︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠥᠷᠨᠢᠭᠦᠯᠬᠦ ᠲᠤᠬᠠᠢ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018/5/24
     ᠡᠮᠦᠨᠡᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠣᠨᠢᠨ ᠮᠡᠳᠡᠭᠡ ᠢᠯᠡᠳᠬᠡᠭᠴᠢ ᠡᠭᠦᠨ ᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃      ᠨᠢᠭᠡ᠂ ︽ᠮᠡᠳᠡᠭᠳᠡᠯ︾᠎ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠳᠠᠯᠳᠤᠭ᠎ᠠ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠪᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ᠂ ᠵᠠᠬ᠎ᠠ ᠳᠡᠯᠭᠡᠭᠦᠷ ᠢ ᠨᠢᠭᠡᠳᠦᠭᠦᠯᠬᠦ ᠪᠠ ᠡᠷᠬᠡ ᠲᠡᠭᠰᠢ ᠪᠠᠷ ᠥᠷᠢᠰᠦᠯᠳᠦᠬᠦ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠲᠣᠭᠲᠠᠭᠠᠯ ᠪᠠ ᠬᠢᠳᠡᠯ ᠢ ᠢᠯᠭᠠᠷᠠᠭᠤᠯᠤᠨ ᠴᠡᠪᠡᠷᠯᠡᠵᠦ ᠬᠦᠴᠦᠨ ᠦᠭᠡᠢ ᠪᠣᠯᠭᠠᠨ᠂ ᠵᠠᠬ᠎ᠠ ᠳᠡᠯᠭᠡᠭᠦᠷ ᠤᠨ ᠡᠯ᠎ᠡ ᠲᠥᠷᠥᠯ ᠤᠨ ᠭᠤᠣᠯ ᠴᠣᠭᠴᠠ ᠶᠢᠨ ᠠᠮᠢᠳᠤ ᠬᠦᠴᠦᠨ ᠢ ᠬᠥᠭᠵᠢᠭᠡᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠴᠢᠯᠦᠭᠡᠲᠡᠢ ᠪᠣᠯᠭᠠᠬᠤ ᠳᠥᠭᠦᠮ ᠪᠣᠯᠭᠠᠬᠤ ᠥᠨᠳᠥᠷ ᠬᠢᠷᠢ ᠲᠦᠪᠰᠢᠨ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ ᠯᠢ ᠺᠧ ᠴᠢᠶᠠᠩ ᠶᠡᠷᠦᠩᠬᠡᠢ ᠰᠠᠶᠢᠳ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠪᠣᠯ ᠳᠠᠷᠤᠢ ᠥᠷᠢᠰᠦᠯᠳᠦᠬᠦ ᠬᠦᠴᠦᠨ᠂ ᠳᠠᠷᠤᠢ ᠦᠢᠯᠡᠳᠪᠦᠷᠢᠯᠡᠯ ᠤᠨ ᠬᠦᠴᠦᠨ ᠮᠥᠨ︔ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠬᠦᠴᠦᠯᠡᠬᠦ ᠴᠡᠭ ᠢ ︽ᠲᠥᠷᠥᠯ ᠵᠦᠢᠯ ᠢ ᠠᠳᠬᠤᠵᠤ︾ ᠪᠠᠶᠢᠭᠰᠠᠨ ᠠᠴᠠ ︽ᠣᠷᠴᠢᠨ ᠲᠣᠭᠤᠷᠢᠨ ᠢ ᠠᠳᠬᠤᠬᠤ︾ ᠲᠡᠶᠢᠰᠢ ᠬᠤᠪᠢᠷᠠᠭᠤᠯᠵᠤ᠂ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠣᠶᠢᠷ᠎ᠠ ᠶᠢᠨ ᠵᠢᠯ ᠤᠳ ᠲᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠳᠤ ᠳᠥᠭᠦᠮ ᠦᠵᠡᠭᠦᠯᠬᠦ ᠲᠠᠯ᠎ᠠ ᠪᠠᠷ᠂ ᠳᠦᠷᠢᠮ ᠤᠨ ᠴᠢᠨᠠᠷᠲᠠᠢ ᠰᠣᠯᠢᠯᠴᠠᠭᠠᠨ ᠤ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠ ᠠᠵᠢᠯ ᠤᠨ ᠣᠪᠣᠷ ᠰᠤᠷᠲᠠᠯ ᠢ ᠲᠦᠷᠭᠡᠳᠬᠡᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠭᠡᠲᠡᠯ᠎ᠡ ᠣᠳᠣᠬᠠᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠣᠯᠠᠨ᠂ ᠠᠵᠢᠯ ᠬᠡᠷᠡᠭ ᠭᠦᠢᠴᠡᠳᠬᠡᠬᠦ ᠳᠤ ᠬᠦᠴᠢᠷ᠂ ᠵᠠᠷᠤᠴᠠᠭᠤᠯᠬᠤ ᠴᠠᠭ ᠨᠢ ᠤᠷᠲᠤ ᠵᠡᠷᠭᠡ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠨ᠎ᠠ᠃ ᠡᠨᠡ ᠵᠢᠯ ᠤᠨ 1 ᠳ᠋ᠦ᠋ᠭᠡᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠯᠡᠨ ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠬᠡᠬᠦ ᠭᠦᠢᠴᠡᠳᠬᠡᠯ ᠲᠤᠭ᠎ᠠ ᠶᠢᠨ ᠨᠡᠷᠡᠰ ᠤᠨ ᠵᠢᠭᠰᠠᠭᠠᠯᠲᠠ ᠶᠢ ᠳᠡᠭᠡᠭᠰᠢᠯᠡᠭᠦᠯᠬᠦ ᠲᠤᠰᠬᠠᠢ ᠵᠦᠢᠯ ᠤᠨ ᠠᠵᠢᠯᠯᠠᠭ᠎ᠠ ᠶᠢ ᠬᠠᠷᠢᠭᠤᠴᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠪᠠᠶᠢᠷᠢᠯᠠᠭᠤᠯᠤᠨ ᠱᠠᠭᠠᠷᠳᠠᠵᠠᠢ᠃ 3 ᠳ᠋ᠤᠭᠠᠷ ᠰᠠᠷ᠎ᠠ ᠶᠢᠨ 5᠎ ᠤ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠪᠠᠨ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ ᠳᠠᠬᠢᠨ ᠬᠠᠭᠠᠰ ᠢᠶᠠᠷ ᠪᠠᠭᠠᠰᠬᠠᠬᠤ ᠬᠡᠷᠡᠭᠲᠡᠢ︾ ᠭᠡᠰᠡᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ ᠬᠠᠨ ᠵᠧᠩ ᠳᠡᠳ᠋ ᠶᠡᠷᠦᠩᠬᠡᠢ ᠰᠠᠶᠢᠳ ᠬᠠᠷᠢᠭᠤ ᠮᠡᠳᠡᠭᠦᠯᠦᠯᠲᠡ ᠶᠢ ᠣᠯᠠᠨ ᠤᠳᠠᠭ᠎ᠠ ᠰᠣᠨᠣᠰᠤᠭᠰᠠᠨ ᠤ ᠬᠠᠮᠲᠤ᠂ ᠬᠤᠷᠠᠯ ᠬᠤᠷᠠᠯᠳᠤᠭᠤᠯᠤᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠠᠶᠢᠨ᠎ᠠ᠃      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠠᠢ᠃ ᠨᠢᠭᠡ ᠳᠤ᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠪᠠ ᠭᠤᠭᠴᠤᠭ᠎ᠠ ᠶᠢ ᠬᠢᠨᠠᠮᠠᠭᠠᠢ ᠡᠮᠬᠢᠯᠡᠵᠦ᠂ ᠠᠩᠬ᠎ᠠ ᠠᠯᠬᠤᠮ ᠰᠤᠳᠤᠯᠤᠨ ᠪᠠᠶᠢᠴᠠᠭᠠᠵᠤ ᠣᠶᠢᠯᠭᠠᠭᠰᠠᠨ ᠪᠠᠶᠢᠳᠠᠯ ᠢ ᠦᠨᠳᠦᠰᠦᠯᠡᠪᠡᠯ᠂ ᠣᠯᠠᠨ ᠵᠢᠯ ᠤᠨ ᠲᠤᠷᠰᠢ ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠳᠦᠷᠢᠮ ᠪᠠ ᠲᠣᠭᠲᠠᠭᠠᠯ ᠎ ᠨᠢ ᠰᠣᠯᠪᠢᠴᠠᠨ ᠳᠠᠪᠬᠤᠷᠳᠠᠵᠤ ᠪᠠᠶᠢᠭᠰᠠᠨ ᠵᠡᠷᠭᠡ ᠰᠢᠯᠲᠠᠭᠠᠨ ᠠᠴᠠ ᠪᠣᠯᠵᠤ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠪᠠᠷᠢᠯᠭ᠎ᠠ ᠨᠢ ᠬᠢᠨᠠᠨ ᠵᠥᠪᠰᠢᠶᠡᠷᠡᠬᠦ ᠵᠦᠢᠯᠡᠰ᠂ ᠵᠠᠷᠤᠴᠠᠭᠤᠯᠬᠤ ᠴᠠᠭ ᠵᠡᠷᠭᠡ ᠲᠠᠯ᠎ᠠ ᠪᠠᠷ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠵᠠᠷᠢᠮ ᠭᠠᠵᠠᠷ ᠣᠷᠣᠨ ᠨᠢ ᠬᠢᠨᠠᠨ ᠵᠥᠪᠰᠢᠶᠡᠷᠡᠬᠦ ᠵᠦᠢᠯᠡᠰ᠂ ᠠᠯᠬᠤᠮ ᠳᠠᠷᠠᠭᠠᠯᠠᠯ᠂ ᠴᠠᠭ ᠬᠤᠭᠤᠴᠠᠭ᠎ᠠ᠂ ᠦᠨᠳᠦᠰᠦᠯᠡᠯ ᠵᠡᠷᠭᠡ ᠰᠠᠭᠤᠷᠢ ᠲᠤᠭ᠎ᠠ ᠶᠢ ᠬᠠᠷᠠᠬᠠᠨ ᠲᠣᠳᠣᠷᠬᠠᠢ ᠣᠶᠢᠯᠠᠭᠠᠬᠤ ᠦᠭᠡᠢ ᠪᠠᠶᠢᠨ᠎ᠠ ᠃ ᠬᠤᠶᠠᠷ ᠲᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠲᠣᠪᠣᠶᠢᠮ᠎ᠠ ᠪᠠᠶᠢᠭ᠎ᠠ ᠠᠵᠢᠯ ᠬᠡᠷᠡᠭ ᠭᠦᠢᠴᠡᠳᠬᠡᠬᠦ ᠳᠤ ᠬᠦᠴᠢᠷ᠂ ᠠᠵᠢᠯ ᠬᠡᠷᠡᠭ ᠭᠦᠢᠴᠡᠳᠬᠡᠬᠦ ᠳᠤ ᠤᠳᠠᠭᠠᠨ᠂ ᠣᠯᠠᠨ ᠰᠠᠯᠠᠭ᠎ᠠ ᠮᠥᠴᠢᠷ ᠲᠤ ᠣᠴᠢᠬᠤ᠂ ᠨᠠᠭᠠᠰᠢ ᠴᠠᠭᠠᠰᠢ ᠭᠦᠶᠦᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠠᠬᠢ ᠰᠣᠯᠪᠢᠴᠠᠨ ᠳᠠᠪᠬᠤᠷᠳᠠᠬᠤ᠂ ᠠᠷᠭ᠎ᠠ ᠬᠡᠯᠪᠡᠷᠢ ᠨᠢ ᠵᠣᠬᠢᠰ ᠦᠭᠡᠢ᠂ ᠲᠠᠷᠠᠬᠠᠢ ᠪᠤᠲᠠᠷᠬᠠᠢ ᠬᠠᠮᠢᠶᠠᠷᠬᠤ ᠵᠡᠷᠭᠡ ︽ᠪᠥᠭᠯᠡᠷᠡᠯ ᠴᠡᠭ︾ ᠪᠠ ︽ᠡᠪᠡᠷᠰᠢᠯ ᠴᠡᠭ︾᠎ ᠢ ᠭᠦᠨᠵᠡᠭᠡᠢ ᠤᠬᠤᠴᠢᠯᠠᠨ᠂ ᠬᠢᠨᠠᠨ ᠵᠥᠪᠰᠢᠶᠡᠷᠡᠬᠦ ᠬᠤᠭᠤᠴᠠᠭᠠᠲᠤ ᠦᠢᠯᠡᠳᠦᠯ ᠳᠣᠣᠷ᠎ᠠ ᠪᠠᠶᠢᠭ᠎ᠠ ᠵᠠᠩᠭᠢᠯᠠᠭ᠎ᠠ ᠶᠢ ᠡᠷᠢᠪᠡ᠃ ᠭᠤᠷᠪᠠ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ︽ᠣᠯᠠᠨ ᠲᠣᠭᠲᠠᠭᠠᠯ ᠢ ᠨᠢᠭᠡᠳᠦᠭᠦᠯᠦᠭᠰᠡᠨ︾᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠰᠢᠯᠢᠳᠡᠭᠵᠢᠭᠦᠯᠦᠨ ᠳᠠᠬᠢᠵᠤ ᠵᠣᠬᠢᠶᠠᠭᠰᠠᠨ᠂ ︽ᠬᠠᠮᠤᠭ ᠤᠨ ᠣᠯᠠᠨ ᠳᠤ ᠪᠠᠨ ᠨᠢᠭᠡ ᠯᠡ ᠤᠳᠠᠭ᠎ᠠ ᠭᠦᠶᠦᠬᠦ︾᠂ ︽ᠳᠠᠷᠤᠢ ᠳᠤ ᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠠᠭᠤᠯᠵᠠᠬᠤ ᠦᠭᠡᠢ ᠪᠠᠷ ᠬᠢᠨᠠᠨ ᠵᠥᠪᠰᠢᠶᠡᠷᠡᠬᠦ︾ ᠵᠡᠷᠭᠡ ᠠᠷᠭ᠎ᠠ ᠬᠢᠳᠡᠯ ᠢ ᠳ᠋ᠦᠩᠨᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠭᠰᠡᠨ ᠪᠠ ᠲᠡᠭᠦᠯᠳᠡᠷᠵᠢᠭᠦᠯᠪᠡ᠃ ᠳᠥᠷᠪᠡ ᠳᠤ᠂ ᠭᠤᠣᠯᠳᠠᠯᠭ᠎ᠠ ᠎ ᠲᠠᠢ ᠭᠠᠵᠠᠷ ᠣᠷᠣᠨ ᠳᠤ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠪᠡᠭᠡᠵᠢᠩ᠂ ᠱᠠᠩᠬᠠᠢ ︵ᠲᠤᠰ ᠬᠤᠶᠠᠷ ᠬᠤᠲᠠ ᠪᠣᠯ ᠳᠡᠯᠡᠬᠡᠢ ᠶᠢᠨ ᠪᠠᠩᠬᠢ ᠠᠴᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠦᠨᠡᠯᠡᠬᠦ ᠥᠯᠢᠭᠡᠷ ᠬᠤᠲᠠ ᠪᠣᠯᠣᠨ᠎ᠠ︶᠎ ᠶᠢ ᠵᠢᠯᠣᠭᠤᠳᠤᠨ ᠰᠢᠮᠳᠠᠭᠤᠯᠵᠤ ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠬᠡᠬᠦ ᠭᠦᠢᠴᠡᠳᠬᠡᠯ ᠲᠤᠭ᠎ᠠ ᠶᠢᠨ ᠨᠡᠷᠡᠰ ᠤᠨ ᠵᠢᠭᠰᠠᠭᠠᠯᠲᠠ ᠶᠢᠨ ᠲᠤᠰᠬᠠᠢ ᠵᠦᠢᠯ ᠤᠨ ᠠᠵᠢᠯᠯᠠᠭᠠᠨ ᠤ ᠲᠥᠰᠥᠯ ᠢ ᠰᠢᠯᠢᠳᠡᠭᠵᠢᠭᠦᠯᠦᠨ ᠨᠡᠶᠢᠲᠡᠯᠡᠪᠡ᠃ ᠲᠠᠪᠤ ᠳᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ ᠠᠬᠢᠭᠤᠯᠵᠤ᠂ ᠪᠡᠭᠡᠵᠢᠩ ᠬᠤᠲᠠ᠂ ᠲᠢᠶᠠᠨᠵᠢᠨ ᠬᠤᠲᠠ᠂ ᠱᠠᠩᠬᠠᠢ ᠬᠤᠲᠠ᠂ ᠴᠦᠩᠴᠢᠩ ᠬᠤᠲᠠ᠂ ᠱᠧᠨᠶᠠᠩ ᠬᠤᠲᠠ᠂ ᠳ᠋ᠠᠯᠢᠶᠠᠨ ᠬᠤᠲᠠ᠂ ᠨᠠᠨᠵᠢᠩ ᠬᠤᠲᠠ᠂ ᠰᠢᠶᠠᠮᠧᠨ ᠬᠤᠲᠠ᠂ ᠦᠬᠠᠨ ᠬᠤᠲᠠ᠂ ᠭᠤᠸᠠᠩᠵᠧᠦ ᠬᠤᠲᠠ᠂ ᠱᠧᠨᠵᠧᠨ ᠬᠤᠲᠠ᠂ ᠴᠧᠩᠳᠦ᠋ ᠬᠤᠲᠠ᠂ ᠭᠦᠢᠶᠠᠩ ᠬᠤᠲᠠ᠂ ᠸᠧᠶᠢᠨᠠᠨ ᠬᠤᠲᠠ᠂ ᠶᠠᠨ ᠠᠨ ᠬᠤᠲᠠ ᠪᠠ ᠵᠧᠵᠢᠶᠠᠩ ᠮᠤᠵᠢ ᠳᠤ ᠲᠤᠷᠰᠢᠯᠲᠠ ᠶᠢᠨ ᠴᠢᠭ᠋ ᠢ ᠥᠷᠨᠢᠭᠦᠯᠬᠦ ᠪᠠᠷ ᠵᠥᠪᠳᠡᠯᠴᠡᠨ ᠲᠣᠭᠲᠠᠭᠰᠠᠨ ᠤ ᠬᠠᠮᠲᠤ᠂ ᠥᠭᠡᠷᠡᠴᠢᠯᠡᠯᠲᠡ ᠶᠢᠨ ᠠᠵᠢᠯ ᠤᠨ ᠬᠠᠷᠠᠯᠲᠠ ᠪᠠ ᠡᠭᠦᠷᠭᠡ ᠶᠢᠨ ᠱᠠᠭᠠᠷᠳᠠᠯᠭ᠎ᠠ ᠶᠢ ᠰᠤᠳᠤᠯᠤᠨ ᠳᠤᠷᠠᠳᠴᠠᠢ᠃      ᠬᠤᠶᠠᠷ᠂ ᠥᠭᠡᠷᠡᠴᠢᠯᠡᠯᠲᠡ ᠶᠢᠨ ᠭᠤᠣᠯ ᠬᠠᠷᠠᠯᠲᠠ ᠨᠢ ᠶᠠᠭᠤ ᠪᠣᠢ︖      ᠥᠭᠡᠷᠡᠴᠢᠯᠡᠯᠲᠡ ᠶᠢᠨ ᠭᠤᠣᠯ ᠬᠠᠷᠠᠯᠲᠠ ᠪᠣᠯ 2018 ᠣᠨ ᠳᠤ ᠲᠤᠷᠰᠢᠯᠲᠠ ᠶᠢᠨ ᠴᠢᠭ᠋ ᠤᠨ ᠭᠠᠵᠠᠷ ᠣᠷᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠲᠥᠰᠥᠪ ᠪᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠲᠦᠭᠡᠵᠦ᠂ ᠬᠢᠨᠠᠨ ᠵᠥᠪᠰᠢᠶᠡᠷᠡᠬᠦ ᠴᠠᠭ ᠢ ᠬᠠᠭᠠᠰ ᠠᠴᠠ ᠳᠡᠭᠡᠭᠰᠢ ᠬᠠᠰᠤᠨ ᠪᠠᠭᠠᠰᠬᠠᠨ᠎ᠠ︔ 2019 ᠣᠨ ᠳᠤ ᠪᠦᠬᠦ ᠤᠯᠤᠰ ᠤᠨ ᠬᠡᠪᠴᠢᠶᠡᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠥᠷᠨᠢᠭᠦᠯᠵᠦ᠂ ᠳᠡᠭᠡᠳᠦ ᠬᠠᠭᠠᠰ ᠵᠢᠯ ᠳᠤ ᠬᠢᠨᠠᠨ ᠵᠥᠪᠰᠢᠶᠡᠷᠡᠬᠦ ᠴᠠᠭ ᠢ 120 ᠠᠵᠢᠯᠯᠠᠬᠤ ᠡᠳᠦᠷ ᠪᠣᠯᠲᠠᠯ᠎ᠠ ᠬᠠᠰᠤᠨ ᠪᠠᠭᠠᠰᠬᠠᠨ᠎ᠠ︔ 2020 ᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠪᠦᠬᠦ ᠤᠯᠤᠰ ᠤᠨ ᠨᠢᠭᠡᠳᠦᠯᠲᠡᠢ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ ᠪᠦᠲᠦᠭᠡᠨ᠎ᠡ᠃      ᠭᠤᠷᠪᠠ᠂ ᠥᠭᠡᠷᠡᠴᠢᠯᠡᠯᠲᠡ ᠶᠢᠨ ᠭᠤᠣᠯ ᠡᠭᠦᠷᠭᠡ ᠪᠠ ᠠᠷᠭ᠎ᠠ ᠬᠡᠮᠵᠢᠶ᠎ᠡ ᠨᠢ ᠶᠠᠭᠤ ᠶᠠᠭᠤ ᠪᠣᠢ︖      ︽ ᠮᠡᠳᠡᠭᠳᠡᠯ︾᠎ ᠳᠤ ᠭᠤᠣᠯᠳᠠᠭᠤ ᠭᠤᠷᠪᠠᠨ ᠲᠠᠯ᠎ᠠ ᠶᠢᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢ  ᠲᠣᠳᠣᠷᠬᠠᠶᠢᠯᠠᠪᠠ᠄      ︵ᠨᠢᠭᠡ︶ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠨᠢᠭᠡᠳᠬᠡᠨ᠎ᠡ᠃ ᠨᠢᠭᠡ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠮ ᠳᠠᠷᠠᠭᠠᠯᠠᠯ ᠶᠣᠰᠣᠭᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠲᠥᠷᠥᠯ ᠵᠦᠢᠯ ᠲᠣᠭᠲᠠᠭᠠᠬᠤ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠴᠤ ᠰᠢᠯᠭᠠᠨ ᠠᠪᠬᠤ ᠭᠡᠬᠦ ᠳᠥᠷᠪᠡᠨ ᠱᠠᠲᠤ ᠦᠶ᠎ᠡ ᠬᠤᠪᠢᠶᠠᠵᠤ ᠂ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠵᠦᠢᠯᠡᠰ ᠢ ᠬᠠᠷᠠᠭᠠᠯᠵᠠᠭᠰᠠᠨ ᠱᠠᠲᠤ ᠦᠶ᠎ᠡ ᠳᠤ ᠨᠡᠶᠢᠯᠡᠭᠦᠯᠦᠨ ᠣᠷᠣᠭᠤᠯᠤᠨ᠎ᠠ᠃ ᠬᠤᠶᠠᠷ ᠲᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ᠂ ᠪᠡᠯᠡ ᠣᠷᠣᠭᠤᠯᠤᠯᠲᠠ ᠶᠢᠨ ᠲᠥᠷᠥᠯ ᠠᠩᠭᠢᠯᠠᠯ᠂ ᠬᠡᠪᠴᠢᠶ᠎ᠡ ᠶᠢᠨ ᠶᠡᠭᠡ ᠪᠠᠭ᠎ᠠ ᠵᠡᠷᠭᠡ ᠶᠢ ᠦᠨᠳᠦᠰᠦᠯᠡᠵᠦ ᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠲᠥᠷᠥᠯ ᠬᠤᠪᠢᠶᠠᠨ ᠨᠠᠷᠢᠯᠢᠭᠵᠢᠭᠤᠯᠵᠤ᠂ ᠬᠢᠨᠠᠨ ᠵᠥᠪᠰᠢᠶᠡᠷᠡᠬᠦ ᠱᠠᠲᠤ ᠦᠶ᠎ᠡ ᠪᠠ ᠬᠢᠨᠠᠨ ᠵᠥᠪᠰᠢᠶᠡᠷᠡᠬᠦ ᠵᠦᠢᠯᠡᠰ ᠢ ᠲᠣᠭᠲᠠᠭᠠᠨ᠎ᠠ᠃ ᠭᠤᠷᠪᠠ ᠳᠤ᠂ ᠬᠠᠮᠲᠤᠳᠬᠠᠵᠤ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠱᠠᠲᠤ ᠦᠶ᠎ᠡ ᠪᠦᠷᠢ ᠳᠤ ᠨᠢᠭᠡᠨ ᠲᠦᠷᠦᠭᠦᠯᠡᠬᠦ ᠰᠠᠯᠠᠭ᠎ᠠ ᠮᠥᠴᠢᠷ ᠢ ᠲᠣᠭᠲᠠᠭᠠᠵᠤ᠂ ᠨᠢᠭᠡ ᠰᠠᠯᠠᠭ᠎ᠠ ᠮᠥᠴᠢᠷ ᠲᠦᠷᠦᠭᠦᠯᠡᠬᠦ᠂ ᠬᠠᠮᠲᠤᠳᠬᠠᠵᠤ ᠬᠢᠨᠠᠨ ᠵᠥᠪᠰᠢᠶᠡᠷᠡᠬᠦ᠂ ᠴᠠᠭ ᠲᠣᠭᠲᠠᠭᠠᠨ ᠭᠦᠢᠴᠡᠳᠬᠡᠵᠦ ᠳᠠᠭᠤᠰᠬᠠᠬᠤ ᠶᠢ ᠬᠡᠷᠡᠭᠵᠢᠭᠦᠯᠦᠨ᠎ᠡ᠃      ︵ᠬᠤᠶᠠᠷ︶  ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠎ᠠ᠃ ︽ᠬᠠᠰᠤᠬᠤ᠂ ᠪᠠᠭᠤᠯᠭᠠᠬᠤ᠂ ᠨᠡᠶᠢᠯᠡᠭᠦᠯᠬᠦ᠂ ᠬᠤᠪᠢᠷᠠᠭᠤᠯᠬᠤ᠂ ᠲᠣᠬᠢᠷᠠᠭᠤᠯᠬᠤ︾ ᠵᠡᠷᠭᠡ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠵᠥᠪᠰᠢᠶᠡᠷᠡᠯ ᠤᠨ ᠬᠠᠰᠤᠵᠤ ᠳᠡᠶᠢᠯᠬᠦ ᠶᠢ ᠨᠢ ᠬᠠᠰᠤᠵᠤ᠂ ᠪᠠᠭᠤᠯᠭᠠᠵᠤ ᠳᠡᠶᠢᠯᠬᠦ ᠶᠢ ᠨᠢ ᠪᠠᠭᠤᠯᠭᠠᠨ᠂ ᠨᠡᠶᠢᠯᠡᠭᠦᠯᠵᠦ ᠳᠡᠶᠢᠯᠬᠦ ᠶᠢ ᠨᠢ ᠨᠡᠶᠢᠯᠡᠭᠦᠯᠵᠦ᠂ ᠰᠢᠯᠵᠢᠭᠦᠯᠵᠦ ᠳᠡᠶᠢᠯᠬᠦ ᠶᠢ ᠎ ᠨᠢ ᠰᠢᠯᠵᠢᠭᠦᠯᠦᠨ᠂ ᠲᠣᠬᠢᠷᠠᠭᠤᠯᠵᠤ ᠳᠡᠶᠢᠯᠬᠦ ᠶᠢ ᠨᠢ ᠲᠣᠬᠢᠷᠠᠭᠤᠯᠤᠨ᠎ᠠ᠃ ᠨᠢᠭᠡ ᠳᠤ᠂ ︽ᠬᠠᠰᠤᠨ᠎ᠠ︾᠂ ᠬᠠᠤᠯᠢ ᠶᠣᠰᠣᠨ ᠤ ᠪᠤᠰᠤ᠂ ᠵᠦᠢ ᠵᠣᠬᠢᠰ ᠦᠭᠡᠢ᠂ ᠡᠷᠬᠡᠪᠰᠢ ᠭᠦᠢᠴᠡᠳᠬᠡᠬᠦ ᠴᠢᠬᠤᠯᠠ ᠦᠭᠡᠢ ᠬᠢᠨᠠᠨ ᠵᠥᠪᠰᠢᠶᠡᠷᠡᠬᠦ ᠵᠦᠢᠯᠡᠰ ᠪᠠ ᠤᠷᠢᠳᠠᠴᠢ ᠨᠥᠬᠦᠴᠡᠯ ᠢ ᠬᠦᠴᠦᠨ ᠦᠭᠡᠢ ᠪᠣᠯᠭᠠᠨ᠎ᠠ᠃ ᠵᠢᠱᠢᠶᠡᠯᠡᠪᠡᠯ᠂ ᠪᠠᠷᠢᠯᠭ᠎ᠠ ᠪᠠᠷᠢᠬᠤ ᠭᠡᠷ᠎ᠡ ᠶᠢ ᠳᠠᠩᠰᠠᠯᠠᠨ ᠲᠡᠮᠳᠡᠭᠯᠡᠬᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠲᠥᠯᠥᠪᠯᠡᠭᠡ ᠶᠢ ᠬᠢᠨᠠᠨ ᠪᠠᠶᠢᠴᠠᠭᠠᠵᠤ ᠳᠠᠩᠰᠠᠯᠠᠨ ᠲᠡᠮᠳᠡᠭᠯᠡᠬᠦ ᠵᠡᠷᠭᠡ ᠵᠦᠢᠯᠡᠰ ᠢ ᠬᠦᠴᠦᠨ ᠦᠭᠡᠢ ᠪᠣᠯᠭᠠᠨ᠎ᠠ᠃ ᠬᠤᠶᠠᠷ ᠲᠤ᠂ ︽ᠪᠠᠭᠤᠯᠭᠠᠨ᠎ᠠ︾᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠳᠣᠷᠣᠭᠰᠢ ᠪᠠᠭᠤᠯᠭᠠᠬᠤ ᠪᠤᠶᠤ ᠳᠣᠣᠷᠠᠳᠤ ᠱᠠᠲᠤᠨ ᠤ ᠪᠠᠶᠢᠭᠤᠯᠭ᠎ᠠ ᠳᠤ ᠨᠠᠶᠢᠳᠠᠵᠤ ᠬᠢᠨᠠᠨ ᠵᠥᠪᠰᠢᠶᠡᠷᠡᠭᠦᠯᠬᠦ ᠵᠦᠢᠯᠡᠰ ᠤᠨ ᠬᠡᠪᠴᠢᠶ᠎ᠡ ᠶᠢ ᠥᠷᠭᠡᠳᠬᠡᠬᠦ ᠶᠢᠨ ᠬᠠᠮᠲᠤ᠂ ᠳᠣᠣᠷᠠᠳᠤ ᠱᠠᠲᠤᠨ ᠤ ᠪᠠᠶᠢᠭᠤᠯᠭ᠎ᠠ ᠶᠢᠨ ᠬᠦᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ ᠶᠢ ᠪᠠᠲᠤᠯᠠᠨ᠎ᠠ᠃ ᠭᠤᠷᠪᠠ ᠳᠤ᠂ ︽ᠨᠡᠶᠢᠯᠡᠭᠦᠯᠦᠨ᠎ᠡ︾᠂ ᠠᠳᠠᠯᠢ ᠨᠢᠭᠡᠨ ᠰᠠᠯᠠᠭ᠎ᠠ ᠮᠥᠴᠢᠷ ᠤᠨ ᠬᠡᠷᠡᠭᠵᠢᠭᠦᠯᠬᠦ ᠬᠠᠮᠢᠶᠠᠷᠤᠯᠲᠠ ᠶᠢᠨ ᠠᠭᠤᠯᠭ᠎ᠠ ᠨᠢ ᠣᠶᠢᠷᠠᠯᠴᠠᠭ᠎ᠠ ᠪᠤᠶᠤ ᠠᠳᠠᠯᠢ ᠨᠢᠭᠡᠨ ᠭᠦᠢᠴᠡᠳᠬᠡᠬᠦ ᠱᠠᠲᠤ ᠦᠶ᠎ᠡ ᠳᠤ ᠬᠠᠷᠢᠶᠠᠯᠠᠭᠳᠠᠬᠤ ᠣᠯᠠᠨ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠨᠢᠭᠡ ᠯᠡ ᠬᠢᠨᠠᠨ ᠵᠥᠪᠰᠢᠶᠡᠷᠡᠬᠦ ᠵᠦᠢᠯᠡᠰ ᠪᠣᠯᠭᠠᠨ ᠡᠮᠬᠢᠯᠡᠨ ᠨᠡᠶᠢᠯᠡᠭᠦᠯᠦᠨ᠎ᠡ᠃ ᠬᠠᠮᠲᠤᠷᠠᠵᠤ ᠬᠢᠨᠠᠨ ᠰᠢᠯᠭᠠᠬᠤ᠂ ᠬᠠᠮᠲᠤᠷᠠᠵᠤ ᠬᠡᠮᠵᠢᠨ ᠵᠢᠷᠤᠬᠤ᠂ ᠬᠠᠮᠲᠤᠷᠠᠵᠤ ᠵᠢᠷᠤᠭ ᠬᠢᠨᠠᠬᠤ᠂ ᠬᠠᠮᠲᠤᠷᠠᠵᠤ ᠰᠢᠯᠭᠠᠨ ᠬᠤᠷᠢᠶᠠᠬᠤ ᠵᠡᠷᠭᠡ ᠶᠢ ᠬᠡᠷᠡᠭᠵᠢᠭᠦᠯᠦᠨ᠎ᠡ᠃ ᠵᠢᠱᠢᠶᠡᠯᠡᠪᠡᠯ᠂ ᠭᠠᠯ ᠢ ᠰᠡᠷᠭᠡᠶᠢᠯᠡᠬᠦ ᠲᠥᠯᠥᠪᠯᠡᠭᠡ ᠶᠢ ᠬᠢᠨᠠᠨ ᠰᠢᠯᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠯᠥᠪᠯᠡᠭᠡ ᠶᠢ ᠬᠢᠨᠠᠨ ᠪᠠᠶᠢᠴᠠᠭᠠᠬᠤ ᠵᠡᠷᠭᠡ ᠮᠡᠷᠭᠡᠵᠢᠯ ᠤᠨ ᠬᠢᠨᠠᠯᠲᠠ ᠪᠠᠶᠢᠴᠠᠭᠠᠯᠲᠠ ᠶᠢ ᠪᠠᠷᠢᠯᠭ᠎ᠠ ᠶᠢᠨ ᠵᠢᠷᠤᠭ ᠲᠥᠯᠥᠪᠯᠡᠭᠡ ᠪᠢᠴᠢᠭ ᠮᠠᠲ᠋ᠧᠷᠢᠶᠠᠯ ᠤᠨ ᠬᠢᠨᠠᠯᠲᠠ ᠪᠠᠶᠢᠴᠠᠭᠠᠯᠲᠠ ᠳᠤ ᠨᠡᠶᠢᠯᠡᠭᠦᠯᠦᠨ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠳᠠᠬᠢᠨ ᠮᠡᠷᠭᠡᠵᠢᠯ ᠤᠨ ᠬᠢᠨᠠᠯᠲᠠ ᠪᠠᠶᠢᠴᠠᠭᠠᠯᠲᠠ ᠬᠢᠬᠦ ᠦᠭᠡᠢ᠃ ᠳᠥᠷᠪᠡ ᠳᠤ᠂ ︽ᠬᠤᠪᠢᠷᠠᠭᠤᠯᠤᠨ᠎ᠠ︾᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠠᠷ ᠳᠠᠮᠵᠢᠨ ᠰᠢᠢᠳᠪᠦᠷᠢᠯᠡᠵᠦ ᠳᠡᠶᠢᠯᠬᠦ ᠵᠦᠢᠯᠡᠰ ᠢ ᠵᠠᠰᠠᠭ ᠤᠨ ᠣᠷᠳᠣᠨ ᠤ ᠳᠣᠲᠣᠭᠠᠳᠤ ᠳᠤ ᠪᠠᠨ ᠬᠠᠮᠵᠢᠯᠴᠠᠨ ᠠᠵᠢᠯᠯᠠᠬᠤ ᠵᠦᠢᠯᠡᠰ ᠪᠣᠯᠭᠠᠨ ᠬᠤᠪᠢᠷᠠᠭᠤᠯᠤᠨ᠎ᠠ᠃ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠬᠦ ᠪᠠᠷ ᠨᠡᠶᠢᠲᠡᠯᠡᠭᠰᠡᠨ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠵᠢᠴᠢ ᠪᠣᠳᠠᠲᠠᠢ ᠱᠠᠭᠠᠷᠳᠠᠯᠭ᠎ᠠ ᠶᠢ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ ᠪᠢᠴᠢᠭ ᠤᠨ ᠠᠮᠠᠯᠠᠯᠲᠠ ᠬᠢᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠰᠢᠭᠤᠳ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠬᠤ ᠶᠢᠨ ᠬᠠᠮᠲᠤ ᠭᠤᠶᠤᠴᠢᠯᠠᠭᠴᠢ ᠶᠢᠨ ᠠᠮᠠᠯᠠᠯᠲᠠ ᠪᠠᠨ ᠦᠨᠡᠨ ᠬᠦ ᠭᠦᠢᠴᠡᠳᠬᠡᠬᠦ ᠶᠢ ᠬᠢᠨᠠᠨ ᠰᠢᠮᠳᠠᠭᠤᠯᠤᠨ᠎ᠠ᠃ ᠲᠠᠪᠤ ᠳᠤ᠂ ︽ᠲᠣᠬᠢᠷᠠᠭᠤᠯᠤᠨ᠎ᠠ︾᠂ ᠬᠠᠷᠠᠭᠠᠯᠵᠠᠭᠰᠠᠨ ᠳᠦᠷᠢᠮ ᠤᠨ ᠲᠥᠯᠥᠪᠯᠡᠭᠡ ᠶᠢ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠳᠠᠷᠠᠭᠠᠯᠠᠯ ᠢ ᠠᠵᠢᠯ ᠤᠨ ᠪᠣᠳᠠᠲᠤ ᠪᠠᠶᠢᠳᠠᠯ ᠎ ᠲᠠᠢ ᠨᠡᠩ ᠰᠠᠶᠢᠲᠤᠷ ᠨᠡᠶᠢᠴᠡᠭᠦᠯᠦᠨ᠎ᠡ᠃ ᠵᠢᠱᠢᠶᠡᠯᠡᠪᠡᠯ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢ ᠮᠡᠳᠡᠭᠦᠯᠦᠨ ᠤᠭᠰᠠᠷᠠᠬᠤ ᠶᠢ ᠪᠠᠷᠢᠯᠭ᠎ᠠ ᠪᠠᠷᠢᠬᠤ ᠵᠥᠪᠰᠢᠶᠡᠷᠡᠯ ᠤᠨ ᠭᠡᠷᠡᠴᠢ ᠶᠢ ᠬᠠᠷᠭᠤᠭᠤᠯᠤᠨ ᠣᠯᠭᠤᠭᠰᠠᠨ ᠤ ᠳᠠᠷᠠᠭ᠎ᠠ ᠭᠦᠢᠴᠡᠳᠬᠡᠬᠦ ᠪᠣᠯᠲᠠᠯ᠎ᠠ ᠤᠷᠢᠳᠴᠢᠯᠠᠭᠤᠯᠤᠨ᠎ᠠ ᠭᠡᠬᠦ ᠮᠡᠲᠦ᠃      ︵ᠭᠤᠷᠪᠠ︶ ᠬᠢᠨᠠᠨ ᠵᠥᠪᠰᠢᠶᠡᠷᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠢᠨᠠᠨ ᠵᠥᠪᠰᠢᠶᠡᠷᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠪᠣᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠰᠠᠭᠤᠷᠢ ᠪᠠᠶᠢᠵᠤ᠂ ᠭᠤᠣᠯᠳᠠᠭᠤ ︽ᠲᠠᠪᠤᠨ ᠨᠢᠭᠡ︾᠂ ᠲᠤᠬᠠᠶᠢᠯᠠᠪᠠᠯ ︽ᠨᠢᠭᠡ ᠲᠥᠰᠥᠪ ᠵᠢᠷᠤᠭ᠂ ᠨᠢᠭᠡ ᠰᠢᠰᠲ᠋ᠧᠮ᠂ ᠨᠢᠭᠡ ᠴᠣᠩᠬᠤᠪᠴᠢ᠂ ᠨᠢᠭᠡ ᠬᠦᠰᠦᠨᠦᠭ᠂ ᠨᠢᠭᠡ ᠲᠣᠭᠲᠠᠴᠠ︾᠎ ᠶᠢ ᠪᠠᠭᠲᠠᠭᠠᠨ᠎ᠠ᠃ ᠨᠢᠭᠡ ᠳᠤ᠂ ︽ᠨᠢᠭᠡ ᠲᠥᠰᠥᠪ ᠵᠢᠷᠤᠭ︾᠎ ᠢᠶᠠᠷ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ︽ᠣᠯᠠᠨ ᠲᠣᠭᠲᠠᠭᠠᠯ ᠢ ᠨᠢᠭᠡ ᠪᠣᠯᠭᠠᠭᠰᠠᠨ︾ ︽ᠨᠢᠭᠡ ᠲᠥᠰᠥᠪ ᠵᠢᠷᠤᠭ︾᠎ ᠢᠶᠠᠷ ᠰᠠᠭᠤᠷᠢ ᠪᠣᠯᠭᠠᠵᠤ᠂ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢ ᠳᠤᠷᠠᠳᠤᠨ ᠭᠠᠷᠭᠠᠨ᠎ᠠ᠃ ᠬᠤᠶᠠᠷ ᠲᠤ᠂ ︽ᠨᠢᠭᠡ ᠰᠢᠰᠲ᠋ᠧᠮ︾᠎ ᠢᠶᠠᠷ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠵᠦ᠂ ᠬᠥᠨᠳᠡᠯᠡᠨ ᠴᠢᠭᠯᠡᠯ ᠢᠶᠠᠷ ᠬᠥᠪᠡᠭᠡᠨ ᠳᠤ ᠨᠢ ᠬᠦᠷᠭᠡᠵᠦ᠂ ᠭᠤᠯᠳᠤ ᠴᠢᠭᠯᠡᠯ ᠢᠶᠠᠷ ᠢᠷᠤᠭᠠᠷ ᠲᠤ ᠨᠢ ᠬᠦᠷᠭᠡᠭᠰᠡᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮᠵᠢ ᠶᠢ ᠨᠡᠶᠢᠯᠡᠭᠦᠯᠦᠨ ᠪᠦᠷᠢᠯᠳᠦᠭᠦᠯᠵᠦ᠂ ᠪᠣᠢ ᠪᠦᠬᠦᠢ ᠬᠢᠨᠠᠯᠲᠠ ᠵᠥᠪᠰᠢᠶᠡᠷᠡᠯ ᠢ ᠪᠦᠷ ᠨᠢᠭᠡ ᠰᠢᠰᠲ᠋ᠧᠮ ᠳᠡᠭᠡᠷ᠎ᠡ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠵᠤ᠂ ᠣᠷᠣᠨ ᠨᠤᠲᠤᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ︽ᠨᠢᠭᠡ ᠴᠣᠩᠬᠤᠪᠴᠢ︾᠎ ᠪᠠᠷ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠡᠮᠦᠨ᠎ᠡ ᠲᠠᠶᠢᠰᠠᠨ ᠳᠤ ᠬᠦᠯᠢᠶᠡᠨ ᠠᠪᠴᠤ ᠭᠦᠢᠴᠡᠳᠬᠡᠨ᠂ ᠠᠷᠤ ᠲᠠᠯ᠎ᠠ ᠳᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠨᠢᠭᠡ ᠴᠣᠩᠬᠤᠪᠴᠢ ᠪᠠᠷ ᠭᠠᠳᠠᠭᠰᠢ ᠦᠢᠯᠡᠴᠢᠯᠡᠬᠦ ᠪᠠ ᠬᠠᠮᠢᠶᠠᠷᠬᠤ ᠶᠢ ᠪᠡᠶᠡᠯᠡᠭᠦᠯᠦᠨ᠎ᠡ᠃ ᠳᠥᠷᠪᠡ ᠳᠤ᠂ ︽ᠨᠢᠭᠡ ᠬᠦᠰᠦᠨᠦᠭ︾᠎ ᠲᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠱᠠᠲᠤ ᠦᠶ᠎ᠡ ᠪᠦᠷᠢ ᠳᠤ ᠨᠢᠭᠡ ᠠᠵᠢᠯ ᠬᠡᠷᠡᠭ ᠭᠦᠢᠴᠡᠳᠬᠡᠬᠦ ᠵᠦᠭᠯᠡᠭᠦᠷ᠂ ᠨᠢᠭᠡ ᠭᠤᠶᠤᠴᠢᠯᠠᠯᠲᠠ ᠶᠢᠨ ᠬᠦᠰᠦᠨᠦᠭ᠂ ᠨᠢᠭᠡ ᠲᠥᠬᠦᠷ ᠭᠤᠶᠤᠴᠢᠯᠠᠯᠲᠠ ᠶᠢᠨ ᠮᠠᠲ᠋ᠧᠷᠢᠶᠠᠯ ᠢ ᠬᠡᠷᠡᠭᠯᠡᠨ ᠣᠯᠠᠨ ᠵᠦᠢᠯ ᠤᠨ ᠬᠢᠨᠠᠯᠲᠠ ᠵᠥᠪᠰᠢᠶᠡᠷᠡᠯ ᠢ ᠪᠡᠶᠡᠯᠡᠭᠦᠯᠦᠨ᠎ᠡ᠃ ᠲᠠᠪᠤ ᠳᠤ᠂ ︽ᠨᠢᠭᠡᠨ ᠲᠥᠬᠦᠷ ᠲᠣᠭᠲᠠᠴᠠ︾᠎ ᠪᠠᠷ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠤᠨ᠂ ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠳᠦᠷᠢᠮ ᠵᠢᠷᠤᠮ ᠪᠠ ᠵᠣᠬᠢᠴᠠᠭᠤᠯᠵᠤ ᠬᠢᠨᠠᠨ ᠪᠠᠶᠢᠴᠠᠭᠠᠬᠤ ᠲᠣᠭᠲᠠᠴᠠ ᠵᠡᠷᠭᠡ ᠶᠢ ᠲᠣᠳᠣᠷᠬᠠᠶᠢᠯᠠᠵᠤ  ᠂ ᠬᠢᠨᠠᠨ ᠵᠥᠪᠰᠢᠶᠡᠷᠡᠬᠦ ᠡᠯ᠎ᠡ ᠱᠠᠲᠤ ᠦᠶ᠎ᠡ  ᠂ ᠡᠯ᠎ᠡ ᠭᠤᠭᠴᠤᠭ᠎ᠠ ᠎ ᠶᠢ ᠵᠠᠪᠰᠠᠷ  ᠦᠭᠡᠢ ᠵᠣᠯᠭᠠᠯᠳᠤᠭᠤᠯᠬᠤ  ᠶᠢ ᠪᠠᠲᠤᠯᠠᠨ᠎ᠠ᠃      ᠳᠥᠷᠪᠡ᠂ ᠥᠭᠡᠷᠡᠴᠢᠯᠡᠯᠲᠡ  ᠬᠢᠬᠦ ᠶᠢᠨ ᠵᠡᠷᠭᠡ ᠪᠠᠷ  ᠬᠢᠨᠠᠯᠲᠠ ᠬᠠᠮᠢᠶᠠᠷᠤᠯᠲᠠ  ᠶᠢ ᠬᠡᠷᠬᠢᠨ ᠴᠢᠩᠭᠠᠳᠬᠠᠬᠤ  ᠪᠣᠢ︖      ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠪᠠᠭᠤᠯᠭᠠᠬᠤ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠶᠢᠨ ᠬᠠᠮᠲᠤ᠂ ᠬᠠᠷᠠᠭᠠᠯᠵᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃      ᠨᠢᠭᠡ ᠳᠤ᠂ ᠠᠵᠢᠯ ᠶᠠᠪᠤᠳᠠᠯ ᠤᠨ ᠳᠤᠮᠳᠠ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠡ ᠲᠣᠳᠣ᠂ ᠵᠢᠷᠤᠮᠵᠢᠯ ᠲᠠᠢ᠂ ᠦᠷ᠎ᠡ ᠪᠦᠲᠦᠮᠵᠢ ᠰᠠᠶᠢᠲᠠᠢ ᠬᠠᠮᠵᠢᠯᠴᠠᠨ ᠠᠵᠢᠯᠯᠠᠵᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠬᠦ ᠬᠢᠨᠠᠨ ᠵᠥᠪᠰᠢᠶᠡᠷᠡᠬᠦ ᠵᠦᠢᠯᠡᠰ ᠲᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠭᠤᠶᠤᠴᠢᠯᠠᠭᠴᠢ ᠶᠢᠨ ᠠᠮᠠᠯᠠᠯᠲᠠ ᠪᠠᠨ ᠭᠦᠢᠴᠡᠳᠬᠡᠭᠰᠡᠨ ᠪᠠᠶᠢᠳᠠᠯ ᠳᠤ ᠪᠠᠶᠢᠴᠠᠭᠠᠯᠲᠠ ᠬᠢᠵᠦ᠂ ᠭᠤᠶᠤᠴᠢᠯᠠᠭᠴᠢ ᠠᠮᠠᠯᠠᠯᠲᠠ ᠪᠠᠷ ᠭᠦᠢᠴᠡᠳᠬᠡᠭᠰᠡᠨ ᠦᠭᠡᠢ ᠪᠣᠯ᠂ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠢ ᠨᠢ ᠬᠦᠴᠦᠨ ᠦᠭᠡᠢ ᠪᠣᠯᠭᠠᠬᠤ ᠪᠠᠷ ᠲᠣᠭᠲᠠᠭᠠᠬᠤ ᠶᠢᠨ ᠬᠠᠮᠲᠤ ᠭᠤᠶᠤᠴᠢᠯᠠᠭᠴᠢ ᠠᠴᠠ ᠬᠠᠷᠠᠭᠠᠯᠵᠠᠭᠰᠠᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠬᠤᠶᠠᠷ ᠲᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠪᠠ ᠢᠲᠡᠭᠡᠯ ᠠᠯᠳᠠᠭᠰᠠᠳ ᠤᠨ ᠨᠡᠷᠡᠰ ᠤᠨ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠪᠠ ᠠᠳᠠᠯ ᠦᠢᠯᠡᠰ ᠡᠷᠬᠢᠯᠡᠭᠰᠡᠳ ᠤᠨ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠭᠰᠡᠨ᠂ ᠠᠮᠠᠯᠠᠯᠲᠠ ᠪᠠᠨ ᠥᠯᠥ ᠭᠦᠢᠴᠡᠳᠬᠡᠭᠰᠡᠨ ᠡᠷᠡᠭᠦᠯ ᠪᠤᠰᠤ ᠠᠵᠢᠯᠯᠠᠭ᠎ᠠ ᠶᠢ ᠨᠡᠶᠢᠭᠡᠮ ᠳᠤ ᠢᠯᠡ ᠪᠣᠯᠭᠠᠵᠤ᠂ ︽ᠨᠢᠭᠡ ᠤᠳᠠᠭ᠎ᠠ ᠢᠲᠡᠭᠡᠯ ᠠᠯᠳᠠᠪᠠᠯ᠂ ᠤᠳᠠᠭ᠎ᠠ ᠪᠣᠯᠭᠠᠨ ᠬᠢᠵᠠᠭᠠᠷᠯᠠᠭᠳᠠᠬᠤ︾ ᠬᠠᠮᠲᠤᠷᠠᠵᠤ ᠵᠠᠯᠬᠠᠭᠠᠨ ᠰᠢᠳᠬᠡᠬᠦ ᠲᠣᠭᠲᠠᠴᠠ ᠶᠢ ᠪᠠᠶᠢᠭᠤᠯᠤᠨ᠎ᠠ᠃      ᠭᠤᠷᠪᠠ ᠳᠤ᠂ ᠵᠠᠭᠤᠴᠢ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠢᠯᠡᠴᠢᠯᠡᠭᠡ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠦᠢᠯᠡᠴᠢᠯᠡᠭᠡ ᠶᠢᠨ ᠪᠠᠷᠢᠮᠵᠢᠶ᠎ᠠ ᠪᠠ ᠠᠵᠢᠯ ᠬᠡᠷᠡᠭ ᠭᠦᠢᠴᠡᠳᠬᠡᠬᠦ ᠠᠯᠬᠤᠮ ᠳᠠᠷᠠᠭᠠᠯᠠᠯ ᠢ ᠲᠣᠳᠣᠷᠬᠠᠶᠢᠯᠠᠨ᠂ ᠦᠢᠯᠡᠴᠢᠯᠡᠭᠡ ᠶᠢᠨ ᠬᠤᠷᠢᠶᠠᠬᠤ ᠰᠦᠢᠳᠬᠡᠯ ᠢ ᠵᠢᠷᠤᠮᠵᠢᠭᠤᠯᠤᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠠᠶᠢᠭᠤᠯᠭ᠎ᠠ ᠶᠢᠨ ᠬᠢᠨ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ᠂ ᠭᠦᠢᠴᠡᠳᠬᠡᠬᠦ ᠳᠡᠰ ᠳᠠᠷᠠᠭᠠᠯᠠᠯ ᠢ ᠢᠯᠡ ᠪᠣᠯᠭᠠᠨ᠂ ᠠᠵᠢᠯ ᠤᠨ ᠢᠯᠡ ᠲᠣᠳᠣ ᠴᠢᠨᠠᠷ ᠢ ᠳᠡᠭᠡᠭᠰᠢᠯᠡᠭᠦᠯᠵᠦ᠂ ᠴᠠᠭ ᠲᠣᠭᠲᠠᠭᠠᠨ ᠭᠦᠢᠴᠡᠳᠬᠡᠵᠦ ᠳᠠᠭᠤᠰᠬᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃      ᠲᠠᠪᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ︽ᠮᠡᠳᠡᠭᠳᠡᠯ ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠡᠷᠬᠢᠨ ᠰᠠᠶᠢᠲᠤᠷ ᠬᠢᠬᠦ ᠪᠣᠢ︖      ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠢ ᠵᠢᠯᠣᠭᠤᠳᠴᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠪᠠᠷ ᠰᠠᠶᠢᠲᠤᠷ ᠠᠳᠬᠤᠨ᠎ᠠ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠠᠵᠢᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠰᠢᠮᠳᠠᠭᠤᠯᠤᠨ ᠵᠢᠯᠣᠭᠤᠳᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠬᠤ ᠬᠡᠷᠡᠭᠲᠡᠢ᠃ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠬᠢᠨ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠢᠬᠤᠯᠠ ᠶᠡᠭᠡ ᠠᠰᠠᠭᠤᠳᠠᠯ ᠢ ᠰᠤᠳᠤᠯᠤᠨ᠂ ᠬᠠᠷᠠᠯᠲᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠳᠡᠰ ᠳᠡᠰ ᠢᠶᠠᠷ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠃      ᠬᠤᠶᠠᠷ ᠲᠤ᠂ ᠲᠤᠷᠰᠢᠯᠲᠠ ᠶᠢᠨ ᠴᠢᠭ᠋ ᠤᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠎ ᠲᠠᠢ ᠬᠠᠮᠲᠤᠷᠠᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ︽ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠲᠤᠷᠰᠢᠯᠲᠠ ᠶᠢᠨ ᠴᠢᠭ᠋ ᠢ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠬᠤ ᠶᠢ ᠰᠢᠮᠳᠠᠭᠤᠯᠤᠨ ᠵᠢᠯᠣᠭᠤᠳᠬᠤ ᠬᠡᠷᠡᠭᠲᠡᠢ᠃ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠲᠤᠷᠰᠢᠯᠭ᠎ᠠ ᠰᠣᠯᠢᠯᠴᠠᠬᠤ᠂ ᠪᠣᠳᠠᠲᠠᠢ ᠭᠠᠵᠠᠷ ᠲᠤ ᠨᠢ ᠰᠢᠯᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠢ ᠵᠢᠯᠣᠭᠤᠳᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠬᠦ ᠬᠡᠷᠡᠭᠲᠡᠢ᠃ ᠲᠤᠷᠰᠢᠯᠲᠠ ᠶᠢᠨ ᠴᠢᠭ᠋ ᠤᠨ ᠭᠠᠵᠠᠷ ᠣᠷᠣᠨ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠥᠭᠡᠷᠡᠴᠢᠯᠡᠯᠲᠡ ᠶᠢᠨ ᠠᠬᠢᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠵᠤ᠂ ᠥᠭᠡᠷᠡᠴᠢᠯᠡᠯᠲᠡ ᠶᠢᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠲᠤᠷᠰᠢᠯᠲᠠ ᠶᠢᠨ ᠴᠢᠭ᠋ ᠤᠨ ᠬᠢᠳᠡᠯ ᠢ ᠴᠠᠭ ᠲᠤᠬᠠᠢ ᠳᠤ ᠨᠢ ᠳ᠋ᠦᠩᠨᠡᠨ᠂ ᠵᠢᠷᠤᠮᠯᠠᠨ ᠳᠠᠭᠠᠵᠤ ᠪᠣᠯᠬᠤᠶᠢᠴᠠ᠂ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠶᠢ ᠪᠦᠷᠢᠯᠳᠦᠭᠦᠯᠵᠦ᠂ ᠪᠦᠬᠦ ᠤᠯᠤᠰ ᠢ ᠵᠢᠯᠣᠭᠤᠳᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠳᠤ ᠥᠭᠡᠷᠡᠴᠢᠯᠡᠯᠲᠡ ᠬᠢᠬᠦ ᠠᠵᠢᠯ ᠢ ᠥᠷᠨᠢᠭᠦᠯᠬᠦ ᠬᠡᠷᠡᠭᠲᠡᠢ᠃      ᠭᠤᠷᠪᠠ ᠳᠤ᠂ ᠰᠢᠯᠭᠠᠨ ᠬᠢᠨᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠵᠤ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠪᠦᠬᠦ ᠠᠯᠬᠤᠮ ᠳᠠᠷᠠᠭᠠᠯᠠᠯ ᠢᠶᠠᠷ᠂ ᠪᠦᠬᠦ ᠲᠠᠯ᠎ᠠ ᠶᠢ ᠬᠠᠮᠤᠷᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ ᠪᠠᠷ ᠰᠢᠯᠭᠠᠨ ᠬᠢᠨᠠᠵᠤ ᠦᠨᠡᠯᠡᠨ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠨᠢᠭᠡᠳᠦᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠂ ᠬᠢᠨᠠᠨ ᠵᠥᠪᠰᠢᠶᠡᠷᠡᠬᠦ ᠰᠢᠰᠲ᠋ᠧᠮᠵᠢ ᠶᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠰᠢᠯᠭᠠᠨ ᠬᠢᠨᠠᠵᠤ ᠦᠨᠡᠯᠡᠬᠦ ᠬᠡᠷᠡᠭᠲᠡᠢ᠃ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠠᠵᠢᠯ ᠢ ᠬᠢᠨᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ  ᠂ ᠥᠭᠡᠷᠡᠴᠢᠯᠡᠯᠲᠡ ᠶᠢᠨ ᠡᠭᠦᠷᠭᠡ ᠶᠢ  ᠨᠠᠶᠢᠳᠠᠪᠤᠷᠢᠵᠢᠭᠤᠯᠤᠭᠰᠠᠨ ᠪᠠᠶᠢᠳᠠᠯ ᠎ ᠢ  ᠮᠥᠷᠳᠡᠨ ᠬᠢᠨᠠᠵᠤ ᠪᠠᠶᠢᠴᠠᠭᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map