ᠥᠪᠥᠷ ᠮᠣᠩᠭᠤᠯ ᠤᠨ 2018 ᠣᠨ ᠤ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠳᠥᠷᠪᠡᠨ ᠶᠡᠭᠡ ᠭᠢᠯᠠᠰ ᠴᠡᠭ
ᠨᠡᠶᠢᠲᠡᠯᠡᠭᠰᠡᠨ ᠴᠠᠭ᠄
2018/7/27
     ᠣᠯᠠᠨ ᠵᠢᠯ ᠤᠨ ᠲᠤᠷᠰᠢ᠂ ᠰᠤᠷᠤᠯᠭ᠎ᠠ ᠶᠢᠨ ᠨᠠᠮᠲᠠᠷ ᠢ ᠡᠷᠬᠢᠮᠯᠡᠬᠦ᠂ ᠬᠢᠷᠢ ᠭᠡᠮ ᠢ ᠬᠥᠭᠡᠭᠡᠴᠡᠯᠳᠦᠬᠦ᠂ ᠥᠭᠦᠯᠡᠯ ᠢ ᠴᠢᠬᠤᠯᠠᠴᠢᠯᠠᠬᠤ ᠵᠡᠷᠭᠡ ᠦᠵᠡᠭᠳᠡᠯ ᠨᠢ ᠮᠠᠰᠢ ᠣᠯᠠᠨ ᠬᠥᠮᠥᠨ ᠤ ᠮᠡᠷᠭᠡᠵᠢᠯ ᠤᠨ ᠴᠣᠯᠠ ᠶᠢᠨ ᠳᠡᠰ ᠳᠡᠪᠰᠢᠯᠲᠡ ᠶᠢᠨ ᠵᠠᠮ ᠢ ᠲᠤᠶᠢᠯ ᠤᠨ ᠬᠠᠲᠠᠭᠤ ᠪᠡᠷᠬᠡᠲᠡᠢ ᠪᠣᠯᠭᠠᠪᠠ᠃ 2017 ᠣᠨ ᠤ 9 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽2017 ᠣᠨ ᠤ ᠪᠦᠬᠦ ᠣᠷᠣᠨ ᠤ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢᠨ ᠠᠵᠢᠯ ᠢ ᠲᠣᠬᠢᠷᠠᠭᠤᠯᠬᠤ ᠰᠠᠨᠠᠯ︾᠎ ᠳᠤ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠳᠤ ᠨᠢᠭᠡᠳᠦᠯᠲᠡᠢ ᠱᠠᠭᠠᠷᠳᠠᠯᠭ᠎ᠠ ᠲᠠᠯᠪᠢᠬᠤ ᠦᠭᠡᠢ︔ ᠥᠭᠦᠯᠡᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠵᠡᠷᠭᠡ ᠨᠥᠬᠦᠴᠡᠯ ᠢ ᠵᠦᠢ ᠵᠣᠬᠢᠰᠲᠠᠢ ᠲᠣᠬᠢᠷᠠᠭᠤᠯᠤᠨ᠎ᠠ︔ ᠣᠯᠠᠨ ᠵᠦᠢᠯ ᠤᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠨ᠎ᠠ ᠭᠡᠬᠦ ᠮᠡᠲᠦ ᠪᠠᠷ ᠲᠣᠳᠣᠷᠬᠠᠶᠢᠯᠠᠵᠠᠢ᠃      ᠡᠨᠡ ᠵᠢᠯ ᠤᠨ 7 ᠳ᠋ᠤᠭᠠᠷ ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ︽2018 ᠣᠨ ᠤ ᠪᠦᠬᠦ ᠣᠷᠣᠨ ᠤ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢᠨ ᠠᠵᠢᠯ ᠢ ᠲᠣᠬᠢᠷᠠᠭᠤᠯᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠡᠯ᠎ᠡ ᠮᠡᠷᠭᠡᠵᠢᠯ ᠤᠨ ᠴᠣᠯᠠ ᠶᠢᠨ ᠰᠢᠷᠢᠰ ᠰᠢᠯᠭᠠᠷᠠᠭᠤᠯᠬᠤ ᠨᠥᠬᠦᠴᠡᠯ ᠳᠤ ᠦᠷᠭᠦᠯᠵᠢᠯᠡᠨ ᠵᠠᠰᠠᠪᠤᠷᠢ ᠣᠷᠣᠭᠤᠯᠵᠤ᠂ ᠣᠶᠢᠷ᠎ᠠ ᠶᠢᠨ ᠵᠢᠯ ᠤᠳ ᠤᠨ ᠣᠨᠴᠠᠭᠠᠶᠢᠯᠠᠨ 2017 ᠣᠨ ᠠᠴᠠ ᠨᠠᠭᠠᠰᠢᠬᠢ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠶᠠᠪᠤᠴᠠ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠲᠠᠢ ᠤᠶᠠᠯᠳᠤᠭᠤᠯᠤᠨ᠂ ᠦᠢᠯᠡᠳᠦᠯᠭᠡ ᠶᠢᠨ ᠳᠤᠮᠳᠠ ᠰᠢᠯᠭᠠᠷᠠᠭᠤᠯᠤᠯᠲᠠ ᠶᠢᠨ ᠨᠥᠬᠦᠴᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢᠨ ᠬᠠᠮᠲᠤ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ ᠬᠡᠷᠡᠭᠲᠡᠢ ᠭᠡᠵᠦ ᠲᠣᠳᠣᠷᠬᠠᠶᠢᠯᠠᠵᠠᠢ᠃ ᠲᠡᠭᠡᠪᠡᠯ ᠡᠨᠡ ᠵᠢᠯ ᠤᠨ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ ᠡᠨᠡ ᠲᠤᠬᠠᠢ ᠰᠤᠷᠪᠤᠯᠵᠢᠯᠠᠭᠴᠢ ᠠᠴᠠ ᠰᠤᠷᠪᠤᠯᠵᠢᠯᠠᠭ᠎ᠠ ᠬᠢᠵᠡᠢ᠃      ᠭᠢᠯᠠᠰ ᠴᠡᠭ ᠨᠢᠭᠡ᠄ ᠥᠭᠦᠯᠡᠯ ᠤᠨ ᠲᠤᠭ᠎ᠠ ᠬᠡᠮᠵᠢᠶᠡᠨ ᠤ ᠱᠠᠭᠠᠷᠳᠠᠯᠭ᠎ᠠ ᠶᠢ ᠰᠤᠯᠠᠷᠠᠭᠤᠯᠪᠠ      ︽ᠦᠷᠭᠦᠯᠵᠢᠯᠡᠨ ᠥᠭᠦᠯᠡᠯ ᠤᠨ ᠨᠥᠬᠦᠴᠡᠯ ᠲᠣᠬᠢᠷᠠᠭᠤᠯᠤᠭᠰᠠᠨ ᠰᠢᠷᠢᠰ ︵ᠲᠤᠰᠬᠠᠢ ᠮᠡᠷᠭᠡᠵᠢᠯ︶᠎ ᠨᠢ᠂ ᠲᠥᠯᠥᠭᠡᠯᠡᠭᠴᠢ ᠪᠦᠲᠦᠭᠡᠯ ᠤᠨ ᠳᠦᠷᠢᠮ ᠢ  ᠬᠡᠷᠡᠭᠵᠢᠭᠦᠯᠦᠨ᠂ ᠰᠤᠳᠤᠯᠭᠠᠨ ᠤ ᠦᠷ᠎ᠡ ᠪᠦᠲᠦᠭᠡᠯ᠂ ᠠᠵᠢᠯ ᠤᠨ ᠠᠮᠵᠢᠯᠲᠠ ᠶᠢᠨ ᠬᠤᠪᠢ ᠨᠡᠮᠡᠷᠢ ᠵᠢᠴᠢ ᠪᠦᠲᠦᠭᠡᠯ ᠢᠶᠠᠨ ᠵᠣᠬᠢᠶᠠᠨ ᠪᠦᠲᠦᠭᠡᠭᠰᠡᠨ ᠶᠠᠰᠤ ᠴᠢᠨᠠᠷ ᠢ ᠨᠢ ᠭᠤᠣᠯᠳᠠᠯᠭ᠎ᠠ ᠎ ᠲᠠᠢ ᠰᠢᠯᠭᠠᠨ ᠪᠠᠶᠢᠴᠠᠭᠠᠵᠤ  ᠂ ᠥᠭᠦᠯᠡᠯ ᠎ ᠤᠨ ᠲᠤᠭ᠎ᠠ ᠬᠡᠮᠵᠢᠶᠡᠨ ᠤ ᠱᠠᠭᠠᠷᠳᠠᠯᠭ᠎ᠠ ᠶᠢ ᠰᠤᠯᠠᠷᠠᠭᠤᠯᠪᠠ  ᠃ ᠲᠡᠭᠦᠨ ᠤ ᠬᠤᠯᠪᠣᠭᠳᠠᠬᠤ ᠬᠥᠮᠥᠰ ᠤᠨ ᠬᠡᠪᠴᠢᠶ᠎ᠡ ᠨᠢ  ᠄ ᠠᠶᠢᠮᠠᠭ ᠬᠤᠲᠠ ᠵᠢᠴᠢ ᠲᠡᠭᠦᠨ ᠠᠴᠠ ᠳᠡᠭᠡᠭᠰᠢᠬᠢ ᠨᠢᠭᠡᠴᠢ ᠳᠤ ᠠᠵᠢᠯᠯᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠳ ᠤᠨ ᠥᠪᠡᠷᠲᠡᠭᠡᠨ ᠵᠠᠰᠠᠬᠤ  ᠣᠷᠣᠨ ᠤ ᠶᠡᠭᠡ ᠳᠡᠭᠡᠳᠦ ᠰᠤᠷᠭᠠᠭᠤᠯᠢ᠂ ᠨᠠᠮ ᠤᠨ ᠰᠤᠷᠭᠠᠭᠤᠯᠢ᠂ ᠨᠡᠶᠢᠭᠡᠮ ᠤᠨ ᠰᠢᠨᠵᠢᠯᠡᠬᠦ ᠤᠬᠠᠭᠠᠨ  ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠶᠢᠨ ᠰᠢᠨᠵᠢᠯᠡᠬᠦ ᠤᠬᠠᠭᠠᠨ  ᠤ ᠰᠤᠳᠤᠯᠭᠠᠨ᠂ ᠨᠢᠭᠲᠠᠯᠠᠨ ᠪᠣᠳᠣᠭᠴᠢ᠂ ᠠᠵᠤ ᠠᠬᠤᠢ᠂ ᠲᠤᠭ᠎ᠠ ᠪᠦᠷᠢᠳᠬᠡᠯ᠂ ᠬᠢᠨᠠᠨ ᠪᠣᠳᠣᠯᠲᠠ  ᠂ ᠰᠣᠨᠢᠨ ᠮᠡᠳᠡᠭᠡᠯᠡᠯ᠂ ᠬᠡᠪᠯᠡᠯ᠂ ᠳᠠᠩᠰᠠ ᠡᠪᠬᠡᠮᠡᠯ᠂ ᠨᠣᠮ ᠪᠢᠴᠢᠭ᠂ ᠬᠠᠭᠤᠴᠢ ᠠᠵᠢᠯ ᠤᠨ ᠡᠩᠨᠡᠭᠡ ᠶᠢᠨ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠠᠴᠠ ᠳᠡᠭᠡᠭᠰᠢᠬᠢ᠂ ᠳᠡᠭᠡᠳᠦ ᠵᠡᠷᠭᠡ ᠶᠢᠨ ᠢᠨᠵᠧᠨᠧᠷ ᠤᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠨ᠎ᠠ᠃︾ ᠭᠡᠵᠦ ᠰᠢᠯᠭᠠᠷᠠᠭᠤᠯᠬᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ︽ᠰᠠᠨᠠᠯ︾᠎ ᠳᠤ ᠡᠨᠡ ᠮᠡᠲᠦ ᠪᠠᠷ ᠱᠠᠭᠠᠷᠳᠠᠪᠠ᠃      ᠡᠭᠦᠨ ᠤ ᠬᠠᠮᠲᠤ᠂ ︽ᠰᠠᠨᠠᠯ︾᠎ ᠳᠤ ᠪᠠᠰᠠ ᠥᠭᠦᠯᠡᠯ ᠢᠶᠠᠷ ᠳᠠᠬᠢᠵᠤ ᠬᠢᠵᠠᠭᠠᠷᠯᠠᠬᠤ ᠴᠢᠨᠠᠷᠲᠠᠢ ᠨᠥᠬᠦᠴᠡᠯ ᠪᠣᠯᠭᠠᠬᠤ ᠦᠭᠡᠢ ᠰᠢᠷᠢᠰ ︵ᠲᠤᠰᠬᠠᠢ ᠮᠡᠷᠭᠡᠵᠢᠯ︶᠎ ᠲᠤ ᠭᠤᠣᠯᠳᠠᠭᠤ ᠪᠣᠳᠠᠲᠠᠢ ᠠᠵᠢᠯ ᠤᠨ ᠠᠮᠵᠢᠯᠲᠠ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ ᠲᠤᠰᠬᠠᠢ ᠠᠰᠢᠭ ᠤᠨ ᠦᠷ᠎ᠡ ᠪᠦᠲᠦᠭᠡᠯ᠂ ᠲᠥᠷᠥᠯ ᠵᠦᠢᠯ ᠤᠨ ᠮᠡᠳᠡᠭᠦᠯᠦᠯᠲᠡ᠂ ᠠᠵᠢᠯ ᠤᠨ ᠳ᠋ᠦᠩᠨᠡᠯᠲᠡ᠂ ᠢᠨᠵᠧᠨᠧᠷᠢᠩ ᠤᠨ ᠲᠥᠰᠥᠯ᠂ ᠲᠥᠯᠥᠪᠯᠡᠭᠡ ᠶᠢᠨ ᠪᠢᠴᠢᠭ ᠮᠠᠲ᠋ᠧᠷᠢᠶᠠᠯ᠂ ᠺᠣᠰᠫᠧᠺᠲ᠂ ᠡᠪᠡᠳᠴᠢᠨ ᠤ ᠲᠡᠦᠬᠡ ᠵᠡᠷᠭᠡ ᠦᠷ᠎ᠡ ᠪᠦᠲᠦᠭᠡᠯ ᠢᠶᠠᠷ ᠥᠭᠦᠯᠡᠯ ᠢ ᠣᠷᠣᠯᠠᠭᠤᠯᠬᠤ ᠱᠠᠭᠠᠷᠳᠠᠯᠭ᠎ᠠ ᠶᠢ ᠬᠠᠶᠢᠨ ᠰᠦᠪᠡᠭᠴᠢᠯᠡᠬᠦ ᠬᠡᠷᠡᠭᠲᠡᠢ ᠭᠡᠵᠦ ᠲᠣᠳᠣᠷᠬᠠᠶᠢᠯᠠᠪᠠ᠃ ᠲᠡᠭᠦᠨ ᠤ ᠬᠤᠯᠪᠣᠭᠳᠠᠬᠤ ᠬᠥᠮᠥᠰ ᠤᠨ ᠬᠡᠪᠴᠢᠶ᠎ᠡ ᠨᠢ᠄ ᠳᠡᠭᠡᠷ᠎ᠡ ᠶᠠᠷᠢᠭᠰᠠᠨ ᠬᠥᠮᠥᠰ ᠤᠨ ᠬᠡᠪᠴᠢᠶ᠎ᠡ ᠠᠴᠠ ᠭᠠᠳᠠᠨᠠᠬᠢ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠵᠢᠴᠢ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ︔ ᠡᠯ᠎ᠡ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠠᠴᠠ ᠳᠣᠷᠣᠭᠰᠢᠬᠢ ᠮᠡᠷᠭᠡᠵᠢᠯ ᠤᠨ ᠴᠣᠯᠠ ᠶᠢᠨ ᠰᠢᠷᠢᠰ︔ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠲᠡᠭᠦᠨ ᠠᠴᠠ ᠳᠣᠷᠣᠭᠰᠢᠬᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠤ ᠠᠵᠢᠯᠯᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠣᠯᠣᠨ᠎ᠠ᠃      ᠰᠤᠷᠪᠤᠯᠵᠢᠯᠠᠬᠤ ᠶᠠᠪᠤᠴᠠ ᠳᠤ ᠰᠤᠷᠪᠤᠯᠵᠢᠯᠠᠭᠴᠢ ᠶᠢᠨ ᠣᠶᠢᠯᠭᠠᠭᠰᠠᠨ ᠢᠶᠠᠷ᠂ ᠮᠠᠨ ᠤ ᠣᠷᠣᠨ ᠤ ᠡᠨᠡ ᠵᠢᠯ ᠤᠨ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠳᠤ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠳᠤ ᠨᠢᠭᠡᠳᠦᠯᠲᠡᠢ ᠱᠠᠭᠠᠷᠳᠠᠯᠭ᠎ᠠ ᠲᠠᠯᠪᠢᠬᠤ ᠦᠭᠡᠢ ᠭᠡᠵᠦ ᠦᠷᠭᠦᠯᠵᠢᠯᠡᠨ ᠲᠣᠳᠣᠷᠬᠠᠶᠢᠯᠠᠪᠠ᠃ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠪᠠᠷ ᠶᠡᠷᠦ ᠳᠤ ᠪᠠᠨ ᠦᠨᠡᠯᠡᠯᠲᠡ ᠳᠤ ᠣᠷᠣᠯᠴᠠᠬᠤ ᠡᠷᠬᠡᠪᠰᠢ ᠪᠦᠷᠢᠯᠳᠦᠭᠦᠯᠬᠦ ᠨᠥᠬᠦᠴᠡᠯ ᠪᠣᠯᠭᠠᠬᠤ ᠦᠭᠡᠢ᠂ ᠬᠠᠷᠢᠨ ᠰᠢᠯᠭᠠᠷᠠᠭᠤᠯᠬᠤ ᠦᠶ᠎ᠡ ᠶᠢᠨ ᠯᠠᠪᠯᠠᠯᠲᠠ ᠪᠣᠯᠭᠠᠬᠤ ᠬᠦᠴᠦᠨ ᠵᠦᠢᠯ ᠪᠣᠯᠭᠠᠵᠤ ᠪᠣᠯᠣᠨ᠎ᠠ᠃ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠨᠢ ᠦᠨᠡᠨ ᠬᠦ ᠰᠢᠯᠭᠠᠨ ᠦᠨᠡᠯᠡᠬᠦ ᠴᠢᠬᠤᠯᠠᠲᠠᠢ ᠪᠣᠯ᠂ ᠬᠥᠮᠥᠨ ᠬᠡᠷᠡᠭᠯᠡᠬᠦ ᠨᠢᠭᠡᠴᠢ ᠪᠤᠶᠤ ᠰᠢᠯᠭᠠᠷᠠᠭᠤᠯᠬᠤ ᠪᠠᠶᠢᠭᠤᠯᠤᠮᠵᠢ ᠠᠴᠠ ᠡᠵᠡᠨ ᠮᠡᠳᠡᠵᠦ ᠲᠣᠭᠲᠠᠭᠠᠨ᠎ᠠ᠃      ᠭᠢᠯᠠᠰ ᠴᠡᠭ ᠬᠤᠶᠠᠷ᠄ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢ ᠳᠣᠷᠣᠭᠰᠢ ᠡᠯ᠎ᠡ ᠠᠶᠢᠮᠠᠭ ᠬᠤᠲᠠ ᠳᠤ ᠪᠠᠭᠤᠯᠭᠠᠪᠠ      ᠲᠤᠰ ᠤᠳᠠᠭᠠᠨ ᠤ ᠨᠡᠶᠢᠲᠡᠯᠡᠭᠰᠡᠨ ︽ᠰᠠᠨᠠᠯ︾᠎ ᠨᠢ ᠣᠯᠠᠨ ᠵᠦᠢᠯ ᠤᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠨ᠎ᠠ ᠭᠡᠵᠦ ᠲᠣᠳᠣᠷᠬᠠᠶᠢᠯᠠᠪᠠ᠃      ᠪᠣᠳᠠᠲᠠᠢ ᠪᠠᠷ ᠬᠡᠯᠡᠪᠡᠯ᠂ ᠡᠩ ᠲᠡᠷᠢᠭᠦᠨ ᠳᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢ ᠳᠣᠷᠣᠭᠰᠢ ᠪᠠᠭᠤᠯᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠭᠰᠢ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ ᠡᠷᠬᠡ ᠶᠢ ᠳᠣᠷᠣᠭᠰᠢ ᠡᠯ᠎ᠡ ᠠᠶᠢᠮᠠᠭ ᠬᠤᠲᠠ ︵ᠮᠠᠨᠵᠤᠤᠷ᠂ ᠡᠷᠢᠶᠡᠨ ᠬᠤᠲᠠ ᠶᠢ ᠪᠠᠭᠲᠠᠭᠠᠨ᠎ᠠ᠂ ᠳᠣᠷᠣᠭᠰᠢ ᠠᠳᠠᠯᠢ︶᠎ ᠳᠤ ᠪᠠᠭᠤᠯᠭᠠᠵᠤ᠂ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠎ ᠶᠢᠨ ᠲᠢᠩᠬᠢᠮ ᠤᠨ ᠵᠥᠪᠰᠢᠶᠡᠷᠡᠯ ᠦᠭᠡᠢ ᠪᠠᠷ  ᠥᠪᠡᠰᠦᠪᠡᠨ ᠪᠤᠰᠤᠳ ᠠᠶᠢᠮᠠᠭ ᠬᠤᠲᠠ ᠪᠤᠶᠤ  ᠳᠡᠭᠡᠳᠦ  ᠵᠡᠷᠭᠡ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ  ᠵᠥᠪᠯᠡᠯ ᠎ ᠤᠨ ᠬᠡᠷᠡᠭ ᠡᠷᠬᠢᠯᠡᠬᠦ ᠪᠠᠶᠢᠭᠤᠯᠤᠮᠵᠢ ᠳᠤ ᠨᠠᠶᠢᠳᠠᠵᠤ  ᠪᠠᠶᠢᠭᠠᠳ ᠣᠷᠣᠯᠠᠭᠤᠯᠤᠨ ᠦᠨᠡᠯᠡᠭᠦᠯᠵᠦ ᠪᠣᠯᠬᠤ ᠦᠭᠡᠢ᠃      ᠳᠡᠳ᠋ᠯᠡᠪᠡᠯ᠂ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠠᠵᠢᠯ ᠬᠢᠬᠦ ᠶᠢ ᠠᠬᠢᠭᠤᠯᠤᠨ᠎ᠠ᠃ 18 ᠰᠠᠭᠤᠷᠢ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠭᠰᠠᠨ ᠰᠠᠭᠤᠷᠢᠨ ᠳᠡᠭᠡᠷ᠎ᠡ᠂ ᠨᠥᠬᠦᠴᠡᠯ ᠪᠦᠷᠢᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠰᠢᠷᠢᠰ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢᠨ ᠬᠢᠵᠠᠭᠠᠷ ᠢ ᠨᠢ ᠡᠨᠡ ᠵᠢᠯ ᠦᠷᠭᠦᠯᠵᠢᠯᠡᠨ ᠳᠣᠷᠣᠭᠰᠢ ᠪᠠᠭᠤᠯᠭᠠᠨ᠎ᠠ︔ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠪᠠ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠷᠡᠭᠦᠯ ᠬᠠᠮᠠᠭᠠᠯᠠᠯ ᠤᠨ ᠰᠢᠷᠢᠰ ︵ᠡᠮ ᠤᠨ ᠤᠬᠠᠭᠠᠨ᠂ ᠬᠢᠲᠠᠳ ᠮᠣᠩᠭᠤᠯ ᠡᠮᠨᠡᠯᠭᠡ ᠶᠢᠨ ᠲᠤᠰᠬᠠᠢ ᠮᠡᠷᠭᠡᠵᠢᠯ ᠠᠴᠠ ᠭᠠᠳᠠᠨ᠎ᠠ︶ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢ ᠦᠷᠭᠦᠯᠵᠢᠯᠡᠨ ᠳᠣᠷᠣᠭᠰᠢ ᠪᠠᠭᠤᠯᠭᠠᠨ᠎ᠠ︔ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠪᠠ ᠤᠰᠤᠨ ᠬᠦᠴᠦᠨ ᠤ ᠴᠠᠬᠢᠯᠭᠠᠨ ᠤ ᠬᠠᠶᠢᠨ ᠰᠢᠨᠵᠢᠵᠦ ᠲᠥᠯᠥᠪᠯᠡᠬᠦ ᠬᠦᠷᠢᠶᠡᠯᠡᠩ ᠤᠨ ᠤᠰᠤᠨ ᠠᠰᠢᠭᠯᠠᠯᠲᠠ ᠶᠢᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠡᠷᠬᠡ ᠶᠢ ᠳᠣᠷᠣᠭᠰᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠡᠷᠬᠡ ᠶᠢ ᠳᠠᠬᠢᠵᠤ ᠣᠯᠭᠤᠬᠤ ᠦᠭᠡᠢ᠃ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠨᠥᠬᠦᠴᠡᠯ ᠢ ᠪᠦᠷᠢᠯᠳᠦᠭᠦᠯᠦᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠎ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠥᠪᠡᠷ ᠢᠶᠠᠨ ᠡᠵᠡᠨ ᠮᠡᠳᠡᠵᠦ ᠰᠢᠯᠭᠠᠷᠠᠭᠤᠯᠬᠤ ᠪᠠᠷ ᠭᠤᠶᠤᠴᠢᠯᠠᠵᠤ ᠪᠣᠯᠣᠨ᠎ᠠ᠃      ᠭᠤᠷᠪᠠᠳᠤᠭᠠᠷ ᠲᠤ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠵᠤ ᠪᠦᠷᠢᠳᠬᠡᠨ ᠳᠠᠩᠰᠠᠯᠠᠬᠤ ᠡᠷᠬᠡ ᠶᠢ ᠳᠣᠷᠣᠭᠰᠢ ᠪᠠᠭᠤᠯᠭᠠᠨ᠎ᠠ᠃ ᠡᠯ᠎ᠡ ᠠᠶᠢᠮᠠᠭ ᠬᠤᠲᠠ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠷᠬᠡ ᠶᠢ ᠵᠣᠬᠢᠶᠠᠨ ᠪᠠᠶᠢᠭᠤᠯᠬᠤ ᠨᠥᠬᠦᠴᠡᠯ ᠪᠦᠷᠢᠳᠦᠭᠦᠯᠦᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠬᠥᠮᠥᠨ ᠬᠡᠷᠡᠭᠯᠡᠬᠦ ᠨᠢᠭᠡᠴᠢ ᠳᠤ ᠠᠯᠬᠤᠮ ᠠᠯᠬᠤᠮ ᠢᠶᠠᠷ ᠳᠣᠷᠣᠭᠰᠢ ᠪᠠᠭᠤᠯᠭᠠᠵᠤ ᠪᠣᠯᠣᠨ᠎ᠠ᠃ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠤᠰ ᠭᠠᠵᠠᠷ ᠣᠷᠣᠨ ᠤ ᠪᠠᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠪᠦᠷᠢᠳᠬᠡᠨ ᠳᠠᠩᠰᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠡᠯ᠎ᠡ ᠵᠥᠪᠯᠡᠯ ᠠᠴᠠ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ᠤ ᠰᠢᠯᠭᠠᠷᠠᠭᠤᠯᠤᠯᠲᠠ ᠳᠤ ᠣᠷᠣᠯᠴᠠᠭᠰᠠᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠨ᠂ ᠣᠷᠣᠨ ᠤ ᠡᠯ᠎ᠡ ᠰᠢᠭᠤᠳ ᠬᠠᠷᠢᠶ᠎ᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠶ᠎ᠠ ᠨᠢᠭᠡᠴᠢ ᠶᠢᠨ ᠢᠶᠠᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠨ ᠬᠢᠨᠠᠵᠤ ᠨᠤᠲᠠᠯᠠᠬᠤ ᠶᠢᠨ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠨ᠎ᠠ᠃      ᠳᠥᠷᠪᠡᠳᠦᠭᠡᠷ ᠲᠤ᠂ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠨᠡᠶᠢᠭᠡᠮᠴᠢᠯᠡᠭᠰᠡᠨ ᠰᠢᠯᠭᠠᠷᠠᠭᠤᠯᠤᠯᠲᠠ ᠶᠢ ᠠᠬᠢᠭᠤᠯᠤᠨ᠎ᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠠᠷᠢᠶ᠎ᠠ ᠨᠡᠶᠢᠭᠡᠮᠯᠢᠭ ᠲᠤ ᠲᠦᠰᠢᠭᠯᠡᠨ᠂ ᠪᠦᠬᠦ ᠣᠷᠣᠨ ᠤ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠠᠵᠢᠯ ᠢ ᠰᠦᠪᠡᠭᠴᠢᠯᠡᠨ ᠥᠷᠨᠢᠭᠦᠯᠦᠨ᠎ᠡ ᠭᠡᠬᠦ ᠳᠥᠷᠪᠡᠨ ᠲᠠᠯ᠎ᠠ ᠶᠢ ᠪᠠᠭᠲᠠᠭᠠᠨ᠎ᠠ᠃      ᠭᠢᠯᠠᠰ ᠴᠡᠭ ᠭᠤᠷᠪᠠ᠄ ᠠᠵᠢᠯ ᠦᠢᠯᠡᠰ ᠤᠨ ᠨᠢᠭᠡᠴᠢ ᠶᠢᠨ ᠮᠡᠷᠭᠡᠵᠢᠯ ᠤᠨ ᠴᠣᠯᠠ ᠶᠢᠨ ᠲᠣᠭᠲᠠᠭᠠᠬᠤ ᠪᠠ ᠤᠷᠢᠬᠤ ᠶᠢ ᠪᠦᠲᠦᠮᠵᠢᠲᠡᠢ ᠵᠣᠯᠭᠠᠯᠳᠤᠭᠤᠯᠪᠠ      ᠠᠵᠢᠯ ᠦᠢᠯᠡᠰ ᠤᠨ ᠨᠢᠭᠡᠴᠢ ᠶᠢᠨ ᠮᠡᠷᠭᠡᠵᠢᠯ ᠤᠨ ᠴᠣᠯᠠ ᠶᠢᠨ ᠲᠣᠭᠲᠠᠭᠠᠬᠤ ᠪᠠ ᠤᠷᠢᠬᠤ ᠶᠢ ᠬᠡᠷᠬᠢᠨ ᠵᠣᠯᠭᠠᠯᠳᠤᠭᠤᠯᠬᠤ ᠠᠰᠠᠭᠤᠳᠠᠯ ᠳᠤ ᠴᠢᠭᠯᠡᠭᠦᠯᠦᠨ᠂ ︽ᠰᠠᠨᠠᠯ︾᠎ ᠳᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠥᠯᠥ ᠬᠡᠷᠡᠭᠵᠢᠭᠦᠯᠬᠦ ᠨᠢᠭᠡᠴᠢ ᠵᠢᠴᠢ ᠠᠵᠤ ᠠᠬᠤᠢ᠂ ᠨᠢᠭᠲᠠᠯᠠᠨ ᠪᠣᠳᠣᠭᠴᠢ᠂ ᠳᠠᠩᠰᠠ ᠡᠪᠬᠡᠮᠡᠯ᠂ ᠨᠣᠮ ᠪᠢᠴᠢᠭ᠂ ᠮᠣᠩᠭᠤᠯ ᠬᠡᠯᠡᠨ ᠤ ᠣᠷᠴᠢᠭᠤᠯᠭ᠎ᠠ᠂ ᠲᠤᠭ᠎ᠠ ᠪᠦᠷᠢᠳᠬᠡᠯ᠂ ᠬᠢᠨᠠᠨ ᠪᠣᠳᠣᠯᠲᠠ ᠵᠡᠷᠭᠡ ᠨᠡᠶᠢᠲᠡ ᠶᠢᠨ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠨᠡᠶᠢᠭᠡᠮ ᠤᠨ ᠡᠯ᠎ᠡ ᠵᠣᠬᠢᠶᠠᠨ ᠪᠠᠶᠢᠭᠤᠯᠤᠯᠲᠠ ᠳᠤ ᠥᠷᠭᠡᠨ ᠪᠠᠷ ᠲᠠᠷᠬᠠᠵᠤ ᠪᠠᠶᠢᠭ᠎ᠠ ᠮᠡᠷᠭᠡᠵᠢᠯ ᠤᠨ ᠴᠣᠯᠠ ᠶᠢᠨ ᠰᠢᠷᠢᠰ ᠪᠠ ᠰᠢᠨ᠎ᠡ ᠪᠠᠷ ᠬᠥᠭᠵᠢᠭᠰᠡᠨ ᠠᠵᠢᠯ ᠮᠡᠷᠭᠡᠵᠢᠯ ᠳᠤ ᠲᠣᠭᠲᠠᠭᠠᠬᠤ ᠪᠠ ᠤᠷᠢᠬᠤ ᠶᠢ ᠰᠠᠯᠭᠠᠨ ᠬᠡᠷᠡᠭᠵᠢᠭᠦᠯᠵᠦ ᠪᠣᠯᠣᠨ᠎ᠠ᠃      ᠡᠭᠦᠨ ᠤ ᠬᠠᠮᠲᠤ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠷᠳᠡᠮ ᠰᠢᠨᠵᠢᠯᠡᠭᠡᠨ ᠤ ᠮᠡᠷᠭᠡᠵᠢᠯ ᠤᠨ ᠬᠢᠷᠢ ᠲᠦᠪᠰᠢᠨ ᠬᠢᠭᠡᠳ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠨᠢ ᠨᠢᠭᠲᠠ ᠬᠤᠯᠪᠣᠭ᠎ᠠ ᠲᠠᠢ ᠠᠵᠢᠯ ᠦᠢᠯᠡᠰ ᠤᠨ ᠨᠢᠭᠡᠴᠢ ᠳᠤ ᠶᠡᠷᠦ ᠳᠤ ᠪᠠᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠣᠲᠣᠷ᠎ᠠ ᠮᠡᠷᠭᠡᠵᠢᠯ ᠤᠨ ᠴᠣᠯᠠ ᠶᠢᠨ ᠲᠣᠭᠲᠠᠭᠠᠨ ᠤᠷᠢᠬᠤ ᠶᠢ ᠥᠷᠨᠢᠭᠦᠯᠬᠦ ᠬᠡᠷᠡᠭᠲᠡᠢ᠃ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠬᠤ ᠠᠵᠢᠯ ᠢ ᠬᠠᠷᠭᠤᠭᠤᠯᠤᠨ ᠲᠣᠭᠲᠠᠭᠠᠭᠰᠠᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠣᠲᠣᠷ᠎ᠠ ᠴᠢᠩᠭ᠎ᠠ ᠶᠠᠪᠤᠭᠤᠯᠤᠨ᠎ᠠ︔ ᠪᠤᠰᠤᠳ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ ᠪᠠᠷ ᠭᠤᠶᠤᠴᠢᠯᠠᠨ ᠮᠡᠳᠡᠭᠦᠯᠬᠦ ᠳᠤ ᠵᠠᠷᠴᠢᠮ ᠳᠡᠭᠡᠷ᠎ᠡ ᠪᠠᠨ ᠲᠤᠰ ᠨᠢᠭᠡᠴᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠬᠤᠭᠤᠰᠤᠨ ᠠᠵᠢᠯ ᠤᠨ ᠪᠠᠶᠢᠷᠢ ᠶᠢᠨ ᠲᠤᠭ᠎ᠠ ᠶᠣᠰᠣᠭᠠᠷ ᠲᠠᠨᠢᠯᠴᠠᠭᠤᠯᠬᠤ ᠪᠠ ᠭᠤᠶᠤᠴᠢᠯᠠᠨ ᠮᠡᠳᠡᠭᠦᠯᠵᠦ᠂ ᠦᠨᠡᠨ ᠬᠦ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠶᠢ ᠳᠠᠪᠠᠭᠤᠯᠤᠨ ᠰᠢᠯᠭᠠᠷᠠᠭᠤᠯᠬᠤ ᠴᠢᠬᠤᠯᠠᠲᠠᠢ ᠪᠠᠶᠢᠪᠠᠯ᠂ ᠭᠤᠶᠤᠴᠢᠯᠠᠨ ᠮᠡᠳᠡᠭᠦᠯᠬᠦ ᠶᠡᠷᠦᠩᠬᠡᠢ ᠲᠤᠭ᠎ᠠ ᠶᠢ ᠨᠢᠭᠡᠨᠲᠡ ᠲᠣᠬᠢᠷᠠᠭᠤᠯᠤᠭᠰᠠᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢᠨ ᠲᠤᠭ᠎ᠠ ᠶᠢᠨ 5%᠎ ᠶᠢᠨ ᠳᠣᠲᠣᠷ᠎ᠠ ᠬᠢᠵᠠᠭᠠᠷᠯᠠᠨ᠎ᠠ᠃ ᠠᠶᠢᠮᠠᠭ ᠬᠤᠲᠠ ᠶᠢᠨ ᠭᠤᠶᠤᠴᠢᠯᠠᠨ ᠮᠡᠳᠡᠭᠦᠯᠬᠦ ᠬᠠᠷᠢᠴᠠᠯ ᠢ ᠬᠤᠰᠢᠭᠤ ᠰᠢᠶᠠᠨ ︵ᠬᠤᠲᠠ᠂ ᠲᠣᠭᠤᠷᠢᠭ︶᠎ ᠢᠶᠠᠷ ᠨᠢᠭᠡᠴᠢ ᠪᠣᠯᠭᠠᠵᠤ ᠨᠢᠭᠡᠳᠦᠯᠲᠡᠢ ᠪᠣᠳᠣᠯᠬᠢᠯᠠᠨ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠶᠤᠴᠢᠯᠠᠨ ᠮᠡᠳᠡᠭᠦᠯᠬᠦ ᠬᠠᠷᠢᠴᠠᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠨᠢᠭᠡᠴᠢ ᠪᠣᠯᠭᠠᠨ ᠪᠣᠳᠣᠯᠬᠢᠯᠠᠵᠤ᠂ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ ᠳᠤ ᠠᠶᠢᠮᠠᠭ ᠬᠤᠲᠠ᠂ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠠᠴᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠪᠣᠳᠠᠲᠤ ᠪᠠᠶᠢᠳᠠᠯ ᠢ ᠦᠨᠳᠦᠰᠦᠯᠡᠨ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠲᠣᠭᠲᠠᠭᠠᠯ ᠠᠴᠠ ᠵᠥᠷᠢᠴᠡᠨ ᠠᠵᠢᠯ ᠤᠨ ᠪᠠᠶᠢᠷᠢ ᠶᠢᠨ ᠬᠠᠷᠢᠴᠠᠯ ᠠᠴᠠ ᠬᠡᠲᠦᠷᠡᠭᠦᠯᠵᠦ ᠭᠤᠶᠤᠴᠢᠯᠠᠨ ᠮᠡᠳᠡᠭᠦᠯᠦᠭᠰᠡᠨ ᠭᠠᠵᠠᠷ ᠣᠷᠣᠨ ᠪᠠ ᠨᠢᠭᠡᠴᠢ ᠶᠢ ᠴᠢᠩᠭ᠎ᠠ ᠰᠢᠢᠳᠪᠦᠷᠢᠯᠡᠨ᠎ᠡ︔ ᠲᠣᠭᠲᠠᠭᠠᠯ ᠠᠴᠠ ᠭᠠᠳᠠᠭᠤᠷ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠰᠡᠨ ᠭᠤᠶᠤᠴᠢᠯᠠᠨ ᠮᠡᠳᠡᠭᠦᠯᠦᠭᠰᠡᠳ ᠨᠢ ᠠᠵᠢᠯ ᠤᠨ ᠪᠠᠶᠢᠷᠢ ᠶᠢᠨ ᠲᠤᠭ᠎ᠠ ︵ᠬᠠᠷᠢᠴᠠᠯ︶᠎ ᠶᠢᠨ ᠬᠢᠵᠠᠭᠠᠷᠯᠠᠯ ᠢ ᠬᠦᠯᠢᠶᠡᠬᠦ ᠦᠭᠡᠢ ᠪᠠᠷ ᠰᠢᠯᠭᠠᠷᠠᠭᠤᠯᠤᠯᠲᠠ ᠳᠤ ᠣᠷᠣᠯᠴᠠᠨ᠎ᠠ︔ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠤᠷᠢᠨ ᠬᠡᠷᠡᠭᠯᠡᠬᠦ ᠴᠠᠭ ᠲᠤ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ ᠲᠠᠯᠪᠢᠬᠤ ᠦᠭᠡᠢ︔ ︽ᠬᠠᠨᠳᠤᠯᠭ᠎ᠠ ᠲᠠᠢ ᠪᠠᠷ ᠦᠨᠡᠯᠡᠵᠦ᠂ ᠬᠠᠨᠳᠤᠯᠭ᠎ᠠ ᠲᠠᠢ ᠪᠠᠷ ᠬᠡᠷᠡᠭᠯᠡᠬᠦ︾ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ ᠪᠠᠷ ᠭᠤᠶᠤᠴᠢᠯᠠᠨ ᠮᠡᠳᠡᠭᠦᠯᠬᠦ ᠶᠠᠪᠤᠴᠠ ᠳᠤ᠂ ᠡᠯ᠎ᠡ ᠠᠶᠢᠮᠠᠭ ᠬᠤᠲᠠ ᠶᠢᠨ ᠬᠢᠨ ᠲᠤᠰ ᠭᠠᠵᠠᠷ ᠣᠷᠣᠨ ᠤ ᠪᠠᠨ ᠦᠨᠳᠦᠰᠦᠨ ᠱᠠᠲᠤᠨ ᠤ ᠠᠵᠢᠯ ᠤᠨ ᠪᠠᠶᠢᠷᠢ ᠲᠣᠬᠢᠷᠠᠭᠤᠯᠤᠭᠰᠠᠨ ᠪᠠ ᠤᠷᠢᠨ ᠲᠣᠮᠢᠯᠠᠭᠰᠠᠨ ᠪᠣᠳᠠᠲᠤ ᠪᠠᠶᠢᠳᠠᠯ ᠢ ᠦᠨᠳᠦᠰᠦᠯᠡᠵᠦ᠂ ᠭᠤᠶᠤᠴᠢᠯᠠᠨ ᠮᠡᠳᠡᠭᠦᠯᠦᠭᠰᠡᠨ ᠪᠠ ᠰᠢᠯᠭᠠᠷᠠᠭᠤᠯᠬᠤ ᠬᠥᠮᠥᠨ ᠤ ᠲᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠶᠢᠨ ᠬᠠᠮᠲᠤ ᠬᠢᠷᠢ ᠭᠡᠮ ᠣᠯᠣᠭᠰᠠᠨ ᠬᠥᠮᠥᠰ ᠤᠨ ᠤᠷᠢᠨ ᠲᠣᠮᠢᠯᠠᠬᠤ ᠠᠵᠢᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠢ᠃      ᠭᠢᠯᠠᠰ ᠴᠡᠭ ᠳᠥᠷᠪᠡ᠄ ᠦᠨᠳᠦᠰᠦᠨ ᠱᠠᠲᠤᠨ ᠳᠤ ᠪᠦᠬᠦᠯᠢ 30 ᠵᠢᠯ ᠠᠵᠢᠯᠯᠠᠭᠰᠠᠨ ᠪᠣᠯ ᠲᠣᠭᠲᠠᠭᠠᠯ ᠠᠴᠠ ᠭᠠᠳᠠᠭᠤᠷ ᠳᠡᠰ ᠳᠡᠪᠰᠢᠬᠦ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ      ︽ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠳᠣᠷᠣᠭᠰᠢᠬᠢ ᠭᠠᠵᠠᠷ ᠣᠷᠣᠨ ᠳᠤ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 30 ᠵᠢᠯ ᠪᠣᠯᠣᠭᠰᠠᠨ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠳ ᠰᠤᠷᠤᠯᠭ᠎ᠠ ᠶᠢᠨ ᠨᠠᠮᠲᠠᠷ ᠤᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ᠂ ᠠᠵᠢᠯ ᠤᠨ ᠠᠮᠵᠢᠯᠲᠠ ᠪᠠ ᠦᠷ᠎ᠡ ᠪᠦᠲᠦᠭᠡᠯ ᠵᠡᠷᠭᠡ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠣᠭᠲᠠᠭᠠᠯ ᠠᠴᠠ ᠭᠠᠳᠠᠭᠤᠷ ᠳᠡᠭᠡᠳᠦ ᠨᠢᠭᠡ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ᠃︾ ᠭᠡᠵᠦ ᠮᠠᠨ ᠤ ᠣᠷᠣᠨ ᠤ ᠡᠨᠡ ᠵᠢᠯ ᠤᠨ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠳᠤ ᠡᠨᠡ ᠮᠡᠲᠦ ᠪᠠᠷ ᠲᠣᠳᠣᠷᠬᠠᠶᠢᠯᠠᠪᠠ᠃      ᠡᠭᠦᠨ ᠤ ᠬᠠᠮᠲᠤ᠂ ︽ᠰᠠᠨᠠᠯ︾᠎ ᠳᠤ ᠪᠠᠰᠠ ᠴᠢᠬᠤᠯᠠ ᠰᠠᠭᠤᠷᠢ ᠰᠤᠳᠤᠯᠭᠠᠨ ᠪᠠ ᠤᠷᠢᠳᠤᠴᠢ ᠮᠡᠷᠭᠡᠵᠢᠯ ᠤᠨ ᠰᠢᠪᠲᠤᠯᠤᠯᠲᠠ ᠲᠠᠢ ᠪᠣᠯᠣᠭᠰᠠᠨ᠂ ᠴᠢᠬᠤᠯᠠ ᠢᠨᠵᠧᠨᠧᠷᠢᠩ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ᠂ ᠴᠢᠬᠤᠯᠠ ᠶᠡᠭᠡ ᠨᠡᠭᠡᠭᠡᠯᠲᠡ ᠡᠭᠦᠳᠦᠯᠲᠡ ᠬᠢᠭᠰᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠤ ᠢᠯᠡᠳᠲᠡ ᠦᠷ᠎ᠡ ᠪᠦᠲᠦᠮᠵᠢ ᠣᠯᠣᠭᠰᠠᠨ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤᠮᠳᠠ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠳ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠦᠨᠳᠦᠰᠦᠲᠡᠨ ᠤ ᠣᠨᠴᠠᠯᠢᠭᠲᠤ ᠴᠢᠳᠠᠪᠤᠷᠢᠲᠠᠳ ᠵᠢᠴᠢ ᠣᠷᠣᠭᠤᠯᠤᠨ ᠠᠪᠴᠢᠷᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠳ ᠪᠠ ᠪᠠᠴᠢᠮ ᠬᠡᠷᠡᠭᠴᠡᠭᠡᠨ ᠤ ᠳᠤᠲᠠᠭᠳᠠᠵᠤ ᠪᠠᠶᠢᠭ᠎ᠠ ᠴᠢᠳᠠᠪᠤᠷᠢᠲᠠᠳ ᠲᠤ ᠨᠢᠭᠡ ᠬᠡᠷᠡᠭ ᠨᠢᠭᠡ ᠰᠢᠭᠦᠮᠵᠢ᠂ ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠲᠣᠭᠲᠠᠭᠠᠬᠤ᠂ ᠣᠨᠴᠠᠭᠠᠢ ᠤᠴᠢᠷ ᠢ ᠣᠨᠴᠠᠯᠠᠨ ᠭᠦᠢᠴᠡᠳᠬᠡᠬᠦ ᠠᠷᠭ᠎ᠠ ᠬᠡᠯᠪᠡᠷᠢ ᠪᠠᠷ ᠰᠤᠷᠤᠯᠭ᠎ᠠ ᠶᠢᠨ ᠨᠠᠮᠲᠠᠷ᠂ ᠬᠢᠷᠢ ᠭᠡᠮ᠂ ᠨᠠᠰᠤᠨ ᠤ ᠬᠢᠵᠠᠭᠠᠷ ᠵᠡᠷᠭᠡ ᠨᠥᠬᠦᠴᠡᠯ ᠤᠨ ᠬᠢᠵᠠᠭᠠᠷ ᠢ ᠠᠭᠤᠵᠢᠭᠤ ᠲᠠᠯᠪᠢᠵᠤ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠨᠢᠭᠤᠷᠳᠠᠨ ᠰᠢᠯᠭᠠᠵᠤ ᠨᠣᠮ ᠬᠠᠶᠠᠯᠴᠠᠬᠤ᠂ ᠲᠤᠬᠠᠢ ᠶᠢᠨ ᠭᠠᠵᠠᠷ ᠲᠤ ᠨᠢ ᠰᠢᠯᠭᠠᠨ ᠬᠢᠨᠠᠬᠤ᠂ ᠦᠷ᠎ᠡ ᠪᠦᠲᠦᠭᠡᠯ ᠢ ᠨᠢ ᠬᠢᠨᠠᠨ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠣᠬᠢᠷᠠᠯᠴᠠᠭᠰᠠᠨ ᠮᠡᠷᠭᠡᠵᠢᠯ ᠤᠨ ᠴᠣᠯᠠ ᠶᠢ ᠲᠣᠭᠲᠠᠭᠠᠯ ᠠᠴᠠ ᠭᠠᠳᠠᠭᠤᠷ ᠨᠤᠲᠠᠯᠠᠨ ᠲᠣᠭᠲᠠᠭᠠᠵᠤ ᠪᠣᠯᠣᠨ᠎ᠠ᠃      ᠡᠭᠦᠨ ᠠᠴᠠ ᠭᠠᠳᠠᠨ᠎ᠠ᠂ ᠠᠯᠪᠠᠲᠠᠳ ᠠᠵᠤ ᠠᠬᠤᠶᠢᠯᠠᠯ ᠠᠵᠤ ᠦᠢᠯᠡᠰ ᠤᠨ ᠨᠢᠭᠡᠴᠢ ᠳᠤ ᠰᠢᠯᠵᠢᠨ ᠣᠷᠣᠵᠤ ᠠᠵᠢᠯᠯᠠᠭᠰᠠᠨ ᠤ ᠳᠠᠷᠠᠭ᠎ᠠ᠂ 5 ᠵᠢᠯ ᠤᠨ ᠳᠣᠲᠣᠷ᠎ᠠ ᠠᠩᠬ᠎ᠠ ᠤᠳᠠᠭ᠎ᠠ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠳᠤ ᠮᠡᠷᠭᠡᠵᠢᠯ ᠤᠨ ᠴᠣᠯᠠ ᠶᠢᠨ ᠲᠤᠰᠢᠶᠠᠯ ᠳᠤ ᠲᠣᠮᠢᠯᠠᠭᠳᠠᠬᠤ ᠬᠢᠷᠢ ᠭᠡᠮ ᠤᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ᠂ ᠠᠳᠠᠯᠢ ᠨᠥᠬᠦᠴᠡᠯ ᠤᠨ ᠬᠥᠮᠥᠰ ᠲᠠᠢ ᠬᠠᠷᠢᠴᠠᠭᠤᠯᠤᠨ ᠲᠣᠬᠢᠷᠠᠯᠴᠠᠭᠰᠠᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ᠃ ᠲᠡᠭᠦᠨ ᠤ ᠳᠣᠲᠣᠷ᠎ᠠ ᠰᠢᠯᠭᠠᠯᠲᠠ ᠦᠨᠡᠯᠡᠯᠲᠡ ᠶᠢ ᠤᠶᠠᠯᠳᠤᠭᠤᠯᠬᠤ ᠰᠢᠷᠢᠰ ᠨᠢ ᠱᠠᠭᠠᠷᠳᠠᠯᠭ᠎ᠠ ᠶᠣᠰᠣᠭᠠᠷ ᠰᠢᠯᠭᠠᠯᠲᠠ ᠳᠤ ᠣᠷᠣᠯᠴᠠᠬᠤ ᠴᠢᠬᠤᠯᠠᠲᠠᠢ ᠮᠥᠷᠲᠡᠭᠡᠨ ᠲᠣᠭᠲᠠᠭᠰᠠᠨ ᠬᠢᠷᠢ ᠲᠡᠩᠴᠡᠬᠦ ᠪᠠᠷᠢᠮᠵᠢᠶ᠎ᠠ ᠳᠤ ᠬᠦᠷᠪᠡᠯ ᠰᠠᠶ᠋ᠢ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ᠃ ᠰᠤᠮᠤ ᠰᠢᠶᠠᠩ ᠪᠠᠯᠭᠠᠰᠤ ᠶᠢᠨ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠪᠦᠬᠦᠯᠢ 2 ᠵᠢᠯ ᠠᠵᠢᠯᠯᠠᠭᠰᠠᠨ ᠵᠢᠩᠬᠢᠨᠢ ᠠᠩᠭᠢ ᠠᠴᠠ ᠲᠡᠭᠦᠰᠦᠭᠴᠢᠳ ᠪᠠ ᠪᠦᠬᠦᠯᠢ 4 ᠵᠢᠯ ᠠᠵᠢᠯᠯᠠᠭᠰᠠᠨ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠴᠢᠳ ᠰᠢᠯᠭᠠᠯᠲᠠ ᠬᠢᠨᠠᠯᠲᠠ ᠪᠠᠷ ᠳᠠᠮᠵᠢᠨ ᠬᠢᠷᠢ ᠲᠡᠩᠴᠡᠪᠡᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠰᠢᠭᠤᠳ ᠣᠷᠣᠯᠴᠠᠵᠤ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map