ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ ᠥᠪᠥᠷ ᠮᠣᠩᠭᠤᠯ ᠤᠨ ᠣᠷᠣᠨ ᠪᠦᠰᠡ ᠶᠢᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2018/12/13
     ᠰᠤᠷᠪᠤᠯᠵᠢᠯᠠᠭᠰᠠᠨ ᠴᠠᠭ᠄       2018 ᠣᠨ ᠤ 11 ᠳ᠋ᠦ᠋ᠭᠡᠷ ᠰᠠᠷ᠎ᠠ ᠶᠢᠨ 20᠎ ᠤ ᠡᠳᠦᠷ ᠤᠨ 10 ᠴᠠᠭ      ᠰᠤᠷᠪᠤᠯᠵᠢᠯᠠᠭ᠎ᠠ ᠬᠦᠯᠢᠶᠡᠭᠴᠢ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ︵ᠲᠢᠩᠬᠢᠮ ᠤᠨ ᠳᠡᠰ︶       ᠭᠤᠤ ᠱᠢ ᠴᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠤᠷᠠᠳᠤᠨ ᠭᠠᠷᠭᠠᠵᠤ᠂ ᠤᠯᠤᠰ ᠤᠨ ᠰᠢᠨ᠎ᠡ ᠴᠠᠭ ᠬᠤᠭᠤᠴᠠᠭᠠᠨ ᠤ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠨᠢ ᠮᠠᠨ ᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ ᠠᠯᠤᠰ ᠬᠡᠳᠦ ᠶᠢᠨ ᠨᠥᠯᠥᠭᠡ ᠦᠵᠡᠭᠦᠯᠬᠦ ᠎ ᠨᠢ ᠵᠠᠶᠢᠯᠠᠰᠢ ᠦᠭᠡᠢ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠱᠢ ᠴᠢᠨ ᠢ ᠤᠷᠢᠵᠤ᠂ ᠥᠪᠥᠷ ᠮᠣᠩᠭᠤᠯ ᠤᠨ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠦᠯᠵᠢᠶᠡᠨ ᠤ ᠠᠨᠳᠠ ᠨᠠᠷ ᠲᠠᠢ ᠰᠦᠯᠵᠢᠶ᠎ᠡ ᠪᠠᠷ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃                             ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠱᠢ ᠴᠢᠨ ᠢ ᠨᠡᠪᠲᠡᠷᠡᠭᠦᠯᠭᠡ ᠶᠢᠨ ᠲᠠᠰᠤᠭ ᠲᠤ ᠤᠷᠢᠵᠤ᠂ ᠰᠢᠨ᠎ᠡ ᠴᠠᠭ ᠬᠤᠭᠤᠴᠠᠭᠠᠨ ᠳᠤ ᠮᠠᠨ ᠤ ᠣᠷᠣᠨ ᠠᠴᠠ ᠲᠥᠪ ᠤᠨ ᠣᠷᠣᠨ ᠪᠦᠰᠡ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠲᠦᠷᠭᠡᠳᠬᠡᠬᠦ ᠬᠤᠯᠪᠣᠭᠳᠠᠯ ᠪᠦᠬᠦᠢ ᠰᠡᠳᠦᠪ ᠤᠨ ᠲᠣᠭᠤᠷᠢᠨ ᠳᠤ᠂ ᠰᠦᠯᠵᠢᠶ᠎ᠡ ᠪᠠᠷ ᠰᠤᠷᠪᠤᠯᠵᠢᠯᠠᠬᠤ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠳᠤ ᠲᠠᠶᠢᠯᠤᠮᠵᠢ ᠬᠢᠯᠭᠡᠬᠦ ᠪᠣᠯᠣᠯ᠎ᠠ᠃ ᠭᠤᠤ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃      ᠭᠤᠤ ᠱᠢ ᠴᠢᠨ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃     ᠬᠥᠲᠥᠯᠥᠭᠴᠢ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠤᠷᠠᠳᠴᠤ᠂ 2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠴᠤ ︽ᠣᠷᠣᠨ ᠪᠦᠰᠡ ᠶᠢ ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠪᠣᠢ ᠪᠣᠯᠭᠠᠬᠤ︾᠎ ᠪᠠᠷ ᠳᠤᠷᠠᠳᠪᠠ᠃ ᠲᠡᠭᠡᠪᠡᠯ ᠤᠯᠤᠰ ᠤᠨ ᠰᠢᠨ᠎ᠡ ᠴᠠᠭ ᠬᠤᠭᠤᠴᠠᠭᠠᠨ ᠤ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠲᠥᠷᠥ ᠶᠢᠨ ᠪᠣᠳᠣᠯᠭ᠎ᠠ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠ ᠣᠨᠴᠠᠯᠢᠭ ᠪᠠᠶᠢᠬᠤ ᠪᠣᠢ︖      ᠭᠤᠤ ᠱᠢ ᠴᠢᠨ᠄      ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠳᠤ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠠᠭᠤᠯᠤᠭᠳᠠᠬᠤᠨ ᠣᠯᠭᠤᠪᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠣᠷᠣᠨ ᠪᠦᠰᠡ ᠶᠢ ᠵᠣᠬᠢᠴᠠᠭᠤᠯᠬᠤ ᠣᠨᠣᠯ ᠳᠠᠬᠢ ᠰᠢᠨ᠎ᠡ ᠡᠭᠦᠳᠦᠯᠲᠡ ᠪᠠ ᠬᠥᠭᠵᠢᠯᠲᠡ ᠪᠣᠯᠣᠨ᠎ᠠ᠃ ᠥᠩᠭᠡᠷᠡᠭᠰᠡᠨ ᠳᠤ ᠪᠢᠳᠡ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠲᠤᠬᠠᠢ ᠶᠠᠷᠢᠬᠤ ᠳᠤ ᠪᠠᠨ᠂ ᠭᠤᠣᠯᠳᠠᠭᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠣᠷᠣᠨ ᠢ ᠮᠠᠨᠳᠤᠭᠤᠯᠬᠤ ᠪᠠ ᠵᠡᠭᠦᠨ ᠬᠡᠰᠡᠭ ᠣᠷᠣᠨ ᠢ ᠬᠥᠭᠵᠢᠭᠦᠯᠬᠦ ᠶᠢ ᠵᠢᠭᠠᠵᠤ ᠪᠠᠶᠢᠵᠠᠢ᠃ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠣᠷᠣᠨ ᠢ ᠮᠠᠨᠳᠤᠭᠤᠯᠬᠤ ᠪᠠ ᠵᠡᠭᠦᠨ ᠬᠡᠰᠡᠭ ᠢ ᠬᠥᠭᠵᠢᠭᠦᠯᠬᠦ ᠲᠤᠬᠠᠢ ᠳᠠᠬᠢᠨ ᠰᠢᠨ᠎ᠡ ᠱᠠᠭᠠᠷᠳᠠᠯᠭ᠎ᠠ ᠪᠠ ᠠᠭᠤᠯᠤᠭᠳᠠᠬᠤᠨ ᠣᠯᠭᠤᠵᠠᠢ᠃ ᠨᠡᠩ ᠢᠯᠠᠩᠭᠤᠶ᠎ᠠ ᠡᠭᠦᠨ ᠤ ᠰᠠᠭᠤᠷᠢᠨ ᠳᠡᠭᠡᠷ᠎ᠡ᠂ ᠳᠠᠬᠢᠨ ︽ᠨᠢᠭᠡ ᠪᠦᠰᠡ ᠨᠢᠭᠡ ᠵᠠᠮ︾᠎ ᠢ ᠰᠠᠨᠠᠭᠠᠴᠢᠯᠠᠬᠤ᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠭᠤᠯᠤᠨ ᠬᠥᠭᠵᠢᠭᠦᠯᠬᠦ᠂ ᠬᠥᠬᠡ ᠮᠥᠷᠡᠨ ᠤ ᠠᠵᠤ ᠠᠬᠤᠢ ᠶᠢᠨ ᠪᠦᠰᠡ ᠶᠢ ᠪᠦᠲᠦᠭᠡᠨ ᠪᠠᠶᠢᠭᠤᠯᠬᠤ ᠵᠡᠷᠭᠡ ᠶᠢ ᠳᠤᠷᠠᠳᠤᠨ ᠭᠠᠷᠭᠠᠪᠠ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠡᠨᠡ ᠬᠦ ᠤᠬᠠᠭᠳᠠᠬᠤᠨ ᠶᠢ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠨᠡᠩ ᠥᠷᠭᠡᠨ ᠳᠡᠯᠭᠡᠷ ᠢᠶᠠᠷ ᠥᠭᠦᠯᠡᠨ ᠶᠠᠷᠢᠪᠠ᠂ ᠵᠢᠱᠢᠶᠡᠯᠡᠪᠡᠯ ᠬᠤᠲᠠ ᠬᠥᠳᠡᠭᠡ ᠶᠢ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠬᠤ ᠭᠡᠬᠦ ᠮᠡᠲᠦ᠃ ᠮᠠᠨ ᠤ ᠣᠷᠣᠨ ᠠᠴᠠ ᠠᠪᠴᠤ ᠦᠵᠡᠪᠡᠯ᠂ ᠵᠢᠱᠢᠶᠡᠯᠡᠪᠡᠯ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠠᠮᠵᠢᠯᠴᠠᠨ ᠠᠵᠢᠯᠯᠠᠬᠤ᠂ ᠵᠡᠭᠦᠨ ᠬᠤᠶᠢᠲᠤ ᠣᠷᠣᠨ ᠪᠠ ᠥᠪᠥᠷ ᠮᠣᠩᠭᠤᠯ ᠵᠡᠭᠦᠨ ᠬᠡᠰᠡᠭ ᠤᠨ ᠬᠤᠭᠤᠷᠣᠨᠳᠤᠬᠢ ᠮᠤᠵᠢ ᠬᠢᠭᠡᠳ ᠮᠤᠵᠢ ᠶᠢᠨ ᠬᠠᠮᠵᠢᠯᠴᠠᠨ ᠠᠵᠢᠯᠯᠠᠬᠤ᠂ ᠬᠥᠬᠡᠬᠤᠲᠠ ᠪᠤᠭᠤᠲᠤ ᠣᠷᠳᠣᠰ ᠤᠨ ᠵᠣᠬᠢᠴᠠᠯᠳᠤᠨ ᠬᠥᠭᠵᠢᠬᠦ ᠵᠡᠷᠭᠡ ᠨᠢ ᠪᠦᠷ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠠᠢ ᠳᠤ ᠬᠠᠷᠢᠶᠠᠯᠠᠭᠳᠠᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠲᠤᠬᠠᠢ ᠥᠭᠦᠯᠡᠯᠲᠡ ᠪᠠ ᠱᠠᠭᠠᠷᠳᠠᠯᠭ᠎ᠠ ᠶᠢ ᠨᠡᠩ ᠪᠠᠶᠠᠯᠢᠭ᠂ ᠨᠡᠩ ᠰᠢᠨᠵᠢᠯᠡᠬᠦ ᠤᠬᠠᠭᠠᠨᠴᠢ᠂ ᠨᠡᠩ ᠰᠢᠰᠲ᠋ᠧᠮ ᠲᠠᠢ ᠪᠣᠯᠭᠠᠵᠤ᠂ ᠮᠠᠨ ᠤ ᠤᠯᠤᠰ ᠤᠨ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠭ᠎ᠠ ᠵᠥᠷᠢᠴᠡᠯ ᠳᠤ ᠴᠢᠭᠯᠡᠭᠦᠯᠦᠨ ᠰᠢᠢᠳᠪᠦᠷᠢᠯᠡᠬᠦ ᠳᠤ ᠨᠡᠩ ᠴᠢᠭᠯᠡᠯᠲᠦ ᠴᠢᠨᠠᠷᠲᠠᠢ ᠲᠠᠢ ᠪᠣᠯᠭᠠᠵᠠᠢ᠃     ᠬᠥᠲᠥᠯᠥᠭᠴᠢ᠄     ᠲᠡᠭᠡᠪᠡᠯ ᠤᠯᠤᠰ ᠤᠨ ᠣᠷᠣᠨ ᠪᠦᠰᠡ ᠶᠢ ᠬᠥᠭᠵᠢᠭᠦᠯᠬᠦ ᠰᠢᠨ᠎ᠡ ᠪᠠᠶᠢᠯᠳᠤᠬᠤ ᠪᠣᠳᠣᠯᠭ᠎ᠠ ᠨᠢ ᠮᠠᠨ ᠤ ᠣᠷᠣᠨ ᠤ ᠦᠢᠯᠡᠳᠪᠦᠷᠢᠯᠡᠯ ᠳᠤ ᠶᠠᠮᠠᠷ ᠨᠥᠯᠥᠭᠡ ᠦᠵᠡᠭᠦᠯᠬᠦ ᠪᠣᠢ︖     ᠭᠤᠤ ᠱᠢ ᠴᠢᠨ᠄     ᠤᠯᠤᠰ ᠤᠨ ᠣᠷᠣᠨ ᠪᠦᠰᠡ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠨᠢ ᠮᠠᠨ ᠤ ᠣᠷᠣᠨ ᠳᠤ ᠠᠪᠴᠤ ᠬᠡᠯᠡᠪᠡᠯ᠂ ᠮᠠᠰᠢ ᠴᠢᠩᠭ᠎ᠠ ᠴᠢᠭᠯᠡᠯᠲᠦ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠨᠡᠯᠢᠶᠡᠳ ᠶᠡᠭᠡ ᠨᠥᠯᠥᠭᠡ ᠎ ᠲᠠᠢ ᠪᠠᠶᠢᠳᠠᠭ᠃ ᠨᠢᠭᠡ ᠳᠤ᠂ ︽ᠬᠠᠭᠤᠴᠢᠨ᠂ ᠴᠥᠭᠡᠨ ᠲᠣᠭᠠᠲᠤ ᠦᠨᠳᠦᠰᠦᠲᠡᠨ ᠤ᠂ ᠬᠢᠯᠢ ᠬᠢᠵᠠᠭᠠᠷ ᠤᠨ᠂ ᠶᠠᠳᠠᠭᠤ ᠬᠦᠴᠢᠷᠲᠡᠢ︾ ᠭᠠᠵᠠᠷ ᠣᠷᠣᠨ ᠳᠠᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠦᠨᠳᠦᠰᠦᠲᠡᠨ ᠤ ᠣᠷᠣᠨ ᠪᠣᠯᠬᠤ ᠪᠠᠷ ᠪᠠᠷᠠᠬᠤ ᠦᠭᠡᠢ᠂ ᠬᠢᠯᠢ ᠬᠢᠵᠠᠭᠠᠷ ᠤᠨ ᠭᠠᠵᠠᠷ ᠣᠷᠣᠨ ᠪᠠᠶᠢᠵᠤ᠂ ᠬᠤᠪᠢᠰᠬᠠᠯ ᠤᠨ ᠮᠠᠰᠢ ᠣᠯᠠᠨ ᠬᠠᠭᠤᠴᠢᠨ ᠣᠷᠣᠨ ᠪᠠᠶᠢᠬᠤ ᠪᠠᠷ ᠪᠠᠷᠠᠬᠤ ᠦᠭᠡᠢ᠂ ᠮᠠᠰᠢ ᠣᠯᠠᠨ ᠶᠠᠳᠠᠭᠤ ᠬᠦᠴᠢᠷᠲᠡᠢ ᠰᠢᠶᠠᠨ ᠪᠠᠶᠢᠳᠠᠭ᠃ ᠮᠠᠨ ᠤ ᠣᠷᠣᠨ ᠳᠤ ᠬᠢᠯᠢ ᠶᠢᠨ ᠬᠤᠰᠢᠭᠤ ᠰᠢᠶᠡᠨ ᠬᠤᠲᠠ 19 ᠪᠠᠶᠢᠵᠤ᠂ ᠬᠢᠯᠢ ᠶᠢᠨ ᠱᠤᠭᠤᠮ ᠨᠢ 4200 ᠺᠢᠯᠣᠮᠧᠲᠷ ᠪᠠᠶᠢᠳᠠᠭ᠃ ᠤᠯᠤᠰ ᠤᠨ ᠳᠡᠰ ᠤᠨ ᠶᠠᠳᠠᠭᠤ ᠬᠦᠴᠢᠷᠲᠡᠢ ᠰᠢᠶᠠᠨ 31᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠲᠡᠢ ᠰᠢᠶᠡᠨ 26᠂ ᠬᠤᠪᠢᠰᠬᠠᠯ ᠤᠨ ᠬᠠᠭᠤᠴᠢᠨ ᠬᠤᠰᠢᠭᠤ ᠰᠢᠶᠡᠨ 49 ᠪᠠᠶᠢᠳᠠᠭ᠃ ᠣᠳᠣᠬᠠᠨ ᠳᠤ ᠲᠥᠪ ᠤᠨ ᠱᠠᠭᠠᠷᠳᠠᠯᠭ᠎ᠠ ᠶᠣᠰᠣᠭᠠᠷ᠂ ︽ᠬᠠᠭᠤᠴᠢᠨ᠂ ᠴᠥᠭᠡᠨ ᠲᠣᠭᠠᠲᠤ ᠦᠨᠳᠦᠰᠦᠲᠡᠨ ᠤ᠂ ᠬᠢᠯᠢ ᠬᠢᠵᠠᠭᠠᠷ ᠤᠨ᠂ ᠶᠠᠳᠠᠭᠤ ᠬᠦᠴᠢᠷᠲᠡᠢ︾ ᠭᠠᠵᠠᠷ ᠣᠷᠣᠨ ᠢ ᠲᠦᠷᠭᠡᠳᠬᠡᠨ ᠬᠥᠭᠵᠢᠭᠦᠯᠬᠦ ᠶᠢ ᠪᠦᠬᠦ ᠬᠦᠴᠦᠨ ᠢᠶᠠᠷ ᠳᠡᠮᠵᠢᠬᠦ ᠨᠢ᠂ ᠮᠠᠨ ᠤ ᠣᠷᠣᠨ ᠤ ᠭᠤᠣᠯᠳᠠᠯᠭ᠎ᠠ ᠎ ᠲᠠᠢ ᠠᠵᠢᠯ ᠤᠨ ᠨᠢᠭᠡ ᠪᠣᠯᠣᠨ᠎ᠠ᠃ ᠬᠤᠶᠠᠷ ᠲᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠢᠨ᠎ᠡ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ᠎ᠡ᠃ ᠡᠮᠦᠨ᠎ᠡ ᠬᠡᠰᠡᠭ ᠬᠤᠭᠤᠴᠠᠭᠠᠨ ᠳᠤ᠂ ᠶᠡᠷᠦᠩᠬᠡᠢ ᠱᠦᠵᠢ ᠵᠡᠭᠦᠨ ᠬᠤᠶᠢᠲᠤ ᠣᠷᠣᠨ ᠳᠤ ᠰᠢᠨᠵᠢᠯᠡᠨ ᠪᠠᠶᠢᠴᠠᠭᠠᠵᠤ᠂ ᠯᠢᠶᠣᠤᠨᠢᠩ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠠᠷᠢᠯᠴᠠᠭᠠᠨ ᠤ ᠬᠤᠷᠠᠯ ᠢ ᠬᠤᠷᠠᠯᠳᠤᠭᠤᠯᠤᠨ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠦᠬᠦ ᠲᠠᠯ᠎ᠠ ᠪᠠᠶᠢᠷᠢ ᠠᠴᠠ ᠬᠥᠭᠵᠢᠭᠦᠯᠦᠨ ᠮᠠᠨᠳᠤᠭᠤᠯᠬᠤ ᠲᠤᠬᠠᠢ ᠵᠢᠷᠭᠤᠭᠠᠨ ᠵᠦᠢᠯ ᠤᠨ ᠱᠠᠭᠠᠷᠳᠠᠯᠭ᠎ᠠ ᠳᠤᠷᠠᠳᠴᠠᠢ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠨᠢᠭᠡ ᠡᠭᠡᠯᠵᠢ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠪᠡᠭᠡᠵᠢᠩ ᠳᠤ ᠬᠤᠷᠠᠯᠳᠤᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠲᠤᠬᠠᠢ ᠮᠠᠰᠢ ᠣᠯᠠᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠮᠠᠨ ᠤ ᠣᠷᠣᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠬᠤ ᠪᠠᠷ ᠪᠠᠷᠠᠬᠤ ᠦᠭᠡᠢ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠳᠠᠭ ᠪᠣᠯᠬᠤᠷ᠂ ᠬᠤᠶᠠᠷ ᠵᠦᠢᠯ ᠤᠨ ᠲᠥᠷᠥ ᠶᠢᠨ ᠪᠣᠳᠣᠯᠭ᠎ᠠ ᠶᠢᠨ ᠳᠠᠪᠬᠤᠷᠳᠠᠯ ᠨᠢ ᠮᠠᠨ ᠤ ᠣᠷᠣᠨ ᠳᠤ ᠨᠡᠯᠢᠶᠡᠳ ᠶᠡᠭᠡ ᠨᠥᠯᠥᠭᠡ ᠦᠵᠡᠭᠦᠯᠬᠦ ᠪᠣᠯᠣᠨ᠎ᠠ᠃ ᠭᠤᠷᠪᠠ ᠳᠤ᠂ ᠬᠤᠲᠠ ᠶᠢᠨ ᠪᠦᠯᠦᠭᠯᠡᠯ ᠢᠶᠠᠷ ᠭᠤᠣᠯ ᠴᠣᠭᠴᠠ ᠪᠣᠯᠭᠠᠨ᠂ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢ ᠵᠣᠬᠢᠴᠠᠩᠭᠤᠢ ᠪᠠᠷ ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠪᠣᠢ ᠪᠣᠯᠭᠠᠨ᠎ᠠ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨᠰᠢ᠂ ᠪᠠᠷᠠᠭᠤᠨᠰᠢ᠂ ᠡᠮᠦᠨᠡᠰᠢ᠂ ᠤᠮᠠᠷᠠᠰᠢ ᠠᠯᠭᠠᠰᠠᠴᠠ ᠨᠢ ᠶᠡᠭᠡ ᠪᠠᠶᠢᠵᠤ᠂ ᠲᠥᠪ ᠬᠤᠲᠠ ᠶᠢᠨ ᠳᠡᠭᠡᠷ᠎ᠡ ᠵᠢᠵᠢᠭ ᠬᠤᠲᠠ ᠶᠢ ᠨᠡᠮᠡᠭᠰᠡᠨ ᠬᠤᠲᠠ ᠶᠢᠨ ᠪᠦᠯᠦᠭᠯᠡᠯ ᠳᠤ ᠲᠦᠰᠢᠭᠯᠡᠵᠦ ᠳᠠᠶᠢᠴᠢᠯᠠᠬᠤ ᠨᠢ ᠮᠠᠰᠢ ᠴᠢᠬᠤᠯᠠ ᠪᠠᠶᠢᠳᠠᠭ᠃ ᠵᠢᠱᠢᠶᠡᠯᠡᠪᠡᠯ᠂ ᠮᠠᠨ ᠤ ᠣᠷᠣᠨ ᠤ ᠵᠡᠭᠦᠨ ᠬᠡᠰᠡᠭ ᠭᠠᠵᠠᠷ ᠣᠷᠣᠨ ᠨᠢ᠂ ᠵᠡᠭᠦᠨ ᠬᠤᠶᠢᠲᠤ ᠶᠢᠨ ᠭᠤᠷᠪᠠᠨ ᠮᠤᠵᠢ ᠪᠠᠷ ᠲᠦᠰᠢᠭ ᠪᠣᠯᠭᠠᠨ᠂ ᠬᠠᠷᠪᠢᠨ ᠠᠴᠠ ᠳ᠋ᠠᠯᠢᠶᠠᠨ ᠬᠦᠷᠲᠡᠯᠡᠬᠢ ᠲᠥᠪ ᠬᠤᠲᠠ ᠶᠢ ᠠᠰᠢᠭᠯᠠᠵᠤ᠂ ᠮᠠᠨ ᠤ ᠣᠷᠣᠨ ᠤ ᠡᠷᠭᠢᠨ ᠲᠣᠭᠤᠷᠢᠨ ᠤ ᠠᠶᠢᠮᠠᠭ ᠬᠤᠲᠠ ᠶᠢ ᠨᠥᠯᠥᠭᠡᠯᠡᠨ ᠳᠠᠶᠢᠴᠢᠯᠠᠬᠤ ᠬᠡᠷᠡᠭᠲᠡᠢ᠃ ᠪᠠᠷᠠᠭᠤᠨ ᠲᠠᠯ᠎ᠠ ᠠᠴᠠ ᠠᠪᠴᠤ ᠬᠡᠯᠡᠪᠡᠯ᠂ ᠬᠥᠬᠡᠬᠤᠲᠠ ᠪᠤᠭᠤᠲᠤ ᠣᠷᠳᠣᠰ ᠤᠨ ᠬᠥᠭᠵᠢᠯᠲᠡ ᠶᠢᠨ ᠰᠠᠭᠤᠷᠢ ᠨᠢ ᠨᠡᠯᠢᠶᠡᠳ ᠰᠠᠶᠢᠨ ᠪᠠᠶᠢᠵᠤ᠂ ᠬᠥᠷᠰᠢ ᠵᠡᠷᠭᠡᠯᠡᠳᠡᠭᠡ ᠬᠤᠲᠠ ᠯᠤᠭ᠎ᠠ ᠵᠣᠬᠢᠴᠠᠯᠳᠤᠭᠤᠯᠤᠨ ᠬᠥᠭᠵᠢᠭᠦᠯᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠪᠠᠷᠠᠭᠤᠨ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠳᠠᠶᠢᠴᠢᠯᠠᠨ᠎ᠠ᠃ ᠮᠠᠨ ᠤ ᠣᠷᠣᠨ ᠵᠡᠭᠦᠨ ᠲᠠᠯ᠎ᠠ ᠪᠠᠷ ᠢᠶᠠᠨ ᠵᠡᠭᠦᠨ ᠬᠤᠶᠢᠲᠤ ᠶᠢᠨ ᠲᠥᠪ ᠬᠤᠲᠠ ᠪᠠᠷ ᠲᠦᠰᠢᠭ ᠪᠣᠯᠭᠠᠨ᠂ ᠬᠤᠶᠢᠲᠤ ᠲᠠᠯ᠎ᠠ ᠪᠠᠷ ᠢᠶᠠᠨ ᠣᠷᠣᠰ᠂ ᠮᠣᠩᠭᠤᠯ ᠲᠡᠶᠢᠰᠢ ᠨᠡᠭᠡᠭᠡᠯᠲᠡ ᠬᠢᠵᠦ᠂ ᠡᠮᠦᠨ᠎ᠡ ᠲᠠᠯ᠎ᠠ ᠳᠤ ᠨᠢ ᠬᠤᠸᠠᠪᠧᠢ ᠣᠷᠣᠨ ᠪᠠᠶᠢᠵᠤ᠂ ᠬᠤᠲᠠ ᠶᠢᠨ ᠪᠦᠯᠦᠭᠯᠡᠯ ᠤᠨ ᠨᠥᠯᠥᠭᠡᠯᠡᠬᠦ ᠪᠠ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠬᠤ ᠨᠢ᠂ ᠮᠠᠨ ᠤ ᠣᠷᠣᠨ ᠤ ᠣᠷᠣᠨ ᠪᠦᠰᠡ ᠶᠢᠨ ᠬᠥᠭᠵᠢᠯᠲᠡ ᠳᠤ ᠮᠠᠰᠢ ᠶᠡᠭᠡ ᠨᠥᠯᠥᠭᠡ ᠦᠵᠡᠭᠦᠯᠬᠦ ᠪᠣᠯᠣᠨ᠎ᠠ᠃ ᠳᠥᠷᠪᠡ ᠳᠤ᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠩᠭᠤᠢ ᠪᠠᠷ ᠬᠥᠭᠵᠢᠭᠦᠯᠦᠨ᠎ᠡ᠃ ᠮᠠᠨ ᠤ ᠣᠷᠣᠨ ᠾᠧᠪᠧᠢ ᠮᠤᠵᠢ ᠲᠠᠢ ᠬᠥᠷᠰᠢᠯᠡᠨ᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠩᠭᠤᠢ ᠪᠠᠷ ᠬᠥᠭᠵᠢᠭᠦᠯᠬᠦ ᠶᠢᠨ ᠠᠵᠤ ᠦᠢᠯᠡᠰ ᠤᠨ ᠰᠢᠯᠵᠢᠯᠲᠡ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠨᠢ ᠪᠦᠷ ᠮᠠᠨ ᠤ ᠣᠷᠣᠨ ᠳᠤ ᠨᠥᠯᠥᠭᠡᠯᠡᠨ ᠳᠠᠶᠢᠴᠢᠯᠠᠬᠤ ᠦᠢᠯᠡᠳᠦᠯ ᠦᠵᠡᠭᠦᠯᠬᠦ ᠪᠣᠯᠣᠨ᠎ᠠ᠃ ᠶᠡᠷᠦᠩᠬᠡᠶᠢᠯᠡᠪᠡᠯ᠂ ᠤᠯᠤᠰ ᠤᠨ ᠣᠷᠣᠨ ᠪᠦᠰᠡ ᠶᠢ ᠬᠥᠭᠵᠢᠭᠦᠯᠬᠦ ᠰᠢᠨ᠎ᠡ ᠪᠠᠶᠢᠯᠳᠤᠬᠤ ᠪᠣᠳᠣᠯᠭ᠎ᠠ ᠨᠢ ᠬᠤᠪᠢᠰᠬᠠᠯ ᠤᠨ ᠬᠠᠭᠤᠴᠢᠨ ᠣᠷᠣᠨ᠂ ᠪᠠᠷᠠᠭᠤᠨ ᠣᠷᠣᠨ ᠤ ᠶᠡᠭᠡ ᠨᠡᠭᠡᠭᠡᠨ ᠬᠥᠭᠵᠢᠭᠦᠯᠦᠯᠲᠡ᠂ ᠵᠡᠭᠦᠨ ᠬᠡᠰᠡᠭ ᠤᠨ ᠬᠥᠭᠵᠢᠯᠲᠡ ᠮᠠᠨᠳᠤᠯᠲᠠ᠂ ᠳᠤᠮᠳᠠ ᠵᠢᠵᠢᠭ ᠬᠤᠲᠠ ᠳᠠᠬᠢ ᠨᠥᠯᠥᠭᠡ ᠨᠢ  ᠪᠦᠷ ᠮᠠᠨ ᠤ ᠣᠷᠣᠨ ᠤ ᠣᠷᠣᠨ ᠪᠦᠰᠡ ᠶᠢ ᠬᠥᠭᠵᠢᠭᠦᠯᠬᠦ ᠲᠠᠢ ᠰᠢᠭᠤᠳ ᠬᠤᠯᠪᠣᠭ᠎ᠠ ᠲᠠᠢ ᠪᠠᠶᠢᠳᠠᠭ᠃      ᠬᠥᠲᠥᠯᠥᠭᠴᠢ᠄      ᠭᠤᠤ ᠡᠷᠬᠢᠯᠡᠭᠴᠢ ᠶᠢᠨ ᠮᠠᠨ ᠤ ᠣᠷᠣᠨ ᠤ ᠣᠷᠣᠨ ᠪᠦᠰᠡ ᠶᠢ ᠬᠥᠭᠵᠢᠭᠦᠯᠬᠦ ᠪᠣᠳᠠᠲᠤ ᠪᠠᠶᠢᠳᠠᠯ ᠲᠠᠢ ᠬᠤᠯᠪᠣᠵᠤ ᠲᠥᠪ ᠤᠨ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ᠲᠡᠭᠡᠪᠡᠯ᠂ ᠮᠠᠨ ᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠳᠠᠯ ᠨᠢ ᠶᠠᠮᠠᠷ ᠪᠣᠢ︖      ᠭᠤᠤ ᠱᠢ ᠴᠢᠨ᠄      ᠮᠠᠨ ᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠳᠣᠣᠷᠠᠬᠢ ᠬᠤᠶᠠᠷ ᠦᠭᠡ ᠪᠠᠷ ᠳᠥᠭᠦᠮ ᠢᠶᠠᠷ ᠬᠤᠷᠢᠶᠠᠩᠭᠤᠶᠢᠯᠠᠵᠤ ᠪᠣᠯᠣᠨ᠎ᠠ᠃ ᠨᠢᠭᠡ ᠳᠤ᠂ ᠢᠯᠡᠳᠲᠡ ᠰᠠᠶᠢᠵᠢᠷᠠᠪᠠ︔ ᠬᠤᠶᠠᠷ ᠲᠤ᠂ ᠵᠥᠷᠢᠶ᠎ᠡ ᠨᠢ ᠶᠡᠬᠡᠰᠴᠡᠢ᠃ ᠢᠯᠡᠳᠲᠡ ᠰᠠᠶᠢᠷᠠᠪᠠ ᠭᠡᠳᠡᠭ ᠨᠢ ᠳᠠᠷᠤᠢ ᠪᠢᠳᠡ ︽ᠬᠠᠭᠤᠴᠢᠨ᠂ ᠴᠥᠭᠡᠨ ᠲᠣᠭᠠᠲᠤ ᠦᠨᠳᠦᠰᠦᠲᠡᠨ ᠤ᠂ ᠬᠢᠯᠢ ᠬᠢᠵᠠᠭᠠᠷ ᠤᠨ᠂ ᠶᠠᠳᠠᠭᠤ ᠬᠦᠴᠢᠷᠲᠡᠢ︾ ᠭᠠᠵᠠᠷ ᠣᠷᠣᠨ᠂ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠵᠡᠷᠭᠡ ᠲᠠᠯ᠎ᠠ ᠪᠠᠷ ᠢᠯᠡᠳᠲᠡ ᠰᠠᠶᠢᠵᠢᠷᠠᠭᠰᠠᠨ ᠢ ᠵᠢᠭᠠᠵᠤ ᠪᠠᠶᠢᠨ᠎ᠠ᠃ ᠵᠥᠷᠢᠶ᠎ᠡ ᠨᠢ ᠶᠡᠬᠡᠰᠴᠡᠢ ᠭᠡᠳᠡᠭ ᠨᠢ ᠭᠤᠣᠯᠳᠠᠭᠤ ᠬᠤᠶᠠᠷ ᠲᠠᠯ᠎ᠠ ᠪᠠᠷ ᠢᠯᠡᠷᠡᠵᠦ ᠪᠠᠶᠢᠨ᠎ᠠ᠂ ᠨᠢᠭᠡ ᠲᠠᠯ᠎ᠠ ᠪᠠᠷ ᠬᠤᠲᠠ ᠬᠥᠳᠡᠭᠡ ᠶᠢᠨ ᠵᠥᠷᠢᠶ᠎ᠡ ᠶᠡᠬᠡᠰᠴᠡᠢ᠂ ᠨᠥᠭᠦᠭᠡ ᠲᠠᠯ᠎ᠠ ᠪᠠᠷ ᠵᠡᠭᠦᠨ ᠪᠠᠷᠠᠭᠤᠨ ᠬᠡᠰᠡᠭ ᠣᠷᠣᠨ ᠤ ᠵᠥᠷᠢᠶ᠎ᠡ ᠶᠡᠬᠡᠰᠴᠡᠢ᠃ ᠥᠪᠥᠷ ᠮᠣᠩᠭᠤᠯ ᠤᠨ ᠵᠡᠭᠦᠨ ᠬᠡᠰᠡᠭ ᠣᠷᠣᠨ ᠤ ᠬᠥᠮᠥᠨ ᠠᠮᠠ᠂ ᠭᠠᠵᠠᠷ ᠰᠢᠷᠣᠢ ᠨᠢ ᠪᠦᠷ ᠪᠦᠬᠦ ᠥᠪᠡᠷᠲᠡᠭᠡᠨ ᠵᠠᠰᠠᠬᠤ ᠣᠷᠣᠨ ᠤ 50%᠎ ᠠᠴᠠ ᠳᠡᠭᠡᠭᠰᠢᠬᠢ ᠶᠢ ᠡᠵᠡᠯᠡᠵᠦ᠂ ᠵᠠᠷᠢᠮ ᠎ ᠨᠢ 56%᠎ ᠶᠢ ᠡᠵᠡᠯᠡᠵᠦ ᠪᠠᠶᠢᠨ᠎ᠠ᠂ ᠭᠡᠪᠡᠴᠦ GDP᠎ ᠨᠢ ᠵᠥᠪᠬᠡᠨ ᠪᠦᠬᠦ ᠣᠷᠣᠨ ᠤ 30%᠎ ᠶᠢ ᠡᠵᠡᠯᠡᠵᠦ᠂ ᠡᠳ᠋ ᠤᠨ ᠵᠠᠰᠠᠭ ᠤᠨ ᠣᠷᠣᠯᠭ᠎ᠠ ᠨᠢ ᠵᠥᠪᠬᠡᠨ ᠪᠦᠬᠦ ᠣᠷᠣᠨ ᠤ 20%᠎ ᠶᠢ ᠯᠡ ᠡᠵᠡᠯᠡᠵᠦ ᠪᠠᠶᠢᠨ᠎ᠠ᠃ ᠬᠥᠮᠥᠨ ᠪᠦᠷᠢ ᠳᠤ ᠲᠡᠭᠰᠢᠳᠬᠡᠭᠰᠡᠨ ᠦᠢᠯᠡᠳᠪᠦᠷᠢᠯᠡᠯ ᠤᠨ ᠶᠡᠷᠦᠩᠬᠡᠢ ᠥᠷᠲᠡᠭ ︵ᠲᠤᠬᠠᠶᠢᠯᠠᠪᠠᠯ ᠬᠥᠮᠥᠨ ᠪᠦᠷᠢ ᠳᠤ ᠲᠡᠭᠰᠢᠳᠬᠡᠭᠰᠡᠨ GDP︶᠂ ᠮᠠᠯᠴᠢᠨ ᠲᠠᠷᠢᠶᠠᠴᠢᠳ ᠤᠨ ᠴᠡᠪᠡᠷ ᠣᠷᠣᠯᠭ᠎ᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤᠶᠢᠴᠠ ᠣᠷᠣᠯᠭ᠎ᠠ ᠪᠠ ᠡᠳ᠋ ᠤᠨ ᠵᠠᠰᠠᠭ ᠤᠨ ᠣᠷᠣᠯᠭ᠎ᠠ ᠵᠡᠷᠭᠡ ᠳᠥᠷᠪᠡᠨ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠠᠴᠠ ᠠᠪᠴᠤ ᠦᠵᠡᠪᠡᠯ᠂ ᠪᠠᠷᠠᠭᠤᠨ ᠬᠡᠰᠡᠭ ᠣᠷᠣᠨ ᠬᠢᠭᠡᠳ ᠵᠡᠭᠦᠨ ᠬᠡᠰᠡᠭ ᠣᠷᠣᠨ ᠤ ᠬᠠᠮᠤᠭ ᠤᠨ ᠶᠡᠭᠡ ᠵᠥᠷᠢᠶ᠎ᠡ ᠨᠢ 6.6 ᠳᠠᠬᠢᠨ᠂ 11.65 ᠳᠠᠬᠢᠨ᠂ 1.96 ᠳᠠᠬᠢᠨ ᠪᠠ 1.69 ᠳᠠᠬᠢᠨ ᠳᠤ ᠬᠦᠷᠪᠡ᠃ ᠶᠡᠷᠦᠩᠬᠡᠢ ᠳᠤ ᠨᠢ ᠠᠪᠴᠤ ᠦᠵᠡᠪᠡᠯ᠂ ᠰᠠᠶᠢᠵᠢᠷᠠᠯᠲᠠ ᠲᠠᠢ ᠪᠣᠯᠪᠠᠴᠤ ᠵᠥᠷᠢᠶ᠎ᠡ ᠨᠢ ᠮᠥᠨ ᠶᠡᠬᠡᠰᠴᠦ ᠪᠠᠶᠢᠨ᠎ᠠ᠃      ᠬᠥᠲᠥᠯᠥᠭᠴᠢ᠄      ᠶᠠᠭᠤᠨ ᠤ ᠤᠴᠢᠷ ᠠᠴᠠ ᠡᠳᠡᠭᠡᠷ ᠠᠰᠠᠭᠤᠳᠠᠯ ᠡᠭᠦᠰᠦᠭᠰᠡᠨ ᠪᠣᠢ︖      ᠭᠤᠤ ᠱᠢ ᠴᠢᠨ᠄      ᠮᠠᠨ ᠤ ᠣᠷᠣᠨ ᠤ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠳᠠᠯ ᠢ ᠪᠣᠢ ᠪᠣᠯᠭᠠᠭᠰᠠᠨ ᠰᠢᠯᠲᠠᠭᠠᠨ ᠳᠤ ᠪᠣᠳᠠᠲᠠᠢ ᠪᠠᠷ ᠵᠠᠳᠠᠯᠤᠯᠲᠠ ᠬᠢᠪᠡᠯ ᠮᠠᠰᠢ ᠣᠯᠠᠨ ᠰᠢᠯᠲᠠᠭᠠᠨ ᠪᠠᠶᠢᠳᠠᠭ᠃ ᠵᠢᠱᠢᠶᠡᠯᠡᠪᠡᠯ ᠲᠡᠦᠬᠡ ᠬᠥᠮᠥᠨ ᠰᠣᠶᠣᠯ᠂ ᠭᠠᠵᠠᠷ ᠵᠦᠢ ᠶᠢᠨ ᠨᠥᠬᠦᠴᠡᠯ᠂ ᠪᠠᠶᠢᠭᠠᠯᠢ ᠶᠢᠨ ᠣᠷᠴᠢᠨ ᠲᠣᠭᠤᠷᠢᠨ᠂ ᠡᠬᠢ ᠪᠠᠶᠠᠯᠢᠭ ᠤᠨ ᠰᠤᠷᠪᠤᠯᠵᠢ᠂ ᠪᠠᠶᠢᠭᠤᠯᠤᠯ ᠲᠣᠭᠲᠠᠴᠠ ᠭᠡᠬᠦ ᠮᠡᠲᠦ ᠶᠢᠨ ᠠᠰᠠᠭᠤᠳᠠᠯ ᠪᠠᠶᠢᠵᠤ᠂ ᠬᠡᠷᠪᠡ ᠨᠢᠭᠡ ᠨᠢᠭᠡ ᠪᠠᠷ ᠵᠠᠳᠠᠯᠤᠯᠲᠠ ᠬᠢᠪᠡᠯ᠂ ᠨᠡᠯᠢᠶᠡᠳ ᠣᠯᠠᠨ ᠵᠦᠢᠯ ᠤᠨ ᠦᠨᠡᠨ ᠪᠣᠳᠠᠲᠠᠢ ᠰᠢᠯᠲᠠᠭᠠᠨ ᠢ ᠶᠠᠷᠢᠨ ᠭᠠᠷᠭᠠᠵᠤ ᠪᠣᠯᠣᠨ᠎ᠠ᠃ ᠭᠡᠲᠡᠯ᠎ᠡ ᠰᠢ ᠶᠡᠷᠦᠩᠬᠡᠢ ᠱᠦᠵᠢ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠠᠷᠢᠬᠤ ᠦᠶ᠎ᠡ ᠳᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠤᠭ ᠤᠨ ᠭᠤᠣᠯ᠂ ᠬᠠᠮᠤᠭ ᠤᠨ ᠦᠨᠳᠦᠰᠦᠨ ᠠᠰᠠᠭᠤᠳᠠᠯ ᠪᠣᠯ ᠪᠠᠶᠢᠭᠤᠯᠤᠯ ᠲᠣᠭᠲᠠᠴᠠ ᠶᠢᠨ ᠠᠰᠠᠭᠤᠳᠠᠯ ᠪᠠᠶᠢᠵᠤ᠂ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠭᠠᠷᠬᠤ ᠵᠠᠮ ᠨᠢ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ ᠭᠡᠵᠡᠢ᠃ ᠶᠡᠷᠦᠩᠬᠡᠢ ᠱᠦᠵᠢ ᠶᠢᠨ ᠡᠨᠡ ᠬᠤᠶᠠᠷ ᠲᠠᠯ᠎ᠠ ᠶᠢᠨ ᠱᠠᠭᠠᠷᠳᠠᠯᠭ᠎ᠠ ᠪᠠᠷ ᠳᠠᠬᠢᠨ ᠮᠠᠨ ᠤ ᠣᠷᠣᠨ ᠤ ᠵᠡᠭᠦᠨ ᠪᠠᠷᠠᠭᠤᠨ ᠬᠡᠰᠡᠭ ᠣᠷᠣᠨ ᠤ ᠵᠥᠷᠢᠶ᠎ᠡ ᠶᠢᠨ ᠠᠰᠠᠭᠤᠳᠠᠯ ᠢ ᠠᠪᠴᠤ ᠦᠵᠡᠪᠡᠯ᠂ ᠪᠢᠳᠡ ᠳᠠᠷᠤᠢ ᠠᠰᠠᠭᠤᠳᠠᠯ ᠢ ᠰᠢᠢᠳᠪᠦᠷᠢᠯᠡᠬᠦ ᠭᠠᠷᠬᠤ ᠵᠠᠮ ᠢ ᠡᠷᠢᠵᠦ ᠣᠯᠵᠤ ᠪᠣᠯᠣᠨ᠎ᠠ᠃ ᠨᠢᠭᠡ ᠲᠠᠯ᠎ᠠ ᠪᠠᠷ ᠣᠷᠳᠣᠰ ᠬᠤᠲᠠ ᠪᠠᠷ ᠲᠥᠯᠥᠭᠡᠯᠡᠭᠴᠢ ᠪᠣᠯᠭᠠᠭᠰᠠᠨ ᠪᠠᠷᠠᠭᠤᠨ ᠬᠡᠰᠡᠭ ᠣᠷᠣᠨ ᠤ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠬᠡᠷᠪᠡ ᠣᠷᠳᠣᠰ ᠲᠤ ᠨᠡᠭᠦᠷᠡᠰᠦ ᠪᠠᠶᠢᠵᠤ᠂ ᠡᠬᠢ ᠪᠠᠶᠠᠯᠢᠭ ᠤᠨ ᠰᠤᠷᠪᠤᠯᠵᠢ ᠨᠢ ᠰᠢᠢᠳᠪᠦᠷᠢᠯᠡᠭᠴᠢ ᠬᠦᠴᠦᠨ ᠵᠦᠢᠯ ᠪᠣᠯᠵᠤ ᠪᠠᠶᠢᠨ᠎ᠠ ᠭᠡᠵᠦ ᠬᠡᠯᠡᠪᠡᠴᠦ᠂ ᠪᠦᠬᠦ ᠤᠯᠤᠰ ᠲᠤ ᠨᠡᠭᠦᠷᠡᠰᠦ ᠲᠠᠢ ᠭᠠᠵᠠᠷ ᠮᠠᠰᠢ ᠣᠯᠠᠨ ᠪᠠᠶᠢᠬᠤ ᠪᠥᠭᠡᠳ ᠨᠡᠭᠦᠷᠡᠰᠦ ᠲᠠᠢ ᠭᠠᠵᠠᠷ ᠪᠣᠯᠭᠠᠨ ᠨᠢ ᠪᠦᠷ ᠣᠷᠳᠣᠰ ᠤᠨ ᠬᠥᠭᠵᠢᠯᠲᠡ ᠰᠢᠭ ᠡᠶᠢᠮᠦ ᠲᠦᠷᠭᠡᠨ ᠪᠢᠰᠢ ᠪᠠᠶᠢᠳᠠᠭ᠃ ᠡᠳᠡᠭᠡᠷ ᠵᠢᠯ ᠤᠳ ᠲᠤ ᠵᠡᠭᠦᠨ ᠪᠠᠷᠠᠭᠤᠨ ᠬᠡᠰᠡᠭ ᠣᠷᠣᠨ ᠤ ᠵᠥᠷᠢᠶ᠎ᠡ ᠢᠳᠡᠭ ᠢᠳᠡᠭ ᠢᠶᠠᠷ ᠶᠡᠬᠡᠰᠴᠦ᠂ ᠬᠥᠬᠡᠬᠤᠲᠠ ᠪᠤᠭᠤᠲᠤ ᠣᠷᠳᠣᠰ ᠢᠶᠠᠷ ᠳᠠᠶᠢᠴᠢᠯᠠᠬᠤ ᠦᠢᠯᠡᠳᠦᠯ ᠪᠦᠬᠦᠢ ᠬᠤᠲᠠ ᠶᠢᠨ ᠪᠦᠯᠦᠭᠯᠡᠯ ᠢ ᠪᠦᠷᠢᠯᠳᠦᠭᠦᠯᠬᠦ ᠳᠤ᠂ ᠵᠥᠪᠬᠡᠨ ᠨᠡᠭᠦᠷᠡᠰᠦ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠭᠰᠡᠨ ᠪᠢᠰᠢ᠃ ᠨᠥᠬᠦᠭᠡ ᠲᠠᠯ᠎ᠠ ᠪᠠᠷ ᠵᠡᠭᠦᠨ ᠬᠡᠰᠡᠭ ᠣᠷᠣᠨ ᠤ ᠬᠥᠭᠵᠢᠯᠲᠡ ᠨᠢ ᠨᠡᠯᠢᠶᠡᠳ ᠤᠳᠠᠭᠠᠨ ᠪᠠᠶᠢᠬᠤ ᠨᠢ᠂ ᠨᠡᠭᠦᠷᠡᠰᠦ ᠶᠢᠨ ᠡᠬᠢ ᠪᠠᠶᠠᠯᠢᠭ ᠪᠠᠶᠢᠬᠤ ᠦᠭᠡᠢ ᠠᠴᠠ ᠪᠣᠯᠵᠤ ᠬᠥᠭᠵᠢᠵᠦ ᠴᠢᠳᠠᠬᠤ ᠦᠭᠡᠢ ᠪᠠᠶᠢᠬᠤ ᠪᠢᠰᠢ᠂ ᠵᠡᠭᠦᠨ ᠬᠡᠰᠡᠭ ᠣᠷᠣᠨ ᠳᠤ ᠮᠥᠨ ᠴᠤ ᠮᠠᠰᠢ ᠣᠯᠠᠨ ᠲᠤᠶᠢᠯ ᠤᠨ ᠬᠤᠪᠣᠷ ᠴᠤᠬᠠᠭ ᠡᠬᠢ ᠪᠠᠶᠠᠯᠢᠭ ᠪᠠᠶᠢᠳᠠᠭ᠃ ᠵᠢᠱᠢᠶᠡᠯᠡᠪᠡᠯ ᠣᠢ ᠰᠢᠭᠤᠢ᠂ ᠲᠠᠯ᠎ᠠ ᠨᠤᠲᠤᠭ᠂ ᠨᠠᠭᠤᠷ ᠴᠥᠭᠦᠷᠥᠮ᠂ ᠨᠤᠭᠤ ᠭᠠᠵᠠᠷ᠂ ᠶᠡᠭᠡ ᠬᠡᠮᠵᠢᠶᠡᠨ ᠤ ᠲᠠᠷᠢᠶᠠᠨ ᠭᠠᠵᠠᠷ᠂ ᠡᠯᠪᠡᠭ ᠳᠡᠯᠪᠡᠭ ᠤᠰᠤᠨ ᠤ ᠡᠬᠢ ᠪᠠᠶᠠᠯᠢᠭ ᠭᠡᠬᠦ ᠮᠡᠲᠦ᠃ ᠡᠶᠢᠮᠦ ᠠᠴᠠ ᠡᠨᠡ ᠨᠢ ᠵᠥᠪᠬᠡᠨ ᠳᠥᠭᠦᠮᠬᠡᠨ ᠡᠬᠢ ᠪᠠᠶᠠᠯᠢᠭ ᠤᠨ ᠠᠰᠠᠭᠤᠳᠠᠯ ᠲᠡᠳᠦᠢ ᠪᠢᠰᠢ᠂ ᠮᠥᠨ ᠴᠤ ᠪᠠᠶᠢᠭᠠᠯᠢ ᠶᠢᠨ ᠨᠥᠬᠦᠴᠡᠯ ᠤᠨ ᠠᠰᠠᠭᠤᠳᠠᠯ ᠪᠢᠰᠢ᠃ ᠬᠡᠷᠪᠡ ᠣᠳᠣᠬᠢ ᠪᠠᠶᠢᠳᠠᠯ ᠢᠶᠠᠷ ᠬᠠᠷᠢᠴᠠᠭᠤᠯᠪᠠᠯ ᠨᠡᠯᠢᠶᠡᠳ ᠣᠯᠠᠨ ᠰᠢᠯᠲᠠᠭᠠᠨ ᠢ ᠶᠠᠷᠢᠨ ᠭᠠᠷᠭᠠᠵᠤ ᠪᠣᠯᠣᠨ᠎ᠠ᠂ ᠭᠡᠲᠡᠯ᠎ᠡ ᠮᠠᠨ ᠤ ᠬᠥᠭᠵᠢᠯᠲᠡ ᠶᠢᠨ ᠠᠮᠵᠢᠯᠲᠠ ᠣᠯᠣᠭᠰᠠᠨ ᠵᠠᠮ ᠳᠤ ᠨᠠᠷᠢᠨ ᠵᠠᠳᠠᠯᠤᠯᠲᠠ ᠬᠢᠪᠡᠯ᠂ ᠦᠨᠳᠦᠰᠦᠨ ᠠᠴᠠ ᠨᠢ ᠠᠪᠴᠤ ᠬᠡᠯᠡᠪᠡᠯ᠂ ᠬᠠᠰᠢ ᠯᠡ ᠶᠡᠷᠦᠩᠬᠡᠢ ᠱᠦᠵᠢ ᠶᠢᠨ ᠬᠡᠯᠡᠭᠰᠡᠨ ᠬᠤᠶᠠᠷ ᠦᠭᠡ ᠪᠠᠷ ᠬᠤᠷᠢᠶᠠᠩᠭᠤᠶᠢᠯᠠᠵᠤ ᠪᠣᠯᠣᠨ᠎ᠠ᠂ ᠲᠤᠬᠠᠶᠢᠯᠠᠪᠠᠯ ᠦᠨᠳᠦᠰᠦᠨ ᠠᠰᠠᠭᠤᠳᠠᠯ ᠨᠢ ᠪᠠᠶᠢᠭᠤᠯᠤᠯ ᠲᠣᠭᠲᠠᠴᠠ ᠶᠢᠨ ᠠᠰᠠᠭᠤᠳᠠᠯ ᠪᠠᠶᠢᠵᠤ᠂ ᠡᠨᠡ ᠬᠦ ᠵᠥᠷᠢᠶ᠎ᠡ ᠶᠢ ᠪᠠᠭᠠᠰᠬᠠᠬᠤ ᠦᠨᠳᠦᠰᠦᠨ ᠠᠷᠭ᠎ᠠ ᠵᠠᠮ ᠨᠢ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ᠃ ᠮᠠᠨ ᠤ ᠣᠷᠣᠨ ᠤ ᠵᠡᠭᠦᠨ ᠬᠡᠰᠡᠭ ᠣᠷᠣᠨ ᠨᠢ ᠪᠣᠳᠠᠲᠤ ᠢᠯᠡᠷᠡᠯ ᠶᠢᠨ ᠲᠠᠯ᠎ᠠ ᠪᠠᠷ᠂ ᠲᠦᠷᠦᠭᠦᠨ ᠤ ᠠᠯᠬᠤᠮ ᠳᠤ ᠳᠠᠷᠤᠢ ᠲᠥᠯᠥᠪᠯᠡᠭᠡᠲᠦ ᠠᠵᠤ ᠠᠬᠤᠢ ᠳᠤ ᠠᠯᠬᠤᠨ ᠣᠷᠣᠭᠰᠠᠨ ᠪᠣᠯᠪᠠᠴᠤ᠂ ᠬᠠᠮᠤᠭ ᠤᠨ ᠡᠴᠦᠰ ᠲᠤ ᠲᠥᠯᠥᠪᠯᠡᠭᠡᠲᠦ ᠠᠵᠤ ᠠᠬᠤᠢ ᠠᠴᠠ ᠪᠤᠴᠠᠨ ᠭᠠᠷᠬᠤ ᠳᠤ ᠴᠤ ᠬᠦᠴᠢᠷ ᠪᠣᠯᠵᠠᠢ᠃ ᠵᠡᠭᠦᠨ ᠬᠡᠰᠡᠭ ᠣᠷᠣᠨ ᠬᠥᠭᠵᠢᠯᠲᠡ ᠪᠠᠨ ᠲᠦᠷᠭᠡᠳᠬᠡᠶ᠎ᠡ ᠭᠡᠪᠡᠯ᠂ ᠬᠠᠮᠤᠭ ᠤᠨ ᠴᠢᠬᠤᠯᠠ ᠨᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠳᠤ ᠲᠦᠰᠢᠭᠯᠡᠵᠦ᠂ ᠵᠠᠬ᠎ᠠ ᠳᠡᠯᠭᠡᠭᠦᠷ ᠤᠨ ᠠᠮᠢᠳᠤ ᠬᠦᠴᠦᠨ ᠢ ᠬᠥᠭᠵᠢᠭᠡᠨ᠂ ᠵᠠᠬ᠎ᠠ ᠳᠡᠯᠭᠡᠭᠦᠷ ᠤᠨ ᠰᠢᠨ᠎ᠡ ᠭᠤᠣᠯ ᠴᠣᠭᠴᠠ ᠶᠢ ᠬᠥᠮᠥᠵᠢᠭᠦᠯᠦᠨ᠂ ᠰᠢᠨ᠎ᠡ ᠬᠥᠳᠡᠯᠭᠡᠭᠴᠢ ᠬᠦᠴᠦᠨ ᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ᠃      ᠬᠥᠲᠥᠯᠥᠭᠴᠢ᠄      ᠭᠤᠤ ᠡᠷᠬᠢᠯᠡᠭᠴᠢ ᠶᠢᠨ ᠵᠠᠳᠠᠯᠤᠯᠲᠠ ᠪᠠ ᠲᠠᠶᠢᠯᠤᠮᠵᠢ ᠮᠠᠰᠢ ᠪᠦᠷᠢᠨ ᠭᠦᠢᠴᠡᠳ ᠪᠠᠶᠢᠨ᠎ᠠ᠃ ᠮᠠᠨ ᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠣᠳᠣᠬᠢ ᠪᠠᠶᠢᠳᠠᠯ ᠳᠤ ᠴᠢᠭᠯᠡᠭᠦᠯᠵᠦ᠂ ᠵᠠᠯᠭᠠᠭᠠᠳ ᠠᠵᠢᠯ ᠢᠶᠠᠨ ᠶᠠᠭᠠᠬᠢᠵᠤ ᠬᠢᠬᠦ ᠪᠣᠢ︖      ᠭᠤᠤ ᠱᠢ ᠴᠢᠨ᠄      ᠣᠳᠣᠬᠠᠨ ᠳᠤ ᠪᠣᠳᠠᠲᠠᠢ ᠪᠠᠷ ᠳᠣᠣᠷᠠᠬᠢ ᠬᠡᠳᠦᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠲᠥᠪ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠬᠦ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠳᠡᠭᠡᠳᠦ ᠱᠠᠲᠤᠨ ᠠᠴᠠ ᠳᠣᠣᠷᠠᠳᠤ ᠱᠠᠲᠤᠨ ᠲᠡᠶᠢᠰᠢ ᠦᠵᠡᠪᠡᠯ᠂ ᠳᠠᠷᠤᠢ ᠲᠥᠪ ᠠᠴᠠ ᠣᠷᠣᠨ ᠨᠤᠲᠤᠭ ᠲᠡᠶᠢᠰᠢ ᠦᠵᠡᠪᠡᠯ᠂ ᠭᠤᠣᠯᠳᠠᠭᠤ ᠲᠡᠩᠴᠡᠭᠦᠷᠢ ᠲᠠᠢ ᠪᠠᠶᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠂ ᠳᠠᠷᠤᠢ ᠬᠥᠭᠵᠢᠭᠰᠡᠨ ᠭᠠᠵᠠᠷ ᠣᠷᠣᠨ ᠪᠠ ᠬᠥᠭᠵᠢᠭᠡᠳᠦᠢ ᠭᠠᠵᠠᠷ ᠣᠷᠣᠨ ᠤ ᠵᠥᠷᠢᠶ᠎ᠡ ᠶᠢ ᠦᠵᠡᠵᠦ᠂ ᠬᠤᠴᠣᠷᠤᠩᠭᠤᠢ ᠭᠠᠵᠠᠷ ᠣᠷᠣᠨ ᠢ ᠬᠤᠴᠣᠷᠤᠭᠤᠯᠵᠤ ᠪᠣᠯᠬᠤ ᠦᠭᠡᠢ᠂ ᠤᠯᠤᠰ ᠠᠴᠠ ᠣᠯᠭᠤᠭᠰᠠᠨ ᠳᠡᠮᠵᠢᠯᠭᠡ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠣᠷᠣᠨ ᠪᠦᠰᠡ ᠶᠢᠨ ᠬᠤᠭᠤᠷᠣᠨᠳᠤ ᠪᠠᠨ ᠬᠠᠷᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠬᠠᠷᠢᠯᠴᠠᠨ ᠬᠠᠪᠰᠤᠷᠤᠯᠴᠠᠬᠤ ᠬᠠᠮᠵᠢᠯᠴᠠᠭ᠎ᠠ ᠠᠴᠠ ᠠᠪᠴᠤ ᠦᠵᠡᠪᠡᠯ᠂ ᠮᠥᠨ ᠴᠤ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠪᠠᠶᠢᠳᠠᠭ᠃ ᠵᠢᠱᠢᠶᠡᠯᠡᠪᠡᠯ ᠵᠡᠭᠦᠨ ᠪᠠᠷᠠᠭᠤᠨ ᠬᠡᠰᠡᠭ ᠣᠷᠣᠨ ᠤ ᠬᠤᠭᠤᠷᠣᠨᠳᠤᠬᠢ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠣᠬᠢᠴᠠᠩᠭᠤᠢ ᠬᠥᠭᠵᠢᠯᠲᠡ ᠳᠤ᠂ ᠬᠠᠷᠢᠯᠴᠠᠨ ᠬᠠᠮᠲᠤᠷᠠᠯᠴᠠᠬᠤ ᠨᠢ ᠮᠥᠨ ᠴᠤ ᠬᠠᠮᠲᠤ ᠪᠠᠷ ᠢᠯᠠᠯᠲᠠ ᠣᠯᠬᠤ ᠦᠷ᠎ᠡ ᠨᠥᠯᠥᠭᠡ ᠶᠢ ᠪᠣᠢ ᠪᠣᠯᠭᠠᠳᠠᠭ᠂ ᠵᠢᠱᠢᠶᠡᠯᠡᠪᠡᠯ ᠵᠠᠮ ᠬᠠᠷᠢᠯᠴᠠᠭᠠᠨ ᠤ ᠪᠡᠯᠡᠳᠬᠡᠮᠵᠢ᠂ ᠬᠠᠮᠲᠤ ᠪᠠᠷ ᠬᠤᠯᠪᠣᠭᠠᠯᠠᠵᠤ ᠬᠠᠮᠲᠤ ᠪᠠᠷ ᠨᠡᠪᠲᠡᠷᠡᠯᠴᠡᠬᠦ᠂ ᠠᠮᠢ ᠠᠬᠤᠢ ᠶᠢ ᠬᠠᠷᠢᠯᠴᠠᠨ ᠬᠠᠮᠠᠭᠠᠯᠠᠬᠤ ᠵᠡᠷᠭᠡ ᠨᠢ᠂ ᠣᠯᠠᠨ ᠳᠤ ᠪᠦᠷ ᠬᠥᠭᠵᠢᠯᠲᠡ ᠶᠢᠨ ᠠᠵᠤ ᠲᠣᠬᠢᠶᠠᠯ ᠢ ᠨᠡᠮᠡᠭᠳᠡᠭᠦᠯᠵᠦ ᠪᠣᠯᠣᠨ᠎ᠠ᠃ ᠬᠥᠭᠵᠢᠭᠡᠳᠦᠢ ᠭᠠᠵᠠᠷ ᠣᠷᠣᠨ ᠤ ᠲᠤᠬᠠᠢ ᠳᠡᠭᠡᠳᠦ ᠱᠠᠲᠤᠨ ᠠᠴᠠ ᠳᠣᠣᠷᠠᠳᠤ ᠱᠠᠲᠤᠨ ᠲᠡᠶᠢᠰᠢ ᠦᠵᠡᠪᠡᠯ᠂ ᠲᠥᠪ ᠢ ᠦᠵᠡᠨ᠂ ᠬᠥᠷᠰᠢ ᠵᠡᠷᠭᠡᠯᠡᠳᠡᠭᠡ ᠭᠠᠵᠠᠷ ᠣᠷᠣᠨ ᠢ ᠦᠵᠡᠵᠦ᠂ ᠡᠷᠬᠡᠪᠰᠢ ᠠᠵᠠ ᠲᠣᠬᠢᠶᠠᠯ ᠤᠨ ᠦᠵᠡᠯ ᠤᠬᠠᠮᠰᠠᠷ ᠪᠠᠶᠢᠬᠤ ᠬᠡᠷᠡᠭᠲᠡᠢ᠃ ᠲᠥᠪ ᠤᠨ ᠲᠥᠷᠥ ᠶᠢᠨ ᠪᠣᠳᠣᠯᠭ᠎ᠠ ᠶᠢ ᠡᠷᠬᠡᠪᠰᠢ ᠰᠠᠶᠢᠲᠤᠷ ᠬᠡᠷᠡᠭᠯᠡᠨ᠂ ᠠᠵᠠ ᠲᠣᠬᠢᠶᠠᠯ ᠢ ᠡᠵᠡᠮᠳᠡᠬᠦ ᠠᠴᠠ ᠪᠢᠰᠢ᠂ ᠬᠦᠯᠢᠶᠡᠨ ᠲᠦᠰᠢᠭᠯᠡᠵᠦ ᠭᠠᠷ ᠰᠤᠩᠭᠠᠵᠤ ᠪᠣᠯᠬᠤ ᠦᠭᠡᠢ᠃ ᠳᠠᠩ ᠴᠣᠯᠭᠤᠢ ᠪᠠᠷ ᠪᠡᠯᠡ ᠮᠥᠩᠭᠦ ᠶᠢ ᠬᠦᠯᠢᠶᠡᠨ᠂ ᠲᠥᠷᠥ ᠶᠢᠨ ᠪᠣᠳᠣᠯᠭ᠎ᠠ ᠶᠢ ᠬᠦᠯᠢᠶᠡᠬᠦ ᠡᠶᠢᠮᠦᠷᠬᠦᠦ ᠦᠵᠡᠯ ᠰᠠᠨᠠᠭ᠎ᠠ ᠪᠠᠷ ᠵᠣᠬᠢᠴᠠᠩᠭᠤᠢ ᠪᠠᠷ ᠬᠥᠭᠵᠢᠭᠦᠯᠬᠦ ᠭᠡᠪᠡᠯ᠂ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠳᠠᠭ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠳᠤ ᠡᠷᠬᠡᠪᠰᠢ ᠭᠠᠳᠠᠭᠠᠳᠤ ᠰᠢᠯᠲᠠᠭᠠᠨ ᠪᠠ ᠳᠣᠲᠣᠭᠠᠳᠤ ᠰᠢᠯᠲᠠᠭᠠᠨ ᠠᠴᠠ ᠰᠢᠢᠳᠪᠦᠷᠢᠯᠡᠬᠦ ᠬᠡᠷᠡᠭᠲᠡᠢ᠂ ᠭᠠᠳᠠᠭᠠᠳᠤ ᠰᠢᠯᠲᠠᠭᠠᠨ ᠨᠢ ᠳᠠᠷᠤᠢ ᠲᠥᠪ ᠤᠨ ᠳᠡᠮᠵᠢᠯᠭᠡ᠂ ᠣᠷᠣᠨ ᠪᠦᠰᠡ ᠶᠢᠨ ᠬᠠᠷᠢᠯᠴᠠᠨ ᠬᠠᠪᠰᠤᠷᠤᠯᠴᠠᠬᠤ ᠪᠠ ᠵᠣᠬᠢᠴᠠᠭᠤᠯᠬᠤ ᠶᠠᠪᠤᠳᠠᠯ ᠪᠣᠯᠣᠨ᠎ᠠ᠃ ᠬᠥᠭᠵᠢᠭᠡᠳᠦᠢ ᠭᠠᠵᠠᠷ ᠣᠷᠣᠨ ᠡᠷᠬᠡᠪᠰᠢ ᠠᠵᠠ ᠳᠣᠬᠢᠶᠠᠯ ᠢ ᠡᠵᠡᠮᠳᠡᠨ᠂ ᠬᠥᠭᠵᠢᠯᠲᠡ ᠶᠢᠨ ᠢᠲᠡᠭᠡᠯ ᠵᠣᠷᠢᠭ ᠢ ᠪᠣᠢ ᠪᠣᠯᠭᠠᠵᠤ᠂ ᠬᠦᠯᠢᠶᠡᠨ ᠲᠦᠰᠢᠭᠯᠡᠵᠦ ᠭᠠᠷ ᠰᠤᠩᠭᠠᠵᠤ ᠪᠣᠯᠬᠤ ᠦᠭᠡᠢ᠃ ᠪᠣᠳᠠᠲᠠᠢ ᠪᠠᠷ ᠳᠣᠣᠷᠠᠬᠢ ᠬᠡᠳᠦᠨ ᠲᠠᠯ᠎ᠠ ᠠᠴᠠ ᠭᠠᠷᠳᠠᠨ ᠬᠢᠬᠦ ᠬᠡᠷᠡᠭᠲᠡᠢ᠃ ᠨᠢᠭᠡ ᠳᠤ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ ᠮᠠᠨ ᠤ ᠣᠷᠣᠨ ᠤ ᠵᠡᠭᠦᠨ ᠬᠡᠰᠡᠭ ᠣᠷᠣᠨ ᠪᠠ ᠵᠡᠭᠦᠨ ᠬᠤᠶᠢᠲᠤ ᠣᠷᠣᠨ ᠨᠢ ᠠᠳᠠᠯᠢᠬᠠᠨ ᠪᠠᠶᠢᠵᠤ᠂ ᠶᠡᠷᠦ ᠶᠢᠨ ᠦᠭᠡᠨ ᠳᠤ ︽ᠪᠡᠯᠡ ᠣᠷᠣᠭᠤᠯᠬᠤ ᠳᠤ ᠱᠠᠨᠠᠭ᠎ᠠ ᠪᠣᠭᠤᠮᠲᠠ ᠶᠢ ᠳᠠᠪᠠᠭ᠋ᠤ ᠦᠭᠡᠢ︾ ᠭᠡᠵᠦ ᠪᠠᠶᠢᠳᠠᠭ᠃ ᠡᠨᠡ ᠪᠣᠯ ᠳᠠᠷᠤᠢ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠤᠨ ᠨᠡᠶᠢᠭᠡᠮ ᠤᠨ ᠬᠦᠰᠡᠯ ᠡᠷᠡᠮᠡᠯᠵᠡᠯ ᠨᠢ ᠥᠨᠳᠥᠷ ᠪᠢᠰᠢ ᠪᠠᠶᠢᠬᠤ ᠶᠢ ᠬᠠᠷᠠᠭᠤᠯᠵᠤ ᠪᠠᠶᠢᠨ᠎ᠠ᠃ ᠪᠢᠳᠡ ᠲᠥᠪ ᠤᠨ ᠲᠥᠷᠥ ᠶᠢᠨ ᠪᠣᠳᠣᠯᠭ᠎ᠠ ᠶᠢ ᠬᠡᠷᠡᠭᠰᠡᠬᠦ ᠦᠭᠡᠢ᠂ ᠭᠠᠵᠠᠷ ᠣᠷᠣᠨ ᠤ ᠡᠬᠢ ᠪᠠᠶᠠᠯᠢᠭ ᠢ ᠬᠡᠷᠡᠭᠰᠡᠬᠦ ᠦᠭᠡᠢ᠂ ᠪᠡᠯᠡ ᠮᠥᠩᠭᠦ ᠶᠢ ᠬᠡᠷᠡᠭᠰᠡᠬᠦ ᠦᠭᠡᠢ ᠴᠤ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠨ ᠰᠠᠶᠢᠵᠢᠷᠠᠭᠤᠯᠵᠤ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ ᠪᠣᠯᠣᠨ᠎ᠠ᠃ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠳᠤ᠂ ᠬᠠᠮᠤᠭ ᠤᠨ ᠴᠢᠬᠤᠯᠠ ᠨᠢ ᠳᠠᠷᠤᠢ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠪᠣᠯᠣᠨ᠎ᠠ᠃ ᠡᠩ ᠲᠡᠷᠢᠭᠦᠨ ᠳᠤ ᠵᠠᠰᠠᠭ ᠤᠨ ᠣᠷᠳᠣᠨ ᠠᠴᠠ ᠠᠵᠤ ᠠᠬᠤᠶᠢᠯᠠᠯ᠂ ᠨᠡᠶᠢᠭᠡᠮ ᠤᠨ ᠬᠠᠤᠯᠢ ᠶᠢᠨ ᠡᠷᠬᠡᠲᠡᠨ᠂ ᠪᠠᠶᠢᠭᠠᠯᠢᠯᠢᠭ ᠬᠥᠮᠥᠨ ᠪᠠ ᠨᠡᠶᠢᠭᠡᠮ ᠳᠤ ᠦᠢᠯᠡᠴᠢᠯᠡᠵᠦ᠂ ᠦᠷ᠎ᠡ ᠠᠰᠢᠭ ᠰᠠᠶᠢᠲᠠᠢ᠂ ᠡᠷᠬᠡ ᠲᠡᠭᠰᠢ᠂ ᠬᠢᠯᠪᠠᠷ ᠳᠥᠭᠦᠮ ᠪᠠᠶᠢᠯᠭᠠᠬᠤ ᠬᠡᠷᠡᠭᠲᠡᠢ᠃ ᠳᠥᠭᠦᠮ ᠢᠶᠠᠷ ᠬᠡᠯᠡᠪᠡᠯ᠂ ᠬᠡᠷᠪᠡ ᠨᠢᠭᠡ ᠭᠠᠵᠠᠷ ᠣᠷᠣᠨ ᠳᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠴᠤ ᠭᠡᠰᠡᠨ᠂ ᠪᠠᠶᠢᠭᠠᠯᠢᠯᠢᠭ ᠬᠥᠮᠥᠨ ᠴᠤ ᠭᠡᠰᠡᠨ᠂ ᠵᠠᠰᠠᠭ ᠤᠨ ᠣᠷᠳᠣᠨ ᠳᠤ ᠣᠴᠢᠵᠤ ᠠᠵᠢᠯ ᠬᠡᠷᠡᠭ ᠭᠦᠢᠴᠡᠳᠬᠡᠬᠦ ᠳᠤ᠂ ᠬᠥᠮᠥᠨ ᠢ ᠭᠤᠶᠤᠬᠤ ᠦᠭᠡᠢ ᠪᠠᠶᠢᠬᠤ ᠶᠢ ᠪᠡᠶᠡᠯᠡᠭᠦᠯᠪᠡᠯ᠂ ᠮᠠᠨ ᠤ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠤᠨ ᠦᠨᠳᠦᠰᠦᠨ ᠠᠰᠠᠭᠤᠳᠠᠯ ᠢ ᠳᠠᠷᠤᠢ ᠰᠢᠢᠳᠪᠦᠷᠢᠯᠡᠴᠢᠬᠡᠭᠰᠡᠨ ᠶᠠᠪᠤᠳᠠᠯ ᠪᠣᠯᠣᠨ᠎ᠠ᠃ ᠬᠤᠴᠣᠷᠤᠩᠭᠤᠢ ᠭᠠᠵᠠᠷ ᠣᠷᠣᠨ ᠤ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠨᠢ ᠣᠯᠠᠩᠬᠢ ᠳᠤ ᠪᠠᠨ ᠠᠵᠢᠯ ᠬᠡᠷᠡᠭ ᠭᠦᠢᠴᠡᠳᠬᠡᠬᠦ ᠳᠤ ᠬᠥᠮᠥᠨ ᠡᠷᠢᠵᠦ᠂ ᠬᠥᠮᠥᠨ ᠡᠷᠢᠬᠦ ᠦᠭᠡᠢ ᠪᠣᠯ ᠠᠵᠢᠯ ᠬᠡᠷᠡᠭ ᠭᠦᠢᠴᠡᠳᠬᠡᠵᠦ ᠳᠡᠶᠢᠯᠬᠦ ᠦᠭᠡᠢ᠂ ᠬᠥᠮᠥᠨ ᠡᠷᠢᠵᠦ ᠠᠵᠢᠯ ᠶᠠᠪᠤᠳᠠᠯ ᠭᠦᠢᠴᠡᠳᠬᠡᠭᠰᠡᠭᠡᠷ ᠳᠠᠷᠤᠢ ᠶᠣᠰᠣ ᠳᠦᠷᠢᠮ ᠢᠶᠠᠷ ᠭᠦᠢᠴᠡᠳᠬᠡᠬᠦ ᠳᠤ ᠪᠡᠷᠬᠡᠲᠡᠢ ᠪᠣᠯᠳᠠᠭ᠃ ᠪᠢᠳᠡ ᠵᠠᠷᠢᠮ ᠬᠥᠭᠵᠢᠭᠰᠡᠨ ᠭᠠᠵᠠᠷ ᠣᠷᠣᠨ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢᠶᠠᠷ ᠰᠠᠶᠢᠨ ᠭᠠᠵᠠᠷ ᠣᠷᠣᠨ ᠳᠤ ᠣᠴᠢᠵᠤ ᠰᠢᠯᠭᠠᠨ ᠪᠠᠶᠢᠴᠠᠭᠠᠳ ᠬᠤᠶᠠᠷ ᠲᠠᠯ᠎ᠠ ᠶᠢᠨ ᠲᠥᠷᠥᠭᠳᠡᠯ ᠣᠯᠵᠠᠢ᠃ ᠨᠢᠭᠡᠳᠦᠭᠡᠷ ᠲᠤ ᠡᠨᠡ ᠬᠦ ᠭᠠᠵᠠᠷ ᠣᠷᠣᠨ ᠳᠤ ᠠᠵᠢᠯ ᠬᠡᠷᠡᠭ ᠭᠦᠢᠴᠡᠳᠬᠡᠬᠦ ᠳᠤ ᠬᠥᠮᠥᠨ ᠡᠷᠢᠬᠦ ᠴᠢᠬᠤᠯᠠ ᠦᠭᠡᠢ᠂ ᠬᠤᠶᠠᠳᠤᠭᠠᠷ ᠲᠤ ᠬᠡᠷᠪᠡ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠬᠥᠮᠥᠨ ᠡᠷᠢᠭᠰᠡᠨ ᠴᠤ ᠬᠡᠷᠡᠭ ᠦᠭᠡᠢ᠃ ᠡᠶᠢᠮᠦᠷᠬᠦᠦ ᠣᠷᠴᠢᠨ ᠨᠥᠬᠦᠴᠡᠯ ᠳᠣᠣᠷ᠎ᠠ᠂ ᠪᠡᠯᠡ ᠣᠷᠣᠭᠤᠯᠤᠭᠴᠢᠳ ᠯᠠᠪᠲᠠᠢ ᠬᠠᠨᠤᠮᠵᠢᠲᠠᠢ ᠪᠠᠶᠢᠳᠠᠭ᠃ ᠡᠨᠡ ᠲᠠᠯ᠎ᠠ ᠪᠠᠷ᠂ ᠪᠢᠳᠡ ᠮᠥᠨ ᠶᠡᠭᠡ ᠬᠡᠮᠵᠢᠶᠡᠨ ᠤ ᠠᠵᠢᠯ ᠬᠢᠬᠦ ᠴᠢᠬᠤᠯᠠᠲᠠᠢ ᠪᠠᠶᠢᠵᠤ᠂ ᠭᠤᠣᠯ ᠴᠢᠬᠤᠯᠠ ᠠᠭᠤᠯᠭ᠎ᠠ ᠨᠢ ᠦᠷ᠎ᠡ ᠪᠦᠲᠦᠮᠵᠢ ᠰᠠᠶᠢᠲᠠᠢ᠂ ᠡᠷᠬᠡ ᠲᠡᠭᠰᠢ᠂ ᠬᠠᠤᠯᠢ ᠴᠠᠭᠠᠵᠠ ᠶᠢ ᠵᠢᠷᠤᠮᠯᠠᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠬᠤᠶᠠᠷ ᠲᠤ᠂ ᠡᠬᠢ ᠪᠠᠶᠠᠯᠢᠭ ᠤᠨ ᠰᠤᠷᠪᠤᠯᠵᠢ ᠳᠤ ᠲᠦᠰᠢᠭᠯᠡᠨ ᠪᠣᠬᠢᠷᠲᠤᠯ ᠦᠭᠡᠢ ᠠᠵᠤ ᠦᠢᠯᠡᠰ ᠢ ᠶᠡᠭᠡ ᠬᠦᠴᠦᠨ ᠢᠶᠠᠷ ᠬᠥᠭᠵᠢᠭᠦᠯᠬᠦ ᠬᠡᠷᠡᠭᠲᠡᠢ᠃ ᠮᠠᠨ ᠤ ᠣᠷᠣᠨ ᠤ ᠵᠡᠭᠦᠨ ᠬᠡᠰᠡᠭ ᠣᠷᠣᠨ ᠤ ᠲᠠᠯ᠎ᠠ ᠨᠤᠲᠤᠭ᠂ ᠣᠢ ᠰᠢᠭᠤᠢ᠂ ᠤᠰᠤᠨ ᠤ ᠡᠬᠢ ᠪᠠᠶᠠᠯᠢᠭ᠂ ᠭᠠᠵᠠᠷ ᠰᠢᠷᠣᠢ ᠶᠢᠨ ᠶᠡᠬᠡᠩᠬᠢ ᠬᠡᠰᠡᠭ ᠨᠢ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠰᠠᠶᠢᠲᠠᠢ ᠪᠠᠶᠢᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠢ ᠪᠠᠶᠢᠭᠤᠯᠵᠤ ᠪᠣᠯᠣᠨ᠎ᠠ᠃ ᠡᠨᠡ ᠵᠢᠯ ᠤᠨ ᠲᠠᠷᠢᠭᠰᠠᠨ 1000 ᠭᠠᠷᠤᠢ ᠲᠦᠮᠡᠨ ᠮᠦ ᠰᠢᠷ᠎ᠠ ᠪᠤᠷᠴᠠᠭ ᠶᠢ ᠪᠠᠭᠲᠠᠭᠠᠭᠰᠠᠨ ᠲᠤᠲᠤᠷᠭ᠎ᠠ᠂ ᠪᠦᠳᠦᠭᠦᠯᠢᠭ ᠠᠮᠤ᠂ ᠡᠷᠳᠡᠨᠢ ᠰᠢᠰᠢ ᠨᠢ ᠪᠦᠷ ᠮᠠᠨ ᠤ ᠳᠠᠪᠠᠭᠤᠯᠢᠭ ᠠᠵᠤ ᠦᠢᠯᠡᠰ ᠪᠠᠶᠢᠵᠤ᠂ ᠰᠢᠯᠢ ᠶᠢᠨ ᠭᠤᠣᠯ ᠠᠶᠢᠮᠠᠭ ᠤᠨ ᠬᠤᠨᠢᠨ ᠮᠢᠬ᠎ᠠ ᠶᠢ ᠪᠠᠭᠲᠠᠭᠠᠭᠰᠠᠨ ᠦᠬᠡᠷ᠂ ᠬᠤᠨᠢ ᠵᠡᠷᠭᠡ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠨᠢ᠂ ᠪᠦᠬᠦ ᠤᠯᠤᠰ ᠲᠤ ᠴᠤ ᠵᠣᠬᠢᠬᠤ ᠨᠡᠷ᠎ᠡ ᠠᠯᠳᠠᠷ ᠲᠠᠢ ᠪᠠᠶᠢᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭ ᠢ ᠰᠠᠶᠢᠲᠤᠷ ᠡᠭᠦᠳᠦᠨ᠂ ᠪᠠᠷᠢᠮᠵᠢᠶᠠᠵᠢᠭᠤᠯᠤᠨ ᠦᠢᠯᠡᠳᠪᠦᠷᠢᠯᠡᠵᠦ᠂ ᠨᠡᠮᠡᠯᠲᠡ ᠥᠷᠲᠡᠭ ᠰᠠᠶᠢᠲᠠᠢ᠂ ᠶᠠᠰᠤ ᠴᠢᠨᠠᠷ ᠪᠠ ᠨᠡᠷᠡᠲᠦ ᠲᠡᠮᠳᠡᠭ ᠨᠢ ᠨᠢᠭᠡᠳᠦᠯᠲᠡᠢ ᠪᠠᠶᠢᠬᠤ ᠶᠢ ᠦᠨᠡᠨ ᠬᠦ ᠭᠦᠢᠴᠡᠳᠬᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠮᠠᠨ ᠤ ᠵᠡᠭᠦᠨ ᠬᠡᠰᠡᠭ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠢᠵᠤ᠂ ᠥᠪᠡᠷ ᠤᠨ ᠭᠡᠰᠡᠨ ᠥᠪᠡᠷᠮᠢᠴᠡ ᠣᠨᠴᠠᠯᠢᠭ ᠲᠠᠢ ᠪᠠᠶᠢᠳᠠᠭ᠂ ᠵᠢᠱᠢᠶᠡᠯᠡᠪᠡᠯ ᠮᠣᠩᠭᠤᠯ ᠬᠢᠲᠠᠳ ᠡᠮ ᠡᠮᠨᠡᠯᠭᠡ ᠨᠢ᠂ ᠵᠡᠭᠦᠨ ᠬᠤᠶᠢᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠡᠮᠴᠢᠯᠡᠭᠡ ᠶᠢᠨ ᠪᠠᠶᠢᠭᠤᠯᠤᠮᠵᠢ᠂ ᠬᠢᠲᠠᠳ ᠮᠣᠩᠭᠤᠯ ᠡᠮ ᠤᠨ ᠲᠠᠷᠢᠮᠠᠯ ᠤᠨ ᠰᠠᠭᠤᠷᠢᠨ ᠭᠠᠵᠠᠷ ᠲᠤ ᠲᠦᠰᠢᠭᠯᠡᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ ᠪᠣᠯᠣᠨ᠎ᠠ᠃ ᠪᠠᠰᠠ ᠰᠦ ᠰᠠᠭᠠᠯᠢ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ᠂ ᠡᠮᠦᠨ᠎ᠡ ᠬᠡᠰᠡᠭ ᠬᠤᠭᠤᠴᠠᠭᠠᠨ ᠳᠤ ᠬᠥᠯᠥᠨ ᠪᠣᠶᠢᠷ ᠲᠤ ᠰᠦ ᠰᠠᠭᠠᠯᠢ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠡᠭᠡ ᠬᠤᠷᠠᠯ ᠢ ᠬᠤᠷᠠᠯᠳᠤᠭᠤᠯᠪᠠ᠂ ᠢᠷᠡᠭᠡᠳᠦᠢ ᠶᠢᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠮᠠᠨᠳᠤᠯᠲᠠ ᠨᠢ ᠴᠤ ᠨᠢᠭᠡᠨ ᠨᠡᠯᠢᠶᠡᠳ ᠰᠠᠶᠢᠨ ᠡᠬᠢ ᠪᠠᠶᠠᠯᠢᠭ ᠪᠣᠯᠬᠤ ᠶᠤᠮ᠃ ᠶᠡᠷᠦᠩᠬᠡᠶᠢᠯᠡᠪᠡᠯ ᠵᠡᠭᠦᠨ ᠬᠡᠰᠡᠭ ᠣᠷᠣᠨ ᠤ ᠪᠣᠬᠢᠷᠲᠤᠯ ᠦᠭᠡᠢ ᠬᠥᠭᠵᠢᠯᠲᠡ ᠶᠢᠨ ᠳᠠᠯᠳᠠ ᠬᠦᠴᠦᠨ ᠨᠢ ᠮᠠᠰᠢ ᠶᠡᠭᠡ ᠪᠠᠶᠢᠳᠠᠭ᠃      ᠭᠤᠷᠪᠠ ᠳᠤ᠂ ᠭᠠᠵᠠᠷ ᠣᠷᠣᠨ ᠤ ᠬᠥᠭᠵᠢᠯᠲᠡ ᠶᠢᠨ ᠵᠥᠷᠢᠶ᠎ᠡ ᠶᠢ ᠴᠢᠷᠮᠠᠶᠢᠨ ᠪᠠᠭᠠᠰᠬᠠᠬᠤ ᠬᠡᠷᠡᠭᠲᠡᠢ᠃ ᠵᠡᠭᠦᠨ ᠬᠡᠰᠡᠭ ᠣᠷᠣᠨ ᠨᠢ ᠣᠷᠣᠨ ᠪᠦᠰᠡ ᠠᠴᠠ ᠠᠪᠴᠤ ᠦᠵᠡᠪᠡᠯ᠂ ᠵᠡᠭᠦᠨ ᠬᠤᠶᠢᠲᠤ ᠣᠷᠣᠨ ᠲᠠᠢ ᠬᠠᠷᠢᠴᠠᠭᠤᠯᠪᠠᠯ ᠣᠷᠣᠨ ᠪᠠᠶᠢᠷᠢ ᠨᠢ ᠵᠢᠭᠠᠬᠠᠨ ᠵᠥᠷᠢᠶ᠎ᠡ ᠲᠠᠢ᠃ ᠭᠡᠲᠡᠯ᠎ᠡ ᠵᠡᠭᠦᠨ ᠬᠡᠰᠡᠭ ᠣᠷᠣᠨ ᠨᠢ ᠵᠡᠭᠦᠨ ᠲᠠᠯ᠎ᠠ ᠪᠠᠷ ᠢᠶᠠᠨ ᠵᠡᠭᠦᠨ ᠬᠤᠶᠢᠲᠤ ᠶᠢᠨ ᠭᠤᠷᠪᠠᠨ ᠮᠤᠵᠢ ᠪᠠᠷ ᠲᠦᠰᠢᠭ ᠪᠣᠯᠭᠠᠨ᠂ ᠪᠠᠷᠠᠭᠤᠨ ᠲᠠᠯ᠎ᠠ ᠪᠠᠷ ᠪᠠᠨ ᠮᠣᠩᠭᠤᠯ᠂ ᠣᠷᠣᠰ ᠲᠡᠶᠢᠰᠢ ᠨᠡᠭᠡᠭᠡᠯᠲᠡ ᠬᠢᠵᠦ᠂ ᠣᠷᠣᠨ ᠪᠠᠶᠢᠷᠢ ᠨᠢ ᠨᠡᠯᠢᠶᠡᠳ ᠳᠠᠪᠠᠭᠤᠯᠢᠭ ᠪᠠᠶᠢᠳᠠᠭ᠃ ᠣᠷᠣᠰ ᠮᠣᠩᠭᠤᠯ ᠲᠡᠶᠢᠰᠢ ᠬᠢᠯᠢ ᠶᠢᠨ ᠪᠣᠭᠤᠮᠲᠠ ᠶᠢᠨ ᠠᠵᠤ ᠠᠬᠤᠢ᠂ ᠲᠠᠪᠴᠠᠩ ᠤᠨ ᠠᠵᠤ ᠠᠬᠤᠢ ᠬᠢᠵᠦ᠂ ᠡᠨᠡ ᠬᠦ ᠬᠡᠰᠡᠭ ᠳᠠᠯᠳᠠ ᠬᠦᠴᠦᠨ ᠨᠢ ᠨᠡᠯᠢᠶᠡᠳ ᠶᠡᠭᠡ ᠪᠠᠶᠢᠳᠠᠭ᠃ ᠵᠢᠱᠢᠶᠡᠯᠡᠪᠡᠯ ᠮᠠᠨᠵᠤᠤᠷ ᠢᠶᠠᠷ ᠠᠪᠴᠤ ᠬᠡᠯᠡᠪᠡᠯ᠂ ᠵᠢᠯ ᠪᠦᠷᠢ ᠶᠢᠨ ᠭᠠᠳᠠᠭᠠᠳᠤ ᠠᠴᠠ ᠣᠷᠣᠭᠤᠯᠬᠤ ᠮᠣᠳᠣᠨ ᠮᠠᠲ᠋ᠧᠷᠢᠶᠠᠯ ᠤᠨ ᠬᠡᠮᠵᠢᠶ᠎ᠡ ᠨᠢ ᠪᠦᠬᠦ ᠤᠯᠤᠰ ᠤᠨ ᠳᠣᠯᠣᠭᠠᠨ ᠤ ᠨᠢᠭᠡ ᠶᠢ ᠡᠵᠡᠯᠡᠵᠦ ᠪᠠᠶᠢᠨ᠎ᠠ᠃ ᠮᠣᠳᠣᠨ ᠮᠠᠲ᠋ᠧᠷᠢᠶᠠᠯ ᠨᠢ ᠣᠷᠣᠵᠤ ᠢᠷᠡᠭᠰᠡᠨ ᠤ ᠳᠠᠷᠠᠭ᠎ᠠ᠂ ᠵᠠᠷᠢᠮ ᠢ ᠨᠢ ᠪᠣᠯᠪᠠᠰᠤᠷᠠᠭᠤᠯᠤᠭᠰᠠᠨ ᠦᠭᠡᠢ᠂ ᠵᠠᠷᠢᠮ ᠢ ᠎ ᠨᠢ ᠪᠦᠳᠦᠭᠦᠯᠢᠭ ᠪᠣᠯᠪᠠᠰᠤᠷᠠᠭᠤᠯᠵᠤ᠂ ᠦᠨᠳᠦᠰᠦᠨ ᠳᠤ ᠪᠠᠨ ᠪᠦᠷ ᠭᠠᠳᠠᠷ ᠣᠷᠣᠨ ᠲᠡᠶᠢᠰᠢ ᠲᠡᠭᠡᠭᠡᠪᠦᠷᠢᠯᠡᠵᠦ ᠪᠠᠶᠢᠨ᠎ᠠ᠃ ᠮᠠᠨ ᠤ ᠭᠠᠳᠠᠭᠠᠳᠤ ᠠᠴᠠ ᠣᠷᠣᠭᠤᠯᠵᠤ ᠪᠠᠶᠢᠭ᠎ᠠ ᠬᠡᠮᠵᠢᠶ᠎ᠡ ᠨᠢ ᠮᠠᠰᠢ ᠶᠡᠭᠡ ᠪᠣᠯᠪᠠᠴᠤ᠂ ᠰᠠᠭᠤᠷᠢᠯᠠᠭᠤᠯᠤᠨ ᠪᠣᠯᠪᠠᠰᠤᠷᠠᠭᠤᠯᠵᠤ᠂ ᠭᠦᠨᠵᠡᠭᠡᠢ ᠪᠣᠯᠪᠠᠰᠤᠷᠠᠭᠤᠯᠤᠭᠰᠠᠨ ᠪᠦᠲᠦᠭᠡᠭᠳᠡᠬᠦᠨ ᠤ ᠥᠷᠲᠡᠭ ᠢ ᠠᠭᠤᠳᠠᠯᠬᠤ ᠲᠠᠯ᠎ᠠ ᠪᠠᠷ ᠲᠡᠳᠦᠢ ᠰᠠᠶᠢᠨ ᠪᠢᠰᠢ ᠪᠠᠶᠢᠳᠠᠭ᠃ ᠶᠡᠷᠦᠩᠬᠡᠢ ᠱᠦᠵᠢ ᠥᠪᠥᠷ ᠮᠣᠩᠭᠤᠯ ᠤᠨ ᠬᠢᠯᠢ ᠶᠢᠨ ᠪᠣᠭᠤᠮᠲᠠ ᠳᠤ ᠱᠠᠭᠠᠷᠳᠠᠯᠭ᠎ᠠ ᠳᠤᠷᠠᠳᠴᠤ᠂ ᠭᠤᠣᠯᠳᠠᠭᠤ ︽ᠠᠷᠢᠬᠢ ᠮᠢᠬ᠎ᠠ ᠭᠡᠳᠡᠰᠦ ᠪᠠᠷ ᠥᠩᠭᠡᠷᠡᠬᠦ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠡᠢ᠃ ᠡᠭᠦᠨ ᠠᠴᠠ ᠭᠠᠳᠠᠨ᠎ᠠ ᠪᠠᠰᠠ ᠵᠡᠭᠦᠨ ᠬᠡᠰᠡᠭ ᠣᠷᠣᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠣᠶᠢᠷ᠎ᠠ ᠶᠢᠨ ᠬᠡᠳᠦᠨ ᠵᠢᠯ ᠤᠨ ᠵᠡᠭᠦᠨ ᠪᠠᠷᠠᠭᠤᠨ ᠬᠡᠰᠡᠭ ᠣᠷᠣᠨ ᠤ ᠬᠠᠮᠤᠭ ᠤᠨ ᠶᠡᠭᠡ ᠵᠥᠷᠢᠶ᠎ᠡ ᠶᠢᠨ ᠳᠣᠲᠣᠷᠠᠬᠢ ᠨᠢᠭᠡ ᠬᠡᠰᠡᠭ ᠨᠢ ᠳᠠᠷᠤᠢ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠢᠯᠡᠷᠡᠵᠦ ᠪᠠᠶᠢᠨ᠎ᠠ᠃ ᠥᠩᠭᠡᠷᠡᠭᠰᠡᠨ ᠳᠤ ᠵᠡᠭᠦᠨ ᠬᠡᠰᠡᠭ ᠣᠷᠣᠨ ᠤ ᠰᠠᠭᠤᠷᠢ ᠪᠡᠯᠡᠳᠬᠡᠮᠵᠢ ᠨᠢ ᠪᠠᠷᠠᠭᠤᠨ ᠬᠡᠰᠡᠭ ᠣᠷᠣᠨ ᠠᠴᠠ ᠰᠠᠶᠢᠨ ᠪᠠᠶᠢᠭᠰᠠᠨ ᠪᠣᠯᠪᠠᠴᠤ᠂ ᠣᠳᠣᠬᠠᠨ ᠳᠤ ᠪᠠᠨ ᠵᠡᠭᠦᠨ ᠬᠡᠰᠡᠭ ᠣᠷᠣᠨ ᠤ ᠰᠠᠭᠤᠷᠢ ᠪᠡᠯᠡᠳᠬᠡᠮᠵᠢ ᠶᠢ ᠵᠠᠮ ᠬᠠᠷᠢᠯᠴᠠᠭ᠎ᠠ ᠪᠠᠷ ᠵᠢᠱᠢᠶ᠎ᠡ ᠪᠣᠯᠭᠠᠪᠠᠯ᠂ ᠨᠢᠭᠡᠨᠲᠡ ᠪᠠᠷᠠᠭᠤᠨ ᠬᠡᠰᠡᠭ ᠣᠷᠣᠨ ᠠᠴᠠ ᠬᠤᠴᠣᠷᠪᠠ᠃ ᠵᠡᠭᠦᠨ ᠬᠡᠰᠡᠭ ᠣᠷᠣᠨ ᠡᠩ ᠲᠡᠷᠢᠭᠦᠨ ᠳᠤ ᠵᠡᠭᠦᠨ ᠬᠤᠶᠢᠲᠤ ᠣᠷᠣᠨ ᠤ ᠵᠠᠮ ᠬᠠᠷᠢᠯᠴᠠᠭᠠᠨ ᠤ ᠰᠢᠰᠲ᠋ᠧᠮᠵᠢ ᠲᠠᠢ ᠠᠭᠤᠰᠤᠯᠴᠠᠬᠤ ᠬᠡᠷᠡᠭᠲᠡᠢ᠃ ᠵᠡᠭᠦᠨ ᠬᠤᠶᠢᠲᠤ ᠣᠷᠣᠨ ᠤ ᠳᠡᠭᠡᠳᠦ ᠬᠤᠷᠳᠤ ᠶᠢᠨ ᠲᠡᠮᠦᠷ ᠵᠠᠮ ᠢᠶᠠᠷ ᠵᠢᠱᠢᠶᠡᠯᠡᠪᠡᠯ᠂ ᠪᠡᠭᠡᠵᠢᠩ ᠠᠴᠠ ᠱᠧᠨᠶᠠᠩ᠂ ᠬᠠᠷᠪᠢᠨ ᠬᠦᠷᠲᠡᠯ᠎ᠡ ᠨᠢᠭᠡᠨᠲᠡ ᠲᠡᠷᠭᠡ ᠨᠡᠪᠲᠡᠷᠡᠵᠦ᠂ ᠬᠠᠷᠪᠢᠨ ᠠᠴᠠ ᠴᠢᠴᠢᠬᠠᠷ᠂ ᠮᠦ ᠳ᠋ᠠᠨ ᠵᠢᠶᠠᠩ ᠬᠦᠷᠲᠡᠯ᠎ᠡ ᠪᠠᠰᠠ ᠨᠢᠭᠡᠨᠲᠡ ᠲᠡᠷᠭᠡ ᠨᠡᠪᠲᠡᠷᠡᠪᠡ᠃ ᠭᠡᠲᠡᠯ᠎ᠡ ᠮᠠᠨ ᠤ ᠣᠷᠣᠨ ᠤ ᠵᠡᠭᠦᠨ ᠬᠡᠰᠡᠭ ᠣᠷᠣᠨ ᠨᠢ ᠮᠥᠨ ᠪᠦᠷᠢᠮᠦᠰᠦᠨ ᠠᠭᠤᠰᠤᠯᠴᠠᠭ᠎ᠠ ᠦᠭᠡᠢ ᠪᠠᠶᠢᠨ᠎ᠠ᠂ ᠵᠢᠱᠢᠶᠡᠯᠡᠭᠡᠳ ᠬᠡᠯᠡᠪᠡᠯ ᠪᠠᠷᠠᠭᠤᠨᠰᠢ ᠪᠠᠨ ᠮᠠᠨᠵᠤᠤᠷ ᠤᠨ ᠱᠤᠭᠤᠮ ᠎ ᠨᠢ ᠨᠡᠶᠢᠳᠡᠮ ᠳᠤ ᠪᠠᠨ ᠨᠡᠪᠲᠡᠷᠡᠭᠡᠳᠦᠢ ᠪᠠᠶᠢᠵᠤ᠂ ᠤᠯᠠᠭᠠᠨᠬᠠᠳᠠ᠂ ᠲᠦᠩᠯᠢᠶᠣᠣ ᠠᠴᠠ ᠤᠯᠠᠭᠠᠨᠬᠤᠲᠠ᠂ ᠷᠠᠰᠢᠶᠠᠨ᠂ ᠬᠠᠶᠢᠯᠠᠷ ᠬᠦᠷᠬᠦ ᠡᠶᠢᠮᠦᠷᠬᠦᠦ ᠰᠢᠵᠢᠷ ᠠᠯᠲᠠᠨ ᠵᠢᠭᠤᠯᠴᠢᠯᠠᠯ ᠤᠨ ᠱᠤᠭᠤᠮ ᠨᠢ ᠴᠤ ᠨᠡᠶᠢᠳᠡᠮ ᠳᠤ ᠪᠠᠨ ᠨᠡᠪᠲᠡᠷᠡᠭᠡᠳᠦᠢ ᠪᠠᠶᠢᠨ᠎ᠠ᠃ ᠪᠤᠰᠤᠳ ᠪᠡᠯᠡᠳᠬᠡᠮᠵᠢ ᠶᠢᠨ ᠲᠠᠯ᠎ᠠ ᠪᠠᠷ᠂ ᠵᠢᠱᠢᠶᠡᠯᠡᠪᠡᠯ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ᠂ ᠣᠶᠢᠲᠤ ᠣᠷᠣᠨ ᠤ ᠵᠠᠰᠠᠮᠠᠯ ᠵᠠᠮ᠂ ᠵᠢᠭᠤᠯᠴᠢᠯᠠᠯ ᠤᠨ ᠣᠷᠣᠨ ᠤ ᠵᠠᠰᠠᠮᠠᠯ ᠵᠠᠮ᠂ 4G ᠰᠦᠯᠵᠢᠶ᠎ᠡ ᠵᠡᠷᠭᠡ ᠨᠢ ᠮᠥᠨ ᠴᠤ ᠮᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠨ᠎ᠠ᠃ ᠪᠠᠰᠠ ᠨᠢᠭᠡᠨ ᠬᠢᠬᠦ ᠴᠢᠬᠤᠯᠠᠲᠠᠢ ᠠᠵᠢᠯ ᠪᠣᠯ ᠳᠠᠷᠤᠢ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃ ᠵᠡᠭᠦᠨ ᠬᠡᠰᠡᠭ ᠣᠷᠣᠨ ᠤ ᠬᠢᠯᠢ ᠶᠢᠨ ᠱᠤᠭᠤᠮ ᠨᠡᠯᠢᠶᠡᠳ ᠤᠷᠲᠤ ᠪᠠᠶᠢᠵᠤ᠂ ᠬᠢᠯᠢ ᠬᠢᠵᠠᠭᠠᠷ ᠤᠨ ᠭᠠᠵᠠᠷ ᠣᠷᠣᠨ᠂ ᠴᠥᠭᠡᠨ ᠲᠣᠭᠠᠲᠤ ᠦᠨᠳᠦᠰᠦᠲᠡᠨ᠂ ᠶᠠᠳᠠᠭᠤ ᠬᠦᠴᠢᠷᠲᠡᠢ ᠬᠥᠮᠥᠨ ᠠᠮᠠ ᠳᠤ ᠴᠢᠭᠯᠡᠭᠦᠯᠦᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠳᠤ ᠪᠦᠷ ᠲᠥᠷᠥ ᠶᠢᠨ ᠪᠣᠳᠣᠯᠭ᠎ᠠ ᠪᠠᠶᠢᠳᠠᠭ᠂ ᠪᠢᠳᠡ ᠡᠳᠡᠭᠡᠷ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ ᠡᠭᠦᠨ ᠤ ᠳᠡᠭᠡᠷ᠎ᠡ ᠳᠠᠬᠢᠨ ᠣᠷᠴᠢᠨ ᠲᠣᠭᠤᠷᠢᠨ᠂ ᠪᠣᠬᠢᠷᠲᠤᠯ ᠦᠭᠡᠢ ᠬᠥᠭᠵᠢᠯᠲᠡ ᠶᠢ ᠨᠡᠮᠡᠵᠦ᠂ ᠪᠠᠰᠠ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠡᠮᠡᠨ᠂ ᠣᠷᠴᠢᠨ ᠲᠣᠭᠤᠷᠢᠨ ᠤ ᠬᠤᠳᠠᠯᠳᠤᠭᠠᠯᠠᠨ ᠡᠵᠡᠩᠨᠡᠬᠦ ᠵᠥᠭᠡᠯᠡᠨ ᠣᠷᠴᠢᠨ ᠨᠥᠬᠦᠴᠡᠯ ᠢ ᠨᠡᠮᠡᠪᠡᠯ᠂ ᠵᠡᠭᠦᠨ ᠬᠡᠰᠡᠭ ᠣᠷᠣᠨ ᠤ ᠬᠥᠭᠵᠢᠯᠲᠡ ᠮᠠᠨᠳᠤᠯᠲᠠ ᠪᠠ ᠪᠠᠷᠠᠭᠤᠨ ᠬᠡᠰᠡᠭ ᠣᠷᠣᠨ ᠤ ᠵᠣᠬᠢᠴᠠᠩᠭᠤᠢ ᠬᠥᠭᠵᠢᠯᠲᠡ ᠨᠢ ᠰᠠᠶᠢᠵᠢᠷᠠᠬᠤ ᠪᠣᠯᠣᠯᠴᠠᠭ᠎ᠠ ᠲᠠᠢ᠃     ᠬᠥᠲᠥᠯᠥᠭᠴᠢ᠄      ᠭᠤᠤ ᠱᠢ ᠴᠢᠨ ᠡᠷᠬᠢᠯᠡᠭᠴᠢ ᠶᠢᠨ ᠰᠤᠷᠪᠤᠯᠵᠢᠯᠠᠭ᠎ᠠ ᠶᠢᠨ ᠲᠠᠰᠤᠭ ᠲᠤ ᠰᠠᠭᠠᠲᠠᠭᠰᠠᠨ ᠳᠤ ᠪᠠᠶᠠᠷᠯᠠᠯ᠎ᠠ᠂ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠰᠣᠨᠣᠰᠤᠭᠰᠠᠨ ᠪᠠ ᠦᠵᠡᠭᠰᠡᠨ ᠳᠤ ᠪᠠᠶᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕     ᠭᠤᠤ ᠱᠢ ᠴᠢᠨ᠄      ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map