᠦ ᠵᠠᠮ︾᠎ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠲᠤᠷᠰᠢᠯᠲᠠ ᠶᠢᠨ ᠠᠵᠤ ᠠᠬᠤᠶᠢᠯᠠᠯ ᠤᠨ ᠬᠡᠪᠴᠢᠶ᠎ᠡ ᠶᠢ ᠥᠷᠭᠡᠳᠬᠡᠨ᠂ ︽ᠰᠠᠭᠠᠳ ᠥᠭᠡᠢ ᠨᠡᠪᠲᠡᠷᠡᠬᠦ ᠵᠠᠮ︾᠎ ᠤᠨ ᠪᠣᠷᠣ ᠲᠦᠯᠣᠪ ᠳᠠᠬᠢ ᠪᠠᠷᠠᠭ᠎ᠠ ᠶᠢ ᠪᠣᠭᠤᠮᠲᠠ ᠪᠠᠷ ᠥᠩᠭᠡᠷᠡᠭᠡᠭᠦ ᠬᠢᠨᠠᠯᠳᠠ ᠬᠠᠮᠢᠶᠠᠷᠣᠯᠳᠠ ᠶᠢᠨ ᠳᠡᠰ ᠳᠠᠷᠠᠭᠠᠯᠠᠯ ᠢ ᠲᠤᠪᠴᠢᠯᠠᠨ᠎ᠠ᠃ ᠤᠷᠤᠰ ᠮᠣᠩᠭᠤᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦ᠋ᠶᠢᠩ ᠢ ᠬᠠᠷᠢᠯᠴᠠᠨ ᠮᠡᠳᠡᠷᠡᠯᠴᠡᠭᠦ ᠲᠤᠷᠰᠢᠯᠲᠠ ᠶᠢ ᠥᠷᠨᠢᠭᠦᠯᠵᠦ᠂ ᠤᠷᠤᠰ ᠮᠣᠩᠭᠤᠯ ᠤᠨ ᠪᠣᠭᠤᠮᠲᠠ ᠯᠤᠭ᠎ᠠ ᠶᠢᠨ ︽ᠢᠳᠡᠭᠡᠮᠵᠢᠳᠠᠢ ᠰᠠᠭᠠᠣᠨ ᠦᠭᠡᠢ ᠨᠡᠪᠳᠡᠷᠡᠭᠦ ᠵᠠᠮ︾᠎ ᠤᠨ ᠪᠠᠶᠢᠭᠤᠯᠤᠯᠲᠠ ᠶᠢ ᠠᠬᠢᠭᠤᠯᠣᠨ᠎ᠠ᠃ ᠤᠷᠤᠰ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠯᠤᠭ᠎ᠠ ᠶᠢᠨ ᠮᠡᠷᠭᠡᠵᠢᠯ ᠬᠠᠤᠯᠢ ᠲᠣᠭᠲᠠᠭᠠᠯ᠂ ᠪᠠᠷᠢᠮᠵᠢᠶ᠎ᠠ᠂ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠭᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠬᠢᠵᠢᠭ ᠡᠪᠡᠳᠴᠢᠨ ᠬᠢᠵᠢᠭ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠳᠡᠷᠡᠭᠦᠯᠭᠦ ᠲᠣᠭᠲᠠᠴᠠ ᠶᠢ ᠪᠠᠶᠢᠭᠤᠯᠣᠨ᠎ᠠ᠃      ︵ᠲᠦᠷᠪᠡ︶ ᠣᠨᠴᠣᠭᠤᠢ ᠲᠠᠸᠠᠷ ᠤᠨ ᠪᠣᠭᠤᠮᠲᠠ ᠪᠠᠷ ᠥᠩᠭᠡᠷᠡᠭᠦ ᠶᠢ ᠵᠥᠪᠰᠢᠶᠡᠷᠡᠭᠦ ᠪᠠᠨ ᠥᠷᠭᠡᠳᠬᠡᠨ᠎ᠠ᠃ ᠬᠤᠰᠢᠭᠤᠴᠢ ᠣᠷᠣᠨ ᠤ ᠬᠢᠵᠠᠭᠠᠷᠯᠠᠬᠤ ᠳᠦᠷᠦᠯ ᠤᠨ ᠲᠠᠸᠠᠷ ᠤᠨ ᠭᠠᠳᠠᠭᠠᠳᠤ ᠠᠴᠠ ᠣᠷᠣᠭᠤᠯᠬᠤ ᠶᠢ ᠬᠠᠮᠢᠶᠠᠷᠴᠣ ᠬᠢᠵᠠᠭᠠᠷᠯᠠᠬᠤ ᠪᠠ ᠵᠥᠪᠰᠢᠶᠡᠷᠡᠬᠦ ᠶᠢ ᠠᠭᠤᠵᠢᠭᠤ ᠲᠠᠯᠪᠢᠬᠤ ᠪᠠᠷ ᠴᠢᠷᠮᠠᠶᠢᠵᠣ᠂ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢᠨ ᠳᠤᠬᠢᠷᠠᠭᠤᠯᠤᠯᠳᠠ ᠶᠢᠨ ᠬᠡᠮᠵᠢᠶ᠎ᠠ ᠶᠢ ᠨᠡᠮᠡᠭᠳᠡᠭᠦᠯᠣᠨ᠎ᠠ᠃ ᠬᠢᠯᠢ ᠶᠢᠨ ᠪᠣᠭᠤᠮᠲᠠ ᠶᠢᠨ ᠮᠢᠬᠠᠨ ᠤ ᠵᠦᠢᠯ᠂ ᠠᠮᠤ ᠪᠤᠳᠠᠭ᠎ᠠ᠂ ᠤᠰᠤᠨ ᠭᠠᠷᠤᠯᠲᠠ᠂ ᠲᠡᠵᠢᠭᠡᠯ ᠪᠣᠷᠳᠤᠭ᠎ᠠ᠂ ᠮᠠᠰᠢᠨ ᠲᠡᠷᠭᠡ ᠵᠡᠷᠭᠡ ᠭᠠᠳᠠᠭᠠᠳᠤ ᠠᠴᠠ ᠣᠷᠣᠭᠤᠯᠬᠤ ᠲᠠᠸᠠᠷ ᠤᠨ ᠲᠦᠷᠣᠯ ᠵᠦᠢᠯ ᠪᠣᠯᠤᠨ ᠲᠤᠭ᠎ᠠ ᠬᠡᠮᠵᠢᠶ᠎ᠡ ᠶᠢ ᠥᠷᠭᠡᠳᠬᠡᠭᠦ ᠶᠢ ᠳᠡᠮᠵᠢᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠠᠮᠢᠳᠤ ᠠᠮᠢᠲᠠᠨ᠂ ᠲᠡᠵᠢᠭᠡᠯ ᠪᠣᠷᠳᠤᠭ᠎ᠠ᠂ ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢᠨ ᠵᠢᠭᠠᠨ ᠲᠣᠭᠲᠠᠭᠠᠭᠰᠠᠨ ᠬᠢᠯᠢ ᠶᠢᠨ ᠪᠣᠭᠤᠮᠲᠠ ᠪᠠᠷ ᠭᠤᠶᠣᠴᠢᠯᠠᠵᠣ ᠮᠡᠳᠡᠭᠦᠯᠭᠦ ᠶᠢ ᠳᠡᠮᠵᠢᠨ᠎ᠠ᠃      ︵ᠲᠠᠪᠤ︶ ᠭᠤᠣᠯᠳᠠᠯᠭ᠎ᠠ ᠲᠠᠢ ᠨᠡᠪᠳᠡᠷᠡᠭᠦ ᠵᠠᠮ ᠤᠨ ᠪᠥᠳᠥᠭᠡᠨ ᠪᠠᠶᠢᠭᠤᠯᠤᠯᠲᠠ ᠶᠢ ᠳᠡᠮᠵᠢᠨ᠎ᠠ᠃ ᠤᠯᠤᠰ ᠤᠨ ᠲᠤᠰᠬᠠᠶ ᠲᠦᠷᠣᠯ ᠤᠨ ᠲᠥᠯᠥᠪᠵᠢᠭᠦᠯᠭᠡ ᠳᠤ ᠣᠷᠣᠭᠤᠯᠣᠭᠰᠠᠨ ᠬᠢᠯᠢ ᠠᠯᠣᠰᠯᠠᠭᠰᠠᠨ ᠲᠡᠮᠦᠷ ᠵᠠᠮ᠂ ᠵᠠᠰᠠᠮᠠᠯ ᠵᠠᠮ ᠤᠨ ᠲᠥᠷᠥᠯ ᠵᠦᠢᠯ ᠢ ᠲᠦᠷᠭᠡᠣᠡᠭᠡᠨ ᠪᠠᠶᠢᠭᠤᠯᠵᠤ᠂ ᠲᠡᠮᠦᠷ ᠵᠠᠮ ᠤᠨ ᠬᠦᠢᠰᠦ᠂ ᠰᠣᠯᠢᠵᠤ ᠠᠴᠢᠶᠠᠯᠠᠬᠤ ᠦᠷᠳᠡᠭᠡ ᠶᠢᠨ ᠴᠢᠳᠠᠪᠣᠷᠢ ᠶᠢ ᠦᠷᠭᠡᠣᠡᠭᠡᠨ ᠦᠭᠡᠷᠡᠴᠢᠯᠡᠭᠦ ᠶᠢ ᠠᠬᠢᠭᠤᠯᠣᠨ᠎ᠠ᠃ ᠠᠽᠢᠶ᠎ᠠ ᠲᠢᠪ ᠤᠨ ᠪᠡᠯᠡ ᠣᠷᠣᠭᠤᠯᠤᠯᠲᠠ ᠶᠢᠨ ᠪᠠᠩᠬᠢ᠂ ᠲᠣᠷᠭᠠᠨ ᠵᠠᠮ ᠤᠨ ᠰᠠᠭᠤᠷᠢ ᠮᠥᠩᠭᠦ ᠠᠴᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠡᠮᠵᠢᠯᠭᠡ ᠶᠢ ᠣᠯᠬᠤ ᠪᠠᠷ ᠢᠳᠡᠪᠬᠢᠳᠠᠢ ᠴᠢᠷᠮᠠᠶᠢᠵᠣ᠂ ᠳᠠᠭᠠᠳᠬᠠᠯ ᠤᠨ ᠪᠡᠯᠡ ᠮᠥᠩᠭᠦ ᠶᠢᠨ ᠠᠪᠴᠠᠭᠠᠨ ᠤ ᠡᠷᠬᠡ᠂ ᠰᠲ᠋ᠣᠺ ᠤᠨ ᠡᠷᠬᠡ ᠵᠡᠷᠭᠡ ᠬᠡᠯᠪᠡᠷᠢ ᠮᠠᠶ᠋ᠢᠭ ᠢᠶᠠᠷ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠵᠣᠷᠢᠬᠵᠢᠭᠤᠯᠤᠨ ᠬᠥᠲᠥᠯᠥᠨ ᠵᠢᠯᠣᠭᠤᠳᠣᠨ᠎ᠠ᠃ ᠮᠠᠨᠵᠤᠤᠷ ᠬᠢᠯᠢ ᠶᠢᠨ ᠪᠣᠭᠤᠮᠳᠠ ᠪᠠᠷ ᠬᠢᠯᠢ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢᠨ ᠤ ᠴᠤᠪᠤᠭ᠎ᠠ ᠶᠢᠨ ᠬᠡᠪᠰᠢᠵᠢᠭᠦᠯᠭᠦ᠂ ᠬᠡᠪᠴᠢᠶᠡᠵᠢᠭᠦᠯᠭᠦ ᠠᠵᠢᠯᠯᠠᠭᠠᠨ ᠢ ᠳᠡᠮᠵᠢᠨ᠎ᠠ᠃ ᠬᠤᠰᠢᠭᠤᠴᠢ ᠣᠷᠣᠨ ᠤ ᠬᠢᠯᠢ ᠶᠢᠨ ᠪᠣᠭᠤᠮᠲᠠ ᠪᠠ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠤ ᠴᠢᠬᠤᠯᠠ ᠭᠠᠷᠠᠮ ᠤᠨ ᠬᠤᠭᠤᠷᠣᠨᠳᠣᠬᠢ ᠤᠯᠠᠨ ᠬᠡᠯᠪᠡᠷᠢ ᠶᠢᠨ ᠬᠤᠯᠪᠣᠭᠠᠯᠠᠨ ᠵᠦᠭᠡᠭᠡᠪᠣᠷᠢᠯᠡᠭᠦ ᠪᠠ ᠪᠣᠭᠤᠮᠲᠠ ᠥᠩᠭᠡᠷᠡᠬᠦ ᠬᠠᠮᠵᠢᠯᠴᠠᠭ᠎ᠠ ᠶᠢ ᠥᠷᠭᠡᠳᠬᠡᠨ᠎ᠠ᠃      ︵ᠵᠢᠷᠭᠤᠭ᠎ᠠ︶ ᠤᠯᠠᠨ ᠤᠯᠤᠰ ᠤᠨ ᠠᠭᠠᠷ ᠤᠨ ᠭᠠᠷᠠᠮ ᠤᠨ ᠵᠥᠭᠡᠭᠡᠪᠦᠷᠢᠯᠡᠬᠦ ᠴᠢᠳᠠᠪᠣᠷᠢ ᠶᠢ ᠳᠡᠭᠡᠭᠰᠢᠯᠡᠭᠦᠯᠣᠨ᠎ᠠ᠃ ᠬᠠᠶᠢᠯᠠᠷ ᠤᠨ ᠨᠢᠰᠬᠡᠯ ᠤᠨ ᠪᠠᠭᠤᠳᠠᠯ᠂ ᠮᠠᠨᠵᠤᠤᠷ ᠤᠨ ᠨᠢᠰᠭᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠢᠴᠢ ᠰᠢᠨ᠎ᠡ ᠪᠠᠷᠭᠤ ᠪᠠᠷᠠᠭᠤᠨ ᠬᠤᠰᠢᠭᠤ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠳᠦᠭᠡᠠ ᠪᠠᠶᠢᠭᠤᠯᠣᠯᠳᠠ ᠶᠢ ᠲᠦᠷᠭᠡᠳᠬᠡᠨ᠎ᠠ᠃ ᠮᠠᠨᠵᠤᠤᠷ᠂ ᠬᠠᠶᠢᠯᠠᠷ ᠤᠨ ᠣᠯᠠᠨ ᠤᠯᠤᠰ ᠤᠨ ᠠᠭᠠᠷ ᠤᠨ ᠭᠠᠷᠠᠮ ᠨᠢ ᠪᠠᠷᠠᠭ᠎ᠠ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠭᠦ᠂ ᠣᠯᠠᠨ ᠣᠯᠣᠰ ᠤᠨ ᠪᠠ ᠤᠯᠤᠰ ᠤᠨ ᠳᠣᠲᠣᠭᠠᠳᠤ ᠶᠢᠨ ᠠᠶᠠᠨᠴᠢᠳ ᠵᠦᠭᠡᠭᠡᠪᠣᠷᠢᠯᠡᠭᠦ ᠠᠶᠠᠯᠠᠯ ᠤᠨ ᠱᠤᠭᠤᠮ ᠢ ᠨᠡᠮᠡᠵᠣ ᠨᠡᠪᠳᠡᠷᠡᠭᠦᠯᠭᠦ ᠶᠢ ᠳᠡᠮᠵᠢᠵᠣ᠂ ᠣᠷᠣᠰ ᠮᠣᠩᠭᠤᠯ ᠳᠤ ᠴᠢᠭᠯᠡᠭᠦᠯᠣᠭ᠍ᠰᠡᠨ ᠠᠶᠠᠨᠴᠢᠣᠨ ᠵᠥᠭᠡᠭᠡᠪᠦᠷᠢᠯᠡᠭᠦ ᠠᠶᠠᠯᠠᠯ ᠤᠨ ᠱᠤᠭᠤᠮ ᠤᠨ ᠣᠬᠤᠷ ᠵᠠᠮ ᠤᠨ ᠵᠦᠭᠡᠭᠡᠪᠣᠷᠢ ᠶᠢᠨ ᠱᠣᠭᠤᠮ ᠪᠠ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠨᠦᠭᠦᠪᠣᠷᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠣᠨ᠎ᠠ᠃      ᠬᠤᠶᠠᠷ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠣᠭᠡᠳᠠᠢ ᠳᠠᠯᠪᠢᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠣᠨ᠎ᠠ      ᠭᠠᠳᠠᠭᠠᠳᠤ ᠨᠡᠭᠡᠭᠡᠯᠳᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠴᠢ ᠣᠷᠣᠨ ᠢ ᠤᠯᠤᠰ ᠤᠨ ᠬᠢᠯᠢ ᠳᠠᠭᠠᠤ ᠣᠷᠣᠨ ᠤ ᠨᠠᠭᠡᠭᠡᠯᠳᠡ ᠶᠢᠨ ᠬᠠᠮᠲᠤᠷᠠᠯᠴᠠᠨ ᠬᠦ᠋ᠭᠵᠢᠭᠦ ᠴᠢᠬᠤᠯᠠ ᠣᠷᠣᠨ ᠪᠦᠰᠨ ᠪᠣᠯᠭᠠᠨ ᠪᠦᠳᠣᠭᠡᠨ ᠪᠠᠶᠢᠭᠤᠯᠣᠨ᠎ᠠ᠃      ︵ᠲᠤᠯᠤᠭ᠎ᠠ︶ ᠣᠨᠴᠣᠭᠤᠢ ᠬᠢᠨᠠᠯᠳᠠ ᠬᠠᠮᠢᠶᠠᠷᠣᠯᠳᠠ ᠶᠢᠨ ᠣᠷᠣᠨ᠃ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠤᠷᠤᠭᠰᠢᠲᠠᠶ ᠡᠵᠡᠩᠨᠡᠯᠳᠠ ᠶᠢ ᠪᠠᠳᠣᠯᠠᠵᠣ᠂ ᠮᠠᠨᠵᠤᠤᠷ ᠤᠨ ᠠᠭᠠᠷ ᠠᠶᠠᠯᠠᠯ ᠤᠨ ᠬᠢᠯᠢ ᠶᠢᠨ ᠪᠣᠭᠤᠮᠲᠠ ᠵᠢᠴᠢ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠢᠯᠢ ᠪᠠᠷ ᠣᠷᠣᠭᠤᠯᠬᠤ ᠶᠢᠨ ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠭᠠᠷᠭᠠᠬᠤ ᠶᠢ ᠳᠡᠮᠵᠢᠨ᠎ᠠ᠃ ᠬᠠᠶᠢᠯᠠᠷ ᠤᠨ ᠠᠭᠠᠷ ᠠᠶᠠᠯᠠᠯ ᠤᠨ ᠬᠢᠯᠢ ᠶᠢᠨ ᠪᠣᠭᠤᠮᠲᠠ ᠳᠤ ᠬᠢᠯᠢ ᠶᠢᠨ ᠪᠣᠭᠤᠮᠳᠠ ᠶᠢᠨ ᠭᠠᠶᠢᠯᠢ ᠠᠴᠠ ᠬᠡᠯᠲᠦᠷᠢᠭᠦᠯᠭᠦ ᠳᠡᠯᠭᠡᠭᠦᠷ᠂ ᠭᠠᠶᠢᠯᠢ ᠶᠢ ᠪᠠᠳᠣᠯᠠᠬᠤ ᠰᠠᠩ ᠬᠥᠮᠥᠷᠭᠡ ᠪᠠᠶᠢᠭᠤᠯᠬᠤ ᠪᠠᠷ ᠴᠢᠷᠮᠠᠶᠢᠨ᠎ᠠ᠃      ︵ᠨᠠᠢᠮᠠ︶ ᠭᠤᠣᠯᠳᠠᠯᠭ᠎ᠠ ᠲᠠᠢ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠣᠷᠣᠨ᠃ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠪᠠᠷ ᠢᠶᠠᠨ ᠬᠢᠯᠢ ᠶᠢᠨ ᠠᠷᠠᠯᠵᠢᠶ᠎ᠠ ᠦᠷᠨᠢᠭᠦᠯᠭᠦ ᠶᠢ ᠵᠣᠷᠢᠬᠵᠢᠭᠤᠯᠣᠨ᠎ᠠ᠃ ᠮᠠᠨᠵᠤᠤᠷ ᠬᠤᠲᠠ ᠶᠢᠨ ᠬᠠᠷᠢᠯᠴᠠᠨ ᠵᠠᠬ᠎ᠠ ᠳᠡᠯᠭᠡᠭᠦᠷ ᠭᠠᠷᠭᠠᠬᠤ ᠠᠷᠠᠯᠵᠢᠶᠠᠨ ᠤ ᠲᠣᠭᠤᠷᠢᠭ ᠪᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠤᠯᠪᠣᠯᠳᠤᠨ ᠬᠥᠭᠵᠢᠭᠦ ᠶᠢ ᠳᠡᠮᠵᠢᠵᠣ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠭᠠᠶᠢᠯᠢ ᠪᠠᠲᠤᠯᠠᠵᠣ ᠪᠠᠷᠠᠭ᠎ᠠ ᠪᠡᠯᠡᠣᠡᠭᠡᠭᠦ᠂ ᠬᠠᠷᠢᠯᠴᠠᠨ ᠵᠠᠬ᠎ᠠ ᠳᠡᠯᠭᠡᠭᠦᠷ ᠭᠠᠷᠭᠠᠬᠤ ᠠᠷᠠᠯᠵᠢᠶᠠᠨ ᠤ ᠲᠣᠭᠤᠷᠢᠭ ᠲᠥᠪᠯᠡᠷᠡᠭᠦᠯᠦᠨ ᠠᠷᠠᠯᠵᠢᠶᠠᠯᠠᠬᠤ ᠶᠢ ᠬᠡᠷᠩᠵᠢᠭᠦᠯᠣᠨ᠎ᠠ᠃ ᠳᠤᠮᠳᠠᠳᠤ ᠣᠷᠣᠰ ᠮᠠᠨᠵᠤᠤᠷ — ᠠᠷᠣ ᠪᠠᠶᠢᠭᠠᠯ ᠬᠤᠳᠠ ᠶᠢᠨ ᠬᠢᠯᠢ ᠶᠢᠨ ᠠᠷᠠᠳ ᠤᠨ ᠠᠷᠠᠯᠵᠢᠶᠠᠨ ᠤ ᠲᠣᠭᠤᠷᠢᠭ ᠤᠨ ᠨᠡᠭᠡᠭᠡᠯᠳᠠ ᠶᠢ ᠥᠷᠭᠡᠳᠬᠡᠬᠦ ᠶᠢ ᠠᠬᠢᠭᠤᠯᠣᠨ᠎ᠠ᠃      ︵ᠶᠢᠰᠦ︶ ᠵᠢᠭᠤᠯᠴᠢᠯᠠᠯ ᠨᠡᠭᠡᠭᠡᠯᠲᠡ ᠶᠢᠨ ᠲᠠᠪᠴᠠᠩ᠃ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠤᠯᠤᠰ ᠤᠨ ᠳᠡᠰ ᠤᠨ ᠵᠢᠭᠤᠯᠴᠢᠯᠠᠯ ᠤᠨ ᠦᠢᠯᠡᠰ ᠤᠨ ᠥᠭᠡᠷᠡᠴᠢᠯᠡᠯᠲᠡ ᠰᠢᠨ᠎ᠡ ᠡᠭᠦᠳᠣᠯᠳᠠ ᠶᠢᠨ ᠬᠤᠰᠢᠭᠤᠴᠢ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ 5 A ᠲᠠᠰ ᠤᠨ ᠵᠢᠭᠤᠯᠴᠢᠯᠠᠯ ᠤᠨ ᠦᠵᠡᠮᠵᠢᠲᠦ ᠣᠷᠣᠨ ᠪᠠ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠴᠣᠭᠴᠠᠯᠠᠨ᠎ᠠ᠃ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠪᠠᠶᠢᠭᠤᠯᠬᠤ ᠶᠢ ᠳᠡᠮᠵᠢᠵᠦ᠂ ᠳᠤᠮᠳᠠᠳᠤ ᠣᠷᠣᠰ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠣᠨ᠎ᠠ᠃      ︵ᠠᠷᠪᠠ︶ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠠᠪᠴᠠᠩ᠃ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠯᠢ ᠠᠯᠤᠰᠯᠠᠭᠰᠠᠨ ᠰᠠᠩ ᠭᠦᠮᠣᠷᠭᠡ᠂ ᠬᠢᠯᠢ ᠶᠢᠨ ᠭᠠᠳᠠᠨ᠎ᠠ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠪᠠ ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠠᠷᠠᠯᠵᠢᠶᠠᠯᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠳᠤᠮᠳᠠᠳᠤ ᠣᠷᠣᠰ ᠮᠣᠩᠭᠤᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠣᠨ᠎ᠠ᠃ ᠬᠥᠯᠥᠨ ᠪᠤᠶᠢᠷ ᠤᠨ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠬᠠᠶᠢᠯᠠᠷ ᠤᠨ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠮᠠᠨᠵᠤᠤᠷ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠠ᠃ ᠮᠠᠨᠵᠤᠤᠷ ᠤᠨ ᠤᠯᠠᠨ ᠤᠯᠤᠰ ᠤᠨ ᠰᠢᠦᠳᠠᠨ ᠤ ᠵᠦᠢᠯ ᠢ ᠰᠣᠯᠢᠯᠴᠠᠬᠤ ᠦᠷᠳᠡᠭᠡ ᠶᠢᠨ ᠠᠵᠢᠯᠯᠠᠭᠠᠨ ᠢ ᠳᠡᠮᠵᠢᠨ᠎ᠠ᠃      ︵ᠠᠷᠪᠠᠨ ᠨᠢᠭᠡ︶ ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠬᠤ ᠵᠦᠢᠯ ᠢ ᠡᠳ᠋ᠰᠢᠭᠦᠯᠣᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ᠃ ︽ᠬᠠᠶᠢᠯᠠᠷ — ᠴᠢᠲ᠋ᠠ — ᠴᠦᠢᠪᠠᠯᠰᠠᠩ︾ ᠳᠠᠳ᠋ ᠣᠷᠣᠨ ᠪᠦᠰᠡ ᠶᠢᠨ ᠬᠡᠪᠴᠢᠶᠡᠨ ᠳᠠᠬᠢ ᠣᠷᠣᠰ ᠮᠣᠩᠭᠤᠯ ᠤᠨ ᠲᠠᠷᠢᠶᠠᠯᠠᠩ ᠪᠠ ᠠᠭᠤᠷᠬᠠᠶ ᠶᠢᠨ ᠡᠬᠢ ᠪᠠᠶᠠᠯᠢᠭ ᠡᠯᠪᠡᠭ ᠬᠤᠷᠠᠭᠰᠠᠨ ᠭᠠᠵᠠᠷ ᠢᠶᠠᠷ ᠭᠤᠣᠯᠳᠠᠯᠭ᠎ᠠ ᠪᠣᠯᠭᠠᠨ᠂ ᠡᠬᠢ ᠪᠠᠶᠠᠯᠢᠭ ᠢ ᠨᠡᠭᠡᠭᠡᠨ ᠠᠭᠤᠳᠠᠯᠵᠣ ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠭᠦ᠂ ᠲᠠᠷᠢᠶᠠᠯᠠᠩ ᠢ ᠨᠡᠭᠡᠭᠡᠨ ᠬᠥᠭᠵᠢᠭᠦᠯᠭᠦ ᠵᠡᠷᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠳᠣᠷᠠᠯᠴᠠᠨ ᠪᠦᠳᠣᠭᠡᠨ ᠪᠠᠶᠢᠭᠤᠯᠵᠣ᠂ ᠤᠯᠤᠰ ᠤᠨ ᠡᠳ᠋ᠰᠢᠭᠦᠯᠣᠨ ᠪᠣᠯᠪᠠᠰᠣᠷᠠᠭᠤᠯᠬᠤ ᠠᠷᠠᠯᠵᠢᠶᠠᠨ ᠤ ᠭᠤᠣᠯᠳᠠᠯᠭ᠎ᠠ ᠲᠠᠢ ᠵᠣᠯᠭᠠᠯᠳᠠ ᠶᠢᠨ ᠭᠠᠵᠠᠷ ᠲᠤ ᠣᠷᠣᠭᠤᠯᠬᠤ ᠪᠠᠷ ᠴᠢᠷᠮᠠᠶᠢᠨ᠎ᠠ᠃ ᠮᠠᠰᠢᠨ ᠴᠠᠬᠢᠯᠭᠠᠨ ᠤ ᠲᠥᠬᠦᠭᠡᠷᠦᠮᠵᠢ ᠪᠠ ᠡᠬᠢ ᠪᠠᠶᠠᠯᠢᠭ ᠡᠨᠧᠷᠭᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠥᠷᠭᠡᠳᠬᠡᠭᠦ ᠶᠢ ᠵᠣᠷᠢᠬᠵᠢᠭᠤᠯᠤᠨ᠎ᠠ᠃ ᠲᠦᠭᠦᠬᠡᠶ ᠴᠢᠯᠠᠭᠤᠨ ᠲᠤᠰᠤ᠂ ᠮᠣᠳᠣᠨ ᠮᠠᠲ᠋ᠧᠷᠢᠶᠠᠯ᠂ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠠᠳᠤ ᠠᠴᠠ ᠣᠷᠣᠭᠤᠯᠵᠣ ᠡᠬᠢ ᠪᠠᠶᠠᠯᠢᠭ ᠢ ᠪᠤᠳᠠᠳᠠᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠥᠳᠥᠭᠡᠨ ᠪᠠᠶᠢᠭᠤᠯᠬᠤ ᠶᠢ ᠳᠡᠮᠵᠢᠨ᠎ᠠ᠃      ᠭᠤᠷᠪᠠ᠂ ᠬᠥᠮᠦᠨ ᠰᠣᠶᠣᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ      ᠤᠷᠤᠰ ᠮᠣᠩᠭᠤᠯ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ᠂ ᠰᠣᠶᠣᠯ ᠡᠷᠡᠭᠦᠯ ᠬᠠᠮᠠᠭᠠᠯᠠᠯ᠂ ᠬᠢᠯᠢ ᠠᠯᠤᠰᠯᠠᠭᠰᠠᠨ ᠵᠢᠭᠤᠯᠴᠢᠯᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠣᠠᠬᠠᠨ᠂ ᠬᠤᠰᠢᠭᠤᠴᠢ ᠣᠷᠣᠨ ᠢ ᠬᠦᠷᠰᠢ ᠵᠡᠷᠬᠡᠯᠡᠳᠡᠭᠡ ᠶᠢᠨ ᠡᠶᠡᠯᠳᠡᠭ ᠨᠥᠬᠦᠷᠰᠡᠭ ᠪᠠ ᠬᠢᠯᠢ ᠬᠢᠵᠠᠭᠠᠷ ᠤᠨ ᠲᠣᠭᠲᠠᠭᠤᠨ ᠪᠠᠶᠢᠬᠤ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃      ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠵᠡᠷᠭᠡ ᠭᠦᠷᠢᠶ᠎ᠠ ᠴᠠᠷᠠᠭ᠎ᠠ ᠶᠢᠨ ᠬᠠᠮᠲᠤᠷᠠᠯᠴᠠᠭ᠎ᠠ ᠶᠢ ᠥᠷᠭᠡᠳᠬᠡᠨ᠎ᠠ᠃ ᠣᠷᠣᠰ ᠮᠣᠩᠭᠤᠯ ᠤᠨ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠣᠯ ᠤᠨ ᠬᠦᠷᠢᠶᠡᠯᠡᠩ ᠭᠠᠵᠡᠷ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠣᠠᠬᠠᠬᠤ ᠶᠢ ᠵᠣᠷᠢᠬᠵᠢᠭᠤᠯᠵᠣ᠂ ᠰᠤᠳᠤᠯᠣᠨ ᠨᠡᠭᠡᠭᠡᠬᠦ ᠪᠠ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠶᠢ ᠪᠠᠶᠢᠭᠤᠯᠵᠣ ᠬᠠᠮᠲᠤᠷᠠᠨ ᠪᠠᠬᠢᠯᠡᠯᠳᠠ ᠰᠢᠪᠳᠣᠯᠬᠤ ᠶᠢ ᠦᠷᠨᠢᠭᠦᠯᠣᠨ᠂ ᠨᠥᠬᠦᠴᠡᠯ ᠳᠤ ᠨᠡᠶᠢᠴᠡᠭᠦ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠦᠷᠣᠯ ᠵᠦᠢᠯ ᠢ ᠲᠡᠳᠬᠦᠨ ᠳᠡᠮᠵᠢᠨ᠎ᠠ᠃ ᠬᠥᠯᠥᠨ ᠪᠤᠶᠢᠷ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠰᠤᠳᠤᠯᠣᠯ ᠤᠨ ᠬᠦᠷᠢᠶᠡᠯᠡᠩ ᠭᠠᠵᠡᠷ ᠨᠢ ᠣᠷᠣᠰ ᠮᠣᠩᠭᠤᠯ ᠯᠤᠭ᠎ᠠ ᠤᠶᠤᠡᠳᠣ ᠬᠥᠮᠥᠷᠭᠡ ᠪᠠᠶᠢᠭᠤᠯᠬᠤ᠂ ᠰᠢᠨᠵᠢᠯᠡᠭᠡᠨ ᠰᠤᠳᠤᠯᠭᠠᠨ᠂ ᠬᠠᠮᠳᠣᠷᠠᠯᠴᠠᠵᠣ ᠰᠤᠷᠭᠠᠭᠤᠯᠢ ᠡᠷᠬᠢᠯᠡᠬᠦ᠂ ᠭᠠᠳᠠᠭᠠᠳᠤ ᠳᠤ ᠰᠤᠷᠤᠯᠴᠠᠭᠤᠯᠬᠤ ᠰᠤᠷᠤᠭᠴᠢ ᠶᠢ ᠬᠠᠷᠢᠯᠴᠠᠨ ᠲᠣᠮᠢᠯᠠᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠳᠡᠮᠵᠢᠨ᠎ᠠ᠃      ︵ᠠᠷᠪᠠᠨ ᠭᠤᠷᠪᠠ︶ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠭᠦᠷᠢᠶ᠎ᠠ ᠴᠠᠷᠠᠭ᠎ᠠ ᠶᠢᠨ ᠰᠣᠯᠢᠯᠴᠠᠭ᠎ᠠ ᠶᠢ ᠠᠬᠢᠭᠤᠯᠣᠨ᠎ᠠ᠃ ᠣᠨᠴᠠᠯᠢᠭ ᠪᠦᠬᠦᠢ ᠰᠣᠶᠣᠯ ᠲᠣᠭᠯᠠᠭᠠᠮ ᠤᠨ ᠲᠥᠷᠥᠯ ᠵᠦᠢᠯ ᠡᠷᠬᠢᠯᠡᠬᠦ ᠶᠢ ᠵᠣᠷᠢᠬᠵᠢᠭᠤᠯᠤᠨ᠂ ᠤᠷᠤᠰ ᠮᠣᠩᠭᠤᠯ ᠳᠤ ᠬᠠᠨᠳᠣᠭᠤᠯᠣᠭᠰᠠᠨ ᠤᠬᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠠ᠃ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠪᠠᠶᠢᠭᠤᠯᠬᠤ ᠶᠢ ᠠᠬᠢᠭᠤᠯᠣᠨ᠎ᠠ᠃ ᠮᠣᠩᠭᠤᠯ ᠬᠢᠲᠠᠳ ᠡᠮ ᠡᠮᠨᠡᠯᠭᠡ ᠪᠠ ᠭᠠᠳᠠᠭᠠᠳᠤ ᠳᠤ ᠬᠠᠨᠳᠣᠭᠤᠯᠣᠭᠰᠠᠨ ᠡᠮᠴᠢᠯᠡᠭᠡᠨ ᠡᠷᠡᠭᠦᠯᠵᠢᠯ ᠡᠷᠡᠭᠦᠯ ᠮᠡᠡᠳᠦ ᠶᠢᠨ ᠦᠢᠯᠡᠰ ᠤᠨ ᠬᠥᠭᠵᠢᠯᠲᠡ ᠶᠢ ᠳᠡᠮᠵᠢᠨ᠎ᠠ᠃ ᠣᠷᠣᠰ ᠮᠣᠩᠭᠤᠯ ᠯᠤᠭ᠎ᠠ ᠤᠷᠤᠯᠳᠤᠭᠠᠨ ᠶᠠᠪᠣᠭᠤᠯᠬᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠭᠦ ᠶᠢ ᠳᠡᠮᠵᠢᠵᠣ᠂ ᠣᠷᠣᠨ ᠨᠣᠳᠤᠭ ᠤᠨ ᠴᠢᠨᠠᠷᠲᠠᠶ ᠤᠷᠤᠯᠳᠤᠭᠠᠨ ᠤ ᠪᠡᠶ᠎ᠡ ᠶᠢᠨ ᠲᠠᠮᠢᠷ ᠤᠨ ᠳᠠᠪᠠᠭᠤᠯᠢᠭ ᠲᠦᠷᠣᠯ ᠵᠦᠢᠯ ᠤᠨ ᠵᠢᠭᠠᠨ ᠰᠤᠷᠭᠠᠯᠳᠠ ᠰᠤᠳᠤᠯᠤᠨ ᠶᠠᠷᠢᠯᠴᠠᠬᠤ᠂ ᠬᠠᠮᠲᠤᠷᠠᠯᠴᠠᠨ ᠪᠣᠯᠪᠠᠰᠤᠷᠠᠭᠤᠯᠬᠤ ᠪᠠ ᠬᠠᠷᠢᠯᠴᠠᠨ ᠭᠦᠮᠣᠨ ᠲᠣᠮᠢᠯᠠᠬᠤ ᠪᠠᠨ ᠴᠢᠩᠭᠠᠣᠠᠬᠠᠨ᠎ᠠ᠃      ︵ᠠᠷᠪᠠᠨ ᠳᠥᠷᠪᠡ︶ ᠵᠢᠭᠤᠯᠴᠢᠯᠠᠯ ᠤᠨ ᠭᠦᠷᠢᠶ᠎ᠡ ᠴᠠᠷᠠᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠨ᠎ᠠ᠃ ᠳᠤᠮᠳᠠᠳᠤ ᠣᠷᠣᠰ ᠮᠣᠩᠭᠤᠯ ᠤᠨ ᠬᠠᠮ ᠵᠢᠭᠤᠯᠴᠢᠯᠠᠯ ᠤᠨ ᠬᠤᠯᠪᠣᠭ᠎ᠠ ᠶᠢ ᠪᠠᠶᠢᠭᠤᠯᠵᠤ᠂ ᠰᠣᠳᠣᠨ ᠬᠢᠯᠢ᠂ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ ᠵᠢᠴᠢ ᠱᠤᠭᠤᠮ ᠲᠣᠭᠤᠷᠢᠭᠰᠠᠨ ᠵᠢᠭᠤᠯᠴᠢᠯᠠᠯ ᠤᠨ ᠵᠠᠮ ᠱᠤᠭᠤᠮ ᠢ ᠪᠣᠢ ᠪᠣᠯᠭᠠᠨ᠎ᠠ᠃ ᠮᠣᠩᠭᠤᠯ ᠤᠯᠤᠰ ᠲᠤ ᠣᠴᠢᠬᠤ ᠵᠢᠭᠤᠯᠴᠢᠯᠠᠯ ᠤᠨ ᠪᠦᠯᠬᠦᠮ ᠢ ᠸᠢᠰᠠᠯᠠᠬᠤ ᠠᠴᠠ ᠬᠡᠯᠳᠣᠷᠢᠭᠦᠯᠭᠦ ᠲᠦᠷᠣ ᠶᠢᠨ ᠪᠣᠳᠣᠯᠭ᠎ᠠ᠂ ᠣᠷᠣᠰ ᠤᠨ ᠬᠢᠯᠢ ᠪᠠᠷ ᠵᠢᠭᠤᠯᠴᠢᠯᠠᠬᠤ ᠪᠦᠯᠬᠦᠮ ᠤᠨ ᠬᠥᠮᠦᠨ ᠤ ᠲᠤᠭ᠎ᠠ ᠶᠢᠨ ᠬᠢᠵᠠᠭᠠᠷᠯᠠᠯ ᠢ ᠠᠭᠤᠵᠢᠭᠤ ᠲᠠᠯᠪᠢᠭᠤᠯᠬᠤ ᠪᠠᠷ ᠢᠳᠡᠪᠬᠢᠯᠠᠨ ᠴᠢᠷᠮᠠᠶᠢᠨ᠎ᠠ᠃ ᠣᠷᠣᠰ ᠤᠨ ᠬᠠᠷᠢᠶᠠᠳᠣ᠂ ᠮᠣᠩᠭᠤᠯ ᠤᠯᠤᠰ ᠤᠨ ᠬᠠᠷᠢᠶᠠᠳᠣ ᠶᠢᠨ ᠠᠶᠠᠨᠴᠢᠨ ᠤ ᠵᠢᠵᠢᠭ ᠮᠠᠰᠢᠨ ᠬᠢᠯᠢ ᠳᠤ ᠣᠷᠣᠬᠤ ᠶᠢᠨ ᠬᠢᠨᠠᠯᠲᠠ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠣᠨ᠎ᠠ᠃      ︵ᠠᠷᠪᠠᠨ ᠲᠠᠪᠤ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠳᠡᠭᠦᠯᠳᠡᠷᠵᠢᠭᠦᠯᠣᠨ᠎ᠠ᠃ ᠤᠷᠤᠰ ᠪᠣᠯᠤᠨ ᠮᠣᠩᠭᠤᠯ ᠤᠯᠤᠰ ᠯᠤᠭ᠎ᠠ ᠶᠢᠨ ᠤᠯᠤᠰ ᠠᠯᠤᠰᠯᠠᠭᠰᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠣᠨ ᠪᠦᠷᠢᠨᠰᠢᠭᠦᠯᠵᠣ᠂ ᠤᠢ ᠰᠢᠭᠤᠶ᠂ ᠨᠣᠳᠤᠭ ᠪᠡᠯᠴᠢᠭᠡᠷ᠂ ᠭᠤᠣᠯ ᠣᠷᠣᠰᠬᠠᠯ᠂ ᠨᠠᠭᠤᠷ ᠴᠦᠭᠦᠷᠣᠮ᠂ ᠨᠣᠭᠤ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠢ ᠬᠠᠮᠳᠣᠪᠠᠷ ᠬᠠᠮᠠᠭᠠᠯᠠᠨ᠎ᠠ᠃ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠣᠢ ᠰᠢᠭᠤᠢ ᠶᠢᠨ ᠭᠦᠨᠣᠭᠡᠯᠳᠣ ᠠᠮᠢᠳᠣ ᠪᠣᠳᠠᠰ ᠢ ᠰᠡᠷᠭᠡᠶᠢᠯᠠᠨ ᠵᠠᠰᠠᠬᠤ ᠬᠠᠮᠳᠣᠷᠠᠨ ᠰᠡᠷᠭᠡᠶᠢᠯᠡᠵᠣ ᠬᠠᠮᠳᠣᠷᠠᠨ ᠵᠠᠰᠠᠬᠤ ᠪᠠᠨ ᠴᠢᠩᠭᠠᠣᠠᠬᠠᠨ᠎ᠠ᠃ ᠣᠷᠴᠢᠨ ᠲᠣᠭᠤᠷᠢᠨ ᠢ ᠬᠢᠨᠠᠨ ᠡᠵᠡᠮᠳᠡᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠ ᠬᠢᠯᠢ ᠠᠯᠤᠰᠯᠠᠭᠰᠠᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ ᠵᠢᠱᠢᠭᠦ ᠪᠠᠨ ᠴᠢᠩᠭᠠᠣᠠᠬᠠᠨ᠎ᠠ᠃      ᠲᠦᠷᠪᠡ᠂ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠡᠮᠵᠢᠨ᠎ᠠ      ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠣᠨ᠂ ᠬᠤᠰᠢᠭᠤᠴᠢ ᠣᠷᠣᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠣᠭᠡᠳᠠᠢ ᠳᠠᠯᠪᠢᠬᠤ ᠲᠤᠷᠰᠢᠯᠲᠠ ᠶᠢᠨ ᠣᠷᠣᠨ ᠤ ᠪᠦᠳᠣᠭᠡᠨ ᠪᠠᠶᠢᠭᠤᠯᠤᠯᠲᠠ ᠶᠢ ᠳᠡᠮᠵᠢᠭᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠴᠢᠯᠥᠭᠡᠲᠦ ᠠᠷᠠᠯᠵᠢᠶᠠᠨ ᠤ ᠣᠷᠣᠨ ᠨᠢ ᠥᠭᠡᠷᠡᠴᠢᠯᠡᠯᠲᠡ ᠶᠢᠨ ᠲᠣᠷᠰᠢᠯᠳᠠ ᠶᠢᠨ ᠴᠢᠬ ᠤᠨ ᠲᠤᠷᠰᠢᠯᠭ᠎ᠠ ᠶᠢ ᠳᠠᠭᠤᠷᠢᠶᠠᠬᠤ ᠶᠢ ᠢᠳᠡᠪᠬᠢᠲᠡᠶ ᠪᠠᠷ ᠳᠡᠯᠭᠡᠷᠡᠭᠦᠯᠵᠦ᠂ ᠬᠤᠰᠢᠭᠤᠴᠢ ᠣᠷᠣᠨ ᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠰᠢᠨ᠎ᠡ ᠶᠢ ᠡᠭᠦᠳᠣᠭ᠍ᠰᠡᠨ ᠳᠠᠭᠠᠭᠤᠯᠣᠭᠴᠢ ᠣᠷᠣᠨ ᠪᠣᠯᠭᠠᠵᠣ ᠪᠠᠶᠢᠭᠤᠯᠤᠨ᠎ᠠ᠃      ︵ᠠᠷᠪᠠᠨ ᠵᠢᠷᠭᠤᠭ᠎ᠠ︶ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠃ ᠬᠢᠯᠢ ᠬᠢᠵᠠᠭᠠᠷ ᠣᠷᠣᠨ ᠳᠠᠬᠢ ᠰᠢᠯᠵᠢᠭᠦᠯᠦᠨ ᠥᠭᠬᠦ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠪᠠᠷ᠂ ᠬᠢᠯᠢ ᠬᠢᠵᠠᠭᠠᠷ ᠬᠤᠰᠢᠭᠤ ᠬᠤᠳᠠ ᠶᠢ ᠲᠡᠳᠬᠦᠭᠦ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠴᠢᠯᠣᠭᠡᠳᠠᠢ ᠳᠠᠯᠪᠢᠬᠤ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠣᠷᠣᠨ ᠪᠦᠰᠡ ᠶᠢᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠣᠷᠢᠵᠢᠭᠤᠯᠣᠨ᠎ᠠ᠃ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ᠂ ᠲᠤᠮᠤ ᠬᠡᠯᠪᠡᠷᠢ ᠶᠢᠨ ᠭᠤᠷᠪᠠᠳᠠᠬᠢ ᠡᠲᠡᠭᠡᠳ ᠤᠨ ᠪᠠᠷᠠᠭᠠᠨ ᠤ ᠭᠦᠢᠯᠭᠡᠭᠡ ᠶᠢᠨ ᠲᠦᠷᠣᠯ ᠵᠦᠢᠯ ᠤᠨ ᠭᠠᠵᠠᠷ ᠰᠢᠷᠣᠶ ᠬᠡᠷᠡᠭᠯᠡᠬᠦ ᠭᠠᠶᠢᠯᠢ ᠰᠦᠢᠳᠬᠡᠯ ᠢ ᠪᠠᠭᠤᠷᠠᠭᠤᠯᠣᠨ᠎ᠠ᠃      ︵ᠠᠷᠪᠠᠨ ᠲᠤᠯᠤᠭ᠎ᠠ︶ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠃ ᠡᠯ᠎ᠡ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠵᠢᠯ ᠤᠨ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠵᠢᠭᠡᠯᠡᠯᠭᠡ ᠳᠤ ᠬᠡᠷᠡᠭᠯᠡᠨ᠂ ᠡᠯ᠎ᠡ ᠰᠢᠶᠠᠨ ᠤ ᠬᠡᠪᠴᠢᠶᠠᠨ ᠤ ᠬᠠᠤᠯᠢ ᠶᠢᠨ ᠡᠷᠭᠡᠳᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠵᠢᠯ ᠤᠨ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠶᠢ ᠲᠤᠬᠠᠶ ᠶᠢᠨ ᠭᠠᠵᠠᠷ ᠤᠨ ᠵᠢᠭᠡᠯᠡᠯᠭᠡ ᠳᠤ ᠬᠡᠷᠡᠭᠯᠡᠵᠣ ᠰᠢᠯᠭᠠᠨ ᠬᠢᠨᠠᠯᠳᠠ ᠳᠤ ᠪᠠᠷᠢᠮᠵᠢᠶ᠎ᠠ ᠳᠤ ᠬᠥᠷᠥᠭᠰᠡᠨ ᠪᠣᠯ᠂ ᠠᠷᠠᠳ ᠤᠨ ᠪᠠᠩᠬᠢ ᠨᠢ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠲᠣᠰᠢᠶᠠᠬᠤ ᠦᠶ᠎ᠡ ᠳᠤ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠦᠵᠡᠭᠦᠯᠣᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠤᠰᠢᠭᠤᠴᠢ ᠣᠷᠣᠨ ᠢ ᠪᠠᠩᠬᠢ ᠶᠢᠨ ᠲᠤᠬᠠᠶᠢᠯᠠᠭᠰᠠᠨ ᠠᠵᠢᠯ ᠢ ᠬᠥᠭᠵᠢᠭᠦᠯᠭᠦ ᠪᠠ ᠵᠢᠭᠡᠯᠡᠯᠭᠡ ᠶᠢ ᠳᠡᠮᠵᠢᠬᠦ ᠶᠢᠨ ᠭᠤᠣᠯᠳᠠᠯᠭᠠᠳᠣ ᠣᠷᠣᠨ ᠳᠤ ᠵᠢᠭᠰᠠᠭᠠᠵᠣ᠂ ᠵᠢᠭᠡᠯᠡᠯᠭᠡ ᠶᠢᠨ ᠡᠷᠭᠡ ᠣᠯᠭᠤᠨ ᠬᠢᠨᠠᠨ ᠵᠥᠪᠰᠢᠶᠡᠷᠡᠬᠦ ᠡᠷᠬᠡ ᠮᠡᠳᠡᠯ ᠪᠠ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠦᠷᠭᠡᠣᠡᠭᠡᠭᠦ ᠪᠠᠷ ᠶᠡᠷᠣᠩᠬᠡᠢ ᠬᠡᠯᠳᠠᠰ ᠠᠴᠠ ᠢᠳᠡᠪᠬᠢᠳᠠᠢ ᠡᠷᠡᠮᠵᠢᠯᠠᠨ᠎ᠠ᠃ ᠬᠤᠰᠢᠭᠤᠴᠢ ᠣᠷᠣᠨ ᠳᠤ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠬᠢᠬᠦ ᠺᠣᠮᠫᠠᠨᠢ᠂ ᠪᠠᠭ᠎ᠠ ᠲᠣᠭᠠᠠ ᠤ ᠵᠢᠭᠡᠯᠡᠯᠭᠡ ᠶᠢᠨ ᠺᠣᠮᠫᠠᠨᠢ ᠶᠢ ᠭᠤᠶᠣᠴᠢᠯᠠᠵᠣ ᠪᠠᠶᠢᠭᠤᠯᠬᠤ ᠶᠢ ᠳᠡᠮᠵᠢᠨ᠎ᠠ᠃ ᠡᠯ᠎ᠡ ᠲᠦᠷᠦᠯ ᠤᠨ ᠠᠵᠤ ᠠᠬᠤᠶᠢᠯᠠᠯ ᠪᠠ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠨ ᠡᠯᠭᠦᠭᠦ᠂ ᠪᠡᠯᠡ ᠲᠣᠬᠢᠷᠠᠭᠤᠯᠭ᠎ᠠ᠂ ᠵᠢᠭᠡᠯᠡᠯᠭᠡ ᠲᠠᠯᠪᠢᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      ︵ᠠᠷᠪᠠᠨ ᠨᠠᠢᠮᠠ︶ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ᠃ ᠬᠤᠰᠢᠭᠤᠴᠢ ᠣᠷᠣᠨ ᠤ ᠣᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠰᠢᠭᠯᠠᠭᠠᠳᠤᠶ ᠭᠠᠵᠠᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠢᠳᠡᠪᠬᠢᠳᠠᠢ ᠳᠡᠮᠵᠢᠵᠣ᠂ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠠ ᠪᠠᠷ ᠨᠡᠮᠡᠭᠳᠡᠭᠦᠯᠭᠦ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠬᠤ ᠦᠶ᠎ᠡ ᠳᠤ ᠬᠡᠯᠪᠠᠶᠢᠨ᠎ᠠ᠃ ᠵᠢᠭᠤᠯᠴᠢᠯᠠᠯ ᠤᠨ ᠣᠷᠣᠨ ᠳᠠᠬᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠲᠠᠢ ᠪᠠᠶᠢᠭᠠᠯᠢ ᠶᠢᠨ ᠦᠵᠡᠮᠵᠢ ᠦᠵᠡᠰᠭᠦᠯᠡᠩ ᠳᠤ ᠬᠡᠷᠡᠭᠯᠡᠬᠦ ᠭᠠᠵᠠᠷ᠂ ᠠᠮᠢ ᠠᠬᠤᠶ᠂ ᠤᠰᠦᠠ ᠤ ᠭᠠᠳᠠᠷᠭᠤ ᠶᠢᠨ ᠬᠡᠷᠡᠭᠯᠡᠬᠦ ᠭᠠᠵᠠᠷ ᠵᠡᠷᠭᠡ ᠳᠤ ᠬᠠᠷᠢᠶᠠᠯᠠᠭᠳᠠᠬᠤ᠂ ᠬᠡᠷᠡᠭᠴᠡᠭᠡ ᠶᠢ ᠨᠢ ᠬᠤᠪᠢᠷᠠᠭᠤᠯᠤᠭᠰᠠᠨ ᠦᠭᠡᠢ ᠪᠠᠶᠢᠬᠤ ᠳᠤ ᠨᠥᠬᠦᠪᠥᠷᠢ ᠨᠢ ᠪᠣᠳᠠᠲᠠᠶᠢᠵᠢᠭᠰᠠᠨ ᠪᠣᠯ᠂ ᠭᠠᠵᠠᠷ ᠰᠢᠷᠣᠶ ᠶᠢ ᠲᠠᠷᠢᠶᠠᠯᠠᠩ ᠠᠴᠠ ᠬᠤᠪᠢᠷᠠᠭᠤᠯᠣᠨ ᠬᠡᠷᠩᠯᠡᠭᠦ ᠭᠠᠷᠳᠠᠮ ᠢ ᠭᠦᠢᠴᠡᠳᠬᠡᠭᠦ ᠦᠭᠡᠢ ᠪᠠᠶᠢᠵᠣ ᠪᠣᠯᠣᠨ᠎ᠠ᠃      ︵ᠠᠷᠪᠠ ᠶᠢᠰᠦ︶ ᠭᠠᠳᠠᠭᠠᠳᠤ ᠭᠤᠪᠢᠭᠤᠯᠭ᠎ᠠ ᠶᠢᠨ ᠲᠦᠷᠣ ᠶᠢᠨ ᠪᠣᠳᠣᠯᠭ᠎ᠠ᠃ ᠬᠤᠪᠢ ᠬᠥᠮᠦᠨ ᠤ ᠭᠠᠳᠠᠭᠠᠳᠤ ᠶᠢᠨ ᠵᠣᠭᠤᠰ ᠰᠣᠯᠢᠬᠤ ᠶᠢ ᠣᠨᠴᠨ ᠵᠦᠪᠰᠢᠶᠡᠷᠡᠭᠦ ᠲᠤᠬᠠᠶᠢᠯᠠᠭᠰᠠᠨ ᠠᠵᠢᠯ ᠤᠨ ᠲᠤᠷᠰᠢᠯᠲᠠ ᠶᠢ ᠠᠬᠢᠭᠤᠯᠵᠣ᠂ ᠬᠠᠶᠢᠯᠠᠷ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ᠂ ᠮᠠᠨᠵᠤᠤᠷ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠵᠢᠴᠢ ᠾᠧᠢ ᠱᠠᠨ ᠳᠧᠦ᠂ ᠰᠢᠪᠡᠭᠡ᠂ ᠠᠷᠣ ᠬᠠᠰᠢᠶᠠᠳᠣ ᠪᠠ ᠡᠪᠦᠳᠦᠭ ᠬᠢᠯᠢ ᠶᠢᠨ ᠪᠣᠭᠤᠮᠲᠠ ᠳᠤ ᠷᠦᠪᠯᠢ᠂ ᠮᠣᠩᠭᠤᠯ ᠲᠦᠭᠦᠷᠢᠭ ᠵᠡᠷᠭᠡ ᠵᠣᠭᠤᠰ ᠢ ᠴᠢᠯᠣᠭᠡᠳᠠᠢ ᠪᠠᠷ ᠰᠣᠯᠢᠬᠤ ᠲᠣᠬᠠᠶᠢᠯᠠᠭᠰᠠᠨ ᠠᠵᠢᠯ ᠥᠷᠨᠢᠭᠦᠯᠭᠦ ᠶᠢ ᠳᠡᠮᠵᠢᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠦᠢᠯᠡᠣᠡᠭᠦᠨ ᠤ ᠰᠢᠨ᠎ᠡ ᠶᠢ ᠡᠭᠦᠳᠭᠦ ᠶᠢ ᠵᠣᠷᠢᠬᠵᠢᠭᠤᠯᠣᠨ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠢ ᠬᠥᠭᠵᠢᠭᠦᠯᠵᠣ᠂ ᠬᠢᠯᠢ ᠶᠢᠨ ᠠᠷᠠᠯᠵᠢᠶᠠᠨ ᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠳᠠᠭᠠᠭᠠᠴᠢᠯᠠᠬᠤ᠂ ᠬᠢᠯᠢ ᠠᠯᠤᠰᠯᠠᠭᠰᠠᠨ ᠠᠷᠠᠯᠵᠢᠶᠠᠨ ᠤ ᠠᠷᠠᠳ ᠤᠨ ᠵᠣᠭᠤᠰ ᠢᠶᠠᠷ ᠲᠠᠰᠤᠯᠤᠨ ᠪᠤᠳᠤᠬᠤ ᠲᠣᠬᠠᠶᠢᠯᠠᠭᠰᠠᠨ ᠠᠵᠢᠯ ᠢ ᠳᠠᠭᠠᠭᠠᠴᠢᠯᠠᠬᠤ ᠶᠢ ᠦᠷᠨᠢᠭᠦᠯᠣᠨ᠎ᠠ᠃      ︵ᠬᠤᠷᠢ︶ ᠣᠷᠣᠰ ᠮᠣᠩᠭᠤᠯ ᠤᠨ ᠭᠠᠵᠡᠷ ᠣᠷᠣᠨ ᠤ ᠬᠤᠭᠤᠷᠣᠨᠳᠣᠬᠢ ᠬᠠᠮᠲᠤᠷᠠᠯᠴᠠᠭ᠎ᠠ ᠶᠢᠨ ᠲᠣᠭᠲᠠᠴᠠ ᠶᠢ ᠪᠦᠷᠢᠨᠰᠢᠭᠦᠯᠣᠨ᠎ᠠ᠃ ᠤᠷᠤᠰ ᠮᠣᠩᠭᠤᠯ ᠯᠤᠭ᠎ᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠭᠤᠷᠣᠨᠳᠣᠬᠢ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠯᠲᠠ ᠬᠢᠭᠦ ᠪᠠ ᠶᠠᠷᠢᠯᠴᠠᠨ ᠵᠥᠪᠳᠡᠯᠴᠡᠭᠦ ᠠᠵᠢᠯ ᠤᠨ ᠲᠣᠭᠲᠠᠴᠠ ᠶᠢ ᠳᠡᠭᠦᠯᠳᠡᠷᠵᠢᠭᠦᠯᠣᠨ᠎ᠠ᠃ ︽ᠬᠠᠶᠢᠯᠠᠷ — ᠴᠢᠲ᠋ᠠ — ᠴᠦᠢᠪᠠᠯᠰᠠᠩ︾ ᠳᠡᠳ᠋ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠣᠨ᠎ᠠ᠃ ᠰᠠᠭᠤᠷᠢ ᠪᠡᠯᠡᠣᠡᠭᠡᠮᠵᠢ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠶᠢᠨ ᠵᠣᠯᠭᠠᠯᠳᠠ᠂ ᠮᠥᠩᠭᠦᠨ ᠭᠦᠢᠯᠭᠡᠭᠡ ᠵᠣᠭᠤᠰ᠂ ᠬᠢᠯᠢ ᠶᠢᠨ ᠬᠡᠷᠡᠭ ᠶᠠᠪᠤᠳᠠᠯ᠂ ᠺᠤᠨᠰᠦ᠋ᠯ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠳᠡᠳ᠋ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ ᠲᠦᠯᠣᠪ ᠢ ᠪᠠᠶᠢᠭᠤᠯᠣᠨ᠎ᠠ᠃      ︵ᠬᠤᠷᠢᠨ ᠨᠢᠭᠡ︶ ᠵᠣᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠴᠢᠬᠤᠯᠠ ᠶᠡᠭᠡ ᠠᠰᠠᠭᠤᠳᠠᠯ ᠢ ᠰᠤᠳᠤᠯᠣᠨ ᠠᠬᠢᠭᠤᠯᠵᠣ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠢᠮᠳᠠᠭᠤᠯᠣᠨ ᠪᠠᠶᠢᠴᠠᠭᠠᠨ᠎ᠠ᠃ ᠬᠥᠯᠥᠨ ᠪᠦᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠲᠣᠰᠬᠠᠢ ᠲᠦᠷᠣᠯ ᠢᠶᠠᠷ ᠠᠬᠢᠭᠤᠯᠬᠤ ᠲᠣᠭᠤᠶᠢᠯᠠᠩ ᠪᠠᠶᠢᠭᠤᠯᠵᠤ᠂ ᠤᠯᠤᠰ ᠠᠴᠠ ᠴᠣᠬᠤᠯᠠᠪᠣᠷᠢᠯᠠᠭᠰᠠᠨ ︽ᠬᠥᠯᠥᠨ ᠪᠤᠶᠢᠷ ᠤᠨ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠎ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠩᠳᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map