︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠦᠰᠦᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2017/8/11
     ᠰᠤᠷᠪᠤᠯᠵᠢᠯᠠᠭᠰᠠᠨ ᠴᠠᠭ᠄      2017 ᠤᠨ ᠤ 7 ᠳ᠋ᠤᠭᠠᠷ ᠰᠠᠷ᠎ᠠ  ᠶᠢᠨ 17᠎ ᠤ ᠡᠳᠦᠷ ᠤᠨ ᠦᠳᠡ ᠶᠢᠨ ᠡᠮᠦᠨᠡᠬᠢ 10 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠦᠢᠷ᠎ᠠ ᠶᠢᠨ ᠬᠤᠭᠤᠴᠠᠭ᠎ᠠ᠂ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠤᠯᠠᠮ ᠨᠢᠭᠡ ᠠᠯᠬᠤᠮ ᠵᠤᠬᠢᠴᠠᠬᠤ ᠪᠠ ᠲᠡᠭᠦᠨ ᠢ ᠡᠵᠡᠮᠳᠡᠵᠦ᠂ ᠮᠠᠨ ᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠲᠥᠰᠦᠯ︾᠎ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠯ᠎ᠠ᠃ ᠥᠷᠭᠡᠨ ᠣᠯᠠᠨ ᠰᠦᠯᠵᠢᠶᠡᠨ ᠠᠨᠳᠠ ᠶᠢᠨ ᠢᠳᠡᠪᠬᠢᠲᠡᠶ ᠪᠠᠷ ᠣᠷᠣᠯᠴᠠᠬᠤ ᠶᠢ ᠪᠠᠶᠠᠷᠯᠠᠨ ᠤᠭᠲᠤᠶ᠎ᠠ︕      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠥᠷᠭᠡᠨ ᠣᠯᠠᠨ ᠰᠦᠯᠵᠢᠶᠡᠨ ᠠᠨᠳᠠ ᠮᠠᠨᠢ ᠰᠠᠶᠢᠨ ᠪᠠᠶᠢᠵᠠᠭᠠᠨ᠎ᠠ ᠤᠤ︕ ︽ᠳᠤᠮᠳᠠᠳᠤ ᠤᠯᠤᠰ · ᠥᠪᠥᠷ ᠮᠣᠩᠭᠤᠯ︾᠎ ᠤᠨ ᠲᠤᠰ ᠬᠤᠭᠤᠴᠠᠭᠠᠨ ᠤ ᠰᠦᠯᠵᠢᠶᠡᠨ ᠳᠠᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠭᠰᠡᠨ ᠲᠠ ᠪᠦᠬᠦᠨ ᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠪᠤᠯᠤᠨ᠎ᠠ᠃ ᠯᠢ ᠲᠢᠩᠬᠢᠮ ᠤᠨ ᠳᠠᠷᠤᠭ᠎ᠠ ᠡ᠂ ᠰᠤᠷᠪᠤᠯᠵᠢᠯᠠᠭ᠎ᠠ ᠶᠢᠨ ᠬᠤᠶᠢᠮᠤᠷ ᠲᠤ ᠰᠠᠭᠠᠲᠠᠭᠰᠠᠨ ᠳᠤ ᠪᠠᠶᠠᠷᠯᠠᠯ᠎ᠠ︕      ᠯᠢ ᠵᠢᠶᠦ᠋ᠨ᠄      ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕      ᠬᠥᠲᠥᠯᠥᠭᠴᠢ᠄      ᠯᠢ ᠲᠢᠩᠬᠢᠮ ᠤᠨ ᠳᠠᠷᠤᠭ᠎ᠠ ᠡ᠂ ᠦᠢᠷ᠎ᠠ ᠶᠢᠨ ᠬᠤᠭᠤᠴᠠᠭᠠᠨ ᠳᠤ᠂ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠤᠯᠠᠮ ᠨᠢᠭᠡ ᠠᠯᠬᠤᠮ ᠵᠤᠬᠢᠴᠠᠬᠤ ᠪᠠ ᠲᠡᠭᠦᠨ ᠢ ᠡᠵᠡᠮᠳᠡᠵᠦ᠂ ᠮᠠᠨ ᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠪᠠ᠃ ᠲᠤᠰ ︽ᠬᠡᠷᠡᠭᠵᠢᠭᠦᠯᠬᠦ ᠲᠥᠰᠦᠯ︾᠎ ᠢ ᠲᠣᠭᠲᠠᠭᠠᠭᠰᠠᠨ ᠠᠬᠤᠶ ᠪᠠᠶᠢᠳᠠᠯ ᠢ ᠲᠠ ᠤᠴᠢᠷᠯᠠᠵᠤ ᠦᠭᠬᠦ ᠤᠤ︖      ᠯᠢ ᠵᠢᠶᠦ᠋ᠨ᠄      ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠪᠣᠯ ᠲᠠᠸᠠᠷ ᠤᠨ ᠭᠦᠢᠯᠭᠡᠭᠡᠨ ᠤ ᠴᠢᠬᠤᠯᠠ ᠰᠠᠭᠤᠷᠢ ᠪᠤᠯᠬᠤ ᠶᠤᠮ᠃ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠠᠴᠠ ᠨᠠᠰᠢ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠨᠢ ᠲᠦᠷᠭᠡᠨ ᠢᠶᠠᠷ ᠬᠦᠭᠵᠢᠵᠦ᠂ ᠬᠡᠪᠴᠢᠶ᠎ᠡ ᠨᠢ ᠲᠠᠰᠤᠷᠠᠯᠲᠠ ᠦᠭᠡᠢ ᠦᠷᠭᠡᠵᠢᠨ᠂ ᠨᠡᠶᠢᠭᠡᠮ ᠤᠨ ᠬᠡᠷᠡᠭᠯᠡᠭᠡᠨ ᠤ ᠵᠦᠢᠯ ᠳᠤ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ 90% ᠤᠷᠴᠢᠮ ᠤᠨ ᠬᠤᠪᠢ ᠶᠢᠨ ᠵᠢᠩ ᠢ ᠡᠵᠡᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ᠃ ᠣᠶᠢᠷ᠎ᠠ ᠶᠢᠨ ᠵᠢᠯ ᠠᠴᠠ᠂ ᠡᠵᠡᠩᠨᠡᠯᠲᠡ ᠶᠢᠨ ᠥᠪᠡᠷ ᠤᠨ ᠦᠷᠳᠡᠭ ᠵᠠᠯᠭᠠᠪᠠᠷ ᠨᠡᠮᠡᠭᠳᠡᠭᠰᠡᠨ ᠪᠠ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠦᠲᠦᠴᠡ ᠶᠢᠨ ᠬᠤᠪᠢᠷᠠᠯᠲᠠ᠂ ᠰᠦᠯᠵᠢᠶᠡᠨ ᠳᠤ ᠵᠢᠵᠢᠭᠯᠡᠨ ᠬᠤᠳᠠᠯᠳᠤᠬᠤ ᠶᠢᠨ ᠲᠦᠷᠭᠡᠨ ᠬᠥᠭᠵᠢᠯᠲᠡ ᠵᠡᠷᠭᠡ ᠬᠦᠴᠦᠨ ᠵᠦᠢᠯ ᠤᠨ ᠨᠥᠯᠥᠭᠡᠯᠡᠯ ᠢᠶᠠᠷ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠭᠤᠣᠯ ᠪᠤᠯᠬᠤ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠨᠢ ᠬᠦᠴᠢᠷᠳᠡᠨ᠂ ᠡᠭᠦᠳᠡ ᠪᠠᠨ ᠬᠠᠭᠠᠬᠤ ᠦᠵᠡᠭᠳᠡᠯ ᠤᠯᠠᠰᠢᠷᠠᠯ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠶ ᠰᠠᠨᠠᠯ︾᠎ ᠢ ᠨᠡᠶᠢᠲᠡᠯᠡᠭᠰᠡᠨ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠪᠣᠳᠠᠲᠤ ᠴᠤᠭᠴᠠᠲᠤ ᠠᠵᠤ ᠠᠬᠤᠶ ᠶᠢᠨ ᠥᠪᠡᠷ ᠤᠨ ᠦᠷᠳᠡᠭ ᠢ ᠪᠠᠭᠤᠷᠠᠭᠤᠯᠬᠤ ᠴᠢᠬᠤᠯᠠ ᠠᠷᠭ᠎ᠠ ᠬᠡᠮᠵᠢᠶ᠎ᠡ ᠮᠦᠷᠲᠡᠭᠡᠨ ᠤᠯᠤᠰ ᠠᠴᠠ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢ ᠬᠠᠯᠠᠮᠵᠢᠯᠠᠨ ᠠᠩᠬᠠᠷᠴᠤ ᠪᠠᠶᠢᠭ᠎ᠠ ᠪᠠ ᠲᠡᠭᠦᠨ ᠳᠤ ᠳᠡᠮᠵᠢᠯᠭᠡ ᠦᠵᠡᠭᠦᠯᠵᠦ ᠪᠠᠶᠢᠬᠤ ᠶᠢ ᠭᠦᠢᠴᠡᠳ ᠬᠠᠷᠠᠭᠤᠯᠵᠤ ᠪᠠᠶᠢᠭ᠎ᠠ ᠪᠤᠯᠬᠤᠷ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠢᠲᠡᠭᠡᠯ ᠵᠤᠷᠢᠭ ᠢ ᠬᠦᠪᠴᠢᠯᠡᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠨᠢ ᠳᠠᠮᠵᠢᠭ ᠦᠭᠡᠢ᠃      ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠰᠠᠨᠠᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠲᠦᠷᠦ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠲᠦᠷᠭᠡᠬᠡᠨ ᠨᠢᠭᠡᠳᠦᠭᠦᠯᠵᠦ᠂ ᠪᠡᠷᠬᠡᠲᠡᠢ ᠪᠣᠭᠤᠮᠢ ᠪᠠ ᠰᠤᠯᠠ ᠬᠦᠯᠢᠶᠡᠰᠦᠯᠡᠯ ᠢ ᠦᠨᠡᠨ ᠬᠦ ᠰᠢᠪᠲᠤᠯᠤᠨ᠂ ᠠᠵᠤ ᠠᠬᠤᠶᠢᠯᠠᠯ ᠤᠨ ᠰᠢᠨ᠎ᠡ ᠶᠢ ᠡᠬᠦᠳᠦᠨ ᠬᠡᠯᠪᠡᠷᠢ ᠪᠠᠨ ᠬᠤᠪᠢᠷᠠᠭᠤᠯᠬᠤ ᠬᠦᠭᠵᠢᠯᠲᠡ ᠶᠢ ᠪᠠᠭᠲᠠᠭᠠᠬᠤ ᠪᠠ ᠲᠡᠭᠦᠨ ᠳᠤ ᠳᠡᠮᠵᠢᠯᠭᠡ ᠦᠵᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ︽ᠬᠡᠷᠡᠭᠵᠢᠭᠦᠯᠬᠦ ᠲᠥᠰᠦᠯ︾᠎ ᠢ ᠲᠤᠭᠲᠠᠭᠠᠬᠤ ᠨᠢ ᠨᠢᠭᠡᠨᠲᠡ ᠠᠬᠤᠢ ᠠᠮᠢᠳᠤᠷᠠᠯ ᠪᠠ ᠴᠠᠭ ᠤᠨ ᠪᠠᠶᠢᠳᠠᠯ ᠤᠨ ᠲᠤᠯᠭᠠᠮ᠎ᠠ ᠱᠠᠭᠠᠷᠳᠠᠯᠭ᠎ᠠ ᠪᠤᠯᠪᠠ᠃      ᠬᠥᠲᠥᠯᠥᠭᠴᠢ᠄      ᠮᠠᠨ ᠤ ᠣᠷᠣᠨ ᠤ ᠵᠢᠵᠢᠭᠯᠡᠨ ᠬᠤᠳᠠᠯᠳᠤᠬᠤ ᠦᠢᠯᠡᠰ ᠤᠨ ᠤᠳᠤᠬᠢ ᠪᠠᠶᠢᠳᠠᠯ ᠶᠠᠮᠠᠷ ᠪᠠᠶᠢᠨ᠎ᠠ ᠤᠤ︖ ᠲᠠ ᠳᠥᠭᠦᠮ ᠶᠠᠷᠢᠵᠤ ᠦᠭᠭᠦᠨᠡᠦ᠃      ᠯᠢ ᠵᠢᠶᠦ᠋ᠨ᠄      ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠶᠢ ᠲᠦᠷᠭᠡᠳᠬᠡᠬᠦ᠂ ᠬᠤᠷᠳᠤᠴᠠ ᠶᠢ ᠪᠠᠭᠤᠷᠠᠭᠤᠯᠵᠤ ᠴᠢᠨᠠᠷ ᠢ ᠳᠡᠭᠡᠭᠰᠢᠯᠡᠭᠦᠯᠬᠦ ᠪᠠᠷ ᠣᠨᠴᠠᠯᠢᠭ ᠪᠣᠯᠭᠠᠭᠰᠠᠨ ᠠᠵᠤ ᠠᠬᠤᠢ ᠶᠢᠨ ᠰᠢᠨ᠎ᠡ ᠬᠡᠪ ᠪᠠᠶᠢᠳᠠᠯ ᠤᠨ ᠪᠤᠢ ᠪᠤᠯᠬᠤ ᠶᠢ ᠳᠠᠭᠠᠯᠳᠤᠨ᠂ ᠮᠠᠨ ᠤ ᠣᠷᠣᠨ ᠤ ᠵᠢᠵᠢᠭᠯᠡᠨ ᠬᠤᠳᠠᠯᠳᠤᠬᠤ ᠦᠢᠯᠡᠰ ᠲᠤ ᠲᠦᠮᠡᠨ ᠤᠯᠠᠨ ᠤ ᠬᠡᠷᠡᠭᠯᠡᠭᠡ ᠲᠤᠭᠲᠠᠭᠤᠨ ᠢᠶᠠᠷ ᠨᠡᠮᠡᠭᠳᠡᠵᠦ᠂ ᠬᠡᠷᠡᠭᠯᠡᠭᠡ ᠶᠢᠨ ᠬᠠᠯᠠᠭᠤᠷᠠᠯ ᠨᠢ ᠮᠡᠳᠡᠭᠡ ᠵᠠᠩᠭᠢ ᠶᠢᠨ ᠬᠡᠷᠡᠭᠯᠡᠭᠡ᠂ ᠡᠷᠡᠭᠦᠯ ᠰᠠᠷᠠᠭᠤᠯ ᠵᠤᠭ᠎ᠠ ᠴᠡᠩᠭᠡᠭᠡᠨ ᠲᠡᠰᠢ ᠰᠢᠯᠵᠢᠨ᠂ ᠵᠢᠵᠢᠭ ᠬᠡᠯᠪᠡᠷᠢ ᠶᠢᠨ᠂ ᠳᠦᠭᠦᠮ ᠠᠪᠰᠠᠷᠬᠠᠨ᠂ ᠬᠢᠮᠳᠠ ᠪᠤᠯᠬᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠪᠠᠶᠢᠳᠠᠯ ᠲᠦᠷᠭᠡᠨ ᠢᠶᠠᠷ ᠬᠥᠭᠵᠢᠵᠦ᠂ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠲᠤ ᠪᠠᠶᠡᠴᠢᠯᠡᠨ ᠤᠷᠤᠯᠴᠠᠬᠤ ᠬᠡᠯᠪᠡᠷᠢ᠂ ᠮᠡᠳᠡᠯᠭᠡ ᠶᠢᠨ ᠴᠢᠨᠠᠷᠲᠠᠶ ᠲᠡᠰᠢ ᠬᠤᠪᠢᠷᠠᠬᠤ ᠮᠡᠲᠦ ᠶᠢᠨ ᠰᠢᠨ᠎ᠡ ᠣᠨᠴᠠᠯᠢᠭ ᠢᠯᠡᠷᠡᠪᠡ᠃      ᠨᠢᠭᠡ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠪᠠ᠃ ᠳᠠᠪᠠᠭᠤᠯᠢᠭ ᠡᠵᠡᠩᠨᠡᠯᠲᠡ ᠶᠢᠨ ᠪᠠᠶᠢᠳᠠᠯ ᠪᠤᠯᠤᠨ ᠨᠡᠷᠡᠳᠦ ᠱᠤᠰᠢᠭ᠎ᠠ ᠪᠠᠷ ᠬᠦᠲᠦᠴᠢ ᠪᠤᠯᠭᠠᠭᠰᠠᠨ᠂ ᠤᠯᠤᠰ ᠤᠨ ᠳᠣᠲᠣᠭᠠᠳᠤ ᠳᠤ ᠥᠷᠢᠰᠥᠯᠳᠦᠬᠦ ᠬᠦᠴᠦᠨ ᠪᠦᠬᠦᠢ ᠵᠢᠵᠢᠭᠯᠡᠨ ᠬᠤᠳᠠᠯᠳᠤᠬᠤ ᠦᠢᠯᠡᠰ ᠤᠨ ᠪᠦᠯᠦᠭᠯᠡᠯ ᠠᠩᠬ᠎ᠠ ᠠᠯᠬᠤᠮ ᠪᠦᠷᠢᠯᠳᠦᠨ᠂ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠵᠢᠭᠤᠯᠤᠬᠤ ᠬᠢᠷᠢ ᠲᠦᠪᠰᠢᠨ᠂ ᠪᠦᠬᠦᠯᠢ ᠴᠣᠭᠴᠠ ᠪᠠᠷ ᠬᠡᠪᠴᠢᠶᠡᠵᠢᠭᠦᠯᠬᠦ ᠪᠠ ᠡᠷᠴᠢᠮᠵᠢᠭᠦᠯᠵᠦ ᠡᠵᠡᠩᠨᠡᠬᠦ ᠬᠢᠷᠢ ᠬᠡᠮᠵᠢᠶ᠎ᠡ ᠴᠥᠮ ᠵᠣᠬᠢᠬᠤ ᠬᠡᠮᠵᠢᠶ᠎ᠡ ᠪᠠᠷ ᠳᠡᠭᠡᠭᠰᠢᠯᠡᠵᠡᠢ᠃ ᠵᠢᠵᠢᠭᠯᠡᠨ ᠬᠤᠳᠠᠯᠳᠤᠬᠤ ᠶᠢᠨ ᠲᠣᠣᠷ ᠴᠢᠭ᠋ ᠨᠢ ᠮᠠᠯᠵᠢᠬᠤ ᠲᠠᠷᠢᠶᠠᠯᠠᠬᠤ ᠣᠷᠣᠨ᠂ ᠪᠤᠶᠢᠳᠠ ᠪᠥᠭᠯᠡᠭᠦᠦ ᠭᠠᠵᠠᠷ ᠣᠷᠣᠨ ᠪᠣᠯᠤᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠡᠰᠢ ᠦᠷᠭᠡᠳᠴᠦ᠂ ᠲᠣᠮᠤ ᠬᠡᠯᠪᠡᠷᠢ ᠶᠢᠨ ᠬᠡᠯᠬᠢᠶᠡᠵᠢᠭᠰᠡᠨ ᠬᠡᠳᠦ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠬᠦᠲᠦᠴᠢ ᠠᠵᠤ ᠠᠬᠤᠶᠢᠯᠠᠯ ᠪᠠ ᠲᠤᠰᠬᠠᠶ ᠮᠡᠷᠭᠡᠵᠢᠯ ᠢᠶᠠᠷ ᠬᠤᠷᠰᠢᠭᠰᠠᠨ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠵᠠᠯᠭᠠᠯᠳᠤᠬᠤ ᠪᠠᠶᠢᠷᠢᠰᠢᠯ ᠶᠠᠭ ᠠᠯᠭᠤᠷ ᠲᠤᠳᠤᠷᠠᠵᠤ ᠪᠠᠶᠢᠨ᠎ᠠ᠃ ᠬᠤᠶᠠᠷ ᠲᠤ ᠵᠢᠵᠢᠭᠯᠡᠨ ᠬᠤᠳᠠᠯᠳᠤᠬᠤ ᠶᠢᠨ ᠪᠤᠷᠤᠯᠠᠭᠤᠯᠭ᠎ᠠ ᠶᠢᠨ ᠰᠦᠯᠵᠢᠶ᠎ᠡ ᠨᠢ ᠡᠳᠦᠷ ᠢᠷᠡᠬᠦᠶ᠎ᠡ ᠪᠦᠷᠢᠨᠰᠢᠪᠡ᠃ ᠭᠡᠷ ᠤᠨ ᠴᠠᠬᠢᠯᠭᠠᠨ ᠬᠡᠷᠡᠭᠰᠡᠯ ᠤᠨ ᠬᠡᠯᠬᠢᠶᠡᠲᠦ ᠳᠡᠯᠭᠡᠭᠦᠷ᠂ ᠪᠦᠷᠢᠨ ᠪᠠᠷᠠᠭ᠎ᠠ᠂ ᠬᠡᠳᠦ ᠳᠡᠯᠭᠡᠭᠦᠷ ᠵᠡᠷᠭᠡ ᠤᠯᠠᠮᠵᠢᠯᠠᠯᠲᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠳ ᠰᠦᠯᠵᠢᠶᠡᠨ ᠲᠠᠪᠴᠠᠩ ᠤᠨ ᠬᠠᠩᠭᠠᠭᠰᠠᠨ ᠮᠡᠳᠡᠭᠡ ᠵᠠᠩᠭᠢ ᠶᠢᠨ ᠳᠠᠪᠰᠢᠭᠰᠠᠨ ᠮᠡᠷᠭᠡᠵᠢᠯ ᠢ ᠠᠰᠢᠭᠯᠠᠨ᠂ ︽ᠪᠣᠳᠠᠲᠤ ᠴᠤᠭᠴᠠᠲᠤ ᠳᠡᠯᠭᠡᠭᠦᠷ ᠲᠤ ᠠᠷᠠᠯᠵᠢᠶᠠᠯᠠᠬᠤ + ᠰᠦᠯᠵᠢᠶ᠎ᠡ ᠪᠠᠷ ᠬᠤᠳᠠᠯᠳᠤᠨ ᠠᠪᠬᠤ︾ ᠮᠠᠶ᠋ᠢᠭ ᠤᠨ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠡᠭᠦᠳᠴᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠲᠠᠢ ᠬᠠᠷᠢᠯᠴᠠᠨ ᠠᠭᠤᠰᠤᠯᠴᠠᠬᠤ ᠶᠢ ᠠᠩᠬ᠎ᠠ ᠠᠯᠬᠤᠮ ᠪᠡᠶᠡᠯᠡᠭᠦᠯᠪᠡ᠃ ᠭᠤᠷᠪᠠ ᠳᠤ ᠵᠢᠭᠤᠯᠴᠢᠯᠠᠯ᠂ ᠰᠣᠶᠣᠯ ᠪᠡᠶ᠎ᠡ ᠶᠢᠨ ᠲᠠᠮᠢᠷ᠂ ᠡᠷᠡᠭᠦᠯ ᠡᠩᠬᠡ ᠵᠡᠷᠭᠡ ᠦᠢᠯᠡᠴᠢᠯᠡᠭᠡᠨ ᠤ ᠴᠢᠨᠠᠷᠲᠠᠶ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠨᠡᠮᠡᠭᠳᠡᠪᠡ᠃ ᠰᠢᠯᠵᠢᠮᠡᠯ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭᠠᠲᠤ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠬᠡᠷᠡᠭᠯᠡᠭᠡ᠂ ᠪᠤᠬᠢᠷᠳᠤᠯ ᠦᠭᠡᠢ ᠬᠡᠷᠡᠭᠯᠡᠭᠡ᠂ ᠵᠢᠭᠤᠯᠴᠢᠯᠠᠵᠤ ᠰᠡᠯᠡᠭᠦᠴᠡᠬᠦ ᠬᠡᠷᠡᠭᠯᠡᠭᠡ᠂ ᠰᠤᠷᠭᠠᠨ ᠬᠦᠮᠦᠵᠢᠭᠦᠯᠬᠦ ᠠᠰᠠᠭᠤᠳᠠᠯ ᠤᠨ ᠬᠡᠷᠡᠭᠯᠡᠭᠡ᠂ ᠨᠠᠰᠤᠵᠢᠯ ᠡᠷᠡᠭᠦᠯ ᠡᠩᠬᠡ ᠭᠡᠷ ᠤᠨ ᠠᠳᠡᠯ ᠠᠬᠤᠢ ᠶᠢᠨ ᠬᠡᠷᠡᠭᠯᠡᠭᠡ ᠶᠢᠨ ᠬᠠᠷᠢᠴᠠᠯ ᠲᠠᠰᠤᠷᠠᠯᠲᠠ ᠦᠭᠡᠢ ᠳᠡᠭᠡᠭᠰᠢᠯᠡᠵᠦ ᠡᠬᠢᠯᠡᠯ᠎ᠡ᠃      ᠮᠠᠨ ᠤ ᠣᠷᠣᠨ ᠤ ᠵᠢᠵᠢᠭᠯᠡᠨ ᠬᠤᠳᠠᠯᠳᠤᠬᠤ ᠦᠢᠯᠡᠰ ᠬᠥᠭᠵᠢᠨ ᠮᠠᠨᠳᠤᠬᠤ ᠶᠢᠨ ᠬᠠᠮᠲᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠷ ᠪᠦᠳᠦᠭᠦᠯᠢᠭ᠂ ᠪᠦᠬᠦᠯᠢ ᠴᠣᠭᠴᠠ ᠶᠢᠨ ᠬᠢᠷᠢ ᠬᠡᠮᠵᠢᠶ᠎ᠡ ᠪᠠᠷ ᠳᠣᠣᠷ᠎ᠠ᠂ ᠪᠦᠲᠦᠮᠵᠢᠲᠡᠶ ᠬᠠᠩᠭᠠᠯᠭ᠎ᠠ ᠪᠠᠷ ᠬᠦᠷᠦᠯᠴᠡᠬᠦ ᠦᠭᠡᠢ᠂ ᠠᠵᠢᠯᠯᠠᠭᠠᠨ ᠤ ᠦᠷ᠎ᠡ ᠠᠰᠢᠭ ᠢᠶᠠᠷ ᠠᠨᠠᠢ ᠵᠡᠷᠭᠡ ᠳᠤᠪᠤᠶᠢᠮ᠎ᠠ ᠠᠰᠠᠭᠤᠳᠠᠯ ᠢᠯᠡᠷᠡᠵᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠢᠵᠢᠭᠯᠡᠨ ᠬᠤᠳᠠᠯᠳᠤᠬᠤ ᠦᠢᠯᠡᠰ ᠤᠨ ᠨᠡᠶᠢᠲᠡᠯᠢᠭ ᠠᠵᠤ ᠠᠬᠤᠶᠢᠯᠠᠯ ᠤᠨ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ᠠᠵᠢᠯ ᠲᠦᠷᠦᠯ ᠤᠨ ᠪᠣᠷᠣᠯᠠᠭᠤᠯᠤᠯᠲᠠ ᠶᠢᠨ ᠲᠤᠭ᠎ᠠ᠂ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠤᠨ ᠲᠤᠭ᠎ᠠ᠂ ᠠᠵᠢᠯᠯᠠᠭᠰᠠᠳ ᠤᠨ ᠲᠤᠭ᠎ᠠ᠂ ᠡᠵᠡᠩᠨᠡᠯᠲᠡ ᠶᠢᠨ ᠲᠠᠯᠠᠪᠠᠶ ᠵᠡᠷᠭᠡ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠵᠣᠬᠢᠬᠤ ᠬᠡᠮᠵᠢᠶ᠎ᠡ ᠪᠠᠷ ᠤᠳᠠᠭᠠᠰᠢᠷᠠᠵᠤ᠂ ᠠᠰᠢᠭ ᠣᠯᠬᠤ ᠴᠢᠳᠠᠪᠤᠷᠢ ᠨᠢ ᠡᠳᠦᠢ ᠲᠡᠳᠦᠢ ᠪᠠᠭᠤᠷᠠᠪᠠ᠃ ᠪᠣᠳᠠᠲᠤ ᠴᠣᠭᠴᠠᠲᠤ ᠶᠢᠨ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶ ᠬᠡᠷᠡᠭᠵᠢᠭᠦᠯᠬᠦ ᠪᠣᠯ ᠡᠳᠡᠭᠡᠷ ᠬᠦᠴᠢᠷᠳᠡᠯ ᠪᠣᠯᠤᠨ ᠠᠰᠠᠭᠤᠳᠠᠯ ᠢ ᠰᠢᠶᠳᠪᠦᠷᠢᠯᠡᠬᠦ ᠪᠦᠲᠦᠮᠵᠢᠲᠡᠶ ᠠᠷᠭ᠎ᠠ ᠵᠠᠮ ᠪᠣᠯᠬᠤ ᠶᠤᠮ᠃      ᠬᠥᠲᠥᠯᠥᠭᠴᠢ᠄      ᠯᠢ ᠲᠢᠩᠬᠢᠮ ᠤᠨ ᠳᠠᠷᠤᠭ᠎ᠠ ᠡ᠂ ︽ᠬᠡᠷᠡᠭᠵᠢᠭᠦᠯᠬᠦ ᠲᠥᠰᠦᠯ︾᠎ ᠳᠤ ᠶᠠᠮᠠᠷ ᠶᠠᠮᠠᠷ ᠠᠭᠤᠯᠭ᠎ᠠ ᠪᠠᠭᠲᠠᠵᠤ ᠪᠠᠶᠢᠬᠤ ᠪᠤᠢ︖      ᠯᠢ ᠵᠢᠶᠦ᠋ᠨ᠄      ︽ᠬᠡᠷᠡᠭᠵᠢᠭᠦᠯᠬᠦ ᠲᠥᠰᠦᠯ︾᠎ ᠳᠤ ︽ᠬᠤᠳᠠᠯᠳᠤᠭᠠᠨ ᠤ ᠪᠦᠲᠦᠴᠡ ᠳᠤ ᠲᠤᠬᠢᠷᠠᠭᠤᠯᠤᠯᠲᠠ ᠬᠢᠬᠦ᠂ ᠬᠥᠭᠵᠢᠯᠲᠡ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ᠂ ᠠᠵᠢᠯ ᠲᠥᠷᠥᠯ ᠠᠯᠭᠠᠰᠠᠵᠤ ᠤᠶᠠᠯᠳᠤᠬᠤ ᠶᠢ ᠠᠬᠢᠭᠤᠯᠬᠤ︾ ᠭᠤᠷᠪᠠᠨ ᠲᠠᠯ᠎ᠠ ᠠᠴᠠ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ 9 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠂ ᠡᠭᠦᠨ ᠳᠤ ᠬᠤᠲᠠ ᠬᠥᠳᠡᠭᠡ ᠶᠢᠨ ᠬᠤᠳᠠᠯᠳᠤᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠲᠠᠸᠠᠷ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠭᠲᠠᠵᠡᠢ︔ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠳᠤ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ᠂ ᠡᠵᠡᠩᠨᠡᠯᠲᠡ ᠶᠢᠨ ᠲᠣᠭᠲᠠᠴᠠ ᠳᠤ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠴᠤ᠂ ᠦᠢᠯᠡᠴᠢᠯᠡᠭᠡᠨ ᠤ ᠪᠡᠶᠡᠴᠢᠯᠡᠨ ᠣᠷᠣᠯᠴᠠᠬᠤ ᠎ ᠳᠤ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠴᠤ᠂ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ︔ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢ ᠠᠭᠤᠰᠤᠯᠴᠠᠭᠤᠯᠵᠤ᠂ ᠤᠯᠠᠨ ᠬᠦᠷᠢᠶ᠎ᠡ  ᠴᠠᠷᠠᠭ᠎ᠠ ᠳᠤ ᠬᠠᠮᠵᠢᠯᠴᠠᠭᠤᠯᠬᠤ᠂ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠶᠢ ᠨᠢᠭᠡ ᠴᠤᠭᠴᠠᠴᠢᠭᠤᠯᠬᠤ ᠶᠢ ᠠᠬᠢᠭᠤᠯᠵᠤ᠂ ᠵᠢᠵᠢᠭᠯᠡᠨ ᠬᠤᠳᠠᠯᠳᠤᠬᠤ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃      ᠬᠥᠲᠥᠯᠥᠭᠴᠢ᠄        ᠶᠠᠭᠤᠨ ᠳᠤ 9 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠭᠰᠠᠨ ᠪᠣᠢ︖      ᠯᠢ ᠵᠢᠶᠦ᠋ᠨ᠄      ︽ᠬᠡᠷᠡᠭᠵᠢᠭᠦᠯᠬᠦ ᠲᠥᠰᠦᠯ︾᠎ ᠢ ᠲᠤᠭᠤᠷᠪᠢᠬᠤ ᠳᠤ ᠭᠤᠣᠯᠳᠠᠭᠤ ᠲᠦᠷᠪᠡᠨ ᠲᠠᠯ᠎ᠠ ᠶᠢ ᠪᠣᠳᠣᠯᠬᠢᠯᠠᠭᠰᠠᠨ ᠶᠤᠮ᠃ ᠨᠢᠭᠡ ᠳᠤ ︽ᠰᠠᠨᠠᠯ︾᠎ ᠳᠠᠬᠢ ᠡᠯ᠎ᠡ ᠵᠦᠢᠯ ᠤᠨ ᠡᠭᠦᠷᠭᠡ ᠶᠢ ᠲᠣᠪᠣᠶᠢᠯᠭᠠᠨ ᠨᠠᠶᠢᠳᠠᠪᠤᠷᠢᠵᠢᠭᠤᠯᠤᠨ᠎ᠠ᠃ ᠬᠤᠶᠠᠷ ᠲᠤ ᠪᠣᠳᠠᠲᠤ ᠪᠠᠶᠢᠳᠠᠯ ᠢ ᠲᠣᠪᠣᠶᠢᠯᠭᠠᠵᠤ᠂ ᠣᠳᠣᠬᠢ ᠪᠠᠶᠢᠳᠠᠯ ᠲᠠᠢ ᠤᠶᠠᠯᠳᠤᠭᠤᠯᠤᠨ᠂ ᠪᠠᠭᠤᠷᠠᠶ ᠲᠠᠯ᠎ᠠ ᠳᠤ ᠬᠠᠨᠳᠤᠭᠤᠯᠤᠨ ᠪᠦᠳᠦᠬᠡᠨ ᠪᠠᠶᠢᠭᠤᠯᠬᠤ ᠶᠢ ᠴᠢᠩᠭᠠᠳᠬᠠᠨ᠎ᠠ᠃ ᠭᠤᠷᠪᠠ ᠳᠤ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ ᠲᠣᠪᠣᠶᠢᠯᠭᠠᠨ ᠦᠢᠯᠡᠳᠦᠯᠭᠡᠵᠢᠭᠦᠯᠦᠨ᠎ᠡ᠃ ᠲᠦᠷᠪᠡ ᠳᠤ ᠲᠦᠷᠦ ᠶᠢᠨ ᠪᠤᠳᠤᠯᠭ᠎ᠠ ᠪᠠᠷ ᠪᠠᠲᠤᠯᠠᠬᠤ ᠠᠷᠭ᠎ᠠ ᠬᠡᠮᠵᠢᠶ᠎ᠡ ᠶᠢ ᠲᠣᠪᠣᠶᠢᠯᠭᠠᠨ᠎ᠠ᠃      ᠬᠥᠲᠥᠯᠥᠭᠴᠢ᠄      ︽ᠬᠡᠷᠡᠭᠵᠢᠭᠦᠯᠬᠦ ᠲᠥᠰᠦᠯ︾᠎ ᠤᠨ ᠬᠡᠷᠡᠭᠵᠢᠭᠦᠯᠦᠯᠲᠡ ᠶᠢᠨ ᠢᠯᠭᠤᠮ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠣᠰᠠᠳᠠ ᠥᠪᠡᠷᠲᠡᠭᠡᠨ ᠵᠠᠰᠠᠬᠤ ᠣᠷᠣᠨ ᠠᠴᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠤᠢ︖      ᠯᠢ ᠵᠢᠶᠦ᠋ᠨ᠄      ︽ᠬᠡᠷᠡᠭᠵᠢᠭᠦᠯᠬᠦ ᠲᠥᠰᠦᠯ︾ ᠪᠣᠯ ᠤᠯᠤᠰ ᠤᠨ ᠳᠦᠷᠦ ᠶᠢᠨ ᠪᠤᠳᠤᠯᠭ᠎ᠠ ᠬᠢᠭᠡᠳ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠬᠠᠷᠢᠯᠴᠠᠨ ᠤᠶᠠᠯᠳᠤᠭᠰᠠᠨ ᠪᠣᠳᠠᠲᠠᠢ ᠠᠷᠭ᠎ᠠ ᠬᠡᠮᠵᠢᠶ᠎ᠡ ᠪᠠᠶᠢᠵᠤ᠂ ᠬᠤᠶᠢᠰᠢᠳᠠ ᠶᠢᠨ ᠨᠢᠭᠡᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠴᠠ ᠵᠢᠵᠢᠭᠯᠡᠨ ᠬᠤᠳᠠᠯᠳᠤᠬᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠬᠤ ᠲᠦᠷᠦ ᠶᠢᠨ ᠪᠤᠲᠤᠯᠭ᠎ᠠ ᠶᠢᠨ ᠦᠨᠳᠦᠰᠦᠯᠡᠯ ᠪᠣᠯᠬᠤ ᠶᠤᠮ᠃ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠭᠤᠣᠯᠳᠠᠭᠤ ︽ᠪᠠᠲᠤᠯᠠᠭ᠎ᠠ ᠶᠢᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠠᠨ ᠨᠡᠶᠢᠲᠠ ᠶᠢᠨ ᠦᠢᠯᠡᠴᠢᠯᠡᠭᠡᠨ ᠢ ᠪᠦᠷᠢᠨᠰᠢᠭᠦᠯᠬᠦ︾ ᠭᠤᠷᠪᠠᠨ ᠲᠠᠯ᠎ᠠ ᠠᠴᠠ ᠠᠷᠪᠠᠨ ᠭᠤᠷᠪᠠᠨ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠳᠤᠷᠠᠳᠴᠠᠶ᠄      ᠨᠢᠭᠡ ᠳᠤ ᠲᠣᠣᠷ ᠴᠢᠬ ᠤᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠴᠢᠩᠭᠠᠷᠠᠭᠤᠯᠤᠨ᠎ᠠ᠃ ᠣᠳᠣᠬᠢ ᠬᠤᠳᠠᠯᠳᠤᠭᠠᠨ ᠤ ᠪᠡᠯᠡᠳᠬᠡᠮᠵᠢ ᠶᠢᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠴᠢᠯᠦᠭᠡᠲᠡᠢ ᠭᠦᠢᠯᠭᠡᠭᠡᠵᠦ᠂ ᠨᠡᠶᠢᠭᠡᠮ ᠤᠨ ᠰᠤᠯᠠ ᠪᠠᠶᠢᠭ᠎ᠠ ᠡᠬᠢ ᠪᠠᠶᠠᠯᠢᠭ ᠢ ᠰᠢᠯᠢᠳᠡᠭᠵᠢᠭᠦᠯᠦᠨ᠎ᠡ᠃ ᠬᠤᠶᠠᠷ ᠲᠤ ᠵᠠᠰᠠᠭ ᠢ ᠴᠣᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠳᠡᠯᠭᠡᠭᠦᠷ ᠢ ᠤᠷᠠᠯᠠᠵᠤ ᠴᠢᠮᠡᠭᠯᠡᠬᠦ᠂ ᠳᠡᠯᠭᠡᠭᠦᠷ ᠢ ᠵᠠᠰᠠᠵᠤ ᠥᠭᠡᠷᠡᠴᠢᠯᠡᠬᠦ᠂ ᠭᠠᠳᠠᠭᠤᠷᠬᠢ ᠶᠢᠨ ᠡᠵᠡᠩᠨᠡᠨ ᠪᠣᠷᠣᠯᠠᠭᠤᠯᠬᠤ ᠬᠢᠵᠠᠭᠠᠷᠯᠠᠯ ᠢ ᠠᠭᠤᠵᠢᠭᠤ ᠪᠣᠯᠭᠠᠨ᠎ᠠ᠃ ᠬᠡᠯᠬᠢᠶᠡᠲᠦ ᠠᠵᠤ ᠠᠬᠤᠶᠢᠯᠠᠯ ᠠᠴᠠ ᠬᠠᠤᠯᠢ ᠶᠢᠨ ᠪᠤᠰᠤ ᠡᠷᠬᠡᠲᠡᠨ ᠤ ᠡᠭᠦᠳᠡᠨ ᠳᠡᠯᠭᠡᠭᠦᠷ ᠪᠣᠯᠤᠨ ᠲᠣᠬᠢᠷᠠᠭᠤᠯᠤᠨ ᠬᠦᠷᠭᠡᠬᠦ ᠭᠠᠵᠠᠷ ᠪᠠᠶᠢᠭᠤᠯᠬᠤ ᠶᠢ ᠳᠡᠮᠵᠢᠵᠦ᠂ ᠬᠤᠳᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠨᠡᠪᠲᠡᠷᠡᠬᠦ ᠳᠦᠷᠢᠮ ᠢ ᠪᠥᠷᠢᠨᠰᠢᠭᠦᠯᠦᠨ᠎ᠡ᠃ ᠭᠤᠷᠪᠠ ᠳᠤ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠲᠥᠪ ᠭᠤᠣᠯᠴᠢ ᠪᠠᠷ ᠥᠷᠢᠰᠥᠯᠳᠦᠬᠦ ᠭᠠᠶᠢᠯᠢ ᠲᠠᠲᠠᠪᠤᠷᠢ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠶᠡᠷᠦᠩᠬᠡᠶ ᠬᠤᠪᠢᠶᠠᠷᠢ ᠰᠠᠯᠪᠤᠷᠢ ᠪᠠᠶᠢᠭᠤᠯᠤᠮᠵᠢ ᠭᠠᠶᠢᠯᠢ ᠪᠠᠨ ᠬᠤᠮᠣᠷᠭᠠᠯᠠᠨ ᠨᠡᠶᠢᠯᠡᠭᠦᠯᠦᠨ ᠲᠤᠰᠢᠶᠠᠬᠤ᠂ ᠰᠤᠳᠤᠯᠤᠨ ᠨᠡᠭᠡᠭᠡᠬᠦ ᠵᠠᠷᠤᠳᠠᠯ ᠢ ᠨᠡᠶᠢᠯᠡᠭᠦᠯᠦᠨ ᠪᠤᠳᠤᠵᠤ ᠰᠠᠭᠤᠯᠭᠠᠨ ᠠᠪᠬᠤ᠂ ᠪᠠᠷᠢᠮᠲᠠ ᠲᠡᠮᠳᠡᠭ ᠤᠨ ᠦᠷᠳᠡᠭ ᠤᠨ ᠵᠠᠷᠤᠳᠠᠯ ᠢ ᠬᠦᠴᠦᠨ ᠦᠭᠡᠢ ᠪᠣᠯᠭᠠᠬᠤ ᠵᠡᠷᠭᠡ ᠭᠠᠶᠢᠯᠢ ᠰᠦᠢᠳᠬᠡᠯ ᠳᠤ ᠳᠡᠮᠵᠢᠯᠭᠡ ᠦᠵᠡᠭᠦᠯᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠤ ᠦᠨ᠎ᠡ᠂ ᠺᠠᠷᠲ ᠎ ᠪᠠᠷ ᠲᠣᠭᠠᠴᠠᠭ᠎ᠠ ᠬᠢᠬᠦ ᠳᠤ ᠬᠡᠷᠡᠭᠰᠡᠬᠦ ᠵᠠᠷᠤᠳᠠᠯ ᠮᠥᠩᠭᠦ ᠳᠤ ᠦᠨ᠎ᠡ ᠲᠣᠭᠲᠠᠭᠠᠬᠤ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠲᠦᠷᠪᠡ ᠳᠤ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠎ ᠶᠢ ᠵᠣᠷᠢᠭᠵᠢᠭᠤᠯᠤᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠲᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠬᠡᠷᠡᠭᠯᠡᠭᠡᠨ ᠤ ᠮᠥᠩᠭᠦᠨ ᠭᠦᠢᠯᠭᠡᠭᠡᠨ ᠤ ᠺᠣᠮᠫᠠᠨᠢ ᠶᠢᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠲᠠᠪᠤ ᠳᠤ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠤᠨ᠎ᠠ᠃ ᠰᠠᠯᠠᠭ᠎ᠠ ᠮᠥᠴᠢᠷ ᠎ ᠤᠨ ᠬᠤᠯᠪᠣᠭᠠᠯᠠᠨ ᠬᠥᠳᠡᠯᠦᠯᠴᠡᠬᠦ ᠪᠠ ᠣᠷᠣᠨ ᠪᠦᠰᠡ ᠢᠶᠠᠷ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠢᠶᠠᠷ ᠬᠢᠨᠠᠨ ᠬᠠᠮᠢᠶᠠᠷᠬᠤ ᠠᠷᠭ᠎ᠠ ᠪᠠᠷᠢᠯ ᠢ   ᠲᠡᠭᠦᠯᠳᠡᠷᠵᠢᠭᠦᠯᠦᠨ  ᠂ ᠦᠢᠯᠡᠳᠪᠦᠷᠢᠯᠡᠯ ᠬᠢᠭᠡᠳ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠮᠵᠢᠯᠴᠠᠵᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠎ ᠶᠢ ᠨᠢᠭᠡ ᠴᠣᠭᠴᠠᠵᠢᠭᠤᠯᠤᠭᠰᠠᠨ ᠬᠢᠨᠠᠨ ᠬᠠᠮᠢᠶᠠᠷᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠵᠢᠷᠭᠤᠭ᠎ᠠ ᠳᠤ ᠲᠥᠪ ᠭᠤᠣᠯᠴᠢ ᠥᠷᠢᠰᠥᠯᠳᠦᠭᠡᠨ ᠢ ᠠᠬᠢᠭᠤᠯᠤᠨ᠎ᠠ᠃ ᠴᠢᠨᠠᠷ ᠮᠠᠭᠤ ᠬᠠᠭᠤᠷᠮᠠᠭ ᠲᠠᠸᠠᠷ ᠦᠢᠯᠡᠳᠦᠨ  ᠪᠣᠷᠣᠯᠠᠭᠤᠯᠬᠤ᠂ ᠮᠡᠳᠡᠯᠭᠡ ᠶᠢᠨ ᠥᠮᠴᠢᠯᠡᠬᠦ ᠡᠷᠬᠡ ᠳᠤ ᠬᠠᠯᠳᠠᠭᠰᠠᠨ᠂ ᠭᠤᠣᠯᠴᠢ ᠪᠤᠰᠤ ᠪᠠᠷ ᠥᠷᠢᠰᠥᠯᠳᠦᠬᠦ ᠵᠡᠷᠭᠡ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠮᠣᠨᠣᠫᠣᠯᠢᠴᠢᠯᠠᠯ ᠤᠨ ᠬᠡᠯᠡᠯᠴᠡᠭᠡᠷ᠂ ᠵᠠᠬ᠎ᠠ ᠳᠡᠯᠭᠡᠭᠦᠷ ᠤᠨ ᠲᠤᠬᠢᠷᠠᠭᠤᠯᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠵᠡᠷᠭᠡ ᠥᠷᠢᠰᠥᠯᠳᠦᠭᠡᠨ ᠢ ᠭᠠᠳᠠᠭᠤᠷᠴᠢᠯᠠᠵᠤ ᠬᠢᠵᠠᠭᠠᠷᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠲᠤᠯᠤᠭ᠎ᠠ ᠳᠤ ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢ ᠠᠰᠢᠭᠯᠠᠨ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢ ᠬᠠᠮᠤᠷᠤᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠤᠷᠢᠶᠠᠨ ᠴᠤᠭᠯᠠᠭᠤᠯᠵᠤ ᠪᠠᠶᠢᠭᠠᠳ ᠬᠠᠮᠲᠤ ᠪᠠᠷ ᠬᠦᠷᠲᠡᠬᠦ ᠪᠠ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃ ᠨᠠᠢᠮᠠ ᠳᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ᠃ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ᠂ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠬᠦ ᠪᠠ ᠬᠡᠯᠪᠡᠷᠢ ᠪᠠᠨ ᠬᠤᠪᠢᠷᠠᠭᠤᠯᠬᠤ ᠶᠢᠨ ᠵᠢᠱᠢᠯᠲᠡ ᠶᠢ ᠬᠥᠭᠵᠢᠭᠡᠨ᠎ᠡ᠃ ᠶᠢᠰᠦ ᠳᠤ ᠳᠦᠷᠢᠮ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠥᠬᠦ ᠣᠷᠣᠨ ᠤ ᠬᠡᠯᠬᠢᠶᠡᠲᠦ ᠡᠵᠡᠩᠨᠡᠯᠲᠡ᠂ ᠡᠯᠧᠺᠲᠷᠣᠨ ᠬᠤᠳᠠᠯᠳᠤᠠᠭ᠋ᠨ ᠤ ᠶᠠᠪᠤᠳᠠᠯ᠂ ᠠᠷᠠᠯᠵᠢᠶ᠎ᠠ ᠬᠤᠳᠠᠯᠳᠤᠠᠭ᠋ᠨ ᠤ ᠡᠳ᠋ ᠪᠠᠷᠠᠭᠠᠨ ᠤ ᠭᠦᠢᠯᠭᠡᠭᠡ᠂ ᠬᠠᠩᠭᠠᠯᠭ᠎ᠠ ᠶᠢᠨ ᠬᠡᠯᠬᠢᠶᠡᠨ ᠤ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠶᠢ ᠴᠢᠩᠭᠠᠳᠬᠠᠵᠤ᠂ ᠪᠠᠷᠢᠮᠵᠢᠶ᠎ᠠ ᠶᠢᠨ ᠬᠡᠷᠡᠭᠵᠢᠭᠦᠯᠦᠯᠲᠡ ᠬᠡᠷᠡᠭᠯᠡᠯᠲᠡ ᠶᠢ ᠴᠢᠩᠭᠠᠷᠠᠭᠤᠯᠤᠨ᠎ᠠ᠃ ᠠᠷᠪᠠ ᠳᠤ ᠲᠤᠭ᠎ᠠ ᠪᠦᠷᠢᠳᠬᠡᠯ ᠤᠨ ᠰᠢᠨᠵᠢᠯᠲᠡ ᠶᠢ ᠴᠢᠩᠭᠠᠳᠬᠠᠨ᠎ᠠ᠃ ᠵᠢᠵᠢᠭᠯᠡᠨ ᠬᠤᠳᠠᠯᠳᠤᠬᠤ ᠦᠢᠯᠡᠰ ᠤᠨ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ ᠪᠠ ᠠᠵᠢᠯᠯᠠᠭᠠᠨ ᠢ ᠰᠢᠨᠵᠢᠯᠡᠨ ᠵᠠᠳᠠᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠢᠵᠢᠭᠯᠡᠨ ᠬᠤᠳᠠᠯᠳᠤᠬᠤ ᠦᠢᠯᠡᠰ ᠤᠨ ᠬᠥᠭᠵᠢᠯᠲᠡ ᠶᠢᠨ ᠣᠷᠴᠢᠨ ᠨᠥᠬᠦᠴᠡᠯ ᠢ ᠲᠤᠰᠬᠠᠭᠰᠠᠨ ᠦᠨᠡᠯᠡᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠪᠠᠶᠢᠭᠤᠯᠤᠨ᠎ᠠ᠃ ᠠᠷᠪᠠᠨ ᠨᠢᠭᠡ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠡᠭᠦᠯᠡᠨ ᠲᠠᠪᠴᠠᠩ ᠢ ᠰᠤᠳᠤᠯᠤᠨ ᠪᠠᠶᠢᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠣᠯᠠᠨ ᠠᠷᠭ᠎ᠠ ᠵᠠᠮ ᠢᠶᠠᠷ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠳᠤ ᠮᠡᠷᠭᠡᠵᠢᠯ᠂ ᠬᠠᠮᠢᠶᠠᠷᠤᠯᠲᠠ᠂ ᠯᠠᠪᠯᠠᠭ᠎ᠠ᠂ ᠮᠡᠳᠡᠭᠡ ᠵᠠᠩᠭᠢ ᠵᠡᠷᠭᠡ ᠨᠢᠭᠡ ᠴᠤᠭᠴᠠᠵᠢᠭᠰᠠᠨ ᠲᠤᠯᠭᠠᠭᠤᠷᠢᠯᠠᠯ ᠪᠣᠯᠬᠤ ᠦᠢᠯᠡᠴᠢᠯᠡᠭᠡ ᠬᠠᠩᠭᠠᠨ᠎ᠠ᠃ ᠠᠷᠪᠠᠨ ᠬᠤᠶᠠᠷ ᠎ ᠲᠤ ᠪᠣᠯᠪᠠᠰᠤᠷᠠᠭᠤᠯᠵᠤ ᠰᠣᠯᠢᠯᠴᠠᠬᠤ ᠶᠢ ᠴᠢᠩᠭᠠᠳᠬᠠᠨ᠎ᠠ᠃ ᠤᠯᠠᠨ ᠠᠷᠭ᠎ᠠ ᠵᠠᠮ ᠢᠶᠠᠷ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠲᠤᠰᠬᠠᠶ ᠮᠡᠷᠭᠡᠵᠢᠯ ᠤᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮ ᠬᠡᠯᠪᠡᠷᠢ ᠶᠢᠨ ᠳᠡᠭᠡᠳᠦ ᠲᠡᠰ ᠤᠨ ᠴᠢᠳᠠᠪᠤᠷᠢᠲᠠᠨ ᠢ ᠵᠣᠬᠢᠰᠲᠠᠶ ᠰᠢᠯᠵᠢᠭᠦᠯᠬᠦ ᠶᠢ ᠠᠬᠢᠭᠤᠯᠵᠤ᠂ ᠤᠯᠠᠨ ᠳᠡᠰ ᠳᠠᠪᠬᠤᠷᠭ᠎ᠠ ᠪᠦᠬᠦᠢ ᠵᠢᠵᠢᠭᠯᠡᠨ ᠬᠤᠳᠠᠯᠳᠤᠬᠤ ᠦᠢᠯᠡᠰ ᠤᠨ ᠴᠢᠳᠠᠪᠤᠷᠢᠲᠠᠨ ᠤ ᠡᠩᠨᠡᠭᠡ ᠶᠢ ᠪᠦᠷᠢᠨᠰᠢᠭᠦᠯᠵᠦ᠂ ᠠᠵᠢᠯᠯᠠᠭᠴᠢᠳ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠷᠪᠠᠨ ᠭᠤᠷᠪᠠ ᠳᠤ ᠬᠡᠪ ᠳᠠᠭᠤᠷᠢᠶᠠᠯ ᠢᠶᠠᠷ ᠳᠠᠶᠢᠴᠢᠯᠠᠨ ᠳᠠᠭᠠᠭᠤᠯᠬᠤ ᠶᠢ ᠲᠦᠭᠡᠮᠡᠯᠵᠢᠭᠦᠯᠦᠨ᠎ᠡ᠃ ᠲᠣᠪᠣᠶᠢᠮ᠎ᠠ ᠣᠨᠴᠠᠯᠢᠭ ᠪᠠ ᠲᠥᠯᠥᠭᠡᠯᠡᠬᠦ ᠴᠢᠨᠠᠷ ᠪᠦᠬᠦᠢ ᠠᠶᠢᠮᠠᠭ ᠬᠤᠳᠠ ᠪᠤᠶᠤ ᠬᠤᠳᠠᠯᠳᠤᠭᠠᠨ ᠤ ᠬᠦᠷᠢᠶᠡᠨ ᠤ ᠬᠢᠨ ᠢ ᠰᠣᠩᠭᠤᠵᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠬᠡᠯᠪᠡᠷᠢ ᠪᠠᠨ ᠬᠤᠪᠢᠷᠠᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠵᠦ᠂ ᠬᠡᠪ ᠳᠠᠭᠤᠷᠢᠶᠠᠯ ᠢᠶᠠᠷ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠤᠨ᠎ᠠ᠃      ᠬᠦᠲᠦᠯᠦᠭᠴᠢ᠄      ᠰᠦᠯᠵᠢᠶᠡᠨ ᠪᠣᠷᠣᠯᠠᠭᠤᠯᠭ᠎ᠠ ᠶᠢᠨ ᠲᠦᠷᠭᠡᠨ ᠬᠥᠭᠵᠢᠯᠲᠡ ᠨᠢ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢᠯᠡᠰ ᠲᠤ ᠶᠠᠮᠠᠷ ᠶᠠᠮᠠᠷ ᠳᠠᠭᠠᠷᠢᠯᠲᠠ ᠠᠪᠴᠢᠷᠠᠭᠰᠠᠨ ᠪᠣᠢ︖      ᠯᠢ ᠵᠢᠶᠦ᠋ᠨ᠄      ᠣᠶᠢᠷ᠎ᠠ ᠶᠢᠨ ᠵᠢᠯ ᠳᠤ᠂ ᠰᠦᠯᠵᠢᠶᠡᠨ ᠳᠤ ᠵᠢᠵᠢᠭᠯᠡᠨ ᠬᠤᠳᠠᠯᠳᠤᠬᠤ ᠮᠠᠰᠢ ᠲᠦᠷᠭᠡᠨ ᠢᠶᠠᠷ ᠬᠦᠭᠵᠢᠵᠦ᠂ ᠪᠣᠳᠠᠲᠤ ᠴᠣᠭᠴᠠᠲᠤ ᠳᠡᠯᠭᠡᠭᠦᠷ ᠤᠨ ᠨᠡᠮᠡᠭᠳᠡᠯ ᠤᠨ ᠬᠤᠷᠳᠤᠴᠠ ᠬᠠᠷᠢᠨ ᠬᠠᠷᠢᠴᠠᠩᠭᠤᠶ ᠪᠠᠷ ᠤᠳᠠᠭᠠᠰᠢᠷᠠᠨ᠂ ᠬᠤᠶᠠᠭᠤᠯᠠ ᠶᠢᠨ ᠬᠤᠭᠤᠷᠤᠨᠳᠤ ᠢᠯᠡ ᠲᠣᠳᠣ ᠬᠠᠷᠢᠴᠠᠭᠤᠯᠤᠯ ᠪᠣᠯᠵᠠᠢ᠃ ᠵᠠᠷᠢᠮ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯᠲᠠᠨ᠂ ᠨᠡᠶᠢᠭᠡᠮ ᠤᠨ ᠬᠦᠮᠦᠰ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢ ᠡᠰᠡᠷᠭᠦ ᠳᠡᠰᠡᠷᠭᠦ ᠪᠠᠶᠢᠷᠢᠨ ᠳᠤ ᠲᠠᠯᠪᠢᠵᠤ᠂ ᠰᠦᠯᠵᠢᠶᠡᠨ ᠳᠤ ᠵᠢᠵᠢᠭᠯᠡᠨ ᠬᠤᠳᠠᠯᠳᠤᠬᠤ ᠨᠢ ᠪᠣᠳᠠᠲᠤ ᠴᠣᠭᠴᠠᠲᠤ ᠳᠡᠯᠭᠡᠭᠦᠷ ᠲᠤ ᠮᠠᠰᠢ ᠶᠡᠭᠡ ᠳᠠᠷᠤᠯᠲᠠ ᠠᠪᠴᠢᠷᠠᠨ᠂ ᠨᠡᠩ ᠴᠢᠨᠠᠭᠰᠢᠯᠠᠪᠠᠯ ᠰᠦᠯᠵᠢᠶᠡᠨ ᠳᠤ ᠵᠢᠵᠢᠭᠯᠡᠨ ᠬᠤᠳᠠᠯᠳᠤᠬᠤ ᠨᠢ ᠪᠣᠳᠠᠲᠤ ᠴᠣᠭᠴᠠᠲᠤ ᠳᠡᠯᠭᠡᠭᠦᠷ ᠢ ᠣᠷᠣᠯᠠᠬᠤ ᠶᠤᠮ ᠭᠡᠵᠦ ᠦᠵᠡᠴᠢᠬᠡᠵᠡᠢ᠃ ᠪᠠᠶᠢᠴᠠᠭᠠᠨ ᠰᠣᠳᠤᠯᠤᠯᠲᠠ ᠠᠴᠠ ᠦᠵᠡᠪᠡᠯ᠂ ᠰᠦᠯᠵᠢᠶᠡᠨ ᠵᠠᠬᠢᠶᠠᠯᠠᠭ᠎ᠠ ᠶᠢᠨ ᠬᠥᠭᠵᠢᠯᠲᠡ ᠶᠢᠨ ᠠᠩᠬᠠᠨ ᠤ ᠬᠤᠭᠤᠴᠠᠭᠠᠨ ᠳᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠥᠷᠢᠰᠥᠯᠳᠦᠭᠡᠨ ᠥᠨᠡᠨᠬᠦ ᠣᠷᠤᠰᠢᠳᠠᠭ᠃ ᠭᠡᠪᠡᠴᠦ ᠰᠦᠯᠵᠢᠶᠡᠨ ᠵᠠᠬᠢᠶᠠᠯᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠡᠶᠢᠮᠦ ᠥᠷᠢᠰᠥᠯᠳᠦᠭᠡᠨ ᠨᠢ ᠠᠯᠬᠤᠮ ᠠᠯᠬᠤᠮ ᠢᠶᠠᠷ ᠬᠤᠷᠰᠢᠯᠴᠠᠭ᠎ᠠ᠂ ᠠᠭᠤᠰᠤᠯᠴᠠᠭ᠎ᠠ ᠪᠣᠯᠵᠤ ᠬᠤᠪᠢᠷᠠᠨ᠎ᠠ᠃ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠠᠭᠤᠰᠤᠯᠴᠠᠨ ᠬᠦᠭᠵᠢᠬᠦ ᠨᠢ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠳᠡᠭ ᠠᠴᠠ ᠡᠨᠡ ᠨᠢ ᠵᠢᠵᠢᠭᠯᠡᠨ ᠬᠤᠳᠠᠯᠳᠤᠬᠤ ᠦᠢᠯᠡᠰ ᠤᠨ ᠢᠷᠡᠭᠡᠳᠦᠶ ᠶᠢᠨ ᠬᠥᠭᠵᠢᠬᠦ ᠬᠠᠨᠳᠤᠰᠢ ᠪᠣᠯᠬᠤ ᠶᠤᠮ᠃ ᠵᠢᠱᠢᠶᠡᠯᠡᠪᠡᠯ ᠰᠦᠯᠵᠢᠶᠡᠨ ᠳᠤ ᠬᠤᠳᠠᠯᠳᠤᠬᠤ ᠶᠢᠨ ᠳᠠᠪᠠᠭᠤᠯᠢᠭ ᠨᠢ ᠲᠠᠸᠠᠷ ᠤᠨ ᠭᠦᠢᠯᠭᠡᠭᠡᠨ᠂ ᠮᠡᠳᠡᠭᠡ ᠵᠠᠩᠭᠢ ᠶᠢᠨ ᠭᠦᠢᠯᠭᠡᠭᠡᠨ ᠪᠣᠯᠤᠨ ᠪᠡᠯᠡ ᠮᠦᠩᠭᠦᠨ ᠤ ᠭᠦᠢᠯᠭᠡᠭᠡᠨ ᠪᠣᠯᠣᠨ᠎ᠠ᠃ ᠲᠠᠸᠠᠷ ᠤᠨ ᠭᠦᠢᠯᠭᠡᠭᠡᠨ ᠤ ᠲᠠᠯ᠎ᠠ ᠪᠠᠷ᠂ ᠰᠦᠯᠵᠢᠶᠡᠨ ᠵᠠᠬᠢᠶᠠᠯᠠᠭ᠎ᠠ ᠨᠢ ᠵᠠᠪᠰᠠᠷ ᠤᠨ ᠭᠤᠭᠴᠤᠭ᠎ᠠ ᠶᠢ ᠴᠥᠬᠡᠳᠬᠡᠵᠦ᠂ ᠦᠢᠯᠡᠳᠪᠦᠷᠢᠯᠡᠭᠴᠢ ᠪᠣᠯᠣᠨ ᠬᠡᠷᠡᠭᠯᠡᠭᠴᠢ ᠶᠢ ᠰᠢᠭᠤᠳ ᠵᠤᠯᠭᠠᠭᠤᠯᠤᠨ᠎ᠠ᠃ ᠮᠡᠳᠡᠭᠡ ᠵᠠᠩᠭᠢ ᠶᠢᠨ ᠭᠦᠢᠯᠭᠡᠭᠡᠨ ᠤ ᠲᠠᠯ᠎ᠠ ᠪᠠᠷ᠂ ᠰᠦᠯᠵᠢᠶᠡᠨ ᠵᠠᠬᠢᠶᠠᠯᠠᠭ᠎ᠠ ᠶᠢᠨ ᠮᠡᠳᠡᠭᠡ ᠵᠠᠩᠭᠢ ᠳᠤ ᠬᠡᠷᠡᠭᠯᠡᠭᠴᠢᠳ ᠤᠨ ᠨᠠᠰᠤ ᠵᠢᠯ᠂ ᠠᠵᠢᠯ ᠮᠡᠷᠭᠡᠵᠢᠯ᠂ ᠬᠦᠢᠰᠦ ᠢᠯᠭᠠᠯ᠂ ᠣᠷᠣᠨ ᠪᠦᠰᠡ ᠲᠣᠳᠣ ᠢᠯᠡᠷᠡᠳᠡᠭ ᠪᠠ ᠡᠳᠡᠭᠡᠷ ᠮᠡᠳᠡᠭᠡ ᠵᠠᠩᠭᠢ ᠨᠢ ᠴᠢᠪ ᠬᠡᠮᠡᠨ ᠬᠡᠷᠡᠭᠯᠡᠭᠡ ᠶᠢᠨ ᠬᠠᠨᠳᠤᠯᠭ᠎ᠠ ᠶᠢ ᠲᠤᠰᠬᠠᠵᠤ ᠴᠢᠳᠠᠳᠠᠭ᠃ ᠪᠡᠯᠡ ᠮᠥᠩᠭᠦᠨ ᠤ ᠭᠦᠢᠯᠭᠡᠭᠡᠨ ᠤ ᠲᠠᠯ᠎ᠠ ᠪᠠᠷ᠂ ᠲᠣᠭᠠᠴᠠᠭ᠎ᠠ ᠬᠢᠬᠦ ᠳᠤ ᠳᠥᠭᠦᠮ ᠮᠦᠷᠲᠡᠭᠡᠨ ᠲᠥᠷᠭᠡᠨ ᠪᠣᠯᠣᠭᠰᠠᠨ ᠠᠴᠠ ᠳᠠᠪᠠᠭᠤᠯᠢᠭ ᠨᠢ ᠨᠡᠩ ᠴᠦ ᠢᠯᠡᠷᠬᠡᠢ ᠪᠣᠯᠵᠠᠢ᠃ ᠬᠠᠷᠢᠨ ᠪᠣᠳᠠᠲᠤ ᠴᠣᠭᠴᠠᠲᠤ ᠳᠡᠯᠭᠡᠭᠦᠷ ᠨᠢ ᠪᠠᠷᠠᠭᠠᠨ ᠤ ᠭᠦᠢᠯᠭᠡᠭᠡᠨ᠂ ᠦᠢᠯᠡᠴᠢᠯᠡᠭᠡ ᠪᠣᠯᠤᠨ ᠪᠡᠶᠡᠴᠢᠯᠡᠨ ᠣᠷᠤᠯᠴᠠᠬᠤ ᠲᠠᠯ᠎ᠠ ᠪᠠᠷ ᠳᠠᠪᠠᠭᠤᠯᠢᠭ ᠪᠠᠶᠢᠷᠢ ᠶᠢ ᠡᠵᠡᠯᠡᠳᠡᠭ᠃ ︽ᠬᠠᠮᠤᠭ ᠤᠨ ᠡᠴᠦᠰ ᠤᠨ ᠨᠢᠭᠡ ᠺᠢᠯᠣᠮᠧᠲᠷ︾ ᠬᠦᠷᠲᠡᠯ᠎ᠡ ᠲᠣᠬᠢᠷᠠᠭᠤᠯᠤᠨ ᠬᠦᠷᠭᠡᠬᠦ ᠱᠠᠭᠠᠷᠳᠠᠯᠭ᠎ᠠ ᠦᠭᠡᠢ ᠠᠴᠠ᠂ ᠪᠣᠳᠠᠲᠤ ᠴᠣᠭᠴᠠᠲᠤ ᠳᠡᠯᠭᠡᠭᠦᠷ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠨᠢ ᠰᠦᠯᠵᠢᠶᠡᠨ ᠵᠠᠬᠢᠶᠠᠯᠠᠭ᠎ᠠ ᠶᠢᠨ ᠬᠢ ᠠᠴᠠ ᠬᠤᠯᠠ ᠳᠣᠣᠷ᠎ᠠ ᠶᠤᠮ᠃ ᠬᠡᠷᠪᠡ ᠪᠣᠳᠠᠲᠤ ᠴᠣᠭᠴᠠᠲᠤ ᠳᠡᠯᠭᠡᠭᠦᠷ ᠤᠨ ᠲᠠᠷᠬᠠᠯᠲᠠ ᠨᠢ ᠵᠢᠭᠳᠡ᠂ ᠰᠦᠯᠵᠢᠶᠡᠨ ᠳᠤ ᠵᠠᠬᠢᠶᠠᠯᠠᠪᠠᠯ ᠳᠡᠯᠭᠡᠭᠦᠷ ᠠᠴᠠ ᠠᠪᠬᠤ᠂ ᠰᠦᠯᠵᠢᠶᠡᠨ ᠳᠤ ᠵᠠᠬᠢᠶᠠᠯᠠᠪᠠᠯ ᠳᠡᠯᠭᠡᠭᠦᠷ ᠨᠢ ᠬᠦᠷᠭᠡᠬᠦ ᠶᠢ ᠬᠥᠭᠵᠢᠭᠦᠯᠪᠡᠯ᠂ ᠪᠠᠷᠠᠭᠠᠨ ᠤ ᠭᠦᠢᠯᠭᠡᠭᠡᠨ ᠤ ᠳᠠᠪᠠᠭᠤᠯᠢᠭ ᠢ ᠢᠯᠡᠳᠲᠡ ᠪᠠᠳᠠᠷᠠᠭᠤᠯᠬᠤ ᠪᠣᠯᠣᠨ᠎ᠠ᠃ ᠡᠭᠦᠨ ᠠᠴᠠ ᠭᠠᠳᠠᠨ᠎ᠠ᠂ ᠦᠢᠯᠡᠴᠢᠯᠡᠭᠡ᠂ ᠪᠡᠶᠡᠴᠢᠯᠡᠨ ᠣᠷᠤᠯᠴᠠᠬᠤ ᠶᠢ ᠪᠦᠷ ᠨᠢᠭᠤᠷᠳᠠᠵᠤ ᠭᠦᠢᠴᠡᠳᠬᠡᠳᠡᠭ ᠲᠤᠯᠠ ᠪᠣᠳᠠᠲᠤ ᠴᠣᠭᠴᠠᠲᠤ ᠳᠡᠯᠭᠡᠭᠦᠷ ᠤᠨ ᠳᠠᠪᠠᠭᠤᠯᠢᠭ ᠨᠡᠩ ᠴᠦ ᠳᠤᠪᠤᠶᠢᠮ᠎ᠡ ᠪᠣᠯᠵᠠᠢ᠃ ᠬᠡᠷᠪᠡ ᠰᠦᠯᠵᠢᠶᠡᠨ ᠳᠠᠬᠢ ᠲᠠᠸᠠᠷ ᠤᠨ ᠭᠦᠢᠯᠭᠡᠭᠡᠨ᠂ ᠮᠡᠳᠡᠭᠡ ᠵᠠᠩᠭᠢ ᠶᠢᠨ ᠭᠦᠢᠯᠭᠡᠭᠡᠨ᠂ ᠪᠡᠯᠡ ᠮᠦᠩᠭᠦᠨ ᠤ ᠭᠦᠢᠯᠭᠡᠭᠡᠨ ᠤ ᠳᠠᠪᠠᠭᠤᠯᠢᠭ ᠬᠢᠭᠡᠳ ᠰᠦᠯᠵᠢᠶᠡᠨ ᠠᠴᠠ ᠭᠠᠳᠠᠭᠤᠷᠬᠢ ᠪᠠᠷᠠᠭᠠᠨ ᠤ ᠭᠦᠢᠯᠭᠡᠭᠡᠨ᠂ ᠦᠢᠯᠡᠴᠢᠯᠡᠭᠡ᠂ ᠪᠡᠶᠡᠴᠢᠯᠡᠨ ᠣᠷᠤᠯᠴᠠᠬᠤ ᠶᠢᠨ ᠳᠠᠪᠠᠭᠤᠯᠢᠭ ᠢ ᠨᠢᠭᠲᠠ ᠤᠶᠠᠯᠳᠤᠭᠤᠯᠪᠠᠯ᠂ ᠵᠢᠵᠢᠭᠯᠡᠨ ᠬᠤᠳᠠᠯᠳᠤᠬᠤ ᠦᠢᠯᠡᠰ ᠤᠨ ᠳᠠᠪᠠᠭᠤᠯᠢᠭ ᠦᠳᠲᠡᠷ ᠲᠣᠳᠣᠷᠠᠵᠤ᠂ ︽ᠭᠦᠢᠯᠭᠡᠭᠡᠨ ᠤ ᠬᠤᠪᠢᠰᠬᠠᠯ︾ ᠤᠳᠠᠯ ᠦᠭᠡᠢ ᠬᠦᠷᠴᠦ ᠢᠷᠡᠬᠦ ᠪᠣᠯᠣᠨ᠎ᠠ᠃ ︽ᠬᠡᠷᠡᠭᠵᠢᠭᠦᠯᠬᠦ ᠲᠥᠰᠦᠯ︾᠎ ᠨᠢ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠬᠤ ᠪᠠ ᠵᠣᠬᠢᠴᠠᠭᠤᠯᠤᠨ ᠬᠥᠭᠵᠢᠭᠦᠯᠬᠦ ᠵᠣᠷᠢᠯᠭ᠎ᠠ ᠲᠠᠢ᠃      ᠬᠦᠲᠦᠯᠦᠭᠴᠢ᠄      ᠳᠠᠷᠠᠭᠠᠴᠢ ᠪᠠᠷ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠨᠢ ᠶᠠᠮᠠᠷ ᠦᠢᠯᠡᠳᠦᠯ ᠪᠠᠳᠠᠷᠠᠭᠤᠯᠬᠤ ᠪᠤᠢ︖      ᠯᠢ ᠵᠢᠶᠦ᠋ᠨ᠄      ᠵᠠᠰᠠᠭ ᠤᠨ ᠣᠷᠳᠣᠨ ᠭᠤᠣᠯᠳᠠᠭᠤ ᠬᠠᠨᠳᠤᠰᠢ ᠶᠢ ᠨᠢ ᠲᠣᠭᠲᠠᠭᠠᠬᠤ᠂ ᠣᠷᠴᠢᠨ ᠨᠥᠬᠦᠴᠡᠯ ᠢ ᠨᠢ ᠡᠭᠦᠳᠴᠦ ᠥᠭᠬᠦ᠂ ᠤᠯᠠᠨ ᠨᠡᠶᠢᠲᠡ ᠶᠢᠨ ᠦᠢᠯᠡᠴᠢᠯᠡᠭᠡᠨ ᠪᠠ ᠲᠦᠷᠦ ᠶᠢᠨ ᠪᠤᠳᠤᠯᠭ᠎ᠠ ᠪᠠᠷ ᠠᠬᠢᠭᠤᠯᠬᠤ ᠲᠠᠯ᠎ᠠ ᠳᠤ ᠰᠠᠶᠢᠲᠤᠷ ᠠᠵᠢᠯ ᠬᠢᠬᠦ ᠴᠢᠬᠤᠯᠠᠲᠠᠢ᠃ ᠨᠢᠭᠡ ᠳᠤ ᠴᠢᠭᠯᠡᠯ ᠢ ᠨᠢ ᠲᠣᠭᠲᠠᠭᠠᠨ᠎ᠠ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠰᠢᠨ᠎ᠡ ᠬᠤᠪᠢᠷᠠᠯᠲᠠ ᠳᠤ ᠰᠠᠭᠤᠷᠢᠯᠠᠭᠤᠯᠵᠤ᠂ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠵᠦ ᠳᠤᠲᠠᠭᠤᠳᠠᠯ ᠢᠶᠠᠨ ᠨᠦᠬᠦᠪᠦᠷᠢᠯᠡᠨ᠂ ᠳᠠᠪᠠᠭᠤᠯᠢᠭ ᠢᠶᠠᠨ ᠨᠡᠮᠡᠭᠳᠡᠭᠦᠯᠵᠦ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ ᠣᠷᠴᠢᠨ ᠨᠥᠬᠦᠴᠡᠯ ᠢ ᠡᠭᠦᠳᠴᠦ ᠥᠭᠭᠦᠨ᠎ᠡ᠃ ᠲᠣᠣᠷ ᠴᠢᠭ᠋ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠᠷ ᠳᠠᠮᠵᠢᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠰᠲᠠᠶ ᠎ ᠪᠠᠷ ᠪᠠᠶᠢᠷᠢᠯᠠᠭᠤᠯᠵᠦ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠨᠢᠭᠡ ᠴᠣᠭᠴᠠᠵᠢᠭᠰᠠᠨ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠲᠥᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠦᠭᠦᠴᠡᠯ ᠢ ᠡᠭᠦᠳᠴᠦ ᠥᠭᠬᠦ ᠬᠡᠷᠡᠭᠲᠡᠢ᠃ ᠭᠤᠷᠪᠠ ᠳᠤ ᠤᠯᠠᠨ ᠨᠡᠶᠢᠲᠡ ᠶᠢᠨ ᠦᠢᠯᠡᠴᠢᠯᠡᠭᠡᠨ ᠢ ᠴᠢᠩᠭᠠᠳᠬᠠᠨ᠎ᠠ᠃ ᠵᠠᠰᠠᠭ ᠤᠨ ᠣᠷᠳᠣᠨ ᠨᠢ ᠠᠳᠠᠯᠢ ᠪᠤᠰᠤ ᠡᠵᠡᠩᠨᠡᠯᠲᠡ ᠶᠢᠨ ᠪᠠᠶᠢᠳᠠᠯ᠂ ᠣᠷᠣᠨ ᠪᠦᠰᠡ᠂ ᠲᠠᠸᠠᠷ ᠤᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠲᠣᠣᠷ ᠴᠢᠭ᠋ ᠢ ᠬᠥᠲᠥᠯᠥᠨ ᠵᠢᠯᠣᠭᠤᠳᠬᠤ ᠪᠠᠶᠢᠭᠠᠳ ᠵᠣᠬᠢᠰᠲᠠᠶ ᠪᠠᠷ ᠪᠠᠶᠢᠷᠢᠯᠠᠭᠤᠯᠬᠤ ᠪᠠ ᠡᠷᠡᠭᠦᠯ ᠢᠶᠠᠷ ᠬᠥᠭᠵᠢᠭᠦᠯᠬᠦ ᠬᠡᠷᠡᠭᠲᠡᠶ᠃ ᠲᠦᠷᠪᠡ ᠳᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠳᠤ ᠲᠤᠯᠭᠠᠷᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠵᠠᠷᠢᠮ ᠰᠠᠭᠠᠳ ᠢ ᠠᠷᠢᠯᠭᠠᠬᠤ ᠬᠡᠷᠡᠭᠲᠡᠶ᠃      ᠬᠦᠲᠦᠯᠦᠭᠴᠢ᠄      ᠭᠠᠶᠢᠯᠢ ᠲᠠᠲᠠᠪᠤᠷᠢ ᠪᠣᠯᠣᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠳᠤ ᠭᠤᠣᠯᠴᠢ ᠪᠤᠰᠤ ᠥᠷᠢᠰᠥᠯᠳᠦᠭᠡᠨ ᠣᠷᠤᠰᠢᠵᠤ ᠪᠠᠶᠢᠨ᠎ᠠ ᠭᠡᠳᠡᠭ ᠬᠡᠯᠡᠯᠭᠡ ᠶᠢ ᠲᠠ ᠶᠠᠭᠠᠬᠢᠵᠤ ᠦᠵᠡᠬᠦ ᠪᠤᠢ︖      ᠯᠢ ᠵᠢᠶᠦ᠋ᠨ᠄      ᠲᠥᠪ ᠭᠤᠣᠯᠴᠢ ᠥᠷᠢᠰᠥᠯᠳᠦᠭᠡᠨ ᠢ ᠬᠠᠮᠠᠭᠠᠯᠠᠨ᠂ ᠬᠠᠤᠯᠢ ᠪᠠᠷ ᠵᠠᠰᠠᠵᠢᠬᠤ ᠡᠵᠡᠩᠨᠡᠯᠲᠡ ᠶᠢᠨ ᠣᠷᠴᠢᠨ ᠨᠦᠭᠦᠴᠡᠯ ᠢ ᠪᠠᠶᠢᠭᠤᠯᠬᠤ ᠨᠢ ᠤᠶᠢᠷ᠎ᠠ ᠶᠢᠨ ᠬᠡᠳᠦᠨ ᠵᠢᠯ ᠳᠠᠬᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠨᠢᠭᠡᠨ ᠭᠤᠤᠯᠳᠠᠯᠭ᠎ᠠ ᠲᠠᠢ ᠠᠵᠢᠯ ᠪᠣᠯᠣᠨ᠎ᠠ᠃ ᠤᠯᠠᠮᠵᠢᠯᠠᠯᠲᠤ ᠬᠢᠨᠠᠨ ᠬᠠᠮᠢᠶᠠᠷᠬᠤ ᠵᠠᠭᠪᠤᠷ ᠢ ᠪᠣᠯ ᠬᠠᠷᠢᠶ᠎ᠠ ᠭᠠᠵᠠᠷ ᠤᠨ ᠬᠠᠮᠢᠶᠠᠷᠤᠯᠲᠠ᠂ ᠡᠯ᠎ᠡ ᠵᠠᠩᠭᠢᠯᠠᠭ᠎ᠠ ᠶᠢᠨ ᠬᠠᠮᠢᠶᠠᠷᠤᠯᠲᠠ᠂ ᠠᠵᠢᠯ ᠲᠥᠷᠥᠯ ᠤᠨ ᠬᠠᠮᠢᠶᠠᠷᠤᠯᠲᠠ ᠎ ᠪᠠᠷ ᠵᠢᠷᠤᠵᠤ ᠲᠥᠯᠥᠪᠯᠡᠭᠰᠡᠨ ᠶᠤᠮ᠂ ᠬᠠᠷᠢᠨ ᠰᠦᠯᠵᠢᠶᠡᠨ ᠳᠠᠬᠢ ᠠᠵᠤ ᠠᠬᠤᠶᠢᠯᠠᠯ ᠨᠢ ᠣᠷᠣᠨ ᠪᠦᠰᠡ᠂ ᠡᠯ᠎ᠡ ᠵᠠᠩᠭᠢᠯᠠᠭ᠎ᠠ᠂ ᠠᠵᠢᠯ ᠲᠥᠷᠥᠯ ᠳᠤ ᠬᠢᠵᠠᠭᠠᠷᠯᠠᠭᠳᠠᠬᠤ ᠦᠭᠡᠢ ᠪᠣᠯᠬᠤᠷ ᠲᠡᠭᠦᠨ ᠢ ᠬᠢᠨᠠᠨ ᠬᠠᠮᠢᠶᠠᠷᠬᠤ ᠳᠤ ᠬᠦᠴᠢᠷᠲᠡᠢ ᠪᠣᠯᠵᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠬᠢᠨᠠᠯᠲᠠ ᠬᠠᠮᠢᠶᠠᠷᠤᠯᠲᠠ ᠶᠢᠨ ᠢᠯᠭᠠᠭ᠎ᠠ ᠶᠢ ᠪᠣᠢ ᠪᠣᠯᠭᠠᠵᠠᠢ᠃ ᠡᠨᠡᠬᠦ ᠦᠵᠡᠭᠳᠡᠯ ᠤᠨ ᠲᠤᠬᠠᠶ᠂ ᠣᠳᠣᠬᠠᠨ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾᠎ ᠶᠢᠨ ᠬᠠᠤᠯᠢ ᠲᠣᠭᠲᠠᠭᠠᠬᠤ ᠠᠬᠢᠴᠠ ᠶᠢ ᠲᠥᠷᠭᠡᠳᠬᠡᠵᠦ᠂ ︽ᠰᠦᠯᠵᠢᠶᠡᠨ ᠳᠤ ᠵᠢᠵᠢᠭᠯᠡᠨ ᠬᠤᠳᠠᠯᠳᠤᠬᠤ ᠶᠢ ᠭᠤᠷᠪᠠᠳᠡᠬᠢ ᠡᠲᠡᠭᠡᠳ ᠤᠨ ᠲᠠᠪᠴᠠᠩ ᠳᠤ ᠠᠷᠠᠯᠵᠢᠶᠠᠯᠠᠬᠤ ᠲᠦᠷᠢᠮ ᠢ ᠲᠣᠭᠲᠠᠭᠠᠬᠤ ᠵᠢᠷᠤᠮ ᠤᠨ ᠲᠣᠭᠲᠠᠭᠠᠯ︾᠎ ᠢ ᠨᠡᠶᠢᠲᠡᠯᠡᠨ᠂ ︽ᠡᠯᠧᠺᠲᠷᠣᠨ ᠬᠤᠳᠠᠯᠳᠤᠭᠠᠨ ᠤ ᠶᠠᠪᠤᠳᠠᠯ ᠎ ᠤᠨ ᠡᠵᠡᠩᠨᠡᠯᠲᠡ ᠶᠢᠨ ᠦᠢᠯᠡᠴᠢᠯᠡᠭᠡᠨ ᠤ ᠵᠢᠷᠤᠮᠵᠢᠯ︾ ᠵᠡᠷᠭᠡ ᠠᠯᠢ ᠤᠯᠠᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠲᠦᠷᠢᠮ ᠤᠨ ᠪᠠᠲᠤᠯᠠᠭ᠎ᠠ ᠶᠢ ᠲᠠᠰᠤᠷᠠᠯᠲᠠ ᠦᠭᠡᠢ ᠪᠦᠷᠢᠨᠰᠢᠭᠦᠯᠵᠦ ᠪᠠᠶᠢᠨ᠎ᠠ᠃ ᠬᠤᠶᠠᠷ ᠲᠤ᠂ ᠢᠨᠲ᠋ᠧᠷ ᠰᠦᠯᠵᠢᠶᠡᠨ ᠤ ᠬᠦᠷᠢᠶ᠎ᠡ ᠴᠠᠷᠠᠭᠠᠨ ᠳᠤ ᠡᠷᠬᠡ ᠠᠰᠢᠭ ᠲᠤ ᠬᠠᠯᠳᠠᠵᠤ ᠬᠠᠭᠤᠷᠮᠠᠭ ᠵᠦᠢᠯ ᠵᠣᠬᠢᠶᠠᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃ ᠭᠤᠷᠪᠠ ᠳᠤ᠂ ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠵᠤ ᠡᠬᠢᠯᠡᠯ᠎ᠡ᠃      ᠬᠦᠲᠦᠯᠦᠭᠴᠢ᠄      ᠯᠢ ᠲᠢᠩᠬᠢᠮ ᠤᠨ ᠳᠠᠷᠤᠭ᠎ᠠ ᠶᠢᠨ ᠬᠥᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠦᠨᠳᠦᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map