ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ᠂ ᠬᠠᠤᠯᠢ ᠴᠠᠭᠠᠵᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠢᠨ᠎ᠡ ︽ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠳᠦᠷᠢᠮ︾᠎ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/11/14
     ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠳᠦᠷᠢᠮ︾᠎ ᠢ 2019 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ 13᠎ ᠤ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠵᠤᠷᠰᠢᠯᠲᠤ ᠮᠡᠳᠡᠭᠡᠯᠡᠯ ᠤᠨ ᠬᠤᠷᠠᠯ ᠳᠡᠭᠡᠷ᠎ᠡ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠾᠧ ᠬᠤᠸᠠ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠠᠤᠯᠢ ᠳᠦᠷᠢᠮ ᠤᠨ ᠵᠤᠷᠭᠠᠨ ᠤ ᠳᠠᠷᠤᠭ᠎ᠠ ᠰᠦᠩ ᠵᠢᠶᠠᠨ ᠬᠤᠸᠠ᠂ ᠬᠠᠤᠯᠢ ᠴᠠᠭᠠᠵᠠ ᠶᠢᠨ ᠶᠠᠮᠤᠨ ᠤ ᠬᠠᠤᠯᠢ ᠲᠣᠭᠲᠠᠭᠠᠬᠤ ᠭᠤᠷᠪᠠᠳᠤᠭᠠᠷ ᠲᠣᠪᠴᠢᠶ᠎ᠠ ᠶᠢᠨ ᠳᠡᠳ᠋ ᠳᠠᠷᠤᠭ᠎ᠠ ᠎ ᠶᠢᠨ ᠦ᠋ ᠸᠧᠢ ︽ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠳᠦᠷᠢᠮ︾᠎ ᠳᠤ ᠵᠠᠰᠠᠪᠤᠷᠢ ᠣᠷᠣᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃      ᠬᠠᠷᠢᠭᠤᠴᠠᠯᠭ᠎ᠠ ᠶᠢ ᠴᠢᠩᠭᠠᠷᠠᠭᠤᠯᠤᠨ ᠲᠤᠰᠬᠠᠢ ᠠᠰᠢᠭ ᠢ ᠣᠷᠣᠯᠠᠨ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ      ︽ᠲᠤᠰᠬᠠᠢ ᠠᠰᠢᠭ ᠢ ᠣᠷᠣᠯᠠᠨ ᠭᠦᠢᠴᠡᠳᠬᠡᠬᠦ ᠪᠣᠯ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠤᠰᠬᠠᠢ ᠠᠰᠢᠭ ᠤᠨ ᠡᠷᠬᠡ ᠪᠣᠯᠭᠠᠨ ᠤᠯᠠᠷᠢᠭᠤᠯᠬᠤ ᠴᠢᠬᠤᠯᠠ ᠭᠤᠭᠴᠤᠭ᠎ᠠ ᠪᠠᠶᠢᠵᠤ᠂ ᠨᠢᠭᠡᠨ ᠰᠠᠭᠤᠷᠢ ᠶᠢᠨ ᠴᠢᠨᠠᠷᠲᠠᠢ ᠠᠵᠢᠯ ᠪᠣᠯᠣᠨ᠎ᠠ︾ ᠭᠡᠵᠦ ᠾᠧ ᠬᠤᠸᠠ ᠲᠠᠨᠢᠯᠴᠠᠭᠤᠯᠬᠤ ᠳᠤ ᠪᠠᠨ᠂ ᠠᠯᠢ ᠣᠯᠠᠨ ᠵᠠᠰᠠᠪᠤᠷᠢ ᠣᠷᠣᠭᠤᠯᠬᠤ ᠪᠠᠷ ᠳᠠᠮᠵᠢᠭᠤᠯᠤᠨ᠂ ᠰᠢᠨ᠎ᠡ ︽ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠳᠦᠷᠢᠮ︾᠎ ᠨᠢ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠰᠢᠭᠤᠳ ᠪᠤᠶᠤ ᠳᠠᠮ ᠢᠶᠠᠷ ᠠᠬᠢᠭᠤᠯᠵᠤ ᠴᠢᠳᠠᠨ᠎ᠠ ᠭᠡᠵᠡᠢ᠃      ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠭᠠᠷ ᠤᠨ ᠦᠰᠦᠭ ᠵᠢᠷᠤᠬᠤ ᠬᠠᠷᠢᠭᠤᠴᠠᠯᠭ᠎ᠠ ᠶᠢ ᠨᠡᠮᠡᠨ ᠲᠣᠬᠢᠷᠠᠭᠤᠯᠵᠤ᠂ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠠᠴᠠ ᠲᠡᠭᠦᠨ ᠤ ᠣᠷᠣᠯᠠᠨ ᠭᠦᠢᠴᠡᠳᠬᠡᠭᠰᠡᠨ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠳᠤ ᠪᠠᠨ ᠬᠠᠷᠢᠭᠤᠴᠠᠬᠤ ᠶᠢ ᠲᠣᠳᠣᠷᠬᠠᠶᠢᠯᠠᠵᠠᠢ᠃      ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠶᠢ ᠲᠤᠰᠠᠯᠠᠨ ᠳᠡᠮᠵᠢᠬᠦ ᠦᠢᠯᠡᠴᠢᠯᠡᠭᠡ ᠶᠢᠨ ᠠᠭᠤᠯᠭ᠎ᠠ ᠶᠢ ᠨᠡᠮᠡᠨ ᠲᠣᠬᠢᠷᠠᠭᠤᠯᠪᠠ᠃ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠵᠠᠷᠢᠮ ᠣᠨᠴᠠ ᠲᠣᠭᠲᠠᠭᠰᠠᠨ ᠨᠡᠶᠢᠲᠡ ᠴᠣᠭᠴᠠ ᠳᠤ ᠣᠷᠣᠯᠠᠨ ᠭᠦᠢᠴᠡᠳᠬᠡᠬᠦ ᠶᠢ ᠲᠤᠰᠠᠯᠠᠨ ᠳᠡᠮᠵᠢᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠂ ᠵᠢᠵᠢᠭ ᠪᠢᠴᠢᠯ ᠠᠵᠤ ᠠᠬᠤᠶᠢᠯᠠᠯ᠂ ᠣᠷᠣᠯᠭ᠎ᠠ ᠦᠭᠡᠢ ᠪᠤᠶᠤ ᠳᠣᠣᠷ᠎ᠠ ᠣᠷᠣᠯᠭ᠎ᠠ ᠲᠠᠢ ᠨᠡᠶᠢᠲᠡ ᠴᠣᠭᠴᠠ ᠶᠢ ᠬᠠᠪᠰᠤᠷᠤᠨ ᠲᠤᠰᠬᠠᠢ ᠠᠰᠢᠭ ᠭᠤᠶᠤᠴᠢᠯᠠᠵᠤ᠂ ᠲᠡᠳᠡᠨᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠠᠶᠢᠯᠭᠠᠬᠤ ᠠᠭᠤᠯᠭ᠎ᠠ ᠶᠢ ᠨᠡᠮᠡᠨ ᠲᠣᠬᠢᠷᠠᠭᠤᠯᠵᠤ᠂ ᠨᠡᠶᠢᠭᠡᠮ ᠤᠨ ᠲᠦᠮᠡᠨ ᠣᠯᠠᠨ ᠳᠤ ᠣᠷᠣᠯᠠᠨ ᠭᠦᠢᠴᠡᠳᠬᠡᠬᠦ ᠰᠢᠯᠢᠳᠡᠭ ᠪᠠᠶᠢᠭᠤᠯᠤᠮᠵᠢ ᠶᠢ ᠨᠡᠩ ᠰᠠᠶᠢᠲᠤᠷ ᠣᠶᠢᠯᠠᠭᠠᠭᠤᠯᠵᠤ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃      ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠠᠯ᠎ᠠ ᠶᠢᠨ ᠠᠭᠤᠯᠭ᠎ᠠ ᠶᠢ ᠨᠡᠮᠡᠨ ᠲᠣᠬᠢᠷᠠᠭᠤᠯᠵᠤ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠠᠴᠠ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠠᠵᠢᠯ ᠮᠡᠷᠭᠡᠵᠢᠯ ᠤᠨ ᠶᠣᠰᠣ ᠰᠤᠷᠲᠠᠬᠤᠨ ᠪᠠ ᠠᠵᠢᠯ ᠡᠷᠬᠢᠯᠡᠬᠦ ᠰᠠᠬᠢᠯᠭ᠎ᠠ ᠪᠠᠲᠤ ᠶᠢᠨ ᠬᠥᠮᠥᠵᠢᠯ ᠢ ᠴᠢᠩᠭᠠᠳᠬᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠠᠴᠠ ᠵᠥᠷᠢᠴᠡᠭᠰᠡᠨ ᠪᠦᠷᠢᠯᠳᠦᠬᠦᠨ ᠳᠤ ᠵᠠᠯᠬᠠᠭᠠᠯ ᠴᠡᠭᠡᠷᠯᠡᠯ ᠶᠠᠪᠤᠭᠤᠯᠬᠤ ᠶᠢ ᠬᠡᠷᠡᠭᠵᠢᠭᠦᠯᠦᠨ᠎ᠡ᠃      ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠠᠰᠢᠷᠠᠮ ᠳᠤ ᠨᠢ ᠰᠤᠭᠤᠴᠢᠨ ᠪᠠᠶᠢᠴᠠᠭᠠᠬᠤ ᠠᠷᠭ᠎ᠠ ᠬᠡᠯᠪᠡᠷᠢ ᠪᠠᠷ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠪᠠ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠶᠢᠨ ᠠᠵᠢᠯ ᠡᠷᠬᠢᠯᠡᠬᠦ ᠠᠵᠢᠯᠯᠠᠭᠠᠨ ᠳᠤ ᠪᠠᠶᠢᠴᠠᠭᠠᠯᠲᠠ ᠬᠢᠯᠭᠡᠬᠦ ᠪᠠᠷ ᠱᠠᠭᠠᠷᠳᠠᠨ᠎ᠠ᠃ ᠬᠡᠷᠪᠡ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠰᠡᠷᠡᠵᠦ ᠢᠯᠡᠷᠡᠭᠦᠯᠪᠡᠯ᠂ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ᠵᠥᠪᠰᠢᠶᠡᠷᠡᠨ ᠣᠷᠣᠭᠤᠯᠬᠤ ᠶᠢ ᠠᠭᠤᠵᠢᠭᠤ ᠲᠠᠯᠪᠢᠵᠤ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ      ᠎ ᠶᠢᠨ ᠦ᠋ ᠸᠧᠢ ᠲᠠᠨᠢᠯᠴᠠᠭᠤᠯᠬᠤ ᠳᠤ ᠪᠠᠨ᠂ ᠡᠨᠡ ᠤᠳᠠᠭ᠎ᠠ ᠵᠠᠰᠠᠪᠤᠷᠢ ᠣᠷᠣᠯᠠᠭᠤᠯᠬᠤ ᠳᠤ᠂ ︽ ᠵᠠᠬ᠎ᠠ ᠳᠡᠯᠭᠡᠭᠦᠷ ᠤᠨ ᠡᠬᠢ ᠪᠠᠶᠠᠯᠢᠭ ᠲᠠᠬᠢ ᠵᠠᠰᠠᠭ ᠤᠨ ᠣᠷᠳᠣᠨ ᠤ ᠰᠢᠭᠤᠳ ᠲᠣᠬᠢᠷᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠬ᠎ᠠ ᠳᠡᠯᠭᠡᠭᠦᠷ ᠤᠨ ᠠᠵᠢᠯᠯᠠᠭᠠᠨ ᠳᠠᠬᠢ ᠵᠠᠰᠠᠭ ᠤᠨ ᠣᠷᠳᠣᠨ ᠤ ᠰᠢᠭᠤᠳ ᠭᠠᠷ ᠳᠦᠷᠦᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠤᠮᠠᠬᠢ ᠭᠤᠣᠯ ᠴᠣᠭᠴᠠ ᠶᠢ ᠠᠮᠢᠳᠤᠯᠢᠭᠵᠢᠭᠤᠯᠬᠤ︾ ᠵᠣᠷᠢᠭ ᠰᠠᠨᠠᠭ᠎ᠠ ᠶᠣᠰᠣᠭᠠᠷ᠂ ᠬᠤᠶᠠᠷ ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠢ ᠬᠦᠴᠦᠨ ᠦᠭᠡᠢ ᠪᠣᠯᠭᠠᠵᠤ᠂ ᠬᠤᠶᠠᠷ ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠢ ᠰᠢᠯᠢᠳᠡᠭᠵᠢᠭᠦᠯᠦᠭᠰᠡᠨ ᠤ ᠬᠠᠮᠲᠤ᠂ ᠲᠤᠰᠬᠠᠢ ᠠᠰᠢᠭ ᠤᠨ ᠣᠷᠣᠯᠠᠨ ᠭᠦᠢᠴᠡᠳᠬᠡᠭᠴᠢ ᠪᠠ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠠᠢ᠃      ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ ᠤᠨ ᠥᠭᠡᠷᠡᠴᠢᠯᠡᠯᠲᠡ ᠪᠣᠯ ᠲᠡᠭᠦᠨ ᠤ ᠳᠣᠲᠣᠷᠠᠬᠢ ᠨᠢᠭᠡᠨ ᠴᠢᠬᠤᠯᠠ ᠠᠭᠤᠯᠭ᠎ᠠ ᠪᠣᠯᠣᠨ᠎ᠠ᠃      — ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠲᠣᠬᠢᠷᠠᠭᠤᠯᠬᠤ ᠪᠠ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠨ᠎ᠡ᠃ ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠳᠤ ᠲᠣᠭᠲᠠᠭᠠᠭᠰᠠᠨ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠶᠢ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠬᠢᠬᠦ ᠶᠢ ᠬᠢᠨᠠᠨ ᠵᠥᠪᠰᠢᠶᠡᠷᠡᠬᠦ ᠪᠣᠯᠭᠠᠨ ᠥᠭᠡᠷᠡᠴᠢᠯᠡᠵᠦ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠶᠢᠨ ᠳᠠᠷᠠᠭ᠎ᠠ ᠲᠠᠯᠪᠢᠵᠤ᠂ ︽ᠤᠷᠢᠳ ᠢᠶᠠᠷ ᠦᠨᠡᠮᠯᠡᠯ ᠠᠪᠴᠤ ᠳᠠᠷᠠᠭ᠎ᠠ ᠳᠤ ᠨᠢ ᠭᠡᠷᠡᠴᠢᠯᠡᠬᠦ︾᠎ ᠶᠢ ᠬᠡᠷᠡᠭᠵᠢᠭᠦᠯᠦᠨ᠎ᠡ᠃      — ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠬᠢᠬᠦ ᠶᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠤᠰᠬᠠᠢ ᠠᠰᠢᠭ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠭᠤᠳ ᠬᠢᠨᠠᠨ ᠵᠥᠪᠰᠢᠶᠡᠷᠡᠬᠦ ᠶᠢᠨ ᠬᠠᠮᠲᠤ᠂ ᠦᠢᠯᠡᠳᠦᠯᠭᠡ ᠶᠢᠨ ᠳᠤᠮᠳᠠ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠰᠠᠯᠪᠤᠷᠢ ᠪᠠᠶᠢᠭᠤᠯᠤᠮᠵᠢ ᠪᠠᠶᠢᠭᠤᠯᠬᠤ ᠶᠢᠨ ᠬᠢᠨᠠᠯᠲᠠ ᠵᠥᠪᠰᠢᠶᠡᠷᠡᠯ ᠢ ᠬᠦᠴᠦᠨ ᠦᠭᠡᠢ ᠪᠣᠯᠭᠠᠵᠠᠢ᠃      — ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠶᠢ ᠵᠥᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠤ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠭ᠎ᠠ ᠶᠢᠨ ᠵᠣᠬᠢᠶᠠᠨ ᠪᠠᠶᠢᠭᠤᠯᠬᠤ ᠬᠡᠯᠪᠡᠷᠢ ᠶᠢᠨ ᠬᠢᠵᠠᠭᠠᠷᠯᠠᠯ ᠢ ᠠᠭᠤᠵᠢᠭᠤ ᠲᠠᠯᠪᠢᠬᠤ᠂ ᠵᠢᠴᠢ ᠬᠠᠮᠲᠤᠷᠠᠭᠴᠢ᠂ ᠬᠤᠪᠢ ᠣᠷᠣᠭᠤᠯᠤᠭᠴᠢ ᠶᠢᠨ ᠱᠠᠭᠠᠷᠳᠠᠯᠭ᠎ᠠ ᠳᠤ ᠴᠢᠬᠤᠯᠠᠲᠠᠢ ᠣᠷᠣᠨ ᠵᠠᠢ ᠦᠯᠡᠳᠡᠭᠡᠵᠦ ᠥᠭᠴᠡᠢ᠃      ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠳᠦᠷᠢᠮ ᠢ ᠰᠠᠶᠢᠵᠢᠷᠠᠭᠤᠯᠬᠤ ᠪᠠᠷ ᠳᠠᠮᠵᠢᠭᠤᠯᠵᠤ᠂ ︽ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠶᠢᠨ ᠲᠤᠰᠬᠠᠶᠢᠵᠢᠭᠤᠯᠤᠯᠲᠠ ᠪᠠ ᠵᠠᠬ᠎ᠠ ᠳᠡᠯᠭᠡᠭᠦᠷᠴᠢᠯᠡᠯᠲᠡ ᠶᠢ ᠠᠬᠢᠭᠤᠯᠬᠤ ᠪᠠᠷ ᠴᠢᠷᠮᠠᠶᠢᠨ᠎ᠠ︾ ᠭᠡᠵᠦ ᠶᠢᠨ ᠦ᠋ ᠸᠧᠢ ᠬᠡᠯᠡᠪᠡ᠃      ︽ᠬᠠᠤᠯᠢ ᠪᠤᠰᠤ ᠪᠠᠷ ᠣᠷᠣᠯᠠᠨ ᠭᠦᠢᠴᠡᠳᠬᠡᠬᠦ︾᠎ ᠶᠢ ᠵᠠᠯᠬᠠᠭᠠᠨ ᠴᠡᠭᠡᠷᠯᠡᠭᠦᠯᠵᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ᠎ᠠ      ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠤᠯᠤᠰ ᠤᠨ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠠᠵᠢᠯ ᠲᠥᠷᠥᠯ ᠲᠦᠷᠭᠡᠨ ᠢᠶᠠᠷ ᠬᠥᠭᠵᠢᠪᠡ᠃ 2018 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠯᠤᠰ ᠤᠨ ᠲᠤᠰᠬᠠᠢ ᠠᠰᠢᠭ ᠤᠨ ᠣᠷᠣᠨ ᠭᠦᠢᠴᠡᠳᠬᠡᠬᠦ ᠠᠵᠢᠯ ᠡᠷᠬᠢᠯᠡᠭᠴᠢ 18468 ᠬᠥᠮᠥᠨ ᠳᠤ ᠬᠦᠷᠴᠦ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ 2126 ᠪᠣᠯᠵᠠᠢ᠃ ᠭᠠᠳᠠᠭᠠᠳᠤ ᠳᠤ ᠬᠤᠯᠪᠣᠭᠳᠠᠭᠰᠠᠨ ᠦᠢᠯᠡᠴᠢᠯᠡᠭᠡ᠂ ᠲᠤᠰᠬᠠᠢ ᠠᠰᠢᠭ ᠤᠨ ᠰᠡᠷᠡᠮᠵᠢᠯᠡᠭᠦᠯᠦᠯ᠂ ᠵᠠᠳᠠᠯᠤᠯᠲᠠ᠂ ᠵᠥᠪᠰᠢᠶᠡᠷᠡᠯ᠂ ᠳᠠᠨᠵᠢᠯᠠᠭ᠎ᠠ ᠲᠠᠢ ᠪᠡᠯᠡ ᠲᠣᠬᠢᠷᠠᠭᠤᠯᠤᠯᠲᠠ᠂ ᠲᠤᠰᠬᠠᠢ ᠠᠰᠢᠭ ᠤᠨ ᠵᠠᠷᠭᠤᠯᠳᠤᠭᠠᠨ᠂ ᠡᠶᠡᠳᠡᠭᠦᠯᠦᠯᠲᠡ ᠵᠡᠷᠭᠡ ᠦᠢᠯᠡᠴᠢᠯᠡᠭᠡ ᠬᠠᠩᠭᠠᠵᠤ ᠴᠢᠳᠠᠬᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃      ︽ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ᠬᠡᠪᠴᠢᠶ᠎ᠡ ᠢᠳᠡᠭ ᠢᠳᠡᠭ ᠢᠶᠠᠨ ᠪᠤᠵᠠᠭᠠᠶᠢᠷᠠᠨ᠂ ᠪᠦᠬᠦᠯᠢ ᠴᠣᠭᠴᠠ ᠶᠢᠨ ᠦᠢᠯᠡᠴᠢᠯᠡᠭᠡ ᠶᠢᠨ ᠴᠢᠳᠠᠪᠤᠷᠢ ᠨᠢ ᠳᠡᠭᠡᠭᠰᠢᠯᠡᠵᠦ᠂ ᠲᠤᠰᠬᠠᠢ ᠠᠰᠢᠭ ᠤᠨ ᠳᠦᠷᠢᠮ ᠤᠨ ᠰᠠᠶᠢᠨ ᠰᠠᠶᠢᠬᠠᠨ ᠠᠵᠢᠯᠯᠠᠭᠠᠨ ᠢ ᠦᠨᠳᠦᠰᠦᠨ ᠳᠤ ᠪᠠᠨ ᠪᠠᠲᠤᠯᠠᠪᠠ᠃ ᠭᠡᠲᠡᠯ᠎ᠡ ᠠᠰᠢᠭ ᠲᠤᠰᠠ ᠶᠢᠨ ᠬᠥᠳᠡᠯᠭᠡᠭᠦᠷ ᠠᠴᠠ ᠪᠣᠯᠵᠤ᠂ ᠵᠠᠬ᠎ᠠ ᠳᠡᠯᠭᠡᠭᠦᠷ ᠳᠡᠭᠡᠷ᠎ᠡ ᠮᠥᠨ ︿ᠬᠠᠤᠯᠢ ᠪᠤᠰᠤ ᠪᠠᠷ ᠣᠷᠣᠯᠠᠨ ᠭᠦᠢᠴᠡᠳᠬᠡᠬᠦ﹀ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠡᠬᠢᠯᠡᠨ ᠢᠯᠡᠷᠡᠵᠦ ᠪᠠᠶᠢᠨ᠎ᠠ︾ ᠭᠡᠵᠦ ᠰᠦᠩ ᠵᠢᠶᠠᠨ ᠬᠤᠸᠠ ᠢᠯᠡᠷᠬᠡᠶᠢᠯᠡᠵᠡᠢ᠃      ︽ᠬᠠᠤᠯᠢ ᠪᠤᠰᠤ ᠪᠠᠷ ᠣᠷᠣᠯᠠᠨ ᠭᠦᠢᠴᠡᠳᠬᠡᠬᠦ︾ ᠭᠡᠳᠡᠭ ᠨᠢ ᠵᠥᠪᠰᠢᠶᠡᠷᠡᠯ ᠢ ᠳᠠᠮᠵᠢᠭᠰᠠᠨ ᠦᠭᠡᠢ ᠪᠠᠷ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠳᠤᠷ᠎ᠠ ᠪᠠᠷ ᠢᠶᠠᠨ ᠥᠷᠨᠢᠭᠦᠯᠦᠭᠰᠡᠨ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ ᠡᠳᠡᠭᠡᠷ ︽ᠬᠠᠤᠯᠢ ᠪᠤᠰᠤ ᠪᠠᠷ ᠣᠷᠣᠯᠠᠨ ᠭᠦᠢᠴᠡᠳᠬᠡᠭᠴᠢ︾᠎ ᠳᠤ ᠲᠤᠰᠬᠠᠢ ᠮᠡᠷᠭᠡᠵᠢᠭᠰᠡᠨ ᠬᠡᠪ ᠴᠢᠨᠠᠷ ᠪᠠ ᠴᠢᠳᠠᠪᠤᠷᠢ ᠳᠤᠲᠠᠮᠠᠭ ᠪᠠᠶᠢᠵᠤ᠂ ᠶᠡᠷᠦ ᠳᠤ ᠪᠠᠨ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠳᠣᠣᠷ᠎ᠠ ᠦᠨ᠎ᠡ ᠪᠠᠷ ᠥᠷᠢᠰᠦᠯᠳᠦᠭᠦᠯᠬᠦ ᠵᠡᠷᠭᠡ ᠲᠥᠪ ᠪᠤᠰᠤ ᠠᠷᠭ᠎ᠠ ᠠᠪᠴᠢᠯ ᠢ ᠬᠡᠷᠡᠭᠯᠡᠵᠦ ᠪᠠᠶᠢᠭᠠᠳ ᠬᠠᠷᠢᠴᠠᠭᠠᠨ ᠤ ᠡᠷᠦᠭᠡ ᠶᠢ ᠲᠠᠲᠠᠵᠤ᠂ ᠰᠢᠨ᠎ᠡ ᠶᠢ ᠡᠭᠦᠳᠬᠦ ᠭᠤᠣᠯ ᠴᠣᠭᠴᠠ ᠳᠤ ᠴᠢᠬᠤᠯᠠ ᠪᠤᠰᠤ ᠬᠤᠬᠢᠷᠠᠯ ᠢ ᠪᠣᠢ ᠪᠣᠯᠭᠠᠵᠤ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠰᠠᠮᠠᠭᠤᠷᠠᠭᠤᠯᠵᠠᠢ᠃      ᠰᠦᠩ ᠵᠢᠶᠠᠨ ᠬᠤᠸᠠ ᠢᠯᠡᠷᠬᠡᠶᠢᠯᠡᠬᠦ ᠳᠤ ᠪᠠᠨ᠂ ᠰᠢᠨ᠎ᠡ ︽ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠳᠦᠷᠢᠮ︾᠎ ᠳᠤ ︽ᠬᠠᠤᠯᠢ ᠪᠤᠰᠤ ᠣᠷᠣᠯᠠᠨ ᠭᠦᠢᠴᠡᠳᠬᠡᠭᠴᠢ︾᠎ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠨ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠳᠤᠷ᠎ᠠ ᠪᠠᠷ ᠢᠶᠠᠨ ᠥᠷᠨᠢᠭᠦᠯᠦᠭᠰᠡᠳ ᠲᠤ᠂ ᠮᠤᠵᠢ ᠶᠢᠨ ᠱᠠᠲᠤᠨ ᠤ ᠲᠤᠰᠬᠠᠢ ᠠᠰᠢᠭ ᠤᠨ ᠠᠵᠢᠯ ᠢ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠠᠴᠠ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠬᠤ ᠪᠠᠷ ᠱᠠᠭᠠᠷᠳᠠᠵᠤ᠂ ᠬᠠᠤᠯᠢ ᠴᠠᠭᠠᠵᠠ ᠠᠴᠠ ᠵᠥᠷᠢᠴᠡᠵᠦ ᠪᠠᠶᠢᠭᠠᠳ ᠣᠯᠣᠭᠰᠠᠨ ᠠᠰᠢᠭ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ᠂ ᠵᠣᠬᠢᠬᠤ ᠲᠣᠭᠠᠨ ᠤ ᠲᠣᠷᠭᠠᠭᠤᠯᠢ ᠶᠢᠨ ᠮᠥᠩᠭᠦ ᠪᠠᠷ ᠰᠢᠢᠳᠬᠡᠨ᠎ᠡ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map