ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠭᠦ ᠬᠦᠴᠦᠨ ᠢᠶᠠᠷ ᠢᠶᠠᠨ ᠴᠤᠭᠴᠠᠯᠠᠵᠤ ᠪᠤᠢ
ᠨᠡᠶᠢᠲᠡᠯᠡᠭᠰᠡᠨ ᠴᠠᠭ᠄
2017/8/4
     ᠰᠤᠷᠪᠤᠯᠵᠢᠯᠠᠭᠰᠠᠨ ᠴᠠᠭ᠄      2017 ᠣᠨ ᠤ 7 ᠳ᠋ᠤᠭᠠᠷ ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨᠡᠬᠢ 10 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ ᠨᠥᠬᠦᠷ ᠢ ᠤᠷᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠎ ᠳᠤ ᠣᠯᠤᠭᠰᠠᠨ ᠮᠠᠨ ᠤ ᠣᠷᠣᠨ ᠤ ᠢᠯᠡᠳᠲᠡ ᠦᠷ᠎ᠡ ᠪᠦᠲᠦᠮᠵᠢ ᠶᠢ ᠨᠠᠷᠢᠨ ᠲᠠᠨᠢᠯᠴᠠᠭᠤᠯᠬᠤ ᠪᠣᠯᠣᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕               ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ ᠨᠥᠬᠦᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠬᠤ ᠳᠤ ᠣᠯᠤᠭᠰᠠᠨ ᠮᠠᠨ ᠤ ᠣᠷᠣᠨ ᠤ ᠢᠯᠡᠳᠲᠡ ᠦᠷ᠎ᠡ ᠪᠦᠲᠦᠮᠵᠢ ᠶᠢ ᠤᠯᠠᠨ ᠳᠤ ᠨᠠᠷᠢᠨ ᠲᠠᠨᠢᠯᠴᠠᠭᠤᠯᠬᠤ ᠪᠣᠯᠣᠨ᠎ᠠ᠃ ᠯᠢ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠯᠢ ᠵᠥᠩ ᠺᠠᠢ᠄      ᠬᠥᠲᠥᠯᠥᠭᠴᠢ ᠰᠠᠶᠢᠨ ᠪᠠᠶᠢᠨ᠎ᠠ ᠦᠦ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ᠃      ᠬᠥᠲᠥᠯᠥᠭᠴᠢ᠄      ᠯᠢ ᠡᠷᠬᠢᠯᠡᠭᠴᠢ ᠡ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠲᠠᠯ᠎ᠠ ᠪᠠᠷ ᠶᠠᠮᠠᠷ ᠶᠠᠮᠠᠷ ᠰᠡᠳᠬᠢᠮᠵᠢ ᠳᠤᠷᠠᠳᠤᠨ ᠭᠠᠷᠭᠠᠵᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠯᠢ ᠵᠥᠩ ᠺᠠᠢ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠦᠨ᠂ ᠤᠯᠤᠰ ᠣᠷᠣᠨ ᠤ ᠠᠮᠢ ᠠᠬᠤᠶ ᠶᠢᠨ ᠠᠮᠤᠷ ᠲᠦᠪᠰᠢᠨ ᠤ ᠶᠡᠭᠡ ᠲᠠᠯ᠎ᠠ ᠳᠠᠬᠢ ᠥᠪᠥᠷ ᠮᠣᠩᠭᠤᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠣᠨᠣᠪᠴᠢᠲᠠᠶ ᠡᠵᠡᠮᠰᠢᠵᠦ᠂ ᠪᠣᠬᠢᠷᠲᠤᠯ ᠥᠬᠡᠶ ᠪᠠᠷ ᠣᠷᠣᠨ ᠢᠶᠠᠨ ᠪᠠᠶᠠᠵᠢᠭᠤᠯᠬᠤ᠂ ᠪᠣᠬᠢᠷᠲᠤᠯ ᠥᠬᠡᠶ ᠪᠠᠷ ᠠᠷᠠᠳ ᠲᠤ ᠠᠰᠢᠭ ᠬᠦᠷᠲᠡᠭᠡᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠯ ᠲᠠᠢ ᠬᠥᠭᠵᠢᠭᠰᠡᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠬᠤ ᠶᠢ ᠬᠦᠴᠦᠯᠡᠨ ᠲᠦᠯᠬᠢᠨ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ᠂ ᠨᠣᠭᠤᠭᠠᠨ ᠥᠩᠭᠡ ᠪᠣᠯ ᠥᠪᠥᠷ ᠮᠣᠩᠭᠤᠯ ᠤᠨ ᠦᠨᠳᠦᠰᠦᠨ ᠦᠩᠬᠡ ᠪᠠ ᠦᠷᠳᠡᠭ ᠂ ᠠᠮᠢ ᠠᠬᠤᠶ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ ᠲᠠᠯᠳᠠ ᠬᠦᠴᠦᠨ ᠮᠥᠨ ᠭᠡᠵᠦ ᠳᠤᠷᠠᠳᠴᠤ︔ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠴᠢᠬᠤᠯᠠᠴᠢᠯᠠᠨ᠂ ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠶ ᠬᠥᠭᠵᠢᠯᠲᠡ ᠶᠢᠨ ᠬᠤᠣᠰ ᠠᠮᠵᠢᠯᠲᠠ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠷ ᠰᠢᠶᠳᠪᠦᠷᠢᠯᠡᠵᠦ᠂ ᠶᠠᠭᠠᠬᠢᠭᠰᠠᠨ ᠴᠤ ᠣᠷᠴᠢᠨ ᠲᠤᠭᠤᠷᠢᠨ ᠢᠶᠠᠷ ᠦᠷᠡᠭᠳᠡᠯ ᠪᠣᠯᠭᠠᠵᠤ ᠪᠠᠶᠢᠭᠠᠳ ᠨᠢᠭᠡ ᠴᠠᠭ ᠤᠨ ᠠᠵᠤ ᠠᠬᠤᠶ ᠶᠢᠨ ᠨᠡᠮᠡᠭᠳᠡᠯ ᠢ ᠠᠪᠴᠢᠷᠠᠵᠤ ᠪᠣᠯᠬᠤ ᠦᠭᠡᠢ︔ ᠪᠣᠬᠢᠷᠲᠤᠯ ᠦᠭᠡᠢ ᠪᠣᠯᠭᠠᠬᠤ ᠪᠠᠷ ᠬᠥᠲᠥᠯᠥᠨ ᠳᠠᠭᠠᠭᠤᠯᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤᠵᠢᠭᠤᠯᠤᠨ᠎ᠠ ᠭᠡᠪᠡ᠃ ᠯᠢ ᠵᠢᠶ ᠡᡁᠧᠩ ᠱᠦᠵᠢ ᠥᠪᠥᠷ ᠮᠣᠩᠭᠤᠯ ᠳᠤ ᠢᠷᠠᠵᠤ ᠠᠵᠢᠯᠯᠠᠭᠰᠠᠨ ᠤ ᠳᠠᠷᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠬᠤᠯᠪᠣᠭᠳᠠᠯ ᠪᠦᠬᠦᠢ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢ ᠤᠯᠠᠨ ᠤᠳᠠᠭ᠎ᠠ ᠱᠠᠭᠠᠷᠳᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ ᠰᠠᠶᠢᠲᠤᠷ ᠠᠳᠬᠤᠨ᠂ ︽ᠥᠪᠥᠷ ᠮᠣᠩᠭᠤᠯ ᠤᠨ ᠲᠠᠯ᠎ᠠ ᠨᠤᠲᠤᠭ ᠢ ᠰᠠᠶᠢᠲᠤᠷ ᠬᠠᠮᠠᠭᠠᠯᠠᠵᠤ᠂ ᠪᠣᠬᠢᠷᠲᠤᠯ ᠦᠭᠡᠢ ᠡᠨᠡ ᠬᠦ ᠬᠡᠰᠡᠭ ᠢ ᠰᠠᠶᠢᠲᠤᠷ ᠰᠠᠬᠢᠨ ᠬᠠᠮᠠᠭᠠᠯᠠᠬᠤ ᠪᠣᠯ ᠮᠠᠨ ᠤ ᠡᠭᠦᠷᠡᠭᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ︾᠂ ︽ᠪᠤᠯᠤᠳ ᠮᠡᠲᠦ ᠬᠠᠲᠠᠨ ᠵᠣᠷᠢᠭ ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠠ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ ︾ ᠬᠡᠮᠡᠨ ᠳᠤᠷᠠᠳᠴᠤ᠂ ᠥᠪᠥᠷ ᠮᠣᠩᠭᠤᠯ ᠤᠨ ᠲᠩᠷᠢ ᠢ ᠨᠡᠩ ᠬᠥᠬᠡᠮᠳᠦᠭ᠂ ᠠᠭᠤᠯᠠᠰ ᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠠᠭᠠᠷ ᠢ ᠨᠠᠩ ᠴᠡᠯᠮᠡᠭ᠂ ᠠᠷᠠᠳ ᠲᠦᠮᠡᠨ ᠢ ᠨᠡᠩ ᠪᠠᠶᠠᠷ ᠪᠠᠶᠠᠰᠤᠯ ᠲᠠᠢ ᠪᠣᠯᠭᠠᠨ᠎ᠠ ᠭᠡᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠺᠣᠮᠢᠰ ᠢ ᠪᠠᠶᠢᠭᠤᠯᠵᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠲᠣᠭᠲᠠᠭᠠᠵᠤ᠂ ︽ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠲᠥᠯᠥᠪᠵᠢᠭᠦᠯᠭᠡ ᠶᠢᠨ ᠲᠣᠪᠴᠢ︾᠎ ᠶᠢ ᠲᠣᠭᠲᠠᠭᠠᠨ ᠬᠡᠷᠡᠭᠵᠢᠭᠦᠯᠪᠡ᠃ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠳᠠᠮᠵᠢᠭᠤᠯᠤᠨ᠂ ᠣᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠵᠠᠰᠠᠬᠤ ᠪᠠᠨ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠠᠮᠢ ᠠᠬᠤᠶ ᠶᠢᠨ ᠰᠣᠶᠣᠯ ᠢ ᠶᠡᠬᠡᠪᠡᠷ ᠪᠤᠶᠢᠵᠢᠭᠤᠯᠵᠤ᠂ ᠮᠠᠨ ᠤ ᠣᠷᠣᠨ ᠤ ᠠᠮᠢ ᠠᠬᠤᠶ ᠶᠢᠨ ᠪᠠᠶᠢᠳᠠᠯ ᠶᠡᠷᠦᠩᠬᠡᠶ ᠳᠤᠨᠢ ᠬᠤᠷᠢᠭᠯᠠᠬᠤ᠂ ᠬᠡᠰᠡᠭ ᠲᠠᠯ᠎ᠠ ᠪᠠᠷ ᠰᠠᠶᠢᠵᠢᠷᠠᠬᠤ᠂ ᠣᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ  ᠰᠠᠶᠢᠵᠢᠷᠠᠭᠤᠯᠬᠤ ᠎ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠠᠯᠬᠤᠮ ᠠᠯᠬᠤᠮ ᠢᠶᠠᠷ ᠴᠣᠭᠴᠠᠯᠠᠨ ᠪᠠᠶᠢᠭᠤᠯᠵᠤ ᠪᠣᠢ᠃      ᠬᠥᠲᠥᠯᠥᠭᠴᠢ᠄      ᠯᠢ ᠡᠷᠬᠢᠯᠡᠭᠴᠢ ᠡ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠣᠷᠣᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠣᠯᠤᠨ ᠪᠥᠳᠥᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠢ᠂ ᠮᠠᠨ ᠳᠤ ᠲᠠᠨᠢᠯᠴᠠᠭᠤᠯᠤᠭᠠᠳ ᠥᠭᠭᠦᠨ᠎ᠡ ᠦᠦ︖      ᠯᠢ ᠵᠥᠩ ᠺᠠᠢ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠭᠤᠯᠠ ᠤᠰᠤ ᠤᠢ ᠲᠠᠷᠢᠶ᠎ᠠ ᠨᠠᠭᠤᠷ  ᠪᠣᠯ ᠠᠮᠢ ᠨᠠᠰᠤᠨ ᠤ ᠬᠠᠮᠲᠤ ᠶᠢᠨ ᠴᠣᠭᠴᠠ ᠪᠣᠯᠬᠤ ᠣᠨᠣᠯᠵᠢᠬᠤᠨ ᠢᠶᠠᠷ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠶᠢ ᠬᠠᠮᠤᠭ ᠤᠨ ᠶᠡᠭᠡ ᠰᠠᠭᠤᠷᠢ ᠪᠦᠳᠦᠭᠡᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠴᠢᠬᠤᠯᠠ ᠶᠡᠭᠡ ᠪᠣᠳᠠᠲᠤ ᠶᠠᠪᠤᠳᠠᠯ ᠪᠣᠯᠭᠠᠨ ᠠᠳᠬᠤᠬᠤ ᠶᠢ ᠪᠠᠷᠢᠮᠲᠠᠯᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ ᠮᠣᠳᠣᠨ ᠤ ᠡᠬᠢ ᠪᠠᠶᠠᠯᠢᠭ ᠢ ᠬᠠᠮᠠᠭᠠᠯᠠᠬᠤ᠂ ︽ᠭᠤᠷᠪᠠᠨ ᠤᠮᠠᠷᠠᠲᠤ︾᠎ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠬᠤ ᠪᠠᠨ ᠪᠣᠯᠢᠵᠤ ᠣᠶᠢᠵᠢᠭᠤᠯᠬᠤ ᠶᠢ ᠰᠡᠷᠭᠦᠭᠡᠬᠦ᠂ ᠮᠠᠯᠯᠠᠬᠤ ᠪᠠᠨ ᠪᠣᠯᠢᠵᠤ ᠡᠪᠡᠰᠦ ᠪᠡᠯᠴᠢᠭᠡᠷ ᠢ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠪᠦᠰᠡ ᠳᠤ ᠮᠣᠳᠣ ᠲᠡᠷᠢᠵᠤ ᠣᠶᠢᠵᠢᠭᠤᠯᠬᠤ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠥᠬᠦ ᠣᠷᠣᠨ ᠳᠤ ᠵᠢᠯ ᠪᠦᠷᠢ 1400 ᠲᠦᠮᠡᠨ ᠮᠦ ᠠᠴᠠ ᠳᠡᠭᠡᠭᠰᠢᠬᠢ ᠭᠠᠵᠠᠷ ᠲᠤ ᠤᠢ ᠮᠣᠳᠣ ᠣᠶᠢᠵᠢᠭᠤᠯᠤᠨ᠂ 4500 ᠲᠦᠮᠡᠨ ᠮᠦ ᠠᠴᠠ ᠳᠡᠭᠡᠭᠰᠢᠬᠢ ᠨᠤᠲᠤᠭ ᠪᠡᠯᠴᠢᠭᠡᠷ ᠢ ᠪᠦᠳᠦᠭᠡᠨ ᠪᠠᠶᠢᠭᠤᠯᠵᠤ᠂ 650 ᠲᠦᠮᠡᠨ ᠮᠦ ᠠᠴᠠ ᠳᠡᠭᠡᠭᠰᠢᠬᠢ ᠬᠥᠷᠥᠰᠥ ᠰᠢᠷᠣᠶ ᠶᠢᠨ ᠢᠳᠡᠭᠳᠡᠯ ᠢ  ᠵᠠᠰᠠᠬᠤ ᠶᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 10.2 ᠳ᠋ᠦᠩᠰᠢᠭᠤᠷ ᠮᠥ ᠠᠰᠢᠭᠯᠠᠵᠤ ᠪᠣᠯᠬᠤ ᠨᠤᠲᠤᠭ ᠪᠡᠯᠴᠢᠭᠡᠷ ᠢ  ᠪᠦᠬᠦᠨ ᠢ ᠬᠠᠮᠠᠭᠠᠯᠠᠯᠲᠠ ᠶᠢᠨ ᠬᠡᠪᠴᠢᠶᠡᠨ ᠳᠤ ᠣᠷᠣᠭᠤᠯᠵᠤ᠂ 4 .05 ᠳ᠋ᠦᠩᠰᠢᠭᠤᠷ ᠮᠦ ᠳᠤ ᠪᠡᠯᠴᠢᠭᠡᠷᠯᠡᠭᠦᠯᠬᠦ ᠶᠢ  ᠴᠠᠭᠠᠵᠠᠯᠠᠨ ᠬᠤᠷᠢᠵᠤ᠂ 6.15 ᠳ᠋ᠦᠩᠰᠢᠭᠤᠷ ᠮᠦ ᠮᠠᠯ ᠪᠡᠯᠴᠢᠭᠡᠷ ᠢ ᠲᠡᠩᠴᠡᠭᠦᠷᠢᠰᠢᠭᠦᠯᠪᠡ᠃ ᠬᠥᠯᠥᠨ ᠨᠠᠭᠤᠷ᠂ ᠤᠯᠠᠭᠠᠨᠰᠣᠬᠠᠢ ᠨᠠᠭᠤᠷ᠂ ᠲᠠᠭ᠎ᠠ ᠶᠢᠨ ᠨᠠᠭᠤᠷ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠤᠰᠤᠨ ᠤ ᠴᠢᠨᠠᠷ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠤᠰᠤᠨ ᠤ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠪᠡ᠃ ᠵᠠᠰᠠᠯᠲᠠ ᠪᠠᠷ ᠳᠠᠮᠵᠢᠭᠤᠯᠤᠨ᠂ ᠮᠠᠨ ᠤ ᠣᠷᠣᠨ ᠤ ᠤᠢ ᠰᠢᠭᠤᠶ ᠶᠢᠨ ᠲᠠᠯᠠᠪᠠᠢ᠂ ᠤᠷᠭᠤᠭ᠎ᠠ ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ ᠶᠢᠨ ︽ᠬᠤᠣᠰ ᠨᠡᠮᠡᠭᠳᠡᠯ︾᠎ ᠢ ᠪᠡᠶᠡᠯᠡᠭᠦᠯᠵᠦ᠂ ︽11· 5︾᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ 3.6 ᠳ᠋ᠦᠩᠰᠢᠭᠤᠷ ᠮᠥ ᠂ 13.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ 3.73 ᠳ᠋ᠦᠩᠰᠢᠭᠤᠷ ᠮᠦ᠂ 14.84 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠲᠡᠯ᠎ᠡ ᠳᠡᠭᠡᠭᠰᠢᠯᠡᠭᠦᠯᠪᠡ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ 21.03%᠎ ᠳᠤ  ᠬᠦᠷᠪᠡ︔ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠢ ᠶᠢᠨ ︽ᠬᠤᠶᠠᠷ ᠢ ᠪᠠᠭᠠᠰᠬᠠᠬᠤ ︾᠎ ᠶᠢ ᠪᠡᠶᠡᠯᠡᠭᠦᠯᠵᠦ᠂ ᠲᠤᠰ ᠲᠤᠰ 625 ᠲᠦᠮᠡᠨ ᠮᠥ ᠪᠠ 515 ᠲᠦᠮᠡᠨ ᠮᠥ ᠪᠠᠭᠠᠰᠬᠠᠪᠠ︔ ᠨᠤᠲᠤᠭ ᠪᠡᠯᠴᠢᠭᠡᠷ ᠎ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 44%᠎ ᠳᠤ ᠬᠦᠷᠴᠦ᠂ ︽11· 5︾᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ  ᠬᠤᠭᠤᠴᠠᠭ᠎ᠠ ᠠᠴᠠ 7 ᠵᠠᠭᠤᠨ ᠤ ᠴᠡᠭ ᠳᠡᠭᠡᠭᠰᠢᠯᠡᠵᠦ᠂ ᠳᠡᠭᠡᠷ᠎ᠡ ᠵᠠᠭᠤᠨ ᠤ ᠨᠠᠶᠠᠭᠠᠳ ᠣᠨ ᠤ ᠬᠠᠮᠤᠭ ᠤᠨ ᠰᠠᠶᠢᠨ ᠬᠢᠷᠢ ᠬᠡᠮᠵᠢᠶᠡᠨ ᠳᠤ ᠣᠶᠢᠷᠠᠲᠤᠪᠠ᠃ 2016 ᠣᠨ ᠳᠤ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠣᠯᠤᠨ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠳᠤ ᠴᠢᠬᠤᠯᠠ ᠴᠣᠬᠤᠯᠠᠪᠤᠷᠢ ᠦᠭᠴᠦ ︽ᠥᠪᠥᠷ ᠮᠣᠩᠭᠤᠯ᠂ ᠭᠠᠨᠰᠦ᠂ ᠨᠢᠩᠰᠢᠶᠠ ᠭᠤᠷᠪᠠᠨ ᠮᠤᠵᠢ ᠣᠷᠣᠨ ᠪᠣᠯ ᠮᠠᠨ ᠤ ᠤᠯᠤᠰ ᠤᠨ ᠭᠠᠵᠠᠷ ᠰᠢᠷᠣᠶ ᠶᠢᠨ ᠴᠦᠯᠵᠢᠯᠲᠡ᠂ ᠡᠯᠡᠰᠦᠷᠬᠡᠭᠵᠢᠯ ᠢ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠪᠤᠯᠤᠨ᠎ᠠ᠂ ᠤᠶᠢᠷ᠎ᠠ ᠶᠢᠨ ᠵᠢᠯ ᠤᠳ ᠲᠤ ᠭᠤᠷᠪᠠᠨ ᠮᠤᠵᠢ ᠣᠷᠣᠨ ᠤ ᠠᠮᠢ ᠠᠬᠤᠶ ᠶᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠪᠤᠯᠬᠤᠷ ᠬᠠᠲᠠᠭᠤ ᠵᠤᠷᠢᠭ ᠢᠶᠠᠨ ᠪᠠᠷᠢᠮᠲᠠᠯᠠᠨ᠂ ᠤᠯᠠᠮ ᠢᠯᠡᠭᠦᠦ ᠴᠢᠷᠮᠠᠶᠢᠵᠤ᠂ ᠦᠷ᠎ᠡ ᠪᠦᠲᠦᠭᠡᠯ ᠢ ᠲᠠᠰᠤᠷᠠᠯᠲᠠ ᠦᠭᠡᠶ ᠪᠠᠬᠢᠵᠢᠭᠦᠯᠦᠨ ᠥᠷᠭᠡᠳᠬᠡᠬᠦ ᠬᠡᠷᠡᠭᠲᠡᠢ︾ ᠭᠡᠪᠡ᠃      ᠬᠥᠲᠥᠯᠥᠭᠴᠢ᠄      ᠯᠢ ᠡᠷᠬᠢᠯᠡᠭᠴᠢ᠂ ᠣᠷᠴᠢᠨ ᠲᠣᠭᠤᠷᠢᠨ ᠤ ᠶᠠᠰᠤ ᠴᠢᠨᠠᠷ ᠤᠨ ᠠᠰᠠᠭᠤᠳᠠᠯ ᠪᠣᠯ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠤᠯᠤᠨ᠎ᠠ᠂ ᠮᠠᠨ ᠤ ᠣᠷᠣᠨ ᠣᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠵᠠᠰᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠲᠠᠢ ᠪᠤᠢ︖      ᠯᠢ ᠵᠦᠩ ᠺᠠᠢ᠄      ᠮᠠᠨ ᠤ ᠣᠷᠣᠨ ᠣᠷᠴᠢᠨ ᠲᠤᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠭᠠᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ ᠪᠠ ᠥᠨᠳᠥᠷ ᠪᠦᠲᠦᠮᠵᠢᠲᠡᠶ ᠪᠠᠷ ᠵᠠᠰᠠᠬᠤ ᠶᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ ᠠᠴᠠ ︽ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ︾᠎ ᠶᠢ ᠲᠤᠭᠲᠠᠭᠠᠭᠰᠠᠨ ᠨᠢ᠂ ᠮᠦᠨ ᠴᠤ ᠮᠠᠨ ᠤ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠪᠠᠭᠤᠯᠭᠠᠭᠰᠠᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠲᠤᠬᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠪᠢᠴᠢᠭ ᠮᠠᠲ᠋ᠧᠷᠢᠶᠠᠯ ᠪᠤᠯᠤᠨ᠎ᠠ᠂ ᠡᠯ᠎ᠡ ᠭᠠᠵᠠᠷ ᠤᠨ ᠬᠢᠨ ᠢ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠤᠯᠤᠰ ᠤᠨ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠦᠰᠦᠯ ᠶᠤᠰᠤᠭᠠᠷ᠂ ᠥᠪᠡᠷᠲᠡᠭᠡᠨ ᠵᠠᠰᠠᠬᠤ ᠣᠷᠣᠨ ᠵᠣᠬᠢᠴᠠᠩᠭᠤᠶ ᠬᠡᠷᠡᠭᠵᠢᠭᠦᠯᠬᠦ ᠰᠠᠨᠠᠯ ᠨᠡᠶᠢᠲᠡᠯᠡᠵᠦ᠂ ᠬᠠᠷᠠᠯᠲᠠ ᠶᠢᠨ ᠡᠭᠦᠷᠭᠡ ᠶᠢ ᠤᠯᠠᠮ ᠨᠢᠭᠡ ᠠᠯᠬᠤᠮ ᠢᠯᠭᠠᠨ ᠬᠤᠪᠢᠶᠠᠷᠢᠯᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠨᠢᠭᠡᠨᠲᠡ ᠪᠡᠭᠡᠵᠢᠩ ᠲᠢᠶᠠᠨᠵᠢᠨ ᠾᠧᠪᠸᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠬᠠᠮᠵᠢᠯᠴᠠᠬᠤ ᠲᠤᠭᠲᠠᠴᠠ ᠳᠤ ᠤᠷᠤᠯᠴᠠᠵᠤ᠂ ᠪᠠᠰᠠ ᠨᠢᠩᠰᠢᠶᠠ ᠯᠤᠭ᠎ᠠ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠬᠠᠮᠲᠤᠷᠠᠯᠴᠠᠭᠠᠨ ᠤ ᠲᠤᠬᠠᠶ ᠰᠠᠨᠠᠮᠵᠢ ᠪᠢᠴᠢᠭ ᠲᠤ ᠭᠠᠷ ᠤᠨ ᠦᠰᠦᠭ ᠵᠢᠷᠤᠪᠠ᠃ ᠬᠠᠲᠠᠭᠤ ᠴᠢᠩᠭ᠎ᠠ ᠠᠷᠭ᠎ᠠ ᠠᠪᠴᠤ᠂ ᠥᠴᠦᠬᠡᠨ ᠴᠦ ᠠᠭᠤᠴᠢᠯᠠᠬᠤ ᠦᠭᠡᠢ ᠤᠪᠤᠷ ᠢᠶᠠᠷ ᠠᠮᠢ ᠠᠬᠤᠶ ᠶᠢ ᠡᠪᠳᠡᠨ᠂ ᠣᠷᠴᠢᠨ ᠲᠣᠭᠤᠷᠢᠨ ᠢ ᠪᠣᠬᠢᠷᠲᠤᠭᠤᠯᠬᠤ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠪᠡ᠃ 2016 ᠣᠨ ᠳᠤ᠂ ᠪᠦᠬᠦ ᠣᠷᠣᠨ ᠤ 12 ᠠᠶᠢᠮᠠᠭ ᠬᠤᠲᠠ ᠶᠢᠨ ᠠᠭᠤᠷ ᠠᠮᠢᠰᠬᠤᠯ ᠤᠨ ᠶᠠᠰᠤ ᠴᠢᠨᠠᠷ ᠤᠨ ᠳᠤᠮᠳᠠᠴᠢ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠨᠢ 314 ᠡᠳᠦᠷ ᠪᠠᠶᠢᠵᠤ᠂ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠨᠢ 86%᠎ ᠳᠤ ᠬᠦᠷᠴᠦ᠂ ᠲᠦᠷᠦᠭᠦᠦ ᠵᠢᠯ ᠤᠨ ᠬᠢ ᠠᠴᠠ ᠪᠠᠨ 5.1 ᠵᠠᠭᠤᠨ ᠤ ᠴᠡᠭ ᠳᠡᠭᠡᠭᠰᠢᠯᠡᠵᠡᠢ︔ ᠪᠦᠬᠦ ᠣᠷᠣᠨ ᠤ ᠲᠤᠰᠬᠠᠶ ᠣᠷᠣᠨ ᠤ ᠲᠡᠰ ᠤᠨ ᠬᠤᠲᠠ ᠶᠢᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠳᠤᠮᠳᠠᠴᠢ ᠤᠰᠤ ᠲᠠᠲᠠᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ 89.9%᠎ ᠳᠤ ᠬᠦᠷᠴᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠰᠢᠶᠳᠪᠦᠷᠢᠯᠡᠬᠦ ᠲᠠᠯᠠᠪᠠᠢ ᠨᠢᠭᠡᠨᠲᠡ ᠰᠢᠶᠠᠨ ᠬᠤᠲᠠ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 36.7%᠎ ᠳᠤ ᠬᠦᠷᠴᠦ᠂ ᠪᠦᠬᠦ ᠣᠷᠣᠨ ᠤ ᠣᠷᠴᠢᠨ ᠲᠣᠭᠤᠷᠢᠨ ᠤ ᠪᠠᠶᠢᠳᠠᠯ ᠢᠯᠡᠳᠲᠡ ᠰᠠᠶᠢᠵᠢᠷᠠᠪᠠ᠃      ᠬᠥᠲᠥᠯᠥᠭᠴᠢ᠄      ᠯᠢ ᠡᠷᠬᠢᠯᠡᠭᠴᠢ᠂ ᠮᠠᠨ ᠤ ᠣᠷᠣᠨ ᠤ ᠪᠣᠬᠢᠷᠲᠤᠯ ᠦᠭᠡᠢ ᠪᠠᠷ ᠬᠦᠭᠵᠢᠭᠦᠯᠬᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠲᠣᠪᠤᠶᠢᠮ᠎ᠠ ᠦᠷ᠎ᠡ ᠪᠦᠲᠦᠮᠵᠢ ᠣᠯᠤᠭᠰᠠᠨ ᠪᠤᠢ︖      ᠯᠢ ᠵᠦᠩ ᠺᠠᠢ᠄      ᠮᠠᠨ ᠤ ᠣᠷᠣᠨ ᠬᠤᠴᠤᠷᠤᠩᠭᠤᠢ ᠪᠠ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠢᠳᠡᠪᠬᠢᠲᠡᠢ ᠪᠠᠷ ᠰᠢᠭᠰᠢᠭᠳᠡᠭᠦᠯᠦᠨ ᠠᠷᠢᠯᠭᠠᠵᠤ᠂ ᠤᠶᠢᠷ᠎ᠠ ᠶᠢᠨ ᠭᠤᠷᠪᠠᠨ ᠵᠢᠯ ᠳᠤ ᠨᠡᠶᠢᠲᠡ 1300 ᠲᠦᠮᠡᠨ ᠲᠣᠨ ᠤᠷᠴᠢᠮ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ᠂ 297 ᠲᠣᠨ ᠠᠭᠤᠷ ᠢᠯᠴᠢ ᠶᠢᠨ ᠬᠦᠴᠦᠨ ᠢ ᠰᠢᠭᠰᠢᠵᠦ᠂ 24.1 ᠲᠦᠮᠡᠨ ᠺᠢᠯᠣᠸᠠᠲ ᠵᠢᠵᠢᠭ ᠢᠯᠴᠢ ᠶᠢᠨ ᠴᠠᠬᠢᠯᠭᠠᠨ ᠢ ᠬᠠᠭᠠᠵᠤ ᠵᠤᠭᠰᠤᠭᠠᠪᠠ︔ 2016 ᠣᠨ ᠳᠤ ᠲᠤᠰ ᠲᠤᠰ 300 ᠲᠦᠮᠡᠨ ᠳᠦ᠋ᠨ ᠪᠠ 291.3 ᠲᠦᠮᠡᠨ ᠲᠣᠨ ᠨᠡᠭᠦᠷᠡᠰᠦ ᠪᠠ ᠪᠣᠯᠣᠳ ᠲᠡᠮᠦᠷ ᠦᠶᠯᠡᠳᠪᠦᠷᠢᠯᠡᠬᠦ ᠴᠢᠳᠠᠪᠤᠷᠢ ᠶᠢ ᠪᠤᠴᠠᠭᠠᠨ ᠭᠠᠷᠭᠠᠵᠤ᠂ ᠨᠡᠶᠢᠲᠡ ᠡᠨᠧᠷᠬᠢ ᠠᠷᠪᠢᠯᠠᠭᠰᠠᠨ 660 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠪᠤᠢ ᠪᠤᠯᠭᠠᠪᠠ᠃ ᠤᠶᠢᠷ᠎ᠠ ᠶᠢᠨ ᠭᠤᠷᠪᠠᠨ ᠵᠢᠯ ᠳᠤ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠠᠰᠢᠭᠯᠠᠮᠵᠢ ᠶᠢ ᠶᠡᠷᠦᠩᠬᠡᠶᠢᠯᠡᠨ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠦᠯᠡᠳᠡᠭᠳᠡᠯ ᠢᠯᠴᠢ ᠪᠠᠷ ᠠᠷᠠᠳ ᠲᠤ ᠳᠤᠯᠠᠭᠠᠨ ᠬᠠᠩᠭᠠᠬᠤ᠂ ᠨᠡᠭᠦᠷᠡᠰᠦ ᠰᠢᠲᠠᠭᠠᠬᠤ ᠵᠤᠤᠬ᠎ᠠ ᠶᠢ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠪᠠᠷ ᠦᠭᠡᠷᠡᠴᠢᠯᠡᠨ ᠵᠠᠰᠠᠬᠤ᠂ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠠᠷᠪᠢᠯᠠᠬᠤ᠂ ᠡᠨᠧᠷᠭᠢ ᠶᠢᠨ ᠰᠢᠰᠲ᠋ᠧᠮ ᠢ ᠰᠢᠯᠢᠳᠡᠭᠵᠢᠭᠦᠯᠬᠦ ᠵᠡᠷᠭᠡ ᠡᠨᠧᠷᠭᠢ ᠠᠷᠪᠢᠯᠠᠬᠤ ᠭᠤᠣᠯᠳᠠᠯᠭ᠎ᠠ ᠲᠠᠢ ᠪᠠᠷᠢᠯᠭ᠎ᠠ ᠶᠢᠨ ᠲᠥᠷᠥᠯ ᠵᠦᠢᠯ ᠢ ᠨᠡᠶᠢᠲᠡ 100 ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠤ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠨᠧᠷᠭᠢ ᠶᠢᠨ ᠬᠤᠷᠣᠭᠳᠠᠯ ᠨᠡᠶᠢᠲᠡ 20.5% ᠪᠠᠭᠤᠷᠠᠭᠰᠠᠨ ᠪᠠᠶᠢᠨ᠎ᠠ᠃ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠳᠤ ᠬᠦᠷᠭᠡᠬᠦ ᠪᠠᠷᠢᠮᠵᠢᠶ᠎ᠠ ᠲᠠᠢ ᠬᠠᠷᠢᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠴᠠᠬᠢᠯᠭᠠᠨ ᠵᠠᠳᠠᠯᠤᠯᠲᠤ ᠬᠦᠩᠭᠡᠨ ᠴᠠᠭᠠᠨ᠂ ᠱᠦᠢᠨᠢ ᠶᠢᠨ ᠠᠵᠢᠯ ᠲᠦᠷᠦᠯ ᠤᠨ ᠱᠠᠲᠤᠯᠢᠭ ᠴᠠᠬᠢᠯᠭᠠᠨ ᠤ ᠦᠨ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠬᠢᠨᠠᠯᠲᠠ ᠪᠠᠶᠢᠴᠠᠭᠠᠯᠲᠠ ᠶᠢ ᠦᠷᠨᠢᠭᠦᠯᠪᠡ᠃ ᠡᠨᠧᠷᠭᠢ ᠶᠢᠨ ᠠᠰᠢᠭᠯᠠᠮᠵᠢ ᠶᠢᠨ ︽ᠲᠠᠭᠠᠭᠤᠯᠤᠭᠴᠢ︾᠎ ᠶᠢᠨ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ 1 ᠡᠷᠦᠬᠡ ᠱᠦᠢᠨᠢ ᠶᠢᠨ ᠠᠵᠤ ᠠᠬᠤᠶᠢᠯᠠᠯ ᠠᠮᠵᠢᠯᠲᠠ ᠲᠠᠢ ᠪᠠᠷ ᠤᠯᠤᠰ ᠤᠨ ᠱᠦᠢᠨᠢ ᠶᠢᠨ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ᠲᠠᠭᠠᠭᠤᠯᠤᠭᠴᠢ︾᠎ ᠪᠠᠷ ᠰᠤᠩᠭᠤᠭᠳᠠᠪᠠ᠃ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷ ᠦᠭᠡᠷᠡᠴᠢᠯᠡᠨ ᠵᠠᠰᠠᠬᠤ ᠶᠢ ᠶᠡᠬᠡᠪᠡᠷ ᠠᠬᠢᠭᠤᠯᠵᠤ᠂ ᠤᠶᠢᠷ᠎ᠠ ᠶᠢᠨ ᠭᠤᠷᠪᠠᠨ ᠵᠢᠯ ᠳᠤ ᠥᠭᠡᠷᠡᠴᠢᠯᠡᠯᠲᠡ ᠶᠢᠨ ᠲᠠᠯᠠᠪᠠᠢ ᠶᠢ 3300 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠲᠤᠯ ᠦᠭᠡᠢ ᠪᠠᠷᠢᠯᠭ᠎ᠠ ᠶᠢ 300 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠪᠠ᠃ ᠳᠠᠭᠠᠭᠠᠴᠠᠲᠤ ᠴᠢᠷᠦᠭᠦᠯ ᠲᠡᠷᠭᠡᠨ ᠤ ᠲᠡᠭᠡᠭᠡᠪᠦᠷᠢ ᠶᠢᠨ ᠲᠤᠷᠰᠢᠯᠲᠠ ᠶᠢᠨ ᠴᠢᠭ᠋ ᠢ ᠲᠦᠯᠬᠢᠨ ᠠᠬᠢᠭᠤᠯᠵᠤ᠂ ᠴᠢᠷᠦᠭᠦᠯ ᠲᠡᠷᠭᠡᠨ ᠤ ᠲᠡᠭᠡᠭᠡᠪᠦᠷᠢ ᠶᠢᠨ ᠱᠤᠭᠤᠮ ᠢ 20 ᠰᠢᠬᠠᠮ ᠨᠡᠪᠲᠡᠷᠡᠭᠦᠯᠵᠦ᠂ ᠳᠤᠮᠳᠠᠴᠢ ᠦᠷᠦᠭᠳᠡᠯ ᠤᠨ ᠬᠠᠷᠢᠴᠠᠯ ᠨᠢ 1:1.8᠎ ᠳᠤ ᠬᠦᠷᠪᠡ᠃ 2016 ᠣᠨ ᠳᠤ ᠪᠥᠬᠦ ᠣᠷᠣᠨ ᠤ ᠨᠢᠭᠡᠴᠢ GDP᠎ ᠶᠢᠨ ᠡᠨᠧᠷᠬᠢ ᠶᠢᠨ ᠬᠤᠷᠤᠭᠳᠠᠯ ᠨᠢ 1.02 ᠲᠣᠨ ᠪᠠᠷᠢᠮᠵᠢᠶᠠᠲᠤ ᠨᠡᠭᠦᠷᠡᠰᠦ / ᠲᠦᠮᠡᠨ ᠲᠦᠬᠦᠷᠢᠭ ᠪᠠᠶᠢᠵᠤ᠂ 2013 ᠣᠨ ᠤ ᠲᠠᠢ ᠠᠳᠠᠯᠢᠳᠬᠠᠪᠠᠯ 11.6% ᠪᠠᠭᠤᠷᠠᠵᠤ᠂ ᠡᠨᠧᠷᠭᠢ ᠶᠢᠨ ᠬᠡᠷᠡᠭᠯᠡᠭᠡ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ ᠪᠠᠭᠤᠷᠠᠭᠠᠳ 3.2% ᠪᠤᠯᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ ᠪᠦᠲᠦᠮᠵᠢᠲᠡᠶ ᠬᠢᠵᠠᠭᠠᠷᠯᠠᠪᠠ᠃      ᠬᠥᠲᠥᠯᠥᠭᠴᠢ᠄      ᠯᠢ ᠡᠷᠬᠢᠯᠡᠭᠴᠢ᠂ ᠮᠠᠨ ᠤ ᠣᠷᠣᠨ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖      ᠯᠢ ᠵᠦᠩ ᠺᠠᠢ᠄      ᠮᠠᠨ ᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠦᠷᠢᠮᠵᠢᠭᠦᠯᠬᠦ᠂ ᠬᠠᠤᠯᠢ ᠪᠠᠷ ᠵᠠᠰᠠᠬᠤ ᠵᠠᠮ ᠳᠤ ᠤᠷᠤᠭᠤᠯᠬᠤ ᠪᠠᠷ ᠴᠢᠷᠮᠠᠶᠢᠵᠤ ᠪᠤᠢ᠃ 2014 ᠣᠨ ᠳᠤ᠂ ᠮᠠᠨ ᠤ ᠣᠷᠣᠨ ᠤᠯᠤᠰ ᠠᠴᠠ ᠤᠷᠢᠳ ᠢᠶᠠᠷ ︽ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠶ ᠰᠠᠨᠠᠯ︾᠎ ᠢ ᠨᠡᠶᠢᠲᠡᠯᠡᠵᠦ᠂ 93 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠶ ᠱᠦᠵᠢ ᠰᠢ ᠶᠢᠨ ᠫᠢᠩ ᠮᠠᠨ ᠤ ᠤᠷᠤᠨ ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠪᠠᠷ ᠬᠦᠰᠡᠨ ᠨᠠᠶᠢᠳᠠᠭᠰᠠᠨ ᠭᠤᠷᠪᠠᠨ ᠵᠦᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠨᠢᠭᠡᠨᠲᠡ ︽ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠦᠭᠴᠢᠭᠡ ᠶᠢᠨ ᠬᠦᠰᠦᠨᠦᠭᠲᠦ ᠢ ᠨᠠᠶᠢᠷᠠᠭᠤᠯᠤᠨ ᠵᠣᠬᠢᠶᠠᠬᠤ ᠶᠡᠷᠦᠩᠬᠡᠶ ᠲᠥᠰᠦᠯ︾᠂ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠤᠰᠢᠶᠠᠯ ᠠᠴᠠ ᠰᠠᠯᠠᠬᠤ ᠳᠤ ᠬᠢᠨᠠᠨ ᠪᠤᠳᠤᠯᠲᠠ ᠬᠢᠬᠦ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠪᠠ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾᠎ ᠢ ᠨᠡᠶᠢᠲᠡᠯᠡᠨ ᠬᠡᠷᠡᠭᠵᠢᠭᠦᠯᠬᠦ ᠶᠢᠨ ᠬᠠᠮᠲᠤ ᠲᠤᠷᠰᠢᠯᠲᠠ ᠶᠢᠨ ᠠᠵᠢᠯ ᠢ ᠥᠷᠨᠢᠭᠦᠯᠪᠡ᠃ ᠡᠭᠦᠨ ᠤ ᠬᠠᠮᠲᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠠᠬᠢᠷᠤᠨ ᠬᠠᠮᠢᠶᠠᠷᠬᠤ᠂ ᠠᠮᠢ ᠠᠬᠤᠶ ᠶᠢᠨ ᠬᠤᠷᠢᠭ᠎ᠠ ᠱᠤᠭᠤᠮ ᠲᠤᠭᠲᠠᠭᠠᠬᠤ᠂ ᠠᠮᠢ ᠠᠬᠤᠶ ᠶᠢᠨ ᠨᠥᠬᠦᠪᠥᠷᠢ ᠣᠯᠭᠤᠬᠤ᠂ ᠤᠯᠤᠰ ᠤᠨ ᠦᠮᠴᠢᠯᠡᠯᠲᠤ ᠰᠢᠭᠤᠶᠢᠲᠤ ᠣᠷᠣᠨ ᠤ ᠥᠭᠡᠷᠡᠴᠢᠯᠡᠯᠲᠡ ᠵᠡᠷᠭᠡ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠶ ᠠᠬᠢᠯᠲᠠ ᠲᠠᠢ ᠪᠣᠯᠵᠠᠶ᠃      ᠤᠷᠤᠨ ᠵᠠᠶ ᠶᠢ ᠬᠠᠮᠢᠶᠠᠷᠤᠨ ᠵᠠᠬᠢᠷᠬᠤ ᠲᠠᠯ᠎ᠠ ᠪᠠᠷ᠂ ︽ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠳᠤ ᠣᠷᠣᠨ ᠤ ᠲᠥᠯᠥᠪᠵᠢᠭᠦᠯᠭᠡ ᠶᠢᠨ ᠲᠤᠬᠠᠶ ᠬᠡᠷᠡᠭᠵᠢᠭᠦᠯᠬᠦ ᠰᠠᠨᠠᠯ︾᠎ ᠢ ᠲᠣᠭᠲᠠᠭᠠᠵᠤ᠂ ᠤᠯᠤᠰ ᠤᠨ ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ 35 ᠬᠤᠰᠢᠭᠤ ᠰᠢᠶᠠᠨ ᠎ ᠳᠤ ᠨᠢᠭᠡᠨᠲᠡ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠠᠮᠢ ᠠᠬᠤᠶ ᠶᠢᠨ ᠬᠤᠷᠢᠭ᠎ᠠ ᠱᠤᠭᠤᠮ ᠤᠨ ᠲᠠᠯ᠎ᠠ ᠪᠠᠷ᠂ ᠪᠥᠬᠦ ᠣᠷᠣᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ︔ ᠤᠢ ᠰᠢᠭᠤᠶ ᠶᠢᠨ ᠠᠮᠢ ᠠᠬᠤᠶ ᠶᠢᠨ ︽ᠳᠥᠷᠪᠡᠨ ᠬᠤᠷᠢᠭ᠎ᠠ ᠱᠤᠭᠤᠮ︾ ᠪᠣᠯᠣᠨ 8.8 ᠳ᠋ᠥᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ︔ ᠤᠰᠤᠨ ᠰᠣᠷᠪᠣᠯᠵᠢ ᠶᠢᠨ ︽ᠭᠤᠷᠪᠠᠨ ᠬᠤᠷᠢᠭ᠎ᠠ ᠱᠤᠭᠤᠮ︾᠎ ᠤᠨ ᠬᠠᠮᠢᠶᠠᠷᠤᠯᠲᠠ ᠶᠢᠨ ᠲᠦᠷᠢᠮ ᠤᠨ ᠲᠠᠯ᠎ᠠ ᠪᠠᠷ᠂ ᠡᠵᠡᠮᠰᠢᠬᠦ ᠭᠦᠢᠴᠡᠳᠬᠡᠯ ᠲᠤᠭ᠎ᠠ ᠶᠢ ᠠᠶᠢᠮᠠᠭ ᠬᠤᠳᠠ᠂ ᠬᠤᠰᠢᠭᠤ ᠰᠢᠶᠠᠨ ᠳᠤ ᠵᠠᠯᠭᠠᠨ ᠬᠤᠪᠢᠶᠠᠷᠢᠯᠠᠬᠤ ᠶᠢᠨ ᠬᠠᠮᠲᠤ᠂ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠳᠤ ᠣᠷᠤᠭᠤᠯᠬᠤ ᠪᠣᠯᠤᠨ᠎ᠠ᠃      ᠤᠯᠤᠰ ᠤᠨ ᠦᠮᠴᠢᠯᠡᠯᠲᠦ ᠰᠢᠭᠤᠶᠢᠲᠤ ᠣᠷᠣᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠪᠠᠶᠢᠭᠠᠯᠢ ᠶᠢᠨ ᠤᠢ ᠶᠢ ᠬᠤᠳᠠᠯᠳᠤᠭᠠᠨ ᠤ ᠴᠢᠨᠠᠷᠲᠠᠶ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠵᠤ᠂ ᠵᠢᠯ ᠳᠤ 151.2 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠮᠣᠳᠣᠨ ᠮᠠᠲ᠋ᠧᠷᠢᠶᠠᠯ ᠤᠨ ᠭᠠᠷᠤᠯᠲᠠ ᠶᠢ ᠣᠭᠲᠤᠯᠬᠤ ᠪᠠᠨ ᠵᠣᠭᠰᠤᠭᠠᠵᠤ᠂ ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠦᠮᠴᠢᠯᠡᠯᠲᠦ ᠤᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠪᠠ᠃ ︽ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾᠎ ᠳᠤ ᠵᠠᠰᠠᠪᠤᠷᠢ ᠣᠷᠣᠭᠤᠯᠵᠦ᠂ ᠥᠪᠡᠷᠲᠡᠭᠡᠨ ᠵᠠᠰᠠᠭ ᠣᠷᠣᠨ ᠤ ︽ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠬᠦ ᠶᠢ ᠪᠦᠷᠢᠨᠰᠢᠭᠦᠯᠬᠦ ᠶᠢᠨ ᠬᠡᠷᠡᠭᠵᠢᠭᠦᠯᠬᠦ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠨᠤᠲᠤᠭ ᠪᠡᠯᠴᠢᠭᠡᠷ ᠭᠤᠣᠯ ᠮᠥᠷᠡᠨ ᠨᠠᠭᠤᠷ ᠴᠦᠬᠦᠷᠡᠮ ᠢ ᠠᠮᠤᠷᠵᠢᠭᠤᠯᠤᠨ ᠲᠡᠩᠬᠡᠷᠡᠭᠦᠯᠬᠦ ᠲᠥᠯᠥᠪᠵᠢᠭᠦᠯᠭᠡ︾᠂ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠡᠳᠦᠨ ᠠᠷᠪᠠᠨ ᠵᠦᠢᠯ ᠤᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠪᠡ᠃ ᠰᠢᠰᠲ᠋ᠧᠮ ᠎ ᠲᠠᠢ ᠪᠦᠭᠡᠳ ᠪᠦᠷᠢᠨ ᠪᠠᠶᠢᠬᠤ ᠪᠠ ᠬᠠᠷᠢᠴᠠᠩᠭᠤᠶ ᠲᠡᠭᠦᠯᠳᠡᠷ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮᠵᠢ ᠶᠢ ᠨᠢᠭᠡᠨᠲᠡ ᠠᠯᠬᠤᠮ ᠠᠯᠬᠤᠮ ᠢᠶᠠᠷ ᠪᠠᠶᠢᠭᠤᠯᠵᠤ ᠪᠠᠶᠢᠨ᠎ᠠ᠃      ᠬᠥᠲᠥᠯᠥᠭᠴᠢ᠄      ᠮᠠᠨ ᠤ ᠣᠷᠣᠨ ᠨᠢ ᠠᠷᠠᠳ ᠨᠡᠶᠢᠲᠡ ᠶᠢᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠳᠠᠶᠠᠭᠠᠷ ᠢ ᠲᠠᠶᠢᠴᠢᠯᠠᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠠᠮᠲᠤ ᠪᠠᠷ ᠣᠷᠤᠯᠴᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠬᠤ ᠪᠣᠢ︖            ᠯᠢ ᠵᠥᠩ ᠺᠠᠢ᠄      ᠶᠡᠷᠦᠩᠬᠡᠶ ᠱᠦᠵᠢ ᠰᠢ ᠶᠢᠨ ᠫᠢᠩ ᠤᠨ ︽ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢᠶᠠᠨ ᠬᠠᠶᠢᠷᠠᠯᠠᠵᠤ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ︾ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠨᠢ ᠪᠣᠬᠢᠷᠲᠤᠯ ᠦᠭᠡᠶ ᠥᠪᠥᠷ ᠮᠣᠩᠭᠤᠯ ᠢ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠵᠤ᠂ ︽ᠳᠡᠯᠡᠬᠡᠶ ᠶᠢᠨ ᠣᠷᠴᠢᠨ ᠲᠣᠭᠤᠷᠢᠨ ᠢ ᠬᠠᠮᠠᠭᠠᠯᠠᠬᠤ ᠡᠳᠦᠷ︾᠂ ︽ᠳᠡᠯᠡᠬᠡᠶ ᠶᠢᠨ ᠤᠰᠤ ᠶᠢ ᠬᠠᠮᠠᠭᠠᠯᠠᠬᠤ ᠡᠳᠦᠷ︾᠂ ᠡᠨᠧᠷᠭᠢ ᠠᠷᠪᠢᠯᠠᠬᠤ ᠶᠢ ᠤᠬᠠᠭᠤᠯᠬᠤ ᠭᠠᠷᠠᠭ ᠵᠡᠷᠭᠡ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠯ ᠪᠦᠷᠢ ᠶᠢᠨ 7 ᠳ᠋ᠤᠭᠠᠷ ᠰᠠᠷ᠎ᠠ ᠶᠢᠨ ᠨᠢᠭᠡᠳᠦᠭᠡᠷ ᠭᠠᠷᠠᠭ ᠢ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭᠠᠨ ᠤ ᠭᠠᠷᠠᠭ︾᠎ ᠢᠶᠠᠷ ᠲᠣᠭᠲᠠᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ᠂ ᠭᠤᠣᠯ ᠦᠷ᠎ᠡ ᠪᠦᠲᠦᠮᠵᠢ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠡᠬᠢ ᠪᠠᠶᠠᠯᠢᠭ ᠣᠷᠴᠢᠨ ᠲᠣᠭᠤᠷᠢᠨ ᠤᠯᠤᠰ ᠤᠨ ᠪᠠᠶᠢᠳᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠠᠳ ᠢᠷᠭᠡᠳ ᠤᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠬᠥᠲᠥᠯᠥᠨ ᠵᠢᠯᠣᠭᠤᠳᠴᠤ ᠬᠥᠮᠦᠵᠢᠭᠦᠯᠵᠦ ᠪᠠᠶᠢᠨ᠎ᠠ᠃ ᠡᠭᠦᠨ ᠤ ᠬᠠᠮᠲᠤ᠂ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠳᠤ ᠤᠷᠤᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠤᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠰᠤᠷᠭᠠᠭᠤᠯᠢ ᠳᠤ ᠤᠷᠤᠭᠤᠯᠬᠤ᠂ ᠭᠡᠷ ᠪᠦᠯᠢ ᠳᠤ ᠤᠷᠤᠭᠤᠯᠬᠤ ︽ᠵᠢᠷᠭᠤᠭᠠᠨ ᠣᠷᠣᠭᠤᠯᠬᠤ︾ ᠠᠵᠢᠯᠯᠠᠭ᠎ᠠ ᠶᠢ ᠥᠷᠨᠢᠭᠦᠯᠪᠡ᠃ 2016 ᠣᠨ ᠤ 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠨᠢ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾᠎ ᠪᠠᠷ ᠭᠤᠣᠯ ᠰᠡᠳᠦᠪ ᠪᠣᠯᠭᠠᠭᠰᠠᠨ ᠠᠩᠬᠠᠳᠤᠭᠠᠷ ᠬᠤᠭᠤᠴᠠᠭᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠢ ᠠᠮᠵᠢᠯᠲᠠᠢ ᠡᠷᠬᠢᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠨᠡᠶᠢᠭᠡᠮ ᠳᠠᠶᠠᠭᠠᠷ ᠢᠶᠠᠷ ᠢᠶᠠᠨ ᠬᠠᠮᠲᠤᠪᠠᠷ ᠣᠷᠤᠯᠴᠠᠭᠰᠠᠨ ᠥᠨᠢᠷ ᠥᠳᠬᠡᠨ ᠠᠭᠤᠷ ᠠᠮᠢᠰᠬᠤᠯ ᠢ ᠪᠤᠢ ᠪᠣᠯᠭᠠᠪᠠ᠃ ᠡᠨᠡ ᠵᠢᠯ ᠤᠨ 7 ᠳ᠋ᠤᠭᠠᠷ ᠰᠠᠷ᠎ᠠ ᠶᠢᠨ 3᠎ ᠤ ᠡᠳᠦᠷ ᠠᠴᠠ 7᠎ ᠤ ᠡᠳᠦᠷ ᠪᠣᠯᠲᠠᠯ᠎ᠠ ᠮᠠᠨ ᠤ ᠣᠷᠣᠨ ᠬᠤᠶᠠᠳᠤᠭᠠᠷ ᠬᠤᠭᠤᠴᠠᠭᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠢ ᠡᠷᠬᠢᠯᠡᠨ᠎ᠡ᠂ ᠲᠤᠰ ᠬᠤᠭᠤᠴᠠᠭᠠᠨ ᠤ ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠤᠨ ᠭᠤᠣᠯ ᠰᠡᠳᠦᠪ ᠪᠣᠯ ︽ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠪᠣᠬᠢᠷᠲᠤᠯ ᠦᠬᠡᠢ ᠬᠥᠭᠵᠢᠯᠲᠡ ᠶᠢ ᠠᠬᠢᠭᠤᠯᠬᠤ︾ ᠪᠣᠯᠣᠨ᠎ᠠ᠃ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠢ ᠡᠷᠬᠢᠯᠡᠬᠦ ᠪᠠᠷ ᠳᠠᠮᠵᠢᠭᠤᠯᠵᠤ᠂ ᠮᠠᠨ ᠤ ᠣᠷᠣᠨ ᠤ ᠥᠷᠭᠡᠨ ᠤᠯᠠᠨ ᠠᠷᠠᠳ ᠲᠦᠮᠡᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠮᠰᠠᠷ ᠢ ᠤᠯᠠᠮ ᠨᠡᠮᠡᠭᠳᠡᠭᠦᠯᠵᠦ ᠪᠠᠶᠢᠨ᠎ᠠ᠃      ᠬᠥᠲᠥᠯᠥᠭᠴᠢ᠄      ᠳᠠᠷᠠᠭᠠᠴᠢ ᠶᠢᠨ ᠠᠵᠢᠯ ᠤᠨ ᠳᠤᠮᠳᠠ᠂ ᠮᠠᠨ ᠤ ᠣᠷᠣᠨ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠠᠯᠬᠤᠴᠠ ᠪᠠᠨ ᠬᠡᠷᠬᠢᠨ ᠲᠥᠷᠭᠡᠳᠬᠡᠬᠦ ᠪᠣᠢ︖      ᠯᠢ ᠵᠥᠩ ᠺᠠᠢ᠄      ᠳᠠᠷᠠᠭᠠᠴᠢ ᠶᠢᠨ ᠠᠵᠢᠯ ᠤᠨ ᠳᠤᠮᠳᠠ᠂ ᠮᠠᠨ ᠤ ᠣᠷᠣᠨ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ︽ᠴᠡᠩᠬᠡᠭ ᠤᠰᠤ ᠬᠥᠬᠡᠮᠳᠦᠭ ᠠᠭᠤᠯᠠ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠤᠷᠴᠠ ᠴᠢᠩᠭ᠎ᠠ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠶᠢ ᠡᠭᠦᠳᠬᠦ᠂ ᠵᠣᠬᠢᠴᠠᠯᠳᠤᠭᠰᠠᠨ᠂ ᠪᠣᠬᠢᠷᠲᠤᠯ ᠦᠭᠡᠢ᠂ ᠨᠡᠬᠡᠬᠡᠯᠲᠡ ᠲᠠᠢ᠂ ᠬᠠᠮᠲᠤᠪᠡᠷ ᠬᠦᠷᠲᠡᠬᠦ ᠬᠥᠭᠵᠢᠯᠳ᠋ᠨ ᠶᠢᠨ ᠣᠨᠣᠯᠵᠢᠬᠤᠨ ᠢ ᠶᠡᠬᠡᠪᠡᠷ ᠦᠢᠯᠡᠳᠦᠯᠭᠡᠵᠢᠭᠦᠯᠵᠦ᠂ ᠬᠥᠭᠵᠢᠯᠲᠡ᠂ ᠠᠮᠢ ᠠᠬᠤᠶ ᠪᠣᠯᠤᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠥᠪᠡᠷᠲᠡᠭᠡᠨ ᠵᠠᠰᠠᠬᠤ ᠣᠷᠣᠨ ᠤ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠪᠣᠯᠣᠨ ︽ᠠᠮᠢ ᠠᠬᠤᠶ ᠶᠢᠨ ᠪᠣᠯᠪᠠᠰᠤᠨ ᠤ ᠳᠥᠷᠢᠮ ᠤᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠲᠥᠷᠭᠡᠳᠬᠡᠬᠦ ᠲᠤᠬᠠᠶ ᠰᠠᠨᠠᠯ︾᠎ ᠢ ᠠᠬᠢᠭᠤᠯᠤᠨ ᠨᠠᠶᠢᠳᠠᠪᠤᠷᠢᠵᠢᠭᠤᠯᠵᠦ᠂ ᠴᠢᠬᠤᠯᠠ ᠶᠡᠭᠡ ᠠᠮᠢ ᠠᠬᠤᠶ ᠶᠢ ᠬᠠᠮᠠᠭᠠᠯᠠᠬᠤ ᠪᠠ ᠰᠠᠶᠢᠵᠢᠷᠠᠭᠤᠯᠤᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠳᠤ ᠵᠠᠰᠠᠯᠲᠠ ᠬᠢᠬᠦ ᠪᠠᠨ ᠲᠦᠷᠭᠡᠳᠬᠡᠨ᠂ ᠠᠮᠢ ᠠᠬᠤᠶ ᠶᠢᠨ ᠪᠣᠯᠪᠠᠰᠤᠨ ᠤ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠪᠠ ᠤᠬᠠᠭᠤᠯᠭ᠎ᠠ ᠬᠥᠮᠦᠵᠢᠯ ᠬᠢᠬᠦ ᠶᠢ ᠭᠦᠨᠵᠡᠭᠡᠶ ᠥᠷᠨᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠡᠩ ᠥᠵᠡᠰᠬᠦᠯᠡᠩ ᠰᠠᠶᠢᠬᠠᠨ ᠪᠣᠯᠭᠠᠨ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠠᠭᠠᠶ᠎ᠠ᠃      ᠬᠥᠲᠥᠯᠥᠭᠴᠢ᠄      ᠵᠠ᠂ ᠰᠠᠶᠢᠨ ᠪᠣᠯᠣᠯ᠎ᠠ᠂ ᠯᠢ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠣᠷᠣᠯᠴᠠᠭᠰᠠᠨ ᠳᠤ ᠴᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠡᠮ ᠳᠤ ᠪᠠᠶᠠᠷᠲᠠᠶ ᠵᠣᠯᠭᠠᠶ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map