ᠬᠢᠨᠠᠯᠲᠠ ᠪᠣᠳᠣᠯᠲᠠ ᠨᠢ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠵᠦ ᠪᠠᠶᠢᠨ᠎ᠠ
ᠨᠡᠶᠢᠲᠡᠯᠡᠭᠰᠡᠨ ᠴᠠᠭ᠄
2018/12/18
     ᠰᠤᠷᠪᠤᠯᠵᠢᠯᠠᠭᠰᠠᠨ ᠴᠠᠭ᠄      2018 ᠣᠨ ᠤ 11 ᠳ᠋ᠦ᠋ᠭᠡᠷ ᠰᠠᠷ᠎ᠠ ᠶᠢᠨ 28᠎ ᠤ ᠡᠳᠦᠷ ᠤᠨ 10 ᠴᠠᠭ      ᠰᠤᠷᠪᠤᠯᠵᠢᠯᠠᠭ᠎ᠠ ᠬᠦᠯᠢᠶᠡᠭᠴᠢ᠄      ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ     ᠬᠦᠸᠧ ᠱᠣᠣ ᠬᠤᠸᠠ            ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠬᠦᠸᠧ ᠱᠣᠣ ᠬᠤᠸᠠ ᠶᠢ ᠤᠷᠢᠵᠤ᠂ ᠬᠢᠨᠠᠯᠲᠠ ᠪᠣᠳᠣᠯᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃                            ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠬᠦᠸᠧ ᠱᠣᠣ ᠬᠤᠸᠠ ᠶᠢ ᠤᠷᠢᠵᠤ᠂ ᠬᠢᠨᠠᠯᠲᠠ ᠪᠣᠳᠣᠯᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃ ᠭᠦᠸᠧ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃     ᠭᠦᠸᠧ ᠱᠤᠤ ᠬᠤᠸᠠ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃      ᠬᠥᠲᠥᠯᠥᠭᠴᠢ᠄      ᠮᠠᠰᠢ ᠣᠯᠠᠨ ᠰᠦᠯᠵᠢᠶᠡᠨ ᠤ ᠠᠨᠳᠠ ᠬᠢᠨᠠᠯᠲᠠ ᠪᠣᠳᠣᠯᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠶᠠᠭᠠᠬᠢᠵᠤ ᠦᠢᠯᠡᠳᠦᠯ ᠦᠵᠡᠭᠦᠯᠬᠦ ᠲᠤᠬᠠᠢ ᠲᠡᠳᠦᠢ ᠣᠶᠢᠯᠠᠭᠠᠬᠤ ᠦᠭᠡᠢ ᠪᠠᠶᠢᠵᠤ ᠮᠡᠳᠡᠨ᠎ᠡ᠃ ᠲᠡᠭᠡᠪᠡᠯ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠲᠠ ᠲᠠᠨᠢᠯᠴᠠᠭᠤᠯᠤᠭᠠᠳ ᠥᠭᠭᠦᠨ᠎ᠡ ᠦᠦ︖      ᠭᠦᠸᠧ ᠱᠤᠤ ᠬᠤᠸᠠ᠄      ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠢᠭᠰᠡᠨ ︽ᠥᠪᠥᠷ ᠮᠣᠩᠭᠤᠯ ᠵᠣᠷᠢᠭᠲᠠᠢ ᠪᠠᠷ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ︾᠂ ︽ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠤᠨ ᠡᠨᠡ ᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ︾ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠬᠢᠨᠠᠨ ᠪᠣᠳᠣᠬᠤ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2014 ᠣᠨ ᠠᠴᠠ ᠡᠬᠢᠯᠡᠨ᠂ ᠮᠠᠨ ᠤ ᠲᠢᠩᠬᠢᠮ ᠨᠢ ᠬᠢᠨᠠᠨ ᠪᠣᠳᠣᠬᠤ ᠵᠠᠬᠢᠷᠭ᠎ᠠ ᠠᠴᠠ ᠲᠣᠭᠲᠠᠭᠠᠭᠰᠠᠨ ᠪᠦᠬᠦ ᠤᠯᠤᠰ ᠤᠨ 5 ᠬᠢᠨᠠᠨ ᠪᠣᠳᠣᠬᠤ ᠲᠤᠷᠰᠢᠯᠲᠠ ᠶᠢᠨ ᠴᠡᠭ ᠤᠨ ᠨᠢᠭᠡᠴᠢ ᠶᠢᠨ ᠨᠢᠭᠡ ᠪᠣᠯᠣᠭᠰᠠᠨ ᠤ ᠬᠤᠪᠢ ᠳᠤ᠂ ᠨᠢᠭᠡᠨᠲᠡ ᠳᠠᠪᠠᠭᠤᠯᠢᠭ ᠬᠥᠮᠥᠨ ᠤ ᠬᠦᠴᠦᠨ ᠤ ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠦᠨ ᠬᠢᠨᠠᠨ ᠪᠣᠳᠣᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠦᠭᠰᠡᠨ ᠤ ᠬᠠᠮᠲᠤ᠂ ᠬᠢᠨᠠᠨ ᠪᠣᠳᠣᠬᠤ ᠣᠨᠣᠯ ᠤᠨ ᠰᠤᠳᠤᠯᠭᠠᠨ᠂ ᠲᠤᠷᠰᠢᠯᠭ᠎ᠠ ᠶᠢᠨ ᠳ᠋ᠦᠩᠨᠡᠯᠲᠡ ᠪᠠ ᠳᠦᠷᠢᠮ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠬᠢᠨᠠᠯᠲᠠ ᠪᠣᠳᠣᠯᠲᠠ ᠶᠢᠨ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃ ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠲᠤᠷᠰᠢᠯᠲᠠ ᠶᠢᠨ ᠴᠡᠭ ᠤᠨ ᠠᠵᠢᠯ ᠢ ᠲᠣᠭᠲᠠᠭᠤᠨ ᠢᠶᠠᠷ ᠠᠬᠢᠭᠤᠯᠪᠠ᠃ ᠡᠳᠦᠭᠡ ᠪᠣᠯᠲᠠᠯ᠎ᠠ᠂ ᠮᠠᠨ ᠤ ᠲᠢᠩᠬᠢᠮ ᠨᠢᠭᠡᠨᠲᠡ ᠲᠤᠰᠬᠠᠢ ᠣᠷᠣᠨ ᠤ ᠱᠠᠲᠤᠨ ᠤ 5 ᠬᠤᠲᠠ᠂ ᠳᠡᠳ᠋ ᠲᠤᠰᠬᠠᠢ ᠣᠷᠣᠨ ᠤ ᠱᠠᠲᠤᠨ ᠤ 4 ᠬᠤᠲᠠ ᠪᠠ 2 ᠰᠢᠶᠠᠨ ᠤ ᠳᠡᠰ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠳ ᠤᠨ ᠲᠤᠰᠢᠶᠠᠯ ᠤᠨ ᠬᠤᠭᠤᠴᠠᠭᠠᠨ ᠳᠤ ᠪᠠᠨ ᠨᠤᠲᠤᠭ ᠪᠡᠯᠴᠢᠭᠡᠷ᠂ ᠭᠠᠵᠠᠷ ᠰᠢᠷᠣᠢ᠂ ᠣᠢ ᠰᠢᠭᠤᠢ᠂ ᠠᠭᠤᠷᠬᠠᠢ ᠪᠠ ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠳᠤ ᠲᠤᠰ ᠲᠤᠰ ᠵᠡᠷᠭᠡ ᠳᠤ ᠨᠢ ᠬᠢᠨᠠᠯᠲᠠ ᠪᠣᠳᠣᠯᠲᠠ ᠬᠢᠵᠦ᠂ ᠳᠠᠩ ᠭᠠᠭᠴᠠ ᠡᠬᠢ  ᠪᠠᠶᠠᠯᠢᠭ ᠠᠴᠠ ᠣᠯᠠᠨ ᠵᠦᠢᠯ ᠤᠨ ᠡᠬᠢ ᠪᠠᠶᠠᠯᠢᠭ ᠢ ᠵᠡᠷᠭᠡ ᠳᠤ ᠨᠢ ᠬᠢᠨᠠᠨ ᠪᠣᠳᠣᠬᠤ ᠲᠡᠶᠢᠰᠢ ᠶᠢᠨ ᠦᠰᠦᠷᠦᠯᠲᠡ ᠶᠢ ᠪᠡᠶᠡᠯᠡᠭᠦᠯᠪᠡ᠃ 2017 ᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠶᠠᠪᠤᠴᠠ ᠳᠤ᠂ ᠮᠠᠨ ᠤ ᠲᠢᠩᠬᠢᠮ ᠠᠴᠠ 2 ᠬᠡᠷᠡᠭ ᠢ ᠰᠢᠯᠵᠢᠭᠦᠯᠦᠨ ᠬᠦᠷᠭᠡᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠡᠭᠡᠳᠦ ᠱᠠᠲᠤᠨ ᠤ ᠪᠠᠶᠢᠭᠤᠯᠭ᠎ᠠ ᠳᠤ 12 ᠵᠦᠢᠯᠡᠰ ᠢ ᠰᠢᠯᠵᠢᠭᠦᠯᠦᠨ ᠲᠤᠰᠢᠶᠠᠵᠠᠢ᠃      ᠭᠤᠷᠪᠠ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠵᠢᠯᠣᠭᠤᠳᠴᠤ ᠪᠠᠶᠢᠭᠠᠳ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠥᠷᠨᠢᠭᠦᠯᠬᠦ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠪᠠ᠃ ᠮᠠᠨ ᠤ ᠲᠢᠩᠬᠢᠮ ᠠᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢ ᠰᠢᠮᠳᠠᠭᠤᠯᠤᠨ ᠨᠠᠮ ᠤᠨ ᠵᠠᠰᠠᠭ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠠ ᠳᠡᠳ᠋ ᠳᠠᠷᠤᠭ᠎ᠠ ᠪᠣᠯᠭᠠᠭᠰᠠᠨ᠂ ᠡᠯ᠎ᠡ ᠬᠠᠮᠢᠶ᠎ᠠ ᠪᠦᠬᠦᠢ ᠨᠢᠭᠡᠴᠢ ᠶᠢᠨ ᠭᠤᠣᠯ ᠤᠳᠤᠷᠢᠳᠤᠯᠭ᠎ᠠ ᠪᠠᠷ ᠭᠡᠰᠢᠭᠦᠨ ᠪᠣᠯᠭᠠᠭᠰᠠᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾᠎ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠲᠣᠭᠲᠠᠭᠠᠯ ᠢ ᠰᠤᠳᠤᠯᠤᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠂ ᠠᠵᠢᠯ ᠤᠨ ᠬᠠᠮᠲᠤᠷᠠᠭᠰᠠᠨ ᠬᠦᠴᠦᠨ ᠢ ᠪᠦᠷᠢᠯᠳᠦᠭᠦᠯᠵᠦ᠂ ᠲᠤᠷᠰᠢᠯᠲᠠ ᠶᠢᠨ ᠴᠡᠭ ᠤᠨ ᠬᠢᠨᠠᠨ ᠪᠣᠳᠣᠬᠤ ᠠᠵᠢᠯ ᠢ ᠤᠷᠤᠭᠰᠢᠲᠠᠢ ᠥᠷᠨᠢᠭᠦᠯᠬᠦ ᠶᠢ ᠪᠠᠲᠤᠯᠠᠪᠠ᠃ ᠨᠢᠳᠤᠨᠤᠨ ᠵᠢᠯ ᠳᠤ᠂ ᠪᠦᠬᠦ ᠣᠷᠣᠨ ᠤ 11 ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠠᠴᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠶᠢ ᠥᠷᠨᠢᠭᠦᠯᠵᠡᠢ᠃ ᠲᠣᠭᠠᠯᠠᠨ ᠪᠦᠷᠢᠳᠬᠡᠬᠦ ᠪᠠᠷ ᠳᠠᠮᠵᠢᠨ᠂ ᠣᠳᠣ ᠪᠣᠯᠲᠠᠯ᠎ᠠ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠠᠴᠠ ᠲᠤᠰᠬᠠᠶᠢᠯᠠᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠤᠨ ᠪᠠᠶᠢᠭᠤᠯᠤᠮᠵᠢ ᠶᠢ ᠨᠡᠶᠢᠲᠡ 44 ᠲᠣᠬᠢᠷᠠᠭᠤᠯᠪᠠ᠃ ᠲᠡᠭᠦᠨ ᠤ ᠳᠣᠲᠣᠷ᠎ᠠ᠄ ᠲᠤᠰᠬᠠᠢ ᠣᠷᠣᠨ ᠤ ᠱᠠᠲᠤᠨ ᠤ 11᠂ ᠬᠤᠰᠢᠭᠤ ᠰᠢᠶᠠᠨ ︵ᠬᠤᠲᠠ᠂ ᠲᠣᠭᠤᠷᠢᠭ︶᠎ ᠤᠨ ᠱᠠᠲᠤᠨ ᠤ 33 ᠪᠠᠶᠢᠨ᠎ᠠ ᠃ ᠲᠤᠰᠬᠠᠢ ᠲᠤᠰᠢᠶᠠᠯᠲᠤ ᠬᠢᠨᠠᠨ ᠪᠣᠳᠣᠬᠤ ᠠᠵᠢᠯᠲᠠᠳ 144 ᠪᠠᠶᠢᠵᠤ᠂ ᠲᠡᠭᠦᠨ ᠤ ᠳᠣᠲᠣᠷ᠎ᠠ ᠲᠤᠰᠬᠠᠢ ᠣᠷᠣᠨ ᠤ ᠬᠤᠲᠠ ᠶᠢᠨ ᠱᠠᠲᠤᠨ ᠤ 43 ᠬᠥᠮᠥᠨ᠂  ᠬᠤᠰᠢᠭᠤ ᠰᠢᠶᠠᠨ ︵ ᠬᠤᠲᠠ᠂ ᠲᠣᠭᠤᠷᠢᠭ︶᠎ ᠤ ᠱᠠᠲᠤᠨ ᠤ 101 ᠬᠥᠮᠥᠨ ᠪᠠᠶᠢᠨ᠎ᠠ᠃     ᠬᠥᠲᠥᠯᠥᠭᠴᠢ᠄      ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠪᠠᠰᠠ ᠶᠠᠮᠠᠷ ᠶᠠᠮᠠᠷ ᠲᠤᠷᠰᠢᠯᠭ᠎ᠠ ᠪᠠ ᠬᠢᠳᠡᠯ ᠨᠢ ᠥᠷᠭᠡᠨ ᠣᠯᠠᠨ ᠰᠦᠯᠵᠢᠶᠡᠨ ᠤ ᠠᠷᠠᠳ ᠲᠠᠢ ᠬᠠᠮᠲᠤ ᠳᠤ ᠪᠠᠨ ᠬᠦᠷᠲᠡᠵᠦ ᠪᠣᠯᠬᠤ ᠪᠣᠢ︖      ᠭᠦᠸᠧ ᠱᠤᠤ ᠬᠤᠸᠠ᠄      ᠨᠢᠭᠡ ᠳᠤ᠂ ᠬᠢᠨᠠᠯᠲᠠ ᠪᠣᠳᠣᠯᠲᠠ ᠶᠢᠨ ᠣᠨᠣᠯ ᠤᠨ ᠰᠤᠳᠤᠯᠭᠠᠨ ᠬᠢᠭᠡᠳ ᠬᠢᠨᠠᠨ ᠪᠣᠳᠣᠬᠤ ᠦᠢᠯᠡᠳᠦᠯᠭᠡ ᠳᠤ ᠵᠡᠷᠭᠡ ᠳᠤ ᠨᠢ ᠰᠦᠪᠡᠭᠴᠢᠯᠡᠯᠲᠡ ᠬᠢᠪᠡ᠃ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠯᠲᠠ ᠪᠣᠳᠣᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠠᠴᠠ ᠡᠮᠦᠨ᠎ᠡ᠂ ᠮᠠᠨ ᠤ ᠲᠢᠩᠬᠢᠮ ᠠᠴᠠ ᠭᠦᠢᠴᠡᠳ ᠪᠠᠶᠢᠴᠠᠭᠠᠨ ᠰᠤᠳᠤᠯᠤᠯᠲᠠ ᠪᠠ ᠰᠤᠳᠤᠯᠭᠠᠨ ᠬᠢᠵᠦ᠂ 2014 ᠣᠨ ᠠᠴᠠ 2015 ᠣᠨ ᠪᠣᠯᠲᠠᠯ᠎ᠠ ᠮᠠᠨ ᠤ ᠲᠢᠩᠬᠢᠮ ᠠᠴᠠ ᠰᠡᠳᠦᠪ ᠤᠨ ᠳᠤᠭᠤᠶᠢᠯᠠᠩ ᠪᠠᠶᠢᠭᠤᠯᠵᠤ᠂ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠲᠥᠰᠥᠯ︾᠎ ᠢ ᠰᠤᠳᠤᠯᠤᠨ ᠲᠣᠭᠲᠠᠭᠠᠵᠤ᠂ ᠬᠢᠨᠠᠯᠲᠠ ᠪᠣᠳᠣᠯᠲᠠ ᠶᠢᠨ ᠬᠠᠷᠠᠯᠲᠠ᠂ ᠬᠡᠪᠴᠢᠶ᠎ᠡ᠂ ᠡᠲᠡᠭᠡᠳ᠂ ᠠᠭᠤᠯᠭ᠎ᠠ ᠪᠠ ᠮᠡᠷᠭᠡᠵᠢᠯ ᠤᠨ ᠠᠷᠭ᠎ᠠ ᠵᠡᠷᠭᠡ ᠳᠤ ᠨᠡᠯᠢᠶᠡᠳ ᠰᠢᠰᠲ᠋ᠧᠮ ᠲᠠᠢ ᠰᠤᠳᠤᠯᠤᠯᠲᠠ ᠪᠠ ᠰᠦᠪᠡᠭᠴᠢᠯᠡᠯᠲᠡ ᠬᠢᠵᠦ᠂ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠶᠢ ᠰᠠᠶᠢᠲᠤᠷ ᠬᠢᠬᠦ ᠳᠤ ᠵᠣᠬᠢᠬᠤ ᠣᠨᠣᠯ ᠤᠨ ᠰᠠᠭᠤᠷᠢ ᠶᠢ ᠲᠠᠯᠪᠢᠭᠰᠠᠨ ᠤ ᠬᠠᠮᠲᠤ᠂ ᠬᠢᠨᠠᠨ ᠪᠣᠳᠣᠬᠤ ᠵᠠᠬᠢᠷᠭ᠎ᠠ ᠶᠢᠨ ᠭᠦᠢᠴᠡᠳ ᠨᠤᠲᠠᠯᠠᠯᠲᠠ ᠶᠢ ᠣᠯᠪᠠ᠃ 2016 ᠣᠨ ᠳᠤ᠂ ᠮᠠᠨ ᠤ ᠲᠢᠩᠬᠢᠮ ᠠᠴᠠ ᠰᠤᠳᠤᠯᠤᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠂ ᠨᠡᠩ ᠰᠢᠨᠵᠢᠯᠡᠬᠦ ᠤᠬᠠᠭᠠᠨᠴᠢ ᠴᠢᠨᠠᠷᠲᠠᠢ᠂ ᠨᠡᠩ ᠦᠨᠡᠨ ᠪᠣᠳᠠᠲᠤ ᠴᠢᠨᠠᠷᠲᠠᠢ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠰᠤᠳᠤᠯᠤᠯᠲᠠ︾᠎ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠵᠦᠢᠯ ᠤᠨ ᠰᠤᠳᠤᠯᠤᠯᠲᠠ ᠨᠢ ᠳᠤᠮᠳᠠᠳᠤ ᠤᠯᠤᠰ ᠤᠨ ᠬᠢᠨᠠᠨ ᠪᠣᠳᠣᠬᠤ ᠨᠡᠶᠢᠭᠡᠮᠯᠢᠭ ᠬᠢᠭᠡᠳ ᠣᠷᠣᠨ ᠨᠤᠲᠤᠭ ᠤᠨ ᠬᠢᠨᠠᠨ ᠪᠣᠳᠣᠬᠤ ᠪᠠᠶᠢᠭᠤᠯᠭ᠎ᠠ ᠶᠢᠨ ᠬᠠᠮᠲᠤᠷᠠᠭᠰᠠᠨ ᠰᠡᠳᠦᠪ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭ᠎ᠠ ᠲᠠᠢ ᠰᠡᠳᠦᠪ ᠤᠨ ᠳᠠᠭᠠᠭᠠᠴᠢᠯᠠᠯᠲᠠ ᠶᠢ ᠣᠯᠪᠠ᠃ 2017 ᠣᠨ ᠳᠤ᠂ ᠮᠠᠨ ᠤ ᠲᠢᠩᠬᠢᠮ ᠤᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠣᠨᠣᠯ ᠬᠢᠭᠡᠳ ᠦᠢᠯᠡᠳᠦᠯᠭᠡ ᠶᠢᠨ ᠠᠩᠬᠠᠨ ᠤ ᠬᠠᠶᠢᠯᠲᠠ︾᠎ ᠨᠢ ᠵᠢᠩᠬᠢᠨᠢ ᠪᠠᠷ ᠬᠡᠪᠯᠡᠭᠳᠡᠵᠦ᠂ ᠮᠠᠨ ᠤ ᠣᠷᠣᠨ ᠤ ᠡᠨᠡ ᠬᠦ ᠵᠦᠢᠯ ᠤᠨ ᠠᠵᠢᠯ ᠤᠨ ᠲᠠᠯ᠎ᠠ ᠪᠠᠷ ᠬᠢ ᠣᠨᠣᠯ ᠤᠨ ᠰᠦᠪᠡᠭᠴᠢᠯᠡᠯᠲᠡ ᠪᠠ ᠦᠢᠯᠡᠳᠦᠯᠭᠡ ᠶᠢᠨ ᠲᠤᠷᠰᠢᠯᠭ᠎ᠠ ᠶᠢ ᠨᠡᠯᠢᠶᠡᠳ ᠰᠠᠶᠢᠲᠤᠷ ᠳ᠋ᠦᠩᠨᠡᠪᠡ᠃ 2018 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠳᠤ ᠦᠷᠭᠦᠯᠵᠢ ᠲᠣᠬᠢᠶᠠᠯᠳᠤᠬᠤ ᠠᠰᠠᠭᠤᠳᠠᠯ ᠤᠨ ᠴᠢᠨᠠᠷ ᠤᠨ ᠲᠣᠭᠲᠠᠭᠠᠯᠲᠠ ᠬᠢᠭᠡᠳ ᠦᠨᠡᠯᠡᠯᠲᠡ ᠶᠢᠨ ᠵᠦᠭᠯᠡᠭᠦᠷ︾᠎ ᠨᠢ ᠵᠢᠩᠬᠢᠨᠢ ᠪᠠᠷ ᠬᠡᠪᠯᠡᠭᠳᠡᠭᠰᠡᠨ ᠤ ᠬᠠᠮᠲᠤ᠂ ᠪᠦᠬᠦ ᠤᠯᠤᠰ ᠲᠤ ᠲᠠᠷᠬᠠᠭᠠᠪᠠ᠃ ᠡᠨᠡ ᠵᠢᠯ᠂ ᠮᠠᠨ ᠤ ᠲᠢᠩᠬᠢᠮ ᠪᠠᠰᠠ ᠬᠢᠨᠠᠨ ᠪᠣᠳᠣᠬᠤ ᠵᠠᠬᠢᠷᠭ᠎ᠠ᠂ ᠳᠤᠮᠳᠠᠳᠤ ᠤᠯᠤᠰ ᠤᠨ ᠬᠢᠨᠠᠨ ᠪᠣᠳᠣᠬᠤ ᠨᠡᠶᠢᠭᠡᠮᠯᠢᠭ ᠤᠨ ᠪᠦᠬᠦ ᠤᠯᠤᠰ ᠲᠤ ᠬᠠᠨᠳᠤᠭᠤᠯᠤᠭᠰᠠᠨ ᠦᠨ᠎ᠡ ᠶᠢᠨ ᠥᠷᠢᠰᠦᠯᠳᠦᠭᠡᠨ ᠤ ᠭᠤᠣᠯᠳᠠᠯᠭ᠎ᠠ ᠲᠠᠢ ᠰᠡᠳᠦᠪ ᠪᠣᠯᠬᠤ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠪᠦᠬᠦ ᠰᠢᠰᠲ᠋ᠧᠮ ᠤᠨ ᠬᠢᠨ ᠤ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠠᠷᠭ᠎ᠠ ᠵᠠᠮ ᠬᠢᠭᠡᠳ ᠠᠷᠭ᠎ᠠ ᠶᠢᠨ ᠰᠤᠳᠤᠯᠤᠯᠲᠠ︾᠎ ᠶᠢᠨ ᠳᠠᠭᠠᠭᠠᠴᠢᠯᠠᠯᠲᠠ ᠶᠢ ᠣᠯᠵᠠᠢ᠃      ᠬᠤᠶᠠᠷ ᠲᠤ᠂ ᠤᠳᠤᠷᠢᠳᠬᠤ ᠪᠠᠶᠢᠭᠤᠯᠤᠮᠵᠢ ᠬᠢᠭᠡᠳ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠪᠠᠷ ᠲᠥᠯᠥᠪᠵᠢᠭᠦᠯᠬᠦ ᠴᠢᠨᠠᠷ ᠢ ᠳᠡᠭᠡᠭᠰᠢᠯᠡᠭᠦᠯᠪᠡ᠃ ᠲᠥᠪ ᠤᠨ ᠬᠢᠨᠠᠨ ᠪᠣᠳᠣᠬᠤ ᠲᠤᠷᠰᠢᠯᠲᠠ ᠶᠢᠨ ᠴᠡᠭ ᠤᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠠᠴᠠ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠤᠷᠰᠢᠯᠲᠠ ᠶᠢᠨ ᠴᠡᠭ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾᠎ ᠢ ᠴᠠᠭ ᠲᠤᠬᠠᠢ ᠳᠤ ᠨᠢ ᠲᠣᠭᠲᠠᠭᠠᠭᠰᠠᠨ ᠤ ᠬᠠᠮᠲᠤ᠂ 2016 ᠣᠨ ᠤ 4 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠰᠠᠨ ᠤ ᠳᠠᠷᠠᠭ᠎ᠠ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠪᠦᠬᠦ ᠣᠷᠣᠨ ᠳᠤ ᠬᠡᠷᠡᠭᠵᠢᠭᠦᠯᠪᠡ᠃ ᠲᠤᠰ ᠵᠢᠯ ᠤᠨ 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠳᠡᠪᠰᠢᠭᠦᠯᠦᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠪᠠ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ 8 ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠪᠦᠬᠦ ᠣᠷᠣᠨ ᠤ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠯᠪᠠᠨ ᠭᠡᠷ ᠢ ᠨᠢ ᠬᠢᠨᠠᠨ ᠪᠣᠳᠣᠬᠤ ᠲᠢᠩᠬᠢᠮ ᠳᠤ ᠲᠣᠬᠢᠷᠠᠭᠤᠯᠪᠠ᠃ 2017 ᠣᠨ ᠳᠤ᠂ ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ︽ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠨᠠᠨ ᠪᠣᠳᠣᠬᠤ ᠬᠤᠶᠠᠳᠤᠭᠠᠷ ᠭᠠᠵᠠᠷ︾᠎ ᠢ ᠨᠡᠮᠡᠨ ᠲᠣᠬᠢᠷᠠᠭᠤᠯᠬᠤ ᠶᠢ ᠵᠥᠪᠰᠢᠶᠡᠷᠡᠭᠦᠯᠬᠦ ᠪᠠᠷ ᠮᠡᠳᠡᠭᠦᠯᠦᠨ ᠳᠡᠪᠰᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠳᠤ ᠮᠡᠷᠭᠡᠵᠢᠯ ᠤᠨ ᠲᠤᠯᠭᠠᠭᠤᠷᠢᠯᠠᠯ ᠪᠠ ᠲᠣᠮᠣ ᠳ᠋ᠠᠶᠢᠲ᠋ᠠ ᠶᠢᠨ ᠦᠢᠯᠡᠴᠢᠯᠡᠭᠡ ᠶᠢᠨ ᠪᠠᠲᠤᠯᠠᠭ᠎ᠠ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾᠎ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠤᠯᠪᠣᠭᠠᠯᠠᠵᠤ ᠪᠠᠶᠢᠭᠠᠳ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶﹀᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠲᠣᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠬᠦ ᠵᠦᠢᠯ ᠤᠨ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠬᠤ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ 2018 ᠣᠨ ᠳᠤ ᠲᠤᠰ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠡᠪᠰᠢᠵᠢᠭᠦᠯᠦᠨ ᠠᠬᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠵᠠᠢ᠃      ᠭᠤᠷᠪᠠ ᠳᠤ᠂ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠵᠦ᠂ ᠬᠢᠨᠠᠨ ᠪᠣᠳᠣᠬᠤ ᠠᠵᠢᠯ ᠤᠨ ᠶᠠᠰᠤ ᠴᠢᠨᠠᠷ ᠬᠢᠭᠡᠳ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠮᠠᠨ ᠤ ᠲᠢᠩᠬᠢᠮ ᠲᠤᠰᠬᠠᠶᠢᠯᠠᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠵᠤ ᠵᠠᠳᠠᠯᠤᠯᠲᠠ ᠬᠢᠬᠦ ᠲᠠᠪᠴᠠᠩ ᠢ ᠪᠠᠶᠢᠭᠤᠯᠵᠤ᠂ 2017 ᠣᠨ ᠳᠤ ArcGIS ᠰᠦᠯᠵᠢᠶᠡᠨ ᠤ ᠬᠡᠪᠯᠡᠯ ᠤᠨ ᠰᠢᠰᠲ᠋ᠧᠮ ᠪᠠ 200TB ᠲᠣᠮᠣ ᠪᠠᠭᠲᠠᠭᠠᠮᠵᠢᠲᠤ ᠬᠠᠳᠠᠭᠠᠯᠠᠮᠵᠢ ᠶᠢ ᠪᠠᠶᠢᠷᠢᠯᠠᠭᠤᠯᠵᠤ᠂ ᠲᠤᠰᠬᠠᠶᠢᠯᠠᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠤᠭ᠎ᠠ ᠪᠠᠷᠢᠮᠲᠠ ᠶᠢ ᠬᠠᠳᠠᠭᠠᠯᠠᠬᠤ ᠪᠠ ᠵᠠᠳᠠᠯᠤᠨ ᠬᠠᠷᠢᠴᠠᠭᠤᠯᠬᠤ ᠳᠤ ᠬᠡᠷᠡᠭᠯᠡᠪᠡ᠃ ᠮᠠᠨ ᠤ ᠲᠢᠩᠬᠢᠮ ᠠᠴᠠ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠎ ᠲᠠᠢ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠭᠠᠵᠠᠷ ᠵᠦᠢ ᠶᠢᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠬᠡᠯᠡᠯᠴᠡᠭᠡᠷ ᠤᠨ ᠪᠢᠴᠢᠭ ᠲᠣᠭᠲᠠᠵᠤ᠂ ᠣᠳᠣᠬᠠᠨ ᠳᠤ ᠨᠢᠭᠡᠨᠲᠡ ᠪᠦᠬᠦ ᠣᠷᠣᠨ ᠤ 2013 ᠣᠨ ᠠᠴᠠ 2017 ᠣᠨ ᠬᠦᠷᠲᠡᠯᠡᠬᠢ ᠭᠠᠵᠠᠷ ᠰᠢᠷᠣᠢ ᠶᠢ ᠠᠰᠢᠭᠯᠠᠭᠰᠠᠨ ᠣᠳᠣᠬᠢ ᠪᠠᠶᠢᠳᠠᠯ ᠤᠨ ᠵᠢᠷᠤᠭ ᠪᠠ ᠳᠠᠭᠠᠭᠤᠯᠢ ᠣᠳᠣᠨ ᠤ ᠠᠯᠤᠰ ᠰᠡᠷᠡᠯ ᠤᠨ ᠳᠦᠷᠰᠦ ᠶᠢᠨ ᠳ᠋ᠠᠶᠢᠲ᠋ᠠ ᠶᠢ ᠡᠮᠬᠢᠯᠡᠨ ᠴᠤᠭᠯᠠᠭᠤᠯᠵᠤ᠂ ᠳ᠋ᠠᠶᠢᠲ᠋ᠠ ᠶᠢᠨ ᠬᠡᠪᠴᠢᠶ᠎ᠡ ᠨᠢ 10TB᠎ ᠳᠤ ᠬᠦᠷᠴᠡᠢ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠮᠠᠨ ᠤ ᠲᠢᠩᠬᠢᠮ ᠠᠴᠠ ᠳ᠋ᠠᠶᠢᠲ᠋ᠠ ᠶᠢᠨ ᠲᠥᠪ ᠢ ᠪᠠᠶᠢᠭᠤᠯᠤᠨ ᠪᠡᠶᠡᠯᠡᠭᠦᠯᠵᠦ᠂ ᠡᠯ᠎ᠡ ᠲᠥᠷᠥᠯ ᠤᠨ ᠬᠢᠨᠠᠨ ᠪᠣᠳᠣᠭᠰᠠᠨ ᠳ᠋ᠠᠶᠢᠲ᠋ᠠ ᠶᠢᠨ ᠬᠠᠳᠠᠭᠠᠯᠠᠮᠵᠢ᠂ ᠬᠠᠮᠢᠶᠠᠷᠤᠯᠲᠠ ᠪᠠ ᠲᠠᠷᠬᠠᠭᠠᠯᠲᠠ ᠶᠢ ᠪᠡᠶᠡᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠬᠢᠭᠡᠳ ᠬᠠᠮᠢᠶ᠎ᠠ ᠪᠦᠬᠦᠢ ᠡᠳ᠋ ᠤᠨ ᠵᠠᠰᠠᠭ᠂ ᠡᠳ᠋ ᠤᠨ ᠶᠠᠪᠤᠳᠠᠯ ᠪᠠ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠡᠮᠬᠢᠯᠡᠨ ᠴᠤᠭᠯᠠᠭᠤᠯᠬᠤ᠂ ᠪᠠᠷᠢᠮᠵᠢᠶᠠᠵᠢᠭᠤᠯᠬᠤ ᠪᠠ ᠬᠠᠮᠢᠶᠠᠷᠤᠨ ᠲᠠᠷᠬᠠᠭᠠᠬᠤ ᠳᠤ ᠲᠤᠯᠭᠠᠭᠤᠷᠢᠯᠠᠯ ᠬᠠᠩᠭᠠᠪᠠ᠃ ᠳ᠋ᠠᠶᠢᠲ᠋ᠠ ᠶᠢ ᠠᠰᠢᠭᠯᠠᠬᠤ ᠲᠠᠯ᠎ᠠ ᠪᠠᠷ᠂ ArcGIS ᠵᠥᠭᠡᠯᠡᠨ ᠲᠣᠨᠤᠭ ᠤᠨ ᠪᠠᠭᠠᠵᠢ ᠶᠢᠨ ᠬᠠᠶᠢᠷᠴᠠᠭ ᠲᠤ ᠲᠦᠰᠢᠭᠯᠡᠨ᠂ ᠬᠢᠨᠠᠨ ᠪᠣᠳᠣᠬᠤ ᠶᠠᠪᠤᠴᠠ ᠳᠤ ᠬᠢᠨᠠᠯᠲᠠ ᠪᠣᠳᠣᠯᠲᠠ ᠶᠢ ᠬᠦᠯᠢᠶᠡᠵᠦ ᠪᠠᠶᠢᠭ᠎ᠠ ᠭᠠᠵᠠᠷ ᠣᠷᠣᠨ ᠤ ᠦᠨᠳᠦᠰᠦᠨ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠢ ᠡᠵᠡᠯᠡᠭᠰᠡᠨ ᠵᠢᠴᠢ ᠭᠠᠵᠠᠷ ᠤᠨ ᠲᠥᠷᠥᠯ ᠤᠨ ᠬᠠᠷᠢᠶᠠᠲᠤ ᠴᠢᠨᠠᠷ ᠢ ᠬᠤᠪᠢᠷᠠᠭᠤᠯᠤᠭᠰᠠᠨ᠂ ᠲᠠᠷᠢᠶᠠᠨ ᠭᠠᠵᠠᠷ ᠢ ᠡᠵᠡᠯᠡᠵᠦ ᠨᠥᠬᠦᠪᠦᠷᠢᠯᠡᠭᠰᠡᠨ ᠢ ᠲᠡᠩᠴᠡᠭᠦᠷᠢᠰᠢᠭᠦᠯᠦᠭᠰᠡᠨ ᠵᠡᠷᠭᠡ ᠠᠰᠠᠭᠤᠳᠠᠯ ᠢ ᠰᠢᠰᠲ᠋ᠧᠮ ᠎ ᠲᠠᠢ ᠪᠠᠷ ᠡᠮᠬᠢᠯᠡᠨ ᠳᠢᠭᠯᠡᠭᠰᠡᠨ ᠤ ᠬᠠᠮᠲᠤ᠂ ᠬᠢᠨᠠᠨ ᠪᠣᠳᠣᠭᠰᠠᠨ ᠰᠡᠵᠢᠭᠯᠡᠯ ᠲᠠᠢ ᠴᠡᠭ ᠢ ᠲᠦᠷᠭᠡᠨ ᠢᠶᠠᠷ ᠲᠣᠭᠲᠠᠭᠠᠬᠤ ᠶᠢ ᠭᠦᠢᠴᠡᠳᠬᠡᠵᠡᠢ᠃      ᠳᠥᠷᠪᠡ ᠳᠤ᠂ ᠵᠢᠷᠤᠮᠯᠠᠨ ᠳᠠᠭᠠᠵᠤ ᠪᠣᠯᠬᠤᠶᠢᠴᠠ ᠳᠡᠯᠭᠡᠷᠡᠭᠦᠯᠵᠦ ᠪᠣᠯᠬᠤᠶᠢᠴᠠ ᠬᠢᠨᠠᠨ ᠪᠣᠳᠣᠭᠰᠠᠨ ᠲᠤᠷᠰᠢᠯᠭ᠎ᠠ ᠬᠢᠳᠡᠯ ᠢ ᠢᠳᠡᠪᠬᠢᠲᠡᠢ ᠰᠦᠪᠡᠭᠴᠢᠯᠡᠪᠡ᠃ ᠮᠠᠨ ᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠤᠭ ᠰᠤᠷᠪᠤᠯᠵᠢ ᠶᠢᠨ ᠣᠨᠴᠠᠯᠢᠭ ᠪᠠ ᠨᠢᠭᠡᠨᠲᠡ ᠬᠤᠷᠠᠮᠳᠤᠭᠤᠯᠤᠭᠰᠠᠨ ᠬᠢᠨᠠᠨ ᠪᠣᠳᠣᠬᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠦᠨᠳᠦᠰᠦᠯᠡᠨ᠂ ᠬᠢᠨᠠᠨ ᠪᠣᠳᠣᠬᠤ ᠵᠠᠬᠢᠷᠭ᠎ᠠ ᠠᠴᠠ 2016 ᠣᠨ ᠤ 6 ᠳ᠋ᠤᠭᠠᠷ ᠰᠠᠷ᠎ᠠ ᠳᠤ ᠮᠠᠨ ᠤ ᠲᠢᠩᠬᠢᠮ ᠳᠤ ᠨᠠᠶᠢᠳᠠᠵᠤ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠤᠷᠰᠢᠯᠲᠠ ᠶᠢᠨ ᠴᠡᠭ ︵ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠪᠣᠳᠣᠯᠲᠠ︶᠎ ᠤᠨ ᠠᠵᠢᠯᠯᠠᠭᠤᠯᠬᠤ ᠵᠢᠯᠣᠭᠤᠳᠤᠮᠵᠢ︾᠎ ᠶᠢ ᠨᠠᠶᠢᠷᠠᠭᠤᠯᠤᠨ ᠵᠣᠬᠢᠶᠠᠵᠤ᠂ ᠲᠤᠰ ᠵᠢᠯ ᠤᠨ 10 ᠳ᠋ᠤᠭᠠᠷ ᠰᠠᠷ᠎ᠠ ᠳᠤ᠂ ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠯᠪᠠᠨ ᠭᠡᠷ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠮᠠᠨ ᠤ ᠣᠷᠣᠨ ᠳᠤ ᠢᠷᠡᠵᠦ ᠲᠤᠷᠰᠢᠯᠲᠠ ᠶᠢᠨ ᠴᠡᠭ ᠤᠨ ᠬᠢᠨᠠᠨ ᠪᠣᠳᠣᠬᠤ ᠲᠤᠬᠠᠢ ᠶᠢᠨ ᠲᠠᠯᠠᠪᠤᠷ ᠲᠤ ᠰᠢᠮᠳᠠᠭᠤᠯᠤᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠮᠠᠨ ᠤ ᠣᠷᠣᠨ ᠤ ᠲᠤᠷᠰᠢᠯᠲᠠ ᠶᠢᠨ ᠴᠡᠭ ᠤᠨ ᠬᠢᠨᠠᠨ ᠪᠣᠳᠣᠵᠤ ᠣᠯᠣᠭᠰᠠᠨ ᠦᠷ᠎ᠡ ᠪᠦᠲᠦᠮᠵᠢ ᠳᠤ ᠭᠦᠢᠴᠡᠳ ᠨᠤᠲᠠᠯᠠᠯᠲᠠ ᠥᠭᠪᠡ᠃ 2017 ᠣᠨ ᠳᠤ᠂ ᠮᠠᠨ ᠤ ᠲᠢᠩᠬᠢᠮ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯᠯᠠᠭᠠᠨ ᠤ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾᠎ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠂ ᠲᠤᠰ ᠰᠢᠷᠢᠰ ᠠᠵᠢᠯᠯᠠᠭᠠᠨ ᠤ ᠵᠢᠯᠣᠭᠤᠳᠤᠮᠵᠢ ᠨᠢ ᠣᠶᠢᠷ᠎ᠠ ᠶᠢᠨ ᠵᠢᠯ ᠤᠳ ᠠᠴᠠ ᠨᠠᠭᠠᠰᠢᠬᠢ ᠭᠠᠵᠠᠷ ᠰᠢᠷᠣᠢ᠂ ᠨᠤᠲᠤᠭ ᠪᠡᠯᠴᠢᠭᠡᠷ᠂ ᠤᠰᠤ᠂ ᠠᠭᠤᠷᠬᠠᠢ ᠶᠢᠨ ᠭᠠᠷᠤᠯᠲᠠ᠂ ᠤᠰᠤᠨ ᠤ ᠣᠷᠴᠢᠨ ᠲᠣᠭᠤᠷᠢᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ᠂ ᠠᠭᠠᠷ ᠮᠠᠨᠳᠠᠯ ᠤᠨ ᠣᠷᠴᠢᠨ ᠲᠣᠭᠤᠷᠢᠨ ᠵᠡᠷᠭᠡ ᠪᠠᠶᠢᠭᠠᠯᠢ ᠶᠢᠨ ᠡᠬᠢ ᠪᠠᠶᠠᠯᠢᠭ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠪᠣᠳᠣᠬᠤ ᠠᠭᠤᠯᠭ᠎ᠠ᠂ ᠬᠢᠨᠠᠨ ᠪᠣᠳᠣᠬᠤ ᠦᠨᠡᠯᠡᠯᠲᠡ ᠶᠢᠨ ᠭᠦᠢᠴᠡᠳᠬᠡᠯ ᠲᠤᠭ᠎ᠠ᠂ ᠬᠢᠨᠠᠨ ᠪᠣᠳᠣᠬᠤ ᠳᠡᠰ ᠳᠠᠷᠠᠭᠠᠯᠠᠯ ᠪᠠ ᠬᠢᠨᠠᠨ ᠪᠣᠳᠣᠬᠤ ᠮᠡᠷᠭᠡᠵᠢᠯ ᠬᠢᠭᠡᠳ ᠠᠷᠭ᠎ᠠ ᠵᠢᠴᠢ ᠬᠡᠮᠵᠢᠨ ᠵᠢᠷᠤᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠲᠠᠯ᠎ᠠ ᠶᠢᠨ ᠠᠭᠤᠯᠭ᠎ᠠ ᠶᠢ ᠨᠡᠯᠢᠶᠡᠳ ᠰᠢᠰᠲ᠋ᠧᠮ ᠲᠠᠢ ᠳ᠋ᠦᠩᠨᠡᠵᠦ᠂ ᠵᠢᠷᠤᠮᠯᠠᠨ ᠳᠠᠭᠠᠵᠤ ᠪᠣᠯᠬᠤᠶᠢᠴᠠ ᠳᠡᠯᠭᠡᠷᠡᠭᠦᠯᠵᠦ ᠪᠣᠯᠬᠤᠶᠢᠴᠠ ᠬᠢᠨᠠᠨ ᠪᠣᠳᠣᠬᠤ ᠠᠵᠢᠯ ᠤᠨ ᠰᠡᠳᠬᠢᠮᠵᠢ ᠵᠢᠴᠢ ᠬᠢᠳᠡᠯ ᠢ ᠠᠩᠬ᠎ᠠ ᠠᠯᠬᠤᠮ ᠪᠦᠷᠢᠯᠳᠦᠭᠦᠯᠦᠭᠰᠡᠨ ᠤ ᠬᠠᠮᠲᠤ᠂ ᠨᠢᠭᠡᠨᠲᠡ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠳᠤ ᠲᠤᠷᠰᠢᠨ ᠬᠡᠷᠡᠭᠵᠢᠭᠦᠯᠪᠡ᠃ ᠡᠭᠦᠨ ᠠᠴᠠ ᠭᠠᠳᠠᠨ᠎ᠠ᠂ ᠡᠨᠡ ᠵᠢᠯ ᠪᠢᠳᠡ ᠪᠠᠰᠠ ᠬᠢᠨᠠᠨ ᠪᠣᠳᠣᠬᠤ ᠵᠠᠬᠢᠷᠭ᠎ᠠ ᠪᠠ ᠳᠤᠮᠳᠠᠳᠤ ᠤᠯᠤᠰ ᠤᠨ ᠬᠢᠨᠠᠨ ᠪᠣᠳᠣᠬᠤ ᠨᠡᠶᠢᠭᠡᠮᠯᠢᠭ ᠤᠨ ᠲᠣᠬᠢᠷᠠᠭᠤᠯᠤᠯᠲᠠ ᠶᠣᠰᠣᠭᠠᠷ᠂ ᠤᠷᠢᠳ ᠬᠤᠵᠢᠳ ᠮᠣᠩᠭᠤᠯ ᠤᠯᠤᠰ ᠤᠨ ᠬᠢᠨᠠᠬᠤ ᠪᠣᠳᠣᠬᠤ ᠲᠤᠰᠢᠶᠠᠯᠲᠠᠳ ᠪᠠ ᠳᠠᠯᠠᠢ ᠶᠢᠨ ᠪᠤᠯᠤᠩ ᠤᠨ ᠬᠤᠶᠠᠷ ᠡᠷᠭᠢ ᠵᠢᠴᠢ ᠰᠢᠶᠠᠩᠭᠠᠩ ᠣᠣᠮᠧᠨ ᠣᠷᠣᠨ ᠤ ᠬᠢᠨᠠᠨ ᠪᠣᠳᠣᠬᠤ ᠲᠥᠯᠥᠭᠡᠯᠡᠭᠴᠢᠳ ᠲᠤ ᠥᠪᠥᠷ ᠮᠣᠩᠭᠤᠯ ᠤᠨ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰ ᠲᠤᠰ ᠲᠠᠨᠢᠯᠴᠠᠭᠤᠯᠵᠤ᠂ ᠨᠡᠶᠢᠳᠡᠮ ᠤᠨ ᠰᠠᠶᠢᠨ ᠦᠨᠡᠯᠡᠯᠲᠡ ᠶᠢ ᠣᠯᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠰᠡᠭᠦᠳᠡᠷᠯᠡᠨ ᠰᠢᠩᠭᠡᠭᠡᠭᠰᠡᠨ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠤᠬᠠᠭᠤᠯᠭ᠎ᠠ ᠶᠢᠨ ᠺᠢᠨᠣ᠋ ᠨᠢ᠂ ᠮᠠᠨ ᠤ ᠲᠢᠩᠬᠢᠮ ᠠᠴᠠ ᠲᠦᠷᠦᠭᠦᠯᠡᠨ ᠥᠷᠨᠢᠭᠦᠯᠦᠭᠰᠡᠨ ᠡᠨᠡ ᠬᠦ ᠵᠦᠢᠯ ᠤᠨ ᠠᠵᠢᠯ ᠢᠶᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠨᠢᠭᠡᠨ ᠴᠢᠬᠤᠯᠠ ᠠᠭᠤᠯᠭ᠎ᠠ ᠪᠣᠯᠭᠠᠨ ᠮᠡᠳᠡᠭᠡᠯᠡᠪᠡ᠃ ᠨᠢᠳᠤᠨᠤᠨ ᠵᠢᠯ ᠤᠨ 8 ᠳ᠋ᠤᠭᠠᠷ ᠰᠠᠷ᠎ᠠ ᠶᠢᠨ 8᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠤᠯ ᠤᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠢᠦᠢ ᠵᠧᠩ ᠱᠧᠩ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠥᠷ ᠮᠣᠩᠭᠤᠯ ᠤᠨ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠶᠢ ᠥᠷᠨᠢᠭᠦᠯᠦᠭᠰᠡᠨ ᠬᠢᠳᠡᠯ ᠢ ᠭᠦᠢᠴᠡᠳ ᠨᠤᠲᠠᠯᠠᠵᠤ᠂ ᠥᠪᠥᠷ ᠮᠣᠩᠭᠤᠯ ᠤᠨ ᠬᠤᠶᠢᠰᠢᠳᠠ ᠡᠨᠡ ᠬᠦ ᠵᠦᠢᠯ ᠤᠨ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ 2017 ᠣᠨ ᠤ 10 ᠳ᠋ᠤᠭᠠᠷ ᠰᠠᠷ᠎ᠠ ᠳᠤ᠂ ᠬᠢᠨᠠᠨ ᠪᠣᠳᠣᠬᠤ ᠵᠠᠬᠢᠷᠭ᠎ᠠ ᠶᠢᠨ ᠬᠤᠷᠠᠯᠳᠤᠭᠤᠯᠤᠭᠰᠠᠨ ᠪᠦᠬᠦ ᠤᠯᠤᠰ ᠤᠨ ᠬᠢᠨᠠᠨ ᠪᠣᠳᠣᠬᠤ ᠪᠠᠶᠢᠭᠤᠯᠭ᠎ᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠯᠲᠠ ᠪᠣᠳᠣᠯᠲᠠ ᠶᠢᠨ ᠲᠧᠯᠸᠢᠰ ᠬᠤᠷᠠᠯ ᠳᠡᠭᠡᠷ᠎ᠡ ᠮᠠᠨ ᠤ ᠲᠢᠩᠬᠢᠮ ᠠᠴᠠ ᠲᠤᠷᠰᠢᠯᠭ᠎ᠠ ᠪᠠᠨ ᠲᠠᠨᠢᠯᠴᠠᠭᠤᠯᠤᠭᠰᠠᠨ ᠦᠭᠡ ᠶᠠᠷᠢᠵᠤ᠂ ᠪᠦᠬᠦ ᠤᠯᠤᠰ ᠤᠨ ᠬᠢᠨᠠᠨ ᠪᠣᠳᠣᠬᠤ ᠪᠠᠶᠢᠭᠤᠯᠭ᠎ᠠ ᠠᠴᠠ ᠡᠨᠡ ᠤᠳᠠᠭᠠᠨ ᠤ ᠬᠤᠷᠠᠯ ᠳᠤ ᠣᠷᠣᠯᠴᠠᠭᠰᠠᠨ ᠬᠥᠮᠥᠨ ᠤ ᠲᠤᠭ᠎ᠠ ᠨᠢ 7.5 ᠲᠦᠮᠡᠨ ᠬᠥᠮᠥᠨ ᠳᠤ ᠬᠦᠷᠪᠡ᠃ 2017 ᠣᠨ ᠤ 11 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ 28 ᠳ᠋ᠤᠭᠠᠷ ᠤᠳᠠᠭᠠᠨ ᠤ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ ᠢ ᠲᠤᠰᠬᠠᠢ ᠰᠡᠳᠦᠪ ᠢᠶᠠᠷ ᠳ᠋ᠦᠩᠨᠡᠨ᠂ ᠡᠯ᠎ᠡ ᠲᠤᠰᠬᠠᠢ ᠵᠦᠢᠯ ᠤᠨ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠶᠡᠷᠦᠩᠬᠡᠢ ᠱᠦᠵᠢ ᠶᠢᠨ ᠵᠢᠭᠠᠪᠤᠷᠢᠯᠠᠭᠰᠠᠨ ︽ᠭᠤᠷᠪᠠᠨ ᠵᠦᠢᠯ ᠤᠨ ᠥᠭᠡᠷᠡᠴᠢᠯᠡᠯᠲᠡ︾᠎ ᠳᠤ ᠴᠢᠬᠤᠯᠠ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠂ ᠡᠭᠦᠨ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠪᠠᠭᠲᠠᠭᠠᠵᠤ ᠪᠠᠶᠢᠨ᠎ᠠ᠃      2018 ᠣᠨ ᠤ 9 ᠳ᠋ᠦ᠋ᠭᠡᠷ ᠰᠠᠷ᠎ᠠ ᠳᠤ᠂ ᠬᠢᠨᠠᠨ ᠪᠣᠳᠣᠬᠤ ᠵᠠᠬᠢᠷᠭ᠎ᠠ ᠶᠢᠨ ᠬᠢᠨᠠᠨ ᠪᠣᠳᠣᠬᠤ ᠳᠡᠳ᠋ ᠳᠠᠷᠤᠭ᠎ᠠ ᠴᠢᠨ ᠪᠦᠸᠧ ᠶᠦᠩ ᠮᠠᠨ ᠤ ᠲᠢᠩᠬᠢᠮ ᠳᠤ ᠢᠷᠡᠵᠦ ᠪᠠᠶᠢᠴᠠᠭᠠᠨ ᠰᠤᠳᠤᠯᠬᠤ ᠦᠶ᠎ᠡ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ  ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠶᠢ ᠥᠷᠨᠢᠭᠦᠯᠦᠭᠰᠡᠨ ᠎ ᠨᠢ ᠥᠪᠡᠷᠮᠢᠴᠡ ᠣᠨᠴᠠᠯᠢᠭ ᠲᠠᠢ᠂ ᠮᠠᠰᠢ ᠯᠠᠪᠳᠠᠭᠤᠨ ᠪᠠᠲᠤᠲᠠᠢ᠂ ᠮᠠᠰᠢ ᠢᠯᠡᠷᠬᠡᠢ ᠦᠷ᠎ᠡ ᠪᠦᠲᠦᠮᠵᠢ ᠲᠠᠢ ᠪᠠᠶᠢᠵᠤ᠂ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠦᠭᠰᠡᠨ ᠥᠪᠡᠷᠲᠡᠭᠡᠨ ᠵᠠᠰᠠᠬᠤ ᠣᠷᠣᠨ᠂ ᠮᠤᠵᠢ ᠶᠢᠨ ᠱᠠᠲᠤᠨ ᠤ ᠨᠢᠭᠡᠴᠢ ᠶᠢᠨ ᠳᠣᠲᠣᠷ᠎ᠠ ᠲᠤᠷᠰᠢᠯᠭ᠎ᠠ ᠬᠤᠷᠠᠮᠳᠤᠭᠤᠯᠤᠭᠰᠠᠨ ᠢᠶᠠᠷ ᠨᠡᠯᠢᠶᠡᠳ ᠣᠯᠠᠨ ᠬᠡᠳᠦᠨ ᠨᠢᠭᠡᠴᠢ ᠶᠢᠨ ᠨᠢᠭᠡ ᠪᠠᠶᠢᠵᠤ᠂ ᠬᠢᠨᠠᠨ ᠪᠣᠳᠣᠬᠤ ᠵᠠᠬᠢᠷᠭ᠎ᠠ ᠠᠴᠠ ︿ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠣᠳᠣᠬᠤ ᠲᠦᠷ ᠬᠡᠷᠡᠭᠵᠢᠭᠦᠯᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶﹀᠎ ᠶᠢ ᠲᠤᠭᠤᠷᠪᠢᠬᠤ ᠳᠤ ᠵᠠᠮ ᠨᠡᠭᠡᠭᠡᠨ᠂ ᠲᠤᠷᠰᠢᠯᠭ᠎ᠠ ᠬᠤᠷᠠᠯᠳᠤᠭᠤᠯᠵᠤ ᠥᠭᠪᠡ︾ ᠭᠡᠵᠦ ᠵᠢᠭᠠᠵᠤ ᠭᠠᠷᠭᠠᠪᠠ᠃ ᠡᠭᠦᠨ ᠠᠴᠠ ᠭᠠᠳᠠᠨ᠎ᠠ᠂ ᠮᠠᠨ ᠤ ᠲᠢᠩᠬᠢᠮ ᠠᠴᠠ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠯᠲᠠ ᠪᠣᠳᠣᠯᠲᠠ ᠶᠢ ᠠᠬᠢᠭᠤᠯᠬᠤ ᠶᠠᠪᠤᠴᠠ ᠳᠤ᠂ ᠪᠠᠰᠠ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠪᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠳ ᠢ ᠤᠷᠢᠵᠤ ᠬᠢᠨᠠᠨ ᠪᠣᠳᠣᠬᠤ ᠳᠤ ᠣᠷᠣᠯᠴᠠᠭᠤᠯᠬᠤ ᠪᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠪᠡ︔ ᠮᠠᠨ ᠤ ᠲᠢᠩᠬᠢᠮ ᠠᠴᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ᠂ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠵᠤ ᠲᠥᠯᠥᠪᠯᠡᠬᠦ ᠬᠦᠷᠢᠶᠡᠯᠡᠩ ᠵᠡᠷᠭᠡ ᠨᠢᠭᠡᠴᠢ ᠲᠠᠢ ᠲᠥᠷᠥᠯ ᠵᠦᠢᠯ ᠢᠶᠠᠷ ᠬᠠᠮᠲᠤᠷᠠᠯᠴᠠᠬᠤ ᠪᠠᠷ ᠳᠠᠮᠵᠢᠭᠤᠯᠤᠨ᠂ ᠤᠷᠲᠤ ᠬᠤᠭᠤᠴᠠᠭᠠᠨ ᠤ᠂ ᠲᠣᠭᠲᠠᠪᠤᠷᠢᠲᠠᠢ ᠬᠠᠮᠵᠢᠯᠴᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠤᠭᠰᠠᠨ ᠭᠡᠬᠦ ᠮᠡᠲᠦ᠃      ᠬᠥᠲᠥᠯᠥᠭᠴᠢ᠄      ᠭᠦᠸᠧ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠬᠤ ᠪᠠᠷ ᠳᠠᠮᠵᠢᠭᠤᠯᠵᠤ᠂ ᠪᠢᠳᠡ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠶᠡᠭᠡ ᠬᠡᠮᠵᠢᠶᠡᠨ ᠤ ᠦᠷ᠎ᠡ ᠪᠦᠲᠦᠮᠵᠢᠲᠡᠢ ᠠᠵᠢᠯ ᠬᠢᠵᠦ᠂ ᠮᠠᠰᠢ ᠣᠯᠠᠨ ᠬᠤᠪᠣᠷ ᠨᠠᠨᠳᠢᠨ ᠲᠤᠷᠰᠢᠯᠭ᠎ᠠ ᠪᠠ ᠬᠢᠳᠡᠯ ᠬᠤᠷᠠᠮᠳᠤᠭᠤᠯᠤᠭᠰᠠᠨ ᠢ ᠮᠡᠳᠡᠵᠦ ᠪᠣᠯᠣᠨ᠎ᠠ᠃ ᠲᠡᠭᠡᠪᠡᠯ 2018 ᠣᠨ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠭᠤᠣᠯᠳᠠᠭᠤ ᠶᠠᠮᠠᠷ ᠶᠠᠮᠠᠷ ᠠᠵᠢᠯ ᠬᠢᠭᠰᠡᠨ ᠪᠣᠢ︖      ᠭᠦᠸᠧ ᠱᠤᠤ ᠬᠤᠸᠠ᠄      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠂ 2018 ᠣᠨ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠤᠰᠠᠳᠠ᠂ ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠢᠳᠡᠪᠬᠢᠲᠡᠢ ᠪᠠᠷ ᠳᠣᠣᠷᠠᠬᠢ ᠠᠷᠭ᠎ᠠ ᠬᠡᠮᠵᠢᠶ᠎ᠡ ᠶᠢ ᠠᠪᠤᠪᠠ᠃ ᠨᠢᠭᠡ ᠳᠤ᠂ ᠡᠨᠡ ᠵᠢᠯ ᠬᠢᠨᠠᠨ ᠪᠣᠳᠣᠬᠤ ᠲᠢᠩᠬᠢᠮ ᠠᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨᠠᠨ ᠪᠣᠳᠣᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠂ ᠲᠤᠬᠠᠶᠢᠯᠠᠪᠠᠯ ᠬᠢᠨᠠᠨ ᠪᠣᠳᠣᠬᠤ ᠲᠢᠩᠬᠢᠮ ᠠᠴᠠ ᠤᠯᠠᠭᠠᠨᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠪᠣᠳᠣᠯᠲᠠ ᠬᠢᠭᠰᠡᠨ ᠤ ᠬᠠᠮᠲᠤ᠂ 11 ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠵᠣᠬᠢᠶᠠᠨ ᠪᠠᠶᠢᠭᠤᠯᠵᠤ ᠪᠠᠶᠢᠭᠠᠳ ᠬᠠᠷᠢᠶ᠎ᠠ ᠣᠷᠣᠨ ᠤ ᠳᠣᠲᠣᠷᠠᠬᠢ 1 ᠬᠤᠰᠢᠭᠤ ᠰᠢᠶᠠᠨ ᠤ ᠤᠳᠤᠷᠢᠳᠬᠤ ᠺᠠᠳ᠋ᠷ ᠲᠤ ᠬᠢᠨᠠᠯᠲᠠ ᠪᠣᠳᠣᠯᠲᠠ ᠢᠵᠦ᠂ 1 ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠪᠠ 2 ᠠᠰ ᠲᠤ ᠪᠠᠨ ᠲᠥᠯᠥᠪᠯᠡᠭᠡ ᠬᠢᠬᠦ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠵᠣᠬᠢᠶᠠᠨ ᠪᠠᠶᠢᠭᠤᠯᠵᠤ ᠪᠠᠶᠢᠭᠠᠳ ᠲᠤᠰ ᠱᠠᠲᠤᠨ ᠤ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠪᠣᠳᠣᠯᠲᠠ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠪᠦᠬᠦ ᠲᠠᠯ᠎ᠠ ᠪᠠᠷ ᠬᠦᠴᠦᠯᠡᠪᠡ᠃ ᠬᠤᠶᠠᠷ ᠲᠤ᠂ ᠬᠢᠨᠠᠨ ᠪᠣᠳᠣᠬᠤ ᠲᠢᠩᠬᠢᠮ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠲᠤᠰ ᠱᠠᠲᠤ ᠵᠢᠴᠢ 12 ᠠᠶᠢᠮᠠᠭ ᠬᠤᠲᠠ᠂ 2 ᠠᠰ ᠲᠤ ᠪᠠᠨ ᠲᠥᠯᠥᠪᠯᠡᠭᠡ ᠬᠢᠬᠦ ᠬᠤᠲᠠ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠳᠤ ᠬᠢᠨᠠᠯᠲᠠ ᠪᠣᠳᠣᠯᠲᠠ ᠬᠢᠬᠦ ᠶᠢ ᠬᠠᠷᠢᠭᠤᠴᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠪᠠᠨ ᠬᠡᠷᠡᠭᠯᠡᠭᠰᠡᠨ ᠪᠠᠶᠢᠳᠠᠯ ᠳᠤ ᠪᠠᠶᠢᠴᠠᠭᠠᠯᠲᠠ ᠬᠢᠪᠡ᠃ ᠭᠤᠷᠪᠠ ᠳᠤ᠂ ᠲᠥᠰᠥᠪ ︵᠎ ᠤᠨ ᠭᠦᠢᠴᠡᠳᠬᠡᠯ︶᠎ ᠤᠨ ᠬᠡᠷᠡᠭᠵᠢᠭᠦᠯᠦᠯᠲᠡ ᠶᠢᠨ ᠬᠢᠨᠠᠨ ᠪᠣᠳᠣᠬᠤ ᠪᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠲᠥᠷᠥᠯ ᠵᠦᠢᠯ ᠳᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠠᠮᠠᠭᠠᠯᠠᠭᠰᠠᠨ᠂ ᠠᠰᠢᠭᠯᠠᠭᠰᠠᠨ᠂ ᠨᠡᠭᠡᠭᠡᠨ ᠬᠥᠭᠵᠢᠭᠦᠯᠦᠭᠰᠡᠨ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠵᠡᠷᠭᠡ ᠪᠠᠶᠢᠳᠠᠯ ᠳᠤ ᠠᠩᠬᠠᠷᠤᠯ ᠢᠶᠠᠨ ᠬᠠᠨᠳᠤᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠪᠣᠳᠣᠯᠲᠠ ᠬᠢᠬᠦ ᠴᠢᠬᠤᠯᠠ ᠲᠥᠷᠥᠯ ᠵᠦᠢᠯ ᠨᠢᠭᠡᠪᠦᠷᠢ ᠳᠤ ᠨᠡᠶᠢᠳᠡᠮ ᠳᠤ ᠨᠢ ᠲᠤᠭᠤᠰᠢᠯᠠᠭᠤᠯᠬᠤ ᠪᠠᠷ ᠱᠠᠭᠠᠷᠳᠠᠵᠠᠢ᠃     ᠬᠥᠲᠥᠯᠥᠭᠴᠢ᠄      ᠲᠠ ᠰᠠᠶ᠋ᠢᠬᠠᠨ ᠡᠨᠡ ᠵᠢᠯ ᠤᠨ ᠬᠢᠨᠠᠨ ᠪᠣᠳᠣᠬᠤ ᠲᠢᠩᠬᠢᠮ ᠠᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨᠠᠨ ᠪᠣᠳᠣᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠪᠠᠶᠢᠭᠠᠳ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠥᠷᠨᠢᠭᠦᠯᠦᠭᠰᠡᠨ ᠪᠠᠶᠢᠳᠠᠯ ᠢ ᠶᠠᠷᠢᠪᠠ᠂ ᠲᠡᠭᠡᠪᠡᠯ ᠬᠢᠨᠠᠨ ᠪᠣᠳᠣᠬᠤ ᠡᠲᠡᠭᠡᠳ ᠨᠢ ᠴᠣᠬᠤᠮ ᠠᠯᠢ ᠠᠯᠢ ᠪᠣᠢ︖      ᠭᠦᠸᠧ ᠱᠤᠤ ᠬᠤᠸᠠ᠄      ᠨᠢᠭᠡ ᠳᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷᠴᠤᠳ︔ ᠬᠤᠶᠠᠷ ᠲᠤ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ︵ᠨᠢᠭᠡᠴᠢ︶᠎ ᠤᠨ ᠭᠤᠣᠯ ᠤᠳᠤᠷᠢᠳᠬᠤ ᠺᠠᠳ᠋ᠷᠴᠤᠳ ᠪᠠᠶᠢᠵᠤ᠂ ᠭᠤᠣᠯᠳᠠᠭᠤ ᠬᠥᠭᠵᠢᠭᠦᠯᠦᠯᠲᠡ ᠪᠠ ᠥᠭᠡᠷᠡᠴᠢᠯᠡᠯᠲᠡ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ᠂ ᠲᠠᠷᠢᠶᠠᠯᠠᠩ᠂ ᠣᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ︵ᠨᠢᠭᠡᠴᠢ︶᠎ ᠲᠤ ᠬᠤᠯᠪᠣᠭᠳᠠᠨ᠎ᠠ᠃     ᠬᠥᠲᠥᠯᠥᠭᠴᠢ᠄      ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠬᠢᠭᠡᠳ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠠᠵᠢᠯ ᠢ ᠬᠡᠷᠬᠢᠨ ᠵᠣᠯᠭᠠᠯᠳᠤᠭᠤᠯᠬᠤ ᠪᠣᠢ︖      ᠭᠦᠸᠧ ᠱᠤᠤ ᠬᠤᠸᠠ᠄      ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠶᠢ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠲᠠᠢ ᠴᠢᠳᠠᠬᠤ ᠶᠢᠨ ᠬᠢᠷᠢ ᠪᠠᠷ ᠨᠢᠭᠡᠳᠦᠯᠲᠡᠢ ᠲᠥᠯᠥᠵᠢᠭᠦᠯᠦᠨ ᠬᠡᠷᠡᠭᠵᠢᠭᠦᠯᠬᠦ ᠬᠡᠷᠡᠭᠲᠡᠢ᠃ ᠣᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠮᠥᠷᠲᠡᠭᠡᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠡᠲᠡᠭᠡᠳ ᠲᠤ ᠣᠷᠣᠭᠤᠯᠤᠭᠰᠠᠨ ᠤᠳᠤᠷᠢᠳᠬᠤ ᠺᠠᠳ᠋ᠷᠴᠤᠳ ᠢ᠂ ᠶᠡᠷᠦ ᠳᠤ ᠪᠠᠨ ᠬᠠᠮᠲᠤ ᠳᠤ ᠨᠢ ᠲᠣᠬᠢᠷᠠᠭᠤᠯᠤᠨ ᠬᠢᠨᠠᠯᠲᠠ ᠪᠣᠳᠣᠯᠲᠠ ᠬᠢᠨ᠎ᠡ᠃ ᠭᠡᠲᠡᠯ᠎ᠡ ᠬᠤᠶᠠᠷ ᠵᠦᠢᠯ ᠤᠨ ᠠᠵᠢᠯ ᠢ ᠪᠣᠳᠠᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠤ᠂ ᠬᠢᠨᠠᠨ ᠪᠣᠳᠣᠬᠤ ᠮᠡᠳᠡᠭᠳᠡᠯ ᠤᠨ ᠪᠢᠴᠢᠭ ᠪᠠ ᠬᠢᠨᠠᠨ ᠪᠣᠳᠣᠬᠤ ᠲᠥᠰᠥᠯ ᠢ ᠲᠣᠭᠲᠠᠭᠠᠬᠤ᠂ ᠬᠢᠨᠠᠨ ᠪᠣᠳᠣᠬᠤ ᠳᠤᠭᠤᠶᠢᠯᠠᠩ ᠤᠨ ᠠᠵᠢᠯ ᠤᠨ ᠬᠤᠪᠢᠶᠠᠷᠢᠯᠠᠯᠲᠠ᠂ ᠬᠢᠨᠠᠨ ᠪᠣᠳᠣᠬᠤ ᠮᠡᠳᠡᠭᠦᠯᠦᠯᠲᠡ ᠪᠠ ᠬᠢᠨᠠᠨ ᠪᠣᠳᠣᠬᠤ ᠰᠠᠨᠠᠯ ᠢ ᠲᠤᠭᠤᠷᠪᠢᠬᠤ ᠵᠡᠷᠭᠡ ᠲᠠᠯ᠎ᠠ ᠪᠠᠷ᠂ ᠥᠪᠡᠷ ᠥᠪᠡᠷ ᠤᠨ ᠲᠤᠰᠠᠭᠠᠷ ᠴᠢᠨᠠᠷ ᠢᠶᠠᠨ ᠪᠠᠲᠤᠯᠠᠨ᠎ᠠ᠃ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠪᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠯᠲᠠ ᠪᠣᠳᠣᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠯᠳᠤᠭᠤᠯᠬᠤ ᠶᠢᠨ ᠬᠠᠮᠲᠤ᠂ ᠢᠯᠭᠠᠭ᠎ᠠ ᠵᠥᠷᠢᠶ᠎ᠡ ᠪᠠ ᠭᠤᠣᠯᠳᠠᠯᠭ᠎ᠠ ᠲᠠᠢ ᠪᠠᠶᠢᠯᠭᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠭᠤᠣᠯᠳᠠᠯᠭ᠎ᠠ ᠶᠢ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠵᠤ ᠪᠠᠶᠢᠭ᠎ᠠ ᠬᠤᠭᠤᠴᠠᠭᠠᠨ ᠳᠠᠬᠢ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠲᠠᠯᠪᠢᠵᠤ᠂ ᠳᠠᠷᠠᠭ᠎ᠠ ᠳᠤ ᠨᠢ ᠪᠤᠰᠤᠳᠴᠢ ᠮᠥᠷᠲᠡᠭᠡᠨ ᠲᠥᠪ ᠭᠤᠣᠯᠴᠢ᠂ ᠦᠨᠡᠨ ᠠᠴᠠ ᠵᠥᠪ ᠢ ᠡᠷᠢᠵᠦ ᠪᠠᠶᠢᠭᠠᠳ ᠦᠨᠡᠯᠡᠯᠲᠡ ᠬᠢᠬᠦ ᠬᠡᠷᠡᠭᠲᠡᠢ᠃      ᠬᠥᠲᠥᠯᠥᠭᠴᠢ᠄      ᠲᠡᠭᠡᠪᠡᠯ ᠬᠢᠨᠠᠨ ᠪᠣᠳᠣᠬᠤ ᠶᠠᠪᠤᠴᠠ ᠳᠤ᠂ ᠭᠤᠣᠯᠳᠠᠭᠤ ᠶᠠᠮᠠᠷ ᠶᠠᠮᠠᠷ ᠲᠠᠯ᠎ᠠ ᠠᠴᠠ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠥᠷᠨᠢᠭᠦᠯᠬᠦ ᠪᠣᠢ︖      ᠭᠦᠸᠧ ᠱᠤᠤ ᠬᠤᠸᠠ᠄      ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠬᠢᠨᠠᠯᠲᠠ ᠪᠣᠳᠣᠯᠲᠠ ᠶᠢ ᠬᠦᠯᠢᠶᠡᠬᠦ ᠤᠳᠤᠷᠢᠳᠬᠤ ᠺᠠᠳ᠋ᠷᠴᠤᠳ ᠤᠨ ᠲᠥᠪ ᠪᠠ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠭᠰᠠᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠭᠰᠠᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠪᠡᠯᠡ ᠮᠥᠩᠭᠦ ᠶᠢᠨ ᠡᠯᠰᠡᠯᠲᠡ ᠬᠠᠮᠢᠶᠠᠷᠤᠯᠲᠠ ᠬᠡᠷᠡᠭᠯᠡᠯᠲᠡ ᠪᠠ ᠲᠥᠷᠥᠯ ᠵᠦᠢᠯ ᠤᠨ ᠪᠠᠶᠢᠭᠤᠯᠤᠯᠲᠠ ᠶᠢᠨ ᠠᠵᠢᠯᠯᠠᠭᠠᠨ ᠢ ᠵᠣᠬᠢᠶᠠᠨ ᠪᠠᠶᠢᠭᠤᠯᠤᠭᠰᠠᠨ ᠪᠠᠶᠢᠳᠠᠯ᠂ ᠪᠤᠰᠤᠳ ᠬᠠᠮᠢᠶ᠎ᠠ ᠪᠦᠬᠦᠢ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠵᠡᠷᠭᠡ 7 ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠢᠯᠡᠴᠢᠯᠡᠨ᠎ᠡ᠃      ᠬᠥᠲᠥᠯᠥᠭᠴᠢ᠄      ᠲᠠᠨ ᠤ ᠳᠡᠭᠡᠷ᠎ᠡ ᠶᠠᠷᠢᠭᠰᠠᠨ ᠮᠡᠲᠦ ᠪᠠᠷ᠂ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠶᠠᠪᠤᠴᠠ ᠳᠤ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠪᠡ᠃ ᠲᠡᠭᠡᠪᠡᠯ ᠲᠣᠮᠣ ᠳ᠋ᠠᠶᠢᠲ᠋ᠠ ᠶᠢ ᠪᠣᠳᠠᠲᠠᠢ ᠳᠤ ᠬᠡᠷᠬᠢᠨ ᠬᠡᠷᠡᠭᠯᠡᠬᠦ ᠲᠤᠬᠠᠢ ᠲᠠ ᠳᠥᠭᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖     ᠭᠦᠸᠧ ᠱᠤᠤ ᠬᠤᠸᠠ᠄      ᠲᠡᠶᠢᠮᠦ ᠡ᠂ ᠲᠣᠮᠣ ᠳ᠋ᠠᠶᠢᠲ᠋ᠠ ᠶᠢ ᠬᠡᠷᠡᠭᠯᠡᠬᠦ ᠲᠠᠯ᠎ᠠ ᠪᠠᠷ ᠪᠢᠳᠡ ᠨᠢᠭᠡᠨᠲᠡ ᠵᠣᠬᠢᠬᠤ ᠠᠬᠢᠯᠲᠠ ᠪᠠ ᠦᠷ᠎ᠡ ᠪᠦᠲᠦᠮᠵᠢ ᠣᠯᠪᠠ᠃ ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠲᠠᠪᠴᠠᠩ ᠢ ᠲᠦᠷᠭᠡᠳᠬᠡᠨ ᠪᠠᠶᠢᠭᠤᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠬᠢᠨ ᠬᠡᠮᠵᠢᠨ ᠵᠢᠷᠤᠬᠤ ᠰᠠᠯᠠᠭ᠎ᠠ ᠮᠥᠴᠢᠷ ᠎ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠤᠪᠢᠷᠠᠯᠲᠠ ᠶᠢᠨ ᠪᠠᠶᠢᠳᠠᠯ ᠳᠤ ᠰᠢᠰᠲ᠋ᠧᠮᠴᠢ ᠴᠢᠨᠠᠷ ᠲᠠᠢ᠂ ᠪᠠᠶᠢᠩᠭᠤ ᠶᠢᠨ ᠴᠢᠨᠠᠷᠲᠠᠢ ᠪᠠᠷ ᠬᠢᠨᠠᠨ ᠪᠣᠳᠣᠵᠤ ᠵᠠᠳᠠᠯᠤᠯᠲᠠ ᠬᠢᠬᠦ ᠶᠢ ᠥᠷᠨᠢᠭᠦᠯᠦᠨ᠎ᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠪᠦᠬᠦ ᠬᠦᠴᠦᠨ ᠢᠶᠠᠷ ᠢᠶᠠᠨ ᠪᠦᠬᠦ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠳᠤ ᠮᠡᠳᠡᠭᠡ ᠵᠠᠩᠭᠢ ᠶᠢᠨ ᠪᠠᠲᠤᠯᠠᠭ᠎ᠠ ᠪᠠ ᠮᠡᠷᠭᠡᠵᠢᠯ ᠤᠨ ᠲᠤᠯᠭᠠᠭᠤᠷᠢᠯᠠᠯ ᠦᠢᠯᠡᠴᠢᠯᠡᠭᠡ ᠬᠠᠩᠭᠠᠵᠤ᠂ ᠬᠠᠮᠢᠶ᠎ᠠ ᠪᠦᠬᠦᠢ ᠳ᠋ᠠᠶᠢᠲ᠋ᠠ ᠪᠠ ᠢᠯᠡᠷᠡᠭᠦᠯᠦᠭᠰᠡᠨ ᠰᠡᠵᠢᠭ ᠲᠠᠢ ᠲᠠᠯ᠎ᠠ ᠶᠢ ᠴᠠᠭ ᠲᠤᠬᠠᠢ ᠳᠤ ᠨᠢ ᠳᠠᠮᠵᠢᠭᠤᠯᠤᠨ ᠬᠦᠷᠭᠡᠵᠦ᠂ ᠬᠢᠨᠠᠨ ᠪᠣᠳᠣᠵᠤ ᠭᠡᠷᠡᠴᠢ ᠪᠠᠶᠢᠴᠠᠭᠠᠬᠤ ᠳᠤ ᠬᠠᠩᠭᠠᠨ ᠬᠡᠷᠡᠭᠯᠡᠭᠦᠯᠵᠦ᠂ ᠪᠦᠬᠦ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠢᠳᠡᠪᠬᠢᠲᠡᠢ ᠥᠷᠨᠢᠭᠦᠯᠬᠦ ᠳᠤ ᠬᠠᠪᠰᠤᠷᠤᠨ ᠬᠦᠴᠦᠯᠡᠨ᠎ᠡ᠃      ᠬᠥᠲᠥᠯᠥᠭᠴᠢ᠄      ᠬᠠᠮᠤᠭ ᠤᠨ ᠰᠡᠭᠦᠯ ᠤᠨ ᠨᠢᠭᠡ ᠠᠰᠠᠭᠤᠯᠲᠠ᠂ ᠮᠥᠨ ᠴᠤ ᠮᠠᠰᠢ ᠵᠠᠩᠭᠢᠯᠠᠭ᠎ᠠ ᠶᠢᠨ ᠨᠢᠭᠡ ᠠᠰᠠᠭᠤᠯᠲᠠ ᠪᠣᠯ ᠳᠠᠷᠤᠢ ᠬᠢᠨᠠᠨ ᠪᠣᠳᠣᠬᠤ ᠶᠠᠪᠤᠴᠠ ᠳᠤ᠂ ᠬᠢᠨᠠᠨ ᠪᠣᠳᠣᠵᠤ ᠪᠠᠶᠢᠭᠠᠳ ᠢᠯᠡᠷᠡᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠪᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠢ︖     ᠭᠦᠸᠧ ᠱᠤᠤ ᠬᠤᠸᠠ᠄      ᠬᠢᠨᠠᠨ ᠪᠣᠳᠣᠵᠤ ᠪᠠᠶᠢᠭᠠᠳ ᠢᠯᠡᠷᠡᠭᠦᠯᠦᠭᠰᠡᠨ ᠬᠥᠮᠥᠨ ᠤ ᠬᠦᠴᠦᠨ ᠵᠦᠢᠯ ᠠᠴᠠ ᠪᠣᠯᠵᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠪᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠬᠠᠷᠢᠭᠤᠴᠠᠯᠭ᠎ᠠ ᠶᠢᠨ ᠠᠳᠡᠯ ᠵᠡᠷᠭᠡ ᠠᠰᠠᠭᠤᠳᠠᠯ ᠤᠨ ᠰᠦᠪᠡᠭᠴᠢ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠶᠢᠴᠠᠭᠠᠨ ᠰᠢᠢᠳᠪᠦᠷᠢᠯᠡᠬᠦ ᠪᠤᠶᠤ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠢᠨᠠᠨ ᠪᠣᠳᠣᠬᠤ ᠪᠠᠶᠢᠭᠤᠯᠭ᠎ᠠ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ ᠬᠢᠨᠠᠨ ᠪᠣᠳᠣᠵᠤ ᠰᠢᠯᠵᠢᠭᠦᠯᠦᠨ ᠬᠦᠷᠭᠡᠭᠰᠡᠨ ᠠᠰᠠᠭᠤᠳᠠᠯ ᠤᠨ ᠰᠦᠪᠡᠭᠴᠢ ᠳᠤ᠂ ᠬᠤᠯᠪᠣᠭᠳᠠᠬᠤ ᠬᠠᠷᠢᠭᠤᠴᠠᠯᠭᠠᠲᠠᠨ ᠨᠢ ᠨᠢᠭᠡᠨᠲᠡ ᠠᠵᠢᠯ ᠰᠢᠯᠵᠢᠵᠦ ᠪᠠᠶᠢᠷᠢ ᠰᠣᠯᠢᠭᠰᠠᠨ᠂ ᠲᠤᠰᠢᠶᠠᠯ ᠳᠡᠪᠰᠢᠭᠰᠡᠨ ᠪᠤᠶᠤ ᠠᠵᠢᠯ ᠠᠴᠠ ᠪᠠᠨ ᠠᠮᠠᠷᠠᠭᠰᠠᠨ ᠡᠰᠡᠬᠦ ᠶᠢ ᠬᠠᠮᠢᠶᠠᠷᠬᠤ ᠦᠭᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠮ ᠪᠠ ᠤᠯᠤᠰ ᠤᠨ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠬᠥᠲᠥᠯᠥᠭᠴᠢ᠄      ᠰᠠᠶᠢᠨ ᠪᠣᠯᠣᠯ᠎ᠠ᠂ ᠭᠦᠸᠧ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠳᠤ ᠪᠠᠶᠠᠷᠯᠠᠯ᠎ᠠ᠃ ᠴᠠᠭ ᠤᠨ ᠬᠠᠷᠠᠭ᠎ᠠ ᠠᠴᠠ ᠪᠣᠯᠵᠤ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠃ ᠭᠦᠸᠧ ᠲᠢᠩᠬᠢᠮ ᠤᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢᠨ ᠪᠤᠯᠣᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠪᠠ ᠣᠷᠣᠯᠴᠠᠭᠰᠠᠨ ᠳᠤ ᠪᠠᠶᠠᠷᠯᠠᠵᠤ ᠪᠠᠶᠢᠨ᠎ᠠ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map