ᠰᠤᠷᠭᠠᠨ ᠬᠥᠮᠥᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠵᠤᠷᠭᠠᠨ ᠤ ᠬᠠᠷᠢᠭᠤᠴᠠᠯᠭᠠᠲᠠᠨ ︽ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ ᠲᠦᠷᠭᠡᠳᠬᠡᠨ ᠪᠠᠶᠢᠭᠤᠯᠵᠤ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/10/29
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠰᠤᠷᠭᠠᠨ ᠬᠥᠮᠥᠵᠢᠯ ᠤᠨ ᠶᠠᠮᠤᠨ ᠠᠴᠠ ︽ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ ᠲᠦᠷᠭᠡᠳᠬᠡᠨ ᠪᠠᠶᠢᠭᠤᠯᠵᠤ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠠᠨᠠᠯ︾ ︵ᠳᠣᠷᠣᠭᠰᠢ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠭᠡᠵᠦ ᠲᠣᠪᠴᠢᠯᠠᠨ᠎ᠠ︶ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢ ᠬᠡᠷᠡᠭᠵᠢᠭᠦᠯᠬᠦ ᠪᠠᠷ ᠲᠣᠭᠲᠠᠭᠠᠪᠠ᠃ ᠡᠭᠦᠨ ᠤ ᠲᠤᠬᠠᠢ᠂ ᠰᠤᠷᠭᠠᠨ ᠬᠥᠮᠥᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠵᠤᠷᠭᠠᠨ ᠤ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      1. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠢ︖      ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠳᠡᠭᠡᠷ᠎ᠡ᠂ ᠰᠤᠷᠭᠠᠨ ᠬᠥᠮᠥᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠣᠯᠣᠨ᠎ᠠ᠂ ᠮᠤᠷᠠᠯ ᠣᠶᠣᠨ ᠲᠠᠮᠢᠷ ᠭᠤᠸ᠎ᠠ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠪᠣᠯ ᠰᠤᠷᠭᠠᠨ ᠬᠥᠮᠥᠵᠢᠯ ᠤᠨ ᠦᠨᠳᠦᠰᠦᠨ ᠡᠭᠦᠷᠭᠡ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠨ᠂ ᠨᠡᠩ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠢ᠃ ᠵᠢᠩᠬᠢᠨᠢ ᠠᠩᠭᠢ ᠶᠢᠨ ᠰᠤᠷᠭᠠᠨ ᠬᠥᠮᠥᠵᠢᠯ ᠨᠢ ᠴᠢᠳᠠᠪᠤᠷᠢᠲᠠᠨ ᠢ ᠬᠥᠮᠥᠵᠢᠭᠦᠯᠬᠦ ᠠᠵᠢᠯ ᠳᠤ ᠰᠠᠭᠤᠷᠢ ᠪᠣᠯᠬᠤ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠃ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ ᠲᠦᠷᠭᠡᠳᠬᠡᠨ ᠪᠠᠶᠢᠭᠤᠯᠬᠤ ᠳᠤ᠂ ᠡᠷᠬᠡᠪᠰᠢ ︽ᠵᠢᠩᠬᠢᠨᠢ ᠠᠩᠭᠢ ᠶᠢᠨ ᠰᠤᠷᠭᠠᠨ ᠬᠥᠮᠥᠵᠢᠯ ᠢᠶᠠᠷ ᠦᠨᠳᠦᠰᠦ ᠪᠣᠯᠭᠠᠬᠤ︾᠎ ᠶᠢ ᠪᠠᠷᠢᠮᠲᠠᠯᠠᠵᠤ᠂ ︽ᠳᠥᠷᠪᠡ ᠶᠢ ᠪᠤᠴᠠᠭᠠᠨ ᠡᠭᠡᠭᠦᠯᠬᠦ︾᠎ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠥᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠨ᠂ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠬᠦ ᠶᠢᠨ ᠲᠥᠯᠥᠭᠡ᠂ ᠰᠤᠷᠭᠠᠨ ᠬᠥᠮᠥᠵᠢᠯ ᠤᠨ ᠶᠠᠮᠤᠨ ᠠᠴᠠ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢ ᠬᠡᠷᠡᠭᠵᠢᠭᠦᠯᠬᠦ ᠪᠠᠷ ᠲᠣᠭᠲᠠᠭᠠᠵᠠᠢ᠃      2. ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢ ᠰᠤᠳᠤᠯᠤᠨ ᠲᠣᠭᠲᠠᠭᠠᠭᠰᠠᠨ ᠶᠠᠪᠤᠴᠠ ᠶᠢ ᠲᠠᠨᠢᠯᠴᠠᠭᠤᠯᠤᠭᠠᠳ ᠥᠭᠭᠦᠨ᠎ᠡ ᠦᠦ︖ᠬᠠᠷᠢᠭᠤᠯᠲᠠ᠄ ᠨᠢᠭᠡ ᠳᠤ᠂ ᠲᠥᠪ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠪᠦᠬᠦ ᠤᠯᠤᠰ ᠤᠨ ᠰᠤᠷᠭᠠᠨ ᠬᠥᠮᠥᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠥᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠭᠠᠵᠤ᠂ ᠴᠢᠳᠠᠪᠤᠷᠢᠲᠠᠨ ᠢ ᠬᠥᠮᠥᠵᠢᠭᠦᠯᠬᠦ ᠠᠵᠢᠯ ᠤᠨ ᠲᠤᠬᠠᠢ ᠲᠥᠪ ᠪᠠ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃      ᠬᠤᠶᠠᠷ ᠲᠤ᠂ ᠪᠠᠶᠢᠴᠠᠭᠠᠯᠲᠠ ᠰᠤᠳᠤᠯᠤᠯᠲᠠ ᠶᠢ ᠭᠦᠨᠵᠡᠭᠡᠢ ᠥᠷᠨᠢᠭᠦᠯᠪᠡ᠃ ᠲᠤᠬᠠᠢ ᠶᠢᠨ ᠭᠠᠵᠠᠷ ᠲᠤ ᠨᠢ ᠪᠠᠶᠢᠴᠠᠭᠠᠯᠲᠠ ᠰᠤᠳᠤᠯᠤᠯᠲᠠ ᠬᠢᠬᠦ ᠪᠠ ᠰᠤᠷᠪᠤᠯᠵᠢ ᠪᠢᠴᠢᠭ ᠢ ᠡᠮᠬᠢᠯᠡᠨ ᠳᠢᠭᠯᠡᠬᠦ ᠪᠠᠷ ᠳᠠᠮᠵᠢᠭᠤᠯᠤᠨ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠦᠭᠰᠡᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠦ᠂ ᠴᠢᠳᠠᠪᠤᠷᠢᠲᠠᠨ ᠢ ᠰᠢᠯᠭᠠᠷᠠᠭᠤᠯᠤᠨ ᠣᠷᠣᠶᠢᠯᠠᠭᠤᠯᠬᠤ ᠰᠤᠷᠭᠠᠨ ᠬᠥᠮᠥᠵᠢᠯ ᠤᠨ ᠬᠥᠮᠥᠵᠢᠭᠦᠯᠬᠦ ᠰᠢᠷᠢᠰ ᠲᠥᠯᠥᠪᠯᠡᠭᠡ ᠶᠢᠨ ᠠᠮᠵᠢᠯᠲᠠ ᠲᠠᠢ ᠲᠤᠷᠰᠢᠯᠭ᠎ᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠬᠥᠭᠵᠢᠭᠰᠡᠨ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠦᠭᠰᠡᠨ ᠥᠭᠡᠷᠡᠴᠢᠯᠡᠯᠲᠡ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠨ᠂ ᠪᠢᠴᠢᠭ ᠮᠠᠲ᠋ᠧᠷᠢᠶᠠᠯ ᠢ ᠲᠤᠭᠤᠷᠪᠢᠬᠤ ᠰᠡᠳᠬᠢᠮᠵᠢ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃      ᠭᠤᠷᠪᠠ ᠳᠤ᠂ ᠥᠷᠭᠡᠨ ᠢᠶᠠᠷ ᠰᠠᠨᠠᠯ ᠬᠤᠷᠢᠶᠠᠪᠠ᠃ ᠰᠢᠨ᠎ᠡ ᠴᠠᠭ ᠦᠶ᠎ᠡ ᠶᠢᠨ ᠪᠦᠬᠦ ᠤᠯᠤᠰ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠠᠵᠢᠯ ᠤᠨ ᠬᠤᠷᠠᠯ᠂ ᠪᠦᠬᠦ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠲᠢᠩᠬᠢᠮ ᠭᠠᠵᠠᠷ ᠤᠨ ᠳᠠᠷᠤᠭ᠎ᠠ ᠶᠢᠨ ᠬᠤᠷᠠᠯ᠂ ᠬᠡᠰᠡᠭ ᠱᠦᠵᠢ ᠵᠠᠬᠢᠷᠤᠯ ᠤᠨ ᠶᠠᠷᠢᠯᠴᠠᠭᠠᠨ ᠤ ᠬᠤᠷᠠᠯ᠂ ᠵᠢᠭᠠᠨ ᠰᠤᠷᠭᠠᠯᠲᠠ ᠶᠢᠨ ᠵᠢᠯᠣᠭᠤᠳᠬᠤ ᠵᠥᠪᠯᠡᠯ ᠤᠨ ᠲᠤᠰᠬᠠᠢ ᠮᠡᠷᠭᠡᠵᠢᠯᠲᠡᠳ ᠤᠨ ᠰᠤᠳᠤᠯᠤᠨ ᠶᠠᠷᠢᠯᠴᠠᠬᠤ ᠬᠤᠷᠠᠯ᠂ ᠠᠺᠠᠳᠧᠮᠢᠴᠢ ᠶᠢᠨ ᠪᠣᠳᠣᠯ ᠰᠠᠨᠠᠯ ᠢᠶᠠᠨ ᠳᠡᠯᠭᠡᠨ ᠰᠣᠯᠢᠯᠴᠠᠬᠤ ᠬᠤᠷᠠᠯ᠂ ᠨᠢᠭᠡᠳᠦᠭᠡᠷ ᠹᠷᠣᠨᠲ ᠤᠨ ᠪᠠᠭᠰᠢ ᠶᠢᠨ ᠶᠠᠷᠢᠯᠴᠠᠭᠠᠨ ᠤ ᠬᠤᠷᠠᠯ ᠵᠡᠷᠭᠡ ᠶᠢ ᠬᠤᠷᠠᠯᠳᠤᠭᠤᠯᠬᠤ ᠪᠠᠷ ᠳᠠᠮᠵᠢᠭᠤᠯᠤᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ ᠲᠥᠪ ᠪᠠ ᠤᠯᠤᠰ ᠤᠨ 14 ᠪᠠᠶᠢᠭᠤᠯᠭ᠎ᠠ ᠪᠠ ᠬᠤᠯᠪᠣᠭᠳᠠᠯ ᠪᠦᠬᠦᠢ ᠨᠢᠭᠡᠴᠢ᠂ ᠶᠠᠮᠤᠨ ᠤ ᠳᠣᠲᠣᠭᠠᠳᠤ ᠶᠢᠨ 16 ᠵᠤᠷᠭᠠᠨ ᠲᠣᠪᠴᠢᠶᠠᠨ ᠤ ᠰᠠᠨᠠᠯ ᠢ ᠪᠢᠴᠢᠭ ᠤᠨ ᠬᠡᠯᠪᠡᠷᠢ ᠪᠠᠷ ᠬᠤᠷᠢᠶᠠᠪᠠ᠃ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠵᠦ᠂ ᠪᠢᠴᠢᠭ ᠮᠠᠲ᠋ᠧᠷᠢᠶᠠᠯ ᠤᠨ ᠵᠢᠩᠬᠢᠨᠢ ᠡᠬᠡ ᠨᠣᠣᠷᠠᠭ ᠢ ᠵᠠᠰᠠᠨ ᠥᠭᠡᠷᠡᠴᠢᠯᠡᠵᠦ ᠪᠦᠷᠢᠯᠳᠦᠭᠦᠯᠵᠡᠢ᠃      3.  ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢᠨ ᠶᠡᠷᠦᠩᠬᠡᠢ ᠰᠡᠳᠬᠢᠮᠵᠢ ᠶᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠨᠢᠭᠡ ᠳᠤ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠰᠢᠨ᠎ᠡ ᠴᠠᠭ ᠦᠶ᠎ᠡ ᠶᠢᠨ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ᠂ ᠣᠨᠴᠠᠭᠠᠶᠢᠯᠠᠨ ᠵᠢᠩᠬᠢᠨᠢ ᠠᠩᠭᠢ ᠶᠢᠨ ᠰᠤᠷᠭᠠᠨ ᠬᠥᠮᠥᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠴᠢᠩᠭ᠎ᠠ ᠨᠢᠭᠲᠠᠷᠠᠨ᠂ ᠰᠢᠨ᠎ᠡ ᠴᠠᠭ ᠦᠶ᠎ᠡ ᠶᠢᠨ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠬᠤᠢ ᠪᠠᠶᠢᠳᠠᠯ᠂ ᠪᠠᠶᠢᠷᠢ ᠲᠣᠭᠲᠠᠭᠠᠯᠲᠠ᠂ ᠦᠢᠯᠡᠳᠦᠯ ᠴᠢᠳᠠᠮᠵᠢ᠂ ᠪᠦᠲᠦᠴᠡ᠂ ᠪᠠᠶᠢᠷᠢᠯᠠᠭᠤᠯᠤᠯᠲᠠ ᠶᠢᠨ ᠬᠤᠪᠢᠷᠠᠯᠲᠠ ᠲᠠᠢ ᠵᠣᠬᠢᠴᠠᠯᠳᠤᠵᠤ᠂ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢ ᠪᠠᠶᠢᠭᠤᠯᠵᠤ᠂ ᠲᠡᠷᠢᠭᠦᠨ ᠤ ᠲᠤᠰᠬᠠᠢ ᠮᠡᠷᠭᠡᠵᠢᠯ ᠢ ᠴᠢᠨᠠᠷᠯᠢᠭ ᠬᠢᠵᠦ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃      ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ︽ᠳᠥᠷᠪᠡ ᠶᠢ ᠪᠤᠴᠠᠭᠠᠨ ᠡᠭᠡᠭᠦᠯᠬᠦ︾᠎ ᠶᠢ ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠬᠦ ᠶᠢᠨ ᠲᠥᠪ ᠪᠣᠯᠬᠤ ᠪᠠᠶᠢᠷᠢ ᠰᠠᠭᠤᠷᠢ ᠪᠠ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠰᠠᠭᠤᠷᠢ ᠪᠣᠯᠬᠤ ᠪᠠᠶᠢᠷᠢ ᠰᠠᠭᠤᠷᠢ ᠨᠢ ᠭᠦᠢᠴᠡᠳ ᠯᠠᠪᠳᠠᠭᠤᠨ ᠪᠤᠰᠤ᠂ ᠵᠠᠷᠢᠮ ᠰᠤᠷᠭᠠᠭᠤᠯᠢ ᠶᠢᠨ ᠤᠳᠤᠷᠢᠳᠤᠯᠭ᠎ᠠ ᠶᠢᠨ ᠣᠶᠣᠨ ᠬᠦᠴᠦᠨ᠂ ᠪᠠᠭᠰᠢ ᠨᠠᠷ ᠤᠨ ᠣᠶᠣᠨ ᠬᠦᠴᠦᠨ᠂ ᠰᠤᠷᠤᠭᠴᠢᠳ ᠤᠨ ᠣᠶᠣᠨ ᠬᠦᠴᠦᠨ᠂ ᠡᠬᠢ ᠪᠠᠶᠠᠯᠢᠭ ᠤᠨ ᠣᠷᠣᠭᠤᠯᠤᠯᠲᠠ ᠨᠢ ᠭᠦᠢᠴᠡᠳ ᠪᠤᠰᠤ᠂ ᠰᠤᠷᠭᠠᠨ ᠬᠥᠮᠥᠵᠢᠯ ᠤᠨ ᠣᠨᠣᠯᠵᠢᠬᠤᠨ ᠨᠢ ᠮᠥᠨ ᠬᠦ ᠨᠡᠯᠢᠶᠡᠳ ᠬᠤᠴᠣᠷᠤᠩᠭᠤᠢ᠂ ᠦᠨᠡᠯᠡᠯᠲᠡ ᠬᠢᠬᠦ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠤᠳᠤᠷᠢᠳᠤᠮᠵᠢ ᠳᠤ ᠠᠩᠬᠠᠷᠤᠭᠤᠯᠤᠨ ᠲᠥᠪᠯᠡᠷᠡᠭᠦᠯᠬᠦ ᠲᠠᠯ᠎ᠠ ᠪᠠᠷ ᠮᠥᠨ ᠬᠦ ᠭᠦᠢᠴᠡᠳ ᠪᠤᠰᠤ ᠵᠡᠷᠭᠡ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ︽ᠳᠥᠷᠪᠡ ᠶᠢ ᠡᠭᠡᠭᠦᠯᠦᠨ ᠪᠤᠴᠠᠭᠠᠬᠤ︾᠎ ᠪᠠᠷ ᠦᠨᠳᠦᠰᠦᠨ ᠵᠢᠷᠤᠮᠯᠠᠯ ᠪᠣᠯᠭᠠᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠥᠭᠡᠷᠡᠴᠢᠯᠡᠯᠲᠡ ᠶᠢᠨ ᠰᠡᠳᠬᠢᠮᠵᠢ ᠪᠠ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃      ᠭᠤᠷᠪᠠ ᠳᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠤᠷᠢᠳ ᠢᠶᠠᠷ ᠳᠠᠭᠠᠭᠤᠯᠤᠨ ᠤᠷᠤᠭᠰᠢᠯᠠᠬᠤ ᠶᠢ ᠲᠣᠪᠣᠶᠢᠯᠭᠠᠨ᠎ᠠ᠃ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠪᠠᠷ ᠴᠢᠬᠤᠯᠠ ᠭᠠᠷᠳᠠᠴᠠ ᠪᠣᠯᠭᠠᠨ᠂ ᠰᠢᠨ᠎ᠡ ᠢᠨᠵᠧᠨᠧᠷᠢᠩ ᠤᠨ ᠬᠢᠴᠢᠶᠡᠯ ᠲᠥᠷᠥᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠨᠠᠭᠠᠬᠤ ᠤᠬᠠᠭᠠᠨ᠂ ᠲᠠᠷᠢᠶᠠᠯᠠᠩ ᠣᠢ ᠰᠢᠭᠤᠢ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠤᠷᠭᠠᠨ ᠬᠥᠮᠥᠵᠢᠯ ᠳᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠲᠤᠰᠬᠠᠢ ᠮᠡᠷᠭᠡᠵᠢᠯ ᠬᠥᠲᠥᠯᠥᠨ ᠳᠠᠶᠢᠴᠢᠯᠠᠵᠤ ᠪᠠᠶᠢᠭᠤᠯᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠲᠥᠷᠥᠯ ᠬᠤᠪᠢᠶᠠᠨ ᠵᠢᠯᠣᠭᠤᠳᠬᠤ ᠪᠠ ᠥᠪᠡᠷᠮᠢᠴᠡ ᠣᠨᠴᠠᠯᠢᠭ ᠢᠶᠠᠷ ᠨᠢ ᠬᠥᠭᠵᠢᠭᠦᠯᠬᠦ ᠶᠢ ᠴᠢᠩᠭᠠᠷᠠᠭᠤᠯᠵᠤ᠂ ᠨᠢᠭᠡ ᠪᠦᠯᠦᠭ ᠲᠡᠷᠢᠭᠦᠨ ᠤ ᠲᠤᠰᠬᠠᠢ ᠮᠡᠷᠭᠡᠵᠢᠯ ᠢ ᠪᠠᠶᠢᠭᠤᠯᠤᠨ᠂ ᠪᠦᠬᠦ ᠲᠠᠯ᠎ᠠ ᠶᠢᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠦᠨ᠎ᠡ᠃      ᠳᠥᠷᠪᠡ ᠳᠤ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠵᠣᠯᠭᠠᠯᠳᠤᠭᠤᠯᠤᠨ ᠵᠣᠬᠢᠴᠠᠭᠤᠯᠬᠤ ᠶᠢ ᠴᠢᠬᠤᠯᠠᠴᠢᠯᠠᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠭᠡᠷᠡᠴᠢᠯᠡᠯᠲᠡ ᠬᠥᠭᠵᠢᠯᠲᠡ ᠶᠢᠨ ᠦᠢᠯᠡᠳᠦᠯᠭᠡ ᠳᠤᠮᠳᠠᠬᠢ ᠪᠦᠲᠦᠮᠵᠢᠲᠡᠢ ᠲᠤᠷᠰᠢᠯᠭ᠎ᠠ ᠬᠢᠳᠡᠯ ᠢ ᠬᠢᠨᠠᠮᠠᠭᠠᠢ ᠳ᠋ᠦᠩᠨᠡᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠦᠨ᠎ᠡ᠃ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠵᠡᠷᠭᠡ ᠪᠢᠴᠢᠭ ᠮᠠᠲ᠋ᠧᠷᠢᠶᠠᠯ ᠬᠢᠭᠡᠳ ︽ᠡᠷᠡᠯᠬᠡᠭᠯᠡᠨ ᠤᠷᠤᠭᠰᠢᠯᠠᠬᠤ ᠪᠢᠴᠢᠭᠡᠰᠦ︾᠎ ᠶᠢᠨ ᠶᠡᠷᠦᠩᠬᠡᠢ ᠲᠥᠰᠥᠯ᠂ ︽13 · 5︾᠎ ᠶᠢᠨ ᠲᠥᠯᠥᠪᠵᠢᠭᠦᠯᠭᠡ ᠵᠡᠷᠭᠡ ᠶᠢ ᠣᠷᠭᠠᠨᠢᠭ ᠢᠶᠠᠷ ᠵᠣᠯᠭᠠᠯᠳᠤᠭᠤᠯᠬᠤ ᠶᠢ ᠴᠢᠬᠤᠯᠠᠴᠢᠯᠠᠨ ᠰᠠᠶᠢᠲᠤᠷ ᠬᠢᠵᠦ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠵᠡᠷᠭᠡ ᠲᠠᠢ ᠵᠣᠬᠢᠴᠠᠭᠤᠯᠤᠨ ᠠᠬᠢᠭᠤᠯᠤᠨ᠎ᠠ᠃      4.  ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢᠨ ᠭᠤᠣᠯ ᠠᠭᠤᠯᠭ᠎ᠠ ᠨᠢ ᠶᠠᠭᠤ ᠪᠣᠢ︖      ᠬᠠᠷᠢᠭᠤᠯᠲᠠ᠄ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠎ ᠨᠢ 10 ᠲᠠᠯ᠎ᠠ ᠶᠢᠨ 40 ᠵᠦᠢᠯ ᠢ ᠪᠠᠭᠲᠠᠭᠠᠵᠤ᠂ 4 ᠶᠡᠭᠡ ᠬᠡᠰᠡᠭ ᠬᠤᠪᠢᠶᠠᠵᠤ ᠪᠣᠯᠣᠨ᠎ᠠ᠃ ᠨᠢᠭᠡ ᠳᠤ᠂ ᠴᠢᠬᠤᠯᠠ ᠠᠴᠢ ᠬᠤᠯᠪᠣᠭᠳᠠᠯ ᠪᠠ ᠴᠠᠭ ᠤᠨ ᠪᠠᠶᠢᠳᠠᠯ ᠤᠨ ᠱᠠᠭᠠᠷᠳᠠᠯᠭ᠎ᠠ᠂ ᠡᠨᠡ ᠨᠢ 1᠂ 2 ᠳ᠋ᠤᠭᠠᠷ ᠵᠦᠢᠯ ᠢ ᠪᠠᠭᠲᠠᠭᠠᠵᠤ᠂ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠴᠢᠬᠤᠯᠠ ᠠᠴᠢ ᠬᠤᠯᠪᠣᠭᠳᠠᠯ ᠪᠠ ᠰᠢᠨ᠎ᠡ ᠴᠠᠭ ᠤᠨ ᠪᠠᠶᠢᠳᠠᠯ ᠤᠨ ᠱᠠᠭᠠᠷᠳᠠᠯᠭ᠎ᠠ ᠶᠢ ᠲᠠᠶᠢᠯᠪᠤᠷᠢᠯᠠᠨ ᠥᠭᠦᠯᠡᠪᠡ᠃ ᠬᠤᠶᠠᠷ ᠲᠤ᠂ ᠵᠢᠯᠣᠭᠤᠳᠬᠤ ᠦᠵᠡᠯ ᠰᠠᠨᠠᠭ᠎ᠠ ᠪᠠ ᠬᠠᠷᠠᠯᠲᠠ ᠵᠠᠷᠴᠢᠮ᠂ ᠡᠨᠡ ᠨᠢ 3᠂ 4᠂ 5 ᠳ᠋ᠤᠭᠠᠷ ᠵᠦᠢᠯ ᠢ ᠪᠠᠭᠲᠠᠭᠠᠵᠤ᠂ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠢ ᠪᠠᠶᠢᠭᠤᠯᠬᠤ ᠶᠢᠨ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠢ ᠳᠤᠷᠠᠳᠤᠨ᠂ ᠢᠷᠡᠭᠡᠳᠦᠢ ᠶᠢᠨ 5 ᠵᠢᠯ ᠤᠨ ᠱᠠᠲᠤᠴᠢ ᠴᠢᠨᠠᠷᠲᠠᠢ ᠬᠠᠷᠠᠯᠲᠠ ᠪᠠ 2035 ᠣᠨ ᠬᠦᠷᠬᠦ ᠦᠶ᠎ᠡ ᠶᠢᠨ ᠶᠡᠷᠦᠩᠬᠡᠢ ᠬᠠᠷᠠᠯᠲᠠ ᠶᠢ ᠲᠣᠭᠲᠠᠭᠠᠵᠤ᠂ ᠬᠡᠷᠡᠭᠵᠢᠭᠦᠯᠬᠦ ᠲᠠᠪᠤᠨ ᠵᠦᠢᠯ ᠤᠨ ᠦᠨᠳᠦᠰᠦᠨ ᠵᠠᠷᠴᠢᠮ ᠢ ᠳᠤᠷᠠᠳᠤᠨ ᠭᠠᠷᠭᠠᠪᠠ᠃ ᠭᠤᠷᠪᠠ ᠳᠤ᠂ ᠭᠤᠣᠯ ᠡᠭᠦᠷᠭᠡ᠂ ᠡᠨᠡ ᠨᠢ 6᠎ ᠠᠴᠠ 35 ᠳ᠋ᠤᠭᠠᠷ ᠵᠦᠢᠯ ᠢ ᠪᠠᠭᠲᠠᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠤᠨ ᠠᠵᠢᠯ ᠢ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠪᠦᠬᠦ ᠶᠠᠪᠤᠴᠠ ᠳᠤ ᠨᠡᠶᠢᠳᠡᠮ ᠲᠤᠭᠤᠰᠢᠯᠠᠭᠤᠯᠬᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠳᠠᠯᠳᠠ ᠴᠢᠳᠠᠪᠤᠷᠢ ᠶᠢ ᠬᠥᠭᠵᠢᠭᠡᠬᠦ ᠶᠢᠨ ᠲᠣᠭᠤᠷᠢᠨ ᠳᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠠᠭᠰᠢ ᠨᠠᠷ ᠤᠨ ᠪᠢᠴᠢᠭ ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠲᠡᠷᠢᠭᠦᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠬᠤ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠨ ᠬᠥᠮᠥᠵᠢᠯ ᠵᠢᠭᠠᠨ ᠰᠤᠷᠭᠠᠯᠲᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ ᠪᠦᠬᠦ ᠶᠠᠪᠤᠴᠠ ᠳᠤ ᠭᠦᠨᠵᠡᠭᠡᠢ ᠠᠭᠤᠰᠤᠯᠴᠠᠭᠰᠠᠨ ᠵᠣᠬᠢᠴᠠᠯᠳᠤᠭᠤᠯᠵᠤ ᠬᠥᠮᠥᠨ ᠢ ᠬᠥᠮᠥᠵᠢᠭᠦᠯᠬᠦ ᠰᠢᠨ᠎ᠡ ᠲᠣᠭᠲᠠᠴᠠ ᠶᠢ ᠪᠠᠶᠢᠭᠤᠯᠬᠤ᠂ ᠶᠡᠭᠡ ᠰᠤᠷᠭᠠᠭᠤᠯᠢ ᠶᠢᠨ ᠶᠠᠰᠤ ᠴᠢᠨᠠᠷ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠳᠣᠯᠣᠭᠠᠨ ᠲᠠᠯ᠎ᠠ ᠠᠴᠠ᠂ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢᠨ ᠭᠤᠣᠯ ᠡᠭᠦᠷᠭᠡ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠤᠰ ᠲᠤᠰ ᠲᠣᠳᠣᠷᠬᠠᠶᠢᠯᠠᠪᠠ᠃ ᠳᠥᠷᠪᠡ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠬᠤ᠂ ᠡᠨᠡ ᠨᠢ 36᠎ ᠠᠴᠠ 40 ᠳ᠋ᠦ᠋ᠭᠡᠷ ᠵᠦᠢᠯ ᠢ ᠪᠠᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ᠂ ᠰᠠᠯᠠᠭ᠎ᠠ ᠮᠥᠴᠢᠷ ᠤᠳ ᠤᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ᠂ ᠳᠡᠮᠵᠢᠯᠭᠡ ᠪᠠᠲᠤᠯᠠᠭ᠎ᠠ ᠶᠢ ᠴᠢᠩᠭᠠᠷᠠᠭᠤᠯᠬᠤ᠂ ᠳ᠋ᠦᠩᠨᠡᠨ ᠤᠬᠠᠭᠤᠯᠬᠤ ᠶᠢ ᠴᠢᠬᠤᠯᠠᠴᠢᠯᠠᠬᠤ ᠵᠡᠷᠭᠡ 5 ᠲᠠᠯ᠎ᠠ ᠠᠴᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠠᠢ᠃      ᠡᠭᠦᠨ ᠤ ᠬᠠᠮᠲᠤ᠂ ᠵᠡᠷᠭᠡ ᠳᠤ ᠨᠢ ᠳᠠᠷᠤᠮᠠᠯᠯᠠᠨ ᠲᠠᠷᠬᠠᠭᠠᠭᠰᠠᠨ ᠢᠨᠵᠧᠨᠧᠷ ᠰᠢᠯᠭᠠᠷᠠᠭᠤᠯᠬᠤ ᠰᠤᠷᠭᠠᠨ ᠬᠥᠮᠥᠵᠢᠭᠦᠯᠬᠦ ᠲᠥᠯᠥᠪᠯᠡᠭᠡ 2.0 ᠵᠡᠷᠭᠡ ᠪᠢᠴᠢᠭ ᠮᠠᠲ᠋ᠧᠷᠢᠶᠠᠯ ᠪᠣᠯ ᠨᠡᠶᠢᠭᠡᠮ᠂ ᠪᠠᠶᠢᠭᠠᠯᠢ᠂ ᠢᠨᠵᠧᠨᠧᠷᠢᠩ᠂ ᠲᠠᠷᠢᠶᠠᠯᠠᠩ᠂ ᠡᠮᠨᠡᠯᠭᠡ᠂ ᠰᠤᠷᠭᠠᠨ ᠬᠥᠮᠥᠵᠢᠯ ᠵᠡᠷᠭᠡ ᠬᠦᠷᠢᠶ᠎ᠡ ᠴᠠᠷᠠᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠪᠣᠳᠠᠲᠠᠢ ᠲᠣᠬᠢᠷᠠᠭᠤᠯᠤᠯᠲᠠ ᠬᠢᠵᠦ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢᠨ ᠶᠡᠷᠦᠩᠬᠡᠢ ᠰᠡᠳᠬᠢᠮᠵᠢ᠂ ᠬᠠᠷᠠᠯᠲᠠ ᠱᠠᠭᠠᠷᠳᠠᠯᠭ᠎ᠠ᠂ ᠥᠭᠡᠷᠡᠴᠢᠯᠡᠯᠲᠡ ᠶᠢᠨ ᠡᠭᠦᠷᠭᠡ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠨᠢ ᠳᠤᠮᠳᠠᠳᠤ ᠤᠯᠤᠰ ᠤᠨ ᠣᠨᠴᠠᠯᠢᠭ ᠲᠠᠢ᠂ ᠴᠢᠳᠠᠪᠤᠷᠢᠲᠠᠨ ᠢ ᠰᠢᠯᠭᠠᠷᠠᠭᠤᠯᠤᠨ ᠣᠷᠣᠶᠢᠯᠠᠭᠤᠯᠵᠤ ᠬᠥᠮᠥᠵᠢᠭᠦᠯᠬᠦ ᠳᠡᠯᠡᠬᠡᠢ ᠶᠢᠨ ᠲᠡᠷᠢᠭᠦᠨ ᠤ ᠰᠢᠰᠲ᠋ᠧᠮᠵᠢ ᠶᠢ ᠪᠠᠶᠢᠭᠤᠯᠤᠨ᠂ ᠴᠢᠳᠠᠪᠤᠷᠢᠲᠠᠨ ᠢ ᠰᠢᠯᠭᠠᠷᠠᠭᠤᠯᠤᠨ ᠣᠷᠣᠶᠢᠯᠠᠭᠤᠯᠵᠤ ᠬᠥᠮᠥᠵᠢᠭᠦᠯᠬᠦ ᠰᠢᠷᠢᠰ ᠲᠥᠯᠥᠪᠯᠡᠭᠡ 1.0᠎ ᠶᠢᠨ ᠰᠠᠭᠤᠷᠢᠨ ᠳᠡᠭᠡᠷ᠎ᠡ᠂ ᠬᠡᠪᠴᠢᠶ᠎ᠡ ᠶᠢ ᠨᠢ ᠥᠷᠭᠡᠳᠬᠡᠬᠦ᠂ ᠬᠡᠮᠵᠢᠶ᠎ᠡ ᠶᠢ ᠨᠢ ᠨᠡᠮᠡᠭᠳᠡᠭᠦᠯᠬᠦ᠂ ᠶᠠᠰᠤ ᠴᠢᠨᠠᠷ ᠢ ᠨᠢ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠡᠯ᠎ᠡ ᠲᠥᠯᠥᠪᠯᠡᠭᠡ ᠶᠢᠨ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶᠡᠨ ᠤ ᠡᠷᠴᠢᠮ ᠢ ᠴᠢᠩᠭᠠᠷᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠶᠠᠰᠤ ᠴᠢᠨᠠᠷ ᠪᠠ ᠠᠭᠤᠯᠤᠭᠳᠠᠬᠤᠨ ᠢ ᠳᠡᠭᠡᠭᠰᠢᠯᠡᠭᠦᠯᠦᠨ᠂ ᠴᠢᠳᠠᠪᠤᠷᠢᠲᠠᠨ ᠢ ᠬᠥᠮᠥᠵᠢᠭᠦᠯᠬᠦ ᠨᠢᠭᠡᠨ ᠲᠥᠬᠦᠷ ᠳᠤᠮᠳᠠᠳᠤ ᠤᠯᠤᠰ ᠤᠨ ᠵᠠᠭᠪᠤᠷ᠂ ᠳᠤᠮᠳᠠᠳᠤ ᠤᠯᠤᠰ ᠤᠨ ᠲᠥᠰᠥᠯ ᠪᠠ ᠳᠤᠮᠳᠠᠳᠤ ᠤᠯᠤᠰ ᠤᠨ ᠪᠠᠷᠢᠮᠵᠢᠶ᠎ᠠ ᠶᠢ ᠰᠦᠪᠡᠭᠴᠢᠯᠡᠨ ᠭᠠᠷᠭᠠᠪᠠ᠃      5.  ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠪᠠ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢ ᠨᠠᠶᠢᠳᠠᠪᠤᠷᠢᠵᠢᠭᠤᠯᠬᠤ ᠭᠤᠣᠯ ᠠᠷᠭ᠎ᠠ ᠬᠡᠮᠵᠢᠶ᠎ᠡ ᠨᠢ ᠶᠠᠭᠤ ᠪᠣᠢ︖      ᠬᠠᠷᠢᠭᠤᠯᠲᠠ᠄ ︽ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ 40 ᠵᠦᠢᠯ︾ ᠎ ᠨᠢ ᠥᠨᠳᠥᠷ ᠬᠢᠷᠢ ᠲᠦᠪᠰᠢᠨ ᠪᠦᠬᠦᠢ ᠵᠢᠩᠬᠢᠨᠢ ᠠᠩᠭᠢ ᠶᠢᠨ ᠰᠤᠷᠭᠠᠨ ᠬᠥᠮᠥᠵᠢᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠳᠤ ᠴᠢᠭᠯᠡᠭᠦᠯᠦᠨ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠲᠥᠯᠥᠪᠯᠡᠭᠡ 2.0᠎ ᠶᠢ ᠬᠡᠷᠡᠭᠵᠢᠭᠦᠯᠬᠦ ᠪᠠᠷ ᠬᠥᠲᠥᠴᠢ ᠪᠣᠯᠭᠠᠵᠤ᠂ ᠰᠢᠨ᠎ᠡ ᠶᠢ ᠡᠭᠦᠳᠬᠦ ᠰᠢᠷᠢᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠥᠭᠡᠷᠡᠴᠢᠯᠡᠯᠲᠡ ᠶᠢᠨ ︽ᠬᠠᠮ ᠠᠷᠭ᠎ᠠ ᠪᠣᠳᠣᠯᠭ᠎ᠠ︾᠎ ᠶᠢ ᠬᠡᠷᠡᠭᠵᠢᠭᠦᠯᠵᠦ᠂ ᠲᠡᠷᠡ ᠨᠢ ᠭᠤᠣᠯᠳᠠᠯᠭ᠎ᠠ ᠲᠠᠢ ᠪᠠᠷ ᠳᠣᠣᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠪᠠ᠄      ᠨᠢᠭᠡ ᠳᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠴᠢᠶᠡᠯ ᠪᠠ ᠲᠤᠰᠬᠠᠢ ᠮᠡᠷᠭᠡᠵᠢᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠪᠠᠭᠰᠢ ᠨᠢᠭᠡᠪᠦᠷᠢ ᠶᠢᠨ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠦᠵᠡᠯ ᠤᠬᠠᠮᠰᠠᠷ ᠢ ᠴᠢᠩᠭᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠢ ᠬᠢᠴᠢᠶᠡᠯ ᠨᠢᠭᠡᠪᠦᠷᠢ ᠳᠤ ᠣᠷᠭᠠᠨᠢᠭ ᠢᠶᠠᠷ ᠠᠭᠤᠰᠤᠯᠴᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠤᠨ ᠦᠷ᠎ᠡ ᠪᠦᠲᠦᠮᠵᠢ ᠪᠠᠷ ᠢᠯᠡᠷᠬᠡᠢ ᠨᠢᠭᠡ ᠪᠦᠯᠦᠭ ᠣᠬᠢ ᠰᠢᠯᠢᠳᠡᠭ ᠲᠤᠰᠬᠠᠢ ᠮᠡᠷᠭᠡᠵᠢᠯ ᠤᠨ ᠬᠢᠴᠢᠶᠡᠯ ᠢ ᠪᠠᠶᠢᠭᠤᠯᠤᠨ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠢᠶᠠᠷ ᠵᠢᠱᠢᠶ᠎ᠡ ᠦᠵᠡᠭᠦᠯᠬᠦ‍ ᠨᠢᠭᠡ ᠪᠦᠯᠦᠭ ᠬᠢᠴᠢᠶᠡᠯᠯᠡᠭᠡ ᠶᠢ ᠡᠭᠦᠳᠴᠦ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠥᠵᠢᠯ ᠤᠨ ᠨᠢᠭᠡ ᠪᠦᠯᠦᠭ ᠰᠢᠯᠢᠳᠡᠭ ᠪᠠᠭᠰᠢ ᠶᠢ ᠰᠣᠩᠭᠤᠨ ᠬᠥᠮᠥᠵᠢᠭᠦᠯᠵᠦ᠂ ᠲᠤᠰᠬᠠᠢ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠬᠢᠭᠡᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠨᠢᠭᠲᠠ ᠤᠶᠠᠯᠳᠤᠭᠤᠯᠤᠭᠰᠠᠨ᠂ ᠠᠳᠠᠯᠢ ᠴᠢᠭᠯᠡᠯ ᠲᠠᠢ ᠠᠳᠠᠯᠢ ᠠᠵᠢᠯ ᠲᠥᠷᠥᠯ ᠤᠨ ᠬᠥᠮᠥᠨ ᠢ ᠬᠥᠮᠥᠵᠢᠭᠦᠯᠬᠦ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠶᠢ ᠠᠬᠢᠭᠤᠯᠤᠨ᠎ᠠ᠃      ᠬᠤᠶᠠᠷ ᠲᠤ᠂ ᠰᠤᠷᠤᠭᠴᠢᠳ ᠤᠨ ᠰᠢᠷᠭᠠᠭᠤ ᠬᠠᠲᠠᠭᠤᠵᠢᠯᠲᠠᠢ ᠰᠤᠷᠤᠯᠴᠠᠬᠤ ᠶᠢ ᠠᠬᠢᠭᠤᠯᠤᠨ᠎ᠠ᠃ ᠰᠤᠷᠤᠯᠭ᠎ᠠ ᠶᠢᠨ ᠬᠤᠪᠢ ᠶᠢᠨ ᠳᠦᠷᠢᠮ ᠢ ᠲᠡᠭᠦᠯᠳᠡᠷᠵᠢᠭᠦᠯᠦᠨ᠂ ᠢᠷᠠᠭᠤ ᠠᠯᠳᠠᠷ ᠤᠨ ᠡᠷᠳᠡᠮ ᠤᠨ ᠴᠣᠯᠠ ᠶᠢ ᠰᠦᠪᠡᠭᠴᠢᠯᠡᠨ ᠬᠡᠷᠡᠭᠵᠢᠭᠦᠯᠵᠦ᠂ ᠬᠠᠪᠰᠤᠷᠤᠨ ᠰᠤᠷᠬᠤ ᠲᠤᠰᠬᠠᠢ ᠮᠡᠷᠭᠡᠵᠢᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠰᠤᠷᠤᠯᠴᠠᠬᠤ ᠶᠠᠪᠤᠴᠠ ᠳᠠᠬᠢ ᠬᠠᠮᠢᠶᠠᠷᠤᠯᠲᠠ ᠶᠢ ᠴᠢᠩᠭᠠᠳᠬᠠᠨ᠂ ᠶᠠᠪᠤᠴᠠ ᠶᠢᠨ ᠰᠢᠯᠭᠠᠨ ᠬᠢᠨᠠᠯᠲᠠ ᠶᠢ ᠴᠢᠩᠭᠠᠷᠠᠭᠤᠯᠵᠤ᠂ ᠰᠢᠯᠭᠠᠯᠲᠠ ᠶᠢᠨ ᠬᠡᠯᠪᠡᠷᠢ ᠳᠤ ᠥᠭᠡᠷᠡᠴᠢᠯᠡᠯᠲᠡ ᠬᠢᠵᠦ᠂ ᠨᠥᠬᠦᠴᠡᠯ ᠳᠤ ᠨᠡᠶᠢᠴᠡᠭᠰᠡᠨ ᠰᠤᠷᠤᠭᠴᠢᠳ ᠤᠨ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠬᠤ ᠴᠢᠳᠠᠪᠤᠷᠢ ᠶᠢ ᠨᠢ ᠴᠢᠩᠭᠠᠷᠠᠭᠤᠯᠤᠨ᠎ᠠ᠃      ᠭᠤᠷᠪᠠ ᠳᠤ᠂ ᠪᠠᠭᠰᠢ ᠨᠠᠷ ᠤᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠ ᠪᠢᠴᠢᠭ ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢᠶᠠᠷ ᠪᠠᠭᠰᠢ ᠨᠠᠷ ᠤᠨ ᠬᠡᠪ ᠴᠢᠨᠠᠷ ᠲᠤ ᠦᠨᠡᠯᠡᠯᠲᠡ ᠬᠢᠬᠦ ᠬᠠᠮᠤᠭ ᠤᠨ ᠲᠦᠷᠦᠭᠦᠨ ᠤ ᠪᠠᠷᠢᠮᠵᠢᠶ᠎ᠠ ᠪᠣᠯᠭᠠᠬᠤ ᠶᠢ ᠲᠣᠳᠣᠷᠬᠠᠶᠢᠯᠠᠨ᠂ ᠪᠠᠭᠰᠢ ᠶᠢᠨ ᠮᠣᠷᠠᠯ ᠢ ᠰᠢᠯᠭᠠᠨ ᠬᠢᠨᠠᠬᠤ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤᠨ ᠤ ᠳᠦᠷᠢᠮ ᠢ ᠬᠡᠷᠡᠭᠵᠢᠭᠦᠯᠵᠦ᠂ ᠪᠠᠭᠰᠢ ᠶᠢᠨ ᠬᠤᠪᠢ ᠬᠥᠮᠥᠨ ᠤ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢ ᠬᠥᠭᠵᠢᠭᠦᠯᠬᠦ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠪᠠᠭᠰᠢ ᠶᠢᠨ ᠲᠤᠰᠬᠠᠢ ᠮᠡᠷᠭᠡᠵᠢᠯ ᠤᠨ ᠲᠤᠰᠢᠶᠠᠯ ᠢ ᠳᠡᠪᠰᠢᠭᠦᠯᠬᠦ ᠶᠠᠪᠤᠴᠠ ᠳᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠢ ᠰᠢᠯᠭᠠᠨ ᠦᠨᠡᠯᠡᠬᠦ ᠨᠢᠭᠡ ᠪᠢᠯᠧᠲ ᠢᠶᠠᠷ ᠦᠭᠡᠶᠢᠰᠬᠡᠬᠦ ᠳᠦᠷᠢᠮ ᠢ ᠴᠢᠬᠤᠯᠠᠴᠢᠯᠠᠨ ᠬᠡᠷᠡᠭᠵᠢᠭᠦᠯᠦᠨ᠎ᠡ᠃      ᠳᠥᠷᠪᠡ ᠳᠤ᠂ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠡᠭᠦᠳᠦᠨ ᠪᠠᠶᠢᠭᠤᠯᠤᠨ᠎ᠠ᠃ ᠢᠷᠡᠭᠡᠳᠦᠢ ᠳᠤ ᠬᠠᠨᠳᠤᠭᠤᠯᠤᠭᠰᠠᠨ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠬᠥᠭᠵᠢᠯᠲᠡ ᠶᠢ ᠬᠥᠲᠥᠯᠥᠨ ᠳᠠᠭᠠᠭᠤᠯᠤᠭᠰᠠᠨ᠂ ᠣᠨᠣᠯᠵᠢᠬᠤᠨ ᠨᠢ ᠲᠡᠷᠢᠭᠦᠨ ᠤ᠂ ᠪᠠᠲᠤᠯᠠᠭ᠎ᠠ ᠨᠢ ᠬᠦᠴᠦᠨ ᠲᠠᠢ ᠲᠡᠷᠢᠭᠦᠨ ᠤ ᠲᠤᠰᠬᠠᠢ ᠮᠡᠷᠭᠡᠵᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠳᠡᠰ ᠤᠨ 1 ᠲᠦᠮᠡᠨ ᠲᠡᠷᠢᠭᠦᠨ ᠤ ᠲᠤᠰᠬᠠᠢ ᠮᠡᠷᠭᠡᠵᠢᠯ ᠤᠨ ᠴᠡᠭ ᠪᠠ ᠮᠤᠵᠢ ᠶᠢᠨ ᠳᠡᠰ ᠤᠨ 1 ᠲᠦᠮᠡᠨ ᠲᠡᠷᠢᠭᠦᠨ ᠤ ᠲᠤᠰᠬᠠᠢ ᠮᠡᠷᠭᠡᠵᠢᠯ ᠤᠨ ᠴᠡᠭ ᠢ ᠪᠠᠶᠢᠭᠤᠯᠬᠤ ᠪᠠᠷ ᠳᠤᠷᠠᠳᠤᠨ᠎ᠠ᠃ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠶᠡᠭᠡ ᠳᠡᠭᠡᠳᠦ ᠰᠤᠷᠭᠠᠭᠤᠯᠢ ᠳᠤ ᠤᠷᠢᠳ ᠢᠶᠠᠷ ᠲᠡᠷᠢᠭᠦᠨ ᠤ ᠲᠤᠰᠬᠠᠢ ᠮᠡᠷᠭᠡᠵᠢᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠨ᠎ᠠ᠃ ᠨᠡᠶᠢᠯᠡᠮᠡᠯ ᠴᠠᠬᠢᠯᠭᠠᠨ ᠵᠠᠮ᠂ ᠵᠣᠬᠢᠶᠠᠮᠠᠯ ᠣᠶᠤᠨᠴᠢ᠂ ᠨᠠᠰᠤᠵᠢᠯ ᠤᠨ ᠠᠰᠠᠷᠠᠮᠵᠢ᠂ ᠬᠡᠦᠬᠡᠳ ᠤᠨ ᠰᠠᠯᠠᠭ᠎ᠠ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠪᠠᠴᠢᠮ ᠱᠠᠭᠠᠷᠳᠠᠬᠤ ᠬᠠᠮᠢᠶ᠎ᠠ ᠪᠦᠬᠦᠢ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ ᠰᠠᠨᠠᠭᠠᠴᠢᠯᠠᠭ᠎ᠠ ᠠᠴᠠ ᠪᠠᠨ ᠪᠠᠶᠢᠷᠢᠰᠢᠭᠤᠯᠬᠤ ᠪᠠᠷ ᠳᠤᠷᠠᠳᠤᠨ ᠭᠠᠷᠭᠠᠨ᠎ᠠ᠃      ᠲᠠᠪᠤ ᠳᠤ᠂ ᠰᠦᠯᠵᠢᠶᠡᠨ ᠬᠢᠴᠢᠶᠡᠯᠯᠡᠭᠡ ᠶᠢ ᠪᠠᠶᠢᠭᠤᠯᠬᠤ᠂ ᠬᠡᠷᠡᠭᠯᠡᠬᠦ᠂ ᠰᠤᠷᠬᠤ᠂ ᠬᠠᠮᠢᠶᠠᠷᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠥᠨᠳᠥᠷ ᠬᠢᠷᠢ ᠲᠦᠪᠰᠢᠨ ᠪᠦᠬᠦᠢ ᠰᠦᠯᠵᠢᠶᠡᠨ ᠬᠢᠴᠢᠶᠡᠯᠯᠡᠭᠡ ᠶᠢ ᠪᠠᠶᠢᠭᠤᠯᠬᠤ ᠶᠢᠨ ᠲᠣᠭᠤᠷᠢᠨ ᠳᠤ᠂ ᠤᠯᠤᠰ ᠤᠨ ᠳᠡᠰ ᠤᠨ 1 ᠲᠦᠮᠡᠨ ᠲᠥᠷᠥᠯ ᠪᠠ ᠮᠤᠵᠢ ᠶᠢᠨ ᠳᠡᠰ ᠤᠨ 1 ᠲᠦᠮᠡᠨ ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠬᠢ ᠰᠢᠯᠢᠳᠡᠭ ᠬᠢᠴᠢᠶᠡᠯ ᠢ ᠪᠠᠶᠢᠭᠤᠯᠬᠤ ᠪᠠᠷ ᠳᠤᠷᠠᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠤᠬᠢ ᠰᠦᠯᠵᠢᠶᠡᠨ ᠬᠢᠴᠢᠶᠡᠯᠯᠡᠭᠡ ᠶᠢᠨ ᠰᠤᠷᠤᠯᠭ᠎ᠠ ᠶᠢᠨ ᠬᠤᠪᠢ ᠶᠢ ᠨᠤᠲᠠᠯᠠᠨ ᠲᠣᠭᠲᠠᠭᠠᠬᠤ ᠳᠦᠷᠢᠮ ᠢ ᠠᠬᠢᠭᠤᠯᠵᠤ᠂ ᠴᠢᠨᠠᠷ ᠰᠢᠯᠢᠳᠡᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠬᠥᠲᠥᠯᠥᠨ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠭᠠᠨ ᠬᠥᠮᠥᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠎ᠠ᠃      ᠵᠢᠷᠭᠤᠭ᠎ᠠ ᠳᠤ᠂ ᠵᠣᠬᠢᠴᠠᠭᠤᠯᠤᠨ ᠬᠥᠮᠥᠨ ᠢ ᠬᠥᠮᠥᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠣᠨᠣᠯ ᠤᠨ ᠵᠢᠭᠠᠨ ᠰᠤᠷᠭᠠᠯᠲᠠ ᠬᠢᠭᠡᠳ ᠦᠢᠯᠡᠳᠦᠯᠭᠡ ᠶᠢᠨ ᠵᠢᠭᠠᠨ ᠰᠤᠷᠭᠠᠯᠲᠠ ᠶᠢ ᠬᠠᠷᠢᠯᠴᠠᠨ ᠤᠶᠠᠯᠳᠤᠭᠤᠯᠬᠤ ᠶᠢ ᠴᠢᠩᠭᠠᠳᠬᠠᠨ᠂ ᠵᠣᠬᠢᠴᠠᠭᠤᠯᠤᠨ ᠬᠥᠮᠥᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠳᠦᠯᠭᠡ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠥᠵᠢᠯ ᠢ ᠵᠣᠬᠢᠴᠠᠭᠤᠯᠬᠤ ᠶᠢ ᠴᠢᠩᠭᠠᠷᠠᠭᠤᠯᠤᠨ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠢᠨᠵᠧᠨᠧᠷᠢᠩ ᠤᠨ ᠰᠢᠨᠵᠢᠯᠡᠬᠦ ᠤᠬᠠᠭᠠᠨ ᠤ ᠪᠠᠭᠰᠢ ᠬᠢᠭᠡᠳ ᠠᠵᠢᠯ ᠲᠥᠷᠥᠯ ᠤᠨ ᠴᠢᠳᠠᠪᠤᠷᠢᠲᠠᠨ ᠤ ᠬᠤᠣᠰ ᠴᠢᠭᠯᠡᠯ ᠢᠶᠠᠷ ᠰᠣᠯᠢᠯᠴᠠᠬᠤ ︽ᠠᠷᠪᠠᠨ ᠲᠦᠮᠡᠨ ᠲᠥᠯᠥᠪᠯᠡᠭᠡ︾᠎ ᠶᠢ ᠬᠡᠷᠡᠭᠵᠢᠭᠦᠯᠵᠦ᠂ ︽ᠲᠠᠷᠢᠶᠠᠯᠠᠩ ᠤᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ︾᠎ ᠢ 400 ᠣᠷᠴᠢᠮ ᠪᠠᠶᠢᠭᠤᠯᠤᠨ᠂ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠪᠠ ᠬᠠᠷᠢᠶᠠᠲᠤ ᠡᠮᠨᠡᠯᠭᠡ ᠶᠢᠨ ᠬᠤᠷᠢᠶ᠎ᠠ ᠶᠢ ᠶᠠᠮᠤᠨ ᠵᠥᠪᠯᠡᠯ ᠮᠤᠵᠢ ᠠᠴᠠ ᠬᠠᠮᠲᠤᠷᠠᠨ ᠪᠠᠶᠢᠭᠤᠯᠵᠤ᠂ ᠶᠠᠮᠤᠨ ᠰᠤᠷᠭᠠᠭᠤᠯᠢ ᠠᠴᠠ ᠵᠠᠭᠤᠨ ᠰᠠᠭᠤᠷᠢ ᠰᠣᠨᠢᠨ ᠮᠡᠳᠡᠭᠡᠨ ᠤ ᠳᠡᠭᠡᠳᠦ ᠰᠤᠷᠭᠠᠭᠤᠯᠢ ᠶᠢ ᠬᠠᠮᠲᠤᠷᠠᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠠᠤᠯᠢ ᠶᠢᠨ ᠤᠬᠠᠭᠠᠨ ᠤ ᠶᠡᠭᠡ ᠳᠡᠭᠡᠳᠦ ᠰᠤᠷᠭᠠᠭᠤᠯᠢ ᠪᠠ ᠬᠠᠤᠯᠢ ᠪᠠᠷ ᠵᠠᠰᠠᠬᠤ ᠪᠣᠳᠠᠲᠤ ᠶᠠᠪᠤᠳᠠᠯ ᠤᠨ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠤᠣᠰ ᠴᠢᠭᠯᠡᠯ ᠢᠶᠠᠷ ᠰᠣᠯᠢᠯᠴᠠᠬᠤ ᠲᠣᠭᠲᠠᠴᠠ ᠵᠡᠷᠭᠡ ᠶᠢ ᠲᠡᠭᠦᠯᠳᠡᠷᠵᠢᠭᠦᠯᠦᠨ᠎ᠡ᠃      ᠳᠣᠯᠤᠭ᠎ᠠ ᠳᠤ᠂ ᠶᠠᠰᠤ ᠴᠢᠨᠠᠷ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠲᠠᠨ ᠢ ᠬᠥᠮᠥᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠢᠶᠠᠷ ᠲᠡᠷᠢᠭᠦᠨ ᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠭᠦᠢᠴᠡᠳᠬᠡᠯ ᠲᠤᠭ᠎ᠠ ᠪᠣᠯᠭᠠᠬᠤ ᠶᠢ ᠴᠢᠬᠤᠯᠠᠴᠢᠯᠠᠨ᠂ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠪᠠᠷ ᠳᠤᠷᠠᠳᠴᠤ᠂ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠨᠠᠨ ᠬᠠᠷᠭᠤᠭᠤᠯᠵᠤ ᠦᠨᠡᠯᠡᠨ ᠵᠢᠱᠢᠬᠦ ᠪᠠ ᠬᠢᠷᠢ ᠲᠡᠩᠴᠡᠭᠰᠡᠨ ᠢ ᠦᠨᠡᠯᠡᠨ ᠵᠢᠱᠢᠬᠦ ᠶᠢ ᠵᠢᠷᠤᠮᠵᠢᠭᠤᠯᠵᠤ᠂ ᠬᠢᠷᠢ ᠲᠡᠩᠴᠡᠬᠦ ᠶᠢ ᠪᠠᠲᠤᠯᠠᠬᠤ᠂ ᠬᠢᠷᠢ ᠲᠦᠪᠰᠢᠨ ᠳᠤ ᠭᠠᠷᠭᠠᠬᠤ᠂ ᠰᠢᠯᠭᠠᠷᠠᠭᠤᠯᠬᠤ ᠪᠠᠷ ᠲᠡᠮᠡᠴᠡᠬᠦ ᠭᠤᠷᠪᠠᠨ ᠳᠡᠰ ᠤᠨ ᠲᠤᠰᠬᠠᠢ ᠮᠡᠷᠭᠡᠵᠢᠯ ᠤᠨ ᠨᠤᠲᠠᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠦᠨ᠎ᠡ᠃      ᠨᠠᠢᠮᠠ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ᠂ ᠥᠨᠳᠥᠷ ᠬᠢᠷᠢ ᠲᠦᠪᠰᠢᠨ ᠪᠦᠬᠦᠢ ᠰᠤᠷᠭᠠᠨ ᠬᠥᠮᠥᠵᠢᠯ ᠤᠨ ᠠᠵᠢᠯ ᠳᠠᠬᠢ ᠣᠷᠣᠨ ᠨᠤᠲᠤᠭ ᠤᠨ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠪᠠ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠷᠠᠭᠤᠯᠤᠨ᠂ ᠪᠠᠲᠤᠯᠠᠭ᠎ᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map