ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018/2/28
                           ᠥᠪᠥᠷ ᠵᠠᠰᠠᠭ ᠲᠠᠷᠬᠠᠭᠠᠭᠰᠠᠨ ﹇2017﹈ 123 ᠳ᠋ᠤᠭᠠᠷ ᠲᠤᠭᠠᠳᠤ                                         2017 ᠣᠨ ᠤ 9 ᠳ᠋ᠤᠭᠡᠷ ᠰᠠᠷ᠎ᠠ ᠶᠢᠨ 8᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠬᠡᠷᠡᠭᠵᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃      ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠬᠡᠷᠡᠭᠵᠢᠭᠦᠯᠬᠦ ᠲᠥᠰᠦᠯ      ᠮᠠᠨ ᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠤ ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠣᠨ ᠵᠠᠰᠠᠭ ᠤᠨ ᠣᠷᠳᠣᠨ ᠤ ᠣᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠲᠤᠰᠠᠳᠠ᠂ ︽ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2016﹈ 76 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠢᠯᠡ ᠵᠠᠰᠠᠭ ᠶᠠᠪᠤᠭᠤᠯᠬᠤ ᠶᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠣᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠵᠠᠰᠠᠭ ᠤᠨ ᠶᠠᠪᠤᠳᠠᠯ ᠤᠨ ᠬᠦᠷᠢᠶ᠎ᠡ ᠬᠡᠪᠴᠢᠶᠡᠨ ᠳᠠᠬᠢ ᠢᠲᠡᠭᠡᠯ ᠠᠯᠳᠠᠭᠰᠠᠨ ᠲᠡᠮᠳᠡᠭᠯᠡᠯ ᠪᠠᠶᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠬᠢᠨᠠᠨ ᠵᠢᠯᠣᠭᠤᠳᠴᠤ ᠰᠢᠯᠭᠠᠨ ᠲᠣᠭᠲᠠᠭᠠᠬᠤ ᠶᠢ ᠴᠢᠩᠭᠠᠳᠬᠠᠨ᠂ ᠵᠠᠰᠠᠭ ᠤᠨ ᠣᠷᠳᠣᠨ ᠤ ᠢᠲᠡᠭᠡᠮᠵᠢ ᠲᠠᠢ ᠪᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠣᠯᠣᠨ ᠠᠯᠪᠠᠲᠠᠨ ᠤ ᠡᠩᠨᠡᠭᠡ ᠶᠢᠨ ᠢᠲᠡᠭᠡᠮᠵᠢ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠵᠠᠬ᠎ᠠ ᠳᠡᠯᠭᠡᠭᠦᠷ ᠤᠨ ᠲᠥᠪ ᠭᠤᠣᠯᠴᠢ ᠶᠢ ᠬᠤᠬᠢᠷᠠᠭᠤᠯᠤᠭᠰᠠᠨ ᠵᠡᠷᠭᠡ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠣᠨ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      ᠬᠤᠶᠠᠷ᠂ ᠠᠵᠢᠯ ᠤᠨ ᠡᠭᠦᠷᠭᠡ      ︵ᠨᠢᠭᠡ︶ ᠵᠠᠰᠠᠭ ᠤᠨ ᠶᠠᠪᠤᠳᠠᠯ ᠤᠨ ᠭᠤᠣᠯ ᠴᠣᠭᠴᠠ ᠶᠢᠨ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      1. ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂ ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠵᠡᠷᠭᠡ ︽ᠨᠠᠢᠮᠠᠨ ᠨᠠᠷᠢᠨ ᠬᠠᠭᠤᠳᠠᠰᠤ︾᠎ ᠶᠢ ᠦᠷᠭᠦᠯᠵᠢᠯᠡᠨ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ ᠬᠠᠤᠯᠢ ᠶᠣᠰᠣᠭᠠᠷ ᠰᠢᠢᠳᠪᠦᠷᠢᠳᠤ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠤᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠳ ᠨᠣᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠰᠢᠢᠳᠪᠦᠷᠢᠳᠤ ᠪᠤᠳᠦᠯᠭ᠎ᠠ ᠲᠣᠭᠲᠠᠭᠠᠬᠤ ᠶᠢᠨ ᠵᠠᠪᠠᠯ ᠥᠩᠭᠡᠷᠡᠭᠡᠬᠦ ᠲᠡᠰ ᠳᠠᠷᠠᠭᠠᠯᠠᠯ ᠪᠣᠯᠭᠠᠵᠤ᠂ ᠨᠠᠷᠢᠨ ᠬᠢᠨᠠᠮᠠᠭᠠᠶ ᠬᠡᠷᠡᠭᠵᠢᠭᠦᠯᠦᠨ᠎ᠡ᠃      2. ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠪᠦᠬᠦ ᠶᠠᠪᠤᠴᠠ ᠶᠢ ᠢᠯᠡ ᠪᠣᠯᠭᠠᠬᠤ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠭᠦᠢᠴᠡᠳᠬᠡᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠵᠡᠷᠭᠡ ᠲᠠᠯ᠎ᠠ ᠪᠠᠷ ᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠬᠠᠣᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃      3. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠴᠤᠮᠬᠠᠳᠬᠠᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ ᠢᠯᠭᠠᠷᠠᠭᠤᠯᠤᠨ᠂ ᠬᠦᠴᠦᠨ ᠦᠭᠡᠢ ᠪᠣᠯᠭᠠᠬᠤ ᠪᠠ ᠲᠣᠬᠢᠷᠠᠭᠤᠯᠵᠤ᠂ ᠡᠷᠬᠡ ᠶᠢ ᠳᠣᠷᠣᠭᠰᠢ ᠪᠠᠭᠤᠯᠭᠠᠬᠤ ᠶᠢᠨ ᠬᠠᠮᠵᠢᠯᠴᠠᠬᠤ ᠴᠢᠨᠠᠷ᠂ ᠬᠠᠮᠲᠤᠷᠠᠨ ᠬᠦᠳᠡᠯᠦᠯᠴᠡᠬᠦ ᠴᠢᠨᠠᠷ ᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷ᠎ᠡ ᠦᠢᠯᠡᠴᠢᠯᠡᠬᠦ᠂ ᠬᠠᠮᠳᠤᠳᠬᠠᠨ ᠦᠢᠯᠡᠴᠢᠯᠡᠬᠦ ᠪᠠ ᠦᠢᠯᠡᠴᠢᠯᠡᠭᠡᠨ ᠤ ᠶᠠᠰᠤ ᠴᠢᠨᠠᠷ ᠢ ᠢᠯᠠ ᠪᠠᠷ ᠠᠮᠡᠯᠳᠦᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠰᠠᠭ ᠵᠠᠬᠢᠷᠭᠠᠨ ᠤ ᠪᠦᠲᠦᠮᠵᠢ ᠪᠣᠯᠤᠨ ᠬᠢᠷᠢ ᠬᠡᠮᠵᠢᠶ᠎ᠡ ᠶᠢ ᠲᠡᠰᠦᠷᠡᠯᠳᠠ ᠦᠭᠡᠢ ᠳᠡᠭᠡᠭᠰᠢᠯᠡᠭᠦᠯᠦᠨ᠎ᠡ᠃      4. ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠶᠢᠨ ᠪᠤᠢ ᠪᠦᠬᠦᠢ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ ᠳᠡᠭᠡᠷ᠎ᠡ ᠨᠢᠭᠡᠳᠦᠯᠲᠡᠢ ᠬᠢᠨᠠᠨ ᠵᠥᠪᠰᠢᠶᠡᠷᠡᠬᠦ ᠶᠢ ᠦᠨᠡᠨᠬᠦ ᠪᠠᠲᠤᠯᠠᠨ᠎ᠠ᠃      5. ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠵᠤ᠂ ᠲᠦᠷᠢᠮ ᠲᠣᠭᠲᠠᠭᠠᠯ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠨ᠂ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠯᠵᠢᠶᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃      6. ᠡᠯ᠎ᠡ ᠬᠦᠷᠢᠶ᠎ᠡ ᠬᠡᠪᠴᠢᠶᠡᠨ ᠳᠤ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠦᠨᠡᠨ ᠨᠡᠷ᠎ᠡ ᠪᠠᠷ ᠳᠠᠩᠰᠠᠯᠠᠬᠤ ᠲᠦᠷᠢᠮ ᠤᠨ ᠬᠡᠷᠡᠭᠵᠢᠭᠦᠯᠬᠦ ᠬᠡᠪᠴᠢᠶ᠎ᠡ ᠶᠢ ᠲᠣᠭᠲᠠᠭᠠᠵᠤ᠂ ᠣᠨᠣᠪᠴᠢᠲᠠᠶ ᠪᠦᠬᠦ ᠲᠠᠯ᠎ᠠ ᠶᠢ ᠬᠠᠮᠤᠷᠤᠭᠰᠠᠨ ᠪᠠ ᠬᠥᠳᠡᠯᠦᠩᠭᠦᠶ ᠰᠢᠨᠡᠳᠬᠡᠬᠦ ᠳᠠᠩᠰᠠᠯᠠᠯ ᠤᠨ ᠮᠡᠳᠡᠭᠡ ᠵᠠᠩᠭᠢ ᠶᠢ ᠪᠠᠶᠢᠭᠤᠯᠵᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ ᠢ ᠥᠷᠨᠢᠭᠦᠯᠬᠦ ᠳᠤ ᠰᠠᠭᠤᠷᠢ ᠲᠠᠯᠪᠢᠨ᠎ᠠ᠃      ︵ᠬᠤᠶᠠᠷ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃      1. ᠠᠯᠪᠠᠲᠠᠨ ᠤ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠎ᠠ᠃ ᠢᠲᠡᠭᠡᠮᠵᠢ ᠶᠢᠨ ᠪᠠᠶᠢᠭᠤᠯᠤᠯᠲᠠ ᠶᠢ ᠠᠯᠪᠠᠲᠠᠨ ᠤ ᠪᠣᠯᠪᠠᠰᠤᠷᠠᠭᠤᠯᠤᠯ ᠪᠠ ᠳᠠᠪᠲᠠᠨ ᠪᠣᠯᠪᠠᠰᠤᠷᠠᠭᠤᠯᠬᠤ ᠬᠢᠴᠢᠶᠡᠯ ᠳᠤ ᠣᠷᠣᠭᠤᠯᠵᠤ᠂ ᠠᠯᠪᠠᠲᠠᠨ ᠤ ᠢᠲᠡᠭᠡᠮᠵᠢ ᠶᠢᠨ ᠮᠡᠳᠡᠯᠭᠡ ᠰᠤᠷᠤᠯᠴᠠᠬᠤ ᠶᠢ ᠴᠢᠩᠭᠠᠳᠬᠠᠨ᠂ ᠠᠯᠪᠠᠲᠠᠨ ᠤ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠠᠯᠪᠠᠲᠠᠨ ᠤ ᠢᠲᠡᠭᠡᠮᠵᠢ ᠶᠢᠨ ᠭᠠᠷ ᠳᠡᠪᠲᠡᠷ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠶᠠᠪᠤᠭᠤᠯᠵᠤ᠂ ᠠᠯᠪᠠᠲᠠᠨ ᠤ ᠢᠲᠡᠭᠡᠮᠵᠢᠲᠡᠶ ᠪᠠᠶᠢᠬᠤ᠂ ᠬᠠᠤᠯᠢ ᠶᠢ ᠰᠠᠬᠢᠬᠤ ᠪᠠ ᠶᠣᠰᠣ ᠮᠣᠷᠠᠯ ᠤᠨ ᠬᠥᠮᠦᠵᠢᠯ ᠢ ᠭᠦᠨᠵᠡᠭᠡᠢ ᠦᠷᠨᠢᠭᠦᠯᠦᠨ᠎ᠡ᠃      2. ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠪᠣᠯᠤᠨ ᠠᠯᠪᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠬᠠᠤᠯᠢ ᠲᠣᠭᠲᠠᠭᠠᠯ ᠠᠴᠠ ᠵᠥᠷᠢᠴᠡᠨ᠂ ᠢᠲᠡᠭᠡᠯ ᠠᠯᠳᠠᠵᠤ ᠪᠣᠯᠵᠤᠭ᠎ᠠ ᠵᠦᠷᠢᠴᠡᠭᠰᠡᠨ ᠠᠴᠠ ᠪᠣᠯᠵᠤ ᠬᠠᠤᠯᠢ ᠴᠠᠭᠠᠵᠠ ᠶᠢᠨ ᠰᠢᠭᠦᠨ ᠲᠠᠰᠤᠯᠤᠯᠲᠠ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠰᠠᠬᠢᠯᠭ᠎ᠠ ᠪᠠᠲᠤ ᠶᠢᠨ ᠰᠢᠳᠬᠡᠯ᠂ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠰᠡᠨ ᠵᠡᠷᠭᠡ ᠮᠡᠳᠡᠭᠡ ᠵᠠᠩᠭᠢ ᠶᠢ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠤᠨ᠎ᠠ᠃      3. ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠡᠮᠬᠢᠳᠬᠡᠨ ᠴᠤᠭᠯᠠᠭᠤᠯᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠪᠣᠯᠤᠨ ᠪᠥᠬᠦ ᠣᠷᠣᠨ ᠤ ᠠᠯᠪᠠᠳᠠᠨ ᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠬᠠᠣᠯᠢ ᠶᠣᠰᠣᠭᠠᠷ ᠴᠤᠭᠯᠠᠭᠤᠯᠤᠨ ᠢᠯᠡ ᠪᠣᠯᠭᠠᠬᠤ ᠶᠢ ᠬᠠᠷᠢᠭᠤᠴᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠡᠮᠬᠢᠳᠬᠡᠨ ᠴᠤᠭᠯᠠᠭᠤᠯᠵᠤ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠶᠢ ᠲᠦᠰᠢᠭᠯᠡᠨ ᠬᠠᠤᠯᠢ ᠲᠣᠭᠲᠠᠭᠠᠯ ᠶᠣᠰᠣᠭᠠᠷ ᠠᠯᠬᠤᠮ ᠠᠯᠬᠤᠮ ᠢᠶᠠᠷ ᠢᠯᠡ ᠪᠣᠯᠭᠠᠨ᠎ᠠ᠃      4. ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠮᠡᠳᠡᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠬᠢᠨᠠᠨ ᠪᠠᠶᠢᠴᠠᠭᠠᠬᠤ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠬᠠᠤᠯᠢ ᠳᠤ ᠲᠣᠭᠲᠠᠭᠠᠭᠰᠠᠨ ᠵᠢᠷᠤᠮ ᠪᠣᠯᠣᠨ ᠨᠥᠬᠦᠴᠡᠯ ᠳᠤ ᠨᠡᠶᠢᠴᠡᠭᠰᠡᠨ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠤᠰ ᠨᠢᠭᠡᠴᠡ ᠶᠢᠨ ᠢᠶᠠᠨ ᠡᠵᠡᠮᠰᠢᠭᠰᠡᠨ ᠵᠠᠰᠠᠭ ᠤᠨ ᠶᠠᠪᠤᠳᠠᠯ ᠤᠨ ᠢᠲᠡᠭᠡᠮᠵᠢ ᠦᠭᠡᠢ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠵᠦ᠂ ᠮᠡᠳᠡᠭᠡ ᠵᠠᠩᠭᠢ ᠶᠢ ᠰᠠᠯᠠᠭ᠎ᠠ ᠮᠥᠴᠢᠷ ᠠᠯᠤᠰᠯᠠᠨ ᠬᠠᠮᠲᠤ ᠪᠠᠷ ᠬᠦᠷᠲᠡᠵᠦ ᠬᠡᠷᠡᠭᠯᠡᠬᠦ ᠳᠤ ᠨᠥᠬᠦᠴᠡᠯ ᠪᠦᠷᠢᠯᠳᠦᠭᠦᠯᠦᠨ᠎ᠡ᠃      5. ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠠᠯᠪᠠᠲᠠᠨ ᠤ ᠰᠢᠯᠢᠳᠡᠭ ᠲᠡᠷᠢᠭᠦᠨ ᠢ ᠰᠢᠯᠭᠠᠷᠠᠭᠤᠯᠬᠤ ᠵᠡᠷᠭᠡ ᠵᠦᠢᠯᠡᠰ ᠲᠤ ᠢᠲᠡᠭᠡᠮᠵᠢ ᠶᠢᠨ ᠲᠡᠮᠳᠡᠭᠯᠡᠯ ᠪᠣᠯᠣᠨ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ᠂ ᠢᠲᠡᠭᠡᠮᠵᠢ ᠶᠢᠨ ᠲᠡᠮᠳᠡᠭᠯᠡᠯ ᠰᠠᠶᠢᠨ ᠪᠠᠶᠢᠭ᠎ᠠ ᠠᠯᠪᠠᠲᠠᠨ ᠢ ᠪᠣᠯ᠂ ᠰᠢᠯᠢᠳᠡᠭ ᠲᠠᠷᠢᠭᠦᠨ ᠢ ᠰᠢᠯᠭᠠᠷᠠᠭᠤᠯᠬᠤ ᠵᠡᠷᠭᠡ ᠲᠠᠯ᠎ᠠ ᠪᠠᠷ ᠤᠷᠢᠳᠠᠪᠠᠷ ᠪᠣᠳᠣᠯᠬᠢᠯᠠᠵᠤ ᠪᠣᠯᠣᠨ᠎ᠠ᠃      6. ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠢᠲᠡᠭᠡᠯ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠯᠪᠠᠲᠠᠨ ᠢ ᠪᠣᠯ᠂ ᠢᠲᠡᠭᠡᠯ ᠠᠯᠳᠠᠭᠰᠠᠨ ᠪᠠᠶᠢᠳᠠᠯ ᠢ ᠨᠢ ᠦᠵᠡᠵᠦ ᠪᠠᠶᠢᠭᠠᠳ᠂ ᠡᠯ᠎ᠡ ᠲᠥᠷᠥᠯ ᠤᠨ ᠢᠷᠠᠭᠤ ᠠᠯᠳᠠᠷ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠲᠣᠭᠲᠠᠭᠠᠯ ᠶᠣᠰᠣᠭᠠᠷ ᠬᠦᠴᠦᠨ ᠦᠭᠡᠢ ᠪᠣᠯᠭᠠᠬᠤ ᠶᠢᠨ ᠬᠠᠮᠲᠤ ᠢᠯᠡ ᠪᠠᠷ ᠮᠡᠳᠡᠭᠡᠯᠡᠨ ᠰᠢᠭᠦᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠭᠤᠣᠯ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      7. ᠢᠲᠡᠭᠡᠮᠵᠢ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢ ᠨᠢ ᠰᠡᠷᠭᠦᠭᠡᠬᠦ ᠲᠣᠭᠲᠠᠴᠠ ᠶᠢ ᠪᠦᠷᠢᠨᠰᠢᠭᠦᠯᠦᠨ᠎ᠡ᠃ ᠥᠪᠡᠷ ᠤᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠵᠠᠰᠠᠷᠠᠵᠤ ᠬᠠᠶᠢᠷ᠎ᠠ ᠬᠠᠯᠠᠮᠵᠢ ᠬᠦᠷᠲᠡᠭᠡᠬᠦ ᠲᠣᠭᠲᠠᠴᠠ ᠶᠢ ᠪᠠᠶᠢᠭᠤᠯᠤᠨ᠎ᠠ᠂ ᠠᠯᠪᠠᠳᠠᠨ ᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠭᠠᠷᠤᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠤᠬᠢᠷᠠᠯ ᠢ ᠨᠥᠬᠦᠪᠥᠷᠢᠯᠡᠨ᠂ ᠮᠠᠭᠤ ᠨᠥᠯᠥᠭᠡ ᠶᠢ ᠠᠷᠢᠯᠭᠠᠬᠤ ᠪᠤᠶᠤ ᠬᠤᠬᠢᠷᠠᠯ ᠤᠨ ᠦᠷ᠎ᠡ ᠳ᠋ᠦᠩ ᠢ ᠪᠦᠲᠦᠮᠵᠢᠲᠡᠶ ᠬᠤᠷᠢᠭᠯᠠᠭᠰᠠᠨ ᠪᠣᠯ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠥᠩᠭᠡᠨ ᠢᠶᠠᠷ ᠵᠠᠯᠬᠠᠭᠠᠨ ᠴᠡᠭᠡᠷᠯᠡᠭᠦᠯᠬᠦ ᠪᠤᠶᠤ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠠᠯᠪᠠᠲᠠᠨ ᠤ ᠢᠲᠡᠭᠡᠮᠵᠢ ᠶᠢᠨ ᠮᠡᠳᠡᠭᠡ ᠵᠠᠩᠭᠢ ᠳᠤ ᠣᠨᠳᠣᠣ ᠰᠠᠨᠠᠯ ᠲᠠᠢ ᠪᠠᠶᠢᠬᠤ᠂ ᠵᠠᠭᠠᠯᠳᠤᠬᠤ ᠳᠦᠷᠢᠮ ᠪᠣᠯᠣᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠵᠠᠰᠠᠨ ᠰᠡᠷᠭᠦᠭᠡᠬᠦ ᠲᠣᠭᠲᠠᠴᠠ ᠪᠠᠶᠢᠭᠤᠯᠤᠨ᠂ ᠠᠯᠪᠠᠲᠠᠨ ᠤ ᠢᠲᠡᠭᠡᠯ ᠠᠯᠳᠠᠭᠰᠠᠨ ᠲᠡᠮᠳᠡᠭᠯᠡᠯ ᠤᠨ ᠢᠲᠡᠭᠡᠮᠵᠢ ᠶᠢ ᠨᠢ ᠰᠡᠷᠭᠦᠭᠡᠬᠦ ᠠᠷᠭ᠎ᠠ ᠬᠡᠯᠪᠡᠷᠢ ᠪᠣᠯᠣᠨ ᠠᠷᠭ᠎ᠠ ᠵᠠᠮ ᠢ ᠥᠷᠭᠡᠳᠬᠡᠨ᠎ᠡ᠃      ︵ᠭᠤᠷᠪᠠ︶ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      1. ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠠᠷᠢᠭᠤᠴᠠᠯᠭ᠎ᠠ ᠶᠢᠨ ᠳᠦᠷᠢᠮ ᠢ ᠰᠤᠳᠤᠯᠤᠨ ᠲᠣᠭᠲᠠᠭᠠᠵᠤ᠂ ᠬᠤᠳᠠᠯᠳᠤᠨ ᠠᠪᠬᠤ ᠬᠥᠮᠦᠨ ᠨᠢ ᠲᠥᠷᠥᠯ ᠵᠦᠢᠯ ᠤᠨ ᠪᠣᠯᠵᠤᠭ᠎ᠠ ᠭᠦᠢᠴᠡᠳᠬᠡᠵᠦ ᠰᠢᠯᠭᠠᠨ ᠠᠪᠬᠤ ᠲᠠᠯ᠎ᠠ ᠳᠠᠬᠢ ᠢᠲᠡᠭᠡᠮᠵᠢ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠠᠬᠢ ᠬᠤᠳᠠᠯᠳᠤᠨ ᠠᠪᠬᠤ ᠬᠥᠮᠦᠨ ᠪᠣᠯᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠤᠯᠢ ᠲᠣᠭᠲᠠᠭᠠᠯ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      2. ᠵᠠᠰᠠᠭ ᠤᠨ ᠣᠷᠳᠣᠨ ᠬᠢᠭᠡᠳ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭᠠᠨ ᠤ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠠᠵᠢᠯᠯᠠᠭᠠᠨ ᠤ ᠶᠠᠪᠤᠴᠠ ᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠢᠯᠡ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠢᠯᠲᠠᠨ ᠤ ᠬᠠᠷᠢᠭᠤᠴᠠᠯᠭ᠎ᠠ ᠶᠢ ᠬᠠᠣᠯᠢ ᠶᠣᠰᠣᠭᠠᠷ ᠨᠡᠬᠡᠮᠵᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ ᠵᠠᠰᠠᠭ ᠤᠨ ᠣᠷᠳᠣᠨ ᠬᠢᠭᠡᠳ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠤᠨ ᠳ᠋ᠠᠶᠢᠲ᠋ᠠ ᠬᠥᠮᠥᠷᠭᠡ ᠪᠠᠶᠢᠭᠤᠯᠵᠤ᠂ ᠲᠥᠷᠥᠯ ᠵᠦᠢᠯ ᠤᠨ ᠬᠠᠷᠢᠭᠤᠴᠠᠯᠭ᠎ᠠ ᠶᠢ ᠪᠤᠴᠠᠨ ᠬᠡᠯᠡᠯᠴᠡᠬᠦ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ ᠢᠲᠡᠭᠡᠮᠵᠢᠲᠡᠢ ᠪᠠᠷ ᠪᠣᠯᠵᠤᠭ᠎ᠠ ᠭᠦᠢᠴᠡᠳᠬᠡᠭᠰᠡᠨ ᠪᠠᠶᠢᠳᠠᠯ ᠬᠢᠭᠡᠳ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠥᠷᠥᠯ ᠵᠦᠢᠯ ᠳᠠᠬᠢ ᠵᠠᠰᠠᠭ ᠤᠨ ᠣᠷᠳᠣᠨ ᠤ ᠲᠠᠯ᠎ᠠ ᠶᠢᠨ ᠬᠠᠷᠢᠭᠤᠴᠠᠯᠭᠠᠲᠠᠨ ᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠤᠨ᠎ᠠ᠃      3. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠬᠦ ᠲᠤᠭ᠎ᠠ ᠪᠣᠯᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠢᠲᠡᠭᠡᠮᠵᠢ ᠶᠢᠨ ᠮᠡᠳᠡᠭᠦᠯᠦᠯᠲᠡ ᠶᠢᠨ ᠲᠦᠷᠢᠮ ᠢ ᠳᠡᠯᠭᠡᠷᠡᠭᠦᠯᠦᠨ ᠬᠡᠷᠡᠭᠯᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠬᠦᠷᠲᠡᠬᠦ ᠬᠡᠪᠴᠢᠶ᠎ᠡ ᠶᠢ ᠥᠷᠭᠡᠳᠬᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠬᠦᠷᠲᠡᠬᠦ ᠳᠦᠷᠢᠮ ᠢ ᠪᠦᠷᠢᠨᠰᠢᠭᠦᠯᠦᠨ᠎ᠡ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠢᠲᠡᠭᠡᠮᠵᠢ ᠶᠢᠨ ᠳᠠᠩᠰᠠ ᠡᠪᠬᠡᠮᠡᠯ ᠪᠣᠯᠣᠨ ᠤᠯᠠᠨ ᠰᠠᠯᠠᠭ᠎ᠠ ᠮᠥᠴᠢᠷ ᠬᠠᠮᠲᠤᠷᠠᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠠᠭᠤ ᠦᠢᠯᠡ ᠠᠵᠢᠯᠯᠠᠭ᠎ᠠ ᠶᠢᠨ ︽ᠬᠠᠷ᠎ᠠ ᠳᠠᠩᠰᠠ︾᠎ ᠶᠢ ᠨᠡᠶᠢᠲᠡᠯᠡᠨ᠎ᠡ᠃ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠪᠠᠷ ᠳᠠᠮᠵᠢᠭᠤᠯᠤᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠵᠡᠮᠰᠢᠭᠰᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠲᠤᠬᠠᠶ ᠬᠤᠯᠪᠣᠭᠳᠠᠯ ᠪᠦᠬᠦᠢ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ ᠵᠢᠴᠢ ᠬᠥᠳᠡᠯᠦᠩᠭᠦᠶ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠬᠠᠣᠯᠢ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠨᠡᠶᠢᠭᠡᠮ ᠨᠡᠶᠢᠲᠡ ᠳᠤ ᠨᠡᠶᠢᠲᠡᠯᠡᠨ᠎ᠡ᠃      4. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠤᠯᠢ ᠲᠣᠭᠲᠠᠭᠠᠯ᠂ ᠳᠦᠷᠢᠮ ᠢ ᠲᠡᠭᠦᠯᠳᠡᠷᠵᠢᠭᠦᠯᠵᠦ᠂ ᠬᠡᠲᠦᠷᠬᠡᠶ ᠬᠠᠷᠠᠭᠠᠯᠵᠠᠯ ᠦᠵᠡᠭᠦᠯᠬᠦ᠂ ᠬᠠᠤᠯᠢ ᠠᠴᠠ ᠵᠥᠷᠢᠴᠡᠵᠦ ᠬᠠᠷᠠᠭᠠᠯᠵᠠᠯ ᠦᠵᠡᠭᠦᠯᠬᠦ᠂ ᠬᠤᠣᠷᠲᠤ ᠥᠷᠢᠰᠥᠯᠳᠦᠭᠡᠨ ᠪᠣᠯᠬᠤ ᠠᠴᠠ ᠰᠡᠷᠭᠡᠶᠢᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠠᠮᠠᠯᠠᠯᠲᠠ ᠪᠣᠯᠤᠨ ᠲᠣᠭᠲᠠᠭᠠᠭᠰᠠᠨ ᠡᠯ᠎ᠡ ᠵᠦᠢᠯ ᠤᠨ ᠭᠡᠷ᠎ᠡ ᠶᠢ ᠬᠢᠨᠠᠮᠠᠭᠠᠢ ᠭᠦᠢᠴᠡᠳᠬᠡᠨ᠎ᠡ᠃ ᠤᠯᠤᠰ ᠣᠷᠣᠨ ᠤ ᠠᠰᠢᠭ ᠲᠤᠰᠠ᠂ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ ᠰᠢᠯᠲᠠᠭᠠᠨ ᠢᠶᠠᠷ ᠬᠤᠪᠢᠷᠠᠭᠤᠯᠬᠤ ᠴᠢᠬᠤᠯᠠ ᠲᠠᠢ ᠵᠠᠰᠠᠭ ᠤᠨ ᠣᠷᠳᠣᠨ ᠤ ᠠᠮᠠᠯᠠᠯᠲᠠ ᠪᠣᠯᠤᠨ ᠭᠡᠷ᠎ᠡ ᠶᠢᠨ ᠪᠣᠯᠵᠤᠭ᠎ᠠ ᠪᠠᠶᠢᠪᠠᠯ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠣᠯᠣᠨ ᠳᠡᠰ ᠳᠠᠷᠠᠭᠠᠯᠠᠯ ᠶᠣᠰᠣᠭᠠᠷ ᠴᠢᠩᠭ᠎ᠠ ᠶᠠᠪᠤᠭᠳᠠᠭᠤᠯᠬᠤ ᠶᠢᠨ ᠬᠠᠮᠲᠤ ᠡᠭᠦᠨ ᠠᠴᠠ ᠪᠣᠯᠵᠤ ᠠᠵᠤ ᠠᠬᠤᠶᠢᠯᠠᠯ ᠪᠣᠯᠣᠨ ᠪᠡᠯᠡ ᠣᠷᠣᠭᠤᠯᠤᠭᠴᠢ ᠶᠢᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠥᠭᠭᠦᠨ᠎ᠡ᠃      5. ᠵᠠᠰᠠᠭ ᠤᠨ ᠣᠷᠳᠣᠨ ᠤ ᠥᠷᠢ ᠥᠭᠴᠡᠭᠡ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠢᠲᠡᠭᠡᠮᠵᠢ ᠪᠠᠷ ᠲᠡᠰ ᠲᠣᠭᠲᠠᠭᠠᠬᠤ ᠲᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠯ ᠶᠣᠰᠣᠭᠠᠷ᠂ ᠵᠣᠬᠢᠬᠤ ᠬᠡᠪᠴᠢᠶᠡᠨ ᠳᠤ ᠲᠦᠭᠰᠢᠭᠦᠷᠢ ᠶᠢ ᠨᠢ ᠡᠵᠡᠮᠳᠡᠵᠦ ᠪᠣᠯᠬᠤ ᠪᠠ ᠳᠡᠰ ᠳᠠᠷᠠᠭᠠᠯᠠᠯ ᠨᠢ ᠢᠯᠡ ᠲᠣᠳᠣ ᠪᠠᠷ ᠮᠥᠩᠭᠦ ᠵᠢᠭᠡᠯᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠬᠠᠮᠢᠶᠠᠷᠬᠤ ᠰᠢᠰᠲ᠋ᠧᠮᠵᠢ ᠶᠢ ᠪᠦᠷᠢᠨᠰᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠤ ᠪᠠᠷᠢᠯᠭ᠎ᠠ ᠶᠢᠨ ᠵᠣᠭᠤᠰ ᠪᠣᠯᠤᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠬᠤᠶᠢᠰᠢᠯᠠᠭᠤᠯᠤᠨ ᠥᠷᠢᠲᠦᠵᠦ ᠪᠠᠶᠢᠬᠤ ᠵᠡᠷᠭᠡ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠎ᠡ᠃      6. ᠵᠡᠭᠡᠯᠢ ᠭᠤᠳᠤᠮᠵᠢ ᠪᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠡᠭᠡᠯᠢ ᠭᠤᠳᠤᠮᠵᠢ ᠪᠠ ᠰᠤᠮᠤ ᠰᠢᠶᠠᠩ ᠪᠠᠯᠭᠠᠰᠤ ᠶᠢᠨ ᠢᠯᠡ ᠪᠠᠷ ᠠᠮᠠᠯᠠᠯᠲᠠ ᠬᠢᠬᠦ ᠲᠦᠷᠢᠮ ᠢ ᠪᠠᠶᠢᠭᠤᠯᠤᠨ᠂ ᠵᠡᠭᠡᠯᠢ ᠭᠤᠳᠤᠮᠵᠢ ᠪᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠨᠡᠮᠡᠭᠳᠡᠭᠦᠯᠵᠦ᠂ ᠠᠵᠢᠯ ᠣᠯᠭᠤᠯᠲᠠ᠂ ᠠᠳᠠᠯ ᠠᠬᠤᠶ᠂ ᠰᠤᠷᠭᠠᠭᠤᠯᠢ ᠳᠤ ᠣᠷᠣᠬᠤ᠂ ᠭᠡᠷ ᠠᠬᠤᠢ᠂ ᠲᠥᠯᠥᠪᠯᠡᠭᠡᠲᠦ ᠦᠷᠡᠵᠢᠯ᠂ ᠨᠠᠰᠤᠵᠢᠯ᠂ ᠵᠡᠮᠳᠡᠭᠴᠦᠳ ᠢ ᠬᠠᠪᠰᠤᠷᠬᠤ᠂ ᠶᠠᠳᠠᠭᠤ ᠶᠢ ᠲᠡᠳᠬᠦᠬᠦ᠂ ᠡᠮᠴᠢᠯᠡᠭᠡᠨ ᠤ ᠳᠠᠭᠠᠳᠬᠠᠯ᠂ ᠣᠷᠣᠨ ᠰᠠᠭᠤᠴᠠ᠂ ᠭᠠᠳᠠᠭᠰᠢ ᠭᠠᠷᠬᠤ᠂ ᠮᠠᠰᠢᠨ ᠵᠣᠭᠰᠣᠬᠤ ᠂ ᠭᠠᠯ ᠰᠡᠷᠭᠡᠶᠢᠯᠡᠬᠦ ᠪᠠ ᠬᠤᠯᠠᠭᠠᠶ ᠶᠢ ᠰᠡᠷᠭᠡᠶᠢᠯᠡᠬᠦ᠂ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠡᠯ᠎ᠡ ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠦᠨᠳᠦᠰᠦᠨ ᠱᠠᠲᠤᠨ ᠤ ᠠᠷᠠᠳ ᠤᠯᠡᠨ ᠤ ᠳᠤᠮᠳᠠ ᠪᠦᠲᠦᠮᠵᠢᠲᠡᠢ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠵᠦᠢᠯ ᠤᠨ ᠠᠵᠢᠯ ᠳᠠᠬᠢ ᠢᠲᠡᠭᠡᠮᠵᠢ ᠪᠠᠨ ᠰᠠᠬᠢᠵᠤ ᠠᠮᠠᠯᠳᠠᠭ᠎ᠠ ᠪᠠᠨ ᠦᠢᠯᠡᠳᠦᠯᠭᠡᠵᠢᠭᠦᠯᠦᠭᠰᠡᠨ ᠪᠠᠶᠢᠳᠠᠯ ᠢ ᠵᠡᠭᠡᠯᠢ ᠭᠤᠳᠤᠮᠵᠢ᠂ ᠰᠤᠮᠤ ᠰᠢᠶᠠᠩ ᠪᠠᠯᠭᠠᠰᠤ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠢ ᠵᠣᠷᠢᠬᠵᠢᠭᠤᠯᠤᠨ ᠢᠲᠡᠭᠡᠮᠵᠢᠲᠡᠶ ᠵᠡᠭᠡᠯᠢ ᠭᠤᠳᠤᠮᠵᠢ᠂ ᠢᠲᠡᠭᠡᠮᠵᠢᠲᠡᠶ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠭᠦᠯᠦᠨ᠎ᠡ᠃      ︵ᠳᠥᠷᠪᠡ︶ ᠰᠢᠯᠭᠠᠨ ᠦᠨᠡᠯᠡᠬᠦ ᠲᠣᠭᠲᠠᠴᠠ ᠪᠣᠯᠣᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃      1. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠤᠰᠬᠠᠶ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠪᠠᠷᠢᠮᠵᠢᠶ᠎ᠠ ᠲᠣᠭᠲᠠᠭᠠᠵᠤ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠯᠲᠠ ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠨ ᠰᠢᠯᠭᠠᠵᠤ ᠦᠨᠡᠯᠡᠬᠦ ᠶᠢ ᠬᠡᠷᠡᠭᠵᠢᠭᠦᠯᠦᠨ᠂ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠴᠢᠬᠤᠯᠠ ᠯᠠᠪᠯᠠᠯᠲᠠ ᠪᠣᠯᠭᠠᠨ᠎ᠠ᠃      2. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠥᠨᠳᠡᠯᠡᠨ ᠢᠶᠠᠷ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢ ᠬᠠᠣᠯᠢ ᠶᠣᠰᠣᠭᠠᠷ ᠬᠦᠯᠢᠶᠡᠨ ᠠᠪᠴᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠲᠠᠯᠪᠢᠬᠤ ᠶᠢ ᠬᠦᠯᠢᠶᠡᠨ ᠠᠪᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠡᠪᠲᠡᠷᠡᠭᠦᠯᠦᠨ᠎ᠡ᠃      3. ᠭᠤᠷᠪᠠᠳᠡᠬᠢ ᠡᠲᠡᠭᠡᠳ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠦᠨᠡᠯᠡᠨ ᠵᠢᠱᠢᠵᠦ ᠦᠨᠡᠯᠡᠯᠲᠡ ᠬᠢᠬᠦ ᠶᠢ ᠦᠷᠨᠢᠭᠦᠯᠦᠨ᠎ᠡ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠨᠡᠶᠢᠭᠡᠮ ᠤᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠵᠣᠷᠢᠬᠵᠢᠭᠤᠯᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠣᠮᠣ ᠳ᠋ᠠᠶᠢᠲ᠋ᠠ ᠶᠢ ᠬᠢᠨᠠᠨ ᠰᠢᠨᠵᠢᠬᠦ᠂ ᠦᠨᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠬᠠᠶᠢᠨ ᠰᠦᠪᠡᠭᠴᠢᠯᠡᠵᠦ ᠦᠷᠨᠢᠭᠦᠯᠦᠨ᠎ᠡ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠰᠠᠭᠤᠷᠢ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢᠴᠢ ᠴᠢᠨᠠᠷᠲᠠᠶ ᠪᠠᠲᠤᠯᠠᠭ᠎ᠠ ᠶᠢ ᠴᠢᠩᠭᠠᠳᠬᠠᠨ᠂ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠭᠤᠴᠠᠯᠭᠠᠲᠤ ᠨᠢᠭᠡᠴᠡ ᠶᠢ ᠲᠤᠲᠤᠷᠬᠠᠶᠢᠯᠠᠵᠤ᠂ ᠠᠵᠢᠯ ᠤᠨ ᠡᠭᠦᠷᠭᠡ ᠶᠢ ᠳᠠᠭᠰᠢᠷᠠᠭᠤᠯᠤᠨ᠂ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠠᠵᠢᠯ ᠢᠶᠠᠨ ᠯᠠᠪᠳᠠᠭᠤᠨ ᠪᠠᠲᠤᠲᠠᠶ ᠪᠦᠭᠡᠳ ᠪᠦᠲᠦᠮᠵᠢᠲᠡᠶ ᠠᠬᠢᠭᠤᠯᠤᠨ᠎ᠠ᠃      ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠳᠬᠡᠨ ᠴᠤᠭᠯᠠᠭᠤᠯᠵᠤ᠂ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ᠂ ᠲᠤᠰ ᠲᠤᠰ ᠤᠨ ᠡᠭᠦᠷᠭᠡ ᠴᠢᠳᠠᠪᠤᠷᠢ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠤᠶᠠᠯᠳᠤᠭᠤᠯᠵᠤ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠠᠵᠢᠯ ᠢᠶᠠᠨ ᠨᠠᠶᠢᠳᠠᠪᠤᠷᠢᠵᠢᠭᠤᠯᠤᠨ ᠪᠤᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶ᠎ᠡ ᠳᠤ ᠣᠷᠣᠭᠤᠯᠤᠨ᠎ᠠ᠃      ︵ᠲᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠶᠡᠬᠡᠪᠡᠷ ᠤᠬᠠᠭᠤᠯᠵᠤ᠂ ᠴᠠᠭ ᠲᠤᠬᠠᠶ ᠳᠤᠨᠢ ᠮᠡᠳᠡᠭᠡᠯᠡᠵᠦ᠂ ᠰᠠᠶᠢᠨ ᠠᠷᠭ᠎ᠠ᠂ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠦᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠳᠠᠭᠠᠯᠳᠤᠭᠤᠯᠤᠯ᠄ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠬᠡᠷᠡᠭᠵᠢᠭᠦᠯᠬᠦ ᠲᠥᠰᠦᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠵᠢᠴᠢ ᠠᠬᠢᠴᠠ ᠶᠢᠨ ᠲᠤᠬᠢᠷᠠᠭᠤᠯᠤᠯᠲᠠ ᠶᠢᠨ ᠬᠦᠰᠦᠨᠦᠭᠲᠦ ᠬᠦᠰᠦᠨᠦᠭᠲᠦ ᠨᠢᠭᠡᠬᠦᠰᠦᠨᠦᠭᠲᠦ ᠬᠤᠶᠠᠷᠬᠦᠰᠦᠨᠦᠭᠲᠦ ᠭᠤᠷᠪᠠᠬᠦᠰᠦᠨᠦᠭᠲᠦ ᠳᠦᠷᠪᠡᠬᠦᠰᠦᠨᠦᠭᠲᠦ ᠲᠠᠪᠤᠬᠦᠰᠦᠨᠦᠭᠲᠦ ᠵᠢᠷᠭᠤᠭ᠎ᠠᠬᠦᠰᠦᠨᠦᠭᠲᠦ ᠳᠤᠯᠤᠭ᠎ᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map