ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽︿ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ﹀᠎ ᠤᠨ ᠳᠥᠷᠪᠡᠨ ᠵᠦᠢᠯ ᠤᠨ ᠲᠥᠬᠦᠷᠵᠢᠭᠰᠡᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/4/25
     2018 ᠣᠨ ᠤ 4 ᠳ᠋ᠦ᠋ᠭᠡᠷ ᠰᠠᠷ᠎ᠠ ᠶᠢᠨ 2᠎ ᠤᠨ ᠡᠳᠦᠷ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠠᠷᠠᠳ ᠤᠨ ᠪᠠᠩᠬᠢ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠬᠢᠬᠦ ᠠᠵᠢᠯ ᠢ ᠬᠢᠨᠠᠵᠤ ᠬᠠᠮᠢᠶᠠᠷᠬᠤ ᠶᠠᠮᠤᠨ ᠤ ᠬᠤᠭᠤᠷᠣᠨᠳᠤᠬᠢ ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠢ ᠨᠦᠭᠦᠳ ᠲᠠᠢ ᠬᠠᠮᠲᠤᠷᠠᠵᠤ᠂ ︽︿ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ﹀᠎ ᠤᠨ ᠳᠥᠷᠪᠡᠨ ᠵᠦᠢᠯ ᠤᠨ ᠲᠥᠬᠦᠷᠵᠢᠭᠰᠡᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠪᠠᠩᠬᠢ ᠳᠠᠭᠠᠳᠬᠠᠯ ᠬᠢᠨᠠᠯᠲᠠ ᠲᠠᠷᠬᠠᠭᠠᠭᠰᠠᠨ  ﹇2018﹈ 1 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠬᠠᠮᠲᠤᠷᠠᠨ ᠳᠠᠷᠤᠮᠠᠯᠯᠠᠨ ᠲᠠᠷᠬᠠᠭᠠᠵᠤ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠶᠢ ᠬᠠᠮᠢᠶᠠᠷᠬᠤ ᠠᠷᠭ᠎ᠠ︾᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠲᠣᠭᠠᠴᠠᠨ ᠪᠣᠳᠣᠬᠤ ᠠᠷᠭ᠎ᠠ︾᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠳ᠋ ᠬᠥᠷᠥᠩᠭᠡ ᠶᠢᠨ ᠬᠠᠷᠢᠴᠠᠯ ᠢ ᠬᠠᠮᠢᠶᠠᠷᠬᠤ ᠠᠷᠭ᠎ᠠ︾ ᠪᠠ ︽ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠠᠵᠢᠯ ᠤᠨ ᠬᠠᠮᠲᠤᠷᠠᠯᠴᠠᠭᠠᠨ ᠤ ᠵᠦᠭᠯᠡᠭᠦᠷ︾ ᠵᠡᠷᠭᠡ ᠳᠥᠷᠪᠡᠨ ᠵᠦᠢᠯ ᠤᠨ ᠲᠥᠬᠦᠷᠵᠢᠭᠰᠡᠨ ᠳᠦᠷᠢᠮ ᠢ ᠨᠡᠶᠢᠲᠡᠯᠡᠪᠡ᠃ ᠡᠮᠦᠨᠡᠬᠡᠨ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠠᠰᠠᠭᠤᠯᠲᠠ᠄ ᠶᠠᠭᠤᠨ ᠳᠤ ᠳᠥᠷᠪᠡᠨ ᠵᠦᠢᠯ ᠤᠨ ᠲᠥᠬᠦᠷᠵᠢᠭᠰᠡᠨ ᠳᠦᠷᠢᠮ ᠢ ᠲᠣᠭᠲᠠᠭᠠᠬᠤ ᠪᠣᠢ︖      ᠬᠠᠷᠢᠭᠤᠯᠲᠠ᠄ 2017 ᠣᠨ ᠤ 8 ᠳ᠋ᠤᠭᠠᠷ ᠰᠠᠷ᠎ᠠ ᠶᠢᠨ 2᠎ ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 683 ᠳ᠋ᠤᠭᠠᠷ ᠲᠣᠭᠠᠲᠤ ᠳᠡᠭᠡᠷ᠎ᠡ ᠭᠠᠷ ᠤᠨ ᠦᠰᠦᠭ ᠵᠢᠷᠤᠵᠤ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠨᠡᠶᠢᠲᠡᠯᠡᠪᠡ᠃ ᠵᠠᠰᠠᠭ ᠵᠠᠬᠢᠷᠭᠠᠨ ᠤ ᠬᠠᠤᠯᠢ ᠴᠠᠭᠠᠵᠠ ᠳᠦᠷᠢᠮ ᠲᠣᠭᠲᠠᠭᠠᠯ ᠪᠣᠯᠣᠭᠰᠠᠨ ᠤ ᠬᠤᠪᠢ ᠳᠤ᠂ ︽ᠳᠦᠷᠢᠮ︾᠎ ᠨᠢ ᠭᠤᠣᠯᠳᠠᠭᠤ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠵᠥᠪᠰᠢᠶᠡᠷᠡᠨ ᠣᠷᠣᠭᠤᠯᠬᠤ ᠪᠠ ᠭᠠᠷᠭᠠᠬᠤ᠂ ᠡᠵᠡᠩᠨᠡᠯᠲᠡ ᠶᠢᠨ ᠳᠦᠷᠢᠮ ᠵᠢᠷᠤᠮ᠂ ᠬᠢᠨᠠᠯᠲᠠ ᠬᠠᠮᠢᠶᠠᠷᠤᠯᠲᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠴᠢᠩᠭᠠᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠠᠢ᠃ ᠵᠥᠪᠰᠢᠶᠡᠷᠡᠯ ᠤᠨ ᠭᠡᠷᠡᠴᠢ ᠶᠢᠨ ᠬᠠᠮᠢᠶᠠᠷᠤᠯᠲᠠ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢᠨ ᠲᠣᠭᠠᠴᠠᠨ ᠪᠣᠳᠣᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠪᠠ ᠪᠠᠩᠬᠢ ᠳᠠᠭᠠᠭᠠᠯᠲᠠ ᠶᠢᠨ ᠬᠠᠮᠲᠤᠷᠠᠯᠴᠠᠭ᠎ᠠ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠵᠢᠷᠤᠮ ᠳᠤ᠂ ︽ᠳᠦᠷᠢᠮ︾ ᠎ ᠨᠢ ᠵᠠᠷᠴᠢᠮ ᠤᠨ ᠴᠢᠨᠠᠷᠲᠠᠢ ᠲᠣᠭᠲᠠᠭᠠᠯ ᠭᠠᠷᠭᠠᠵᠤ᠂ ᠲᠥᠬᠦᠷᠵᠢᠭᠰᠡᠨ ᠳᠦᠷᠢᠮ ᠢ ᠲᠣᠭᠲᠠᠭᠠᠬᠤ ᠪᠠᠷ ᠳᠠᠮᠵᠢᠭᠤᠯᠵᠤ ᠤᠯᠠᠮ ᠨᠢᠭᠡ ᠠᠯᠬᠤᠮ ᠨᠠᠷᠢᠯᠢᠭᠵᠢᠭᠤᠯᠬᠤ ᠶᠢ ᠱᠠᠭᠠᠷᠳᠠᠵᠤ ᠪᠠᠶᠢᠨ᠎ᠠ᠃ ︽ᠳᠦᠷᠢᠮ︾᠎ ᠢ ᠬᠡᠷᠡᠭᠵᠢᠭᠦᠯᠬᠦ ᠳᠤ ᠬᠠᠮᠵᠢᠯᠴᠠᠬᠤ ᠶᠢᠨ ᠲᠥᠯᠥᠭᠡ᠂ ᠪᠠᠴᠢᠮ ᠬᠡᠷᠡᠭᠯᠡᠬᠦ ᠶᠢ ᠨᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠠᠷᠠᠳ ᠤᠨ ᠪᠠᠩᠬᠢ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠬᠢᠬᠦ ᠠᠵᠢᠯ ᠢ ᠬᠢᠨᠠᠨ ᠬᠠᠮᠢᠶᠠᠷᠬᠤ ᠶᠠᠮᠤᠨ ᠤ ᠬᠤᠭᠤᠷᠣᠨᠳᠤᠬᠢ ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠢ ᠨᠦᠭᠦᠳ ᠎ ᠲᠠᠢ ᠬᠠᠮᠲᠤᠷᠠᠵᠤ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠶᠢ ᠬᠠᠮᠢᠶᠠᠷᠬᠤ ᠠᠷᠭ᠎ᠠ︾᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠲᠣᠭᠠᠴᠠᠨ ᠪᠣᠳᠣᠬᠤ ᠠᠷᠭ᠎ᠠ︾᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠳ᠋ ᠬᠥᠷᠥᠩᠭᠡ ᠶᠢᠨ ᠬᠠᠷᠢᠴᠠᠯ ᠢ ᠬᠠᠮᠢᠶᠠᠷᠬᠤ ᠠᠷᠭ᠎ᠠ︾ ᠪᠠ ︽ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠠᠵᠢᠯ ᠤᠨ ᠬᠠᠮᠲᠤᠷᠠᠯᠴᠠᠭᠠᠨ ᠤ ᠵᠢᠯᠣᠭᠤᠳᠤᠮᠵᠢ︾ ᠭᠡᠬᠦ ᠳᠥᠷᠪᠡᠨ ᠵᠦᠢᠯ ᠤᠨ ᠲᠥᠬᠦᠷᠵᠢᠭᠰᠡᠨ ᠳᠦᠷᠢᠮ ᠢ ᠲᠣᠭᠲᠠᠭᠠᠵᠠᠢ᠃      ᠠᠰᠠᠭᠤᠯᠲᠠ᠄ ᠲᠥᠬᠦᠷᠵᠢᠭᠰᠡᠨ ᠳᠦᠷᠢᠮ ᠨᠢ ᠬᠡᠷᠬᠢᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠲᠥᠷᠥᠯ ᠢ ᠠᠬᠢᠭᠤᠯᠵᠤ ᠮᠥᠩᠭᠦᠨ ᠭᠦᠢᠯᠭᠡᠭᠡᠨ ᠤ ᠬᠥᠭᠵᠢᠯᠲᠡ ᠶᠢ ᠨᠡᠩ ᠰᠠᠶᠢᠲᠤᠷ ᠳᠡᠮᠵᠢᠨ ᠲᠦᠭᠡᠮᠡᠯ ᠬᠠᠷᠠᠭᠠᠯᠵᠠᠬᠤ ᠪᠣᠢ︖      ᠬᠠᠷᠢᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠲᠥᠷᠥᠯ ᠢ ᠠᠬᠢᠭᠤᠯᠵᠤ᠂ ᠮᠥᠩᠭᠦᠨ ᠭᠦᠢᠯᠭᠡᠭᠡᠨ ᠤ ᠬᠥᠭᠵᠢᠯᠲᠡ ᠶᠢ ᠳᠡᠮᠵᠢᠨ ᠲᠦᠭᠡᠮᠡᠯ ᠬᠠᠷᠠᠭᠠᠯᠵᠠᠵᠤ᠂ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠲᠣᠰᠬᠤᠨ ᠤ ᠭᠤᠷᠪᠠᠨ ᠵᠦᠢᠯ ᠤᠨ ᠠᠵᠢᠯ︾᠎ ᠳᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠲᠣᠭᠠᠴᠠᠨ ᠪᠣᠳᠣᠬᠤ ᠠᠷᠭ᠎ᠠ︾ ᠎ ᠨᠢ ᠵᠣᠬᠢᠬᠤ ᠨᠥᠬᠦᠴᠡᠯ ᠳᠤ ᠨᠡᠶᠢᠴᠡᠭᠰᠡᠨ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠴᠢᠨ ᠡᠷᠦᠭᠡ ᠶᠢᠨ ᠵᠢᠭᠡᠯᠡᠯᠭᠡ ᠶᠢᠨ ᠲᠥᠷᠥᠯ ᠤᠨ ᠳᠠᠭᠠᠭᠠᠯᠲᠠ ᠬᠢᠬᠦ ᠠᠵᠢᠯ ᠳᠤ᠂ 75%᠎ ᠶᠢᠨ ᠴᠢᠬᠤᠯᠠ ᠬᠡᠮᠵᠢᠶ᠎ᠡ ᠶᠢ ᠲᠣᠬᠢᠷᠠᠭᠤᠯᠪᠠ︔ ︽ᠳᠦᠷᠢᠮ︾᠎ ᠳᠤ ᠲᠣᠭᠲᠠᠭᠠᠭᠰᠠᠨ ᠭᠤᠣᠯᠳᠠᠭᠤ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠲᠣᠰᠬᠤᠨ ᠤ ᠭᠤᠷᠪᠠᠨ ᠵᠦᠢᠯ ᠤᠨ ᠠᠵᠢᠯ︾᠎ ᠳᠤ ᠦᠢᠯᠡᠴᠢᠯᠡᠬᠦ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠶᠡᠬᠡᠰᠬᠡᠬᠦ ᠳᠠᠬᠢᠨ ᠤ ᠲᠤᠭ᠎ᠠ ᠶᠢᠨ ᠳᠡᠭᠡᠳᠦ ᠬᠢᠵᠠᠭᠠᠷ ᠢ 15 ᠳᠠᠬᠢᠨ ᠪᠣᠯᠲᠠᠯ᠎ᠠ ᠳᠡᠭᠡᠭᠰᠢᠯᠡᠭᠦᠯᠵᠦ ᠪᠣᠯᠬᠤ ᠨᠥᠬᠦᠴᠡᠯ ᠳᠤ ᠨᠠᠷᠢᠯᠢᠭᠵᠢᠭᠤᠯᠤᠯᠲᠠ ᠬᠢᠵᠦ᠂ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠴᠢᠨ ᠡᠷᠦᠬᠡ ᠶᠢᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ ᠶᠢᠨ ᠬᠠᠷᠢᠴᠠᠯ ᠨᠢ 50%᠎ ᠠᠴᠠ ᠳᠡᠭᠡᠭᠰᠢ ᠮᠥᠷᠲᠡᠭᠡᠨ ᠡᠷᠦᠬᠡ ᠶᠢᠨ ᠲᠤᠭ᠎ᠠ ᠶᠢᠨ ᠬᠠᠷᠢᠴᠠᠯ ᠨᠢ 80%᠎ ᠠᠴᠠ ᠳᠡᠭᠡᠭᠰᠢᠬᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠶᠡᠬᠡᠰᠬᠡᠬᠦ ᠳᠠᠬᠢᠨ ᠤ ᠲᠤᠭ᠎ᠠ ᠶᠢᠨ ᠳᠡᠭᠡᠳᠦ ᠬᠢᠵᠠᠭᠠᠷ ᠢ 15 ᠳᠠᠬᠢᠨ ᠪᠣᠯᠲᠠᠯ᠎ᠠ ᠳᠡᠭᠡᠭᠰᠢᠯᠡᠭᠦᠯᠵᠦ ᠪᠣᠯᠬᠤ ᠶᠢ ᠲᠣᠳᠣᠷᠬᠠᠶᠢᠯᠠᠵᠤ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢ ᠬᠥᠲᠥᠯᠥᠨ ᠵᠢᠯᠣᠭᠤᠳᠴᠤ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠲᠣᠰᠬᠤᠨ ᠤ ᠭᠤᠷᠪᠠᠨ ᠵᠦᠢᠯ ᠤᠨ ᠠᠵᠢᠯ︾᠎ ᠳᠤ ᠳᠠᠭᠠᠭᠠᠯᠲᠠ ᠬᠢᠬᠦ ᠠᠵᠢᠯ ᠤᠨ ᠬᠡᠪᠴᠢᠶ᠎ᠡ ᠶᠢ ᠥᠷᠭᠡᠳᠬᠡᠪᠡ᠃ ︽ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠠᠵᠢᠯ ᠤᠨ ᠬᠠᠮᠲᠤᠷᠠᠯᠴᠠᠭᠠᠨ ᠤ ᠵᠢᠯᠣᠭᠤᠳᠤᠮᠵᠢ︾᠎ ᠳᠤ᠂ ᠪᠠᠩᠬᠢ ᠨᠢ ᠠᠵᠢᠯ ᠤᠨ ᠦᠷ᠎ᠡ ᠪᠦᠲᠦᠮᠵᠢ ᠪᠠᠨ ᠰᠢᠯᠭᠠᠨ ᠬᠢᠨᠠᠬᠤ ᠪᠠ ᠲᠦᠭᠰᠢᠭᠦᠷᠢ ᠶᠢᠨ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠪᠠᠨ ᠢᠳᠡᠪᠬᠢᠲᠡᠢ ᠪᠠᠷ ᠬᠠᠯᠠᠨ ᠰᠠᠶᠢᠵᠢᠷᠠᠭᠤᠯᠵᠤ᠂ ᠠᠵᠢᠯ ᠤᠨ ᠲᠦᠭᠰᠢᠭᠦᠷᠢ ᠶᠢ ᠡᠵᠡᠮᠳᠡᠵᠦ ᠪᠣᠯᠬᠤ ᠰᠠᠭᠤᠷᠢᠨ ᠳᠡᠭᠡᠷ᠎ᠡ᠂ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠲᠣᠰᠬᠤᠨ ᠤ ᠭᠤᠷᠪᠠᠨ ᠵᠦᠢᠯ ᠤᠨ ᠠᠵᠢᠯ︾᠎ ᠳᠠᠬᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠵᠢᠭᠡᠯᠡᠯᠭᠡ ᠶᠢᠨ ᠲᠦᠭᠰᠢᠭᠦᠷᠢ ᠶᠢᠨ ᠳᠠᠭᠠᠭᠠᠨ ᠲᠡᠰᠪᠦᠷᠢᠯᠡᠬᠦ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ︔ ᠪᠠᠩᠬᠢ ᠳᠠᠭᠠᠭᠠᠯᠲᠠ ᠶᠢᠨ ᠬᠠᠮᠲᠤᠷᠠᠯᠴᠠᠭᠠᠨ ᠤ ᠬᠤᠶᠠᠷ ᠲᠠᠯ᠎ᠠ ᠨᠢ ᠠᠷᠭ᠎ᠠ ᠬᠡᠮᠵᠢᠶ᠎ᠡ ᠠᠪᠴᠤ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠲᠣᠰᠬᠤᠨ ᠤ ᠭᠤᠷᠪᠠᠨ ᠵᠦᠢᠯ ᠤᠨ ᠠᠵᠢᠯ︾᠎ ᠳᠠᠬᠢ ᠪᠡᠯᠡ ᠲᠣᠬᠢᠷᠠᠭᠤᠯᠬᠤ ᠥᠪᠡᠷ ᠤᠨ ᠥᠷᠲᠡᠭ ᠢᠶᠠᠨ ᠦᠨᠡᠨ ᠬᠦ ᠪᠠᠭᠤᠷᠠᠭᠤᠯᠬᠤ ᠬᠡᠷᠡᠭᠲᠡᠢ᠃      ᠠᠰᠠᠭᠤᠯᠲᠠ᠄ ᠬᠢᠨᠠᠯᠲᠠ ᠬᠠᠮᠢᠶᠠᠷᠤᠯᠲᠠ ᠶᠢᠨ ᠰᠢᠨ᠎ᠡ ᠳᠦᠷᠢᠮ ᠵᠢᠷᠤᠮ ᠤᠨ ᠨᠡᠶᠢᠲᠡᠯᠡᠭᠳᠡᠭᠰᠡᠨ ᠨᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠵᠡᠩᠨᠡᠯᠲᠡ ᠳᠤ ᠦᠵᠡᠭᠦᠯᠬᠦ ᠨᠥᠯᠥᠭᠡ ᠶᠢ ᠬᠡᠷᠬᠢᠨ ᠪᠠᠭᠤᠷᠠᠭᠤᠯᠬᠤ ᠪᠣᠢ︖      ᠬᠠᠷᠢᠭᠤᠯᠲᠠ᠄ ᠬᠢᠨᠠᠯᠲᠠ ᠬᠠᠮᠢᠶᠠᠷᠤᠯᠲᠠ ᠶᠢᠨ ᠰᠢᠨ᠎ᠡ ᠳᠦᠷᠢᠮ ᠵᠢᠷᠤᠮ ᠤᠨ ᠨᠡᠶᠢᠲᠡᠯᠡᠭᠳᠡᠭᠰᠡᠨ ᠨᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠵᠡᠩᠨᠡᠯᠲᠡ ᠳᠤ ᠦᠵᠡᠭᠦᠯᠬᠦ ᠨᠥᠯᠥᠭᠡ ᠶᠢ ᠬᠠᠰᠤᠨ ᠪᠠᠭᠠᠰᠬᠠᠬᠤ ᠶᠢᠨ ᠲᠥᠯᠥᠭᠡ᠂ ᠲᠥᠬᠦᠷᠵᠢᠭᠰᠡᠨ ᠳᠦᠷᠢᠮ ᠢ ᠲᠤᠭᠤᠷᠪᠢᠬᠤ ᠶᠠᠪᠤᠴᠠ ᠳᠤ᠂ ᠪᠢᠳᠡ ᠣᠯᠠᠨ ᠤᠳᠠᠭ᠎ᠠ ᠡᠯ᠎ᠡ ᠲᠠᠯ᠎ᠠ ᠶᠢᠨ ᠬᠢᠨ ᠠᠴᠠ ᠰᠠᠨᠠᠯ ᠬᠤᠷᠢᠶᠠᠵᠤ᠂ ᠪᠦᠬᠦ ᠤᠯᠤᠰ ᠤᠨ ᠬᠡᠪᠴᠢᠶᠡᠨ ᠳᠤ ᠬᠢᠨᠠᠨ ᠬᠠᠮᠢᠶᠠᠷᠬᠤ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠬᠡᠮᠵᠢᠯᠲᠡ ᠪᠣᠳᠣᠯᠲᠠ ᠶᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠲᠣᠭᠲᠠᠭᠠᠯ ᠤᠨ ᠰᠢᠨᠵᠢᠯᠡᠬᠦ ᠤᠬᠠᠭᠠᠨᠴᠢ ᠮᠥᠷᠲᠡᠭᠡᠨ ᠵᠦᠢ ᠵᠣᠬᠢᠰᠲᠠᠢ ᠪᠠᠶᠢᠬᠤ ᠶᠢ ᠪᠠᠲᠤᠯᠠᠭᠰᠠᠨ ᠤ ᠬᠠᠮᠲᠤ᠂ ᠡᠯ᠎ᠡ ᠲᠠᠯ᠎ᠠ ᠪᠠᠷ ᠨᠡᠯᠢᠶᠡᠳ ᠲᠣᠭᠲᠠᠪᠤᠷᠢᠲᠠᠢ ᠵᠢᠱᠢᠯᠲᠡ ᠶᠢ ᠪᠦᠷᠢᠯᠳᠦᠭᠦᠯᠪᠡ᠃ ︽ᠮᠡᠳᠡᠭᠳᠡᠯ︾ ᠪᠠ ᠬᠤᠯᠪᠣᠭᠳᠠᠯ ᠪᠦᠬᠦᠢ ᠲᠥᠬᠦᠷᠵᠢᠭᠰᠡᠨ ᠳᠦᠷᠢᠮ ᠳᠤ᠂ ᠬᠡᠰᠡᠭ ᠠᠵᠢᠯ ᠤᠨ ᠰᠢᠨ᠎ᠡ ᠬᠠᠭᠤᠴᠢᠨ ᠢ ᠬᠤᠪᠢᠶᠠᠷᠢᠯᠠᠨ ᠲᠠᠰᠤᠳᠠᠬᠤ ᠵᠠᠷᠴᠢᠮ ᠪᠠ ᠰᠢᠯᠵᠢᠯᠲᠡ ᠶᠢᠨ ᠬᠤᠭᠤᠴᠠᠭ᠎ᠠ ᠶᠢ ᠲᠣᠬᠢᠷᠠᠭᠤᠯᠬᠤ ᠵᠡᠷᠭᠡ ᠵᠦᠢᠯᠡᠰ ᠲᠤ ᠲᠣᠭᠲᠠᠭᠠᠯ ᠭᠠᠷᠭᠠᠵᠤ᠂ ᠭᠤᠣᠯᠳᠠᠭᠤ᠄ ︽ᠳᠦᠷᠢᠮ︾᠎ ᠢ ᠬᠡᠷᠡᠭᠵᠢᠭᠦᠯᠬᠦ ᠠᠴᠠ ᠡᠮᠦᠨ᠎ᠡ ᠡᠭᠦᠰᠦᠭᠰᠡᠨ ᠦᠨᠳᠦᠰᠦᠨ ᠬᠥᠷᠥᠩᠭᠡ ᠶᠢ ᠪᠠᠲᠤᠯᠠᠬᠤ ᠰᠠᠭᠤᠷᠢ ᠮᠥᠩᠭᠦ ᠶᠢᠨ ᠳᠠᠭᠠᠭᠠᠯᠲᠠ ᠬᠢᠬᠦ ᠠᠵᠢᠯ ᠳᠤ᠂ ᠦᠯᠡᠳᠡᠭᠡᠯ ᠠᠵᠢᠯ ᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠣᠭᠠᠨ ᠳᠤ ᠪᠣᠳᠣᠨ ᠣᠷᠣᠭᠤᠯᠬᠤ ᠦᠭᠡᠢ ᠪᠠᠶᠢᠵᠤ ᠪᠣᠯᠬᠤ ᠪᠣᠯᠪᠠᠴᠤ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠠᠭᠠᠷ ᠵᠢᠭᠰᠠᠭᠠᠨ ᠮᠡᠳᠡᠭᠦᠯᠬᠦ ᠬᠡᠷᠡᠭᠲᠡᠢ︔ 2017 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠡᠭᠦᠰᠦᠭᠰᠡᠨ ᠥᠭᠴᠡᠭᠡᠨ ᠤ ᠲᠡᠮᠳᠡᠭᠲᠦ ᠲᠠᠷᠬᠠᠭᠠᠬᠤ ᠳᠠᠭᠠᠭᠠᠯᠲᠠ ᠬᠢᠬᠦ ᠠᠵᠢᠯ ᠤᠨ ᠲᠥᠪᠯᠡᠷᠡᠭᠰᠡᠨ ᠬᠡᠮᠵᠢᠶᠡᠨ ᠤ ᠭᠦᠢᠴᠡᠳᠬᠡᠯ ᠲᠤᠭ᠎ᠠ ᠳᠤ ᠤᠤᠯ ᠤᠨ ᠪᠠᠶᠢᠭᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠢ ᠦᠷᠭᠦᠯᠵᠢᠯᠡᠨ ᠬᠡᠷᠡᠭᠵᠢᠭᠦᠯᠵᠦ᠂ 2017 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠰᠡᠭᠦᠯᠡᠷ ᠡᠭᠦᠰᠦᠭᠰᠡᠨ ᠥᠭᠴᠡᠭᠡᠨ ᠤ ᠲᠡᠮᠳᠡᠭᠲᠦ ᠲᠠᠷᠬᠠᠭᠠᠬᠤ ᠳᠠᠭᠠᠭᠠᠯᠲᠠ ᠬᠢᠬᠦ ᠠᠵᠢᠯ ᠤᠨ ᠲᠥᠪᠯᠡᠷᠡᠭᠰᠡᠨ ᠬᠡᠮᠵᠢᠶᠡᠨ ᠤ ᠭᠦᠢᠴᠡᠳᠬᠡᠯ ᠲᠤᠭ᠎ᠠ ᠳᠤ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠲᠣᠭᠠᠴᠠᠨ ᠪᠣᠳᠣᠬᠤ ᠠᠷᠭ᠎ᠠ︾᠎ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠳ᠋ ᠬᠥᠷᠥᠩᠭᠡ ᠶᠢᠨ ᠬᠠᠷᠢᠴᠠᠯ ᠢ ᠬᠠᠮᠢᠶᠠᠷᠬᠤ ᠠᠷᠭ᠎ᠠ︾᠎ ᠶᠢ ᠬᠡᠷᠡᠭᠵᠢᠭᠦᠯᠬᠦ ᠠᠴᠠ ᠡᠮᠦᠨ᠎ᠡ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠥᠪᠡᠷ ᠤᠨ ᠪᠡᠯᠡ ᠮᠥᠩᠭᠦ ᠶᠢᠨ ᠪᠡᠯᠡ ᠣᠷᠣᠭᠤᠯᠬᠤ ᠬᠠᠷᠢᠴᠠᠯ ᠨᠢ ᠤᠤᠯ ᠤᠨ ᠪᠠᠶᠢᠭᠰᠠᠨ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠪᠣᠯᠪᠠᠴᠤ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠳ᠋ ᠬᠥᠷᠥᠩᠭᠡ ᠶᠢᠨ ᠬᠠᠷᠢᠴᠠᠯ ᠢ ᠬᠠᠮᠢᠶᠠᠷᠬᠤ ᠠᠷᠭ᠎ᠠ︾᠎ ᠶᠢᠨ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠤ ᠪᠠᠶᠢᠳᠠᠯ ᠢ ᠦᠨᠳᠦᠰᠦᠯᠡᠨ ᠠᠳᠠᠯᠢ ᠪᠤᠰᠤ ᠴᠠᠭ ᠤᠨ ᠬᠢᠵᠠᠭᠠᠷ ᠤᠨ ᠰᠢᠯᠵᠢᠯᠲᠡ ᠶᠢᠨ ᠬᠤᠭᠤᠴᠠᠭᠠᠨ ᠤ ᠲᠣᠬᠢᠷᠠᠭᠤᠯᠤᠯᠲᠠ ᠣᠯᠭᠤᠵᠤ ᠪᠣᠯᠬᠤ ᠪᠣᠯᠪᠠᠴᠤ ᠪᠠᠷᠢᠮᠵᠢᠶ᠎ᠠ ᠳᠤ ᠬᠦᠷᠬᠦ ᠴᠠᠭ ᠤᠨ ᠬᠢᠵᠠᠭᠠᠷ ᠨᠢ 2019 ᠣᠨ ᠤ ᠡᠴᠦᠰ ᠠᠴᠠ ᠣᠷᠣᠢ ᠪᠠᠶᠢᠵᠤ ᠪᠣᠯᠬᠤ ᠦᠭᠡᠢ᠃      ᠠᠰᠠᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠢ ᠭᠤᠣᠯᠳᠠᠭᠤ ᠶᠠᠮᠠᠷ ᠶᠠᠮᠠᠷ ᠲᠠᠯ᠎ᠠ ᠠᠴᠠ ᠬᠠᠮᠢᠶᠠᠷᠬᠤ ᠪᠣᠢ︖      ᠬᠠᠷᠢᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ︽ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠶᠢ ᠬᠠᠮᠢᠶᠠᠷᠬᠤ ᠠᠷᠭ᠎ᠠ︾᠎ ᠳᠤ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠶᠢᠨ ᠲᠣᠮᠢᠶᠠᠯᠠᠯ ᠢ ᠲᠣᠳᠣᠷᠬᠠᠶᠢᠯᠠᠪᠠ᠂ ᠡᠨᠡ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠲᠠᠷᠬᠠᠭᠠᠭᠰᠠᠨ ᠣᠨᠴᠠ ᠵᠥᠪᠰᠢᠶᠡᠷᠡᠭᠰᠡᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠡᠷᠬᠢᠯᠡᠬᠦ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠲᠠᠷᠬᠠᠭᠠᠬᠤ᠂ ᠰᠣᠯᠢᠵᠤ ᠲᠠᠷᠬᠠᠭᠠᠬᠤ᠂ ᠬᠤᠷᠢᠶᠠᠨ ᠠᠪᠬᠤ᠂ ᠬᠦᠴᠦᠨ ᠦᠭᠡᠢ ᠪᠣᠯᠭᠠᠬᠤ ᠨᠥᠬᠦᠴᠡᠯ ᠪᠠ ᠠᠯᠬᠤᠮ ᠳᠠᠷᠠᠭᠠᠯᠠᠯ ᠢ ᠲᠣᠭᠲᠠᠭᠠᠨ᠂ ᠵᠥᠪᠰᠢᠶᠡᠷᠡᠯ ᠤᠨ ᠭᠡᠷᠡᠴᠢ ᠳᠤ ᠪᠢᠴᠢᠵᠦ ᠲᠣᠳᠣᠷᠬᠠᠶᠢᠯᠠᠬᠤ ᠴᠢᠬᠤᠯᠠᠲᠠᠢ ᠠᠭᠤᠯᠭ᠎ᠠ ᠶᠢ ᠲᠣᠭᠲᠠᠭᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠯ ᠤᠨ ᠭᠡᠷᠡᠴᠢ ᠶᠢ ᠬᠠᠮᠢᠶᠠᠷᠬᠤ ᠠᠵᠢᠯ ᠢ ᠰᠠᠶᠢᠲᠤᠷ ᠬᠢᠬᠦ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠠᠰᠠᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠶᠠᠭᠠᠬᠢᠵᠤ ᠲᠣᠭᠠᠴᠠᠨ ᠪᠣᠳᠣᠬᠤ ᠪᠠ ᠬᠠᠮᠢᠶᠠᠷᠬᠤ ᠪᠣᠢ︖      ᠬᠠᠷᠢᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠭᠡᠳᠡᠭ ᠎ ᠨᠢ ᠡᠯ᠎ᠡ ᠵᠦᠢᠯ ᠤᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠤᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ ᠪᠠᠶᠢᠵᠤ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠲᠣᠭᠠᠴᠠᠨ ᠪᠣᠳᠣᠬᠤ ᠠᠷᠭ᠎ᠠ︾ ᠶᠣᠰᠣᠭᠠᠷ ᠲᠣᠭᠲᠠᠭᠠᠭᠰᠠᠨ ᠬᠠᠷᠠᠭᠠᠯᠵᠠᠭᠰᠠᠨ ᠴᠢᠬᠤᠯᠠ ᠬᠡᠮᠵᠢᠶᠡᠨ ᠤ ᠳᠠᠬᠢᠨ ᠲᠤᠭ᠎ᠠ ᠶᠢᠨ ᠨᠡᠶᠢᠯᠡᠪᠦᠷᠢ ᠪᠣᠯᠣᠨ᠎ᠠ︔ ᠬᠠᠷᠢᠴᠠᠯ ᠶᠣᠰᠣᠭᠠᠷ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠳᠤ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠪᠣᠳᠠᠲᠠᠢ ᠡᠭᠦᠷᠭᠡᠯᠡᠬᠦ ᠬᠠᠷᠢᠴᠠᠯ ᠢᠶᠠᠷ ᠲᠣᠭᠠᠴᠠᠨ ᠪᠣᠳᠣᠨ᠎ᠠ᠃ ᠪᠣᠳᠠᠲᠠᠢ ᠲᠣᠭᠠᠴᠠᠨ ᠪᠣᠳᠣᠬᠤ ᠲᠣᠮᠢᠶ᠎ᠠ ᠨᠢ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ = ᠵᠢᠭᠡᠯᠡᠯᠭᠡ ᠶᠢᠨ ᠲᠥᠷᠥᠯ ᠤᠨ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ + ᠥᠭᠴᠡᠭᠡᠨ ᠤ ᠲᠡᠮᠳᠡᠭᠲᠦ ᠲᠠᠷᠬᠠᠭᠠᠬᠤ ᠳᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ + ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠪᠤᠰᠤᠳ ᠦᠯᠡᠳᠡᠪᠦᠷᠢ ᠲᠤᠭ᠎ᠠ ᠪᠣᠯᠣᠨ᠎ᠠ᠃ ᠲᠡᠭᠦᠨ ᠤ ᠳᠣᠲᠣᠷ᠎ᠠ᠂ ᠵᠢᠭᠡᠯᠡᠯᠭᠡ ᠶᠢᠨ ᠲᠥᠷᠥᠯ ᠤᠨ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ = ᠭᠠᠭᠴᠠ ᠡᠷᠦᠭᠡ ᠶᠢᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ ᠨᠢ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠣᠭᠤᠭᠰᠢᠬᠢ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠥᠷᠥᠯ ᠤᠨ ᠳᠠᠭᠠᠭᠠᠯᠲᠠ ᠶᠢᠨ ᠳᠠᠭᠠᠳᠬᠠᠯ ᠪᠠᠶᠢᠭ᠎ᠠ ᠦᠯᠡᠳᠡᠪᠦᠷᠢ ᠲᠤᠭ᠎ᠠ × 75% + ᠭᠠᠭᠴᠠ ᠡᠷᠦᠬᠡ ᠶᠢᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ ᠨᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠣᠭᠤᠭᠰᠢᠬᠢ ᠲᠠᠷᠢᠶᠠᠴᠢᠨ ᠡᠷᠦᠬᠡ ᠶᠢᠨ ᠵᠢᠭᠡᠯᠡᠯᠭᠡ ᠶᠢᠨ ᠲᠥᠷᠥᠯ ᠤᠨ ᠳᠠᠭᠠᠭᠠᠯᠲᠠ ᠶᠢᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ × 75% + ᠪᠤᠰᠤᠳ ᠵᠢᠭᠡᠯᠡᠯᠭᠡ ᠶᠢᠨ ᠲᠥᠷᠥᠯ ᠤᠨ ᠳᠠᠭᠠᠭᠠᠯᠲᠠ ᠶᠢᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ × 100% ᠪᠣᠯᠣᠨ᠎ᠠ᠃ ᠥᠭᠴᠡᠭᠡᠨ ᠤ ᠲᠡᠮᠳᠡᠭᠲᠦ ᠲᠠᠷᠬᠠᠭᠠᠬᠤ ᠳᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ = ᠳᠠᠭᠠᠭᠠᠯᠲᠠ ᠬᠢᠯᠭᠡᠭᠰᠡᠨ ᠭᠤᠣᠯ ᠴᠣᠭᠴᠠ ᠶᠢᠨ ᠢᠲᠡᠭᠡᠮᠵᠢ ᠶᠢᠨ ᠳᠡᠰ ᠨᠢ AA ᠳᠡᠰ ᠠᠴᠠ ᠳᠡᠭᠡᠭᠰᠢᠬᠢ ᠥᠭᠴᠡᠭᠡᠨ ᠤ ᠲᠡᠮᠳᠡᠭᠲᠦ ᠲᠠᠷᠬᠠᠭᠠᠬᠤ ᠳᠤ ᠬᠢᠭᠰᠡᠨ ᠳᠠᠭᠠᠭᠠᠯᠲᠠ ᠶᠢᠨ ᠳᠠᠭᠠᠳᠬᠠᠯ ᠳᠤ ᠪᠠᠶᠢᠭ᠎ᠠ ᠦᠯᠡᠳᠡᠪᠦᠷᠢ ᠲᠤᠭ᠎ᠠ × 80% + ᠥᠭᠴᠡᠭᠡᠨ ᠤ ᠲᠡᠮᠳᠡᠭᠲᠦ ᠲᠠᠷᠬᠠᠭᠠᠬᠤ ᠳᠤ ᠬᠢᠭᠰᠡᠨ ᠳᠠᠭᠠᠭᠠᠯᠲᠠ ᠶᠢᠨ ᠳᠠᠭᠠᠳᠬᠠᠯ ᠳᠤ ᠪᠠᠶᠢᠭ᠎ᠠ ᠪᠤᠰᠤᠳ ᠦᠯᠡᠳᠡᠪᠦᠷᠢ ᠲᠤᠭ᠎ᠠ × 100% ᠪᠣᠯᠣᠨ᠎ᠠ︔ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠪᠤᠰᠤᠳ ᠦᠯᠡᠳᠡᠪᠦᠷᠢ ᠲᠤᠭ᠎ᠠ = ᠪᠡᠯᠡ ᠲᠣᠬᠢᠷᠠᠭᠤᠯᠵᠤ ᠳᠠᠭᠠᠭᠠᠯᠲᠠ ᠬᠢᠬᠦ ᠳᠠᠭᠠᠳᠬᠠᠯ ᠪᠠᠶᠢᠭ᠎ᠠ ᠪᠤᠰᠤᠳ ᠦᠯᠡᠳᠡᠪᠦᠷᠢ ᠲᠤᠭ᠎ᠠ × 100% ᠪᠣᠯᠣᠨ᠎ᠠ᠃ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠨᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠴᠡᠪᠡᠷ ᠡᠳ᠋ ᠬᠥᠷᠥᠩᠭᠡ ︵ᠪᠤᠰᠤᠳ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠪᠠ ᠳᠠᠬᠢᠨ ᠳᠠᠭᠠᠭᠠᠯᠲᠠ ᠬᠢᠬᠦ ᠺᠣᠮᠫᠠᠨᠢ ᠶᠢᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠰᠠᠭᠤᠳᠬᠠᠨ ᠬᠠᠰᠤᠪᠠ︶᠎ ᠶᠢᠨ 10 ᠳᠠᠬᠢᠨ ᠢ ᠬᠡᠲᠦᠷᠡᠵᠦ ᠪᠣᠯᠬᠤ ᠦᠭᠡᠢ᠂ ᠭᠤᠣᠯᠳᠠᠭᠤ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠲᠣᠰᠬᠤᠨ ᠤ ᠭᠤᠷᠪᠠᠨ ᠵᠦᠢᠯ ᠤᠨ ᠠᠵᠢᠯ︾᠎ ᠳᠤ ᠦᠢᠯᠡᠴᠢᠯᠡᠬᠦ ᠨᠥᠬᠦᠴᠡᠯ ᠳᠤ ᠨᠡᠶᠢᠴᠡᠭᠰᠡᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠳᠤ᠂ 15 ᠳᠠᠬᠢᠨ ᠪᠣᠯᠲᠠᠯ᠎ᠠ ᠳᠡᠭᠡᠭᠰᠢᠯᠡᠭᠦᠯᠵᠦ ᠪᠣᠯᠣᠨ᠎ᠠ︔ ᠠᠳᠠᠯᠢ ᠨᠢᠭᠡᠨ ᠳᠠᠭᠠᠭᠠᠯᠲᠠ ᠬᠢᠯᠭᠡᠭᠰᠡᠳ᠂ ᠠᠳᠠᠯᠢ ᠨᠢᠭᠡᠨ ᠳᠠᠭᠠᠭᠠᠯᠲᠠ ᠬᠢᠯᠭᠡᠭᠰᠡᠳ ᠵᠢᠴᠢ ᠬᠤᠯᠪᠣᠭᠳᠠᠬᠤ ᠲᠠᠯ᠎ᠠ ᠶᠢᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠨᠢ ᠬᠠᠷᠠᠭᠠᠯᠵᠠᠭᠰᠠᠨ ᠬᠠᠷᠢᠴᠠᠯ ᠠᠴᠠ ᠬᠡᠲᠦᠷᠡᠵᠦ ᠪᠣᠯᠬᠤ ᠦᠭᠡᠢ᠃      ᠠᠰᠠᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠳ᠋ ᠬᠥᠷᠥᠩᠭᠡ ᠶᠢᠨ ᠬᠠᠷᠢᠴᠠᠯ ᠳᠤ ᠶᠠᠮᠠᠷ ᠶᠠᠮᠠᠷ ᠬᠢᠨᠠᠨ ᠬᠠᠮᠢᠶᠠᠷᠬᠤ ᠱᠠᠭᠠᠷᠳᠠᠯᠭ᠎ᠠ ᠪᠠᠶᠢᠬᠤ ᠪᠣᠢ︖      ᠬᠠᠷᠢᠭᠤᠯᠲᠠ᠄ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠭᠤᠣᠯ ᠠᠵᠢᠯ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠬᠢᠨᠠᠭᠤᠷ ᠪᠣᠯᠭᠤᠮᠵᠢᠲᠠᠢ ᠡᠵᠡᠩᠨᠡᠬᠦ ᠶᠢ ᠬᠥᠲᠥᠯᠥᠨ ᠵᠢᠯᠣᠭᠤᠳᠴᠤ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠭᠦᠢᠴᠡᠳ ᠣᠷᠣᠯᠠᠨ ᠲᠥᠯᠥᠪᠦᠷᠢᠯᠡᠬᠦ ᠴᠢᠳᠠᠪᠤᠷᠢ ᠶᠢ ᠪᠠᠲᠤᠯᠠᠵᠤ᠂ ᠡᠳ᠋ ᠬᠥᠷᠥᠩᠭᠡ ᠶᠢᠨ ᠰᠢᠯᠵᠢᠯᠲᠡ ᠶᠢᠨ ᠴᠢᠨᠠᠷ ᠪᠠ ᠠᠶᠤᠯ ᠦᠭᠡᠢ ᠴᠢᠨᠠᠷ ᠢ ᠤᠷᠢᠳᠴᠢᠯᠠᠨ ᠪᠠᠲᠤᠯᠠᠬᠤ ᠶᠢᠨ ᠲᠥᠯᠥᠭᠡ ᠂ ︽ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠡᠳ᠋ ᠬᠥᠷᠥᠩᠭᠡ ᠶᠢᠨ ᠬᠠᠷᠢᠴᠠᠯ ᠢ ᠬᠠᠮᠢᠶᠠᠷᠬᠤ ᠠᠷᠭ᠎ᠠ︾᠎ ᠨᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠭᠤᠣᠯ ᠪᠣᠯᠬᠤ ᠡᠳ᠋ ᠬᠥᠷᠥᠩᠭᠡ ᠶᠢ ᠬᠡᠯᠪᠡᠷᠢ ᠪᠠᠶᠢᠳᠠᠯ ᠢᠶᠠᠷ ᠨᠢ Ⅰ᠂ Ⅱ᠂ Ⅲ ᠳᠡᠰ ᠬᠤᠪᠢᠶᠠᠵᠤ᠂ ᠡᠳ᠋ ᠬᠥᠷᠥᠩᠭᠡ ᠶᠢᠨ ᠬᠠᠷᠢᠴᠠᠯ ᠳᠤ ᠨᠢ ᠲᠣᠳᠣᠷᠬᠠᠢ ᠲᠣᠭᠲᠠᠭᠠᠯ ᠭᠠᠷᠭᠠᠪᠠ᠄ ᠨᠢᠭᠡ ᠳᠤ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠴᠡᠪᠡᠷ ᠡᠳ᠋ ᠬᠥᠷᠥᠩᠭᠡ ᠬᠢᠭᠡᠳ ᠬᠤᠭᠤᠴᠠᠭ᠎ᠠ ᠨᠢ ᠲᠤᠯᠤᠭᠠᠳᠤᠢ ᠬᠠᠷᠢᠭᠤᠴᠠᠯᠭ᠎ᠠ ᠶᠢᠨ ᠪᠡᠯᠡᠳᠬᠡᠯ ᠮᠥᠩᠭᠦ᠂ ᠳᠠᠭᠠᠭᠠᠯᠲᠠ ᠬᠢᠵᠦ ᠲᠥᠯᠥᠪᠦᠷᠢᠯᠡᠬᠦ ᠪᠡᠯᠡᠳᠬᠡᠯ ᠮᠥᠩᠭᠦ ᠶᠢᠨ ᠨᠡᠶᠢᠯᠡᠪᠦᠷᠢ ᠨᠢ ᠡᠳ᠋ ᠬᠥᠷᠥᠩᠭᠡ ᠶᠢᠨ ᠶᠡᠷᠦᠩᠬᠡᠢ ᠲᠣᠭᠠᠨ ᠤ 60%᠎ ᠠᠴᠠ ᠳᠣᠣᠷ᠎ᠠ ᠪᠠᠶᠢᠵᠤ ᠪᠣᠯᠬᠤ ᠦᠭᠡᠢ᠃ ᠬᠤᠶᠠᠷ ᠲᠤ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨⅠᠳᠡᠰ ᠤᠨ ᠡᠳ᠋ ᠬᠥᠷᠥᠩᠭᠡ᠂ Ⅱ ᠳᠡᠰ ᠤᠨ ᠡᠳ᠋ ᠬᠥᠷᠥᠩᠭᠡ ᠶᠢᠨ ᠨᠡᠶᠢᠯᠡᠪᠦᠷᠢ ᠨᠢ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠴᠠ ᠬᠤᠷᠢᠶᠠᠬᠤ ᠴᠢᠬᠤᠯᠠᠲᠠᠢ ᠣᠷᠣᠯᠠᠨ ᠲᠥᠯᠥᠪᠦᠷᠢᠯᠡᠬᠦ ᠵᠣᠭᠤᠰ ᠢ ᠬᠠᠰᠤᠭᠰᠠᠨ ᠤ ᠳᠠᠷᠠᠭᠠᠬᠢ ᠲᠣᠭᠠᠨ ᠤ 70%᠎ ᠠᠴᠠ ᠳᠣᠣᠷ᠎ᠠ ᠪᠠᠶᠢᠵᠤ ᠪᠣᠯᠬᠤ ᠦᠭᠡᠢ︔Ⅰᠳᠡᠰ ᠤᠨ ᠡᠳ᠋ ᠬᠥᠷᠥᠩᠭᠡ ᠨᠢ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠴᠠ ᠬᠤᠷᠢᠶᠠᠬᠤ ᠴᠢᠬᠤᠯᠠᠲᠠᠢ ᠣᠷᠣᠯᠠᠨ ᠲᠥᠯᠥᠪᠦᠷᠢᠯᠡᠬᠦ ᠵᠣᠭᠤᠰ ᠢ ᠬᠠᠰᠤᠭᠰᠠᠨ ᠤ ᠳᠠᠷᠠᠭᠠᠬᠢ ᠲᠣᠭᠠᠨ ᠤ 20%᠎ ᠠᠴᠠ ᠳᠣᠣᠷ᠎ᠠ ᠪᠠᠶᠢᠵᠤ ᠪᠣᠯᠬᠤ ᠦᠭᠡᠢ︔ Ⅲ ᠳᠡᠰ ᠤᠨ ᠡᠳ᠋ ᠬᠥᠷᠥᠩᠭᠡ ᠨᠢ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠴᠠ ᠬᠤᠷᠢᠶᠠᠬᠤ ᠴᠢᠬᠤᠯᠠᠲᠠᠢ ᠣᠷᠣᠯᠠᠨ ᠲᠥᠯᠥᠪᠦᠷᠢᠯᠡᠬᠦ ᠵᠣᠭᠤᠰ ᠢ ᠬᠠᠰᠤᠭᠰᠠᠨ ᠤ ᠳᠠᠷᠠᠭᠠᠬᠢ ᠲᠣᠭᠠᠨ ᠤ 30%᠎ ᠠᠴᠠ ᠥᠨᠳᠥᠷ ᠪᠠᠶᠢᠵᠤ ᠪᠣᠯᠬᠤ ᠦᠭᠡᠢ︔ ᠡᠭᠦᠨ ᠠᠴᠠ ᠭᠠᠳᠠᠨ᠎ᠠ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠨᠢ ᠨᠠᠶᠢᠳᠠᠯᠭ᠎ᠠ ᠶᠢ ᠬᠦᠯᠢᠶᠡᠨ ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠴᠢᠨᠠᠷᠲᠠᠢ ᠪᠤᠶᠤ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠨᠢⅠᠳᠡᠰ ᠤᠨ ᠡᠳ᠋ ᠬᠥᠷᠥᠩᠭᠡ᠂Ⅱ ᠳᠡᠰ ᠤᠨ ᠡᠳ᠋ ᠬᠥᠷᠥᠩᠭᠡ᠂ Ⅲ ᠳᠡᠰ ᠤᠨ ᠡᠳ᠋ ᠬᠥᠷᠥᠩᠭᠡ᠂ ᠡᠳ᠋ ᠬᠥᠷᠥᠩᠭᠡ ᠶᠢᠨ ᠶᠡᠷᠦᠩᠬᠡᠢ ᠲᠤᠭ᠎ᠠ ᠵᠢᠴᠢ ᠡᠳ᠋ ᠬᠥᠷᠥᠩᠭᠡ ᠶᠢᠨ ᠬᠠᠷᠢᠴᠠᠯ ᠢ ᠲᠣᠭᠠᠴᠠᠨ ᠪᠣᠳᠣᠬᠤ ᠦᠶ᠎ᠡ ᠳᠤ ᠰᠠᠭᠤᠳᠬᠠᠨ ᠬᠠᠰᠤᠬᠤ ᠬᠡᠷᠡᠭᠲᠡᠢ᠃      ᠠᠰᠠᠭᠤᠯᠲᠠ᠄ ᠪᠠᠩᠬᠢ ᠳᠠᠭᠠᠭᠠᠯᠲᠠ ᠬᠠᠮᠲᠤᠷᠠᠯᠴᠠᠬᠤ ᠳᠤ ᠶᠠᠮᠠᠷ ᠶᠠᠮᠠᠷ ᠦᠨᠳᠦᠰᠦᠨ ᠵᠠᠷᠴᠢᠮ ᠢ ᠵᠢᠷᠤᠮᠯᠠᠪᠠᠯ ᠵᠣᠬᠢᠬᠤ ᠪᠣᠢ︖      ᠬᠠᠷᠢᠭᠤᠯᠲᠠ᠄ ᠪᠠᠩᠬᠢ ᠳᠠᠭᠠᠭᠠᠯᠲᠠ ᠶᠢᠨ ᠬᠠᠮᠲᠤᠷᠠᠯᠴᠠᠭ᠎ᠠ ᠶᠢ ᠵᠢᠷᠤᠮᠵᠢᠭᠤᠯᠤᠨ᠂ ᠬᠤᠶᠠᠷ ᠲᠠᠯ᠎ᠠ ᠶᠢᠨ ᠎ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠩᠬᠢ ᠳᠠᠭᠠᠭᠠᠯᠲᠠ ᠶᠢᠨ ᠬᠠᠮᠲᠤᠷᠠᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠶᠢᠨ ᠠᠵᠢᠯ ᠤᠨ ᠬᠠᠮᠲᠤᠷᠠᠯᠴᠠᠭᠠᠨ ᠤ ᠵᠢᠯᠣᠭᠤᠳᠤᠮᠵᠢ︾᠎ ᠨᠢ ᠪᠠᠩᠬᠢ ᠳᠠᠭᠠᠭᠠᠯᠲᠠ ᠬᠠᠮᠲᠤᠷᠠᠯᠴᠠᠬᠤ ᠳᠤ ᠵᠢᠷᠤᠮᠯᠠᠬᠤ ᠴᠢᠬᠤᠯᠠᠲᠠᠢ ᠳᠣᠣᠷᠠᠬᠢ ᠬᠡᠳᠦᠨ ᠦᠨᠳᠦᠰᠦᠨ ᠵᠠᠷᠴᠢᠮ ᠢ ᠲᠣᠭᠲᠠᠭᠠᠪᠠ᠄ ᠨᠢᠭᠡ ᠳᠤ᠂ ᠰᠠᠶᠢᠨ ᠳᠤᠷ᠎ᠠ ᠶᠢᠨ ᠵᠠᠷᠴᠢᠮ᠃ ᠪᠠᠩᠬᠢ ᠳᠠᠭᠠᠭᠠᠯᠲᠠ ᠶᠢᠨ ᠬᠠᠮᠲᠤᠷᠠᠯᠴᠠᠭ᠎ᠠ ᠶᠢᠨ ᠬᠤᠶᠠᠷ ᠲᠠᠯ᠎ᠠ ᠶᠢᠨ ᠬᠢᠨ ᠰᠠᠶᠢᠨ ᠳᠤᠷ᠎ᠠ ᠶᠢᠨ ᠵᠠᠷᠴᠢᠮ ᠢ ᠵᠢᠷᠤᠮᠯᠠᠨ ᠬᠠᠮᠲᠤᠷᠠᠯᠴᠠᠬᠤ ᠰᠠᠨᠠᠯ ᠢᠶᠠᠨ ᠲᠣᠭᠲᠠᠭᠠᠵᠤ᠂ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠢ᠃ ᠬᠤᠶᠠᠷ ᠲᠤ᠂ ᠡᠷᠬᠡ ᠲᠡᠭᠰᠢ ᠵᠠᠷᠴᠢᠮ᠃ ᠪᠠᠩᠬᠢ ᠳᠠᠭᠠᠭᠠᠯᠲᠠ ᠶᠢᠨ ᠬᠠᠮᠲᠤᠷᠠᠯᠴᠠᠭᠠᠨ ᠤ ᠬᠤᠶᠠᠷ ᠲᠠᠯ᠎ᠠ ᠶᠢᠨ ᠬᠢᠨ ᠤ ᠬᠠᠤᠯᠢ ᠴᠠᠭᠠᠵᠠ ᠶᠢᠨ ᠪᠠᠶᠢᠷᠢ ᠰᠠᠭᠤᠷᠢ ᠨᠢ ᠡᠷᠬᠡ ᠲᠡᠭᠰᠢ ᠪᠠᠶᠢᠵᠤ᠂ ᠨᠢᠭᠡ ᠲᠠᠯ᠎ᠠ ᠨᠢ ᠥᠪᠡᠷ ᠤᠨ ᠵᠣᠷᠢᠭ ᠰᠠᠨᠠᠭ᠎ᠠ ᠪᠠᠨ ᠨᠥᠬᠦᠭᠡ ᠲᠠᠯ᠎ᠠ ᠳᠤ ᠪᠠᠨ ᠠᠯᠪᠠ ᠪᠠᠷ ᠲᠣᠬᠤᠵᠤ ᠪᠣᠯᠬᠤ ᠦᠭᠡᠢ᠃ ᠭᠤᠷᠪᠠ ᠳᠤ᠂ ᠲᠥᠪ ᠭᠤᠣᠯᠴᠢ ᠦᠨᠡᠨᠴᠢ ᠢᠲᠡᠭᠡᠮᠵᠢᠲᠡᠢ ᠵᠠᠷᠴᠢᠮ᠃ ᠪᠠᠩᠬᠢ ᠳᠠᠭᠠᠭᠠᠯᠲᠠ ᠶᠢᠨ ᠬᠠᠮᠲᠤᠷᠠᠯᠴᠠᠭᠠᠨ ᠤ ᠬᠤᠶᠠᠷ ᠲᠠᠯ᠎ᠠ ᠶᠢᠨ ᠬᠢᠨ ᠲᠥᠪ ᠭᠤᠣᠯᠴᠢ ᠵᠠᠷᠴᠢᠮ ᠢ ᠵᠢᠷᠤᠮᠯᠠᠵᠤ ᠪᠠᠶᠢᠭᠠᠳ ᠬᠤᠶᠠᠷ ᠲᠠᠯ᠎ᠠ ᠶᠢᠨ ᠬᠢᠨ ᠤ ᠡᠷᠬᠡ ᠪᠠ ᠡᠭᠦᠷᠭᠡ ᠶᠢ ᠲᠣᠭᠲᠠᠭᠠᠬᠤ ᠬᠡᠷᠡᠭᠲᠡᠢ︔ ᠡᠷᠬᠡ ᠪᠠᠨ ᠬᠡᠷᠡᠭᠵᠢᠭᠦᠯᠬᠦ ᠪᠠ ᠡᠭᠦᠷᠭᠡ ᠪᠠᠨ ᠭᠦᠢᠴᠡᠳᠬᠡᠬᠦ ᠳᠤ ᠦᠨᠡᠨᠴᠢ ᠢᠲᠡᠭᠡᠮᠵᠢᠲᠡᠢ ᠵᠠᠷᠴᠢᠮ ᠢ ᠵᠢᠷᠤᠮᠯᠠᠵᠤ᠂ ᠡᠰᠡᠷᠭᠦ ᠲᠠᠯ᠎ᠠ ᠵᠢᠴᠢ ᠭᠤᠷᠪᠠᠳᠠᠭᠴᠢ ᠲᠠᠯ᠎ᠠ ᠶᠢᠨ ᠢᠶᠠᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃ ᠳᠥᠷᠪᠡ ᠳᠤ᠂ ᠲᠣᠭᠲᠠᠭᠠᠯ ᠳᠤ ᠨᠡᠶᠢᠴᠡᠭᠦᠯᠦᠨ ᠬᠢᠨᠠᠭᠤᠷ ᠪᠣᠯᠭᠤᠮᠵᠢᠲᠠᠢ ᠡᠵᠡᠩᠨᠡᠬᠦ ᠵᠠᠷᠴᠢᠮ᠃ ᠪᠠᠩᠬᠢ ᠳᠠᠭᠠᠭᠠᠯᠲᠠ ᠶᠢᠨ ᠬᠠᠮᠲᠤᠷᠠᠯᠴᠠᠭᠠᠨ ᠤ ᠬᠤᠶᠠᠷ ᠲᠠᠯ᠎ᠠ ᠶᠢᠨ ᠬᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠪᠠ ᠬᠢᠨᠠᠨ ᠬᠠᠮᠢᠶᠠᠷᠬᠤ ᠲᠣᠭᠲᠠᠭᠠᠯ ᠢ ᠵᠢᠷᠤᠮᠯᠠᠵᠤ᠂ ᠲᠣᠭᠲᠠᠭᠠᠯ ᠳᠤ ᠨᠡᠶᠢᠴᠡᠭᠦᠯᠦᠨ ᠬᠢᠨᠠᠭᠤᠷ ᠪᠣᠯᠭᠤᠮᠵᠢᠲᠠᠢ ᠡᠵᠡᠩᠨᠡᠬᠦ ᠦᠷᠭᠦᠯᠵᠢᠯᠡᠬᠦᠶᠢᠴᠡ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map