︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠵᠦ ᠬᠠᠮᠢᠶᠠᠷᠬᠤ ᠠᠵᠢᠯ ᠳᠤ ᠨᠡᠷᠡᠶᠢᠳᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018/7/2
     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠪᠣᠯ ᠨᠡᠶᠢᠭᠡᠮ ᠤᠨ ᠳᠠᠩᠰᠠᠯᠠᠨ ᠲᠡᠮᠳᠡᠭᠯᠡᠵᠦ ᠬᠠᠮᠢᠶᠠᠷᠬᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠬᠠᠮᠢᠶᠠᠷᠬᠤ ᠰᠠᠭᠤᠷᠢ ᠴᠢᠨᠠᠷᠲᠠᠢ ᠠᠵᠢᠯ ᠪᠣᠯᠣᠨ᠎ᠠ᠃ ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠠᠴᠠ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠲᠡᠮᠳᠡᠭᠯᠡᠵᠦ ᠬᠠᠮᠢᠶᠠᠷᠬᠤ ᠠᠵᠢᠯ ᠳᠤ ᠨᠡᠷᠡᠶᠢᠳᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠠᠷᠠᠳ ᠠᠯᠪᠠᠨ ᠲᠠᠷᠬᠠᠭᠠᠭᠰᠠᠨ ﹇2018﹈ 11 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠨᠡᠷᠡᠶᠢᠳᠦᠯ ᠢ ᠬᠠᠤᠯᠢ ᠴᠠᠭᠠᠵᠠ ᠲᠣᠭᠲᠠᠭᠠᠯ ᠶᠣᠰᠣᠭᠠᠷ ᠴᠢᠩᠭ᠎ᠠ ᠬᠢᠨᠠᠨ ᠬᠠᠷᠭᠤᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠵᠠᠢ᠃      ᠨᠢᠭᠡ᠂ ︽ᠮᠡᠳᠡᠭᠳᠡᠯ︾᠎ ᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ      ᠨᠡᠷᠡᠶᠢᠳᠦᠯ ᠤᠨ ᠬᠠᠮᠢᠶᠠᠷᠤᠯᠲᠠ ᠶᠢ ᠴᠢᠩᠭᠠᠳᠬᠠᠬᠤ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠬᠢ ᠢᠷᠡᠯᠲᠡ ᠠᠴᠠ ᠨᠢ ᠵᠢᠷᠤᠮᠵᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃      ︵ᠨᠢᠭᠡ︶ ︽ᠮᠡᠳᠡᠭᠳᠡᠯ︾ ᠪᠣᠯ ᠲᠥᠪ ᠤᠨ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠲᠤᠬᠠᠢ ᠰᠠᠨᠠᠯ︾᠎ ᠳᠤ ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠳᠠᠩᠰᠠᠯᠠᠨ ᠲᠡᠮᠳᠡᠭᠯᠡᠵᠦ ᠬᠢᠨᠠᠨ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠢ︔ ᠬᠦᠷᠢᠶ᠎ᠡ ᠴᠠᠷᠠᠭ᠎ᠠ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠢᠴᠢ ᠲᠤᠬᠠᠶᠢᠯᠠᠭᠰᠠᠨ ᠠᠵᠢᠯ ᠨᠢ ᠥᠷᠭᠡᠨ ᠳᠡᠯᠭᠡᠷᠡᠩᠭᠦᠢ᠂ ᠢᠯᠭᠠᠨ ᠲᠣᠭᠲᠠᠭᠠᠬᠤ ᠳᠤ ᠬᠦᠴᠢᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠂ ᠭᠤᠣᠯ ᠠᠵᠢᠯ ᠢ ᠨᠢ ᠲᠣᠳᠣᠷᠬᠠᠶᠢᠯᠠᠬᠤ᠂ ᠢᠯᠡ ᠲᠣᠳᠣ ᠪᠠᠶᠢᠯᠭᠠᠬᠤ᠂ ᠠᠩᠬᠠᠷᠤᠯ ᠢᠶᠠᠨ ᠲᠥᠪᠯᠡᠷᠡᠭᠦᠯᠬᠦ ᠵᠠᠷᠴᠢᠮ ᠶᠣᠰᠣᠭᠠᠷ᠂ ᠨᠡᠷᠡᠶᠢᠳᠦᠯ ᠢ ᠨᠢ ᠬᠢᠨᠠᠨ ᠬᠠᠷᠭᠤᠭᠤᠯᠬᠤ ᠪᠠ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ ᠬᠢᠨᠠᠨ ᠲᠣᠭᠲᠠᠭᠠᠬᠤ ᠶᠢ ᠴᠢᠩᠭᠠᠳᠬᠠᠬᠤ ᠬᠡᠷᠡᠭᠲᠡᠢ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠷᠣᠨ ᠬᠡᠪᠴᠢᠶᠡᠨ ᠤ ᠴᠢᠨᠠᠷᠲᠠᠢ ᠰᠠᠯᠪᠤᠷᠢ ᠪᠠᠶᠢᠭᠤᠯᠤᠮᠵᠢ ᠲᠣᠬᠢᠷᠠᠭᠤᠯᠬᠤ ᠶᠢ ᠬᠢᠵᠠᠭᠠᠷᠯᠠᠬᠤ ᠬᠡᠷᠡᠭᠲᠡᠢ ᠭᠡᠬᠦ ᠮᠡᠲᠦ ᠪᠠᠷ ᠴᠢᠬᠤᠯᠠᠴᠢᠯᠠᠵᠠᠢ᠃ ᠡᠳᠡᠭᠡᠷ ᠠᠭᠤᠯᠭ᠎ᠠ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠳᠡᠰ ᠬᠤᠪᠢᠶᠠᠵᠤ ᠳᠠᠩᠰᠠᠯᠠᠨ ᠲᠡᠮᠳᠡᠭᠯᠡᠵᠦ ᠬᠠᠮᠢᠶᠠᠷᠴᠤ ᠪᠠᠶᠢᠬᠤ ᠶᠢᠨ ᠢᠯᠡᠷᠡᠯ ᠪᠣᠯᠬᠤ ᠪᠠᠷ ᠪᠠᠷᠠᠬᠤ ᠦᠭᠡᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠳᠣᠲᠣᠭᠠᠳᠤ ᠶᠢᠨ ᠱᠠᠭᠠᠷᠳᠠᠯᠭ᠎ᠠ ᠪᠣᠯᠣᠨ᠎ᠠ᠃ ᠣᠳᠣᠬᠠᠨ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠨᠢ ᠶᠡᠷᠦᠩᠬᠡᠢ ᠳᠤ ᠪᠠᠨ ᠨᠡᠯᠢᠶᠡᠳ ᠰᠠᠶᠢᠨ ᠪᠠᠶᠢᠳᠠᠭ ᠪᠣᠯᠪᠠᠴᠤ ᠮᠥᠨ ᠬᠦ ᠬᠡᠲᠦᠷᠬᠡᠢ ᠰᠤᠯᠠ ᠴᠢᠯᠦᠭᠡᠲᠡᠢ᠂ ᠬᠡᠷᠡᠭᠵᠢᠭᠦᠯᠬᠦ ᠲᠠᠯ᠎ᠠ ᠪᠠᠷ ᠳᠤᠲᠠᠮᠠᠭ ᠪᠠᠶᠢᠬᠤ ᠦᠵᠡᠭᠳᠡᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠶᠣᠰᠣ ᠳᠦᠷᠢᠮ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠣᠢ ᠪᠣᠯᠭᠠᠵᠤ᠂ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠳᠤ ᠬᠢᠨᠠᠨ ᠬᠠᠷᠭᠤᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠴᠢᠩᠭ᠎ᠠ ᠬᠢᠨᠠᠨ ᠡᠵᠡᠮᠳᠡᠵᠦ᠂ ᠲᠥᠪ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠪᠣᠳᠠᠲᠠᠶᠢᠵᠢᠭᠤᠯᠵᠤ ᠨᠠᠷᠢᠯᠢᠭᠵᠢᠭᠤᠯᠬᠤ ᠬᠡᠷᠡᠭᠲᠡᠢ᠃      ︵ᠬᠤᠶᠠᠷ︶ ︽ᠮᠡᠳᠡᠭᠳᠡᠯ︾ ᠪᠣᠯ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠬᠡᠷᠡᠭᠵᠢᠭᠦᠯᠦᠭᠰᠡᠨ ᠤ ᠪᠣᠳᠠᠲᠠᠢ ᠢᠯᠡᠷᠡᠯ ᠪᠣᠯᠣᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠣᠨᠴᠠᠭᠠᠶᠢᠯᠠᠨ ᠪᠠᠶᠢᠭᠤᠯᠤᠭᠳᠠᠭᠠᠳ ᠳᠠᠩᠰᠠᠯᠠᠭᠤᠯᠤᠨ ᠲᠡᠮᠳᠡᠭᠯᠡᠭᠦᠯᠵᠦ ᠪᠠᠶᠢᠭ᠎ᠠ ᠨᠡᠷᠡᠶᠢᠳᠦᠯ ᠢ ᠬᠢᠨᠠᠨ ᠬᠠᠷᠭᠤᠭᠤᠯᠬᠤ ᠪᠣᠯ ᠳᠠᠩᠰᠠᠯᠠᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠬᠡᠷᠡᠭᠵᠢᠭᠦᠯᠬᠦ ᠴᠢᠬᠤᠯᠠ ᠭᠤᠭᠴᠤᠭ᠎ᠠ ᠪᠣᠯᠣᠨ᠎ᠠ᠃ ᠣᠳᠣᠬᠠᠨ ᠳᠤ᠂ ᠵᠠᠷᠢᠮ ᠣᠷᠣᠨ ᠨᠤᠲᠤᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠴᠠᠭᠠᠵᠠ ᠲᠣᠭᠲᠠᠭᠠᠯ ᠶᠣᠰᠣᠭᠠᠷ ᠴᠢᠩᠭ᠎ᠠ ᠨᠢᠮᠪᠠᠢ ᠬᠡᠷᠡᠭᠵᠢᠭᠦᠯᠵᠦ ᠪᠠᠶᠢᠬᠤ ᠦᠭᠡᠢ ᠨᠢ ᠪᠠᠶᠢᠭᠤᠯᠤᠭᠳᠠᠨ ᠳᠠᠩᠰᠠᠯᠠᠭᠤᠯᠵᠤ ᠲᠡᠮᠳᠡᠭᠯᠡᠭᠦᠯᠦᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠳᠣᠲᠣᠷ᠎ᠠ ᠵᠠᠷᠢᠮ ᠨᠢ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠡᠷᠡᠶᠢᠳᠦᠯ ᠢ ᠬᠠᠳᠠᠭᠰᠠᠨ ᠦᠭᠡᠢ︔ ᠵᠠᠷᠢᠮ ᠨᠢ ︽ᠳᠤᠮᠳᠠᠳᠤ ᠤᠯᠤᠰ︾᠂ ︽ᠪᠦᠬᠦ ᠤᠯᠤᠰ︾᠂ ︽ᠳᠤᠮᠳᠠᠳᠤ︾ ᠂ ᠴᠢᠨᠠᠭᠰᠢᠯᠠᠭᠠᠳ ︽ᠠᠽᠢᠶ᠎ᠠ ᠲᠢᠪ︾᠂ ︽ᠳᠡᠯᠡᠬᠡᠢ︾ ᠵᠡᠷᠭᠡ ᠦᠰᠦᠭ ᠢ ᠳᠤᠷ᠎ᠠ ᠪᠠᠷ ᠢᠶᠠᠨ ᠬᠠᠳᠠᠬᠤ ᠪᠤᠶᠤ ᠬᠡᠯᠪᠡᠷᠢ ᠥᠭᠡᠷᠡᠲᠦᠭᠦᠯᠦᠨ ᠬᠠᠲᠠᠵᠤ ᠪᠠᠶᠢᠨ᠎ᠠ︔ ᠵᠠᠷᠢᠮ ᠨᠢ ᠦᠰᠦᠭ ᠤᠨ ᠨᠣᠮᠧᠷ ᠢ ᠬᠠᠮᠤᠷᠤᠭᠤᠯᠬᠤ ᠴᠢᠬᠤᠯᠠᠲᠠᠢ ᠪᠠᠶᠢᠲᠠᠯ᠎ᠠ ᠬᠠᠮᠤᠷᠤᠭᠤᠯᠬᠤ ᠦᠭᠡᠢ ᠳᠤᠲᠠᠭᠳᠠᠭᠤᠯᠵᠤ ᠪᠠᠶᠢᠭ᠎ᠠ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠤᠯᠢ ᠴᠠᠭᠠᠵᠠ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃      ︵ᠭᠤᠷᠪᠠ︶ ︽ᠮᠡᠳᠡᠭᠳᠡᠯ︾ ᠪᠣᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠠᠵᠢᠯᠯᠠᠭ᠎ᠠ ᠥᠷᠨᠢᠭᠦᠯᠬᠦ ᠶᠢ ᠵᠢᠷᠤᠮᠵᠢᠭᠤᠯᠬᠤ ᠪᠣᠳᠠᠲᠠᠢ ᠱᠠᠭᠠᠷᠳᠠᠯᠭ᠎ᠠ ᠪᠣᠯᠣᠨ᠎ᠠ᠃ ᠣᠳᠣᠬᠠᠨ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠨᠢ ᠶᠡᠷᠦᠩᠬᠡᠢ ᠳᠤ ᠪᠠᠨ ᠵᠢᠷᠤᠮᠵᠢᠯ ᠲᠠᠢ ᠪᠣᠯᠪᠠᠴᠤ ᠵᠠᠷᠢᠮ ᠵᠢᠷᠤᠮᠵᠢᠯ ᠦᠭᠡᠢ ᠠᠵᠢᠯᠯᠠᠭ᠎ᠠ ᠮᠥᠨ ᠬᠦ ᠣᠷᠣᠰᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠶᠢᠨ ᠨᠡᠷᠡᠶᠢᠳᠦᠯ ᠢ ᠨᠡᠷᠡᠶᠢᠳᠬᠦ ᠪᠠ ᠬᠡᠷᠡᠭᠯᠡᠬᠦ ᠲᠠᠯ᠎ᠠ ᠪᠠᠷ ᠲᠣᠪᠣᠶᠢᠮ᠎ᠠ ᠢᠯᠡᠷᠡᠵᠦ ᠪᠠᠶᠢᠨ᠎ᠠ᠃ ᠳᠠᠩᠰᠠᠯᠠᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠶᠢᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠳᠤ ᠲᠦᠷᠭᠡᠨ ᠢᠶᠠᠷ ᠬᠥᠭᠵᠢᠬᠦ ᠲᠥᠯᠥᠪ ᠪᠠᠶᠢᠳᠠᠯ ᠢᠯᠡᠷᠡᠵᠦ᠂ ᠡᠨᠡ ᠨᠢ ᠨᠢᠭᠡ ᠲᠠᠯ᠎ᠠ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠪᠣᠯᠪᠠᠴᠤ ᠨᠥᠬᠦᠭᠡ ᠲᠠᠯ᠎ᠠ ᠪᠠᠷ ᠮᠥᠨ ᠵᠣᠬᠢᠬᠤ ᠬᠡᠪᠴᠢᠶᠡᠨ ᠳᠣᠲᠣᠷ᠎ᠠ ᠰᠣᠬᠤᠷ ᠪᠠᠯᠠᠢ ᠪᠠᠷ ᠬᠥᠭᠵᠢᠭᠦᠯᠦᠨ᠂ ᠡᠮᠬᠢ ᠵᠠᠮᠪᠠᠷᠠᠭ᠎ᠠ ᠦᠭᠡᠢ ᠪᠠᠷ ᠥᠷᠭᠡᠳᠬᠡᠵᠦ ᠪᠠᠶᠢᠭ᠎ᠠ ︽ᠭᠦᠶᠦᠬᠦ ᠮᠣᠷᠢ ᠭᠤᠷᠤᠭ᠎ᠠ ᠡᠷᠭᠢᠬᠦ︾ ᠦᠵᠡᠭᠳᠡᠯ ᠢᠯᠡᠷᠡᠵᠦ᠂ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠶᠢ ᠬᠠᠮᠢᠶ᠎ᠠ ᠨᠠᠮᠢᠶ᠎ᠠ ᠦᠭᠡᠢ ᠲᠣᠬᠢᠷᠠᠭᠤᠯᠬᠤ᠂ ᠳᠤᠷ᠎ᠠ ᠪᠠᠷ ᠢᠶᠠᠨ ᠨᠡᠷᠡᠶᠢᠳᠬᠦ ᠠᠰᠠᠭᠤᠳᠠᠯ ᠲᠣᠪᠣᠶᠢᠮ᠎ᠠ ᠪᠠᠶᠢᠨ᠎ᠠ᠂ ᠵᠢᠱᠢᠶᠡᠯᠡᠪᠡᠯ ᠲᠣᠭᠲᠠᠭᠠᠯ ᠢ ᠵᠥᠷᠢᠴᠡᠨ ᠡᠯ᠎ᠡ ᠲᠥᠷᠥᠯ ᠤᠨ ᠬᠠᠤᠯᠢ ᠶᠢᠨ ᠡᠷᠬᠡᠲᠡᠨ ᠤ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢᠶᠠᠷ ᠨᠡᠷᠡᠶᠢᠳᠬᠦ᠂ ᠨᠡᠷᠡᠶᠢᠳᠦᠯ ᠳᠤ ᠪᠠᠨ ︽ᠳᠤᠮᠳᠠᠳᠤ ᠤᠯᠤᠰ︾᠂ ︽ᠳᠤᠮᠳᠠᠳᠤ︾᠂ ︽ᠪᠦᠬᠦ ᠤᠯᠤᠰ︾᠂ ︽ᠤᠯᠤᠰ︾ ᠵᠡᠷᠭᠡ ᠦᠰᠦᠭ ᠢ ᠬᠡᠷᠡᠭᠯᠡᠬᠦ᠂ ᠠᠵᠢᠯᠯᠠᠭ᠎ᠠ ᠥᠷᠨᠢᠭᠦᠯᠬᠦ ᠳᠤ ᠪᠠᠨ ᠬᠠᠷᠢᠶᠠᠯᠠᠭᠳᠠᠬᠤ ᠨᠡᠶᠢᠭᠡᠮ ᠤᠨ ᠪᠦᠯᠬᠦᠮ ᠨᠡᠶᠢᠲᠡ ᠶᠢᠨ ᠢᠶᠠᠨ ᠨᠡᠷᠡᠶᠢᠳᠦᠯ ᠢ ᠬᠠᠳᠠᠬᠤ ᠦᠭᠡᠢ ᠭᠡᠬᠦ ᠮᠡᠲᠦ᠃ ᠡᠳᠡᠭᠡᠷ ᠪᠠᠶᠢᠳᠠᠯ ᠨᠢ ᠨᠡᠶᠢᠭᠡᠮ ᠤᠨ ᠣᠯᠠᠨ ᠲᠦᠮᠡᠨ ᠢ ᠪᠤᠷᠤᠭᠤ ᠲᠡᠶᠢᠰᠢ ᠬᠥᠲᠥᠯᠥᠨ ᠵᠢᠯᠣᠭᠤᠳᠴᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠠ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠵᠠᠢ᠃ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠎ ᠬᠢᠨ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠮᠢᠶᠠᠷᠤᠯᠲᠠ ᠦᠢᠯᠡᠴᠢᠯᠡᠭᠡ ᠪᠠ ᠪᠠᠶᠢᠴᠠᠭᠠᠯᠲᠠ ᠬᠢᠨᠠᠯᠲᠠ ᠪᠠᠨ ᠴᠢᠩᠭᠠᠳᠬᠠᠵᠤ᠂ ᠬᠠᠤᠯᠢ ᠴᠠᠭᠠᠵᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠢ ᠬᠥᠭᠵᠢᠭᠦᠯᠬᠦ ᠡᠮᠬᠢ ᠵᠢᠷᠤᠮ ᠲᠠᠢ ᠣᠷᠴᠢᠨ ᠲᠣᠭᠤᠷᠢᠨ ᠢ ᠬᠦᠴᠦᠲᠡᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃      ᠬᠤᠶᠠᠷ᠂ ︽ᠮᠡᠳᠡᠭᠳᠡᠯ︾᠎ ᠳᠤ ᠲᠣᠳᠣᠷᠬᠠᠶᠢᠯᠠᠭᠰᠠᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ      ︽ᠮᠡᠳᠡᠭᠳᠡᠯ︾᠎ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠄      ᠨᠢᠭᠡ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠬᠠᠤᠯᠢ ᠶᠣᠰᠣᠭᠠᠷ ᠬᠢᠨᠠᠨ ᠬᠠᠷᠭᠤᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠡᠨᠡ ᠪᠣᠯ ᠨᠡᠮᠡᠭᠳᠡᠯ ︵ᠰᠢᠨ᠎ᠡ ᠪᠠᠷ ᠪᠠᠶᠢᠭᠤᠯᠤᠭᠰᠠᠨ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠳᠠᠬᠢ ᠱᠠᠭᠠᠷᠳᠠᠯᠭ᠎ᠠ ᠪᠣᠯᠣᠨ᠎ᠠ᠃ ︽ᠮᠡᠳᠡᠭᠳᠡᠯ︾᠎ ᠳᠤ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠎ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠬᠢᠨᠠᠨ ᠬᠠᠷᠭᠤᠭᠤᠯᠬᠤ ᠳᠤ ᠪᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠵᠦ ᠬᠠᠮᠢᠶᠠᠷᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠰᠠᠭᠤᠷᠢ ᠮᠥᠩᠭᠦ ᠶᠢᠨ ᠨᠡᠶᠢᠭᠡᠮᠯᠢᠭ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠣᠭᠲᠠᠭᠠᠯ︾ ︵ᠠᠷᠠᠳ ᠤᠨ ᠶᠠᠪᠤᠳᠠᠯ ᠤᠨ ᠶᠠᠮᠤᠨ ᠤ ᠵᠠᠷᠢᠯᠢᠭ 26 ᠳ᠋ᠤᠭᠠᠷ ᠲᠣᠭᠠᠲᠤ︶᠂ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠠᠷᠠᠳ ᠲᠠᠷᠬᠠᠭᠠᠭᠰᠠᠨ ﹇1999﹈ 129 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠵᠢᠷᠤᠮᠵᠢᠯ ᠴᠢᠨᠠᠷ᠂ ᠪᠦᠷᠢᠨ ᠪᠦᠲᠦᠨ ᠴᠢᠨᠠᠷ ᠪᠠ ᠨᠡᠷ᠎ᠡ ᠨᠢᠳᠡᠷ ᠤᠨ ᠨᠢᠭᠡᠳᠦᠯᠲᠦ ᠴᠢᠨᠠᠷ ᠲᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠲᠤᠰ ᠰᠠᠯᠠᠭ᠎ᠠ ᠮᠥᠴᠢᠷ ᠤᠨ ᠢᠶᠠᠨ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠬᠠᠷᠢᠶᠠᠯᠠᠬᠤ ᠬᠡᠪᠴᠢᠶ᠎ᠡ ᠶᠢ ᠳᠠᠪᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠬᠢᠨᠠᠨ ᠬᠠᠷᠭᠤᠭᠤᠯᠵᠤ ᠪᠣᠯᠬᠤ ᠦᠭᠡᠢ᠂ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠬᠡᠪᠴᠢᠶ᠎ᠡ ᠶᠢ ᠠᠯᠤᠰᠯᠠᠭᠰᠠᠨ ᠨᠡᠶᠢᠭᠡᠮ ᠤᠨ ᠪᠦᠯᠬᠦᠮ ᠨᠡᠶᠢᠲᠡ᠂ ᠪᠦᠬᠦ ᠤᠯᠤᠰ ᠤᠨ ᠴᠢᠨᠠᠷᠲᠠᠢ ᠨᠡᠶᠢᠭᠡᠮ ᠤᠨ ᠪᠦᠯᠬᠦᠮ ᠨᠡᠶᠢᠲᠡ ᠪᠤᠶᠤ ᠳᠡᠯᠡᠬᠡᠢ ᠶᠢᠨ ᠴᠢᠨᠠᠷᠲᠠᠢ ᠨᠡᠶᠢᠭᠡᠮ ᠤᠨ ᠪᠦᠯᠬᠦᠮ ᠨᠡᠶᠢᠲᠡ ᠶᠢ ᠳᠠᠩᠰᠠᠯᠠᠨ ᠲᠡᠮᠳᠡᠭᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠳᠠᠩᠰᠠᠯᠠᠨ ᠲᠡᠮᠳᠡᠭᠯᠡᠵᠦ ᠪᠣᠯᠬᠤ ᠦᠭᠡᠢ ᠭᠡᠵᠦ ᠱᠠᠭᠠᠷᠳᠠᠵᠠᠢ᠃      ᠬᠤᠶᠠᠷ ᠲᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠥᠪᠡᠰᠦᠪᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠨᠡ ᠪᠣᠯ ᠦᠯᠡᠳᠡᠭᠡᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠭᠡᠰᠢᠭᠦᠳ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠳᠠᠬᠢ ᠱᠠᠭᠠᠷᠳᠠᠯᠭ᠎ᠠ ᠪᠣᠯᠣᠨ᠎ᠠ᠃ ᠥᠪᠡᠰᠦᠪᠡᠨ ᠪᠠᠶᠢᠴᠠᠭᠠᠬᠤ ᠠᠵᠢᠯ ᠨᠢ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠪᠠᠷ ᠨᠢᠭᠡᠴᠢ ᠪᠣᠯᠭᠠᠨ᠂ ᠲᠤᠰ ︽ᠮᠡᠳᠡᠭᠳᠡᠯ︾᠎ ᠢ ᠨᠡᠶᠢᠲᠡᠯᠡᠭᠰᠡᠨ ᠡᠳᠦᠷ ᠠᠴᠠ ᠡᠬᠢᠯᠡᠵᠦ᠂ ᠨᠡᠷᠡᠶᠢᠳᠦᠯ ᠨᠢ ᠲᠣᠭᠲᠠᠭᠠᠯ ᠳᠤ ᠨᠡᠶᠢᠴᠡᠬᠦ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ ᠲᠣᠭᠲᠠᠭᠠᠯ ᠶᠣᠰᠣᠭᠠᠷ ᠵᠢᠷᠤᠮᠵᠢᠭᠤᠯᠬᠤ ᠬᠡᠷᠡᠭᠲᠡᠢ᠃ ᠡᠭᠦᠨ ᠳᠤ ᠬᠠᠤᠯᠢ ᠴᠠᠭᠠᠵᠠ ᠲᠣᠭᠲᠠᠭᠠᠯ ᠶᠣᠰᠣᠭᠠᠷ ᠵᠢᠷᠤᠮᠵᠢᠭᠤᠯᠬᠤ ᠪᠣᠳᠠᠲᠠᠢ ᠠᠵᠢᠯᠯᠠᠭᠤᠯᠬᠤ ᠠᠷᠭ᠎ᠠ ᠬᠡᠯᠪᠡᠷᠢ ᠶᠢ ᠭᠤᠣᠯᠳᠠᠯᠭ᠎ᠠ ᠲᠠᠢ ᠪᠠᠷ ᠰᠠᠶᠢᠲᠤᠷ ᠡᠵᠡᠮᠳᠡᠬᠦ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠳᠠᠩᠰᠠᠯᠠᠭᠤᠯᠬᠤ ᠠᠵᠢᠯ ᠤᠨ ᠨᠢᠭᠡ ᠬᠡᠰᠡᠭ ᠪᠣᠯᠣᠭᠰᠠᠨ ᠤ ᠬᠤᠪᠢ ᠳᠤ᠂ ᠨᠡᠷᠡᠶᠢᠳᠦᠯ ᠤᠨ ᠡᠷᠬᠡ ᠨᠢ ᠬᠠᠤᠯᠢ ᠴᠠᠭᠠᠵᠠ ᠳᠤ ᠬᠠᠮᠠᠭᠠᠯᠠᠭᠳᠠᠨ᠎ᠠ᠃ ᠲᠣᠭᠲᠠᠭᠠᠯ ᠳᠤ ᠨᠡᠶᠢᠴᠡᠬᠦ ᠦᠭᠡᠢ ᠨᠡᠷᠡᠶᠢᠳᠦᠯ ᠢ ᠵᠠᠯᠠᠷᠠᠭᠤᠯᠬᠤ ᠳᠤ ᠪᠠᠨ᠂ ᠡᠯ᠎ᠡ ᠭᠠᠵᠠᠷ ᠤᠨ ᠬᠢᠨ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠤᠪᠢᠷᠠᠭᠤᠯᠬᠤ ᠪᠠᠷ ᠭᠤᠶᠤᠴᠢᠯᠠᠬᠤ᠂ ᠳᠠᠩᠰᠠᠯᠠᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠬᠤᠪᠢᠷᠠᠭᠤᠯᠬᠤ᠂ ᠳᠠᠩᠰᠠᠯᠠᠨ ᠬᠠᠮᠢᠶᠠᠷᠬᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠣᠯᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠤᠯᠢ ᠴᠠᠭᠠᠵᠠ ᠲᠣᠭᠲᠠᠭᠠᠯ ᠶᠣᠰᠣᠭᠠᠷ ᠬᠡᠷᠡᠭᠵᠢᠭᠦᠯᠵᠦ᠂ ᠯᠠᠪᠳᠠᠭᠤᠨ ᠮᠥᠷᠲᠡᠭᠡᠨ ᠪᠦᠲᠦᠮᠵᠢᠲᠡᠢ ᠠᠬᠢᠭᠤᠯᠬᠤ ᠬᠡᠷᠡᠭᠲᠡᠢ᠃ ︽ᠮᠡᠳᠡᠭᠳᠡᠯ︾᠎ ᠳᠤ ᠪᠠᠰᠠ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠳᠤ ᠪᠠᠨ ᠨᠡᠷᠡᠶᠢᠳᠦᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠵᠦ ᠬᠠᠮᠢᠶᠠᠷᠬᠤ ᠠᠵᠢᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠯᠤᠭ᠎ᠠ ᠤᠶᠠᠯᠳᠤᠭᠤᠯᠵᠤ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ ᠢ ᠪᠢᠴᠢᠨ ᠣᠷᠣᠭᠤᠯᠬᠤ ᠰᠢᠰᠲ᠋ᠧᠮ ᠤᠨ ᠳ᠋ᠠᠶᠢᠲ᠋ᠠ ᠶᠢᠨ ᠶᠠᠰᠤ ᠴᠢᠨᠠᠷ ᠲᠠᠢ ᠤᠶᠠᠯᠳᠤᠭᠤᠯᠬᠤ ᠬᠡᠷᠡᠭᠲᠡᠢ ᠭᠡᠵᠦ ᠱᠠᠭᠠᠷᠳᠠᠵᠠᠢ᠃ ᠥᠪᠡᠰᠦᠪᠡᠨ ᠪᠠᠶᠢᠴᠠᠭᠠᠬᠤ ᠠᠵᠢᠯ ᠤᠨ ᠥᠷᠨᠢᠭᠦᠯᠦᠭᠰᠡᠨ ᠪᠠᠶᠢᠳᠠᠯ ᠢ 2018 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃      ᠭᠤᠷᠪᠠ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠨᠡᠷᠡᠶᠢᠳᠦᠯ ᠢ ᠵᠢᠷᠤᠮᠵᠢᠭᠤᠯᠤᠨ ᠬᠡᠷᠡᠭᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠮᠡᠳᠡᠭᠳᠡᠯ ︾᠎ ᠳᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠨᠡᠷᠡᠶᠢᠳᠦᠯ ᠢᠶᠠᠨ ᠥᠯᠥ ᠵᠢᠷᠤᠮᠵᠢᠭᠤᠯᠤᠨ ᠬᠡᠷᠡᠭᠯᠡᠭᠰᠡᠨ ᠠᠵᠢᠯᠯᠠᠭ᠎ᠠ ᠶᠢ ᠬᠢᠨᠠᠮᠠᠭᠠᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠤ ᠵᠠᠷᠢᠮ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠶᠢ ᠬᠠᠮᠢᠶ᠎ᠠ ᠨᠠᠮᠢᠶ᠎ᠠ ᠦᠭᠡᠢ ᠲᠣᠬᠢᠷᠠᠭᠤᠯᠤᠭᠰᠠᠨ᠂ ᠳᠤᠷ᠎ᠠ ᠪᠠᠷ ᠢᠶᠠᠨ ᠨᠡᠷᠡᠶᠢᠳᠦᠭᠰᠡᠨ ᠦᠵᠡᠭᠳᠡᠯ ᠤᠨ ᠲᠤᠬᠠᠢ᠂ ︽ᠮᠡᠳᠡᠭᠳᠡᠯ︾᠎ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠎ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠵᠥᠷᠢᠴᠡᠵᠦ ᠡᠯ᠎ᠡ ᠲᠥᠷᠥᠯ ᠤᠨ ᠬᠠᠤᠯᠢ ᠶᠢᠨ ᠡᠷᠬᠡᠲᠡᠨ ᠤ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢᠶᠠᠷ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠪᠠᠨ ᠨᠡᠷᠡᠶᠢᠳᠦᠭᠰᠡᠨ᠂ ᠨᠡᠷᠡᠶᠢᠳᠦᠯ ᠤᠨ ᠳᠣᠲᠣᠷ᠎ᠠ ᠪᠠᠨ ︽ᠳᠤᠮᠳᠠᠳᠤ ᠤᠯᠤᠰ︾᠂ ︽ᠳᠤᠮᠳᠠᠳᠤ︾᠂ ︽ᠪᠦᠬᠦ ᠤᠯᠤᠰ︾᠂ ︽ᠤᠯᠤᠰ︾ ᠵᠡᠷᠭᠡ ᠦᠰᠦᠭ ᠢ ᠬᠡᠷᠡᠭᠯᠡᠭᠰᠡᠨ᠂ ᠠᠵᠢᠯᠯᠠᠭ᠎ᠠ ᠥᠷᠨᠢᠭᠦᠯᠬᠦ ᠳᠤ ᠪᠠᠨ ᠬᠠᠷᠢᠶᠠᠯᠠᠭᠳᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢᠶᠠᠨ ᠥᠯᠥ ᠬᠠᠳᠠᠭᠰᠠᠨ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃ ︽ᠮᠡᠳᠡᠭᠳᠡᠯ︾᠎ ᠳᠤ ᠪᠠᠰᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠤᠨ ᠬᠢᠨᠠᠯᠲᠠ ᠲᠠᠯᠪᠢᠵᠤ ᠪᠠᠶᠢᠴᠠᠭᠠᠬᠤ ᠪᠠᠷ ᠳᠠᠮᠵᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠢ ᠬᠥᠲᠥᠯᠥᠨ ᠵᠢᠯᠣᠭᠤᠳᠴᠤ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠪᠠᠨ ᠬᠠᠤᠯᠢ ᠴᠠᠭᠠᠵᠠ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠯᠪᠤᠷᠢ ᠪᠠᠶᠢᠭᠤᠯᠤᠮᠵᠢ ᠪᠠ ᠲᠥᠯᠥᠭᠡᠯᠡᠬᠦ ᠪᠠᠶᠢᠭᠤᠯᠤᠮᠵᠢ ᠶᠢᠨ ᠢᠳᠡᠪᠬᠢᠲᠡᠢ ᠦᠢᠯᠡᠳᠦᠯ ᠦᠵᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃      ᠳᠥᠷᠪᠡ ᠳᠤ᠂ ᠠᠵᠢᠯ ᠤᠨ ᠵᠢᠯᠣᠭᠤᠳᠤᠯᠭ᠎ᠠ ᠬᠢᠬᠦ ᠪᠠ ᠵᠢᠭᠠᠪᠤᠷᠢ ᠠᠪᠬᠤ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠥᠷᠨᠢᠯᠲᠡ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ︽ᠮᠡᠳᠡᠭᠳᠡᠯ︾᠎ ᠳᠤ ᠠᠵᠢᠯ ᠤᠨ ᠵᠢᠯᠣᠭᠤᠳᠤᠯᠭ᠎ᠠ ᠶᠢᠨ ᠴᠢᠬᠤᠯᠠ ᠴᠢᠨᠠᠷ ᠢ ᠲᠣᠪᠣᠶᠢᠯᠭᠠᠨ᠂ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠤᠰᠬᠠᠢ ᠣᠷᠣᠨ ︵ᠬᠤᠲᠠ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠢ ᠨᠢ ᠵᠢᠯᠣᠭᠤᠳᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠲᠤᠰᠬᠠᠢ ᠣᠷᠣᠨ ︵ᠬᠤᠲᠠ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠢᠶᠠᠨ ︵ᠬᠤᠲᠠ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠢ ᠨᠢ ᠵᠢᠯᠣᠭᠤᠳᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠠᠵᠢᠯ ᠤᠨ ᠵᠢᠯᠣᠭᠤᠳᠤᠯᠭ᠎ᠠ ᠶᠢᠨ ᠭᠤᠣᠯᠳᠠᠯᠭ᠎ᠠ ᠨᠢ ᠨᠡᠶᠢᠲᠡᠴᠢ ᠴᠢᠨᠠᠷᠲᠠᠢ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠤᠳᠤᠯᠵᠤ᠂ ᠰᠢᠢᠳᠪᠦᠷᠢᠯᠡᠬᠦ ᠲᠥᠰᠥᠯ ᠪᠤᠶᠤ ᠵᠢᠯᠣᠭᠤᠳᠬᠤ ᠰᠠᠨᠠᠯ ᠢ ᠳᠤᠷᠠᠳᠬᠤ ᠳᠤ ᠪᠠᠶᠢᠳᠠᠭ᠃ ︽ᠮᠡᠳᠡᠭᠳᠡᠯ︾᠎ ᠳᠤ ᠪᠠᠰᠠ ᠨᠡᠷᠡᠶᠢᠳᠦᠯ ᠢ ᠬᠢᠨᠠᠨ ᠬᠠᠷᠭᠤᠭᠤᠯᠬᠤ ᠪᠠ ᠬᠠᠮᠢᠶᠠᠷᠬᠤ ᠶᠠᠪᠤᠴᠠ ᠳᠤ ᠬᠠᠤᠯᠢ ᠴᠠᠭᠠᠵᠠ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠭᠰᠡᠨ ᠢᠶᠠᠷ ᠲᠣᠳᠣᠷᠬᠠᠢ ᠪᠤᠰᠤ ᠠᠰᠠᠭᠤᠳᠠᠯ ᠳᠤ ᠬᠤᠯᠪᠣᠭᠳᠠᠭᠰᠠᠨ ᠪᠣᠯ᠂ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠷᠠᠳ ᠤᠨ ᠶᠠᠪᠤᠳᠠᠯ ᠤᠨ ᠶᠠᠮᠤᠨ ᠠᠴᠠ ᠨᠢᠭᠡᠳᠦᠯᠲᠡᠢ ᠪᠠᠷ ᠪᠢᠴᠢᠭ ᠤᠨ ᠵᠢᠭᠠᠪᠤᠷᠢ ᠠᠪᠬᠤ ᠬᠡᠷᠡᠭᠲᠡᠢ ᠭᠡᠵᠦ ᠴᠢᠬᠤᠯᠠᠴᠢᠯᠠᠵᠠᠢ᠃      ᠲᠠᠪᠤ ᠳᠤ᠂ ᠲᠤᠰᠬᠠᠢ ᠵᠦᠢᠯ ᠤᠨ ᠪᠠᠶᠢᠴᠠᠭᠠᠯᠲᠠ ᠪᠠ ᠨᠡᠶᠢᠭᠡᠮ ᠤᠨ ᠬᠢᠨᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠥᠪᠡᠰᠦᠪᠡᠨ ᠪᠠᠶᠢᠴᠠᠭᠠᠬᠤ ᠠᠵᠢᠯ ᠤᠨ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠮᠡᠳᠡᠭᠳᠡᠯ︾᠎ ᠳᠤ ᠬᠤᠶᠠᠷ ᠱᠠᠲᠤᠨ ᠤ ᠪᠠᠶᠢᠴᠠᠭᠠᠯᠲᠠ ᠶᠢᠨ ᠲᠣᠭᠲᠠᠴᠠ ᠶᠢ ᠲᠣᠳᠣᠷᠬᠠᠶᠢᠯᠠᠪᠠ᠂ ᠲᠤᠬᠠᠶᠢᠯᠠᠪᠠᠯ ᠮᠤᠵᠢ ᠶᠢᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠪᠠᠨ ᠥᠪᠡᠰᠦᠪᠡᠨ ᠪᠠᠶᠢᠴᠠᠭᠠᠭᠰᠠᠨ ᠪᠠᠶᠢᠳᠠᠯ ᠢ ᠲᠤᠰᠬᠠᠶᠢᠯᠠᠨ ᠪᠠᠶᠢᠴᠠᠭᠠᠵᠤ᠂ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠡᠨᠡ ᠵᠢᠯ ᠤᠨ ᠰᠡᠭᠦᠯᠴᠢ ᠠᠴᠠ ᠡᠮᠦᠨ᠎ᠡ ᠡᠯ᠎ᠡ ᠭᠠᠵᠠᠷ ᠤᠨ ᠬᠢᠨ ᠤ ᠥᠪᠡᠰᠦᠪᠡᠨ ᠪᠠᠶᠢᠴᠠᠭᠠᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠥᠪᠡᠰᠦᠪᠡᠨ ᠪᠠᠶᠢᠴᠠᠭᠠᠭᠰᠠᠨ ᠲᠠᠯ᠎ᠠ ᠪᠠᠷ ᠬᠦᠷᠦᠯᠴᠡᠬᠦ ᠦᠭᠡᠢ ᠪᠣᠯ ᠰᠢᠭᠦᠮᠵᠢᠯᠡᠬᠦ ᠪᠠᠷ ᠮᠡᠳᠡᠭᠡᠯᠡᠨ ᠨᠡᠪᠲᠡᠷᠡᠭᠦᠯᠦᠨ᠎ᠡ︔ ᠲᠤᠰ ᠮᠡᠳᠡᠭᠳᠡᠯ ᠢ ᠨᠡᠶᠢᠲᠡᠯᠡᠭᠰᠡᠨ ᠤ ᠳᠠᠷᠠᠭ᠎ᠠ ᠰᠢᠨ᠎ᠡ ᠪᠠᠷ ᠳᠠᠩᠰᠠᠯᠠᠨ ᠲᠡᠮᠳᠡᠭᠯᠡᠭᠦᠯᠦᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠬᠢᠨᠠᠨ ᠬᠠᠷᠭᠤᠭᠤᠯᠬᠤ ᠨᠢ ᠮᠥᠨ ᠵᠢᠷᠤᠮᠵᠢᠭᠤᠨ ᠪᠤᠰᠤ ᠪᠠᠶᠢᠪᠠᠯ᠂ ᠨᠢᠭᠡ ᠶᠢ ᠰᠡᠷᠡᠵᠦ ᠢᠯᠡᠷᠡᠭᠦᠯᠪᠡᠯ ᠨᠢᠭᠡ ᠶᠢ ᠨᠢ ᠰᠢᠭᠦᠮᠵᠢᠯᠡᠬᠦ ᠪᠠᠷ ᠮᠡᠳᠡᠭᠡᠯᠡᠨ ᠨᠡᠪᠲᠡᠷᠡᠭᠦᠯᠦᠨ᠎ᠡ᠃ ᠡᠭᠦᠨ ᠠᠴᠠ ᠭᠠᠳᠠᠨ᠎ᠠ᠂ ︽ᠮᠡᠳᠡᠭᠳᠡᠯ︾᠎ ᠳᠤ ᠪᠠᠰᠠ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃      ᠭᠤᠷᠪᠠ᠂ ︽ᠮᠡᠳᠡᠭᠳᠡᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠢ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠮᠡᠳᠡᠭᠳᠡᠯ︾᠎ ᠤᠨ ᠱᠠᠭᠠᠷᠳᠠᠯᠭ᠎ᠠ ᠶᠢ ᠲᠤᠭᠤᠰᠢᠯᠠᠭᠤᠯᠬᠤ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠢᠯᠡᠷᠡᠯ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠠᠪᠴᠠᠯ ᠪᠣᠯᠭᠠᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠪᠣᠳᠠᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮᠳᠠᠭᠤ ᠰᠡᠳᠬᠢᠯᠭᠡ ᠪᠠᠨ ᠦᠨᠡᠨ ᠬᠦ ᠴᠢᠩᠭᠠᠷᠠᠭᠤᠯᠬᠤ ᠬᠡᠷᠡᠭᠲᠡᠢ᠃      ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ︽ᠮᠡᠳᠡᠭᠳᠡᠯ︾᠎ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠯᠡᠳᠡᠭᠡᠯ ᠪᠠᠶᠢᠳᠠᠯ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠮᠡᠭᠳᠡᠯ ᠳᠤ ᠴᠤ ᠬᠤᠯᠪᠣᠭᠳᠠᠨ᠎ᠠ ︔ ᠪᠠᠶᠢᠭᠤᠯᠤᠨ ᠳᠠᠩᠰᠠᠯᠠᠭᠤᠯᠬᠤ ᠳᠤ ᠬᠤᠯᠪᠣᠭᠳᠠᠬᠤ ᠪᠠᠷ ᠪᠠᠷᠠᠬᠤ ᠦᠭᠡᠢ᠂ ᠡᠳᠦᠷ ᠲᠤᠲᠤᠮ ᠤᠨ ᠬᠠᠮᠢᠶᠠᠷᠤᠯᠲᠠ ᠳᠤ ᠴᠤ ᠬᠤᠯᠪᠣᠭᠳᠠᠨ᠎ᠠ︔ ᠣᠨᠴᠠᠭᠠᠢ ᠬᠡᠷᠡᠭ ᠢ ᠰᠢᠢᠳᠪᠦᠷᠢᠯᠡᠬᠦ ᠳᠤ ᠬᠤᠯᠪᠣᠭᠳᠠᠬᠤ ᠪᠠᠷ ᠪᠠᠷᠠᠬᠤ ᠦᠭᠡᠢ᠂ ᠳᠦᠷᠢᠮ ᠤᠨ ᠪᠠᠶᠢᠭᠤᠯᠤᠯᠲᠠ ᠳᠤ ᠴᠤ ᠬᠤᠯᠪᠣᠭᠳᠠᠨ᠎ᠠ︔ ᠳᠠᠩᠰᠠᠯᠠᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠲᠤ ᠴᠤ ᠬᠤᠯᠪᠣᠭᠳᠠᠵᠤ᠂ ᠶᠣᠰᠣᠲᠠᠢ ᠪᠦᠬᠦ ᠲᠠᠯ᠎ᠠ ᠢ ᠨᠥᠯᠥᠭᠡᠯᠡᠬᠦ ᠵᠠᠩᠭᠢᠯᠠᠭ᠎ᠠ ᠪᠣᠯᠣᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠲᠥᠰᠥᠯ ᠢᠶᠠᠨ ᠲᠣᠭᠲᠠᠭᠠᠵᠤ᠂ ᠯᠠᠪᠳᠠᠭᠤᠨ ᠪᠠᠲᠤᠲᠠᠢ ᠪᠥᠭᠡᠳ ᠬᠦᠴᠦᠲᠡᠢ ᠠᠬᠢᠭᠤᠯᠬᠤ ᠬᠡᠷᠡᠭᠲᠡᠢ᠃      ︵ᠭᠤᠷᠪᠠ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠪᠣᠯᠣᠭᠰᠠᠨ ᠤ ᠬᠤᠪᠢ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠦᠢᠯᠡᠳᠦᠯ ᠦᠵᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠳᠤᠷ᠎ᠠ ᠪᠠᠷ ᠦᠢᠯᠡᠳᠬᠦᠢ᠂ ᠬᠤᠶᠢᠷᠭᠤ ᠦᠢᠯᠡᠳᠬᠦᠢ᠂ ᠡᠰᠡ ᠦᠢᠯᠡᠳᠬᠦᠢ ᠶᠢ ᠰᠡᠷᠭᠡᠶᠢᠯᠡᠬᠦ ᠬᠡᠷᠡᠭᠲᠡᠢ᠃      ︵ᠳᠥᠷᠪᠡ︶ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠥᠪᠡᠰᠦᠪᠡᠨ ᠪᠠᠶᠢᠴᠠᠭᠠᠵᠤ ᠵᠢᠷᠤᠮᠵᠢᠭᠤᠯᠬᠤ ᠠᠵᠢᠯ ᠨᠢ ᠣᠯᠠᠨ ᠲᠠᠯ᠎ᠠ ᠳᠤ ᠬᠤᠯᠪᠣᠭᠳᠠᠵᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠪᠠᠶᠢᠳᠠᠭ ᠪᠣᠯᠬᠤᠷ᠂ ᠠᠵᠢᠯ ᠤᠨ ᠳᠤᠮᠳᠠ ᠪᠠᠨ ᠨᠡᠶᠢᠭᠡᠮ ᠤᠨ ᠲᠤᠰᠬᠠᠯ ᠢ ᠨᠢᠭᠲᠠ ᠠᠩᠬᠠᠷᠤᠨ᠂ ᠨᠡᠶᠢᠭᠡᠮ ᠤᠨ ᠠᠩᠬᠠᠷᠤᠯ ᠬᠠᠯᠠᠮᠵᠢᠯᠠᠯ ᠳᠤ ᠴᠠᠭ ᠲᠤᠬᠠᠢ ᠳᠤ ᠨᠢ ᠬᠠᠷᠢᠭᠤ ᠲᠤᠰᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠠᠵᠢᠯ ᠤᠨ ᠥᠷᠨᠢᠭᠦᠯᠦᠭᠳᠡᠬᠦ ᠳᠤ ᠠᠰᠢᠭᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map