ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠬᠦ ᠶᠢ ᠨᠢᠬᠡᠳᠤᠯᠲᠡᠢ ᠲᠦᠯᠦᠪᠯᠡᠵᠤ ᠡᠮᠬᠢᠯᠡᠨ ᠨᠡᠶᠢᠯᠡᠬᠦᠯᠬᠦ ᠤᠷᠲᠤ ᠬᠤᠭᠤᠴᠠᠭᠠᠨ ᠤ ᠪᠦᠳᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018/11/22
                   ᠦᠪᠦᠷ ᠵᠠᠰᠠᠭ ᠲᠠᠷᠬᠠᠭᠠᠭᠰᠠᠨ ﹇2018﹈ 24 ᠳ᠋ᠤᠭᠡᠷ ᠲᠣᠭᠠᠲᠤ                                                             7 ᠳ᠋ᠤᠭᠠᠷ ᠰᠠᠷ᠎ᠠ ᠶᠢᠨ10᠎ ᠤ ᠡᠳᠤᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ 54 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠮᠠᠯ ᠲᠠᠷᠢᠶᠠᠯᠠᠩ ᠳᠤ ᠬᠤᠯᠪᠤᠨᠨᠳ᠋ᠬᠠᠰᠠᠨ ᠪᠡᠯᠡ ᠮᠦᠩᠭᠦ ᠶᠢ ᠨᠢᠬᠡᠳᠦᠯᠳᠡᠢ ᠲᠦᠯᠦᠪᠯᠡᠵᠦ ᠡᠮᠬᠢᠯᠡᠨ ᠨᠡᠶᠢᠯᠡᠬᠦᠯᠬᠦ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠦᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠢᠷᠤᠮᠯᠠᠨ᠂ ᠬᠥᠳᠡᠭᠡ ᠲᠣᠰᠬᠤᠨ ᠢ ᠮᠠᠨᠳᠤᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠵᠠᠰᠠᠭ ᠤᠨ ᠣᠷᠳᠣᠨ ᠤ ᠪᠡᠯᠡ ᠣᠷᠣᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠣᠯᠭᠠᠨ᠂ ᠮᠠᠯ ᠲᠠᠷᠢᠶᠠᠯᠠᠩ ᠢ ᠳᠡᠮᠵᠢᠬᠦ ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠮᠠᠯ ᠲᠠᠷᠢᠶᠠᠯᠠᠩ ᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠵᠦ ᠵᠢᠷᠤᠭ ᠲᠥᠯᠥᠪᠯᠡᠭᠡ ᠪᠣᠯᠣᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠬᠠᠮᠢᠶᠠᠷᠬᠤ ᠰᠢᠰᠲ᠋ᠧᠮᠵᠢ ᠶᠢ ᠰᠢᠯᠤᠭᠤᠳᠬᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠲᠣᠭᠲᠠᠴᠠ ᠳᠤ ᠰᠢᠨ᠎ᠡ ᠶᠢ ᠡᠭᠦᠳᠦᠨ᠂ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠬᠤ ᠪᠠ ᠲᠣᠬᠢᠷᠠᠭᠤᠯᠬᠤ ᠲᠣᠭᠲᠠᠴᠠ ᠶᠢ ᠥᠭᠡᠷᠡᠴᠢᠯᠡᠬᠦ ᠪᠠ ᠲᠡᠭᠦᠯᠳᠡᠷᠵᠢᠭᠦᠯᠵᠦ᠂ ᠮᠠᠯ ᠲᠠᠷᠢᠶᠠᠯᠠᠩ ᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠪᠣᠯᠣᠨ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠣᠳᠣᠬᠠᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠳᠤ ᠣᠯᠠᠨ ᠲᠠᠯ᠎ᠠ ᠠᠴᠠ ᠬᠠᠮᠢᠶᠠᠷᠬᠤ᠂ ᠰᠣᠯᠪᠢᠴᠠᠨ ᠳᠠᠪᠬᠤᠷᠳᠠᠭᠤᠯᠵᠤ ᠪᠠᠶᠢᠬᠤ᠂ ᠬᠡᠷᠡᠭᠯᠡᠬᠦ ᠨᠢ ᠲᠠᠷᠠᠬᠠᠢ ᠪᠤᠲᠠᠷᠬᠠᠢ ᠵᠡᠷᠭᠡ ᠲᠣᠪᠤᠶᠢᠮ᠎ᠠ ᠠᠰᠠᠭᠤᠳᠠᠯ᠂ ᠵᠢᠴᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠲᠤᠯᠭᠠᠷᠠᠵᠤ ᠪᠠᠶᠢᠭ᠎ᠠ ︽ᠡᠮᠬᠢᠯᠡᠨ ᠨᠡᠶᠢᠯᠡᠭᠦᠯᠵᠦ ᠴᠢᠳᠠᠬᠤ ᠦᠭᠡᠢ᠂ ᠡᠮᠬᠢᠯᠡᠨ ᠨᠡᠶᠢᠯᠡᠬᠦᠯᠬᠦ ᠴᠢᠳᠠᠯ ᠦᠭᠡᠢ︾ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠵᠢᠷᠤᠭᠯᠠᠨ ᠲᠥᠯᠥᠪᠯᠡᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠬᠢᠨ ᠶᠠᠳᠠᠭᠤ ᠶᠢ ᠳᠡᠳᠭᠦᠭᠦ ᠲᠤᠰᠬᠠᠢ ᠪᠡᠯᠡ ᠮᠥᠩᠭᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠪᠣᠯᠣᠨ ᠨᠡᠶᠢᠭᠡᠮ ᠤᠨ ᠬᠢᠨ ᠤ ᠬᠠᠪᠰᠤᠷᠤᠨ ᠲᠡᠳᠬᠦᠬᠦ ᠪᠡᠯᠡ ᠮᠥᠩᠭᠦ ᠶᠢ ᠨᠡᠶᠢᠯᠡᠭᠦᠯᠵᠦ ᠲᠥᠪᠯᠡᠷᠡᠭᠦᠯᠦᠨ ᠬᠡᠷᠡᠭᠯᠡᠬᠦ ᠶᠢ ᠨᠢ ᠳᠡᠮᠵᠢᠨ᠎ᠡ᠃      ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ ᠶᠢ ᠪᠠᠷᠢᠮᠲᠠᠯᠠᠨ᠎ᠠ᠃ ᠮᠠᠯ ᠲᠠᠷᠢᠶᠠᠯᠠᠩ ᠳᠤ ᠬᠤᠯᠪᠣᠭᠳᠠᠬᠤ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠮᠠᠯ ᠲᠠᠷᠢᠶᠠᠯᠠᠩ ᠳᠤ ᠬᠤᠯᠪᠣᠭᠳᠠᠬᠤ ᠰᠠᠯᠠᠭ᠎ᠠ ᠮᠥᠴᠢᠷ ᠤᠨ ᠬᠢᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠪᠠᠨ ᠳᠣᠷᠣᠭᠰᠢ ᠲᠠᠯᠪᠢᠬᠤ ᠶᠢ ᠤᠯᠠᠮ ᠨᠢᠭᠡ ᠠᠯᠬᠤᠮ ᠠᠬᠢᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠪᠠᠨ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠳᠤ ᠨᠥᠬᠦᠴᠡᠯ ᠪᠦᠷᠢᠯᠳᠦᠭᠦᠯᠦᠨ᠎ᠡ᠃ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭ᠎ᠠ ᠪᠠᠷ ᠬᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠨᠢ ᠬᠠᠤᠯᠢ ᠪᠣᠯᠣᠨ ᠲᠣᠭᠲᠠᠭᠠᠯ ᠶᠣᠰᠣᠭᠠᠷ ᠡᠮᠬᠢ ᠳᠠᠷᠠᠭᠠᠯᠠᠯ ᠲᠠᠢ ᠪᠦᠭᠡᠳ ᠦᠷ᠎ᠡ ᠪᠦᠲᠦᠮᠵᠢᠲᠡᠢ ᠪᠠᠷ ᠠᠬᠢᠭᠤᠯᠤᠨ᠎ᠠ᠃      ᠨᠢᠭᠡᠳᠦᠯᠲᠡᠢ ᠲᠦᠯᠦᠪᠯᠡᠵᠦ ᠵᠣᠬᠢᠴᠠᠭᠤᠯᠬᠤ ᠶᠢ ᠪᠠᠷᠢᠮᠲᠠᠯᠠᠨ᠎ᠠ᠃ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠬᠤᠷᠸ᠎ᠠ ᠵᠢᠯᠣᠭᠤᠳᠤᠯᠭ᠎ᠠ ᠪᠣᠯᠣᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠵᠡᠨ ᠮᠡᠳᠡᠨ ᠨᠢᠭᠡᠳᠦᠯᠲᠡᠢ ᠲᠦᠯᠦᠪᠯᠡᠬᠦ ᠶᠢᠨ ᠣᠷᠭᠠᠨᠢᠭ ᠢᠶᠠᠷ ᠤᠶᠠᠯᠳᠤᠬᠤ ᠶᠢ ᠠᠬᠢᠭᠤᠯᠤᠨ᠂ ᠮᠠᠯ ᠲᠠᠷᠢᠶᠠᠯᠠᠩ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠬᠡᠷᠡᠭ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠪᠠᠷ ᠬᠤᠪᠢᠶᠠᠷᠢᠯᠠᠬᠤ ᠶᠢ ᠨᠢ ᠠᠬᠢᠭᠤᠯᠤᠨ᠎ᠠ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠳᠬᠠᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠢ ᠠᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠬᠤᠷᠠᠮᠳᠤᠭᠤᠯᠤᠨ᠎ᠠ᠃      ᠲᠥᠷᠥᠯ ᠬᠤᠪᠢᠶᠠᠵᠤ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠪᠠ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ︵ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠣᠯᠣᠨ᠎ᠠ᠂ ᠳᠣᠷᠣᠭᠰᠢ ᠠᠳᠠᠯᠢ︶᠎ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠡᠷᠭᠡ ᠳᠠᠬᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠠᠨ ᠱᠠᠲᠤ ᠳᠡᠰ ᠢᠶᠠᠷ ᠠᠩᠭᠢᠯᠠᠵᠤ ᠡᠮᠬᠢ ᠵᠢᠷᠤᠮ ᠲᠠᠢ ᠪᠠᠷ ᠠᠬᠢᠭᠤᠯᠤᠨ᠂ ᠠᠵᠢᠯ ᠲᠥᠷᠥᠯ ᠤᠨ ᠬᠢᠨ ᠤ ᠳᠣᠲᠤᠭᠠᠳᠤ ᠶᠢᠨ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠥᠩᠭᠦ ᠶᠢ ᠲᠥᠰᠥᠪ ᠨᠠᠶᠢᠷᠠᠭᠤᠯᠤᠨ ᠵᠣᠬᠢᠶᠠᠬᠤ ᠭᠤᠭᠴᠣᠭᠠᠨ ᠳᠤ ᠡᠬᠢ ᠢᠷᠡᠯᠲᠡ ᠠᠴᠠ ᠨᠢ ᠡᠮᠬᠢᠯᠡᠨ ᠨᠡᠶᠢᠯᠡᠭᠦᠯᠵᠦ᠂ ᠠᠵᠢᠯ ᠲᠥᠷᠥᠯ ᠤᠨ ᠬᠤᠭᠤᠷᠣᠨᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠭᠤᠣᠯᠳᠠᠭᠤ ᠲᠥᠰᠥᠪ ᠢ ᠬᠡᠷᠡᠭᠵᠢᠭᠦᠯᠬᠦ ᠭᠤᠭᠴᠣᠭᠠᠨ ᠳᠤ ᠨᠢᠭᠡᠳᠦᠯᠲᠡᠢ ᠲᠦᠯᠦᠪᠯᠡᠨ᠂ ᠠᠵᠢᠯ ᠲᠥᠷᠥᠯ ᠤᠨ ᠳᠣᠲᠣᠭᠠᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠬᠢᠭᠡᠳ ᠠᠵᠢᠯ ᠲᠥᠷᠥᠯ ᠤᠨ ᠬᠤᠭᠤᠷᠣᠨᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠬᠦ ᠪᠠᠨ ᠵᠣᠯᠭᠠᠯᠳᠤᠭᠤᠯᠤᠨ ᠬᠠᠮᠵᠢᠯᠴᠠᠭᠤᠯᠬᠤ ᠶᠢ ᠨᠢ ᠴᠢᠩᠭᠠᠳᠬᠠᠨ᠎ᠠ᠃      ︵ᠭᠤᠷᠪᠠ︶ ᠠᠵᠢᠯ ᠤᠨ ᠬᠠᠷᠠᠯᠲᠠ᠃ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ 2018 ᠣᠨ ᠳᠤ ᠮᠠᠯ ᠲᠠᠷᠢᠶᠠᠯᠠᠩ ᠢ ᠬᠥᠭᠵᠢᠭᠦᠯᠬᠦ ᠬᠦᠷᠢᠶᠡᠨ ᠳᠠᠬᠢ ᠠᠵᠢᠯ ᠲᠥᠷᠥᠯ ᠤᠨ ᠳᠣᠲᠣᠭᠠᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠦᠨ᠎ᠡ᠃ 2019 ᠣᠨ ᠪᠣᠯᠬᠤ ᠳᠤ᠂ ᠮᠠᠯ ᠲᠠᠷᠢᠶᠠᠯᠠᠩ ᠢ ᠬᠥᠭᠵᠢᠭᠦᠯᠬᠦ ᠬᠦᠷᠢᠶᠡᠨ ᠳᠠᠬᠢ ᠠᠵᠢᠯ ᠲᠥᠷᠥᠯ ᠤᠨ ᠬᠤᠭᠤᠷᠣᠨᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠪᠠ ᠮᠠᠯ ᠲᠠᠷᠢᠶᠠᠯᠠᠩ ᠳᠤ ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠲᠥᠷᠥᠯ ᠬᠤᠪᠢᠶᠠᠵᠤ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ 2020 ᠣᠨ ᠪᠣᠯᠬᠤ ᠳᠤ᠂ ᠮᠠᠯ ᠲᠠᠷᠢᠶᠠᠯᠠᠩ ᠢ ᠬᠥᠭᠵᠢᠭᠦᠯᠬᠦ ᠬᠦᠷᠢᠶᠡᠨ ᠳᠠᠬᠢ ᠡᠷᠬᠡ ᠪᠠ ᠬᠠᠷᠢᠭᠤᠴᠠᠯᠭ᠎ᠠ ᠤᠶᠠᠯᠳᠤᠭᠰᠠᠨ᠂ ᠬᠠᠷᠢᠯᠴᠠᠨ ᠵᠣᠬᠢᠴᠠᠭᠰᠠᠨ᠂ ᠳᠡᠭᠡᠳᠦ ᠳᠣᠣᠷᠠᠳᠤ ᠱᠠᠲᠤᠨ ᠤ ᠬᠤᠯᠪᠣᠭᠠᠯᠠᠨ ᠬᠦᠳᠡᠯᠦᠯᠴᠡᠭᠰᠡᠨ᠂ ᠠᠯᠬᠤᠮ ᠨᠢᠭᠡᠲᠡᠢ ᠪᠣᠯᠣᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ︵ᠮᠠᠯ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠪᠠ ᠮᠠᠯ ᠲᠠᠷᠢᠶᠠᠯᠠᠩ ᠳᠤ ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ︶᠎ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠯᠳᠦᠭᠦᠯᠬᠦ ᠶᠢᠨ ᠬᠠᠮᠲᠤ᠂ ᠮᠠᠯ ᠲᠠᠷᠢᠶᠠᠯᠠᠩ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠡᠷᠬᠡ ᠠᠵᠢᠯ ᠬᠡᠷᠡᠭ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠳᠦᠰᠦᠯᠡᠨ ᠥᠭᠡᠷᠡᠴᠢᠯᠡᠯᠲᠡ ᠵᠢᠴᠢ ᠰᠢᠯᠵᠢᠭᠦᠯᠦᠨ ᠣᠯᠭᠤᠬᠤ ᠳᠦᠷᠢᠮ ᠤᠨ ᠥᠭᠡᠷᠡᠴᠢᠯᠡᠯᠲᠡ ᠶᠢ ᠬᠤᠪᠢᠶᠠᠷᠢᠯᠠᠵᠤ᠂ ᠲᠣᠬᠢᠷᠠᠭᠰᠠᠨ ᠴᠠᠭ ᠲᠤᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃      ᠬᠤᠶᠠᠷ᠂ ᠠᠵᠢᠯ ᠲᠥᠷᠥᠯ ᠤᠨ ᠳᠣᠲᠣᠭᠠᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠶᠢ ᠨᠢ ᠠᠬᠢᠭᠤᠯᠤᠨ᠎ᠠ      ︵ᠳᠥᠷᠪᠡ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠲᠤᠰᠬᠠᠢ ᠵᠦᠢᠯ ᠢ ᠨᠡᠶᠢᠯᠡᠭᠦᠯᠵᠦ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠲᠥᠰᠥᠪ ᠤᠨ ᠬᠠᠤᠯᠢ ᠵᠡᠷᠭᠡ ᠬᠠᠮᠢᠶ᠎ᠠ ᠪᠦᠬᠦᠢ ᠲᠣᠭᠲᠠᠭᠠᠯ ᠤᠨ ᠳᠡᠰ ᠳᠠᠷᠠᠭᠠᠯᠠᠯ ᠢ ᠦᠨᠳᠦᠰᠦᠯᠡᠨ ᠪᠠᠶᠢᠭᠤᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠬᠠᠮᠢᠶᠠᠷᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠪᠠ ᠮᠠᠯ ᠲᠠᠷᠢᠶᠠᠯᠠᠩ ᠳᠤ ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢᠨ ᠬᠤᠶᠠᠷ ᠲᠣᠮᠣ ᠲᠥᠷᠥᠯ ᠢᠶᠠᠷ ᠠᠵᠢᠯ ᠲᠥᠷᠥᠯ ᠤᠨ ᠳᠣᠲᠣᠭᠠᠳᠤ ᠳᠤ ᠰᠣᠯᠪᠢᠴᠠᠨ ᠳᠠᠪᠬᠤᠷᠳᠠᠭᠰᠠᠨ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠢᠯᠭᠠᠷᠠᠭᠤᠯᠵᠤ ᠡᠮᠬᠢᠯᠡᠨ ᠨᠡᠶᠢᠯᠡᠭᠦᠯᠦᠨ᠎ᠡ᠃ ᠲᠥᠪ ᠤᠨ ᠲᠠᠷᠢᠶᠠᠯᠠᠩ ᠳᠤ ᠬᠤᠯᠪᠣᠭᠳᠠᠭᠰᠠᠨ ᠲᠣᠮᠣ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠤᠭᠰᠠᠨ ᠪᠠᠶᠢᠳᠠᠯ ᠲᠠᠢ ᠬᠠᠷᠢᠴᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠪᠣᠯ ᠲᠠᠷᠢᠶᠠᠯᠠᠩ ᠤᠨ ᠦᠢᠯᠡᠳᠪᠦᠷᠢᠯᠡᠯ ᠢ ᠬᠥᠭᠵᠢᠭᠦᠯᠬᠦ᠂ ᠮᠠᠯ ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠢ ᠶᠢ ᠬᠠᠮᠠᠭᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ︵ᠨᠤᠲᠤᠭ ᠪᠡᠯᠴᠢᠭᠡᠷ︶᠎ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠳᠣᠯᠠᠨ ᠲᠤᠨᠨᠳᠠᠭᠠᠭᠠᠳ ᠳᠠᠩᠰᠠᠯᠠᠨ ᠲᠡᠮᠳᠡᠭᠯᠡᠵᠦ ᠦᠨᠡᠮᠯᠡᠯ ᠣᠯᠭᠤᠬᠤ᠂ ᠠᠮᠢᠲᠠᠨ ᠤ ᠬᠢᠵᠢᠭ ᠰᠡᠷᠭᠡᠶᠢᠯᠡᠬᠦ ᠳᠤ ᠨᠥᠬᠦᠪᠦᠷᠢᠯᠡᠬᠦ᠂ ᠲᠠᠷᠢᠶᠠᠯᠠᠩ ᠢ ᠶᠡᠷᠦᠩᠬᠡᠶᠢᠯᠡᠨ ᠨᠡᠭᠡᠭᠡᠵᠦ ᠬᠥᠭᠵᠢᠭᠦᠯᠬᠦ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠣᠢ ᠰᠢᠭᠤᠢ ᠶᠢᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ᠂ ᠣᠢ ᠰᠢᠭᠤᠢ ᠶᠢ ᠬᠥᠭᠵᠢᠭᠦᠯᠵᠦ ᠥᠭᠡᠷᠡᠴᠢᠯᠡᠬᠦ᠂ ᠣᠢ ᠰᠢᠭᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠨᠥᠬᠦᠪᠦᠷᠢᠯᠡᠬᠦ᠂ ᠤᠰᠤᠨ ᠠᠰᠢᠭᠯᠠᠯᠲᠠ ᠶᠢ ᠬᠥᠭᠵᠢᠭᠦᠯᠬᠦ᠂ ᠲᠣᠮᠣ ᠳᠤᠮᠳᠠ ᠬᠡᠪᠴᠢᠶᠡᠨ ᠤ ᠤᠰᠤᠨ ᠴᠦᠬᠦᠷᠦᠮ ᠪᠠᠶᠢᠭᠤᠯᠬᠤ ᠪᠠᠷ ᠠᠷᠠᠳ ᠢ ᠨᠡᠭᠦᠯᠭᠡᠭᠰᠡᠨ ᠤ ᠳᠠᠷᠠᠭᠠᠴᠢ ᠨᠢ ᠲᠡᠳᠭᠦᠬᠦ᠂ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠵᠢᠴᠢ ᠣᠨᠴᠠ ᠬᠡᠴᠡᠭᠦᠦ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠲᠣᠮᠣ ᠲᠤᠰᠬᠠᠢ ᠵᠦᠢᠯ ᠢᠶᠠᠷ ᠭᠤᠣᠯ ᠴᠣᠭᠴᠠ ᠪᠣᠯᠭᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠪᠣᠯ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ᠂ ᠤᠰᠤᠨ ᠤ ᠠᠮᠢ ᠠᠬᠤᠢ ᠵᠢᠴᠢ ᠳᠤᠮᠳᠠ ᠪᠠᠭ᠎ᠠ ᠭᠤᠣᠯ ᠮᠥᠷᠡᠨ ᠢ ᠵᠠᠰᠠᠬᠤ ᠵᠡᠷᠭᠡ ᠪᠤᠰᠤᠳ ᠤᠰᠤᠨ ᠠᠰᠢᠭᠯᠠᠯᠲᠠ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ᠂ ᠮᠠᠯ ᠲᠠᠷᠢᠶᠠᠯᠠᠩ ᠤᠨ ᠦᠢᠯᠡᠳᠪᠦᠷᠢᠯᠡᠯ ᠢ ᠬᠥᠭᠵᠢᠭᠦᠯᠬᠦ᠂ ᠮᠠᠯ ᠲᠠᠷᠢᠶᠠᠯᠠᠩ ᠢ ᠦᠷᠬᠦᠯᠵᠢᠯᠡᠨ ᠬᠥᠭᠵᠢᠭᠦᠯᠬᠦ᠂ ᠣᠳᠣ ᠦᠶ᠎ᠡ ᠶᠢᠨ ᠮᠠᠯ ᠲᠠᠷᠢᠶᠠᠯᠠᠩ ᠤᠨ ᠲᠤᠯᠭᠠᠭᠤᠷᠢᠯᠠᠬᠤ ᠰᠢᠰᠲ᠋ᠧᠮᠵᠢ᠂ ᠣᠢ ᠰᠢᠭᠤᠢ ᠶᠢᠨ ᠡᠬᠢ ᠪᠠᠶᠠᠯᠢᠭ ᠢ ᠪᠤᠶᠢᠵᠢᠭᠤᠯᠬᠤ᠂ ᠭᠤᠣᠯᠳᠠᠯᠭ᠎ᠠ ᠪᠣᠯᠬᠤ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠬᠤ ᠬᠢᠭᠡᠳ ᠦᠩᠵᠢᠭᠦᠯᠦᠨ ᠰᠡᠷᠭᠦᠭᠡᠬᠦ᠂ ᠠᠮᠢ ᠠᠬᠤᠢ ᠶᠢ ᠬᠠᠮᠠᠭᠠᠯᠠᠬᠤ ᠶᠢᠨ ᠲᠤᠯᠭᠠᠭᠤᠷᠢᠯᠠᠬᠤ ᠰᠢᠰᠲ᠋ᠧᠮᠵᠢ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠲᠣᠮᠣ ᠲᠤᠰᠬᠠᠢ ᠵᠦᠢᠯ ᠢᠶᠠᠷ ᠭᠤᠣᠯ ᠴᠣᠭᠴᠠ ᠪᠣᠯᠭᠠᠨ᠎ᠠ᠃ ᠮᠠᠯ ᠲᠠᠷᠢᠶᠠᠯᠠᠩ ᠳᠤ ᠬᠤᠯᠪᠣᠭᠳᠠᠭᠰᠠᠨ ᠲᠣᠮᠣ ᠲᠤᠰᠬᠠᠢ ᠵᠦᠢᠯ ᠤᠨ ᠪᠡᠯᠡ ᠮᠥᠩᠭᠦ ᠶᠢ ᠢᠯᠭᠠᠷᠠᠭᠤᠯᠵᠤ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠨ ᠲᠥᠷᠥ ᠶᠢᠨ ᠪᠣᠳᠣᠯᠭ᠎ᠠ ᠶᠢᠨ ᠬᠠᠷᠠᠯᠲᠠ᠂ ᠲᠡᠳᠭᠦᠭᠦᠯᠬᠦ ᠡᠲᠡᠭᠡᠳ᠂ ᠨᠥᠬᠦᠪᠦᠷᠢ ᠶᠢᠨ ᠪᠠᠷᠢᠮᠵᠢᠶ᠎ᠠ᠂ ᠬᠡᠷᠡᠭᠵᠢᠭᠦᠯᠬᠦ ᠴᠠᠭ ᠬᠤᠭᠤᠴᠠᠭ᠎ᠠ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠶᠢ ᠵᠣᠬᠢᠰᠲᠠᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶᠠᠷᠴᠤ ᠪᠠᠶᠢᠭ᠎ᠠ ᠲᠣᠮᠣ ᠲᠤᠰᠬᠠᠢ ᠵᠦᠢᠯ ᠤᠨ ᠪᠡᠯᠡ ᠮᠥᠩᠭᠦ ᠶᠢ ᠲᠥᠪᠯᠡᠷᠡᠭᠦᠯᠦᠨ ᠬᠠᠮᠢᠶᠠᠷᠬᠤ ᠳᠤ᠂ ᠣᠨ ᠤ ᠠᠵᠢᠯ ᠤᠨ ᠭᠤᠣᠯᠳᠠᠯᠭ᠎ᠠ ᠶᠢ ᠦᠨᠳᠦᠰᠦᠯᠡᠵᠦ ᠬᠡᠷᠡᠭᠵᠢᠭᠦᠯᠦᠨ᠂ ᠪᠣᠳᠠᠲᠠᠢ ᠵᠠᠷᠤᠯᠭ᠎ᠠ ᠶᠢᠨ ᠬᠠᠨᠳᠤᠰᠢ ᠶᠢ ᠵᠣᠬᠢᠰᠲᠠᠢ ᠲᠣᠭᠲᠠᠭᠠᠵᠤ᠂ ᠲᠣᠮᠣ ᠲᠤᠰᠬᠠᠢ ᠵᠦᠢᠯ ᠤᠨ ᠪᠡᠯᠡ ᠮᠥᠩᠭᠦ ᠶᠢ ᠰᠠᠯᠠᠭ᠎ᠠ ᠮᠥᠴᠢᠷ ᠤᠨ ᠳᠣᠲᠣᠭᠠᠳᠤ ᠳᠤ ᠣᠯᠠᠨ ᠲᠠᠯ᠎ᠠ ᠠᠴᠠ ᠬᠠᠮᠢᠶᠠᠷᠬᠤ ᠪᠠ ᠲᠣᠭᠲᠠᠪᠤᠷᠢᠵᠢᠭᠤᠯᠤᠨ ᠪᠠᠶᠢᠷᠢᠯᠠᠭᠤᠯᠬᠤ ᠵᠡᠷᠭᠡ ᠠᠵᠢᠯᠯᠠᠭ᠎ᠠ ᠶᠢ ᠬᠤᠷᠢᠭᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶      ︵ᠲᠠᠪᠤ︶ ᠡᠭᠦᠷᠭᠡ ᠶᠢᠨ ᠨᠠᠷᠢᠨ ᠬᠠᠭᠤᠳᠠᠰᠤ ᠶᠢ ᠵᠣᠬᠢᠰᠲᠠᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠥᠰᠥᠪ ᠠᠴᠠ ᠲᠣᠬᠢᠷᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠲᠣᠮᠣ ᠲᠤᠰᠬᠠᠢ ᠵᠦᠢᠯ ᠢᠶᠠᠷ ᠪᠠᠶᠢᠭᠤᠯᠤᠭᠰᠠᠨ ᠰᠠᠭᠤᠷᠢᠨ ᠳᠡᠭᠡᠷ᠎ᠡ᠂ ︽ᠲᠣᠮᠣ ᠲᠤᠰᠬᠠᠢ ᠵᠦᠢᠯ + ᠡᠭᠦᠷᠭᠡ ᠶᠢᠨ ᠨᠠᠷᠢᠨ ᠬᠠᠭᠤᠳᠠᠰᠤ︾᠎ ᠶᠢᠨ ᠬᠠᠮᠢᠶᠠᠷᠬᠤ ᠵᠠᠭᠪᠤᠷ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠮᠣ ᠲᠤᠰᠬᠠᠢ ᠵᠦᠢᠯ ᠤᠨ ᠪᠡᠯᠡ ᠮᠥᠩᠭᠦᠨ ᠤ ᠲᠥᠷᠥ ᠶᠢᠨ ᠪᠣᠳᠣᠯᠭ᠎ᠠ ᠶᠢᠨ ᠬᠠᠷᠠᠯᠲᠠ ᠪᠣᠯᠣᠨ ᠪᠣᠳᠠᠲᠠᠢ ᠵᠠᠷᠤᠯᠭ᠎ᠠ ᠶᠢᠨ ᠬᠠᠨᠳᠤᠰᠢ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠲᠤᠰ ᠲᠤᠰ ᠵᠣᠯᠭᠠᠭᠤᠯᠤᠨ ᠲᠡᠩᠴᠡᠭᠦᠷᠢᠰᠢᠬᠦᠯᠵᠦ᠂ ᠡᠭᠦᠷᠭᠡ ᠶᠢᠨ ᠨᠠᠷᠢᠨ ᠬᠠᠭᠤᠳᠠᠰᠤ ᠶᠢ ᠵᠣᠬᠢᠰᠲᠠᠢ ᠪᠠᠶᠢᠭᠤᠯᠤᠨ᠎ᠠ᠃ ᠡᠭᠦᠷᠭᠡ ᠶᠢᠨ ᠨᠠᠷᠢᠨ ᠬᠠᠭᠤᠳᠠᠰᠤ ᠶᠢ ᠬᠢᠵᠠᠭᠠᠷᠯᠠᠬᠤ ᠴᠢᠨᠠᠷᠲᠠᠢ ᠡᠭᠦᠷᠭᠡ ᠪᠣᠯᠣᠨ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠭᠡᠵᠦ ᠬᠤᠪᠢᠶᠠᠵᠤ᠂ ᠬᠢᠵᠠᠭᠠᠷᠯᠠᠬᠤ ᠴᠢᠨᠠᠷᠲᠠᠢ ᠡᠭᠦᠷᠭᠡ ᠳᠤ ᠭᠤᠣᠯᠳᠠᠭᠤ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠳᠣᠷᠬᠠᠢ ᠱᠠᠭᠠᠷᠳᠠᠭᠰᠠᠨ ᠮᠠᠯ ᠲᠠᠷᠢᠶᠠᠯᠠᠩ ᠢ ᠳᠡᠮᠵᠢᠬᠦ ᠠᠵᠢᠯ ᠳᠤ ᠬᠤᠯᠪᠣᠭᠳᠠᠭᠰᠠᠨ ᠴᠢᠬᠤᠯᠠ ᠵᠦᠢᠯᠡᠰ᠂ ᠴᠢᠬᠤᠯᠠ ᠲᠥᠯᠥᠪᠵᠢᠭᠦᠯᠭᠡ ᠶᠢᠨ ᠡᠭᠦᠷᠭᠡ᠂ ᠰᠢᠨ᠎ᠡ ᠪᠠᠷ ᠪᠠᠶᠢᠭᠤᠯᠤᠭᠰᠠᠨ ᠲᠤᠷᠰᠢᠯᠲᠠ ᠶᠢᠨ ᠴᠡᠭ ᠤᠨ ᠡᠭᠦᠷᠭᠡ ᠵᠢᠴᠢ ᠪᠠᠴᠢᠮ ᠪᠠᠶᠢᠳᠠᠯ ᠢ ᠠᠷᠭᠠᠴᠠᠨ ᠭᠠᠮᠰᠢᠭ ᠠᠴᠠ ᠠᠪᠤᠷᠠᠬᠤ ᠲᠥᠷᠥᠯ᠂ ᠮᠠᠯᠴᠢᠨ ᠲᠠᠷᠢᠶᠠᠴᠢᠳ ᠲᠤ ᠰᠢᠭᠤᠳ ᠨᠥᠬᠦᠪᠦᠷᠢᠯᠡᠬᠦ ᠲᠥᠷᠥᠯ ᠵᠡᠷᠭᠡ ᠶᠢ ᠪᠠᠭᠲᠠᠭᠠᠨ᠂ ᠪᠤᠰᠤᠳ ᠡᠭᠦᠷᠭᠡ ᠳᠤ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠶᠢ ᠪᠠᠭᠲᠠᠭᠠᠨ᠎ᠠ᠃ ᠡᠭᠦᠷᠭᠡ ᠶᠢᠨ ᠨᠠᠷᠢᠨ ᠬᠠᠭᠤᠳᠠᠰᠤ ᠶᠢᠨ ᠲᠥᠷᠥᠯ ᠢᠶᠠᠷ ᠬᠢᠵᠠᠭᠠᠷᠯᠠᠬᠤ ᠴᠢᠨᠠᠷᠲᠠᠢ᠂ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠲᠤᠰ ᠲᠤᠰ ᠠᠳᠠᠯᠢ ᠪᠤᠰᠤ ᠶᠢᠨ ᠨᠢᠭᠡᠲᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠡᠷᠬᠡ ᠶᠢᠨ ᠬᠡᠪᠴᠢᠶ᠎ᠡ ᠣᠯᠭᠤᠨ᠎ᠠ᠃ ᠣᠷᠣᠨ ᠨᠤᠲᠤᠭ ᠤᠨ ᠬᠢᠨ ᠬᠢᠵᠠᠭᠠᠷᠯᠠᠬᠤ ᠴᠢᠨᠠᠷᠳᠠᠢ ᠡᠭᠦᠷᠭᠡ ᠶᠢ ᠪᠡᠶᠡᠯᠡᠭᠦᠯᠦᠭᠰᠡᠨ ᠤᠷᠢᠳᠠᠯ ᠳᠤ᠂ ᠲᠤᠰ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ ᠬᠦᠨᠳᠦ ᠬᠥᠩᠭᠡᠨ ᠪᠣᠯᠣᠨ ᠠᠯᠭᠤᠷ ᠪᠠᠴᠢᠮ ᠢᠶᠠᠷ ᠪᠡᠶᠡᠯᠡᠭᠦᠯᠬᠦ ᠶᠢ ᠬᠤᠪᠢᠶᠠᠵᠤ᠂ ᠠᠳᠠᠯᠢ ᠨᠢᠭᠡ ᠲᠣᠮᠣ ᠲᠤᠰᠬᠠᠢ ᠵᠦᠢᠯ ᠳᠤ ᠪᠠᠭᠲᠠᠭᠠᠨ ᠲᠣᠬᠢᠷᠠᠭᠤᠯᠵᠤ ᠬᠡᠷᠡᠭᠯᠡᠬᠦ ᠶᠢ ᠨᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶       ︵ᠵᠢᠷᠭᠤᠭ᠎ᠠ︶ ᠪᠡᠯᠡ ᠮᠥᠩᠭᠦ ᠬᠢᠭᠡᠳ ᠡᠭᠦᠷᠭᠡ ᠶᠢᠨ ᠨᠠᠷᠢᠨ ᠬᠠᠭᠤᠳᠠᠰᠤ ᠶᠢ ᠵᠡᠷᠬᠡ ᠳᠤ ᠨᠢ ᠪᠠᠭᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ᠂ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠤᠰ ᠲᠤᠰ ᠲᠤᠨᠢ ᠬᠠᠮᠲᠤᠷᠠᠯᠴᠠᠨ ᠡᠭᠦᠷᠭᠡ ᠶᠢᠨ ᠨᠠᠷᠢᠨ ᠬᠠᠭᠤᠳᠠᠰᠤ ᠳᠠᠬᠢ ᠡᠯ᠎ᠡ ᠵᠦᠢᠯ ᠤᠨ ᠡᠭᠦᠷᠭᠡ ᠶᠢᠨ ᠰᠢᠨᠵᠢ ᠴᠢᠨᠠᠷ ᠢ ᠨᠢᠭᠡᠳᠦᠯᠲᠡᠢ ᠲᠦᠯᠦᠪᠯᠡᠨ ᠪᠣᠳᠣᠯᠬᠢᠯᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠬᠤᠪᠢᠶᠠᠷᠢᠯᠠᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠦᠴᠦᠨ ᠵᠦᠢᠯ ᠤᠨ ᠠᠷᠭ᠎ᠠ ᠪᠣᠯᠣᠨ ᠲᠥᠷᠥᠯ ᠵᠦᠢᠯ ᠤᠨ ᠠᠷᠭ᠎ᠠ ᠵᠡᠷᠬᠡ ᠠᠷᠭ᠎ᠠ ᠬᠡᠯᠪᠡᠷᠢ ᠪᠠᠷ ᠲᠥᠪ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠤᠪᠢᠶᠠᠷᠢᠯᠠᠨ᠎ᠠ᠃ ᠪᠡᠯᠡ ᠮᠥᠩᠭᠦ ᠬᠤᠪᠢᠶᠠᠷᠢᠯᠠᠬᠤ ᠬᠢᠭᠡᠳ ᠡᠭᠦᠷᠭᠡ ᠶᠢᠨ ᠨᠠᠷᠢᠨ ᠬᠠᠭᠤᠳᠠᠰᠤ ᠶᠢ ᠵᠣᠯᠭᠠᠭᠤᠯᠤᠨ ᠢᠵᠢᠯᠢᠰᠢᠭᠦᠯᠬᠦ ᠶᠢ ᠴᠢᠩᠭᠠᠳᠬᠠᠨ᠂ ᠪᠡᠯᠡ ᠮᠥᠩᠭᠦᠨ ᠤ ᠣᠷᠣᠭᠤᠯᠤᠯᠲᠠ ᠬᠢᠭᠡᠳ ᠡᠭᠦᠷᠭᠡ ᠶᠢᠨ ᠨᠢᠭᠡᠳᠦᠯᠲᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠬᠠᠷᠢᠭᠤᠴᠠᠯᠭ᠎ᠠ ᠪᠠᠨ ᠦᠨᠳᠦᠰᠦᠯᠡᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠤᠪᠢᠶᠠᠷᠢᠯᠠᠬᠤ ᠰᠠᠨᠠᠯ ᠢ ᠰᠤᠳᠤᠯᠬᠤ ᠳᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠤᠪᠢᠶᠠᠵᠤ ᠡᠭᠦᠷᠭᠡ ᠶᠢᠨ ᠨᠠᠷᠢᠨ ᠬᠠᠭᠤᠳᠠᠰᠤ ᠶᠢ ᠨᠢ ᠵᠡᠷᠬᠡ ᠳᠤ ᠨᠢ ᠨᠠᠷᠢᠯᠢᠬᠵᠢᠭᠤᠯᠤᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠪᠣᠯᠣᠨ ᠡᠭᠦᠷᠭᠡ ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠵᠡᠷᠭᠡ ᠳᠤ ᠨᠢ ᠪᠠᠭᠤᠯᠭᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠢᠵᠠᠭᠠᠷᠯᠠᠬᠤ ᠴᠢᠨᠠᠷᠲᠠᠢ ᠡᠭᠦᠷᠭᠡ ᠶᠢ ᠵᠣᠬᠢᠶᠠᠨ ᠪᠠᠶᠢᠭᠤᠯᠵᠤ ᠪᠡᠶᠡᠯᠡᠭᠦᠯᠦᠨ᠂ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠶᠢ ᠲᠤᠬᠠᠢ ᠶᠢᠨ ᠭᠠᠵᠠᠷ ᠲᠤ ᠨᠢ ᠨᠢᠭᠡᠳᠦᠯᠲᠡᠢ ᠲᠦᠯᠦᠪᠯᠡᠨ ᠲᠣᠬᠢᠷᠠᠭᠤᠯᠵᠤ᠂ ᠡᠭᠦᠷᠭᠡ ᠶᠢ ᠬᠡᠷᠡᠭᠵᠢᠭᠦᠯᠬᠦ ᠲᠥᠰᠥᠯ ᠪᠣᠯᠣᠨ ᠪᠡᠯᠡ ᠮᠥᠩᠭᠦ ᠬᠡᠷᠡᠭᠯᠡᠬᠦ ᠲᠥᠰᠥᠯ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠤᠰ ᠲᠤᠰ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶      ᠭᠤᠷᠪᠠ᠂ ᠠᠵᠢᠯ ᠲᠥᠷᠥᠯ ᠤᠨ ᠬᠤᠭᠤᠷᠤᠨᠲᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠨᠢᠭᠡᠳᠦᠯᠲᠡᠢ ᠲᠦᠯᠦᠪᠯᠡᠬᠦ ᠶᠢ ᠠᠬᠢᠭᠤᠯᠤᠨ᠎ᠠ      ︵ᠳᠣᠯᠤᠭ᠎ᠠ︶ ᠠᠵᠢᠯ ᠲᠥᠷᠥᠯ ᠤᠨ ᠲᠥᠯᠥᠪᠵᠢᠭᠦᠯᠭᠡ ᠶᠢᠨ ᠦᠵᠦ ᠵᠢᠷᠤᠭ ᠲᠥᠯᠥᠪᠯᠡᠭᠡ ᠶᠢ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ᠂ ᠤᠯᠤᠰ ᠤᠨ ᠴᠢᠬᠤᠯᠠ ᠲᠥᠯᠥᠪᠵᠢᠭᠦᠯᠭᠡ᠂ ᠠᠵᠢᠯ ᠲᠥᠷᠥᠯ ᠤᠨ ᠲᠥᠯᠥᠪᠵᠢᠭᠦᠯᠭᠡ ᠶᠢ ᠭᠦᠨᠵᠡᠭᠡᠢ ᠲᠤᠭᠤᠰᠢᠯᠠᠭᠤᠯᠤᠭᠰᠠᠨ ᠤ ᠰᠠᠭᠤᠷᠢᠨ ᠳᠡᠭᠡᠷ᠎ᠡ᠂ ᠮᠠᠯ ᠲᠠᠷᠢᠶᠠᠯᠠᠩ ᠢ ᠳᠡᠮᠵᠢᠬᠦ ᠠᠵᠢᠯ ᠢ ᠪᠦᠬᠦᠯᠢ ᠴᠣᠭᠴᠠ ᠪᠠᠷ ᠨᠢ ᠤᠬᠠᠭᠠᠯᠠᠨ ᠲᠥᠯᠥᠪᠯᠡᠵᠦ᠂ ᠭᠤᠷᠪᠠᠨ ᠵᠢᠯ ᠥᠷᠬᠦᠯᠵᠢᠯᠡᠨ ᠡᠳ᠋ ᠤᠨ ᠵᠠᠰᠠᠭ ᠠᠴᠠ ᠳᠡᠮᠵᠢᠬᠦ ᠲᠥᠯᠥᠪᠵᠢᠭᠦᠯᠭᠡ ᠪᠣᠯᠣᠨ ᠭᠤᠷᠪᠠᠨ ᠵᠢᠯ ᠦᠷᠬᠦᠯᠵᠢᠯᠡᠨ ᠪᠡᠯᠡ ᠣᠷᠣᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠲᠥᠯᠥᠪᠵᠢᠭᠦᠯᠭᠡ ᠵᠢᠴᠢ ᠮᠠᠯ ᠲᠠᠷᠢᠶᠠᠯᠠᠩ ᠳᠤ ᠬᠤᠯᠪᠣᠭᠳᠠᠭᠰᠠᠨ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠥᠪᠵᠢᠭᠦᠯᠭᠡ ᠲᠠᠢ ᠭᠦᠢᠴᠡᠳ ᠵᠣᠯᠭᠠᠭᠤᠯᠬᠤ ᠬᠡᠷᠡᠭᠲᠡᠢ᠃ ᠡᠭᠦᠨ ᠤ ᠬᠠᠮᠲᠤ᠂ ᠲᠤᠰ ᠭᠠᠵᠠᠷ ᠤᠨ ᠡᠬᠢ ᠪᠠᠶᠠᠯᠢᠭ ᠤᠨ ᠤᠭ ᠰᠤᠷᠪᠤᠯᠵᠢ ᠪᠣᠯᠣᠨ ᠣᠷᠣᠨ ᠪᠠᠶᠢᠷᠢ ᠶᠢᠨ ᠳᠠᠪᠠᠭᠤᠯᠢᠭ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠲᠤ ᠪᠠᠨ ᠲᠣᠬᠢᠷᠠᠭᠤᠯᠵᠤ ᠮᠠᠯ ᠲᠠᠷᠢᠶᠠᠯᠠᠩ ᠳᠤ ᠬᠤᠯᠪᠣᠭᠳᠠᠭᠰᠠᠨ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠲᠠᠪᠴᠠᠩ ᠢ ᠪᠠᠶᠢᠭᠤᠯᠵᠤ᠂ ᠬᠤᠯᠪᠣᠭᠳᠠᠯ ᠪᠦᠬᠦᠢ ᠲᠥᠷᠥᠯ ᠵᠦᠢᠯ ᠤᠨ ᠲᠥᠯᠥᠪᠵᠢᠭᠦᠯᠭᠡ ᠪᠣᠯᠣᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠴᠢᠬᠤᠯᠠ ᠲᠥᠷᠥᠯ ᠵᠦᠢᠯ ᠤᠨ ᠲᠥᠯᠥᠪᠵᠢᠭᠦᠯᠭᠡ ᠪᠠᠷ ᠲᠠᠪᠴᠠᠩ ᠪᠣᠯᠭᠠᠵᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠬᠡᠷᠡᠭᠯᠡᠬᠦ ᠪᠠ ᠲᠥᠪᠯᠡᠷᠡᠭᠦᠯᠵᠦ ᠣᠷᠣᠭᠤᠯᠬᠤ ᠶᠢ ᠨᠢ ᠬᠥᠲᠥᠯᠥᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ︵ᠨᠠᠢᠮᠠ︶ ᠰᠠᠯᠠᠭ᠎ᠠ ᠮᠥᠴᠢᠷ ᠠᠯᠤᠰᠯᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠬᠡᠷᠡᠭᠯᠡᠬᠦ ᠶᠢ ᠠᠬᠢᠭᠤᠯᠤᠨ᠎ᠠ᠃ ᠣᠯᠠᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠰᠢᠨᠵᠢ ᠴᠢᠨᠠᠷ ᠢᠶᠠᠷ ᠢᠵᠢᠯᠢ᠂ ᠬᠡᠷᠡᠭᠴᠡᠭᠡ ᠨᠢ ᠠᠳᠠᠯᠢᠪᠲᠤᠷ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠪᠣᠯ᠂ ᠲᠥᠰᠥᠪ ᠤᠨ ᠬᠡᠷᠡᠭᠵᠢᠭᠦᠯᠬᠦ ᠭᠤᠭᠴᠣᠭᠠᠨ ᠳᠠᠬᠢ ᠨᠢᠭᠡᠳᠦᠯᠲᠡᠢ ᠲᠦᠯᠦᠪᠯᠡᠵᠦ ᠵᠣᠬᠢᠴᠠᠭᠤᠯᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠪᠦᠲᠦᠭᠡᠨ ᠪᠠᠶᠢᠭᠤᠯᠬᠤ ᠪᠠᠷᠢᠮᠵᠢᠶ᠎ᠠ᠂ ᠨᠢᠭᠡᠳᠦᠯᠲᠡᠢ ᠨᠥᠬᠦᠪᠦᠷᠢ ᠪᠣᠯᠣᠨ ᠱᠠᠩᠨᠠᠯ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠬᠡᠵᠦ᠂ ᠵᠢᠯᠣᠭᠤᠳᠤᠨ ᠦᠢᠯᠡᠴᠢᠯᠡᠬᠦ ᠶᠢ ᠴᠢᠩᠭᠠᠳᠬᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠨ ᠬᠡᠷᠡᠭᠯᠡᠬᠦ ᠳᠤ ᠨᠢ ᠨᠥᠬᠦᠴᠡᠯ ᠪᠦᠷᠢᠯᠳᠦᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠬᠠᠷᠠᠯᠳᠠᠳᠤ ᠡᠭᠦᠷᠭᠡ ᠪᠠᠨ ᠦᠨᠡᠨ ᠬᠦ ᠪᠡᠶᠡᠯᠡᠭᠦᠯᠦᠭᠰᠡᠨ ᠪᠠᠶᠢᠬᠤ ᠤᠷᠢᠳᠠᠯ ᠳᠣᠣᠷ᠎ᠠ᠂ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠵᠤ ᠪᠠᠶᠢᠭ᠎ᠠ ᠰᠢᠨᠵᠢ ᠴᠢᠨᠠᠷ ᠨᠢ ᠢᠵᠢᠯᠢ᠂ ᠬᠡᠷᠡᠭᠴᠡᠭᠡ ᠨᠢ ᠠᠳᠠᠯᠢᠪᠲᠤᠷ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠴᠢᠳᠠᠬᠤ ᠶᠢᠨ ᠳᠣᠲᠣᠷ᠎ᠠ ᠰᠢᠰᠲ᠋ᠧᠮ ᠢᠶᠠᠷ ᠬᠠᠮᠢᠶᠠᠷᠬᠤ ᠪᠣᠯᠭᠠᠵᠤ᠂ ᠢᠵᠢᠯᠢ ᠨᠢᠭᠡ ᠪᠡᠯᠡ ᠮᠥᠩᠭᠦᠨ ᠤ ᠰᠠᠩ ᠳᠤ ᠣᠷᠣᠭᠤᠯᠤᠨ᠂ ᠲᠥᠰᠥᠯ ᠢ ᠨᠢᠭᠡᠳᠦᠯᠲᠡᠢ ᠵᠢᠷᠤᠵᠤ ᠲᠥᠯᠥᠪᠯᠡᠵᠦ ᠪᠡᠯᠡ ᠮᠥᠩᠭᠦ ᠶᠢ ᠨᠢᠭᠡᠳᠦᠯᠲᠡᠢ ᠰᠠᠯᠭᠠᠨ ᠥᠭᠴᠦ ᠨᠢᠭᠡᠳᠦᠯᠲᠡᠢ ᠵᠣᠬᠢᠶᠠᠨ ᠪᠠᠶᠢᠭᠤᠯᠵᠤ ᠬᠡᠷᠡᠭᠵᠢᠭᠦᠯᠦᠨ ᠨᠢᠭᠡᠳᠦᠯᠲᠡᠢ ᠰᠢᠯᠭᠠᠨ ᠬᠢᠨᠠᠵᠤ ᠬᠤᠷᠢᠶᠠᠨ ᠠᠪᠴᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠣᠢ ᠪᠣᠯᠭᠠᠨ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠴᠢᠳᠠᠮᠵᠢ ᠪᠠᠨ ᠬᠠᠷᠢᠯᠴᠠᠨ ᠨᠥᠬᠦᠪᠦᠷᠢᠯᠡᠵᠦ ᠬᠡᠷᠡᠭᠴᠡᠭᠡ ᠪᠠᠨ ᠵᠣᠯᠭᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠪᠣᠯ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠥᠭᠡᠷᠡᠴᠢᠯᠡᠯᠲᠡ ᠶᠢᠨ ᠡᠭᠦᠷᠭᠡ᠂ ᠣᠷᠣᠨ ᠪᠦᠰᠡ ᠶᠢᠨ ᠳᠠᠪᠠᠭᠤᠯᠢᠭ᠂ ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠶᠢᠨ ᠲᠣᠭᠤᠷᠢᠨ ᠳᠤ ᠳᠡᠮᠵᠢᠯᠭᠡ ᠦᠵᠡᠭᠦᠯᠦᠨ᠂ ︽ᠠᠷᠭ᠎ᠠ ᠵᠠᠮ ᠨᠢ ᠡᠮᠬᠢ ᠵᠠᠮᠪᠠᠷᠠᠭ᠎ᠠ ᠲᠠᠢ᠂ ᠬᠡᠷᠡᠭᠴᠡᠭᠡ ᠨᠢ ᠬᠤᠪᠢᠷᠠᠯᠲᠠ ᠦᠭᠡᠢ᠂ ᠲᠥᠪᠯᠡᠷᠡᠭᠦᠯᠦᠨ ᠣᠷᠣᠭᠤᠯᠬᠤ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠭᠦ᠂ ᠬᠤᠪᠢ ᠬᠤᠪᠢ ᠶᠢᠨ ᠵᠢᠳᠬᠦᠯ ᠢ ᠨᠢ ᠲᠡᠮᠳᠡᠭᠯᠡᠬᠦ᠂ ᠨᠡᠶᠢᠯᠡᠮᠡᠯ ᠬᠦᠴᠦᠨ ᠢ ᠪᠣᠢ ᠪᠣᠯᠭᠠᠬᠤ︾ ᠵᠠᠷᠴᠢᠮ ᠶᠣᠰᠣᠭᠠᠷ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠨ ᠲᠣᠬᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ᠳᠥᠷᠪᠡ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠠᠮᠢᠶᠠᠷᠬᠤ ᠪᠠᠶᠢᠭᠤᠯᠤᠯ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ      ︵ᠶᠢᠰᠦ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠤᠪᠢᠶᠠᠷᠢᠯᠠᠬᠤ ᠠᠷᠭ᠎ᠠ ᠶᠢ ᠵᠢᠷᠤᠮᠵᠢᠭᠤᠯᠤᠨ᠎ᠠ᠃ ᠲᠥᠪ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠵᠤ ᠪᠠᠶᠢᠭ᠎ᠠ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠪᠣᠯ ᠭᠤᠣᠯᠳᠠᠭᠤ ᠬᠦᠴᠦᠨ ᠵᠦᠢᠯ ᠢᠶᠠᠷ ᠬᠤᠪᠢᠶᠠᠷᠢᠯᠠᠬᠤ ᠠᠷᠭ᠎ᠠ ᠪᠣᠯᠣᠨ ᠲᠥᠷᠥᠯ ᠵᠦᠢᠯ ᠢᠶᠠᠷ ᠬᠤᠪᠢᠶᠠᠷᠢᠯᠠᠬᠤ ᠠᠷᠭ᠎ᠠ ᠶᠢ ᠬᠡᠷᠡᠭᠯᠡᠨ᠎ᠡ᠃ ᠬᠦᠴᠦᠨ ᠵᠦᠢᠯ ᠢᠶᠠᠷ ᠬᠤᠪᠢᠶᠠᠷᠢᠯᠠᠬᠤ ᠠᠷᠭ᠎ᠠ ᠶᠢ ᠬᠡᠷᠡᠭᠯᠡᠵᠦ ᠬᠤᠪᠢᠶᠠᠷᠢᠯᠠᠬᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠪᠣᠯ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢᠨ ᠨᠠᠷᠢᠨ ᠬᠠᠭᠤᠳᠠᠰᠤ ᠶᠢ ᠦᠨᠳᠦᠰᠦᠯᠡᠵᠦ᠂ ᠲᠥᠷᠥᠯ ᠵᠦᠢᠯ ᠲᠠᠢ ᠬᠤᠯᠪᠣᠭᠳᠠᠬᠤ ᠪᠠᠶᠢᠭᠠᠯᠢ᠂ ᠠᠵᠤ ᠠᠬᠤᠢ᠂ ᠨᠡᠶᠢᠭᠡᠮ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠰᠣᠩᠭᠤᠵᠤ᠂ ᠵᠣᠬᠢᠬᠤ ᠴᠢᠬᠤᠯᠠᠴᠢᠯᠠᠭᠳᠠᠬᠤ ᠬᠡᠮᠵᠢᠶ᠎ᠡ ᠪᠤᠶᠤ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢ ᠬᠤᠪᠢᠶᠠᠷᠢᠯᠠᠨ᠎ᠠ᠃ ᠲᠥᠷᠥᠯ ᠵᠦᠢᠯ ᠢᠶᠠᠷ ᠬᠤᠪᠢᠶᠠᠷᠢᠯᠠᠬᠤ ᠠᠷᠭ᠎ᠠ ᠶᠢ ᠬᠡᠷᠡᠭᠯᠡᠵᠦ ᠬᠤᠪᠢᠶᠠᠷᠢᠯᠠᠬᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠪᠣᠯ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢᠨ ᠨᠠᠷᠢᠨ ᠬᠠᠭᠤᠳᠠᠰᠤ ᠶᠢ ᠦᠨᠳᠦᠰᠦᠯᠡᠵᠦ᠂ ᠲᠥᠷᠥᠯ ᠵᠦᠢᠯ ᠤᠨ ᠶᠡᠷᠦᠩᠬᠡᠢ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠵᠡᠷᠭᠡ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠭᠤᠣᠯ ᠴᠣᠭᠴᠠ᠂ ᠭᠤᠶᠤᠴᠢᠯᠠᠨ ᠮᠡᠳᠡᠭᠦᠯᠬᠦ ᠬᠦᠷᠢᠶ᠎ᠡ ᠬᠡᠪᠴᠢᠶ᠎ᠡ ᠪᠣᠯᠣᠨ ᠭᠤᠶᠤᠴᠢᠯᠠᠨ ᠮᠡᠳᠡᠭᠦᠯᠬᠦ ᠨᠥᠬᠦᠴᠡᠯ ᠢ ᠲᠣᠳᠣᠷᠬᠠᠶᠢᠯᠠᠵᠤ᠂ ᠭᠤᠶᠤᠴᠢᠯᠠᠨ ᠮᠡᠳᠡᠭᠦᠯᠬᠦ ᠴᠣᠪᠣᠷᠠᠯ ᠢ ᠵᠢᠷᠤᠮᠵᠢᠭᠤᠯᠤᠨ᠂ ᠲᠤᠰᠬᠠᠢ ᠵᠣᠬᠢᠶᠠᠨ ᠪᠠᠶᠢᠭᠤᠯᠤᠯᠲᠠ ᠪᠣᠯᠣᠨ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠵᠤ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠨ ᠬᠢᠨᠠᠬᠤ᠂ ᠥᠷᠢᠰᠦᠯᠳᠦᠭᠡᠨ ᠢᠶᠠᠷ ᠰᠡᠳᠦᠪ ᠲᠣᠭᠲᠠᠭᠠᠬᠤ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠭᠠᠷᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠵᠤ ᠰᠢᠯᠢᠳᠡᠭ ᠰᠠᠶᠢᠨ ᠳᠤ ᠨᠢ ᠬᠤᠪᠢᠶᠠᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ︵ᠠᠷᠪᠠ︶ ᠬᠠᠮᠢᠶᠠᠷᠬᠤ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠠᠮᠢᠶᠠᠷᠬᠤ ᠳᠦᠷᠢᠮ ᠢ ᠦᠷᠬᠦᠯᠵᠢᠯᠡᠨ ᠢᠯᠭᠠᠷᠠᠭᠤᠯᠵᠤ᠂ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠵᠦᠢᠯ ᠪᠦᠷᠢ ᠶᠢᠨ ᠪᠡᠯᠡ ᠮᠥᠩᠭᠦ ᠳᠤ ᠵᠣᠬᠢᠴᠠᠯᠳᠤᠬᠤ ᠪᠡᠯᠡ ᠮᠥᠩᠭᠦ ᠬᠠᠮᠢᠶᠠᠷᠬᠤ ᠠᠷᠭ᠎ᠠ ᠲᠠᠢ ᠪᠣᠯᠭᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠲᠠᠢ ᠲᠣᠬᠢᠷᠠᠯᠴᠠᠭᠰᠠᠨ ᠬᠠᠮᠢᠶᠠᠷᠬᠤ ᠳᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠡᠯ᠎ᠡ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥᠯ ᠵᠦᠢᠯ ᠤᠨ ᠬᠠᠮᠢᠶᠠᠷᠬᠤ ᠳᠦᠷᠢᠮ ᠬᠢᠭᠡᠳ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠲᠠᠢ ᠵᠣᠯᠭᠠᠭᠤᠯᠬᠤ ᠶᠢ ᠴᠢᠩᠭᠠᠳᠬᠠᠨ᠂ ᠲᠥᠷᠥᠯ ᠵᠦᠢᠯ ᠢ ᠬᠡᠷᠡᠭᠵᠢᠭᠦᠯᠬᠦ ᠪᠠ ᠪᠡᠯᠡ ᠮᠥᠩᠭᠦ ᠶᠢ ᠬᠠᠮᠢᠶᠠᠷᠬᠤ ᠳᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠦᠷᠨᠢᠭᠦᠯᠬᠦ ᠶᠢᠨ ᠰᠢᠨ᠎ᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠨᠡᠩ ᠠᠭᠤᠵᠢᠭᠤ ᠪᠠᠶᠢᠬᠤ ᠲᠥᠷᠥ ᠶᠢᠨ ᠪᠣᠳᠣᠯᠭ᠎ᠠ ᠶᠢᠨ ᠣᠷᠴᠢᠨ ᠨᠦᠬᠦᠴᠡᠯ ᠢ ᠪᠣᠢ ᠪᠣᠯᠭᠠᠨ᠎ᠠ᠃ ᠳᠦᠷᠢᠮ ᠤᠨ ᠲᠠᠯ᠎ᠠ ᠪᠠᠷ ᠪᠣᠯᠪᠠᠰᠤᠷᠠᠭᠤᠯᠬᠤ ᠪᠠ ᠬᠡᠷᠡᠭᠵᠢᠭᠦᠯᠬᠦ ᠠᠵᠢᠯ ᠢ ᠦᠨᠡᠨ ᠬᠦ ᠴᠢᠩᠭᠠᠳᠬᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶      ︵ᠠᠷᠪᠠᠨ ᠨᠢᠭᠡ︶ ᠬᠢᠨᠠᠨ ᠵᠥᠪᠰᠢᠶᠡᠷᠡᠬᠦ ᠡᠷᠬᠡ ᠶᠢ ᠤᠯᠠᠮ ᠨᠢᠭᠡ ᠠᠯᠬᠤᠮ ᠳᠣᠷᠣᠭᠰᠢ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠶᠠᠷᠦᠩᠬᠡᠢ ᠱᠠᠭᠠᠷᠳᠠᠯᠭ᠎ᠠ ᠶᠣᠰᠣᠭᠠᠷ᠂ ᠮᠠᠯ ᠲᠠᠷᠢᠶᠠᠯᠠᠩ ᠳᠤ ᠬᠤᠯᠪᠣᠭᠳᠠᠭᠰᠠᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠳᠣᠷᠣᠭᠰᠢ ᠲᠠᠯᠪᠢᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠬᠠᠮᠢᠶᠠᠷᠬᠤ ᠠᠷᠭ᠎ᠠ ᠶᠢ ᠲᠥᠷᠥᠯ ᠵᠦᠢᠯ ᠬᠠᠮᠢᠶᠠᠷᠬᠤ ᠪᠠᠶᠢᠭᠰᠠᠨ ᠠᠴᠠ ᠡᠭᠦᠷᠭᠡ᠂ ᠠᠵᠢᠯ ᠤᠨ ᠠᠮᠵᠢᠯᠲᠠ ᠪᠦᠲᠦᠮᠵᠢ ᠶᠢ ᠬᠠᠮᠢᠶᠠᠷᠬᠤ ᠲᠡᠶᠢᠰᠢ ᠬᠤᠪᠢᠷᠠᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠵᠣᠬᠢᠴᠠᠭᠤᠯᠵᠤ ᠪᠣᠳᠣᠯᠭ᠎ᠠ ᠬᠡᠷᠡᠭᠵᠢᠭᠦᠯᠬᠦ ᠪᠠ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠬᠦ ᠶᠢᠨ ᠡᠵᠡᠨ ᠮᠡᠳᠡᠬᠦ ᠡᠷᠬᠡ ᠣᠯᠭᠤᠨ᠎ᠠ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠣᠨᠴᠠᠭᠠᠶᠢᠯᠠᠨ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠥᠷᠥᠯ ᠵᠦᠢᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠡᠵᠡᠨ ᠮᠡᠳᠡᠬᠦ ᠴᠢᠨᠠᠷ ᠪᠣᠯᠣᠨ ᠰᠢᠨᠵᠢᠯᠡᠬᠦ ᠤᠬᠠᠭᠠᠨᠴᠢ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ︵ᠠᠷᠪᠠᠨ ᠬᠤᠶᠠᠷ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠲᠥᠷᠥᠯ ᠵᠦᠢᠯ ᠤᠨ ᠬᠥᠮᠥᠷᠭᠡ ᠶᠢ ᠪᠦᠷᠢᠨ ᠲᠡᠭᠦᠯᠳᠡᠷᠵᠢᠭᠦᠯᠦᠨ᠎ᠡ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠲᠥᠯᠥᠪᠵᠢᠭᠦᠯᠭᠡ ᠶᠢ ᠦᠨᠳᠦᠰᠦᠯᠡᠨ᠂ ᠵᠠᠰᠠᠭ ᠤᠨ ᠣᠷᠳᠣᠨ ᠤ ᠪᠡᠯᠡ ᠣᠷᠣᠭᠤᠯᠬᠤ ᠲᠥᠷᠥᠯ ᠵᠦᠢᠯ ᠤᠨ ᠭᠤᠷᠪᠠᠨ ᠵᠢᠯ ᠦᠷᠭᠦᠯᠵᠢᠯᠡᠬᠦ ᠲᠥᠯᠥᠪᠯᠡᠭᠡ ᠶᠢ ᠨᠠᠶᠢᠷᠠᠭᠤᠯᠤᠨ ᠵᠤᠬᠢᠶᠠᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠡᠯ᠎ᠡ ᠵᠦᠢᠯ ᠤᠨ ᠲᠥᠷᠥᠯ ᠵᠦᠢᠯ ᠤᠨ ᠨᠥᠭᠡᠴᠡᠯᠡᠬᠦ ᠶᠢ ᠴᠢᠩᠭᠠᠳᠬᠠᠨ᠎ᠠ᠃ ᠲᠥᠷᠥᠯ ᠵᠦᠢᠯ ᠤᠨ ᠭᠡᠷᠡᠴᠢᠯᠡᠭᠡ᠂ ᠰᠢᠯᠭᠠᠷᠠᠭᠤᠯᠤᠨ ᠬᠢᠨᠠᠬᠤ ᠵᠡᠷᠭᠡ ᠠᠵᠢᠯ ᠤᠨ ᠴᠣᠪᠣᠷᠠᠯ ᠢ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠲᠥᠷᠥᠯ ᠵᠦᠢᠯ ᠤᠨ ᠬᠥᠮᠥᠷᠭᠡ ᠳᠠᠬᠢ ᠲᠥᠷᠥᠯ ᠵᠦᠢᠯ ᠳᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠪᠣᠯᠣᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠤᠭᠤᠷᠤᠨᠳᠤ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠤᠭᠤᠷᠤᠨᠳᠤ᠂ ᠣᠨ ᠵᠢᠯ ᠤᠨ ᠬᠤᠭᠤᠷᠤᠨᠳᠤᠬᠢ ᠲᠥᠷᠥᠯ ᠵᠦᠢᠯ ᠤᠨ ᠬᠥᠮᠥᠷᠭᠡ ᠶᠢᠨ ᠵᠣᠯᠭᠠᠭᠤᠯᠬᠤ ᠶᠢ ᠴᠢᠩᠭᠠᠳᠬᠠᠨ᠂ ᠳᠠᠬᠢᠨ ᠳᠠᠪᠲᠠᠨ ᠭᠠᠷᠭᠠᠵᠤ ᠪᠠᠶᠢᠭ᠎ᠠ ᠮᠠᠯ ᠲᠠᠷᠢᠶᠠᠯᠠᠩ ᠳᠤ ᠬᠤᠯᠪᠣᠭᠳᠠᠭᠰᠠᠨ ᠲᠥᠷᠥᠯ ᠵᠦᠢᠯ ᠢ ᠬᠤᠷᠢᠶᠠᠵᠤ ᠨᠡᠶᠢᠯᠡᠭᠦᠯᠦᠨ᠎ᠡ᠃ ᠪᠡᠯᠡ ᠮᠥᠩᠭᠦ ᠣᠯᠭᠤᠬᠤ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠮᠡᠳᠡᠭᠦᠯᠵᠦ ᠪᠠᠶᠢᠭᠤᠯᠬᠤ ᠭᠠᠷᠳᠠᠮ ᠢ ᠲᠣᠬᠢᠷᠠᠮᠵᠢᠲᠠᠢ ᠳᠥᠭᠦᠮᠴᠢᠯᠡᠬᠦ ᠪᠠ ᠡᠮᠬᠢᠯᠡᠨ ᠨᠡᠶᠢᠯᠡᠭᠦᠯᠵᠦ᠂ ᠰᠢᠯᠭᠠᠨ ᠬᠢᠨᠠᠬᠤ ᠠᠷᠭ᠎ᠠ ᠬᠡᠮᠵᠢᠶ᠎ᠡ ᠶᠢ ᠪᠦᠷᠢᠨᠰᠢᠭᠦᠯᠵᠦ ᠲᠡᠭᠦᠯᠳᠡᠷᠵᠢᠭᠦᠯᠦᠨ᠂ ᠲᠥᠷᠥᠯ ᠵᠦᠢᠯ ᠤᠨ ᠦᠷ᠎ᠡ ᠠᠰᠢᠭ ᠲᠠᠢ ᠪᠣᠯᠬᠤ ᠶᠢ ᠦᠨᠡᠨ ᠬᠦ ᠪᠠᠲᠤᠯᠠᠨ᠎ᠠ᠃ ᠲᠥᠷᠥᠯ ᠵᠦᠢᠯ ᠤᠨ ᠰᠢᠨᠵᠢ ᠴᠢᠨᠠᠷ ᠢ ᠦᠨᠳᠦᠰᠦᠯᠡᠨ᠂ ᠪᠡᠯᠡ ᠣᠷᠣᠭᠤᠯᠤᠯᠲᠠ ᠪᠠᠷ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ᠂ ᠠᠷᠠᠳ ᠠᠴᠠ ᠡᠷᠬᠢᠯᠡᠨ ᠠᠯᠪᠠᠨ ᠠᠴᠠ ᠬᠠᠪᠰᠤᠷᠬᠤ᠂ ᠵᠢᠭᠡᠯᠡᠯᠭᠡ ᠳᠤ ᠳᠠᠮ ᠬᠦᠦ ᠮᠥᠩᠭᠦ ᠣᠯᠭᠤᠬᠤ ᠵᠡᠷᠭᠡ ᠠᠷᠭ᠎ᠠ ᠬᠡᠯᠪᠡᠷᠢ ᠶᠢ ᠠᠪᠴᠤ ᠪᠠᠶᠢᠭᠠᠳ ᠳᠡᠮᠵᠢᠯᠭᠡ ᠦᠵᠡᠭᠦᠯᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠲᠥᠷᠥᠯ ᠵᠦᠢᠯ ᠳᠤ ᠣᠯᠠᠨ ᠨᠡᠶᠢᠲᠡ ᠶᠢᠨ ᠬᠢᠨ ᠤ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ︵ᠠᠷᠪᠠᠨ ᠭᠤᠷᠪᠠ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠᠷ ᠶᠡᠷᠦᠩᠬᠡᠶᠢᠯᠡᠨ ᠬᠠᠮᠢᠶᠠᠷᠬᠤ ᠶᠢ ᠬᠡᠷᠡᠭᠵᠢᠭᠦᠯᠦᠨ᠎ᠡ᠃ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠨᠵᠢᠯᠡᠬᠦ ᠤᠬᠠᠭᠠᠨᠴᠢ ᠪᠦᠭᠡᠳ ᠪᠦᠬᠦ ᠲᠠᠯ᠎ᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠳᠠᠩ ᠵᠦᠢᠯ ᠤᠨ ᠡᠭᠦᠷᠭᠡ ᠶᠢᠨ ᠠᠵᠢᠯ ᠤᠨ ᠠᠮᠵᠢᠯᠲᠠ ᠪᠦᠲᠦᠮᠵᠢ ᠪᠠᠷ ᠰᠢᠯᠭᠠᠨ ᠬᠢᠨᠠᠵᠤ ᠪᠠᠶᠢᠭᠰᠠᠨ ᠢ ᠠᠵᠢᠯ ᠲᠥᠷᠥᠯ ᠤᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠪᠠᠷ ᠰᠢᠯᠭᠠᠨ ᠬᠢᠨᠠᠬᠤ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠤᠨ᠂ ᠠᠵᠢᠯ ᠤᠨ ᠠᠮᠵᠢᠯᠲᠠ ᠪᠦᠲᠦᠮᠵᠢ ᠶᠢ ᠨᠢ ᠦᠨᠡᠯᠡᠭᠰᠡᠨ ᠦᠷ᠎ᠡ ᠳ᠋ᠦ᠋ᠶᠢᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠨᠢ ᠦᠨᠡᠯᠡᠭᠰᠡᠨ ᠦᠷ᠎ᠡ ᠳ᠋ᠦ᠋ᠶᠢᠩ ᠢᠶᠠᠷ ᠤᠳᠤᠷᠢᠳᠤᠮᠵᠢ ᠪᠣᠯᠭᠠᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠲᠣᠮᠣ ᠲᠤᠰᠬᠠᠢ ᠵᠦᠢᠯ ᠪᠣᠯᠣᠨ ᠡᠭᠦᠷᠭᠡ ᠶᠢᠨ ᠨᠠᠷᠢᠨ ᠬᠠᠭᠤᠳᠠᠰᠤ ᠪᠠᠶᠢᠭᠤᠯᠬᠤ ᠲᠣᠭᠲᠠᠴᠠ ᠵᠢᠴᠢ ᠪᠡᠯᠡ ᠮᠥᠩᠭᠦ ᠬᠤᠪᠢᠶᠠᠷᠢᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠮᠠᠯ ᠲᠠᠷᠢᠶᠠᠯᠠᠩ ᠳᠤ ᠬᠤᠯᠪᠣᠭᠳᠠᠭᠰᠠᠨ ᠲᠣᠮᠣ ᠲᠤᠰᠬᠠᠢ ᠵᠦᠢᠯ ᠤᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢ ᠣᠨ ᠬᠤᠪᠢᠶᠠᠵᠤ ᠲᠣᠭᠲᠠᠭᠠᠨ᠎ᠠ᠂ ᠲᠥᠪ ᠤᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠣᠯ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠲᠥᠪ ᠠᠴᠠ ᠳᠣᠷᠣᠭᠰᠢ ᠪᠠᠭᠤᠯᠭᠠᠭᠰᠠᠨ ᠡᠭᠦᠷᠭᠡ ᠶᠢᠨ ᠨᠠᠷᠢᠨ ᠬᠠᠭᠤᠳᠠᠰᠤ ᠶᠢ ᠦᠨᠳᠦᠰᠦᠯᠡᠵᠦ ᠪᠠᠶᠢᠷᠢᠯᠠᠭᠤᠯᠤᠨ᠎ᠠ ; ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠳᠦᠮᠵᠢ ᠶᠢ ᠪᠣᠯ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠠᠯᠠᠭ᠎ᠠ ᠮᠥᠴᠢᠷ ᠤᠨ ᠣᠨ ᠤ ᠲᠥᠰᠥᠪ ᠨᠠᠶᠢᠷᠠᠭᠤᠯᠤᠨ ᠵᠣᠬᠢᠶᠠᠬᠤ ᠶᠢᠨ ᠳᠠᠭᠠᠤ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠲᠥᠰᠥᠪ ᠲᠤ ᠲᠣᠬᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠡᠯ᠎ᠡ ᠭᠠᠵᠠᠷ ᠣᠷᠣᠨ ᠤ ᠲᠥᠷᠥᠯ ᠵᠦᠢᠯ ᠬᠡᠷᠡᠭᠵᠢᠭᠦᠯᠬᠦ ᠪᠠ ᠪᠡᠯᠡ ᠮᠥᠩᠭᠦ ᠬᠡᠷᠡᠭᠯᠡᠭᠰᠡᠨ ᠪᠠᠶᠢᠳᠠᠯ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠬᠢᠵᠦ᠂ ᠦᠨᠡᠯᠡᠭᠰᠡᠨ ᠦᠷ᠎ᠡ ᠳ᠋ᠦ᠋ᠶᠢᠩ ᠢ ᠳᠠᠷᠠᠭᠠᠴᠢ ᠶᠢᠨ ᠣᠨ ᠳᠠᠬᠢ ᠪᠡᠯᠡ ᠮᠥᠩᠭᠦ ᠬᠤᠪᠢᠶᠠᠷᠢᠯᠠᠬᠤ ᠳᠤ ᠬᠤᠯᠪᠣᠭᠳᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶      ︵ᠠᠷᠪᠠᠨ ᠳᠥᠷᠪᠡ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠬᠢᠨᠠᠨ ᠬᠠᠮᠢᠶᠠᠷᠬᠤ ᠶᠢ ᠴᠢᠩᠭᠠᠳᠬᠠᠨ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠢ᠂ ᠪᠦᠲᠦᠮᠵᠢᠲᠡᠢ ᠲᠡᠩᠴᠡᠭᠦᠷᠢᠯᠡᠭᠰᠡᠨ᠂ ᠵᠡᠷᠭᠡ ᠳᠤ ᠨᠢ ᠠᠳᠬᠤᠵᠤ ᠬᠠᠮᠲᠤ ᠳᠤ ᠨᠢ ᠬᠠᠮᠢᠶᠠᠷᠤᠭᠰᠠᠨ ᠬᠢᠨᠠᠨ ᠬᠠᠮᠢᠶᠠᠷᠬᠤ ᠪᠠᠶᠢᠷᠢᠰᠢᠯ ᠢ ᠪᠣᠢ ᠪᠣᠯᠭᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠨᠡᠷ᠎ᠡ ᠪᠠᠷ ᠨᠡᠭᠦᠯᠭᠡᠨ ᠬᠡᠷᠡᠭᠯᠡᠬᠦ ᠶᠢ ᠬᠤᠷᠢᠭᠯᠠᠨ᠎ᠠ᠃ ᠭᠤᠷᠪᠠᠳᠤᠭᠠᠷ ᠡᠲᠡᠭᠡᠳ ᠠᠴᠠ ᠦᠨᠡᠯᠡᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠥᠷᠢᠰᠦᠯᠳᠦᠭᠡᠨ ᠢᠶᠠᠷ ᠰᠢᠯᠢᠳᠡᠭ ᠢ ᠨᠢ ᠰᠣᠩᠭᠤᠬᠤ ᠠᠷᠭ᠎ᠠ ᠪᠠᠷ ᠲᠤᠰᠬᠠᠢ ᠮᠡᠷᠭᠡᠵᠢᠯᠲᠡᠳ ᠡᠷᠳᠡᠮᠲᠡᠳ᠂ ᠰᠤᠳᠤᠯᠬᠤ ᠪᠠᠶᠢᠭᠤᠯᠤᠮᠵᠢ ᠵᠡᠷᠭᠡ ᠶᠢ ᠰᠣᠩᠭᠤᠵᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠳᠤ ᠦᠨᠡᠯᠡᠯᠲᠡ ᠬᠢᠯᠭᠡᠨ᠎ᠡ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠲᠡᠭᠦᠯᠳᠡᠷᠵᠢᠭᠦᠯᠦᠨ᠂ ᠰᠢᠢᠳᠪᠦᠷᠢᠲᠦ ᠪᠣᠳᠣᠯᠭ᠎ᠠ ᠳᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠥᠷᠢᠨᠰᠢᠭᠦᠯᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠬᠠᠮᠢᠶ᠎ᠠ ᠪᠦᠬᠦᠢ ᠳᠦᠷᠢᠮ ᠤᠨ ᠲᠣᠭᠲᠠᠭᠠᠯ ᠢ ᠵᠥᠷᠢᠴᠡᠭᠰᠡᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠦᠨᠳᠦ ᠬᠤᠬᠢᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠬᠤ ᠬᠥᠮᠥᠨ ᠲᠠᠢ ᠬᠠᠷᠢᠭᠤᠴᠠᠯᠭ᠎ᠠ ᠬᠡᠯᠡᠯᠴᠡᠨ᠎ᠡ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠰᠠᠬᠢᠯᠭ᠎ᠠ ᠪᠣᠯᠣᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠠᠭᠤᠷᠮᠠᠭᠯᠠᠵᠤ ᠠᠪᠤᠭᠰᠠᠨ᠂ ᠮᠡᠬᠡᠯᠡᠵᠦ ᠣᠯᠣᠭᠰᠠᠨ᠂ ᠰᠢᠬᠠᠵᠤ ᠡᠵᠡᠯᠡᠭᠰᠡᠨ᠂ ᠲᠠᠰᠤᠯᠤᠨ ᠦᠯᠡᠳᠡᠭᠰᠡᠨ᠂ ᠨᠡᠭᠦᠯᠭᠡᠨ ᠬᠡᠷᠡᠭᠯᠡᠭᠰᠡᠨ ᠢ ᠨᠢ ᠴᠠᠭ ᠲᠤᠬᠠᠢ ᠳᠤ ᠨᠢ ᠨᠡᠬᠡᠵᠦ ᠠᠪᠴᠢᠷᠠᠨ᠂ ᠬᠠᠮᠢᠶ᠎ᠠ ᠪᠦᠬᠦᠢ ᠨᠢᠭᠡᠴᠢ ᠪᠣᠯᠣᠨ ᠬᠠᠷᠢᠭᠤᠴᠠᠬᠤ ᠬᠥᠮᠥᠨ ᠠᠴᠠ ᠬᠠᠷᠢᠭᠤᠴᠠᠯᠭ᠎ᠠ ᠶᠢ ᠨᠢ ᠰᠠᠬᠢᠯᠭ᠎ᠠ ᠪᠣᠯᠣᠨ ᠬᠠᠤᠯᠢ ᠪᠠᠷ ᠨᠡᠬᠡᠮᠵᠢᠯᠡᠬᠦ ᠬᠡᠷᠡᠭᠲᠡᠢ᠃ ᠢᠲᠡᠭᠡᠮᠵᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠨ᠂ ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ︵ᠠᠷᠪᠠᠨ ᠲᠠᠪᠤ︶ ᠮᠡᠳᠡᠭᠡ ᠵᠠᠩᠭᠢ ᠶᠢᠨ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ᠮᠡᠳᠡᠭᠡ ᠵᠠᠩᠭᠢ ᠶᠢᠨ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠤᠨ᠂ ᠠᠯᠪᠠᠨ ᠵᠠᠷ ᠤᠨ ᠨᠡᠶᠢᠲᠡ ᠳᠤ ᠵᠠᠷᠯᠠᠬᠤ ᠳᠦᠷᠢᠮ ᠢ ᠪᠦᠷᠢᠨᠰᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠲᠥᠰᠥᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠡᠮᠦᠨ᠎ᠡ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠡᠳ᠋ ᠤᠨ ᠵᠠᠰᠠᠭ ᠤᠨ ᠮᠠᠯ ᠲᠠᠷᠢᠶᠠᠯᠠᠩ ᠢ ᠳᠡᠮᠵᠢᠬᠦ ᠲᠥᠷᠥ ᠶᠢᠨ ᠪᠣᠳᠣᠯᠭ᠎ᠠ᠂ ᠪᠡᠯᠡ ᠮᠥᠩᠭᠦᠨ ᠤ ᠬᠡᠪᠴᠢᠶ᠎ᠡ ᠪᠣᠯᠣᠨ ᠬᠤᠪᠢᠶᠠᠷᠢᠯᠠᠭᠰᠠᠨ ᠦᠷ᠎ᠡ ᠳ᠋ᠦ᠋ᠶᠢᠩ ᠢ ᠢᠯᠡ ᠪᠣᠯᠭᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠪᠡᠯᠡ ᠮᠥᠩᠭᠦᠨ ᠤ ᠢᠷᠡᠯᠲᠡ᠂ ᠲᠡᠳᠬᠦᠬᠦ ᠬᠡᠪᠴᠢᠶ᠎ᠡ᠂ ᠪᠦᠲᠦᠭᠡᠨ ᠪᠠᠶᠢᠭᠤᠯᠬᠤ ᠪᠠ ᠨᠥᠬᠦᠪᠦᠷᠢᠯᠡᠬᠦ ᠪᠠᠷᠢᠮᠵᠢᠶ᠎ᠠ᠂ ᠲᠥᠷᠥᠯ ᠵᠦᠢᠯ ᠤᠨ ᠰᠡᠳᠦᠪ ᠲᠣᠭᠲᠠᠭᠠᠬᠤ ᠳᠡᠰ ᠳᠠᠷᠠᠭᠠᠯᠠᠯ ᠪᠣᠯᠣᠨ ᠰᠡᠳᠦᠪ ᠲᠣᠭᠲᠠᠭᠠᠭᠰᠠᠨ ᠦᠷ᠎ᠡ ᠳ᠋ᠦ᠋ᠶᠢᠩ ᠵᠡᠷᠭᠡ ᠶᠢ ᠢᠯᠡ ᠪᠣᠯᠭᠠᠵᠤ᠂ ᠰᠤᠮᠤ ᠰᠢᠶᠠᠩ ᠪᠠᠯᠭᠠᠰᠤ ᠨᠢ ᠲᠥᠷᠥᠯ ᠵᠦᠢᠯ ᠤᠨ ᠬᠡᠷᠡᠭᠵᠢᠭᠦᠯᠦᠭᠳᠡᠵᠦ ᠪᠠᠶᠢᠭ᠎ᠠ ᠠᠬᠢᠴᠠ᠂ ᠬᠡᠷᠡᠭᠵᠢᠭᠦᠯᠦᠭᠳᠡᠭᠰᠡᠨ ᠦᠷ᠎ᠡ ᠳ᠋ᠦ᠋ᠶᠢᠩ ᠪᠣᠯᠣᠨ ᠨᠥᠬᠦᠪᠦᠷᠢ ᠬᠦᠷᠲᠡᠬᠦ ᠡᠲᠡᠭᠡᠳ ᠵᠡᠷᠭᠡ ᠶᠢ ᠨᠡᠶᠢᠲᠡ ᠳᠤ ᠵᠠᠷᠯᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠤ ᠨᠢᠭᠡᠳᠦᠯᠲᠡᠢ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠲᠣᠰᠬᠤᠨ ᠤ ᠶᠠᠪᠤᠳᠠᠯ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠴᠠᠭ᠎ᠠ ᠲᠣᠰᠬᠤᠨ ᠤ ᠠᠯᠪᠠᠨ ᠵᠠᠷ ᠤᠨ ᠨᠡᠶᠢᠲᠡ ᠳᠤ ᠵᠠᠷᠯᠠᠬᠤ ᠳᠦᠷᠢᠮ ᠢ ᠥᠷᠬᠦᠯᠵᠢᠯᠡᠨ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶      ᠲᠠᠪᠤ᠂ ᠪᠠᠲᠤᠯᠠᠬᠤ ᠠᠷᠭ᠎ᠠ ᠬᠡᠮᠵᠢᠶ᠎ᠡ      ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠶᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠥᠬᠦ ᠲᠠᠯ᠎ᠠ ᠶᠢᠨ ᠦᠵᠡᠯ ᠤᠬᠠᠮᠰᠠᠷ ᠢ ᠪᠠᠲᠤ ᠪᠣᠢ ᠪᠣᠯᠭᠠᠨ᠂ ᠦᠵᠡᠯ ᠰᠠᠨᠠᠭᠠᠨ ᠤ ᠲᠠᠨᠢᠯᠲᠠ᠂ ᠵᠣᠬᠢᠴᠠᠭᠤᠯᠤᠨ ᠵᠣᠯᠭᠠᠭᠤᠯᠬᠤ ᠪᠠ ᠪᠡᠯᠡ ᠮᠥᠩᠭᠦᠨ ᠤ ᠡᠮᠬᠢᠯᠡᠨ ᠨᠡᠶᠢᠯᠡᠭᠦᠯᠬᠦ ᠪᠦᠬᠦᠨ ᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠵᠠᠰᠠᠭ ᠤᠨ ᠣᠷᠳᠣᠨ ᠨᠢᠭᠡᠳᠦᠯᠲᠡᠢ ᠤᠳᠤᠷᠢᠳᠤᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠣᠷᠣᠯᠴᠠᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠲᠥᠰᠥᠯ ᠲᠣᠭᠲᠠᠭᠠᠵᠤ᠂ ᠬᠠᠷᠠᠯᠲᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠢ ᠨᠠᠶᠢᠳᠠᠪᠤᠷᠢᠵᠢᠭᠤᠯᠬᠤ ᠪᠠᠨ ᠴᠢᠩᠭ᠎ᠠ ᠠᠳᠬᠤᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠵᠢᠯ ᠤᠨ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠤᠳᠤᠷᠢᠳᠬᠤ ᠪᠠᠨ ᠦᠷᠬᠦᠯᠵᠢᠯᠡᠨ ᠴᠢᠩᠭᠠᠳᠬᠠᠨ᠎ᠠ︶      ︵ᠠᠷᠪᠠᠨ ᠳᠣᠯᠤᠭ᠎ᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢᠶᠠᠨ ᠲᠣᠪᠤᠶᠢᠮ᠎ᠠ ᠪᠠᠶᠢᠷᠢᠨ ᠳᠤ ᠲᠠᠯᠪᠢᠵᠤ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠵᠤ ᠥᠭᠬᠦ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢ ᠬᠦᠴᠦᠨ ᠢᠶᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠪᠡᠯᠡ ᠮᠥᠩᠭᠦ᠂ ᠲᠥᠯᠥᠪᠵᠢᠭᠦᠯᠭᠡ ᠪᠣᠯᠣᠨ ᠡᠭᠦᠷᠭᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠᠷ ᠭᠠᠷᠳᠠᠴᠠ ᠪᠣᠯᠭᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢ ᠵᠢᠯᠣᠭᠤᠳᠬᠤ ᠪᠠ ᠳᠡᠮᠵᠢᠬᠦ ᠬᠡᠷᠡᠭᠲᠡᠢ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠶᠢᠨ ᠨᠠᠷᠢᠨ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠬᠤ᠂ ᠵᠣᠬᠢᠰᠲᠠᠢ ᠲᠥᠯᠥᠪᠵᠢᠭᠦᠯᠬᠦ ᠪᠠ ᠨᠠᠷᠢᠯᠢᠬᠵᠢᠭᠤᠯᠤᠨ ᠵᠠᠳᠠᠯᠬᠤ ᠪᠠᠷ ᠬᠠᠷᠠᠯᠲᠠ ᠪᠣᠯᠭᠠᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠪᠠ ᠰᠢᠯᠭᠠᠨ ᠬᠢᠨᠠᠵᠤ ᠦᠨᠡᠯᠡᠬᠦ ᠵᠡᠷᠭᠡ ᠠᠵᠢᠯ ᠢ ᠰᠠᠶᠢᠳᠤᠷ ᠬᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶      ︵ᠠᠷᠪᠠᠨ ᠨᠠᠢᠮᠠ︶ ᠰᠦᠪᠡᠭᠴᠢᠯᠡᠨ ᠰᠢᠨ᠎ᠡ ᠡᠭᠦᠳᠦᠯᠲᠡ ᠬᠢᠬᠦ ᠶᠢ ᠵᠣᠷᠢᠬᠵᠢᠭᠤᠯᠤᠨ᠎ᠠ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠷᠬᠦᠯᠵᠢᠯᠡᠨ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠵᠣᠷᠢᠬᠵᠢᠭᠤᠯᠵᠤ ᠪᠠᠶᠢᠭᠠᠳ ᠠᠵᠢᠯ ᠲᠥᠷᠥᠯ ᠤᠨ ᠲᠤᠳᠤᠭᠠᠳᠤ ᠳᠠᠬᠢ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠬᠢᠭᠡᠳ ᠠᠵᠢᠯ ᠲᠥᠷᠥᠯ ᠤᠨ ᠬᠤᠭᠤᠷᠤᠨᠳᠤᠬᠢ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠬᠦ ᠠᠵᠢᠯ ᠤᠨ ᠰᠡᠳᠬᠢᠮᠵᠢ ᠶᠢ ᠦᠨᠳᠦᠰᠦᠯᠡᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠣᠯᠠᠨ ᠳᠡᠰ ᠱᠠᠲᠤ ᠪᠣᠯᠣᠨ ᠣᠯᠠᠨ ᠬᠡᠯᠪᠡᠷᠢ ᠲᠠᠢ ᠪᠠᠷ ᠥᠷᠨᠢᠭᠦᠯᠵᠦ᠂ ᠣᠳᠣᠬᠢ ᠬᠠᠮᠢᠶᠠᠷᠬᠤ ᠳᠦᠷᠢᠮ ᠤᠨ ᠲᠣᠭᠲᠠᠭᠠᠯ ᠢ ᠰᠢᠪᠲᠤᠯᠤᠨ᠂ ᠬᠠᠮᠢᠶᠠᠷᠬᠤ ᠡᠷᠬᠡ ᠶᠢᠨ ᠬᠡᠪᠴᠢᠶ᠎ᠡ ᠪᠣᠯᠣᠨ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠪᠤᠶᠤ ᠡᠷᠬᠡ ᠣᠯᠭᠤᠬᠤ ᠪᠠᠷ ᠭᠤᠶᠤᠴᠢᠯᠠᠬᠤ ᠬᠡᠷᠡᠭᠲᠡᠢ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠬᠦ ᠳᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦᠨ ᠳᠤ ᠬᠤᠯᠪᠣᠭᠳᠠᠭᠰᠠᠨ ᠪᠠᠶᠢᠪᠠᠯ᠂ ᠲᠦᠢᠯ ᠤᠨ ᠣᠨᠣᠪᠴᠢᠲᠠᠢ ᠪᠠᠷ ᠬᠡᠷᠡᠭᠯᠡᠬᠦ ᠵᠠᠷᠴᠢᠮ ᠢ ᠵᠢᠷᠤᠮᠯᠠᠬᠤ ᠬᠡᠷᠡᠭᠲᠡᠢ᠂ ᠳᠠᠩᠰᠠ ᠺᠠᠷᠲ ᠪᠠᠶᠢᠭᠤᠯᠤᠨᠨᠰᠠᠨ ᠦᠭᠡᠢ ᠶᠠᠳᠠᠭᠤ ᠭᠦᠴᠢᠷᠳᠡᠯᠳᠡᠢ ᠡᠷᠦᠬᠡ ᠪᠣᠯᠣᠨ ᠶᠠᠳᠠᠭᠤ ᠶᠢ ᠲᠡᠳᠬᠦᠬᠦ ᠪᠤᠰᠤ ᠬᠦᠷᠢᠶᠡᠨ ᠳᠤ ᠬᠡᠷᠡᠭᠯᠡᠵᠦ ᠪᠣᠯᠬᠤ ᠦᠭᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ︽ᠲᠣᠮᠣ ᠲᠤᠰᠬᠠᠢ ᠵᠦᠢᠯ + ᠡᠭᠦᠷᠭᠡ ᠶᠢᠨ ᠨᠠᠷᠢᠨ ᠬᠠᠭᠤᠳᠠᠰᠤ︾᠎ ᠲᠠᠢ ᠬᠠᠮᠢᠶᠠᠷᠬᠤ ᠵᠠᠭᠪᠤᠷ ᠢᠶᠠᠷ ᠯᠠᠪᠯᠠᠯᠲᠠ ᠪᠣᠯᠭᠠᠨ᠂ ᠲᠥᠰᠥᠪ ᠨᠠᠶᠢᠷᠠᠭᠤᠯᠤᠨ ᠵᠣᠬᠢᠶᠠᠬᠤ ᠭᠤᠭᠴᠣᠭᠠᠨ ᠳᠠᠬᠢ ᠲᠤᠰ ᠱᠠᠲᠤᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠲᠣᠮᠣ ᠲᠤᠰᠬᠠᠢ ᠵᠦᠢᠯ ᠢ ᠵᠣᠬᠢᠰᠲᠠᠢ ᠪᠠᠶᠢᠷᠢᠯᠠᠭᠤᠯᠵᠤ᠂ ᠲᠥᠪ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠡᠭᠦᠷᠭᠡ ᠶᠢᠨ ᠨᠠᠷᠢᠨ ᠬᠠᠭᠤᠳᠠᠰᠤ ᠲᠠᠢ ᠵᠦᠷᠢᠶᠠᠴᠢᠯᠡᠨ ᠬᠠᠮᠢᠶᠠᠷᠴᠤ ᠪᠣᠯᠣᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠳᠤ ᠵᠠᠯᠭᠠᠪᠠᠷ ᠠᠬᠢᠭᠤᠯᠤᠨ᠎ᠠ︶      ︵ᠠᠷᠪᠠ ᠶᠢᠰᠦ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠠᠬᠢ ᠰᠠᠶᠢᠨ ᠲᠤᠷᠰᠢᠯᠭ᠎ᠠ᠂ ᠰᠠᠶᠢᠨ ᠬᠢᠳᠡᠯ ᠢ ᠬᠢᠨᠠᠮᠠᠭᠠᠢ ᠳ᠋ᠦ᠋ᠶᠢᠩᠨᠡᠬᠦ ᠪᠦᠭᠡᠳ ᠳᠡᠯᠭᠡᠷᠡᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠨ ᠴᠢᠩᠭᠠᠳᠬᠠᠨ᠂ ᠤᠬᠠᠭᠤᠯᠬᠤ ᠶᠢᠨ ᠬᠥᠲᠥᠯᠥᠨ ᠵᠢᠯᠣᠭᠤᠳᠬᠤ ᠴᠢᠨᠠᠷ ᠪᠣᠯᠣᠨ ᠬᠤᠭᠤᠴᠠᠭᠠᠲᠤ ᠦᠢᠯᠡᠳᠦᠯ ᠤᠨ ᠴᠢᠨᠠᠷ ᠢ ᠠᠩᠬᠠᠷᠤᠨ ᠴᠢᠬᠤᠯᠠᠴᠢᠯᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠪᠦᠬᠦ ᠨᠡᠶᠢᠭᠡᠮ ᠢᠶᠠᠷ ᠢᠶᠠᠨ ᠬᠠᠯᠠᠮᠵᠢᠯᠠᠨ ᠳᠡᠮᠵᠢᠭᠰᠡᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map