ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠶᠢᠨ ᠬᠡᠪᠴᠢᠶ᠎ᠡ ᠶᠢ ᠥᠷᠭᠡᠳᠬᠡᠨ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2017/9/15
     ᠰᠤᠷᠪᠤᠯᠵᠢᠯᠠᠭᠰᠠᠨ ᠴᠠᠭ᠄      2017 ᠣᠨ ᠤ 7 ᠳ᠋ᠤᠭᠠᠷ ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨᠠᠬᠢ 3 ᠴᠠᠭ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠭᠦᠨ᠂ ᠳᠡᠳ᠋ ᠡᠷᠬᠢᠯᠡᠭᠴᠢ ᠴᠢᠶᠣᠤ ᠰᠢᠨ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢᠨ ᠲᠤᠰᠠᠳᠠ᠂ ᠣᠷᠴᠢᠮᠬᠠᠨ᠂ ᠥᠪᠥᠷ ᠮᠣᠩᠭᠤᠯ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠠᠵᠢᠯ ᠢ ᠡᠬᠢᠯᠡᠭᠦᠯᠪᠡ  ᠃ ᠪᠦᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢᠨ ᠨᠠᠷᠢᠨ ᠬᠢᠨᠠᠮᠠᠭᠠᠶ ᠬᠢᠨᠠᠨ ᠪᠠᠶᠢᠴᠠᠭᠠᠯᠲᠠ ᠪᠠᠷ ᠳᠠᠮᠵᠢᠭᠤᠯᠤᠭᠠᠳ᠂ ᠲᠤᠬᠠᠶ ᠶᠢᠨ ᠭᠠᠵᠠᠷ ᠣᠷᠣᠨ ᠠᠴᠠ ᠠᠳᠠᠭ ᠲᠠᠭᠠᠨ 100 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠭᠠᠷᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠰᠠᠯᠤᠩᠬᠢᠳᠠ ᠠᠵᠢᠯᠯᠠᠬᠤ ᠪᠠ ᠲᠥᠪᠯᠡᠷᠡᠭᠦᠯᠦᠨ ᠠᠵᠢᠯᠯᠠᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠤᠮ ᠢᠶᠠᠷ ᠬᠢᠨᠠᠯᠲᠠ ᠲᠠᠯᠪᠢᠵᠦ᠂ ᠬᠥᠯᠥᠰᠥ ᠮᠥᠩᠭᠦ ᠠᠪᠬᠤ ᠦᠭᠡᠢ ᠪᠠᠷ ᠠᠵᠢᠯᠯᠠᠬᠤ ᠪᠣᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠬᠦ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠬᠡᠪᠴᠢᠶ᠎ᠡ ᠪᠠᠨ ᠭᠦᠢᠴᠡᠳ ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠥᠷᠭᠡᠴᠡ ᠪᠠ ᠭᠦᠨᠴᠡ ᠶᠢ ᠥᠷᠭᠡᠳᠬᠡᠨ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠷᠭ᠎ᠠ ᠮᠠᠶ᠋ᠢᠭ ᠢ ᠬᠤᠪᠢᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃                       ᠰᠤᠷᠪᠤᠯᠵᠢᠯᠠᠭ᠎ᠠ ᠶᠢᠨ ᠪᠤᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ ᠤᠯᠤᠰ ·  ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ  ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠭᠦᠨ᠂ ᠳᠡᠳ᠋ ᠡᠷᠬᠢᠯᠡᠭᠴᠢ ᠴᠢᠶᠣᠣ ᠰᠢᠨ ᠪᠣᠯᠣᠨ᠎ᠠ᠃ ᠴᠢᠶᠣᠤ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕        ᠴᠢᠶᠣᠤ ᠰᠢᠨ᠄      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕      ᠬᠥᠲᠥᠯᠥᠭᠴᠢ᠄      ᠴᠢᠶᠣᠤ ᠡᠷᠬᠢᠯᠡᠭᠴᠢ᠂ ᠶᠠᠭᠤᠨ ᠤ ᠡᠮᠦᠨ᠎ᠡ ᠲᠠ ᠪᠢᠳᠡᠨ ᠳᠤ ᠶᠠᠭᠤᠨ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠦᠭᠰᠡᠨ ᠢ ᠲᠠᠨᠢᠯᠴᠠᠭᠤᠯᠵᠤ ᠥᠭᠭᠦᠨ᠎ᠡ ᠦᠦ︖      ᠴᠢᠶᠣᠤ ᠰᠢᠨ᠄        ᠶᠡᠷᠦᠩᠬᠡᠢ ᠳᠡᠭᠡᠨ ᠠᠪᠴᠤ ᠬᠡᠯᠡᠪᠡᠯ᠂ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠦᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠎ ᠶᠢ ᠭᠦᠨᠵᠡᠭᠡᠶ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ ᠵᠢᠷᠤᠮᠵᠢᠭᠤᠯᠵᠤ ᠡᠨᠡ ᠬᠦ ᠭᠤᠣᠯ ᠰᠥᠪᠭᠴᠢ ᠶᠢ ᠪᠠᠲᠤ ᠡᠵᠡᠮᠳᠡᠵᠦ᠂ ᠪᠦᠬᠦ ᠣᠷᠣᠨ ᠤ 103 ᠬᠤᠰᠢᠭᠤ ᠰᠢᠶᠠᠨ ᠲᠣᠭᠤᠷᠢᠭ ᠨᠢ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠰ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠢᠯᠢᠨ ᠤᠷᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠬᠡᠪᠴᠢᠶ᠎ᠡ ᠶᠢ ᠭᠦᠢᠴᠡᠳ ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠢᠨᠠᠯᠲᠠ ᠶᠢᠨ ᠠᠴᠢ ᠲᠤᠰᠠ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠷᠭ᠎ᠠ ᠮᠠᠶ᠋ᠢᠭ ᠢ ᠬᠤᠪᠢᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠠᠬᠢᠴᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ ᠶᠤᠮ᠃      ᠪᠣᠳᠠᠲᠠᠶ ᠪᠠᠷ ᠬᠡᠯᠡᠪᠡᠯ᠂ ᠭᠤᠷᠪᠠᠨ ᠲᠠᠯ᠎ᠠ ᠶᠢᠨ ᠰᠢᠯᠲᠠᠭᠠᠨ ᠪᠤᠢ᠄      ᠬᠠᠮᠤᠭ ᠤᠨ ᠲᠡᠷᠢᠭᠦᠨ ᠳᠤ᠂ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾᠎ ᠢ ᠦᠨᠳᠦᠰᠦᠯᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠲᠠᠯᠪᠢᠬᠤ ᠳᠦᠷᠢᠮ︾᠎ ᠤᠨ ᠠᠷᠪᠠᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠲᠠᠬᠢ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠤᠷᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠪᠣᠯᠣᠨ᠎ᠠ ᠭᠡᠰᠡᠨ ᠲᠣᠭᠲᠠᠭᠠᠯ ᠢ ᠦᠨᠳᠦᠰᠦᠯᠡᠪᠡ᠃      ᠬᠤᠶᠠᠷ ᠲᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠪᠦᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ 2017 ᠣᠨ ᠤ 2 ᠳ᠋ᠤᠭᠠᠷ ᠰᠠᠷ᠎ᠠ ᠶᠢᠨ19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠣᠷᠣᠯᠴᠠᠭᠰᠠᠨ ᠤ ᠬᠠᠮᠲᠤ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ᠂ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ ᠬᠤᠤ ᠽᠧ ᠵᠢᠶᠦ᠋ᠨ ᠲᠤᠰᠬᠠᠶ ᠠᠵᠢᠯ ᠤᠨ ᠮᠡᠳᠡᠭᠦᠯᠦᠯᠲᠡ ᠬᠢᠭᠰᠡᠨ ᠤ ᠬᠠᠮᠲᠤ᠂ 2017 ᠣᠨ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠬᠢᠨᠠᠯᠲᠠ ᠶᠢᠨ ᠲᠣᠣᠷ ᠰᠦᠯᠵᠢᠶ᠎ᠡ ᠶᠢ ᠰᠦᠯᠵᠢᠵᠦ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠭᠤᠷᠪᠠ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠪᠣᠳᠠᠲᠤ ᠬᠡᠷᠡᠭᠴᠡᠭᠡ ᠪᠣᠯᠣᠨ᠎ᠠ᠃ ᠨᠢᠳᠤᠨᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠬᠡᠷ ᠰᠢᠨ᠎ᠡ ᠨᠢᠭᠡᠨ ᠡᠭᠡᠯᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠢᠯᠭᠠᠷᠠᠭᠤᠯᠤᠨ ᠰᠣᠯᠢᠵᠤ ᠣᠯᠭᠤᠬᠤ ᠠᠵᠢᠯ ᠢ ᠦᠷᠨᠢᠭᠦᠯᠵᠦ᠂ ᠢᠯᠭᠠᠷᠠᠭᠤᠯᠤᠨ ᠴᠡᠭᠴᠡᠯᠡᠬᠦ ᠪᠠᠷ ᠳᠠᠮᠵᠢᠭᠤᠯᠤᠨ ᠂ ᠣᠳᠣ ᠪᠣᠯᠲᠠᠯ᠎ᠠ ᠪᠦᠬᠦ ᠣᠷᠣᠨ ᠳᠤ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ 12 ᠲᠦᠮᠡ ᠰᠢᠬᠠᠮ ᠪᠠᠶᠢᠬᠤ ᠪᠣᠯᠬᠤᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠳᠤ ᠨᠡᠶᠢᠭᠡᠮ ᠤᠨ ᠬᠦᠴᠦᠨ ᠢ ᠥᠷᠭᠡᠨ ᠳᠡᠯᠭᠡᠷ ᠳᠠᠶᠢᠴᠢᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠡᠨᠡᠬᠦ 12 ᠲᠦᠮᠡᠨ ᠬᠥᠮᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠤᠨᠳᠠᠭ ᠶᠡᠭᠡ ᠡᠩᠨᠡᠭᠡ ᠳᠤ ᠬᠢᠨᠠᠯᠲᠠ ᠲᠠᠯᠪᠢᠬᠤ ᠶᠢᠨ ᠬᠠᠮᠲᠤ ᠪᠠᠰᠠ ᠮᠠᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠢᠯᠡᠷᠡᠭᠦᠯᠵᠦ᠂ ᠴᠠᠭ ᠲᠤᠬᠠᠶ ᠳᠤᠨᠢ ᠵᠠᠰᠠᠨ ᠰᠠᠶᠢᠵᠢᠷᠠᠭᠤᠯᠬᠤ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠳᠦᠭᠦᠮ ᠦᠵᠡᠭᠦᠯᠬᠦ ᠪᠣᠯᠣᠨ᠎ᠠ᠂ ᠡᠭᠦᠨ ᠳᠤ ᠬᠢᠨᠠᠯᠲᠠ ᠲᠠᠯᠪᠢᠬᠤ ᠶᠠᠪᠤᠴᠠ ᠳᠤ ᠢᠯᠡᠷᠡᠭᠦᠯᠦᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠢ ᠬᠢᠬᠦ ᠳᠤ ᠲᠤᠬᠢᠷᠠᠬᠤ ᠦᠭᠡᠢ ᠬᠥᠮᠥᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠥᠮᠥᠨ ᠤ ᠬᠢᠷᠢ ᠭᠡᠮ ᠢ ᠬᠦᠴᠦᠨ ᠦᠭᠡᠢ ᠪᠣᠯᠭᠠᠵᠤ᠂ ᠪᠠᠶᠢᠳᠠᠯ ᠢ ᠨᠢ ᠦᠵᠡᠵᠦ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠨᠢ ᠲᠦᠷ ᠦᠯᠡᠳᠡᠭᠡᠵᠦ ᠠᠪᠬᠤ ᠪᠤᠶᠤ ᠬᠤᠷᠢᠶᠡᠠ ᠠᠪᠴᠤ ᠬᠦᠴᠦᠨ ᠦᠭᠡᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠭᠡᠪ ᠤᠨ ᠡᠮᠬᠢ ᠵᠢᠷᠤᠮ ᠢ ᠬᠠᠮᠠᠭᠠᠯᠠᠵᠤ᠂ ᠠᠷᠠᠳ ᠢᠷᠭᠡᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠢᠲᠡᠭᠡᠯ ᠪᠣᠯᠣᠨ ᠳᠡᠮᠵᠢᠯᠭᠡ ᠶᠢ ᠣᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃      ᠬᠥᠲᠥᠯᠥᠭᠴᠢ᠄      ᠲᠡᠭᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ ᠡᠯᠰᠡᠬᠦ ᠨᠥᠬᠦᠴᠡᠯ ᠨᠢ ᠶᠠᠭᠤ ᠪᠤᠢ︖      ᠴᠢᠶᠣᠤ ᠰᠢᠨ᠄       ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ︽ ︿ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ ᠡᠯᠰᠡᠬᠦ ᠠᠵᠢᠯ ᠤᠨ ᠲᠥᠰᠦᠯ﹀᠎ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠥᠪᠥᠷ ᠵᠠᠰᠠᠭ ᠬᠠᠣᠯᠢ ᠲᠠᠷᠬᠠᠭᠠᠭᠰᠠᠨ ﹇2017﹈ 39 ᠳ᠋ᠦ᠋ᠭᠡᠷ ᠲᠣᠭᠠᠲᠤ︶ ᠎ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠪᠦᠷᠢᠳᠦᠭᠦᠯᠪᠡᠰᠦ ᠵᠣᠬᠢᠬᠤ ᠨᠥᠬᠦᠴᠡᠯ ᠳᠤ᠄      ︵ᠨᠢᠭᠡ︶ ᠦᠨᠳᠦᠰᠦᠨ ᠬᠠᠤᠯᠢ ᠶᠢ ᠬᠦᠷᠢᠶᠡᠯᠡᠨ᠂ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠨᠡᠯᠢᠶᠡᠳ ᠥᠨᠳᠥᠷ ᠲᠥᠷᠥ ᠶᠢᠨ ᠪᠤᠳᠤᠯᠭ᠎ᠠ ᠶᠢᠨ ᠤᠨᠤᠯ ᠤᠨ ᠬᠢᠷᠢ ᠲᠥᠪᠰᠢᠨ ᠪᠣᠯᠣᠨ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠠᠮᠢᠶ᠎ᠠ ᠪᠦᠬᠦᠢ ᠬᠠᠤᠯᠢ ᠴᠠᠭᠠᠵᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠰᠠᠶᠢᠨ ᠮᠡᠳᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠯᠠᠭᠤᠨ ᠢᠶᠠᠷ ᠳᠡᠮᠵᠢᠳᠡᠭ ᠪᠠᠶᠢᠬᠤ︔      ︵ᠭᠤᠷᠪᠠ︶ ᠮᠣᠷᠠᠯ ᠰᠤᠷᠲᠠᠯ ᠨᠢ ᠲᠥᠪ ᠴᠢᠭᠡᠴᠢ᠂ ᠣᠪᠣᠷ ᠰᠤᠷᠲᠠᠯ ᠨᠢ ᠲᠥᠪ ᠭᠤᠣᠯᠴᠢ᠂ ᠵᠠᠷᠴᠢᠮ ᠢᠶᠠᠨ ᠵᠣᠷᠢᠭᠲᠠᠶ ᠪᠠᠷ ᠪᠠᠷᠢᠮᠲᠠᠯᠠᠨ᠂ ᠨᠡᠯᠢᠶᠡᠳ ᠴᠢᠩᠭ᠎ᠠ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔      ︵ ᠳᠥᠷᠪᠡ︶ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠢᠶᠠᠨ ᠰᠠᠶᠢᠲᠤᠷ ᠬᠢᠵᠦ ᠳᠡᠶᠢᠯᠬᠦ︔      ︵ᠲᠠᠪᠤ︶ ᠡᠷᠡᠭᠦᠦ ᠶᠢᠨ ᠰᠢᠳᠬᠡᠯ ᠪᠤᠶᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠦᠷᠢᠴᠡᠵᠦ ᠵᠠᠰᠠᠭ ᠵᠠᠬᠢᠷᠭᠠᠨ ᠤ ᠰᠢᠳᠬᠡᠯ ᠣᠯᠣᠭᠰᠠᠨ ᠲᠡᠮᠳᠡᠭᠯᠡᠯ ᠪᠠᠶᠢᠬᠤ ᠦᠭᠡᠢ︔      ︵ᠵᠢᠷᠭᠤᠭ᠎ᠠ︶ ᠪᠦᠷᠢᠯᠳᠦᠭᠦᠯᠪᠡᠰᠦ ᠵᠣᠬᠢᠬᠤ ᠪᠤᠰᠤᠳ ᠨᠥᠬᠦᠴᠡᠯ ᠪᠠᠶᠢᠬᠤ ᠬᠡᠷᠡᠭᠲᠡᠶ᠃      ᠡᠳᠡᠭᠡᠷ ᠨᠥᠬᠦᠴᠡᠯ ᠤᠳ ᠲᠤ ᠪᠡᠶᠡᠴᠢ ᠨᠥᠬᠦᠴᠡᠯ ᠪᠠᠶᠢᠬᠤ ᠮᠥᠷᠲᠡᠭᠡᠨ᠂ ᠪᠤᠰᠤᠳᠴᠢ ᠨᠥᠬᠦᠴᠡᠯ  ᠪᠠᠰᠠ ᠪᠠᠶᠢᠵᠤ᠂ ᠶᠡᠷᠦᠩᠬᠡᠶ ᠳᠤᠨᠢ ᠠᠪᠴᠤ ᠬᠡᠯᠡᠪᠡᠯ ᠲᠡᠶᠢᠮᠦ ᠬᠠᠲᠠᠭᠤ ᠴᠢᠩᠭ᠎ᠠ ᠨᠥᠬᠦᠴᠡᠯ ᠪᠢᠰᠢ᠂ ᠡᠭᠦᠨ ᠤ ᠵᠣᠷᠢᠯᠭ᠎ᠠ ᠪᠣᠯ ᠳᠠᠷᠤᠶ ᠡᠨᠡ ᠠᠵᠢᠯ ᠢ ᠬᠢᠶ᠎ᠡ ᠭᠡᠵᠦ ᠪᠤᠳᠣᠭᠰᠠᠨ᠂ ᠤᠯᠤᠰ ᠲᠥᠷᠥ ᠶᠢ ᠡᠷᠬᠢᠮᠯᠡᠨ ᠵᠠᠷᠴᠢᠮ ᠢ ᠪᠠᠷᠢᠮᠲᠠᠯᠠᠳᠠᠭ ᠬᠥᠮᠥᠰ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡᠨ ᠳᠤ ᠣᠷᠣᠭᠤᠯᠵᠤ ᠠᠪᠴᠢᠷᠠᠨ᠂ ᠨᠥᠬᠦᠴᠡᠯ ᠳᠤ ᠨᠡᠶᠢᠴᠡᠭᠰᠡᠨ ᠵᠠᠰᠠᠭ ᠵᠠᠬᠢᠷᠭᠠᠨ ᠤ ᠬᠠᠷᠢᠴᠠᠩᠭᠤᠶ ᠬᠥᠮᠥᠰ ᠨᠢ ᠴᠥᠮ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠳᠤ ᠰᠠᠨᠠᠭᠠᠴᠢᠯᠠᠭ᠎ᠠ ᠠᠴᠠ ᠪᠠᠨ ᠰᠤᠩᠭᠤᠨ ᠤᠷᠢᠭᠳᠠᠬᠤ ᠪᠠᠷ ᠭᠤᠶᠤᠴᠢᠯᠠᠵᠤ ᠪᠣᠯᠣᠨ᠎ᠠ᠃      ᠬᠥᠲᠥᠯᠥᠭᠴᠢ᠄      ᠴᠢᠶᠣᠤ ᠡᠷᠬᠢᠯᠡᠭᠴᠢ ᠡ᠂ ᠲᠡᠭᠡᠪᠡᠯ ᠶᠠᠮᠠᠷ ᠶᠠᠮᠠᠷ ᠪᠣᠳᠠᠲᠠᠶ ᠰᠤᠩᠭᠤᠨ ᠤᠷᠢᠬᠤ ᠠᠷᠭ᠎ᠠ ᠮᠠᠶ᠋ᠢᠭ ᠪᠠᠶᠢᠬᠤ ᠪᠤᠢ︖      ᠴᠢᠶᠣᠤ ᠰᠢᠨ᠄      ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠬᠡᠷ ᠤᠨ  ᠥᠪᠥᠷ ᠵᠠᠰᠠᠭ ᠬᠠᠣᠯᠢ ᠲᠠᠷᠬᠠᠭᠠᠭᠰᠠᠨ ﹇2017﹈ 39 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ ᠤᠷᠢᠬᠤ ᠠᠵᠢᠯ ᠢ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠠᠴᠠ ᠪᠣᠳᠠᠲᠠᠶ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠎ ᠬᠢᠨ ᠬᠠᠷᠢᠭᠤᠴᠠᠵᠤ᠂ ᠱᠠᠳᠤ ᠳᠠᠷᠠᠭᠠᠯᠠᠨ ᠳᠡᠭᠡᠭᠰᠢ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠠᠵᠢᠯ ᠤᠨ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠤᠩᠭᠤᠨ ᠤᠷᠢᠬᠤ  ᠳᠤ  ᠢᠯᠡ ᠲᠣᠳᠣ᠂ ᠲᠥᠪ ᠭᠤᠣᠯᠴᠢ᠂ ᠰᠢᠯᠢᠳᠡᠭ ᠢ ᠨᠢ ᠰᠢᠯᠢᠵᠦ ᠤᠷᠢᠬᠤ ᠵᠠᠷᠴᠢᠮ ᠢ ᠪᠠᠷᠢᠮᠲᠠᠯᠠᠨ᠂ 5 ᠳ᠋ᠤᠭᠠᠷ ᠰᠠᠷ᠎ᠠ ᠶᠢᠨ 15᠎ ᠤ ᠡᠳᠦᠷ ᠠᠴᠠ ᠡᠬᠢᠯᠡᠵᠦ 8 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠳᠠᠭᠤᠰᠴᠤ᠂ ᠵᠠᠷᠯᠠᠨ ᠮᠡᠳᠡᠭᠳᠡᠬᠦ᠂ ᠮᠡᠳᠡᠭᠦᠯᠬᠦ ᠪᠠ ᠬᠢᠨᠠᠨ ᠬᠠᠷᠭᠤᠭᠤᠯᠬᠤ᠂ ᠨᠡᠶᠢᠲᠡ ᠳᠤ ᠵᠠᠷᠯᠠᠬᠤ᠂ ᠤᠷᠢᠨ ᠲᠣᠮᠢᠯᠠᠬᠤ ᠵᠡᠷᠭᠡ ᠳᠥᠷᠪᠡᠨ ᠠᠯᠬᠤᠮ ᠢᠶᠠᠷ ᠶᠠᠪᠤᠭᠳᠠᠭᠤᠯᠤᠨ᠎ᠠ᠃      ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠎ ᠨᠢ ᠰᠣᠨᠢᠨ ᠮᠡᠳᠡᠭᠡ᠂ ᠲᠧᠯᠸᠢᠰ᠂ ᠷᠠᠳᠢᠣ᠋᠂ ᠰᠦᠯᠵᠢᠶ᠎ᠡ ᠵᠡᠷᠭᠡ ᠪᠠᠷ ᠳᠠᠮᠵᠢᠭᠤᠯᠤᠨ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠡᠯᠰᠡᠬᠦ ᠠᠵᠢᠯ ᠤᠨ  ᠠᠯᠪᠠᠨ ᠵᠠᠷ ᠢ ᠨᠡᠶᠢᠭᠡᠮ ᠎ ᠳᠤ ᠨᠡᠶᠢᠲᠡᠯᠡᠵᠦ᠂ ᠨᠥᠬᠦᠴᠡᠯ᠂ ᠱᠠᠭᠠᠷᠳᠠᠯᠭ᠎ᠠ᠂ ᠴᠠᠭ ᠬᠤᠭᠤᠴᠠᠭ᠎ᠠ᠂ ᠬᠠᠷᠢᠯᠴᠠᠬᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ ᠵᠦᠢᠯᠡᠰ ᠪᠣᠯᠣᠨ ᠴᠤᠪᠤᠷᠠᠯ ᠢ ᠲᠤᠲᠤᠷᠬᠠᠶᠢᠯᠠᠨ᠎ᠠ᠃ ᠠᠯᠪᠠᠨ ᠵᠠᠷ ᠢ ᠦᠵᠡᠭᠡᠳ ᠰᠤᠩᠭᠤᠨ ᠤᠷᠢᠬᠤ ᠠᠵᠢᠯᠯᠠᠭ᠎ᠠ ᠳᠤ ᠣᠷᠣᠯᠴᠠᠬᠤ ᠰᠠᠨᠠᠭ᠎ᠠ ᠲᠠᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠥᠰ ᠥᠪᠡᠷ ᠢ ᠪᠠᠨ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠥᠪᠡᠰᠦᠪᠡᠨ ᠮᠡᠳᠡᠭᠦᠯᠵᠦ ᠪᠣᠯᠣᠨ᠎ᠠ᠂ ᠱᠠᠭᠠᠷᠳᠠᠯᠭ᠎ᠠ ᠪᠣᠯᠤᠨ ᠴᠠᠭ ᠬᠤᠭᠤᠴᠠᠭ᠎ᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠤᠳ ᠢᠶᠠᠨ ᠮᠡᠳᠡᠭᠦᠯᠦᠨ ᠬᠦᠷᠭᠡᠨ᠎ᠡ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠰᠣᠩᠭᠤᠨ ᠤᠷᠢᠬᠤ ᠨᠥᠬᠦᠴᠡᠯ᠂ ᠱᠠᠭᠠᠷᠳᠠᠯᠭ᠎ᠠ ᠶᠣᠰᠣᠭᠠᠷ᠂ ᠰᠤᠩᠭᠤᠨ ᠤᠷᠢᠯᠲᠠ ᠳᠤ ᠣᠷᠣᠯᠴᠠᠬᠤ ᠬᠥᠮᠥᠰ ᠢ ᠬᠢᠨᠠᠨ ᠪᠠᠶᠢᠴᠠᠭᠠᠵᠤ᠂ ᠲᠤᠬᠠᠶ ᠶᠢᠨ ᠭᠠᠵᠠᠷ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢ 100 ᠨᠡᠷᠡᠰ ᠠᠴᠠ ᠢᠯᠡᠭᠦᠦ ᠰᠤᠩᠭᠤᠵᠤ ᠭᠠᠷᠭᠠᠨ᠎ᠠ᠃      ᠬᠦᠲᠦᠯᠦᠭᠴᠢ᠄      ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠤᠭᠤᠳ ᠠᠵᠢᠯ ᠤᠨ ᠪᠠᠶᠢᠷᠢ ᠳᠤ ᠬᠡᠷᠬᠢᠨ ᠭᠠᠷᠳᠠᠭ ᠢ ᠶᠠᠷᠢᠭᠠᠳ ᠦᠭᠭᠦᠨ᠎ᠡ ᠤᠤ︖ ᠲᠤᠰᠢᠶᠠᠯ ᠤᠨ ᠬᠤᠭᠤᠴᠠᠭ᠎ᠠ ᠨᠢ ᠬᠡᠳᠦᠢ ᠤᠷᠲᠤ ᠪᠠᠶᠢᠳᠠᠭ ᠪᠤᠢ︖      ᠴᠢᠶᠤᠤ ᠰᠢᠨ᠄      ᠡᠨᠡ ᠤᠳᠠᠭᠠᠨ ᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢ ᠰᠤᠩᠭᠤᠨ ᠤᠷᠢᠬᠤ ᠠᠵᠢᠯ ᠨᠢ ᠭᠤᠤᠯᠳᠠᠭᠤ ᠤᠷᠢᠵᠤ ᠡᠯᠰᠡᠬᠦ ᠳᠤ ᠤᠷᠤᠯᠴᠠᠬᠤ ᠠᠵᠢᠯᠲᠠᠳ ᠦᠪᠡᠷ ᠤᠨ ᠪᠡᠶ᠎ᠡ ᠪᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠵᠤ᠂ ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠪᠠᠰᠠ ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠰᠦᠯᠵᠢᠶᠡᠨ ᠦᠷᠲᠡᠭᠡ᠂ ᠰᠤᠨᠢᠨ ᠵᠡᠷᠭᠡ ᠵᠠᠭᠤᠴᠢᠯᠠᠭᠤᠷ ᠳᠡᠭᠡᠷ᠎ᠡ ᠤᠷᠢᠵᠤ ᠡᠯᠰᠡᠬᠦ ᠪᠠᠷ ᠪᠠᠶᠢᠭ᠎ᠠ ᠠᠵᠢᠯᠲᠠᠳ ᠢ ᠨᠡᠶᠢᠭᠡᠮ ᠳᠤ 10 ᠡᠳᠦᠷ ᠢᠯᠡ ᠪᠠᠷ ᠨᠡᠶᠢᠲᠡᠯᠡᠨ᠎ᠡ᠃ ᠬᠡᠷᠪᠡ ᠤᠷᠢᠵᠤ ᠡᠯᠰᠡᠬᠦ ᠪᠠᠷ ᠪᠠᠶᠢᠭ᠎ᠠ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠤᠨᠳᠤᠤ ᠰᠠᠨᠠᠯ ᠦᠭᠡᠢ ᠪᠤᠯ ᠦᠨᠡᠮᠯᠡᠯ ᠤᠯᠭᠤᠵᠤ᠂ ᠦᠨᠡᠮᠯᠡᠯ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠠᠵᠢᠯ ᠤᠨ ᠪᠠᠶᠢᠷᠢ ᠳᠤ ᠭᠠᠷᠴᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ ᠪᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠤᠷᠢᠨ ᠲᠤᠮᠢᠯᠠᠬᠤ ᠳᠦᠷᠢᠮ ᠢ ᠬᠡᠷᠡᠭᠵᠢᠬᠦᠯᠵᠤ᠂ ᠲᠤᠰᠢᠶᠠᠯ ᠤᠨ ᠬᠤᠭᠤᠴᠠᠭ᠎ᠠ ᠨᠢ 3 ᠵᠢᠯ ᠪᠤᠯᠤᠨ᠎ᠠ᠃ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠤᠷᠢᠬᠤ ᠴᠢᠬᠤᠯᠠᠲᠠᠢ ᠪᠤᠯ᠂ ᠱᠠᠭᠠᠷᠳᠠᠯᠭ᠎ᠠ ᠪᠤᠯᠤᠨ ᠳᠡᠰ ᠳᠠᠷᠠᠭᠠᠯᠠᠯ ᠶᠤᠰᠤᠭᠠᠷ ᠳᠠᠬᠢᠨᠲᠠ ᠬᠦᠢᠴᠡᠳᠭᠡᠨ᠎ᠡ᠃ ᠬᠤᠭᠤᠴᠠᠭ᠎ᠠ ᠨᠢ ᠲᠤᠯᠤᠭᠠᠳ ᠦᠷᠭᠦᠯᠵᠢᠯᠡᠨ ᠤᠷᠢᠬᠤ ᠦᠭᠡᠢ ᠪᠤᠯ ᠠᠶᠠᠨᠳᠠᠭᠠᠨ ᠠᠵᠢᠯᠯᠠᠭᠤᠯᠬᠤ ᠪᠠᠨ ᠪᠤᠯᠢᠨ᠎ᠡ᠃      ᠬᠦᠲᠦᠯᠦᠭᠴᠢ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠭᠤᠤᠯᠳᠠᠭᠤ ᠶᠠᠮᠠᠷ ᠠᠵᠢᠯ ᠡᠷᠬᠢᠯᠡᠳᠡᠭ ᠪᠤᠢ︖ ᠶᠠᠮᠠᠷ ᠬᠦ ᠦᠢᠯᠡᠳᠦᠯ ᠲᠠᠢ ᠪᠠᠶᠢᠳᠠᠭ ᠪᠤᠢ︖      ᠴᠢᠶᠤᠤ ᠰᠢᠨ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠤᠭᠤᠳ ︽ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾᠎ ᠲᠠᠢ ᠪᠠᠶᠢᠵᠤ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢ ᠬᠠᠮᠵᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯ ᠢ ᠦᠷᠨᠢᠬᠦᠯᠳᠡᠭ᠃      ︵ᠨᠢᠭᠡ︶ ᠬᠢᠨᠠᠯᠲᠠ ᠲᠠᠯᠪᠢᠬᠤ ᠤᠷᠤᠨ ᠪᠦᠰᠡ ᠶᠢᠨ ᠬᠦᠷᠢᠶ᠎ᠡ ᠬᠡᠪᠴᠢᠶ᠎ᠡ ᠶᠤᠰᠤᠭᠠᠷ᠂ ᠦᠨᠡᠮᠯᠡᠯ ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤᠮᠳᠠ ᠤᠷᠤᠰᠢᠵᠤ ᠪᠠᠶᠢᠭ᠎ᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠲᠤᠰᠬᠠᠨ᠎ᠠ︔      ︵ᠬᠤᠶᠠᠷ︶ ᠦᠨᠡᠮᠯᠡᠯ ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ ᠴᠢᠩᠭᠠᠳᠭᠠᠬᠤ ᠪᠠ ᠰᠠᠶᠢᠵᠢᠷᠠᠭᠤᠯᠬᠤ ᠰᠠᠨᠠᠯ ᠪᠤᠯᠤᠨ ᠰᠠᠨᠠᠭᠤᠯᠭ᠎ᠠ ᠳᠤᠷᠠᠳᠤᠨ᠎ᠠ︔      ︵ᠭᠤᠷᠪᠠ︶ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠳᠤ ᠤᠷᠤᠯᠴᠠᠨ᠎ᠠ᠃      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠠᠤᠯᠢ ᠠᠴᠠ ᠵᠦᠷᠢᠴᠡᠭᠰᠡᠨ ᠬᠡᠷᠡᠭ ᠤᠨ ᠰᠢᠵᠢᠮ ᠢ ᠬᠠᠨᠭ᠍ᠭᠠᠬᠤ ᠪᠠ ᠬᠠᠤᠯᠢ ᠬᠡᠷᠡᠭᠵᠢᠬᠦᠯᠬᠦ ᠠᠵᠢᠯ ᠢ ᠴᠢᠩᠭᠠᠳᠬᠠᠵᠤ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠡᠷᠭᠡ ᠪᠠᠨ ᠬᠡᠷᠡᠭᠵᠢᠬᠦᠯᠬᠦ ᠪᠠᠷ ᠳᠠᠮᠵᠢᠭᠤᠯᠤᠨ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠤᠨ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠤᠯᠵᠤ ᠮᠡᠳᠡᠬᠦ ᠶᠢᠨ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ ᠵᠢᠷᠤᠮᠵᠢᠭᠤᠯᠵᠤ᠂ ᠬᠠᠤᠯᠢ ᠬᠡᠷᠡᠭᠵᠢᠬᠦᠯᠬᠦ ᠳᠡᠰ ᠳᠠᠷᠠᠭᠠᠯᠠᠯ ᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠷᠠᠯᠲᠠ ᠪᠤᠯᠤᠨ ᠱᠠᠭᠠᠷᠳᠠᠯᠭ᠎ᠠ ᠶᠢ ᠪᠡᠶᠡᠯᠡᠬᠦᠯᠦᠨ᠎ᠡ᠃ ᠡᠬᠦᠨ ᠤ ᠬᠠᠮᠲᠤ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠴᠠᠭᠠᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠡᠷᠡᠭ ᠤᠨ ᠳᠠᠩᠰᠠ ᠡᠪᠬᠡᠮᠡᠯ ᠤᠨ ᠦᠨᠡᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠶᠢ ᠡᠷᠬᠢᠯᠡᠬᠦ ᠳᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠵᠤ ᠤᠷᠤᠯᠴᠠᠭᠤᠯᠵᠤ ᠪᠤᠯᠤᠨ᠎ᠠ᠂ ᠡᠨᠡ ᠨᠢ  ᠤᠬᠠᠭᠤᠯᠬᠤ ᠪᠠ ᠬᠢᠨᠠᠯᠲᠠ ᠲᠠᠯᠪᠢᠬᠤ ᠦᠢᠯᠡᠳᠦᠯ ᠢ ᠭᠠᠷᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠤᠯ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠳᠤᠮᠳᠠ ᠠᠴᠠ ᠢᠷᠡᠭᠰᠡᠨ ᠪᠤᠯᠬᠤᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠳᠤ ᠤᠷᠤᠯᠴᠠᠬᠤ ᠨᠢ ᠪᠠᠰᠠ ᠵᠠᠰᠠᠭ ᠤᠨ ᠤᠷᠳᠤᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠳᠠᠬᠢ ᠨᠢᠭᠡ ᠵᠦᠢᠯ ᠤᠨ ᠤᠬᠠᠭᠤᠯᠭ᠎ᠠ ᠪᠤᠯᠤᠨ ᠬᠦᠯᠢᠶᠡᠯᠲᠡ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠢ ᠤᠶᠢᠯᠠᠭᠠᠭᠤᠯᠵᠤ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠴᠤ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠠᠵᠢᠯ ᠤᠨ ᠲᠤᠬᠠᠢ ᠰᠠᠨᠠᠭᠤᠯᠭ᠎ᠠ ᠶᠢ ᠰᠤᠨᠤᠰᠴᠤ᠂ ᠠᠵᠢᠯ ᠤᠨ ᠲᠠᠯ᠎ᠠ ᠪᠠᠷ ᠬᠢ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠨᠦᠬᠦᠪᠦᠷᠢᠯᠡᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠬᠦᠯᠬᠦ ᠪᠤᠯᠤᠨ᠎ᠠ᠃      ᠬᠦᠲᠦᠯᠦᠭᠴᠢ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠬᠦᠯᠦᠰᠦ ᠤᠯᠭᠤᠮᠵᠢ ᠎ ᠲᠠᠢ ᠤᠤ︖ ᠬᠢᠨᠠᠯᠲᠠ ᠲᠠᠯᠪᠢᠭᠴᠢ ᠨᠢᠭᠡᠪᠦᠷᠢ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠬᠦ ᠶᠢ ᠪᠠᠲᠤᠯᠠᠵᠤ ᠴᠢᠳᠠᠨ᠎ᠠ ᠤᠤ︖      ᠴᠢᠶᠤᠤ ᠰᠢᠨ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠰᠠᠯᠤᠩᠬᠢᠳᠠ ᠠᠵᠢᠯᠯᠠᠬᠤ ᠪᠠ ᠲᠦᠪᠯᠡᠷᠡᠬᠦᠯᠦᠨ ᠠᠵᠢᠯᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠤᠮ ᠤᠨ ᠬᠢᠨᠠᠯᠲᠠ ᠲᠠᠯᠪᠢᠯᠲᠠ ᠤᠴᠢᠷ ᠠᠴᠠ᠂ ᠠᠵᠢᠯ ᠤᠨ ᠬᠦᠯᠦᠰᠦ ᠤᠯᠭᠤᠮᠵᠢ ᠦᠭᠡᠢ ᠶᠤᠮ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠳᠡᠭᠡᠨ᠂ ᠤᠷᠢᠳᠠᠪᠠᠷ ︽ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾᠎ ᠢᠶᠠᠨ ᠭᠠᠷᠭᠠᠵᠤ ᠦᠪᠡᠷ ᠤᠨ ᠪᠡᠶ᠎ᠡ ᠪᠠᠨ ᠮᠡᠳᠡᠭᠦᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠬᠡᠷᠡᠭᠵᠢᠬᠦᠯᠬᠦ ᠠᠵᠢᠯᠲᠠᠨ ᠤ ᠬᠠᠤᠯᠢ ᠬᠡᠷᠡᠭᠵᠢᠬᠦᠯᠬᠦ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠤᠯᠤᠨ ᠪᠤᠳᠠᠲᠠᠢ ᠵᠦᠢᠯᠡᠰ ᠢ ᠨᠠᠷᠢᠨ ᠪᠤᠳᠠᠲᠠᠢ ᠲᠡᠮᠳᠡᠭᠯᠡᠬᠦ ᠶᠢᠨ ᠬᠠᠮᠲᠤ᠂ ᠦᠨᠡᠮᠯᠡᠯ ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠬᠦᠯᠦᠨ᠎ᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢᠭᠡᠪᠦᠷᠢ ᠶᠢ ᠡᠬᠦᠷᠬᠡ ᠎ ᠪᠠᠨ ᠬᠦᠢᠴᠡᠳᠭᠡᠵᠤ ᠬᠠᠷᠢᠭᠤᠴᠠᠯᠭ᠎ᠠ ᠪᠠᠨ ᠪᠡᠶᠡᠯᠡᠬᠦᠯᠬᠦ ᠪᠠᠷ ᠱᠠᠭᠠᠷᠳᠠᠬᠤ ᠳᠤ᠂ ᠬᠠᠮᠤᠭ ᠤᠨ ᠲᠡᠷᠢᠬᠦᠨ ᠳᠤ ᠰᠤᠩᠭᠤᠨ ᠤᠷᠢᠬᠤ ᠠᠵᠢᠯᠯᠠᠭ᠎ᠠ ᠶᠢ ᠡᠬᠢᠯᠡᠬᠦᠯᠬᠦ ᠦᠶ᠎ᠡ ᠳᠤ ᠳᠠᠷᠤᠢ ᠠᠵᠢᠯ ᠢᠶᠠᠨ ᠬᠦᠢᠴᠡᠳ ᠰᠠᠶᠢᠲᠤᠷ ᠬᠢᠭᠰᠡᠨ ᠪᠠᠶᠢᠬᠤ ᠬᠡᠷᠡᠭᠲᠠᠢ᠃ ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠤᠭᠤᠳ ᠲᠤᠬᠠᠢ ᠶᠢᠨ ᠭᠠᠵᠠᠷ ᠤᠨ ᠢᠶᠠᠨ ᠰᠤᠨᠢᠨ ᠮᠡᠳᠡᠭᠡ ᠵᠠᠭᠤᠴᠢᠯᠠᠭᠤᠷ ᠳᠡᠭᠡᠷ᠎ᠡ᠂ ︽ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ︾᠎ ᠶᠢ ᠰᠤᠩᠭᠤᠨ ᠤᠷᠢᠬᠤ ᠠᠵᠢᠯᠯᠠᠭ᠎ᠠ ᠶᠢ ᠦᠷᠭᠡᠨ ᠢᠶᠠᠷ ᠤᠬᠠᠭᠤᠯᠵᠤ᠂ ᠨᠡᠶᠢᠭᠡᠮ ᠳᠤ ᠦᠷᠭᠡᠨ ᠢᠶᠠᠷ ᠮᠡᠳᠡᠬᠦᠯᠵᠤ᠂ ︽ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ︾᠎ ᠶᠢ ᠰᠤᠩᠭᠤᠨ ᠤᠷᠢᠬᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ᠂ ᠰᠠᠨᠠᠭᠠᠴᠢᠯᠠᠭ᠎ᠠ ᠠᠴᠠ ᠪᠠᠨ ᠤᠷᠤᠯᠴᠠᠭᠤᠯᠵᠤ᠂ ᠰᠤᠩᠭᠤᠨ ᠤᠷᠢᠬᠤ ᠨᠦᠬᠦᠴᠡᠯ ᠳᠤ ᠦᠨᠡᠨᠬᠦ ᠨᠡᠶᠢᠴᠡᠬᠦ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯ ᠳᠤ ᠬᠠᠯᠠᠭᠤᠨ ᠰᠡᠳᠬᠢᠯ ᠲᠠᠢ ᠠᠵᠢᠯᠲᠠᠨ ᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡ ᠳᠤ ᠤᠷᠤᠭᠤᠯᠤᠨ ᠠᠪᠴᠢᠷᠠᠨ᠎ᠠ᠃ ᠳᠠᠷᠠᠭ᠎ᠠ ᠳᠤᠨᠢ ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠨᠦᠬᠦᠴᠡᠯ ᠶᠤᠰᠤᠭᠠᠷ ᠬᠢᠨᠠᠨ ᠬᠠᠷᠭᠤᠭᠤᠯᠬᠤ ᠭᠤᠭᠴᠤᠭ᠎ᠠ ᠶᠢ ᠰᠠᠶᠢᠲᠤᠷ ᠠᠳᠬᠤᠵᠤ᠂ ᠰᠤᠩᠭᠤᠨ ᠤᠷᠢᠬᠤ ᠠᠵᠢᠯᠯᠠᠭ᠎ᠠ ᠶᠢ ᠶᠠᠪᠤᠭᠳᠠᠭᠤᠯᠵᠤ᠂ ᠪᠦᠬᠦ ᠶᠠᠪᠤᠴᠠ ᠶᠢ ᠢᠯᠡ ᠲᠤᠳᠤ᠂ ᠲᠦᠪ ᠭᠤᠤᠯᠴᠢ᠂ ᠡᠮᠬᠢ ᠵᠢᠷᠤᠮ ᠲᠠᠢ ᠪᠠᠶᠢᠯᠭᠠᠵᠤ᠂ ᠤᠷᠢᠨ ᠵᠠᠯᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠪᠡᠶᠡᠴᠢ ᠪᠤᠰᠤᠳᠴᠢ ᠨᠦᠬᠦᠴᠡᠯ ᠤᠨ ᠲᠠᠯ᠎ᠠ ᠪᠠᠷ ᠴᠦᠮ ᠰᠤᠩᠭᠤᠨ ᠤᠷᠢᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠠᠢ᠂ ᠳᠠᠷᠤᠢ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠵᠦᠪᠬᠡᠨ ᠪᠡᠶᠡᠴᠢ ᠲᠠᠯ᠎ᠠ ᠪᠠᠷ ᠢᠶᠠᠨ ᠰᠠᠶᠢᠨ ᠳᠤᠷ᠎ᠠ ᠶᠢᠨ ᠰᠠᠨᠠᠭᠠᠴᠢᠯᠠᠭ᠎ᠠ ᠠᠴᠠ ᠪᠠᠨ ᠪᠤᠯᠤᠭᠠᠳ ᠪᠤᠯᠬᠤ ᠪᠢᠰᠢ᠂ ᠪᠤᠰᠤᠳᠴᠢ ᠲᠠᠯ᠎ᠠ ᠪᠠᠷ ᠢᠶᠠᠨ ᠪᠠᠰᠠ ᠰᠤᠩᠭᠤᠨ ᠤᠷᠢᠬᠤ ᠨᠦᠬᠦᠴᠡᠯ ᠳᠤ ᠨᠡᠶᠢᠴᠡᠵᠤ ᠵᠤᠬᠢᠬᠤ ᠬᠡᠪ ᠪᠤᠯᠪᠠᠰᠤᠷᠠᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠠᠢ᠃ ᠡᠶᠢᠮᠦᠷᠬᠦᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠤᠯ ᠯᠠᠪᠲᠠᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠠᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢᠨ ᠬᠢᠨᠠᠯᠲᠠ ᠶᠢ ᠴᠢᠩᠭᠠᠳᠬᠠᠬᠤ ᠦᠢᠯᠡᠳᠦᠯ ᠢ ᠪᠠᠳᠠᠷᠠᠭᠤᠯᠵᠤ ᠴᠢᠳᠠᠨ᠎ᠠ᠃      ᠬᠠᠮᠤᠭ ᠰᠡᠭᠦᠯ ᠳᠤᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠥᠭᠡᠢ ᠪᠠᠶᠢᠪᠠᠯ ᠥᠪᠥᠷ ᠵᠠᠰᠠᠭ ᠬᠠᠤᠯᠢ ᠲᠠᠷᠬᠠᠭᠠᠭᠰᠠᠨ [ 2017 ]39 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠶᠣᠰᠣᠭᠠᠷ᠂ ᠬᠢᠨᠠᠯᠲᠠ ᠲᠠᠯᠪᠢᠭᠴᠢ ᠶᠢ ᠤᠷᠢᠳᠴᠢᠯᠠᠨ ᠤᠷᠢᠬᠤ ᠪᠠᠨ ᠪᠣᠯᠢᠨ᠎ᠠ᠂ ᠪᠣᠳᠠᠲᠠᠶ ᠵᠢᠷᠭᠤᠭᠠᠨ ᠵᠦᠢᠯ ᠤᠨ ᠪᠠᠶᠢᠳᠠᠯ ᠪᠠᠶᠢᠨ᠎ᠠ᠄      1. ᠡᠷᠡᠭᠦᠦ ᠶᠢᠨ ᠰᠢᠳᠬᠡᠯ ᠪᠤᠶᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ  ᠠᠴᠠ ᠵᠥᠷᠢᠴᠡᠵᠦ ᠵᠠᠰᠠᠭ ᠵᠠᠬᠢᠷᠭᠠᠨ ᠤ ᠰᠢᠳᠬᠡᠯ ᠣᠯᠣᠭᠰᠠᠨ︔      2. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠥᠯᠥ ᠭᠦᠢᠴᠡᠳᠬᠡᠭᠰᠡᠨ︔      3. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢ ᠬᠠᠤᠯᠢ ᠪᠤᠰᠤ ᠪᠠᠷ ᠬᠡᠷᠡᠭᠵᠢᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢ ᠠᠰᠢᠭᠯᠠᠨ   ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠭᠰᠡᠨ︔      4. ᠠᠵᠢᠯ ᠤᠨ ᠲᠣᠬᠢᠷᠠᠭᠤᠯᠤᠯᠲᠠ᠂ ᠡᠷᠡᠭᠦᠯ ᠮᠡᠡᠳᠦ ᠶᠢᠨ ᠪᠠᠶᠢᠳᠠᠯ ᠵᠡᠷᠭᠡ ᠰᠢᠯᠲᠠᠭᠠᠨ ᠠᠴᠠ ᠪᠤᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠶᠢ ᠦᠷᠭᠦᠯᠵᠢᠯᠡᠨ ᠡᠭᠦᠷᠭᠡᠯᠡᠬᠦ ᠳᠤ ᠲᠣᠬᠢᠷᠠᠮᠵᠢ ᠦᠭᠡᠢ ᠪᠣᠯᠤᠭᠰᠠᠨ ︔      5. ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾᠎ ᠢ  ᠪᠤᠰᠤᠳ ᠲᠤ ᠵᠢᠭᠡᠯᠡᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠤᠰᠤ ᠠᠵᠢᠯᠯᠠᠭ᠎ᠠ ᠳᠤ ᠬᠡᠷᠡᠭᠯᠡᠭᠰᠡᠨ︔      6. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠶᠢ ᠦᠷᠭᠦᠯᠵᠢᠯᠡᠨ ᠡᠭᠦᠷᠭᠡᠯᠡᠬᠦ ᠳᠤ ᠲᠣᠬᠢᠷᠠᠮᠵᠢ ᠦᠭᠡᠢ ᠪᠣᠯᠣᠭᠰᠠᠨ ᠪᠤᠰᠤᠳ ᠪᠠᠶᠢᠳᠠᠯ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠬᠤ ᠪᠠᠨ ᠪᠤᠯᠢᠭᠰᠠᠨ ᠪᠠᠶᠢᠪᠠᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠵᠠᠷᠯᠠᠨ ᠨᠡᠶᠢᠲᠡᠯᠡᠬᠦ ᠬᠡᠷᠡᠭᠲᠡᠢ᠃      ᠬᠥᠲᠥᠯᠥᠭᠴᠢ᠄      ᠲᠡᠭᠡᠪᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠬᠡᠨ ᠬᠢᠨᠠᠯᠲᠠ ᠲᠠᠯᠪᠢᠬᠤ ᠪᠣᠢ︖      ᠴᠢᠶᠣᠤ ᠰᠢᠨ᠄      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠬᠢᠨᠠᠯᠲᠠ ᠲᠠᠯᠪᠢᠬᠤ ᠳᠤ ︽ᠬᠡᠨ ᠰᠤᠩᠭᠤᠨ ᠤᠷᠢᠭᠰᠠᠨ ᠪᠣᠯ ᠬᠡᠨ ᠬᠠᠮᠢᠶᠠᠷᠬᠤ︾ ᠵᠠᠷᠴᠢᠮ ᠶᠣᠰᠣᠭᠠᠷ᠂ ᠦᠨᠡᠮᠯᠡᠯ ᠣᠯᠭᠤᠭᠰᠠᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠳᠦᠷ ᠲᠤᠲᠤᠮ ᠤᠨ ᠬᠠᠷᠢᠯᠴᠠᠬᠤ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠬᠤ ᠪᠠ ᠰᠠᠶᠢᠲᠤᠷ ᠬᠠᠳᠠᠭᠠᠯᠠᠨ ᠬᠠᠮᠢᠶᠠᠷᠴᠤ᠂ ᠡᠳᠦᠷ ᠲᠤᠳᠤᠮ ᠤᠨ ᠠᠵᠢᠯ ᠤᠨ ᠮᠡᠳᠡᠭᠡ ᠵᠠᠩᠭᠢ᠂ ᠠᠵᠢᠯᠲᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠠᠬᠢ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨᠦᠰ ᠢ ᠰᠠᠨᠠᠭᠠᠴᠢᠯᠠᠭ᠎ᠠ ᠲᠠᠢ ᠪᠠᠷ ᠬᠢᠨᠠᠯᠲᠠ ᠲᠠᠯᠪᠢᠬᠤ ᠪᠠᠷ ᠰᠢᠮᠳᠠᠭᠤᠯᠵᠤ ᠂ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢ ᠬᠠᠮᠵᠢᠵᠤ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠵᠦ᠂ ᠵᠢᠱᠢᠭᠰᠡᠨ ᠵᠣᠷᠢᠯᠭ᠎ᠠ ᠳᠠᠭᠠᠨ ᠬᠦᠷᠦᠨ᠎ᠡ᠃      ᠪᠠᠰᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠳᠠᠲᠠᠶ ᠠᠵᠢᠯᠯᠠᠭ᠎ᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠩ ᠲᠡᠷᠢᠭᠦᠨ ᠳᠤ ᠦᠨᠡᠮᠯᠡᠯ ᠢᠶᠠᠨ ᠦᠵᠡᠭᠦᠯᠦᠨ ᠬᠠᠤᠯᠢ ᠬᠡᠷᠡᠭᠵᠢᠭᠦᠯᠵᠦ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠬᠤ ᠬᠡᠷᠡᠭᠲᠡᠢ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾᠎ ᠤᠨ ᠵᠥᠪ ᠲᠠᠯ᠎ᠠ ᠳᠤ ᠬᠢᠨᠠᠯᠲᠠ ᠲᠠᠯᠪᠢᠭᠴᠢ ᠶᠢᠨ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠨᠡᠷ᠎ᠡ᠂ ᠰᠡᠭᠦᠳᠡᠷ᠂ ᠬᠦᠢᠰᠦ᠂ ᠦᠨᠳᠦᠰᠦᠲᠡᠨ᠂ ᠬᠢᠨᠠᠯᠲᠠ ᠲᠠᠯᠪᠢᠬᠤ ᠣᠷᠣᠨ ᠬᠡᠪᠴᠢᠶ᠎ᠡ᠂ ᠦᠨᠡᠮᠯᠡᠯ ᠣᠯᠭᠤᠭᠰᠠᠨ ᠪᠠᠶᠢᠭᠤᠯᠭ᠎ᠠ᠂ ᠬᠦᠴᠦᠨ ᠲᠠᠢ ᠬᠤᠭᠤᠴᠠᠭ᠎ᠠ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠵᠦ᠂ ᠠᠷᠤ ᠲᠠᠯ᠎ᠠ ᠳᠤᠨᠢ ᠦᠨᠡᠮᠯᠡᠯ ᠭᠠᠷᠳᠠᠬᠴᠢ ᠶᠢᠨ ᠠᠩᠬᠠᠷᠬᠤ ᠲᠦᠷᠪᠡᠨ ᠵᠦᠢᠯ ᠢ ᠲᠡᠮᠳᠡᠭᠯᠡᠵᠦ᠂ ᠡᠭᠦᠨ ᠳᠤ ᠨᠢᠭᠡᠳᠦᠭᠡᠷ ᠵᠦᠢᠯ ᠳᠤ ᠦᠨᠡᠮᠯᠡᠯ ᠭᠠᠷᠳᠠᠬᠴᠢ ᠨᠢ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂  ᠣᠷᠣᠨ ᠬᠡᠪᠴᠢᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠵᠤ ᠪᠣᠯᠬᠤ ᠤᠢᠭᠡᠢ᠃      ᠥᠭᠡᠷ᠎ᠡ ᠪᠠᠷ ᠬᠡᠯᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠬᠡᠪᠴᠢᠶ᠎ᠡ ᠶᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾᠎ ᠳᠤ ᠲᠣᠳᠣᠷᠬᠠᠶ ᠲᠡᠮᠳᠡᠭᠯᠡᠭᠰᠡᠨ ᠬᠢᠨᠠᠯᠲᠠ ᠲᠠᠯᠪᠢᠬᠤ ᠣᠷᠣᠨ ᠬᠡᠪᠴᠢᠶ᠎ᠡ ᠳᠤ ᠬᠢᠵᠠᠭᠠᠷᠯᠠᠨ᠎ᠠ᠂ ᠲᠤᠬᠠᠶᠢᠯᠠᠪᠠᠯ ××ᠬᠤᠰᠢᠭᠤ ᠰᠢᠶᠠᠨ ᠲᠣᠭᠤᠷᠢᠭ ᠭᠡᠨ᠎ᠡ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾᠎ ᠢ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠣᠯᠭᠤᠵᠤ᠂ ᠤᠷᠢᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠦᠨᠡᠮᠯᠡᠯ ᠣᠯᠭᠤᠭᠰᠠᠨ ᠪᠠᠶᠢᠭᠤᠯᠭ᠎ᠠ ᠶᠢ ᠬᠠᠪᠰᠤᠷᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤ ᠬᠡᠰᠡᠭ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠂ ᠡᠶᠢᠮᠦ ᠠᠴᠠ ᠡᠷᠬᠡᠪᠰᠢ ᠲᠣᠳᠣᠷᠬᠠᠶ ᠲᠡᠮᠳᠡᠭᠯᠡᠭᠰᠡᠨ ᠬᠢᠨᠠᠯᠲᠠ ᠲᠠᠯᠪᠢᠬᠤ ᠣᠷᠣᠨ ᠪᠦᠰᠡ ᠶᠢᠨ ᠬᠡᠪᠴᠢᠶᠡᠨ ᠳᠣᠲᠣᠷ᠎ᠠ ᠬᠡᠷᠡᠭᠵᠢᠭᠦᠯᠬᠦ ᠬᠡᠷᠡᠭᠲᠡᠶ᠃     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ ᠣᠷᠣᠨ ᠪᠦᠰᠡ ᠶᠢᠨ ᠬᠡᠪᠴᠢᠶ᠎ᠡ ᠠᠴᠠ ᠳᠠᠪᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠡᠰᠡᠪᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠡᠷᠡᠭᠵᠢᠭᠦᠯᠪᠡᠯ ᠶᠠᠮᠠᠷᠪᠠ ᠪᠠᠶᠢᠭᠤᠯᠭ᠎ᠠ ᠪᠤᠶᠤ ᠬᠤᠪᠢ ᠬᠥᠮᠦᠨ ᠴᠥᠮ ᠦᠨᠡᠮᠯᠡᠯ ᠣᠯᠭᠤᠭᠰᠠᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠎ ᠳᠤ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠵᠦ ᠪᠣᠯᠤᠨ᠎ᠠ᠂ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠪᠠᠶᠢᠴᠠᠭᠠᠨ ᠨᠤᠲᠠᠯᠠᠭᠰᠠᠨ ᠤ ᠲᠡᠷᠠᠭ᠎ᠠ ᠵᠣᠬᠢᠴᠠᠩᠭᠤᠶ ᠪᠠᠷ ᠰᠢᠢᠳᠪᠦᠷᠢᠯᠡᠬᠦ ᠬᠡᠷᠡᠭᠲᠡᠶ᠃      ᠬᠥᠲᠥᠯᠥᠭᠴᠢ᠄      ᠴᠢᠶᠣᠤ ᠡᠷᠬᠢᠯᠡᠭᠴᠢ ᠶᠢᠨ ᠲᠠᠶᠢᠯᠤᠮᠵᠢ ᠳᠤ ᠮᠠᠰᠢ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map