ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018/11/15
                           ᠥᠪᠥᠷ ᠵᠠᠰᠠᠭ ᠲᠠᠷᠬᠠᠭᠠᠭᠰᠠᠨ ﹇2018﹈ 23 ᠳ᠋ᠤᠭᠠᠷ ᠲᠤᠭᠠᠳᠤ                            2018 ᠣᠨ ᠤ 6 ᠳ᠋ᠤᠭᠠᠷ ᠰᠠᠷ᠎ᠠ ᠶᠢᠨ 15᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ       ᠎ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ      ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ        ᠨᠢᠭᠡᠳᠦᠭᠡᠷ ᠪᠦᠯᠦᠭ   ᠶᠡᠷᠦᠩᠬᠡᠢ ᠳᠦᠷᠢᠮ      ᠨᠢᠭᠡᠳᠦᠭᠡᠷ ᠵᠦᠢᠯ  ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠳᠤ ᠪᠠᠨ ᠬᠦᠷᠲᠡᠬᠦ ᠶᠢ ᠵᠢᠷᠤᠮᠵᠢᠭᠤᠯᠤᠨ ᠠᠬᠢᠭᠤᠯᠵᠤ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠪᠦᠲᠦᠮᠵᠢᠲᠡᠢ ᠠᠰᠢᠭᠯᠠᠬᠤ ᠶᠢ ᠲᠦᠷᠭᠡᠨ ᠠᠬᠢᠭᠤᠯᠤᠨ᠂ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠳᠠᠬᠢᠨ ᠳᠠᠪᠲᠠᠨ ᠪᠠᠶᠢᠭᠤᠯᠬᠤ ᠠᠴᠠ ᠵᠠᠶᠢᠯᠠᠰᠬᠢᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠪᠠ ᠵᠠᠰᠠᠭ ᠵᠠᠬᠢᠷᠭᠠᠨ ᠤ ᠦᠢᠯᠡᠳᠦᠯ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠬᠠᠮᠢᠶᠠᠷᠤᠯᠲᠠ ᠳᠤ ᠰᠢᠨ᠎ᠡ ᠶᠢ ᠡᠭᠦᠳᠬᠦ ᠠᠵᠢᠯ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢᠨ ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2016﹈ 51 ᠳ᠋ᠤᠭᠡᠷ ᠲᠣᠭᠠᠲᠤ︶᠎ ᠤᠨ ᠱᠠᠭᠠᠷᠳᠠᠯᠭ᠎ᠠ ᠶᠣᠰᠤᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠭᠡᠳᠡᠭ ᠪᠣᠯ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠳ ᠬᠠᠤᠯᠢ ᠶᠣᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠵᠣᠬᠢᠶᠠᠭᠰᠠᠨ ᠪᠣᠶᠤ ᠣᠯᠣᠭᠰᠠᠨ᠂ ᠵᠣᠬᠢᠬᠤ ᠬᠡᠯᠪᠡᠷᠢ ᠮᠠᠶ᠋ᠢᠭ ᠢᠶᠠᠷ ᠲᠡᠮᠳᠡᠭᠯᠡᠵᠦ᠂ ᠬᠠᠳᠠᠭᠠᠯᠠᠭᠰᠠᠨ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠵᠢᠷᠤᠭ ᠬᠦᠰᠦᠨᠦᠭ ᠪᠠ ᠳ᠋ᠠᠶᠢᠲ᠋ᠠ ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠢᠭᠠᠵᠤ ᠪᠣᠢ᠂ ᠡᠭᠦᠨ ᠳᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠰᠢᠭᠤᠳ ᠪᠣᠶᠤ ᠭᠤᠷᠪᠠᠳᠤᠭᠠᠷ ᠡᠲᠡᠭᠡᠳ ᠢᠶᠠᠷ ᠳᠠᠮᠵᠢᠨ ᠬᠠᠤᠯᠢ ᠶᠣᠰᠤᠭᠠᠷ ᠴᠤᠭᠯᠠᠭᠤᠯᠤᠭᠰᠠᠨ᠂ ᠬᠠᠤᠯᠢ ᠶᠣᠰᠤᠭᠠᠷ ᠡᠷᠬᠡ ᠣᠯᠭᠤᠨ ᠬᠠᠮᠢᠶᠠᠷᠤᠭᠰᠠᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠪᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠵᠦ ᠪᠣᠢ ᠪᠣᠯᠣᠭᠰᠠᠨ ᠮᠡᠳᠡᠭᠡ ᠵᠠᠩᠭᠢ ᠶᠢᠨ ᠡᠬᠢ ᠪᠠᠶᠠᠯᠢᠭ ᠵᠡᠷᠭᠡ ᠶᠢ ᠪᠠᠭᠲᠠᠭᠠᠨ᠎ᠠ᠃      ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠭᠡᠳᠡᠭ ᠪᠣᠯ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠦᠴᠢᠷ ᠪᠠ ᠬᠠᠤᠯᠢ ᠶᠣᠰᠤᠭᠠᠷ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠭᠦᠢᠴᠡᠳᠭᠡᠬᠦ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠣᠢ᠃      ᠭᠤᠷᠪᠠᠳᠤᠭᠠᠷ ᠵᠦᠢᠯ   ᠲᠤᠰ ᠠᠷᠭ᠎ᠠ ᠨᠢ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠵᠢᠷᠤᠮᠵᠢᠭᠤᠯᠬᠤ ᠳᠤ ᠬᠡᠷᠡᠭᠯᠡᠭᠳᠡᠨ᠎ᠡ᠂ ᠡᠭᠦᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠪᠠᠷ ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠡᠷᠡᠭᠯᠡᠬᠦ ᠪᠠ ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠬᠠᠩᠭᠠᠵᠤ ᠥᠭᠬᠦ ᠠᠵᠢᠯᠯᠠᠭ᠎ᠠ ᠨᠤᠭᠤᠳ ᠢ ᠪᠠᠭᠲᠠᠭᠠᠨ᠎ᠠ᠃      ᠳᠥᠷᠪᠡᠳᠦᠭᠡᠷ ᠵᠦᠢᠯ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄      ︵ᠨᠢᠭᠡ︶ ᠬᠠᠮᠲᠤ ᠳᠤ ᠪᠠᠨ ᠬᠦᠷᠲᠡᠬᠦ ᠪᠠᠷ ᠵᠠᠷᠴᠢᠮ ᠪᠣᠯᠭᠠᠨ᠂ ᠬᠠᠮᠲᠤ ᠳᠤ ᠪᠠᠨ ᠥᠯᠥ ᠬᠦᠷᠲᠡᠬᠦ ᠶᠢ ᠣᠨᠴᠣᠭᠤᠢ ᠪᠠᠶᠢᠳᠠᠯ ᠢᠶᠠᠷ ᠦᠵᠡᠨ᠎ᠡ᠃ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠣᠢ ᠪᠣᠯᠣᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠠᠷᠴᠢᠮ ᠤᠨ ᠲᠠᠯ᠎ᠠ ᠪᠠᠷ ᠬᠠᠮᠲᠤ ᠳᠤ ᠪᠠᠨ ᠬᠦᠷᠲᠡᠨ᠎ᠡ᠂ ᠤᠯᠤᠰ ᠤᠨ ᠨᠢᠭᠤᠴᠠ ᠪᠠ ᠠᠮᠤᠷ ᠲᠦᠪᠰᠢᠨ ᠳᠤ ᠬᠤᠯᠪᠣᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃      ︵ᠬᠤᠶᠠᠷ︶ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠦᠨ᠎ᠡ ᠲᠥᠯᠥᠪᠦᠷᠢ ᠦᠭᠡᠢ ᠪᠠᠷ ᠬᠠᠮᠲᠤ ᠳᠤ ᠪᠠᠨ ᠬᠦᠷᠲᠡᠬᠦ ᠪᠣᠯᠭᠠᠨ᠎ᠠ᠃ ᠪᠣᠰᠣᠳ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠬᠦ ᠰᠠᠯᠠᠭ᠎ᠠ ᠮᠦᠴᠢᠷ ︵ᠳᠤᠷᠤᠭᠰᠢ ᠬᠡᠷᠡᠭᠯᠡᠬᠦ ᠰᠠᠯᠠᠭ᠎ᠠ ᠮᠦᠴᠢᠷ ᠭᠡᠵᠦ ᠲᠣᠪᠴᠢᠯᠠᠨ᠎ᠠ︶᠎ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠶᠣᠰᠤᠭᠠᠷ ᠬᠠᠮᠲᠤ ᠳᠤ ᠪᠠᠨ ᠬᠦᠷᠲᠡᠬᠦ ᠬᠡᠷᠡᠭᠴᠡᠭᠡ ᠱᠠᠭᠠᠷᠳᠠᠯᠭ᠎ᠠ ᠳᠤᠷᠠᠳᠤᠨ ᠭᠠᠷᠭᠠᠵᠤ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠬᠠᠩᠭᠠᠭᠰᠠᠨ ᠰᠠᠯᠠᠭ᠎ᠠ ᠮᠦᠴᠢᠷ ︵ᠳᠤᠷᠤᠭᠰᠢ ᠬᠠᠩᠭᠠᠬᠤ ᠰᠠᠯᠠᠭ᠎ᠠ ᠮᠦᠴᠢᠷ ᠭᠡᠵᠦ ᠲᠣᠪᠴᠢᠯᠠᠨ᠎ᠠ︶᠎ ᠨᠢ ᠬᠡᠷᠡᠭᠯᠡᠬᠦ ᠰᠠᠯᠠᠭ᠎ᠠ ᠮᠦᠴᠢᠷ ᠤᠨ ᠬᠠᠮᠲᠤ ᠳᠤ ᠪᠠᠨ ᠬᠦᠷᠲᠡᠬᠦ ᠬᠡᠷᠡᠭᠴᠡᠭᠡ ᠱᠠᠭᠠᠷᠳᠠᠯᠭ᠎ᠠ ᠶᠢ ᠳᠠᠷᠦ᠋ᠢᠬᠠᠨ ᠳᠠᠭᠠᠬᠤ ᠶᠢᠨ ᠬᠠᠮᠲᠤ ᠦᠨ᠎ᠡ ᠲᠥᠯᠥᠪᠦᠷᠢ ᠦᠭᠡᠢ ᠪᠠᠷ ᠬᠠᠮᠲᠤ ᠳᠤ ᠪᠠᠨ ᠬᠦᠷᠲᠡᠬᠦ ᠦᠢᠯᠡᠴᠢᠯᠡᠭᠡ ᠬᠠᠩᠭᠠᠬᠤ ᠬᠡᠷᠡᠭᠲᠡᠢ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠳᠥᠷᠢᠮ ᠲᠣᠭᠲᠠᠭᠠᠯ ᠳᠤ ᠠᠰᠳᠠᠭᠠᠨ ᠲᠣᠭᠲᠠᠭᠠᠯ ᠲᠠᠢ ᠪᠠᠶᠢᠪᠠᠯ ᠡᠭᠦᠨ ᠳᠤ ᠪᠠᠭᠲᠠᠭᠠᠬᠤ ᠦᠭᠡᠢ᠃      ︵ᠭᠤᠷᠪᠠ︶ ᠬᠠᠮᠢᠶᠠᠷᠤᠯᠲᠠ ᠪᠠᠨ ᠵᠢᠷᠤᠮᠵᠢᠭᠤᠯᠤᠨ᠂ ᠪᠠᠷᠢᠮᠵᠢᠶ᠎ᠠ ᠪᠠᠨ ᠨᠢᠭᠡᠳᠦᠯᠲᠡᠢ ᠪᠣᠯᠭᠠᠨ᠎ᠠ᠃ ᠬᠠᠮᠢᠶ᠎ᠠ ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠤᠭᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ᠂ ᠰᠣᠯᠢᠯᠴᠠᠬᠤ ᠪᠠ ᠬᠠᠮᠲᠤ ᠳᠤ ᠪᠠᠨ ᠬᠦᠷᠲᠡᠬᠦ ᠠᠵᠢᠯ ᠢ ᠬᠢᠵᠦ᠂ ︽ᠨᠢᠭᠡ ᠳ᠋ᠠᠶᠢᠲ᠋ᠠ ᠳᠤ ᠨᠢᠭᠡ ᠯᠡ ᠢᠷᠡᠯᠲᠡ ᠲᠠᠢ ᠪᠠᠶᠢᠯᠭᠠᠬᠤ︾᠂ ᠣᠯᠠᠨ ᠡᠰᠢᠵᠢᠯ ᠲᠠᠢ ᠪᠠᠷ ᠬᠠᠷᠭᠤᠭᠤᠯᠤᠨ ᠬᠢᠨᠠᠬᠤ᠂ ᠬᠦᠳᠡᠯᠦᠩᠭᠦᠢ ᠪᠠᠶᠢᠳᠠᠯ ᠢᠶᠠᠷ ᠰᠢᠨᠡᠳᠭᠡᠬᠦ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠰᠢᠰᠲ᠋ᠧᠮᠵᠢ ᠪᠠ ᠬᠠᠮᠲᠤ ᠳᠤ ᠪᠠᠨ ᠬᠦᠷᠲᠡᠵᠦ ᠰᠣᠯᠢᠯᠴᠠᠬᠤ ᠰᠢᠰᠲ᠋ᠧᠮᠵᠢ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠬᠤ ᠬᠡᠷᠡᠭᠲᠡᠢ᠃      ︵ᠳᠥᠷᠪᠡ︶ ᠲᠣᠭᠲᠠᠴᠠ ᠪᠠᠶᠢᠭᠤᠯᠤᠨ᠂ ᠠᠮᠤᠷ ᠲᠦᠪᠰᠢᠨ ᠢ ᠪᠠᠲᠤᠯᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠣᠭᠲᠠᠴᠠ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠵᠢᠯ ᠤᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠳᠣᠷᠣᠭᠰᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠭᠡᠵᠦ ᠲᠣᠪᠴᠢᠯᠠᠨ᠎ᠠ︶᠎ ᠤᠨ ᠬᠠᠮᠢᠶᠠᠷᠤᠯᠲᠠ ᠶᠢᠨ ᠨᠢᠭᠡᠴᠡ ᠨᠢ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠴᠤᠭᠯᠠᠭᠤᠯᠬᠤ᠂ ᠬᠠᠮᠲᠤ ᠳᠤ ᠪᠠᠨ ᠬᠦᠷᠲᠡᠬᠦ᠂ ᠬᠡᠷᠡᠭᠯᠡᠬᠦ ᠪᠦᠬᠦ ᠶᠠᠪᠤᠴᠠ ᠶᠢᠨ ᠪᠡᠶ᠎ᠡ ᠭᠠᠷᠤᠯ ᠢ ᠨᠢ ᠢᠯᠭᠠᠨ ᠲᠣᠳᠣᠯᠠᠬᠤ᠂ ᠡᠷᠬᠡ ᠣᠯᠭᠤᠨ ᠬᠠᠮᠢᠶᠠᠷᠬᠤ ᠪᠠ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃       ᠬᠤᠶᠠᠳᠤᠭᠠᠷ ᠪᠥᠯᠥᠭ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ                         ᠡᠬᠢ ᠪᠠᠶᠠᠯᠢᠭ ᠤᠨ ᠭᠠᠷᠴᠠᠭ      ᠲᠠᠪᠤᠳᠤᠭᠠᠷ ᠵᠦᠢᠯ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠣᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠬᠦ ᠶᠢᠨ ᠰᠠᠭᠤᠷᠢ ᠮᠦᠨ᠂ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢᠨ ᠦᠨᠳᠦᠰᠦᠯᠡᠯ ᠪᠣᠯᠣᠨ᠎ᠠ᠃      ᠵᠢᠷᠭᠤᠳᠤᠭᠠᠷ ᠵᠦᠢᠯ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠢᠭᠤᠴᠠ ᠳᠤ ᠬᠤᠯᠪᠣᠭᠳᠠᠬᠤ ᠶᠢᠨ ᠬᠠᠷᠢᠶᠠᠯᠠᠭᠳᠠᠬᠤ ᠴᠢᠨᠠᠷ ᠶᠣᠰᠤᠭᠠᠷ᠂ ᠨᠢᠭᠤᠴᠠ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠭᠡᠵᠦ ᠬᠤᠪᠢᠶᠠᠨ᠎ᠠ᠃      ᠨᠢᠭᠤᠴᠠ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠡᠮᠬᠢᠯᠡᠨ ᠲᠢᠭᠯᠡᠬᠦ᠂ ᠨᠠᠶᠢᠷᠠᠭᠤᠯᠤᠨ ᠵᠣᠬᠢᠶᠠᠬᠤ᠂ ᠬᠠᠮᠢᠶᠠᠷᠬᠤ᠂ ᠬᠡᠷᠡᠭᠯᠡᠬᠦ ᠵᠡᠷᠭᠡ ᠶᠢ ᠪᠣᠯ ᠲᠤᠰ ᠲᠤᠰ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠳᠣᠲᠣᠭᠠᠳᠤ ᠰᠦᠯᠵᠢᠶ᠎ᠡ᠂ ᠭᠠᠳᠠᠷ ᠰᠦᠯᠵᠢᠶ᠎ᠡ︶᠎ ᠳᠤ ᠲᠦᠰᠢᠭᠯᠡᠨ ᠦᠷᠨᠢᠭᠦᠯᠦᠨ᠎ᠡ᠃      ᠳᠣᠯᠣᠳᠤᠭᠠᠷ ᠵᠦᠢᠯ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠡᠬᠢ ᠪᠠᠶᠠᠯᠢᠭ ᠤᠨ ᠬᠠᠷᠢᠶᠠᠯᠠᠭᠳᠠᠬᠤ ᠴᠢᠨᠠᠷ ᠢᠶᠠᠷ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ᠂ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ᠂ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠪᠣᠯᠭᠠᠵᠤ ᠬᠤᠪᠢᠶᠠᠨ᠎ᠠ᠃      ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠨᠢ ᠪᠣᠯ ᠥᠪᠡᠷᠲᠡᠭᠡᠨ ᠵᠠᠰᠠᠬᠤ ᠣᠷᠣᠨ ᠤ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭᠯᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠲᠤ ᠥᠪᠡᠷᠲᠡᠭᠡᠨ ᠵᠠᠰᠠᠬᠤ ᠣᠷᠣᠨ ᠤ ᠬᠦᠮᠦᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ᠂ ᠬᠠᠤᠯᠢ ᠶᠢᠨ ᠡᠷᠬᠡᠲᠡᠨ ᠲᠠᠢ ᠨᠢᠭᠡᠴᠢ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ᠂ ᠪᠠᠶᠢᠭᠠᠯᠢ ᠶᠢᠨ ᠡᠬᠢ ᠪᠠᠶᠠᠯᠢᠭ ᠪᠣᠯᠣᠨ ᠣᠭᠳᠠᠷᠭᠤᠢ ᠶᠢᠨ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ᠂ ᠡᠯᠧᠺᠲᠷᠤᠨ ᠭᠡᠷᠡᠴᠢ ᠦᠨᠡᠮᠯᠡᠯ ᠤᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠵᠡᠷᠭᠡ ᠶᠢ ᠪᠠᠭᠲᠠᠭᠠᠨ᠎ᠠ᠃      ᠭᠤᠣᠯ ᠰᠡᠳᠥᠪᠲᠥ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠨᠢ ᠪᠣᠯ ᠠᠵᠤ ᠠᠬᠤᠢ ᠨᠡᠶᠢᠭᠡᠮ ᠤᠨ ᠬᠦᠭᠵᠢᠯᠲᠡ ᠳᠠᠬᠢ ᠠᠳᠠᠯᠢ ᠨᠢᠭᠡᠨ ᠭᠤᠣᠯ ᠰᠡᠳᠦᠪᠲᠦ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠣᠯᠠᠨ ᠰᠠᠯᠠᠭ᠎ᠠ ᠮᠥᠴᠢᠷ ᠤᠨ ᠬᠠᠮᠲᠤ ᠪᠠᠷ ᠪᠠᠶᠢᠭᠤᠯᠬᠤ ᠲᠥᠷᠥᠯ ᠵᠦᠢᠯ ᠠᠴᠠ ᠪᠣᠢ ᠪᠣᠯᠣᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠣᠯᠣᠨ᠎ᠠ᠃ ᠭᠤᠣᠯ ᠰᠡᠳᠥᠪᠲᠥ ᠶᠢᠨ ᠬᠦᠷᠢᠶ᠎ᠡ ᠴᠠᠷᠠᠭ᠎ᠠ ᠳᠤ ᠣᠯᠠᠨ ᠨᠡᠶᠢᠲᠡ ᠶᠢᠨ ᠦᠢᠯᠡᠴᠢᠯᠡᠭᠡ᠂ ᠡᠷᠡᠭᠦᠯ ᠡᠩᠭᠡ ᠶᠢᠨ ᠪᠠᠳᠤᠯᠠᠭ᠎ᠠ᠂ ᠨᠡᠶᠢᠭᠡᠮ ᠤᠨ ᠪᠠᠲᠤᠯᠠᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ᠂ ᠠᠶᠤᠯ ᠦᠭᠡᠢ ᠦᠢᠯᠡᠳᠪᠦᠷᠢᠯᠡᠯ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ᠂ ᠡᠨᠧᠷᠭᠢ ᠶᠢᠨ ᠠᠮᠤᠷ ᠲᠦᠪᠰᠢᠨ᠂ ᠢᠲᠡᠭᠡᠮᠵᠢ ᠶᠢᠨ ᠰᠢᠰᠲ᠋ᠧᠮᠵᠢ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠠᠴᠢᠮ ᠪᠠᠶᠢᠳᠠᠯ ᠢ ᠠᠷᠭᠠᠴᠠᠨ ᠲᠣᠭᠲᠠᠭᠤᠨ ᠢ ᠬᠠᠮᠠᠭᠠᠯᠠᠬᠤ ᠵᠡᠷᠭᠡ ᠶᠢ ᠪᠠᠭᠲᠠᠭᠠᠬᠤ ᠮᠦᠷᠲᠡᠭᠡᠨ ᠡᠳᠡᠭᠡᠷ ᠲᠤ ᠬᠢᠵᠠᠭᠠᠷᠯᠠᠭᠳᠠᠬᠤ ᠦᠭᠡᠢ᠃      ᠰᠠᠯᠠᠭ᠎ᠠ ᠮᠦᠴᠢᠷ ᠤᠳ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠨᠢ ᠪᠣᠯ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠭᠠᠷᠴᠠᠭᠯᠠᠬᠤ ᠶᠠᠪᠤᠳᠠᠯ ᠪᠣᠯᠣᠨ᠎ᠠ᠃      ᠨᠠᠢᠮᠠᠳᠤᠭᠠᠷ ᠵᠦᠢᠯ   ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠡᠷᠬᠡᠪᠰᠢ ᠮᠡᠷᠭᠡᠵᠢᠯ ᠤᠨ ᠨᠢᠭᠡᠳᠦᠯᠲᠡᠢ ᠪᠠᠷᠢᠮᠵᠢᠶ᠎ᠠ ᠶᠣᠰᠤᠭᠠᠷ᠂ ᠲᠤᠰ ᠱᠠᠲᠤᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠨᠡᠶᠢᠲᠡᠯᠡᠬᠦ ᠬᠡᠷᠡᠭᠲᠡᠢ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠨᠢ ᠡᠷᠬᠡᠪᠰᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠰᠢᠨᠡᠳᠭᠡᠬᠦ᠂ ᠬᠠᠮᠠᠭᠠᠯᠠᠬᠤ ᠪᠠ ᠲᠣᠬᠢᠷᠠᠭᠤᠯᠤᠨ ᠬᠡᠷᠡᠭᠯᠡᠬᠦ ᠵᠡᠷᠭᠡ ᠮᠡᠷᠭᠡᠵᠢᠯ ᠤᠨ ᠵᠠᠯᠭᠠᠰᠣ ᠬᠠᠩᠭᠠᠨ ᠦᠭᠴᠦ᠂ ᠡᠯ᠎ᠡ ᠰᠠᠯᠠᠭ᠎ᠠ ᠮᠦᠴᠢᠷ ᠤᠨ ᠲᠣᠬᠢᠷᠠᠭᠤᠯᠤᠨ ᠬᠡᠷᠡᠭᠯᠡᠬᠦ ᠳᠤ ᠬᠠᠩᠭᠠᠭᠰᠠᠨ ᠪᠠᠶᠢᠬᠤ ᠬᠡᠷᠡᠭᠲᠡᠢ᠃      ᠶᠢᠰᠦᠳᠦᠭᠡᠷ ᠵᠦᠢᠯ  ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠪᠠᠨ ᠭᠦᠢᠴᠡᠳᠭᠡᠬᠦ ᠱᠠᠭᠠᠷᠲᠠᠯᠭ᠎ᠠ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠵᠠᠷᠴᠢᠮ ᠢ ᠦᠨᠳᠦᠰᠦᠯᠡᠨ᠂ ᠤᠯᠤᠰ ᠤᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾᠎ ᠤᠨ ᠱᠠᠭᠠᠷᠳᠠᠯᠭ᠎ᠠ ᠶᠣᠰᠤᠭᠠᠷ᠂ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠰᠢᠨᠡᠳᠭᠡᠬᠦ᠂ ᠬᠠᠮᠠᠭᠠᠯᠠᠬᠤ ᠪᠠ ᠨᠡᠶᠢᠲᠡᠯᠡᠬᠦ ᠶᠢᠨ ᠬᠠᠮᠲᠤ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠲᠤ ᠣᠷᠤᠭᠤᠯᠬᠤ ᠬᠡᠷᠡᠭᠲᠡᠢ᠃ ᠬᠡᠷᠪᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠢᠮ ᠲᠣᠭᠲᠠᠭᠠᠯ ᠠᠴᠠ ᠵᠠᠰᠠᠪᠤᠷᠢ ᠣᠷᠤᠭᠤᠯᠬᠤ ᠪᠤᠶᠤ ᠵᠠᠰᠠᠭ ᠵᠠᠬᠢᠷᠭᠠᠨ ᠤ ᠬᠠᠮᠢᠠᠷᠤᠯᠲᠠ ᠶᠢᠨ ᠡᠭᠦᠷᠭᠡ ᠴᠢᠳᠠᠪᠤᠷᠢ ᠳᠤ ᠬᠤᠪᠢᠷᠠᠯᠲᠠ ᠭᠠᠷᠤᠭᠰᠠᠨ ᠪᠣᠯ᠂ 15 ᠠᠵᠢᠯᠯᠠᠬᠤ ᠡᠳᠦᠷ ᠲᠤ ᠲᠤᠰ ᠰᠠᠯᠠᠭ᠎ᠠ ᠮᠦᠴᠢᠷ ᠤᠨ ᠬᠢᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢᠶᠠᠨ ᠰᠢᠨᠡᠳᠭᠡᠬᠦ ᠬᠡᠷᠡᠭᠲᠡᠢ᠃      ᠠᠷᠪᠠᠳᠤᠭᠠᠷ ᠵᠦᠢᠯ   ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾᠎ ᠤᠨ ᠱᠠᠭᠠᠷᠳᠠᠯᠭ᠎ᠠ ᠶᠣᠰᠤᠭᠠᠷ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠬᠠᠮᠠᠭᠠᠯᠠᠬᠤ ᠶᠢᠨ ᠬᠠᠮᠲᠤ᠂ ᠲᠤᠰ ᠱᠠᠲᠤᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠰᠢᠨᠡᠳᠭᠡᠬᠦ ᠠᠵᠢᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠬᠠᠷᠢᠭᠤᠴᠠᠨ᠎ᠠ᠃      ᠠᠷᠪᠠᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠠᠴᠠ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠠᠮᠠᠭᠠᠯᠠᠨ᠎ᠠ᠃ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠣᠯ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠢ ᠲᠦᠷᠦᠭᠦᠯᠡᠨ ᠪᠠᠶᠢᠭᠤᠯᠬᠤ ᠰᠠᠯᠠᠭ᠎ᠠ ᠮᠦᠴᠢᠷ ᠠᠴᠠ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠬᠠᠮᠠᠭᠠᠯᠠᠨ᠎ᠠ᠃ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠣᠯ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠢ ᠲᠦᠷᠦᠭᠦᠯᠡᠨ ᠬᠢᠬᠦ ᠰᠠᠯᠠᠭ᠎ᠠ ᠮᠦᠴᠢᠷ ᠠᠴᠠ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠬᠠᠮᠠᠭᠠᠯᠠᠨ᠎ᠠ᠃      ᠠᠷᠪᠠᠨ ᠬᠤᠶᠠᠳᠤᠭᠠᠷ ᠵᠦᠢᠯ  ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠳᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠱᠠᠲᠤᠨ ᠤ ᠭᠠᠷᠴᠠᠭ ᠤᠨ ᠰᠢᠨᠡᠳᠭᠡᠬᠦ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭᠯᠠᠬᠤ᠂ ᠳᠠᠩᠰᠠᠯᠠᠨ ᠲᠡᠮᠳᠡᠭᠯᠡᠬᠦ᠂ ᠬᠢᠨᠠᠨ ᠬᠠᠷᠭᠤᠭᠤᠯᠬᠤ᠂ ᠨᠡᠶᠢᠲᠡᠯᠡᠬᠦ᠂ ᠰᠢᠨᠡᠳᠭᠡᠬᠦ ᠪᠠ ᠵᠠᠰᠠᠪᠤᠷᠢ ᠣᠷᠤᠭᠤᠯᠬᠤ ᠳᠤ ᠬᠠᠮᠢᠶ᠎ᠠ ᠪᠦᠬᠦᠢ ᠦᠢᠯᠡᠴᠢᠯᠡᠭᠡ ᠬᠠᠩᠭᠠᠵᠤ ᠥᠭᠬᠦ ᠬᠡᠷᠡᠭᠲᠡᠢ᠃        ᠭᠤᠷᠪᠠᠳᠤᠭᠠᠷ ᠪᠦᠯᠦᠭ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ                           ᠎ ᠤᠨ ᠠᠩᠭᠢᠯᠠᠯ ᠬᠢᠭᠡᠳ ᠬᠠᠮᠲᠤ ᠳᠤ ᠪᠠᠨ ᠬᠦᠷᠲᠡᠬᠦ ᠱᠠᠭᠠᠷᠳᠠᠯᠭ᠎ᠠ      ᠠᠷᠪᠠᠨ ᠭᠤᠷᠪᠠᠳᠤᠭᠠᠷ ᠵᠦᠢᠯ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠥᠷᠥᠯ ᠬᠡᠯᠪᠡᠷᠢ ᠪᠠᠷ ᠨᠢ ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ᠂ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠪᠠ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠭᠤᠷᠪᠠᠨ ᠵᠦᠢᠯ ᠤᠨ ᠲᠥᠷᠥᠯ ᠬᠡᠯᠪᠡᠷᠢ ᠬᠤᠪᠢᠶᠠᠨ᠎ᠠ᠃      ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠪᠦᠬᠦᠨ ᠳᠤ ᠬᠠᠮᠲᠤ ᠳᠤ ᠪᠠᠨ ᠬᠦᠷᠲᠡᠵᠦ ᠬᠡᠷᠡᠭᠯᠡᠬᠦ ᠪᠠᠷ ᠬᠠᠩᠭᠠᠨ ᠦᠭᠴᠦ ᠪᠣᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠪᠣᠯ ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠨ᠎ᠠ᠃      ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠵᠦ ᠬᠡᠷᠡᠭᠯᠡᠬᠦ ᠪᠠᠷ ᠬᠠᠩᠭᠠᠨ ᠦᠭᠴᠦ ᠪᠣᠯᠬᠤ ᠪᠣᠶᠤ ᠵᠦᠪᠬᠡᠨ ᠬᠡᠰᠡᠭ ᠪᠦᠯᠦᠭ ᠢ ᠨᠢ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠪᠦᠬᠦᠨ ᠳᠤ ᠬᠠᠩᠭᠠᠨ ᠦᠭᠴᠦ ᠬᠠᠮᠲᠤ ᠳᠤ ᠪᠠᠨ ᠬᠦᠷᠲᠡᠭᠡᠨ ᠬᠡᠷᠡᠭᠯᠡᠭᠦᠯᠵᠦ ᠪᠣᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠪᠣᠯ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠨ᠎ᠠ᠃      ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠵᠦ ᠬᠡᠷᠡᠭᠯᠡᠬᠦ ᠪᠠᠷ ᠬᠠᠩᠭᠠᠨ ᠥᠭᠬᠦ ᠳᠤ ᠥᠯᠥ ᠲᠣᠬᠢᠷᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠪᠣᠯ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠲᠥᠷᠥᠯ ᠳᠤ ᠬᠠᠷᠢᠶᠠᠯᠠᠭᠳᠠᠨ᠎ᠠ᠃      ᠠᠷᠪᠠᠨ ᠳᠥᠷᠪᠡᠳᠦᠭᠡᠷ ᠵᠦᠢᠯ   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠳᠤ ᠳᠣᠣᠷᠠᠬᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠄      ︵ᠨᠢᠭᠡ︶ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠪᠠ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠲᠥᠷᠥᠯ ᠳᠤ ᠵᠢᠭᠰᠠᠭᠠᠨ ᠣᠷᠤᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠪᠦᠬᠦᠨ ᠳᠤ ᠡᠷᠬᠡᠪᠰᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠬᠠᠩᠭᠠᠨ ᠥᠭᠴᠦ᠂ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠭᠤᠭᠤᠯᠤᠨ ᠲᠤᠭᠲᠠᠭᠠᠬᠤ ᠬᠡᠷᠡᠭᠲᠡᠢ᠃      ︵ᠬᠤᠶᠠᠷ︶ ᠬᠦᠮᠦᠨ ᠠᠮᠠ ᠶᠢᠨ ᠮᠡᠳᠡᠭᠡ ᠵᠠᠩᠭᠢ᠂ ᠬᠠᠤᠯᠢ ᠶᠢᠨ ᠡᠷᠬᠡᠲᠡᠨ ᠲᠠᠢ ᠨᠢᠭᠡᠴᠡ ᠶᠢᠨ ᠮᠡᠳᠡᠭᠡ ᠵᠠᠩᠭᠢ᠂ ᠪᠠᠶᠢᠭᠠᠯᠢ ᠶᠢᠨ ᠡᠬᠢ ᠪᠠᠶᠠᠯᠢᠭ ᠪᠠ ᠣᠭᠳᠠᠷᠭᠤᠢ ᠶᠢᠨ ᠭᠠᠵᠠᠷ ᠵᠦᠢ ᠶᠢᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ᠂ ᠡᠯᠧᠺᠲᠷᠤᠨ ᠭᠡᠷᠡᠴᠢ ᠦᠨᠡᠮᠯᠡᠯ ᠤᠨ ᠮᠡᠳᠡᠭᠡ ᠵᠠᠩᠭᠢ ᠵᠡᠷᠭᠡ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠰᠠᠭᠤᠷᠢ ᠮᠡᠳᠡᠭᠡ ᠵᠠᠩᠭᠢ ᠶᠢᠨ ᠵᠦᠢᠯ ᠪᠣᠯ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠬᠠᠮᠲᠤ ᠶᠢᠨ ᠬᠡᠷᠡᠭᠴᠡᠭᠡ ᠪᠣᠯᠣᠨ᠎ᠠ᠂ ᠡᠷᠬᠡᠪᠰᠢ ᠡᠮᠬᠢᠯᠡᠨ ᠨᠡᠶᠢᠯᠡᠭᠦᠯᠵᠦ ᠬᠠᠮᠲᠤ ᠪᠠᠷ ᠪᠠᠶᠢᠭᠤᠯᠬᠤ ᠵᠠᠷᠴᠢᠮ ᠢ ᠦᠨᠳᠦᠰᠦᠯᠡᠨ᠂ ᠡᠯ᠎ᠡ ᠱᠠᠲᠤᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠲᠥᠪᠯᠡᠷᠡᠭᠦᠯᠦᠨ ᠪᠠᠶᠢᠭᠤᠯᠬᠤ ᠪᠠᠷ ᠳᠠᠮᠵᠢᠬᠤ ᠪᠣᠶᠤ ᠬᠠᠮᠲᠤ ᠳᠠᠭᠠᠨ ᠬᠦᠷᠲᠡᠵᠦ ᠰᠣᠯᠢᠯᠴᠠᠬᠤ ᠲᠠᠪᠴᠠᠩ ᠳᠤ ᠵᠠᠯᠭᠠᠭᠤᠯᠤᠨ ᠣᠷᠤᠭᠤᠯᠬᠤ ᠪᠠᠷ ᠳᠠᠮᠵᠢᠵᠤ ᠰᠠᠭᠤᠷᠢ ᠳ᠋ᠠᠶᠢᠲ᠋ᠠ ᠶᠢᠨ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ᠂ ᠴᠠᠭ ᠲᠤᠬᠠᠢ ᠳᠤ ᠨᠢ ᠰᠢᠨᠡᠳᠭᠡᠬᠦ ᠶᠢ ᠪᠡᠶᠡᠯᠡᠭᠦᠯᠵᠦ᠂ ᠰᠠᠯᠠᠭ᠎ᠠ ᠮᠦᠴᠢᠷ ᠤᠳ ᠤᠨ ᠬᠤᠭᠤᠷᠤᠨᠳᠤ ᠪᠠᠨ ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃      ︵ᠭᠤᠷᠪᠠ︶ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠳᠠᠯᠢ ᠨᠢᠭᠡᠨ ᠭᠤᠣᠯ ᠰᠡᠳᠦᠪᠲᠦ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠰᠠᠯᠠᠭ᠎ᠠ ᠮᠦᠴᠢᠷ ᠠᠴᠠ ᠬᠠᠮᠲᠤ ᠪᠠᠷ ᠪᠠᠶᠢᠭᠤᠯᠵᠤ ᠪᠣᠢ ᠪᠣᠯᠭᠠᠭᠰᠠᠨ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠵᠢᠴᠢ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠵᠦᠢᠯ ᠪᠣᠯᠬᠤ᠂ ᠵᠢᠱᠢᠶᠡᠯᠡᠪᠡᠯ ᠡᠷᠡᠭᠦᠯ ᠡᠩᠬᠡ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠶᠤᠯ ᠦᠭᠡᠢ ᠦᠢᠯᠡᠳᠪᠦᠷᠢᠯᠡᠯ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ᠂ ᠡᠨᠧᠷᠭᠢ ᠶᠢᠨ ᠠᠮᠤᠷ ᠲᠦᠪᠰᠢᠨ᠂ ᠢᠲᠡᠭᠡᠮᠵᠢ ᠶᠢᠨ ᠰᠢᠰᠲ᠋ᠧᠮᠵᠢ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠲᠤᠭᠲᠠᠭᠤᠨ ᠢ ᠬᠠᠮᠠᠭᠠᠯᠠᠬᠤ ᠵᠡᠷᠭᠡ ᠮᠡᠳᠡᠭᠡ ᠵᠠᠩᠭᠢ ᠶᠢ ᠪᠣᠯ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠳᠠᠮᠵᠢᠵᠤ ᠬᠠᠮᠲᠤ ᠳᠠᠭᠠᠨ ᠬᠦᠷᠲᠡᠬᠦ ᠪᠣᠯᠭᠠᠨ᠎ᠠ᠃        ᠳᠥᠷᠪᠡᠳᠦᠭᠡᠷ ᠪᠦᠯᠦᠭ   ᠬᠠᠮᠲᠤ ᠳᠤ ᠪᠠᠨ ᠬᠦᠷᠲᠡᠬᠦ ᠮᠡᠳᠡᠭᠡ                            ᠵᠠᠩᠭᠢ ᠶᠢ ᠬᠠᠩᠭᠠᠬᠤ ᠬᠢᠭᠡᠳ ᠬᠡᠷᠡᠭᠯᠡᠬᠦ       ᠠᠷᠪᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠬᠠᠮᠢᠶᠠᠷᠬᠤ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠲᠤᠯᠭᠠᠭᠤᠷᠢᠯᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠰᠣᠯᠢᠯᠴᠠᠬᠤ ᠶᠢ ᠦᠷᠨᠢᠭᠦᠯᠬᠦ ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠤ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠭᠡᠮᠵᠢ ᠪᠣᠯᠣᠨ᠎ᠠ᠂ ᠡᠭᠦᠨ ᠳᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠳᠣᠲᠣᠭᠠᠳᠤ ᠰᠦᠯᠵᠢᠶ᠎ᠡ᠂ ᠭᠠᠳᠠᠷ ᠰᠦᠯᠵᠢᠶ᠎ᠡ︶᠎ ᠤᠨ ᠬᠤᠶᠠᠷ ᠬᠡᠰᠡᠭ ᠢ ᠪᠠᠭᠲᠠᠭᠠᠨ᠎ᠠ᠃ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠳᠤᠲᠤᠭᠠᠳᠤ ᠰᠦᠯᠵᠢᠶ᠎ᠡ︶᠎ ᠨᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠤᠨ ᠱᠠᠲᠤ ᠬᠤᠪᠢᠶᠠᠨ ᠬᠠᠮᠠᠭᠠᠯᠠᠬᠤ ᠱᠠᠭᠠᠷᠳᠠᠯᠭ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ ᠳᠤ ᠲᠦᠰᠢᠭᠯᠡᠨ ᠪᠦᠲᠦᠭᠡᠨ ᠪᠠᠶᠢᠭᠤᠯᠬᠤ ᠪᠠ ᠬᠠᠮᠢᠶᠠᠷᠤᠯᠲᠠ ᠬᠢᠬᠦ ᠬᠡᠷᠡᠭᠲᠡᠢ︔ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠭᠠᠳᠠᠷ ᠰᠦᠯᠵᠢᠶ᠎ᠡ︶᠎ ᠨᠢ ᠮᠡᠳᠡᠭᠡ ᠵᠠᠩᠭᠢ ᠶᠢᠨ ᠰᠢᠰᠲ᠋ᠧᠮ ᠤᠨ ᠵᠡᠷᠭᠡ ᠳᠡᠰ ᠤᠨ ᠬᠠᠮᠠᠭᠠᠯᠠᠯᠲᠠ ᠵᠢᠴᠢ ᠰᠢᠰᠲ᠋ᠧᠮ ᠤᠨ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠯᠦᠭᠡ ᠵᠡᠷᠭᠡ ᠳᠤ ᠨᠢ ᠲᠥᠯᠥᠪᠵᠢᠭᠦᠯᠦᠨ᠂ ᠵᠡᠷᠭᠡ ᠳᠤ ᠨᠢ ᠪᠦᠲᠦᠭᠡᠨ ᠪᠠᠶᠢᠭᠤᠯᠬᠤ᠂ ᠵᠡᠷᠭᠡ ᠳᠤ ᠨᠢ ᠬᠡᠷᠡᠭᠯᠡᠬᠦ ᠵᠡᠷᠭᠡ ᠤᠯᠤᠰ ᠤᠨ ᠲᠣᠣᠷ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠳᠥᠷᠢᠮ ᠲᠣᠭᠲᠠᠭᠠᠯ ᠤᠨ ᠱᠠᠭᠠᠷᠳᠠᠯᠭ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠡᠯᠧᠺᠲᠷᠦᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ ᠪᠦᠲᠦᠭᠡᠨ ᠪᠠᠶᠢᠭᠤᠯᠬᠤ ᠪᠠ ᠬᠠᠮᠢᠶᠠᠷᠤᠯᠲᠠ ᠬᠢᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠬᠠᠮᠢᠶᠠᠷᠬᠤ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠵᠢᠴᠢ ᠪᠦᠬᠦ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃      ᠠᠷᠪᠠᠨ ᠳᠣᠯᠤᠳᠤᠭᠠᠷ ᠵᠦᠢᠯ   ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠵᠠᠷᠴᠢᠮ ᠳᠡᠭᠡᠷ᠎ᠡ ᠪᠠᠨ ᠡᠯᠧᠺᠲᠷᠤᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ ᠪᠣᠶᠤ ᠡᠯᠧᠺᠲᠷᠤᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠠᠴᠢᠶᠠᠯᠠᠪᠤᠷᠢ ᠪᠣᠯᠭᠠᠵᠤ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠳ᠋ᠠᠶᠢᠲ᠋ᠠ ᠪᠠᠨ ᠰᠣᠯᠢᠯᠴᠠᠨ ᠬᠠᠮᠲᠤ ᠳᠤ ᠪᠠᠨ ᠬᠦᠷᠲᠡᠬᠦ ᠬᠡᠷᠡᠭᠲᠡᠢ᠃ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠯᠧᠺᠲᠷᠤᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ ᠪᠣᠶᠤ ᠡᠯᠧᠺᠲᠷᠤᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠲᠡᠰᠢ ᠰᠢᠯᠵᠢᠭᠦᠯᠬᠦ ᠶᠢ ᠱᠠᠯᠠᠪᠳᠠᠨ ᠠᠬᠢᠭᠤᠯᠬᠤ ᠶᠢᠨ ᠬᠠᠮᠲᠤ᠂ ᠲᠤᠰ ᠭᠠᠵᠠᠷ ᠣᠷᠣᠨ ᠤ ᠬᠠᠮᠲᠦ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠵᠠᠯᠭᠠᠨ ᠣᠷᠤᠭᠤᠯᠬᠤ ᠬᠡᠷᠡᠭᠲᠡᠢ᠃ ᠰᠠᠯᠠᠭ᠎ᠠ ᠮᠦᠴᠢᠷ ᠠᠯᠤᠰᠯᠠᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠴᠢᠬᠤᠯᠠ ᠲᠠᠢ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠨ᠎ᠡ ᠪᠠᠷ ᠪᠠᠶᠢᠭᠤᠯᠤᠭᠰᠠᠨ ᠰᠢᠰᠲ᠋ᠧᠮ ᠨᠢ ᠡᠷᠭᠡᠪᠰᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠳᠠᠮᠵᠢᠵᠤ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠂ ᠰᠠᠯᠠᠭ᠎ᠠ ᠮᠦᠴᠢᠷ ᠠᠯᠤᠰᠯᠠᠨ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠵᠦ ᠰᠣᠯᠢᠯᠴᠠᠬᠤ ᠤᠭ ᠤᠨ ᠰᠢᠰᠲ᠋ᠧᠮ ᠢ ᠠᠯᠬᠤᠮ ᠠᠯᠬᠤᠮ ᠢᠶᠠᠷ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠰᠢᠯᠵᠢᠭᠦᠯᠦᠨ ᠣᠷᠤᠭᠤᠯᠬᠤ ᠬᠡᠷᠡᠭᠲᠡᠢ᠃       ᠠᠷᠪᠠᠨ ᠨᠠᠢᠮᠠᠳᠤᠭᠠᠷ ᠵᠦᠢᠯ   ︽ᠬᠡᠨ ᠭᠤᠣᠯᠴᠢᠯᠠᠨ ᠬᠠᠮᠢᠶᠠᠷᠪᠠᠯ᠂ ᠲᠠᠷᠠ ᠬᠠᠩᠭᠠᠵᠤ ᠥᠭᠬᠦ᠂ ᠲᠠᠷᠠ ᠬᠠᠷᠢᠭᠤᠴᠠᠬᠤ︾ ᠵᠠᠷᠴᠢᠮ ᠶᠣᠰᠤᠭᠠᠷ᠂ ᠬᠠᠩᠭᠠᠵᠤ ᠥᠭᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠴᠤᠭᠯᠠᠭᠤᠯᠬᠤ᠂ ᠬᠠᠮᠠᠭᠠᠯᠠᠬᠤ ᠪᠠ ᠰᠢᠨᠡᠳᠭᠡᠬᠦ ᠲᠣᠭᠲᠠᠴᠠ ᠶᠢ ᠪᠠᠶᠢᠭᠤᠯᠵᠤ᠂ ᠬᠠᠩᠭᠠᠨ ᠥᠭᠭᠦᠭᠰᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠦᠳᠡᠯᠦᠩᠭᠦᠢ ᠪᠠᠷ ᠬᠠᠮᠢᠶᠠᠷᠴᠤ᠂ ᠳ᠋ᠠᠶᠢᠲ᠋ᠠ ᠶᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠬᠦᠴᠦᠨ ᠲᠡᠭᠦᠯᠳᠡᠷ ᠬᠤᠭᠤᠴᠠᠭᠠᠲᠤ ᠴᠢᠨᠠᠷ ᠪᠣᠯᠣᠨ ᠬᠡᠷᠡᠭᠯᠡᠭᠳᠡᠬᠦ ᠴᠢᠨᠠᠷ ᠢ ᠪᠠᠲᠤᠯᠠᠵᠤ᠂ ᠬᠠᠩᠭᠠᠵᠤ ᠥᠭᠭᠦᠭᠰᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠨᠢ ᠲᠤᠰ ᠰᠠᠯᠠᠭ᠎ᠠ ᠮᠦᠴᠢᠷ ᠤᠨ ᠡᠵᠡᠮᠰᠢᠵᠦ ᠪᠦᠬᠦᠢ ᠮᠡᠳᠡᠭᠡ ᠵᠠᠩᠭᠢ ᠯᠤᠭ᠎ᠠ ᠶᠢᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃      ᠬᠠᠩᠭᠠᠵᠤ ᠥᠭᠭᠦᠭᠰᠡᠨ ᠰᠠᠯᠠᠭ᠎ᠠ ᠮᠦᠴᠢᠷ ᠨᠢ ᠬᠡᠷᠡᠭᠯᠡᠬᠦ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠬᠠᠩᠭᠠᠵᠤ ᠥᠭᠬᠦ ᠳᠤ᠂ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠬᠦᠷᠢᠶ᠎ᠡ ᠬᠡᠪᠴᠢᠶ᠎ᠡ ᠪᠠ ᠬᠡᠷᠡᠭᠯᠡᠬᠦ ᠬᠡᠷᠡᠭᠯᠡᠮᠵᠢ ︵ᠵᠢᠱᠢᠶᠡᠯᠡᠪᠡᠯ᠂ ᠵᠠᠰᠠᠭ ᠵᠠᠬᠢᠷᠭᠠᠨ ᠤ ᠦᠨᠳᠦᠰᠦᠯᠡᠯ᠂ ᠠᠵᠢᠯ ᠤᠨ ᠯᠠᠪᠯᠠᠯᠲᠠ ᠪᠣᠯᠭᠠᠵᠤ᠂ ᠳ᠋ᠠᠶᠢᠲ᠋ᠠ ᠶᠢᠨ ᠬᠠᠷᠭᠤᠭᠤᠯᠤᠨ ᠬᠢᠨᠠᠬᠤ᠂ ᠲᠤᠬᠠᠶᠢᠯᠠᠭᠰᠠᠨ ᠠᠵᠢᠯ ᠢ ᠵᠣᠬᠢᠴᠠᠯᠳᠤᠭᠤᠯᠬᠤ ᠵᠡᠷᠭᠡ ᠳᠤ ᠬᠡᠷᠡᠭᠯᠡᠨ᠎ᠡ︶᠎ ᠶᠢ ᠨᠢ ᠲᠣᠳᠣᠷᠬᠠᠶᠢᠯᠠᠵᠤ᠂ ᠵᠠᠷᠴᠢᠮ ᠳᠡᠭᠡᠷ᠎ᠡ ᠪᠠᠨ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠬᠠᠩᠭᠠᠵᠤ ᠥᠭᠭᠦᠨ᠎ᠡ᠂ ᠰᠢᠰᠲ᠋ᠧᠮᠵᠢ ᠪᠠᠷ ᠵᠠᠯᠭᠠᠯᠳᠤᠭᠤᠯᠬᠤ᠂ ᠤᠷᠢᠳᠠᠯᠲᠤ ᠲᠣᠬᠢᠷᠠᠭᠤᠯᠤᠯ ᠮᠠᠰᠢᠨ ᠢᠶᠠᠷ ᠬᠠᠮᠲᠤ ᠳᠤ ᠪᠠᠨ ᠬᠦᠷᠲᠡᠬᠦ᠂ ᠵᠠᠯᠭᠠᠭᠤᠯᠵᠤ ᠬᠠᠶᠢᠨ ᠯᠠᠪᠯᠠᠬᠤ᠂ ᠰᠠᠯᠠᠭ᠎ᠠ ᠮᠦᠴᠢᠷ ᠤᠳ ᠪᠦᠭᠡᠮ ᠢᠶᠠᠷ ᠪᠠᠭᠤᠯᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠶᠢ ᠨᠢ ᠵᠣᠷᠢᠬᠵᠢᠭᠤᠯᠤᠨ᠎ᠠ᠃       ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠨᠢᠭᠡᠨᠲᠡ ᠨᠡᠶᠢᠲᠡᠯᠡᠭᠰᠡᠨ ᠬᠠᠮᠲᠤ ᠳᠤ ᠪᠠᠨ ᠬᠦᠷᠲᠡᠬᠦ ᠳ᠋ᠠᠶᠢᠲ᠋ᠠ ᠶᠢ ᠬᠠᠩᠭᠠᠵᠤ ᠥᠭᠬᠦ ᠪᠠᠨ ᠵᠣᠭᠰᠣᠭᠠᠬᠤ ᠴᠢᠬᠤᠯᠠ ᠲᠠᠢ ᠪᠣᠯ᠂ ᠵᠦᠢ ᠶᠣᠰᠤᠨ ᠤ ᠰᠢᠯᠲᠠᠭᠠᠨ ᠢᠶᠠᠨ ᠲᠣᠳᠣᠷᠬᠠᠶᠢᠯᠠᠵᠤ ᠥᠭᠬᠦ ᠶᠢᠨ ᠬᠠᠮᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃       ᠠᠷᠪᠠ ᠶᠢᠰᠦᠳᠦᠭᠡᠷ ᠵᠦᠢᠯ   ᠬᠡᠷᠡᠭᠯᠡᠬᠦ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠶᠢ ᠦᠨᠳᠦᠰᠦᠯᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠬᠦ ᠬᠡᠷᠡᠭᠲᠡᠢ᠃ ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠣᠯ ᠬᠡᠷᠡᠭᠯᠡᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠰᠢᠭᠤᠳ ᠠᠪᠴᠤ ᠬᠡᠷᠡᠭᠯᠡᠨ᠎ᠡ︔ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠣᠯ ᠬᠡᠷᠡᠭᠯᠡᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠬᠠᠩᠭᠠᠵᠤ ᠥᠭᠬᠦ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠎ᠠ᠂ ᠬᠠᠩᠭᠠᠵᠤ ᠥᠭᠬᠦ ᠰᠠᠯᠠᠭ᠎ᠠ ᠮᠦᠴᠢᠷ ᠨᠢ 10 ᠠᠵᠢᠯᠯᠠᠬᠤ ᠡᠳᠦᠷ ᠲᠤ ᠬᠠᠷᠢᠭᠤ ᠦᠭᠴᠦ᠂ ᠬᠡᠷᠡᠭᠯᠡᠬᠦ ᠰᠠᠯᠠᠭ᠎ᠠ ᠮᠦᠴᠢᠷ ᠨᠢ ᠬᠠᠷᠢᠭᠤ ᠥᠭᠭᠦᠭᠰᠡᠨ ᠰᠠᠨᠠᠯ ᠢᠶᠠᠷ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠨ᠎ᠡ᠂ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠭᠰᠡᠨ ᠪᠣᠯ ᠬᠠᠩᠭᠠᠵᠤ ᠥᠭᠬᠦ ᠰᠠᠯᠠᠭ᠎ᠠ ᠮᠦᠴᠢᠷ ᠨᠢ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ︔ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ ᠡᠬᠢ ᠪᠠᠶᠠᠯᠢᠭ᠂ ᠵᠢᠴᠢ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠤᠨ ᠳᠣᠲᠣᠷᠠᠬᠢ ᠬᠠᠩᠭᠠᠵᠤ ᠥᠭᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠮᠡᠳᠡᠭᠡ ᠵᠠᠩᠭᠢ ᠶᠢᠨ ᠡᠬᠢ ᠪᠠᠶᠠᠯᠢᠭ ᠢ ᠪᠣᠯ ᠬᠡᠷᠡᠭᠯᠡᠬᠦ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ ᠵᠠᠪᠠᠯ ᠬᠡᠷᠡᠭᠯᠡᠬᠦ ᠴᠢᠬᠤᠯᠠ ᠲᠠᠢ ᠪᠣᠯ᠂ ᠬᠡᠷᠡᠭᠯᠡᠬᠦ ᠰᠠᠯᠠᠭ᠎ᠠ ᠮᠦᠴᠢᠷ ᠠᠴᠠ ᠬᠠᠩᠭᠠᠵᠤ ᠥᠭᠬᠦ ᠰᠠᠯᠠᠭ᠎ᠠ ᠮᠦᠴᠢᠷ ᠯᠦᠭᠡ 10 ᠠᠵᠢᠯᠯᠠᠬᠤ ᠡᠳᠦᠷ ᠲᠤ ᠵᠦᠪᠳᠡᠯᠴᠡᠨ ᠰᠢᠢᠳᠪᠦᠷᠢᠯᠡᠬᠦ ᠬᠡᠷᠡᠭᠲᠡᠢ᠂ ᠵᠦᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ 30 ᠠᠵᠢᠯᠯᠠᠬᠤ ᠡᠳᠦᠷ ᠲᠤ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃      ᠬᠤᠷᠢᠳᠤᠭᠠᠷ ᠵᠦᠢᠯ   ︽ᠬᠡᠨ ᠭᠠᠷᠳᠠᠵᠤ ᠬᠢᠭᠰᠡᠨ ᠪᠣᠯ ᠲᠠᠷᠠ ᠬᠡᠷᠡᠭᠯᠡᠬᠦ᠂ ᠲᠠᠷᠠ ᠬᠠᠮᠢᠶᠠᠷᠤᠭᠰᠠᠨ ᠪᠣᠯ ᠬᠡᠨ ᠬᠠᠷᠢᠭᠤᠴᠠᠬᠤ︾ ᠵᠠᠷᠴᠢᠮ ᠶᠣᠰᠤᠭᠠᠷ᠂ ᠬᠡᠷᠡᠭᠯᠡᠬᠦ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠶᠢ ᠦᠨᠳᠦᠰᠦᠯᠡᠨ ᠬᠠᠤᠯᠢ ᠲᠣᠭᠲᠠᠭᠠᠯ ᠶᠣᠰᠤᠭᠠᠷ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠬᠦ ᠶᠢᠨ ᠬᠠᠮᠲᠤ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠬᠦ ᠪᠦᠬᠦ ᠶᠠᠪᠤᠴᠠ ᠳᠠᠬᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃      ᠬᠡᠷᠡᠭᠯᠡᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠬᠦᠷᠲᠡᠯᠴᠡᠨ ᠣᠯᠣᠭᠰᠠᠨ ᠮᠡᠳᠡᠭᠡ ᠵᠠᠩᠭᠢ ᠶᠢ ᠪᠣᠯ ᠲᠣᠳᠣᠷᠬᠠᠢ ᠲᠣᠭᠲᠠᠭᠠᠭᠰᠠᠨ ᠬᠡᠷᠡᠭᠯᠡᠬᠦ ᠬᠡᠷᠡᠭᠯᠡᠮᠵᠢ ᠶᠣᠰᠤᠭᠠᠷ ᠲᠤᠰ ᠰᠠᠯᠠᠭ᠎ᠠ ᠮᠦᠴᠢᠷ ᠤᠨ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠳᠤ ᠯᠡ ᠬᠡᠷᠡᠭᠯᠡᠵᠦ ᠪᠣᠯᠣᠨ᠎ᠠ᠂ ᠰᠢᠭᠤᠳ ᠪᠣᠶᠤ ᠳ᠋ᠠᠶᠢᠲ᠋ᠠ ᠶᠢᠨ ᠬᠡᠯᠪᠡᠷᠢ ᠶᠢ ᠨᠢ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠭᠤᠷᠪᠠᠳᠤᠭᠠᠷ ᠡᠲᠡᠭᠡᠳ ᠲᠤ ᠬᠠᠩᠭᠠᠨ ᠥᠭᠴᠦ ᠪᠣᠯᠬᠤ ᠦᠭᠡᠢ᠂ ᠮᠦᠨ ᠴᠦ ᠪᠣᠰᠣᠳ ᠵᠣᠷᠢᠯᠭ᠎ᠠ ᠪᠠᠷ ᠬᠡᠷᠡᠭᠯᠡᠬᠦ ᠪᠣᠶᠤ ᠬᠤᠪᠢᠷᠠᠭᠤᠯᠤᠨ ᠬᠡᠷᠡᠭᠯᠡᠵᠦ ᠪᠣᠯᠬᠤ ᠦᠭᠡᠢ᠃      ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠣᠯᠵᠤ ᠪᠣᠯᠬᠤ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠵᠠᠷᠴᠢᠮ ᠳᠡᠭᠡᠷ᠎ᠡ ᠪᠠᠨ ᠪᠠᠶᠢᠭᠠᠯᠢᠭ ᠬᠦᠮᠦᠨ᠂ ᠬᠠᠤᠯᠢ ᠶᠢᠨ ᠡᠷᠬᠡᠲᠡᠨ ᠪᠣᠶᠤ ᠪᠣᠰᠣᠳ ᠵᠣᠬᠢᠶᠠᠨ ᠪᠠᠶᠢᠭᠤᠯᠤᠯᠲᠠ ᠶᠢ ᠳᠠᠬᠢᠨᠲᠠ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠦᠭᠡᠢ᠃      ᠬᠤᠷᠢᠨ ᠨᠢᠭᠡᠳᠦᠭᠡᠷ ᠵᠦᠢᠯ   ᠮᠠᠳᠠᠭ ᠲᠠᠢ᠂ ᠠᠯᠳᠠᠭ᠎ᠠ ᠲᠠᠢ ᠮᠡᠳᠡᠭᠡ ᠵᠠᠩᠭᠢ ᠳᠤ ᠱᠠᠯᠠᠪᠳᠠᠨ ᠬᠠᠷᠭᠤᠭᠤᠯᠵᠤ ᠬᠢᠨᠠᠬᠤ ᠲᠣᠭᠲᠠᠴᠠ ᠶᠢ ᠪᠠᠶᠢᠭᠤᠯᠤᠨ᠂ ᠬᠡᠷᠡᠭᠯᠡᠬᠦ ᠰᠠᠯᠠᠭ᠎ᠠ ᠮᠦᠴᠢᠷ ᠨᠢ ᠣᠯᠵᠤ ᠬᠦᠷᠲᠡᠭᠰᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠳᠤ ᠮᠠᠳᠠᠭ ᠲᠠᠢ ᠪᠣᠶᠤ ᠢᠯᠡᠷᠬᠡᠢ ᠠᠯᠳᠠᠭ᠎ᠠ ᠲᠠᠢ ᠪᠠᠶᠢᠬᠤ ᠶᠢ ᠣᠯᠵᠤ ᠮᠡᠳᠡᠭᠰᠡᠨ ᠪᠣᠯ᠂ ᠠᠰᠠᠭᠤᠳᠠᠯ ᠢ ᠣᠯᠵᠤ ᠮᠡᠳᠡᠭᠰᠡᠨ 5 ᠠᠵᠢᠯᠯᠠᠬᠤ ᠡᠳᠦᠷ ᠲᠤ ᠬᠠᠩᠭᠠᠵᠤ ᠥᠭᠭᠦᠭᠰᠡᠨ ᠰᠠᠯᠠᠭ᠎ᠠ ᠮᠦᠴᠢᠷ ᠲᠤ ᠬᠠᠷᠭᠤᠭᠤᠯᠤᠨ ᠬᠢᠨᠠᠭᠤᠯᠬᠤ ᠪᠠᠷ ᠪᠣᠴᠠᠭᠠᠨ ᠲᠤᠰᠬᠠᠵᠤ᠂ ᠬᠠᠩᠭᠠᠵᠤ ᠥᠭᠭᠦᠭᠰᠡᠨ ᠰᠠᠯᠠᠭ᠎ᠠ ᠮᠦᠴᠢᠷ ᠨᠢ 10 ᠠᠵᠢᠯᠯᠠᠬᠤ ᠡᠳᠦᠷ ᠲᠤ ᠰᠢᠢᠳᠪᠦᠷᠢᠯᠡᠵᠦ ᠥᠭᠬᠦ ᠪᠠ ᠬᠠᠷᠢᠭᠤ ᠥᠭᠬᠦ ᠬᠡᠷᠡᠭᠲᠡᠢ᠃ ᠬᠠᠷᠭᠤᠭᠤᠯᠤᠨ ᠬᠢᠨᠠᠬᠤ ᠬᠤᠭᠤᠴᠠᠭᠠᠨ ᠳᠤ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠪᠠᠶᠢᠭᠠᠯᠢᠭ ᠬᠦᠮᠦᠨ᠂ ᠬᠠᠤᠯᠢ ᠶᠢᠨ ᠡᠷᠬᠡᠲᠡᠨ ᠪᠣᠶᠤ ᠪᠣᠰᠣᠳ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠪᠣᠯ᠂ ᠬᠡᠷᠪᠡ ᠬᠠᠤᠯᠢ ᠶᠣᠰᠤᠨ ᠤ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠨ ᠥᠭᠴᠦ᠂ ᠬᠦᠯᠢᠶᠡᠨ ᠠᠪᠴᠤ ᠭᠦᠢᠴᠡᠳᠭᠡᠬᠦ ᠨᠢᠭᠡᠴᠡ ᠨᠢ ᠬᠡᠪ ᠤᠨ ᠶᠣᠰᠤᠭᠠᠷ ᠭᠦᠢᠴᠡᠳᠭᠡᠭᠰᠡᠨ ᠪᠠᠶᠢᠪᠠᠯ᠂ ᠲᠡᠪᠴᠢᠬᠦ᠂ ᠰᠢᠯᠲᠠᠭᠯᠠᠨ ᠲᠥᠯᠬᠢᠯᠴᠡᠬᠦ ᠪᠣᠶᠤ ᠠᠵᠢᠯ ᠬᠡᠷᠡᠭ ᠭᠦᠢᠴᠡᠳᠭᠡᠭᠴᠢ ᠶᠢ ᠮᠡᠳᠡᠭᠡ ᠵᠠᠩᠭᠢ ᠪᠠᠨ ᠵᠠᠯᠠᠷᠠᠭᠤᠯᠬᠤ ᠭᠠᠷᠳᠠᠮ ᠭᠦᠢᠴᠡᠳᠭᠡᠯᠭᠡᠬᠦ ᠪᠠᠷ ᠱᠠᠭᠠᠷᠳᠠᠵᠤ ᠪᠣᠯᠬᠤ ᠦᠭᠡᠢ᠃        ᠲᠠᠪᠤᠳᠤᠭᠠᠷ ᠪᠥᠯᠦᠭ   ᠠᠮᠤᠷ ᠲᠦᠪᠰᠢᠨ ᠤ ᠬᠠᠮᠢᠶᠠᠷᠤᠯᠲᠠ      ᠬᠤᠷᠢᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠥᠷᠢᠮ᠂ ᠲᠥᠭᠰᠢᠭᠦᠷᠢ ᠶᠢ ᠦᠨᠡᠯᠡᠨ ᠵᠢᠱᠢᠬᠦ ᠳᠥᠷᠢᠮ ᠲᠣᠭᠲᠠᠭᠠᠬᠤ ᠶᠢ ᠬᠠᠷᠢᠭᠤᠴᠠᠵᠤ᠂ ᠱᠠᠲᠤ ᠪᠠ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠂ ᠠᠮᠤᠷ ᠲᠦᠪᠰᠢᠨ ᠬᠡᠷᠡᠭᠯᠡᠭᠡᠨ ᠤ ᠳᠥᠷᠢᠮ ᠢ ᠪᠠᠶᠢᠭᠤᠯᠵᠤ᠂ ᠳ᠋ᠠᠶᠢᠲ᠋ᠠ ᠶᠢ ᠡᠷᠬᠡ ᠳᠠᠪᠠᠭᠤᠯᠤᠨ ᠬᠡᠷᠡᠭᠯᠡᠬᠦ ᠶᠢ ᠰᠡᠷᠭᠡᠶᠢᠯᠡᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠲᠤ ᠳᠤ ᠪᠠᠨ ᠬᠦᠷᠲᠡᠬᠦ ᠪᠠ ᠬᠡᠷᠡᠭᠯᠡᠬᠦ ᠶᠠᠪᠤᠴᠠ ᠳᠠᠬᠢ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠢᠮᠳᠠᠭᠤᠯᠤᠨ ᠵᠢᠯᠣᠭᠤᠳᠴᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠦᠭᠰᠢᠭᠦᠷᠢ ᠶᠢ ᠦᠨᠡᠯᠡᠨ ᠵᠢᠱᠢᠬᠦ ᠪᠠ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢ ᠵᠢᠯᠣᠭᠤᠳᠤᠨ ᠠᠬᠢᠭᠤᠯᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ  ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠬᠠᠮᠢᠶᠠᠷᠤᠯᠲᠠ ᠶᠢᠨ ᠨᠢᠭᠡᠴᠢ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠠᠮᠤᠷ ᠲᠦᠪᠰᠢᠨ ᠤ ᠰᠡᠷᠭᠡᠶᠢᠯᠡᠡ ᠬᠠᠮᠠᠭᠠᠯᠠᠬᠤ ᠶᠢ ᠴᠢᠩᠭᠠᠳᠬᠠᠨ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠪᠠ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ᠲᠤᠭᠲᠠᠭᠠᠵᠤ᠂ ᠰᠢᠰᠲ᠋ᠧᠮ ᠤᠨ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠲᠤᠭᠲᠠᠴᠠ ᠪᠠ ᠭᠠᠢ ᠬᠦᠨᠦᠭᠡᠯ ᠳᠤ ᠲᠠᠭᠠᠷᠢᠭᠳᠠᠭᠰᠠᠨ ᠳᠠᠷᠠᠭᠠᠬᠢ ᠰᠡᠷᠭᠦᠭᠡᠨ ᠵᠠᠰᠠᠬᠤ ᠲᠣᠭᠲᠠᠴᠠ ᠶᠢ ᠪᠠᠶᠢᠭᠤᠯᠤᠨ᠂ ᠳ᠋ᠠᠶᠢᠲ᠋ᠠ ᠪᠠᠨ ᠨᠦᠬᠡᠴᠡᠯᠡᠬᠦ ᠶᠢ ᠰᠠᠶᠢᠲᠤᠷ ᠬᠢᠵᠦ᠂ ᠪᠡᠶ᠎ᠡ ᠭᠠᠷᠤᠯ ᠤᠨ ᠥᠨᠡᠮᠰᠢᠨ ᠭᠡᠷᠡᠴᠢᠯᠡᠬᠦ᠂ ᠡᠷᠬᠡ ᠣᠯᠭᠤᠨ ᠬᠠᠮᠢᠶᠠᠷᠬᠤ ᠶᠢ ᠴᠢᠩᠭᠠᠳᠬᠠᠨ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠠᠵᠢᠯᠯᠠᠭᠠᠨ ᠢ ᠪᠦᠲᠦᠮᠵᠢᠲᠡᠢ ᠬᠢᠨᠠᠨ ᠡᠵᠡᠮᠰᠢᠵᠦ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠲᠣᠭᠲᠠᠭᠤᠨ ᠢᠶᠠᠷ ᠠᠵᠢᠯᠯᠠᠬᠤ ᠵᠢᠴᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠰᠣᠯᠢᠯᠴᠠᠬᠤ ᠳᠤ ᠳ᠋ᠠᠶᠢᠲ᠋ᠠ ᠶᠢᠨ ᠪᠦᠷᠢᠨ ᠪᠦᠲᠦᠨ ᠴᠢᠨᠠᠷ ᠪᠣᠯᠣᠨ ᠠᠮᠤᠷ ᠲᠦᠪᠰᠢᠨ ᠴᠢᠨᠠᠷ ᠢ ᠨᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠤᠯᠤᠰ ᠤᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠣᠰᠤᠭᠠᠷ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠮᠡᠳᠡᠭᠡ ᠵᠠᠩᠭᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠲᠣᠭᠲᠠᠭᠰᠠᠨ ᠬᠤᠭᠤᠴᠠᠭ᠎ᠠ ᠲᠠᠢ ᠦᠷᠨᠢᠭᠦᠯᠵᠦ᠂ ᠮᠡᠳᠡᠭᠡ ᠵᠠᠩᠭᠢ ᠶᠢᠨ ᠠᠮᠤᠷ ᠲᠦᠪᠰᠢᠨ ᠤ ᠲᠦᠭᠰᠢᠭᠦᠷᠢ ᠪᠠ ᠭᠡᠮ ᠰᠣᠭᠤᠭ ᠢ ᠬᠠᠶᠢᠨ ᠡᠷᠢᠬᠦ ᠶᠢᠨ ᠬᠠᠮᠲᠤ ᠠᠷᠢᠯᠭᠠᠬᠤ ᠬᠡᠷᠡᠭᠲᠡᠢ᠃      ᠬᠤᠷᠢᠨ ᠲᠥᠷᠪᠡᠳᠦᠭᠡᠷ ᠵᠦᠢᠯ   ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠳᠤ ᠤᠭ ᠢᠷᠡᠯᠲᠡ ᠶᠢ ᠨᠢ ᠮᠦᠷᠳᠡᠨ ᠬᠠᠶᠢᠬᠤ ᠲᠣᠭᠲᠠᠴᠠ ᠪᠠᠶᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠰᠣᠯᠢᠯᠴᠠᠭᠰᠠᠨ ᠡᠳᠦᠷ ᠤᠨ ᠲᠡᠮᠳᠡᠭᠯᠡᠯ᠂ ᠮᠡᠳᠡᠭᠡ ᠵᠠᠩᠭᠢ ᠶᠢᠨ ᠯᠠᠪᠯᠠᠭ᠎ᠠ ᠶᠢᠨ ᠡᠳᠦᠷ ᠤᠨ ᠲᠡᠮᠳᠡᠭᠯᠡᠯ ᠵᠡᠷᠭᠡ ᠪᠠᠶᠢᠳᠠᠯ ᠢ ᠳᠡᠮᠳᠡᠭᠯᠡᠵᠦ᠂ ᠲᠡᠮᠳᠡᠭᠯᠡᠭᠰᠡᠨ ᠳ᠋ᠠᠶᠢᠲ᠋ᠠ ᠶᠢ 2 ᠵᠢᠯ ᠭᠠᠷᠤᠢ ᠬᠠᠳᠠᠭᠠᠯᠠᠵᠤ ᠲᠠᠯᠪᠢᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ   ᠬᠠᠩᠭᠠᠵᠤ ᠥᠭᠭᠦᠭᠰᠡᠨ ᠰᠠᠯᠠᠭ᠎ᠠ ᠮᠦᠴᠢᠷ ᠪᠣᠯᠣᠨ ᠬᠡᠷᠡᠭᠯᠡᠬᠦ ᠰᠠᠯᠠᠭ᠎ᠠ ᠮᠦᠴᠢᠷ ᠤᠳ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠲᠤ ᠳᠤ ᠪᠠᠨ ᠬᠦᠷᠲᠡᠬᠦ ᠪᠠ ᠬᠡᠷᠡᠭᠯᠡᠬᠦ ᠳᠤ ᠠᠮᠤᠷ ᠲᠦᠪᠰᠢᠨ ᠤ ᠨᠢᠭᠤᠴᠠ ᠬᠠᠮᠠᠭᠠᠯᠠᠬᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠳ᠋ᠠᠶᠢᠲ᠋ᠠ ᠶᠢ ᠨᠢᠭᠤᠴᠠᠯᠠᠬᠤ᠂ ᠰᠤᠷᠪᠤᠯᠵᠢᠯᠠᠨ ᠭᠡᠷᠡᠴᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠥᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠮᠡᠷᠭᠡᠵᠢᠯ ᠤᠨ ᠠᠷᠭ᠎ᠠ ᠬᠡᠮᠵᠢᠶ᠎ᠡ ᠶᠢ ᠦᠨᠡᠨ ᠬᠦ ᠬᠡᠷᠡᠭᠯᠡᠨ᠂ ᠲᠣᠣᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠠᠩᠭᠠᠵᠤ ᠥᠭᠭᠦᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠲᠤ ᠤᠷᠢᠳᠠᠪᠠᠷ ᠲᠤᠰ ᠰᠠᠯᠠᠭ᠎ᠠ ᠮᠦᠴᠢᠷ ᠤᠨ ᠢᠶᠠᠨ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢ ᠥᠩᠭᠡᠷᠡᠭᠦᠯᠦᠭᠰᠡᠨ ᠪᠠᠶᠢᠬᠤ ᠬᠡᠷᠡᠭᠲᠡᠢ᠃ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠨᠢ ᠤᠯᠤᠰ ᠤᠨ ᠨᠢᠭᠤᠴᠠ ᠳᠤ ᠬᠤᠯᠪᠣᠭᠳᠠᠭᠰᠠᠨ ᠪᠣᠯ᠂ ᠬᠠᠩᠭᠠᠵᠤ ᠥᠭᠭᠦᠭᠰᠡᠨ ᠰᠠᠯᠠᠭ᠎ᠠ ᠮᠦᠴᠢᠷ ᠪᠠ ᠬᠡᠷᠡᠭᠯᠡᠬᠦ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠵᠢᠯ ᠳᠤ ᠲᠤᠰ ᠲᠤᠰ ᠤᠨ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠳᠤ ᠬᠤᠯᠪᠣᠭᠳᠠᠭᠰᠠᠨ ᠪᠣᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠃      ᠬᠤᠷᠢᠨ ᠳᠣᠯᠤᠳᠤᠭᠠᠷ ᠵᠦᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ ᠨᠢᠭᠡᠴᠢ ᠶᠢᠨ ᠬᠢᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠳᠣᠲᠣᠭᠠᠳᠤ ᠶᠢᠨ ᠠᠵᠢᠯ ᠤᠨ ᠳᠡᠰ ᠳᠠᠷᠠᠭᠠᠯᠠᠯ᠂ ᠬᠠᠮᠢᠶᠠᠷᠤᠯᠲᠠ ᠶᠢᠨ ᠳᠥᠷᠢᠮ ᠵᠢᠴᠢ ᠬᠠᠮᠢᠶ᠎ᠠ ᠲᠠᠢ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠲᠣᠭᠲᠠᠭᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠲᠤᠰᠬᠠᠢ ᠠᠵᠢᠯᠲᠡᠨ ᠢᠶᠠᠷ ᠬᠠᠷᠢᠭᠤᠴᠠᠭᠤᠯᠬᠤ ᠶᠢᠨ ᠬᠠᠮᠲᠤ᠂ ᠮᠡᠳᠡᠭᠡ ᠵᠠᠩᠭᠢ ᠶᠢᠨ ᠬᠠᠮᠢᠶᠠᠷᠤᠭᠴᠢ ᠶᠢᠨ ᠮᠡᠳᠡᠭᠡ ᠵᠠᠩᠭᠢ ᠶᠢ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠬᠠᠮᠢᠶᠠᠷᠤᠯᠲᠠ ᠶᠢᠨ ᠨᠢᠭᠡᠴᠢ ᠳᠤ ᠮᠡᠳᠡᠭᠦᠯᠦᠨ᠎ᠡ᠂ ᠬᠡᠷᠪᠡ ᠠᠵᠢᠯᠲᠡᠨ ᠨᠢ ᠰᠣᠯᠢᠭᠳᠠᠵᠤ ᠬᠤᠪᠢᠷᠠᠯᠲᠠ ᠭᠠᠷᠤᠭᠰᠠᠨ ᠪᠣᠯ ᠳᠠᠷᠦ᠋ᠢᠬᠠᠨ ᠰᠢᠨᠡᠳᠭᠡᠬᠦ ᠬᠡᠷᠡᠭᠲᠡᠢ᠃         ᠵᠢᠷᠭᠤᠳᠤᠭᠠᠷ ᠪᠦᠯᠦᠭ  ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ                           ᠠᠵᠢᠯ ᠤᠨ ᠬᠢᠨᠠᠯᠲᠠ ᠲᠠᠯᠪᠢᠯᠲᠠ ᠪᠠ ᠪᠠᠲᠤᠯᠠᠭ᠎ᠠ      ᠬᠤᠷᠢᠨ ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠲᠤᠭᠤᠶᠢᠯᠠᠩ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠠᠭᠠᠨ ᠬᠦᠷᠲᠡᠬᠦ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ︵ᠳᠣᠷᠣᠭᠰᠢ ᠵᠣᠬᠢᠴᠠᠭᠤᠯᠬᠤ ᠠᠯᠪᠠᠨ ᠭᠡᠷ ᠭᠡᠵᠦ ᠲᠣᠪᠴᠢᠯᠠᠨ᠎ᠠ︶᠎ ᠨᠢ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠠᠵᠢᠯ ᠤᠨ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠰᠢᠰᠲ᠋ᠧᠮᠵᠢ ᠪᠠ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠴᠢᠬᠤᠯᠠ ᠶᠡᠭᠡ ᠵᠦᠢᠯᠡᠰ ᠢ ᠵᠣᠬᠢᠴᠠᠭᠤᠯᠤᠨ᠎ᠠ᠃      ᠵᠣᠬᠢᠴᠠᠭᠤᠯᠬᠤ ᠠᠯᠪᠠᠨ ᠭᠡᠷ ᠲᠤ ᠵᠣᠬᠢᠶᠠᠨ ᠪᠠᠶᠢᠭᠤᠯᠵᠤ ᠠᠬᠢᠭᠤᠯᠬᠤ ᠲᠤᠭᠤᠶᠢᠯᠠᠩ᠂ ᠮᠡᠷᠭᠡᠵᠢᠯ ᠢᠶᠠᠷ ᠲᠤᠯᠭᠠᠭᠤᠷᠢᠯᠠᠬᠤ ᠲᠤᠭᠤᠶᠢᠯᠠᠩ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠤᠭᠤᠶᠢᠯᠠᠩ᠂ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠲᠤᠭᠤᠶᠢᠯᠠᠩ᠂ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠ ᠲᠤᠰᠬᠠᠢ ᠮᠡᠷᠭᠡᠵᠢᠯᠲᠡᠨ ᠤ ᠯᠠᠪᠯᠠᠨ ᠵᠦᠪᠯᠡᠬᠦ ᠲᠤᠭᠤᠶᠢᠯᠠᠩ ᠢ ᠪᠠᠶᠢᠭᠤᠯᠤᠨ᠎ᠠ᠃      ᠵᠣᠬᠢᠶᠠᠨ ᠪᠠᠶᠢᠭᠤᠯᠵᠤ ᠠᠬᠢᠭᠤᠯᠬᠤ ᠳᠤᠭᠤᠶᠢᠯᠠᠩ ᠨᠢ ᠵᠣᠬᠢᠴᠠᠭᠤᠯᠬᠤ ᠠᠯᠪᠠᠨ ᠭᠡᠷ ᠤᠨ ᠡᠳᠦᠷ ᠳᠣᠲᠣᠮ ᠤᠨ ᠠᠵᠢᠯ ᠢ ᠡᠭᠦᠷᠭᠡᠯᠡᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠵᠡᠷᠭᠡ ᠠᠵᠢᠯ ᠢ ᠲᠥᠷᠥᠭᠦᠯᠡᠨ ᠵᠣᠬᠢᠶᠠᠨ ᠪᠠᠶᠢᠭᠤᠯᠬᠤ᠂ ᠵᠢᠯᠣᠭᠤᠳᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃      ᠮᠡᠷᠭᠡᠵᠢᠯ ᠢᠶᠠᠷ ᠲᠤᠯᠭᠠᠭᠤᠷᠢᠯᠠᠬᠤ ᠲᠤᠭᠤᠶᠢᠯᠠᠩ ᠨᠢ ᠪᠦᠬᠦ ᠣᠷᠣᠨ ᠤ ᠡᠯ᠎ᠡ ᠱᠠᠲᠤᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠪᠠ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠵᠠᠯᠭᠠᠨ ᠣᠷᠣᠭᠤᠯᠬᠤ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠠ ᠬᠠᠮᠢᠶᠠᠷᠬᠤ᠂ ᠵᠡᠷᠭᠡ ᠳᠡᠰ ᠤᠨ ᠬᠠᠮᠠᠭᠠᠯᠠᠯᠲᠠ ᠶᠢᠨ ᠰᠢᠯᠭᠠᠨ ᠦᠨᠡᠯᠡᠬᠦ ᠵᠡᠷᠭᠡ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠥᠭᠬᠦ ᠪᠠ ᠪᠣᠯᠪᠠᠰᠤᠷᠠᠭᠤᠯᠤᠨ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃      ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠢᠭᠡᠳᠦᠯᠲᠡᠢ ᠲᠦᠯᠦᠪᠵᠢᠭᠦᠯᠦᠨ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ᠂ ᠲᠤᠰ ᠱᠠᠲᠤᠨ ᠤ ᠭᠠᠷᠴᠠᠭ ᠤᠨ ᠰᠢᠨᠡᠳᠭᠡᠬᠦ ᠲᠣᠭᠲᠠᠴᠠ ᠶᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠪᠦᠷᠢᠳᠭᠡᠨ ᠳᠠᠩᠰᠠᠯᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠩᠭᠢᠯᠠᠨ ᠨᠣᠲᠠᠯᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠬᠤ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠦᠴᠢᠷ ᠢ ᠵᠢᠯᠣᠭᠤᠳᠴᠦ ᠪᠠᠶᠢᠭᠠᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠬᠠᠷᠢᠭᠤᠴᠠᠨ᠎ᠠ᠃      ᠲᠣᠣᠷ ᠰᠦᠯᠵᠢᠶ᠎ᠡ ᠶᠢᠨ ᠠᠮᠤᠷ ᠲᠦᠪᠰᠢᠨ ᠤ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠥᠷᠢᠮ ᠪᠠᠶᠢᠭᠤᠯᠬᠤ ᠶᠢ ᠵᠣᠬᠢᠶᠠᠨ ᠪᠠᠶᠢᠭᠤᠯᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠴᠤᠭᠯᠠᠭᠤᠯᠬᠤ ᠪᠠ ᠬᠠᠮᠲᠤ ᠳᠤ ᠪᠠᠨ ᠬᠦᠷᠲᠡᠵᠦ ᠬᠡᠷᠡᠭᠯᠡᠬᠦ ᠪᠦᠬᠦ ᠶᠠᠪᠤᠴᠠ ᠳᠠᠬᠢ ᠲᠣᠣᠷ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠵᠢᠯᠣᠭᠤᠳᠤᠨ ᠰᠢᠮᠳᠠᠭᠤᠯᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠥᠭᠰᠢᠭᠦᠷᠢ ᠶᠢ ᠦᠨᠡᠯᠡᠨ ᠵᠢᠱᠢᠬᠦ ᠪᠠ ᠠᠮᠤᠷ ᠲᠦᠪᠰᠢᠨ ᠤ ᠬᠢᠨᠠᠨ ᠪᠠᠶᠢᠴᠠᠭᠠᠬᠤ ᠶᠢ ᠵᠢᠯᠣᠭᠤᠳᠤᠨ ᠠᠬᠢᠭᠤᠯᠬᠤ ᠵᠡᠷᠭᠡ ᠠᠵᠢᠯ ᠢ ᠬᠠᠷᠢᠭᠤᠴᠠᠨ᠎ᠠ᠃      ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠶᠢ ᠬᠠᠷᠢᠭᠤᠴᠠᠨ᠂ ᠬᠠᠮᠢᠶ᠎ᠠ ᠪᠦᠬᠦᠢ ᠭᠤᠣᠯᠳᠠᠯᠭᠠᠲᠤ ᠡᠭᠦᠷᠭᠡ ᠶᠢᠨ ᠨᠠᠶᠢᠳᠠᠪᠤᠷᠢᠵᠢᠭᠤᠯᠤᠭᠳᠠᠬᠤ ᠶᠢ ᠵᠣᠬᠢᠴᠠᠭᠤᠯᠤᠨ ᠠᠬᠢᠭᠤᠯᠤᠨ᠎ᠠ᠃ ᠲᠤᠰᠬᠠᠢ ᠮᠡᠷᠭᠡᠵᠢᠯᠲᠡᠨ ᠤ ᠯᠠᠪᠯᠠᠨ ᠵᠦᠪᠯᠡᠬᠦ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠠᠵᠢᠯ ᠳᠤ ᠯᠠᠪᠠᠯᠡᠨ ᠵᠦᠪᠯᠡᠵᠦ ᠵᠢᠯᠣᠭᠤᠳᠬᠤ ᠶᠢ ᠬᠠᠷᠢᠭᠤᠴᠠᠨ᠎ᠠ᠃      ᠬᠤᠷᠢ ᠶᠢᠰᠦᠳᠦᠭᠡᠷ ᠵᠦᠢᠯ   ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠬᠢᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠯᠤᠭ᠎ᠠ ᠶᠢᠨ ᠬᠤᠯᠪᠣᠭᠠᠯᠠᠨ ᠨᠡᠪᠲᠡᠷᠡᠯᠴᠡᠬᠦ ᠶᠢ ᠬᠠᠷᠢᠭᠤᠴᠠᠨ᠂ ᠲᠤᠰ ᠲᠤᠰ ᠤᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠶᠣᠰᠤᠭᠠᠷ᠂ ᠬᠠᠮᠢᠶ᠎ᠠ ᠪᠦᠬᠦᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠴᠤᠭᠯᠠᠭᠤᠯᠬᠤ᠂ ᠬᠠᠮᠲᠤ ᠳᠤ ᠪᠠᠨ ᠬᠦᠷᠲᠡᠬᠦ ᠪᠠ ᠬᠠᠮᠢᠶᠠᠷᠬᠤ ᠠᠵᠢᠯ ᠢ ᠰᠠᠶᠢᠲᠤᠷ ᠬᠢᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠤᠭᠠᠷ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠬᠤ ᠶᠢᠨ ᠬᠠᠮᠲᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢᠶᠠᠷ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠬᠠᠮᠲᠤ ᠳᠤ ᠪᠠᠨ ᠬᠦᠷᠲᠡᠬᠦ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠨ ᠥᠭᠴᠦ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠣᠯᠵᠤ ᠬᠦᠷᠲᠡᠬᠦ ᠶᠢᠨ ᠬᠠᠮᠲᠤ ᠬᠠᠤᠯᠢ ᠪᠠ ᠲᠣᠭᠲᠠᠭᠠᠯ ᠶᠣᠰᠤᠭᠠᠷ ᠬᠡᠷᠡᠭᠯᠡᠬᠦ ᠬᠡᠷᠡᠭᠲᠡᠢ᠃       ᠭᠤᠴᠢᠳᠤᠭᠠᠷ ᠵᠦᠢᠯ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠠᠬᠢᠭᠤᠯᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠪᠢᠴᠢᠬᠦ ᠪᠠ ᠬᠠᠮᠠᠭᠠᠯᠠᠬᠤ᠂ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢ ᠪᠠᠶᠢᠭᠤᠯᠬᠤ ᠪᠠ ᠬᠠᠮᠢᠶᠠᠷᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠲᠣᠳᠣᠷᠬᠠᠶᠢᠯᠠᠵᠤ᠂ ᠲᠤᠰ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠠᠬᠢᠭᠤᠯᠬᠤ ᠬᠡᠷᠡᠭᠲᠡᠢ᠃      ᠭᠤᠴᠢᠨ ᠨᠢᠭᠡᠳᠦᠭᠡᠷ ᠵᠦᠢᠯ  ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠳᠤ ᠰᠠᠭᠤᠷᠢᠯᠠᠭᠰᠠᠨ ᠲᠤᠬᠠᠶᠢᠯᠠᠭᠰᠠᠨ ᠠᠵᠢᠯ ᠤᠨ ᠴᠣᠪᠣᠷᠠᠯ ᠢ ᠳᠠᠬᠢᠨᠲᠠ ᠪᠠᠶᠢᠭᠤᠯᠬᠤ ᠪᠠ ᠰᠢᠯᠢᠳᠡᠭᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠠᠰᠢᠭᠯᠠᠨ᠂ ᠨᠡᠶᠢᠭᠡᠮ ᠤᠨ ᠬᠠᠮᠢᠶᠠᠷᠤᠯᠲᠠ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠵᠠᠰᠠᠯᠲᠠ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃      ᠵᠣᠬᠢᠴᠠᠭᠤᠯᠬᠤ ᠠᠯᠪᠠᠨ ᠭᠡᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠵᠢᠯ ᠤᠨ ᠦᠨᠡᠯᠡᠬᠦ ᠲᠣᠭᠲᠠᠴᠠ ᠪᠠ ᠰᠢᠯᠭᠠᠨ ᠦᠨᠡᠯᠡᠬᠦ ᠳᠥᠷᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠲᠤᠰ ᠰᠠᠯᠠᠭ᠎ᠠ ᠮᠦᠴᠢᠷ᠂ ᠲᠤᠰ ᠭᠠᠵᠠᠷ ᠣᠷᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠪᠠᠨ ᠣᠷᠤᠭᠤᠯᠬᠤ ᠬᠡᠷᠡᠭᠲᠡᠢ᠃      ᠭᠤᠴᠢᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠭᠠᠰ ᠵᠢᠯ ᠪᠤᠯᠬᠤ ᠪᠦᠷᠢ ᠳᠤ ᠵᠣᠬᠢᠴᠠᠭᠤᠯᠬᠤ ᠠᠯᠪᠠᠨ ᠭᠡᠷ ᠤᠨ ᠵᠣᠬᠢᠶᠠᠨ ᠪᠠᠶᠢᠭᠤᠯᠵᠤ ᠠᠬᠢᠭᠤᠯᠬᠤ ᠲᠤᠭᠤᠶᠢᠯᠠᠩ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠡᠷᠡᠭᠯᠡᠭᠰᠡᠨ ᠦᠷ᠎ᠡ ᠪᠦᠲᠦᠮᠵᠢ ᠪᠠᠨ ᠮᠡᠳᠡᠭᠦᠯᠵᠦ᠂ ᠵᠣᠬᠢᠴᠠᠭᠤᠯᠬᠤ ᠠᠯᠪᠠᠨ ᠭᠡᠷ ᠤᠨ ᠵᠣᠬᠢᠶᠠᠨ ᠪᠠᠶᠢᠭᠤᠯᠵᠤ ᠠᠬᠢᠭᠤᠯᠬᠤ ᠲᠤᠭᠤᠶᠢᠯᠠᠩ ᠨᠢ ᠳᠠᠷᠠᠭ᠎ᠠ ᠵᠢᠯ ᠤᠨ 1 ᠳ᠋ᠤᠭᠡᠷ ᠰᠠᠷ᠎ᠠ ᠶᠢᠨ ᠰᠡᠭᠦᠯᠴᠢ ᠪᠣᠯᠬᠤ ᠠᠴᠠ ᠡᠮᠦᠨ᠎ᠡ ᠵᠣᠬᠢᠴᠠᠭᠤᠯᠬᠤ ᠠᠯᠪᠠᠨ ᠭᠡᠷ ᠲᠤ ᠳᠡᠭᠡᠷ᠎ᠡ ᠨᠢᠭᠡ ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ ᠬᠦᠷᠲᠡᠯᠴᠡᠭᠰᠡᠨ ᠪᠠᠶᠢᠳᠠᠯ ᠤᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ᠃       ᠭᠤᠴᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠬᠤ ᠪᠠ ᠠᠵᠢᠯᠯᠠᠭᠤᠯᠵᠤ ᠪᠠᠲᠤᠯᠠᠬᠤ ᠵᠠᠷᠤᠳᠠᠯ ᠤᠨ ᠵᠦᠪᠳᠡᠯᠴᠡᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠯᠪᠣᠭᠠᠯᠠᠵᠤ ᠰᠢᠯᠭᠠᠨ ᠬᠢᠨᠠᠬᠤ ᠬᠡᠷᠡᠭᠲᠡᠢ᠃ ᠬᠦᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠦᠨ ᠲᠣᠭᠲᠠᠭᠠᠬᠤ᠂ ᠲᠥᠷᠥᠯ ᠵᠦᠢᠯ ᠤᠨ ᠬᠢᠨᠠᠨ ᠵᠦᠪᠰᠢᠶᠡᠷᠡᠬᠦ᠂ ᠪᠡᠯᠡ ᠣᠷᠤᠭᠤᠯᠤᠯᠲᠠ ᠶᠢ ᠲᠥᠯᠥᠪᠯᠡᠨ ᠲᠣᠬᠢᠷᠠᠭᠤᠯᠬᠤ᠂ ᠲᠥᠷᠥᠯ ᠵᠦᠢᠯ ᠤᠨ ᠰᠢᠯᠭᠠᠵᠤ ᠬᠤᠷᠢᠶᠠᠨ ᠠᠪᠬᠤ ᠵᠡᠷᠭᠡ ᠲᠠᠯ᠎ᠠ ᠪᠠᠷ ᠬᠢ ᠰᠢᠯᠭᠠᠨ ᠬᠢᠨᠠᠬᠤ ᠶᠢ ᠬᠠᠷᠢᠭᠤᠴᠠᠨ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠦᠰᠦᠪ ᠢ ᠪᠠᠭᠤᠯᠭᠠᠬᠤ᠂ ᠠᠵᠢᠯᠯᠠᠭᠤᠯᠵᠤ ᠪᠠᠲᠤᠯᠠᠬᠤ ᠵᠠᠷᠤᠳᠠᠯ ᠢ ᠲᠣᠬᠢᠷᠠᠭᠤᠯᠬᠤ ᠵᠡᠷᠭᠡ ᠲᠠᠯ᠎ᠠ ᠪᠠᠷ ᠬᠢ ᠰᠢᠯᠭᠠᠨ ᠬᠢᠨᠠᠬᠤ ᠶᠢ ᠬᠠᠷᠢᠭᠤᠴᠠᠨ᠎ᠠ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠰᠠᠯᠠᠭ᠎ᠠ ᠮᠦᠴᠢᠷ ᠨᠢ ᠲᠣᠣᠷ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠢ ᠰᠢᠯᠭᠠᠨ ᠬᠢᠨᠠᠬᠤ ᠶᠢ ᠬᠠᠷᠢᠭᠤᠴᠠᠨ᠎ᠠ᠃ ᠨᠢᠭᠤᠴᠠ ᠳᠤ ᠬᠤᠯᠪᠣᠭᠳᠠᠬᠤ ᠲᠥᠷᠥᠯ ᠵᠦᠢᠯ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠱᠠᠭᠠᠷᠳᠠᠯᠭ᠎ᠠ ᠳᠤ ᠥᠯᠥ ᠨᠡᠶᠢᠴᠡᠬᠦ ᠪᠦᠬᠦᠨ ᠢ ᠪᠦᠲᠦᠭᠡᠨ ᠪᠠᠶᠢᠭᠤᠯᠬᠤ ᠲᠥᠷᠥᠯ ᠵᠦᠢᠯ ᠢᠶᠠᠷ ᠬᠢᠨᠠᠨ ᠵᠦᠪᠰᠢᠶᠡᠷᠡᠵᠦ ᠪᠣᠯᠬᠤ ᠦᠭᠡᠢ᠂ ᠠᠵᠢᠯᠯᠠᠭᠤᠯᠵᠤ ᠪᠠᠲᠤᠯᠠᠬᠤ ᠵᠠᠷᠤᠳᠠᠯ ᠲᠣᠬᠢᠷᠠᠭᠤᠯᠵᠤ ᠪᠣᠯᠬᠤ ᠦᠭᠡᠢ᠃       ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶ᠎ᠠ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢ ᠲᠤᠰ ᠱᠠᠲᠤᠨ ᠤ ᠵᠠᠰᠠᠭ ᠤᠨ ᠣᠷᠳᠣᠨ ᠤ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠳᠤ ᠣᠷᠤᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶ᠎ᠠ ᠪᠦᠬᠦᠢ ᠠᠵᠢᠯ ᠤᠨ ᠵᠠᠷᠤᠳᠠᠯ ᠢ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠲᠥᠰᠦᠪ ᠲᠤ ᠣᠷᠤᠭᠤᠯᠬᠤ ᠶᠢᠨ ᠬᠠᠮᠲᠤ᠂ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠢ᠃       ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠪᠠᠷ ᠭᠤᠶᠤᠴᠢᠯᠠᠬᠤ ᠠᠴᠠ ᠡᠮᠦᠨ᠎ᠡ ᠲᠥᠷᠥᠯ ᠵᠦᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠷᠢᠳᠴᠢᠯᠠᠨ ᠨᠠᠶᠢᠷᠠᠭᠤᠯᠵᠤ ᠭᠠᠷᠴᠠᠭ ᠪᠣᠯᠭᠠᠵᠤ᠂ ᠲᠥᠷᠥᠯ ᠵᠦᠢᠯ ᠤᠨ ᠬᠢᠨᠠᠨ ᠵᠦᠪᠰᠢᠶᠡᠷᠡᠬᠦ ᠶᠢᠨ ᠴᠢᠬᠤᠯᠠ ᠵᠦᠢᠯ ᠪᠣᠯᠭᠠᠬᠤ ᠬᠡᠷᠡᠭᠲᠡᠢ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠥᠷᠥᠯ ᠵᠦᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠭᠠᠷᠴᠠᠭ ᠤᠨ ᠬᠠᠮᠢᠶᠠᠷᠤᠯᠲᠠ ᠶᠢᠨ ᠰᠢᠰᠲ᠋ᠧᠮ ᠳᠤ ᠣᠷᠤᠭᠤᠯᠵᠤ᠂ ᠲᠥᠷᠥᠯ ᠵᠦᠢᠯ ᠢ ᠰᠢᠯᠭᠠᠵᠤ ᠬᠤᠷᠢᠶᠠᠨ ᠠᠪᠬᠤ ᠶᠢᠨ ᠱᠠᠭᠠᠷᠳᠠᠯᠭ᠎ᠠ ᠪᠣᠯᠭᠠᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ   ᠬᠢᠨᠠᠨ ᠪᠣᠳᠣᠯᠲᠠ ᠶᠢᠨ ᠪᠠᠶᠢᠭᠤᠯᠭ᠎ᠠ ᠨᠢ ᠬᠠᠤᠯᠢ ᠶᠣᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠳᠤ ᠬᠢᠨᠠᠯᠲᠠ ᠲᠠᠯᠪᠢᠬᠤ ᠦᠢᠯᠡᠳᠦᠯ ᠢ ᠨᠢ ᠪᠠᠳᠠᠷᠠᠭᠤᠯᠤᠨ᠂ ᠲᠤᠰᠬᠠᠢ ᠪᠡᠯᠡ ᠮᠥᠩᠭᠦ ᠶᠢᠨ ᠬᠡᠷᠡᠭᠯᠡᠬᠦ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠤᠴᠢ ᠴᠢᠨᠠᠷ ᠪᠠ ᠦᠷ᠎ᠡ ᠠᠰᠢᠭᠲᠤ ᠴᠢᠨᠠᠷ ᠢ ᠨᠢ ᠪᠠᠲᠤᠯᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠦᠷᠢᠮ ᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠭᠤᠴᠢᠨ ᠲᠠᠪᠤᠳᠤᠭᠠᠷ ᠵᠦᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠬᠢᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠳᠦᠷᠢᠮ ᠵᠢᠴᠢ ᠵᠣᠬᠢᠬᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠡᠯ᠎ᠡ ᠰᠠᠯᠠᠭ᠎ᠠ ᠮᠦᠴᠢᠷ᠂ ᠡᠯ᠎ᠡ ᠭᠠᠵᠠᠷ ᠣᠷᠣᠨ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠬᠠᠷᠠᠯᠲᠠ᠂ ᠬᠠᠷᠢᠭᠤᠴᠠᠯᠭ᠎ᠠ ᠪᠠ ᠬᠡᠷᠡᠭᠵᠢᠭᠦᠯᠬᠦ ᠪᠠᠶᠢᠭᠤᠯᠤᠮᠵᠢ ᠶᠢ ᠲᠣᠳᠣᠷᠬᠠᠶᠢᠯᠠᠵᠤ᠂ ᠲᠤᠰ ᠰᠠᠯᠠᠭ᠎ᠠ ᠮᠦᠴᠢᠷ ᠤᠨ ᠪᠣᠯᠣᠨ ᠲᠤᠰ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠦᠨᠡᠨ ᠬᠦ ᠠᠬᠢᠭᠤᠯᠵᠤ᠂ ᠠᠵᠢᠯ ᠢ ᠠᠬᠢᠭᠤᠯᠬᠤ ᠳᠤ ᠲᠣᠬᠢᠶᠠᠯᠳᠤᠭᠰᠠᠨ ᠠᠰᠠᠭᠤᠳᠠᠯ ᠤᠳ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠪᠣᠯ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠤᠨ ᠨᠢᠭᠡᠳᠦᠭᠡᠷ ᠬᠠᠷᠢᠭᠤᠴᠠᠯᠭ᠎ᠠ ᠲᠠᠢ ᠬᠦᠮᠦᠨ ᠪᠣᠯᠣᠨ᠎ᠠ᠃       ᠭᠤᠴᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ ᠬᠦᠷᠲᠡᠬᠦ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠣᠳᠠᠲᠤ ᠪᠠᠶᠢᠳᠠᠯ ᠢ ᠨᠢ ᠦᠨᠳᠦᠰᠦᠯᠡᠨ ᠪᠢᠴᠢᠭ ᠢᠶᠠᠷ ᠨᠡᠪᠳᠡᠷᠡᠭᠦᠯᠦᠨ ᠮᠡᠳᠡᠭᠡᠯᠡᠬᠦ ᠶᠢᠨ ᠬᠠᠮᠲᠤ᠂ ᠬᠤᠭᠤᠴᠠᠭ᠎ᠠ ᠲᠣᠭᠲᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠵᠡᠷᠯᠢᠭ᠌ᠳᠡᠬᠤ ᠬᠡᠷᠡᠭᠲᠡᠢ᠄      ︵ᠨᠢᠭᠡ︶ ᠱᠠᠭᠠᠷᠳᠠᠯᠭ᠎ᠠ ᠶᠣᠰᠤᠭᠠᠷ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠦᠭᠡᠢ ᠪᠣᠶᠤ ᠰᠢᠨᠡᠳᠭᠡᠭᠰᠡᠨ ᠦᠭᠡᠢ ᠪᠠᠶᠢᠬᠤ︔      ︵ᠬᠤᠶᠠᠷ︶ ᠲᠣᠭᠲᠠᠭᠠᠯ ᠶᠣᠰᠤᠭᠠᠷ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠡᠵᠡᠮᠰᠢᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠣᠰᠣᠳ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠬᠦ ᠪᠠᠷ ᠬᠠᠩᠭᠠᠵᠤ ᠥᠭᠭᠦᠭᠰᠡᠨ ᠦᠭᠡᠢ ᠪᠠᠶᠢᠬᠤ︔      ︵ᠭᠤᠷᠪᠠ︶ ᠦᠨᠡᠨ ᠪᠣᠳᠠᠲᠠᠢ ᠪᠣᠰᠤ᠂ ᠣᠨᠣᠪᠴᠢ ᠦᠭᠡᠢ᠂ ᠪᠦᠬᠦ ᠲᠠᠯ᠎ᠠ ᠶᠢᠨ ᠪᠣᠰᠣ ᠪᠣᠯᠬᠤ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠣᠷᠢᠭᠤᠳᠠ ᠬᠠᠩᠭᠠᠵᠤ ᠥᠭᠭᠦᠭᠰᠡᠨ ᠪᠦᠭᠡᠳ ᠳ᠋ᠠᠶᠢᠲ᠋ᠠ ᠪᠠᠨ ᠴᠠᠭ ᠲᠤᠬᠠᠢ ᠳᠤ ᠨᠢ ᠰᠢᠨᠡᠳᠭᠡᠭᠰᠡᠨ ᠦᠭᠡᠢ ᠪᠣᠶᠤ ᠬᠠᠩᠭᠠᠵᠤ ᠥᠭᠭᠦᠭᠰᠡᠨ ᠳ᠋ᠠᠶᠢᠲ᠋ᠠ ᠨᠢ ᠬᠤᠯᠪᠣᠭᠳᠠᠯ ᠪᠦᠬᠦᠢ ᠵᠢᠷᠤᠮᠵᠢᠯ ᠳᠤ ᠥᠯᠥ ᠨᠡᠶᠢᠴᠡᠵᠦ᠂ ᠬᠡᠷᠡᠭᠯᠡᠬᠦ ᠶᠢᠨ ᠠᠷᠭ᠎ᠠ ᠦᠭᠡᠢ ᠪᠠᠶᠢᠬᠤ︔      ︵ᠳᠥᠷᠪᠡ︶ ᠣᠯᠵᠤ ᠬᠦᠷᠲᠡᠭᠰᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠡᠵᠡᠮᠳᠡᠯ ᠢᠶᠠᠨ ᠠᠯᠳᠠᠵᠤ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠲᠤᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠠᠴᠠ ᠪᠣᠰᠣᠳ ᠵᠣᠷᠢᠯᠭ᠎ᠠ ᠳᠤ ᠬᠡᠷᠡᠭᠯᠡᠭᠰᠡᠨ ᠪᠠᠶᠢᠬᠤ︔      ︵ᠲᠠᠪᠤ︶ ᠬᠢᠨᠠᠯᠲᠠ ᠲᠠᠯᠪᠢᠵᠦ ᠪᠠᠶᠢᠴᠠᠭᠠᠬᠤ ᠪᠠᠶᠢᠭᠤᠯᠭ᠎ᠠ ᠶᠢᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠠᠰᠠᠭᠤᠳᠠᠯ ᠢ ᠱᠠᠭᠠᠷᠳᠠᠯᠭ᠎ᠠ ᠶᠣᠰᠤᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠬᠤ︔      ︵ᠵᠢᠷᠭᠤᠭ᠎ᠠ︶ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠪᠣᠰᠣᠳ ᠠᠵᠢᠯᠯᠠᠭ᠎ᠠ᠃        ᠳᠣᠯᠤᠳᠤᠭᠠᠷ ᠪᠦᠯᠦᠭ   ᠳᠠᠭᠠᠯᠳᠤᠭᠤᠯᠤᠯ ᠳᠦᠷᠢᠮ      ᠭᠤᠴᠢᠨ ᠳᠣᠯᠤᠳᠤᠭᠠᠷ ᠵᠦᠢᠯ   ᠲᠤᠰ ᠠᠷᠭ᠎ᠠ ᠶᠢ ᠳᠠᠷᠤᠮᠠᠯᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map