︽ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠤᠯᠤᠰ ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018/5/2
     2018 ᠣᠨ ᠤ 2 ᠳ᠋ᠤᠭᠠᠷ ᠰᠠᠷ᠎ᠠ ᠶᠢᠨ 28᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠤᠯᠤᠰ ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2018﹈ 17 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨ ︽ᠬᠡᠷᠡᠭᠵᠢᠭᠦᠯᠬᠦ ᠰᠠᠨᠠᠯ︾᠎ ᠤᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃      ᠨᠢᠭᠡ᠂ ︽ᠬᠡᠷᠡᠭᠵᠢᠭᠦᠯᠬᠦ ᠰᠠᠨᠠᠯ︾᠎ ᠢ ᠲᠣᠭᠲᠠᠭᠠᠭᠰᠠᠨ ᠠᠬᠤᠢ ᠪᠠᠶᠢᠳᠠᠯ ᠪᠠ ᠦᠨᠳᠦᠰᠦᠯᠡᠯ ᠨᠢ ᠶᠠᠭᠤ ᠪᠣᠢ︖      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠲᠥᠪ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠ ᠪᠠᠶᠢᠷᠢᠰᠢᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠶᠡᠭᠡ ᠪᠠᠷ ᠠᠬᠢᠭᠤᠯᠤᠭᠰᠠᠨ ᠠᠴᠠ᠂ ᠪᠠᠶᠢᠷᠢᠰᠢᠭᠤᠯᠤᠯ ᠤᠨ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠵᠦ᠂ ᠬᠡᠪᠴᠢᠶ᠎ᠡ ᠪᠠ ᠪᠣᠳᠠᠲᠤ ᠬᠦᠴᠦᠨ ᠨᠢ ᠤᠯᠠᠮ ᠴᠢᠨᠠᠭᠰᠢᠳᠠ ᠴᠢᠩᠭᠠᠷᠠᠵᠤ᠂ ᠬᠥᠭᠵᠢᠯᠲᠡ ᠶᠢᠨ ᠶᠠᠰᠤ ᠴᠢᠨᠠᠷ ᠨᠢ ᠤᠯᠠᠮ ᠨᠢᠭᠡ ᠠᠯᠬᠤᠮ ᠳᠡᠭᠡᠭᠰᠢᠯᠡᠨ᠂ ᠡᠯ᠎ᠡ ᠵᠦᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠨᠢ ᠢᠳᠡᠪᠬᠢᠲᠡᠢ ᠦᠷ᠎ᠡ ᠪᠦᠲᠦᠮᠵᠢ ᠣᠯᠵᠠᠢ᠃ ᠭᠡᠲᠡᠯ᠎ᠡ ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠶᠡᠷᠦᠩᠬᠡᠢ ᠬᠡᠮᠵᠢᠶ᠎ᠡ ᠨᠢ ᠪᠠᠭ᠎ᠠ᠂ ᠡᠳ᠋ ᠬᠥᠷᠥᠩᠭᠡ ᠶᠢ ᠲᠡᠮᠳᠡᠭᠲᠦ ᠪᠣᠯᠭᠠᠭᠰᠠᠨ ᠨᠣᠷᠮ᠎ᠠ ᠎ ᠨᠢ ᠳᠣᠣᠷ᠎ᠠ᠂ ᠠᠵᠤ ᠦᠢᠯᠡᠰ ᠤᠨ ᠪᠦᠲᠦᠴᠡ ᠨᠢ ᠨᠡᠯᠢᠶᠡᠳ ᠳᠠᠩ ᠴᠤᠯᠭᠤᠢ᠂ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠭᠰᠠᠨ ᠦᠭᠡᠢ ᠠᠰᠠᠭᠤᠳᠠᠯ ᠨᠢ ᠮᠥᠨ ᠬᠦ ᠲᠣᠪᠣᠶᠢᠮ᠎ᠠ ᠪᠠᠶᠢᠨ᠎ᠠ᠃ 2016 ᠣᠨ ᠳᠤ ᠪᠦᠷᠢᠳᠬᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠣᠲᠣᠷ᠎ᠠ᠂ ᠡᠳ᠋ ᠬᠥᠷᠥᠩᠭᠡ ᠶᠢᠨ ᠬᠡᠪᠴᠢᠶᠡᠵᠢᠯ ᠨᠢ 1500 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠵᠥᠪᠬᠡᠨ 1 ᠪᠠᠶᠢᠵᠤ᠂ 500 — 1000 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ 1᠂ 100 — 500 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ 2᠂ 100 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠠᠵᠤ ᠠᠬᠤᠶᠢᠯᠠᠯ 8 ᠪᠠᠶᠢᠨ᠎ᠠ᠃ ᠡᠭᠦᠨ ᠤ ᠬᠠᠮᠲᠤ᠂ ᠲᠥᠪ ᠤᠨ ᠠᠵᠤ ᠠᠬᠤᠶᠢᠯᠠᠯ ᠪᠠ ᠬᠥᠭᠵᠢᠭᠰᠡᠨ ᠮᠤᠵᠢ ︵ᠣᠷᠣᠨ᠂ ᠬᠤᠲᠠ︶᠎ ᠶᠢᠨ ᠬᠢᠨ ᠣᠶᠢᠷ᠎ᠠ ᠶᠢᠨ ᠵᠢᠯ ᠤᠳ ᠲᠤ ᠤᠯᠤᠰ ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠪᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠬᠤᠭᠤᠷᠣᠨᠳᠤ ᠰᠢᠯᠢᠳᠡᠭᠵᠢᠭᠦᠯᠵᠦ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠭᠰᠠᠨ ᠠᠴᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢ ᠬᠠᠮᠤᠭ ᠤᠨ ᠠᠩᠬᠠᠨ ᠤ 196᠎ ᠠᠴᠠ ᠪᠠᠭᠠᠰᠤᠭᠠᠳ ᠣᠳᠣᠬᠠᠨ ᠳᠤ 97 ᠪᠣᠯᠵᠤ᠂ ᠬᠥᠭᠵᠢᠭᠰᠡᠨ ᠮᠤᠵᠢ ︵ᠣᠷᠣᠨ᠂ ᠬᠤᠲᠠ︶᠎ ᠨᠤᠭᠤᠳ ᠴᠤ ᠮᠤᠵᠢ ᠶᠢᠨ ᠬᠠᠷᠢᠶᠠᠲᠤ ᠨᠢᠭᠡ ᠶᠡᠭᠡ ᠪᠦᠯᠦᠭ ᠠᠵᠤ ᠠᠬᠤᠶᠢᠯᠠᠯ ᠢ ᠳᠠᠬᠢᠨ ᠪᠠᠶᠢᠭᠤᠯᠵᠤ ᠡᠮᠬᠢᠯᠡᠨ ᠴᠡᠭᠴᠡᠯᠡᠬᠦ ᠶᠢ ᠠᠬᠢᠭᠤᠯᠤᠨ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠦᠭᠰᠡᠨ ᠠᠴᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ ᠨᠢ ᠢᠯᠡᠳᠲᠡ ᠴᠢᠩᠭᠠᠷᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠲᠦᠴᠡ ᠶᠢ ᠲᠣᠬᠢᠷᠠᠭᠤᠯᠬᠤ ᠶᠢ ᠤᠯᠠᠮ ᠴᠢᠨᠠᠭᠰᠢᠳᠠ ᠠᠬᠢᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢᠨ ᠲᠥᠯᠥᠭᠡ᠂ ︽ᠲᠥᠪ ᠤᠨ ᠠᠵᠤ ᠠᠬᠤᠶᠢᠯᠠᠯ ᠤᠨ ᠪᠦᠲᠦᠴᠡ ᠶᠢ ᠲᠣᠬᠢᠷᠠᠭᠤᠯᠬᠤ ᠬᠢᠭᠡᠳ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2016﹈ 56 ᠳ᠋ᠤᠭᠠᠷ ᠲᠣᠭᠠᠲᠤ︶᠎ ᠢᠶᠠᠷ ᠯᠠᠪᠯᠠᠯᠲᠠ ᠪᠣᠯᠭᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ︽ᠬᠡᠷᠡᠭᠵᠢᠭᠦᠯᠬᠦ ᠰᠠᠨᠠᠯ︾᠎ ᠢ ᠰᠤᠳᠤᠯᠤᠨ ᠲᠣᠭᠲᠠᠭᠠᠭᠰᠠᠨ ᠪᠠᠶᠢᠨ᠎ᠠ᠃      ᠬᠤᠶᠠᠷ᠂ ᠭᠤᠣᠯ ᠬᠠᠷᠠᠯᠲᠠ ᠨᠢ ᠶᠠᠭᠤ ᠪᠣᠢ︖      ︽ᠬᠡᠷᠡᠭᠵᠢᠭᠦᠯᠬᠦ ᠰᠠᠨᠠᠯ︾᠎ ᠳᠤ ᠳᠤᠷᠠᠳᠤᠭᠰᠠᠨ ᠬᠠᠷᠠᠯᠲᠠ ᠶᠣᠰᠣᠭᠠᠷ᠂ 2020 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠡᠩ ᠣᠨᠣᠪᠴᠢᠲᠠᠢ ᠪᠣᠯᠭᠠᠵᠤ᠂ ᠭᠤᠣᠯ ᠪᠣᠯᠬᠤ ᠦᠢᠯᠡᠰ ᠢ ᠨᠡᠩ ᠲᠣᠪᠣᠶᠢᠯᠭᠠᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠨᠢ ᠲᠠᠰᠤᠷᠠᠯᠲᠠ ᠦᠭᠡᠢ ᠲᠦᠷᠭᠡᠳᠬᠡᠵᠦ᠂ ᠠᠰᠢᠭ ᠣᠷᠣᠯᠭ᠎ᠠ ᠣᠯᠬᠤ ᠴᠢᠳᠠᠪᠤᠷᠢ ᠬᠢᠭᠡᠳ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯ ᠤᠨ ᠪᠦᠲᠦᠴᠡ ᠶᠢ ᠨᠡᠩ ᠵᠦᠢ ᠵᠣᠬᠢᠰᠲᠠᠢ ᠪᠣᠯᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢ ᠲᠣᠬᠢᠷᠠᠭᠤᠯᠬᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ 2025 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠮᠵᠢ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠢᠯᠡᠷᠬᠡᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠳᠤ ᠨᠡᠯᠢᠶᠡᠳ ᠴᠢᠩᠭ᠎ᠠ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠲᠠᠢ ᠨᠢᠭᠡ ᠪᠦᠯᠦᠭ ᠲᠡᠷᠢᠭᠦᠨ ᠤ ᠠᠵᠤ ᠠᠬᠤᠶᠢᠯᠠᠯ ᠢ ᠬᠥᠮᠥᠵᠢᠭᠦᠯᠦᠨ ᠪᠣᠶᠢᠵᠢᠭᠤᠯᠤᠨ᠎ᠠ︔ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯ ᠤᠨ ᠪᠦᠲᠦᠴᠡ ᠶᠢ ᠨᠡᠩ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠲᠣᠬᠢᠷᠠᠭᠤᠯᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃      ᠭᠤᠷᠪᠠ᠂ ︽ᠬᠡᠷᠡᠭᠵᠢᠭᠦᠯᠬᠦ ᠰᠠᠨᠠᠯ︾᠎ ᠤᠨ ᠭᠤᠣᠯ ᠠᠭᠤᠯᠭ᠎ᠠ ᠨᠢ ᠶᠠᠭᠤ ᠪᠣᠢ︖      ︽ᠬᠡᠷᠡᠭᠵᠢᠭᠦᠯᠬᠦ ᠰᠠᠨᠠᠯ︾᠎ ᠢ ᠶᠡᠷᠦᠩᠬᠡᠢ ᠳᠤ ᠨᠢ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ᠂ ᠭᠤᠣᠯᠳᠠᠯᠭᠠᠲᠤ ᠡᠭᠦᠷᠭᠡ ᠪᠠ ᠪᠠᠲᠤᠯᠠᠬᠤ ᠠᠷᠭ᠎ᠠ ᠬᠡᠮᠵᠢᠶ᠎ᠡ ᠭᠡᠬᠦ ᠲᠠᠪᠤᠨ ᠬᠡᠰᠡᠭ ᠬᠤᠪᠢᠶᠠᠨ᠎ᠠ᠃      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠢᠳᠡᠪᠬᠢᠲᠡᠢ ᠠᠬᠢᠭᠤᠯᠵᠤ᠂ ᠲᠡᠷᠢᠭᠦᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢ ᠴᠢᠨᠠᠷᠯᠢᠭ ᠰᠢᠯᠢᠳᠡᠭ ᠮᠥᠷᠲᠡᠭᠡᠨ ᠶᠡᠭᠡ ᠪᠠᠷ ᠬᠢᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃      ︵ᠬᠤᠶᠠᠷ︶ ᠦᠨᠳᠦᠰᠦᠨ ᠵᠠᠷᠴᠢᠮ      ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠪᠠ ᠠᠵᠤ ᠠᠬᠤᠶᠢᠯᠠᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠲᠠᠢ ᠤᠶᠠᠯᠳᠤᠭᠤᠯᠬᠤ ᠶᠢ ᠪᠠᠷᠢᠮᠲᠠᠯᠠᠨ᠂ ᠬᠠᠤᠯᠢ ᠶᠣᠰᠣᠭᠠᠷ ᠵᠢᠷᠤᠮᠵᠢᠯ ᠲᠠᠢ ᠡᠮᠬᠢ ᠵᠢᠷᠤᠮ ᠲᠠᠢ ᠬᠡᠷᠡᠭᠵᠢᠭᠦᠯᠬᠦ ᠶᠢ ᠪᠠᠷᠢᠮᠲᠠᠯᠠᠵᠤ᠂ ᠰᠢᠰᠲ᠋ᠧᠮ ᠲᠠᠢ ᠤᠬᠠᠭᠠᠯᠠᠨ ᠲᠥᠯᠥᠪᠯᠡᠵᠦ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ᠎ᠠ᠃      ︵ᠭᠤᠷᠪᠠ︶ ᠭᠤᠣᠯᠳᠠᠯᠭᠠᠲᠤ ᠡᠭᠦᠷᠭᠡ      ᠨᠢᠭᠡ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠠᠲᠤᠳᠬᠠᠨ ᠪᠤᠵᠠᠭᠠᠶᠢᠷᠠᠭᠤᠯᠬᠤ ᠶᠢ ᠠᠬᠢᠭᠤᠯᠤᠨ᠎ᠠ᠃ ᠣᠷᠣᠨ ᠤ ᠬᠠᠷᠢᠶ᠎ᠠ ᠪᠦᠬᠦᠢ ᠬᠤᠳᠠᠯᠳᠤᠭᠠᠨ ᠤ ᠥᠷᠢᠰᠦᠯᠳᠦᠭᠡᠨ ᠤ ᠲᠥᠷᠥᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠣᠷᠣᠨ ᠤ ᠬᠠᠷᠢᠶ᠎ᠠ ᠪᠦᠬᠦᠢ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ᠂ ᠣᠷᠣᠨ ᠤ ᠬᠠᠷᠢᠶ᠎ᠠ ᠪᠦᠬᠦᠢ ᠣᠨᠴᠠᠭᠠᠢ ᠴᠢᠳᠠᠮᠵᠢ ᠶᠢᠨ ᠲᠥᠷᠥᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠂ ᠣᠷᠣᠰᠢᠵᠤ ᠪᠠᠶᠢᠭ᠎ᠠ ᠠᠵᠢᠯ ᠲᠥᠷᠥᠯ ᠤᠨ ᠬᠢᠨᠢ ᠰᠢᠨᠵᠢ ᠴᠢᠨᠠᠷ ᠪᠠ ᠠᠵᠤ ᠠᠬᠤᠶᠢᠯᠠᠯ ᠤᠨ ᠲᠥᠷᠥᠯ ᠢᠯᠭᠠᠯ ᠤᠨ ᠵᠥᠷᠢᠶ᠎ᠡ ᠶᠢ ᠦᠨᠳᠦᠰᠦᠯᠡᠵᠦ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠪᠠ ᠰᠤᠳᠤᠯᠤᠨ ᠨᠡᠭᠡᠭᠡᠵᠦ ᠣᠷᠣᠭᠤᠯᠤᠯᠲᠠ ᠬᠢᠬᠦ ᠡᠷᠴᠢᠮ ᠢ ᠴᠢᠩᠭᠠᠷᠠᠭᠤᠯᠵᠤ᠂ ᠬᠤᠯᠢᠮᠠᠭ ᠥᠮᠴᠢᠯᠡᠯᠲᠦ ᠠᠵᠤ ᠠᠬᠤᠢ ᠶᠢ ᠬᠥᠭᠵᠢᠭᠦᠯᠦᠨ᠂ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ︔ ᠤᠯᠤᠰ ᠤᠨ ᠥᠮᠴᠢᠯᠡᠯᠲᠦ ᠬᠥᠷᠥᠩᠭᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠳᠤ ᠢᠳᠡᠪᠬᠢᠲᠡᠢ ᠬᠥᠲᠥᠯᠥᠨ ᠣᠷᠣᠭᠤᠯᠵᠤ᠂ ᠰᠲ᠋ᠣᠺ ᠤᠨ ᠡᠷᠬᠡ ᠶᠢᠨ ᠣᠯᠠᠨ ᠡᠰᠢᠵᠢᠯᠲᠡ ᠶᠢ ᠠᠬᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠵᠠᠬ᠎ᠠ ᠳᠡᠯᠭᠡᠭᠦᠷᠵᠢᠭᠦᠯᠦᠯᠲᠡ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠷᠭᠡᠨ ᠢᠶᠠᠷ ᠬᠥᠭᠵᠢᠬᠦ ᠶᠢ ᠠᠬᠢᠭᠤᠯᠤᠨ᠎ᠠ᠃      ᠬᠤᠶᠠᠷ ᠲᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠤᠨ ᠦᠢᠯᠡᠳᠪᠦᠷᠢᠯᠡᠯ ᠪᠣᠯᠪᠠᠰᠤᠷᠠᠭᠤᠯᠤᠯᠲᠠ᠂ ᠲᠣᠮᠣ ᠳ᠋ᠠᠶᠢᠲ᠋ᠠ ᠶᠢᠨ ᠡᠭᠦᠯᠡᠨ ᠪᠣᠳᠣᠯᠲᠠ᠂ ᠮᠣᠩᠭᠤᠯ ᠬᠢᠲᠠᠳ ᠡᠮ ᠡᠮᠴᠢᠯᠡᠭᠡ᠂ ᠡᠷᠡᠭᠦᠯ ᠴᠢᠬᠢᠷᠠᠭ ᠨᠠᠰᠤᠵᠢᠯ ᠤᠨ ᠠᠰᠠᠷᠠᠮᠵᠢ᠂ ᠵᠢᠭᠤᠯᠴᠢᠯᠠᠯ ᠵᠡᠷᠭᠡ ᠠᠵᠤ ᠦᠢᠯᠡᠰ ᠲᠤ ᠪᠠᠶᠢᠷᠢᠯᠠᠭᠤᠯᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠬᠤ ᠪᠠ ᠠᠵᠢᠯᠯᠠᠨ ᠡᠵᠡᠩᠨᠡᠬᠦ ᠺᠣᠮᠫᠠᠨᠢ ᠶᠢ ᠥᠭᠡᠷᠡᠴᠢᠯᠡᠨ ᠵᠣᠬᠢᠶᠠᠨ ᠪᠠᠶᠢᠭᠤᠯᠵᠤ᠂ ᠬᠤᠶᠠᠷ ᠲᠥᠷᠥᠯ ᠤᠨ ᠺᠣᠮᠫᠠᠨᠢ ᠶᠢ ᠪᠦᠲᠦᠮᠵᠢᠲᠡᠢ ᠠᠵᠢᠯᠯᠠᠭᠤᠯᠤᠨ ᠡᠵᠡᠩᠨᠡᠬᠦ ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠵᠦᠢ ᠵᠣᠬᠢᠰᠲᠠᠢ ᠰᠢᠯᠵᠢᠭᠦᠯᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠲᠥᠯᠥᠨ ᠬᠡᠷᠡᠭᠯᠡᠭᠡᠨ ᠤ ᠰᠠᠭᠤᠷᠢ ᠰᠤᠳᠤᠯᠤᠯᠲᠠ ᠪᠠ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠴᠢᠩᠭᠠᠳᠬᠠᠵᠤ᠂ ᠠᠩᠬᠠᠨ ᠤ ᠪᠠ  ᠨᠡᠶᠢᠯᠡᠮᠡᠯ  ᠰᠢᠨ᠎ᠡ ᠎ ᠶᠢ  ᠡᠭᠦᠳᠬᠦ  ᠴᠢᠳᠠᠪᠤᠷᠢ ᠎ ᠶᠢ  ᠳᠡᠭᠡᠭᠰᠢᠯᠡᠭᠦᠯᠦᠨ᠎ᠡ᠃      ᠭᠤᠷᠪᠠ ᠳᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠷ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃ ᠡᠨᠧᠷᠭᠢ᠂ ᠪᠣᠯᠣᠳ ᠲᠡᠮᠦᠷ᠂ ᠬᠤᠪᠣᠷ ᠰᠢᠷᠣᠢ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ᠂ ᠠᠵᠤ ᠦᠢᠯᠡᠰ ᠤᠨ ᠪᠦᠬᠦ ᠬᠡᠯᠬᠢᠶᠡᠨ ᠤ ᠥᠷᠢᠰᠦᠯᠳᠦᠭᠡᠨ ᠤ ᠳᠠᠪᠠᠭᠤᠯᠢᠭ ᠢ ᠪᠣᠢ ᠪᠣᠯᠭᠠᠵᠤ᠂ ᠬᠠᠮᠵᠢᠯᠴᠠᠬᠤ ᠦᠢᠯᠡᠳᠦᠯ ᠨᠥᠯᠥᠭᠡ ᠶᠢ ᠨᠡᠩ ᠰᠠᠶᠢᠲᠤᠷ ᠪᠠᠳᠠᠷᠠᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠨᠧᠷᠭᠢ ᠠᠴᠠ ᠳᠠᠪᠠᠭᠤᠯᠢᠭ ᠠᠵᠤ ᠠᠬᠤᠶᠢᠯᠠᠯ ᠲᠡᠶᠢᠰᠢ ᠲᠥᠪᠯᠡᠷᠡᠭᠦᠯᠦᠨ᠂ ᠳᠠᠪᠠᠭᠤᠯᠢᠭ ᠠᠵᠤ ᠠᠬᠤᠶᠢᠯᠠᠯ ᠤᠨ ᠭᠤᠣᠯ ᠪᠣᠯᠬᠤ ᠠᠵᠢᠯ ᠦᠢᠯᠡᠰ ᠲᠡᠶᠢᠰᠢ ᠲᠥᠪᠯᠡᠷᠡᠭᠦᠯᠬᠦ ᠶᠢ ᠳᠡᠮᠵᠢᠵᠦ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠤᠰᠤᠨ ᠤ ᠡᠬᠢ ᠪᠠᠶᠠᠯᠢᠭ᠂ ᠵᠢᠭᠤᠯᠴᠢᠯᠠᠯ᠂ ᠲᠠᠷᠢᠶᠠᠯᠠᠩ ᠮᠠᠯ ᠠᠬᠤᠢ ᠵᠡᠷᠭᠡ ᠤᠯᠤᠰ ᠤᠨ ᠥᠮᠴᠢᠯᠡᠯᠲᠦ ᠡᠬᠢ ᠪᠠᠶᠠᠯᠢᠭ ᠬᠥᠷᠥᠩᠭᠡ ᠮᠥᠩᠭᠦ ᠶᠢ ᠵᠦᠢ ᠵᠣᠬᠢᠰᠲᠠᠢ ᠰᠢᠯᠵᠢᠭᠦᠯᠵᠦ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠳᠣᠲᠣᠭᠠᠳᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠡᠰ ᠳᠠᠪᠬᠤᠷᠭ᠎ᠠ ᠶᠢ ᠪᠠᠭᠠᠰᠬᠠᠵᠤ᠂ ᠬᠠᠮᠢᠶᠠᠷᠤᠨ ᠡᠵᠡᠮᠳᠡᠬᠦ ᠵᠠᠭᠪᠤᠷ ᠬᠢᠭᠡᠳ ᠵᠣᠬᠢᠶᠠᠨ ᠪᠠᠶᠢᠭᠤᠯᠬᠤ ᠲᠥᠰᠥᠪ ᠤᠨ ᠲᠣᠬᠢᠷᠠᠭᠤᠯᠤᠯᠲᠠ ᠪᠠ ᠶᠠᠪᠤᠴᠠ ᠶᠢ ᠳᠠᠬᠢᠨ ᠵᠣᠬᠢᠶᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠦᠷ᠎ᠡ ᠪᠦᠲᠦᠮᠵᠢ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃      ︵ᠳᠥᠷᠪᠡ︶ ᠪᠠᠲᠤᠯᠠᠬᠤ ᠠᠷᠭ᠎ᠠ ᠬᠡᠮᠵᠢᠶ᠎ᠡ      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠡᠮᠵᠢᠬᠦ ᠡᠷᠴᠢᠮ ᠢ ᠴᠢᠩᠭᠠᠷᠠᠭᠤᠯᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠪᠠᠷ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠠᠢ᠃      ᠳᠥᠷᠪᠡ᠂ ᠬᠤᠯᠪᠣᠭᠳᠠᠬᠤ ᠬᠡᠪᠴᠢᠶ᠎ᠡ ᠨᠢ ᠶᠠᠭᠤ ᠪᠣᠢ︖      ︽ᠬᠡᠷᠡᠭᠵᠢᠭᠦᠯᠬᠦ ᠰᠠᠨᠠᠯ︾᠎ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ ᠪᠦᠲᠦᠴᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠠᠨᠳᠤᠭᠤᠯᠤᠨ᠂ ᠲᠣᠬᠢᠷᠠᠭᠤᠯᠤᠨ ᠰᠢᠯᠢᠳᠡᠭᠵᠢᠭᠦᠯᠬᠦ ᠬᠠᠷᠠᠯᠲᠠ᠂ ᠡᠭᠦᠷᠭᠡ ᠪᠠ ᠲᠣᠬᠢᠷᠠᠯᠴᠠᠭᠰᠠᠨ ᠠᠷᠭ᠎ᠠ ᠬᠡᠮᠵᠢᠶ᠎ᠡ ᠶᠢ ᠳᠤᠷᠠᠳᠴᠤ᠂ ᠲᠣᠬᠢᠷᠠᠭᠤᠯᠤᠨ ᠰᠢᠯᠢᠳᠡᠭᠵᠢᠭᠦᠯᠬᠦ ᠬᠡᠪᠴᠢᠶ᠎ᠡ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠵᠢᠴᠢ ᠲᠥᠪᠯᠡᠷᠡᠭᠦᠯᠵᠦ ᠨᠢᠭᠡᠳᠦᠯᠲᠡᠢ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠠᠶᠢᠳᠠᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠣᠷᠣᠨ ᠤ ᠬᠠᠷᠢᠶ᠎ᠠ ᠪᠦᠬᠦᠢ ᠪᠤᠰᠤᠳ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠠᠭᠲᠠᠭᠠᠨ᠎ᠠ᠃      ᠲᠠᠪᠤ᠂ ᠰᠠᠶᠢᠲᠤᠷ ᠡᠵᠡᠮᠳᠡᠬᠦ ᠴᠢᠬᠤᠯᠠᠲᠠᠢ ᠭᠤᠣᠯᠳᠠᠯᠭ᠎ᠠ ᠨᠢ ᠶᠠᠭᠤ ᠪᠣᠢ︖      ︵ᠨᠢᠭᠡ︶ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠡᠭᠦᠷᠭᠡ ᠬᠠᠷᠢᠭᠤᠴᠠᠯᠭ᠎ᠠ ᠪᠠᠨ ᠲᠦᠷᠭᠡᠳᠬᠡᠨ ᠬᠤᠪᠢᠷᠠᠭᠤᠯᠵᠤ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠮᠴᠢᠯᠡᠬᠦ ᠡᠷᠬᠡ ᠪᠠ ᠡᠵᠡᠩᠨᠡᠬᠦ ᠡᠷᠬᠡ ᠶᠢᠨ ᠵᠠᠭᠠᠭ ᠬᠢᠵᠠᠭᠠᠷ ᠢ ᠰᠢᠨᠵᠢᠯᠡᠬᠦ ᠤᠬᠠᠭᠠᠴᠢ ᠪᠠᠷ ᠢᠯᠭᠠᠨ ᠲᠣᠭᠲᠠᠭᠠᠵᠤ᠂ ᠬᠢᠨᠠᠨ ᠬᠠᠮᠢᠶᠠᠷᠬᠤ ᠡᠷᠬᠡ ᠶᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠎ᠡ᠃      ︵ᠬᠤᠶᠠᠷ︶ ︽︿ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠶᠠᠨ ᠳᠠᠬᠢ ᠠᠵᠤ ᠠᠬᠤᠶᠢᠯᠠᠯ ᠢ ᠠᠩᠭᠢᠳᠠ ᠰᠠᠯᠭᠠᠨ ᠥᠭᠡᠷᠡᠴᠢᠯᠡᠯᠲᠡ ᠬᠢᠬᠦ ᠪᠠ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠵᠦ ᠨᠢᠭᠡᠳᠦᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠲᠥᠰᠥᠯ﹀᠎ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ  ﹇2017﹈ 15 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠵᠦ ᠨᠢᠭᠡᠳᠦᠯᠲᠡᠢ ᠬᠢᠨᠠᠨ ᠬᠠᠮᠢᠶᠠᠷᠬᠤ ᠶᠢ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠪᠦᠲᠦᠴᠡ ᠶᠢ ᠲᠣᠬᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠷ ᠳᠠᠬᠢᠨ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢ ᠴᠢᠨᠠᠷᠯᠢᠭ ᠰᠢᠯᠢᠳᠡᠭ ᠮᠥᠷᠲᠡᠭᠡᠨ ᠶᠡᠭᠡ ᠪᠠᠷ ᠬᠢᠬᠦ ᠎ ᠳᠤ ᠨᠥᠬᠦᠴᠡᠯ ᠡᠭᠦᠳᠴᠦ ᠥᠭᠭᠦᠨ᠎ᠡ᠃              ︵ᠭᠤᠷᠪᠠ︶ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯ ᠤᠨ ᠪᠦᠲᠦᠴᠡ ᠶᠢᠨ ᠲᠣᠬᠢᠷᠠᠭᠤᠯᠤᠯᠲᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠣᠳᠠᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map