ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/7/2
     ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ᠵᠢᠯᠣᠭᠤᠳᠬᠤ ᠰᠠᠨᠠᠯ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠰᠤᠷᠪᠤᠯᠵᠢᠯᠠᠵᠠᠢ᠃      ᠠᠰᠠᠭᠤᠯᠲᠠ᠄ ᠵᠢᠯᠣᠭᠤᠳᠬᠤ ᠰᠠᠨᠠᠯ ᠢ ᠨᠡᠶᠢᠲᠡᠯᠡᠭᠰᠡᠨ ᠠᠬᠤᠢ ᠪᠠᠶᠢᠳᠠᠯ ᠪᠠ ᠪᠣᠳᠠᠲᠤ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠣᠳᠣᠬᠠᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠬᠦ ᠶᠢ ᠳᠠᠭᠠᠯᠳᠤᠨ᠂ ᠮᠠᠨ ᠤ ᠤᠯᠤᠰ ᠤᠨ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠲᠦᠷᠭᠡᠨ ᠨᠡᠮᠡᠭᠳᠡᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠬᠡᠷᠡᠭᠯᠡᠭᠡ ᠨᠢ ᠣᠯᠠᠨ ᠲᠦᠮᠡᠨᠴᠢᠯᠡᠬᠦ᠂ ᠬᠡᠷᠡᠭᠴᠡᠭᠡ ᠱᠠᠭᠠᠷᠳᠠᠯᠭ᠎ᠠ ᠎ ᠨᠢ ᠴᠢᠨᠠᠷ ᠴᠢᠨᠰᠠᠭᠠᠴᠢᠯᠠᠬᠤ᠂ ᠥᠷᠢᠰᠦᠯᠳᠦᠭᠡᠨ ᠨᠢ ᠳᠡᠯᠡᠬᠡᠶᠢᠴᠢᠯᠡᠬᠦ ᠬᠠᠨᠳᠤᠰᠢ ᠢᠯᠡᠷᠡᠵᠦ᠂ ᠨᠢᠭᠡᠨᠲᠡ ᠠᠵᠤ ᠠᠬᠤᠢ ᠶᠢ ᠬᠥᠭᠵᠢᠭᠦᠯᠬᠦ᠂ ᠠᠵᠢᠯ ᠣᠯᠭᠤᠯᠲᠠ ᠶᠢ ᠨᠡᠮᠡᠭᠳᠡᠭᠦᠯᠬᠦ ᠪᠠ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠲᠤᠯᠭᠠᠭᠤᠷᠢᠯᠠᠯ ᠠᠵᠤ ᠦᠢᠯᠡᠰ ᠪᠣᠯᠵᠠᠢ᠃ ᠦᠵᠡᠮᠵᠢ ᠶᠢᠨ ᠣᠷᠣᠨ ᠪᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠴᠢᠬᠤᠯᠠ ᠡᠬᠢ ᠪᠠᠶᠠᠯᠢᠭ ᠪᠠ ᠲᠦᠰᠢᠭ ᠪᠠᠶᠢᠵᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠨᠡᠶᠢᠭᠡᠮ ᠤᠨ ᠠᠩᠬᠠᠷᠤᠯ ᠤᠨ ᠬᠠᠯᠠᠮᠰᠢᠯ ᠴᠡᠭ ᠪᠣᠯᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠎ ᠬᠢᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠡᠭᠦᠳᠡᠨ ᠪᠢᠯᠧᠲ ᠤᠨ ᠦᠨ᠎ᠡ ᠬᠠᠩᠰᠢ ᠶᠢᠨ ᠬᠡᠳᠦ ᠲᠦᠷᠭᠡᠨ ᠥᠰᠦᠯᠲᠡ ᠶᠢ ᠬᠢᠵᠠᠭᠠᠷᠯᠠᠬᠤ ᠳᠤ ᠵᠣᠬᠢᠬᠤ ᠦᠢᠯᠡᠳᠦᠯ ᠦᠵᠡᠭᠦᠯᠦᠭᠰᠡᠨ ᠪᠣᠯᠪᠠᠴᠤ ᠡᠭᠦᠳᠡᠨ ᠪᠢᠯᠧᠲ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯ ᠴᠢᠨᠠᠷ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠢ᠃ ᠭᠦᠨ ᠳᠠᠪᠬᠤᠷᠭ᠎ᠠ ᠠᠴᠠ ᠠᠪᠴᠤ ᠦᠵᠡᠪᠡᠯ᠂ ᠵᠠᠷᠢᠮ ᠣᠷᠣᠨ ᠨᠤᠲᠤᠭ ᠤᠨ ᠬᠢᠨ ᠮᠥᠨ ᠯᠡ ᠡᠭᠦᠳᠡᠨ ᠪᠢᠯᠧᠲ ᠤᠨ ᠠᠵᠤ ᠠᠬᠤᠢ ᠳᠤ ᠬᠡᠳᠦ ᠲᠦᠰᠢᠭᠯᠡᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠬᠡᠰᠡᠭ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢᠨ ︽ᠢᠯᠡᠭᠦᠴᠡ ᠳᠠᠷᠤᠭᠠᠰᠤ︾᠎ ᠨᠢ ᠬᠡᠳᠦ ᠬᠦᠨᠳᠦ ᠪᠠᠶᠢᠵᠤ᠂ ᠦᠨ᠎ᠡ ᠬᠠᠩᠰᠢ ᠶᠢᠨ ᠬᠢᠷᠢ ᠲᠦᠪᠰᠢᠨ ᠢ ᠥᠰᠬᠡᠭᠰᠡᠨ ᠠᠴᠠ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢ ᠬᠦᠯᠢᠶᠡᠰᠦᠯᠡᠬᠦ ᠬᠦᠴᠦᠨ ᠵᠦᠢᠯ ᠪᠣᠯᠵᠠᠢ᠃ ᠨᠢᠳᠤᠨᠤᠨ ᠵᠢᠯ ᠤᠨ ᠡᠴᠦᠰ ᠲᠤ ᠬᠤᠷᠠᠯᠳᠤᠭᠤᠯᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠲᠤᠷᠠᠳᠴᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠥᠯᠥᠭᠡ᠂ ᠡᠭᠦᠳᠡᠨ ᠪᠢᠯᠧᠲ ᠤᠨ ᠦᠨ᠎ᠡ ᠬᠠᠩᠰᠢ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠠᠶᠢᠴᠠᠭᠠᠯᠲᠠ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠨ ᠨᠤᠲᠤᠭ᠂ ᠦᠵᠡᠮᠵᠢ ᠶᠢᠨ ᠣᠷᠣᠨ ᠪᠠ ᠵᠢᠭᠤᠯᠴᠢᠯᠠᠯ ᠤᠨ ᠬᠡᠷᠡᠭᠯᠡᠭᠴᠢᠳ ᠤᠨ ᠰᠠᠨᠠᠯ ᠢ ᠰᠣᠨᠣᠰᠤᠭᠰᠠᠨ ᠤ ᠬᠠᠮᠲᠤ᠂ ᠵᠥᠪᠯᠡᠯ ᠤᠨ ᠫᠣᠷᠲ᠋ᠧᠯ ᠰᠦᠯᠵᠢᠶ᠎ᠡ ᠳᠤ ︽ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠪᠢ ᠵᠥᠪᠯᠡᠯᠭᠡ ᠠᠷᠭ᠎ᠠ ᠪᠣᠳᠣᠯᠭ᠎ᠠ ᠳᠡᠪᠰᠢᠭᠦᠯᠦᠨᠡᠮ︾ ᠭᠡᠬᠦ ᠲᠤᠰᠬᠠᠢ ᠪᠤᠯᠤᠩ ᠲᠣᠬᠢᠷᠠᠭᠤᠯᠵᠤ᠂ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ ᠠᠷᠠᠳ ᠤᠨ ᠠᠮᠢᠳᠤᠷᠠᠯ ᠢ ᠬᠠᠯᠠᠮᠵᠢᠯᠠᠵᠤ᠂ ᠡᠭᠦᠨ ᠤ ᠰᠠᠭᠤᠷᠢᠨ ᠳᠡᠭᠡᠷ᠎ᠡ ᠵᠢᠯᠣᠭᠤᠳᠬᠤ ᠰᠠᠨᠠᠯ ᠢ ᠪᠦᠷᠢᠯᠳᠦᠭᠦᠯᠵᠡᠢ᠃      ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠰᠢᠯᠤᠭᠤᠳᠬᠠᠵᠤ᠂ ᠨᠡᠶᠢᠭᠡᠮ ᠤᠨ ᠦᠷ᠎ᠡ ᠠᠰᠢᠭ ᠢ ᠭᠦᠢᠴᠡᠳ ᠢᠯᠡᠷᠡᠭᠦᠯᠦᠭᠰᠡᠨ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠭᠰᠡᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠢ ᠠᠵᠢᠯᠯᠠᠭᠤᠯᠤᠨ ᠡᠵᠡᠩᠨᠡᠬᠦ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ ᠪᠠᠶᠢᠳᠠᠭ᠃ ᠦᠵᠡᠮᠵᠢ ᠶᠢᠨ ᠨᠡᠷᠡᠲᠦ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠤᠯᠤᠰ ᠤᠨ ᠴᠡᠴᠡᠷᠯᠢᠭ ᠵᠡᠷᠭᠡ ᠪᠣᠯ ᠪᠦᠬᠦ ᠠᠷᠠᠳ ᠤᠨ ᠥᠮᠴᠢᠯᠡᠯᠲᠦ ᠣᠯᠠᠨ ᠨᠡᠶᠢᠲᠡ ᠶᠢᠨ ᠡᠬᠢ ᠪᠠᠶᠠᠯᠢᠭ ᠪᠠᠶᠢᠵᠤ᠂ ᠠᠵᠤ ᠠᠬᠤᠢ ᠶᠢᠨ ᠬᠠᠷᠢᠶᠠᠲᠤ ᠴᠢᠨᠠᠷ ᠪᠠᠶᠢᠬᠤ ᠪᠠᠷ ᠪᠠᠷᠠᠬᠤ ᠦᠭᠡᠢ᠂ ᠨᠡᠯᠢᠶᠡᠳ ᠴᠢᠩᠭ᠎ᠠ ᠨᠡᠶᠢᠭᠡᠮ ᠤᠨ ᠬᠠᠷᠢᠶᠠᠲᠤ ᠴᠢᠨᠠᠷ ᠪᠠ ᠠᠮᠢ ᠠᠬᠤᠢ ᠶᠢᠨ ᠬᠠᠷᠢᠶᠠᠲᠤ ᠴᠢᠨᠠᠷ ᠪᠠᠶᠢᠳᠠᠭ᠃ ᠡᠳᠡᠭᠡᠷ ᠣᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠠᠶᠢᠭᠤᠯᠤᠭᠰᠠᠨ ᠦᠵᠡᠮᠵᠢ ᠶᠢᠨ ᠣᠷᠣᠨ ᠢ ᠪᠦᠬᠦ ᠠᠷᠠᠳ ᠲᠤ ᠦᠢᠯᠡᠴᠢᠯᠡᠭᠡ ᠬᠠᠩᠭᠠᠯᠭᠠᠵᠤ᠂ ᠨᠡᠶᠢᠭᠡᠮ ᠤᠨ ᠦᠷ᠎ᠡ ᠠᠰᠢᠭ ᠢ ᠨᠢ ᠭᠦᠢᠴᠡᠳ ᠢᠯᠡᠷᠡᠭᠦᠯᠦᠨ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠬᠡᠷᠡᠭᠲᠡᠢ᠃ ᠵᠠᠷᠢᠮ ᠦᠵᠡᠮᠵᠢ ᠶᠢᠨ ᠣᠷᠣᠨ ᠨᠢ ᠠᠵᠤ ᠠᠬᠤᠢ ᠶᠢᠨ ᠦᠷ᠎ᠡ ᠠᠰᠢᠭ ᠢ ᠬᠡᠳᠦ ᠬᠥᠭᠡᠭᠡᠴᠡᠯᠳᠦᠵᠦ᠂ ᠨᠡᠭᠡᠭᠡᠨ ᠬᠥᠭᠵᠢᠭᠦᠯᠬᠦ ᠶᠢ ᠬᠦᠨᠳᠦᠳᠬᠡᠨ᠂ ᠬᠠᠮᠠᠭᠠᠯᠠᠯᠲᠠ ᠶᠢ ᠬᠥᠩᠭᠡᠪᠴᠢᠯᠡᠵᠦ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠣᠮᠲᠣᠭᠠᠶᠢᠯᠠᠵᠤ ᠪᠠᠶᠢᠭ᠎ᠠ ᠪᠠᠶᠢᠳᠠᠯ ᠢ ᠬᠤᠪᠢᠷᠠᠭᠤᠯᠵᠤ᠂ ᠨᠡᠶᠢᠭᠡᠮ ᠤᠨ ᠬᠠᠷᠢᠶᠠᠲᠤ ᠴᠢᠨᠠᠷ᠂ ᠠᠮᠢ ᠠᠬᠤᠢ ᠶᠢᠨ ᠬᠠᠷᠢᠶᠠᠲᠤ ᠴᠢᠨᠠᠷ ᠢ ᠨᠡᠩ ᠴᠢᠬᠤᠯᠠᠴᠢᠯᠠᠬᠤ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠦᠵᠡᠮᠵᠢ ᠶᠢᠨ ᠣᠷᠣᠨ ᠤ ᠮᠥᠨ ᠴᠢᠨᠠᠷ ᠲᠤ ᠪᠤᠴᠠᠭᠠᠬᠤ ᠬᠡᠷᠡᠭᠲᠡᠢ᠃      ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠵᠢᠭᠤᠯᠴᠢᠯᠠᠯ ᠤᠨ ᠬᠡᠷᠡᠭᠯᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠵᠢᠭᠤᠯᠴᠢᠯᠠᠯ ᠤᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠳᠤ ᠠᠰᠢᠭᠲᠠᠢ ᠪᠠᠶᠢᠳᠠᠭ᠃ 2017 ᠣᠨ ᠳᠤ᠂ ᠮᠠᠨ ᠤ ᠤᠯᠤᠰ ᠤᠨ ᠬᠥᠮᠥᠨ ᠪᠦᠷᠢ ᠶᠢᠨ ᠳᠤᠮᠳᠠᠴᠢ ᠵᠢᠭᠤᠯᠴᠢᠯᠠᠭᠰᠠᠨ ᠤᠳᠠᠭ᠎ᠠ ᠶᠢᠨ ᠲᠤᠭ᠎ᠠ ᠨᠢ 3.7 ᠤᠳᠠᠭ᠎ᠠ ᠪᠠᠶᠢᠵᠤ᠂ ᠳᠡᠯᠡᠬᠡᠢ ᠶᠢᠨ ᠬᠥᠭᠵᠢᠭᠰᠡᠨ ᠤᠯᠤᠰ ᠤᠨ ᠬᠥᠮᠥᠨ ᠪᠦᠷᠢ ᠶᠢᠨ ᠳᠤᠮᠳᠠᠴᠢ ᠵᠢᠭᠤᠯᠴᠢᠯᠠᠯ ᠤᠨ 7 ᠤᠳᠠᠭ᠎ᠠ ᠲᠠᠢ ᠬᠠᠷᠢᠴᠠᠭᠤᠯᠪᠠᠯ᠂ ᠮᠥᠨ ᠮᠠᠰᠢ ᠶᠡᠭᠡ ᠨᠡᠮᠡᠭᠳᠡᠯ ᠤᠨ ᠣᠷᠣᠨ ᠵᠠᠢ ᠪᠠᠶᠢᠳᠠᠭ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡ ᠵᠦᠢᠯ ᠤᠨ ᠪᠠᠶᠢᠴᠠᠭᠠᠯᠲᠠ ᠶᠢᠨ ᠢᠯᠡᠷᠡᠭᠦᠯᠦᠭᠰᠡᠨ ᠢᠶᠠᠷ᠂ ᠣᠳᠣᠬᠠᠨ ᠤ ᠤᠯᠤᠰ ᠤᠨ ᠳᠣᠲᠣᠭᠠᠳᠤ ᠶᠢᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ︽ᠥᠨᠳᠥᠷ︾ ᠪᠤᠶᠤ ︽ᠬᠡᠳᠦ ᠥᠨᠳᠥᠷ︾ ᠭᠡᠵᠦ ᠦᠵᠡᠵᠦ ᠪᠠᠶᠢᠭ᠎ᠠ ᠎ ᠨᠢ 72.3%᠎ ᠶᠢ ᠡᠵᠡᠯᠡᠵᠦ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠵᠠᠷᠢᠮ ᠨᠡᠷᠡᠲᠦ ᠦᠵᠡᠮᠵᠢ ᠶᠢᠨ ᠣᠷᠣᠨ ᠤ ᠵᠢᠭᠤᠯᠴᠢᠳ ᠤᠨ ᠲᠤᠭ᠎ᠠ ᠨᠢᠭᠡᠨᠲᠡ ᠡᠬᠢᠯᠡᠨ ᠪᠠᠭᠤᠷᠠᠵᠤ᠂ ᠤᠯᠠᠮ ᠠᠷᠪᠢᠨ ᠬᠥᠮᠥᠨ ᠡᠭᠦᠳᠡᠨ ᠪᠢᠯᠧᠲ ᠤᠨ ᠬᠠᠩᠰᠢ ᠶᠢ ᠨᠢ ᠰᠣᠨᠣᠰᠤᠭᠰᠠᠭᠠᠷ ᠶᠠᠪᠤᠵᠤ ᠤᠳᠬᠤ ᠪᠣᠯᠪᠠ᠂ ᠡᠨᠡ ᠨᠢ ᠪᠢᠯᠧᠲ ᠤᠨ ᠥᠨᠳᠥᠷ ᠦᠨ᠎ᠡ ᠨᠢ ᠨᠢᠭᠡᠨᠲᠡ ᠮᠠᠨ ᠤ ᠤᠯᠤᠰ ᠤᠨ ᠵᠢᠭᠤᠯᠴᠢᠯᠠᠯ ᠤᠨ ᠬᠡᠷᠡᠭᠯᠡᠭᠡ ᠶᠢᠨ ᠨᠡᠮᠡᠭᠳᠡᠯ ᠢ ᠬᠢᠵᠠᠭᠠᠷᠯᠠᠨ ᠨᠥᠯᠥᠭᠡᠯᠡᠵᠦ᠂ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯᠣᠭᠰᠠᠨ ᠢ ᠬᠠᠷᠠᠭᠤᠯᠵᠤ ᠪᠠᠶᠢᠨ᠎ᠠ᠃      ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠢ ᠡᠭᠦᠳᠡᠨ ᠪᠢᠯᠧᠲ ᠤᠨ ᠠᠵᠤ ᠠᠬᠤᠢ ᠠᠴᠠ ᠠᠵᠤ ᠦᠢᠯᠡᠰ ᠤᠨ ᠠᠵᠤ ᠠᠬᠤᠢ ᠲᠡᠶᠢᠰᠢ ᠂ ᠬᠡᠰᠡᠭ ᠪᠦᠯᠦᠭ ᠬᠥᠮᠥᠰ ᠤᠨ ᠵᠢᠭᠤᠯᠴᠢᠯᠠᠯ ᠠᠴᠠ ᠲᠦᠮᠡᠨ ᠣᠯᠠᠨ ᠤ ᠵᠢᠭᠤᠯᠴᠢᠯᠠᠯ ᠲᠡᠶᠢᠰᠢ᠂ ᠦᠵᠡᠮᠵᠢ ᠶᠢᠨ ᠴᠡᠭ ᠤᠨ ᠵᠢᠭᠤᠯᠴᠢᠯᠠᠯ ᠠᠴᠠ ᠣᠷᠣᠨ ᠬᠡᠪᠴᠢᠶᠡᠨ ᠤ ᠬᠠᠮ ᠵᠢᠭᠤᠯᠴᠢᠯᠠᠯ ᠲᠡᠶᠢᠰᠢ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠠ ᠶᠡᠷᠦᠩᠬᠡᠢ ᠬᠡᠷᠡᠭᠴᠡᠭᠡ ᠱᠠᠭᠠᠷᠳᠠᠯᠭ᠎ᠠ ᠶᠢ ᠯᠠᠪᠳᠠᠭᠤᠨ ᠢᠶᠠᠷ ᠥᠷᠭᠡᠳᠬᠡᠬᠦ ᠰᠠᠶᠢᠨ ᠰᠠᠶᠢᠬᠠᠨ ᠡᠷᠭᠢᠯᠲᠡ ᠶᠢ ᠪᠦᠷᠢᠯᠳᠦᠭᠦᠯᠬᠦ ᠳᠤ ᠠᠰᠢᠭᠲᠠᠢ ᠪᠠᠶᠢᠳᠠᠭ᠃ 14 ᠳ᠋ᠦᠩᠰᠢᠭᠤᠷ ᠬᠥᠮᠥᠨ ᠠᠮᠠ ᠲᠠᠢ ᠲᠣᠮᠣ ᠤᠯᠤᠰ ᠤᠨ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠡᠷᠬᠡᠪᠰᠢ ᠶᠡᠭᠡ ᠬᠠᠷᠠᠭᠠᠰᠤ ᠲᠠᠢ ᠪᠠᠶᠢᠵᠤ᠂ ᠨᠡᠩ ᠥᠷᠭᠡᠨ ᠠᠭᠤᠳᠠᠮ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠂ ᠵᠥᠪᠬᠡᠨ ᠡᠭᠦᠳᠡᠨ ᠪᠢᠯᠧᠲ ᠤᠨ ᠠᠵᠤ ᠠᠬᠤᠢ ᠳᠤ ᠬᠢᠵᠠᠭᠠᠷᠯᠠᠭᠳᠠᠵᠤ ᠪᠣᠯᠬᠤ ᠦᠭᠡᠢ᠃ ᠡᠨᠡ ᠲᠠᠯ᠎ᠠ ᠪᠠᠷ ᠴᠥᠭᠡᠨ ᠪᠤᠰᠤ ᠣᠷᠣᠨ ᠨᠤᠲᠤᠭ ᠤᠨ ᠬᠢᠨ ᠨᠢᠭᠡᠨᠲᠡ ᠪᠦᠲᠦᠮᠵᠢᠲᠡᠢ ᠲᠤᠷᠰᠢᠯᠭ᠎ᠠ ᠲᠠᠢ ᠪᠣᠯᠵᠠᠢ᠃ ᠵᠢᠱᠢᠶᠡᠯᠡᠪᠡᠯ ᠵᠧᠵᠢᠶᠠᠩ ᠮᠤᠵᠢ ᠶᠢᠨ ᠴᠢᠦᠶᠢᠵᠧᠦ ᠬᠤᠲᠠ ᠨᠢ ᠣᠷᠣᠨ ᠬᠡᠪᠴᠢᠶᠡᠨ ᠤ ᠬᠠᠮ ᠵᠢᠭᠤᠯᠴᠢᠯᠠᠯ ᠤᠨ ᠣᠨᠣᠯᠵᠢᠬᠤᠨ ᠢᠶᠠᠷ ᠵᠢᠯᠣᠭᠤᠳᠤᠮᠵᠢ ᠪᠣᠯᠭᠠᠨ᠂ ᠦᠵᠡᠮᠵᠢ ᠶᠢᠨ ᠣᠷᠣᠨ ᠤ ᠡᠭᠦᠳᠡᠨ ᠪᠢᠯᠧᠲ ᠦᠭᠡᠢ ᠵᠢᠭᠤᠯᠴᠢᠯᠠᠯ ᠤᠨ ᠠᠵᠢᠯᠯᠠᠭ᠎ᠠ ᠶᠢ ᠲᠤᠷᠰᠢᠨ ᠥᠷᠨᠢᠭᠦᠯᠬᠦ ᠪᠠᠷ ᠳᠠᠮᠵᠢᠭᠤᠯᠵᠤ᠂ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠰ ᠢ ᠡᠭᠦᠳᠡᠨ ᠪᠢᠯᠧᠲ ᠤᠨ ᠠᠵᠤ ᠠᠬᠤᠢ ᠳᠤ ᠲᠦᠰᠢᠭᠯᠡᠬᠦ ᠪᠠᠶᠢᠳᠠᠯ ᠠᠴᠠ ᠢᠳᠡᠭ ᠢᠳᠡᠭ ᠢᠶᠠᠷ ᠮᠤᠯᠲᠤᠷᠠᠭᠤᠯᠵᠤ᠂ ᠣᠬᠢ ᠪᠦᠲᠦᠭᠡᠭᠳᠡᠬᠦᠨ ᠦᠢᠯᠡᠳᠬᠦ᠂ ᠰᠢᠯᠢᠳᠡᠭ ᠦᠢᠯᠡᠴᠢᠯᠡᠭᠡ ᠬᠠᠩᠭᠠᠬᠤ᠂ ᠠᠵᠤ ᠦᠢᠯᠡᠰ ᠤᠨ ᠤᠷᠲᠤ ᠬᠡᠯᠬᠢᠶᠡᠰᠦ ᠶᠢ ᠪᠦᠷᠢᠯᠳᠦᠭᠦᠯᠬᠦ ᠴᠢᠭᠯᠡᠯ ᠲᠡᠶᠢᠰᠢ ᠪᠠᠨ ᠬᠥᠭᠵᠢᠭᠦᠯᠪᠡ᠃ 2017 ᠣᠨ ᠳᠤ᠂ ᠪᠦᠬᠦ ᠬᠤᠲᠠ ᠶᠢᠨ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 449.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.6%᠎ ᠪᠠᠷ ᠨᠡᠮᠡᠭᠳᠡᠵᠡᠢ᠃ 13 ᠦᠵᠡᠮᠵᠢ ᠶᠢᠨ ᠣᠷᠣᠨ ᠨᠢ ᠵᠢᠭᠤᠯᠴᠢᠯᠠᠯ ᠤᠨ ᠦᠢᠯᠡᠴᠢᠯᠡᠭᠡ ᠬᠢᠬᠦ᠂ ᠳᠤᠷᠠᠰᠬᠠᠯ ᠤᠨ ᠵᠦᠢᠯᠡᠰ ᠪᠣᠷᠣᠯᠠᠭᠤᠯᠬᠤ ᠵᠡᠷᠭᠡ ᠪᠠᠷ 28.1 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ︔ ᠰᠦᠢᠳᠬᠡᠯ ᠦᠭᠡᠢ ᠡᠳᠦᠷ ᠤᠨ ᠬᠤᠭᠤᠴᠠᠭᠠᠨ ᠳᠤ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠢᠨᠢ ᠵᠢᠭᠤᠯᠴᠢᠳ ᠢ ᠬᠦᠯᠢᠶᠡᠨ ᠠᠪᠤᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 46.8%᠎ ᠪᠠᠷ ᠨᠡᠮᠡᠭᠳᠡᠨ᠂ ᠬᠦᠯᠢᠶᠡᠨ ᠠᠪᠴᠤ ᠵᠣᠴᠢᠯᠠᠭᠰᠠᠨ ᠡᠳᠦᠷ ᠤᠨ ᠲᠤᠭ᠎ᠠ ᠨᠢ 42.5%᠎ ᠪᠠᠷ ᠨᠡᠮᠡᠭᠳᠡᠵᠦ᠂ ᠢᠳᠡᠭᠡᠨ ᠤ ᠠᠵᠢᠯ ᠲᠥᠷᠥᠯ᠂ ᠣᠳᠣᠨ ᠳᠡᠰ ᠠᠴᠠ ᠳᠡᠭᠡᠭᠰᠢᠬᠢ ᠪᠠᠭᠤᠳᠠᠯ ᠤᠨ ᠵᠣᠴᠢᠳ ᠤᠨ ᠥᠷᠥᠭᠡ ᠶᠢᠨ ᠡᠵᠡᠩᠨᠡᠯᠲᠡ ᠶᠢᠨ ᠣᠷᠣᠯᠭ᠎ᠠ ᠨᠢ ᠲᠤᠰ ᠲᠤᠰ 48.1% ᠪᠠ 48.9%᠎ ᠪᠠᠷ ᠨᠡᠮᠡᠭᠳᠡᠵᠦ᠂ ᠪᠦᠬᠦ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠣᠷᠣ ᠶᠢᠨ ᠲᠤᠭ᠎ᠠ ᠨᠢ 4.5 ᠲᠦᠮᠡ ᠶᠢ ᠰᠢᠪᠲᠤᠯᠤᠭᠰᠠᠨ ᠤ ᠬᠠᠮᠲᠤ᠂ ᠨᠢᠭᠡ ᠪᠦᠯᠦᠭ ᠬᠡᠪ ᠳᠠᠭᠤᠷᠢᠶᠠᠯ ᠤᠨ ᠴᠢᠨᠠᠷᠲᠠᠢ ᠣᠬᠢ ᠰᠢᠯᠢᠳᠡᠭ ᠪᠦᠬᠦᠢ ᠠᠷᠠᠳ ᠤᠨ ᠣᠷᠣᠨ ᠰᠠᠭᠤᠴᠠ ᠢᠯᠡᠷᠡᠵᠦ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠲᠠᠸᠠᠷ ᠤᠨ ᠪᠣᠷᠣᠯᠠᠭᠤᠯᠭ᠎ᠠ ᠨᠢ ᠴᠤ ᠢᠯᠡᠳᠲᠡ ᠨᠡᠮᠡᠭᠳᠡᠨ᠂ ᠦᠵᠡᠮᠵᠢ ᠶᠢᠨ ᠣᠷᠣᠨ ᠬᠢᠭᠡᠳ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠲᠥᠷᠥᠯ ᠵᠣᠬᠢᠴᠠᠯᠳᠤᠨ ᠬᠥᠭᠵᠢᠬᠦ ᠶᠢ ᠠᠩᠬ᠎ᠠ ᠠᠯᠬᠤᠮ ᠪᠡᠶᠡᠯᠡᠭᠦᠯᠵᠦ᠂ ᠲᠣᠮᠣ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠠᠮ ᠢᠶᠠᠷ ᠠᠶᠠᠯᠠᠵᠠᠢ᠃      ᠠᠰᠠᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠡᠷᠦᠩᠬᠡᠢ ᠰᠡᠳᠬᠢᠴᠡ ᠪᠠ ᠬᠠᠷᠠᠯᠲᠠ ᠨᠢ ᠶᠠᠭᠤ ᠪᠣᠢ︖      ᠬᠠᠷᠢᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠡᠷᠦᠩᠬᠡᠢ ᠰᠡᠳᠬᠢᠴᠡ ᠪᠣᠯ᠄ ᠨᠢᠭᠡ ᠳᠤ᠂ ᠨᠡᠶᠢᠲᠡ ᠶᠢᠨ ᠠᠰᠠᠷᠠᠮᠵᠢ ᠶᠢᠨ ᠤᠳᠤᠷᠢᠳᠤᠮᠵᠢ ᠶᠢ ᠪᠠᠷᠢᠮᠲᠠᠯᠠᠨ᠎ᠠ᠃ ᠦᠵᠡᠮᠵᠢ ᠶᠢᠨ ᠨᠡᠷᠡᠲᠦ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠤᠯᠤᠰ ᠤᠨ ᠴᠡᠴᠡᠷᠯᠢᠭ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠨᠢ ᠪᠦᠬᠦ ᠠᠷᠠᠳ ᠲᠤ ᠥᠮᠴᠢᠯᠡᠭᠳᠡᠵᠦ᠂ ᠡᠳᠡᠭᠡᠷ ᠡᠬᠢ ᠪᠠᠶᠠᠯᠢᠭ ᠢᠶᠠᠷ ᠲᠦᠰᠢᠭ ᠪᠣᠯᠭᠠᠵᠤ ᠪᠠᠶᠢᠭᠤᠯᠤᠭᠰᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠨᠢ ᠨᠡᠶᠢᠭᠡᠮ ᠤᠨ ᠦᠷ᠎ᠡ ᠠᠰᠢᠭ ᠢ ᠭᠦᠢᠴᠡᠳ ᠢᠯᠡᠷᠡᠭᠦᠯᠦᠨ᠂ ᠨᠡᠶᠢᠭᠡᠮ ᠤᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠡᠭᠦᠳᠡᠨ ᠪᠢᠯᠧᠲ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠬᠤ ᠳᠤ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠢ ᠲᠤᠤᠱᠯᠠᠭᠤᠯᠤᠨ᠂ ᠵᠢᠭᠤᠯᠴᠢᠯᠠᠯ ᠢ ᠠᠷᠠᠳ ᠲᠤ ᠦᠢᠯᠡᠴᠢᠯᠡᠭᠦᠯᠬᠦ᠂ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠣᠨᠣᠯᠵᠢᠬᠤᠨ ᠢ ᠪᠠᠷᠢᠮᠲᠠᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠢ ᠪᠦᠬᠦ ᠠᠷᠠᠳ ᠬᠠᠮᠲᠤ ᠪᠠᠷ ᠬᠦᠷᠲᠡᠬᠦ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠰᠦᠢᠳᠬᠡᠯ ᠢ ᠵᠢᠭᠤᠯᠴᠢᠳ ᠵᠦᠢ ᠵᠣᠬᠢᠰᠲᠠᠢ ᠡᠭᠦᠷᠭᠡᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠠᠨᠳᠤᠯᠭ᠎ᠠ ᠪᠠᠷ᠂ ᠣᠯᠠᠨ ᠨᠡᠶᠢᠲᠡ ᠶᠢᠨ ᠡᠬᠢ ᠪᠠᠶᠠᠯᠢᠭ ᠢᠶᠠᠷ ᠪᠠᠶᠢᠭᠤᠯᠤᠭᠰᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠨᠡᠶᠢᠲᠡ ᠶᠢᠨ ᠠᠰᠠᠷᠠᠮᠵᠢ ᠶᠢᠨ ᠬᠠᠷᠢᠶᠠᠲᠤ ᠴᠢᠨᠠᠷ ᠢ ᠭᠦᠢᠴᠡᠳ ᠢᠯᠡᠷᠡᠭᠦᠯᠬᠦ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠦᠨ᠎ᠡ ᠲᠣᠭᠲᠠᠭᠠᠬᠤ ᠶᠢ ᠪᠠᠷᠢᠮᠲᠠᠯᠠᠨ᠎ᠠ᠃ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠥᠩᠭᠡᠷᠡᠭᠰᠡᠨ ᠤ ᠲᠡᠷᠡ ᠬᠦ ᠵᠠᠰᠠᠭ ᠵᠠᠬᠢᠷᠭᠠᠨ ᠤ ᠵᠠᠷᠯᠢᠭ ᠢᠶᠠᠷ ᠦᠨ᠎ᠡ ᠬᠠᠩᠰᠢ ᠶᠢ ᠥᠰᠬᠡᠬᠦ ᠶᠢ ᠬᠢᠵᠠᠭᠠᠷᠯᠠᠵᠤ ᠪᠠᠶᠢᠭᠰᠠᠨ ᠠᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠵᠠᠰᠠᠭ ᠵᠠᠬᠢᠷᠭᠠᠨ ᠤ ᠵᠠᠷᠯᠢᠭ ᠤᠨ ᠮᠠᠶ᠋ᠢᠭ ᠤᠨ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠠᠵᠢᠯ ᠢ ᠬᠢᠬᠦ ᠦᠭᠡᠢ᠂ ᠬᠠᠷᠢᠨ ᠭᠤᠣᠯᠳᠠᠭᠤ ᠦᠵᠡᠮᠵᠢ ᠶᠢᠨ ᠣᠷᠣᠨ ᠤ ᠦᠢᠯᠡᠴᠢᠯᠡᠭᠡ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠦᠢ ᠵᠣᠬᠢᠰᠲᠠᠢ ᠥᠪᠡᠷ ᠤᠨ ᠥᠷᠲᠡᠭ ᠢ ᠨᠥᠬᠦᠪᠦᠷᠢᠯᠡᠬᠦ ᠶᠢᠨ ᠬᠠᠮᠲᠤ᠂ ᠦᠵᠡᠮᠵᠢ ᠶᠢᠨ ᠣᠷᠣᠨ ᠤ ᠥᠷᠲᠡᠭ ᠢ ᠲᠣᠬᠢᠷᠠᠮᠵᠢᠲᠠᠢ ᠢᠯᠡᠷᠡᠭᠦᠯᠦᠭᠰᠡᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠵᠠᠰᠠᠭ ᠤᠨ ᠣᠷᠳᠣᠨ ᠪᠠ ᠦᠵᠡᠮᠵᠢ ᠶᠢᠨ ᠣᠷᠣᠨ ᠤ ᠠᠵᠢᠯᠯᠠᠭ᠎ᠠ ᠶᠢ ᠵᠢᠷᠤᠮᠵᠢᠭᠤᠯᠵᠤ ᠪᠠᠶᠢᠭᠠᠳ ᠦᠨ᠎ᠡ ᠬᠠᠩᠰᠢ ᠶᠢ ᠬᠠᠮᠢᠶᠠᠷᠬᠤ ᠬᠡᠷᠡᠭᠲᠡᠢ᠃ ᠭᠤᠷᠪᠠ ᠳᠤ᠂ ᠡᠮᠬᠢ ᠵᠢᠷᠤᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠣᠳᠣᠬᠠᠨ ᠳᠤ᠂ ᠡᠯ᠎ᠡ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠦᠵᠡᠮᠵᠢ ᠶᠢᠨ ᠣᠷᠣᠨ ᠤ ᠬᠡᠪᠴᠢᠶ᠎ᠡ ᠳᠡᠰ ᠲᠤ ᠪᠦᠷ ᠵᠣᠬᠢᠬᠤ ᠵᠥᠷᠢᠶ᠎ᠡ ᠣᠷᠣᠰᠢᠵᠤ ᠪᠠᠶᠢᠳᠠᠭ ᠪᠣᠯᠬᠤᠷ᠂ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠳᠤ ᠦᠵᠡᠮᠵᠢ ᠶᠢᠨ ᠣᠷᠣᠨ ᠤ ᠠᠳᠠᠯᠢ ᠪᠤᠰᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠢᠯᠭᠠᠨ ᠰᠠᠯᠭᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠲᠥᠷᠥᠯ ᠬᠤᠪᠢᠶᠠᠨ ᠠᠬᠢᠭᠤᠯᠵᠤ᠂ ᠨᠥᠬᠦᠴᠡᠯ ᠡᠭᠦᠳᠴᠦ ᠪᠠᠶᠢᠭᠠᠳ ᠡᠭᠦᠳᠡᠨ ᠪᠢᠯᠧᠲ ᠤᠨ ᠦᠨ᠎ᠡ ᠬᠠᠩᠰᠢ ᠶᠢ ᠵᠦᠢ ᠵᠣᠬᠢᠰᠲᠠᠢ ᠣᠷᠣᠨ ᠵᠠᠢ ᠳᠤ ᠪᠤᠴᠠᠭᠠᠬᠤ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ ᠳᠥᠷᠪᠡ ᠳᠤ᠂ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠎ᠠ᠃ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠬᠠᠮᠢᠶᠠᠷᠬᠤ ᠳᠡᠰ ᠳᠠᠷᠠᠭᠠᠯᠠᠯ ᠢ ᠢᠯᠡ ᠪᠠᠶᠢᠯᠭᠠᠬᠤ᠂ ᠰᠢᠢᠳᠪᠦᠷᠢᠲᠦ ᠪᠣᠳᠣᠯᠭ᠎ᠠ ᠶᠢ ᠢᠯᠡ ᠪᠠᠶᠢᠯᠭᠠᠬᠤ᠂ ᠦᠷ᠎ᠡ ᠳ᠋ᠦᠩ ᠢ ᠢᠯᠡ ᠪᠠᠶᠢᠯᠭᠠᠬᠤ᠂ ᠬᠡᠷᠡᠭᠵᠢᠭᠦᠯᠦᠯᠲᠡ ᠶᠢ ᠢᠯᠡ ᠪᠠᠶᠢᠯᠭᠠᠬᠤ ᠵᠢᠴᠢ ᠦᠵᠡᠮᠵᠢ ᠶᠢᠨ ᠣᠷᠣᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠢᠯᠡ ᠪᠠᠶᠢᠯᠭᠠᠬᠤ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃      ᠵᠢᠯᠣᠭᠤᠳᠬᠤ ᠰᠠᠨᠠᠯ ᠳᠤ ᠬᠤᠶᠠᠷ ᠱᠠᠲᠤ ᠦᠶ᠎ᠡ ᠶᠢᠨ ᠬᠠᠷᠠᠯᠲᠠ ᠶᠢ ᠲᠣᠳᠣᠷᠬᠠᠶᠢᠯᠠᠪᠠ᠃ 2018 ᠣᠨ ᠳᠤ᠂ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠶᠢᠨ ᠬᠠᠮᠲᠤ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠨ᠎ᠠ︔ 2020 ᠣᠨ ᠪᠣᠯᠬᠤ ᠳᠤ᠂ ᠦᠵᠡᠮᠵᠢ ᠶᠢᠨ ᠣᠷᠣᠨ ᠤ ᠬᠡᠪ ᠢᠶᠠᠷ ᠠᠵᠢᠯᠯᠠᠭᠤᠯᠤᠨ ᠡᠵᠡᠩᠨᠡᠬᠦ ᠥᠪᠡᠷ ᠤᠨ ᠥᠷᠲᠡᠭ ᠢᠶᠠᠷ ᠰᠠᠭᠤᠷᠢ ᠪᠣᠯᠭᠠᠭᠰᠠᠨ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠢᠯᠡ ᠲᠣᠳᠣ ᠲᠣᠭᠲᠠᠴᠠ ᠶᠢ ᠦᠨᠳᠦᠰᠦᠨ ᠳᠤ ᠪᠠᠨ ᠪᠦᠷᠢᠨᠰᠢᠭᠦᠯᠦᠨ᠎ᠡ᠃      ᠠᠰᠠᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖      ᠬᠠᠷᠢᠭᠤᠯᠲᠠ᠄ ᠭᠤᠣᠯᠳᠠᠭᠤ 7 ᠲᠠᠯ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠵᠤ ᠪᠠᠶᠢᠨ᠎ᠠ᠄      ᠨᠢᠭᠡ ᠳᠤ᠂ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠬᠤ ᠥᠪᠡᠷ ᠤᠨ ᠥᠷᠲᠡᠭ ᠤᠨ ᠪᠦᠷᠢᠯᠳᠦᠯ ᠢ ᠵᠦᠢ ᠵᠣᠬᠢᠰᠲᠠᠢ ᠢᠯᠭᠠᠨ ᠲᠣᠭᠲᠠᠭᠠᠨ᠎ᠠ᠃ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠬᠤ ᠥᠪᠡᠷ ᠤᠨ ᠥᠷᠲᠡᠭ ᠢ ᠦᠵᠡᠮᠵᠢ ᠶᠢᠨ ᠣᠷᠣᠨ ᠤ ᠵᠤᠭᠠᠴᠠᠨ ᠦᠵᠡᠬᠦ ᠣᠷᠣᠨ ᠪᠦᠰᠡ ᠶᠢᠨ ᠬᠡᠪᠴᠢᠶᠡᠨ ᠳᠣᠲᠣᠷᠠᠬᠢ ᠵᠢᠭᠤᠯᠴᠢᠳ ᠲᠤ ᠰᠢᠭᠤᠳ ᠵᠤᠭᠠᠴᠠᠨ ᠦᠵᠡᠬᠦ ᠦᠨᠳᠦᠰᠦᠨ ᠦᠢᠯᠡᠴᠢᠯᠡᠭᠡ ᠬᠠᠩᠭᠠᠬᠤ ᠳᠤ ᠡᠭᠦᠰᠦᠭᠰᠡᠨ ᠪᠡᠯᠡᠳᠬᠡᠮᠵᠢ ᠶᠢ ᠠᠵᠢᠯᠯᠠᠭᠤᠯᠤᠨ ᠬᠠᠮᠠᠭᠠᠯᠠᠬᠤ᠂ ᠠᠵᠢᠯᠲᠠᠨ ᠤ ᠴᠠᠯᠢᠩ ᠬᠥᠯᠥᠰᠦ᠂ ᠡᠳ᠋ ᠤᠨ ᠶᠠᠪᠤᠳᠠᠯ ᠤᠨ ᠰᠦᠢᠳᠬᠡᠯ᠂ ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠵᠡᠷᠭᠡ ᠲᠠᠯ᠎ᠠ ᠪᠠᠷ ᠬᠢ ᠥᠪᠡᠷ ᠤᠨ ᠥᠷᠲᠡᠭ ᠤᠨ ᠵᠠᠷᠤᠯᠭ᠎ᠠ ᠵᠢᠴᠢ ᠪᠠᠶᠢᠭᠠᠯᠢ᠂ ᠰᠣᠶᠣᠯ ᠤᠨ ᠥᠪ ᠵᠡᠷᠭᠡ ᠡᠬᠢ ᠪᠠᠶᠠᠯᠢᠭ ᠤᠨ ᠬᠠᠮᠠᠭᠠᠯᠠᠯᠲᠠ ᠶᠢᠨ ᠵᠠᠷᠤᠯᠭ᠎ᠠ ᠪᠠᠷ ᠴᠢᠩᠭ᠎ᠠ ᠬᠢᠵᠠᠭᠠᠷᠯᠠᠨ ᠲᠣᠭᠲᠠᠭᠠᠨ᠎ᠠ᠃ ᠡᠭᠦᠳᠡᠨ ᠪᠢᠯᠧᠲ ᠤᠨ ᠦᠨ᠎ᠡ ᠬᠠᠩᠰᠢ ᠶᠢᠨ ᠵᠦᠢ ᠵᠣᠬᠢᠰᠲᠠᠢ ᠪᠦᠷᠢᠯᠳᠦᠯ ᠢ ᠲᠣᠳᠣᠷᠬᠠᠶᠢᠯᠠᠬᠤ ᠪᠠᠷ ᠳᠠᠮᠵᠢᠭᠤᠯᠤᠨ᠂ ᠡᠭᠦᠳᠡᠨ ᠪᠢᠯᠧᠲ ᠤᠨ ᠠᠴᠢᠶᠠᠯᠠᠵᠤ ᠪᠠᠶᠢᠭ᠎ᠠ ︽ᠢᠯᠡᠭᠦᠴᠡ ᠳᠠᠷᠤᠭᠠᠰᠤ︾᠎ ᠶᠢ ᠠᠯᠬᠤᠮ ᠠᠯᠬᠤᠮ ᠢᠶᠠᠷ ᠰᠠᠯᠭᠠᠵᠤ᠂ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠵᠦᠢ ᠵᠣᠬᠢᠰᠲᠠᠢ ᠦᠨ᠎ᠡ ᠬᠠᠩᠰᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃      ᠬᠤᠶᠠᠷ ᠲᠤ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠎ᠡ᠃ ᠡᠯ᠎ᠡ ᠭᠠᠵᠠᠷ ᠣᠷᠣᠨ ᠤ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠠᠳᠠᠯᠢ ᠪᠤᠰᠤ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠳᠤ ᠲᠤᠰ ᠲᠤᠰ ᠵᠠᠰᠠᠭ ᠤᠨ ᠣᠷᠳᠣᠨ ᠠᠴᠠ ᠦᠨ᠎ᠡ ᠬᠠᠩᠰᠢ ᠶᠢ ᠲᠣᠭᠲᠠᠭᠠᠬᠤ ᠪᠤᠶᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠶᠢ ᠬᠡᠷᠡᠭᠵᠢᠭᠦᠯᠦᠨ᠎ᠡ︔ ᠤᠯᠠᠷᠢᠯ ᠤᠨ ᠴᠢᠨᠠᠷ ᠢᠶᠠᠷ ᠬᠠᠷᠢᠴᠠᠩᠭᠤᠢ ᠴᠢᠩᠭ᠎ᠠ ᠦᠵᠡᠮᠵᠢ ᠶᠢᠨ ᠣᠷᠣᠨ ᠨᠢ ᠬᠠᠷᠠᠰᠣ ᠤᠯᠠᠷᠢᠯ ᠪᠠ ᠡᠯᠪᠡᠭ ᠤᠯᠠᠷᠢᠯ ᠤᠨ ᠡᠭᠦᠳᠡᠨ ᠪᠢᠯᠧᠲ ᠤᠨ ᠦᠨ᠎ᠡ ᠬᠠᠩᠰᠢ ᠶᠢ ᠬᠡᠷᠡᠭᠵᠢᠭᠦᠯᠵᠦ᠂ ᠵᠢᠭᠤᠯᠴᠢᠳ ᠤᠨ ᠭᠦᠢᠯᠭᠡᠭᠡ ᠶᠢ ᠬᠥᠲᠥᠯᠥᠨ ᠵᠢᠯᠣᠭᠤᠳᠴᠤ ᠲᠡᠩᠴᠡᠭᠦᠷᠢᠲᠡᠢ ᠲᠠᠷᠬᠠᠭᠠᠵᠤ ᠪᠣᠯᠣᠨ᠎ᠠ︔ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠶᠢ ᠬᠡᠷᠡᠭᠵᠢᠭᠦᠯᠬᠦ ᠦᠵᠡᠮᠵᠢ ᠶᠢᠨ ᠣᠷᠣᠨ ᠨᠢ ᠦᠨ᠎ᠡ ᠬᠠᠩᠰᠢ ᠶᠢᠨ ᠳᠡᠭᠡᠳᠦ ᠬᠢᠵᠠᠭᠠᠷ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠡᠷᠡᠭᠯᠡᠵᠦ ᠪᠣᠯᠣᠨ᠎ᠠ᠂ ᠵᠠᠰᠠᠭ ᠤᠨ ᠣᠷᠳᠣᠨ ᠠᠴᠠ ᠲᠣᠭᠲᠠᠭᠠᠭᠰᠠᠨ ᠳᠡᠭᠡᠳᠦ ᠬᠢᠵᠠᠭᠠᠷ ᠤᠨ ᠦᠨ᠎ᠡ ᠬᠠᠩᠰᠢ ᠶᠢ ᠳᠠᠪᠠᠭᠤᠯᠬᠤ ᠦᠭᠡᠢ ᠬᠡᠪᠴᠢᠶᠡᠨ ᠳᠣᠲᠣᠷ᠎ᠠ᠂ ᠦᠵᠡᠮᠵᠢ ᠶᠢᠨ ᠣᠷᠣᠨ ᠤ ᠡᠵᠡᠩᠨᠡᠨ ᠬᠠᠮᠢᠶᠠᠷᠤᠭᠴᠢ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠪᠣᠳᠠᠲᠠᠢ ᠦᠨ᠎ᠡ ᠬᠠᠩᠰᠢ ᠶᠢᠨ ᠬᠢᠷᠢ ᠬᠡᠮᠵᠢᠶ᠎ᠡ ᠶᠢ ᠡᠵᠡᠨ ᠮᠡᠳᠡᠨ ᠲᠣᠭᠲᠠᠭᠠᠬᠤ ᠶᠢ ᠵᠥᠪᠰᠢᠶᠡᠷᠡᠵᠦ᠂ ᠪᠣᠳᠠᠲᠠᠢ ᠪᠠᠷ ᠬᠡᠷᠡᠭᠵᠢᠭᠦᠯᠬᠦ ᠦᠶ᠎ᠡ ᠳᠤ ᠤᠷᠢᠳᠴᠢᠯᠠᠨ 3 ᠰᠠᠷ᠎ᠠ ᠶᠢᠨ ᠡᠮᠦᠨ᠎ᠡ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃      ᠭᠤᠷᠪᠠ ᠳᠤ᠂ ᠵᠠᠰᠠᠭ ᠤᠨ ᠣᠷᠳᠣᠨ ᠤ ᠦᠨ᠎ᠡ ᠬᠠᠩᠰᠢ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠭᠦᠢᠴᠡᠳᠬᠡᠨ᠎ᠡ᠃ ᠵᠠᠰᠠᠭ ᠤᠨ ᠣᠷᠳᠣᠨ ᠠᠴᠠ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠲᠣᠭᠲᠠᠭᠠᠬᠤ ᠳᠤ ᠪᠠᠨ᠂ ᠦᠨ᠎ᠡ ᠬᠠᠩᠰᠢ ᠶᠢ ᠲᠣᠭᠲᠠᠭᠠᠬᠤ ᠥᠪᠡᠷ ᠤᠨ ᠥᠷᠲᠡᠭ ᠢ ᠬᠢᠨᠠᠨ ᠰᠢᠯᠭᠠᠬᠤ ᠪᠤᠶᠤ ᠥᠪᠡᠷ ᠤᠨ ᠥᠷᠲᠡᠭ ᠲᠤ ᠪᠠᠶᠢᠴᠠᠭᠠᠯᠲᠠ ᠬᠢᠬᠦ᠂ ᠨᠡᠶᠢᠭᠡᠮ ᠤᠨ ᠰᠠᠨᠠᠯ ᠢ ᠰᠣᠨᠣᠰᠬᠤ᠂ ᠬᠠᠤᠯᠢ ᠶᠣᠰᠣᠴᠢ ᠴᠢᠨᠠᠷ ᠢ ᠨᠢ ᠬᠢᠨᠠᠨ ᠪᠠᠶᠢᠴᠠᠭᠠᠬᠤ᠂ ᠨᠡᠶᠢᠲᠡ ᠪᠠᠷ ᠢᠶᠠᠨ ᠬᠢᠨᠠᠨ ᠵᠥᠪᠯᠡᠬᠦ᠂ ᠦᠨ᠎ᠡ ᠬᠠᠩᠰᠢ ᠶᠢᠨ ᠲᠣᠭᠲᠠᠭᠠᠯ ᠭᠠᠷᠭᠠᠬᠤ ᠶᠢᠨ ᠬᠠᠮᠲᠤ ᠴᠠᠭ ᠲᠤᠬᠠᠢ ᠳᠤ ᠨᠢ ᠨᠡᠶᠢᠭᠡᠮ ᠳᠤ ᠵᠠᠷᠯᠠᠨ ᠲᠤᠩᠬᠠᠭᠯᠠᠬᠤ ᠵᠡᠷᠭᠡ ᠳᠡᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠭᠠᠳᠠᠷ ᠣᠷᠣᠨ ᠤ ᠵᠢᠭᠤᠯᠴᠢᠳ ᠢᠶᠠᠷ ᠭᠤᠣᠯ ᠪᠣᠯᠭᠠᠭᠰᠠᠨ ᠦᠵᠡᠮᠵᠢ ᠶᠢᠨ ᠣᠷᠣᠨ ᠨᠢ᠂ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠬᠤ ᠪᠤᠶᠤ ᠦᠨ᠎ᠡ ᠬᠠᠩᠰᠢ ᠶᠢᠨ ᠭᠡᠷᠡᠴᠢᠯᠡᠯᠲᠡ ᠰᠣᠨᠣᠰᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠬᠡᠷᠡᠭᠲᠡᠢ᠃      ᠳᠥᠷᠪᠡ ᠳᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ᠎ᠠ᠃ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠭᠰᠠᠨ ᠤ ᠳᠠᠷᠠᠭ᠎ᠠ᠂ 3 ᠵᠢᠯ ᠪᠦᠷᠢ ᠨᠢᠭᠡ ᠤᠳᠠᠭ᠎ᠠ ᠦᠨᠡᠯᠡᠯᠲᠡ ᠵᠢᠱᠢᠯᠲᠡ ᠬᠢᠵᠦ᠂ ᠦᠵᠡᠮᠵᠢ ᠶᠢᠨ ᠣᠷᠣᠨ ᠤ ᠵᠢᠭᠤᠯᠴᠢᠳ ᠤᠨ ᠲᠤᠭ᠎ᠠ ᠬᠡᠮᠵᠢᠶᠡᠨ ᠤ ᠬᠤᠪᠢᠷᠠᠯᠲᠠ᠂ ᠠᠵᠢᠯᠯᠠᠭᠤᠯᠤᠨ ᠡᠵᠡᠩᠨᠡᠬᠦ ᠥᠪᠡᠷ ᠤᠨ ᠥᠷᠲᠡᠭ ᠤᠨ ᠬᠤᠪᠢᠷᠠᠯᠲᠠ᠂ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠵᠡᠷᠭᠡ ᠪᠠᠶᠢᠳᠠᠯ ᠵᠢᠴᠢ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠵᠦ᠂ ᠡᠭᠦᠳᠡᠨ ᠪᠢᠯᠧᠲ ᠤᠨ ᠦᠨ᠎ᠡ ᠬᠠᠩᠰᠢ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ᠃      ᠲᠠᠪᠤ ᠳᠤ᠂  ᠦᠵᠡᠮᠵᠢ ᠶᠢᠨ ᠣᠷᠣᠨ ᠤ ᠣᠷᠣᠯᠭ᠎ᠠ ᠵᠠᠷᠤᠯᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ  ᠃ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠣᠷᠣᠯᠭ᠎ᠠ ᠵᠢᠴᠢ ᠪᠤᠰᠤᠳ ᠡᠯ᠎ᠡ ᠲᠥᠷᠥᠯ ᠤᠨ ᠣᠷᠣᠯᠭ᠎ᠠ᠂ ᠵᠠᠷᠤᠯᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ  ᠂ ᠦᠵᠡᠮᠵᠢ ᠶᠢᠨ ᠣᠷᠣᠨ ᠤ ᠣᠷᠣᠯᠭ᠎ᠠ ᠶᠢ ᠭᠤᠣᠯᠳᠠᠭᠤ ᠦᠵᠡᠮᠵᠢ  ᠶᠢᠨ ᠣᠷᠣᠨ  ᠢ ᠠᠵᠢᠯᠯᠠᠭᠤᠯᠤᠨ ᠡᠵᠡᠩᠨᠡᠬᠦ ᠳᠤ ᠱᠠᠭᠠᠷᠳᠠᠬᠤ ᠵᠦᠢ ᠵᠣᠬᠢᠰᠲᠠᠢ ᠵᠠᠷᠤᠯᠭ᠎ᠠ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠢ  ᠃  ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ  ᠪᠠᠶᠢᠭᠠᠳ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ  ᠤ ᠠᠵᠢᠯᠯᠠᠭᠤᠯᠤᠨ ᠡᠵᠡᠩᠨᠡᠭᠰᠡᠨ  ᠲᠥᠯᠥᠪ ᠪᠠᠶᠢᠳᠠᠯ᠂ ᠣᠷᠣᠯᠭ᠎ᠠ  ᠵᠠᠷᠤᠯᠭ᠎ᠠ ᠶᠢᠨ ᠮᠡᠳᠡᠭᠡ ᠵᠠᠩᠭᠢ  ᠶᠢ ᠢᠯᠡ ᠪᠣᠯᠭᠠᠬᠤ ᠳᠦᠷᠢᠮ ᠢ ᠰᠦᠪᠡᠭᠴᠢᠯᠡᠨ ᠪᠠᠶᠢᠭᠤᠯᠤᠭᠤᠯᠵᠤ  ᠂ ᠦᠨ᠎ᠡ ᠬᠠᠩᠰᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠢᠯᠡ ᠲᠣᠳᠣ ᠪᠠᠶᠢᠬᠤ ᠬᠡᠮᠵᠢᠶ᠎ᠡ  ᠶᠢ ᠳᠡᠭᠡᠭᠰᠢᠯᠡᠭᠦᠯᠬᠦ ᠬᠡᠷᠡᠭᠲᠡᠢ᠃      ᠵᠢᠷᠭᠤᠭ᠎ᠠ ᠳᠤ᠂ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠦᠵᠡᠮᠵᠢ ᠶᠢᠨ ᠣᠷᠣᠨ ᠨᠢ ᠢᠯᠡ ᠲᠣᠳᠣ ᠦᠨ᠎ᠡ ᠬᠠᠩᠰᠢ ᠬᠠᠳᠠᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠰᠦᠯᠵᠢᠶ᠎ᠡ᠂ ᠰᠦᠢᠳᠬᠡᠯ ᠬᠤᠷᠢᠶᠠᠬᠤ ᠭᠠᠵᠠᠷ ᠲᠠᠯᠠᠪᠤᠷ ᠵᠡᠷᠭᠡ ᠶᠢᠨ ᠢᠶᠠᠨ ᠢᠯᠡ ᠲᠣᠳᠣ ᠪᠠᠶᠢᠷᠢᠨ ᠳᠤ ᠡᠭᠦᠳᠡᠨ ᠪᠢᠯᠧᠲ ᠤᠨ ᠦᠨ᠎ᠡ ᠬᠠᠩᠰᠢ ᠵᠢᠴᠢ ᠵᠤᠭᠠᠴᠠᠨ ᠦᠵᠡᠬᠦ ᠳᠤ ᠦᠢᠯᠡᠴᠢᠯᠡᠬᠦ ᠠᠭᠤᠯᠭ᠎ᠠ ᠪᠠᠨ ᠵᠠᠷᠯᠠᠨ ᠨᠡᠶᠢᠲᠡᠯᠡᠵᠦ᠂ ᠵᠢᠭᠤᠯᠴᠢᠳ ᠤᠨ ᠪᠠᠶᠢᠳᠠᠯ ᠢ ᠮᠡᠳᠡᠬᠦ ᠡᠷᠬᠡ ᠪᠠ ᠰᠣᠩᠭᠤᠯᠲᠠ ᠬᠢᠬᠦ ᠡᠷᠬᠡ ᠶᠢ ᠪᠠᠲᠤᠯᠠᠬᠤ ᠬᠡᠷᠡᠭᠲᠡᠢ᠃ ᠪᠣᠭᠤᠳᠠᠯᠯᠠᠨ ᠪᠣᠷᠣᠯᠠᠭᠤᠯᠬᠤ᠂ ᠦᠨ᠎ᠡ ᠠᠴᠠ ᠭᠠᠳᠠᠭᠤᠷ ᠦᠨ᠎ᠡ ᠨᠡᠮᠡᠬᠦ ᠪᠤᠶᠤ ᠪᠤᠰᠤᠳ ᠶᠠᠮᠠᠷᠪᠠ ᠰᠦᠢᠳᠬᠡᠯ ᠢ ᠠᠯᠪᠠᠳᠠᠯᠭ᠎ᠠ ᠪᠠᠷ ᠣᠷᠣᠯᠠᠨ ᠬᠤᠷᠢᠶᠠᠬᠤ ᠶᠢ ᠴᠠᠭᠠᠵᠠᠯᠠᠨ᠎ᠠ᠃      ᠳᠣᠯᠤᠭ᠎ᠠ ᠳᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠲᠤᠬᠠᠢ ᠬᠠᠤᠯᠢ ᠴᠠᠭᠠᠵᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠲᠤᠬᠠᠢ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠦᠵᠡᠮᠵᠢ ᠶᠢᠨ ᠣᠷᠣᠨ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠤ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠪᠣᠯᠭᠠᠵᠤ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ ᠣᠷᠣᠭᠤᠯᠵᠤ᠂ ᠢᠲᠡᠭᠡᠯ ᠠᠯᠳᠠᠭᠰᠠᠨ ᠠᠵᠢᠯᠯᠠᠭ᠎ᠠ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃      ᠠᠰᠠᠭᠤᠯᠲᠠ᠄ ᠡᠨᠡ ᠵᠢᠯ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠶᠢ ᠠᠬᠢᠭᠤᠯᠬᠤ ᠲᠠᠯ᠎ᠠ ᠪᠠᠷ ᠬᠡᠷᠬᠢᠨ ᠢᠯᠡᠳᠲᠡ ᠦᠷ᠎ᠡ ᠪᠦᠲᠦᠮᠵᠢ ᠣᠯᠬᠤ ᠪᠣᠢ︖      ᠬᠠᠷᠢᠭᠤᠯᠲᠠ᠄ ᠣᠳᠣᠬᠠᠨ ᠳᠤ᠂ ᠤᠯᠤᠰ ᠤᠨ ᠥᠮᠴᠢᠯᠡᠯᠲᠦ ᠬᠡᠰᠡᠭ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠬᠡᠳᠦ ᠥᠨᠳᠥᠷ ᠪᠠᠶᠢᠭ᠎ᠠ ᠶᠢᠨ ᠨᠢᠭᠡᠨ ᠴᠢᠬᠤᠯᠠ ᠰᠢᠯᠲᠠᠭᠠᠨ ᠪᠣᠯ ᠥᠪᠡᠷ ᠤᠨ ᠥᠷᠲᠡᠭ ᠤᠨ ᠪᠦᠷᠢᠯᠳᠦᠯ ᠨᠢ ᠵᠦᠢ ᠵᠣᠬᠢᠰ ᠦᠭᠡᠢ᠂ ᠵᠢᠷᠤᠮᠵᠢᠯ ᠦᠭᠡᠢ ᠠᠴᠠ ᠪᠣᠯᠵᠤ᠂ ᠵᠠᠷᠢᠮ ︽ᠢᠯᠡᠭᠦᠴᠡ ᠳᠠᠷᠤᠭᠠᠰᠤ︾᠎ ᠶᠢ ᠡᠭᠦᠷᠭᠡᠯᠡᠭᠰᠡᠨ ᠠᠴᠠ ᠪᠣᠯᠵᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠣᠪᠣᠶᠢᠮ᠎ᠠ ᠠᠰᠠᠭᠤᠳᠠᠯ ᠢ ᠣᠨᠢᠯᠠᠵᠤ᠂ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠢ ᠬᠢᠨᠠᠨ ᠰᠢᠯᠭᠠᠬᠤ ᠪᠤᠶᠤ ᠥᠪᠡᠷ ᠤᠨ ᠥᠷᠲᠡᠭ ᠲᠤ ᠪᠠᠶᠢᠴᠠᠭᠠᠯᠲᠠ ᠬᠢᠬᠦ᠂ ᠲᠣᠭᠲᠠᠭᠠᠯ ᠠᠴᠠ ᠵᠥᠷᠢᠴᠡᠭᠰᠡᠨ ᠵᠦᠢ ᠵᠣᠬᠢᠰ ᠦᠭᠡᠢ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠵᠠᠯᠠᠷᠠᠭᠤᠯᠬᠤ ᠪᠠᠷ ᠭᠠᠷᠳᠠᠴᠠ ᠪᠣᠯᠭᠠᠵᠤ᠂ ᠬᠠᠷᠢᠴᠠᠩᠭᠤᠢ ᠨᠡᠷ᠎ᠡ ᠠᠯᠳᠠᠷ ᠲᠠᠢ᠂ ᠨᠡᠶᠢᠭᠡᠮ ᠤᠨ ᠨᠥᠯᠥᠭᠡ ᠨᠡᠯᠢᠶᠡᠳ ᠶᠡᠬᠡᠲᠡᠢ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠢᠶᠠᠷ ᠭᠤᠣᠯᠳᠠᠯᠭ᠎ᠠ ᠪᠣᠯᠭᠠᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠨᠢᠭᠡ ᠳᠤ᠂ ᠭᠤᠣᠯᠳᠠᠭ᠎ᠠ ᠶᠢ ᠨᠢ ᠲᠣᠪᠣᠶᠢᠯᠭᠠᠬᠤ ᠬᠡᠷᠡᠭᠲᠡᠢ᠃ ᠤᠯᠤᠰ ᠤᠨ ᠳᠡᠰ ᠤᠨ ᠦᠵᠡᠮᠵᠢ ᠶᠢᠨ ᠨᠡᠷᠡᠲᠦ ᠣᠷᠣᠨ᠂ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ᠂ ᠤᠯᠤᠰ ᠤᠨ ᠴᠡᠴᠡᠷᠯᠢᠭ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠦᠲᠦᠭᠡᠨ ᠪᠠᠶᠢᠭᠤᠯᠤᠭᠰᠠᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢᠨ ᠵᠡᠷᠭᠡ ᠳᠡᠰ ᠢ 5A ᠳᠡᠰ ᠢᠶᠠᠷ ᠦᠨᠡᠯᠡᠨ ᠲᠣᠭᠲᠠᠭᠠᠭᠰᠠᠨ ᠮᠥᠷᠲᠡᠭᠡᠨ ᠣᠳᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠬᠢᠷᠢ ᠲᠦᠪᠰᠢᠨ ᠨᠢ ᠨᠡᠯᠢᠶᠡᠳ ᠥᠨᠳᠥᠷ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠡᠭᠦᠳᠡᠨ ᠪᠢᠯᠧᠲ ᠤᠨ ᠬᠡᠳᠦ ᠥᠨᠳᠥᠷ ᠦᠨ᠎ᠡ ᠬᠠᠩᠰᠢ ᠶᠢ ᠪᠠᠭᠤᠷᠠᠭᠤᠯᠬᠤ ᠶᠢᠨ ᠬᠠᠮᠲᠤ᠂ 4A ᠳᠡᠰ ᠵᠢᠴᠢ ᠲᠡᠭᠦᠨ ᠠᠴᠠ ᠳᠣᠭᠤᠭᠰᠢᠬᠢ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠦᠨ᠎ᠡ ᠬᠠᠩᠰᠢ ᠶᠢ ᠪᠠᠭᠤᠷᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠶᠠᠷ ᠲᠤ᠂ ᠵᠠᠩᠭᠢᠯᠠᠭ᠎ᠠ ᠶᠢ ᠨᠢ ᠠᠳᠬᠤᠬᠤ ᠬᠡᠷᠡᠭᠲᠡᠢ᠃ ᠡᠭᠦᠳᠡᠨ ᠪᠢᠯᠧᠲ ᠤᠨ ᠦᠨ᠎ᠡ ᠬᠠᠩᠰᠢ ᠶᠢᠨ ︽ᠢᠯᠡᠭᠦᠴᠡ ᠳᠠᠷᠤᠭᠠᠰᠤ︾ ᠬᠦᠨᠳᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠣᠷᠣᠨ ᠨᠤᠲᠤᠭ᠂ ᠦᠵᠡᠮᠵᠢ ᠶᠢᠨ ᠣᠷᠣᠨ ᠤ ᠲᠣᠭᠲᠠᠭᠠᠯ ᠠᠴᠠ ᠵᠥᠷᠢᠴᠡᠭᠰᠡᠨ ᠵᠦᠢ ᠵᠣᠬᠢᠰ ᠦᠭᠡᠢ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠢᠯᠭᠠᠷᠠᠭᠤᠯᠤᠨ ᠴᠡᠪᠡᠷᠯᠡᠵᠦ ᠵᠢᠷᠤᠮᠵᠢᠭᠤᠯᠬᠤ ᠡᠷᠴᠢᠮ ᠢ ᠴᠢᠩᠭᠠᠷᠠᠭᠤᠯᠬᠤ ᠨᠢ ᠡᠭᠦᠳᠡᠨ ᠪᠢᠯᠧᠲ ᠤᠨ ᠦᠨ᠎ᠡ ᠬᠠᠩᠰᠢ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠴᠢᠳᠠᠬᠤ ᠪᠠᠷ ᠪᠠᠷᠠᠬᠤ ᠦᠭᠡᠢ᠂ ᠦᠵᠡᠮᠵᠢ ᠶᠢᠨ ᠣᠷᠣᠨ ᠢ ᠬᠡᠪ ᠢᠶᠠᠷ ᠠᠵᠢᠯᠯᠠᠭᠤᠯᠤᠨ ᠡᠵᠡᠩᠨᠡᠬᠦ ᠶᠢ ᠪᠠᠲᠤᠯᠠᠵᠤ ᠴᠢᠳᠠᠨ᠎ᠠ᠃      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠢ ᠰᠢᠮᠳᠠᠭᠤᠯᠤᠨ ᠪᠣᠳᠠᠲᠠᠢ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠴᠠᠭ ᠤᠨ ᠵᠠᠩᠭᠢᠶᠠᠰᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠨᠡ ᠵᠢᠯ ᠤᠨ ︽ᠠᠷᠪᠠᠨ ᠰᠠᠷ᠎ᠠ ᠶᠢᠨ ᠨᠢᠭᠡᠨ︾᠎ ᠤ ᠰᠢᠵᠢᠷ ᠠᠯᠲᠠᠨ ᠭᠠᠷᠠᠭ ᠤᠨ ᠵᠢᠭᠤᠯᠴᠢᠯᠠᠯ ᠤᠨ ᠣᠷᠬᠢᠯ ᠦᠶ᠎ᠡ ᠬᠦᠷᠴᠦ ᠢᠷᠡᠬᠦ ᠠᠴᠠ ᠡᠮᠦᠨ᠎ᠡ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠨᠢᠭᠡ ᠪᠦᠯᠦᠭ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠬᠡᠳᠦ ᠥᠨᠳᠥᠷ ᠦᠨ᠎ᠡ ᠬᠠᠩᠰᠢ ᠶᠢ ᠦᠨᠡᠨ ᠬᠦ ᠪᠠᠭᠤᠷᠠᠭᠤᠯᠬᠤ ᠬᠡᠷᠡᠭᠲᠡᠢ᠃      ᠠᠰᠠᠭᠤᠯᠲᠠ᠄ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠦᠵᠡᠮᠵᠢ ᠶᠢᠨ ᠣᠷᠣᠨ ᠢ ᠠᠵᠢᠯᠯᠠᠭᠤᠯᠤᠨ ᠡᠵᠡᠩᠨᠡᠬᠦ ᠳᠤ ᠶᠠᠮᠠᠷ ᠨᠥᠯᠥᠭᠡ ᠦᠵᠡᠭᠦᠯᠬᠦ ᠪᠣᠢ︖      ᠬᠠᠷᠢᠭᠤᠯᠲᠠ᠄ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠶᠢ ᠠᠬᠢᠭᠤᠯᠬᠤ ᠪᠣᠯ ᠦᠵᠡᠮᠵᠢ ᠶᠢᠨ ᠣᠷᠣᠨ ᠢ ᠵᠦᠢ ᠵᠣᠬᠢᠰᠲᠠᠢ ᠠᠵᠢᠯᠯᠠᠭᠤᠯᠤᠨ ᠡᠵᠡᠩᠨᠡᠬᠦ ᠥᠪᠡᠷ ᠤᠨ ᠥᠷᠲᠡᠭ ᠢᠶᠠᠷ ᠰᠠᠭᠤᠷᠢ ᠪᠣᠯᠭᠠᠨ᠂ ᠦᠵᠡᠮᠵᠢ ᠶᠢᠨ ᠣᠷᠣᠨ ᠤ ᠳᠠᠭᠠᠭᠠᠨ ᠠᠴᠢᠶᠠᠯᠠᠵᠤ ᠪᠦᠬᠦᠢ ᠵᠠᠰᠠᠭ ᠤᠨ ᠣᠷᠳᠣᠨ ᠤ ᠵᠦᠢ ᠵᠣᠬᠢᠰ ᠦᠭᠡᠢ ᠰᠦᠢᠳᠬᠡᠯ ᠤᠨ ᠣᠷᠣᠯᠭ᠎ᠠ ᠵᠡᠷᠭᠡ ᠶᠢ ᠪᠠᠭᠲᠠᠭᠠᠭᠰᠠᠨ ︽ᠢᠯᠡᠭᠦᠴᠡ ᠳᠠᠷᠤᠭᠠᠰᠤ︾᠎ ᠶᠢ ᠭᠤᠣᠯᠳᠠᠯᠭ᠎ᠠ ᠲᠠᠢ ᠰᠠᠯᠭᠠᠵᠤ᠂ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠡᠭᠦᠳᠡᠨ ᠪᠢᠯᠧᠲ ᠤᠨ ᠦᠨ᠎ᠡ ᠬᠠᠩᠰᠢ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠶᠠᠪᠤᠳᠠᠯ ᠪᠣᠯᠣᠨ᠎ᠠ᠃ ᠡᠶᠢᠮᠦ ᠠᠴᠠ᠂ ᠡᠨᠡ ᠨᠢ ᠦᠵᠡᠮᠵᠢ ᠶᠢᠨ ᠣᠷᠣᠨ ᠤ ᠬᠡᠪ ᠢᠶᠠᠷ ᠠᠵᠢᠯᠯᠠᠭᠤᠯᠤᠨ ᠡᠵᠡᠩᠨᠡᠬᠦ ᠶᠢ ᠨᠥᠯᠥᠭᠡᠯᠡᠬᠦ ᠦᠭᠡᠢ ᠶᠤᠮ᠃ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢᠨ ᠪᠠᠭᠤᠷᠠᠬᠤ ᠪᠠ ᠵᠢᠭᠤᠯᠴᠢᠳ ᠤᠨ ᠲᠤᠭ᠎ᠠ ᠬᠡᠮᠵᠢᠶᠡᠨ ᠤ ᠨᠡᠮᠡᠭᠳᠡᠬᠦ ᠶᠢ ᠳᠠᠭᠠᠯᠳᠤᠨ ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠶᠡᠷᠦᠩᠬᠡᠢ ᠣᠷᠣᠯᠭ᠎ᠠ ᠨᠢ ᠯᠠᠪᠲᠠᠢ ᠪᠠᠭᠠᠰᠤᠨ᠎ᠠ ᠭᠡᠰᠡᠨ ᠤᠴᠢᠷ ᠪᠢᠰᠢ᠂ ᠬᠠᠷᠢᠨ ᠨᠡᠮᠡᠭᠳᠡᠬᠦ ᠪᠣᠯᠣᠯᠴᠠᠭ᠎ᠠ ᠲᠠᠢ ᠪᠠᠶᠢᠳᠠᠭ᠃ ᠡᠭᠦᠨ ᠤ ᠬᠠᠮᠲᠤ᠂ ᠦᠵᠡᠮᠵᠢ ᠶᠢᠨ ᠣᠷᠣᠨ ᠤ ᠡᠵᠡᠩᠨᠡᠨ ᠬᠠᠮᠢᠶᠠᠷᠤᠭᠴᠢᠳ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠢᠳᠡᠪᠬᠢᠲᠡᠢ ᠵᠣᠬᠢᠴᠠᠯᠳᠤᠨ᠂ ᠬᠥᠭᠵᠢᠯᠲᠡ ᠶᠢᠨ ᠰᠡᠳᠬᠢᠴᠡ ᠪᠠ ᠵᠠᠭᠪᠤᠷ ᠢᠶᠠᠨ ᠬᠤᠪᠢᠷᠠᠭᠤᠯᠵᠤ᠂ ᠡᠵᠡᠩᠨᠡᠵᠦ ᠬᠠᠮᠢᠶᠠᠷᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠢᠶᠠᠨ ᠪᠠᠶᠠᠯᠢᠭᠵᠢᠭᠤᠯᠵᠤ᠂ ᠦᠢᠯᠡᠴᠢᠯᠡᠭᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠨᠡᠩ ᠣᠯᠠᠨ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ ᠵᠢᠭᠤᠯᠴᠢᠳ ᠢ ᠲᠠᠲᠠᠵᠤ᠂ ᠡᠭᠦᠳᠡᠨ ᠪᠢᠯᠧᠲ ᠳᠤ ᠲᠦᠰᠢᠭᠯᠡᠬᠦ ᠶᠢ ᠠᠯᠬᠤᠮ ᠠᠯᠬᠤᠮ ᠢᠶᠠᠷ ᠪᠠᠭᠤᠷᠠᠭᠤᠯᠤᠨ᠂ ᠦᠵᠡᠮᠵᠢ ᠶᠢᠨ ᠣᠷᠣᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃      ᠠᠰᠠᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠪᠠᠲᠤᠯᠠᠬᠤ ᠪᠣᠢ︖      ᠬᠠᠷᠢᠭᠤᠯᠲᠠ᠄ ᠣᠳᠣᠬᠠᠨ ᠳᠤ᠂ ᠮᠠᠨ ᠤ ᠤᠯᠤᠰ ᠤᠨ ᠦᠵᠡᠮᠵᠢ ᠶᠢᠨ ᠣᠷᠣᠨ ᠪᠣᠯ ᠠᠵᠢᠯ ᠲᠥᠷᠥᠯ ᠢᠶᠠᠷ ᠵᠢᠯᠣᠭᠤᠳᠤᠭᠤᠯᠬᠤ᠂ ᠬᠠᠷᠢᠶᠠᠲᠤ ᠣᠷᠣᠨ ᠢᠶᠠᠷ ᠬᠠᠮᠢᠶᠠᠷᠤᠭᠤᠯᠬᠤ ᠶᠢ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠠᠶᠢᠭᠤᠯᠤᠭᠰᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠲᠣᠭᠲᠠᠭᠠᠬᠤ ᠡᠷᠬᠡ ᠨᠢ ᠣᠷᠣᠨ ᠨᠤᠲᠤᠭ ᠲᠤ ᠪᠠᠶᠢᠳᠠᠭ᠃ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠠᠵᠢᠯ ᠢ ᠭᠤᠣᠯᠳᠠᠭᠤ ᠡᠯ᠎ᠡ ᠭᠠᠵᠠᠷ ᠠᠴᠠ ᠬᠠᠷᠢᠭᠤᠴᠠᠨ ᠨᠠᠶᠢᠳᠠᠪᠤᠷᠢᠵᠢᠭᠤᠯᠵᠤ ᠪᠠᠶᠢᠨ᠎ᠠ᠃ ᠠᠵᠢᠯ ᠤᠨ ᠪᠣᠳᠠᠲᠤ ᠦᠷ᠎ᠡ ᠪᠦᠲᠦᠮᠵᠢ ᠶᠢ ᠣᠯᠬᠤ ᠶᠢ ᠪᠠᠲᠤᠯᠠᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠤᠨ ᠠᠵᠢᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠣᠳᠠᠲᠠᠢ ᠬᠡᠯᠡᠪᠡᠯ ᠳᠥᠷᠪᠡᠨ ᠲᠠᠯ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠨ᠎ᠠ᠃ ᠨᠢᠭᠡ ᠳᠤ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠭᠦᠷᠭᠡᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠮᠤᠵᠢ ᠶᠢᠨ ᠱᠠᠲᠤᠨ ᠤ ᠦᠨ᠎ᠡ ᠬᠠᠩᠰᠢ ᠶᠢ ᠭᠤᠣᠯᠴᠢᠯᠠᠨ ᠬᠠᠮᠢᠶᠠᠷᠬᠤ ᠡᠯ᠎ᠡ ᠰᠠᠯᠠᠭ᠎ᠠ ᠮᠥᠴᠢᠷ ᠤᠨ ᠬᠢᠨ ᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠤᠨ᠂ ᠬᠠᠷᠢᠭᠤᠴᠠᠬᠤ ᠬᠥᠮᠥᠨ ᠢ ᠲᠣᠳᠣᠷᠬᠠᠶᠢᠯᠠᠵᠤ᠂ ᠳᠡᠰ ᠳᠡᠰ ᠢᠶᠠᠷ ᠠᠳᠬᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃ ᠬᠤᠶᠠᠷ ᠲᠤ᠂ ᠡᠯ᠎ᠡ ᠭᠠᠵᠠᠷ ᠤᠨ ᠎ ᠬᠢᠨ ᠢ ᠬᠠᠮᠵᠢᠯᠴᠠᠨ ᠠᠵᠢᠯᠯᠠᠬᠤ ᠲᠣᠭᠲᠠᠴᠠ ᠪᠠᠶᠢᠭᠤᠯᠤᠨ᠂ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠢ ᠬᠢᠨᠠᠨ ᠰᠢᠯᠭᠠᠬᠤ ᠪᠤᠶᠤ ᠥᠪᠡᠷ ᠤᠨ ᠥᠷᠲᠡᠭ ᠲᠤ ᠪᠠᠶᠢᠴᠠᠭᠠᠯᠲᠠ ᠬᠢᠬᠦ ᠶᠢ ᠬᠢᠨᠠᠮᠠᠭᠠᠢ ᠥᠷᠨᠢᠭᠦᠯᠵᠦ᠂ ᠦᠨ᠎ᠡ ᠬᠠᠩᠰᠢ ᠶᠢ ᠪᠠᠭᠤᠷᠠᠭᠤᠯᠬᠤ ᠲᠥᠰᠥᠯ ᠢᠶᠠᠨ ᠰᠢᠨᠵᠢᠯᠡᠬᠦ ᠤᠬᠠᠭᠠᠨᠴᠢ ᠪᠠᠷ ᠰᠢᠨᠵᠢᠨ ᠪᠣᠳᠣᠬᠤ ᠪᠠ ᠲᠣᠭᠲᠠᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠪᠠᠷ ᠬᠤᠯᠪᠣᠭᠠᠯᠠᠨ ᠦᠢᠯᠡᠳᠦᠯᠴᠡᠬᠦ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠬᠠᠮᠲᠤᠷᠠᠯ ᠢ ᠰᠢᠯᠢᠳᠡᠭᠵᠢᠭᠦᠯᠵᠦ᠂ ᠯᠠᠪᠳᠠᠭᠤᠨ ᠢᠶᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠭᠤᠷᠪᠠ ᠳᠤ᠂ ᠡᠯ᠎ᠡ ᠭᠠᠵᠠᠷ ᠤᠨ ᠬᠢᠨ ᠢ ᠬᠢᠨᠠᠨ ᠪᠠᠶᠢᠴᠠᠭᠠᠵᠤ ᠦᠷ᠎ᠡ ᠪᠦᠲᠦᠮᠵᠢ ᠠᠰᠠᠭᠤᠨ ᠬᠡᠯᠡᠯᠴᠡᠬᠦ ᠪᠠᠨ ᠴᠢᠩᠭᠠᠳᠬᠠᠨ᠂ ᠠᠵᠢᠯ ᠤᠨ ᠠᠬᠢᠯᠲᠠ ᠶᠢᠨ ᠪᠠᠶᠢᠳᠠᠯ ᠢ ᠴᠠᠭ ᠲᠤᠬᠠᠢ ᠳᠤ ᠨᠢ ᠦᠨᠡᠯᠡᠨ ᠵᠢᠱᠢᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠨ᠂ ᠠᠵᠢᠯ ᠢᠶᠠᠨ ᠬᠠᠯᠠᠨ ᠰᠠᠶᠢᠵᠢᠷᠠᠭᠤᠯᠵᠤ᠂ ᠵᠢᠱᠢᠭᠰᠡᠨ ᠬᠠᠷᠠᠯᠲᠠ ᠪᠠᠨ ᠲᠡᠷᠡ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠤᠨ ᠠᠵᠢᠯ ᠤᠨ ᠠᠬᠢᠯᠲᠠ ᠶᠢᠨ ᠪᠠᠶᠢᠳᠠᠯ ᠢ ᠪᠦᠬᠦ ᠶᠠᠪᠤᠴᠠ ᠪᠠᠷ ᠮᠥᠷᠳᠡᠨ ᠪᠠᠶᠢᠴᠠᠭᠠᠵᠤ᠂ ᠵᠠᠷᠯᠢᠭ ᠪᠠᠶᠢᠭᠠᠳ ᠬᠡᠷᠡᠭᠵᠢᠭᠦᠯᠬᠦ ᠦᠭᠡᠢ᠂ ᠠᠬᠢᠯᠲᠠ ᠨᠢ ᠤᠳᠠᠭᠠᠨ ᠪᠠᠶᠢᠬᠤ ᠭᠠᠵᠠᠷ ᠣᠷᠣᠨ ᠳᠤ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠪᠠᠷ ᠵᠣᠬᠢᠶᠠᠨ ᠪᠠᠶᠢᠭᠤᠯᠤᠨ᠎ᠠ᠃ ᠳᠥᠷᠪᠡ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠲᠥᠷᠥ ᠶᠢᠨ ᠪᠣᠳᠣᠯᠭ᠎ᠠ ᠳᠤ ᠤᠬᠠᠭᠤᠯᠭ᠎ᠠ ᠲᠠᠶᠢᠯᠤᠮᠵᠢ ᠬᠢᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠶᠢᠭᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ ᠭᠡᠵᠦ ᠱᠠᠭᠠᠷᠳᠠᠵᠠᠢ᠃      ᠵᠢᠯᠣᠭᠤᠳᠬᠤ ᠰᠠᠨᠠᠯ ᠳᠤ᠂ ᠡᠯ᠎ᠡ ᠭᠠᠵᠠᠷ ᠣᠷᠣᠨ ᠤ ᠬᠢᠨ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠬᠡᠳᠦ ᠥᠨᠳᠥᠷ ᠦᠨ᠎ᠡ ᠬᠠᠩᠰᠢ ᠶᠢ ᠪᠠᠭᠤᠷᠠᠭᠤᠯᠬᠤ ᠳᠤ ᠪᠠᠨ ᠬᠦᠨᠳᠦ ᠠᠴᠠ ᠵᠠᠶᠢᠯᠠᠨ ᠬᠥᠩᠭᠡᠨ ᠢ ᠨᠢ ᠡᠷᠢᠵᠦ᠂ ᠬᠡᠯᠪᠡᠷᠢ ᠶᠢᠨ ᠲᠡᠳᠦᠢ ᠶᠠᠪᠤᠭᠳᠠᠭᠤᠯᠤᠨ᠂ ᠬᠠᠰᠢ ᠶᠠᠰᠢ ᠪᠠᠷ ᠠᠷᠭᠠᠴᠠᠭᠠᠵᠤ ᠪᠣᠯᠬᠤ ᠦᠭᠡᠢ︔ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠶᠢᠨ ᠬᠠᠮᠲᠤ᠂ ᠦᠵᠡᠮᠵᠢ ᠶᠢᠨ ᠣᠷᠣᠨ ᠤ ᠳᠣᠲᠣᠷᠠᠬᠢ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠵᠤᠭᠠᠴᠠᠨ ᠲᠣᠭᠤᠷᠢᠬᠤ ᠪᠤᠰᠤᠳ ᠦᠢᠯᠡᠴᠢᠯᠡᠭᠡ ᠶᠢᠨ ᠦᠨ᠎ᠡ ᠬᠠᠩᠰᠢ ᠶᠢ ᠥᠰᠬᠡᠵᠦ᠂ ᠬᠡᠯᠪᠡᠷᠢ ᠥᠭᠡᠷᠡᠲᠦᠭᠦᠯᠦᠨ ᠵᠢᠭᠤᠯᠴᠢᠳ ᠤᠨ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ ᠭᠡᠵᠦ ᠣᠨᠴᠠᠭᠠᠶᠢᠯᠠᠨ ᠴᠢᠬᠤᠯᠠᠴᠢᠯᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map