ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠭᠠᠵᠠᠷ ᠰᠢᠷᠣᠢ ᠶᠢ ᠠᠰᠢᠭᠯᠠᠨ ᠬᠠᠮᠢᠶᠠᠷᠬᠤ ᠵᠤᠷᠭᠠᠨ ᠤ ᠬᠠᠷᠢᠭᠤᠴᠠᠯᠭᠠᠲᠠᠨ ︽ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠬᠢᠵᠠᠭᠠᠷᠯᠠᠯ ᠤᠨ ᠭᠦᠢᠴᠡᠳᠬᠡᠯ ᠲᠤᠭ᠎ᠠ︾᠎ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/6/26
       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ ᠪᠠ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠯᠲᠡ ᠶᠢ ᠨᠡᠩ ᠰᠠᠶᠢᠨ ᠪᠠᠲᠤᠯᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 8᠎ ᠤ ᠡᠳᠦᠷ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ︽︿ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠬᠢᠵᠠᠭᠠᠷᠯᠠᠯ ᠤᠨ ᠭᠦᠢᠴᠡᠳᠬᠡᠯ ᠲᠤᠭ᠎ᠠ﹀᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠭᠰᠠᠨ ᠤ ᠬᠠᠮᠲᠤ᠂ 12 ᠳ᠋ᠤᠭᠠᠷ ᠰᠠᠷ᠎ᠠ ᠶᠢᠨ 20᠎ ᠤ ᠡᠳᠦᠷ ︽ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠬᠢᠵᠠᠭᠠᠷᠯᠠᠯ ᠤᠨ ᠭᠦᠢᠴᠡᠳᠬᠡᠯ ᠲᠤᠭ᠎ᠠ︾ ︵ᠳᠣᠷᠣᠭᠰᠢ ︽ᠭᠦᠢᠴᠡᠳᠬᠡᠯ ᠲᠤᠭ᠎ᠠ︾ ᠭᠡᠵᠦ ᠲᠣᠪᠴᠢᠯᠠᠨ᠎ᠠ︶᠎ ᠶᠢ ᠨᠡᠶᠢᠭᠡᠮ ᠳᠤ ᠢᠯᠡ ᠪᠠᠷ ᠨᠡᠶᠢᠲᠡᠯᠡᠵᠦ᠂ 2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ 8 ᠵᠢᠯ ᠬᠦᠴᠦᠨ ᠲᠠᠢ ᠭᠡᠵᠦ ᠲᠣᠳᠣᠷᠬᠠᠶᠢᠯᠠᠭᠰᠠᠨ ᠪᠠᠶᠢᠨ᠎ᠠ᠃        ᠣᠶᠢᠷ᠎ᠠ ᠳᠤ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠭᠠᠵᠠᠷ ᠰᠢᠷᠣᠢ ᠶᠢ ᠠᠰᠢᠭᠯᠠᠨ ᠬᠠᠮᠢᠶᠠᠷᠬᠤ ᠵᠤᠷᠭᠠᠨ ᠤ ᠬᠠᠷᠢᠭᠤᠴᠠᠯᠭᠠᠲᠠᠨ ︽ᠭᠦᠢᠴᠡᠳᠬᠡᠯ ᠲᠤᠭ᠎ᠠ︾᠎ ᠳᠤ ᠲᠠᠶᠢᠯᠤᠮᠵᠢ ᠬᠢᠪᠡ᠃ ᠡᠨᠡ ᠬᠦ ᠬᠠᠷᠢᠭᠤᠴᠠᠯᠭᠠᠲᠠᠨ ᠤ ᠢᠯᠡᠳᠬᠡᠭᠰᠡᠨ ᠨᠢ᠂ ︽ᠭᠦᠢᠴᠡᠳᠬᠡᠯ ᠲᠤᠭ᠎ᠠ︾᠎ ᠳᠤ ᠬᠡᠷᠡᠭᠯᠡᠬᠦ ᠬᠡᠪᠴᠢᠶ᠎ᠡ ᠪᠠ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠶᠢ ᠠᠷᠪᠢᠲᠠᠢ ᠡᠷᠴᠢᠮᠲᠡᠢ ᠬᠡᠷᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠶᠢᠨ ᠬᠤᠭᠤᠰᠤᠨ ᠢ ᠨᠥᠬᠦᠪᠦᠷᠢᠯᠡᠨ᠂ ᠪᠡᠶ᠎ᠡ ᠶᠢᠨ ᠲᠠᠮᠢᠷ ᠤᠨ ᠬᠦᠷᠢᠶ᠎ᠡ ᠴᠠᠷᠠᠭᠠᠨ ᠤ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠶᠢ ᠪᠦᠷᠢᠨᠰᠢᠭᠦᠯᠵᠦ᠂ ᠤᠯᠤᠰ ᠤᠨ ᠳᠡᠰ ᠳᠠᠪᠬᠤᠷᠭ᠎ᠠ ᠳᠠᠬᠢ ᠪᠡᠶ᠎ᠡ ᠶᠢᠨ ᠲᠠᠮᠢᠷ ᠤᠨ ᠬᠦᠷᠢᠶ᠎ᠡ ᠴᠠᠷᠠᠭᠠᠨ ᠤ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠶᠢᠨ ᠨᠡᠯᠢᠶᠡᠳ ᠪᠦᠷᠢᠨ ᠲᠥᠬᠦᠷ ᠰᠢᠰᠲ᠋ᠧᠮᠵᠢ ᠶᠢ ᠪᠦᠷᠢᠯᠳᠦᠭᠦᠯᠬᠦ ᠳᠤ ᠰᠠᠭᠤᠷᠢ ᠲᠠᠯᠪᠢᠵᠤ ᠥᠭᠴᠡᠢ᠃         ︽ᠭᠦᠢᠴᠡᠳᠬᠡᠯ ᠲᠤᠭ᠎ᠠ︾᠎ ᠶᠢ ᠭᠠᠵᠠᠷ ᠰᠢᠷᠣᠢ ᠶᠢᠨ ᠠᠰᠢᠭᠯᠠᠯᠲᠠ ᠶᠢ ᠦᠨᠡᠯᠡᠵᠦ ᠰᠢᠯᠭᠠᠨ ᠬᠢᠨᠠᠬᠤ ᠪᠠ ᠭᠠᠵᠠᠷ ᠰᠢᠷᠣᠢ ᠬᠠᠩᠭᠠᠭᠰᠠᠨ ᠤ ᠳᠠᠷᠠᠭ᠎ᠠ ᠬᠢᠨᠠᠵᠤ ᠬᠠᠮᠢᠶᠠᠷᠬᠤ ᠴᠢᠬᠤᠯᠠ ᠦᠨᠳᠦᠰᠦᠯᠡᠯ ᠪᠣᠯᠭᠠᠵᠠᠢ         ︽ᠮᠡᠳᠡᠭᠳᠡᠯ︾᠎ ᠳᠤ ︽ᠭᠦᠢᠴᠡᠳᠬᠡᠯ ᠲᠤᠭ᠎ᠠ︾᠎ ᠶᠢᠨ ᠬᠡᠷᠡᠭᠯᠡᠭᠳᠡᠬᠦ ᠬᠡᠪᠴᠢᠶ᠎ᠡ ᠶᠢ ᠲᠣᠳᠣᠷᠬᠠᠶᠢᠯᠠᠪᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠭᠡᠳᠡᠭ ᠪᠣᠯ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠤᠷᠭᠠᠭᠤᠯᠢᠯᠠᠯ ᠪᠠ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠵᠡᠷᠭᠡ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠠᠯᠠᠪᠤᠷ ᠣᠷᠳᠣᠨ ᠢ ᠵᠢᠭᠠᠵᠤ ᠪᠣᠢ᠂ ᠡᠭᠦᠨ ᠳᠤ ᠪᠡᠶ᠎ᠡ ᠶᠢᠨ ᠲᠠᠮᠢᠷ ᠤᠨ ᠲᠠᠯᠠᠪᠤᠷ᠂ ᠪᠡᠶ᠎ᠡ ᠶᠢᠨ ᠲᠠᠮᠢᠷ ᠤᠨ ᠣᠷᠳᠣᠨ ᠪᠠ ᠤᠮᠪᠠᠯᠲᠠ ᠶᠢᠨ ᠣᠷᠳᠣᠨ ᠢ ᠪᠠᠭᠲᠠᠭᠠᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠢᠨ᠎ᠡ ᠪᠠᠷ ᠪᠠᠶᠢᠭᠤᠯᠬᠤ ᠳᠤ᠂ ᠭᠠᠵᠠᠷ ᠰᠢᠷᠣᠢ ᠬᠡᠷᠡᠭᠯᠡᠬᠦ ᠬᠡᠪᠴᠢᠶ᠎ᠡ ᠶᠢ ︽ᠭᠦᠢᠴᠡᠳᠬᠡᠯ ᠲᠤᠭ᠎ᠠ︾᠎ ᠳᠤ ᠲᠣᠭᠲᠠᠭᠠᠭᠰᠠᠨ ᠬᠡᠪᠴᠢᠶᠡᠨ ᠳᠣᠲᠣᠷ᠎ᠠ ᠬᠢᠵᠠᠭᠠᠷᠯᠠᠨ᠎ᠠ︔ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠵᠠᠰᠠᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠳᠤ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃         ︽ᠮᠡᠳᠡᠭᠳᠡᠯ︾᠎ ᠳᠤ ᠱᠠᠭᠠᠷᠳᠠᠭᠰᠠᠨ ᠨᠢ᠂ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠲᠦᠭᠡᠨ ᠪᠠᠶᠢᠭᠤᠯᠬᠤ ᠳᠤ ︽ᠭᠦᠢᠴᠡᠳᠬᠡᠯ ᠲᠤᠭ᠎ᠠ︾ ᠶᠣᠰᠣᠭᠠᠷ ᠬᠡᠮᠵᠢᠨ ᠪᠣᠳᠣᠬᠤ᠂ ᠵᠢᠷᠤᠵᠤ ᠲᠥᠯᠥᠪᠯᠡᠬᠦ ᠪᠠ ᠪᠠᠷᠢᠬᠤ ᠬᠡᠷᠡᠭᠲᠡᠢ᠃ ᠪᠣᠯᠣᠮᠵᠢᠲᠤ ᠰᠤᠳᠤᠯᠤᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠲᠣᠭᠲᠠᠭᠠᠬᠤ ᠳᠤ ᠪᠠᠨ᠂ ︽ᠭᠦᠢᠴᠡᠳᠬᠡᠯ ᠲᠤᠭ᠎ᠠ︾᠎ ᠲᠠᠢ ᠬᠠᠷᠢᠴᠠᠭᠤᠯᠤᠨ ᠭᠠᠵᠠᠷ ᠰᠢᠷᠣᠢ ᠬᠡᠷᠡᠭᠯᠡᠬᠦ ᠬᠡᠪᠴᠢᠶ᠎ᠡ ᠶᠢ ᠬᠠᠷᠭᠤᠭᠤᠯᠤᠨ ᠲᠣᠭᠲᠠᠭᠠᠵᠤ᠂ ᠬᠡᠪᠴᠢᠶ᠎ᠡ ᠶᠢ ᠬᠠᠷᠭᠤᠭᠤᠯᠤᠨ ᠲᠣᠭᠲᠠᠭᠠᠭᠰᠠᠨ ᠪᠠᠶᠢᠳᠠᠯ ᠳᠤ ᠪᠠᠨ ᠲᠣᠳᠣᠷᠬᠠᠶᠢᠯᠠᠯᠲᠠ ᠬᠢᠬᠦ ᠬᠡᠷᠡᠭᠲᠡᠢ᠃ ᠬᠤᠲᠠ᠂ ᠰᠢᠶᠠᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠤᠪᠢᠶᠠᠷᠢᠯᠠᠵᠤ ᠥᠭᠬᠦ ᠲᠣᠭᠲᠠᠭᠠᠯ ᠤᠨ ᠪᠢᠴᠢᠭ ᠲᠠᠢ ᠰᠢᠯᠵᠢᠭᠦᠯᠦᠨ ᠥᠭᠬᠦ ᠰᠢᠯᠵᠢᠭᠦᠯᠬᠦ ᠭᠡᠷ᠎ᠡ ᠳᠤ᠂ ︽ᠭᠦᠢᠴᠡᠳᠬᠡᠯ ᠲᠤᠭ᠎ᠠ︾᠎ ᠶᠢᠨ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠢ ᠲᠣᠭᠲᠠᠭᠠᠬᠤ ᠪᠤᠶᠤ ᠬᠡᠯᠡᠯᠴᠡᠨ ᠲᠣᠭᠲᠠᠭᠠᠬᠤ ᠬᠡᠷᠡᠭᠲᠡᠢ᠃ ︽ᠭᠦᠢᠴᠡᠳᠬᠡᠯ ᠲᠤᠭ᠎ᠠ︾᠎ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠤᠰᠤᠳ ᠡᠯ᠎ᠡ ᠲᠥᠷᠥᠯ ᠤᠨ ᠪᠠᠷᠢᠮᠵᠢᠶ᠎ᠠ᠂ ᠭᠦᠢᠴᠡᠳᠬᠡᠯ ᠲᠤᠭ᠎ᠠ ᠪᠠ ᠰᠢᠯᠭᠠᠨ ᠬᠢᠨᠠᠬᠤ ᠱᠠᠭᠠᠷᠳᠠᠯᠭ᠎ᠠ ᠳᠤ᠂ ᠬᠠᠮᠢᠶ᠎ᠠ ᠪᠦᠬᠦᠢ ᠠᠭᠤᠯᠭ᠎ᠠ ᠨᠢ ︽ᠭᠦᠢᠴᠡᠳᠬᠡᠯ ᠲᠤᠭ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠣᠢ ᠬᠢᠨᠠᠨ ᠵᠥᠪᠰᠢᠶᠡᠷᠡᠬᠦ᠂ ᠬᠠᠩᠭᠠᠬᠤ ᠪᠠ ᠬᠡᠷᠡᠭᠯᠡᠬᠦ ᠦᠨᠳᠦᠰᠦᠯᠡᠯ ᠪᠣᠯᠭᠠᠵᠤ ᠪᠣᠯᠬᠤ ᠦᠭᠡᠢ᠃ ᠠᠶᠤᠯ ᠦᠭᠡᠢ ᠦᠢᠯᠡᠳᠪᠦᠷᠢᠯᠡᠯ᠂ ᠭᠠᠵᠠᠷ ᠤᠨ ᠪᠠᠶᠢᠴᠠ ᠵᠦᠢ᠂ ᠭᠠᠷ ᠤᠷᠠᠯᠠᠯ ᠤᠨ ᠮᠡᠷᠭᠡᠵᠢᠯ ᠤᠨ ᠣᠨᠴᠠᠭᠠᠢ ᠱᠠᠭᠠᠷᠳᠠᠯᠭ᠎ᠠ ᠠᠴᠠ ᠪᠣᠯᠵᠤ᠂ ︽ᠭᠦᠢᠴᠡᠳᠬᠡᠯ ᠲᠤᠭ᠎ᠠ︾᠎ ᠶᠢᠨ ᠬᠡᠪᠴᠢᠶ᠎ᠡ ᠶᠢ ᠦᠨᠡᠨ ᠬᠦ ᠳᠠᠪᠠᠭᠤᠯᠬᠤ ᠴᠢᠬᠤᠯᠠᠲᠠᠢ ᠪᠣᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠬᠠᠮᠢᠶ᠎ᠠ ᠪᠦᠬᠦᠢ ᠲᠣᠭᠲᠠᠭᠠᠯ ᠢᠶᠠᠷ ᠪᠦᠲᠦᠭᠡᠨ ᠪᠠᠶᠢᠭᠤᠯᠬᠤ ᠲᠥᠷᠥᠯ ᠵᠦᠢᠯ ᠤᠨ ᠭᠠᠵᠠᠷ ᠰᠢᠷᠣᠢ ᠶᠢ ᠠᠷᠪᠢᠯᠠᠬᠤ ᠦᠨᠡᠯᠡᠯᠲᠡ ᠬᠢᠬᠦ ᠬᠡᠷᠡᠭᠲᠡᠢ ᠭᠡᠵᠡᠢ᠃         ︽ᠭᠦᠢᠴᠡᠳᠬᠡᠯ ᠲᠤᠭ᠎ᠠ︾᠎ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠣᠬᠢᠷᠲᠤᠯ ᠦᠭᠡᠢ ᠬᠥᠭᠵᠢᠯᠲᠡ ᠪᠠ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠡᠷᠦᠩᠬᠡᠢ ᠱᠠᠭᠠᠷᠳᠠᠯᠭ᠎ᠠ ᠶᠢ ᠲᠤᠰᠬᠠᠵᠤ᠂ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠨᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠪᠠ ᠪᠡᠶ᠎ᠡ ᠴᠢᠭᠢᠷᠠᠭᠵᠢᠭᠤᠯᠬᠤ ᠰᠡᠯᠡᠭᠦᠴᠡᠨ ᠠᠮᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠣᠷᠣᠨ ᠵᠠᠢ ᠶᠢ ᠨᠡᠭᠡᠭᠡᠬᠦ᠂ ᠲᠠᠯᠠᠪᠤᠷ ᠣᠷᠳᠣᠨ ᠤ ᠭᠠᠵᠠᠷ ᠳᠡᠭᠡᠷᠡᠬᠢ ᠪᠠ ᠭᠠᠵᠠᠷ ᠳᠣᠣᠷᠠᠬᠢ ᠣᠷᠣᠨ ᠵᠠᠢ ᠶᠢ ᠨᠡᠶᠢᠯᠡᠭᠦᠯᠦᠨ ᠠᠰᠢᠭᠯᠠᠬᠤ ᠶᠢ ᠬᠠᠮᠲᠤ ᠳᠤ ᠨᠢ ᠬᠠᠷᠠᠭᠠᠯᠵᠠᠬᠤ ᠬᠡᠷᠡᠭᠲᠡᠢ᠃ ᠭᠠᠵᠠᠷ ᠤᠨ ᠭᠠᠳᠠᠷᠭᠤ ᠳᠠᠬᠢ ᠲᠡᠷᠭᠡᠨ ᠵᠣᠭᠰᠣᠭᠠᠯ ᠳᠤ ᠭᠠᠵᠠᠷ ᠰᠢᠷᠣᠢ ᠬᠡᠷᠡᠭᠯᠡᠬᠦ ᠶᠢ ᠪᠠᠭᠠᠰᠬᠠᠵᠤ᠂ ᠤᠷᠤᠯᠳᠤᠭᠠᠨ ᠤ ᠶᠠᠪᠤᠳᠠᠯ ᠤᠨ ᠱᠠᠭᠠᠷᠳᠠᠯᠭ᠎ᠠ ᠶᠢ ᠪᠠᠲᠤᠯᠠᠬᠤ ᠶᠢ ᠭᠠᠷᠭᠠᠪᠠᠯ᠂ ᠨᠡᠶᠢᠭᠡᠮ ᠤᠨ ᠡᠯ᠎ᠡ ᠲᠥᠷᠥᠯ ᠤᠨ ᠲᠡᠷᠭᠡᠨ ᠵᠣᠭᠰᠣᠭᠠᠯ ᠳᠤ ᠭᠠᠵᠠᠷ ᠳᠣᠣᠷᠠᠬᠢ ᠣᠷᠣᠨ ᠵᠠᠢ ᠶᠢ ᠠᠰᠢᠭᠯᠠᠬᠤ ᠪᠠᠷ ᠭᠤᠣᠯ ᠪᠣᠯᠭᠠᠵᠤ᠂ ᠭᠠᠵᠠᠷ ᠳᠣᠣᠷᠠᠬᠢ ᠣᠷᠣᠨ ᠵᠠᠢ ᠶᠢ ᠠᠰᠢᠭᠯᠠᠨ ᠨᠡᠶᠢᠭᠡᠮ ᠤᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠪᠠᠶᠢᠭᠤᠯᠬᠤ ᠳᠤ ᠵᠣᠬᠢᠴᠠᠩᠭᠤᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠠᠶᠢᠨ ᠰᠦᠪᠡᠭᠴᠢᠯᠡᠯᠲᠡ ᠶᠢ ᠵᠣᠷᠢᠭᠵᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃         ︽ᠮᠡᠳᠡᠭᠳᠡᠯ︾᠎ ᠳᠤ ᠴᠢᠬᠤᠯᠠᠴᠢᠯᠠᠭᠰᠠᠨ ᠨᠢ᠂ ᠡᠯ᠎ᠡ ᠮᠤᠵᠢ ᠶᠢᠨ ᠱᠠᠲᠤᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠯᠣᠭᠤᠳᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ︽ᠭᠦᠢᠴᠡᠳᠬᠡᠯ ᠲᠤᠭ᠎ᠠ︾᠎ ᠶᠢ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠬᠠᠩᠭᠠᠬᠤ᠂ ᠭᠠᠵᠠᠷ ᠰᠢᠷᠣᠢ ᠶᠢᠨ ᠠᠰᠢᠭᠯᠠᠯᠲᠠ ᠶᠢ ᠦᠨᠡᠯᠡᠵᠦ ᠰᠢᠯᠭᠠᠨ ᠬᠢᠨᠠᠬᠤ ᠪᠠ ᠭᠠᠵᠠᠷ ᠰᠢᠷᠣᠢ ᠬᠠᠩᠭᠠᠭᠰᠠᠨ ᠤ ᠳᠠᠷᠠᠭ᠎ᠠ ᠬᠢᠨᠠᠨ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠠ ᠳᠦᠷᠢᠮ ᠤᠨ ᠵᠢᠷᠤᠮᠵᠢᠯ ᠪᠣᠯᠭᠠᠵᠤ᠂ ᠭᠠᠵᠠᠷ ᠰᠢᠷᠣᠢ ᠬᠡᠷᠡᠭᠯᠡᠭᠴᠢ ᠪᠠ ᠬᠠᠶᠢᠨ ᠪᠠᠶᠢᠴᠠᠭᠠᠵᠤ ᠲᠥᠯᠥᠪᠯᠡᠬᠦ ᠨᠢᠭᠡᠴᠢ ᠶᠢ ᠰᠢᠮᠳᠠᠭᠤᠯᠬᠤ ᠪᠠ ᠵᠢᠯᠣᠭᠤᠳᠴᠤ ᠪᠠᠶᠢᠭᠠᠳ ︽ᠭᠦᠢᠴᠡᠳᠬᠡᠯ ᠲᠤᠭ᠎ᠠ︾᠎ ᠶᠢ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠨᠤᠲᠤᠭ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠣᠷᠣᠨ ᠨᠤᠲᠤᠭ ᠤᠨ ᠴᠢᠨᠠᠷᠲᠠᠢ ᠨᠡᠩ ᠠᠷᠪᠢᠲᠠᠢ ᠨᠡᠩ ᠡᠷᠴᠢᠮᠲᠡᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠲᠣᠭᠲᠠᠭᠠᠨ ᠬᠡᠷᠡᠭᠵᠢᠭᠦᠯᠵᠦ ᠪᠣᠯᠣᠨ᠎ᠠ᠃        ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠪᠦᠷᠢᠨᠰᠢᠭᠦᠯᠵᠡᠢ        ︽ᠭᠦᠢᠴᠡᠳᠬᠡᠯ ᠲᠤᠭ᠎ᠠ︾᠎ ᠶᠢᠨ ᠶᠡᠷᠦᠩᠬᠡᠢ ᠲᠥᠰᠥᠪ ᠢ ᠨᠡᠶᠢᠲᠡ ᠲᠠᠪᠤᠨ ᠬᠡᠰᠡᠭ ᠲᠤ ᠬᠤᠪᠢᠶᠠᠵᠠᠢ᠃ ᠨᠢᠭᠡᠳᠦᠭᠡᠷ ᠪᠦᠯᠦᠭ ᠲᠤ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠤᠬᠠᠭᠳᠠᠬᠤᠨ᠂ ︽ᠭᠦᠢᠴᠡᠳᠬᠡᠯ ᠲᠤᠭ᠎ᠠ︾᠎ ᠶᠢᠨ ᠬᠡᠷᠡᠭᠯᠡᠭᠳᠡᠬᠦ ᠬᠡᠪᠴᠢᠶ᠎ᠡ᠂ ᠭᠦᠢᠴᠡᠳᠬᠡᠯ ᠲᠤᠭ᠎ᠠ ᠶᠢᠨ ᠦᠢᠯᠡᠳᠦᠯ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠵᠢᠷᠤᠮᠯᠠᠪᠠᠰᠤ ᠵᠣᠬᠢᠬᠤ ᠵᠠᠷᠴᠢᠮ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠰᠢᠷᠣᠢ ᠶᠢ ᠠᠷᠪᠢᠲᠠᠢ ᠡᠷᠴᠢᠮᠲᠡᠢ ᠬᠡᠷᠡᠭᠯᠡᠬᠦ ᠱᠠᠭᠠᠷᠳᠠᠯᠭ᠎ᠠ ᠵᠢᠴᠢ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ ᠠᠴᠠ ᠬᠡᠲᠦᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠢ ᠠᠷᠪᠢᠯᠠᠬᠤ ᠦᠨᠡᠯᠡᠯᠲᠡ ᠬᠢᠬᠦ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃        ᠬᠤᠶᠠᠳᠤᠭᠠᠷ ᠪᠦᠯᠦᠭ ᠠᠴᠠ ᠳᠥᠷᠪᠡᠳᠦᠭᠡᠷ ᠪᠦᠯᠦᠭ ᠲᠤ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠬᠡᠷᠡᠭᠯᠡᠬᠦ ᠭᠠᠵᠠᠷ ᠰᠢᠷᠣᠢ ᠶᠢ ᠳᠥᠷᠪᠡᠨ ᠴᠢᠳᠠᠮᠵᠢᠲᠤ ᠰᠠᠯᠪᠤᠷᠢ ᠲᠣᠭᠤᠷᠢᠭ ᠬᠤᠪᠢᠶᠠᠵᠠᠢ᠂ ᠲᠤᠬᠠᠶᠢᠯᠠᠪᠠᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠢ᠂ ᠲᠥᠬᠦᠷᠵᠢᠭᠰᠡᠨ ᠲᠠᠯᠠᠪᠤᠷ ᠬᠢᠭᠡᠳ ᠪᠡᠯᠡᠳᠬᠡᠮᠵᠢ ᠳᠤ ᠬᠡᠷᠡᠭᠯᠡᠬᠦ ᠭᠠᠵᠠᠷ ᠰᠢᠷᠣᠢ᠂ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠵᠠᠮ ᠬᠠᠷᠢᠯᠴᠠᠭ᠎ᠠ ᠳᠤ ᠬᠡᠷᠡᠭᠯᠡᠬᠦ ᠭᠠᠵᠠᠷ ᠰᠢᠷᠣᠢ ᠭᠡᠵᠦ ᠳᠥᠷᠪᠡᠨ ᠲᠥᠷᠥᠯ ᠬᠤᠪᠢᠶᠠᠵᠠᠢ᠃ ᠭᠦᠢᠴᠡᠳᠬᠡᠯ ᠲᠤᠭ᠎ᠠ ᠨᠢ ᠶᠡᠷᠦᠩᠬᠡᠢ ᠭᠦᠢᠴᠡᠳᠬᠡᠯ ᠲᠣᠭᠠᠨ ᠤ ᠬᠢᠵᠠᠭᠠᠷᠯᠠᠯ ᠢ ᠬᠡᠷᠡᠭᠯᠡᠵᠦ᠂ ᠲᠥᠷᠥᠯ ᠬᠤᠪᠢᠶᠠᠨ ᠭᠦᠢᠴᠡᠳᠬᠡᠯ ᠲᠤᠭ᠎ᠠ ᠲᠣᠭᠲᠠᠭᠠᠭᠰᠠᠨ ᠦᠭᠡᠢ ᠪᠠᠶᠢᠳᠠᠭ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠨᠡᠶᠢᠲᠡᠯᠡᠭᠰᠡᠨ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠤᠷ ᠬᠢᠭᠡᠳ ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ︽ᠵᠢᠷᠭᠤᠭᠠᠨ ᠨᠡᠶᠢᠳᠡᠮ︾ ᠭᠡᠵᠦ ᠲᠣᠪᠴᠢᠯᠠᠨ᠎ᠠ︶᠎ ᠶᠢᠨ ᠲᠤᠭ᠎ᠠ ᠪᠠᠷᠢᠮᠲᠠ — ︽ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠠᠯᠪᠠᠨ ᠮᠡᠳᠡᠭᠡ︾᠎ ᠶᠢᠨ ᠪᠦᠷᠢᠳᠬᠡᠯ ᠲᠥᠷᠥᠯᠵᠢᠯ ᠢᠶᠠᠷ ᠯᠠᠪᠯᠠᠯᠲᠠ ᠪᠣᠯᠭᠠᠵᠤ᠂ ᠰᠠᠭᠤᠳᠠᠯ ᠢᠶᠠᠷ ᠨᠢᠭᠡᠴᠢ ᠪᠣᠯᠭᠠᠨ᠂ ᠠᠳᠠᠯᠢ ᠪᠤᠰᠤ ᠰᠠᠭᠤᠳᠠᠯ ᠤᠨ ᠲᠤᠭ᠎ᠠ ᠪᠠᠷ᠂ ᠠᠳᠠᠯᠢ ᠪᠤᠰᠤ ᠶᠢᠨ ᠰᠠᠭᠤᠳᠠᠯ ᠤᠨ ᠳᠡᠰ ᠢᠯᠭᠠᠯ ᠢ ᠬᠤᠪᠢᠶᠠᠬᠤ ᠶᠢᠨ ᠬᠠᠮᠲᠤ ᠬᠦᠰᠦᠨᠦᠭᠲᠦ ᠶᠢᠨ ᠬᠡᠯᠪᠡᠷᠢ ᠪᠠᠷ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ ᠶᠢ ᠲᠤᠰ ᠲᠤᠰ ᠭᠠᠷᠭᠠᠨ᠎ᠠ᠃ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠶᠢ ᠰᠠᠭᠤᠳᠠᠯ ᠤᠨ ᠲᠤᠭ᠎ᠠ ᠶᠢ ᠦᠨᠳᠦᠰᠦᠯᠡᠨ 40000 ~ 30000᠂ 29999 ~ 20000᠂ 19999 ~ 10000᠂ 9999 ~ 5000᠂ 4999᠎ ᠠᠴᠠ ᠳᠣᠷᠣᠭᠰᠢ ᠭᠡᠬᠦ ᠮᠡᠲᠦ ᠲᠠᠪᠤᠨ ᠳᠡᠰ ᠢᠯᠭᠠᠯ ᠬᠤᠪᠢᠶᠠᠨ᠎ᠠ ᠭᠡᠵᠦ ᠲᠣᠳᠣᠷᠬᠠᠶᠢᠯᠠᠭᠰᠠᠨ ᠪᠠᠶᠢᠨ᠎ᠠ᠃        ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠢ ᠰᠠᠭᠤᠳᠠᠯ ᠤᠨ ᠲᠤᠭ᠎ᠠ ᠶᠢ ᠦᠨᠳᠦᠰᠦᠯᠡᠨ 15000 ~ 10000᠂ 9999 ~ 6000᠂ 5999 ~ 3000᠂ 2999 ~ 1500᠂ 1499᠎ ᠠᠴᠠ ᠳᠣᠷᠣᠭᠰᠢ ᠭᠡᠬᠦ ᠮᠡᠲᠦ ᠲᠠᠪᠤᠨ ᠳᠡᠰ ᠢᠯᠭᠠᠯ ᠬᠤᠪᠢᠶᠠᠨ᠎ᠠ᠃ ᠡᠭᠦᠨ ᠤ ᠬᠠᠮᠲᠤ᠂ ︽ᠪᠡᠶ᠎ᠡ ᠶᠢᠨ ᠲᠠᠮᠢᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠦᠷᠢᠮᠵᠢᠯ︾᠎ ᠢ ᠦᠨᠳᠦᠰᠦᠯᠡᠨ᠂ ᠭᠦᠢᠴᠡᠳᠬᠡᠯ ᠲᠤᠭ᠎ᠠ ᠶᠢ ᠲᠣᠬᠢᠷᠠᠭᠤᠯᠬᠤ ᠦᠶ᠎ᠡ ᠳᠤ᠂ ᠬᠤᠺᠺᠧᠶᠢᠨ ᠪᠥᠮᠪᠦᠭᠡ ᠪᠤᠶᠤ ᠬᠢᠮᠨᠠᠰᠲ᠋ᠢᠺ ᠤᠨ ᠲᠠᠯᠠᠪᠤᠷ ᠢ ᠪᠠᠭᠲᠠᠭᠠᠭᠰᠠᠨ ᠪᠠ ᠬᠤᠺᠺᠧᠶᠢᠨ ᠪᠥᠮᠪᠦᠭᠡ ᠪᠤᠶᠤ ᠪᠡᠶ᠎ᠡ ᠶᠢᠨ ᠲᠠᠮᠢᠷ ᠤᠨ ᠲᠠᠯᠠᠪᠤᠷ ᠢ ᠥᠯᠥ ᠪᠠᠭᠲᠠᠭᠠᠭᠰᠠᠨ ᠬᠤᠶᠠᠷ ᠵᠦᠢᠯ ᠤᠨ ᠪᠠᠶᠢᠳᠠᠯ ᠶᠣᠰᠣᠭᠠᠷ ᠲᠣᠭᠠᠴᠠᠨ ᠪᠣᠳᠣᠵᠤ᠂ ᠬᠡᠷᠡᠭᠯᠡᠬᠦ ᠦᠶ᠎ᠡ ᠳᠤ ᠪᠣᠳᠠᠲᠤ ᠪᠠᠶᠢᠳᠠᠯ ᠶᠣᠰᠣᠭᠠᠷ ᠲᠣᠬᠢᠷᠠᠯᠴᠠᠭᠰᠠᠨ ᠭᠦᠢᠴᠡᠳᠬᠡᠯ ᠲᠤᠭ᠎ᠠ ᠶᠢ ᠰᠣᠩᠭᠤᠬᠤ ᠶᠢ ᠪᠣᠳᠣᠯᠬᠢᠯᠠᠵᠠᠢ᠃        ᠬᠤᠲᠠ ᠶᠢᠨ ᠣᠯᠠᠨ ᠨᠡᠶᠢᠲᠡ ᠶᠢᠨ ᠤᠮᠪᠠᠯᠲᠠ ᠶᠢᠨ ᠣᠷᠳᠣᠨ ᠢ ᠰᠠᠭᠤᠳᠠᠯ ᠤᠨ ᠲᠤᠭ᠎ᠠ ᠶᠢ ᠦᠨᠳᠦᠰᠦᠯᠡᠵᠦ 4000 ~ 3000᠂ 2999 ~ 1500᠂ 1499 ~ 1000᠂ 999᠎ ᠠᠴᠠ ᠳᠣᠷᠣᠭᠰᠢ ᠭᠡᠬᠦ ᠮᠡᠲᠦ ᠳᠥᠷᠪᠡᠨ ᠳᠡᠰ ᠢᠯᠭᠠᠯ ᠬᠤᠪᠢᠶᠠᠨ᠎ᠠ᠃ ᠤᠮᠪᠠᠯᠲᠠ ᠶᠢᠨ ᠣᠷᠳᠣᠨ ᠳᠤ ᠤᠰᠤ ᠬᠠᠷᠠᠶᠢᠯᠲᠠ ᠶᠢᠨ ᠲᠠᠪᠴᠠᠩ ᠲᠣᠬᠢᠷᠠᠭᠤᠯᠬᠤ ᠨᠢ ᠲᠠᠯᠠᠪᠤᠷ ᠲᠠᠬᠢ ᠨᠥᠯᠥᠭᠡ ᠨᠢ ᠨᠡᠯᠢᠶᠡᠳ ᠶᠡᠭᠡ ᠪᠣᠯᠬᠤᠷ᠂ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ ᠶᠢ ᠲᠣᠬᠢᠷᠠᠭᠤᠯᠬᠤ ᠲᠠᠯ᠎ᠠ ᠪᠠᠷ ᠤᠰᠤ ᠬᠠᠷᠠᠶᠢᠯᠲᠠ ᠶᠢ ᠪᠠᠭᠲᠠᠭᠠᠬᠤ ᠪᠠ ᠤᠰᠤ ᠬᠠᠷᠠᠶᠢᠯᠲᠠ ᠶᠢ ᠥᠯᠥ ᠪᠠᠭᠲᠠᠭᠠᠬᠤ ᠭᠠᠵᠠᠷ ᠰᠢᠷᠣᠢ ᠬᠡᠷᠡᠭᠯᠡᠬᠦ ᠬᠤᠶᠠᠷ ᠵᠦᠢᠯ ᠤᠨ ᠭᠦᠢᠴᠡᠳᠬᠡᠯ ᠲᠤᠭ᠎ᠠ ᠶᠢ ᠲᠣᠬᠢᠷᠠᠭᠤᠯᠵᠤ᠂ ᠬᠡᠷᠡᠭᠯᠡᠬᠦ ᠦᠶ᠎ᠡ ᠳᠤ ᠪᠣᠳᠠᠲᠤ ᠪᠠᠶᠢᠳᠠᠯ ᠶᠣᠰᠣᠭᠠᠷ ᠲᠣᠬᠢᠷᠠᠯᠴᠠᠭᠰᠠᠨ ᠭᠦᠢᠴᠡᠳᠬᠡᠯ ᠲᠤᠭ᠎ᠠ ᠶᠢ ᠰᠣᠩᠭᠤᠨ ᠬᠡᠷᠡᠭᠯᠡᠬᠦ ᠪᠣᠯᠭᠠᠵᠠᠢ᠃        ᠳᠠᠭᠠᠯᠳᠤᠭᠤᠯᠤᠯ ᠨᠢ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠬᠢᠵᠠᠭᠠᠷᠯᠠᠯ ᠤᠨ ᠭᠦᠢᠴᠡᠳᠬᠡᠯ ᠲᠣᠭᠠᠨ ᠤ ᠵᠦᠢᠯ ᠵᠤᠷᠪᠤᠰ ᠤᠨ ᠲᠣᠳᠣᠷᠬᠠᠶᠢᠯᠠᠯᠲᠠ ᠪᠠᠶᠢᠵᠤ ᠂ ᠭᠦᠢᠴᠡᠳᠬᠡᠯ ᠲᠣᠭᠠᠨ ᠤ ᠵᠦᠢᠯ ᠵᠤᠷᠪᠤᠰ ᠲᠤ ᠲᠠᠶᠢᠯᠪᠤᠷᠢ ᠪᠠ ᠲᠣᠳᠣᠷᠬᠠᠶᠢᠯᠠᠯᠲᠠ ᠬᠢᠵᠡᠢ᠃ ᠪᠠᠷᠢᠯᠭ᠎ᠠ ᠶᠢᠨ ᠭᠦᠢᠴᠡᠳᠬᠡᠯ ᠲᠣᠭᠠᠨ ᠤ ᠶᠡᠷᠦᠳᠡ ᠶᠢᠨ ᠱᠠᠭᠠᠷᠳᠠᠯᠭ᠎ᠠ ᠶᠣᠰᠣᠭᠠᠷ᠂ ᠵᠦᠢᠯ ᠵᠤᠷᠪᠤᠰ ᠤᠨ ᠲᠣᠳᠣᠷᠬᠠᠶᠢᠯᠠᠯᠲᠠ ᠳᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠬᠡᠪᠴᠢᠶ᠎ᠡ ᠶᠢ ᠲᠣᠭᠲᠠᠭᠠᠬᠤ ᠳᠤ ᠬᠡᠮᠵᠢᠨ ᠪᠣᠳᠣᠬᠤ ᠶᠠᠪᠤᠴᠠ᠂ ᠬᠡᠮᠵᠢᠨ ᠪᠣᠳᠣᠬᠤ ᠲᠣᠮᠢᠶᠠᠯᠠᠯ ᠪᠠ ᠬᠡᠮᠵᠢᠨ ᠪᠣᠳᠣᠬᠤ ᠵᠢᠷᠤᠭ ᠬᠦᠰᠦᠨᠦᠭ ᠢ ᠲᠣᠳᠣᠷᠬᠠᠶᠢᠯᠠᠵᠤ᠂ ᠭᠦᠢᠴᠡᠳᠬᠡᠯ ᠲᠤᠭ᠎ᠠ ᠶᠢ ᠬᠡᠷᠡᠭᠯᠡᠬᠦ ᠳᠤ ᠳᠥᠭᠦᠮ ᠪᠣᠯᠭᠠᠬᠤ ᠶᠢᠨ ᠲᠥᠯᠥᠭᠡ᠂ ᠲᠤᠰᠬᠠᠶᠢᠯᠠᠨ 4 ᠲᠠᠯ᠎ᠠ ᠶᠢᠨ ᠲᠣᠭᠠᠴᠠᠨ ᠪᠣᠳᠣᠬᠤ ᠵᠢᠱᠢᠶ᠎ᠡ ᠭᠠᠷᠭᠠᠵᠤ ᠥᠭᠭᠦᠭᠰᠡᠨ ᠪᠠᠶᠢᠨ᠎ᠠ᠃        ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠪᠦᠲᠦᠮᠵᠢᠲᠡᠢ ᠵᠢᠷᠤᠮᠵᠢᠭᠤᠯᠵᠠᠢ᠃        ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠪᠣᠯ ᠤᠯᠤᠰ ᠠᠴᠠ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠭᠤᠣᠯ ᠴᠣᠭᠴᠠ ᠪᠣᠯᠣᠨ᠎ᠠ᠃ ︽ᠵᠢᠷᠭᠤᠭᠠᠨ ᠨᠡᠶᠢᠳᠡᠮ︾᠎ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠬᠦ ᠪᠠᠷ ᠳᠠᠮᠵᠢᠭᠤᠯᠤᠨ᠂ 2003 ~ 2013 ᠣᠨ ᠬᠦᠷᠲᠡᠯᠡᠬᠢ 10 ᠵᠢᠯ ᠤᠨ ᠬᠤᠭᠤᠷᠣᠨᠳᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠨᠢ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠲᠦᠷᠭᠡᠨ ᠬᠥᠭᠵᠢᠯᠲᠡ ᠶᠢᠨ ᠱᠠᠲᠤᠨ ᠳᠤ ᠣᠷᠣᠭᠰᠠᠨ ᠢ ᠮᠡᠳᠡᠵᠦ ᠪᠣᠯᠣᠨ᠎ᠠ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠪᠡᠶ᠎ᠡ ᠶᠢᠨ ᠲᠠᠮᠢᠷ ᠤᠨ ᠪᠠᠷᠢᠯᠭ᠎ᠠ ᠶᠢᠨ ᠬᠡᠪᠴᠢᠶ᠎ᠡ ᠴᠤ ᠢᠳᠡᠭ ᠢᠳᠡᠭ ᠢᠶᠠᠷ ᠨᠡᠮᠡᠭᠳᠡᠪᠡ᠃ ᠬᠡᠰᠡᠭ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠣᠷᠣᠰᠢᠵᠤ ᠪᠠᠶᠢᠭ᠎ᠠ ᠬᠡᠪᠴᠢᠶ᠎ᠡ ᠨᠢ ᠬᠡᠲᠦᠷᠬᠡᠢ ᠶᠡᠭᠡ᠂ ᠠᠷᠠᠴᠢᠯᠠᠨ ᠬᠠᠮᠠᠭᠠᠯᠠᠬᠤ ᠠᠵᠢᠯᠯᠠᠭ᠎ᠠ ᠶᠢᠨ ᠥᠪᠡᠷ ᠤᠨ ᠥᠷᠲᠡᠭ ᠨᠢ ᠥᠨᠳᠥᠷ᠂ ᠠᠰᠢᠭᠯᠠᠯᠲᠠ ᠶᠢᠨ ᠨᠣᠷᠮ᠎ᠠ ᠨᠢ ᠳᠣᠣᠷ᠎ᠠ ᠪᠠᠶᠢᠬᠤ ᠵᠡᠷᠭᠡ ᠪᠣᠳᠠᠲᠤ ᠪᠠᠶᠢᠳᠠᠯ ᠳᠤ ᠬᠠᠨᠳᠤᠭᠤᠯᠤᠨ᠂ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠵᠢᠷᠤᠮᠵᠢᠭᠤᠯᠬᠤ ᠨᠢ ᠮᠠᠰᠢ ᠴᠠᠭ ᠲᠤ ᠪᠠᠨ ᠲᠣᠬᠢᠷᠠᠭᠰᠠᠨ ᠮᠥᠷᠲᠡᠭᠡᠨ ᠲᠤᠶᠢᠯ ᠤᠨ ᠴᠢᠬᠤᠯᠠᠲᠠᠢ ᠶᠤᠮ᠃         ᠲᠤᠰ ︽ᠭᠦᠢᠴᠡᠳᠬᠡᠯ ᠲᠤᠭ᠎ᠠ︾᠎ ᠨᠢ ᠥᠩᠭᠡᠷᠡᠭᠰᠡᠨ ᠳᠤ ᠨᠡᠶᠢᠲᠡᠯᠡᠭᠰᠡᠨ ᠪᠡᠶ᠎ᠡ ᠶᠢᠨ ᠲᠠᠮᠢᠷ ᠲᠤ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ ᠶᠢ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠪᠦᠷᠢᠨᠰᠢᠭᠦᠯᠦᠭᠰᠡᠨ ᠪᠠᠶᠢᠳᠠᠭ᠃ 2005 ᠣᠨ ᠤ 9 ᠳ᠋ᠦ᠋ᠭᠡᠷ ᠰᠠᠷ᠎ᠠ ᠳᠤ ᠨᠡᠶᠢᠲᠡᠯᠡᠭᠰᠡᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠣᠭᠠᠨ ᠤ ᠰᠢᠷᠢᠰ ︽ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ︾᠎ ᠶᠢᠨ ᠬᠡᠷᠡᠭᠯᠡᠭᠳᠡᠬᠦ ᠬᠡᠪᠴᠢᠶ᠎ᠡ ᠪᠣᠯ ᠬᠤᠲᠠ ᠶᠢᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠥᠯᠥᠪᠵᠢᠭᠦᠯᠭᠡ ᠬᠢᠭᠡᠳ ᠪᠦᠲᠦᠭᠡᠨ ᠪᠠᠶᠢᠭᠤᠯᠤᠯᠲᠠ ᠪᠣᠯᠣᠨ᠎ᠠ᠃ 2011 ᠣᠨ ᠤ 12 ᠳ᠋ᠤᠭᠠᠷ ᠰᠠᠷ᠎ᠠ ᠳᠤ ᠨᠡᠶᠢᠲᠡᠯᠡᠨ ᠬᠡᠷᠡᠭᠵᠢᠭᠦᠯᠦᠭᠰᠡᠨ ︽ᠪᠡᠶ᠎ᠡ ᠶᠢᠨ ᠲᠠᠮᠢᠷ ᠤᠨ ᠰᠤᠷᠭᠠᠭᠤᠯᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ︾᠎ ᠶᠢᠨ ᠬᠡᠷᠡᠭᠯᠡᠭᠳᠡᠬᠦ ᠬᠡᠪᠴᠢᠶ᠎ᠡ ᠪᠣᠯ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠰᠤᠷᠭᠠᠭᠤᠯᠢᠯᠠᠯ ᠶᠢᠨ ᠦᠨᠳᠦᠰᠦᠨ ᠴᠢᠳᠠᠮᠵᠢ ᠶᠢᠨ ᠱᠠᠭᠠᠷᠳᠠᠯᠭ᠎ᠠ ᠶᠢ ᠬᠠᠩᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠬᠡᠷᠡᠭᠯᠡᠬᠦ ᠶᠠᠪᠤᠳᠠᠯ ᠪᠣᠯᠣᠨ᠎ᠠ᠃        ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠭᠡᠳᠡᠭ ᠪᠣᠯ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠤᠷᠭᠠᠭᠤᠯᠢᠯᠠᠯ ᠪᠠ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠵᠡᠷᠭᠡ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠰᠠᠷᠠᠮᠵᠢ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠵᠢᠭᠠᠵᠤ ᠪᠠᠶᠢᠨ᠎ᠠ᠃ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠴᠢᠳᠠᠮᠵᠢᠲᠤ ᠲᠣᠭᠤᠷᠢᠭ ᠬᠤᠪᠢᠶᠠᠬᠤ ᠲᠤᠬᠠᠢ᠂ ︽ᠭᠦᠢᠴᠡᠳᠬᠡᠯ ᠲᠤᠭ᠎ᠠ︾ ᠳᠣᠲᠣᠷ᠎ᠠ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠭᠠᠵᠠᠷ ᠰᠢᠷᠣᠢ ᠬᠡᠷᠡᠭᠯᠡᠬᠦ ᠶᠢ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠢ᠂ ᠲᠥᠬᠦᠷᠵᠢᠭᠰᠡᠨ ᠲᠠᠯᠠᠪᠤᠷ ᠬᠢᠭᠡᠳ ᠪᠡᠯᠡᠳᠬᠡᠮᠵᠢ ᠳᠤ ᠬᠡᠷᠡᠭᠯᠡᠬᠦ ᠭᠠᠵᠠᠷ ᠰᠢᠷᠣᠢ᠂ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠵᠠᠮ ᠬᠠᠷᠢᠯᠴᠠᠭ᠎ᠠ ᠳᠤ ᠬᠡᠷᠡᠭᠯᠡᠬᠦ ᠭᠠᠵᠠᠷ ᠰᠢᠷᠣᠢ ᠭᠡᠬᠦ ᠮᠡᠲᠦ ᠳᠥᠷᠪᠡᠨ ᠲᠥᠷᠥᠯ ᠤᠨ ᠴᠢᠳᠠᠮᠵᠢᠲᠤ ᠬᠤᠪᠢᠶᠠᠷᠢ ᠲᠣᠭᠤᠷᠢᠭ ᠲᠤ ᠬᠡᠷᠡᠭᠯᠡᠬᠦ ᠭᠠᠵᠠᠷ ᠰᠢᠷᠣᠢ ᠭᠡᠵᠦ ᠬᠤᠪᠢᠶᠠᠵᠠᠢ᠃ ᠲᠡᠭᠦᠨ ᠤ ᠳᠣᠲᠣᠷ᠎ᠠ᠂ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠢ᠂ ᠲᠥᠬᠦᠷᠵᠢᠭᠰᠡᠨ ᠲᠠᠯᠠᠪᠤᠷ ᠬᠢᠭᠡᠳ ᠪᠡᠯᠡᠳᠬᠡᠮᠵᠢ ᠳᠤ ᠬᠡᠷᠡᠭᠯᠡᠬᠦ ᠭᠠᠵᠠᠷ ᠰᠢᠷᠣᠢ ᠪᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠣᠯᠣᠨ᠎ᠠ᠃ ᠡᠨᠡ ᠬᠦ ᠬᠡᠰᠡᠭ ᠬᠡᠷᠡᠭᠯᠡᠬᠦ ᠭᠠᠵᠠᠷ ᠰᠢᠷᠣᠢ ᠶᠢᠨ ᠬᠡᠪᠴᠢᠶ᠎ᠡ ᠶᠢ ᠪᠣᠯ ᠪᠠᠶᠢᠴᠠᠭᠠᠨ ᠰᠤᠳᠤᠯᠤᠯᠲᠠ ᠪᠠ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠵᠠᠳᠠᠯᠤᠯᠲᠠ ᠪᠠᠷ ᠦᠨᠳᠦᠰᠦᠯᠡᠯ ᠪᠣᠯᠭᠠᠭᠰᠠᠨ ᠤ ᠬᠠᠮᠲᠤ ᠪᠠᠷᠢᠮᠵᠢᠶᠠᠲᠤ ᠵᠠᠭᠪᠤᠷ ᠢ ᠪᠠᠶᠢᠭᠤᠯᠤᠨ ᠪᠣᠳᠣᠵᠤ ᠲᠣᠭᠲᠠᠭᠠᠭᠰᠠᠨ ᠶᠤᠮ᠃        ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠳᠤ ᠭᠤᠣᠯᠳᠠᠭᠤ ᠲᠥᠪᠯᠡᠷᠡᠭᠦᠯᠦᠨ ᠨᠣᠭᠤᠭᠠᠷᠠᠭᠤᠯᠬᠤ ᠪᠠ ᠲᠠᠷᠠᠬᠠᠢ ᠪᠤᠲᠠᠷᠬᠠᠢ ᠨᠣᠭᠤᠭᠠᠷᠠᠭᠤᠯᠬᠤ ᠵᠢᠴᠢ ᠠᠭᠤᠳᠠᠮ ᠲᠠᠯᠠᠪᠠᠢ ᠳᠤ ᠬᠡᠷᠡᠭᠯᠡᠬᠦ ᠭᠠᠵᠠᠷ ᠰᠢᠷᠣᠢ ᠶᠢ ᠪᠠᠭᠲᠠᠭᠠᠵᠤ᠂ ︽ᠬᠤᠲᠠ ᠶᠢᠨ ᠨᠣᠭᠤᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ ᠮᠡᠷᠭᠡᠵᠢᠯ ᠤᠨ ᠳᠦᠷᠢᠮᠵᠢᠯ︾᠂ ︽ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠨᠣᠷᠮ᠎ᠠ ᠶᠢ 35%᠎ ᠠᠴᠠ ᠪᠠᠭ᠎ᠠ ᠪᠠᠶᠢᠯᠭᠠᠬᠤ ᠦᠭᠡᠢ ᠪᠠᠶᠢᠬᠤ︾᠎ ᠪᠠᠷ ᠦᠨᠳᠦᠰᠦᠯᠡᠯ ᠪᠣᠯᠭᠠᠵᠤ᠂ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠬᠡᠷᠡᠭᠯᠡᠬᠦ ᠭᠠᠵᠠᠷ ᠰᠢᠷᠣᠢ ᠨᠢ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠰᠢᠷᠣᠢ ᠪᠠᠶᠢᠵᠤ᠂ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠶᠡᠷᠦᠩᠬᠡᠢ ᠲᠠᠯᠠᠪᠠᠢ ᠶᠢᠨ 35%᠎ ᠢᠶᠠᠷ ᠬᠠᠷᠭᠤᠭᠤᠯᠤᠨ ᠪᠣᠳᠣᠵᠠᠢ᠃        ᠵᠠᠮ ᠬᠠᠷᠢᠯᠴᠠᠭ᠎ᠠ ᠳᠤ ᠬᠡᠷᠡᠭᠯᠡᠬᠦ ᠭᠠᠵᠠᠷ ᠰᠢᠷᠣᠢ ᠳᠤ ᠵᠠᠮ ᠳᠤ ᠬᠡᠷᠡᠭᠯᠡᠬᠦ ᠭᠠᠵᠠᠷ ᠰᠢᠷᠣᠢ ᠬᠢᠭᠡᠳ ᠲᠡᠷᠭᠡᠨ ᠵᠣᠭᠰᠣᠭᠠᠯ ᠳᠤ ᠬᠡᠷᠡᠭᠯᠡᠬᠦ ᠭᠠᠵᠠᠷ ᠰᠢᠷᠣᠢ ᠭᠡᠬᠦ ᠬᠤᠶᠠᠷ ᠬᠡᠰᠡᠭ ᠢ ᠪᠠᠭᠲᠠᠭᠠᠵᠤ᠂ ᠵᠠᠮ ᠳᠤ ᠬᠡᠷᠡᠭᠯᠡᠬᠦ ᠭᠠᠵᠠᠷ ᠰᠢᠷᠣᠢ ᠎ ᠨᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠲᠠᠯᠠᠪᠤᠷ ᠲᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠢᠯᠡᠴᠢᠯᠡᠬᠦ ᠳᠤ ᠬᠡᠷᠡᠭᠯᠡᠬᠦ ᠭᠠᠵᠠᠷ ᠰᠢᠷᠣᠢ ᠪᠠᠶᠢᠵᠤ᠂ ᠬᠤᠲᠠ ᠶᠢᠨ ᠣᠷᠣᠯᠠᠨ ᠲᠠᠲᠠᠪᠤᠷᠢᠯᠠᠵᠤ ᠬᠡᠷᠡᠭᠯᠡᠬᠦ ᠭᠠᠵᠠᠷ ᠰᠢᠷᠣᠢ ᠶᠢ ᠪᠠᠭᠲᠠᠭᠠᠭᠰᠠᠨ ᠦᠭᠡᠢ ᠪᠠᠶᠢᠳᠠᠭ᠃        ᠰᠣᠬᠤᠷ ᠪᠠᠯᠠᠢ ᠪᠠᠷ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠶᠢᠨ ᠲᠥᠯᠥᠭᠡ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠤᠷᠭᠠᠭᠤᠯᠢᠯᠠᠯ ᠥᠷᠨᠢᠭᠦᠯᠬᠦ ᠪᠠ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠶᠢᠨ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠤᠷᠤᠯᠳᠤᠭᠠᠨ ᠤ ᠴᠢᠳᠠᠮᠵᠢ ᠶᠢ ᠬᠠᠮᠲᠤ ᠳᠤ ᠨᠢ ᠬᠠᠷᠠᠭᠠᠯᠵᠠᠭᠰᠠᠨ ᠰᠠᠭᠤᠷᠢᠨ ᠳᠡᠭᠡᠷ᠎ᠡ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠰᠠᠭᠤᠳᠠᠯ ᠤᠨ ᠬᠡᠪᠴᠢᠶ᠎ᠡ ᠶᠢᠨ ᠳᠡᠭᠡᠳᠦ ᠬᠢᠵᠠᠭᠠᠷ ᠢ ᠵᠦᠢ ᠵᠣᠬᠢᠰᠲᠠᠢ ᠲᠣᠭᠲᠠᠭᠠᠵᠠᠢ᠂ ᠲᠤᠬᠠᠶᠢᠯᠠᠪᠠᠯ ᠪᠡᠶ᠎ᠡ ᠶᠢᠨ ᠲᠠᠮᠢᠷ ᠤᠨ ᠲᠠᠯᠠᠪᠤᠷ 40000 ᠰᠠᠭᠤᠳᠠᠯ᠂ ᠪᠡᠶ᠎ᠡ ᠶᠢᠨ ᠲᠠᠮᠢᠷ ᠤᠨ ᠣᠷᠳᠣᠨ 15000 ᠰᠠᠭᠤᠳᠠᠯ᠂ ᠤᠮᠪᠠᠯᠲᠠ ᠶᠢᠨ ᠣᠷᠳᠣᠨ 4000 ᠰᠠᠭᠤᠳᠠᠯ ᠭᠡᠵᠦ ᠬᠢᠵᠠᠭᠠᠷᠯᠠᠭᠰᠠᠨ ᠤ ᠬᠠᠮᠲᠤ ᠵᠣᠬᠢᠬᠤ ᠨᠢᠭᠡᠴᠢ ᠶᠢᠨ ᠰᠠᠭᠤᠳᠠᠯ ᠤᠨ ᠲᠤᠭ᠎ᠠ ᠪᠠᠷ ᠱᠠᠲᠤᠯᠢᠭ ᠪᠣᠯᠭᠠᠨ ᠲᠠᠯᠠᠪᠤᠷ ᠣᠷᠳᠣᠨ ᠤ ᠳᠡᠰ ᠢᠯᠭᠠᠯ ᠢ ᠬᠤᠪᠢᠶᠠᠵᠠᠢ᠃ ᠬᠦᠰᠦᠨᠦᠭᠲᠦ ᠶᠢᠨ ᠳᠣᠲᠣᠷᠠᠬᠢ ᠬᠠᠮᠤᠭ ᠤᠨ ᠪᠠᠭ᠎ᠠ ᠰᠠᠭᠤᠳᠠᠯ ᠤᠨ ᠲᠤᠭ᠎ᠠ ᠶᠢᠨ ᠬᠡᠪᠴᠢᠶ᠎ᠡ ᠠᠴᠠ ᠳᠣᠷᠣᠭᠰᠢᠬᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠠᠪᠴᠤ ᠬᠡᠯᠡᠪᠡᠯ᠂ ᠬᠠᠷᠭᠤᠭᠤᠯᠤᠨ ᠪᠣᠳᠣᠬᠤ ᠪᠠᠷ ᠳᠠᠮᠵᠢᠨ ᠰᠠᠭᠤᠳᠠᠯ ᠤᠨ ᠲᠤᠭ᠎ᠠ ᠶᠢᠨ ᠬᠠᠰᠤᠭᠳᠠᠯ ᠨᠢ ᠬᠡᠷᠡᠭᠯᠡᠬᠦ ᠭᠠᠵᠠᠷ ᠰᠢᠷᠣᠢ ᠶᠢᠨ ᠲᠠᠯᠠᠪᠠᠢ ᠳᠠᠬᠢ ᠨᠥᠯᠥᠭᠡ ᠨᠢ ᠲᠡᠳᠦᠢ ᠶᠡᠭᠡ ᠪᠢᠰᠢ ᠪᠣᠯᠬᠤᠷ᠂ ᠲᠡᠭᠦᠨ ᠤ ᠬᠡᠷᠡᠭᠯᠡᠬᠦ ᠭᠠᠵᠠᠷ ᠰᠢᠷᠣᠢ ᠶᠢᠨ ᠲᠠᠯᠠᠪᠠᠢ ᠶᠢ ᠬᠠᠮᠤᠭ ᠤᠨ ᠳᠣᠣᠷ᠎ᠠ ᠳᠡᠰ ᠤᠨ ᠬᠡᠷᠡᠭᠯᠡᠬᠦ ᠭᠠᠵᠠᠷ ᠰᠢᠷᠣᠢ ᠶᠢᠨ ᠬᠡᠪᠴᠢᠶ᠎ᠡ ᠪᠠᠷ ᠳᠡᠭᠡᠳᠦ ᠬᠢᠵᠠᠭᠠᠷ ᠪᠣᠯᠭᠠᠵᠠᠢ᠃        ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ︵ᠪᠡᠶ᠎ᠡ ᠶᠢᠨ ᠲᠠᠮᠢᠷ ᠤᠨ ᠲᠠᠯᠠᠪᠤᠷ᠂ ᠪᠡᠶ᠎ᠡ ᠶᠢᠨ ᠲᠠᠮᠢᠷ ᠤᠨ ᠣᠷᠳᠣᠨ᠂ ᠤᠮᠪᠠᠯᠲᠠ ᠶᠢᠨ ᠣᠷᠳᠣᠨ︶᠎ ᠤ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ᠂ ᠤᠯᠤᠰ ᠤᠨ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ᠂ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠭᠠᠵᠠᠷ ᠰᠢᠷᠣᠢ ᠬᠡᠷᠡᠭᠯᠡᠬᠦ ᠬᠡᠪᠴᠢᠶ᠎ᠡ ᠳᠤ ︽ᠭᠦᠢᠴᠡᠳᠬᠡᠯ ᠲᠤᠭ᠎ᠠ︾᠎ ᠶᠢᠨ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ᠂ ᠭᠠᠵᠠᠷ ᠤᠨ ᠪᠠᠶᠢᠴᠠ ᠵᠦᠢ᠂ ᠭᠠᠷ ᠤᠷᠠᠯᠠᠯ ᠤᠨ ᠮᠡᠷᠭᠡᠵᠢᠯ ᠵᠡᠷᠭᠡ ᠣᠨᠴᠠᠭᠠᠢ ᠱᠠᠭᠠᠷᠳᠠᠯᠭ᠎ᠠ ᠠᠴᠠ ᠪᠣᠯᠵᠤ ᠲᠤᠰ ᠭᠦᠢᠴᠡᠳᠬᠡᠯ ᠲᠤᠭ᠎ᠠ ᠶᠢ ᠳᠠᠪᠠᠭᠤᠯᠬᠤ ᠴᠢᠬᠤᠯᠠᠲᠠᠢ ᠪᠣᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠢ ᠠᠷᠪᠢᠯᠠᠬᠤ ᠦᠨᠡᠯᠡᠯᠲᠡ ᠨᠤᠲᠠᠯᠠᠯᠲᠠ ᠶᠢ ᠵᠢᠷᠤᠮᠵᠢᠭᠤᠯᠤᠨ ᠬᠢᠬᠦ ᠬᠡᠷᠡᠭᠲᠡᠢ᠃ ᠲᠣᠮᠣ ᠬᠡᠯᠪᠡᠷᠢ ᠶᠢᠨ ᠤᠷᠤᠯᠳᠤᠭᠠᠨ ᠤ ᠶᠠᠪᠤᠳᠠᠯ ᠢ ᠳᠠᠭᠠᠭᠠᠨ ᠡᠷᠬᠢᠯᠡᠵᠦ ᠥᠩᠭᠡᠷᠡᠭᠰᠡᠨ ᠬᠤᠲᠠ ᠨᠢ ᠵᠠᠷᠴᠢᠮ ᠳᠡᠭᠡᠷ᠎ᠡ ᠪᠠᠨ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠳᠠᠪᠬᠤᠷᠳᠠᠭᠤᠯᠤᠨ ᠪᠠᠶᠢᠭᠤᠯᠬᠤ ᠴᠢᠬᠤᠯᠠ ᠦᠭᠡᠢ᠃ ᠦᠨᠡᠨ ᠬᠦ ᠪᠠᠶᠢᠭᠤᠯᠬᠤ ᠴᠢᠬᠤᠯᠠᠲᠠᠢ ᠪᠣᠯ ᠪᠣᠳᠠᠲᠠᠢ ᠬᠡᠷᠡᠭᠴᠡᠭᠡ ᠱᠠᠭᠠᠷᠳᠠᠯᠭ᠎ᠠ ︵ ᠳᠠᠭᠠᠭᠠᠨ ᠡᠷᠬᠢᠯᠡᠬᠦ ᠤᠷᠤᠯᠳᠤᠭᠠᠨ ᠵᠡᠷᠭᠡ︶᠎ ᠶᠢ ᠦᠨᠳᠦᠰᠦᠯᠡᠨ ᠠᠰ ᠲᠤ ᠨᠢ ᠨᠤᠲᠠᠯᠠᠯᠲᠠ ᠬᠢᠵᠦ᠂ ᠠᠰᠲᠠᠭᠠᠨ ᠬᠢᠨᠠᠨ ᠵᠥᠪᠰᠢᠶᠡᠷᠡᠭᠦᠯᠵᠦ᠂ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠨᠢ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠢ ᠠᠷᠪᠢᠯᠠᠬᠤ ᠦᠨᠡᠯᠡᠯᠲᠡ ᠨᠤᠲᠠᠯᠠᠯᠲᠠ ᠬᠢᠯᠭᠡᠬᠦ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶ᠎ᠡ
Baidu
map