ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠲᠦᠷᠭᠡᠨ ᠳᠤᠰᠬᠠᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2018/12/26
                                  ᠦᠪᠦᠷ ᠵᠠᠰᠠᠭ ᠲᠠᠷᠬᠠᠭᠠᠭᠰᠠᠨ ﹇2018﹈ 31 ᠳ᠋ᠤᠭᠡᠷ ᠲᠣᠭᠠᠲᠤ                                            2018 ᠤᠨ ᠤ 8 ᠳ᠋ᠤᠭᠠᠷ ᠰᠠᠷ᠎ᠠ ᠶᠢᠨ 15᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ︾᠎ ᠢ ᠡᠳᠦᠬᠡ ᠲᠠᠨᠠᠷ ᠎ ᠲᠤ  ᠳᠠᠷᠤᠮᠠᠯᠯᠠᠨ  ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ     ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ     ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠯ ᠭᠠᠷᠭᠠᠬᠤ ᠬᠢᠨᠠᠯᠲᠠ ᠬᠠᠮᠢᠶᠠᠷᠤᠯᠲᠠ ᠶᠢᠨ     ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ     ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ      ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ ᠬᠠᠮᠠᠭᠠᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ 43 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠦᠬᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠬᠡᠶᠢᠷᠡᠬᠦᠯᠦᠨ᠂ ᠮᠠᠨ ᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠬᠦᠯᠵᠦ᠂ ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠲᠦᠭᠰᠢᠭᠦᠷᠢ ᠶᠢᠨ ᠬᠠᠮᠢᠶᠠᠷᠤᠯᠳᠠ ᠪᠠᠷ ᠭᠤᠣᠯ ᠱᠤᠭᠤᠮ ᠪᠤᠯᠭᠠᠨ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠳᠠ ᠪᠠᠷ ᠬᠠᠷᠠᠯᠲᠠ ᠪᠣᠯᠭᠠᠵᠤ᠂ ᠤᠯᠤᠰ ᠤᠨ ᠡᠭᠦᠳᠡᠨ ᠤ ᠠᠮᠤᠷ ᠲᠦᠪᠰᠢᠨ ᠢ ᠪᠠᠲᠤᠯᠠᠬᠤ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠪᠠᠷ ᠭᠤᠤᠯ ᠪᠤᠯᠭᠠᠨ᠂ ᠪᠥᠬᠦ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ      ᠶᠠᠰᠤ ᠴᠢᠨᠠᠷ ᠤᠨ ᠠᠮᠤᠷ ᠲᠦᠪᠰᠢᠨ ᠢᠶᠠᠷ ᠦᠨᠳᠦᠰᠦ ᠪᠣᠯᠭᠠᠨ᠎ᠠ᠃ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠶᠠᠰᠤ ᠴᠢᠨᠠᠷ ᠤᠨ ᠠᠮᠤᠷ ᠲᠦᠪᠰᠢᠨ ᠤ ᠰᠢᠰᠲ᠋ᠧᠮ ᠤᠨ ᠴᠢᠨᠠᠷᠳᠠᠢ᠂ ᠤᠷᠤᠨ ᠪᠦᠰᠡ ᠶᠢᠨ ᠴᠢᠨᠠᠷᠳᠠᠢ᠂ ᠠᠵᠢᠯ ᠲᠥᠷᠥᠯ ᠤᠨ ᠴᠢᠨᠠᠷᠲᠠᠶ ᠲᠦᠭᠰᠢᠭᠦᠷᠢ ᠦᠯᠦ ᠡᠭᠦᠰᠬᠦ ᠰᠠᠭᠤᠷᠢ ᠱᠤᠭᠤᠮ ᠢ ᠪᠠᠲᠤ ᠰᠠᠬᠢᠨ᠎ᠠ᠃      ᠲᠦᠭᠰᠢᠭᠦᠷᠢ ᠶᠢᠨ ᠬᠠᠮᠢᠶᠠᠷᠤᠯᠳᠠ ᠪᠠᠷ ᠭᠤᠤᠯ ᠪᠤᠯᠭᠠᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠡᠨ ᠰᠡᠷᠬᠡᠶᠢᠯᠡᠬᠦ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠲᠦᠭᠰᠢᠭᠦᠷᠢ ᠶᠢ ᠬᠢᠨᠠᠨ ᠰᠢᠨᠵᠢᠬᠦ᠂ ᠤᠷᠢᠳᠴᠢᠯᠡᠨ ᠰᠡᠷᠡᠮᠵᠢᠯᠡᠭᠦᠯᠬᠦ ᠪᠠ ᠭᠦᠮᠦᠵᠢᠬᠦᠯᠵᠦ ᠬᠥᠲᠥᠯᠥᠨ ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠶᠢ ᠢᠳᠡᠪᠬᠢᠳᠡᠢ ᠬᠡᠷᠡᠭᠵᠢᠬᠦᠯᠵᠦ᠂ ᠠᠭᠢᠨ ᠳᠠᠪᠰᠢᠬᠤ ᠮᠠᠶ᠋ᠢᠭ ᠂ ᠪᠣᠰᠤᠭ᠎ᠠ ᠴᠣᠭᠴᠠᠲᠤ ᠮᠠᠶ᠋ᠢᠭ ᠤᠨ ᠤᠷᠢᠳᠴᠢᠯᠠᠨ ᠰᠡᠷᠭᠡᠶᠢᠯᠡᠬᠦ ᠰᠢᠰᠲ᠋ᠧᠮᠵᠢ ᠶᠢ ᠴᠤᠨᠨᠴᠠᠯᠠᠨ ᠪᠠᠶᠢᠭᠤᠯᠤᠨ᠎ᠠ᠃      ᠮᠡᠳᠡᠭᠡ ᠵᠠᠩᠭᠢ ᠶᠢᠨ ᠮᠡᠷᠭᠡᠵᠢᠯ ᠢᠶᠠᠷ ᠪᠠᠳᠤᠯᠠᠭ᠎ᠠ ᠪᠤᠯᠭᠠᠨ᠎ᠠ᠃ ᠲᠦᠭᠰᠢᠭᠦᠷᠢ ᠶᠢᠨ ᠬᠠᠮᠢᠶᠠᠷᠤᠯᠳᠠ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠵᠦ᠂ ︽ᠢᠨᠲ᠋ᠧᠷ ᠰᠦᠯᠵᠢᠶ᠎ᠡ + ᠬᠢᠨᠠᠯᠳᠠ ᠬᠠᠮᠢᠶᠠᠷᠤᠯᠲᠠ︾᠎ ᠶᠢ ᠠᠬᠢᠭᠤᠯᠤᠨ᠂ ᠬᠠᠮᠢᠶᠠᠷᠤᠯᠲᠠ ᠶᠢᠨ ᠠᠷᠭ᠎ᠠ ᠠᠪᠴᠢᠯ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠮᠡᠳᠡᠭᠡ ᠵᠠᠩᠬᠢᠵᠢᠭᠤᠯᠬᠤ ᠪᠠ ᠤᠶᠤᠨᠵᠢᠭᠤᠯᠬᠤ ᠶᠢ ᠪᠡᠶᠡᠯᠡᠬᠦᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠨ᠎ᠠ᠃      ᠨᠡᠶᠢᠭᠡᠮ ᠲᠠᠶᠠᠭᠠᠷ ᠬᠠᠮᠳᠤ ᠳᠤ ᠪᠠᠨ ᠵᠠᠰᠠᠬᠤ ᠪᠠᠷ ᠠᠷᠭ᠎ᠠ ᠠᠪᠴᠢᠯ ᠪᠤᠯᠭᠠᠨ᠎ᠠ᠃ ᠮᠡᠳᠡᠭᠡ ᠵᠠᠩᠭᠢ ᠶᠢ ᠬᠠᠷᠢᠯᠴᠠᠨ ᠰᠤᠯᠢᠯᠴᠠᠬᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠦᠯᠲᠡ ᠳᠤ ᠬᠠᠷᠢᠯᠴᠠᠨ ᠬᠠᠪᠰᠤᠷᠤᠯᠴᠠᠬᠤ ᠶᠢ ᠭᠦᠨᠵᠡᠬᠡᠢ ᠠᠬᠢᠭᠤᠯᠵᠦ᠂ ᠬᠠᠤᠯᠢ ᠬᠡᠷᠡᠭᠵᠢᠬᠦᠯᠦᠯᠳᠡ ᠳᠤ ᠰᠠᠯᠠᠭ᠎ᠠ ᠮᠥᠴᠢᠷ ᠤᠳ ᠬᠤᠭᠤᠷᠤᠨᠳᠤ ᠪᠠᠨ ᠬᠠᠮᠵᠢᠯᠴᠠᠨ ᠠᠵᠢᠯᠯᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠵᠤᠷᠢᠨᠨᠵᠢᠭᠤᠯᠵᠦ ᠪᠠᠶᠢᠭᠠᠳ ᠥᠷᠭᠡᠨ ᠢᠶᠠᠷ ᠤᠷᠤᠯᠴᠠᠭᠤᠯᠤᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠠᠶᠠᠭᠠᠷ ᠬᠠᠮᠳᠤ ᠳᠤ ᠪᠠᠨ ᠵᠠᠰᠠᠬᠤ ᠪᠠ ᠬᠠᠮᠳᠤ ᠳᠤ ᠪᠠᠨ ᠭᠦᠷᠳᠡᠬᠦ ᠬᠥᠭᠵᠢᠯᠲᠡ ᠶᠢ ᠪᠡᠶᠡᠯᠡᠬᠦᠯᠦᠨ᠎ᠠ᠃      ︵ᠭᠤᠷᠪᠠ︶ ᠠᠵᠢᠯ ᠤᠨ ᠬᠠᠷᠠᠯᠲᠠ      ︽13·5︾᠎ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠤ ᠭᠦᠴᠦᠯᠡᠨ ᠴᠢᠷᠮᠠᠶᠢᠵᠦ ᠪᠠᠶᠢᠭᠠᠳ᠂ ᠲᠦᠭᠰᠢᠭᠦᠷᠢ ᠶᠢᠨ ᠮᠡᠳᠡᠭᠡ ᠵᠠᠩᠭᠢ ᠶᠢ ᠰᠤᠯᠢᠯᠴᠠᠵᠦ ᠬᠠᠮᠲᠤ ᠳᠤ ᠪᠠᠨ ᠭᠦᠷᠳᠡᠬᠦ ᠠᠷᠭ᠎ᠠ ᠵᠠᠮ ᠢ ᠰᠢᠯᠤᠭᠤᠳᠬᠠᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠶᠢᠳᠪᠦᠷᠢᠳᠦ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠬᠡᠷᠡᠭᠯᠡᠭᠴᠢᠳ ᠤᠨ ᠡᠷᠬᠡ ᠠᠰᠢᠭ ᠪᠣᠯᠤᠨ ᠤᠯᠤᠰ ᠤᠨ ᠡᠭᠦᠳᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃      ᠬᠤᠶᠠᠷ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠢᠨᠠᠨ ᠰᠢᠨᠵᠢᠯᠳᠠ ᠶᠢ ᠪᠦᠭᠦ ᠲᠠᠯ᠎ᠠ ᠪᠠᠷ ᠴᠢᠩᠭᠠᠳᠬᠠᠨ᠎ᠠ      1. ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠬᠡᠷᠡᠭᠵᠢᠬᠦᠯᠦᠨ᠎ᠠ᠃ ᠪᠥᠬᠦ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠳᠤ ᠨᠢᠭᠡᠳᠦᠯᠲᠡᠶ ᠬᠢᠨᠠᠨ ᠰᠢᠨᠵᠢᠯᠳᠡ ᠦᠷᠨᠢᠬᠦᠯᠵᠦ᠂ ᠡᠷᠡᠭᠦᠯ ᠴᠢᠬᠢᠷᠠᠭ ᠲᠤ ᠤᠴᠠᠷᠠᠭᠤᠯᠬᠤ ᠬᠤᠤᠷ ᠬᠥᠨᠥᠭᠡᠯ᠂ ᠹᠢᠽᠢᠺ ᠤᠨ ᠬᠤᠣᠷ ᠬᠥᠨᠥᠭᠡᠯ᠂ ᠬᠢᠮᠢ ᠶᠢᠨ ᠬᠤᠣᠷ ᠬᠥᠨᠥᠭᠡᠯ᠂ ᠠᠮᠢᠳᠤ ᠪᠣᠳᠠᠰ ᠤᠨ ᠬᠤᠣᠷ ᠬᠥᠨᠥᠭᠡᠯ᠂ ᠣᠷᠴᠢᠨ ᠲᠣᠭᠤᠷᠢᠨ ᠤ ᠬᠤᠣᠷ ᠬᠥᠨᠥᠭᠡᠯ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠢᠰᠲ᠋ᠧᠮ ᠲᠠᠢ ᠪᠠᠷ ᠦᠷᠭᠦᠯᠵᠢᠯᠡᠨ ᠬᠢᠨᠠᠨ ᠰᠢᠨᠵᠢᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠬᠢᠨᠠᠨ ᠰᠢᠨᠵᠢᠯᠳᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠠ᠃      2. ᠲᠦᠭᠰᠢᠭᠦᠷᠢ ᠶᠢᠨ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ ᠢ ᠦᠷᠬᠡᠳᠬᠡᠨ᠎ᠠ᠃ ᠬᠡᠷᠡᠭᠯᠡᠭᠴᠢᠳ ᠤᠨ ᠵᠠᠭᠠᠯᠳᠤᠯᠭ᠎ᠠ ᠪᠠ ᠠᠵᠤ ᠠᠬᠤᠶᠢᠯᠠᠯ ᠤᠨ ᠮᠡᠳᠡᠬᠦᠯᠦᠯᠳᠡ ᠬᠢᠬᠦ ᠠᠷᠭ᠎ᠠ ᠵᠠᠮ ᠢ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠬᠦ ᠪᠠᠶᠢᠭᠤᠯᠤᠮᠵᠢ ᠶᠢᠨ ᠲᠦᠭᠰᠢᠭᠦᠷᠢ ᠶᠢᠨ ᠮᠡᠳᠡᠭᠡ ᠵᠠᠩᠭᠢ ᠶᠢᠨ ᠮᠡᠳᠡᠬᠦᠯᠦᠯᠳᠡ ᠶᠢᠨ ᠲᠦᠷᠢᠮ ᠢ ᠬᠡᠷᠡᠭᠵᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠢᠨᠠᠨ ᠰᠢᠨᠵᠢᠵᠦ ᠴᠤᠭᠯᠠᠭᠤᠯᠬᠤ ᠶᠢ ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠭᠡᠮᠲᠦᠯ ᠤᠨ ᠮᠡᠳᠡᠭᠡ ᠵᠠᠩᠬᠢ ᠪᠠ ᠢᠳᠡᠭᠡᠨ ᠠᠴᠠ ᠢᠷᠡᠯᠳᠡ ᠲᠠᠢ ᠡᠪᠡᠳᠴᠢᠨ ᠤ ᠮᠡᠳᠡᠭᠡ ᠵᠠᠩᠭᠢ ᠶᠢ ᠬᠤᠷᠢᠶᠠᠨ ᠴᠤᠨᠨᠯᠠᠭᠤᠯᠵᠦ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠤᠶᠠᠯᠳᠤᠭᠤᠯᠤᠨᠨᠰᠠᠨ ᠲᠠᠸᠠᠷ ᠤᠨ ᠵᠠᠬ᠎ᠠ ᠳᠡᠯᠭᠡᠭᠦᠷ᠂ ᠡᠯᠧᠺᠲᠷᠣᠨ ᠬᠤᠳᠠᠯᠳᠤᠭ᠎ᠠ᠂ ᠬᠢᠯᠢ ᠶᠢᠨ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠭᠦᠷᠢᠶᠡᠨ ᠳᠠᠬᠢ ᠬᠠᠭᠤᠷᠮᠠᠭ ᠮᠠᠭᠤ ᠲᠠᠸᠠᠷ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠴᠢᠩᠭᠠᠳᠬᠠᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠵᠡᠷᠭᠡ ᠤᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠦ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠶᠢ ᠮᠡᠳᠡᠬᠡᠯᠡᠨ ᠨᠡᠪᠳᠡᠷᠡᠬᠦᠯᠬᠦ᠂ ᠪᠠᠶᠢᠴᠠᠭᠠᠵᠦ ᠬᠠᠮᠳᠤᠷᠠᠯᠴᠠᠬᠤ ᠶᠢ ᠦᠷᠨᠢᠬᠦᠯᠦᠨ᠎ᠠ᠃      3. ᠲᠦᠭᠰᠢᠭᠦᠷᠢ ᠶᠢ ᠬᠢᠨᠠᠨ ᠰᠢᠨᠵᠢᠬᠦ ᠰᠠᠭᠤᠷᠢ ᠪᠠᠲᠤᠯᠠᠭ᠎ᠠ ᠶᠢ ᠲᠡᠭᠦᠯᠳᠡᠷᠵᠢᠬᠦᠯᠦᠨ᠎ᠠ᠃ ᠮᠠᠨ ᠤ ᠣᠷᠣᠨ ᠤ ᠭᠤᠣᠯ ᠪᠣᠯᠬᠤ ᠠᠷᠠᠯᠵᠢᠶᠠᠨ ᠤ ᠤᠯᠤᠰ ᠪᠠ ᠭᠠᠵᠠᠷ ᠣᠷᠣᠨ ᠳᠤ ᠬᠠᠨᠳᠤᠭᠤᠯᠵᠦ᠂ ᠭᠤᠣᠯᠳᠠᠯᠭ᠎ᠠ ᠲᠠᠢ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠨᠢᠭᠡᠳᠦᠯᠲᠡᠶ ᠲᠥᠯᠥᠪᠯᠡᠵᠦ᠂ ᠮᠠᠨ ᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠲᠠᠸᠠᠷ ᠪᠤᠯᠤᠨ ᠰᠢᠨ᠎ᠡ ᠪᠠᠷ ᠪᠤᠢ ᠪᠤᠯᠤᠨᠨᠰᠠᠨ ᠡᠵᠡᠩᠨᠡᠯᠲᠡ ᠶᠢᠨ ᠪᠠᠶᠢᠳᠠᠯ ᠢ ᠲᠤᠪᠤᠶᠢᠯᠭᠠᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠴᠡᠭ ᠤᠳ ᠢ ᠲᠦᠯᠦᠪᠵᠢᠬᠦᠯᠵᠦ ᠪᠠᠶᠢᠷᠢᠰᠢᠭᠤᠯᠤᠨ᠎ᠠ᠃      4. ᠲᠦᠭᠰᠢᠭᠦᠷᠢ ᠶᠢᠨ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠵᠦ ᠰᠣᠯᠢᠯᠴᠠᠬᠤ ᠲᠣᠭᠲᠠᠴᠠ ᠶᠢ ᠪᠠᠶᠢᠭᠤᠯᠤᠨ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠤᠩᠬᠤᠪᠴᠢ︾᠎ ᠶᠢᠨ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠠᠮᠳᠤ ᠳᠤ ᠪᠠᠨ ᠭᠦᠷᠳᠡᠨ᠎ᠠ᠃ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠬᠡᠮᠳᠦᠯ ᠤᠨ ᠮᠡᠳᠡᠭᠡ ᠵᠠᠩᠭᠢ ᠶᠢ ᠨᠡᠪᠳᠡᠷᠡᠭᠦᠯᠦᠨ ᠮᠡᠳᠡᠬᠡᠯᠡᠬᠦ ᠳᠤ ᠬᠠᠮᠵᠢᠯᠴᠠᠨ ᠠᠵᠢᠯᠯᠠᠬᠤ ᠶᠢ ᠠᠬᠢᠭᠤᠯᠤᠨ᠂ ᠲᠠᠸᠠᠷ ᠲᠠᠢ ᠬᠠᠮᠢᠶ᠎ᠠ ᠪᠥᠬᠦᠶ ᠬᠡᠮᠳᠦᠯ ᠤᠨ ᠮᠡᠳᠡᠭᠦᠯᠦᠯᠲᠡ᠂ ᠢᠳᠡᠭᠡᠨ ᠠᠴᠠ ᠢᠷᠡᠯᠳᠡ ᠲᠠᠢ ᠡᠪᠡᠳᠴᠢᠨ ᠡᠮᠭᠡᠭ᠂ ᠵᠠᠮ ᠬᠠᠷᠢᠯᠴᠠᠭᠠᠨ ᠤ ᠠᠳᠡᠯ ᠬᠡᠷᠡᠭ᠂ ᠭᠠᠯ ᠲᠦᠢᠮᠡᠷ ᠤᠨ ᠠᠳᠡᠯ ᠬᠡᠷᠡᠭ ᠵᠡᠷᠭᠡ ᠮᠡᠳᠡᠭᠡ ᠵᠠᠩᠭᠢ ᠶᠢ ᠬᠠᠮᠳᠤ ᠳᠤ ᠪᠠᠨ ᠭᠦᠷᠳᠡᠬᠦ ᠶᠢ ᠲᠦᠷᠬᠡᠬᠡᠨ ᠪᠡᠶᠡᠯᠡᠬᠦᠯᠦᠨ᠎ᠠ᠃      ︵ᠬᠤᠶᠠᠷ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠳᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠬᠦᠯᠦᠨ᠎ᠠ      5. ᠲᠦᠭᠰᠢᠭᠦᠷᠢ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠤᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠨᠨᠯᠠᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠲᠥᠪ ᠢ ᠪᠠᠶᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠳᠤ ᠨᠡᠶᠢᠭᠡᠮ ᠤᠨ ᠬᠦᠴᠦᠨ ᠤ ᠤᠷᠤᠯᠴᠠᠬᠤ ᠶᠢ ᠲᠡᠮᠵᠢᠵᠦ᠂ ᠨᠡᠶᠢᠭᠡᠮ ᠤᠨ ᠦᠨᠡᠯᠡᠨ ᠵᠢᠱᠢᠬᠦ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠳᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠠ᠃      6. ᠲᠦᠭᠰᠢᠭᠦᠷᠢ ᠶᠢ ᠦᠨᠡᠯᠡᠨ ᠵᠢᠱᠢᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠮᠡᠳᠡᠭᠡ ᠵᠠᠩᠭᠢ ᠶᠢᠨ ᠲᠡᠷᠢᠭᠦᠨ ᠤ ᠮᠡᠷᠭᠡᠵᠢᠯ ᠤᠨ ᠬᠡᠷᠡᠭᠯᠡᠭᠡ ᠶᠢ ᠴᠢᠩᠭᠠᠷᠠᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ᠂ ᠵᠠᠳᠠᠯᠤᠯᠲᠠ ᠬᠢᠬᠦ ᠬᠢᠬᠡᠳ ᠦᠨᠡᠯᠡᠬᠦ ᠲᠡᠰ ᠲᠠᠷᠠᠭᠠᠯᠠᠯ ᠢ ᠵᠢᠷᠤᠮᠵᠢᠭᠤᠯᠵᠦ᠂ ᠰᠢᠨᠵᠢᠯᠡᠬᠦ ᠤᠬᠠᠭᠠᠨᠴᠢ ᠪᠦᠬᠡᠳ ᠪᠤᠳᠠᠳᠤ ᠬᠡᠷᠡᠭᠴᠡᠭᠡ ᠲᠠᠢ ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ ᠬᠡᠯᠪᠡᠷᠢ ᠶᠢ ᠰᠤᠳᠤᠯᠤᠨ᠂ ᠲᠦᠭᠰᠢᠭᠦᠷᠢ ᠶᠢ ᠦᠨᠡᠯᠡᠨ ᠵᠢᠱᠢᠬᠦ᠂ ᠲᠦᠭᠰᠢᠭᠦᠷᠢ ᠶᠢ ᠰᠢᠯᠭᠠᠨ ᠪᠠᠲᠤᠯᠠᠬᠤ ᠵᠢᠴᠢ ᠲᠤᠳ᠋ᠬᠠᠳᠠᠯ ᠢ ᠦᠨᠡᠯᠡᠬᠦ ᠵᠡᠷᠭᠡ ᠲᠠᠯ᠎ᠠ ᠪᠠᠷ ᠬᠢ ᠰᠠᠭᠤᠷᠢ ᠰᠤᠳᠤᠯᠭᠠᠨ ᠤ ᠴᠢᠳᠠᠪᠤᠷᠢ ᠪᠠ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃      7. ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠷᠠᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠤᠷᠢᠳᠠᠴᠢ ᠦᠢᠯᠡᠳᠦᠯ ᠢ ᠨᠢ ᠪᠠᠳᠠᠷᠠᠭᠤᠯᠵᠤ᠂ ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠲᠤᠨᠨᠳᠠᠭᠠᠬᠤ᠂ ᠨᠢᠭᠤᠨᠨᠳᠠᠮᠠᠯ ᠬᠤᠤᠷ ᠬᠥᠨᠥᠭᠡᠯ ᠤᠨ ᠬᠦᠴᠦᠨ ᠵᠦᠢᠯ ᠢ ᠢᠯᠡᠷᠡᠬᠦᠯᠬᠦ ᠪᠠ ᠵᠠᠶᠢᠯᠠᠰᠬᠢᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠰᠶᠢᠳᠪᠦᠷᠢᠯᠡᠬᠦ ᠠᠷᠭ᠎ᠠ ᠬᠡᠮᠵᠢᠶ᠎ᠡ ᠲᠤᠨᠨᠳᠠᠭᠠᠬᠤ ᠳᠤ ᠲᠡᠮᠵᠢᠯᠬᠡ ᠦᠵᠡᠬᠦᠯᠦᠨ᠎ᠠ᠂ ᠬᠠᠤᠯᠢ ᠲᠣᠭᠲᠠᠭᠠᠯ ᠪᠣᠯᠤᠨ ᠲᠣᠭᠲᠠᠭᠠᠯ ᠳᠦᠷᠢᠮ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠵᠢᠴᠢ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃      ︵ᠭᠤᠷᠪᠠ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠭᠦᠴᠦᠯᠡᠨ ᠲᠡᠭᠦᠯᠳᠡᠷᠵᠢᠬᠦᠯᠦᠨ᠎ᠠ      8. ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠲᠡᠰ ᠬᠤᠪᠢᠶᠠᠬᠤ ᠶᠢ ᠬᠡᠷᠡᠭᠵᠢᠬᠦᠯᠦᠨ᠎ᠠ᠃ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠢ ᠰᠠᠯᠭᠠᠨ ᠬᠤᠪᠢᠶᠠᠷᠢᠯᠠᠬᠤ ᠪᠦᠬᠦ ᠤᠯᠤᠰ ᠤᠨ ᠨᠢᠭᠡᠳᠦᠯᠲᠡᠶ ᠪᠠᠷᠢᠮᠵᠢᠶ᠎ᠠ ᠪᠠ ᠬᠥᠳᠡᠯᠦᠩᠭᠦᠶ ᠲᠤᠬᠢᠷᠠᠭᠤᠯᠤᠯᠳᠠ ᠬᠢᠬᠦ ᠶᠤᠰᠤ ᠳᠦᠷᠢᠮ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠲᠡᠰ ᠬᠤᠪᠢᠶᠠᠨ᠎ᠠ᠃ ᠢᠳᠡᠭᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦᠯᠬᠦ ᠶᠢ ︽ᠤᠯᠤᠰ ᠤᠨ ᠢᠳᠡᠭᠡᠨ ᠤ ᠠᠮᠤᠷ ᠲᠦᠪᠰᠢᠨ ᠤ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠤᠨ ᠶᠣᠰᠣᠭᠠᠷ ᠬᠡᠷᠡᠭᠵᠢᠭᠦᠯᠦᠨ᠎ᠡ᠃      9. ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠲᠦᠷᠦᠯ ᠠᠩᠬᠢᠯᠠᠨ ᠬᠡᠷᠡᠭᠵᠢᠬᠦᠯᠦᠨ᠎ᠠ᠃ ᠪᠣᠭᠤᠮᠲᠠ ᠳᠤ ᠡᠵᠡᠮᠰᠢᠨ ᠵᠠᠰᠠᠬᠤ ᠵᠡᠷᠭᠡ ᠲᠦᠷᠭᠡᠨ ᠳᠤᠰᠬᠠᠯ ᠭᠠᠷᠭᠠᠬᠤ ᠠᠷᠭ᠎ᠠ ᠬᠡᠮᠵᠢᠶ᠎ᠡ ᠬᠡᠷᠡᠭᠵᠢᠬᠦᠯᠬᠦ ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠨᠡᠪᠳᠡᠷᠡᠬᠦᠯᠬᠡ ᠨᠡᠶᠢᠳᠡᠯᠡᠬᠦ ᠬᠡᠷᠡᠭᠳᠡᠢ︔ ᠲᠦᠭᠰᠢᠭᠦᠷᠢ ᠶᠢ ᠠᠷᠢᠯᠭᠠᠨ ᠪᠠᠭᠠᠰᠬᠠᠬᠤ ᠠᠷᠭ᠎ᠠ ᠬᠡᠮᠵᠢᠶ᠎ᠡ ᠬᠡᠷᠡᠭᠯᠡᠬᠦ ᠶᠢ ᠦᠢᠯᠡᠳᠪᠦᠷᠢᠯᠡᠯ ᠡᠵᠡᠩᠨᠡᠭᠴᠢ ᠳᠤ ᠴᠠᠭ ᠲᠤᠬᠠᠶ ᠳᠤ ᠨᠢ ᠰᠠᠨᠠᠭᠤᠯᠬᠤ ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠮᠡᠳᠡᠭᠳᠡᠯ ᠨᠡᠶᠢᠳᠡᠯᠡᠬᠦ ᠬᠡᠷᠡᠭᠳᠡᠢ︔ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠬᠡᠷᠡᠭᠵᠢᠬᠦᠯᠵᠦ ᠪᠠᠶᠢᠭᠠᠳ ᠲᠦᠭᠰᠢᠭᠦᠷᠢ ᠪᠠ ᠬᠤᠤᠷ ᠭᠦᠨᠦᠬᠡᠯ ᠢ ᠡᠵᠡᠮᠳᠡᠬᠦ ᠶᠢᠨ ᠬᠠᠮᠳᠤ᠂ ᠬᠡᠷᠡᠭᠯᠡᠭᠴᠢᠳ ᠢ ᠴᠠᠭ ᠲᠤᠬᠠᠶ ᠳᠤ ᠨᠢ ᠰᠡᠷᠡᠮᠵᠢᠯᠡᠬᠦᠯᠬᠦ ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠠᠯᠪᠠᠨ ᠵᠠᠷ ᠨᠡᠶᠢᠳᠡᠯᠡᠬᠦ ᠬᠡᠷᠡᠭᠳᠡᠢ᠃      10. ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠦᠷᠢᠨᠰᠢᠬᠦᠯᠦᠨ᠎ᠠ᠃ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢᠨ ᠨᠡᠶᠢᠳᠡᠯᠡᠬᠦ ᠶᠤᠰᠤ ᠲᠦᠷᠢᠮ ᠢ ᠲᠡᠭᠦᠯᠳᠡᠷᠵᠢᠭᠦᠯᠵᠦ᠂ ᠤᠯᠤᠰ ᠠᠴᠠ ᠲᠤᠳᠤᠷᠬᠠᠶᠢᠯᠬᠠᠰᠠᠨ ᠴᠠᠭ ᠬᠤᠭᠤᠴᠠᠭ᠎ᠠ᠂ ᠡᠷᠬᠡ ᠶᠢᠨ ᠬᠢᠵᠠᠭᠠᠷ᠂ ᠴᠤᠪᠤᠷᠠᠯ᠂ ᠠᠷᠭ᠎ᠠ ᠵᠠᠮ ᠬᠢᠭᠡᠳ ᠨᠡᠶᠢᠲᠡᠯᠡᠬᠦ ᠲᠡᠰ ᠲᠠᠷᠠᠭᠠᠯᠠᠯ ᠶᠤᠰᠤᠭᠠᠷ᠂ ᠤᠷᠢᠳᠴᠢᠯᠠᠨ ᠰᠡᠷᠡᠮᠵᠢᠯᠡᠭᠦᠯᠬᠦ ᠲᠡᠰ ᠢᠯᠭᠠᠯ᠂ ᠤᠷᠢᠳᠴᠢᠯᠠᠨ ᠰᠡᠷᠡᠮᠵᠢᠯᠡᠭᠦᠯᠬᠦ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ ᠵᠡᠷᠭᠡ ᠨᠡᠶᠢᠳᠡᠯᠡᠬᠦ ᠠᠭᠤᠯᠭ᠎ᠠ ᠶᠢ ᠵᠢᠷᠤᠮᠵᠢᠭᠤᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠶ ᠨᠡᠶᠢᠳᠡᠯᠡᠨ᠎ᠡ᠃ ᠨᠡᠶᠢᠲᠡᠯᠡᠬᠦ ᠠᠷᠭ᠎ᠠ ᠬᠡᠯᠪᠡᠷᠢ ᠳᠤ ᠰᠢᠨ᠎ᠠ ᠶᠢ ᠡᠭᠦᠳᠴᠤ᠂ ᠨᠡᠶᠢᠲᠡᠯᠡᠬᠦ ᠠᠷᠭ᠎ᠠ ᠠᠪᠴᠢᠯ ᠢ ᠪᠠᠶᠠᠯᠢᠨᠨᠵᠢᠭᠤᠯᠤᠨ᠂ ᠪᠠᠶᠢᠴᠠᠭᠠᠨ ᠯᠠᠪᠯᠠᠬᠤ ᠠᠷᠭ᠎ᠠ ᠵᠠᠮ ᠢ ᠰᠢᠯᠤᠭᠤᠳᠬᠠᠵᠦ᠂ ᠲᠦᠭᠰᠢᠭᠦᠷᠢ ᠶᠢᠨ ᠲᠠᠯ᠎ᠠ ᠪᠠᠷ ᠬᠢ ᠨᠡᠶᠢᠳᠡ ᠤᠯᠠᠨ ᠤ ᠲᠠᠨᠢᠯᠳᠠ ᠮᠡᠳᠡᠷᠡᠮᠵᠢ ᠶᠢ ᠲᠡᠬᠡᠭᠰᠢᠯᠡᠬᠦᠯᠦᠨ᠎ᠠ᠃      ︵ᠳᠥᠷᠪᠡ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠰᠢᠢᠳᠪᠦᠷᠢᠯᠡᠯᠲᠡ ᠶᠢ ᠦᠳᠲᠡᠷ ᠲᠦᠷᠭᠡᠨ ᠬᠡᠷᠡᠭᠵᠢᠭᠦᠯᠦᠨ᠎ᠡ      11. ᠦᠳᠳᠡᠷ ᠲᠦᠷᠭᠡᠨ ᠲᠤᠰᠬᠠᠯ ᠭᠠᠷᠭᠠᠬᠤ ᠠᠷᠭ᠎ᠠ ᠬᠡᠮᠵᠢᠶ᠎ᠡ ᠶᠢ ᠪᠦᠷᠢᠨᠰᠢᠬᠦᠯᠦᠨ᠎ᠠ᠃ ᠢᠲᠡᠭᠡᠮᠵᠢ ᠶᠢᠨ ᠵᠡᠷᠭᠡ ᠳᠡᠰ ᠢ ᠨᠢ ᠪᠠᠭᠤᠷᠠᠭᠤᠯᠬᠤ᠂ ᠪᠠᠶᠢᠴᠠᠭᠠᠨ ᠮᠥᠷᠳᠡᠬᠦ᠂ ᠲᠤᠳ᠋ᠬᠠᠳᠠᠯ ᠲᠠᠢ ᠶᠢ ᠨᠢ ᠡᠭᠡᠭᠦᠯᠦᠨ ᠠᠪᠴᠢᠷᠠᠬᠤ᠂ ᠬᠢᠨᠠᠯᠳᠠ ᠬᠠᠮᠢᠶᠠᠷᠤᠯᠳᠠ ᠪᠠᠨ ᠤᠯᠠᠮ ᠴᠢᠩᠭᠠᠷᠠᠭᠤᠯᠬᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ᠂ ᠪᠠᠶᠢᠴᠠᠭᠠᠨ ᠪᠢᠳᠡᠬᠦᠮᠵᠢᠯᠡᠵᠦ ᠬᠤᠷᠢᠶᠠᠨ ᠬᠤᠴᠤᠷᠠᠭᠠᠬᠤ᠂ ᠪᠤᠴᠠᠭᠠᠨ ᠲᠡᠬᠡᠬᠡᠪᠦᠷᠢᠯᠡᠬᠦᠯᠬᠦ᠂ ᠪᠤᠷᠤᠯᠠᠭᠤᠯᠭ᠎ᠠ ᠶᠢ ᠲᠦᠷ ᠵᠣᠭᠰᠣᠭᠠᠬᠤ᠂ ᠤᠰᠠᠳᠬᠠᠬᠤ ᠵᠡᠷᠭᠡ ᠠᠷᠭ᠎ᠠ ᠠᠪᠴᠢᠯ ᠢ ᠶᠡᠷᠦᠩᠬᠡᠶᠢᠯᠡᠨ ᠬᠡᠷᠡᠭᠯᠡᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠳᠠᠯ᠎ᠠ ᠲᠦᠭᠰᠢᠭᠦᠷᠢ ᠶᠢᠨ ᠵᠡᠷᠭᠡ ᠳᠡᠰ ᠲᠤ ᠭᠦᠳᠡᠯᠦᠩᠬᠦᠢ ᠲᠤᠬᠢᠷᠠᠭᠤᠯᠤᠯᠳᠠ ᠬᠢᠨ᠎ᠠ᠃ ᠪᠣᠭᠤᠮᠲᠠ ᠶᠢᠨ ᠠᠮᠤᠷ ᠲᠦᠪᠰᠢᠨ ᠢ ᠬᠤᠯᠪᠤᠭᠠᠯᠠᠵᠦ ᠰᠡᠷᠭᠡᠶᠢᠯᠡᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠪᠤᠭᠤᠮᠳᠠ ᠠᠴᠠ ᠵᠠᠬ᠎ᠠ ᠳᠡᠯᠭᠡᠭᠦᠷ ᠲᠤ ᠬᠦᠷᠲᠡᠯᠡᠬᠢ ᠪᠥᠬᠦ ᠶᠠᠪᠤᠴᠠ ᠳᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠬᠦ ᠶᠢ ᠪᠡᠶᠡᠯᠡᠬᠦᠯᠦᠨ᠎ᠠ᠃      12. ᠭᠠᠳᠠᠭᠠᠳᠤ ᠠᠴᠠ ᠤᠷᠤᠭᠤᠯᠤᠨᠨᠰᠠᠨ ᠲᠤᠳ᠋ᠬᠠᠳᠠᠯ ᠲᠠᠢ ᠲᠠᠸᠠᠷ ᠢ ᠡᠭᠡᠭᠦᠯᠦᠨ ᠠᠪᠴᠢᠷᠠᠬᠤ ᠪᠠᠨ ᠴᠢᠩᠭᠠᠳᠬᠠᠨ᠎ᠠ᠃ ᠭᠠᠳᠠᠭᠠᠳᠤ ᠠᠴᠠ ᠤᠷᠤᠭᠤᠯᠤᠨᠨᠰᠠᠨ ᠲᠤᠳ᠋ᠬᠠᠳᠠᠯ ᠲᠠᠢ ᠬᠡᠷᠡᠭᠯᠡᠬᠡᠨ ᠤ ᠵᠦᠢᠯ ᠢ ᠡᠭᠡᠭᠦᠯᠦᠨ ᠠᠪᠴᠢᠷᠠᠬᠤ ᠬᠠᠮᠢᠶᠠᠷᠤᠯᠲᠠ ᠪᠠᠨ ᠴᠢᠩᠭᠠᠳᠬᠠᠵᠦ᠂ ᠭᠠᠳᠠᠭᠠᠳᠤ ᠠᠴᠠ ᠤᠷᠤᠭᠤᠯᠤᠨᠨᠰᠠᠨ ᠮᠠᠰᠢᠨᠲᠤ ᠲᠡᠷᠭᠡ ᠪᠠ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠣᠷᠴᠢᠨ ᠠᠬᠤᠢ ᠶᠢᠨ ᠬᠠᠮᠠᠭᠠᠯᠠᠯᠲᠠ ᠳᠤ ᠡᠭᠡᠭᠦᠯᠦᠨ ᠠᠪᠴᠢᠷᠠᠬᠤ ᠶᠢ ᠬᠡᠷᠡᠭᠵᠢᠬᠦᠯᠦᠨ᠎ᠠ᠃ ᠡᠭᠡᠭᠦᠯᠦᠨ ᠠᠪᠴᠢᠷᠬᠠᠰᠠᠨ ᠤ ᠲᠠᠷᠠᠭᠠᠬᠢ ᠬᠢᠨᠠᠯᠲᠠ ᠬᠠᠮᠢᠶᠠᠷᠤᠯᠲᠠ ᠪᠠ ᠦᠷ᠎ᠡ ᠨᠦᠯᠦᠬᠡ ᠳᠤ ᠦᠨᠡᠯᠡᠯᠲᠡ ᠬᠢᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠭᠡᠭᠦᠯᠦᠨ ᠠᠪᠴᠢᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ ᠤᠨ ᠬᠤᠳᠠᠯᠳᠤᠭᠠᠴᠢᠨ᠂ ᠭᠠᠳᠠᠭᠠᠳᠤ ᠤᠷᠤᠭᠤᠯᠤᠯᠳᠠ ᠶᠢᠨ ᠬᠤᠳᠠᠯᠳᠤᠭᠠᠴᠢᠨ ᠢ ᠵᠤᠷᠢᠨᠨᠵᠢᠭᠤᠯᠵᠦ ᠪᠠᠶᠢᠭᠠᠳ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠬᠤ ᠶᠢ ᠦᠷᠨᠢᠭᠦᠯᠦᠨ᠂ ᠳᠤᠲᠠᠭᠳᠠᠯ ᠲᠠᠢ ᠪᠠᠨ ᠨᠢᠭᠤᠨ ᠲᠠᠯᠳᠠᠯᠠᠬᠤ᠂ ᠲᠦᠭᠰᠢᠭᠦᠷᠢ ᠶᠢᠨ ᠮᠡᠳᠡᠭᠡ ᠵᠠᠩᠭᠢ ᠶᠢ ᠮᠡᠳᠡᠬᠦᠯᠬᠦ ᠦᠬᠡᠢ ᠨᠢᠭᠤᠬᠤ᠂ ᠲᠤᠳ᠋ᠬᠠᠳᠠᠯ ᠢ ᠨᠢ ᠪᠠᠶᠢᠴᠠᠭᠠᠬᠤ ᠳᠤ ᠬᠠᠮᠵᠢᠯᠴᠠᠬᠤ ᠦᠬᠡᠢ ᠪᠤᠶᠤ ᠲᠣᠭᠲᠠᠭᠠᠯ ᠶᠣᠰᠣᠭᠠᠷ ᠡᠭᠡᠭᠦᠯᠦᠨ ᠠᠪᠴᠢᠷᠠᠬᠤ ᠦᠭᠡᠶ ᠪᠠᠶᠢᠪᠠᠯ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      13. ᠶᠠᠰᠤ ᠴᠢᠨᠠᠷ ᠤᠨ ᠢᠳᠡᠬᠡᠮᠵᠢ ᠶᠢᠨ ᠲᠠᠯ᠎ᠠ ᠳᠤ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠪᠠᠨ ᠴᠢᠩᠭᠠᠳᠬᠠᠨ᠎ᠠ᠃ ᠠᠵᠤ ᠠᠬᠤᠶᠢᠯᠠᠯ ᠤᠳ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠦᠭᠰᠢᠬᠦᠷᠢ ᠶᠢ ᠪᠠᠭᠠᠰᠬᠠᠬᠤ ᠡᠭᠦᠷᠬᠡ ᠪᠠᠨ ᠭᠦᠢᠴᠡᠳᠬᠡᠭᠰᠡᠨ ᠪᠠᠶᠢᠳᠠᠯ ᠢ ᠨᠢ ᠶᠠᠰᠤ ᠴᠢᠨᠠᠷ ᠤᠨ ᠢᠳᠡᠬᠡᠮᠵᠢ ᠶᠢᠨ ᠬᠠᠮᠢᠶᠠᠷᠤᠯᠳᠠ ᠳᠤ ᠤᠷᠤᠭᠤᠯᠤᠨ᠎ᠠ᠃ ᠢᠳᠡᠬᠡᠮᠵᠢᠳᠡᠢ ᠠᠵᠤ ᠠᠬᠤᠶᠢᠯᠠᠯ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠶᠠᠰᠤ ᠴᠢᠨᠠᠷ ᠤᠨ ᠲᠠᠯ᠎ᠠ ᠳᠤ ᠢᠳᠡᠬᠡᠮᠵᠢ ᠠᠯᠳᠠᠭᠰᠠᠨ ᠦᠢᠯᠡ ᠠᠵᠢᠯᠯᠠᠭ᠎ᠠ ᠶᠢ ᠬᠤᠯᠪᠤᠭᠠᠯᠠᠵᠦ ᠵᠠᠯᠬᠠᠭᠠᠨ ᠴᠡᠬᠡᠷᠯᠡᠬᠦᠯᠬᠦ ᠶᠢ ᠦᠷᠭᠦᠯᠵᠢᠯᠡᠨ ᠠᠬᠢᠭᠤᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠢᠳᠡᠬᠡᠮᠵᠢ ᠶᠢᠨ ᠮᠡᠳᠡᠭᠡ ᠵᠠᠩᠬᠢ ᠶᠢᠨ ᠦᠵᠡᠬᠦᠯᠬᠦ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      14. ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠶᠠᠯᠠᠯᠠᠨ ᠰᠢᠢᠳᠬᠡᠬᠦ ᠶᠢ ᠴᠢᠩᠭᠠᠷᠠᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ ᠬᠠᠤᠯᠢ ᠠᠴᠠ ᠵᠥᠷᠢᠴᠡᠭᠰᠡᠨ ︽ᠬᠠᠷ᠎ᠠ ᠳᠠᠩᠰᠠ︾ ᠪᠠ ᠬᠠᠤᠯᠢ ᠠᠴᠠ ᠬᠦᠨᠳᠦ ᠨᠣᠴᠢᠲᠠᠢ ᠵᠦᠷᠢᠴᠡᠭᠰᠡᠨ ᠠᠵᠤ ᠠᠬᠤᠶᠢᠯᠠᠯ ᠢ ᠠᠯᠪᠠᠳᠠᠯᠭ᠎ᠠ ᠪᠠᠷ ᠪᠤᠴᠠᠭᠠᠵᠤ ᠭᠠᠷᠭᠠᠬᠤ ᠳᠦᠷᠢᠮ ᠢ ᠪᠠᠶᠢᠭᠤᠯᠤᠨ᠎ᠠ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠪᠦᠬᠡᠮᠨᠡᠷᠡᠯ ᠤᠨ ᠳᠠᠪᠠᠭᠤᠯᠢᠭ ᠪᠠ ᠶᠠᠰᠤ ᠴᠢᠨᠠᠷ ᠤᠨ ᠲᠠᠯ᠎ᠠ ᠪᠠᠷ ᠵᠢᠱᠢᠶ᠎ᠡ ᠦᠵᠡᠬᠦᠯᠵᠦ ᠭᠦᠳᠦᠯᠦᠨ ᠲᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃      15. ᠡᠷᠬᠡ ᠳᠤ ᠬᠠᠯᠳᠠᠬᠤ ᠪᠠ ᠬᠠᠭᠤᠷᠮᠠᠭ ᠵᠦᠢᠯ ᠦᠢᠯᠡᠳᠬᠦ ᠳᠤ ᠴᠣᠬᠢᠯᠲᠠ ᠥᠭᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ︽ᠴᠡᠭᠴᠡᠯᠡᠨ ᠴᠡᠪᠡᠷᠯᠡᠬᠦ ᠠᠵᠢᠯᠯᠠᠭ᠎ᠠ︾᠎ ᠶᠢ ᠦᠷᠭᠦᠯᠵᠢᠯᠡᠨ ᠥᠷᠨᠢᠭᠦᠯᠵᠦ᠂ ᠬᠠᠭᠤᠷᠮᠠᠭ ᠮᠠᠭᠤ ᠲᠠᠸᠠᠷ ᠦᠢᠯᠡᠳᠬᠦ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠠ ᠴᠡᠭᠴᠡᠯᠡᠨ ᠵᠠᠰᠠᠯᠳᠠ ᠦᠷᠨᠢᠬᠦᠯᠦᠨ᠂ ᠬᠢᠯᠢ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠠᠷᠠᠯᠵᠢᠶ᠎ᠠ᠂ ᠵᠠᠬ᠎ᠠ ᠳᠡᠯᠭᠡᠭᠦᠷ ᠤᠨ ᠬᠤᠳᠠᠯᠳᠤᠨ ᠠᠪᠤᠯᠳᠠ ᠵᠢᠴᠢ ︽ᠨᠢᠭᠡ ᠪᠦᠰᠡ ᠨᠢᠭᠡ ᠵᠠᠮ︾᠎ ᠤᠨ ᠳᠠᠭᠠᠤ ᠳᠠᠬᠢ ᠤᠯᠤᠰ ᠪᠠ ᠭᠠᠵᠠᠷ ᠣᠷᠣᠨ ᠳᠤ ᠭᠠᠷᠭᠠᠬᠤ ᠭᠤᠣᠯᠳᠠᠯᠭ᠎ᠠ ᠲᠠᠢ ᠲᠠᠸᠠᠷ ᠪᠠ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ ᠭᠤᠤᠯᠳᠠᠯᠭ᠎ᠠ ᠲᠠᠢ ᠴᠢᠩᠭᠠᠳᠬᠠᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠤᠨ ᠬᠤᠭᠤᠷᠣᠨᠳᠣᠬᠢ ᠬᠠᠤᠯᠢ ᠬᠡᠷᠡᠭᠵᠢᠬᠦᠯᠦᠯᠳᠡ ᠳᠤ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ᠃      16. ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠶᠠᠰᠤ ᠴᠢᠨᠠᠷ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠨ᠎ᠠ᠃ ᠪᠦᠬᠦ ᠣᠷᠣᠨ ᠤ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠬᠠᠤᠯᠢ ᠶᠣᠰᠣᠭᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠵᠡᠷᠭᠡ ᠭᠦᠷᠢᠶ᠎ᠡ ᠴᠠᠷᠠᠭᠠᠨ ᠳᠤ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠦᠷᠨᠢᠬᠦᠯᠦᠨ᠎ᠠ᠃ ᠬᠠᠤᠯᠢ ᠴᠠᠭᠠᠵᠠ ᠶᠢᠨ ᠪᠠᠶᠢᠭᠤᠯᠭ᠎ᠠ ᠬᠢᠬᠡᠳ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠤᠶᠢᠯᠠᠭᠠᠯᠴᠠᠵᠦ ᠨᠡᠪᠳᠡᠷᠡᠯᠴᠡᠬᠦ ᠲᠣᠭᠲᠠᠴᠠ ᠵᠢᠴᠢ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠤᠯᠢ ᠴᠠᠭᠠᠵᠠ ᠶᠢᠨ ᠦᠷ᠎ᠡ ᠨᠦᠯᠦᠬᠡ ᠪᠠ ᠨᠡᠶᠢᠭᠡᠮ ᠤᠨ ᠦᠷ᠎ᠡ ᠨᠦᠯᠦᠬᠡ ᠶᠢ ᠴᠢᠩᠭᠠᠷᠠᠭᠤᠯᠤᠨ᠎ᠠ᠃      17. ᠪᠣᠭᠤᠮᠲᠠ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠪᠠᠨ ᠲᠡᠭᠦᠯᠳᠡᠷᠵᠢᠬᠦᠯᠦᠨ᠎ᠠ᠃ ᠪᠥᠬᠦ ᠣᠷᠣᠨ ᠤ ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ ᠭᠦᠢᠯᠬᠡᠬᠡᠨ ᠶᠡᠬᠡᠳᠡᠢ ᠡᠬᠢ ᠪᠠᠶᠠᠯᠢᠭ ᠤᠨ ᠴᠢᠨᠠᠷᠲᠠᠶ ᠲᠠᠸᠠᠷ᠂ ᠠᠶᠤᠯᠳᠤ ᠪᠠᠷᠠᠭ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠲᠠᠸᠠᠷ ᠤᠨ ᠠᠮᠤᠷ ᠲᠦᠪᠰᠢᠨ ᠤ ᠲᠦᠭᠰᠢᠭᠦᠷᠢ ᠶᠢ ᠭᠤᠤᠯᠳᠠᠯᠭ᠎ᠠ ᠲᠠᠢ ᠠᠩᠬᠠᠷᠴᠤ᠂ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠤᠨᠨᠳᠠᠭᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠪᠡᠯᠡᠳᠬᠡᠬᠦ ᠪᠠ ᠰᠣᠷᠢᠯᠲᠠ ᠬᠢᠬᠦ ᠪᠠᠨ ᠴᠢᠩᠭᠠᠷᠠᠭᠤᠯᠵᠦ᠂ ᠪᠣᠭᠤᠮᠲᠠ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠴᠢᠳᠠᠪᠤᠷᠢ ᠶᠢ ᠲᠡᠬᠡᠭᠰᠢᠯᠡᠬᠦᠯᠦᠨ᠎ᠠ᠃      ︵ᠲᠠᠪᠤ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠦᠷ᠎ᠡ ᠳ᠋ᠦᠩ ᠢ ᠬᠡᠷᠡᠭᠯᠡᠬᠦ ᠶᠢ ᠴᠢᠬᠤᠯᠠᠴᠢᠯᠠᠨ᠎ᠠ      18. ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠬᠢᠨ ᠤ ᠳᠤᠲᠠᠭᠳᠠᠯ ᠢᠶᠠᠨ ᠠᠷᠢᠯᠭᠠᠬᠤ᠂ ᠮᠡᠷᠭᠡᠵᠢᠯ ᠢᠶᠠᠨ ᠦᠬᠡᠷᠡᠴᠢᠯᠡᠬᠦ ᠪᠠ ᠭᠠᠷ ᠤᠷᠠᠯᠠᠯ ᠢᠶᠠᠨ ᠬᠠᠯᠠᠨ ᠰᠠᠶᠢᠵᠢᠷᠠᠭᠤᠯᠬᠤ ᠠᠵᠢᠯ ᠦᠷᠨᠢᠬᠦᠯᠵᠦ᠂ ᠶᠠᠰᠤ ᠴᠢᠨᠠᠷ ᠤᠨ ᠬᠢᠷᠢ ᠲᠦᠪᠰᠢᠨ ᠢᠶᠠᠨ ᠲᠡᠬᠡᠭᠰᠢᠯᠡᠬᠦᠯᠬᠦ ᠶᠢ ᠵᠤᠷᠢᠨᠨᠵᠢᠭᠤᠯᠤᠨ ᠲᠡᠮᠵᠢᠨ᠎ᠠ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠦᠢᠯᠡᠳᠪᠦᠷᠢᠯᠡᠯ ᠡᠵᠡᠩᠨᠡᠭᠴᠢ ᠶᠢ ᠰᠢᠮᠳᠠᠭᠤᠯᠵᠦ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠴᠢᠩᠭ᠎ᠠ ᠭᠦᠢᠴᠡᠳᠬᠡᠯᠬᠡᠵᠦ᠂ ᠲᠦᠭᠰᠢᠭᠦᠷᠢ ᠶᠢᠨ ᠮᠡᠳᠡᠭᠡ ᠵᠠᠩᠭᠢ ᠪᠤᠶᠤ ᠶᠠᠰᠤ ᠴᠢᠨᠠᠷ ᠤᠨ ᠬᠦᠨᠳᠦ ᠬᠡᠴᠡᠬᠦᠦ ᠠᠳᠡᠯ ᠬᠡᠷᠡᠭ ᠭᠠᠷᠤᠨᠨᠰᠠᠨ ᠠᠵᠤ ᠠᠬᠤᠶᠢᠯᠠᠯ ᠢ ᠮᠡᠳᠡᠬᠦᠯᠬᠦ ᠪᠠ ᠲᠦᠭᠰᠢᠭᠦᠷᠢ ᠶᠢ ᠠᠷᠢᠯᠭᠠᠨ ᠪᠠᠭᠠᠰᠬᠠᠬᠤ ᠡᠭᠦᠷᠭᠡ ᠶᠢ ᠨᠢ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠡᠷᠬᠡ ᠳᠤ ᠬᠠᠯᠳᠠᠭᠰᠠᠨ ᠪᠠᠶᠢᠪᠠᠯ ᠲᠦᠯᠦᠪᠦᠷᠢ ᠶᠢᠨ ᠬᠠᠷᠢᠭᠤᠴᠠᠯᠭ᠎ᠠ ᠶᠢ  ᠬᠠᠤᠯᠢ  ᠶᠣᠰᠣᠭᠠᠷ  ᠡᠭᠦᠷᠬᠡᠯᠡᠨ᠎ᠠ᠃      19. ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠬᠠᠮᠢᠶ᠎ᠠ ᠪᠦᠭᠦᠢ ᠠᠵᠢᠯ ᠢ ᠴᠢᠩᠭᠠᠳᠬᠠᠨ᠎ᠠ᠃ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠭᠦᠳᠡᠯᠦᠯ ᠬᠤᠪᠢᠷᠠᠯᠲᠠ ᠶᠢ ᠨᠢᠨᠨᠳᠠ ᠮᠦᠷᠳᠡᠵᠦ᠂ ᠮᠠᠨ ᠤ ᠣᠷᠣᠨ ᠤ ᠬᠠᠮᠢᠶ᠎ᠠ ᠪᠥᠬᠦᠶ ᠠᠵᠤ ᠦᠢᠯᠡᠰ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠳᠤ ᠦᠵᠡᠬᠦᠯᠦᠭᠰᠡᠨ ᠲᠡᠭᠦᠨ ᠤ ᠨᠥᠯᠥᠭᠡ ᠶᠢ ᠦᠨᠡᠯᠡᠨ ᠵᠢᠱᠢᠵᠦ᠂ ᠤᠷᠢᠳᠴᠢᠯᠠᠨ ᠰᠡᠷᠡᠮᠵᠢᠯᠡᠭᠦᠯᠬᠦ᠂ ᠵᠦᠪᠯᠡᠯᠬᠡ ᠦᠭᠬᠦ᠂ ᠦᠨᠡᠯᠡᠨ ᠵᠦᠪᠳᠡᠯᠴᠡᠬᠦ ᠵᠡᠷᠭᠡ ᠠᠷᠭᠠᠴᠠᠬᠤ ᠠᠵᠢᠯ ᠢ ᠰᠠᠶᠢᠳᠤᠷ ᠬᠢᠵᠦ᠂ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠳᠤ ᠨᠢ ᠭᠦᠴᠦ ᠨᠡᠮᠡᠷᠢᠯᠡᠨ᠎ᠠ᠃      20. ᠬᠠᠤᠯᠢ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ ᠭᠠᠷᠴᠠᠭ ᠠᠴᠠ ᠭᠠᠳᠠᠨᠠᠬᠢ ᠲᠠᠸᠠᠷ ᠲᠤ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ ︽ᠬᠤᠶᠠᠷ ᠢ ᠲᠠᠰᠢᠷᠠᠮ ᠢᠶᠠᠷ ᠭᠦᠢᠴᠡᠳᠬᠡᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ ᠭᠠᠷᠴᠠᠭ ᠠᠴᠠ ᠭᠠᠳᠠᠨᠠᠬᠢ ᠲᠠᠸᠠᠷ ᠲᠤ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠶᠢ ᠰᠠᠶᠢᠳᠤᠷ ᠬᠢᠵᠦ᠂ ᠰᠤᠭᠤᠴᠢᠨ ᠪᠠᠶᠢᠴᠠᠭᠠᠬᠤ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ ᠪᠠ ᠦᠷ᠎ᠡ ᠳ᠋ᠦᠩ ᠢ ᠢᠯᠡ ᠪᠣᠯᠭᠠᠬᠤ ᠪᠠᠨ ᠴᠢᠩᠭᠠᠷᠠᠭᠤᠯᠤᠨ᠎ᠠ᠃      21. ᠰᠢᠯᠭᠠᠨ ᠪᠠᠶᠢᠴᠠᠭᠠᠵᠦ ᠬᠢᠵᠢᠭ ᠪᠠᠶᠢᠴᠠᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ ᠦᠬᠡᠷᠡᠴᠢᠯᠡᠯᠳᠡ ᠬᠢᠨ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠤᠩᠬᠤᠪᠴᠢ︾᠎ ᠶᠢᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠦᠭᠰᠢᠭᠦᠷᠢ ᠶᠢ ᠦᠨᠡᠯᠡᠨ ᠵᠢᠱᠢᠬᠦ ᠶᠢᠨ ᠤᠷᠢᠳᠡᠴᠢ ᠵᠠᠷᠴᠢᠮ ᠢ ᠪᠠᠷᠢᠮᠳᠠᠯᠠᠵᠦ᠂ ᠡᠩ ᠤᠨ ᠲᠦᠭᠰᠢᠭᠦᠷᠢ ᠲᠠᠢ ᠲᠠᠸᠠᠷ ᠲᠤ ᠪᠤᠯ᠂ ᠬᠢᠨᠠᠯᠲᠠ ᠬᠠᠮᠢᠶᠠᠷᠤᠯᠲᠠ ᠶᠢᠨ ᠴᠤᠪᠤᠷᠠᠯ ᠢᠶᠠᠨ ᠰᠢᠯᠢᠳᠡᠭᠵᠢᠬᠦᠯᠦᠨ᠎ᠠ︔ ᠠᠮᠤᠷ ᠲᠦᠪᠰᠢᠨ ᠤ ᠬᠡᠮ ᠰᠤᠭᠤᠭ ᠪᠠ ᠬᠠᠭᠤᠷᠮᠠᠭ ᠴᠢᠨᠠᠷ ᠮᠠᠭᠤ ᠲᠦᠭᠰᠢᠭᠦᠷᠢ ᠤᠷᠤᠰᠢᠵᠦ ᠪᠠᠶᠢᠭ᠎ᠠ ᠲᠠᠸᠠᠷ ᠲᠤ ᠪᠤᠯ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠪᠠᠷ ᠤᠷᠤᠯᠴᠠᠬᠤ ᠶᠢ ᠬᠡᠷᠡᠭᠵᠢᠬᠦᠯᠵᠦ᠂ ᠦᠢᠯᠡᠳᠬᠦᠨ ᠤ ᠠᠯᠪᠠᠳᠠᠯᠭᠠᠳᠤ ᠬᠡᠷᠡᠴᠢᠯᠡᠭᠡ ᠶᠢᠨ ᠬᠢᠯᠢ ᠪᠠᠷ ᠤᠷᠤᠬᠤ ᠬᠡᠷᠡᠴᠢ ᠶᠢ ᠨᠢ ᠰᠢᠯᠭᠠᠨ ᠪᠠᠳᠤᠯᠠᠬᠤ ᠬᠢᠨᠠᠯᠳᠠ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠎ᠠ᠃      22. ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠢᠳᠡᠬᠡᠮᠵᠢᠯᠡᠭᠰᠡᠨ ᠬᠠᠮᠢᠶᠠᠷᠤᠯᠲᠠ ᠶᠢ ᠲᠦᠷᠬᠡᠳᠬᠡᠨ ᠲᠡᠭᠦᠯᠳᠡᠷᠵᠢᠬᠦᠯᠦᠨ᠎ᠠ᠃ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠢᠳᠡᠬᠡᠮᠵᠢᠯᠡᠭᠰᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠵᠦ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠨᠤᠭᠤᠳ ᠢ ᠵᠤᠷᠢᠨᠨᠵᠢᠭᠤᠯᠵᠦ ᠲᠦᠭᠰᠢᠭᠦᠷᠢ ᠶᠢ ᠬᠢᠨᠠᠨ ᠰᠢᠨᠵᠢᠬᠦ ᠪᠦᠲᠦᠮᠵᠢᠲᠦ ᠴᠢᠨᠠᠷ ᠤᠨ ᠦᠨᠡᠯᠡᠯᠳᠡ ᠳᠤ ᠤᠷᠤᠯᠴᠠᠭᠤᠯᠤᠨ᠎ᠠ᠃ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠪᠠ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠢᠯᠡᠴᠢᠯᠡᠬᠦ ᠪᠠᠨ ᠴᠢᠩᠭᠠᠷᠠᠭᠤᠯᠵᠦ᠂ ᠵᠠᠬ᠎ᠠ ᠳᠡᠯᠭᠡᠭᠦᠷ ᠠᠴᠠ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠬᠦᠯᠦᠨ᠎ᠠ᠃      23. ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠨ ᠤᠬᠤᠴᠢᠯᠠᠬᠤ ᠬᠠᠮᠢᠶᠠᠷᠤᠯᠳᠠ ᠶᠢ ᠠᠬᠢᠭᠤᠯᠤᠨ᠎ᠠ᠃ ᠠᠵᠤ ᠠᠬᠤᠶᠢᠯᠠᠯ ᠤᠳ ᠤᠨ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠨ ᠤᠬᠤᠴᠢᠯᠠᠬᠤ ᠰᠢᠰᠲ᠋ᠧᠮᠵᠢ ᠪᠠᠨ ᠠᠯᠬᠤᠮ ᠠᠯᠬᠤᠮ ᠢᠶᠠᠷ ᠲᠡᠭᠦᠯᠳᠡᠷᠵᠢᠬᠦᠯᠬᠦ ᠶᠢ ᠵᠤᠷᠢᠨᠨᠵᠢᠭᠤᠯᠤᠨ᠎ᠠ᠃ ᠬᠡᠷᠡᠭᠯᠡᠭᠡᠨ ᠤ ᠵᠦᠢᠯ᠂ ᠢᠳᠡᠭᠡᠨ ᠤ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠤᠣᠯᠳᠠᠯᠭ᠎ᠠ ᠲᠠᠢ ᠲᠠᠸᠠᠷ ᠲᠤ ᠡᠬᠢ ᠡᠭᠦᠰᠦᠯ ᠢ ᠨᠢ ᠮᠦᠷᠳᠡᠬᠦ ᠲᠤᠷᠰᠢᠯᠲᠠ ᠶᠢ ᠦᠷᠨᠢᠬᠦᠯᠬᠦ ᠶᠢᠨ ᠬᠠᠮᠳᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠤᠰᠤᠳ ᠭᠤᠣᠯᠳᠠᠯᠭ᠎ᠠ ᠲᠠᠢ ᠭᠦᠷᠢᠶ᠎ᠡ ᠴᠠᠷᠠᠭ᠎ᠠ ᠳᠤ ᠠᠯᠬᠤᠮ ᠠᠯᠬᠤᠮ ᠢᠶᠠᠷ ᠲᠡᠯᠬᠡᠷᠡᠭᠦᠯᠦᠨ᠎ᠠ᠃ ᠮᠦᠷᠳᠡᠨ ᠤᠬᠤᠴᠢᠯᠠᠬᠤ ᠬᠡᠯᠬᠢᠶᠡᠰᠦ ᠶᠢ ᠠᠯᠬᠤᠮ ᠠᠯᠬᠤᠮ ᠢᠶᠠᠷ ᠤᠷᠳᠤᠳᠬᠠᠵᠦ᠂ ᠡᠬᠢ ᠡᠭᠦᠰᠦᠯ ᠢ ᠨᠢ ᠮᠦᠷᠳᠡᠬᠦ ᠤᠯᠠᠨ ᠨᠡᠶᠢᠲᠡ ᠶᠢᠨ ᠦᠢᠯᠡᠴᠢᠯᠡᠭᠡᠨ ᠤ ᠲᠤᠷᠰᠢᠯᠲᠠ ᠶᠢ ᠦᠷᠨᠢᠬᠦᠯᠦᠨ᠎ᠠ᠃      ᠭᠤᠷᠪᠠ᠂ ᠪᠠᠳᠤᠯᠠᠬᠤ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠦᠬᠦ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ ᠠᠵᠢᠯ ᠢ ᠨᠠᠶᠢᠳᠠᠪᠤᠷᠢᠵᠢᠭᠤᠯᠬᠤ᠂ ᠵᠤᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ ᠶᠢ ᠨᠢᠬᠡᠳᠦᠯᠳᠡᠢ ᠲᠦᠯᠦᠪᠯᠡᠨ ᠠᠬᠢᠭᠤᠯᠬᠤ ᠶᠢ ᠬᠠᠷᠢᠭᠤᠴᠠᠨ᠎ᠠ᠃ ᠬᠠᠮᠳᠤᠷᠬᠠᠰᠠᠨ ᠬᠤᠷᠠᠯ ᠤᠨ ᠠᠯᠪᠠᠨ ᠬᠡᠷ ᠢ ᠬᠥᠬᠡᠬᠤᠲᠠ ᠪᠣᠭᠤᠮᠲᠠ ᠳᠤ ᠲᠤᠬᠢᠷᠠᠭᠤᠯᠤᠨ᠎ᠠ᠃ ᠡᠯ᠎ᠡ ᠪᠦᠷᠢᠯᠳᠦᠬᠦᠨ ᠨᠢᠬᠡᠴᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠠᠷᠢᠨ ᠨᠢᠮᠪᠠᠶ ᠵᠣᠬᠢᠶᠠᠨ ᠪᠠᠶᠢᠭᠤᠯᠵᠦ᠂ ᠨᠢᠭᠲᠠ ᠬᠠᠮᠵᠢᠯᠴᠠᠨ ᠠᠵᠢᠯᠯᠠᠵᠦ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠦ ᠪᠠᠶᠢᠴᠠᠭᠠᠬᠤ᠂ ᠮᠥᠷᠳᠡᠨ ᠵᠠᠳᠠᠯᠤᠯᠳᠠ ᠬᠢᠭᠦ ᠪᠠ ᠨᠡᠪᠳᠡᠷᠡᠭᠦᠯᠦᠨ ᠮᠡᠳᠡᠬᠡᠯᠡᠬᠦ ᠪᠠᠨ ᠦᠨᠡᠨ ᠭᠦ ᠴᠢᠩᠭᠠᠳᠬᠠᠨ᠎ᠠ᠃      ︵ᠬᠤᠶᠠᠷ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠢᠮ ᠤᠨ ᠲᠤᠬᠢᠷᠠᠭᠤᠯᠤᠯᠳᠠ ᠶᠢ ᠦᠨᠡᠨ ᠭᠦ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠭᠴᠢ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠶᠢᠨ ᠬᠡᠷᠡᠴᠢᠯᠡᠬᠦ ᠪᠠᠶᠢᠭᠤᠯᠤᠮᠵᠢ ᠨᠤᠭᠤᠳ ᠤᠨ ᠲᠦᠭᠰᠢᠭᠦᠷᠢ ᠶᠢᠨ ᠮᠡᠳᠡᠭᠡ ᠵᠠᠩᠭᠢ ᠶᠢ ᠮᠡᠳᠡᠬᠦᠯᠬᠦ ᠵᠢᠴᠢ ᠲᠦᠭᠰᠢᠭᠦᠷᠢ ᠶᠢ ᠠᠷᠢᠯᠭᠠᠨ ᠪᠠᠭᠠᠰᠬᠠᠬᠤ ᠵᠡᠷᠭᠡ ᠡᠭᠦᠷᠭᠡ ᠪᠠᠨ ᠭᠦᠢᠴᠡᠳᠬᠡᠬᠦ ᠶᠢ ᠲᠤᠳᠤᠷᠬᠠᠶᠢᠯᠠᠵᠦ᠂ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠵᠡᠷᠭᠡ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠳᠤᠯᠠᠨ᠎ᠠ᠃      ︵ᠭᠤᠷᠪᠠ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠤᠳᠤ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠨᠢᠬᠡᠳᠦᠯᠳᠡᠢ ᠲᠦᠯᠦᠪᠯᠡᠵᠦ᠂ ᠪᠡᠯᠡ ᠮᠦᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠪᠣᠭᠤᠮᠲᠠ ᠶᠢᠨ ᠪᠠᠶᠢᠴᠠᠭᠠᠨ ᠰᠢᠯᠭᠠᠬᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠠᠵᠢᠯ ᠤᠨ ᠦᠷᠨᠢᠬᠦ ᠶᠢ ᠦᠨᠡᠨ ᠭᠦ ᠪᠠᠳᠤᠯᠠᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠠᠷᠢᠯᠴᠠᠨ ᠲᠤᠬᠢᠷᠠᠯᠴᠬᠠᠰᠠᠨ ᠵᠠᠷᠤᠳᠠᠯ ᠤᠨ ᠪᠠᠳᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠤᠷᠤᠭᠤᠯᠤᠨ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢᠶᠠᠨ ᠲᠡᠬᠡᠭᠰᠢᠯᠡᠬᠦᠯᠦᠨ᠎ᠠ᠃      ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃  ᠡᠯ᠎ᠡ  ᠭᠠᠵᠠᠷ  ᠣᠷᠣᠨ᠂ ᠡᠯ᠎ᠡ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠨᠨᠯᠠᠵᠦ᠂ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠠᠷᠭᠠᠬᠤ ᠪᠠ ᠱᠠᠳᠤᠴᠢ ᠴᠢᠨᠠᠷᠲᠠᠶ ᠦᠷ᠎ᠡ ᠪᠦᠲᠦᠮᠵᠢ ᠶᠢ ᠤᠬᠠᠭᠤᠯᠬᠤ ᠡᠷᠴᠢᠮ ᠢᠶᠠᠨ ᠨᠡᠮᠡᠭᠳᠡᠬᠦᠯᠵᠦ᠂ ᠨᠡᠶᠢᠬᠡᠮ ᠤᠨ ᠨᠡᠶᠢᠳᠡ ᠤᠯᠠᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠳᠤ ᠤᠷᠤᠯᠴᠠᠭᠤᠯᠬᠤ ᠬᠡᠷᠡᠭᠳᠡᠢ᠃ ᠶᠠᠰᠤ ᠴᠢᠨᠠᠷ ᠢ ᠲᠡᠬᠡᠭᠰᠢᠯᠡᠬᠦᠯᠬᠦ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠳᠡ ᠤᠯᠠᠨ ᠤ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ᠂ ᠤᠬᠠᠮᠵᠢᠳᠠᠢ ᠪᠠᠷ ᠬᠡᠷᠡᠭᠯᠡᠭᠡ ᠬᠢᠬᠦ ᠴᠢᠳᠠᠪᠤᠷᠢ ᠶᠢ ᠨᠢ ᠲᠡᠬᠡᠭᠰᠢᠯᠡᠬᠦᠯᠵᠦ᠂ ᠨᠡᠶᠢᠭᠡᠮ ᠳᠠᠶᠠᠭᠠᠷ ᠢᠶᠠᠷ ᠢᠶᠠᠨ ᠴᠢᠬᠤᠯᠠᠴᠢᠯᠠᠭᠰᠠᠨ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map