ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠵᠤᠷᠭᠠᠨ ᠤ ᠬᠠᠷᠢᠭᠤᠴᠠᠯᠭᠠᠲᠠᠨ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠲᠦᠷ ᠬᠡᠷᠡᠭᠵᠢᠭᠦᠯᠬᠦ ᠠᠷᠭ᠎ᠠ︾᠎ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/6/15
     2018 ᠣᠨ ᠤ 3 ᠳ᠋ᠤᠭᠠᠷ ᠰᠠᠷ᠎ᠠ ᠶᠢᠨ 2᠎ ᠤᠨ ᠡᠳᠦᠷ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠳᠠᠷᠤᠭ᠎ᠠ ᠵᠢᠶᠠᠩ ᠳ᠋ᠠ ᠮᠢᠩ 80 ᠳ᠋ᠤᠭᠠᠷ ᠲᠣᠭᠠᠲᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠵᠠᠷᠯᠢᠭ ᠳᠡᠭᠡᠷ᠎ᠡ ᠭᠠᠷ ᠤᠨ ᠦᠰᠦᠭ ᠵᠢᠷᠤᠵᠤ᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠪᠡ᠃ ᠡᠨᠡ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠤᠯᠤᠰ ᠤᠨ ᠭᠠᠵᠠᠷ ᠰᠢᠷᠣᠢ ᠶᠢ ᠬᠠᠤᠯᠢ ᠪᠠᠷ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠦᠭᠰᠡᠨ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠠᠷᠭ᠎ᠠ︾᠎ ᠶᠢᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠭᠤᠣᠯ ᠠᠭᠤᠯᠭ᠎ᠠ ᠨᠢ ᠶᠠᠭᠤ ᠪᠣᠢ︖ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠵᠤᠷᠭᠠᠨ ᠤ ᠳᠠᠷᠤᠭ᠎ᠠ ᠸᠧᠢ ᠯᠢ ᠬᠤᠸᠠ ᠡᠭᠦᠨ ᠤ ᠲᠤᠬᠠᠢ ᠲᠠᠶᠢᠯᠤᠮᠵᠢ ᠬᠢᠭᠰᠡᠨ ᠪᠠᠶᠢᠨ᠎ᠠ᠃      ︽ᠠᠷᠭ᠎ᠠ︾᠎ ᠶᠢ ᠨᠡᠶᠢᠲᠡᠯᠡᠭᠰᠡᠨ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠣᠨ᠎ᠠ᠃      ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ  ᠪᠣᠯᠣᠨ᠎ᠠ᠃ 2014 ᠣᠨ ᠤ 11 ᠳ᠋ᠦ᠋ᠭᠡᠷ ᠰᠠᠷ᠎ᠠ ᠶᠢᠨ 24᠎ ᠤ ᠡᠳᠦᠷ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠳᠦᠷᠢᠮ︾᠎ ᠢ ᠨᠡᠶᠢᠲᠡᠯᠡᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠪᠣᠯ ᠥᠷᠭᠡᠨ ᠣᠯᠠᠨ ᠠᠷᠠᠳ ᠲᠦᠮᠡᠨ ᠤ ᠥᠯᠥ ᠬᠥᠳᠡᠯᠬᠦ ᠬᠥᠷᠥᠩᠭᠡ ᠪᠠᠨ ᠬᠤᠳᠠᠯᠳᠤᠭᠠᠯᠠᠬᠤ᠂ ᠵᠠᠯᠭᠠᠮᠵᠢᠯᠠᠬᠤ ᠵᠡᠷᠭᠡ ᠠᠵᠢᠯᠯᠠᠭ᠎ᠠ ᠳᠤᠮᠳᠠᠬᠢ ᠰᠠᠭᠤᠷᠢᠯᠠᠬᠤ ᠴᠢᠨᠠᠷᠲᠠᠢ ᠴᠢᠬᠤᠯᠠ ᠲᠤᠯᠭᠠᠭᠤᠷᠢᠯᠠᠯ ᠪᠠᠶᠢᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢᠨ ᠴᠢᠬᠤᠯᠠ ᠦᠢᠯᠡᠴᠢᠯᠡᠭᠡᠨ ᠤ ᠵᠦᠢᠯᠡᠰ ᠪᠥᠭᠡᠳ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠬᠠᠤᠯᠢ ᠴᠠᠭᠠᠵᠠ ᠳᠦᠷᠢᠮ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠨᠢ ᠰᠢᠨ᠎ᠡ ᠴᠠᠭ ᠦᠶ᠎ᠡ ᠳᠤ ᠣᠷᠣᠬᠤ ᠶᠢ ᠳᠠᠭᠠᠯᠳᠤᠨ᠂ ᠥᠯᠥ ᠬᠥᠳᠡᠯᠬᠦ ᠬᠥᠷᠥᠩᠭᠡ ᠶᠢᠨ ᠰᠣᠯᠢᠯᠴᠠᠭᠠᠨ ᠤ ᠠᠮᠤᠷ ᠲᠦᠪᠰᠢᠨ ᠢ ᠬᠠᠮᠠᠭᠠᠯᠠᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠤᠬᠠᠢ ᠪᠦᠬᠦ ᠨᠡᠶᠢᠭᠡᠮ ᠤᠨ ᠬᠦᠰᠡᠯ ᠱᠠᠭᠠᠷᠳᠠᠯᠭ᠎ᠠ ᠡᠳᠦᠷ ᠢᠷᠡᠬᠦᠶ᠎ᠡ ᠳᠡᠭᠡᠭᠰᠢᠯᠡᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠴᠤ ᠡᠳᠦᠷ ᠢᠷᠡᠬᠦᠶ᠎ᠡ ᠨᠡᠮᠡᠭᠳᠡᠪᠡ᠃ ᠦᠢᠯᠡᠳᠦᠯᠭᠡ ᠶᠢᠨ ᠶᠠᠪᠤᠴᠠ ᠳᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠳᠤ ᠮᠥᠨ ᠵᠠᠷᠢᠮ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ᠂ ᠣᠳᠣ ᠶᠢᠨ ᠪᠠᠶᠢᠭ᠎ᠠ ᠲᠣᠭᠲᠠᠭᠠᠯ ᠨᠢ ᠰᠢᠰᠲ᠋ᠧᠮ ᠢᠶᠠᠷ ᠠᠨᠠᠢ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠪᠠ ᠵᠢᠷᠤᠮᠯᠠᠨ ᠳᠠᠭᠤᠷᠢᠶᠠᠬᠤ ᠲᠣᠭᠲᠠᠭᠠᠯ ᠨᠢ ︽ᠪᠣᠳᠠᠰ ᠤᠨ ᠡᠷᠬᠡ ᠶᠢᠨ ᠬᠠᠤᠯᠢ︾᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾᠎ ᠳᠤ ᠬᠡᠰᠡᠭ ᠪᠤᠰᠠᠭ ᠢᠯᠡᠷᠡᠵᠦ᠂ ᠨᠢᠭᠡᠨ ᠰᠢᠰᠲ᠋ᠧᠮᠵᠢ ᠪᠣᠯᠣᠨ ᠪᠦᠷᠢᠯᠳᠦᠭᠰᠡᠨ ᠦᠭᠡᠢ ᠪᠣᠯᠬᠤᠷ᠂ ᠠᠷᠠᠳ ᠣᠯᠠᠨ ᠤ ᠬᠠᠶᠢᠨ ᠯᠠᠪᠯᠠᠬᠤ ᠭᠤᠶᠤᠴᠢᠯᠠᠯᠲᠠ ᠭᠠᠷᠭᠠᠬᠤ ᠳᠤ ᠳᠥᠭᠦᠮ ᠦᠭᠡᠢ ᠪᠣᠯᠭᠠᠭᠰᠠᠨ ᠮᠥᠷᠲᠡᠭᠡᠨ ᠣᠷᠣᠨ ᠨᠤᠲᠤᠭ ᠢ ᠵᠢᠯᠣᠭᠤᠳᠤᠨ ᠬᠠᠶᠢᠨ ᠯᠠᠪᠯᠠᠬᠤ ᠠᠵᠢᠯ ᠥᠷᠨᠢᠭᠦᠯᠬᠦ ᠳᠤ ᠴᠤ ᠠᠰᠢᠭ ᠦᠭᠡᠢ ᠪᠣᠯᠭᠠᠪᠠ᠃ ᠬᠤᠶᠠᠷ ᠲᠤ᠂ ᠬᠠᠮᠢᠶ᠎ᠠ ᠪᠦᠬᠦᠢ ᠲᠣᠭᠲᠠᠭᠠᠯ ᠨᠢ ᠲᠣᠳᠣᠷᠬᠠᠢ ᠪᠤᠰᠤ᠃ ᠲᠣᠭᠲᠠᠭᠠᠯ ᠢ ᠦᠨᠳᠦᠰᠦᠯᠡᠪᠡᠯ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ᠂ ᠵᠢᠷᠤᠮᠯᠠᠨ ᠳᠠᠭᠤᠷᠢᠶᠠᠵᠤ ᠪᠣᠯᠣᠨ᠎ᠠ᠃ ᠭᠡᠲᠡᠯ᠎ᠡ᠂ ᠬᠡᠨ ᠬᠥᠮᠥᠨ ᠨᠢ ᠴᠣᠬᠤᠮ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠣᠯᠬᠤ ᠪᠠ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠨᠢ ᠶᠠᠮᠠᠷ ᠮᠠᠲ᠋ᠧᠷᠢᠶᠠᠯ ᠢ ᠬᠠᠩᠭᠠᠪᠠᠯ ᠵᠣᠬᠢᠬᠤ ᠲᠤᠬᠠᠢ ᠬᠠᠤᠯᠢ ᠴᠠᠭᠠᠵᠠ ᠳᠦᠷᠢᠮ ᠳᠤ ᠲᠣᠭᠲᠠᠭᠠᠭᠰᠠᠨ ᠦᠭᠡᠢ ᠪᠥᠭᠡᠳ ᠣᠷᠣᠨ ᠨᠤᠲᠤᠭ ᠤᠨ ᠬᠢᠨ ᠬᠡᠷᠡᠭᠵᠢᠭᠦᠯᠬᠦ ᠳᠤ ᠴᠤ ᠨᠢᠭᠡᠳᠦᠯᠲᠡᠢ ᠪᠠᠷᠢᠮᠵᠢᠶ᠎ᠠ ᠦᠭᠡᠢ ᠪᠣᠯᠬᠤᠷ᠂ ᠳᠠᠷᠤᠢ ᠲᠣᠳᠣᠷᠬᠠᠶᠢᠯᠠᠬᠤ ᠪᠠ ᠨᠠᠷᠢᠯᠢᠭᠵᠢᠭᠤᠯᠬᠤ ᠬᠡᠷᠡᠭᠲᠡᠢ᠃ ᠭᠤᠷᠪᠠ ᠳᠤ᠂ ︽ᠭᠠᠵᠠᠷ ᠰᠢᠷᠣᠢ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠢᠯᠡ ᠪᠠᠷ ᠬᠠᠶᠢᠨ ᠯᠠᠪᠯᠠᠬᠤ ᠠᠷᠭ᠎ᠠ︾᠎ ᠨᠢ ︽ᠪᠣᠳᠠᠰ ᠤᠨ ᠡᠷᠬᠡ ᠶᠢᠨ ᠬᠠᠤᠯᠢ︾᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠎ ᠤᠨ ᠲᠣᠭᠲᠠᠭᠠᠯ ᠲᠠᠢ ᠨᠢᠭᠡᠳᠦᠯ ᠦᠭᠡᠢ ᠲᠤᠯᠠ ᠳᠠᠷᠤᠢ ᠬᠦᠴᠦᠨ ᠦᠭᠡᠢ ᠪᠣᠯᠭᠠᠬᠤ ᠬᠡᠷᠡᠭᠲᠡᠢ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯᠯᠠᠭ᠎ᠠ ᠶᠢ ᠳᠦᠷᠢᠮᠵᠢᠭᠦᠯᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠣᠳᠠᠰ ᠤᠨ ᠡᠷᠬᠡ ᠶᠢ ᠵᠠᠷᠯᠠᠨ ᠨᠡᠶᠢᠲᠡᠯᠡᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠣᠯᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ᠂ ᠬᠤᠪᠢ ᠬᠥᠮᠥᠨ ᠤ ᠨᠢᠭᠤᠴᠠ ᠶᠢ ᠨᠡᠩ ᠴᠢᠩᠭ᠎ᠠ ᠬᠠᠮᠠᠭᠠᠯᠠᠬᠤ ᠶᠢᠨ ᠲᠥᠯᠥᠭᠡ᠂ ᠲᠤᠰᠬᠠᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠨᠡᠶᠢᠲᠡᠯᠡᠵᠦ ᠵᠢᠷᠤᠮᠵᠢᠭᠤᠯᠬᠤ ᠴᠢᠬᠤᠯᠠᠲᠠᠢ ᠪᠣᠯᠣᠭᠠᠳ ᠪᠣᠢ᠃       ︽ᠠᠷᠭ᠎ᠠ︾᠎ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠶᠢᠷ᠎ᠠ ᠶᠢᠨ ᠵᠢᠯ ᠤᠳ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠭᠤᠣᠯ ᠴᠣᠭᠴᠠ᠂ ᠳᠡᠰ ᠳᠠᠷᠠᠭᠠᠯᠠᠯ᠂ ᠴᠢᠬᠤᠯᠠ ᠮᠠᠲ᠋ᠧᠷᠢᠶᠠᠯ ᠵᠢᠴᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠮᠠᠭᠠᠯᠠᠬᠤ ᠵᠡᠷᠭᠡ ᠴᠢᠬᠤᠯᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠬᠠᠤᠯᠢ ᠴᠠᠭᠠᠵᠠ ᠶᠢᠨ ᠦᠨᠳᠦᠰᠦᠯᠡᠯ ᠬᠠᠩᠭᠠᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠡᠯ᠎ᠡ ᠵᠦᠢᠯ ᠤᠨ ᠲᠥᠬᠦᠷᠵᠢᠭᠰᠡᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠦᠭᠰᠡᠨ ᠪᠠᠶᠢᠨ᠎ᠠ᠃       ︽ᠠᠷᠭ᠎ᠠ︾᠎ ᠶᠢᠨ ᠠᠩᠬᠠᠷᠤᠭᠤᠰᠢᠲᠠᠢ ᠳᠥᠷᠪᠡᠨ ᠶᠡᠭᠡ ᠭᠢᠯᠠᠰ ᠴᠡᠭ       ︽ᠠᠷᠭ᠎ᠠ︾᠎ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠳᠤ ᠣᠯᠠᠨ ᠵᠦᠢᠯ ᠤᠨ ᠳᠦᠷᠢᠮ ᠲᠣᠭᠲᠠᠭᠠᠯ ᠲᠣᠭᠲᠠᠭᠠᠵᠤ᠂ ᠲᠡᠳᠡᠭᠡᠷ ᠤᠨ ᠳᠣᠲᠣᠷ᠎ᠠ ᠠᠩᠬᠠᠷᠤᠭᠤᠰᠢᠲᠠᠢ ᠳᠥᠷᠪᠡᠨ ᠶᠡᠭᠡ ᠭᠢᠯᠠᠰ ᠴᠡᠭ ᠪᠣᠢ᠄      ᠨᠢᠭᠡ ᠳᠤ᠂ ᠬᠠᠤᠯᠢ ᠪᠠᠷ ᠲᠣᠭᠲᠠᠭᠠᠭᠰᠠᠨ ᠬᠠᠶᠢᠨ ᠯᠠᠪᠯᠠᠬᠤ ᠭᠤᠣᠯ ᠴᠣᠭᠴᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠬᠡᠨ ᠬᠠᠶᠢᠨ ᠯᠠᠪᠯᠠᠵᠤ ᠪᠣᠯᠬᠤ︾ ᠠᠰᠠᠭᠤᠳᠠᠯ ᠢ ᠲᠣᠳᠣᠷᠬᠠᠶᠢᠯᠠᠪᠠ᠃ ︽ᠪᠣᠳᠠᠰ ᠤᠨ ᠡᠷᠬᠡ ᠶᠢᠨ ᠬᠠᠤᠯᠢ︾ ᠪᠠ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠎ ᠳᠤ᠄ ᠡᠷᠬᠡ ᠠᠰᠢᠭᠲᠤ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ᠂ ᠵᠢᠷᠤᠮᠯᠠᠨ ᠳᠠᠭᠤᠷᠢᠶᠠᠬᠤ ᠪᠠᠷ ᠭᠤᠶᠤᠴᠢᠯᠠᠵᠤ ᠪᠣᠯᠣᠨ᠎ᠠ ᠂ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠮᠠᠲ᠋ᠧᠷᠢᠶᠠᠯ ᠢ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃ ︽ᠠᠷᠭ᠎ᠠ︾ ᠎ ᠨᠢ ︽ᠪᠣᠳᠠᠰ ᠤᠨ ᠡᠷᠬᠡ ᠶᠢᠨ ᠬᠠᠤᠯᠢ︾ ᠪᠠ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠣᠣᠷᠠᠬᠢ ᠬᠡᠳᠦᠨ ᠲᠥᠷᠥᠯ ᠤᠨ ᠭᠤᠣᠯ ᠴᠣᠭᠴᠠ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ᠂ ᠵᠢᠷᠤᠮᠯᠠᠨ ᠳᠠᠭᠤᠷᠢᠶᠠᠵᠤ ᠪᠣᠯᠬᠤ ᠶᠢ ᠲᠣᠳᠣᠷᠬᠠᠶᠢᠯᠠᠪᠠ᠂ ᠡᠭᠦᠨ ᠳᠤ᠄ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭᠲᠤ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠵᠢᠴᠢ ᠲᠡᠭᠦᠨ ᠤ ᠨᠠᠶᠢᠳᠠᠭᠰᠠᠨ ᠬᠠᠤᠯᠢᠴᠢ ᠪᠤᠶᠤ ᠪᠤᠰᠤᠳ ᠲᠥᠯᠥᠭᠡᠨ ᠤ ᠬᠥᠮᠥᠨ ᠢ ᠪᠠᠭᠲᠠᠭᠠᠨ᠎ᠠ᠃ ᠡᠭᠦᠨ ᠤ ᠬᠠᠮᠲᠤ᠂ ᠨᠠᠷᠢᠪᠴᠢᠯᠠᠨ ᠲᠣᠭᠠᠴᠠᠬᠤ ᠳᠤᠭᠤᠶᠢᠯᠠᠩ᠂ ᠳᠠᠮᠫᠤᠷᠠᠭᠰᠠᠨ ᠢ ᠬᠠᠮᠢᠶᠠᠷᠤᠭᠴᠢ᠂ ᠡᠳ᠋ ᠬᠥᠷᠥᠩᠭᠡ ᠶᠢ ᠣᠷᠣᠯᠠᠨ ᠬᠠᠮᠢᠶᠠᠷᠤᠭᠴᠢ᠂ ᠬᠢᠨᠠᠨ ᠬᠠᠮᠢᠶᠠᠷᠤᠭᠴᠢ ᠵᠡᠷᠭᠡ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠢᠶᠠᠷᠬᠤ ᠪᠠ ᠰᠢᠢᠳᠪᠦᠷᠢᠯᠡᠬᠦ ᠡᠷᠬᠡ ᠲᠠᠢ ᠭᠤᠣᠯ ᠴᠣᠭᠴᠠ᠂ ᠡᠷᠬᠡ ᠠᠰᠢᠭᠲᠤ ᠬᠥᠮᠥᠨ ᠬᠠᠶᠢᠨ ᠯᠠᠪᠯᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠠᠶᠢᠨ ᠯᠠᠪᠯᠠᠵᠤ ᠪᠣᠯᠬᠤ ᠶᠢ ᠲᠣᠭᠲᠠᠭᠠᠵᠠᠢ᠃ ᠡᠭᠦᠨ ᠠᠴᠠ ᠭᠠᠳᠠᠨ᠎ᠠ᠂ ᠲᠤᠰ ︽ᠠᠷᠭ᠎ᠠ︾᠎ ᠶᠢ ᠨᠡᠶᠢᠲᠡᠯᠡᠭᠰᠡᠨ ᠨᠢ ᠭᠤᠣᠯᠳᠠᠭᠤ ᠠᠷᠠᠳ ᠢᠷᠭᠡᠳ ᠲᠤ ᠬᠠᠩᠭᠠᠬᠤ ᠬᠠᠶᠢᠨ ᠯᠠᠪᠯᠠᠬᠤ ᠦᠢᠯᠡᠴᠢᠯᠡᠭᠡ ᠶᠢ ᠵᠢᠷᠤᠮᠵᠢᠭᠤᠯᠬᠤ ᠶᠢᠨ ᠲᠥᠯᠥᠭᠡ ᠪᠠᠶᠢᠵᠤ᠂ ᠬᠤᠯᠪᠣᠭᠳᠠᠯ ᠪᠦᠬᠦᠢ ᠤᠯᠤᠰ ᠤᠨ ᠪᠠᠶᠢᠭᠤᠯᠭ᠎ᠠ ᠶᠢᠨ ᠎ ᠬᠢᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ ᠵᠢᠷᠤᠮᠯᠠᠨ ᠳᠠᠭᠤᠷᠢᠶᠠᠬᠤ ᠵᠢᠴᠢ ᠤᠯᠤᠰ ᠤᠨ ᠪᠠᠶᠢᠭᠤᠯᠭ᠎ᠠ ᠨᠤᠭᠤᠳ ᠤᠨ ᠬᠤᠭᠤᠷᠣᠨᠳᠤ ᠪᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠲᠤᠰ ᠲᠤᠨᠢ ᠲᠣᠭᠲᠠᠭᠠᠪᠠ᠃      ᠬᠤᠶᠠᠷ ᠲᠤ᠂ ᠬᠠᠤᠯᠢ ᠶᠣᠰᠣᠭᠠᠷ ᠠᠷᠠᠳ ᠲᠤ ᠳᠥᠭᠦᠮ ᠦᠵᠡᠭᠦᠯᠬᠦ ᠥᠨᠳᠥᠷ ᠪᠦᠲᠦᠮᠵᠢᠲᠡᠢ ᠪᠠᠶᠢᠯᠭᠠᠬᠤ ᠦᠨᠳᠦᠰᠦᠨ ᠵᠠᠷᠴᠢᠮ ᠢ ᠲᠣᠳᠣᠷᠬᠠᠶᠢᠯᠠᠵᠤ᠂ ᠬᠠᠶᠢᠨ ᠯᠠᠪᠯᠠᠬᠤ ᠠᠵᠢᠯ ᠤᠨ ︽ᠶᠠᠭᠤ ᠶᠢ ᠵᠢᠷᠤᠮᠯᠠᠬᠤ︾ ᠠᠰᠠᠭᠤᠳᠠᠯ ᠢ ᠰᠢᠢᠳᠪᠦᠷᠢᠯᠡᠵᠡᠢ᠃ ᠬᠠᠤᠯᠢ ᠶᠢ ᠵᠢᠷᠤᠮᠯᠠᠬᠤ᠂ ᠠᠷᠠᠳ ᠲᠤ ᠳᠥᠭᠦᠮ ᠦᠵᠡᠭᠦᠯᠬᠦ᠂ ᠥᠨᠳᠥᠷ ᠪᠦᠲᠦᠮᠵᠢᠲᠡᠢ ᠪᠠᠶᠢᠯᠭᠠᠬᠤ ᠵᠠᠷᠴᠢᠮ ᠶᠣᠰᠣᠭᠠᠷ᠂ ︽ᠠᠷᠭ᠎ᠠ︾᠎ ᠨᠢ ᠲᠥᠷᠥᠯ ᠬᠤᠪᠢᠶᠠᠵᠤ ᠬᠠᠶᠢᠨ ᠯᠠᠪᠯᠠᠬᠤ ᠶᠢ ᠴᠢᠬᠤᠯᠠᠴᠢᠯᠠᠵᠤ᠂ ᠬᠠᠶᠢᠨ ᠯᠠᠪᠯᠠᠬᠤ ᠠᠳᠠᠯᠢ ᠪᠤᠰᠤ ᠶᠢᠨ ᠭᠤᠣᠯ ᠴᠣᠭᠴᠠ ᠳᠤ ᠬᠠᠶᠢᠨ ᠯᠠᠪᠯᠠᠬᠤ ᠠᠳᠠᠯᠢ ᠪᠤᠰᠤ ᠶᠢᠨ ᠡᠷᠬᠡ ᠶᠢᠨ ᠬᠢᠵᠠᠭᠠᠷ ᠲᠣᠬᠢᠷᠠᠭᠤᠯᠵᠤ᠂ ᠡᠷᠬᠡ ᠠᠰᠢᠭᠲᠤ ᠬᠥᠮᠥᠨ ᠬᠠᠶᠢᠨ ᠯᠠᠪᠯᠠᠬᠤ ᠬᠠᠮᠤᠭ ᠤᠨ ᠶᠡᠭᠡ ᠡᠷᠬᠡ ᠶᠢᠨ ᠬᠢᠵᠠᠭᠠᠷ ᠢ ᠡᠳ᠋ᠯᠡᠨ᠎ᠡ ᠭᠡᠵᠡᠢ᠃ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠳᠤ ᠵᠥᠪᠬᠡᠨ ᠥᠯᠥ ᠬᠥᠳᠡᠯᠬᠦ ᠬᠥᠷᠥᠩᠭᠡ ᠶᠢ ᠬᠠᠶᠢᠨ ᠯᠠᠪᠯᠠᠵᠤ ᠪᠣᠯᠬᠤᠶᠢᠴᠠ ᠲᠡᠮᠳᠡᠭᠯᠡᠯ ᠤᠨ ᠳᠡᠪᠲᠡᠷ ᠲᠤ ᠲᠡᠮᠳᠡᠭᠯᠡᠭᠰᠡᠨ ᠳᠠᠩᠰᠠᠯᠠᠨ ᠲᠡᠮᠳᠡᠭᠯᠡᠭᠦᠯᠦᠭᠰᠡᠨ ᠦᠷ᠎ᠡ ᠳ᠋ᠦᠩ ᠢ ᠯᠡ ᠬᠠᠩᠭᠠᠨ᠎ᠠ᠃ ᠡᠭᠦᠨ ᠤ ᠬᠠᠮᠲᠤ᠂ ︽ᠠᠷᠭ᠎ᠠ︾ ᠬᠢᠭᠡᠳ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠎ ᠳᠤ ᠲᠣᠭᠲᠠᠭᠠᠭᠰᠠᠨ ︽ᠬᠠᠷᠢᠶᠠᠯᠠᠭᠳᠠᠬᠤ ᠭᠠᠵᠠᠷ ᠢᠶᠠᠷ ᠳᠠᠩᠰᠠᠯᠠᠨ ᠲᠡᠮᠳᠡᠭᠯᠡᠬᠦ︾ ᠵᠠᠷᠴᠢᠮ ᠲᠠᠢ ᠵᠣᠯᠭᠠᠭᠤᠯᠵᠤ᠂ ︽ᠬᠠᠷᠢᠶᠠᠯᠠᠭᠳᠠᠬᠤ ᠭᠠᠵᠠᠷ ᠲᠤ ᠬᠠᠶᠢᠨ ᠯᠠᠪᠯᠠᠬᠤ︾᠎ ᠶᠢ ᠬᠡᠷᠡᠭᠵᠢᠭᠦᠯᠵᠦ᠂ ᠠᠷᠠᠳ ᠣᠯᠠᠨ ᠳᠤ ᠳᠥᠭᠦᠮ ᠦᠵᠡᠭᠦᠯᠦᠨ᠎ᠡ᠃ ᠡᠭᠦᠨ ᠤ ᠰᠠᠭᠤᠷᠢᠨ ᠳᠡᠭᠡᠷ᠎ᠡ᠂ ︽ᠠᠷᠭ᠎ᠠ︾᠎ ᠳᠤ ᠪᠠᠰᠠ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢᠴᠢᠯᠠᠭᠰᠠᠨ ᠪᠠᠶᠢᠭᠤᠯᠤᠯᠲᠠ ᠪᠠᠨ ᠴᠢᠩᠭᠠᠳᠬᠠᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠳᠤ ᠰᠠᠭᠤᠷᠢᠯᠠᠵᠤ᠂ ᠢᠨᠲ᠋ᠧᠷ ᠰᠦᠯᠵᠢᠶᠡᠨ ᠤ ᠮᠡᠷᠭᠡᠵᠢᠯ ᠢ ᠬᠡᠷᠡᠭᠯᠡᠬᠦ᠂ ᠠᠦ᠋ᠲ᠋ᠣᠴᠢᠯᠠᠭᠰᠠᠨ ᠬᠠᠶᠢᠨ ᠯᠠᠪᠯᠠᠬᠤ ᠲᠡᠭᠦᠰᠬᠡᠯ ᠦᠵᠦᠭᠦᠷ ᠢ ᠲᠣᠬᠢᠷᠠᠭᠤᠯᠬᠤ᠂ ᠬᠠᠮᠢᠶ᠎ᠠ ᠪᠦᠬᠦᠢ ᠲᠠᠯᠠᠪᠤᠷ ᠲᠤ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠶᠢᠨ ᠯᠠᠪᠯᠠᠬᠤ ᠦᠵᠦᠭᠦᠷ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠠᠶᠢᠨ ᠯᠠᠪᠯᠠᠭᠴᠢ ᠳᠤ ᠳᠥᠭᠦᠮ ᠦᠵᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠨ᠎ᠠ᠃      ᠭᠤᠷᠪᠠ ᠳᠤ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠤᠬᠠᠭᠳᠠᠬᠤᠨ ᠢ ᠠᠩᠬ᠎ᠠ ᠤᠳᠠᠭ᠎ᠠ ᠢᠯᠭᠠᠨ ᠲᠣᠳᠣᠯᠠᠵᠤ᠂ ︽ᠶᠠᠮᠠᠷ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠬᠠᠶᠢᠨ ᠯᠠᠪᠯᠠᠵᠤ ᠪᠣᠯᠬᠤ︾ ᠪᠠ ︽ᠶᠠᠮᠠᠷ ᠬᠡᠮᠵᠢᠶ᠎ᠡ ᠬᠦᠷᠲᠡᠯ᠎ᠡ ᠬᠠᠶᠢᠨ ᠯᠠᠪᠯᠠᠵᠤ ᠪᠣᠯᠬᠤ︾ ᠠᠰᠠᠭᠤᠳᠠᠯ ᠢ ᠲᠣᠳᠣᠷᠬᠠᠶᠢᠯᠠᠪᠠ᠃ ︽ᠪᠣᠳᠠᠰ ᠤᠨ ᠡᠷᠬᠡ ᠶᠢᠨ ᠬᠠᠤᠯᠢ︾ ᠪᠠ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠎ ᠳᠤ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠬᠠᠶᠢᠨ ᠯᠠᠪᠯᠠᠵᠤ ᠪᠣᠯᠬᠤ ᠪᠣᠯᠪᠠᠴᠤ ᠬᠡᠨ ᠬᠥᠮᠥᠨ ᠨᠢ ᠴᠣᠬᠤᠮ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠣᠯᠬᠤ ᠶᠢ ᠲᠣᠳᠣᠷᠬᠠᠢ ᠲᠣᠭᠲᠠᠭᠠᠭᠰᠠᠨ ᠦᠭᠡᠢ ᠪᠣᠯᠬᠤᠷ᠂ ᠣᠷᠣᠨ ᠨᠤᠲᠤᠭ ᠤᠨ ᠬᠢᠨ ᠬᠠᠶᠢᠨ ᠯᠠᠪᠯᠠᠬᠤ ᠦᠢᠯᠡᠴᠢᠯᠡᠭᠡ ᠥᠷᠨᠢᠭᠦᠯᠬᠦ ᠦᠶ᠎ᠡ ᠳᠤ ᠰᠠᠶᠢᠲᠤᠷ ᠡᠵᠡᠮᠳᠡᠵᠦ ᠳᠡᠶᠢᠯᠬᠦ ᠦᠭᠡᠢ ᠪᠠᠶᠢᠯ᠎ᠠ᠃ ᠡᠭᠦᠨ ᠳᠤ᠂ ︽ᠠᠷᠭ᠎ᠠ︾᠎ ᠨᠢ ᠡᠯ᠎ᠡ ᠭᠠᠵᠠᠷ ᠤᠨ ᠦᠢᠯᠡᠳᠦᠯᠭᠡ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠨ᠂ ᠰᠣᠯᠢᠯᠴᠠᠭᠠᠨ ᠤ ᠠᠮᠤᠷ ᠲᠦᠪᠰᠢᠨ ᠢ ᠬᠠᠮᠠᠭᠠᠯᠠᠵᠤ᠂ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠷᠠᠭᠠᠰᠤ ᠠᠴᠠ ᠡᠭᠦᠰᠴᠦ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠳᠤ ᠬᠤᠪᠢᠶᠠᠷᠢᠯᠠᠯᠲᠠ ᠪᠠ ᠨᠠᠷᠢᠯᠢᠭᠵᠢᠭᠤᠯᠤᠯᠲᠠ ᠬᠢᠪᠡ᠄ ᠥᠯᠥ ᠬᠥᠳᠡᠯᠬᠦ ᠬᠥᠷᠥᠩᠭᠡ ᠪᠠᠨ ᠬᠤᠳᠠᠯᠳᠤᠭᠰᠠᠨ᠂ ᠬᠠᠷᠢᠯᠴᠠᠨ ᠰᠣᠯᠢᠭᠰᠠᠨ᠂ ᠪᠡᠯᠡᠭᠯᠡᠭᠰᠡᠨ᠂ ᠲᠦᠷᠢᠶᠡᠰᠦᠯᠡᠭᠰᠡᠨ᠂ ᠪᠠᠷᠢᠴᠠᠭᠠᠯᠠᠭᠰᠠᠨ ᠠᠴᠠ ᠪᠣᠯᠣᠭᠰᠠᠨ᠂ ᠵᠢᠴᠢ ᠥᠯᠥ ᠬᠥᠳᠡᠯᠬᠦ ᠬᠥᠷᠥᠩᠭᠡ ᠳᠤ ᠢᠷᠭᠡᠨ ᠤ ᠬᠡᠷᠡᠭ ᠤᠨ ᠮᠠᠷᠭᠤᠭᠠᠨ ᠣᠷᠣᠰᠢᠵᠤ ᠪᠠᠶᠢᠬᠤ ᠪᠠᠷ ᠪᠠᠷᠠᠬᠤ ᠦᠭᠡᠢ ᠨᠢᠭᠡᠨᠲᠡ ᠵᠠᠷᠭᠤᠯᠳᠤᠭᠠᠨ ᠬᠢᠭᠰᠡᠨ᠂ ᠬᠥᠨᠳᠡᠯᠡᠨ ᠠᠴᠠ ᠲᠠᠰᠤᠯᠤᠭᠰᠠᠨ ᠠᠴᠠ ᠪᠣᠯᠵᠤ ᠠᠰᠢᠭ ᠬᠤᠣᠷ ᠤᠨ ᠬᠠᠷᠢᠴᠠᠭ᠎ᠠ ᠡᠭᠦᠰᠦᠭᠰᠡᠨ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠦᠯᠦᠭᠰᠡᠨ ᠦᠷ᠎ᠡ ᠳ᠋ᠦᠩ ᠢᠶᠠᠨ ᠬᠠᠶᠢᠨ ᠯᠠᠪᠯᠠᠵᠤ ᠪᠣᠯᠬᠤ ᠶᠢ ᠲᠣᠭᠲᠠᠭᠠᠪᠠ︔ ᠥᠯᠥ ᠬᠥᠳᠡᠯᠬᠦ ᠬᠥᠷᠥᠩᠭᠡ ᠪᠠᠨ ᠬᠤᠳᠠᠯᠳᠤᠬᠤ᠂ ᠲᠦᠷᠢᠶᠡᠰᠦᠯᠡᠬᠦ᠂ ᠪᠠᠷᠢᠴᠠᠭᠠᠯᠠᠬᠤ ᠰᠠᠨᠠᠭ᠎ᠠ ᠲᠠᠢ᠂ ᠡᠰᠡᠬᠦᠯ᠎ᠡ ᠥᠯᠥ ᠬᠥᠳᠡᠯᠬᠦ ᠬᠥᠷᠥᠩᠭᠡ ᠳᠤ ᠵᠠᠷᠭᠤᠯᠳᠤᠭᠠᠨ ᠬᠢᠬᠦ ᠪᠤᠶᠤ ᠬᠥᠨᠳᠡᠯᠡᠨ ᠠᠴᠠ ᠲᠠᠰᠤᠯᠬᠤ ᠪᠠᠷ ᠲᠥᠯᠥᠪᠯᠡᠵᠦ ᠪᠠᠶᠢᠪᠠᠴᠤ᠂ ᠠᠰᠢᠭ ᠬᠤᠣᠷ ᠤᠨ ᠬᠠᠷᠢᠴᠠᠭ᠎ᠠ ᠶᠢ ᠭᠡᠷᠡᠴᠢᠯᠡᠬᠦ ᠮᠠᠲ᠋ᠧᠷᠢᠶᠠᠯ ᠬᠠᠩᠭᠠᠵᠤ ᠳᠡᠶᠢᠯᠬᠦ ᠦᠭᠡᠢ ︽ᠠᠰᠢᠭ ᠬᠤᠣᠷ ᠤᠨ ᠬᠠᠷᠢᠴᠠᠭ᠎ᠠ ᠭᠠᠷᠴᠤ ᠮᠡᠳᠡᠬᠦ ᠬᠥᠮᠥᠨ︾᠂ ᠥᠯᠥ ᠬᠥᠳᠡᠯᠬᠦ ᠬᠥᠷᠥᠩᠭᠡ ᠶᠢᠨ ᠪᠠᠶᠢᠭᠠᠯᠢᠯᠢᠭ ᠪᠠᠶᠢᠳᠠᠯ᠂ ᠬᠠᠮᠲᠤ ᠪᠠᠷ ᠥᠮᠴᠢᠯᠡᠬᠦ ᠪᠠᠶᠢᠳᠠᠯ ᠵᠢᠴᠢ ᠳᠠᠩᠰᠠᠯᠠᠨ ᠲᠡᠮᠳᠡᠭᠯᠡᠭᠰᠡᠨ ᠪᠤᠰᠤᠳ ᠪᠠᠶᠢᠳᠠᠯ ᠪᠠᠶᠢᠬᠤ ᠡᠰᠡᠬᠦ ᠵᠡᠷᠭᠡ ᠶᠢ ᠬᠠᠶᠢᠨ ᠯᠠᠪᠯᠠᠵᠤ ᠪᠣᠯᠬᠤ ᠶᠢ ᠲᠣᠭᠲᠠᠭᠠᠪᠠ᠃ ᠡᠭᠦᠨ ᠤ ᠬᠠᠮᠲᠤ᠂ ︽ᠬᠠᠤᠯᠢᠴᠢ ᠶᠢᠨ ᠬᠠᠤᠯᠢ︾᠎ ᠳᠤ ᠬᠠᠤᠯᠢᠴᠢ ᠶᠢᠨ ᠪᠠᠶᠢᠴᠠᠭᠠᠬᠤ ᠡᠷᠬᠡ ᠶᠢᠨ ᠠᠰᠠᠭᠤᠳᠠᠯ ᠢ ᠲᠣᠭᠲᠠᠭᠠᠭᠰᠠᠨ ᠢ ᠪᠣᠳᠣᠯᠬᠢᠯᠠᠵᠤ᠂ ︽ᠠᠷᠭ᠎ᠠ︾᠎ ᠳᠤ ᠪᠠᠰᠠ ᠬᠠᠤᠯᠢᠴᠢ ᠨᠢ ︽ᠠᠰᠢᠭ ᠬᠤᠣᠷ ᠤᠨ ᠬᠠᠷᠢᠴᠠᠭ᠎ᠠ ᠭᠠᠷᠴᠤ ᠮᠡᠳᠡᠬᠦ ᠬᠥᠮᠥᠨ︾᠎ ᠤ ᠨᠠᠶᠢᠳᠠᠯᠭ᠎ᠠ ᠶᠢ ᠬᠦᠯᠢᠶᠡᠵᠦ᠂ ᠨᠠᠶᠢᠳᠠᠭᠴᠢ ᠠᠴᠠ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠨᠡᠩ ᠣᠯᠠᠨ ᠮᠡᠳᠡᠭᠡ ᠵᠠᠩᠭᠢ ᠶᠢ ᠬᠠᠶᠢᠨ ᠯᠠᠪᠯᠠᠵᠤ᠂ ᠬᠠᠮᠢᠶ᠎ᠠ ᠪᠦᠬᠦᠢ ᠬᠡᠷᠡᠭ ᠢ ᠭᠦᠢᠴᠡᠳᠬᠡᠬᠦ ᠲᠤᠬᠠᠢ ᠬᠠᠤᠯᠢᠴᠢ ᠶᠢᠨ ᠵᠠᠷᠭᠤᠯᠳᠤᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠣᠨ᠎ᠠ ᠭᠡᠵᠦ ᠲᠣᠭᠲᠠᠭᠠᠵᠠᠢ᠃      ᠳᠥᠷᠪᠡ ᠳᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ︽ᠬᠤᠪᠢ ᠬᠥᠮᠥᠨ ᠤ ᠮᠡᠳᠡᠭᠡ ᠵᠠᠩᠭᠢ ᠶᠢᠨ ᠵᠠᠳᠠᠷᠠᠬᠤ ᠠᠴᠠ ᠬᠡᠷᠬᠢᠨ ᠰᠡᠷᠭᠡᠶᠢᠯᠡᠬᠦ︾ ᠠᠰᠠᠭᠤᠳᠠᠯ ᠢ ᠲᠣᠳᠣᠷᠬᠠᠶᠢᠯᠠᠪᠠ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠬᠠᠤᠯᠢ ᠴᠠᠭᠠᠵᠠ ᠳᠦᠷᠢᠮ ᠤᠨ ᠪᠠᠶᠢᠭᠤᠯᠤᠯᠲᠠ ᠶᠢᠨ ᠴᠢᠬᠤᠯᠠ ᠬᠠᠷᠠᠯᠲᠠ ᠶᠢᠨ ᠨᠢᠭᠡ ᠪᠣᠯᠣᠨ᠎ᠠ᠃ ᠰᠢᠨ᠎ᠡ ᠴᠠᠭ ᠤᠨ ᠪᠠᠶᠢᠳᠠᠯ ᠤᠨ ᠱᠠᠭᠠᠷᠳᠠᠯᠭ᠎ᠠ ᠲᠠᠢ ᠵᠣᠬᠢᠴᠠᠯᠳᠤᠵᠤ᠂ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠬᠤ ᠶᠢᠨ ᠲᠥᠯᠥᠭᠡ᠂ ︽ᠠᠷᠭ᠎ᠠ︾᠎ ᠳᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠥᠮᠥᠵᠢᠯ ᠪᠣᠯᠪᠠᠰᠤᠷᠠᠭᠤᠯᠤᠯ ᠬᠢᠬᠦ᠂ ᠬᠡᠷᠡᠭᠯᠡᠭᠴᠢ ᠶᠢᠨ ᠡᠷᠬᠡ ᠶᠢᠨ ᠬᠢᠵᠠᠭᠠᠷ ᠢ ᠲᠣᠬᠢᠷᠠᠭᠤᠯᠬᠤ᠂ ᠰᠡᠷᠭᠡᠶᠢᠯᠡᠯᠲᠡ ᠬᠠᠮᠢᠶᠠᠷᠤᠯᠲᠠ ᠶᠢ ᠴᠢᠩᠭᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠣᠷᠭᠠᠬᠤ ᠳᠦᠷᠢᠮ ᠳᠤ ᠬᠠᠶᠢᠨ ᠯᠠᠪᠯᠠᠭᠴᠢ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠵᠢᠴᠢ ᠪᠠᠶᠢᠭᠤᠯᠤᠮᠵᠢ ᠶᠢᠨ ᠠᠵᠢᠯᠲᠠᠨ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠭᠤᠣᠯ ᠴᠣᠭᠴᠠ ᠶᠢᠨ ᠬᠠᠤᠯᠢ ᠶᠢ ᠵᠥᠷᠢᠴᠡᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠵᠠᠳᠠᠷᠠᠭᠤᠯᠬᠤ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃      ᠠᠷᠭ᠎ᠠ ᠬᠡᠮᠵᠢᠶ᠎ᠡ ᠠᠪᠴᠤ ︽ᠠᠷᠭ᠎ᠠ︾᠎ ᠶᠢᠨ ᠪᠦᠲᠦᠮᠵᠢᠲᠡᠢ ᠬᠡᠷᠡᠭᠵᠢᠭᠦᠯᠦᠯᠲᠡ ᠶᠢ ᠪᠠᠲᠤᠯᠠᠨ᠎ᠠ      ᠬᠠᠤᠯᠢ ᠴᠠᠭᠠᠵᠠ ᠳᠦᠷᠢᠮ ᠤᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠠᠶᠢᠵᠤ᠂ ᠡᠷᠬᠡ ᠰᠦᠷ ᠨᠢ ᠴᠤ ᠬᠡᠷᠡᠭᠵᠢᠭᠦᠯᠬᠦ ᠳᠤ ᠪᠠᠶᠢᠳᠠᠭ᠃ ︽ᠠᠷᠭ᠎ᠠ︾᠎ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ ᠲᠤᠤᠱᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠳᠤ ︽ᠠᠷᠭ᠎ᠠ︾᠎ ᠶᠢ ᠰᠤᠷᠤᠯᠴᠠᠬᠤ᠂ ᠤᠬᠠᠭᠤᠯᠬᠤ ᠪᠠ ᠪᠣᠯᠪᠠᠰᠤᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢᠨ ᠥᠷᠭᠡᠨ ᠣᠯᠠᠨ ᠠᠵᠢᠯᠲᠠᠨ ᠳᠤ ︽ᠠᠷᠭ᠎ᠠ︾᠎ ᠶᠢᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠣᠶᠢᠯᠠᠭᠠᠭᠤᠯᠵᠤ᠂ ︽ᠠᠷᠭ᠎ᠠ︾᠎ ᠶᠢᠨ ᠡᠯ᠎ᠡ ᠵᠦᠢᠯ ᠤᠨ ᠲᠣᠭᠲᠠᠭᠠᠯ ᠢ ᠨᠡᠪᠲᠡᠷᠬᠡᠢ ᠮᠡᠳᠡᠭᠦᠯᠦᠨ᠂ ᠪᠣᠯᠪᠠᠰᠤᠷᠠᠩᠭᠤᠢ ᠡᠵᠡᠮᠰᠢᠭᠦᠯᠵᠦ᠂ ᠴᠢᠳᠠᠮᠠᠭᠠᠢ ᠬᠡᠷᠡᠭᠯᠡᠭᠦᠯᠦᠨ᠎ᠡ᠃ ︽ᠠᠷᠭ᠎ᠠ︾᠎ ᠲᠠᠢ ᠬᠠᠷᠭᠤᠭᠤᠯᠵᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠤᠨ ᠠᠯᠬᠤᠮ ᠳᠠᠷᠠᠭᠠᠯᠠᠯ ᠢ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠠᠵᠢᠯᠯᠠᠭᠠᠨ ᠢ ᠨᠠᠷᠢᠯᠢᠭᠵᠢᠭᠤᠯᠤᠨ᠂ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠨᠢ ᠦᠨᠡᠨ ᠬᠦ ᠳᠡᠭᠡᠭᠰᠢᠯᠡᠭᠦᠯᠦᠨ᠎ᠡ᠃ ᠬᠤᠶᠠᠷ ᠲᠤ᠂ ᠪᠦᠬᠦ ᠨᠡᠶᠢᠭᠡᠮ ᠳᠤ ︽ᠠᠷᠭ᠎ᠠ︾᠎ ᠶᠢ ᠶᠡᠭᠡ ᠪᠠᠷ ᠤᠬᠠᠭᠤᠯᠵᠤ᠂ ᠥᠷᠭᠡᠨ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠳᠤ ᠶᠠᠮᠠᠷ ᠪᠠᠶᠢᠳᠠᠯ ᠳᠣᠣᠷ᠎ᠠ ᠬᠠᠶᠢᠨ ᠯᠠᠪᠯᠠᠵᠤ ᠪᠣᠯᠬᠤ᠂ ᠶᠠᠭᠤ ᠶᠢ ᠬᠠᠶᠢᠨ ᠯᠠᠪᠯᠠᠵᠤ ᠳᠡᠶᠢᠯᠬᠦ᠂ ᠶᠠᠭᠠᠬᠢᠵᠤ ᠬᠠᠶᠢᠨ ᠯᠠᠪᠯᠠᠬᠤ᠂ ᠶᠠᠭᠠᠬᠢᠵᠤ ᠬᠡᠷᠡᠭᠯᠡᠬᠦ ᠵᠢᠴᠢ ᠡᠭᠦᠷᠭᠡᠯᠡᠬᠦ ᠴᠢᠬᠤᠯᠠᠲᠠᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠮᠡᠳᠡᠭᠦᠯᠵᠦ᠂ ᠡᠷᠬᠡ ᠪᠠ ᠡᠭᠦᠷᠭᠡ ᠶᠢ ᠦᠨᠡᠨ ᠬᠦ ᠣᠶᠢᠯᠠᠭᠠᠭᠤᠯᠤᠨ᠎ᠠ᠃ ᠭᠤᠷᠪᠠ ᠳᠤ᠂ ︽ᠠᠷᠭ᠎ᠠ︾᠎ ᠶᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠡᠵᠡᠮᠰᠢᠬᠦ ᠶᠢ ᠬᠢᠨᠠᠮᠠᠭᠠᠢ ᠰᠠᠶᠢᠲᠤᠷ ᠬᠢᠵᠦ᠂ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ᠂ ᠲᠤᠷᠰᠢᠯᠭ᠎ᠠ ᠪᠠᠨ ᠳ᠋ᠦᠩᠨᠡᠵᠦ᠂ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠢ ᠡᠳᠦᠷ ᠢᠷᠡᠬᠦᠶ᠎ᠡ ᠵᠢᠷᠤᠮᠵᠢᠭᠤᠯᠬᠤ ᠪᠠ ᠠᠷᠠᠳ ᠲᠤ ᠳᠥᠭᠦᠮ ᠦᠵᠡᠭᠦᠯᠬᠦ᠂ ᠥᠨᠳᠥᠷ ᠪᠦᠲᠦᠮᠵᠢᠲᠡᠢ ᠪᠠᠶᠢᠯᠭᠠᠬᠤ ᠶᠢ ᠠᠬᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map