︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018/5/12
     
         ᠰᠤᠷᠪᠤᠯᠵᠢᠯᠠᠭᠰᠠᠨ ᠴᠠᠭ᠄  2018 ᠣᠨ ᠤ 5 ᠳ᠋ᠤᠭᠠᠷ ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨᠠᠬᠢ 3 ᠴᠠᠭ       ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ   ᠯᠢ ᠵᠢᠶᠦ᠋ᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠨᠡᠶᠢᠲᠡᠯᠡᠨ ᠬᠡᠷᠡᠭᠵᠢᠭᠦᠯᠪᠡ᠃ ᠥᠨᠥᠳᠥᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠯᠢ ᠵᠢᠶᠦ᠋ᠨ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠡᠮᠦᠨᠡᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠭᠰᠠᠨ ᠨᠢ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠮᠠᠨ ᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠳᠤ ᠬᠦᠨᠳᠦ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠯᠢ ᠵᠢᠶᠦ᠋ᠨ ᠢ ᠤᠷᠢᠵᠤ᠂ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠂ ᠯᠢ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃      ᠯᠢ ᠵᠢᠶᠦ᠋ᠨ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ᠂ ᠲᠥᠪ ᠠᠴᠠ ᠮᠠᠨ ᠤ ᠤᠯᠤᠰ ᠤᠨ ᠬᠠᠩᠭᠠᠯᠭ᠎ᠠ ᠶᠢᠨ ᠬᠡᠯᠬᠢᠶᠡᠰᠤ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠶᠢ ᠠᠬᠢᠭᠤᠯᠤᠨ᠂ ᠪᠦᠷᠢᠨ ᠲᠥᠬᠦᠷ ᠦᠷ᠎ᠡ ᠪᠦᠲᠦᠮᠵᠢᠲᠡᠢ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶᠡᠰᠦ ᠶᠢ ᠪᠦᠷᠢᠯᠳᠦᠭᠦᠯᠬᠦ ᠪᠠᠷ ᠣᠯᠠᠨ ᠤᠳᠠᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠶᠢ ᠳᠠᠷᠤᠮᠠᠯᠯᠠᠨ ᠲᠠᠷᠬᠠᠭᠠᠭᠰᠠᠨ ᠨᠢ ᠶᠠᠮᠠᠷ ᠠᠬᠤᠢ ᠪᠠᠶᠢᠳᠠᠯ ᠠᠴᠠ ᠡᠭᠦᠰᠦᠭᠰᠡᠨ ᠪᠣᠢ︖      ᠯᠢ ᠵᠢᠶᠦ᠋ᠨ᠄      ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠪᠠ ᠤᠯᠤᠰ ᠤᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ 2014 ᠣᠨ ᠤ 11 ᠳ᠋ᠦ᠋ᠭᠡᠷ ᠰᠠᠷ᠎ᠠ ᠶᠢᠨ ᠠᠽᠢᠶ᠎ᠠ ᠨᠣᠮᠣᠬᠠᠨ ᠳᠠᠯᠠᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ︵APEC︶᠎ ᠶᠢᠨ ᠬᠤᠷᠠᠯ ᠳᠡᠭᠡᠷ᠎ᠡ ᠬᠤᠷᠠᠯ ᠳᠤ ᠣᠷᠣᠯᠴᠠᠭᠰᠠᠨ ᠡᠯ᠎ᠡ ᠤᠯᠤᠰ ᠲᠠᠢ ︽ᠪᠦᠬᠦ ᠳᠡᠯᠡᠬᠡᠢ ᠶᠢᠨ ᠬᠠᠩᠭᠠᠯᠭ᠎ᠠ ᠶᠢᠨ ᠬᠡᠯᠬᠢᠶᠡᠰᠦ᠂ ᠥᠷᠲᠡᠭ ᠤᠨ ᠬᠡᠯᠬᠢᠶᠡᠰᠦ ᠶᠢᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠰᠠᠨᠠᠭᠠᠴᠢᠯᠠᠭ᠎ᠠ︾᠎ ᠶᠢ ᠲᠣᠭᠲᠠᠭᠠᠪᠠ᠃ ᠶᠡᠷᠦᠩᠬᠡᠢ ᠰᠠᠶᠢᠳ ᠯᠢ ᠺᠧ ᠴᠢᠶᠠᠩ 2016 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠪᠠᠨ ︽ᠠᠵᠤ ᠦᠢᠯᠡᠰ ᠤᠨ ᠬᠡᠯᠬᠢᠶᠡᠰᠦ᠂ ᠬᠠᠩᠭᠠᠯᠭ᠎ᠠ ᠶᠢᠨ ᠬᠡᠯᠬᠢᠶᠡᠰᠦ᠂ ᠥᠷᠲᠡᠭ ᠤᠨ ᠬᠡᠯᠬᠢᠶᠡᠰᠦ ᠶᠢ ᠳᠠᠬᠢᠨ ᠪᠠᠶᠢᠭᠤᠯᠵᠤ᠂ ᠤᠯᠠᠮᠵᠢᠯᠠᠯᠲᠤ ᠬᠥᠳᠡᠯᠭᠡᠭᠴᠢ ᠴᠢᠳᠠᠪᠤᠷᠢ ᠶᠢ ᠥᠭᠡᠷᠡᠴᠢᠯᠡᠨ ᠳᠡᠭᠡᠭᠰᠢᠯᠡᠭᠦᠯᠵᠦ᠂ ᠲᠡᠭᠦᠨ ᠤ ᠰᠢᠨ᠎ᠡ ᠠᠮᠢᠵᠢᠷᠠᠯ ᠪᠠ ᠠᠮᠢᠯᠠᠯ ᠤᠨ ᠬᠦᠴᠦᠨ ᠢ ᠬᠥᠭᠵᠢᠭᠡᠬᠦ ᠬᠡᠷᠡᠭᠲᠡᠢ︾ ᠭᠡᠵᠦ ᠱᠠᠭᠠᠷᠳᠠᠭᠰᠠᠨ ᠪᠠᠶᠢᠨ᠎ᠠ᠃      ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠲᠠᠪᠤᠳᠤᠭᠠᠷ ᠬᠡᠰᠡᠭ ᠲᠤ ︽ᠦᠢᠯᠡᠳᠬᠦ ᠦᠢᠯᠡᠰ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠲᠡᠷᠢᠭᠦᠨ ᠤ ᠦᠢᠯᠡᠳᠬᠦ ᠦᠢᠯᠡᠰ ᠢ ᠲᠦᠷᠭᠡᠳᠬᠡᠨ ᠬᠥᠭᠵᠢᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠣᠨᠴᠢ ᠴᠢᠳᠠᠮᠵᠢ ᠪᠠ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠤᠮᠳᠠ ᠳᠡᠭᠡᠳᠦ ᠳᠡᠰ ᠤᠨ ᠬᠡᠷᠡᠭᠯᠡᠭᠡ᠂ ᠰᠢᠨ᠎ᠡ ᠡᠭᠦᠳᠬᠦ ᠪᠠᠷ ᠬᠥᠲᠥᠯᠥᠨ ᠳᠠᠭᠠᠭᠤᠯᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢ᠂ ᠬᠠᠮᠲᠤ ᠪᠠᠷ ᠬᠦᠷᠲᠡᠬᠦ ᠠᠵᠤ ᠠᠬᠤᠢ᠂ ᠣᠳᠣ ᠦᠶ᠎ᠡ ᠶᠢᠨ ᠬᠠᠩᠭᠠᠯᠭ᠎ᠠ ᠶᠢᠨ ᠬᠡᠯᠬᠢᠶᠡᠰᠦ᠂ ᠬᠥᠮᠥᠨ ᠤ ᠬᠦᠴᠦᠨ ᠤ ᠬᠥᠷᠥᠩᠭᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ᠰᠢᠨ᠎ᠡ ᠨᠡᠮᠡᠭᠳᠡᠯ ᠴᠡᠭ ᠢ ᠬᠥᠮᠥᠵᠢᠭᠦᠯᠦᠨ ᠪᠣᠶᠢᠵᠢᠭᠤᠯᠵᠤ᠂ ᠰᠢᠨ᠎ᠡ ᠬᠥᠳᠡᠯᠭᠡᠭᠴᠢ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ︾ ᠭᠡᠵᠦ ᠳᠤᠷᠠᠳᠴᠠᠢ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠠᠩᠭᠠᠯᠭ᠎ᠠ ᠶᠢᠨ ᠬᠡᠯᠬᠢᠶᠡᠰᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠳ᠋ ᠲᠡᠷᠢᠭᠦᠯᠡᠭᠴᠢ ᠠᠢ ᠯᠢ ᠬᠤᠸᠠ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠴᠣᠬᠤᠯᠠᠪᠤᠷᠢᠯᠠᠪᠠ᠃ ᠮᠠᠨ ᠤ ᠣᠷᠣᠨ ᠤ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢᠨ ᠠᠵᠢᠯ ᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠠᠮᠵᠢᠨ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠨᠠᠷᠢᠨ ᠬᠢᠨᠠᠮᠠᠭᠠᠢ ᠰᠤᠳᠤᠯᠤᠯᠲᠠ ᠬᠢᠵᠦ᠂ ᠬᠡᠰᠡᠭ ᠠᠶᠢᠮᠠᠭ ᠬᠤᠲᠠ ᠲᠠᠢ ᠵᠣᠭᠤᠭᠳᠠᠨ ᠶᠠᠷᠢᠯᠴᠠᠵᠤ᠂ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ᠰᠠᠨᠠᠯ ᠢ ᠬᠤᠷᠢᠶᠠᠨ᠂ ᠬᠠᠤᠯᠢ ᠶᠣᠰᠣᠴᠢ ᠴᠢᠨᠠᠷᠲᠠᠢ ᠪᠠᠷ ᠬᠢᠨᠠᠨ ᠪᠠᠶᠢᠴᠠᠭᠠᠬᠤ ᠵᠡᠷᠭᠡ ᠠᠵᠢᠯ ᠤᠨ ᠭᠤᠭᠴᠤᠭ᠎ᠠ ᠪᠠᠷ ᠳᠠᠮᠵᠢᠭᠰᠠᠨ ᠤ ᠳᠠᠷᠠᠭ᠎ᠠ ︽ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠭᠰᠠᠨ ᠪᠠᠶᠢᠨ᠎ᠠ᠃      ᠬᠥᠲᠥᠯᠥᠭᠴᠢ᠄      ᠣᠶᠢᠷ᠎ᠠ ᠶᠢᠨ ᠵᠢᠯ ᠤᠳ ᠲᠤ᠂ ᠤᠯᠤᠰ ᠠᠴᠠ ᠬᠠᠩᠭᠠᠯᠭ᠎ᠠ ᠶᠢᠨ ᠬᠡᠯᠬᠢᠶᠡᠰᠦ ᠶᠢᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠲᠠᠨ ᠤ ᠦᠵᠡᠬᠦ ᠪᠠᠷ᠂ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢᠨ ᠪᠠᠶᠢᠭᠤᠯᠤᠯᠲᠠ ᠶᠢ ᠠᠬᠢᠭᠤᠯᠬᠤ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠢ︖      ᠯᠢ ᠵᠢᠶᠦ᠋ᠨ᠄      ᠬᠠᠩᠭᠠᠯᠭ᠎ᠠ ᠶᠢᠨ ᠬᠡᠯᠬᠢᠶᠡᠰᠦ ᠪᠣᠯ ᠬᠠᠷᠢᠴᠠᠭᠠᠨ ᠤ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠶᠠᠰᠤ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠠᠷᠭ᠎ᠠ ᠠᠪᠴᠢᠯ ᠪᠣᠯᠭᠠᠵᠤ᠂ ᠦᠢᠯᠡᠳᠬᠦᠨ ᠤ ᠲᠥᠯᠥᠪᠯᠡᠭᠡ᠂ ᠬᠤᠳᠠᠯᠳᠤᠨ ᠠᠪᠤᠯᠲᠠ᠂ ᠦᠢᠯᠡᠳᠪᠦᠷᠢᠯᠡᠯ᠂ ᠪᠣᠷᠣᠯᠠᠭᠤᠯᠭ᠎ᠠ᠂ ᠦᠢᠯᠡᠴᠢᠯᠡᠭᠡ ᠵᠡᠷᠭᠡ ᠪᠦᠬᠦ ᠶᠠᠪᠤᠴᠠ ᠳᠤ ᠦᠷ᠎ᠡ ᠪᠦᠲᠦᠮᠵᠢᠲᠡᠢ ᠪᠠᠷ ᠬᠠᠮᠵᠢᠯᠴᠠᠬᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠣᠯᠣᠨ᠎ᠠ᠃ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠠᠩᠭᠠᠯᠭ᠎ᠠ ᠶᠢᠨ ᠬᠡᠯᠬᠢᠶᠡᠰᠦ ᠨᠢ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ ᠲᠠᠢ ᠭᠦᠨᠵᠡᠭᠡᠢ ᠠᠭᠤᠰᠤᠯᠴᠠᠭᠰᠠᠨ ᠤᠬᠠᠭᠠᠯᠢᠭ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠱᠠᠲᠤᠨ ᠳᠤ ᠬᠦᠷᠲᠡᠯ᠎ᠡ ᠬᠥᠭᠵᠢᠵᠡᠢ᠃      ᠬᠠᠩᠭᠠᠯᠭ᠎ᠠ ᠶᠢᠨ ᠬᠡᠯᠬᠢᠶᠡᠰᠦ ᠶᠢᠨ ᠬᠥᠭᠵᠢᠯᠲᠡ ᠶᠢ ᠠᠬᠢᠭᠤᠯᠬᠤ ᠨᠢ᠂ ᠠᠵᠤ ᠦᠢᠯᠡᠰ ᠤᠨ ᠠᠭᠤᠰᠤᠯᠴᠠᠯ ᠢ ᠲᠦᠷᠭᠡᠳᠬᠡᠨ᠂ ᠨᠡᠶᠢᠭᠡᠮ ᠤᠨ ᠠᠵᠢᠯ ᠤᠨ ᠬᠤᠪᠢᠶᠠᠷᠢᠯᠠᠯᠲᠠ ᠶᠢ ᠭᠦᠨᠵᠡᠭᠡᠶᠢᠷᠡᠭᠦᠯᠵᠦ᠂ ᠨᠡᠶᠢᠯᠡᠭᠦᠯᠦᠮᠡᠯ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠦ ᠳᠣᠣᠷᠠᠳᠤ ᠬᠡᠰᠡᠭ ᠤᠨ ᠠᠵᠤ ᠠᠬᠤᠶᠢᠯᠠᠯ ᠤᠨ ᠬᠠᠮᠲᠤᠷᠠᠯᠴᠠᠵᠤ ᠬᠠᠮᠲᠤ ᠪᠠᠷ ᠢᠯᠠᠯᠲᠠ ᠣᠯᠬᠤ ᠶᠢᠨ ᠬᠠᠮᠵᠢᠯᠴᠠᠨ ᠬᠥᠭᠵᠢᠬᠦ ᠲᠣᠭᠲᠠᠴᠠ ᠪᠠ ᠲᠥᠯᠥᠪᠯᠡᠭᠡ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ᠂ ᠡᠭᠡᠭᠦᠯᠦᠨ ᠬᠤᠷᠢᠶᠠᠯᠲᠠ ᠵᠡᠷᠭᠡ ᠡᠯ᠎ᠡ ᠭᠤᠭᠴᠤᠭ᠎ᠠ ᠶᠢ ᠬᠠᠮᠤᠷᠤᠭᠰᠠᠨ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠳᠤ ᠠᠰᠢᠭᠲᠠᠢ︔ ᠦᠢᠯᠡᠳᠪᠦᠷᠢᠯᠡᠯ ᠠᠴᠠ ᠬᠡᠷᠡᠭᠯᠡᠭᠡ ᠬᠦᠷᠲᠡᠯᠡᠬᠢ ᠡᠯ᠎ᠡ ᠭᠤᠭᠴᠤᠭ᠎ᠠ ᠶᠢ ᠪᠦᠲᠦᠮᠵᠢᠲᠡᠢ ᠵᠣᠯᠭᠠᠯᠳᠤᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠪᠠ ᠰᠣᠯᠢᠯᠴᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠬᠠᠩᠭᠠᠯᠭ᠎ᠠ ᠬᠡᠷᠡᠭᠴᠡᠭᠡ ᠶᠢ ᠣᠨᠣᠴᠢᠲᠠᠢ ᠲᠣᠬᠢᠷᠠᠯᠴᠠᠭᠤᠯᠬᠤ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠤ᠂ ᠦᠢᠯᠡᠳᠬᠦᠨ ᠪᠠ ᠦᠢᠯᠡᠴᠢᠯᠡᠭᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠠᠰᠢᠭᠲᠠᠢ︔ ᠮᠠᠨ ᠤ ᠣᠷᠣᠨ ᠤ ᠠᠵᠤ ᠠᠬᠤᠶᠢᠯᠠᠯ ᠢ ᠳᠡᠯᠡᠬᠡᠢ ᠶᠢᠨ ᠬᠠᠩᠭᠠᠯᠭ᠎ᠠ ᠶᠢᠨ ᠰᠢᠰᠲ᠋ᠧᠮᠵᠢ ᠳᠤ ᠠᠭᠤᠰᠤᠯᠴᠠᠭᠤᠯᠵᠤ᠂ ︽ᠨᠢᠭᠡ ᠪᠦᠰᠡ ᠨᠢᠭᠡ ᠵᠠᠮ︾᠎ ᠤᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠠᠰᠢᠭᠲᠠᠢ ᠪᠠᠶᠢᠳᠠᠭ᠃      ᠬᠥᠲᠥᠯᠥᠭᠴᠢ᠄      ᠲᠡᠭᠡᠪᠡᠯ  ︽ᠬᠡᠷᠡᠭᠵᠢᠭᠦᠯᠬᠦ  ᠲᠥᠰᠥᠯ︾᠎ ᠎ ᠤᠨ  ᠵᠢᠷᠤᠮᠯᠠᠭᠰᠠᠨ  ᠵᠢᠯᠣᠭᠤᠳᠬᠤ  ᠦᠵᠡᠯ  ᠰᠠᠨᠠᠭ᠎ᠠ  ᠎ ᠨᠢ ᠶᠠᠭᠤ ᠪᠣᠢ︖      ᠯᠢ ᠵᠢᠶᠦ᠋ᠨ᠄      ︽ᠬᠡᠷᠡᠭᠵᠢᠭᠦᠯᠬᠦ ᠲᠥᠰᠥᠯ︾᠎ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠬᠠᠩᠭᠠᠯᠭ᠎ᠠ ᠶᠢᠨ ᠬᠡᠯᠬᠢᠶᠡᠰᠦ ᠬᠢᠭᠡᠳ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ ᠶᠢ ᠭᠦᠨᠵᠡᠭᠡᠢ ᠠᠭᠤᠰᠤᠯᠴᠠᠭᠤᠯᠬᠤ ᠪᠠᠷ ᠠᠷᠭ᠎ᠠ ᠵᠠᠮ ᠪᠣᠯᠭᠠᠵᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠴᠢᠳᠠᠪᠤᠷᠢᠲᠠᠨ ᠤ ᠪᠣᠯᠪᠠᠰᠤᠷᠠᠭᠤᠯᠤᠯ ᠢᠶᠠᠷ ᠲᠤᠯᠭᠠᠭᠤᠷᠢᠯᠠᠯ ᠪᠣᠯᠭᠠᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠣᠨᠣᠯᠵᠢᠬᠤᠨ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠲᠤ ᠰᠢᠨ᠎ᠡ ᠶᠢ ᠡᠭᠦᠳᠦᠨ ᠬᠥᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠎ᠠ᠃      ᠬᠥᠲᠥᠯᠥᠭᠴᠢ᠄      ︽ᠬᠡᠷᠡᠭᠵᠢᠭᠦᠯᠬᠦ ᠲᠥᠰᠥᠯ︾᠎ ᠤᠨ ᠪᠡᠶᠡᠯᠡᠭᠦᠯᠬᠦ ᠬᠥᠭᠵᠢᠯᠲᠡ ᠶᠢᠨ ᠬᠠᠷᠠᠯᠲᠠ ᠨᠢ ᠶᠠᠭᠤ ᠪᠣᠢ︖      ᠯᠢ ᠵᠢᠶᠦ᠋ᠨ᠄      2020 ᠣᠨ ᠪᠣᠯᠲᠠᠯ᠎ᠠ᠂ ᠮᠠᠨ ᠤ ᠣᠷᠣᠨ ᠤ ᠪᠠᠶᠢᠳᠠᠯ ᠳᠤ ᠲᠣᠬᠢᠷᠠᠭᠰᠠᠨ ᠬᠠᠩᠭᠠᠯᠭ᠎ᠠ ᠶᠢᠨ ᠬᠡᠯᠬᠢᠶᠡᠰᠦ ᠶᠢ ᠬᠥᠭᠵᠢᠭᠦᠯᠬᠦ ᠰᠢᠨ᠎ᠡ ᠮᠡᠷᠭᠡᠵᠢᠯ ᠪᠠ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ᠂ ᠮᠠᠨ ᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠢ ᠬᠠᠮᠤᠷᠤᠭᠰᠠᠨ ᠤᠬᠠᠭᠠᠯᠢᠭ ᠬᠠᠩᠭᠠᠯᠭ᠎ᠠ ᠶᠢᠨ ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠵᠦ᠂ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠬᠤ᠂ ᠬᠠᠩᠭᠠᠯᠭ᠎ᠠ ᠬᠡᠷᠡᠭᠴᠡᠭᠡ ᠶᠢ ᠲᠣᠬᠢᠷᠠᠯᠴᠠᠭᠤᠯᠬᠤ ᠪᠠ ᠠᠵᠤ ᠦᠢᠯᠡᠰ ᠢ ᠳᠡᠰ ᠳᠡᠪᠰᠢᠭᠦᠯᠬᠦ ᠳᠤᠮᠳᠠᠬᠢ ᠬᠠᠩᠭᠠᠯᠭ᠎ᠠ ᠶᠢᠨ ᠬᠡᠯᠬᠢᠶᠡᠰᠦ ᠶᠢᠨ ᠦᠢᠯᠡᠳᠦᠯ ᠢ ᠢᠯᠡᠳᠲᠡ ᠴᠢᠩᠭᠠᠷᠠᠭᠤᠯᠤᠨ᠎ᠠ᠃ ᠳᠡᠯᠡᠬᠡᠢ ᠶᠢᠨ ᠴᠢᠨᠠᠷᠲᠠᠢ ᠬᠠᠩᠭᠠᠯᠭ᠎ᠠ ᠶᠢᠨ ᠬᠡᠯᠬᠢᠶᠡᠰᠦ ᠲᠠᠢ ᠠᠵᠤ ᠠᠬᠤᠶᠢᠯᠠᠯ ᠢ ᠬᠥᠮᠥᠵᠢᠭᠦᠯᠦᠨ ᠪᠣᠶᠢᠵᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶᠡᠰᠦ ᠶᠢᠨ ᠥᠷᠢᠰᠦᠯᠳᠦᠬᠦ ᠴᠢᠳᠠᠪᠤᠷᠢ ᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ᠃      ᠬᠥᠲᠥᠯᠥᠭᠴᠢ᠄      ︽ᠬᠡᠷᠡᠭᠵᠢᠭᠦᠯᠬᠦ ᠲᠥᠰᠥᠯ︾᠎ ᠤᠨ ᠭᠤᠣᠯᠳᠠᠯᠭ᠎ᠠ ᠲᠠᠢ ᠡᠭᠦᠷᠭᠡ ᠨᠢ ᠶᠠᠭᠤ ᠶᠠᠭᠤ ᠪᠣᠢ︖      ᠯᠢ ᠵᠢᠶᠦ᠋ᠨ᠄      ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠭᠤᠣᠯᠳᠠᠯᠭ᠎ᠠ ᠲᠠᠢ 6 ᠵᠦᠢᠯ ᠤᠨ ᠡᠭᠦᠷᠭᠡ ᠪᠠᠶᠢᠨ᠎ᠠ᠃      ᠨᠢᠭᠡ᠂ ᠦᠢᠯᠡᠳᠬᠡᠯ ᠤᠨ ᠬᠠᠮᠵᠢᠯᠴᠠᠭᠤᠯᠬᠤ᠂ ᠦᠢᠯᠡᠴᠢᠯᠡᠭᠦᠯᠬᠦ᠂ ᠣᠶᠣᠨᠵᠢᠭᠤᠯᠬᠤ ᠶᠢ ᠠᠬᠢᠭᠤᠯᠤᠨ᠎ᠠ᠃ ᠨᠢᠭᠡ ᠳᠤ᠂ ᠦᠢᠯᠡᠳᠬᠡᠯ ᠤᠨ ᠬᠠᠩᠭᠠᠯᠭ᠎ᠠ ᠶᠢᠨ ᠬᠡᠯᠬᠢᠶᠡᠰᠦ ᠶᠢ ᠣᠶᠣᠨᠵᠢᠭᠤᠯᠬᠤ ᠪᠠ ᠬᠠᠷᠠᠭᠠᠵᠢᠭᠤᠯᠬᠤ ᠶᠢ ᠠᠬᠢᠭᠤᠯᠤᠨ᠎ᠠ᠃ ᠬᠤᠶᠠᠷ ᠲᠤ᠂ ᠬᠠᠩᠭᠠᠯᠭ᠎ᠠ ᠶᠢᠨ ᠬᠡᠯᠬᠢᠶᠡᠰᠦ ᠶᠢᠨ ᠬᠠᠮᠵᠢᠯᠴᠠᠨ ᠦᠢᠯᠡᠳᠬᠦ ᠶᠢ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡ ᠶᠢᠨ ᠬᠡᠯᠪᠡᠷᠢ ᠶᠢᠨ ᠦᠢᠯᠡᠳᠬᠡᠯ ᠢ ᠬᠥᠭᠵᠢᠭᠦᠯᠦᠨ᠎ᠡ᠃      ᠬᠤᠶᠠᠷ᠂ ᠭᠦᠢᠯᠭᠡᠭᠡᠨ ᠤ ᠣᠳᠣᠬᠢᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ᠂ ᠭᠦᠢᠯᠭᠡᠭᠡ ᠬᠢᠭᠡᠳ ᠦᠢᠯᠡᠳᠪᠦᠷᠢᠯᠡᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠬᠤᠶᠠᠷ ᠲᠤ᠂ ᠭᠦᠢᠯᠭᠡᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ ᠬᠠᠩᠭᠠᠯᠭ᠎ᠠ ᠶᠢᠨ ᠬᠡᠯᠬᠢᠶᠡᠰᠦ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠰᠢᠨᠡᠴᠢᠯᠡᠨ᠎ᠡ᠃ ᠭᠤᠷᠪᠠ ᠳᠤ᠂ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠳᠥᠷᠪᠡ᠂ ᠬᠠᠩᠭᠠᠯᠭ᠎ᠠ ᠶᠢᠨ ᠬᠡᠯᠬᠢᠶᠡᠰᠦ ᠲᠠᠢ ᠮᠥᠩᠭᠦᠨ ᠭᠦᠢᠯᠭᠡᠭᠡ ᠶᠢ ᠢᠳᠡᠪᠬᠢᠲᠡᠢ ᠮᠥᠷᠲᠡᠭᠡᠨ ᠯᠠᠪᠳᠠᠭᠤᠨ ᠢᠶᠠᠷ ᠬᠥᠭᠵᠢᠭᠦᠯᠦᠨ᠎ᠡ᠃ ᠨᠢᠭᠡ ᠳᠤ᠂ ᠬᠠᠩᠭᠠᠯᠭ᠎ᠠ ᠶᠢᠨ ᠬᠡᠯᠬᠢᠶᠡᠰᠦ ᠲᠠᠢ ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠶᠢ ᠠᠬᠢᠭᠤᠯᠤᠨ᠎ᠠ᠃ ᠬᠤᠶᠠᠷ ᠲᠤ᠂ ᠬᠠᠩᠭᠠᠯᠭ᠎ᠠ ᠶᠢᠨ ᠬᠡᠯᠬᠢᠶᠡᠰᠦ ᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠰᠡᠷᠡᠮᠵᠢᠯᠡᠭᠦᠯᠦᠨ᠎ᠡ᠃      ᠲᠠᠪᠤ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢ ᠰᠠᠨᠠᠭᠠᠴᠢᠯᠠᠨ᠎ᠠ᠃ ᠨᠢᠭᠡ ᠳᠤ᠂ ᠵᠦᠢ ᠶᠣᠰᠣᠨ ᠤ ᠦᠢᠯᠡᠳᠬᠡᠯ ᠢ ᠰᠠᠨᠠᠭᠠᠴᠢᠯᠠᠨ᠎ᠠ᠃ ᠬᠤᠶᠠᠷ ᠲᠤ᠂ ᠪᠣᠬᠢᠷᠲᠤᠯ ᠦᠭᠡᠢ ᠭᠦᠢᠯᠭᠡᠭᠡ ᠶᠢ ᠠᠬᠢᠭᠤᠯᠤᠨ᠎ᠠ᠃ ᠭᠤᠷᠪᠠ ᠳᠤ᠂ ᠰᠥᠭᠡᠷᠭᠦ ᠴᠢᠭᠯᠡᠯ ᠤᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃      ᠵᠢᠷᠭᠤᠭ᠎ᠠ᠂ ᠳᠡᠯᠡᠬᠡᠢ ᠶᠢᠨ ᠴᠢᠨᠠᠷᠲᠠᠢ ᠬᠠᠩᠭᠠᠯᠭ᠎ᠠ ᠶᠢᠨ ᠬᠡᠯᠬᠢᠶᠡᠰᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠠᠨ ᠤ ᠣᠷᠣᠨ ᠤ ᠳᠡᠯᠡᠬᠡᠢ ᠶᠢᠨ ᠴᠢᠨᠠᠷᠲᠠᠢ ᠬᠠᠩᠭᠠᠯᠭ᠎ᠠ ᠶᠢᠨ ᠬᠡᠯᠬᠢᠶᠡᠰᠦ ᠶᠢᠨ ᠲᠣᠣᠷ ᠰᠦᠯᠵᠢᠶ᠎ᠡ ᠳᠤ ᠠᠭᠤᠰᠤᠯᠴᠠᠬᠤ ᠶᠢ ᠠᠬᠢᠭᠤᠯᠤᠨ᠎ᠠ᠃ ᠮᠠᠨ ᠤ ᠣᠷᠣᠨ ᠤ ᠵᠠᠮ ᠬᠠᠷᠢᠯᠴᠠᠭᠠᠨ ᠤ ᠬᠦᠢᠰᠦ᠂ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ᠂ ᠮᠡᠳᠡᠭᠡ ᠵᠠᠩᠭᠢ ᠶᠢᠨ ᠲᠠᠪᠴᠠᠩ ᠵᠡᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾  ᠳᠠᠭᠠᠤ ᠶᠢᠨ ᠤᠯᠤᠰ  ᠎ ᠯᠤᠭ᠎ᠠ  ᠬᠠᠷᠢᠯᠴᠠᠨ  ᠬᠤᠯᠪᠣᠯᠳᠤᠵᠤ  ᠬᠠᠷᠢᠯᠴᠠᠨ  ᠨᠡᠪᠲᠡᠷᠡᠯᠴᠡᠬᠦ  ᠶᠢ  ᠠᠬᠢᠭᠤᠯᠤᠨ᠎ᠠ᠃      ᠬᠥᠲᠥᠯᠥᠭᠴᠢ᠄      ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠡᠷᠡᠭᠯᠡᠭᠡ ᠶᠢ ᠠᠬᠢᠭᠤᠯᠬᠤ ᠶᠢᠨ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠭᠤᠣᠯ ᠡᠭᠦᠷᠭᠡ ᠨᠢ ᠶᠠᠭᠤ ᠪᠣᠢ︖      ᠯᠢ ᠵᠢᠶᠦ᠋ᠨ᠄      ᠭᠦᠢᠯᠭᠡᠭᠡᠨ ᠤ ᠬᠦᠷᠢᠶ᠎ᠡ ᠴᠠᠷᠠᠭᠠᠨ ᠳᠤ᠂ ᠬᠠᠩᠭᠠᠯᠭ᠎ᠠ ᠶᠢᠨ ᠬᠡᠯᠬᠢᠶᠡᠰᠦ ᠶᠢ ᠰᠢᠨᠡᠴᠢᠯᠡᠬᠦ ᠬᠢᠭᠡᠳ ᠬᠡᠷᠡᠭᠯᠡᠬᠦ ᠶᠢᠨ ᠭᠤᠣᠯ ᠡᠭᠦᠷᠭᠡ ᠪᠣᠯ ᠭᠦᠢᠯᠭᠡᠭᠡᠨ ᠤ ᠣᠳᠣᠬᠢᠴᠢᠯᠠᠭᠰᠠᠨ ᠬᠢᠷᠢ ᠲᠦᠪᠰᠢᠨ ᠢ ᠬᠦᠴᠦᠲᠡᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃      ᠭᠦᠢᠯᠭᠡᠭᠡ ᠬᠢᠭᠡᠳ ᠦᠢᠯᠡᠳᠪᠦᠷᠢᠯᠡᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠲᠠᠯ᠎ᠠ ᠪᠠᠷ᠂ ᠭᠦᠢᠯᠭᠡᠭᠡᠨ ᠤ ᠠᠵᠤ ᠠᠬᠤᠶᠢᠯᠠᠯ ᠬᠢᠭᠡᠳ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠬᠠᠮᠵᠢᠯᠴᠠᠭᠠᠨ ᠤ ᠲᠠᠪᠴᠠᠩ ᠢ ᠪᠠᠶᠢᠭᠤᠯᠤᠨ᠂ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠨᠣᠪᠴᠢᠲᠠᠢ ᠪᠠᠷ ᠳᠠᠮᠵᠢᠭᠤᠯᠵᠤ᠂ ᠬᠡᠷᠡᠭᠴᠡᠭᠡ ᠱᠠᠭᠠᠷᠳᠠᠯᠭ᠎ᠠ᠂ ᠬᠥᠮᠥᠷᠭᠡ ᠶᠢᠨ ᠬᠠᠳᠠᠭᠠᠯᠠᠭᠳᠠᠴᠠ ᠪᠠ ᠭᠦᠢᠯᠭᠡᠭᠡᠨ ᠤ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠬᠡᠰᠡᠭ ᠢ ᠬᠥᠲᠥᠯᠥᠨ ᠵᠢᠯᠣᠭᠤᠳᠴᠤ ᠦᠢᠯᠡᠳᠪᠦᠷᠢᠯᠡᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠮᠡᠷᠭᠡᠵᠢᠯ ᠪᠠ ᠦᠢᠯᠡᠳᠬᠦᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠲᠦᠷᠭᠡᠳᠬᠡᠵᠦ᠂ ᠦᠢᠯᠡᠳᠪᠦᠷᠢᠯᠡᠯ ᠢ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠵᠤ᠂ ᠬᠥᠮᠥᠷᠭᠡ ᠶᠢᠨ ᠬᠠᠳᠠᠭᠠᠯᠠᠭᠳᠠᠴᠠ ᠶᠢ ᠵᠦᠢ ᠵᠣᠬᠢᠰᠲᠠᠢ ᠪᠠᠷ ᠲᠣᠬᠢᠷᠠᠭᠤᠯᠤᠨ᠎ᠠ᠃ ᠳᠣᠲᠣᠭᠠᠳᠤ ᠭᠠᠳᠠᠭᠠᠳᠤ ᠳᠤ ᠪᠣᠷᠣᠯᠠᠭᠤᠯᠬᠤ ᠦᠢᠯᠡᠳᠬᠦᠨ ᠢ ︽ᠢᠵᠢᠯ ᠱᠤᠭᠤᠮ ᠢᠵᠢᠯ ᠪᠠᠷᠢᠮᠵᠢᠶ᠎ᠠ ᠢᠵᠢᠯ ᠶᠠᠰᠤ ᠴᠢᠨᠠᠷ︾᠎ ᠲᠠᠢ ᠪᠠᠶᠢᠯᠭᠠᠬᠤ ᠶᠢ ᠠᠬᠢᠭᠤᠯᠵᠤ᠂ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠭᠦᠢᠯᠭᠡᠭᠡ ᠳᠤ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ᠂ ᠬᠠᠩᠭᠠᠯᠭ᠎ᠠ ᠶᠢᠨ ᠬᠡᠯᠬᠢᠶᠡᠰᠦ ᠶᠢᠨ ᠣᠨᠣᠯᠵᠢᠬᠤᠨ ᠪᠠ ᠮᠡᠷᠭᠡᠵᠢᠯ ᠢ ᠬᠡᠷᠡᠭᠯᠡᠬᠦ ᠪᠠᠷ ᠳᠡᠮᠵᠢᠵᠦ᠂ ᠤᠬᠠᠭᠠᠯᠢᠭ ᠳᠡᠯᠭᠡᠭᠦᠷ᠂ ᠬᠤᠳᠠᠯᠳᠤᠭᠠᠨ ᠤ ᠲᠣᠭᠤᠷᠢᠭ ᠪᠠ ᠪᠣᠳᠠᠰ ᠤᠨ ᠭᠦᠢᠯᠭᠡᠭᠡ ᠶᠢ ᠬᠥᠭᠵᠢᠭᠦᠯᠦᠨ᠂ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶᠡᠰᠦ ᠶᠢᠨ ᠣᠶᠣᠨᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠭᠡᠮ ᠢᠶᠠᠷ ᠪᠣᠷᠣᠯᠠᠭᠤᠯᠬᠤ᠂ ᠵᠢᠵᠢᠭᠯᠡᠨ ᠬᠤᠳᠠᠯᠳᠤᠬᠤ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠬᠤᠳᠠᠯᠳᠤᠨ ᠠᠪᠬᠤ᠂ ᠰᠠᠯᠭᠠᠨ ᠪᠣᠷᠣᠯᠠᠭᠤᠯᠬᠤ᠂ ᠬᠥᠮᠥᠷᠭᠡ ᠳᠤ ᠬᠠᠳᠠᠭᠠᠯᠠᠬᠤ᠂ ᠲᠣᠬᠢᠷᠠᠭᠤᠯᠤᠨ ᠬᠦᠷᠭᠡᠬᠦ ᠵᠡᠷᠭᠡ ᠬᠠᠩᠭᠠᠯᠭ᠎ᠠ ᠶᠢᠨ ᠬᠡᠯᠬᠢᠶᠡᠰᠦ ᠶᠢᠨ ᠬᠠᠮᠵᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠪᠠᠭᠤᠳᠠᠯ᠂ ᠢᠳᠡᠭᠡᠨ ᠤᠮᠳᠠᠭᠠᠨ᠂ ᠨᠠᠰᠤᠵᠢᠯ ᠤᠨ ᠠᠰᠠᠷᠠᠮᠵᠢ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠠᠵᠢᠯ ᠲᠥᠷᠥᠯ ᠤᠨ ᠪᠠᠶᠢᠭᠤᠯᠤᠯᠲᠠ ᠳᠤ ᠬᠠᠩᠭᠠᠯᠭ᠎ᠠ ᠶᠢᠨ ᠬᠡᠯᠬᠢᠶᠡᠰᠦ ᠶᠢᠨ ᠶᠡᠷᠦᠩᠬᠡᠶᠢᠯᠡᠭᠰᠡᠨ ᠦᠢᠯᠡᠴᠢᠯᠡᠭᠡ ᠪᠠ ᠰᠣᠯᠢᠯᠴᠠᠭᠠᠨ ᠤ ᠲᠠᠪᠴᠠᠩ ᠢ ᠪᠠᠶᠢᠭᠤᠯᠬᠤ ᠶᠢ ᠵᠣᠷᠢᠭᠵᠢᠭᠤᠯᠵᠤ᠂ ᠬᠠᠩᠭᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠢᠯᠡᠴᠢᠯᠡᠭᠡ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠬᠠᠩᠭᠠᠯᠭ᠎ᠠ ᠶᠢᠨ ᠬᠡᠯᠬᠢᠶᠡᠰᠦ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ᠂ ᠤᠯᠠᠮᠵᠢᠯᠠᠯᠲᠤ ᠭᠦᠢᠯᠭᠡᠭᠡᠨ ᠤ ᠠᠵᠤ ᠠᠬᠤᠶᠢᠯᠠᠯ ᠠᠴᠠ ᠬᠠᠩᠭᠠᠯᠭ᠎ᠠ ᠶᠢᠨ ᠬᠡᠯᠬᠢᠶᠡᠰᠦ ᠶᠢᠨ ᠦᠢᠯᠡᠴᠢᠯᠡᠭᠡᠨ ᠤ ᠠᠵᠤ ᠠᠬᠤᠶᠢᠯᠠᠯ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠴᠤ᠂ ᠰᠢᠨ᠎ᠡ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶᠡᠰᠦ ᠲᠠᠢ ᠦᠢᠯᠡᠴᠢᠯᠡᠭᠡᠨ ᠤ ᠠᠵᠤ ᠠᠬᠤᠶᠢᠯᠠᠯ ᠢ ᠬᠥᠮᠥᠵᠢᠭᠦᠯᠦᠨ ᠪᠣᠶᠢᠵᠢᠭᠤᠯᠤᠨ᠎ᠠ᠃ ᠬᠠᠩᠭᠠᠯᠭ᠎ᠠ ᠶᠢᠨ ᠬᠡᠯᠬᠢᠶᠡᠰᠦ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠪᠴᠠᠩ ᠢ ᠪᠠᠶᠢᠭᠤᠯᠬᠤ ᠶᠢ ᠠᠬᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ᠂ ᠮᠥᠷᠳᠡᠨ ᠤᠬᠤᠴᠢᠯᠠᠬᠤ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠤᠳᠤᠯᠤᠨ ᠬᠥᠭᠵᠢᠭᠦᠯᠬᠦ ᠲᠥᠯᠥᠪᠯᠡᠭᠡ ᠵᠡᠷᠭᠡ ᠴᠢᠳᠠᠮᠵᠢ ᠶᠢ ᠥᠷᠭᠡᠳᠬᠡᠵᠦ᠂ ᠬᠤᠳᠠᠯᠳᠤᠨ ᠠᠪᠴᠤ ᠬᠡᠷᠡᠭᠵᠢᠭᠦᠯᠬᠦ᠂ ᠪᠠᠷᠠᠭᠠᠨ ᠤ ᠭᠦᠢᠯᠭᠡᠭᠡᠨ ᠳᠤ ᠦᠢᠯᠡᠴᠢᠯᠡᠬᠦ᠂ ᠰᠠᠯᠭᠠᠨ ᠪᠣᠷᠣᠯᠠᠭᠤᠯᠵᠤ ᠬᠡᠷᠡᠭᠵᠢᠭᠦᠯᠬᠦ᠂ ᠪᠡᠯᠡ ᠲᠣᠬᠢᠷᠠᠭᠤᠯᠵᠤ ᠲᠣᠭᠠᠴᠠᠨ ᠪᠣᠳᠣᠬᠤ᠂ ᠲᠠᠸᠠᠷ ᠤᠨ ᠪᠠᠶᠢᠴᠠᠭᠠᠯᠲᠠ ᠬᠢᠵᠦ ᠪᠣᠭᠤᠮᠲᠠ ᠳᠤ ᠮᠡᠳᠡᠭᠦᠯᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠬᠠᠩᠭᠠᠨ᠎ᠠ᠃      ᠬᠥᠲᠥᠯᠥᠭᠴᠢ᠄      ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠶᠢ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠶᠠᠭᠤ ᠶᠠᠭᠤ ᠪᠣᠢ︖      ᠯᠢ ᠵᠢᠶᠦ᠋ᠨ᠄      ᠪᠠᠲᠤᠯᠠᠬᠤ ᠠᠷᠭ᠎ᠠ ᠬᠡᠮᠵᠢᠶ᠎ᠡ ᠳᠤ ᠭᠤᠣᠯᠳᠠᠭᠤ 3 ᠲᠠᠯ᠎ᠠ ᠶᠢᠨ 9 ᠵᠦᠢᠯ ᠤᠨ ᠠᠭᠤᠯᠭ᠎ᠠ ᠶᠢ ᠪᠠᠭᠲᠠᠭᠠᠪᠠ᠃      ᠨᠢᠭᠡᠳᠦᠭᠡᠷ ᠲᠠᠯ᠎ᠠ ᠪᠠᠷ᠂ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠭᠦᠨ ᠳᠤ᠄ ᠨᠢᠭᠡ ᠳᠤ᠂ ᠠᠵᠢᠯ ᠲᠥᠷᠥᠯ ᠤᠨ ᠬᠠᠮᠢᠶᠠᠷᠤᠯᠲᠠ ᠶᠢ ᠰᠢᠯᠤᠭᠤᠳᠬᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ᠂ ᠭᠠᠳᠠᠭᠰᠢ ᠳᠠᠭᠠᠭᠠᠴᠢᠯᠠᠭᠤᠯᠬᠤ ᠳᠤ ᠦᠢᠯᠡᠴᠢᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠡᠯᠬᠢᠶᠡᠰᠦ ᠶᠢᠨ ᠠᠵᠤ ᠠᠬᠤᠶᠢᠯᠠᠯ ᠳᠤ ᠬᠠᠷᠠᠭᠠᠯᠵᠠᠭᠰᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠬᠤᠶᠠᠷ ᠲᠤ᠂ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠶᠢ ᠡᠭᠦᠳᠬᠦ ᠰᠦᠯᠵᠢᠶ᠎ᠡ᠂ ᠦᠢᠯᠡᠴᠢᠯᠡᠭᠡ ᠶᠢᠨ ᠲᠠᠪᠴᠠᠩ ᠢ ᠪᠠᠶᠢᠭᠤᠯᠬᠤ ᠶᠢ ᠵᠣᠷᠢᠭᠵᠢᠭᠤᠯᠵᠤ᠂ ᠨᠡᠶᠢᠭᠡᠮ ᠤᠨ ᠬᠥᠷᠥᠩᠭᠡ ᠣᠷᠣᠭᠤᠯᠤᠯᠲᠠ ᠶᠢ ᠵᠣᠷᠢᠭᠵᠢᠭᠤᠯᠤᠨ᠎ᠠ᠃ ᠭᠤᠷᠪᠠ ᠳᠤ᠂ ᠬᠠᠩᠭᠠᠯᠭ᠎ᠠ ᠶᠢᠨ ᠬᠡᠯᠬᠢᠶᠡᠰᠦ ᠶᠢᠨ ᠰᠤᠳᠤᠯᠤᠯᠲᠠ ᠬᠥᠭᠵᠢᠭᠦᠯᠦᠯᠲᠡ ᠥᠷᠨᠢᠭᠦᠯᠬᠦ ᠶᠢ ᠵᠣᠷᠢᠭᠵᠢᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠰᠢᠨᠡᠴᠢᠯᠡᠯᠲᠡ ᠬᠢᠭᠡᠳ ᠬᠡᠷᠡᠭᠯᠡᠭᠡ ᠳᠤ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠠ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢ ᠪᠠᠶᠢᠭᠤᠯᠬᠤ ᠶᠢ ᠳᠡᠮᠵᠢᠨ᠎ᠡ᠃ ᠳᠥᠷᠪᠡ ᠳᠤ᠂ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠭᠡᠬᠦ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠪᠠ᠃      ᠬᠤᠶᠠᠳᠤᠭᠠᠷ ᠲᠠᠯ᠎ᠠ ᠪᠠᠷ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠡᠭᠦᠨ ᠳᠤ᠄ ᠨᠢᠭᠡ ᠳᠤ᠂ ᠬᠠᠩᠭᠠᠯᠭ᠎ᠠ ᠶᠢᠨ ᠬᠡᠯᠬᠢᠶᠡᠰᠦ ᠶᠢᠨ ᠢᠲᠡᠭᠡᠮᠵᠢ ᠪᠠ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠶᠠᠷ ᠲᠤ᠂ ᠬᠠᠩᠭᠠᠯᠭ᠎ᠠ ᠶᠢᠨ ᠬᠡᠯᠬᠢᠶᠡᠰᠦ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ ᠭᠡᠬᠦ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠪᠠ᠃      ᠭᠤᠷᠪᠠᠳᠤᠭᠠᠷ ᠲᠠᠯ᠎ᠠ ᠪᠠᠷ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠭᠦᠨ ᠳᠤ᠄ ᠨᠢᠭᠡ ᠳᠤ᠂ ᠬᠠᠩᠭᠠᠯᠭ᠎ᠠ ᠶᠢᠨ ᠬᠡᠯᠬᠢᠶᠡᠰᠦ ᠶᠢ ᠪᠠᠷᠢᠮᠵᠢᠶᠠᠵᠢᠭᠤᠯᠬᠤ ᠠᠵᠢᠯ ᠢ ᠥᠷᠨᠢᠭᠦᠯᠦᠨ᠎ᠡ᠃ ᠬᠤᠶᠠᠷ ᠲᠤ᠂ ᠬᠠᠩᠭᠠᠯᠭ᠎ᠠ ᠶᠢᠨ ᠬᠡᠯᠬᠢᠶᠡᠰᠦ ᠶᠢᠨ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠤᠨ᠎ᠠ᠃ ᠭᠤᠷᠪᠠ ᠳᠤ᠂ ᠲᠤᠷᠰᠢᠯᠲᠠ ᠶᠢᠨ ᠴᠢᠭ᠋ ᠢᠶᠠᠷ ᠵᠢᠱᠢᠶ᠎ᠡ ᠦᠵᠡᠭᠦᠯᠦᠨ ᠳᠠᠶᠢᠴᠢᠯᠠᠨ᠎ᠠ ᠭᠡᠬᠦ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠪᠠ᠃      ᠬᠥᠲᠥᠯᠥᠭᠴᠢ᠄      ᠯᠢ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map