ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠵᠢᠴᠢ ᠲᠥᠬᠦᠷ ᠶᠣᠰᠣ ᠳᠦᠷᠢᠮ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/10/29
      ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ ᠵᠢᠷᠤᠮᠵᠢᠯ ᠲᠠᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠳ᠋ ᠬᠥᠷᠥᠩᠭᠡ ᠤᠨ ᠬᠠᠮᠢᠶᠠᠷᠤᠯᠲᠠ ᠶᠢᠨ ᠨᠡᠷᠡᠳᠬᠦᠨ ᠤ ᠬᠢᠨᠠᠨ ᠬᠠᠮᠢᠶᠠᠷᠬᠤ ᠪᠠᠷᠢᠮᠵᠢᠶ᠎ᠠ ᠶᠢ ᠨᠢᠭᠡᠳᠦᠭᠦᠯᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 2018 ᠣᠨ ᠤ 10 ᠳ᠋ᠤᠭᠠᠷ ᠰᠠᠷ᠎ᠠ ᠶᠢᠨ 22᠎ ᠤᠨ ᠡᠳᠦᠷ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ︽ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠪᠠ ︽ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠥᠯᠥᠪᠯᠡᠭᠡ ᠶᠢᠨ ᠠᠵᠢᠯᠯᠠᠭᠤᠯᠤᠨ ᠬᠠᠮᠢᠶᠠᠷᠬᠤ ᠲᠣᠭᠲᠠᠭᠠᠯ︾ ︵ᠳᠣᠷᠣᠭᠰᠢ ᠬᠠᠮᠲᠤᠷᠠᠭᠤᠯᠤᠭᠠᠳ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠭᠡᠵᠦ ᠲᠣᠪᠴᠢᠯᠠᠨ᠎ᠠ︶᠎ ᠢ ᠨᠡᠶᠢᠲᠡᠯᠡᠨ ᠬᠡᠷᠡᠭᠵᠢᠭᠦᠯᠪᠡ᠃ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠨᠢᠭᠡ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠢᠯᠡ ᠪᠠᠷ ᠰᠠᠨᠠᠯ ᠬᠤᠷᠢᠶᠠᠭᠰᠠᠨ ᠵᠢᠴᠢ ᠵᠠᠰᠠᠪᠤᠷᠢ ᠣᠷᠣᠭᠤᠯᠤᠭᠰᠠᠨ ᠪᠠᠶᠢᠳᠠᠯ ᠨᠢ ᠶᠠᠮᠠᠷ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ 2018 ᠣᠨ ᠤ 7 ᠳ᠋ᠤᠭᠠᠷ ᠰᠠᠷ᠎ᠠ ᠶᠢᠨ 20᠎ ᠤ ᠡᠳᠦᠷ ᠠᠴᠠ 8 ᠳ᠋ᠤᠭᠠᠷ ᠰᠠᠷ᠎ᠠ ᠶᠢᠨ 19᠎ ᠤ ᠡᠳᠦᠷ ᠪᠣᠯᠲᠠᠯ᠎ᠠ ᠨᠡᠶᠢᠭᠡᠮ ᠠᠴᠠ ᠢᠯᠡ ᠪᠠᠷ ᠰᠠᠨᠠᠯ ᠬᠤᠷᠢᠶᠠᠪᠠ᠃ ᠰᠠᠨᠠᠯ ᠬᠤᠷᠢᠶᠠᠬᠤ ᠶᠠᠪᠤᠴᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ᠂ ᠲᠤᠰᠬᠠᠢ ᠮᠡᠷᠭᠡᠵᠢᠯᠲᠡᠳ ᠡᠷᠳᠡᠮᠲᠡᠳ ᠪᠠ ᠨᠡᠶᠢᠭᠡᠮ ᠤᠨ ᠲᠦᠮᠡᠨ ᠣᠯᠠᠨ ᠢᠶᠠᠷ ᠢᠶᠠᠨ ᠥᠷᠭᠡᠨ ᠳᠡᠯᠭᠡᠷ ᠢᠶᠠᠷ ᠠᠩᠬᠠᠷᠤᠯ ᠢᠶᠠᠨ ᠬᠠᠨᠳᠤᠭᠤᠯᠪᠠ᠃ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤ ᠲᠤᠰᠬᠠᠭᠰᠠᠨ ᠰᠠᠨᠠᠯ ᠳᠤ ᠵᠤᠷᠪᠤᠰ ᠳᠠᠷᠠᠭᠠᠯᠠᠨ ᠬᠢᠨᠠᠮᠠᠭᠠᠢ ᠰᠤᠳᠤᠯᠤᠯᠲᠠ ᠬᠢᠵᠦ᠂ ᠵᠦᠢ ᠵᠣᠬᠢᠰᠲᠠᠢ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠵᠣᠩᠬᠢᠯᠠᠬᠤ ᠣᠯᠠᠨ ᠲᠣᠭᠠᠨ ᠤ ᠰᠠᠨᠠᠯ ᠢ ᠨᠢ ᠨᠢᠭᠡᠨᠲᠡ ᠬᠡᠷᠡᠭᠯᠡᠭᠰᠡᠨ ᠤ ᠬᠠᠮᠲᠤ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠲᠣᠬᠢᠷᠠᠮᠵᠢᠲᠠᠢ ᠵᠠᠰᠠᠯᠲᠠ ᠣᠷᠣᠭᠤᠯᠤᠨ ᠲᠡᠭᠦᠯᠳᠡᠷᠵᠢᠭᠦᠯᠪᠡ᠃ ᠭᠤᠣᠯ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠳᠣᠣᠷᠠᠬᠢ ᠬᠡᠳᠦᠨ ᠲᠠᠯ᠎ᠠ ᠶᠢ ᠪᠠᠭᠲᠠᠭᠠᠵᠤ ᠪᠠᠶᠢᠨ᠎ᠠ᠃      ᠨᠢᠭᠡ ᠳᠤ᠂ ᠬᠤᠪᠢ ᠪᠠᠷ ᠢᠶᠠᠨ ᠡᠳ᠋ ᠬᠥᠷᠥᠩᠭᠡ ᠴᠤᠭᠯᠠᠭᠤᠯᠬᠤ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ ᠥᠷᠨᠢᠭᠦᠯᠬᠦ ᠨᠥᠬᠦᠴᠡᠯ ᠢ ᠵᠦᠢ ᠵᠣᠬᠢᠰᠲᠠᠢ ᠪᠠᠷ ᠠᠭᠤᠵᠢᠭᠤ ᠲᠠᠯᠪᠢᠵᠤ᠂ ᠲᠡᠷᠡ ᠨᠢ ᠪᠡᠯᠡ ᠣᠷᠣᠭᠤᠯᠤᠯᠲᠠ ᠶᠢᠨ ᠳᠠᠭᠠᠭᠠᠮᠠᠯ᠂ ᠪᠡᠯᠡ ᠣᠷᠣᠭᠤᠯᠤᠯᠲᠠ ᠶᠢ ᠰᠤᠳᠤᠯᠬᠤ ᠠᠵᠢᠯᠲᠠᠨ ᠤ ᠲᠤᠭ᠎ᠠ ᠶᠢ ᠪᠠᠭᠤᠷᠠᠭᠤᠯᠬᠤ ᠱᠠᠭᠠᠷᠳᠠᠯᠭ᠎ᠠ ᠵᠡᠷᠭᠡ ᠶᠢ ᠪᠠᠭᠲᠠᠭᠠᠨ᠎ᠠ᠃ ᠬᠤᠶᠠᠷ ᠲᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠪᠡᠶᠡᠯᠡᠭᠦᠯᠵᠦ ᠳᠠᠩᠰᠠᠯᠠᠨ ᠲᠡᠮᠳᠡᠭᠯᠡᠬᠦ ᠠᠴᠠ ᠡᠮᠦᠨ᠎ᠡ ᠪᠡᠯᠡᠨ ᠮᠥᠩᠭᠦ ᠶᠢᠨ ᠬᠠᠮᠢᠶᠠᠷᠤᠯᠲᠠ ᠬᠢᠬᠦ ᠶᠢ ᠵᠥᠪᠰᠢᠶᠡᠷᠡᠵᠦ᠂ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠭᠤᠷᠪᠠ ᠳᠤ᠂ ᠨᠡᠶᠢᠯᠡᠮᠡᠯ ᠪᠡᠯᠡ ᠣᠷᠣᠭᠤᠯᠤᠯᠲᠠ ᠶᠢᠨ ᠵᠠᠷᠴᠢᠮ ᠢ ᠰᠢᠯᠢᠳᠡᠭᠵᠢᠭᠦᠯᠦᠨ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠲᠥᠷᠥᠯ ᠤᠨ ᠡᠳ᠋ ᠬᠥᠷᠥᠩᠭᠡ ᠶᠢᠨ ᠪᠡᠯᠡ ᠣᠷᠣᠭᠤᠯᠬᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠡᠭᠦᠯᠳᠡᠷᠵᠢᠭᠦᠯᠪᠡ᠃ ᠳᠥᠷᠪᠡ ᠳᠤ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ︵PE︶᠎ ᠶᠢᠨ ᠲᠤᠬᠠᠶᠢᠯᠠᠭᠰᠠᠨ ᠠᠵᠢᠯ ᠤᠨ ᠣᠨᠴᠠᠭᠠᠢ ᠴᠢᠨᠠᠷ ᠢ ᠪᠣᠳᠣᠯᠬᠢᠯᠠᠵᠤ᠂ ᠠᠩᠬ᠎ᠠ ᠡᠬᠢᠯᠡᠬᠦ ᠦᠶ᠎ᠡ ᠶᠢᠨ ᠡᠯᠰᠡᠨ ᠴᠤᠭᠯᠠᠭᠤᠯᠬᠤ ᠬᠤᠭᠤᠴᠠᠭ᠎ᠠ᠂ ᠬᠥᠮᠥᠷᠭᠡ ᠪᠠᠶᠢᠭᠤᠯᠬᠤ ᠬᠤᠭᠤᠴᠠᠭ᠎ᠠ᠂ ᠨᠠᠶᠢᠳᠠᠭᠰᠠᠨ ᠪᠡᠯᠡ ᠮᠥᠩᠭᠦ ᠶᠢᠨ ᠣᠷᠣᠭᠤᠯᠤᠯᠲᠠ ᠬᠢᠬᠦ ᠬᠤᠭᠤᠴᠠᠭᠠᠨ ᠤ ᠬᠢᠵᠠᠭᠠᠷ ᠵᠡᠷᠭᠡ ᠲᠠᠯ᠎ᠠ ᠪᠠᠷ ᠵᠣᠬᠢᠬᠤ ᠠᠮᠢᠳᠤᠯᠢᠭ ᠴᠢᠨᠠᠷ ᠣᠯᠭᠤᠪᠠ᠃ ᠲᠠᠪᠤ ᠳᠤ᠂ ᠬᠤᠳᠠᠯᠳᠤᠭᠠᠨ ᠤ ᠪᠠᠩᠬᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠠᠭᠠᠳᠬᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠯᠲᠠ ᠶᠢᠨ ᠵᠥᠪᠯᠡᠭᠴᠢ ᠶᠢᠨ ᠡᠭᠦᠷᠭᠡ ᠶᠢ ᠡᠭᠦᠷᠭᠡᠯᠡᠬᠦ ᠶᠢ ᠵᠥᠪᠰᠢᠶᠡᠷᠡᠵᠦ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠬᠡᠰᠡᠭ ᠬᠡᠷᠡᠭᠵᠢᠭᠦᠯᠬᠦᠶᠢᠴᠡ ᠴᠢᠨᠠᠷᠲᠠᠢ ᠲᠣᠬᠢᠷᠠᠭᠤᠯᠤᠯᠲᠠ ᠶᠢ ᠲᠡᠭᠦᠯᠳᠡᠷᠵᠢᠭᠦᠯᠪᠡ᠂ ᠵᠢᠱᠢᠶᠡᠯᠡᠪᠡᠯ ᠳᠠᠩᠰᠠᠨ ᠤ ᠡᠷᠦᠬᠡ ᠶᠢᠨ ᠨᠡᠷᠡᠶᠢᠳᠦᠯ ᠢ ᠲᠣᠳᠣᠷᠬᠠᠶᠢᠯᠠᠬᠤ᠂ ᠬᠤᠪᠢ ᠶᠢᠨ ᠲᠤᠭ᠎ᠠ ᠶᠢ ᠨᠡᠮᠡᠭᠳᠡᠭᠦᠯᠦᠨ ᠰᠢᠯᠵᠢᠭᠦᠯᠵᠦ ᠥᠭᠬᠦ ᠶᠣᠰᠣ ᠳᠦᠷᠢᠮ ᠵᠡᠷᠭᠡ᠃      ᠬᠤᠶᠠᠷ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠢ ᠲᠣᠭᠲᠠᠭᠠᠨ ᠨᠡᠶᠢᠲᠡᠯᠡᠭᠰᠡᠨ ᠠᠬᠤᠢ ᠪᠠᠶᠢᠳᠠᠯ ᠨᠢ ᠶᠠᠮᠠᠷ ᠪᠣᠢ︖      ᠬᠠᠷᠢᠭᠤᠯᠲᠠ᠄ ᠣᠶᠢᠷ᠎ᠠ ᠶᠢᠨ ᠵᠢᠯ ᠤᠳ ᠠᠴᠠ ᠨᠠᠭᠠᠰᠢ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠨᠢ ᠨᠡᠯᠢᠶᠡᠳ ᠲᠦᠷᠭᠡᠨ ᠪᠠᠶᠢᠨ᠎ᠠ᠃ ᠣᠳᠣ ᠶᠢᠨ ᠪᠠᠶᠢᠭ᠎ᠠ ᠵᠣᠩᠬᠢᠯᠠᠬᠤ ᠣᠯᠠᠨ ᠲᠣᠭᠠᠨ ᠤ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠠᠵᠢᠯᠯᠠᠭᠤᠯᠤᠨ ᠡᠵᠡᠩᠨᠡᠵᠦ ᠪᠠᠶᠢᠭ᠎ᠠ ᠪᠠᠶᠢᠳᠠᠯ ᠨᠢ ᠶᠡᠷᠦᠩᠬᠡᠢ ᠳᠤ ᠪᠠᠨ ᠨᠡᠯᠢᠶᠡᠳ ᠰᠠᠶᠢᠨ᠂ ᠨᠡᠷᠡᠳᠬᠦᠨ ᠤ ᠪᠡᠯᠡ ᠣᠷᠣᠭᠤᠯᠤᠯᠲᠠ ᠶᠢᠨ ᠠᠵᠢᠯᠯᠠᠭᠠᠨ ᠨᠢ ᠨᠡᠯᠢᠶᠡᠳ ᠵᠢᠷᠤᠮᠵᠢᠯ ᠲᠠᠢ ᠪᠠᠶᠢᠵᠤ᠂ ᠰᠠᠭᠤᠭᠠᠯᠢ ᠠᠷᠠᠳ ᠪᠠ ᠠᠵᠤ ᠠᠬᠤᠶᠢᠯᠠᠯ ᠤᠨ ᠪᠡᠯᠡ ᠣᠷᠣᠭᠤᠯᠵᠤ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠨᠡᠶᠢᠭᠡᠮ ᠤᠨ ᠪᠡᠯᠡ ᠲᠣᠬᠢᠷᠠᠭᠤᠯᠬᠤ ᠪᠦᠲᠦᠴᠡ ᠶᠢ ᠰᠠᠶᠢᠵᠢᠷᠠᠭᠤᠯᠬᠤ ᠳᠤ ᠴᠢᠬᠤᠯᠠ ᠪᠥᠭᠡᠳ ᠢᠳᠡᠪᠬᠢᠲᠡᠢ ᠦᠢᠯᠡᠳᠦᠯ ᠦᠵᠡᠭᠦᠯᠪᠡ᠃ ᠭᠡᠪᠡᠴᠦ ᠵᠠᠬ᠎ᠠ ᠳᠡᠯᠭᠡᠭᠦᠷ ᠤᠨ ᠲᠦᠷᠭᠡᠨ ᠢᠶᠠᠷ ᠬᠥᠭᠵᠢᠬᠦ ᠪᠠ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ ᠬᠤᠪᠢᠷᠠᠬᠤ ᠶᠢ ᠳᠠᠭᠠᠯᠳᠤᠨ᠂ ᠣᠨᠴᠠ ᠵᠠᠷᠢᠮ ᠪᠠᠶᠢᠭᠤᠯᠤᠮᠵᠢ ᠳᠤ ᠮᠥᠨ ᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠡᠬᠢ ᠰᠤᠷᠪᠤᠯᠵᠢ ᠠᠴᠠ ᠰᠠᠯᠤᠨ ᠵᠠᠶᠢᠳᠠᠵᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠬᠤ ᠨᠢ ᠭᠦᠢᠴᠡᠳ ᠦᠭᠡᠢ᠂ ᠲᠦᠭᠰᠢᠭᠦᠷᠢ ᠶᠢ ᠡᠵᠡᠮᠳᠡᠬᠦ ᠲᠠᠯ᠎ᠠ ᠪᠠᠷ ᠪᠠᠭᠤᠷᠠᠢ ᠵᠡᠷᠭᠡ ᠠᠰᠠᠭᠤᠳᠠᠯ ᠢᠯᠡᠷᠡᠵᠦ ᠪᠠᠶᠢᠨ᠎ᠠ᠃ ᠡᠭᠦᠨ ᠳᠤ᠂ 2016 ᠣᠨ ᠠᠴᠠ ᠨᠠᠭᠠᠰᠢ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠢᠨᠠᠨ ᠬᠠᠮᠢᠶᠠᠷᠬᠤ ᠶᠣᠰᠣ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ ᠲᠦᠭᠰᠢᠭᠦᠷᠢ ᠶᠢ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠠᠬᠢᠭᠤᠯᠵᠠᠢ᠃      2018 ᠣᠨ ᠤ 4 ᠳ᠋ᠦ᠋ᠭᠡᠷ ᠰᠠᠷ᠎ᠠ ᠶᠢᠨ 27᠎ ᠤ ᠡᠳᠦᠷ᠂ ᠠᠷᠠᠳ ᠤᠨ ᠪᠠᠩᠬᠢ ᠠᠴᠠ ᠲᠦᠷᠦᠭᠦᠯᠡᠨ ᠲᠣᠭᠲᠠᠭᠠᠭᠰᠠᠨ ︽ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶᠎ ᠶᠢ ᠨᠡᠶᠢᠲᠡᠯᠡᠨ ᠬᠡᠷᠡᠭᠵᠢᠭᠦᠯᠪᠡ᠃ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠤᠰ ᠤᠳᠠᠭ᠎ᠠ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠢ ᠨᠡᠶᠢᠲᠡᠯᠡᠨ ᠬᠡᠷᠡᠭᠵᠢᠭᠦᠯᠦᠭᠰᠡᠨ ᠨᠢ᠂ ︽ᠵᠢᠯᠣᠭᠤᠳᠬᠤ ᠰᠠᠨᠠᠯ︾᠎ ᠢ ᠨᠠᠶᠢᠳᠠᠪᠤᠷᠢᠵᠢᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ 2016 ᠣᠨ ᠠᠴᠠ ᠨᠠᠭᠠᠰᠢᠬᠢ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠪᠣᠯᠣᠨ᠎ᠠ᠃ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾ ᠬᠢᠭᠡᠳ ︽ᠵᠢᠯᠣᠭᠤᠳᠬᠤ ᠰᠠᠨᠠᠯ︾᠎ ᠨᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠬᠢᠨᠠᠨ ᠬᠠᠮᠢᠶᠠᠷᠴᠤ ᠪᠠᠶᠢᠭ᠎ᠠ ᠬᠡᠰᠡᠭ ᠭᠦᠢᠴᠡᠳᠬᠡᠯ ᠲᠤᠭ᠎ᠠ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠲᠠᠢ ᠬᠠᠷᠢᠴᠠᠭᠤᠯᠪᠠᠯ ᠠᠷᠠᠢ ᠠᠭᠤᠵᠢᠭᠤ ᠲᠠᠯᠪᠢᠪᠠ᠃ ᠶᠡᠷᠦᠩᠬᠡᠢ ᠳᠤ ᠨᠢ ᠦᠵᠡᠪᠡᠯ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠦᠯᠡᠳᠡᠭᠡᠯ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠲᠣᠭᠲᠠᠭᠤᠨ ᠢᠶᠠᠷ ᠰᠢᠯᠵᠢᠭᠦᠯᠵᠦ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠵᠦᠢ ᠵᠣᠬᠢᠰᠲᠠᠢ ᠪᠠᠷ ᠬᠠᠮᠢᠶᠠᠷᠬᠤ ᠪᠠ ᠲᠦᠭᠰᠢᠭᠦᠷᠢ ᠶᠢ ᠡᠵᠡᠮᠳᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠰᠢᠰᠲ᠋ᠧᠮᠲᠦ ᠴᠢᠨᠠᠷᠲᠠᠢ ᠲᠦᠭᠰᠢᠭᠦᠷᠢ ᠶᠢ ᠰᠡᠷᠭᠡᠶᠢᠯᠡᠬᠦ ᠳᠤ ᠠᠰᠢᠭᠲᠠᠢ ᠪᠠᠶᠢᠳᠠᠭ᠃      ᠭᠤᠷᠪᠠ ᠳᠤ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠢ ᠲᠣᠭᠲᠠᠭᠠᠭᠰᠠᠨ ᠦᠨᠳᠦᠰᠦᠨ ᠵᠠᠷᠴᠢᠮ ᠨᠢ ᠶᠠᠭᠤ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠢ ᠲᠤᠭᠤᠷᠪᠢᠬᠤ ᠳᠤ ᠳᠣᠣᠷᠠᠬᠢ ᠳᠥᠷᠪᠡᠨ ᠲᠠᠯ᠎ᠠ ᠶᠢᠨ ᠵᠠᠷᠴᠢᠮ ᠢ ᠵᠢᠷᠤᠮᠯᠠᠪᠠ᠃      ᠨᠢᠭᠡ ᠳᠤ᠂ ᠬᠢᠨᠠᠯᠲᠠ ᠬᠠᠮᠢᠶᠠᠷᠤᠯᠲᠠ ᠶᠢᠨ ᠶᠣᠰᠣ ᠳᠦᠷᠢᠮ ᠢ ᠨᠢᠭᠡᠳᠬᠡᠵᠦ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠪᠠ᠃ ᠨᠢᠭᠡ ᠲᠠᠯ᠎ᠠ ᠪᠠᠷ᠂ ᠲᠡᠮᠳᠡᠭᠲᠦ ᠶᠢᠨ ᠺᠣᠮᠫᠠᠨᠢ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ ᠵᠢᠴᠢ ᠲᠡᠳᠡᠭᠡᠷ ᠤᠨ ᠰᠠᠯᠪᠤᠷᠢ ᠺᠣᠮᠫᠠᠨᠢ ᠵᠡᠷᠭᠡ ᠡᠯ᠎ᠡ ᠲᠥᠷᠥᠯ ᠤᠨ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠢᠨᠠᠨ ᠬᠠᠮᠢᠶᠠᠷᠬᠤ ᠶᠣᠰᠣ ᠳᠦᠷᠢᠮ ᠢ ᠨᠢᠭᠡᠳᠬᠡᠵᠦ᠂ ᠬᠢᠨᠠᠨ ᠬᠠᠮᠢᠶᠠᠷᠬᠤ ᠶᠠᠪᠤᠴᠠ ᠳᠤ ᠠᠰᠢᠭ ᠣᠯᠬᠤ ᠦᠵᠡᠭᠳᠡᠯ ᠢ ᠠᠷᠢᠯᠭᠠᠪᠠ᠃ ᠨᠥᠭᠦᠭᠡ ᠲᠠᠯ᠎ᠠ ᠪᠠᠷ᠂ ︽ᠵᠢᠯᠣᠭᠤᠳᠬᠤ ᠰᠠᠨᠠᠯ︾᠎ ᠲᠠᠢ ᠬᠠᠷᠭᠤᠭᠤᠯᠬᠤ ᠶᠢᠨ ᠬᠠᠮᠲᠤ᠂ ᠪᠤᠰᠤᠳ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠢᠨᠠᠵᠤ ᠬᠠᠮᠢᠶᠠᠷᠬᠤ ᠶᠣᠰᠣ ᠳᠦᠷᠢᠮ ᠲᠠᠢ ᠵᠣᠯᠭᠠᠯᠳᠤᠭᠤᠯᠤᠨ ᠨᠢᠭᠡᠳᠬᠡᠬᠦ ᠶᠢ ᠪᠠᠲᠤᠯᠠᠪᠠ᠃      ᠬᠤᠶᠠᠷ ᠲᠤ᠂ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠬᠦ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠵᠠᠷᠴᠢᠮ ᠳᠡᠭᠡᠷ᠎ᠡ ᠪᠠᠨ ᠣᠳᠣ ᠶᠢᠨ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠ ᠶᠣᠰᠣ ᠳᠦᠷᠢᠮ ᠳᠤ ᠶᠡᠭᠡ ᠪᠠᠷ ᠥᠭᠡᠷᠡᠴᠢᠯᠡᠯᠲᠡ ᠬᠢᠬᠦ ᠦᠭᠡᠢ ᠪᠠᠶᠢᠵᠤ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠠᠬᠢ ᠲᠣᠪᠣᠶᠢᠮ᠎ᠠ ᠠᠰᠠᠭᠤᠳᠠᠯ ᠪᠠ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠶᠢ ᠳ᠋ᠦᠩᠨᠡᠵᠦ᠂ ᠭᠤᠣᠯᠳᠠᠯᠭ᠎ᠠ ᠎ ᠲᠠᠢ ᠪᠠᠷ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠬᠤᠯᠪᠣᠭᠳᠠᠭᠤᠯᠤᠨ ᠠᠷᠠᠯᠵᠢᠶᠠᠯᠠᠬᠤ ᠶᠢ ᠵᠢᠷᠤᠮᠵᠢᠭᠤᠯᠤᠨ ᠲᠣᠭᠲᠠᠭᠠᠬᠤ᠂ ᠠᠰᠢᠭ ᠣᠯᠵᠠ ᠪᠠᠨ ᠳᠠᠮᠵᠢᠭᠤᠯᠤᠨ ᠬᠦᠷᠭᠡᠬᠦ ᠶᠢ ᠰᠡᠷᠭᠡᠶᠢᠯᠡᠬᠦ᠂ ᠡᠵᠡᠩᠨᠡᠯᠲᠡ ᠶᠢᠨ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠵᠡᠷᠭᠡ ᠲᠠᠯ᠎ᠠ ᠪᠠᠷ᠂ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠪᠡ᠃      ᠭᠤᠷᠪᠠ ᠳᠤ᠂ ᠭᠦᠢᠴᠡᠳᠬᠡᠯ ᠲᠣᠭᠠᠨ ᠤ ᠴᠤᠪᠤᠷᠠᠯ ᠢ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠢ ᠳᠡᠭᠡᠭᠰᠢᠯᠡᠭᠦᠯᠪᠡ᠃ ︽ᠵᠢᠯᠣᠭᠤᠳᠬᠤ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ ᠤ ᠪᠡᠯᠡ ᠣᠷᠣᠭᠤᠯᠤᠭᠴᠢ ᠶᠢᠨ ᠵᠦᠢ ᠵᠣᠬᠢᠰᠲᠠᠢ ᠬᠠᠮᠢᠶᠠᠷᠤᠯᠲᠠ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠲᠥᠷᠥᠯ ᠤᠨ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠢᠵᠠᠭᠠᠷ ᠲᠣᠭᠠᠨ ᠤ ᠬᠠᠮᠢᠶᠠᠷᠤᠯᠲᠠ᠂ ᠰᠢᠯᠵᠢᠯᠲᠡ ᠶᠢᠨ ᠴᠢᠨᠠᠷᠲᠠᠢ ᠭᠦᠢᠴᠡᠳᠬᠡᠯ ᠲᠣᠭᠠᠨ ᠤ ᠬᠠᠮᠢᠶᠠᠷᠤᠯᠲᠠ᠂ ᠮᠡᠳᠡᠭᠡ ᠵᠠᠩᠭᠢ ᠶᠢ ᠨᠡᠶᠢᠲᠡᠯᠡᠬᠦ ᠵᠡᠷᠭᠡ ᠪᠣᠳᠠᠲᠠᠢ ᠭᠦᠢᠴᠡᠳᠬᠡᠯ ᠲᠤᠭ᠎ᠠ ᠪᠠ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠯᠪᠠᠷ ᠠᠪᠰᠠᠷ ᠪᠥᠭᠡᠳ ᠬᠡᠷᠡᠭᠵᠢᠭᠦᠯᠵᠦ ᠪᠣᠯᠬᠤᠶᠢᠴᠠ ᠪᠣᠯᠭᠠᠵᠠᠢ᠃      ᠳᠥᠷᠪᠡ ᠳᠤ᠂ ᠶᠣᠰᠣ ᠳᠦᠷᠢᠮ ᠤᠨ ᠤᠷᠢᠲᠤᠴᠢ ᠴᠢᠨᠠᠷ ᠢ ᠴᠢᠩᠭᠠᠷᠠᠭᠤᠯᠵᠤ᠂ ᠲᠣᠭᠲᠠᠭᠤᠨ ᠢᠶᠠᠷ ᠰᠢᠯᠵᠢᠭᠦᠯᠬᠦ ᠶᠢ ᠪᠠᠲᠤᠯᠠᠪᠠ᠃ ᠡᠯ᠎ᠡ ᠵᠦᠢᠯ ᠤᠨ ᠳᠦᠷᠢᠮ᠂ ᠭᠦᠢᠴᠡᠳᠬᠡᠯ ᠲᠤᠭ᠎ᠠ ᠶᠢ ᠨᠢᠭᠡᠳᠦᠯᠲᠡᠢ ᠲᠣᠬᠢᠷᠠᠭᠤᠯᠤᠭᠰᠠᠨ ᠤ ᠬᠠᠮᠲᠤ᠂ ᠠᠳᠠᠯᠢ ᠪᠤᠰᠤ ᠨᠡᠷᠡᠳᠬᠦᠨ ᠤ ᠲᠦᠭᠰᠢᠭᠦᠷᠢ ᠶᠢᠨ ᠣᠨᠴᠠᠯᠢᠭ᠂ ᠪᠡᠯᠡ ᠣᠷᠣᠭᠤᠯᠤᠭᠴᠢ ᠶᠢᠨ ᠪᠦᠲᠦᠴᠡ᠂ ᠪᠡᠯᠡ ᠣᠷᠣᠭᠤᠯᠤᠯᠲᠠ ᠶᠢᠨ ᠬᠠᠮᠲᠤᠯᠢᠭ ᠵᠡᠷᠭᠡ ᠣᠨᠴᠠᠭᠠᠢ ᠴᠢᠨᠠᠷ ᠢ ᠭᠦᠢᠴᠡᠳ ᠪᠣᠳᠣᠯᠬᠢᠯᠠᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠭᠰᠡᠨ ᠰᠠᠭᠤᠷᠢᠨ ᠳᠡᠭᠡᠷ᠎ᠡ᠂ ᠴᠢᠬᠤᠯᠠᠲᠠᠢ ᠣᠨᠴᠠᠭᠠᠢ ᠲᠣᠬᠢᠷᠠᠭᠤᠯᠤᠯᠲᠠ ᠬᠢᠵᠦ᠂ ᠶᠣᠰᠣ ᠳᠦᠷᠢᠮ ᠢ ᠵᠣᠬᠢᠬᠤ ᠬᠠᠷᠢᠮᠠᠬᠠᠢ ᠴᠢᠨᠠᠷ ᠲᠠᠢ ᠪᠣᠯᠭᠠᠵᠠᠢ᠃      ᠳᠥᠷᠪᠡ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠶᠢᠨ ᠬᠡᠷᠡᠭᠯᠡᠭᠳᠡᠬᠦ ᠬᠡᠪᠴᠢᠶ᠎ᠡ ᠨᠢ ᠶᠠᠭᠤ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠨᠢ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠳᠤ ᠬᠡᠷᠡᠭᠯᠡᠭᠳᠡᠨ᠎ᠡ᠂ ᠲᠤᠬᠠᠶᠢᠯᠠᠪᠠᠯ ᠲᠡᠮᠳᠡᠭᠲᠦ ᠶᠢᠨ ᠺᠣᠮᠫᠠᠨᠢ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ ᠵᠢᠴᠢ ᠡᠮᠦᠨ᠎ᠡ ᠶᠠᠷᠢᠭᠰᠠᠨ ᠪᠠᠶᠢᠭᠤᠯᠤᠮᠵᠢ ᠶᠢᠨ ᠬᠠᠤᠯᠢ ᠶᠣᠰᠣᠭᠠᠷ ᠪᠠᠶᠢᠭᠤᠯᠤᠭᠰᠠᠨ ᠰᠠᠯᠪᠤᠷᠢ ᠺᠣᠮᠫᠠᠨᠢ ᠠᠴᠠ ᠥᠷᠨᠢᠭᠦᠯᠦᠭᠰᠡᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠡᠭᠦᠨ ᠳᠤ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠪᠡᠯᠡ ᠣᠷᠣᠭᠤᠯᠤᠭᠰᠠᠨ ᠰᠲ᠋ᠣᠺ᠂ ᠥᠭᠴᠡᠭᠡᠨ ᠤ ᠲᠡᠮᠳᠡᠭᠲᠦ ᠵᠡᠷᠭᠡ ᠪᠠᠷᠢᠮᠵᠢᠶᠠᠵᠢᠭᠤᠯᠤᠭᠰᠠᠨ ᠡᠳ᠋ ᠬᠥᠷᠥᠩᠭᠡ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠪᠠᠭᠲᠠᠭᠠᠬᠤ ᠪᠠᠷ ᠪᠠᠷᠠᠬᠤ ᠦᠭᠡᠢ᠂ ᠵᠠᠬ᠎ᠠ ᠳᠡᠯᠭᠡᠭᠦᠷ ᠲᠤ ᠭᠠᠷᠤᠭᠠᠳᠤᠢ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠰᠲ᠋ᠣᠺ ᠤᠨ ᠡᠷᠬᠡ ᠵᠡᠷᠭᠡ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠪᠠᠭᠲᠠᠭᠠᠨ᠎ᠠ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠣᠨᠴᠠ ᠲᠣᠭᠲᠠᠭᠰᠠᠨ ᠵᠣᠷᠢᠯᠭ᠎ᠠ ᠲᠠᠢ ᠺᠣᠮᠫᠠᠨᠢ ᠪᠤᠶᠤ ᠬᠠᠮᠲᠤᠷᠠᠭᠰᠠᠨ ᠠᠵᠤ ᠠᠬᠤᠶᠢᠯᠠᠯ ᠪᠠᠶᠢᠭᠤᠯᠵᠤ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠭᠡᠪᠡᠯ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠢᠶᠠᠷ ᠯᠠᠪᠯᠠᠯᠲᠠ ᠪᠣᠯᠭᠠᠨ ᠲᠣᠬᠢᠷᠠᠭᠤᠯᠤᠨ ᠬᠡᠷᠡᠭᠯᠡᠨ᠎ᠡ᠃ ᠡᠭᠦᠨ ᠠᠴᠠ ᠭᠠᠳᠠᠨ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠳᠤ ᠬᠢᠷᠢ ᠲᠡᠩᠴᠡᠭᠰᠡᠨ ᠤᠯᠤᠰ ᠤᠨ ᠳᠣᠲᠣᠭᠠᠳᠤᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢᠨ ᠤᠯᠤᠰ ᠤᠨ ᠭᠠᠳᠠᠨᠠᠬᠢ ᠲᠡᠮᠳᠡᠭᠲᠦ ᠶᠢᠨ ᠪᠡᠯᠡ ᠣᠷᠣᠭᠤᠯᠤᠯᠲᠠ ᠶᠢ ᠬᠠᠮᠢᠶᠠᠷᠬᠤ ᠲᠤᠬᠠᠶᠢᠯᠠᠭᠰᠠᠨ ᠠᠵᠢᠯ ︵ᠳᠣᠷᠣᠭᠰᠢ QDⅡ ᠲᠤᠬᠠᠶᠢᠯᠠᠭᠰᠠᠨ ᠠᠵᠢᠯ ᠭᠡᠵᠦ ᠲᠣᠪᠴᠢᠯᠠᠨ᠎ᠠ︶᠎ ᠢ ᠥᠷᠨᠢᠭᠦᠯᠬᠦ ᠳᠤ ᠨᠢᠭᠡᠨᠲᠡ ᠲᠤᠰᠬᠠᠢ ᠲᠣᠭᠲᠠᠭᠠᠯ ᠪᠠᠶᠢᠬᠤ ᠶᠢ ᠪᠣᠳᠣᠯᠬᠢᠯᠠᠵᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠭᠤᠣᠯᠳᠠᠭᠤ ᠣᠳᠣ ᠶᠢᠨ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨQDⅡ ᠲᠤᠬᠠᠶᠢᠯᠠᠭᠰᠠᠨ ᠠᠵᠢᠯ ᠢ ᠥᠷᠨᠢᠭᠦᠯᠵᠦ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠶᠢ ᠬᠡᠷᠡᠭᠵᠢᠭᠦᠯᠦᠭᠰᠡᠨ ᠨᠢ ᠣᠳᠣ ᠶᠢᠨ ᠪᠠᠶᠢᠭ᠎ᠠ QDⅡ ᠲᠤᠬᠠᠶᠢᠯᠠᠭᠰᠠᠨ ᠠᠵᠢᠯ ᠤᠨ ᠵᠠᠭᠪᠤᠷ ᠲᠤ ᠨᠥᠯᠥᠭᠡ ᠦᠵᠡᠭᠦᠯᠬᠦ ᠦᠭᠡᠢ ᠪᠠᠶᠢᠳᠠᠭ᠃      ᠲᠠᠪᠤ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠯ᠎ᠡ ᠲᠥᠷᠥᠯ ᠤᠨ ᠨᠡᠷᠡᠳᠬᠦᠨ ᠢ ᠢᠲᠡᠭᠡᠮᠵᠢ ᠶᠢᠨ ᠬᠠᠤᠯᠢ ᠴᠠᠭᠠᠵᠠ ᠶᠢᠨ ᠬᠠᠷᠢᠴᠠᠭ᠎ᠠ ᠪᠠᠷ ᠦᠨᠳᠦᠰᠦᠯᠡᠯ ᠪᠣᠯᠭᠠᠵᠤ ᠲᠣᠬᠢᠷᠠᠭᠤᠯᠬᠤ ᠶᠢ ᠲᠣᠳᠣᠷᠬᠠᠶᠢᠯᠠᠬᠤ ᠳᠤ᠂ ᠪᠣᠳᠠᠲᠠᠢ ᠪᠠᠷ ᠶᠠᠮᠠᠷ ᠶᠠᠮᠠᠷ ᠲᠣᠭᠲᠠᠭᠠᠯ ᠪᠠᠶᠢᠬᠤ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ ᠢ ᠪᠦᠷ ᠢᠲᠡᠭᠡᠮᠵᠢ ᠶᠢᠨ ᠬᠠᠤᠯᠢ ᠴᠠᠭᠠᠵᠠ ᠶᠢᠨ ᠬᠠᠷᠢᠴᠠᠭ᠎ᠠ ᠪᠠᠷ ᠦᠨᠳᠦᠰᠦᠯᠡᠯ ᠪᠣᠯᠭᠠᠵᠤ ᠲᠣᠬᠢᠷᠠᠭᠤᠯᠬᠤ ᠶᠢ ᠬᠠᠤᠯᠢ ᠶᠣᠰᠣᠭᠠᠷ ᠲᠣᠳᠣᠷᠬᠠᠶᠢᠯᠠᠨ᠎ᠠ᠂ ᠡᠭᠦᠨ ᠳᠤ ᠳᠣᠣᠷᠠᠬᠢ ᠭᠤᠷᠪᠠᠨ ᠲᠠᠯ᠎ᠠ ᠶᠢᠨ ᠲᠣᠭᠲᠠᠭᠠᠯ ᠢ ᠪᠠᠭᠲᠠᠭᠠᠵᠤ ᠪᠠᠶᠢᠨ᠎ᠠ᠃ ᠨᠢᠭᠡ ᠳᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠡᠳ᠋ ᠬᠥᠷᠥᠩᠭᠡ ᠶᠢ ᠲᠤᠰᠠᠭᠠᠷᠯᠠᠭᠤᠯᠵᠤ᠂ ᠬᠠᠮᠢᠶᠠᠷᠤᠭᠴᠢ᠂ ᠨᠠᠶᠢᠳᠠᠨ ᠬᠠᠮᠢᠶᠠᠷᠤᠭᠤᠯᠤᠭᠴᠢ ᠶᠢᠨ ᠲᠣᠭᠲᠠᠮᠠᠯ ᠡᠳ᠋ ᠬᠥᠷᠥᠩᠭᠡ ᠶᠢ ᠲᠤᠰᠠᠭᠠᠷᠯᠠᠭᠤᠯᠬᠤ ᠶᠢ ᠲᠣᠳᠣᠷᠬᠠᠶᠢᠯᠠᠨ᠎ᠠ᠃ ᠬᠤᠶᠠᠷ ᠲᠤ᠂ ︽ᠬᠤᠳᠠᠯᠳᠤᠭᠴᠢ ᠠᠴᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠳᠠᠯᠳᠤᠨ ᠠᠪᠤᠭᠴᠢ ᠠᠴᠠ ᠥᠪᠡᠷ ᠢᠶᠠᠨ ᠬᠠᠷᠢᠭᠤᠴᠠᠬᠤ︾᠎ ᠶᠢ ᠲᠣᠭᠲᠠᠭᠠᠵᠤ᠂ ᠡᠵᠡᠩᠨᠡᠯᠲᠡ ᠶᠢᠨ ᠪᠠᠶᠢᠭᠤᠯᠤᠮᠵᠢ ᠠᠴᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠬᠢᠴᠢᠶᠡᠨ ᠴᠢᠷᠮᠠᠶᠢᠵᠤ᠂ ᠬᠠᠷᠢᠴᠠᠭᠠᠨ ᠤ ᠡᠷᠦᠬᠡ ᠶᠢᠨ ᠠᠰᠢᠭ ᠲᠤᠰᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠡᠵᠡᠩᠨᠡᠯᠲᠡ ᠶᠢᠨ ᠪᠠᠶᠢᠭᠤᠯᠤᠮᠵᠢ ᠠᠴᠠ ᠡᠭᠦᠷᠭᠡᠯᠡᠪᠡᠰᠦ ᠵᠣᠬᠢᠬᠤ ᠰᠠᠨᠠᠭᠠᠴᠢᠯᠠᠭ᠎ᠠ ᠠᠴᠠ ᠪᠠᠨ ᠬᠠᠮᠢᠶᠠᠷᠬᠤ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠭᠤᠷᠪᠠ ᠳᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠳᠠᠬᠢ ᠲᠡᠮᠳᠡᠭᠲᠦ ᠶᠢᠨ ᠳᠠᠩᠰᠠᠨ ᠤ ᠡᠷᠦᠬᠡ᠂ ᠬᠤᠭᠤᠴᠠᠭᠠᠲᠤ ᠪᠠᠷᠠᠭᠠᠨ ᠤ ᠳᠠᠩᠰᠠᠨ ᠤ ᠡᠷᠦᠬᠡ ᠶᠢᠨ ᠨᠡᠷᠡᠶᠢᠳᠦᠯ᠂ ᠵᠢᠴᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠡᠵᠡᠮᠰᠢᠵᠦ ᠪᠠᠶᠢᠭ᠎ᠠ ᠲᠡᠮᠳᠡᠭᠲᠦ ᠶᠢᠨ ᠡᠷᠬᠡ ᠶᠢ ᠬᠡᠷᠡᠭᠵᠢᠭᠦᠯᠬᠦ ᠵᠡᠷᠭᠡ ᠲᠠᠯ᠎ᠠ ᠪᠠᠷ᠂ ᠲᠡᠭᠦᠨ ᠢ ᠪᠡᠯᠡ ᠣᠷᠣᠭᠤᠯᠤᠭᠴᠢ ᠶᠢᠨ ᠡᠵᠡᠮᠰᠢᠵᠦ ᠪᠠᠶᠢᠭ᠎ᠠ ᠲᠡᠮᠳᠡᠭᠲᠦ ᠠᠴᠠ ᠢᠯᠭᠠᠨ ᠰᠠᠯᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠲᠡᠭᠡᠮᠵᠢ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ ᠨᠠᠶᠢᠳᠠᠪᠤᠷᠢᠵᠢᠭᠤᠯᠤᠨ᠎ᠠ᠃      ᠲᠣᠭᠲᠠᠭᠤᠨ ᠢᠶᠠᠷ ᠰᠢᠯᠵᠢᠭᠦᠯᠬᠦ ᠶᠢ ᠠᠬᠢᠭᠤᠯᠵᠤ᠂ ᠬᠠᠨᠳᠤᠯᠭ᠎ᠠ ᠲᠠᠢ ᠦᠯᠡᠳᠡᠭᠡᠯ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠪᠡᠯᠡ ᠣᠷᠣᠭᠤᠯᠤᠭᠰᠠᠨ ᠰᠲ᠋ᠣᠺ᠂ ᠫᠠᠶᠢᠰᠠ ᠡᠯᠭᠦᠭᠰᠡᠨ ᠺᠣᠮᠫᠠᠨᠢ ᠶᠢᠨ ᠰᠲ᠋ᠣᠺ ᠲᠤ᠂ ᠲᠡᠭᠦᠨ ᠤ ᠡᠵᠡᠮᠰᠢᠵᠦ ᠪᠠᠶᠢᠭ᠎ᠠ ᠲᠡᠮᠳᠡᠭᠲᠦ ᠶᠢᠨ ᠥᠮᠴᠢᠯᠡᠬᠦ ᠡᠷᠬᠡ ᠶᠢ ᠬᠠᠷᠢᠶᠠᠯᠠᠭᠤᠯᠬᠤ᠂ ᠡᠷᠬᠡ ᠶᠢ ᠬᠡᠷᠡᠭᠵᠢᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ ᠵᠢᠴᠢ ᠲᠡᠮᠳᠡᠭᠲᠦ ᠶᠢᠨ ᠳᠠᠩᠰᠠᠨ ᠤ ᠡᠷᠦᠬᠡ ᠶᠢᠨ ᠨᠡᠷᠡᠶᠢᠳᠦᠯ ᠵᠡᠷᠭᠡ ᠨᠢ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠨᠡᠶᠢᠴᠡᠬᠦ ᠦᠭᠡᠢ ᠪᠣᠯ᠂ ᠲᠡᠭᠦᠨ ᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠤᠰᠬᠠᠬᠤ ᠶᠢ ᠵᠥᠪᠰᠢᠶᠡᠷᠡᠬᠦ ᠪᠣᠯᠪᠠᠴᠤ ᠬᠠᠮᠤᠭ ᠤᠨ ᠣᠷᠣᠢ ᠳᠤ ᠪᠠᠨ 2023 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠵᠢᠷᠤᠮᠵᠢᠭᠤᠯᠬᠤ ᠶᠢ ᠪᠡᠶᠡᠯᠡᠭᠦᠯᠬᠦ ᠶᠢᠨ ᠬᠠᠮᠲᠤ᠂ ᠵᠢᠷᠤᠮᠵᠢᠭᠤᠯᠬᠤ ᠶᠠᠪᠤᠴᠠ ᠳᠤ ᠲᠣᠭᠲᠠᠭᠠᠯ ᠶᠣᠰᠣᠭᠠᠷ ᠮᠡᠳᠡᠭᠡ ᠵᠠᠩᠭᠢ ᠪᠠᠨ ᠨᠡᠶᠢᠲᠡᠯᠡᠬᠦ ᠶᠢ ᠭᠦᠢᠴᠡᠳ ᠪᠥᠭᠡᠳ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠲᠠᠰᠢᠶᠠᠷᠠᠭᠤᠯᠤᠨ ᠣᠶᠢᠯᠠᠭᠠᠬᠤ ᠠᠴᠠ ᠵᠠᠶᠢᠯᠠᠰᠬᠢᠬᠦ ᠬᠡᠷᠡᠭᠲᠡᠢ᠃      ᠵᠢᠷᠭᠤᠭ᠎ᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠪᠡᠯᠡ ᠣᠷᠣᠭᠤᠯᠤᠭᠴᠢ ᠶᠢ ᠬᠠᠮᠠᠭᠠᠯᠠᠬᠤ ᠲᠠᠯ᠎ᠠ ᠪᠠᠷ ᠭᠤᠣᠯᠳᠠᠭᠤ ᠶᠠᠮᠠᠷ ᠶᠠᠮᠠᠷ ᠲᠣᠭᠲᠠᠭᠠᠯ ᠪᠠᠶᠢᠬᠤ ᠪᠣᠢ︖      ᠬᠠᠷᠢᠭᠤᠯᠲᠠ᠄ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ ᠣᠷᠣᠭᠤᠯᠤᠭᠴᠢ᠂ ᠣᠨᠴᠠᠭᠠᠶᠢᠯᠠᠨ ᠳᠤᠮᠳᠠ ᠵᠢᠵᠢᠭ ᠪᠡᠯᠡ ᠣᠷᠣᠭᠤᠯᠤᠭᠴᠢ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠡᠯᠰᠡᠨ ᠴᠤᠭᠯᠠᠭᠤᠯᠵᠤ ᠪᠣᠷᠣᠯᠠᠭᠤᠯᠬᠤ᠂ ᠮᠡᠳᠡᠭᠡ ᠵᠠᠩᠭᠢ ᠶᠢ ᠨᠡᠶᠢᠲᠡᠯᠡᠬᠦ᠂ ᠪᠡᠯᠡ ᠣᠷᠣᠭᠤᠯᠤᠨ ᠠᠵᠢᠯᠯᠠᠭᠤᠯᠬᠤ ᠵᠡᠷᠭᠡ ᠭᠤᠭᠴᠤᠭ᠎ᠠ ᠳᠤ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠠᠢ᠃      ᠨᠢᠭᠡ ᠳᠤ᠂ ᠪᠡᠯᠡ ᠣᠷᠣᠭᠤᠯᠤᠭᠴᠢ ᠶᠢᠨ ᠵᠦᠢ ᠵᠣᠬᠢᠰᠲᠠᠢ ᠬᠠᠮᠢᠶᠠᠷᠤᠯᠲᠠ ᠶᠢ ᠴᠢᠩᠭᠠᠳᠬᠠᠨ᠎ᠠ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠪᠡᠯᠡ ᠣᠷᠣᠭᠤᠯᠤᠭᠴᠢ ᠶᠢ ᠵᠦᠢ ᠵᠣᠬᠢᠰᠲᠠᠢ ᠪᠠᠷ ᠬᠠᠮᠢᠶᠠᠷᠬᠤ ᠡᠭᠦᠷᠭᠡ ᠶᠢ ᠦᠨᠡᠨ ᠬᠦ ᠭᠦᠢᠴᠡᠳᠬᠡᠨ᠂ ︽ᠳᠡᠭᠡᠭᠰᠢ ᠪᠠᠨ ᠬᠠᠮᠤᠭ ᠤᠨ ᠡᠴᠦᠰ ᠤᠨ ᠪᠡᠯᠡ ᠮᠥᠩᠭᠦ ᠶᠢᠨ ᠢᠷᠡᠯᠲᠡ ᠶᠢ ᠣᠶᠢᠯᠭᠠᠨ ᠮᠡᠳᠡᠵᠦ᠂ ᠳᠣᠷᠣᠭᠰᠢ ᠪᠠᠨ ᠬᠠᠮᠤᠭ ᠤᠨ ᠡᠴᠦᠰ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠣᠶᠢᠯᠭᠠᠵᠤ︾᠂ ᠴᠢᠬᠤᠯᠠᠲᠠᠢ ᠠᠷᠭ᠎ᠠ ᠠᠪᠴᠢᠯ ᠢ ᠬᠡᠷᠡᠭᠯᠡᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢᠨ ᠪᠡᠶ᠎ᠡ ᠭᠠᠷᠤᠯ ᠳᠤ ᠬᠠᠷᠭᠤᠭᠤᠯᠤᠨ ᠪᠠᠶᠢᠴᠠᠭᠠᠵᠤ ᠰᠢᠯᠭᠠᠨ ᠭᠡᠷᠡᠴᠢᠯᠡᠬᠦ ᠶᠢ ᠲᠣᠳᠣᠷᠬᠠᠶᠢᠯᠠᠪᠠ︔ ᠲᠦᠭᠰᠢᠭᠦᠷᠢ ᠶᠢ ᠲᠣᠬᠢᠷᠠᠯᠴᠠᠭᠤᠯᠬᠤ ᠵᠠᠷᠴᠢᠮ ᠢ ᠵᠢᠷᠤᠮᠯᠠᠵᠤ᠂ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠ ᠲᠦᠭᠰᠢᠭᠦᠷᠢ ᠶᠢ ᠳᠠᠭᠠᠭᠠᠬᠤ ᠴᠢᠳᠠᠪᠤᠷᠢ ᠨᠢ ᠨᠡᠷᠡᠳᠬᠦᠨ ᠤ ᠲᠦᠭᠰᠢᠭᠦᠷᠢ ᠶᠢᠨ ᠵᠡᠷᠭᠡ ᠳᠡᠰ ᠠᠴᠠ ᠳᠣᠣᠷ᠎ᠠ ᠪᠡᠯᠡ ᠣᠷᠣᠭᠤᠯᠤᠭᠴᠢ ᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠪᠣᠷᠣᠯᠠᠭᠤᠯᠤᠨ ᠬᠤᠳᠠᠯᠳᠤᠬᠤ ᠶᠢ ᠬᠢᠵᠠᠭᠠᠷᠯᠠᠨ᠎ᠠ︔ ᠠᠳᠠᠯᠢ ᠪᠤᠰᠤ ᠲᠥᠷᠥᠯ ᠢᠯᠭᠠᠯ ᠤᠨ ᠨᠡᠷᠡᠳᠬᠦᠨ ᠤ ᠲᠦᠭᠰᠢᠭᠦᠷᠢ ᠶᠢᠨ ᠣᠨᠴᠠᠯᠢᠭ ᠢ ᠢᠯᠭᠠᠨ ᠰᠠᠯᠭᠠᠵᠤ᠂ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠬᠠᠮᠤᠭ ᠤᠨ ᠳᠣᠣᠷ᠎ᠠ ᠪᠡᠯᠡ ᠣᠷᠣᠭᠤᠯᠬᠤ ᠪᠡᠯᠡ ᠮᠥᠩᠭᠦ ᠶᠢ 100 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃      ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ᠢᠯᠡ ᠪᠠᠷ ᠴᠤᠭᠯᠠᠭᠤᠯᠤᠭᠰᠠᠨ ᠨᠡᠷᠡᠳᠬᠦᠨ ᠤ ᠪᠡᠯᠡ ᠣᠷᠣᠭᠤᠯᠤᠭᠴᠢ ᠶᠢᠨ ᠲᠤᠭ᠎ᠠ ᠨᠢ ᠣᠯᠠᠨ᠂ ᠬᠤᠪᠢᠷᠠᠯᠲᠠ ᠨᠢ ᠶᠡᠭᠡ ᠵᠡᠷᠭᠡ ᠶᠢ ᠪᠣᠳᠣᠯᠬᠢᠯᠠᠵᠤ᠂ ᠬᠢᠨᠠᠨ ᠬᠠᠮᠢᠶᠠᠷᠬᠤ ᠬᠠᠷᠠᠯᠲᠠ ᠵᠢᠴᠢ ᠬᠡᠷᠡᠭᠵᠢᠭᠦᠯᠵᠦ ᠪᠣᠯᠬᠤᠶᠢᠴᠠ ᠴᠢᠨᠠᠷ ᠠᠴᠠ ᠡᠭᠦᠰᠦᠨ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠲᠣᠬᠢᠷᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠳᠤ᠂ ᠬᠡᠷᠪᠡ ᠲᠡᠭᠦᠨ ᠤ ᠨᠠᠶᠢᠳᠠᠭᠰᠠᠨ ᠪᠡᠯᠡ ᠮᠥᠩᠭᠦ ᠶᠢᠨ ᠢᠷᠡᠯᠲᠡ ᠨᠢ ᠢᠯᠡ ᠪᠠᠷ ᠴᠤᠭᠯᠠᠭᠤᠯᠤᠭᠰᠠᠨ ᠨᠡᠷᠡᠳᠬᠦᠨ ᠪᠣᠯ᠂ ᠵᠥᠪᠬᠡᠨ ᠢᠯᠡ ᠪᠠᠷ ᠴᠤᠭᠯᠠᠭᠤᠯᠤᠭᠰᠠᠨ ᠨᠡᠷᠡᠳᠬᠦᠨ ᠬᠦᠷᠲᠡᠯ᠎ᠡ ᠢᠯᠭᠠᠨ ᠲᠠᠨᠢᠬᠤ ᠴᠢᠬᠤᠯᠠᠲᠠᠢ ᠪᠠᠶᠢᠵᠤ᠂ ᠳᠡᠭᠡᠭᠰᠢ ᠪᠠᠨ ᠬᠠᠮᠤᠭ ᠤᠨ ᠡᠴᠦᠰ ᠤᠨ ᠪᠡᠯᠡ ᠣᠷᠣᠭᠤᠯᠤᠭᠴᠢ ᠬᠦᠷᠲᠡᠯ᠎ᠡ ᠢᠯᠭᠠᠨ ᠲᠠᠨᠢᠬᠤ ᠴᠢᠬᠤᠯᠠ ᠦᠭᠡᠢ ᠪᠠᠶᠢᠳᠠᠭ᠃      ᠬᠤᠶᠠᠷ ᠲᠤ᠂ ᠮᠡᠳᠡᠭᠡ ᠵᠠᠩᠭᠢ ᠶᠢ ᠨᠡᠶᠢᠲᠡᠯᠡᠬᠦ ᠶᠢ ᠪᠣᠳᠠᠲᠠᠢ ᠪᠥᠭᠡᠳ ᠨᠠᠷᠢᠯᠢᠭ ᠬᠢᠨ᠎ᠡ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠩᠭᠠᠪᠠᠰᠤ ᠵᠣᠬᠢᠬᠤ ᠮᠡᠳᠡᠭᠡ ᠵᠠᠩᠭᠢ ᠶᠢ ᠨᠡᠶᠢᠲᠡᠯᠡᠭᠰᠡᠨ ᠪᠢᠴᠢᠭ ᠮᠠᠲ᠋ᠧᠷᠢᠶᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ᠲᠥᠯᠥᠪᠯᠡᠭᠡ ᠶᠢᠨ ᠲᠣᠳᠣᠷᠬᠠᠶᠢᠯᠠᠯᠲᠠ᠂ ᠲᠦᠭᠰᠢᠭᠦᠷᠢ ᠶᠢᠨ ᠵᠠᠷᠯᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠤᠯᠠᠷᠢᠯ ᠤᠨ ᠮᠡᠳᠡᠭᠦᠯᠦᠯᠲᠡ ᠪᠠ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠪᠡᠯᠡ ᠣᠷᠣᠭᠤᠯᠤᠭᠴᠢ ᠳᠤ ᠨᠡᠷᠡᠳᠬᠦᠨ ᠤ ᠣᠷᠣᠭᠤᠯᠤᠯᠲᠠ ᠶᠢᠨ ᠬᠠᠨᠳᠤᠰᠢ ᠵᠢᠴᠢ ᠦᠷᠭᠦᠯᠵᠢᠯᠡᠨ ᠠᠵᠢᠯᠯᠠᠭᠤᠯᠬᠤ ᠪᠠᠶᠢᠳᠠᠯ ᠢ ᠵᠠᠷᠯᠠᠬᠤ ᠪᠠᠷ ᠱᠠᠭᠠᠷᠳᠠᠨ᠎ᠠ︔ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠴᠡᠪᠡᠷ ᠥᠷᠲᠡᠭ ᠵᠡᠷᠭᠡ ᠴᠢᠬᠤᠯᠠ ᠮᠡᠳᠡᠭᠡ ᠵᠠᠩᠭᠢ ᠶᠢ ᠵᠠᠷᠯᠠᠬᠤ ᠤᠳᠠᠭ᠎ᠠ ᠶᠢ ᠨᠡᠮᠡᠭᠳᠡᠭᠦᠯᠦᠨ᠎ᠡ︔ ᠲᠤᠰᠬᠠᠢ ᠰᠠᠯᠠᠭ᠎ᠠ ᠮᠥᠴᠢᠷ ᠪᠤᠶᠤ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠮᠡᠳᠡᠭᠡ ᠵᠠᠩᠭᠢ ᠶᠢᠨ ᠨᠡᠶᠢᠲᠡᠯᠡᠬᠦ ᠠᠵᠢᠯ ᠢ ᠬᠠᠷᠢᠭᠤᠴᠠᠭᠤᠯᠬᠤ ᠪᠠᠷ ᠱᠠᠭᠠᠷᠳᠠᠨ᠎ᠠ︔ ᠮᠡᠳᠡᠭᠡ ᠵᠠᠩᠭᠢ ᠶᠢ ᠨᠡᠶᠢᠲᠡᠯᠡᠭᠰᠡᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠵᠦ᠂ ᠶᠠᠮᠠᠷᠪᠠ ᠠᠷᠭ᠎ᠠ ᠬᠡᠯᠪᠡᠷᠢ ᠪᠠᠷ ᠡᠬᠡ ᠮᠥᠩᠭᠦ ᠶᠢ ᠪᠠᠲᠤᠯᠠᠬᠤ᠂ ᠠᠰᠢᠭ ᠣᠷᠣᠯᠭ᠎ᠠ ᠶᠢ ᠪᠠᠲᠤᠯᠠᠬᠤ ᠪᠤᠶᠤ ᠬᠤᠷᠬᠢᠷᠠᠯ ᠢ ᠬᠢᠵᠠᠭᠠᠷᠯᠠᠬᠤ ᠪᠠᠷ ᠠᠮᠠᠯᠳᠠᠬᠤ ᠶᠢ ᠬᠢᠵᠠᠭᠠᠷᠯᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠳᠤ ᠳᠡᠰ ᠬᠤᠪᠢᠶᠠᠬᠤ ᠳᠤ ᠡᠯ᠎ᠡ ᠲᠥᠷᠥᠯ ᠢᠯᠭᠠᠯ ᠤᠨ ᠬᠤᠪᠢ ᠶᠢᠨ ᠲᠤᠭ᠎ᠠ ᠶᠢᠨ ᠴᠡᠪᠡᠷ ᠥᠷᠲᠡᠭ ᠢ ᠨᠡᠶᠢᠲᠡᠯᠡᠬᠦ ᠬᠡᠷᠡᠭᠲᠡᠢ ᠭᠡᠵᠦ ᠲᠣᠳᠣᠷᠬᠠᠶᠢᠯᠠᠨ᠎ᠠ᠃      ᠭᠤᠷᠪᠠ ᠳᠤ᠂ ᠪᠡᠯᠡ ᠣᠷᠣᠭᠤᠯᠤᠨ ᠠᠵᠢᠯᠯᠠᠭᠤᠯᠬᠤ ᠶᠢ ᠤᠯᠠᠮ ᠨᠢᠭᠡ ᠠᠯᠬᠤᠮ ᠳᠦᠷᠢᠮᠵᠢᠭᠦᠯᠦᠨ᠎ᠡ᠃ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠡᠯᠡ ᠣᠷᠣᠭᠤᠯᠤᠨ ᠠᠵᠢᠯᠯᠠᠭᠤᠯᠬᠤ ᠶᠠᠪᠤᠴᠠ ᠳᠤ ᠪᠡᠯᠡ ᠣᠷᠣᠭᠤᠯᠤᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠵᠦ᠂ ᠴᠢᠭᠯᠡᠯᠲᠦ ᠴᠢᠨᠠᠷᠲᠠᠢ ᠳᠦᠷᠢᠮ ᠲᠣᠭᠲᠠᠭᠠᠯ ᠣᠯᠭᠤᠨ᠎ᠠ᠃ ᠡᠭᠦᠨ ᠳᠤ ᠭᠡᠷ᠎ᠡ ᠶᠢ ᠬᠤᠪᠢᠷᠠᠭᠤᠯᠬᠤ᠂ ᠬᠤᠯᠪᠣᠭᠳᠠᠭᠤᠯᠤᠨ ᠠᠷᠠᠯᠵᠢᠶᠠᠯᠠᠬᠤ ᠵᠡᠷᠭᠡ ᠵᠦᠢᠯᠡᠰ ᠲᠤ ᠤᠷᠢᠳ ᠢᠶᠠᠷ ᠪᠡᠯᠡ ᠣᠷᠣᠭᠤᠯᠤᠭᠴᠢ ᠶᠢᠨ ᠵᠥᠪᠰᠢᠶᠡᠷᠡᠯ ᠢ ᠣᠯᠬᠤ ᠬᠡᠷᠡᠭᠲᠡᠢ︔ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠵᠠᠷᠤᠳᠠᠯ ᠢ ᠵᠢᠭᠰᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠪᠠᠶᠢᠭᠤᠯᠬᠤ ᠠᠴᠠ ᠡᠮᠦᠨ᠎ᠡ ᠡᠭᠦᠰᠦᠭᠰᠡᠨ ᠵᠠᠷᠤᠳᠠᠯ᠂ ᠵᠢᠴᠢ ᠬᠠᠳᠠᠭᠠᠯᠠᠨ ᠦᠷᠭᠦᠯᠵᠢᠯᠡᠭᠦᠯᠬᠦ ᠬᠤᠭᠤᠴᠠᠭᠠᠨ ᠳᠤ ᠡᠭᠦᠰᠦᠭᠰᠡᠨ ᠡᠯᠰᠡᠨ ᠴᠤᠭᠯᠠᠭᠤᠯᠬᠤ ᠲᠠᠢ ᠬᠤᠯᠪᠣᠭᠳᠠᠯ ᠪᠦᠬᠦᠢ ᠵᠠᠷᠤᠳᠠᠯ ᠢ ᠲᠥᠯᠥᠪᠯᠡᠭᠡ ᠶᠢᠨ ᠡᠳ᠋ ᠬᠥᠷᠥᠩᠭᠡ ᠳᠤ ᠵᠢᠭᠰᠠᠭᠠᠵᠤ ᠪᠣᠯᠬᠤ ᠦᠭᠡᠢ︔ ᠠᠵᠢᠯ ᠤᠨ ᠠᠮᠵᠢᠯᠲᠠ ᠶᠢᠨ ᠬᠥᠯᠥᠰᠦ ᠣᠯᠭᠤᠮᠵᠢ ᠶᠢ ᠭᠠᠷᠭᠠᠨ ᠠᠪᠬᠤ ᠶᠢ ᠵᠢᠷᠤᠮᠵᠢᠭᠤᠯᠵᠤ᠂ ᠭᠠᠷᠭᠠᠨ ᠠᠪᠬᠤ ᠤᠳᠠᠭ᠎ᠠ ᠪᠠ ᠭᠠᠷᠭᠠᠨ ᠠᠪᠬᠤ ᠬᠠᠷᠢᠴᠠᠯ ᠵᠡᠷᠭᠡ ᠶᠢ ᠬᠢᠵᠠᠭᠠᠷᠯᠠᠨ ᠲᠣᠭᠲᠠᠭᠠᠨ᠎ᠠ ᠵᠡᠷᠭᠡ ᠶᠢ ᠪᠠᠭᠲᠠᠭᠠᠵᠤ ᠪᠠᠶᠢᠨ᠎ᠠ᠃      ᠳᠣᠯᠤᠭ᠎ᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠶᠠᠮᠠᠷ ᠶᠠᠮᠠᠷ ᠲᠠᠯ᠎ᠠ ᠠᠴᠠ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠡᠯᠡ ᠣᠷᠣᠭᠤᠯᠤᠨ ᠠᠵᠢᠯᠯᠠᠭᠤᠯᠬᠤ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠭᠰᠡᠨ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦᠨ ᠤ ︽ᠨᠡᠶᠢᠯᠡᠭᠦᠯᠦᠨ ᠪᠡᠯᠡ ᠣᠷᠣᠭᠤᠯᠬᠤ᠂ ᠠᠯᠪᠠᠳᠠᠯᠭ᠎ᠠ ᠪᠠᠷ ᠨᠠᠶᠢᠳᠠᠨ ᠬᠠᠮᠢᠶᠠᠷᠤᠭᠤᠯᠬᠤ᠂ ᠭᠦᠢᠴᠡᠳ ᠨᠡᠶᠢᠲᠡᠯᠡᠬᠦ᠂ ᠲᠤᠰᠠᠭᠠᠷ ᠠᠵᠢᠯᠯᠠᠭᠤᠯᠬᠤ︾ ᠪᠣᠯᠪᠠᠰᠤᠷᠠᠩᠭᠤᠢ ᠲᠤᠷᠰᠢᠯᠭ᠎ᠠ ᠪᠠᠷ ᠵᠣᠬᠢᠬᠤ ᠬᠡᠮᠵᠢᠶ᠎ᠡ ᠪᠠᠷ ᠯᠠᠪᠯᠠᠯᠲᠠ ᠪᠣᠯᠭᠠᠬᠤ ᠶᠢᠨ ᠬᠠᠮᠲᠤ᠂ ᠬᠤᠪᠢ ᠪᠠᠷ ᠢᠶᠠᠨ ᠡᠯᠰᠡᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠤᠶᠠᠯᠳᠤᠭᠤᠯᠵᠤ᠂ ᠳᠣᠣᠷᠠᠬᠢ ᠬᠡᠳᠦᠨ ᠲᠠᠯ᠎ᠠ ᠠᠴᠠ ᠪᠡᠯᠡ ᠣᠷᠣᠭᠤᠯᠤᠨ ᠠᠵᠢᠯᠯᠠᠭᠤᠯᠬᠤ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃      ᠨᠢᠭᠡ ᠳᠤ᠂ ᠨᠡᠶᠢᠯᠡᠭᠦᠯᠦᠨ ᠪᠡᠯᠡ ᠣᠷᠣᠭᠤᠯᠤᠨ᠎ᠠ᠃ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢ ᠨᠡᠶᠢᠯᠡᠭᠦᠯᠦᠨ ᠪᠡᠯᠡ ᠣᠷᠣᠭᠤᠯᠬᠤ ᠪᠠᠷ ᠨᠢᠭᠡᠳᠦᠯᠲᠡᠢ ᠱᠠᠭᠠᠷᠳᠠᠵᠤ᠂ ᠡᠳ᠋ ᠬᠥᠷᠥᠩᠭᠡ ᠶᠢᠨ ᠨᠡᠶᠢᠯᠡᠭᠦᠯᠬᠦ ᠠᠷᠭ᠎ᠠ ᠬᠡᠯᠪᠡᠷᠢ ᠶᠢ ᠬᠡᠷᠡᠭᠯᠡᠬᠦ ᠶᠢᠨ ᠬᠠᠮᠲᠤ᠂ ︽ᠬᠤᠣᠰ 25%︾᠎ ᠶᠢᠨ ᠬᠠᠷᠢᠴᠠᠯ ᠤᠨ ᠬᠢᠵᠠᠭᠠᠷᠯᠠᠯ ᠢ ᠲᠣᠭᠲᠠᠭᠠᠪᠠ᠃ ᠡᠭᠦᠨ ᠤ ᠬᠠᠮᠲᠤ᠂ ᠪᠡᠯᠡ ᠣᠷᠣᠭᠤᠯᠤᠭᠴᠢ ᠶᠢᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠪᠣᠳᠣᠯᠬᠢᠯᠠᠬᠤ ᠶᠢᠨ ᠬᠠᠮᠲᠤ᠂ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠴᠢᠬᠤᠯᠠᠲᠠᠢ ᠠᠮᠢᠳᠤᠯᠢᠭ ᠴᠢᠨᠠᠷ ᠢ ᠦᠯᠡᠳᠡᠭᠡᠵᠦ᠂ ᠪᠦᠬᠦ ᠪᠡᠯᠡ ᠣᠷᠣᠭᠤᠯᠤᠭᠴᠢ ᠨᠢ ᠲᠤᠰᠬᠠᠢ ᠮᠡᠷᠭᠡᠵᠢᠯ ᠤᠨ ᠪᠡᠯᠡ ᠣᠷᠣᠭᠤᠯᠤᠭᠴᠢ ᠪᠣᠯᠬᠤ ᠮᠥᠷᠲᠡᠭᠡᠨ ᠳᠠᠩ ᠭᠠᠭᠴᠠ ᠪᠡᠯᠡ ᠣᠷᠣᠭᠤᠯᠤᠭᠴᠢ ᠶᠢᠨ ᠪᠡᠯᠡ ᠣᠷᠣᠭᠤᠯᠬᠤ ᠪᠡᠯᠡ ᠮᠥᠩᠭᠦ ᠶᠢ 1000 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠢᠲᠡᠭᠦᠮᠵᠢᠲᠦ ᠮᠠᠶ᠋ᠢᠭ ᠤᠨ ᠨᠡᠶᠢᠯᠡᠮᠡᠯ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠵᠡᠷᠭᠡ ᠡᠮᠦᠨ᠎ᠡ ᠶᠠᠷᠢᠭᠰᠠᠨ ᠲᠣᠭᠲᠠᠭᠠᠯ ᠤᠨ ᠬᠢᠵᠠᠭᠠᠷᠯᠠᠯ ᠢ ᠬᠦᠯᠢᠶᠡᠬᠦ ᠦᠭᠡᠢ ᠭᠡᠵᠦ ᠲᠣᠭᠲᠠᠭᠠᠪᠠ᠃      ᠬᠤᠶᠠᠷ ᠲᠤ᠂ ᠠᠯᠪᠠᠳᠠᠯᠭ᠎ᠠ ᠪᠠᠷ ᠨᠠᠶᠢᠳᠠᠨ ᠬᠠᠮᠢᠶᠠᠷᠤᠭᠤᠯᠤᠨ᠎ᠠ᠃ ᠠᠯᠪᠠᠳᠠᠯᠭ᠎ᠠ ᠪᠠᠷ ᠲᠤᠰᠠᠭᠠᠷ ᠨᠠᠶᠢᠳᠠᠨ ᠬᠠᠮᠢᠶᠠᠷᠤᠭᠤᠯᠬᠤ ᠱᠠᠭᠠᠷᠳᠠᠯᠭ᠎ᠠ ᠶᠢ ᠵᠠᠷᠴᠢᠮ ᠢᠶᠠᠷ ᠲᠣᠭᠲᠠᠭᠠᠭᠰᠠᠨ ᠤ ᠬᠠᠮᠲᠤ᠂ ᠳᠠᠩ ᠭᠠᠭᠴᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠣᠨᠴᠠᠯᠢᠭ ᠢ ᠪᠣᠳᠣᠯᠬᠢᠯᠠᠵᠤ᠂ ᠨᠠᠶᠢᠳᠠᠭᠴᠢ ᠬᠢᠭᠡᠳ ᠬᠠᠮᠢᠶᠠᠷᠤᠭᠴᠢ ᠶᠢᠨ ᠲᠤᠰᠠᠭᠠᠷ ᠨᠠᠶᠢᠳᠠᠨ ᠬᠠᠮᠢᠶᠠᠷᠤᠭᠤᠯᠬᠤ ᠦᠭᠡᠢ ᠭᠡᠵᠦ ᠪᠣᠯᠵᠣᠨ ᠲᠣᠭᠲᠠᠬᠤ ᠶᠢ ᠵᠥᠪᠰᠢᠶᠡᠷᠡᠪᠡᠴᠦ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠬᠦ ᠶᠢᠨ ᠬᠠᠮᠲᠤ ᠲᠦᠭᠰᠢᠭᠦᠷᠢ ᠶᠢ ᠭᠦᠢᠴᠡᠳ ᠵᠠᠷᠯᠠᠬᠤ ᠬᠡᠷᠡᠭᠲᠡᠢ᠃ ᠡᠭᠦᠨ ᠤ ᠬᠠᠮᠲᠤ᠂ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠳᠤ ᠪᠡᠯᠡ ᠣᠷᠣᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠲᠤᠬᠠᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠡᠷ᠎ᠡ ᠳᠤ ᠨᠠᠶᠢᠳᠠᠨ ᠬᠠᠮᠢᠶᠠᠷᠤᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ᠂ ᠨᠠᠶᠢᠳᠠᠨ ᠬᠠᠮᠢᠶᠠᠷᠤᠭᠤᠯᠤᠭᠴᠢ ᠬᠢᠭᠡᠳ ᠬᠠᠮᠢᠶᠠᠷᠤᠭᠴᠢ ᠶᠢᠨ ᠡᠷᠬᠡ ᠡᠭᠦᠷᠭᠡ ᠶᠢ ᠡᠷᠬᠡᠪᠰᠢ ᠤᠷᠢᠳ ᠢᠶᠠᠷ ᠣᠨᠣᠪᠴᠢᠲᠠᠢ ᠪᠥᠭᠡᠳ ᠵᠦᠢ ᠵᠣᠬᠢᠰᠲᠠᠢ ᠪᠠᠷ ᠪᠣᠯᠵᠣᠨ ᠲᠣᠭᠲᠠᠵᠤ᠂ ᠪᠡᠯᠡ ᠣᠷᠣᠭᠤᠯᠤᠭᠴᠢ ᠳᠤ ᠲᠦᠭᠰᠢᠭᠦᠷᠢ ᠶᠢ ᠭᠦᠢᠴᠡᠳ ᠵᠠᠷᠯᠠᠬᠤ ᠬᠡᠷᠡᠭᠲᠡᠢ ᠭᠡᠵᠦ ᠱᠠᠭᠠᠷᠳᠠᠪᠠ᠃      ᠭᠤᠷᠪᠠ ᠳᠤ᠂ ᠲᠤᠰᠠᠭᠠᠷ ᠠᠵᠢᠯᠯᠠᠭᠤᠯᠤᠨ᠎ᠠ᠃ ︽ᠵᠢᠯᠣᠭᠤᠳᠬᠤ ᠰᠠᠨᠠᠯ︾᠎ ᠤᠨ ︽ᠨᠡᠪᠲᠡᠷᠡᠬᠦ ᠵᠠᠮ ᠢ ᠦᠭᠡᠶᠢᠰᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠬᠢᠨᠠᠭᠤᠷ ᠪᠣᠯᠭᠤᠮᠵᠢᠲᠠᠢ ᠡᠵᠡᠩᠨᠡᠬᠦ ᠶᠢ ᠱᠠᠭᠠᠷᠳᠠᠵᠤ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠡᠯᠡ ᠣᠷᠣᠭᠤᠯᠤᠯᠲᠠ ᠶᠢᠨ ᠠᠷᠭᠠᠴᠠᠭᠠᠬᠤ ᠪᠣᠳᠣᠯᠭ᠎ᠠ ᠪᠠ ᠲᠦᠭᠰᠢᠭᠦᠷᠢ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠪᠠ ᠬᠢᠵᠠᠭᠠᠷᠯᠠᠨ᠎ᠠ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠬᠢᠨᠠᠨ ᠬᠠᠮᠢᠶᠠᠷᠬᠤ ᠱᠠᠭᠠᠷᠳᠠᠯᠭ᠎ᠠ ᠠᠴᠠ ᠵᠠᠶᠢᠯᠠᠬᠤ ᠨᠡᠪᠲᠡᠷᠡᠬᠦ ᠵᠠᠮ ᠤᠨ ᠦᠢᠯᠡᠴᠢᠯᠡᠭᠡ ᠬᠠᠩᠭᠠᠬᠤ ᠶᠢ ᠬᠢᠵᠠᠭᠠᠷᠯᠠᠨ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠭᠡᠷ᠎ᠡ ᠲᠣᠭᠲᠠᠬᠤ ᠪᠠᠷ ᠳᠠᠮᠵᠢᠭᠤᠯᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠠᠴᠠ ᠵᠠᠶᠢᠯᠠᠭᠤᠯᠬᠤ ᠶᠢ ᠬᠢᠵᠠᠭᠠᠷᠯᠠᠵᠤ᠂ ᠬᠠᠮᠢᠶᠠᠷᠤᠭᠴᠢ ᠶᠢᠨ ᠨᠠᠶᠢᠳᠠᠭᠴᠢ ᠪᠤᠶᠤ ᠲᠡᠭᠦᠨ ᠤ ᠵᠢᠭᠠᠨ ᠲᠣᠭᠲᠠᠭᠠᠭᠰᠠᠨ ᠭᠤᠷᠪᠠᠳᠠᠭᠴᠢ ᠲᠠᠯ᠎ᠠ ᠶᠢᠨ ᠵᠢᠭᠠᠪᠤᠷᠢ ᠪᠤᠶᠤ ᠰᠠᠨᠠᠭᠤᠯᠭ᠎ᠠ ᠶᠣᠰᠣᠭᠠᠷ ᠪᠡᠯᠡ ᠣᠷᠣᠭᠤᠯᠬᠤ ᠰᠢᠢᠳᠪᠦᠷᠢᠲᠦ ᠪᠣᠳᠣᠯᠭ᠎ᠠ ᠭᠠᠷᠭᠠᠬᠤ ᠶᠢ ᠬᠢᠵᠠᠭᠠᠷᠯᠠᠨ᠎ᠠ᠃      ᠨᠠᠢᠮᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠭᠤᠣᠯᠳᠠᠯᠭ᠎ᠠ ᠲᠠᠢ ᠲᠦᠭᠰᠢᠭᠦᠷᠢ ᠶᠢ ᠵᠢᠷᠤᠮᠵᠢᠭᠤᠯᠤᠨ ᠲᠣᠭᠲᠠᠭᠠᠬᠤ ᠲᠠᠯ᠎ᠠ ᠪᠠᠷ᠂ ᠶᠠᠮᠠᠷ ᠶᠠᠮᠠᠷ ᠪᠣᠳᠠᠲᠠᠢ ᠲᠣᠭᠲᠠᠭᠠᠯ ᠪᠠᠶᠢᠬᠤ ᠪᠣᠢ︖      ᠬᠠᠷᠢᠭᠤᠯᠲᠠ᠄ ᠣᠶᠢᠷ᠎ᠠ ᠶᠢᠨ ᠬᠡᠳᠦᠨ ᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠶᠢ ᠳ᠋ᠦᠩᠨᠡᠵᠦ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠰᠢᠯᠵᠢᠯᠲᠡ ᠶᠢᠨ ᠴᠢᠨᠠᠷ ᠲᠠᠢ ᠲᠦᠭᠰᠢᠭᠦᠷᠢ ᠪᠠ ᠬᠤᠯᠪᠣᠭᠳᠠᠭᠤᠯᠤᠨ ᠠᠷᠠᠯᠵᠢᠶᠠᠯᠠᠬᠤ ᠲᠠᠯ᠎ᠠ ᠪᠠᠷ ᠭᠤᠣᠯᠳᠠᠯᠭ᠎ᠠ ᠲᠠᠢ ᠵᠢᠷᠤᠮᠵᠢᠭᠤᠯᠤᠨ ᠲᠣᠭᠲᠠᠭᠠᠪᠠ᠃      ᠰᠢᠯᠵᠢᠯᠲᠡ ᠶᠢᠨ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠨᠢᠭᠡ ᠳᠤ᠂ ᠬᠤᠭᠤᠴᠠᠭ᠎ᠠ ᠬᠢᠵᠠᠭᠠᠷ ᠢᠶᠠᠷ ᠲᠣᠬᠢᠷᠠᠯᠴᠠᠭᠤᠯᠬᠤ ᠶᠢ ᠴᠢᠬᠤᠯᠠᠴᠢᠯᠠᠭᠰᠠᠨ ᠤ ᠬᠠᠮᠲᠤ᠂ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠬᠤᠶᠠᠷ ᠲᠤ᠂ ᠬᠤᠪᠢ ᠪᠠᠷ ᠢᠶᠠᠨ ᠴᠤᠭᠯᠠᠭᠤᠯᠬᠤ ᠣᠨᠴᠠᠯᠢᠭ ᠢ ᠪᠣᠳᠣᠯᠬᠢᠯᠠᠨ᠂ ᠨᠡᠷᠡᠳᠬᠦᠨ ᠤ ᠨᠡᠭᠡᠭᠡᠯᠲᠡ ᠬᠢᠬᠦ ᠤᠳᠠᠭ᠎ᠠ ᠶᠢ ᠬᠢᠵᠠᠭᠠᠷᠯᠠᠵᠤ᠂ ᠪᠠᠶᠢᠩᠭᠤ ᠨᠡᠭᠡᠭᠡᠯᠲᠡ ᠬᠢᠬᠦ ᠨᠡᠷᠡᠳᠬᠦᠨ ᠤ ᠪᠡᠯᠡ ᠣᠷᠣᠭᠤᠯᠤᠨ ᠠᠵᠢᠯᠯᠠᠭᠤᠯᠬᠤ ᠶᠢ ᠵᠢᠷᠤᠮᠵᠢᠭᠤᠯᠪᠠ᠃ ᠭᠤᠷᠪᠠ ᠳᠤ᠂ ᠨᠡᠶᠢᠯᠡᠮᠡᠯ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠨᠡᠭᠡᠭᠡᠯᠲᠡ ᠬᠢᠵᠦ ᠪᠤᠴᠠᠭᠠᠨ ᠭᠠᠷᠭᠠᠬᠤ ᠬᠤᠭᠤᠴᠠᠭᠠᠨ ᠳᠤ᠂ 10%᠎ ᠶᠢᠨ ᠥᠨᠳᠥᠷ ᠰᠢᠯᠵᠢᠯᠲᠡ ᠶᠢᠨ ᠴᠢᠨᠠᠷᠲᠠᠢ ᠡᠳ᠋ ᠬᠥᠷᠥᠩᠭᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠳᠥᠷᠪᠡ ᠳᠤ᠂ ᠰᠢᠯᠵᠢᠯᠲᠡ ᠶᠢᠨ ᠴᠢᠨᠠᠷᠲᠠᠢ ᠲᠦᠭᠰᠢᠭᠦᠷᠢ ᠶᠢᠨ ᠬᠠᠮᠢᠶᠠᠷᠤᠯᠲᠠ ᠶᠢᠨ ᠪᠠᠭᠠᠵᠢ ᠶᠢ ᠲᠣᠭᠲᠠᠭᠠᠪᠠ᠃ ᠡᠭᠦᠨ ᠳᠤ ᠶᠡᠭᠡ ᠬᠡᠮᠵᠢᠶ᠎ᠡ ᠪᠠᠷ ᠪᠤᠴᠠᠭᠠᠨ ᠭᠠᠷᠭᠠᠬᠤ ᠭᠤᠶᠤᠴᠢᠯᠠᠯ ᠢ ᠬᠤᠭᠤᠴᠠᠭ᠎ᠠ ᠤᠷᠲᠤᠳᠬᠠᠨ ᠭᠦᠢᠴᠡᠳᠬᠡᠬᠦ᠂ ᠪᠤᠴᠠᠭᠠᠨ ᠭᠠᠷᠭᠠᠬᠤ ᠭᠤᠶᠤᠴᠢᠯᠠᠯ ᠢ ᠬᠦᠯᠢᠶᠡᠨ ᠠᠪᠬᠤ ᠶᠢ ᠲᠦᠷ ᠵᠣᠭᠰᠣᠭᠠᠬᠤ᠂ ᠣᠬᠤᠷᠬᠠᠨ ᠬᠤᠭᠤᠴᠠᠭᠠᠨ ᠤ ᠵᠣᠯᠢᠵᠤ ᠠᠪᠬᠤ ᠰᠦᠢᠳᠬᠡᠯ ᠬᠤᠷᠢᠶᠠᠬᠤ ᠵᠡᠷᠭᠡ ᠶᠢ ᠪᠠᠭᠲᠠᠭᠠᠨ᠎ᠠ᠃      ᠬᠤᠯᠪᠣᠭᠳᠠᠭᠤᠯᠤᠨ ᠠᠷᠠᠯᠵᠢᠶᠠᠯᠠᠬᠤ ᠶᠢ ᠵᠢᠷᠤᠮᠵᠢᠭᠤᠯᠤᠨ ᠲᠣᠭᠲᠠᠭᠠᠬᠤ ᠲᠠᠯ᠎ᠠ ᠪᠠᠷ᠂ ᠨᠢᠭᠡ ᠳᠤ᠂ ᠦᠨᠳᠦᠰᠦᠨ ᠵᠠᠷᠴᠢᠮ ᠢ ᠲᠣᠳᠣᠷᠬᠠᠶᠢᠯᠠᠨ᠎ᠠ᠃ ᠬᠤᠯᠪᠣᠭᠳᠠᠭᠤᠯᠤᠨ ᠠᠷᠠᠯᠵᠢᠶᠠᠯᠠᠬᠤ ᠳᠤ ᠤᠷᠢᠳ ᠢᠶᠠᠷ ᠪᠦᠬᠦ ᠪᠡᠯᠡ ᠣᠷᠣᠭᠤᠯᠤᠭᠴᠢ ᠶᠢᠨ ᠵᠥᠪᠰᠢᠶᠡᠷᠡᠯ ᠢ ᠣᠯᠵᠤ᠂ ᠳᠠᠷᠠᠭ᠎ᠠ ᠳᠤ ᠨᠢ ᠪᠡᠯᠡ ᠣᠷᠣᠭᠤᠯᠤᠭᠴᠢ ᠪᠠ ᠨᠠᠶᠢᠳᠠᠨ ᠬᠠᠮᠢᠶᠠᠷᠤᠭᠤᠯᠤᠭᠴᠢ ᠳᠤ ᠮᠡᠳᠡᠭᠳᠡᠬᠦ ᠶᠢᠨ ᠬᠠᠮᠲᠤ᠂ ᠮᠡᠳᠡᠭᠦᠯᠬᠦ ᠡᠭᠦᠷᠭᠡ ᠶᠢ ᠴᠢᠩᠭ᠎ᠠ ᠭᠦᠢᠴᠡᠳᠬᠡᠨ᠎ᠡ᠃ ᠬᠤᠶᠠᠷ ᠲᠤ᠂ ᠨᠡᠶᠢᠯᠡᠮᠡᠯ ᠲᠥᠯᠥᠪᠯᠡᠭᠡ ᠶᠢᠨ ᠡᠳ᠋ ᠬᠥᠷᠥᠩᠭᠡ ᠶᠢ ᠬᠠᠮᠢᠶᠠᠷᠤᠭᠴᠢ᠂ ᠨᠠᠶᠢᠳᠠᠨ ᠬᠠᠮᠢᠶᠠᠷᠤᠭᠤᠯᠤᠭᠴᠢ ᠵᠢᠴᠢ ᠡᠮᠦᠨ᠎ᠡ ᠶᠠᠷᠢᠭᠰᠠᠨ ᠪᠠᠶᠢᠭᠤᠯᠤᠮᠵᠢ ᠶᠢᠨ ᠬᠤᠯᠪᠣᠭᠳᠠᠭᠤᠯᠬᠤ ᠲᠠᠯ᠎ᠠ ᠶᠢᠨ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠳᠤ ᠣᠷᠣᠭᠤᠯᠬᠤ ᠶᠢ ᠬᠢᠵᠠᠭᠠᠷᠯᠠᠨ᠎ᠠ᠃ ᠭᠤᠷᠪᠠ ᠳᠤ᠂ ᠳᠡᠰ ᠬᠤᠪᠢᠶᠠᠭᠰᠠᠨ ᠨᠡᠷᠡᠳᠬᠦᠨ ᠢ ᠠᠰᠢᠭᠯᠠᠨ ᠠᠳᠠᠭ ᠬᠤᠴᠣᠷᠤᠩᠭᠤᠢ ᠳᠡᠰ ᠤᠨ ᠨᠠᠶᠢᠳᠠᠨ ᠬᠠᠮᠢᠶᠠᠷᠤᠭᠤᠯᠤᠭᠴᠢ ᠵᠢᠴᠢ ᠲᠡᠭᠦᠨ ᠤ ᠬᠤᠯᠪᠣᠭᠳᠠᠭᠤᠯᠬᠤ ᠲᠠᠯ᠎ᠠ ᠳᠤ ᠪᠡᠯᠡ ᠲᠣᠬᠢᠷᠠᠭᠤᠯᠤᠯᠲᠠ ᠬᠠᠩᠭᠠᠬᠤ ᠶᠢ ᠬᠢᠵᠠᠭᠠᠷᠯᠠᠨ᠎ᠠ᠃ ᠳᠥᠷᠪᠡ ᠳᠤ᠂ ᠬᠤᠯᠪᠣᠭᠳᠠᠭᠤᠯᠬᠤ ᠲᠠᠯ᠎ᠠ ᠶᠢᠨ ᠬᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠳᠤ ᠣᠷᠣᠯᠴᠠᠭᠰᠠᠨ ᠪᠣᠯ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠨᠡᠶᠢᠲᠡᠯᠡᠬᠦ ᠪᠠ ᠮᠡᠳᠡᠭᠦᠯᠬᠦ ᠡᠭᠦᠷᠭᠡ ᠶᠢ ᠭᠦᠢᠴᠡᠳᠬᠡᠬᠦ ᠶᠢᠨ ᠬᠠᠮᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠳᠠᠩᠰᠠᠨ ᠤ ᠡᠷᠦᠬᠡ ᠶᠢ ᠬᠢᠨᠠᠨ ᠡᠵᠡᠮᠳᠡᠨ᠎ᠡ᠃      ᠶᠢᠰᠦ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢ ᠬᠡᠷᠬᠢᠨ ᠵᠢᠷᠤᠮᠵᠢᠭᠤᠯᠤᠭᠰᠠᠨ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠳᠣᠣᠷᠠᠬᠢ ᠳᠥᠷᠪᠡᠨ ᠲᠠᠯ᠎ᠠ ᠠᠴᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠳᠤ ᠰᠢᠰᠲ᠋ᠧᠮ ᠲᠠᠢ ᠵᠢᠷᠤᠮᠵᠢᠯ ᠬᠢᠪᠡ᠃ ᠨᠢᠭᠡ ᠳᠤ᠂ ᠨᠡᠶᠢᠲᠡ ᠪᠠᠷ ᠢᠶᠠᠨ ᠵᠥᠪᠰᠢᠶᠡᠷᠡᠭᠰᠡᠨ ᠥᠷᠲᠡᠭ ᠢ ᠪᠦᠷᠢᠯᠳᠦᠭᠦᠯᠦᠭᠰᠡᠨ ᠪᠠ ᠨᠡᠯᠢᠶᠡᠳ ᠥᠨᠳᠥᠷ ᠰᠢᠯᠵᠢᠯᠲᠡ ᠶᠢᠨ ᠴᠢᠨᠠᠷ ᠲᠠᠢ ᠡᠰᠡᠬᠦ ᠪᠠᠷ ᠪᠠᠷᠢᠮᠵᠢᠶ᠎ᠠ ᠪᠣᠯᠭᠠᠵᠤ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠲᠥᠷᠥᠯ ᠤᠨ ᠡᠳ᠋ ᠬᠥᠷᠥᠩᠭᠡ ᠶᠢ ︽ᠵᠢᠯᠣᠭᠤᠳᠬᠤ ᠰᠠᠨᠠᠯ︾᠎ ᠤᠨ ᠲᠣᠭᠲᠠᠭᠠᠯ ᠢ ᠦᠨᠳᠦᠰᠦᠯᠡᠨ ᠨᠤᠲᠠᠯᠠᠨ ᠲᠣᠭᠲᠠᠭᠠᠬᠤ ᠶᠢ ᠲᠣᠳᠣᠷᠬᠠᠶᠢᠯᠠᠪᠠ᠃ ᠬᠤᠶᠠᠷ ᠲᠤ᠂ ᠡᠯ᠎ᠡ ᠲᠥᠷᠥᠯ ᠤᠨ ᠠᠰᠢᠭ ᠣᠷᠣᠯᠭ᠎ᠠ ᠶᠢᠨ ᠡᠷᠬᠡ ᠶᠢ ᠳᠤᠷ᠎ᠠ ᠪᠠᠷ ᠢᠶᠠᠨ ᠡᠭᠦᠳᠦᠨ ᠲᠣᠬᠢᠷᠠᠭᠤᠯᠤᠭᠰᠠᠨ ᠠᠴᠠ ᠪᠣᠯᠵᠤ ᠡᠳ᠋ ᠬᠥᠷᠥᠩᠭᠡ ᠶᠢᠨ ᠬᠤᠳᠠᠯ ᠬᠠᠭᠤᠷᠮᠠᠭ ᠪᠥᠭᠡᠳ ᠦᠷ᠎ᠡ ᠪᠦᠲᠦᠮᠵᠢ ᠳᠣᠣᠷ᠎ᠠ᠂ ︽ᠨᠢᠭᠡ ᠪᠣᠳᠠᠰ ᠢ ᠣᠯᠠᠨ ᠭᠠᠵᠠᠷ ᠲᠤ ᠬᠤᠳᠠᠯᠳᠤᠬᠤ︾ ᠵᠡᠷᠭᠡ ᠲᠦᠭᠰᠢᠭᠦᠷᠢ ᠶᠢ ᠪᠣᠢ ᠪᠣᠯᠭᠠᠬᠤ ᠶᠢ ᠬᠢᠵᠠᠭᠠᠷᠯᠠᠬᠤ ᠶᠢᠨ ᠲᠥᠯᠥᠭᠡ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ ᠡᠳ᠋ ᠬᠥᠷᠥᠩᠭᠡ ᠶᠢᠨ ︽ᠬᠢᠷᠢ ᠭᠡᠮ︾᠎ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠨᠡ ᠨᠢ ᠬᠠᠤᠯᠢ ᠶᠣᠰᠣᠨ ᠤ᠂ ᠦᠨᠡᠨ ᠪᠣᠳᠠᠲᠠᠢ᠂ ᠪᠦᠲᠦᠮᠵᠢᠲᠡᠢ᠂ ᠣᠨᠴᠠᠭᠠᠶᠢᠯᠠᠨ ᠲᠣᠭᠲᠠᠭᠠᠵᠤ ᠪᠣᠯᠬᠤᠶᠢᠴᠠ ᠵᠡᠷᠭᠡ ᠶᠢ ᠪᠠᠭᠲᠠᠭᠠᠵᠤ ᠪᠠᠶᠢᠨ᠎ᠠ᠃ ᠭᠤᠷᠪᠠ ᠳᠤ᠂ ︽ᠵᠢᠯᠣᠭᠤᠳᠬᠤ ᠰᠠᠨᠠᠯ︾᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠳᠠᠯᠳᠤᠭᠠᠨ ᠤ ᠪᠠᠩᠬᠢ ᠶᠢᠨ ᠬᠥᠷᠥᠩᠭᠡ ᠮᠥᠩᠭᠦ ᠠᠬᠤᠶᠢᠯᠠᠬᠤ ᠲᠤᠬᠠᠶᠢᠯᠠᠭᠰᠠᠨ ᠠᠵᠢᠯ ᠤᠨ ᠬᠢᠨᠠᠨ ᠬᠠᠮᠢᠶᠠᠷᠬᠤ ᠶᠣᠰᠣ ᠳᠦᠷᠢᠮ ᠢᠶᠠᠷ ᠯᠠᠪᠯᠠᠯᠲᠠ ᠪᠣᠯᠭᠠᠵᠤ᠂ ᠠᠳᠠᠯᠢ ᠨᠢᠭᠡᠨ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠮᠢᠶᠠᠷᠴᠤ ᠪᠠᠶᠢᠭ᠎ᠠ ᠪᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠪᠡᠯᠡ ᠣᠷᠣᠭᠤᠯᠤᠭᠰᠠᠨ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠲᠥᠷᠥᠯ ᠤᠨ ᠡᠳ᠋ ᠬᠥᠷᠥᠩᠭᠡ ᠶᠢᠨ ᠪᠡᠯᠡ ᠮᠥᠩᠭᠦ ᠨᠢ᠂ ᠪᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠴᠡᠪᠡᠷ ᠡᠳ᠋ ᠬᠥᠷᠥᠩᠭᠡ ᠶᠢᠨ 35%᠎ ᠠᠴᠠ ᠬᠡᠲᠦᠷᠡᠵᠦ ᠪᠣᠯᠬᠤ ᠦᠭᠡᠢ ᠭᠡᠵᠦ ᠲᠣᠭᠲᠠᠭᠠᠭᠰᠠᠨ ᠤ ᠬᠠᠮᠲᠤ᠂ ᠡᠬᠡ ᠥᠬᠢᠨ ᠺᠣᠮᠫᠠᠨᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ ᠨᠡᠶᠢᠯᠡᠭᠦᠯᠦᠨ ᠨᠢᠭᠡᠳᠬᠡᠬᠦ ᠲᠥᠷᠥᠯᠵᠢᠯ ᠶᠣᠰᠣᠭᠠᠷ ᠲᠣᠭᠠᠴᠠᠨ ᠪᠣᠳᠣᠬᠤ ᠶᠢ ᠵᠥᠪᠰᠢᠶᠡᠷᠡᠨ᠎ᠡ᠃ ᠡᠭᠦᠨ ᠤ ᠬᠠᠮᠲᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠰᠢᠨ᠎ᠡ ᠪᠠᠷ ᠥᠷᠨᠢᠭᠦᠯᠦᠭᠰᠡᠨ ᠲᠤᠬᠠᠶᠢᠯᠠᠭᠰᠠᠨ ᠠᠵᠢᠯ ᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠥᠯᠥᠭᠡ᠂ ᠡᠮᠦᠨ᠎ᠡ ᠶᠠᠷᠢᠭᠰᠠᠨ ᠭᠦᠢᠴᠡᠳᠬᠡᠯ ᠲᠣᠭᠠᠨ ᠤ ᠪᠠᠷᠢᠮᠵᠢᠶ᠎ᠠ ᠳᠤ ᠬᠦᠷᠬᠦ ᠠᠴᠠ ᠡᠮᠦᠨ᠎ᠡ᠂ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠪᠡᠯᠡ ᠣᠷᠣᠭᠤᠯᠤᠯᠲᠠ ᠶᠢ ᠰᠢᠨ᠎ᠡ ᠪᠠᠷ ᠨᠡᠮᠡᠵᠦ ᠪᠣᠯᠬᠤ ᠪᠥᠭᠡᠳ ᠰᠢᠯᠵᠢᠯᠲᠡ ᠶᠢᠨ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠪᠠᠷᠢᠮᠵᠢᠶ᠎ᠠ ᠳᠤ ᠬᠦᠷᠬᠦ ᠶᠢ ᠵᠥᠪᠰᠢᠶᠡᠷᠡᠪᠡ᠃ ᠳᠥᠷᠪᠡ ᠳᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠲᠤᠰᠬᠠᠶᠢᠯᠠᠨ ᠶᠠᠰᠤ ᠴᠢᠨᠠᠷ ᠢ ᠡᠵᠡᠮᠳᠡᠬᠦ ᠳᠦᠷᠢᠮ ᠢ ᠲᠣᠭᠲᠠᠭᠠᠭᠰᠠᠨ ᠤ ᠬᠠᠮᠲᠤ᠂ ᠲᠤᠰᠬᠠᠢ ᠠᠵᠢᠯ ᠤᠨ ᠪᠠᠶᠢᠷᠢ ᠲᠣᠬᠢᠷᠠᠭᠤᠯᠵᠤ ᠪᠡᠯᠡ ᠣᠷᠣᠭᠤᠯᠤᠭᠰᠠᠨ ᠤ ᠳᠠᠷᠠᠭᠠᠬᠢ ᠬᠠᠮᠢᠶᠠᠷᠤᠯᠲᠠ᠂ ᠮᠡᠳᠡᠭᠡ ᠵᠠᠩᠭᠢ ᠶᠢ ᠨᠡᠶᠢᠲᠡᠯᠡᠬᠦ ᠵᠡᠷᠭᠡ ᠶᠠᠪᠤᠳᠠᠯ ᠢ ᠬᠠᠷᠢᠭᠤᠴᠠᠭᠤᠯᠵᠤ᠂ ᠲᠦᠭᠰᠢᠭᠦᠷᠢ ᠶᠢ ᠬᠥᠳᠡᠯᠦᠩᠭᠦᠢ ᠪᠠᠷ ᠬᠢᠨᠠᠨ ᠰᠢᠨᠵᠢᠬᠦ ᠪᠠᠷ ᠱᠠᠭᠠᠷᠳᠠᠵᠠᠢ᠃      ᠠᠷᠪᠠ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠳᠣᠲᠣᠭᠠᠳᠤ ᠶᠢᠨ ᠲᠣᠭᠲᠠᠭᠠᠯ ᠳᠤ ᠨᠡᠶᠢᠴᠡᠭᠦᠯᠦᠨ ᠲᠦᠭᠰᠢᠭᠦᠷᠢ ᠶᠢ ᠡᠵᠡᠮᠳᠡᠬᠦ ᠬᠠᠮᠢᠶᠠᠷᠤᠯᠲᠠ ᠶᠢ ᠴᠢᠩᠭᠠᠷᠠᠭᠤᠯᠬᠤ ᠲᠠᠯ᠎ᠠ ᠪᠠᠷ᠂ ᠶᠠᠮᠠᠷ ᠶᠠᠮᠠᠷ ᠲᠣᠭᠲᠠᠭᠠᠯ ᠪᠠᠶᠢᠬᠤ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠲᠤᠰᠬᠠᠶᠢᠯᠠᠨ ᠨᠢᠭᠡ ᠪᠦᠯᠦᠭ ᠲᠣᠬᠢᠷᠠᠭᠤᠯᠵᠤ᠂ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠲᠦᠭᠰᠢᠭᠦᠷᠢ ᠶᠢᠨ ᠬᠠᠮᠢᠶᠠᠷᠤᠯᠲᠠ ᠬᠢᠭᠡᠳ ᠳᠣᠲᠣᠭᠠᠳᠤ ᠳᠤ ᠪᠠᠨ ᠡᠵᠡᠮᠳᠡᠬᠦ ᠲᠣᠭᠲᠠᠴᠠ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠣᠭᠲᠠᠭᠠᠪᠠ᠃ ᠲᠡᠭᠦᠨ ᠤ ᠳᠣᠲᠣᠷ᠎ᠠ᠂ ᠲᠠᠪᠤᠨ ᠲᠠᠯ᠎ᠠ ᠶᠢᠨ ᠱᠠᠭᠠᠷᠳᠠᠯᠭ᠎ᠠ ᠶᠢ ᠣᠨᠴᠠᠭᠠᠶᠢᠯᠠᠨ ᠴᠢᠬᠤᠯᠠᠴᠢᠯᠠᠪᠠ᠃ ᠨᠢᠭᠡ ᠳᠤ᠂ ᠲᠤᠰᠠᠭᠠᠷ ᠠᠵᠢᠯᠯᠠᠭᠤᠯᠵᠤ᠂ ᠬᠤᠪᠢ ᠪᠠᠷ ᠢᠶᠠᠨ ᠴᠤᠭᠯᠠᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠬᠢᠭᠡᠳ ᠺᠣᠮᠫᠠᠨᠢ ᠶᠢᠨ ᠪᠤᠰᠤᠳ ᠲᠤᠬᠠᠶᠢᠯᠠᠭᠰᠠᠨ ᠠᠵᠢᠯ ᠢ ᠪᠦᠲᠦᠮᠵᠢᠲᠡᠢ ᠰᠠᠯᠭᠠᠨ ᠲᠤᠰᠠᠭᠠᠷᠯᠠᠭᠤᠯᠬᠤ ᠪᠠᠷ ᠱᠠᠭᠠᠷᠳᠠᠨ᠎ᠠ᠃ ᠬᠤᠶᠠᠷ ᠲᠤ᠂ ᠡᠷᠬᠡ ᠲᠡᠭᠰᠢ ᠪᠠᠷ ᠠᠷᠠᠯᠵᠢᠶᠠᠯᠠᠬᠤ ᠶᠢ ᠴᠢᠩᠭᠠᠷᠠᠭᠤᠯᠵᠤ᠂ ᠬᠡᠪ ᠤᠨ ᠪᠤᠰᠤ ᠪᠠᠷ ᠠᠷᠠᠯᠵᠢᠶᠠᠯᠠᠬᠤ ᠶᠢ ᠬᠢᠨᠠᠨ ᠰᠢᠨᠵᠢᠵᠦ ᠬᠢᠨᠠᠨ ᠡᠵᠡᠮᠳᠡᠬᠦ ᠶᠢ ᠴᠢᠩᠭᠠᠳᠬᠠᠨ᠎ᠠ᠃ ᠭᠤᠷᠪᠠ ᠳᠤ᠂ ᠲᠦᠭᠰᠢᠭᠦᠷᠢ ᠶᠢ ᠡᠵᠡᠮᠳᠡᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ ᠠᠴᠠ ᠪᠡᠯᠡ ᠣᠷᠣᠭᠤᠯᠬᠤ ᠡᠲᠡᠭᠡᠳ ᠬᠢᠭᠡᠳ ᠠᠷᠠᠯᠵᠢᠶᠠᠯᠠᠬᠤ ᠡᠰᠡᠷᠭᠦ ᠡᠲᠡᠭᠡᠳ ᠢ ᠪᠡᠯᠡᠳᠬᠡᠨ ᠰᠣᠩᠭᠤᠬᠤ ᠬᠥᠮᠥᠷᠭᠡ ᠶᠢ ᠪᠠᠶᠢᠭᠤᠯᠤᠨ ᠬᠠᠮᠠᠭᠠᠯᠠᠵᠤ᠂ ᠠᠷᠠᠯᠵᠢᠶᠠᠯᠠᠬᠤ ᠲᠤᠭ᠎ᠠ ᠬᠡᠮᠵᠢᠶ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠪᠠᠷᠢᠮᠵᠢᠶᠠᠵᠢᠭᠤᠯᠤᠭᠰᠠᠨ ᠪᠤᠰᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠮᠥᠷᠳᠡᠵᠦ᠂ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠪ ᠢ ᠲᠣᠭᠲᠠᠭᠠᠨ᠎ᠠ᠃ ᠳᠥᠷᠪᠡ ᠳᠤ᠂ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠣᠶᠢᠷ᠎ᠠ ᠶᠢᠨ ᠬᠤᠶᠠᠷ ᠵᠢᠯ ᠠᠴᠠ ᠨᠠᠭᠠᠰᠢᠬᠢ ᠮᠠᠨ ᠤ ᠵᠥᠪᠯᠡᠯ ᠠᠴᠠ ᠨᠡᠶᠢᠲᠡᠯᠡᠭᠰᠡᠨ ᠪᠡᠯᠡ ᠣᠷᠣᠭᠤᠯᠤᠭᠰᠠᠨ ᠪᠠᠩᠬᠢ᠂ ᠥᠭᠴᠡᠭᠡᠨ ᠤ ᠲᠡᠮᠳᠡᠭᠲᠦ ᠵᠡᠷᠭᠡ ᠲᠤᠬᠠᠶᠢᠯᠠᠭᠰᠠᠨ ᠠᠵᠢᠯ ᠤᠨ ᠬᠢᠨᠠᠨ ᠬᠠᠮᠢᠶᠠᠷᠬᠤ ᠶᠣᠰᠣ ᠳᠦᠷᠢᠮ ᠢᠶᠠᠷ ᠯᠠᠪᠯᠠᠯᠲᠠ ᠪᠣᠯᠭᠠᠵᠤ᠂ ᠣᠷᠣᠯᠭ᠎ᠠ ᠶᠢ ᠠᠬᠢᠨ ᠤᠷᠲᠤᠳᠬᠠᠵᠤ ᠣᠯᠭᠤᠬᠤ ᠵᠡᠷᠭᠡ ᠳᠦᠷᠢᠮ ᠢ ᠪᠠᠶᠢᠭᠤᠯᠤᠨ᠎ᠠ᠃ ᠲᠠᠪᠤ ᠳᠤ᠂ ᠳᠣᠲᠣᠭᠠᠳᠤ ᠳᠤ ᠪᠠᠨ ᠪᠠᠶᠢᠴᠠᠭᠠᠯᠲᠠ ᠬᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠳᠠᠷᠤᠭᠠᠰᠤ ᠶᠢᠨ ᠬᠡᠮᠵᠢᠯᠲᠡ ᠲᠤᠷᠰᠢᠯᠲᠠ ᠬᠢᠬᠦ ᠶᠢ ᠴᠢᠩᠭᠠᠳᠬᠠᠬᠤ ᠶᠢᠨ ᠬᠠᠮᠲᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠣᠳᠣᠷᠬᠠᠶᠢᠯᠠᠨ᠎ᠠ᠃      ᠠᠷᠪᠠᠨ ᠨᠢᠭᠡ᠂ ᠠᠰᠠᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠤ ᠰᠢᠯᠵᠢᠯᠲᠡ ᠶᠢᠨ ᠬᠤᠭᠤᠴᠠᠭᠠᠨ ᠤ ᠲᠤᠬᠠᠢ ᠬᠡᠷᠬᠢᠨ ᠲᠣᠬᠢᠷᠠᠭᠤᠯᠤᠭᠰᠠᠨ ᠪᠣᠢ︖      ᠬᠠᠷᠢᠭᠤᠯᠲᠠ᠄ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠳᠠᠬᠢ ᠰᠢᠯᠵᠢᠯᠲᠡ ᠶᠢᠨ ᠬᠤᠭᠤᠴᠠᠭᠠᠨ ᠤ ᠱᠠᠭᠠᠷᠳᠠᠯᠭ᠎ᠠ ᠨᠢ ︽ᠵᠢᠯᠣᠭᠤᠳᠬᠤ ᠰᠠᠨᠠᠯ︾᠎ ᠲᠠᠢ ᠨᠢᠭᠡᠳᠦᠯᠲᠡᠢ ᠪᠠᠶᠢᠵᠤ᠂ ᠰᠢᠯᠵᠢᠯᠲᠡ ᠶᠢᠨ ᠬᠤᠭᠤᠴᠠᠭ᠎ᠠ ᠨᠢ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠢ ᠨᠡᠶᠢᠲᠡᠯᠡᠨ ᠬᠡᠷᠡᠭᠵᠢᠭᠦᠯᠦᠭᠰᠡᠨ ᠡᠳᠦᠷ ᠠᠴᠠ ᠡᠬᠢᠯᠡᠨ 2020 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠲᠤ ᠬᠦᠷᠬᠦ ᠶᠢᠨ ᠬᠠᠮᠲᠤ᠂ ᠣᠳᠣᠬᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠣᠨᠴᠠᠯᠢᠭ ᠲᠤ ᠰᠠᠭᠤᠷᠢᠯᠠᠵᠤ᠂ ︽ᠰᠢᠨ᠎ᠡ ᠬᠠᠭᠤᠴᠢᠨ ᠢ ᠬᠤᠪᠢᠶᠠᠷᠢᠯᠠᠨ ᠲᠠᠰᠤᠳᠠᠬᠤ︾ ᠲᠣᠬᠢᠯᠢᠭᠵᠢᠭᠤᠯᠤᠭᠰᠠᠨ ᠲᠣᠬᠢᠷᠠᠭᠤᠯᠤᠯᠲᠠ ᠬᠢᠵᠡᠢ᠃      ᠰᠢᠯᠵᠢᠯᠲᠡ ᠶᠢᠨ ᠬᠤᠭᠤᠴᠠᠭᠠᠨ ᠳᠤ᠂ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠠᠷᠢᠨ ᠳᠦᠷᠢᠮ︾᠎ ᠤᠨ ᠲᠣᠭᠲᠠᠭᠠᠯ ᠳᠤ ᠬᠠᠷᠠᠬᠠᠨ ᠥᠯᠥ ᠨᠡᠶᠢᠴᠡᠬᠦ ᠦᠯᠡᠳᠡᠭᠡᠯ ᠨᠡᠷᠡᠳᠬᠦᠨ ᠤ ᠪᠦᠬᠦᠯᠢ ᠴᠣᠭᠴᠠ ᠶᠢᠨ ᠬᠡᠪᠴᠢᠶ᠎ᠡ ᠶᠢ ᠠᠪᠴᠢᠭᠤᠯᠤᠭᠰᠠᠨ ᠤᠲ᠋ᠦ᠋ᠷᠢᠮ︾᠎ ᠤᠨ ᠲᠣᠭᠲᠠᠭᠠᠯ ᠳᠤ ᠬᠠᠷᠠᠬᠠᠨ ᠥᠯᠥ ᠨᠡᠶᠢᠴᠡᠬᠦ ᠦᠯᠡᠳᠡᠭᠡᠯ ᠨᠡᠷᠡᠳᠬᠦᠨ ᠤ ᠡᠷᠭᠢᠯᠳᠦᠭᠦᠯᠵᠦ ᠦᠷᠭᠦᠯᠵᠢᠯᠡᠨ ᠬᠢᠬᠦ ᠶᠢ ᠵᠥᠪᠰᠢᠶᠡᠷᠡᠬᠦ ᠮᠥᠷᠲᠡᠭᠡᠨ ᠴᠡᠭᠴᠡᠯᠡᠨ ᠥᠭᠡᠷᠡᠴᠢᠯᠡᠬᠦ ᠠᠬᠢᠴᠠ ᠶᠢ ᠨᠢᠭᠡᠳᠦᠯᠲᠡᠢ ᠬᠢᠵᠠᠭᠠᠷᠯᠠᠬᠤ ᠦᠭᠡᠢ᠂ ᠪᠠᠶᠢᠭᠤᠯᠤᠮᠵᠢ ᠶᠢᠨ ᠬᠢᠨ ᠤ ᠲᠤᠰ ᠪᠡᠶ᠎ᠡ ᠶᠢᠨ ᠪᠠᠶᠢᠳᠠᠯ ᠲᠠᠢ ᠪᠠᠨ ᠤᠶᠠᠯᠳᠤᠭᠤᠯᠤᠨ ᠳᠡᠰ ᠳᠠᠷᠠᠭᠠᠯᠠᠯ ᠲᠠᠢ ᠵᠢᠷᠤᠮᠵᠢᠭᠤᠯᠬᠤ ᠶᠢ ᠵᠥᠪᠰᠢᠶᠡᠷᠡᠵᠦ᠂ ᠠᠯᠬᠤᠮ ᠠᠯᠬᠤᠮ ᠢᠶᠠᠷ ᠰᠢᠩᠭᠡᠭᠡᠨ᠂ ᠰᠢᠨ᠎ᠡ ᠬᠠᠭᠤᠴᠢᠨ ᠶᠣᠰᠣ ᠳᠦᠷᠢᠮ ᠢ ᠲᠣᠭᠲᠠᠭᠤᠨ ᠪᠥᠭᠡᠳ ᠳᠡᠰ ᠳᠠᠷᠠᠭᠠᠯᠠᠯ ᠲᠠᠢ ᠪᠠᠷ ᠵᠣᠯᠭᠠᠯᠳᠤᠭᠤᠯᠬᠤ ᠶᠢ ᠪᠡᠶᠡᠯᠡᠭᠦᠯᠦᠨ᠎ᠡ᠃ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠡᠯ᠎ᠡ ᠡᠵᠡᠩᠨᠡᠯᠲᠡ ᠶᠢᠨ ᠪᠠᠶᠢᠭᠤᠯᠤᠮᠵᠢ ᠶᠢᠨ ᠴᠡᠭᠴᠡᠯᠡᠨ ᠥᠭᠡᠷᠡᠴᠢᠯᠡᠬᠦ ᠲᠥᠯᠥᠪᠯᠡᠭᠡ ᠶᠢ ᠬᠡᠷᠡᠭᠵᠢᠭᠦᠯᠬᠦ ᠶᠢ ᠬᠢᠨᠠᠯᠲᠠ ᠲᠠᠯᠪᠢᠨ ᠵᠢᠯᠣᠭᠤᠳᠴᠤ᠂ ᠤᠷᠢᠳᠴᠢᠯᠠᠨ ᠪᠡᠶᠡᠯᠡᠭᠦᠯᠦᠭᠰᠡᠨ ᠡᠵᠡᠩᠨᠡᠯᠲᠡ ᠶᠢᠨ ᠪᠠᠶᠢᠭᠤᠯᠤᠮᠵᠢ ᠳᠤ᠂ ᠵᠣᠬᠢᠰᠲᠠᠢ ᠬᠢᠨᠠᠯᠲᠠ ᠬᠠᠮᠢᠶᠠᠷᠤᠯᠲᠠ ᠶᠢᠨ ᠤᠷᠮᠠᠰᠢᠭᠤᠯᠤᠯ ᠣᠯᠭᠤᠨ᠎ᠠ᠃      ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠦᠨᠡᠨ ᠬᠦ ᠣᠨᠴᠠᠭᠠᠢ ᠰᠢᠯᠲᠠᠭᠠᠨ ᠠᠴᠠ ᠪᠣᠯᠵᠤ ᠵᠢᠷᠤᠮᠵᠢᠭᠤᠯᠬᠤ ᠳᠤ ᠬᠦᠴᠢᠷᠲᠡᠢ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠦᠯᠡᠳᠡᠭᠡᠯ ᠡᠳ᠋ ᠬᠥᠷᠥᠩᠭᠡ᠂ ᠵᠢᠴᠢ ᠬᠤᠭᠤᠴᠠᠭ᠎ᠠ ᠨᠢ ᠲᠤᠯᠤᠭᠠᠳᠤᠢ ᠪᠠᠷᠢᠮᠵᠢᠶᠠᠵᠢᠭᠤᠯᠤᠭᠰᠠᠨ ᠪᠤᠰᠤ ᠥᠭᠴᠡᠭᠡᠨ ᠤ ᠡᠷᠬᠡ ᠶᠢᠨ ᠦᠯᠡᠳᠡᠭᠡᠯ ᠡᠳ᠋ ᠬᠥᠷᠥᠩᠭᠡ ᠳᠤ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠰᠢᠶᠡᠷᠡᠯ ᠢᠶᠠᠷ ᠳᠠᠮᠵᠢᠭᠤᠯᠤᠨ᠂ ᠵᠣᠬᠢᠰᠲᠠᠢ ᠲᠣᠬᠢᠷᠠᠭᠤᠯᠤᠨ ᠲᠣᠬᠢᠷᠠᠮᠵᠢᠲᠠᠢ ᠰᠢᠢᠳᠪᠦᠷᠢᠯᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map