︽ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018/7/5
     2018 ᠣᠨ ᠤ 6 ᠳ᠋ᠤᠭᠠᠷ ᠰᠠᠷ᠎ᠠ ᠶᠢᠨ 7᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 38 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠬᠡᠷᠡᠭᠵᠢᠭᠦᠯᠬᠦ ᠰᠠᠨᠠᠯ︾᠎ ᠤᠨ ᠲᠤᠬᠠᠢ ᠲᠠᠶᠢᠯᠤᠮᠵᠢ ᠬᠢᠵᠡᠢ᠃      ᠨᠢᠭᠡ ᠳᠤ᠂ ︽ᠬᠡᠷᠡᠭᠵᠢᠭᠦᠯᠬᠦ ᠰᠠᠨᠠᠯ︾᠎ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ      ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠨᠢ ᠲᠠᠰᠤᠷᠠᠯᠲᠠ ᠦᠭᠡᠢ ᠭᠦᠨᠵᠡᠭᠡᠶᠢᠷᠡᠵᠦ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠢᠶᠠᠷ ᠬᠥᠭᠵᠢᠬᠦ ᠶᠢ ᠠᠬᠢᠭᠤᠯᠪᠠ᠃ ︽12 · 5︾᠎ ᠠᠴᠠ ᠨᠠᠭᠠᠰᠢ᠂ ᠮᠠᠨ ᠤ ᠣᠷᠣᠨ ᠤ ᠰᠢᠤᠳᠠᠨ ᠤ ᠦᠢᠯᠡᠰ ᠦᠷᠭᠦᠯᠵᠢᠯᠡᠨ ᠲᠦᠷᠭᠡᠨ ᠢᠶᠠᠷ ᠬᠥᠭᠵᠢᠵᠦ᠂ ᠵᠢᠯ ᠤᠨ ᠳᠤᠮᠳᠠᠴᠢ ᠥᠰᠦᠯᠲᠡ ᠶᠢᠨ ᠨᠣᠷᠮ᠎ᠠ ᠨᠢ 20%᠎ ᠠᠴᠠ ᠳᠡᠭᠡᠭᠰᠢ ᠬᠦᠷᠴᠡᠢ᠃ 2017 ᠣᠨ ᠳᠤ᠂ ᠪᠦᠬᠦ ᠣᠷᠣᠨ ᠳᠤ ᠰᠢᠤᠳᠠᠨ ᠪᠠ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠨᠡᠶᠢᠲᠡ 401᠂ ᠦᠢᠯᠡᠴᠢᠯᠡᠭᠡ ᠶᠢᠨ ᠰᠦᠯᠵᠢᠶᠡᠨ ᠤ ᠴᠡᠭ 6000 ᠭᠠᠷᠤᠢ᠂ ᠠᠵᠢᠯ ᠡᠷᠬᠢᠯᠡᠭᠰᠡᠳ 4 ᠲᠦᠮᠡ ᠭᠠᠷᠤᠢ ᠪᠠᠶᠢᠵᠤ᠂ 2017 ᠣᠨ ᠳᠤ ᠠᠵᠢᠯ ᠣᠯᠣᠭᠰᠠᠳ 3659 ᠬᠥᠮᠥᠨ ᠰᠢᠨ᠎ᠡ ᠪᠠᠷ ᠨᠡᠮᠡᠭᠳᠡᠵᠦ᠂ ᠰᠢᠭᠤᠳ ᠦᠢᠯᠡᠴᠢᠯᠡᠭᠰᠡᠨ ᠬᠡᠷᠡᠭᠯᠡᠭᠴᠢᠳ 1200 ᠲᠦᠮᠡᠨ ᠬᠥᠮᠥᠨ ᠢ ᠳᠠᠪᠠᠵᠤ᠂ ᠲᠦᠷᠭᠡᠨ ᠢᠯᠡᠭᠡᠯᠲᠡ ᠶᠢᠨ ᠭᠠᠷᠠᠮ ᠳᠤ ᠣᠷᠣᠭᠤᠯᠵᠤ ᠭᠠᠷᠭᠠᠭᠰᠠᠨ ᠵᠢᠯ ᠤᠨ ᠶᠡᠷᠦᠩᠬᠡᠢ ᠬᠡᠮᠵᠢᠶ᠎ᠡ ᠨᠢ 5.1 ᠳ᠋ᠦᠩᠰᠢᠭᠤᠷ ᠢ ᠳᠠᠪᠠᠨ᠂ ᠦᠢᠯᠡᠴᠢᠯᠡᠭᠡ ᠨᠢ ᠬᠤᠲᠠ ᠬᠥᠳᠡᠭᠡ ᠳᠤ ᠨᠡᠶᠢᠳᠡᠮ ᠳᠤ ᠪᠠᠨ ᠲᠠᠷᠬᠠᠵᠤ᠂ ᠮᠠᠨ ᠤ ᠣᠷᠣᠨ ᠤ ᠢᠨᠲ᠋ᠧᠷ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢ ᠲᠤᠯᠭᠠᠭᠤᠷᠢᠯᠠᠭᠰᠠᠨ ᠠᠷᠠᠯᠵᠢᠶᠠᠨ ᠤ ᠲᠤᠭ᠎ᠠ ᠨᠢ 360 ᠳ᠋ᠦᠩᠰᠢᠭᠤᠷ ᠲᠥᠭᠦᠷᠢᠭ ᠲᠤ ᠬᠦᠷᠴᠡᠢ᠃ ᠭᠡᠲᠡᠯ᠎ᠡ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠳᠤ ᠮᠥᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠲᠣᠭᠲᠠᠭᠠᠯ ᠤᠨ ᠰᠢᠰᠲ᠋ᠧᠮᠵᠢ ᠨᠢ ᠪᠦᠷᠢᠨ ᠲᠡᠭᠦᠯᠳᠡᠷ ᠪᠤᠰᠤ᠂ ᠬᠥᠭᠵᠢᠯᠲᠡ ᠨᠢ ᠵᠣᠬᠢᠴᠠᠩᠭᠤᠢ ᠪᠤᠰᠤ᠂ ᠵᠣᠯᠭᠠᠯᠲᠠ ᠨᠢ ᠰᠠᠭᠠᠳ ᠲᠠᠢ ᠵᠡᠷᠭᠡ ᠠᠰᠠᠭᠤᠳᠠᠯ ᠳᠤ ᠲᠤᠯᠭᠠᠷᠠᠵᠤ ᠪᠠᠶᠢᠨ᠎ᠠ᠃ ︽ᠬᠡᠷᠡᠭᠵᠢᠭᠦᠯᠬᠦ ᠰᠠᠨᠠᠯ︾᠎ ᠢ ᠨᠡᠶᠢᠲᠡᠯᠡᠭᠰᠡᠨ ᠨᠢ ᠳᠦᠷᠢᠮ ᠳᠤ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠰᠠᠭᠤᠷᠢ ᠪᠡᠯᠡᠳᠬᠡᠮᠵᠢ ᠪᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠵᠣᠬᠢᠴᠠᠯᠳᠤᠬᠤ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠬᠠᠷᠠᠭᠠᠯᠵᠠᠬᠤ ᠶᠢᠨ ᠬᠠᠮᠲᠤ᠂ ᠮᠠᠨ ᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃      ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠨᠢ ᠬᠠᠷᠢᠯᠴᠠᠨ ᠲᠤᠯᠭᠠᠭᠤᠷᠢᠯᠠᠵᠤ᠂ ᠬᠠᠷᠢᠯᠴᠠᠨ ᠠᠬᠢᠭᠤᠯᠵᠤ ᠪᠠᠶᠢᠳᠠᠭ᠃ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠬᠤ ᠪᠣᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ︽ᠲᠦᠷᠭᠡᠨ ᠢᠯᠡᠭᠡᠯᠲᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2015﹈ 61 ᠳ᠋ᠦ᠋ᠭᠡᠷ ᠲᠣᠭᠠᠲᠤ︶ ᠪᠠ ︽ᠲᠦᠷᠭᠡᠨ ᠢᠯᠡᠭᠡᠯᠲᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2016﹈ 48 ᠳ᠋ᠤᠭᠠᠷ ᠲᠣᠭᠠᠲᠤ︶᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ ᠂ ᠠᠵᠢᠯ ᠲᠥᠷᠥᠯ ᠢ ᠵᠣᠬᠢᠴᠠᠯᠳᠤᠭᠤᠯᠬᠤ ᠪᠠᠷ ᠬᠤᠶᠠᠷ ᠲᠣᠮᠣ ᠵᠠᠬ᠎ᠠ ᠳᠡᠯᠭᠡᠭᠦᠷ ᠢ ᠬᠥᠭᠵᠢᠭᠡᠨ ᠭᠦᠢᠯᠭᠡᠭᠡᠵᠤ᠂ ᠠᠵᠤ ᠠᠬᠤᠢ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠬᠤ ᠨᠢ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠳᠤ ᠠᠰᠢᠭᠲᠠᠢ᠂ ᠮᠡᠷᠭᠡᠵᠢᠯ ᠪᠠᠷᠢᠮᠵᠢᠶ᠎ᠠ ᠶᠢ ᠵᠣᠯᠭᠠᠯᠳᠤᠭᠤᠯᠤᠨ ᠨᠢᠭᠡᠳᠬᠡᠵᠦ᠂ ᠬᠠᠩᠭᠠᠯᠭ᠎ᠠ ᠶᠢᠨ ᠬᠡᠯᠬᠢᠶᠡᠰᠦ ᠶᠢ ᠵᠣᠬᠢᠴᠠᠯᠳᠤᠭᠤᠯᠤᠨ ᠰᠢᠨ᠎ᠡ ᠶᠢ ᠡᠭᠦᠳᠬᠦ ᠳᠤ ᠠᠰᠢᠭᠲᠠᠢ᠂ ᠬᠡᠷᠡᠭᠯᠡᠭᠡ ᠶᠢ ᠥᠷᠭᠡᠳᠬᠡᠵᠦ᠂ ᠬᠡᠷᠡᠭᠯᠡᠭᠴᠢᠳ ᠤᠨ ᠣᠶᠢᠯᠠᠭᠠᠯᠲᠠ ᠲᠥᠷᠥᠭᠳᠡᠯ ᠢ ᠳᠡᠭᠡᠭᠰᠢᠯᠡᠭᠦᠯᠦᠨ᠂ ᠰᠦᠯᠵᠢᠶ᠎ᠡ ᠪᠠᠷ ᠬᠤᠳᠠᠯᠳᠤᠨ ᠠᠪᠬᠤ ᠬᠡᠷᠡᠭᠯᠡᠭᠴᠢᠳ ᠤᠨ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠳᠤ ᠨᠡᠩ ᠰᠠᠶᠢᠲᠤᠷ ᠵᠣᠬᠢᠴᠠᠯᠳᠤᠬᠤ ᠪᠠ ᠬᠠᠩᠭᠠᠬᠤ ᠳᠤ ᠠᠰᠢᠭᠲᠠᠢ ᠪᠠᠶᠢᠳᠠᠭ᠃      ᠬᠤᠶᠠᠷ᠂ ︽ᠬᠡᠷᠡᠭᠵᠢᠭᠦᠯᠬᠦ ᠰᠠᠨᠠᠯ︾᠎ ᠳᠤ ᠳᠤᠷᠠᠳᠤᠭᠰᠠᠨ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ      ᠨᠢᠭᠡ ᠳᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢ ᠰᠢᠨᠵᠢᠯᠡᠬᠦ ᠤᠬᠠᠭᠠᠴᠢ ᠪᠠᠷ ᠲᠥᠯᠥᠪᠵᠢᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠲᠠᠢ ᠵᠣᠬᠢᠴᠠᠯᠳᠤᠭᠰᠠᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ 2020 ᠣᠨ ᠪᠣᠯᠲᠠᠯ᠎ᠠ ᠠᠶᠢᠮᠠᠭ ᠬᠤᠲᠠ ᠳᠤ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠬᠤᠪᠢᠶᠠᠨ ᠰᠠᠯᠭᠠᠬᠤ ᠲᠥᠪ ᠲᠠᠢ᠂ ᠰᠤᠮᠤ ᠰᠢᠶᠠᠩ ᠪᠠᠯᠭᠠᠰᠤ ᠳᠤ ᠲᠣᠣᠷ ᠰᠦᠯᠵᠢᠶᠡᠨ ᠤ ᠴᠡᠭ ᠲᠠᠢ᠂ ᠭᠠᠴᠠᠭ᠎ᠠ ᠲᠣᠰᠬᠤᠨ ᠳᠤ ᠲᠦᠷᠭᠡᠨ ᠢᠯᠡᠭᠡᠯᠲᠡ ᠨᠡᠪᠲᠡᠷᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ︔ ᠣᠳᠣ ᠶᠢᠨ ᠪᠠᠶᠢᠭ᠎ᠠ ᠭᠠᠵᠠᠷ ᠰᠢᠷᠣᠢ ᠬᠡᠷᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠪᠠᠲᠤᠯᠠᠨ᠎ᠠ︔ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠣᠷ ᠰᠦᠯᠵᠢᠶᠡᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠳᠡᠰ ᠱᠠᠲᠤ ᠨᠢ ᠵᠦᠢ ᠵᠣᠬᠢᠰᠲᠠᠢ᠂ ᠬᠡᠪᠴᠢᠶ᠎ᠡ ᠨᠢ ᠲᠣᠬᠢᠷᠠᠮᠵᠢᠲᠠᠢ᠂ ᠬᠡᠷᠡᠭᠴᠡᠭᠡ ᠱᠠᠭᠠᠷᠳᠠᠯᠭ᠎ᠠ ᠲᠠᠢ ᠲᠣᠬᠢᠷᠠᠯᠴᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠣᠷ ᠰᠦᠯᠵᠢᠶ᠎ᠡ ᠶᠢ ᠪᠠᠶᠢᠭᠤᠯᠤᠨ᠎ᠠ︔ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ᠂ ᠪᠦᠬᠦ ᠤᠯᠤᠰ ᠤᠨ ᠬᠤᠲᠠ ᠶᠢᠨ ᠤᠬᠠᠭᠠᠯᠢᠭ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠵᠦ ᠵᠢᠱᠢᠶ᠎ᠡ ᠦᠵᠡᠭᠦᠯᠬᠦ ᠠᠵᠤ ᠠᠬᠤᠶᠢᠯᠠᠯ ᠵᠢᠴᠢ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠲᠣᠰᠬᠤᠨ ᠳᠤ ᠪᠠᠭᠤᠯᠭᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠭᠡᠭᠰᠢ ᠬᠦᠷᠭᠡᠬᠦ ᠬᠤᠣᠰ ᠴᠢᠭᠯᠡᠯ ᠤᠨ ᠭᠦᠢᠯᠭᠡᠭᠡ ᠶᠢ ᠠᠬᠢᠭᠤᠯᠤᠨ᠎ᠠ᠃      ᠬᠤᠶᠠᠷ ᠲᠤ᠂ ᠵᠣᠬᠢᠴᠠᠯᠳᠤᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠲᠦᠷᠭᠡᠨ ᠢᠯᠡᠭᠡᠯᠲᠡ ᠶᠢᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠠᠯᠬᠤᠮ ᠳᠠᠷᠠᠭ᠎ᠠ ᠶᠢ ᠴᠣᠮᠬᠠᠳᠬᠠᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠳᠦᠷᠢᠮ ᠳᠤ ᠥᠭᠡᠷᠡᠴᠢᠯᠡᠯᠲᠡ ᠬᠢᠵᠦ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠳᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠦᠨ᠎ᠡ ᠬᠠᠩᠰᠢ ᠳᠤ ᠬᠢᠨᠠᠯᠲᠠ ᠲᠠᠯᠪᠢᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠥᠲᠥᠯᠥᠨ ᠵᠢᠯᠣᠭᠤᠳᠴᠤ ᠪᠠᠶᠢᠭᠠᠳ ᠲᠠᠸᠠᠷ ᠤᠨ ᠦᠨ᠎ᠡ ᠬᠠᠩᠰᠢ ᠶᠢ ᠲᠣᠭᠲᠠᠭᠠᠬᠤ ᠬᠢᠭᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢ ᠲᠣᠭᠲᠠᠭᠠᠬᠤ ᠶᠢ ᠬᠠᠷᠢᠯᠴᠠᠨ ᠰᠠᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠲᠡᠭᠦᠰᠬᠡᠯ ᠦᠵᠦᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠯᠠᠪᠤᠷ ᠭᠠᠵᠠᠷ ᠢ ᠬᠠᠮᠲᠤᠷᠠᠨ ᠪᠠᠶᠢᠭᠤᠯᠬᠤ ᠶᠢ ᠳᠡᠮᠵᠢᠵᠦ᠂ ᠨᠡᠶᠢᠭᠡᠮ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠲᠦᠷᠭᠡᠨ ᠢᠯᠡᠭᠡᠯᠲᠡ ᠶᠢᠨ ᠦᠢᠯᠡᠴᠢᠯᠡᠭᠡ ᠲᠡᠶᠢᠰᠢ ᠨᠡᠭᠡᠭᠡᠯᠲᠡ ᠬᠢᠬᠦ ᠶᠢ ᠠᠬᠢᠭᠤᠯᠤᠨ᠂ ᠤᠬᠠᠭᠠᠯᠢᠭ ᠢᠯᠡᠭᠡᠮᠵᠢ ᠶᠢᠨ ᠬᠠᠶᠢᠷᠴᠠᠭ ᠪᠠ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠯᠠᠪᠤᠷ ᠭᠠᠵᠠᠷ ᠤᠨ ᠣᠯᠠᠨ ᠨᠡᠶᠢᠲᠡ ᠶᠢᠨ ᠬᠠᠷᠢᠶᠠᠲᠤ ᠴᠢᠨᠠᠷ ᠢ ᠲᠣᠳᠣᠷᠬᠠᠶᠢᠯᠠᠨ᠎ᠠ︔ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠠᠬᠢᠭᠤᠯᠤᠨ᠂ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠭᠰᠠᠨ ᠤᠷᠢᠳᠠᠯ ᠳᠣᠣᠷ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠦᠢᠯᠡᠴᠢᠯᠡᠭᠡ ᠶᠢᠨ ᠠᠵᠤ ᠠᠬᠤᠶᠢᠯᠠᠯ ᠬᠤᠭᠤᠷᠣᠨᠳᠤ ᠪᠠᠨ ᠳ᠋ᠠᠶᠢᠲ᠋ᠠ ᠪᠠᠨ ᠰᠣᠯᠢᠯᠴᠠᠵᠤ ᠬᠠᠮᠲᠤ ᠪᠠᠷ ᠬᠦᠷᠲᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠬᠠᠮᠲᠤ ᠪᠠᠷ ᠳᠡᠭᠡᠭᠰᠢᠯᠡᠭᠦᠯᠦᠨ᠎ᠡ︔ ᠵᠣᠬᠢᠴᠠᠯᠳᠤᠭᠤᠯᠤᠨ ᠬᠠᠮᠲᠤ ᠪᠠᠷ ᠵᠠᠰᠠᠬᠤ ᠶᠢ ᠴᠢᠩᠭᠠᠳᠬᠠᠨ᠂ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢᠶᠠᠨ ᠱᠠᠭᠠᠷᠳᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠷᠠᠭᠠᠨ ᠤ ᠭᠦᠢᠯᠭᠡᠭᠡ ᠪᠠ ᠲᠦᠷᠭᠡᠨ ᠢᠯᠡᠭᠡᠯᠲᠡ ᠵᠡᠷᠭᠡ ᠲᠠᠪᠴᠠᠩ ᠤᠨ ᠮᠠᠶ᠋ᠢᠭ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠲᠠᠪᠴᠠᠩ ᠢᠶᠠᠷ ᠦᠢᠯᠡᠴᠢᠯᠡᠬᠦ ᠬᠡᠯᠡᠯᠴᠡᠭᠡᠷ᠂ ᠠᠷᠠᠯᠵᠢᠶᠠᠨ ᠤ ᠶᠣᠰᠣ ᠳᠦᠷᠢᠮ ᠪᠠ ᠢᠲᠡᠭᠡᠮᠵᠢ ᠶᠢ ᠦᠨᠡᠯᠡᠬᠦ ᠳᠦᠷᠢᠮ ᠢ ᠪᠦᠷᠢᠨᠰᠢᠭᠦᠯᠦᠨ᠂ ᠡᠷᠬᠡ ᠲᠡᠭᠰᠢ ᠪᠠᠷ ᠥᠷᠢᠰᠦᠯᠳᠦᠬᠦ ᠡᠮᠬᠢ ᠵᠢᠷᠤᠮ ᠢ  ᠦᠨᠡᠨ ᠬᠦ ᠬᠠᠮᠠᠭᠠᠯᠠᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠎ᠠ᠃      ᠭᠤᠷᠪᠠ ᠳᠤ᠂ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢ ᠵᠢᠷᠤᠮᠵᠢᠭᠤᠯᠤᠨ ᠠᠵᠢᠯᠯᠠᠭᠤᠯᠬᠤ ᠪᠠ ᠳᠥᠭᠦᠮ ᠳᠥᠲᠡ ᠪᠠᠷ ᠵᠣᠷᠴᠢᠬᠤ ᠶᠢ ᠠᠬᠢᠭᠤᠯᠤᠨ᠎ᠠ᠃ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠲᠡᠷᠭᠡ ᠬᠥᠰᠬᠡ ᠶᠢ ᠵᠢᠷᠤᠮᠵᠢᠭᠤᠯᠤᠨ ᠬᠠᠮᠢᠶᠠᠷᠬᠤ ᠠᠷᠭ᠎ᠠ ᠶᠢ ᠲᠣᠭᠲᠠᠭᠠᠨ᠂ ᠲᠦᠷᠭᠡᠨ ᠢᠯᠡᠭᠡᠯᠲᠡ ᠶᠢᠨ ᠲᠡᠷᠭᠡ ᠬᠥᠰᠬᠡ ᠳᠤ ᠨᠢᠭᠡᠳᠦᠯᠲᠡᠢ ᠨᠣᠮᠧᠷᠯᠠᠬᠤ ᠪᠠ ᠢᠯᠭᠠᠬᠤ ᠲᠡᠮᠳᠡᠭ ᠬᠠᠳᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠵᠣᠷᠴᠢᠯᠲᠠ ᠶᠢ ᠬᠠᠮᠢᠶᠠᠷᠬᠤ ᠲᠥᠷᠥ ᠶᠢᠨ ᠪᠣᠳᠣᠯᠭ᠎ᠠ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠲᠣᠭᠲᠠᠭᠠᠨ ᠲᠡᠭᠦᠯᠳᠡᠷᠵᠢᠭᠦᠯᠵᠦ᠂ ᠵᠣᠷᠴᠢᠬᠤ ᠣᠷᠣᠨ ᠬᠡᠪᠴᠢᠶ᠎ᠡ ᠪᠠ ᠴᠠᠭ ᠤᠨ ᠬᠡᠰᠡᠭᠯᠡᠯ ᠢ ᠵᠦᠢ ᠵᠣᠬᠢᠰᠲᠠᠢ ᠲᠣᠭᠲᠠᠭᠠᠨ᠂ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠲᠡᠷᠭᠡ ᠬᠦᠰᠡᠭᠡ ᠵᠡᠷᠭᠡ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ ᠵᠣᠷᠴᠢᠯᠲᠠ ᠶᠢᠨ ᠳᠥᠭᠦᠮ ᠨᠥᠬᠦᠴᠡᠯ ᠣᠯᠭᠤᠨ᠎ᠠ᠃      ᠳᠥᠷᠪᠡ ᠳᠤ᠂ ᠡᠯᠧᠺᠲᠷᠣᠨ ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠬᠠᠭᠠᠯᠢᠭ ᠲᠦᠷᠭᠡᠨ ᠢᠯᠡᠭᠡᠮᠵᠢ ᠶᠢᠨ ᠬᠠᠶᠢᠷᠴᠠᠭ ᠢ ᠳᠡᠯᠭᠡᠷᠡᠭᠦᠯᠬᠦ ᠶᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠲᠥᠷᠥᠯ ᠵᠦᠢᠯ ᠳᠤ ᠣᠷᠣᠭᠤᠯᠬᠤ ᠶᠢ ᠵᠣᠷᠢᠭᠵᠢᠭᠤᠯᠤᠨ᠂ ᠤᠯᠠᠮᠵᠢᠯᠠᠯᠲᠤ ᠵᠠᠬᠢᠳᠠᠯ ᠰᠣᠨᠢᠨ ᠤ ᠬᠠᠶᠢᠷᠴᠠᠭ ᠢ ᠳᠡᠰ ᠳᠡᠪᠰᠢᠭᠦᠯᠦᠨ ᠤᠬᠠᠭᠠᠯᠢᠭ ᠵᠠᠬᠢᠳᠠᠯ ᠰᠣᠨᠢᠨ ᠤ ᠬᠠᠶᠢᠷᠴᠠᠭ ᠪᠣᠯᠭᠠᠬᠤ ᠢᠨᠵᠧᠨᠧᠷᠢᠩ ᠢ ᠡᠬᠢᠯᠡᠨ ᠠᠵᠢᠯᠯᠠᠭᠤᠯᠤᠨ᠎ᠠ︔ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠬᠠᠮᠲᠤ ᠪᠠᠷ ᠲᠣᠬᠢᠷᠠᠭᠤᠯᠤᠨ ᠬᠦᠷᠭᠡᠬᠦ ᠪᠠ ᠬᠤᠯᠪᠣᠭᠠᠯᠠᠨ ᠬᠤᠷᠢᠶᠠᠵᠤ ᠬᠤᠯᠪᠣᠭᠠᠯᠠᠨ ᠬᠦᠷᠭᠡᠬᠦ ᠵᠡᠷᠭᠡ ᠬᠦᠷᠭᠡᠯᠲᠡ ᠶᠢᠨ ᠦᠢᠯᠡᠴᠢᠯᠡᠭᠡ ᠶᠢᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠯᠠᠪᠤᠷ ᠭᠠᠵᠠᠷ ᠢ ᠪᠠᠶᠢᠭᠤᠯᠤᠨ᠂ ᠲᠡᠭᠦᠰᠬᠡᠯ ᠦᠵᠦᠭᠦᠷ ᠤᠨ ᠲᠣᠬᠢᠷᠠᠭᠤᠯᠤᠨ ᠬᠦᠷᠭᠡᠬᠦ ᠨᠥᠬᠦᠪᠦᠷᠢ ᠶᠢᠨ ᠲᠣᠭᠲᠠᠴᠠ ᠶᠢ ᠪᠠᠶᠢᠭᠤᠯᠤᠨ᠎ᠠ᠃ 2018 ᠣᠨ ᠤ ᠡᠴᠦᠰ ᠪᠣᠯᠲᠠᠯ᠎ᠠ ᠲᠦᠷᠭᠡᠨ ᠢᠯᠡᠭᠡᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠥᠷᠲᠡᠭᠡ ᠶᠢ 1000 ᠪᠣᠯᠭᠠᠨ᠎ᠠ᠃      ᠲᠠᠪᠤ ᠳᠤ᠂ ᠵᠣᠬᠢᠴᠠᠯᠳᠤᠭᠤᠯᠤᠨ ᠬᠥᠭᠵᠢᠭᠦᠯᠬᠦ ᠶᠢ ᠪᠠᠷᠢᠮᠵᠢᠶᠠᠵᠢᠭᠤᠯᠤᠨ ᠣᠶᠣᠨᠵᠢᠭᠤᠯᠬᠤ ᠶᠢ ᠠᠬᠢᠭᠤᠯᠤᠨ᠎ᠠ᠃ ᠶᠡᠭᠡ ᠳ᠋ᠠᠶᠢᠲ᠋ᠠ᠂ ᠡᠭᠦᠯᠡᠨ ᠪᠣᠳᠣᠯᠲᠠ᠂ ᠮᠠᠰᠢᠨᠲᠤ ᠬᠥᠮᠥᠨ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠲᠣᠨᠣᠭᠯᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭᠠᠨ ᠳᠠᠬᠢ ᠬᠡᠷᠡᠭᠯᠡᠭᠡᠨ ᠢ ᠴᠢᠩᠭᠠᠳᠬᠠᠨ᠎ᠠ︔ ᠤᠬᠠᠭᠠᠯᠢᠭ ᠢᠶᠠᠷ ᠨᠥᠭᠡᠴᠡᠯᠡᠬᠦ ᠪᠠ ᠲᠣᠬᠢᠷᠠᠭᠤᠯᠬᠤ ᠶᠢᠨ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠵᠣᠷᠢᠭᠵᠢᠭᠤᠯᠤᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠦᠷᠭᠡᠨ ᠢᠯᠡᠭᠡᠯᠲᠡ  ᠶᠢᠨ ᠪᠠᠷᠠᠭᠠᠨ ᠤ ᠭᠦᠢᠯᠭᠡᠭᠡ  ᠶᠢᠨ ᠠᠵᠤ ᠠᠬᠤᠶᠢᠯᠠᠯ  ᠤᠨ ᠬᠠᠩᠭᠠᠯᠭ᠎ᠠ  ᠶᠢᠨ ᠬᠡᠯᠬᠢᠶᠡᠰᠦ  ᠶᠢᠨ ᠵᠣᠬᠢᠴᠠᠯᠳᠤᠬᠤ  ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠵᠢᠷᠭᠤᠭ᠎ᠠ ᠳᠤ᠂ ᠵᠣᠬᠢᠴᠠᠯᠳᠤᠭᠤᠯᠤᠨ ᠠᠵᠢᠯᠯᠠᠭᠤᠯᠬᠤ ᠪᠠ ᠪᠣᠬᠢᠷᠲᠤᠯ ᠦᠭᠡᠢ ᠬᠥᠭᠵᠢᠭᠦᠯᠬᠦ ᠶᠢ ᠠᠬᠢᠭᠤᠯᠤᠨ᠎ᠠ ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠰᠠᠭᠠᠳ ᠦᠭᠡᠢ ᠠᠯᠬᠤᠮ ᠳᠠᠷᠠᠭᠠᠯᠠᠯ ᠢ ᠳᠠᠬᠢᠨ ᠵᠣᠬᠢᠶᠠᠬᠤ ᠠᠵᠢᠯᠯᠠᠭ᠎ᠠ ᠥᠷᠨᠢᠭᠦᠯᠬᠦ ᠶᠢ ᠤᠷᠮᠠᠰᠢᠭᠤᠯᠵᠤ᠂ ᠪᠣᠬᠢᠷᠲᠤᠯ ᠦᠭᠡᠢ ᠡᠨᠧᠷᠭᠢ ᠶᠢ ᠠᠷᠪᠢᠯᠠᠬᠤ ᠳᠣᠣᠷ᠎ᠠ ᠨᠡᠭᠦᠷᠡᠰᠦᠲᠥ᠋ᠷᠥᠭᠴᠢᠲᠦ ᠠᠵᠢᠯᠯᠠᠭᠤᠯᠤᠨ ᠡᠵᠡᠩᠨᠡᠵᠦ ᠬᠠᠮᠢᠶᠠᠷᠬᠤ ᠠᠯᠬᠤᠮ ᠳᠠᠷᠠᠭᠠᠯᠠᠯ ᠪᠠ ᠲᠣᠭᠲᠠᠴᠠ ᠶᠢ ᠪᠠᠶᠢᠭᠤᠯᠤᠨ᠎ᠠ︔ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠬᠢᠷᠲᠤᠯ ᠦᠭᠡᠢ ᠪᠠᠷ ᠪᠣᠭᠤᠳᠠᠯᠯᠠᠬᠤ ᠪᠠ ᠪᠠᠭᠠᠰᠬᠠᠨ ᠪᠣᠭᠤᠳᠠᠯᠯᠠᠬᠤ ᠪᠠᠷᠢᠮᠵᠢᠶ᠎ᠠ ᠶᠢ ᠬᠡᠷᠡᠭᠵᠢᠭᠦᠯᠦᠨ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠪᠣᠭᠤᠳᠠᠯᠯᠠᠬᠤ ᠪᠣᠳᠠᠰ ᠢ ᠬᠠᠰᠤᠨ ᠪᠠᠭᠠᠰᠬᠠᠬᠤ ᠶᠢ ᠠᠬᠢᠭᠤᠯᠵᠤ᠂ ᠪᠣᠬᠢᠷᠲᠤᠯ ᠦᠭᠡᠢ ᠪᠠᠷ ᠪᠣᠭᠤᠳᠠᠯᠯᠠᠬᠤ ᠲᠤᠷᠰᠢᠯᠲᠠ ᠶᠢᠨ ᠴᠢᠭ᠋ ᠢᠶᠠᠷ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠦᠨ᠎ᠡ︔ ᠪᠣᠬᠢᠷᠲᠤᠯ ᠦᠭᠡᠢ ᠪᠠᠷ ᠲᠡᠭᠡᠭᠡᠪᠦᠷᠢᠯᠡᠬᠦ ᠬᠢᠭᠡᠳ ᠲᠣᠬᠢᠷᠠᠭᠤᠯᠤᠨ ᠬᠦᠷᠭᠡᠬᠦ ᠶᠢ ᠠᠬᠢᠭᠤᠯᠤᠨ᠂ ᠲᠡᠭᠡᠭᠡᠪᠦᠷᠢ ᠶᠢᠨ ᠪᠦᠲᠦᠴᠡ ᠶᠢ ᠲᠦᠷᠭᠡᠳᠬᠡᠨ ᠲᠣᠬᠢᠷᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠲᠦᠷᠭᠡᠨ ᠢᠯᠡᠭᠡᠯᠲᠡ ᠶᠢᠨ ᠠᠵᠢᠯ ᠲᠥᠷᠥᠯ ᠳᠠᠬᠢ ᠬᠡᠷᠡᠭᠯᠡᠭᠡᠨ ᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ᠭᠤᠷᠪᠠ᠂ ︽ᠬᠡᠷᠡᠭᠵᠢᠭᠦᠯᠬᠦ ᠰᠠᠨᠠᠯ︾᠎ ᠤᠨ ᠭᠢᠯᠠᠰ ᠴᠡᠭ ᠪᠠ ᠰᠢᠨ᠎ᠡ ᠡᠭᠦᠳᠦᠯᠲᠡ      ᠨᠢᠭᠡ ᠳᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠲᠦᠷᠭᠡᠨ ᠢᠯᠡᠭᠡᠯᠲᠡ ᠶᠢᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠴᠣᠮᠬᠠᠳᠬᠠᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠳᠦᠷᠢᠮ ᠳᠤ ᠥᠭᠡᠷᠡᠴᠢᠯᠡᠯᠲᠡ ᠬᠢᠵᠦ᠂ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠰᠦᠯᠵᠢᠶᠡᠨ ᠴᠡᠭ ᠲᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠵᠥᠪᠰᠢᠶᠡᠷᠡᠵᠦ ᠪᠦᠷᠢᠳᠬᠡᠨ ᠳᠠᠩᠰᠠᠯᠠᠬᠤ ᠶᠢ ᠰᠦᠯᠵᠢᠶ᠎ᠡ ᠪᠠᠷ ᠨᠢᠭᠡᠳᠦᠯᠲᠡᠢ ᠭᠦᠢᠴᠡᠳᠬᠡᠬᠦ ᠶᠢ ᠪᠡᠶᠡᠯᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠮᠡᠳᠡᠭᠡ ᠵᠠᠩᠭᠢ ᠶᠢ ᠢᠯᠡᠭᠦᠬᠡᠨ ᠳᠠᠮᠵᠢᠭᠤᠯᠤᠨ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠪᠡᠶᠡᠯᠡᠭᠦᠯᠪᠡ᠃      ᠬᠤᠶᠠᠷ ᠲᠤ᠂ ᠬᠠᠮᠢᠶᠠᠷᠤᠯᠲᠠ ᠳᠤ ᠰᠢᠨ᠎ᠡ ᠶᠢ ᠡᠭᠦᠳᠬᠦ ᠶᠢ ᠲᠣᠪᠣᠶᠢᠯᠭᠠᠪᠠ᠃ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠥᠲᠥᠯᠥᠨ ᠵᠢᠯᠣᠭᠤᠳᠴᠤ ᠪᠠᠶᠢᠭᠠᠳ ᠲᠠᠸᠠᠷ ᠤᠨ ᠦᠨ᠎ᠡ ᠬᠠᠩᠰᠢ ᠶᠢ ᠲᠣᠭᠲᠠᠭᠠᠬᠤ ᠬᠢᠭᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢ ᠲᠣᠭᠲᠠᠭᠠᠬᠤ ᠶᠢ ᠬᠠᠷᠢᠯᠴᠠᠨ ᠰᠠᠯᠭᠠᠵᠤ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ︔ ᠣᠯᠠᠨ ᠨᠡᠶᠢᠲᠡ ᠶᠢᠨ ᠦᠢᠯᠡᠴᠢᠯᠡᠭᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠳᠤ ᠰᠢᠨ᠎ᠡ ᠶᠢ ᠡᠭᠦᠳᠦᠨ᠂ ᠤᠬᠠᠭᠠᠯᠢᠭ ᠢᠯᠡᠭᠡᠮᠵᠢ ᠶᠢᠨ ᠬᠠᠶᠢᠷᠴᠠᠭ ᠪᠠ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠯᠠᠪᠤᠷ ᠭᠠᠵᠠᠷ ᠤᠨ ᠣᠯᠠᠨ ᠨᠡᠶᠢᠲᠡ ᠶᠢᠨ ᠬᠠᠷᠢᠶᠠᠲᠤ ᠴᠢᠨᠠᠷ ᠢ ᠲᠣᠳᠣᠷᠬᠠᠶᠢᠯᠠᠵᠤ᠂ ᠬᠠᠮᠢᠶ᠎ᠠ ᠪᠦᠬᠦᠢ ᠲᠥᠯᠥᠪᠵᠢᠭᠦᠯᠭᠡ ᠳᠤ ᠣᠷᠣᠭᠤᠯᠵᠤ᠂ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠦᠢᠯᠡᠴᠢᠯᠡᠭᠡ ᠶᠢᠨ ᠰᠦᠯᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠳᠤᠷᠠᠳᠴᠠᠢ᠃      ᠭᠤᠷᠪᠠ ᠳᠤ᠂ ᠲᠣᠪᠣᠶᠢᠮ᠎ᠠ ᠵᠥᠷᠢᠴᠡᠯ ᠢ ᠰᠢᠢᠳᠪᠦᠷᠢᠯᠡᠪᠡ᠃ ᠡᠩ ᠲᠡᠷᠢᠭᠦᠨ ᠳᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠪᠠᠲᠤᠯᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠯᠡᠳᠡᠭᠡᠯ ᠭᠡᠷ ᠪᠠᠶᠢᠰᠢᠩ ᠪᠠ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠬᠠᠷᠢᠯᠴᠠᠨ ᠦᠢᠯᠡᠳᠦᠯᠴᠡᠬᠦ ᠠᠵᠢᠯ ᠢ ᠬᠥᠭᠵᠢᠭᠦᠯᠦᠭᠰᠡᠨ ᠪᠣᠯ᠂ 5 ᠵᠢᠯ ᠤᠨ ᠳᠣᠲᠣᠷ᠎ᠠ ᠭᠠᠵᠠᠷ ᠰᠢᠷᠣᠢ ᠶᠢᠨ ᠤᠤᠯ ᠤᠨ ᠬᠡᠷᠡᠭᠯᠡᠯᠲᠡ ᠪᠠ ᠡᠷᠬᠡ ᠶᠢᠨ ᠲᠥᠷᠥᠯ ᠬᠡᠯᠪᠡᠷᠢ ᠶᠢ ᠬᠤᠪᠢᠷᠠᠭᠤᠯᠬᠤ ᠦᠭᠡᠢ ᠪᠠᠷ ᠪᠠᠲᠤᠯᠠᠵᠤ᠂ 5 ᠵᠢᠯ ᠤᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠦᠨᠡᠨ ᠬᠦ ᠭᠠᠵᠠᠷ ᠰᠢᠷᠣᠢ ᠬᠡᠷᠡᠭᠯᠡᠬᠦ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠴᠢᠬᠤᠯᠠᠲᠠᠢ ᠪᠣᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠭᠦᠢᠴᠡᠳᠬᠡᠨ᠎ᠡ᠃ ᠳᠡᠳ᠋ᠯᠡᠪᠡᠯ᠂ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠲᠡᠷᠭᠡ ᠬᠥᠰᠬᠡ ᠳᠤ ᠨᠢᠭᠡᠳᠦᠯᠲᠡᠢ ᠪᠠᠷ ᠨᠣᠮᠧᠷᠯᠠᠬᠤ ᠪᠠ ᠢᠯᠭᠠᠬᠤ ᠲᠡᠮᠳᠡᠭ ᠬᠠᠳᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠵᠣᠷᠴᠢᠬᠤ ᠣᠷᠣᠨ ᠬᠡᠪᠴᠢᠶ᠎ᠡ ᠪᠠ ᠴᠠᠭ ᠤᠨ ᠬᠡᠰᠡᠭᠯᠡᠯ ᠢ ᠵᠦᠢ ᠵᠣᠬᠢᠰᠲᠠᠢ ᠲᠣᠭᠲᠠᠭᠠᠵᠤ᠂ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠲᠡᠷᠭᠡ ᠬᠦᠰᠡᠭᠡ ᠵᠡᠷᠭᠡ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠦᠰᠡᠭᠡ ᠳᠤ ᠵᠣᠷᠴᠢᠬᠤ ᠳᠥᠭᠦᠮ ᠨᠥᠬᠦᠴᠡᠯ ᠣᠯᠭᠤᠨ᠎ᠠ᠃ ᠡᠯ᠎ᠡ ᠭᠠᠵᠠᠷ ᠤᠨ ᠲᠦᠷᠭᠡᠨ ᠢᠯᠡᠭᠡᠯᠲᠡ ᠶᠢᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠬᠤᠲᠠ ᠶᠢᠨ ᠵᠠᠮ ᠬᠠᠷᠢᠯᠴᠠᠭᠠᠨ ᠤ ᠲᠦᠭᠵᠢᠷᠡᠯ ᠤᠨ ᠬᠤᠭᠤᠷᠣᠨᠳᠤᠬᠢ ᠵᠥᠷᠢᠴᠡᠯ ᠢ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠢᠳᠪᠦᠷᠢᠯᠡᠬᠦ ᠶᠢ ᠬᠥᠲᠥᠯᠥᠨ ᠵᠢᠯᠣᠭᠤᠳᠤᠨ᠎ᠠ᠃      ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠲᠥᠯᠥᠪᠯᠡᠭᠡ ᠶᠢ ᠴᠢᠬᠤᠯᠠᠴᠢᠯᠠᠪᠠ᠃ 2018 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠲᠦᠷᠭᠡᠨ ᠢᠯᠡᠭᠡᠯᠲᠡ ᠶᠢᠨ ᠲᠦᠷ ᠬᠡᠷᠡᠭᠵᠢᠭᠦᠯᠬᠦ ᠳᠦᠷᠢᠮ︾᠎ ᠳᠤ ᠲᠦᠷᠭᠡᠨ ᠢᠯᠡᠭᠡᠯᠲᠡ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠲᠦᠷᠭᠡᠨ ᠢᠯᠡᠭᠡᠯᠲᠡ ᠶᠢᠨ ᠦᠢᠯᠡᠰ ᠢ ᠠᠮᠤᠷ ᠲᠦᠪᠰᠢᠨ ᠢᠶᠠᠷ ᠠᠵᠢᠯᠯᠠᠭᠤᠯᠬᠤ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠪᠠᠨ ᠴᠢᠩᠭᠠᠳᠬᠠᠨ᠂ ᠲᠦᠷᠭᠡᠨ ᠢᠯᠡᠭᠡᠯᠲᠡ ᠶᠢᠨ ᠦᠢᠯᠡᠰ ᠢ ᠠᠮᠤᠷ ᠲᠦᠪᠰᠢᠨ ᠢᠶᠠᠷ ᠠᠵᠢᠯᠯᠠᠭᠤᠯᠬᠤ ᠲᠠᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠬᠦᠷᠲᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ᠂ ︽ᠬᠡᠷᠡᠭᠵᠢᠭᠦᠯᠬᠦ ᠰᠠᠨᠠᠯ︾᠎ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠳ᠋ᠠᠶᠢᠲ᠋ᠠ ᠶᠢ ᠬᠠᠮᠠᠭᠠᠯᠠᠬᠤ ᠪᠠ ᠨᠡᠭᠡᠭᠡᠯᠲᠡ ᠬᠢᠵᠦ ᠬᠠᠮᠲᠤ ᠪᠠᠷ ᠬᠦᠷᠲᠡᠬᠦ ᠶᠣᠰᠣ ᠳᠦᠷᠢᠮ ᠢ ᠲᠡᠭᠦᠯᠳᠡᠷᠵᠢᠭᠦᠯᠦᠨ᠂ ᠳ᠋ᠠᠶᠢᠲ᠋ᠠ ᠲᠠᠰᠤᠯᠳᠠᠬᠤ ᠵᠡᠷᠭᠡ ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠮᠡᠳᠡᠭᠳᠡᠬᠦ ᠪᠠ ᠤᠷᠢᠳ ᠢᠶᠠᠷ ᠮᠡᠳᠡᠭᠦᠯᠬᠦ ᠳᠦᠷᠢᠮ ᠢ ᠲᠣᠭᠲᠠᠭᠠᠵᠤ᠂ ᠲᠦᠷᠭᠡᠨ ᠢᠯᠡᠭᠡᠯᠲᠡ ᠶᠢᠨ ᠠᠵᠢᠯ ᠲᠥᠷᠥᠯ ᠤᠨ ᠮᠡᠳᠡᠭᠡ ᠵᠠᠩᠭᠢᠵᠢᠯᠲᠡ ᠶᠢᠨ ᠬᠢᠨᠠᠯᠲᠠ ᠬᠠᠮᠢᠶᠠᠷᠤᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠤᠭᠤᠷᠣᠨᠳᠤ ᠪᠠᠨ ᠳ᠋ᠠᠶᠢᠲ᠋ᠠ ᠶᠢᠨ ᠡᠬᠢ ᠪᠠᠶᠠᠯᠢᠭ ᠢ ᠥᠨᠥᠳᠥᠷ ᠪᠦᠲᠦᠮᠵᠢᠲᠡᠢ ᠪᠥᠭᠡᠳ ᠵᠣᠬᠢᠴᠠᠩᠭᠤᠢ ᠪᠠᠷ ᠠᠰᠢᠭᠯᠠᠬᠤ ᠳᠤ ᠵᠢᠯᠣᠭᠤᠳᠤᠮᠵᠢ ᠬᠠᠩᠭᠠᠬᠤ ᠬᠡᠷᠡᠭᠲᠡᠢ ᠭᠡᠵᠦ ᠳᠤᠷᠠᠳᠪᠠ᠃ ᠡᠭᠦᠨ ᠤ ᠬᠠᠮᠲᠤ᠂ ︽ᠬᠡᠷᠡᠭᠵᠢᠭᠦᠯᠬᠦ ᠰᠠᠨᠠᠯ︾᠎ ᠨᠢ ︽ᠲᠦᠷᠭᠡᠨ ᠢᠯᠡᠭᠡᠯᠲᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠎ ᠳᠠᠬᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ᠂ ᠭᠠᠵᠠᠷ ᠰᠢᠷᠣᠢ ᠬᠡᠷᠡᠭᠯᠡᠬᠦ ᠶᠢ ᠳᠡᠮᠵᠢᠬᠦ᠂ ᠵᠣᠷᠴᠢᠯᠲᠠ ᠶᠢ ᠪᠠᠲᠤᠯᠠᠬᠤ᠂ ᠲᠡᠭᠦᠰᠬᠡᠯ ᠦᠵᠦᠭᠦᠷ ᠢ ᠪᠠᠶᠢᠭᠤᠯᠬᠤ ᠵᠡᠷᠭᠡ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠦᠢᠯᠡᠰ ᠢ ᠲᠦᠷᠭᠡᠳᠬᠡᠨ ᠬᠥᠭᠵᠢᠭᠦᠯᠬᠦ ᠳᠤ ᠲᠥᠷᠥ ᠶᠢᠨ ᠪᠣᠳᠣᠯᠭ᠎ᠠ ᠪᠠ ᠪᠠᠶᠢᠭᠤᠯᠤᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠴᠡᠢ᠃      ᠲᠠᠪᠤ ᠳᠤ᠂ ᠳᠤᠲᠠᠭᠤᠳᠠᠯ ᠤᠨ ᠪᠠᠶᠢᠭᠤᠯᠤᠯᠲᠠ ᠶᠢ ᠴᠢᠩᠭᠠᠳᠬᠠᠪᠠ᠃ ᠲᠡᠭᠦᠰᠬᠡᠯ ᠦᠵᠦᠭᠦᠷ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠬᠠᠭᠠᠯᠢᠭ ᠬᠦᠷᠭᠡᠬᠦ ᠪᠡᠯᠡᠳᠬᠡᠮᠵᠢ ᠳᠡᠯᠭᠡᠷᠡᠭᠦᠯᠬᠦ ᠶᠢ ᠪᠠᠭᠲᠠᠭᠠᠭᠰᠠᠨ ᠤᠯᠠᠮᠵᠢᠯᠠᠯᠲᠤ ᠵᠠᠬᠢᠳᠠᠯ ᠰᠣᠨᠢᠨ ᠤ ᠬᠠᠶᠢᠷᠴᠠᠭ ᠢ ᠵᠠᠰᠠᠨ ᠥᠭᠡᠷᠡᠴᠢᠯᠡᠬᠦ ᠶᠢ ᠳᠡᠮᠵᠢᠨ᠎ᠡ︔ ᠲᠦᠷᠭᠡᠨ ᠢᠯᠡᠭᠡᠯᠲᠡ ᠶᠢᠨ ᠲᠡᠭᠦᠰᠬᠡᠯ ᠦᠵᠦᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠯᠠᠪᠤᠷ ᠭᠠᠵᠠᠷ ᠢ ᠪᠠᠶᠢᠭᠤᠯᠤᠨ᠂ ᠬᠤᠯᠪᠣᠭᠠᠯᠠᠨ ᠬᠤᠷᠢᠶᠠᠵᠤ ᠬᠤᠯᠪᠣᠭᠠᠯᠠᠨ ᠬᠦᠷᠭᠡᠬᠦ ᠠᠵᠢᠯᠯᠠᠭ᠎ᠠ ᠥᠷᠨᠢᠭᠦᠯᠦᠨ᠎ᠡ ᠭᠡᠵᠦ ᠳᠤᠷᠠᠳᠴᠠᠢ᠃ ᠡᠭᠦᠨ ᠤ ᠬᠠᠮᠲᠤ᠂ ᠵᠣᠬᠢᠴᠠᠯᠳᠤᠭᠤᠯᠤᠨ ᠠᠵᠢᠯᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭᠠᠨ ᠤ ᠭᠦᠢᠯᠭᠡᠭᠡ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ᠂ ᠪᠡᠯᠡ ᠮᠥᠩᠭᠦᠨ ᠤ ᠭᠦᠢᠯᠭᠡᠭᠡ ᠵᠡᠷᠭᠡ ᠢ ᠵᠠᠪᠰᠠᠷ ᠦᠭᠡᠢ ᠵᠣᠯᠭᠠᠯᠳᠤᠭᠤᠯᠬᠤ ᠪᠠ ᠥᠨᠳᠥᠷ ᠪᠦᠲᠦᠮᠵᠢᠲᠡᠢ ᠭᠦᠢᠯᠭᠡᠭᠡᠬᠦ ᠪᠠᠷ ᠳᠠᠮᠵᠢᠭᠤᠯᠵᠤ᠂ ᠮᠡᠳᠡᠭᠡ ᠵᠠᠩᠭᠢ ᠶᠢᠨ ᠵᠣᠬᠢᠴᠠᠭᠤᠯᠤᠯᠲᠠ ᠪᠠ ᠦᠢᠯᠡᠴᠢᠯᠡᠭᠡ ᠶᠢᠨ ᠣᠶᠣᠨᠵᠢᠯᠲᠠ ᠶᠢ ᠪᠡᠶᠡᠯᠡᠭᠦᠯᠬᠦ ᠶᠢ ᠵᠣᠷᠢᠭᠵᠢᠭᠤᠯᠪᠠ᠃      ᠵᠢᠷᠭᠤᠭ᠎ᠠ ᠳᠤ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠪᠠ᠃ ᠡᠯᠧᠺᠲᠷᠣᠨ ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠲᠣᠳᠣᠷᠬᠠᠢ ᠳᠤᠷᠠᠳᠴᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠶᠢ ᠵᠣᠬᠢᠴᠠᠯᠳᠤᠭᠤᠯᠤᠨ ᠠᠬᠢᠭᠤᠯᠬᠤ ᠶᠢ ᠵᠣᠷᠢᠭᠵᠢᠭᠤᠯᠵᠤ᠂ ᠪᠣᠬᠢᠷᠲᠤᠯ ᠦᠭᠡᠢ ᠪᠠᠷ ᠪᠣᠭᠤᠳᠠᠯᠯᠠᠬᠤ᠂ ᠬᠡᠮᠵᠢᠶ᠎ᠡ ᠶᠢ ᠨᠢ ᠪᠠᠭᠠᠰᠬᠠᠨ ᠪᠣᠭᠤᠳᠠᠯᠯᠠᠬᠤ ᠶᠢ ᠳᠡᠯᠭᠡᠷᠡᠭᠦᠯᠦᠨ᠂ ᠬᠠᠩᠭᠠᠯᠭ᠎ᠠ ᠶᠢᠨ ᠬᠡᠯᠬᠢᠶᠡᠰᠦ ᠶᠢᠨ ᠰᠠᠭᠠᠳ ᠦᠭᠡᠢ ᠠᠯᠬᠤᠮ ᠳᠠᠷᠠᠭᠠᠯᠠᠯ ᠢ ᠳᠠᠬᠢᠨ ᠵᠣᠬᠢᠶᠠᠬᠤ ᠶᠢ ᠪᠡᠶᠡᠯᠡᠭᠦᠯᠵᠦ᠂ ᠪᠣᠭᠤᠳᠠᠯ ᠢ ᠪᠤᠴᠠᠭᠠᠨ ᠬᠤᠷᠢᠶᠠᠬᠤ ᠪᠠ ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map