ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠠᠷᠭ᠎ᠠ ᠬᠡᠮᠵᠢᠶ᠎ᠡ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/5/31
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠤᠸᠠᠩᠳᠦ᠋ᠩ᠂ ᠲᠢᠶᠠᠨᠵᠢᠨ᠂ ᠹᠦᠵᠢᠶᠠᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ 3 ᠲᠥᠰᠥᠯ ᠪᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠬᠢᠬᠦ ᠳᠥᠷᠪᠡᠳᠦᠭᠡᠷ ᠪᠦᠯᠦᠭ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠬᠢᠬᠦ ᠶᠢ ᠨᠡᠩ ᠰᠠᠶᠢᠲᠤᠷ ᠥᠷᠭᠡᠳᠬᠡᠬᠦ ᠳᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠢᠨ᠎ᠡ ᠲᠤᠷᠰᠢᠯᠭ᠎ᠠ ᠶᠢ ᠬᠤᠷᠠᠮᠳᠤᠭᠤᠯᠬᠤ ᠶᠢ ᠵᠣᠷᠢᠭᠰᠠᠨ ᠪᠠᠶᠢᠨ᠎ᠠ᠃      ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠯᠢ ᠣᠯᠠᠨ ᠠᠷᠭ᠎ᠠ ᠬᠡᠮᠵᠢᠶ᠎ᠡ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ 24᠎ ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠠᠷᠤᠭ᠎ᠠ ᠶᠢᠨ ᠲᠤᠰᠠᠯᠠᠭᠴᠢ ᠿᠧᠨ ᠡᠾᠦ᠋ᠩ ᠪᠢᠨ᠂ ᠭᠤᠸᠠᠩᠳᠦ᠋ᠩ ᠮᠤᠵᠢ ᠶᠢᠨ ᠳᠡᠳ᠋ ᠮᠤᠵᠢ ᠶᠢᠨ ᠳᠠᠷᠤᠭ᠎ᠠ ᠡᠧᠦ ᠶᠠᠩ ᠸᠧᠢ ᠮᠢᠨ᠂ ᠲᠢᠶᠠᠨᠵᠢᠨ ᠬᠤᠲᠠ ᠶᠢᠨ ᠳᠡᠳ᠋ ᠬᠤᠲᠠ ᠶᠢᠨ ᠳᠠᠷᠤᠭ᠎ᠠ ᠵᠤᠤ ᠬᠠᠢ ᠱᠠᠨ᠂ ᠹᠦᠵᠢᠶᠠᠨ ᠮᠤᠵᠢ ᠶᠢᠨ ᠳᠡᠳ᠋ ᠮᠤᠵᠢ ᠶᠢᠨ ᠳᠠᠷᠤᠭ᠎ᠠ ᠵᠧᠩ ᠰᠢᠨ ᠴᠦᠩ ᠵᠢᠴᠢ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠪᠡᠯᠡ ᠶᠢᠨ ᠵᠤᠷᠭᠠᠨ ᠤ ᠳᠠᠷᠤᠭ᠎ᠠ ᠲᠠᠩ ᠸᠧᠨ ᠡᠾᠦ᠋ᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠠᠷᠢᠨ ᠲᠠᠶᠢᠯᠤᠮᠵᠢ ᠬᠢᠵᠡᠢ᠃      ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠣᠯᠠᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠷᠭ᠎ᠠ ᠵᠠᠮ ᠬᠠᠶᠢᠪᠠ      ᠭᠤᠸᠠᠩᠳᠦ᠋ᠩ ᠲᠢᠶᠠᠨᠵᠢᠨ ᠹᠦᠵᠢᠶᠠᠨ ᠭᠤᠷᠪᠠᠨ ᠭᠠᠵᠠᠷ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠥᠰᠥᠯ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ ᠿᠧᠨ ᠡᠾᠦ᠋ᠩ ᠪᠢᠨ ᠤ ᠲᠠᠨᠢᠯᠴᠠᠭᠤᠯᠤᠭᠰᠠᠨ ᠢᠶᠠᠷ᠂ ᠲᠥᠰᠥᠯ ᠨᠢ ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠵᠡᠷᠭᠡ ᠥᠭᠡᠷᠡᠴᠢᠯᠡᠯᠲᠡ ᠬᠢᠬᠦ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠬᠦᠷᠢᠶ᠎ᠡ ᠴᠠᠷᠠᠭ᠎ᠠ ᠳᠤ ᠥᠭᠡᠷᠡᠴᠢᠯᠡᠯᠲᠡ ᠬᠢᠬᠦ ᠰᠦᠪᠡᠭᠴᠢᠯᠡᠯᠲᠡ ᠶᠢ ᠭᠦᠨᠵᠡᠭᠡᠢ ᠥᠷᠨᠢᠭᠦᠯᠵᠡᠢ᠃      ᠵᠢᠱᠢᠶᠡᠯᠡᠪᠡᠯ᠂ ᠭᠤᠸᠠᠩᠳᠦ᠋ᠩ ᠎ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠨᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠤᠷᠢᠳ ᠢᠶᠠᠷ ᠬᠡᠷᠡᠭᠵᠢᠭᠦᠯᠬᠦ ᠲᠣᠭᠤᠷᠢᠭ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠫᠣᠷᠲ᠋ᠧᠯ ᠬᠦᠢᠰᠦ ᠪᠠ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩᠲᠤ ᠲᠣᠭᠤᠷᠢᠭ ᠤᠨ ᠬᠠᠮᠲᠤᠷᠠᠯᠴᠠᠵᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠲᠥᠪ ᠭᠤᠣᠯᠴᠢ ᠠᠷᠢᠭᠤᠨ ᠴᠢᠭᠴᠢ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠠᠶᠢᠭᠤᠯᠬᠤ᠂ ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠰᠢ ᠨᠡᠭᠡᠭᠡᠯᠲᠡ ᠬᠢᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠴᠣᠩᠬᠤᠪᠴᠢ ᠶᠢ ᠪᠠᠶᠢᠭᠤᠯᠬᠤ ᠪᠠ ᠭᠤᠸᠠᠩᠳᠦ᠋ᠩ ᠰᠢᠶᠠᠩᠭᠠᠩ ᠣᠣᠮᠧᠨ ᠤ ᠦᠢᠯᠡᠴᠢᠯᠡᠭᠡ ᠠᠷᠠᠯᠵᠢᠶ᠎ᠠ ᠶᠢ ᠴᠢᠯᠦᠭᠡᠲᠡᠢ ᠪᠣᠯᠭᠠᠬᠤ ᠵᠡᠷᠭᠡ 18 ᠲᠠᠯ᠎ᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃      ᠲᠢᠶᠠᠨᠵᠢᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠨᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ᠂ ᠳᠡᠯᠡᠬᠡᠢ ᠶᠢᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠨᠡᠮᠡᠨ ᠡᠭᠦᠳᠬᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠵᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠬᠤ ᠶᠢᠨ ᠲᠣᠭᠤᠷᠢᠨ ᠳᠤ᠂ ᠡᠯᠧᠮᠧᠨ᠋ᠲ ᠤᠨ ᠵᠠᠬ᠎ᠠ ᠳᠡᠯᠭᠡᠭᠦᠷ ᠲᠤ ᠲᠣᠬᠢᠷᠠᠭᠤᠯᠤᠯᠲᠠ ᠬᠢᠬᠦ ᠲᠣᠭᠲᠠᠴᠠ ᠳᠤ ᠰᠢᠨ᠎ᠡ ᠶᠢ ᠡᠭᠦᠳᠬᠦ᠂ ᠬᠤᠰᠢᠭᠤᠴᠢᠯᠠᠭᠴᠢ ᠰᠢᠨ᠎ᠡ ᠪᠠᠷ ᠬᠥᠭᠵᠢᠭᠰᠡᠨ ᠮᠡᠷᠭᠡᠵᠢᠯ ᠤᠨ ᠨᠡᠪᠴᠢᠭᠦᠯᠭᠡ ᠶᠢ ᠠᠬᠢᠭᠤᠯᠬᠤ ᠪᠠ ᠦᠢᠯᠡᠴᠢᠯᠡᠨ ᠬᠠᠮᠵᠢᠯᠴᠠᠵᠤ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ 16 ᠲᠠᠯ᠎ᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠹᠦᠵᠢᠶᠠᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠨᠢ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠬᠤᠶᠠᠷ ᠡᠷᠭᠢ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ 21 ᠳ᠋ᠦ᠋ᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ ᠤᠨ ᠭᠤᠣᠯ ᠣᠷᠣᠨ ᠢ ᠲᠦᠷᠭᠡᠳᠬᠡᠨ ᠪᠠᠶᠢᠭᠤᠯᠬᠤ ᠶᠢᠨ ᠲᠣᠭᠤᠷᠢᠨ ᠳᠤ᠂ ᠥᠨᠳᠥᠷ ᠪᠠᠷᠢᠮᠵᠢᠶᠠᠲᠤ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠪᠠᠶᠢᠭᠤᠯᠬᠤ᠂ ᠵᠠᠰᠠᠭ ᠤᠨ ᠣᠷᠳᠣᠨ ᠤ ᠦᠢᠯᠡᠴᠢᠯᠡᠭᠡ ᠶᠢ ᠪᠠᠷᠢᠮᠵᠢᠶᠠᠵᠢᠭᠤᠯᠵᠤ ᠢᠯᠡ ᠲᠣᠳᠣ ᠪᠣᠯᠭᠠᠬᠤ ᠶᠢ ᠠᠬᠢᠭᠤᠯᠬᠤ ᠪᠠ ᠹᠦᠵᠢᠶᠠᠨ ᠲᠠᠶᠢᠸᠠᠨ ᠤ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ 21 ᠲᠠᠯ᠎ᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃      ︽ᠳᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠠᠵᠢᠯ ᠤᠨ ᠶᠠᠮᠤᠨ ᠤ ᠬᠤᠭᠤᠷᠣᠨᠳᠤᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠪᠣᠯᠣᠭᠰᠠᠨ ᠤ ᠬᠤᠪᠢ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ 3 ᠮᠤᠵᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯᠲᠠ ᠶᠢᠨ ᠡᠬᠡ ᠳᠠᠩᠰᠠ ᠶᠢ ᠴᠠᠭ ᠢ ᠠᠮᠵᠢᠨ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠬᠢᠨ᠎ᠡ︾ ᠭᠡᠵᠦ ᠿᠧᠨ ᠡᠾᠦ᠋ᠩ ᠪᠢᠨ ᠬᠡᠯᠡᠭᠰᠡᠨ ᠪᠠᠶᠢᠨ᠎ᠠ᠃      ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠲᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠨᠡᠩ ᠰᠠᠶᠢᠲᠤᠷ ᠵᠢᠷᠤᠮᠯᠠᠨ ᠳᠠᠭᠠᠵᠤ ᠳᠡᠯᠭᠡᠷᠡᠭᠦᠯᠪᠡ      ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠲᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠪᠣᠯ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠴᠢ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃      ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠢ ᠪᠠᠶᠢᠭᠤᠯᠬᠤ ᠬᠠᠮᠤᠭ ᠤᠨ ᠦᠨᠳᠦᠰᠦᠨ ᠬᠠᠷᠠᠯᠲᠠ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠰᠦᠪᠡᠭᠴᠢᠯᠡᠯᠲᠡ ᠬᠢᠬᠦ ᠰᠢᠨ᠎ᠡ ᠠᠷᠭ᠎ᠠ ᠵᠠᠮ ᠢ ᠥᠷᠭᠡᠳᠬᠡᠵᠦ᠂ ᠰᠢᠨ᠎ᠡ ᠲᠤᠷᠰᠢᠯᠭ᠎ᠠ ᠶᠢ ᠬᠤᠷᠠᠮᠳᠤᠭᠤᠯᠬᠤ ᠶᠢᠨ ᠲᠥᠯᠥᠭᠡ ᠶᠤᠮ︾ ᠭᠡᠵᠦ ᠿᠧᠨ ᠡᠾᠦ᠋ᠩ ᠪᠢᠨ ᠬᠡᠯᠡᠪᠡ᠃      ᠲᠡᠭᠦᠨ ᠤ ᠲᠠᠨᠢᠯᠴᠠᠭᠤᠯᠤᠭᠰᠠᠨ ᠢᠶᠠᠷ᠂ 2013 ᠣᠨ ᠳᠤ ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠢ ᠪᠠᠶᠢᠭᠤᠯᠤᠭᠰᠠᠨ ᠠᠴᠠ ᠨᠠᠭᠠᠰᠢ᠂ ᠡᠯ᠎ᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠨᠢ ᠭᠦᠨᠵᠡᠭᠡᠢ ᠰᠦᠪᠡᠭᠴᠢᠯᠡᠯᠲᠡ ᠬᠢᠵᠦ᠂ ᠵᠣᠷᠢᠭᠲᠠᠢ ᠲᠤᠷᠰᠢᠭᠰᠠᠨ ᠠᠴᠠ᠂ ᠡᠭᠦᠨ ᠠᠴᠠ ᠡᠮᠦᠨ᠎ᠡ ᠨᠢᠭᠡᠨᠲᠡ ᠪᠦᠷᠢᠯᠳᠦᠭᠰᠡᠨ 123 ᠵᠦᠢᠯ ᠤᠨ ᠵᠢᠷᠤᠮᠯᠠᠨ ᠳᠠᠭᠠᠵᠤ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠪᠦᠯᠦᠭ ᠤᠳᠠᠭ᠎ᠠ ᠬᠤᠪᠢᠶᠠᠨ ᠪᠦᠬᠦ ᠤᠯᠤᠰ ᠲᠤ ᠳᠡᠯᠭᠡᠷᠡᠭᠦᠯᠵᠦ ᠰᠢᠯᠵᠢᠭᠦᠯᠦᠨ ᠪᠣᠳᠠᠲᠠᠶᠢᠵᠢᠭᠤᠯᠪᠠ᠃ ᠡᠭᠦᠨ ᠤ ᠰᠠᠭᠤᠷᠢᠨ ᠳᠡᠭᠡᠷ᠎ᠡ᠂ ᠲᠤᠰ ᠤᠳᠠᠭ᠎ᠠ ᠵᠢᠷᠤᠮᠯᠠᠨ ᠳᠠᠭᠠᠵᠤ ᠪᠣᠯᠬᠤᠶᠢᠴᠠ ᠰᠢᠨ᠎ᠡ ᠨᠢᠭᠡ ᠪᠦᠯᠦᠭ 30 ᠵᠦᠢᠯ ᠤᠨ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠳᠠᠬᠢᠨ ᠰᠢᠷᠭᠠᠭᠠᠨ ᠪᠦᠷᠢᠯᠳᠦᠭᠦᠯᠵᠦ᠂ ᠲᠡᠷᠡ ᠨᠢ ᠪᠦᠬᠦ ᠤᠯᠤᠰ ᠤᠨ ᠬᠡᠪᠴᠢᠶᠡᠨ ᠳᠤ ᠵᠢᠷᠤᠮᠯᠠᠨ ᠳᠠᠭᠠᠵᠤ ᠳᠡᠯᠭᠡᠷᠡᠭᠦᠯᠬᠦ 27 ᠵᠦᠢᠯ ᠤᠨ ᠥᠭᠡᠷᠡᠴᠢᠯᠡᠯᠲᠡ ᠶᠢᠨ ᠵᠦᠢᠯᠡᠰ᠂ ᠬᠢᠯᠢ ᠶᠢᠨ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠣᠷᠣᠨ ᠳᠤ ᠵᠢᠷᠤᠮᠯᠠᠨ ᠳᠠᠭᠠᠵᠤ ᠳᠡᠯᠭᠡᠷᠡᠭᠦᠯᠬᠦ 3 ᠵᠦᠢᠯ ᠤᠨ ᠥᠭᠡᠷᠡᠴᠢᠯᠡᠯᠲᠡ ᠶᠢᠨ ᠵᠦᠢᠯᠡᠰ ᠢ ᠪᠠᠭᠲᠠᠭᠠᠵᠤ ᠪᠠᠶᠢᠨ᠎ᠠ᠃      ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠲᠤ ᠪᠦᠷᠢᠯᠳᠦᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠦᠢᠯᠡᠰ ᠲᠤ ᠨᠡᠭᠡᠭᠡᠯᠲᠡ ᠬᠢᠭᠰᠡᠨ ᠲᠤᠷᠰᠢᠯᠭ᠎ᠠ ᠶᠢ ᠶᠠᠷᠢᠬᠤ ᠳᠤ ᠪᠠᠨ ᠲᠠᠩ ᠸᠧᠨ ᠬᠤᠩ᠂ ᠣᠳᠣᠬᠠᠨ ᠳᠤ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ 2 ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠶᠠᠭ ᠰᠠᠶᠢᠬᠠᠨ ᠵᠠᠰᠠᠪᠤᠷᠢ ᠣᠷᠣᠭᠤᠯᠬᠤ ᠶᠢ ᠠᠬᠢᠭᠤᠯᠵᠤ ᠪᠠᠶᠢᠨ᠎ᠠ᠂ ᠨᠢᠭᠡ ᠨᠢ ᠪᠦᠬᠦ ᠤᠯᠤᠰ ᠲᠠᠬᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ᠂ ᠨᠥᠬᠦᠭᠡ ᠨᠢᠭᠡ ᠨᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠲᠠᠬᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠪᠣᠯᠣᠨ᠎ᠠ᠃ ᠡᠨᠡ ᠬᠦ ᠵᠦᠢᠯ ᠤᠨ ᠠᠵᠢᠯ ᠨᠢ ᠶᠠᠭ ᠰᠠᠶᠢᠬᠠᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ ᠭᠡᠵᠡᠢ᠃      ︽ᠡᠳᠡᠭᠡᠷ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠤᠷᠰᠢᠯᠭ᠎ᠠ ᠨᠢ ᠣᠷᠣᠨ ᠨᠤᠲᠤᠭ ᠠᠴᠠ ᠢᠷᠡᠯᠲᠡ ᠲᠠᠢ ᠪᠣᠯᠪᠠᠴᠤ ᠪᠦᠬᠦ ᠤᠯᠤᠰ ᠲᠤ ᠦᠢᠯᠡᠴᠢᠯᠡᠵᠦ᠂ ᠲᠤᠷᠰᠢᠯᠲᠠ ᠪᠠᠷ ᠬᠠᠷᠭᠤᠭᠤᠯᠤᠨ ᠬᠠᠷᠢᠴᠠᠭᠤᠯᠵᠤ᠂ ᠲᠤᠷᠰᠢᠯᠲᠠ ᠪᠠᠷ ᠬᠠᠷᠢᠯᠴᠠᠨ ᠨᠥᠬᠦᠪᠦᠷᠢᠯᠡᠬᠦ ᠦᠷ᠎ᠡ ᠪᠦᠲᠦᠭᠡᠯ ᠢ ᠨᠡᠯᠢᠶᠡᠳ ᠰᠠᠶᠢᠲᠤᠷ ᠢᠯᠡᠷᠡᠭᠦᠯᠵᠦ᠂ ᠵᠥᠷᠢᠶ᠎ᠡ ᠎ ᠲᠠᠢ ᠪᠠᠷ ᠰᠦᠪᠡᠭᠴᠢᠯᠡᠯᠲᠡ ᠬᠢᠬᠦ ᠪᠠᠷ ᠳᠠᠮᠵᠢᠭᠤᠯᠵᠤ᠂ ᠨᠡᠩ ᠣᠯᠠᠨ ᠡᠰᠢᠵᠢᠭᠰᠡᠨ᠂ ᠨᠡᠩ ᠥᠨᠳᠥᠷ ᠬᠢᠷᠢ ᠲᠦᠪᠰᠢᠨ ᠪᠦᠬᠦᠢ ᠳᠦᠷᠢᠮ ᠤᠨ ᠰᠢᠨᠡᠴᠢᠯᠡᠯᠲᠡ ᠶᠢᠨ ᠦᠷ᠎ᠡ ᠪᠦᠲᠦᠮᠵᠢ ᠶᠢ ᠪᠦᠷᠢᠯᠳᠦᠭᠦᠯᠦᠨ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠬᠢᠭᠰᠡᠨ ᠠᠰᠢᠭ ᠣᠯᠵᠠᠪᠤᠷᠢ ᠪᠠ ᠨᠡᠭᠡᠭᠡᠯᠲᠡ ᠬᠢᠭᠰᠡᠨ ᠠᠰᠢᠭ ᠣᠯᠵᠠᠪᠤᠷᠢ ᠶᠢ ᠨᠡᠩ ᠰᠠᠶᠢᠲᠤᠷ ᠢᠯᠡᠷᠡᠭᠦᠯᠪᠡ︾ ᠭᠡᠵᠦ ᠿᠧᠨ ᠡᠾᠦ᠋ᠩ ᠪᠢᠨ ᠬᠡᠯᠡᠵᠡᠢ᠃      ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠳᠦᠷᠢᠮ ᠳᠤ ᠰᠢᠨ᠎ᠡ ᠶᠢ ᠡᠭᠦᠳᠦᠭᠰᠡᠨ ᠠᠰᠢᠭ ᠣᠯᠵᠠᠪᠤᠷᠢ ᠶᠢ ᠦᠷᠭᠦᠯᠵᠢᠯᠡᠨ ᠢᠯᠡᠷᠡᠭᠦᠯᠪᠡ      ᠭᠤᠸᠠᠩᠳᠦ᠋ᠩ ᠲᠢᠶᠠᠨᠵᠢᠨ ᠹᠦᠵᠢᠶᠠᠨ ᠭᠤᠷᠪᠠᠨ ᠭᠠᠵᠠᠷ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠢ ᠠᠵᠢᠯᠯᠠᠭᠤᠯᠤᠭᠰᠠᠨ ᠠᠴᠠ ᠨᠠᠭᠠᠰᠢ᠂ ᠣᠯᠠᠨ ᠬᠦᠷᠢᠶ᠎ᠡ ᠴᠠᠷᠠᠭ᠎ᠠ ᠶᠢᠨ ᠳᠦᠷᠢᠮ ᠳᠤ ᠰᠢᠨ᠎ᠡ ᠶᠢ ᠡᠭᠦᠳᠦᠨ ᠢᠯᠡᠳᠲᠡ ᠦᠷ᠎ᠡ ᠪᠦᠲᠦᠮᠵᠢ ᠣᠯᠵᠠᠢ᠃ ᠢᠷᠡᠭᠡᠳᠦᠢ ᠳᠤ ᠬᠡᠷᠬᠢᠨ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ᠂ ᠭᠤᠷᠪᠠᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠳᠡᠯᠡᠬᠡᠢ ᠶᠢᠨ ᠥᠨᠳᠥᠷ ᠪᠠᠷᠢᠮᠵᠢᠶᠠᠲᠤ ᠳᠦᠷᠢᠮ ᠵᠢᠷᠤᠮ ᠤᠨ ᠰᠢᠰᠲ᠋ᠧᠮᠵᠢ ᠲᠠᠢ ᠬᠠᠷᠭᠤᠭᠤᠯᠤᠨ ᠬᠠᠷᠢᠴᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠳᠦᠷᠢᠮ ᠳᠤ ᠰᠢᠨ᠎ᠡ ᠶᠢ ᠡᠭᠦᠳᠦᠭᠰᠡᠨ ᠠᠰᠢᠭ ᠣᠯᠵᠠᠪᠤᠷᠢ ᠶᠢ ᠦᠷᠭᠦᠯᠵᠢᠯᠡᠨ ᠢᠯᠡᠷᠡᠭᠦᠯᠵᠦ᠂ ᠮᠠᠨ ᠤ ᠤᠯᠤᠰ ᠤᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠪᠠᠶᠢᠭᠤᠯᠤᠯ ᠤᠨ ᠪᠠᠶᠢᠭᠤᠯᠤᠯᠲᠠ ᠶᠢ ᠠᠬᠢᠭᠤᠯᠤᠨ᠎ᠠ᠃      ᠡᠧᠦ ᠶᠠᠩ ᠸᠧᠢ ᠮᠢᠨ ᠤ ᠢᠯᠡᠷᠬᠡᠶᠢᠯᠡᠭᠰᠡᠨ ᠢᠶᠠᠷ᠂ ᠭᠤᠸᠠᠩᠳᠦ᠋ᠩ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠨᠢ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢ ᠵᠥᠪᠰᠢᠶᠡᠷᠡᠨ ᠣᠷᠣᠭᠤᠯᠬᠤ ᠠᠴᠠ ᠡᠮᠦᠨ᠎ᠡ ᠤᠯᠤᠰ ᠠᠷᠠᠳ ᠤᠨ ᠣᠯᠭᠤᠮᠵᠢ ᠶᠢᠨ ᠳᠡᠭᠡᠷ᠎ᠡ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠡᠮᠡᠬᠦ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠶᠡᠭᠡ ᠬᠡᠮᠵᠢᠶ᠎ᠡ ᠪᠠᠷ ᠴᠢᠯᠦᠭᠡᠲᠡᠢ ᠲᠠᠯᠪᠢᠵᠤ᠂ ᠲᠡᠷᠢᠭᠦᠨ ᠤ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠤᠷᠢᠳ ᠢᠶᠠᠷ ᠡᠭᠦᠳᠬᠦ ᠪᠠᠷ ᠪᠠᠶᠢᠨ᠎ᠠ᠃ ᠡᠭᠦᠨ ᠤ ᠬᠠᠮᠲᠤ᠂ ᠲᠣᠭᠲᠠᠴᠠ ᠪᠠᠶᠢᠭᠤᠯᠤᠯ ᠤᠨ ᠬᠤᠷᠢᠭ᠎ᠠ ᠰᠠᠭᠠᠳ ᠲᠤ ᠰᠢᠪᠲᠤᠯᠤᠯᠲᠠ ᠬᠢᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ CEPA ᠲᠥᠰᠥᠪ ᠤᠨ ᠳᠣᠣᠷ᠎ᠠ ᠤᠷᠢᠳ ᠢᠶᠠᠷ ᠰᠢᠶᠠᠩᠭᠠᠩ ᠣᠣᠮᠧᠨ ᠤ ᠦᠢᠯᠡᠴᠢᠯᠡᠭᠡ ᠶᠢᠨ ᠦᠢᠯᠡᠰ ᠲᠤ ᠤᠯᠠᠮ ᠨᠢᠭᠡ ᠠᠯᠬᠤᠮ ᠨᠡᠭᠡᠭᠡᠯᠲᠡ ᠬᠢᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠪᠠᠶᠢᠭᠤᠯᠤᠯᠲᠠ ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠨ᠎ᠡ᠃ ᠡᠭᠦᠨ ᠠᠴᠠ ᠭᠠᠳᠠᠨ᠎ᠠ᠂ ᠳᠡᠯᠡᠬᠡᠢ ᠶᠢᠨ ᠰᠠᠨᠰᠠᠷ ᠤᠨ ᠲᠡᠭᠡᠭᠡᠪᠦᠷᠢ ᠶᠢᠨ ᠬᠦᠢᠰᠦ᠂ ᠳᠡᠯᠡᠬᠡᠢ ᠶᠢᠨ ᠠᠷᠠᠯᠵᠢᠶᠠᠨ ᠤ ᠲᠥᠪ᠂ ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠰᠢ ᠨᠡᠭᠡᠭᠡᠯᠲᠡ ᠬᠢᠬᠦ ᠲᠤᠷᠰᠢᠯᠲᠠ ᠬᠢᠵᠦ ᠵᠢᠱᠢᠶ᠎ᠡ ᠦᠵᠡᠭᠦᠯᠬᠦ ᠴᠣᠩᠬᠤᠪᠴᠢ ᠶᠢ ᠪᠠᠶᠢᠭᠤᠯᠬᠤ ᠶᠢᠨ ᠲᠣᠭᠤᠷᠢᠨ ᠳᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠫᠣᠷᠲ᠋ᠧᠯ ᠬᠦᠢᠰᠦ ᠶᠢ ᠴᠢᠷᠮᠠᠶᠢᠨ ᠪᠠᠶᠢᠭᠤᠯᠤᠨ᠎ᠠ᠃      ︽ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠲᠥᠰᠥᠯ  ᠪᠣᠯ ᠢᠷᠡᠭᠡᠳᠦᠢ ᠶᠢᠨ ᠬᠤᠶᠠᠷ ᠠᠴᠠ ᠭᠤᠷᠪᠠᠨ ᠵᠢᠯ ᠳᠤ ᠲᠢᠶᠠᠨᠵᠢᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠠᠶᠢᠵᠤ᠂ ᠤᠤᠯ ᠤᠨ ᠶᠡᠷᠦᠩᠬᠡᠢ ᠲᠥᠰᠥᠯ ᠢ ᠵᠠᠯᠭᠠᠮᠵᠢᠯᠠᠨ ᠬᠥᠭᠵᠢᠭᠦᠯᠦᠭᠰᠡᠨ ᠶᠠᠪᠤᠳᠠᠯ ᠪᠣᠯᠣᠨ᠎ᠠ︾ ᠭᠡᠵᠦ ᠵᠤᠤ ᠬᠠᠢ ᠱᠠᠨ ᠬᠡᠯᠡᠪᠡ᠃      ᠵᠤᠤ ᠬᠠᠢ ᠱᠠᠨ ᠤ ᠲᠠᠨᠢᠯᠴᠠᠭᠤᠯᠤᠭᠰᠠᠨ ᠢᠶᠠᠷ᠂ ᠲᠢᠶᠠᠨᠵᠢᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠨᠢ ︽ᠨᠢᠭᠡ ᠰᠠᠭᠤᠷᠢᠨ ᠭᠠᠵᠠᠷ ᠭᠤᠷᠪᠠᠨ ᠲᠣᠭᠤᠷᠢᠭ︾᠎ ᠤᠨ ᠬᠤᠲᠠ ᠶᠢᠨ ᠪᠠᠶᠢᠷᠢ ᠲᠣᠭᠲᠠᠭᠠᠯᠲᠠ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠮᠠᠰᠢᠨ ᠲᠡᠷᠭᠡ᠂ ᠨᠢᠰᠬᠡᠯ᠂ ᠣᠩᠭᠤᠴᠠ ᠰᠡᠯᠪᠢᠨ ᠵᠠᠰᠠᠬᠤ ᠵᠡᠷᠭᠡ ᠲᠡᠷᠢᠭᠦᠨ ᠤ ᠦᠢᠯᠡᠳᠬᠡᠯ ᠤᠨ ᠦᠢᠯᠡᠰ ᠤᠨ ᠬᠦᠷᠢᠶ᠎ᠡ ᠴᠠᠷᠠᠭ᠎ᠠ ᠪᠠ ᠪᠠᠩᠬᠢ᠂ ᠳᠠᠭᠠᠳᠬᠠᠯ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠦᠢᠯᠡᠰ ᠲᠤ ᠨᠡᠭᠡᠭᠡᠯᠲᠡ ᠬᠢᠬᠦ ᠶᠢ ᠥᠷᠭᠡᠳᠬᠡᠨ᠎ᠡ︔ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠠᠵᠢᠯ ᠤᠨ ᠬᠥᠭᠵᠢᠯᠲᠡ ᠶᠢ ᠳᠡᠮᠵᠢᠨ᠂ ᠮᠠᠰᠢᠨ ᠲᠡᠷᠭᠡ ᠶᠢ ᠵᠡᠷᠭᠡᠳᠡ ᠣᠷᠣᠭᠤᠯᠬᠤ ᠪᠦᠬᠦ ᠠᠵᠢᠯ ᠦᠢᠯᠡᠰ ᠤᠨ ᠦᠢᠯᠡᠴᠢᠯᠡᠭᠡ ᠶᠢᠨ ᠬᠡᠯᠬᠢᠶᠡᠰᠦ ᠶᠢ ᠬᠦᠴᠦᠯᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠰᠢᠨ᠎ᠡ ᠬᠥᠳᠡᠯᠭᠡᠭᠴᠢ ᠬᠦᠴᠦᠨ ᠢ ᠤᠯᠠᠮ ᠨᠢᠭᠡ ᠠᠯᠬᠤᠮ ᠬᠥᠮᠥᠵᠢᠭᠦᠯᠦᠨ ᠬᠥᠭᠵᠢᠭᠦᠯᠵᠦ᠂ ᠳᠡᠯᠡᠬᠡᠢ ᠶᠢᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠴᠢᠩᠭᠠᠷᠠᠭᠤᠯᠤᠨ᠎ᠠ︔ ᠡᠭᠦᠨ ᠠᠴᠠ ᠭᠠᠳᠠᠨ᠎ᠠ᠂ ᠬᠠᠮᠵᠢᠯᠴᠠᠨ ᠬᠥᠭᠵᠢᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠭᠦᠯᠵᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃      ︽ᠲᠠᠶᠢᠸᠠᠨ ᠳᠤ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠪᠣᠯ ᠹᠦᠵᠢᠶᠠᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠥᠪᠡᠷᠮᠢᠴᠡ ᠣᠨᠴᠠᠯᠢᠭ ᠪᠣᠯᠣᠨ᠎ᠠ︾ ᠭᠡᠵᠦ ᠵᠧᠩ ᠰᠢᠨ ᠴᠦᠩ ᠬᠡᠯᠡᠬᠦ ᠳᠤ ᠪᠠᠨ᠂ ᠳᠠᠷᠠᠭᠠᠴᠢ ᠶᠢᠨ ᠠᠯᠬᠤᠮ ᠳᠤ᠂ ᠹᠦᠵᠢᠶᠠᠨ ᠮᠤᠵᠢ ᠨᠢ ᠠᠵᠤ ᠦᠢᠯᠡᠰ ᠤᠨ ᠬᠠᠮᠲᠤᠷᠠᠯᠴᠠᠭᠠᠨ ᠤ ᠰᠢᠨ᠎ᠡ ᠲᠣᠭᠲᠠᠴᠠ ᠳᠤ ᠰᠢᠨ᠎ᠡ ᠶᠢ ᠡᠭᠦᠳᠴᠦ᠂ ᠭᠤᠣᠯᠳᠠᠭᠤ ᠡᠯᠧᠺᠲᠷᠣᠨ ᠮᠡᠳᠡᠭᠡ ᠵᠠᠩᠭᠢ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠮᠥᠩᠭᠦᠨ ᠭᠦᠢᠯᠭᠡᠭᠡ᠂ ᠰᠣᠶᠣᠯ ᠤᠨ ᠪᠦᠲᠦᠭᠡᠯᠴᠢ ᠲᠥᠰᠥᠪᠯᠡᠯ ᠪᠠ ᠡᠷᠡᠭᠦᠯ ᠴᠢᠭᠢᠷᠠᠭ ᠨᠠᠰᠤᠵᠢᠯ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ᠰᠢᠨ᠎ᠡ ᠲᠥᠷᠥᠯ ᠵᠦᠢᠯ᠂ ᠰᠠᠶᠢᠨ ᠲᠥᠷᠥᠯ ᠵᠦᠢᠯ ᠢ ᠬᠥᠮᠥᠵᠢᠭᠦᠯᠦᠨ ᠪᠦᠷᠢᠯᠳᠦᠭᠦᠯᠬᠦ ᠶᠢᠨ ᠬᠠᠮᠲᠤ᠂ ᠲᠠᠶᠢᠸᠠᠨ ᠠᠴᠠ ᠣᠷᠣᠭᠤᠯᠬᠤ ᠲᠠᠸᠠᠷ ᠲᠤ ︽ᠡᠬᠢ ᠢᠷᠡᠯᠲᠡ ᠠᠴᠠ ᠨᠢ ᠬᠠᠮᠢᠶᠠᠷᠬᠤ᠂ ᠲᠦᠷᠭᠡᠨ ᠢᠶᠠᠷ ᠰᠢᠯᠭᠠᠨ ᠪᠠᠭᠤᠯᠭᠠᠬᠤ︾ ᠲᠥᠷᠥᠯ ᠵᠦᠢᠯ ᠤᠨ ᠬᠡᠷᠡᠭᠵᠢᠭᠦᠯᠦᠯᠲᠡ ᠶᠢ ᠥᠷᠭᠡᠳᠬᠡᠬᠦ ᠪᠠᠷ ᠳᠠᠮᠵᠢᠭᠤᠯᠵᠤ᠂ ︽ᠵᠢᠨᠮᠧᠨ ᠮᠠᠽᠦ ᠫᠧᠩᠬᠡᠣ︾᠎ ᠶᠢᠨ ᠠᠶᠠᠨᠴᠢᠨ ᠤ ᠬᠥᠯᠭᠡ ᠣᠩᠭᠤᠴᠨ ᠶᠢᠨ ᠭᠠᠷᠠᠮ ᠳᠤ ᠣᠷᠣᠵᠤ ᠭᠠᠷᠬᠤ᠂ ᠲᠠᠶᠢᠸᠠᠨ ᠤ ᠲᠡᠷᠭᠡ ᠲᠦᠷ ᠴᠠᠭ ᠹᠦᠵᠢᠶᠠᠨ ᠳᠤ ᠣᠷᠣᠬᠤ ᠳᠤ ᠤᠯᠠᠮ ᠨᠢᠭᠡ ᠠᠯᠬᠤᠮ ᠳᠥᠭᠦᠮ ᠨᠥᠬᠦᠴᠡᠯ ᠬᠠᠩᠭᠠᠵᠤ᠂ ᠪᠣᠭᠤᠮᠲᠠ ᠪᠠᠷ ᠥᠩᠭᠡᠷᠡᠬᠦ ᠳᠤ ᠬᠠᠮᠲᠤᠷᠠᠯᠴᠠᠬᠤ ᠰᠢᠨ᠎ᠡ ᠵᠠᠭᠪᠤᠷ ᠢ ᠪᠠᠶᠢᠭᠤᠯᠤᠨ᠂ ᠰᠢᠨ᠎ᠡ ᠶᠢ ᠡᠭᠦᠳᠦᠨ ᠦᠢᠯᠡᠰ ᠠᠳᠠᠯ ᠴᠣᠭᠴᠠᠯᠠᠬᠤ ᠰᠢᠨ᠎ᠡ ᠲᠠᠪᠴᠠᠩ ᠢ ᠪᠠᠶᠢᠭᠤᠯᠵᠤ᠂ ᠰᠣᠯᠢᠯᠴᠠᠭ᠎ᠠ ᠶᠠᠪᠤᠯᠴᠠᠭ᠎ᠠ ᠬᠢᠬᠦ ᠰᠢᠨ᠎ᠡ ᠵᠠᠮ ᠢ ᠥᠷᠭᠡᠳᠬᠡᠵᠦ᠂ ᠹᠦᠵᠢᠶᠠᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠬᠤᠶᠠᠷ ᠡᠷᠭᠢ ᠶᠢᠨ ᠰᠣᠯᠢᠯᠴᠠᠭ᠎ᠠ ᠬᠢᠵᠦ ᠬᠠᠮᠲᠤᠷᠠᠯᠴᠠᠬᠤ ᠴᠢᠬᠤᠯᠠ ᠴᠣᠩᠬᠤᠪᠴᠢ ᠪᠠ ᠬᠤᠰᠢᠭᠤᠯᠠᠭᠴᠢ ᠲᠠᠪᠴᠠᠩ ᠪᠣᠯᠭᠠᠬᠤ ᠪᠠᠷ ᠴᠢᠷᠮᠠᠶᠢᠨ᠎ᠠ ᠭᠡᠰᠡᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map