| | | | ᠰᠤᠷᠪᠤᠯᠵᠢᠯᠠᠭᠰᠠᠨ ᠴᠠᠭ᠄ 2018 ᠣᠨ ᠤ 6 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ | ᠬᠤᠶᠢᠨᠠᠬᠢ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | 6 ᠳ᠋ᠤᠭᠠᠷ ᠰᠠᠷ᠎ᠠ ᠶᠢᠨ 11 ᠤ ᠡᠳᠦᠷ ᠠᠴᠠ 17 ᠤ ᠡᠳᠦᠷ ᠪᠣᠯ ᠪᠦᠬᠦ ᠤᠯᠤᠰ ᠤᠨ ᠡᠨᠧᠷᠭᠢ ᠶᠢ ᠠᠷᠪᠢᠯᠠᠬᠤ | ᠤᠬᠠᠭᠤᠯᠭ᠎ᠠ ᠶᠢᠨ ᠭᠠᠷᠠᠭ ᠪᠠᠶᠢᠵᠤ᠂ 6 ᠳ᠋ᠤᠭᠠᠷ ᠰᠠᠷ᠎ᠠ ᠶᠢᠨ 13 ᠤ ᠡᠳᠦᠷ ᠪᠣᠯ ᠪᠦᠬᠦ ᠤᠯᠤᠰ ᠤᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠃ ᠡᠨᠡ ᠡᠳᠦᠷ ᠪᠢᠳᠡ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ ᠪᠣᠤ ᠳᠡᠳ᠋ ᠡᠷᠬᠢᠯᠡᠭᠴᠢ ᠶᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ | ᠣᠷᠣᠨ ᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠠᠮᠢᠶ᠎ᠠ ᠪᠦᠬᠦᠢ ᠬᠥᠳᠡᠯᠭᠡᠭᠡᠨ ᠤ ᠲᠤᠬᠠᠢ ᠣᠯᠠᠨ | ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠠᠴᠠ ᠡᠬᠢᠯᠡᠨ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ | ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢ ᠳᠠᠶᠢᠴᠢᠯᠠᠨ ᠨᠣᠮᠢᠨ ᠤᠰᠤ ᠬᠥᠬᠡᠮᠳᠦᠭ ᠠᠭᠤᠯᠠ ᠪᠣᠯ | ᠳᠠᠷᠤᠢ ᠠᠯᠲᠠ ᠮᠥᠩᠭᠦᠨ ᠠᠭᠤᠯᠠ ᠮᠥᠨ ᠭᠡᠳᠡᠭ ᠣᠨᠣᠯᠵᠢᠬᠤᠨ ᠢ ᠦᠢᠯᠡᠳᠦᠯᠭᠡᠵᠢᠭᠦᠯᠬᠦ ᠨᠢ ᠴᠢᠬᠤᠯᠠ ᠠᠴᠢ | ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ ᠪᠣᠤ ᠳᠡᠳ᠋ ᠡᠷᠬᠢᠯᠡᠭᠴᠢ ᠶᠢ ᠤᠷᠢᠵᠤ᠂ ᠮᠠᠨ ᠤ ᠣᠷᠣᠨ ᠤ ᠡᠨᠧᠷᠭᠢ ᠶᠢ | ᠠᠷᠪᠢᠯᠠᠬᠤ ᠤᠬᠠᠭᠤᠯᠭ᠎ᠠ ᠶᠢᠨ ᠭᠠᠷᠠᠭ ᠬᠢᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠬᠠᠮᠢᠶ᠎ᠠ | ᠪᠦᠬᠦᠢ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠣᠯᠠᠨ ᠲᠠᠢ ᠰᠦᠯᠵᠢᠶ᠎ᠡ ᠪᠠᠷ ᠬᠤᠪᠢᠶᠠᠯᠴᠠᠭᠤᠯᠬᠤ ᠪᠣᠯᠣᠯ᠎ᠠ᠃ | ᠸᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠸᠠᠩ ᠶᠢᠨ ᠪᠣᠤ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ | ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠳᠣᠬᠢᠶᠠᠯ ᠢ ᠠᠰᠢᠭᠯᠠᠨ᠂ ᠪᠢ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠭᠤᠷ ᠠᠮᠢᠰᠬᠤᠯ ᠤᠨ ᠬᠤᠪᠢᠷᠠᠯᠲᠠ ᠵᠢᠴᠢ | ᠡᠨᠧᠷᠭᠢ ᠶᠢ ᠠᠷᠪᠢᠯᠠᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠲᠤᠰᠬᠠᠢ ᠵᠦᠢᠯ ᠤᠨ ᠠᠵᠢᠯ ᠢ ᠵᠣᠬᠢᠴᠠᠭᠤᠯᠬᠤ | ᠠᠯᠪᠠᠨ ᠭᠡᠷ ᠤᠨ ᠡᠮᠦᠨ᠎ᠡ ᠠᠴᠠ᠂ ᠮᠠᠨ ᠤ ᠣᠷᠣᠨ ᠤ ᠡᠨᠧᠷᠭᠢ ᠶᠢ ᠠᠷᠪᠢᠯᠠᠨ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠬᠠᠷᠠᠭᠠᠯᠵᠠᠨ᠂ ᠡᠨᠡ ᠬᠦ ᠠᠵᠢᠯ ᠳᠤ ᠣᠷᠣᠯᠴᠠᠵᠤ᠂ ᠳᠡᠮᠵᠢᠭᠰᠡᠭᠡᠷ | ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ ᠲᠠ ᠡᠨᠡ ᠵᠢᠯ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠭᠤᠣᠯ ᠰᠡᠳᠦᠪ ᠨᠢ ᠶᠠᠭᠤ ᠪᠣᠯᠬᠤ ᠶᠢ ᠣᠯᠠᠨ ᠳᠤ | ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠲᠡᠭᠡᠶ᠎ᠡ᠂ ᠡᠨᠡ ᠵᠢᠯ ᠤᠨ ᠪᠦᠬᠦ ᠤᠯᠤᠰ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ | ᠬᠥᠳᠡᠯᠭᠡᠭᠡᠨ ᠤ ᠭᠤᠣᠯ ᠰᠡᠳᠦᠪ ᠪᠣᠯ ︽ᠡᠨᠧᠷᠭᠢ ᠶᠢ ᠠᠷᠪᠢᠯᠠᠨ ᠬᠤᠷᠣᠭᠳᠠᠯ ᠢ ᠪᠠᠭᠠᠰᠬᠠᠵᠤ᠂ ᠴᠡᠩᠬᠡᠷ | ᠣᠭᠲᠠᠷᠭᠤᠢ ᠶᠢ ᠬᠠᠮᠠᠭᠠᠯᠠᠶ᠎ᠠ︾ ᠪᠣᠯᠣᠨ᠎ᠠ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠡᠳᠦᠷ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠠᠭᠤᠷ ᠠᠮᠢᠰᠬᠤᠯ ᠤᠨ ᠬᠤᠪᠢᠷᠠᠯᠲᠠ ᠶᠢᠨ ᠦᠵᠡᠯ | ᠤᠬᠠᠮᠰᠠᠷ ᠢᠶᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭᠠᠨ ᠤ ᠡᠷᠴᠢᠮ ᠢᠶᠠᠨ | ᠴᠢᠩᠭᠠᠷᠠᠭᠤᠯᠤᠶ᠎ᠠ︾ ᠪᠣᠯᠣᠨ᠎ᠠ᠃ | ᠬᠥᠲᠥᠯᠥᠭᠴᠢ᠄ | ᠲᠡᠭᠡᠪᠡᠯ᠂ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ | ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠲᠤ ᠶᠠᠮᠠᠷ ᠶᠠᠮᠠᠷ ᠤᠬᠠᠭᠤᠯᠭ᠎ᠠ ᠶᠢᠨ ᠠᠵᠢᠯᠯᠠᠭ᠎ᠠ | ᠪᠠᠶᠢᠬᠤ ᠪᠣᠢ︖ | ᠸᠠᠩ ᠶᠢᠨ ᠪᠣᠤ᠄ | ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠬᠠᠮᠢᠶ᠎ᠠ | ᠪᠦᠬᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠡᠨᠧᠷᠭᠢ ᠶᠢ ᠠᠷᠪᠢᠯᠠᠬᠤ ᠦᠵᠡᠯ | ᠤᠬᠠᠮᠰᠠᠷ ᠪᠠ ᠡᠨᠧᠷᠭᠢ ᠶᠢ ᠠᠷᠪᠢᠯᠠᠬᠤ ᠠᠵᠢᠯᠯᠠᠭ᠎ᠠ ᠶᠢ ᠳᠡᠭᠡᠭᠰᠢᠯᠡᠭᠦᠯᠦᠨ᠂ ᠠᠮᠢ ᠠᠬᠤᠢ ᠶᠢᠨ ᠪᠣᠯᠪᠠᠰᠤᠨ ᠪᠠ ᠡᠬᠡ | ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠣᠷᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ | ᠠᠶᠢᠮᠠᠭ ᠬᠤᠲᠠ ᠶᠢᠨ ᠡᠯ᠎ᠡ ᠰᠠᠯᠠᠭ᠎ᠠ ᠮᠥᠴᠢᠷ ᠤᠳ ᠤᠬᠠᠭᠤᠯᠬᠤ ᠭᠤᠣᠯᠳᠠᠯᠭ᠎ᠠ ᠶᠢᠨ ᠲᠣᠭᠤᠷᠢᠨ ᠳᠤ᠂ ᠨᠡᠶᠢᠭᠡᠮ ᠤᠨ | ᠡᠯ᠎ᠡ ᠡᠲᠡᠭᠡᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠢᠳᠡᠪᠬᠢᠲᠡᠢ ᠣᠷᠣᠯᠴᠠᠭᠤᠯᠤᠨ᠂ ᠠᠮᠢ ᠠᠬᠤᠢ ᠶᠢᠨ | ᠪᠣᠯᠪᠠᠰᠤᠨ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠪᠠ ᠮᠡᠳᠡᠯᠭᠡ ᠶᠢ ᠲᠦᠭᠡᠮᠡᠯᠵᠢᠭᠦᠯᠵᠦ᠂ ᠡᠨᠧᠷᠭᠢ ᠶᠢ | ᠠᠷᠪᠢᠯᠠᠬᠤ ᠶᠢ ᠳᠡᠭᠡᠳᠦᠯᠡᠨ ᠡᠷᠬᠢᠮᠯᠡᠬᠦ᠂ ᠵᠦᠢ ᠵᠣᠬᠢᠰᠲᠠᠢ ᠬᠡᠷᠡᠭᠯᠡᠬᠦ ᠬᠢᠭᠡᠳ ᠪᠣᠬᠢᠷᠲᠤᠯ ᠦᠭᠡᠢ ᠣᠷᠴᠢᠨ | ᠲᠣᠭᠤᠷᠢᠨ ᠢ ᠬᠠᠮᠠᠭᠠᠯᠠᠬᠤ ᠨᠡᠶᠢᠭᠡᠮ ᠤᠨ ᠡᠷᠬᠢᠮ ᠰᠤᠷᠲᠠᠯ ᠢ ᠪᠦᠷᠢᠯᠳᠦᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠤᠬᠠᠭᠤᠯᠬᠤ ᠬᠡᠯᠪᠡᠷᠢ ᠶᠢᠨ ᠲᠠᠯ᠎ᠠ ᠪᠠᠷ᠂ | ᠪᠢᠳᠡ ᠲᠧᠯᠸᠢᠰ᠂ ᠷᠠᠳᠢᠣ᠋᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠤᠨ ᠳᠠᠪᠠᠭᠤᠯᠢᠭ ᠢ ᠠᠰᠢᠭᠯᠠᠬᠤ ᠶᠢᠨ | ᠬᠠᠮᠲᠤ᠂ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠢᠳᠡᠪᠬᠢᠲᠡᠢ | ᠬᠡᠷᠡᠭᠯᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠬᠠᠭᠤᠯᠬᠤ ᠠᠭᠤᠯᠭ᠎ᠠ ᠶᠢᠨ ᠲᠠᠯ᠎ᠠ ᠪᠠᠷ᠂ | ᠪᠢᠳᠡ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠢ | ᠮᠡᠷᠭᠡᠵᠢᠯ ᠤᠨ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ | ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠪᠦᠬᠦᠢ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ | ᠭᠠᠷᠠᠭ ᠤᠨ ᠬᠥᠳᠡᠯᠭᠡᠭᠡᠨ ᠢ ᠪᠡᠶ᠎ᠡ ᠪᠠᠨ ᠳᠠᠭᠠᠭᠠᠵᠤ ᠥᠷᠨᠢᠭᠦᠯᠦᠨ᠎ᠡ᠃ ᠵᠢᠱᠢᠶᠡᠯᠡᠪᠡᠯ᠂ ︽ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠠᠶᠢᠭᠤᠯᠬᠤ ᠳᠤ ᠪᠢ ᠪᠣᠯ ᠠᠵᠢᠯᠯᠠᠭᠠᠴᠢ ᠮᠥᠨ︾ ᠭᠡᠬᠦ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ᠂ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠨᠡᠶᠢᠭᠡᠮ ᠤᠨ ᠦᠢᠯᠡᠳᠦᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯᠯᠠᠭ᠎ᠠ᠂ ᠡᠨᠧᠷᠭᠢ ᠶᠢ ᠠᠷᠪᠢᠯᠠᠬᠤ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ | ᠠᠵᠢᠯᠯᠠᠭ᠎ᠠ᠂ ᠡᠨᠧᠷᠭᠢ ᠶᠢ ᠠᠷᠪᠢᠯᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠦᠭᠡᠢ ᠰᠤᠷᠭᠠᠭᠤᠯᠢ᠂ ᠠᠷᠪᠢᠴᠢ | ᠭᠠᠮᠲᠠᠢ ᠪᠠᠷ ᠶᠠᠪᠤᠵᠤ ᠰᠠᠭᠤᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠬᠤᠭᠤᠴᠠᠭᠠᠨ ᠳᠤ᠂ ᠭᠤᠣᠯᠳᠠᠭᠤ ︽ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠳᠤ ᠪᠢ ᠪᠣᠯ ᠠᠵᠢᠯᠯᠠᠭᠠᠴᠢ ᠮᠥᠨ︾ ᠭᠡᠬᠦ ᠭᠤᠣᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠂ ᠲᠦᠮᠡᠨ ᠣᠯᠠᠨ ᠢᠶᠠᠷ ᠢᠶᠠᠨ | ᠠᠷᠪᠢᠴᠢ ᠭᠠᠮᠲᠠᠢ ᠪᠦᠭᠡᠳ ᠬᠡᠮᠵᠢᠶ᠎ᠡ ᠵᠣᠬᠢᠰᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢᠲᠦ ᠠᠮᠢᠳᠤᠷᠠᠯ ᠤᠨ | ᠠᠷᠭ᠎ᠠ ᠬᠡᠯᠪᠡᠷᠢ ᠰᠣᠩᠭᠤᠬᠤ ᠶᠢ ᠰᠠᠨᠠᠭᠠᠴᠢᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ | ᠮᠡᠳᠡᠯᠭᠡ ᠶᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠣᠨᠣᠯᠵᠢᠬᠤᠨ ᠢ | ᠤᠬᠠᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢ ᠨᠡᠶᠢᠭᠡᠮ ᠲᠣᠭᠤᠷᠢᠭ ᠲᠤ | ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠤᠨ ᠬᠢᠨ ᠢ ᠳᠠᠶᠢᠴᠢᠯᠠᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠳᠤ ᠥᠷᠭᠡᠨ ᠳᠡᠯᠭᠡᠷ ᠣᠷᠣᠯᠴᠠᠭᠤᠯᠤᠨ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠪ ᠰᠤᠷᠲᠠᠯ ᠢ ᠬᠥᠮᠥᠵᠢᠭᠦᠯᠦᠨ ᠪᠣᠶᠢᠵᠢᠭᠤᠯᠬᠤ ᠪᠠᠷ | ᠬᠥᠲᠥᠯᠥᠨ ᠳᠠᠭᠠᠭᠤᠯᠤᠨ᠎ᠠ᠃ | ᠬᠥᠲᠥᠯᠥᠭᠴᠢ᠄ | ᠣᠶᠢᠷ᠎ᠠ ᠶᠢᠨ ᠵᠢᠯ ᠤᠳ ᠲᠤ ᠥᠷᠨᠢᠭᠦᠯᠦᠭᠰᠡᠨ ᠡᠨᠧᠷᠭᠢ ᠶᠢ ᠠᠷᠪᠢᠯᠠᠬᠤᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠤᠬᠠᠭᠤᠯᠭ᠎ᠠ ᠶᠢᠨ ᠬᠥᠳᠡᠯᠭᠡᠭᠡᠨ ᠤ ᠦᠷ᠎ᠡ ᠪᠦᠲᠦᠮᠵᠢ ᠨᠢ ᠶᠠᠮᠠᠷ ᠪᠣᠢ︖ | ᠸᠠᠩ ᠶᠢᠨ ᠪᠣᠤ᠄ | ᠲᠠᠨ ᠤ ᠠᠰᠠᠭᠤᠯᠲᠠ ᠮᠠᠰᠢ ᠵᠠᠩᠭᠢᠯᠠᠭ᠎ᠠ ᠶᠢᠨ ᠠᠰᠠᠭᠤᠯᠲᠠ ᠪᠠᠶᠢᠨ᠎ᠠ᠃ ᠣᠨᠣᠯᠵᠢᠬᠤᠨ ᠪᠣᠯ ᠠᠵᠢᠯᠯᠠᠭᠠᠨ ᠤ | ᠬᠤᠰᠢᠭᠤᠴᠢ ᠮᠥᠨ᠃ ᠡᠬᠢ ᠪᠠᠶᠠᠯᠢᠭ ᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠤᠯᠤᠰ ᠤᠨ | ᠦᠨᠳᠦᠰᠦᠨ ᠤᠯᠤᠰ ᠤᠨ ᠪᠣᠳᠣᠯᠭ᠎ᠠ ᠪᠠᠶᠢᠵᠤ᠂ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠪᠣᠯ ᠮᠠᠨ ᠤ | ᠤᠯᠤᠰ ᠤᠨ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠪᠢᠳᠡ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠲᠠᠪᠴᠠᠩ ᠢ ᠭᠦᠢᠴᠡᠳ ᠠᠰᠢᠭᠯᠠᠨ᠂ ᠠᠮᠢ ᠠᠬᠤᠢ ᠶᠢᠨ | ᠪᠣᠯᠪᠠᠰᠤᠨ ᠢ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ | ᠪᠦᠬᠦ ᠠᠷᠠᠳ ᠤᠨ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠵᠡᠯ ᠤᠬᠠᠮᠰᠠᠷ ᠢ | ᠳᠡᠭᠡᠭᠰᠢᠯᠡᠭᠦᠯᠬᠦ᠂ ᠪᠦᠬᠦ ᠠᠷᠠᠳ ᠤᠨ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠩ | ᠳᠠᠳᠬᠠᠯ ᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ | ᠠᠷᠪᠢᠴᠢ ᠭᠠᠮᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ ᠵᠠᠭᠪᠤᠷ ᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠠᠢ᠃ | ᠵᠢᠱᠢᠶᠡᠯᠡᠪᠡᠯ᠂ ᠨᠢᠳᠤᠨᠤᠨ ᠵᠢᠯ ᠪᠢᠳᠡ ᠰᠢᠨ ᠯᠠᠩ ᠥᠪᠥᠷ ᠮᠣᠩᠭᠤᠯ ᠲᠠᠢ ᠬᠠᠮᠲᠤᠷᠠᠨ ᠰᠢᠨ ᠯᠠᠩ ᠪᠢᠴᠢᠯ ᠪᠦᠷᠭᠡ ᠶᠢ | ᠠᠰᠢᠭᠯᠠᠵᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠡᠳᠦᠷ ᠤᠨ ᠰᠦᠯᠵᠢᠶᠡᠨ ᠳᠡᠭᠡᠷᠡᠬᠢ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠳᠤ᠂ | ᠰᠦᠯᠵᠢᠶᠡᠨ ᠤ ᠠᠨᠳᠠ ᠨᠠᠷ ᠤᠨ ᠠᠩᠬᠠᠷᠤᠨ ᠦᠵᠡᠭᠰᠡᠨ ᠨᠣᠷᠮ᠎ᠠ ᠨᠢ 3700 ᠭᠠᠷᠤᠢ ᠲᠦᠮᠡᠨ ᠬᠥᠮᠥᠨ | ᠤᠳᠠᠭ᠎ᠠ ᠳᠤ ᠬᠦᠷᠴᠦ᠂ ᠥᠷᠭᠡᠨ ᠣᠯᠠᠨ ᠠᠷᠠᠳ ᠲᠦᠮᠡᠨ ᠤ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠶᠠᠷᠢᠶᠠᠨ ᠤ ᠰᠡᠳᠦᠪ ᠤᠨ ᠲᠤᠬᠠᠢ ᠬᠠᠯᠠᠮᠰᠢᠯ ᠶᠠᠷᠢᠯᠴᠠᠭ᠎ᠠ ᠨᠢ ᠮᠠᠨ ᠤ ᠤᠷᠢᠳᠴᠢᠯᠠᠨ | ᠵᠢᠱᠢᠭᠰᠡᠨ ᠠᠴᠠ ᠳᠠᠪᠠᠭᠰᠠᠨ ᠶᠤᠮ᠃ ᠡᠭᠦᠨ ᠤ ᠬᠠᠮᠲᠤ᠂ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠠᠵᠤ | ᠠᠬᠤᠶᠢᠯᠠᠯ᠂ ᠠᠷᠠᠳ ᠣᠯᠠᠨ ᠤ ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠲᠤᠬᠠᠢ | ᠣᠶᠢᠯᠠᠭᠠᠯᠲᠠ ᠳᠤ ᠴᠤ ᠬᠤᠪᠢᠷᠠᠯᠲᠠ ᠭᠠᠷᠴᠠᠢ᠃ ᠵᠢᠱᠢᠶᠡᠯᠡᠪᠡᠯ᠂ ᠡᠨᠧᠷᠭᠢ ᠶᠢ ᠠᠷᠪᠢᠯᠠᠬᠤ ᠲᠤᠬᠠᠢ ᠳᠤᠷᠠᠳᠬᠤ ᠲᠠᠢ | ᠵᠡᠷᠭᠡ ᠴᠥᠭᠡᠨ ᠪᠤᠰᠤ ᠬᠥᠮᠥᠨ ︽ᠶᠠᠪᠤᠬᠤ ᠳᠤ ᠪᠠᠨ ᠳ᠋ᠧᠩ ᠢᠶᠠᠨ ᠤᠨᠲᠠᠷᠠᠭᠠᠬᠤ︾᠂ ︽ᠮᠥᠬᠦᠯᠢᠭ ᠠᠮᠤ ᠶᠢ ᠴᠤ | ᠬᠥᠮᠥᠷᠭᠡ ᠳᠤ ᠣᠷᠣᠭᠤᠯᠬᠤ︾᠂ ︽ᠰᠢᠨ᠎ᠡ ᠪᠠᠷ ᠭᠤᠷᠪᠠᠨ ᠵᠢᠯ ᠡᠮᠦᠰᠦᠨ᠂ ᠬᠠᠭᠤᠴᠢᠨ ᠢᠶᠠᠷ ᠭᠤᠷᠪᠠᠨ ᠵᠢᠯ | ᠡᠮᠦᠰᠴᠦ᠂ ᠨᠥᠬᠦᠵᠦ ᠪᠠᠶᠢᠭᠠᠳ ᠳᠠᠬᠢᠨ ᠭᠤᠷᠪᠠᠨ ᠵᠢᠯ ᠡᠮᠦᠰᠬᠦ︾ ᠭᠡᠬᠦ ᠮᠡᠲᠦ ᠶᠢᠨ ᠬᠥᠮᠥᠰ ᠲᠤ ᠲᠣᠪ ᠲᠣᠳᠣᠷᠬᠠᠢ | ᠴᠡᠭᠡᠵᠢᠯᠡᠭᠳᠡᠭᠰᠡᠭᠡᠷ ᠪᠠᠶᠢᠭ᠎ᠠ ᠤᠷᠢᠶ᠎ᠠ ᠶᠢ ᠬᠤᠯᠪᠣᠨ ᠪᠣᠳᠣᠵᠤ ᠣᠯᠳᠠᠭ᠃ ᠣᠳᠣᠬᠠᠨ ᠳᠤ᠂ ᠡᠨᠧᠷᠭᠢ ᠶᠢ ᠠᠷᠪᠢᠯᠠᠬᠤ | ᠠᠵᠢᠯ ᠨᠢ ᠠᠯᠢ ᠡᠷᠲᠡ ᠨᠢᠭᠡᠨᠲᠡ ᠥᠩᠭᠡᠷᠡᠭᠰᠡᠨ ᠤ ᠲᠡᠷᠡ ᠬᠦ ︽ᠡᠨᠧᠷᠭᠢ ᠶᠢ ᠠᠷᠪᠢᠯᠠᠨ ᠡᠨᠧᠷᠭᠢ ᠶᠢᠨ | ᠬᠤᠷᠣᠭᠳᠠᠯ ᠢ ᠪᠠᠭᠠᠰᠬᠠᠬᠤ︾ ᠳᠠᠩ ᠴᠤᠯᠭᠤᠢ ᠤᠬᠠᠭᠳᠠᠬᠤᠨ ᠪᠢᠰᠢ ᠪᠣᠯᠣᠭᠰᠠᠨ ᠢᠶᠠᠷ ᠪᠠᠷᠠᠬᠤ ᠦᠭᠡᠢ᠂ ᠵᠥᠪᠬᠡᠨ | ᠨᠢᠭᠡ ᠭᠷᠡᠳᠦ᠋ᠰ ᠴᠠᠬᠢᠯᠭᠠᠨ᠂ ᠨᠢᠭᠡ ᠳᠤᠰᠤᠯ ᠤᠰᠤ᠂ ᠨᠢᠭᠡ ᠵᠢᠩ ᠨᠡᠭᠦᠷᠡᠰᠦ ᠶᠢ ᠠᠷᠪᠢᠯᠠᠬᠤ ᠲᠡᠳᠦᠢ ᠶᠠᠪᠤᠳᠠᠯ ᠪᠢᠰᠢ | ᠪᠣᠯᠵᠤ᠂ ᠬᠠᠷᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠡᠷᠭᠢᠯᠳᠡᠳᠦ ᠠᠵᠤ ᠠᠬᠤᠢ ᠂ ᠪᠣᠬᠢᠷᠲᠤᠯ ᠢ | ᠵᠠᠰᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠦᠷᠭᠦᠯᠵᠢᠯᠡᠬᠦᠶᠢᠴᠡ ᠬᠥᠭᠵᠢᠯᠲᠡ ᠪᠠ ᠠᠮᠢ ᠠᠬᠤᠢ ᠶᠢᠨ | ᠪᠣᠯᠪᠠᠰᠤᠨ ᠲᠠᠢ ᠨᠢᠭᠲᠠ ᠤᠶᠠᠯᠳᠤᠭᠤᠯᠬᠤ ᠪᠣᠯᠪᠠ᠃ ᠤᠯᠠᠮᠵᠢᠯᠠᠯᠲᠤ ᠮᠠᠶ᠋ᠢᠭ ᠤᠨ ᠭᠤᠭᠤᠵᠢᠬᠤ ᠭᠡᠭᠡᠭᠳᠡᠬᠦ ᠶᠢ | ᠪᠥᠭᠯᠡᠬᠦ ᠪᠤᠶᠤ ᠮᠡᠷᠭᠡᠵᠢᠯ ᠤᠨ ᠲᠠᠯ᠎ᠠ ᠪᠠᠷ ᠬᠢ ᠵᠢᠵᠢᠭ ᠬᠤᠪᠢᠷᠠᠯᠲᠠ ᠵᠢᠵᠢᠭ ᠥᠭᠡᠷᠡᠴᠢᠯᠡᠯᠲᠡ ᠠᠴᠠ ᠭᠤᠣᠯᠳᠠᠭᠤ | ᠳᠠᠪᠰᠢᠩᠭᠤᠢ ᠮᠡᠷᠭᠡᠵᠢᠯ ᠪᠠ ᠲᠡᠷᠢᠭᠦᠨ ᠤ ᠲᠣᠨᠤᠭ ᠲᠥᠬᠦᠭᠡᠷᠦᠮᠵᠢ ᠳᠤ ᠲᠦᠰᠢᠭᠯᠡᠬᠦ ᠪᠣᠯᠭᠠᠨ ᠬᠤᠪᠢᠷᠠᠭᠤᠯᠵᠤ᠂ | ᠭᠠᠷᠭᠠᠭᠰᠠᠨ ᠨᠡᠶᠢᠭᠡᠮ ᠤᠨ ᠦᠷ᠎ᠡ ᠠᠰᠢᠭ᠂ ᠣᠷᠴᠢᠨ ᠲᠣᠭᠤᠷᠢᠨ ᠤ ᠦᠷ᠎ᠡ ᠠᠰᠢᠭ ᠪᠠ ᠠᠵᠤ ᠠᠬᠤᠢ ᠶᠢᠨ ᠦᠷ᠎ᠡ | ᠠᠰᠢᠭ ᠢ ᠨᠢ ᠥᠩᠭᠡᠷᠡᠭᠰᠡᠨ ᠳᠤ ᠲᠥᠰᠥᠭᠡᠯᠡᠬᠦ ᠶᠢᠨ ᠠᠷᠭ᠎ᠠ ᠦᠭᠡᠢ ᠪᠠᠶᠢᠵᠠᠢ᠃ ᠮᠢᠨᠤ ᠪᠣᠳᠣᠬᠤ ᠪᠠᠷ ᠡᠨᠡ ᠨᠢ ᠮᠥᠨ | ᠴᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ 28 ᠵᠢᠯ ᠤᠨ ᠲᠤᠷᠰᠢ ᠴᠤᠴᠠᠯᠲᠠ ᠦᠭᠡᠢ ᠪᠠᠷᠢᠮᠲᠠᠯᠠᠵᠤ | ᠡᠷᠬᠢᠯᠡᠭᠰᠡᠨ ᠰᠡᠳᠦᠪ ᠤᠨ ᠤᠳᠬ᠎ᠠ ᠠᠭᠤᠯᠭ᠎ᠠ ᠪᠣᠯᠣᠨ᠎ᠠ᠃ | ᠬᠥᠲᠥᠯᠥᠭᠴᠢ᠄ | ᠲᠡᠭᠡᠪᠡᠯ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ | ᠪᠠᠭᠠᠰᠬᠠᠬᠤ ᠠᠵᠢᠯ ᠤᠨ ᠪᠠᠶᠢᠳᠠᠯ ᠨᠢ ᠶᠠᠮᠠᠷ ᠪᠣᠢ︖ | ᠸᠠᠩ ᠶᠢᠨ ᠪᠣᠤ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠠᠮᠢ ᠠᠬᠤᠢ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠤᠨ᠂ ᠰᠢᠨ᠎ᠡ ᠶᠢ ᠡᠭᠦᠳᠬᠦ᠂ ᠵᠣᠬᠢᠴᠠᠩᠭᠤᠢ᠂ | ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠬᠦᠷᠲᠡᠬᠦ ᠲᠠᠪᠤᠨ ᠶᠡᠭᠡ ᠰᠢᠨ᠎ᠡ ᠬᠥᠭᠵᠢᠯᠲᠡ ᠶᠢᠨ | ᠣᠨᠣᠯᠵᠢᠬᠤᠨ ᠢ ᠳᠤᠷᠠᠳᠤᠨ ᠭᠠᠷᠭᠠᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠶᠡᠭᠡ | ᠬᠤᠷᠠᠯ ᠠᠴᠠ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ︽ᠬᠤᠶᠠᠷ ᠢ ᠬᠢᠵᠠᠭᠠᠷᠯᠠᠬᠤ︾ | ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ︽13 · 5︾ ᠶᠢᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠲᠥᠯᠥᠪᠵᠢᠭᠦᠯᠭᠡ᠂ ︽13 · 5︾ ᠶᠢᠨ ᠡᠨᠧᠷᠭᠢ ᠶᠢ ᠠᠷᠪᠢᠯᠠᠨ | ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠲᠥᠰᠥᠯ ᠢ ᠬᠡᠷᠡᠭᠵᠢᠭᠦᠯᠬᠦ ᠪᠠᠷ ᠳᠤᠷᠠᠳᠴᠤ᠂ 2020 ᠣᠨ ᠳᠤ | ᠪᠦᠬᠦ ᠣᠷᠣᠨ ᠤ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 2015 ᠣᠨ ᠤ ᠬᠢ ᠠᠴᠠ 14% ᠪᠠᠷ | ᠪᠠᠭᠤᠷᠠᠭᠤᠯᠤᠨ᠂ ᠨᠢᠭᠡᠴᠢ GDP ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | 17% ᠪᠠᠷ ᠪᠠᠭᠤᠷᠠᠭᠤᠯᠵᠤ᠂ 2020 ᠣᠨ ᠪᠣᠯᠲᠠᠯ᠎ᠠ ᠪᠦᠬᠦ ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠶᠢ 2.25 ᠳ᠋ᠦᠩᠰᠢᠭᠤᠷ ᠲᠣᠨ ᠪᠠᠷᠢᠮᠵᠢᠶᠠᠲᠤ ᠨᠡᠭᠦᠷᠡᠰᠦ ᠶᠢᠨ ᠳᠣᠲᠣᠷ᠎ᠠ ᠬᠢᠵᠠᠭᠠᠷᠯᠠᠨ᠎ᠠ ᠭᠡᠵᠦ | ᠲᠣᠳᠣᠷᠬᠠᠶᠢᠯᠠᠵᠠᠢ᠃ ︽13 · 5︾ ᠶᠢᠨ ᠲᠥᠯᠥᠪᠵᠢᠭᠦᠯᠭᠡ ᠶᠢᠨ ᠡᠬᠢᠨ ᠤ ᠬᠤᠶᠠᠷ ᠵᠢᠯ ᠳᠤ᠂ ᠮᠠᠨ ᠤ ᠣᠷᠣᠨ | ᠨᠢᠭᠡᠴᠢ GDP ᠶᠢᠨ ᠡᠨᠧᠷᠭᠢ ᠶᠢᠨ ᠬᠤᠷᠣᠭᠳᠠᠯ ᠪᠠᠨ ᠨᠡᠶᠢᠲᠡ 5.6% ᠪᠠᠷ ᠪᠠᠭᠤᠷᠠᠭᠤᠯᠤᠨ᠂ ᠡᠨᠧᠷᠭᠢ ᠶᠢᠨ | ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠪᠠᠨ 2017 ᠣᠨ ᠳᠤ 2.35% ᠪᠣᠯᠲᠠᠯ᠎ᠠ | ᠪᠠᠭᠤᠷᠠᠭᠤᠯᠵᠤ᠂ ᠡᠨᠡ ᠨᠢ 1100 ᠭᠠᠷᠤᠢ ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠭᠰᠠᠨ ᠲᠠᠢ | ᠲᠡᠩᠴᠡᠨ᠎ᠡ᠃ ᠣᠳᠣᠬᠠᠨ ᠳᠤ᠂ ᠪᠢᠳᠡ ᠶᠠᠭ ᠰᠠᠶᠢᠬᠠᠨ ︽13 · 5︾ ᠶᠢᠨ ᠡᠨᠧᠷᠭᠢ ᠶᠢᠨ ᠬᠤᠷᠣᠭᠳᠠᠯ ᠤᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠳᠤᠮᠳᠠᠴᠢ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠶᠠᠪᠤᠭᠤᠯᠵᠤ | ᠪᠠᠶᠢᠨ᠎ᠠ᠂ ᠦᠨᠡᠯᠡᠨ ᠵᠢᠱᠢᠬᠦ ᠠᠵᠢᠯ ᠤᠨ ᠪᠠᠶᠢᠳᠠᠯ ᠠᠴᠠ ᠠᠪᠴᠤ ᠦᠵᠡᠪᠡᠯ᠂ ︽ᠬᠤᠶᠠᠷ ᠢ ᠬᠢᠵᠠᠭᠠᠷᠯᠠᠬᠤ︾ | ᠬᠠᠷᠠᠯᠲᠠ ᠶᠢ ᠪᠡᠶᠡᠯᠡᠭᠦᠯᠬᠦ ᠡᠭᠦᠷᠭᠡ ᠶᠢᠨ ᠬᠦᠴᠢᠷ ᠪᠠ ᠳᠠᠷᠤᠯᠲᠠ ᠨᠢ ᠲᠤᠶᠢᠯ ᠤᠨ ᠶᠡᠭᠡ ᠪᠠᠶᠢᠨ᠎ᠠ᠃ ᠲᠡᠭᠦᠨ ᠤ | ᠭᠤᠣᠯ ᠰᠢᠯᠲᠠᠭᠠᠨ ᠨᠢ᠂ ᠨᠢᠭᠡ ᠳᠤ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠬᠦᠨᠳᠦ | ᠬᠡᠯᠪᠡᠷᠢᠵᠢᠭᠰᠡᠨ ᠪᠠ ᠡᠨᠧᠷᠭᠢ ᠶᠢᠨ ᠪᠦᠲᠦᠴᠡ ᠶᠢᠨ ᠨᠡᠭᠦᠷᠡᠰᠦᠲᠥᠷᠥᠭᠵᠢᠭᠰᠡᠨ ᠢᠶᠠᠷ ᠶᠡᠬᠡᠲᠠᠢ ᠣᠨᠴᠠᠯᠢᠭ᠂ ᠵᠢᠴᠢ | ᠤᠷᠲᠤ ᠬᠤᠭᠤᠴᠠᠭᠠᠨ ᠤ ᠲᠤᠷᠰᠢ ᠪᠦᠷᠢᠯᠳᠦᠭᠰᠡᠨ ᠠᠷᠭ᠎ᠠ ᠵᠠᠮ ᠳᠤ ᠲᠦᠰᠢᠭᠯᠡᠬᠦ ᠵᠡᠷᠭᠡ ᠠᠴᠠ ᠪᠣᠯᠵᠤ᠂ | ᠡᠨᠧᠷᠭᠢ ᠶᠢᠨ ᠬᠤᠷᠣᠭᠳᠠᠯ ᠤᠨ ᠬᠠᠳᠠᠭᠠᠯᠠᠭᠳᠠᠴᠠ ᠳᠤ ᠬᠠᠰᠤᠯᠲᠠ ᠬᠢᠬᠦ ᠠᠷᠭ᠎ᠠ ᠳᠤ ᠲᠣᠬᠢᠷᠠᠭᠤᠯᠤᠯᠲᠠ ᠬᠢᠬᠦ | ᠲᠠᠯ᠎ᠠ ᠪᠠᠷ ᠨᠢᠭᠡᠨ ᠶᠠᠪᠤᠴᠠ ᠶᠢ ᠱᠠᠭᠠᠷᠳᠠᠵᠤ ᠪᠠᠶᠢᠨ᠎ᠠ᠃ ᠬᠤᠶᠠᠷ ᠲᠤ᠂ ᠮᠠᠨ ᠤ ᠣᠷᠣᠨ ᠤ ᠠᠵᠤ ᠠᠬᠤᠢ ᠶᠢᠨ | ᠬᠥᠭᠵᠢᠯᠲᠡ ᠬᠤᠴᠣᠷᠤᠩᠭᠤᠢ ᠪᠠᠶᠢᠵᠤ ᠬᠤᠣᠰ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠮᠥᠨ | ᠬᠦᠴᠦᠯᠡᠴᠡ ᠲᠠᠢ ᠡᠨᠧᠷᠭᠢ ᠶᠢᠨ ᠲᠤᠯᠭᠠᠭᠤᠷᠢᠯᠠᠯ ᠢ ᠱᠠᠭᠠᠷᠳᠠᠵᠤ ᠪᠠᠶᠢᠨ᠎ᠠ᠃ ᠭᠤᠷᠪᠠ ᠳᠤ᠂ ︽11 · 5︾ ᠶᠢᠨ | ᠲᠥᠯᠥᠪᠵᠢᠭᠦᠯᠭᠡ ᠠᠴᠠ ᠨᠠᠭᠠᠰᠢ ᠦᠷᠭᠦᠯᠵᠢᠯᠡᠨ ᠡᠨᠧᠷᠭᠢ ᠶᠢ ᠠᠷᠪᠢᠯᠠᠬᠤ ᠪᠠᠷ ᠳᠠᠮᠵᠢᠵᠤ᠂ ᠡᠨᠧᠷᠭᠢ ᠶᠢ ᠠᠷᠪᠢᠯᠠᠨ | ᠳᠠᠯᠳᠠ ᠬᠦᠴᠦᠨ ᠢ ᠠᠭᠤᠳᠠᠯᠬᠤ ᠣᠷᠣᠨ ᠵᠠᠢ ᠨᠢ ᠢᠪᠴᠤᠷᠠᠪᠠ᠃ ᠶᠡᠷᠦᠩᠬᠡᠶᠢᠯᠡᠪᠡᠯ᠂ ᠮᠠᠨ ᠤ ᠣᠷᠣᠨ ᠤ ︽13 · | 5︾ ᠶᠢᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠢ | ᠪᠠᠶᠢᠵᠤ᠂ ᠪᠢᠳᠡᠨ ᠤ ᠴᠤᠴᠠᠯᠲᠠ ᠦᠭᠡᠢ ᠴᠢᠷᠮᠠᠶᠢᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠬᠦ ᠶᠢ | ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠱᠠᠭᠠᠷᠳᠠᠵᠤ | ᠪᠠᠶᠢᠨ᠎ᠠ᠃ | ᠬᠥᠲᠥᠯᠥᠭᠴᠢ᠄ | ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ | ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠪᠠᠶᠢᠭ᠎ᠠ ᠪᠣᠢ︖ | ᠸᠠᠩ ᠶᠢᠨ ᠪᠣᠤ᠄ | ︽13 · 5︾ ᠶᠢᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ | ᠲᠥᠯᠥᠪᠵᠢᠭᠦᠯᠭᠡ᠂ ︽13 · 5︾ ᠶᠢᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠤᠨ ᠲᠥᠰᠥᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ | ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠨᠢᠭᠡ ᠳᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠪᠠᠶᠢᠭᠤᠯᠤᠮᠵᠢ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ | ᠪᠠᠭᠠᠰᠬᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠᠨ | ᠴᠢᠩᠭᠠᠷᠠᠭᠤᠯᠤᠨ᠂ ︽13 · 5︾ ᠶᠢᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ | ᠬᠠᠷᠠᠯᠲᠠ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠡᠨᠧᠷᠭᠢ ᠶᠢᠨ ᠬᠤᠷᠣᠭᠳᠠᠯ ᠢ ᠡᠬᠢ | ᠢᠷᠡᠯᠲᠡ ᠠᠴᠠ ᠨᠢ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠨ᠂ ᠲᠥᠷᠥᠯ ᠵᠦᠢᠯ ᠤᠨ ᠡᠨᠧᠷᠭᠢ ᠶᠢ ᠠᠷᠪᠢᠯᠠᠬᠤ ᠶᠢ | ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ | ᠡᠨᠧᠷᠭᠢ ᠶᠢᠨ ᠬᠤᠷᠣᠭᠳᠠᠯ ᠢ ᠴᠢᠩᠭ᠎ᠠ ᠬᠢᠵᠠᠭᠠᠷᠯᠠᠵᠤ᠂ ᠵᠦᠢ ᠵᠣᠬᠢᠰ ᠦᠭᠡᠢ ᠡᠨᠧᠷᠭᠢ ᠶᠢᠨ ᠬᠤᠷᠣᠭᠳᠠᠯ ᠢ ᠬᠠᠰᠤᠨ | ᠪᠠᠭᠠᠰᠬᠠᠨ᠎ᠠ᠃ ᠭᠤᠷᠪᠠ ᠳᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ︽ᠵᠠᠭᠤ ᠮᠢᠩᠭ᠎ᠠ ᠲᠦᠮᠡ︾ | ᠶᠢᠨ ᠡᠨᠧᠷᠭᠢ ᠶᠢ ᠠᠷᠪᠢᠯᠠᠬᠤ ᠠᠵᠢᠯᠯᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠬᠦ᠂ ᠬᠤᠲᠠ ᠪᠠᠯᠭᠠᠰᠣᠵᠢᠯᠲᠠ ᠶᠢᠨ ᠡᠨᠧᠷᠭᠢ ᠶᠢ ᠠᠷᠪᠢᠯᠠᠬᠤ ᠥᠭᠡᠷᠡᠴᠢᠯᠡᠯᠲᠡ | ᠰᠠᠶᠢᠵᠢᠷᠠᠭᠤᠯᠤᠯᠲᠠ ᠬᠢᠬᠦ ᠵᠡᠷᠭᠡ ᠡᠨᠧᠷᠭᠢ ᠶᠢ ᠠᠷᠪᠢᠯᠠᠬᠤ ᠭᠤᠣᠯᠳᠠᠯᠭ᠎ᠠ ᠲᠠᠢ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠳᠥᠷᠪᠡ ᠳᠤ᠂ ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠴᠢᠬᠤᠯᠠ ᠲᠤᠰᠬᠠᠢ ᠵᠦᠢᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠪᠠ | ᠠᠵᠤ ᠠᠬᠤᠶᠢᠯᠠᠯ ᠳᠤ ᠨᠢᠭᠡᠴᠢ ᠪᠦᠲᠦᠭᠡᠭᠳᠡᠬᠦᠨ ᠤ ᠡᠨᠧᠷᠭᠢ ᠶᠢᠨ ᠬᠤᠷᠣᠭᠳᠠᠯ ᠤᠨ ᠲᠤᠭ᠎ᠠ ᠶᠢ ᠬᠢᠵᠠᠭᠠᠷᠯᠠᠬᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢ ᠬᠡᠷᠡᠭᠯᠡᠬᠦ ᠲᠠᠯ᠎ᠠ ᠪᠠᠷ | ᠬᠠᠤᠯᠢ ᠴᠠᠭᠠᠵᠠ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠨ᠎ᠡ᠃ ᠲᠠᠪᠤ ᠳᠤ᠂ | ᠬᠠᠷᠠᠯᠲᠠᠲᠤ ᠬᠠᠷᠢᠭᠤᠴᠠᠯᠭ᠎ᠠ ᠶᠢ ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠯ ᠤᠨ | ︽ᠬᠤᠶᠠᠷ ᠢ ᠬᠢᠵᠠᠭᠠᠷᠯᠠᠬᠤ︾ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠱᠠᠲᠤ ᠳᠠᠷᠠᠭᠠᠯᠠᠨ ᠡᠭᠦᠷᠭᠡ ᠳᠠᠷᠤᠭᠠᠰᠤ ᠶᠢ ᠳᠠᠮᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠡᠨᠧᠷᠭᠢ ᠶᠢ ᠠᠷᠪᠢᠯᠠᠨ | ᠬᠤᠷᠣᠭᠳᠠᠯ ᠢᠶᠠᠨ ᠪᠠᠭᠠᠰᠬᠠᠬᠤ ᠶᠢ ᠭᠡᠳᠡᠷᠭᠡᠨ ᠰᠢᠬᠠᠮᠳᠠᠭᠤᠯᠤᠨ᠎ᠠ᠃ | ᠬᠥᠲᠥᠯᠥᠭᠴᠢ᠄ | ᠸᠠᠩ ᠡᠷᠬᠢᠯᠡᠭᠴᠢ ᠠᠴᠠ ᠬᠠᠮᠤᠭ ᠤᠨ ᠰᠡᠭᠦᠯᠴᠢ ᠶᠢᠨ ᠨᠢᠭᠡ ᠠᠰᠠᠭᠤᠯᠲᠠ ᠶᠢ ᠠᠰᠠᠭᠤᠶ᠎ᠠ᠃ ᠡᠨᠧᠷᠭᠢ ᠶᠢ | ᠠᠷᠪᠢᠯᠠᠬᠤ ᠤᠬᠠᠭᠤᠯᠭ᠎ᠠ ᠶᠢᠨ ᠭᠠᠷᠠᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ | ᠠᠵᠢᠯᠯᠠᠭ᠎ᠠ ᠶᠢᠨ ᠲᠠᠰᠢᠷᠠᠮ ᠢᠶᠠᠷ ᠲᠠ ᠥᠷᠭᠡᠨ ᠣᠯᠠᠨ ᠠᠷᠠᠳ ᠲᠦᠮᠡᠨ ᠳᠤ ᠶᠠᠮᠠᠷ ᠬᠦᠰᠡᠯ ᠲᠠᠯᠪᠢᠵᠤ ᠪᠠ ᠶᠠᠮᠠᠷ | ᠰᠠᠨᠠᠭᠤᠯᠭ᠎ᠠ ᠳᠤᠷᠠᠳᠬᠤ ᠪᠠᠷ ᠪᠠᠶᠢᠭ᠎ᠠ ᠪᠣᠢ︖ | ᠸᠠᠩ ᠶᠢᠨ ᠪᠣᠤ᠄ | ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠨᠢ ᠬᠠᠮᠤᠭ ᠤᠨ ᠡᠴᠦᠰ ᠲᠤ ᠪᠠᠨ ᠡᠬᠢ ᠪᠠᠶᠠᠯᠢᠭ ᠢ | ᠬᠡᠲᠦᠷᠡᠲᠡᠯ᠎ᠡ ᠨᠡᠭᠡᠭᠡᠨ ᠬᠥᠭᠵᠢᠭᠦᠯᠬᠦ᠂ ᠪᠦᠳᠦᠭᠦᠯᠢᠭ ᠢᠶᠠᠷ ᠠᠰᠢᠭᠯᠠᠬᠤ᠂ ᠵᠦᠢ ᠵᠣᠬᠢᠰ ᠦᠭᠡᠢ ᠬᠡᠷᠡᠭᠯᠡᠬᠦ ᠠᠴᠠ | ᠪᠣᠯᠵᠤ ᠡᠭᠦᠰᠦᠭᠰᠡᠨ ᠶᠤᠮ᠃ ᠠᠷᠪᠢᠯᠠᠭᠰᠠᠨ ᠡᠨᠧᠷᠭᠢ ᠪᠣᠯ ᠳᠠᠷᠤᠢ ᠡᠳ᠋ ᠬᠥᠷᠥᠩᠭᠡ᠂ ᠬᠠᠰᠤᠨ ᠪᠠᠭᠠᠰᠬᠠᠭᠰᠠᠨ | ᠭᠠᠳᠠᠭᠰᠢᠯᠠᠭᠤᠯᠤᠯᠲᠠ ᠪᠣᠯ ᠳᠠᠷᠤᠢ ᠡᠬᠢ ᠪᠠᠶᠠᠯᠢᠭ ᠮᠥᠨ᠃ ᠡᠷᠬᠡᠪᠰᠢ ᠡᠬᠢ ᠪᠠᠶᠠᠯᠢᠭ ᠢ ᠨᠡᠭᠡᠭᠡᠨ ᠬᠥᠭᠵᠢᠭᠦᠯᠵᠦ | ᠠᠰᠢᠭᠯᠠᠬᠤ ᠶᠢ ᠠᠷᠪᠢᠵᠢᠭᠤᠯᠵᠤ ᠡᠷᠴᠢᠮᠵᠢᠭᠦᠯᠬᠦ ᠪᠠ ᠵᠦᠢ ᠵᠣᠬᠢᠰᠲᠠᠢ ᠬᠡᠷᠡᠭᠯᠡᠭᠡ ᠶᠢᠨ ᠠᠷᠭ᠎ᠠ ᠬᠡᠯᠪᠡᠷᠢ ᠶᠢ | ᠬᠥᠮᠥᠵᠢᠭᠦᠯᠦᠨ ᠪᠣᠶᠢᠵᠢᠭᠤᠯᠬᠤ ᠠᠴᠠ ᠭᠠᠷᠳᠠᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠭᠯᠠᠬᠤ᠂ | ᠬᠤᠷᠣᠭᠳᠠᠭᠤᠯᠤᠨ ᠬᠡᠷᠡᠭᠯᠡᠬᠦ ᠶᠢ ᠡᠬᠢ ᠢᠷᠡᠯᠲᠡ ᠠᠴᠠ ᠨᠢ ᠵᠠᠰᠠᠵᠤ᠂ ᠨᠡᠶᠢᠭᠡᠮ ᠤᠨ ᠦᠢᠯᠡᠳᠪᠦᠷᠢᠯᠡᠯ ᠤᠨ ᠠᠷᠭ᠎ᠠ | ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠦᠨᠡᠨ ᠬᠦ ᠬᠤᠪᠢᠷᠠᠭᠤᠯᠬᠤ ᠬᠡᠷᠡᠭᠲᠡᠢ᠃ ᠡᠨᠡ ᠬᠦ ᠴᠠᠭ | ᠮᠥᠴᠡ ᠳᠤ᠂ ᠪᠢ ᠥᠭᠡᠷᠡᠴᠢᠯᠡᠯᠲᠡ ᠨᠡᠭᠡᠭᠡᠯᠲᠡ ᠬᠢᠭᠰᠡᠨ ᠡᠬᠢᠨ ᠤ ᠬᠤᠭᠤᠴᠠᠭᠠᠨ ᠤ ᠴᠢᠩᠬᠤᠸᠠ ᠶᠡᠭᠡ | ᠰᠤᠷᠭᠠᠭᠤᠯᠢ ᠶᠢᠨ ᠰᠤᠷᠤᠭᠴᠢᠳ ᠤᠨ ᠭᠠᠷᠭᠠᠭᠰᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ | ᠡᠬᠢᠯᠡᠨ ᠬᠢᠵᠡᠭᠡᠶ᠎ᠡ ᠭᠡᠰᠡᠨ ᠬᠠᠩᠭᠢᠨᠠᠮ᠎ᠠ ᠤᠷᠢᠶᠠᠯᠠᠭ᠎ᠠ ᠶᠢ ᠰᠠᠨᠠᠵᠤ ᠣᠯᠪᠠ᠃ ᠪᠢᠳᠡ ᠳᠠᠶᠢᠴᠢᠯᠠᠨ ᠬᠥᠳᠡᠯᠦᠯᠴᠡᠵᠦ᠂ | ᠵᠢᠵᠢᠭ ᠰᠠᠵᠢᠭ ᠶᠠᠪᠤᠳᠠᠯ ᠠᠴᠠ ᠭᠠᠷᠳᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠥᠷᠭᠡᠨ ᠣᠯᠠᠨ ᠠᠷᠠᠳ | ᠲᠦᠮᠡᠨ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ ᠵᠠᠭᠪᠤᠷ ᠢ ᠦᠢᠯᠡᠳᠦᠯᠭᠡᠵᠢᠭᠦᠯᠵᠦ᠂ | ᠪᠦᠬᠦ ᠨᠡᠶᠢᠭᠡᠮ ᠢᠶᠠᠷ ᠢᠶᠠᠨ ᠡᠨᠧᠷᠭᠢ ᠶᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠬᠠᠮᠲᠤ ᠪᠠᠷ ᠪᠣᠢ ᠪᠣᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠲᠦᠷᠭᠡᠳᠬᠡᠨ | ᠪᠠᠶᠢᠭᠤᠯᠬᠤ ᠳᠤ ᠪᠠᠶᠢᠪᠠᠰᠤ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ᠃ | ᠬᠥᠲᠥᠯᠥᠭᠴᠢ᠄ | ᠸᠠᠩ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ᠃ |