2018 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018/4/25
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠬᠤ ᠶᠢᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠡᠷᠬᠡᠪᠰᠢ ᠶᠠᠰᠤ ᠴᠢᠨᠠᠷ ᠢ ᠲᠡᠷᠢᠭᠦᠨ ᠳᠤ ᠲᠠᠯᠪᠢᠨ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠎ ᠬᠢᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠳᠠᠬᠢ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠱᠠᠭᠠᠷᠳᠠᠯᠭ᠎ᠠ ᠪᠣᠯᠣᠨ᠎ᠠ᠃      ᠵᠠᠮ ᠬᠠᠷᠢᠯᠴᠠᠭ᠎ᠠ ᠲᠡᠭᠡᠭᠡᠪᠦᠷᠢ ᠪᠣᠯ ᠬᠠᠩᠭᠠᠯᠭ᠎ᠠ ᠬᠡᠷᠡᠭᠴᠡᠭᠡ ᠶᠢ ᠵᠣᠯᠭᠠᠯᠳᠤᠭᠤᠯᠬᠤ ᠴᠢᠬᠤᠯᠠ ᠬᠤᠯᠪᠣᠭᠠᠰᠤ ᠪᠠᠶᠢᠵᠤ᠂ ᠬᠠᠩᠭᠠᠯᠭ᠎ᠠ ᠬᠡᠷᠡᠭᠴᠡᠭᠡ ᠶᠢ ᠲᠣᠬᠢᠷᠠᠯᠴᠠᠭᠤᠯᠬᠤ ᠶᠢᠨ ᠪᠦᠲᠦᠮᠵᠢ ᠶᠢ ᠳᠡᠭᠡᠭᠰᠢᠯᠡᠭᠦᠯᠦᠨ᠂ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠬᠤ ᠳᠤ ᠪᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠵᠠᠮ ᠬᠠᠷᠢᠯᠴᠠᠭ᠎ᠠ ᠲᠡᠭᠡᠭᠡᠪᠦᠷᠢ ᠨᠢ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠨᠢ᠂ ᠤᠯᠤᠰ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠠᠶᠢᠭᠤᠯᠬᠤ ᠶᠢᠨ ᠵᠠᠶᠢᠯᠠᠰᠢ ᠦᠭᠡᠢ ᠵᠠᠮ ᠪᠣᠯᠣᠨ᠎ᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠴᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠨᠢ ᠢᠳᠡᠪᠬᠢᠲᠡᠢ ᠦᠷ᠎ᠡ ᠪᠦᠲᠦᠮᠵᠢ ᠣᠯᠪᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠵᠤ᠂ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠤᠷᠢᠳ ᠬᠤᠵᠢᠳ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ ᠪᠠᠷᠠᠭᠠᠨ ᠤ ᠭᠦᠢᠯᠭᠡᠭᠡ ᠶᠢᠨ ᠦᠢᠯᠡᠰ ᠤᠨ ︿ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ﹀᠎ ᠶᠢ ᠠᠬᠢᠭᠤᠯᠬᠤ ᠲᠤᠬᠠᠢ ᠰᠠᠨᠠᠯ ᠤᠳ︾᠂ ︽2017 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠥᠪᠡᠷ ᠤᠨ ᠥᠷᠲᠡᠭ ᠢᠶᠠᠨ ᠪᠠᠭᠤᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠦᠢᠯᠡᠴᠢᠯᠡᠭᠡ ᠪᠠᠨ ᠴᠢᠩᠭᠠᠷᠠᠭᠤᠯᠬᠤ ᠲᠠᠯ᠎ᠠ ᠪᠠᠷ ᠬᠦᠴᠦᠯᠡᠪᠡ᠃ ᠡᠭᠦᠨ ᠤ ᠬᠠᠮᠲᠤ᠂ ᠠᠵᠢᠯ ᠤᠨ ᠡᠭᠦᠷᠭᠡ ᠶᠢᠨ ᠡᠬᠡ ᠳᠠᠩᠰᠠ ᠶᠢ ᠪᠠᠶᠢᠭᠤᠯᠵᠤ᠂ ᠰᠠᠷ᠎ᠠ ᠤᠯᠠᠷᠢᠯ ᠢᠶᠠᠷ ᠬᠡᠮᠵᠢᠶ᠎ᠡ ᠪᠠᠨ ᠲᠣᠬᠢᠷᠠᠭᠤᠯᠤᠨ᠂ ᠶᠠᠮᠤᠨ ᠤ ᠭᠤᠣᠯ ᠬᠠᠷᠢᠭᠤᠴᠠᠯᠭᠠᠲᠠᠨ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠲᠤᠰᠬᠠᠢ ᠵᠦᠢᠯ ᠢᠶᠠᠷ ᠬᠢᠨᠠᠨ ᠵᠢᠯᠣᠭᠤᠳᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠨ‌ᠡᠴᠠ᠂ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃      2017 ᠣᠨ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ ᠰᠦᠢᠳᠬᠡᠯ ᠢ ᠢᠯᠭᠠᠷᠠᠭᠤᠯᠤᠨ ᠴᠡᠪᠡᠷᠯᠡᠬᠦ ᠪᠠ ᠵᠢᠷᠤᠮᠵᠢᠭᠤᠯᠤᠨ᠂ ᠬᠠᠮᠢᠶᠠᠷᠤᠯᠲᠠ ᠪᠠᠨ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠶᠢᠨ ᠪᠠᠷᠠᠭᠠᠨ ᠤ ᠭᠦᠢᠯᠭᠡᠭᠡ ᠶᠢᠨ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠰᠢᠨ᠎ᠡ ᠪᠠᠷ ᠨᠡᠮᠡᠭᠳᠡᠭᠰᠡᠨ ᠪᠠ ᠦᠷᠭᠦᠯᠵᠢᠳᠡ ᠶᠢᠨ ᠠᠵᠢᠯ ᠢᠶᠠᠷ ᠳᠠᠮᠵᠢᠭᠤᠯᠵᠤ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠷᠤᠭ 881.6 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ ᠪᠦᠷᠢᠨ ᠨᠥᠬᠦᠪᠦᠷᠢᠯᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ 5600 ᠺᠢᠯᠣᠮᠧᠲᠷ᠂ ᠤᠯᠤᠰ ᠪᠠ ᠮᠤᠵᠢ ᠶᠢᠨ ᠡᠩ ᠤᠨ ᠭᠤᠣᠯ ᠱᠤᠭᠤᠮ ᠤᠨ ᠵᠠᠰᠠᠮᠠᠯ ᠵᠠᠮ 1.8 ᠲᠦᠮᠡᠨ ᠺᠢᠯᠣᠮᠧᠲᠷ ᠵᠠᠰᠠᠨ ᠳᠡᠪᠢᠰᠴᠦ᠂ ᠳᠣᠲᠣᠭᠠᠳᠤ ᠭᠤᠣᠯ ᠤᠨ ᠪᠠᠷᠢᠮᠵᠢᠶ᠎ᠠ ᠳᠤ ᠬᠦᠷᠦᠭᠰᠡᠨ ᠳᠡᠭᠡᠳᠦ ᠳᠡᠰ ᠤᠨ ᠠᠭᠠᠷ ᠠᠶᠠᠯᠠᠯ ᠤᠨ ᠵᠠᠮ 500 ᠺᠢᠯᠣᠮᠧᠲᠷ ᠰᠢᠨ᠎ᠡ ᠪᠠᠷ ᠨᠡᠮᠡᠵᠡᠢ᠃ 28.5 ᠲᠦᠮᠡᠨ ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠵᠠᠰᠠᠨ ᠳᠡᠪᠢᠰᠴᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ 9063 ᠪᠠᠶᠢᠭᠤᠯᠤᠯᠲᠠᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠢ ᠰᠢᠨ᠎ᠡ ᠪᠠᠷ ᠳᠡᠪᠢᠰᠦᠨ ᠨᠡᠪᠲᠡᠷᠡᠭᠦᠯᠪᠡ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ 39 ᠬᠦᠢᠰᠦ ᠪᠠ ᠭᠠᠷᠠᠮ ᠤᠨ ᠲᠥᠪᠯᠡᠷᠡᠩᠭᠦᠢ ᠪᠠ ᠲᠠᠷᠠᠬᠠᠢ ᠪᠠᠷ ᠲᠡᠭᠡᠭᠡᠪᠦᠷᠢᠯᠡᠬᠦ ᠲᠡᠮᠦᠷ ᠵᠠᠮ ᠵᠠᠰᠠᠮᠠᠯ ᠵᠠᠮ ᠤᠨ ᠨᠢᠭᠡ ᠪᠦᠯᠦᠭ ᠲᠥᠷᠥᠯ ᠵᠦᠢᠯ ᠤᠨ ᠪᠠᠶᠢᠭᠤᠯᠤᠯᠲᠠ ᠶᠢ ᠬᠥᠲᠥᠯᠥᠨ ᠵᠢᠯᠣᠭᠤᠳᠴᠤ ᠠᠬᠢᠭᠤᠯᠵᠠᠢ᠃ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠬᠦᠴᠦᠲᠡᠢ ᠳᠡᠭᠡᠭᠰᠢᠯᠡᠭᠦᠯᠵᠦ᠂ ᠲᠣᠭᠲᠠᠭᠠᠯ ᠳᠤ ᠨᠡᠶᠢᠴᠡᠬᠦ ᠦᠭᠡᠢ 1.2 ᠲᠦᠮᠡᠨ ᠲᠡᠷᠭᠡ ᠬᠥᠰᠬᠡ ᠶᠢ ᠲᠡᠭᠡᠭᠡᠪᠦᠷᠢᠯᠡᠬᠦ ᠲᠡᠷᠭᠡ ᠶᠢ ᠰᠢᠨᠡᠳᠬᠡᠵᠦ ᠥᠭᠡᠷᠡᠴᠢᠯᠡᠨ ᠵᠣᠬᠢᠶᠠᠪᠠ᠃ ᠰᠢᠩᠭᠡᠨ ᠪᠠᠷᠠᠭ᠎ᠠ ᠠᠶᠤᠯᠲᠤ ᠪᠣᠳᠠᠰ ᠲᠡᠭᠡᠭᠡᠪᠦᠷᠢᠯᠡᠬᠦ ᠳᠠᠩ ᠬᠠᠪᠲᠠᠰᠤᠲᠤ ᠣᠩᠭᠤᠴᠠ ᠪᠠ ᠬᠠᠭᠤᠴᠢᠷᠠᠭᠰᠠᠨ ᠲᠡᠭᠡᠭᠡᠪᠦᠷᠢ ᠶᠢᠨ ᠣᠩᠭᠤᠴᠠ ᠶᠢ 4381 ᠰᠠᠤᠷᠢ ᠵᠠᠳᠠᠯᠤᠨ ᠪᠠᠭᠤᠯᠭᠠᠪᠠ᠃ ᠵᠠᠰᠠᠮᠠᠯ ᠵᠠᠮ ᠳᠠᠬᠢ ᠠᠶᠤᠯᠭᠦᠢ ᠶᠢ ᠪᠠᠲᠤᠯᠠᠵᠤ ᠠᠮᠢ ᠨᠠᠰᠤ ᠶᠢ ᠬᠠᠮᠠᠭᠠᠯᠠᠬᠤ ᠢᠨᠵᠧᠨᠧᠷᠢᠩ ᠢ 14.6 ᠲᠦᠮᠡᠨ ᠺᠢᠯᠣᠮᠧᠲᠷ ᠪᠡᠶᠡᠯᠡᠭᠦᠯᠦᠨ᠂ 3543 ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠵᠤ᠂ ᠡᠩ ᠤᠨ ᠭᠤᠣᠯ ᠱᠤᠭᠤᠮ ᠤᠨ ᠵᠠᠰᠠᠮᠠᠯ ᠳᠤ 741 ᠺᠢᠯᠣᠮᠧᠲᠷ ᠭᠠᠮᠰᠢᠭ ᠠᠴᠠ ᠰᠡᠷᠭᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠡᠢ᠃ ᠵᠢᠭᠤᠯᠴᠢᠯᠠᠯ ᠤᠨ ᠵᠠᠰᠠᠮᠠᠯ ᠵᠠᠮ᠂ ᠰᠢᠤᠳᠠᠨ ᠤ ᠬᠥᠯᠭᠡ ᠣᠩᠭᠤᠴᠠᠨ ᠤ ᠠᠵᠤ ᠦᠢᠯᠡᠰ᠂ ᠨᠡᠶᠢᠲᠡ ᠶᠢᠨ ᠬᠡᠷᠡᠭᠯᠡᠭᠡᠨ ᠤ ᠠᠭᠠᠷ ᠤᠨ ᠠᠶᠠᠯᠠᠯ᠂ ᠳᠡᠭᠡᠳᠦ ᠬᠤᠷᠳᠤ ᠶᠢᠨ ᠲᠡᠮᠦᠷ ᠵᠠᠮ ᠶᠢᠨ ᠲᠦᠷᠭᠡᠨ ᠢᠯᠡᠭᠡᠯᠲᠡ ᠲᠠᠰᠤᠷᠠᠯᠲᠠ ᠦᠭᠡᠢ ᠬᠥᠭᠵᠢᠵᠦ᠂ ︽ᠢᠨᠲ᠋ᠧᠷ ᠰᠦᠯᠵᠢᠶ᠎ᠡ  +︾᠎ ᠶᠢᠨ ᠬᠡᠷᠡᠭᠯᠡᠭᠡᠨ ᠢ ᠥᠷᠭᠡᠳᠬᠡᠪᠡ᠃ ᠡᠭᠦᠨ ᠤ ᠬᠠᠮᠲᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠬᠥᠳᠡᠯᠭᠡᠭᠴᠢ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃      ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠨᠡᠩ ᠶᠡᠭᠡ ᠦᠷ᠎ᠡ ᠪᠦᠲᠦᠮᠵᠢ ᠣᠯᠵᠠᠢ      2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ︽13 · 5︾᠎ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠡᠮᠦᠨ᠎ᠡ ᠬᠤᠶᠢᠨᠠᠬᠢ ᠶᠢ ᠵᠠᠯᠭᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠬᠤᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠤᠯᠠᠮ ᠬᠠᠲᠠᠭᠤ ᠪᠡᠷᠬᠡ ᠪᠣᠯᠬᠤ ᠨᠢ ᠯᠠᠪᠲᠠᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠎ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ︾᠎ ᠶᠢ ᠪᠠᠷᠢᠮᠲᠠᠯᠠᠨ᠂ ︽2018 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠭᠤᠣᠯᠳᠠᠯᠭ᠎ᠠ︾᠎ ᠶᠢ ᠰᠤᠳᠤᠯᠤᠨ ᠳᠤᠷᠠᠳᠴᠤ᠂ ᠠᠵᠢᠯ ᠤᠨ ᠡᠭᠦᠷᠭᠡ ᠶᠢᠨ ᠡᠬᠡ ᠳᠠᠩᠰᠠ ᠶᠢ ᠲᠣᠭᠲᠠᠭᠠᠵᠠᠢ᠃ ᠣᠳᠣ ᠪᠣᠯᠲᠠᠯ᠎ᠠ᠂ ᠡᠬᠡ ᠳᠠᠩᠰᠠᠨ ᠳᠤ ᠣᠷᠣᠭᠤᠯᠤᠨ ᠬᠠᠮᠢᠶᠠᠷᠤᠭᠰᠠᠨ ᠭᠤᠣᠯᠳᠠᠯᠭ᠎ᠠ ᠲᠠᠢ ᠠᠵᠢᠯ ᠎ ᠨᠢ ᠨᠡᠶᠢᠲᠡ 60 ᠵᠦᠢᠯ ᠳᠤ ᠬᠦᠷᠴᠦ᠂ 2017 ᠣᠨ ᠤ ᠥᠪᠡᠷ ᠤᠨ ᠥᠷᠲᠡᠭ ᠢᠶᠠᠨ ᠪᠠᠭᠤᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠦᠢᠯᠡᠴᠢᠯᠡᠭᠡ ᠪᠠᠨ ᠴᠢᠩᠭᠠᠷᠠᠭᠤᠯᠬᠤ ᠠᠵᠢᠯ ᠤᠨ ᠰᠠᠭᠤᠷᠢᠨ ᠳᠡᠭᠡᠷ᠎ᠡ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠨ᠂ ᠬᠥᠳᠡᠯᠭᠡᠭᠴᠢ ᠴᠢᠳᠠᠪᠤᠷᠢ ᠪᠠᠨ ᠴᠢᠩᠭᠠᠷᠠᠭᠤᠯᠬᠤ ᠲᠠᠯ᠎ᠠ ᠪᠠᠷ ᠬᠦᠴᠦᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃      —— ︽ᠵᠠᠰᠠᠭ ᠢ ᠴᠣᠮᠬᠠᠳᠬᠠᠨ᠂ ᠰᠦᠢᠳᠬᠡᠯ ᠢ ᠪᠠᠭᠤᠷᠠᠭᠤᠯᠵᠤ᠂ ᠦᠷ᠎ᠡ ᠠᠰᠢᠭ ᠢ ᠨᠡᠮᠡᠭᠳᠡᠭᠦᠯᠬᠦ︾᠎ ᠶᠢᠨ ᠲᠣᠭᠤᠷᠢᠨ ᠳᠤ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠪᠣᠳᠠᠲᠤ ᠴᠣᠭᠴᠠᠲᠤ ᠠᠵᠤ ᠠᠬᠤᠶᠢᠯᠠᠯ ᠤᠨ ᠳᠠᠷᠤᠭᠠᠰᠤ ᠶᠢ ᠬᠠᠰᠤᠨ ᠬᠥᠩᠭᠡᠷᠡᠭᠦᠯᠦᠨ᠎ᠡ᠃ ᠡᠵᠡᠩᠨᠡᠯᠲᠡ ᠶᠢᠨ ᠴᠢᠨᠠᠷᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠬᠤᠶᠠᠳᠤᠭᠠᠷ ᠳᠡᠰ ᠤᠨ ᠠᠷᠠᠴᠢᠯᠠᠨ ᠬᠠᠮᠠᠭᠠᠯᠠᠯᠲᠠ ᠶᠢ ᠠᠯᠪᠠᠳᠠᠯᠭ᠎ᠠ ᠪᠠᠷ ᠪᠠᠶᠢᠴᠠᠭᠠᠨ ᠰᠢᠨᠵᠢᠬᠦ ᠶᠢ ᠦᠭᠡᠶᠢᠰᠬᠡᠨ᠂ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠵᠢᠯ ᠤᠨ ᠬᠢᠨᠠᠯᠲᠠ ᠪᠠᠶᠢᠴᠠᠭᠠᠯᠲᠠ ᠶᠢ ᠨᠡᠶᠢᠯᠡᠭᠦᠯᠦᠨ ᠨᠢᠭᠡᠳᠬᠡᠬᠦ ᠶᠢ ᠠᠬᠢᠭᠤᠯᠵᠤ ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠳᠤ ︽ᠰᠠᠭᠠᠳ ᠦᠭᠡᠢ ᠨᠡᠪᠲᠡᠷᠡᠬᠦ ᠵᠠᠮ︾᠎ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠣᠨ ᠨᠤᠲᠤᠭ ᠢ ᠵᠣᠷᠢᠭᠵᠢᠭᠤᠯᠤᠨ ᠪᠠᠷᠠᠭᠠᠨ ᠤ ᠲᠡᠷᠭᠡ ᠶᠢᠨ ᠵᠣᠷᠴᠢᠬᠤ ᠰᠦᠢᠳᠬᠡᠯ ᠳᠤ ᠬᠠᠷᠠᠭᠠᠯᠵᠠᠯ ᠦᠵᠡᠭᠦᠯᠵᠦ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠳᠤ ᠲᠣᠭᠲᠠᠭᠰᠠᠨ ᠴᠠᠭ ᠬᠤᠪᠢᠶᠠᠨ ᠵᠥᠷᠢᠶ᠎ᠡ ᠲᠠᠢ ᠪᠠᠷ ᠰᠦᠢᠳᠬᠡᠯ ᠬᠤᠷᠢᠶᠠᠬᠤ ᠲᠤᠷᠰᠢᠯᠲᠠ ᠶᠢ ᠠᠬᠢᠭᠤᠯᠵᠤ᠂ ᠭᠠᠷᠠᠮ ᠤᠨ ᠡᠵᠡᠩᠨᠡᠯᠲᠡ ᠶᠢᠨ ᠦᠢᠯᠡᠴᠢᠯᠡᠭᠡ ᠶᠢᠨ ᠴᠢᠨᠠᠷᠲᠠᠢ ᠪᠠᠷ ᠰᠦᠢᠳᠬᠡᠯ ᠬᠤᠷᠢᠶᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠲᠦᠷᠭᠡᠳᠬᠡᠨ ᠠᠬᠢᠭᠤᠯᠵᠤ᠂ ᠲᠡᠷᠭᠡ ᠦᠭᠡᠢ ᠳᠠᠭᠠᠭᠠᠨ ᠲᠡᠭᠡᠭᠡᠪᠦᠷᠢᠯᠡᠭᠴᠢ ᠶᠢᠨ ᠲᠤᠷᠰᠢᠯᠲᠠ ᠶᠢ ᠠᠬᠢᠭᠤᠯᠬᠤ ᠵᠡᠷᠭᠡ ᠠᠵᠢᠯ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠵᠤ᠂ 2018 ᠣᠨ ᠳᠤ ᠥᠪᠡᠷ ᠤᠨ ᠥᠷᠲᠡᠭ ᠢ ᠪᠠᠭᠤᠷᠠᠭᠤᠯᠬᠤ ᠬᠡᠪᠴᠢᠶ᠎ᠡ ᠶᠢ 2017 ᠣᠨ ᠠᠴᠠ ᠳᠣᠣᠷ᠎ᠠ ᠪᠠᠶᠢᠯᠭᠠᠬᠤ ᠦᠭᠡᠢ ᠶᠢ ᠪᠠᠲᠤᠯᠠᠨ᠎ᠠ᠃ ᠡᠨᠡ ᠵᠢᠯ ᠤᠨ 1 ᠳ᠋ᠦ᠋ᠭᠡᠷ ᠰᠠᠷ᠎ᠠ ᠠᠴᠠ 3 ᠳ᠋ᠤᠭᠠᠷ ᠰᠠᠷ᠎ᠠ ᠪᠣᠯᠲᠠᠯ᠎ᠠ᠂ ᠬᠡᠮᠵᠢᠶᠡᠯᠡᠵᠦ ᠪᠣᠯᠬᠤ ᠠᠷᠭ᠎ᠠ ᠬᠡᠮᠵᠢᠶ᠎ᠡ ᠪᠠᠷ ᠪᠠᠭᠤᠷᠠᠭᠤᠯᠤᠭᠰᠠᠨ ᠪᠣᠳᠠᠰ ᠤᠨ ᠭᠦᠢᠯᠭᠡᠭᠡ ᠶᠢᠨ ᠥᠪᠡᠷ ᠤᠨ ᠥᠷᠲᠡᠭ ᠨᠢ 183.05 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃      —— ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠶᠢ ᠨᠡᠩ ᠰᠠᠶᠢᠲᠤᠷ ᠲᠤᠯᠭᠠᠭᠤᠷᠢᠯᠠᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠪᠦᠷᠢᠨ ᠨᠥᠬᠦᠪᠦᠷᠢᠯᠡᠨ᠎ᠡ᠃ ᠭᠤᠷᠪᠠᠨ ᠶᠡᠭᠡ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠵᠡᠷᠭᠡ ᠳᠤ ᠦᠢᠯᠡᠴᠢᠯᠡᠬᠦ ᠶᠢᠨ ᠲᠣᠭᠤᠷᠢᠨ ᠳᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠠᠭᠤᠷᠠᠢ ᠲᠠᠯ᠎ᠠ ᠪᠠ ᠪᠣᠭᠤᠮᠢ ᠬᠢᠵᠠᠭᠠᠷᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠤᠯᠤᠰ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠢ 1.6 ᠲᠦᠮᠡᠨ ᠺᠢᠯᠣᠮᠧᠲᠷ ᠰᠢᠨ᠎ᠡ ᠪᠠᠷ ᠵᠠᠰᠠᠨ ᠳᠡᠪᠢᠰᠦᠨ᠎ᠡ᠃ ᠰᠢᠨ᠎ᠡ ᠪᠠᠷ ᠨᠡᠮᠡᠭᠳᠡᠭᠰᠡᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡ ᠨᠡᠪᠲᠡᠷᠡᠬᠦ ᠵᠠᠮ ᠤᠨ ᠤᠷᠲᠤ ᠶᠢ 5000 ᠺᠢᠯᠣᠮᠧᠲᠷ ᠬᠦᠷᠭᠡᠨ᠎ᠡ᠃ ᠳᠣᠲᠣᠭᠠᠳᠤ ᠭᠤᠣᠯ ᠤᠨ ᠳᠡᠭᠡᠳᠦ ᠵᠡᠷᠭᠡ ᠳᠡᠰ ᠤᠨ ᠠᠶᠠᠯᠠᠯ ᠤᠨ ᠵᠠᠮ ᠤᠨ ᠪᠠᠷᠢᠮᠵᠢᠶ᠎ᠠ ᠳᠤ ᠬᠦᠷᠦᠭᠰᠡᠨ ᠵᠠᠢ ᠶᠢ 600 ᠺᠢᠯᠣᠮᠧᠲᠷ ᠰᠢᠨ᠎ᠡ ᠪᠠᠷ ᠨᠡᠮᠡᠨ᠎ᠡ᠃ ︽ᠬᠥᠳᠡᠭᠡ ᠲᠣᠰᠬᠤᠨ ᠤ ᠵᠠᠮ ᠢ ᠳᠥᠷᠪᠡᠨ ᠲᠠᠯ᠎ᠠ ᠪᠠᠷ ᠰᠠᠶᠢᠨ ᠪᠠᠶᠢᠭᠤᠯᠬᠤ︾ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 20 ᠲᠦᠮᠡᠨ ᠺᠢᠯᠣᠮᠧᠲᠷ ᠰᠢᠨ᠎ᠡ ᠪᠠᠷ ᠵᠠᠰᠠᠨ ᠳᠡᠪᠢᠰᠦᠨ᠎ᠡ᠃ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ 30 ᠪᠠᠷᠠᠭ᠎ᠠ ᠲᠡᠭᠡᠭᠡᠪᠦᠷᠢᠯᠡᠬᠦ ᠬᠦᠢᠰᠦ ︵ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ︶᠎ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠭᠠᠷᠠᠮ ᠥᠷᠲᠡᠭᠡ ᠬᠦᠢᠰᠦ ᠶᠢᠨ ︽ᠪᠢᠴᠢᠯ ᠡᠷᠭᠢᠯᠲᠡ︾᠎ ᠶᠢ ᠰᠢᠯᠤᠭᠤᠳᠬᠠᠵᠤ᠂ 8 ᠭᠠᠷᠠᠮ ᠲᠣᠭᠤᠷᠢᠭ ᠤᠨ ᠲᠡᠮᠦᠷ ᠵᠠᠮ ᠪᠠ ᠵᠠᠰᠠᠮᠠᠯ ᠵᠠᠮ ᠤᠨ ᠲᠥᠪᠯᠡᠷᠡᠩᠭᠦᠢ ᠪᠠ ᠲᠠᠷᠠᠬᠠᠢ ᠪᠠᠷ ᠲᠡᠭᠡᠭᠡᠪᠦᠷᠢᠯᠡᠬᠦ ᠨᠥᠬᠦᠴᠡᠯ ᠢ ᠬᠠᠯᠠᠨ ᠰᠠᠶᠢᠵᠢᠷᠠᠭᠤᠯᠤᠨ᠎ᠠ ᠭᠡᠬᠦ ᠮᠡᠲᠦ᠃      —— ᠠᠷᠠᠳ ᠲᠦᠮᠡᠨ ᠢᠶᠠᠷ ᠲᠥᠪ ᠪᠣᠯᠭᠠᠵᠤ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠂ ᠠᠷᠠᠳ ᠲᠦᠮᠡᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠲᠥᠷᠥᠭᠳᠡᠯ ᠢ ᠴᠢᠩᠭᠠᠷᠠᠭᠤᠯᠤᠨ᠎ᠠ᠃ ᠵᠢᠭᠤᠯᠴᠢᠳ ᠤᠨ ᠶᠠᠪᠤᠵᠤ ᠰᠠᠭᠤᠬᠤ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠵᠤ᠂ ᠵᠢᠭᠤᠯᠴᠢᠳ ᠤᠨ ᠵᠠᠯᠭᠠᠭ᠎ᠠ ᠠᠶᠠᠯᠠᠯ ᠤᠨ ᠲᠡᠭᠡᠭᠡᠪᠦᠷᠢ ᠶᠢ ᠬᠥᠭᠵᠢᠭᠦᠯᠦᠨ᠎ᠡ᠃ ᠰᠢᠶᠠᠩ ᠪᠠᠯᠭᠠᠰᠤ᠂ ᠪᠠᠶᠢᠭᠤᠯᠤᠯᠲᠠᠲᠤ ᠲᠣᠰᠬᠤᠨ ᠳᠤ ᠠᠶᠠᠨᠴᠢᠨ ᠤ ᠲᠡᠷᠭᠡ ᠨᠡᠪᠲᠡᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ 5000 ᠪᠠᠶᠢᠭᠤᠯᠤᠯᠲᠠᠳᠤ ᠲᠣᠰᠬᠤᠨ ᠳᠤ ᠠᠶᠠᠨᠴᠢᠨ ᠤ ᠲᠡᠷᠭᠡ ᠶᠢ ᠰᠢᠨ᠎ᠡ ᠪᠠᠷ ᠨᠡᠮᠡᠵᠦ ᠨᠡᠪᠲᠡᠷᠡᠭᠦᠯᠦᠨ᠎ᠡ᠃ ᠠᠷᠪᠢᠴᠢ ᠭᠠᠮᠲᠠᠢ ᠪᠠᠷ ᠶᠠᠪᠤᠵᠤ ᠰᠠᠭᠤᠬᠤ ᠲᠤᠰᠬᠠᠢ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠠᠷᠪᠢᠴᠢ ᠭᠠᠮᠲᠠᠢ ᠪᠠᠷ ᠶᠠᠪᠤᠵᠤ ᠰᠠᠭᠤᠬᠤ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ︽ᠵᠢᠯᠣᠭᠤᠴᠢ ᠶᠢᠨ ᠭᠡᠷ︾᠎ ᠤᠨ ᠲᠤᠷᠰᠢᠯᠲᠠ ᠶᠢᠨ ᠴᠢᠭ᠋ ᠤᠨ ᠪᠠᠶᠢᠭᠤᠯᠤᠯᠲᠠ ᠶᠢ ᠥᠷᠨᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠬᠤᠲᠠ ᠶᠢᠨ ᠲᠣᠬᠢᠷᠠᠭᠤᠯᠤᠨ ᠬᠦᠷᠭᠡᠯᠲᠡ ᠶᠢ ᠢᠳᠡᠪᠬᠢᠲᠡᠢ ᠬᠥᠭᠵᠢᠭᠦᠯᠦᠨ᠎ᠡ᠃ ᠲᠡᠷᠭᠡ ᠬᠥᠰᠬᠡ ᠶᠢ ᠲᠡᠭᠡᠭᠡᠪᠦᠷᠢᠯᠡᠬᠦ ᠲᠡᠷᠭᠡ ᠶᠢᠨ ᠵᠠᠰᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠲᠣᠭᠲᠠᠭᠠᠯ ᠳᠤ ᠨᠡᠶᠢᠴᠡᠬᠦ ᠦᠭᠡᠢ ᠲᠡᠷᠭᠡ ᠬᠦᠰᠭᠡ ᠲᠡᠭᠡᠭᠡᠪᠦᠷᠢᠯᠡᠬᠦ ᠲᠡᠷᠭᠡ ᠶᠢ ᠰᠢᠭᠰᠢᠭᠳᠡᠭᠦᠯᠦᠨ ᠪᠤᠴᠠᠭᠠᠵᠤ ᠭᠠᠷᠭᠠᠬᠤ ᠬᠠᠷᠠᠯᠲᠠ ᠶᠢ ᠪᠡᠶᠡᠯᠡᠭᠦᠯᠦᠨ᠎ᠡ᠃ 15 ᠮᠤᠵᠢ ᠶᠢᠨ ᠡᠩ ᠤᠨ ᠪᠠᠷᠠᠭᠠᠨ ᠤ ᠲᠡᠷᠭᠡ ᠤᠳ ᠬᠠᠷᠢᠶ᠎ᠠ ᠲᠣᠭᠤᠷᠢᠭ ᠤᠨ ᠬᠡᠪᠴᠢᠶᠡᠨ ᠳᠣᠲᠣᠷ᠎ᠠ ᠪᠠᠨ ᠣᠨᠳᠣᠣ ᠭᠠᠵᠠᠷ ᠲᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠵᠦ ᠪᠣᠯᠬᠤ ᠶᠢ ᠠᠬᠢᠭᠤᠯᠤᠨ᠎ᠠ᠃ ᠳᠠᠯᠠᠢ ᠶᠢᠨ ᠲᠡᠭᠡᠭᠡᠪᠦᠷᠢ ᠶᠢᠨ ᠠᠷᠠᠯᠵᠢᠶ᠎ᠠ ᠶᠢ ᠳᠥᠭᠦᠮ ᠪᠣᠯᠭᠠᠬᠤ ᠨᠥᠬᠦᠴᠡᠯ ᠢ ᠰᠠᠶᠢᠵᠢᠷᠠᠭᠤᠯᠵᠤ᠂ ᠳᠠᠯᠠᠢ ᠶᠢᠨ ᠶᠠᠪᠤᠳᠠᠯ ᠤᠨ ᠭᠠᠷᠠᠮ ᠤᠨ ᠦᠢᠯᠡᠴᠢᠯᠡᠭᠡ ᠶᠢᠨ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ᠣᠩᠭᠤᠴᠠᠨ ᠤ ᠬᠡᠯᠪᠡᠷᠢ ᠪᠠᠷᠢᠮᠵᠢᠶ᠎ᠠ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠬᠥᠬᠡᠮᠥ᠋ᠷᠡᠨ ᠤ ᠠᠮᠠ ᠶᠢᠨ ᠭᠦᠨ ᠤᠰᠤᠨ ᠤ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠪᠦᠲᠦᠮᠵᠢ ᠶᠢ ᠳᠡᠭᠡᠭᠰᠢᠯᠡᠭᠦᠯᠦᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      —— ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠠᠵᠢᠯ ᠬᠡᠷᠡᠭ ᠭᠦᠢᠴᠡᠳᠬᠡᠬᠦ ᠠᠯᠬᠤᠮ ᠳᠠᠷᠠᠭᠠᠯᠠᠯ ᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠦᠷᠭᠦᠯᠵᠢᠯᠡᠨ ᠢᠯᠭᠠᠷᠠᠭᠤᠯᠤᠨ ᠴᠡᠪᠡᠷᠯᠡᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭᠠᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ᠂ ᠣᠷᠣᠨ ᠪᠦᠰᠡ ᠶᠢᠨ ᠭᠠᠷᠠᠮ ᠢ ᠨᠢᠭᠡ ᠴᠣᠭᠴᠠᠵᠢᠭᠤᠯᠤᠨ ᠬᠥᠭᠵᠢᠭᠦᠯᠬᠦ ᠥᠭᠡᠷᠡᠴᠢᠯᠡᠯᠲᠡ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠬᠢᠷᠢ ᠭᠡᠮ ᠤᠨ ᠳᠦᠷᠢᠮ ᠢ ᠲᠡᠭᠦᠯᠳᠡᠷᠵᠢᠭᠦᠯᠦᠨ᠎ᠡ᠃ ᠢᠲᠡᠭᠡᠮᠵᠢ ᠶᠢᠨ ᠰᠢᠰᠲ᠋ᠧᠮᠴᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠰᠢᠨ ᠲᠡᠷᠭᠡ ᠰᠡᠯᠪᠢᠨ ᠵᠠᠰᠠᠬᠤ ᠶᠢᠨ ᠡᠯᠧᠺᠲᠷᠣᠨ ᠳᠠᠩᠰᠠ ᠡᠪᠬᠡᠮᠡᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ ᠵᠡᠷᠭᠡ ᠶᠢ ᠲᠡᠭᠦᠯᠳᠡᠷᠵᠢᠭᠦᠯᠦᠨ᠎ᠡ᠃ ᠥᠷᠢᠰᠦᠯᠳᠦᠭᠡᠨ ᠢ ᠬᠢᠵᠠᠭᠠᠷᠯᠠᠬᠤ ᠶᠢ ᠠᠷᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠭᠠᠷᠠᠭᠤᠯᠤᠨ ᠴᠡᠪᠡᠷᠯᠡᠨ᠎ᠡ᠃      —— ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠬᠡᠯᠪᠡᠷᠢ ᠪᠠᠶᠢᠳᠠᠯ ᠢ ᠪᠣᠶᠢᠵᠢᠭᠤᠯᠤᠨ ᠬᠥᠭᠵᠢᠭᠦᠯᠵᠦ᠂ ᠰᠢᠨ᠎ᠡ ᠬᠥᠳᠡᠯᠭᠡᠭᠴᠢ ᠴᠢᠳᠠᠪᠤᠷᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ︽ᠢᠨᠲ᠋ᠧᠷ ᠰᠦᠯᠵᠢᠶ᠎ᠡ +︾᠂ ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ ᠪᠣᠳᠣᠯᠲᠠ ᠂ ᠲᠣᠮᠣ ᠳ᠋ᠠᠶᠢᠲ᠋ᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ ᠳᠤ ᠰᠢᠨ᠎ᠡ ᠶᠢ ᠡᠭᠦᠳᠬᠦ᠂ ᠪᠣᠬᠢᠷᠲᠤᠯ ᠦᠭᠡᠢ ᠪᠠᠷ ᠬᠥᠭᠵᠢᠭᠦᠯᠬᠦ ᠪᠠ ᠭᠠᠳᠠᠭᠰᠢ ᠨᠡᠭᠡᠭᠡᠯᠲᠡ ᠬᠢᠬᠦ ᠶᠢ ᠴᠢᠩᠭᠠᠳᠬᠠᠵᠤ᠂ ᠵᠠᠮ ᠬᠠᠷᠢᠯᠴᠠᠭ᠎ᠠ ᠬᠢᠭᠡᠳ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠳᠡᠯᠡᠬᠡᠢ ᠶᠢᠨ ᠲᠡᠭᠡᠭᠡᠪᠦᠷᠢ ᠶᠢᠨ ᠬᠠᠮᠲᠤᠷᠠᠯᠴᠠᠭ᠎ᠠ ᠪᠠᠨ ᠴᠢᠩᠭᠠᠷᠠᠭᠤᠯᠤᠨ᠎ᠠ᠃ ᠤᠯᠤᠰ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠤᠬᠠᠭᠠᠯᠢᠭ ᠵᠠᠰᠠᠮᠠᠯ ᠵᠠᠮ᠂ ᠤᠬᠠᠭᠠᠯᠢᠭ ᠭᠠᠷᠠᠮ ᠵᠡᠷᠭᠡ ᠲᠤᠷᠰᠢᠯᠲᠠ ᠶᠢᠨ ᠴᠢᠭ᠋ ᠢᠶᠠᠷ ᠵᠢᠱᠢᠶ᠎ᠡ ᠦᠵᠡᠭᠦᠯᠬᠦ ᠶᠢ ᠠᠬᠢᠭᠤᠯᠤᠨ᠎ᠠ᠃ ᠰᠦᠯᠵᠢᠶ᠎ᠡ ᠪᠠᠷ ᠲᠡᠷᠭᠡ ᠪᠣᠯᠵᠣᠬᠤ᠂ ᠢᠨᠲ᠋ᠧᠷ ᠰᠦᠯᠵᠢᠶ᠎ᠡ ᠪᠠᠷ ᠳᠤᠭᠤᠢ ᠲᠦᠷᠢᠶᠡᠰᠦᠯᠡᠬᠦ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠰᠠᠭᠠᠳ ᠦᠭᠡᠢ ᠨᠡᠪᠲᠡᠷᠡᠬᠦ ᠭᠠᠷᠠᠮ᠂ ᠰᠠᠭᠠᠳ ᠦᠭᠡᠢ ᠨᠡᠪᠲᠡᠷᠡᠬᠦ ᠵᠠᠰᠠᠮᠠᠯ ᠵᠠᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠢᠤᠳᠠᠨ ᠤ ᠬᠥᠯᠭᠡ ᠣᠩᠭᠤᠴᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠴᠢᠯᠦᠭᠡᠲᠦ ᠠᠷᠠᠯᠵᠢᠶᠠᠨ ᠤ ᠭᠠᠷᠠᠮ ᠤᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠰ ᠳᠠᠷᠠᠭᠠᠯᠠᠯ ᠶᠣᠰᠣᠭᠠᠷ 2018 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠡᠭᠦᠷᠭᠡ ᠶᠢᠨ ᠡᠬᠡ ᠲᠠᠩᠰᠠ ᠶᠢ ᠴᠠᠭ ᠲᠤᠬᠠᠢ ᠳᠤ ᠨᠢ ᠬᠥᠳᠡᠯᠦᠩᠭᠦᠢ ᠪᠠᠷ ᠨᠥᠬᠦᠪᠦᠷᠢᠯᠡᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠮᠥᠷᠳᠡᠨ ᠦᠨᠡᠯᠡᠬᠦ ᠪᠠᠨ ᠴᠢᠩᠭᠠᠳᠬᠠᠨ᠂ ᠬᠢᠨᠠᠨ ᠰᠢᠨᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠨ᠎ᠡ᠃ ᠭᠠᠷᠳᠠᠴᠠ ᠪᠠᠨ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠨᠠᠶᠢᠳᠠᠪᠤᠷᠢᠵᠢᠭᠤᠯᠤᠯᠲᠠ ᠪᠠᠨ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠠᠷ ᠪᠡᠶᠡᠯᠡᠭᠦᠯᠬᠦ ᠶᠢ ᠪᠠᠲᠤᠯᠠᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map