ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ ᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠠᠮᠵᠢᠯᠠᠨ ᠶᠠᠪᠤᠭᠤᠯᠬᠤ ᠤᠴᠢᠷ
ᠨᠡᠶᠢᠲᠡᠯᠡᠭᠰᠡᠨ ᠴᠠᠭ᠄
2018/7/6
                           ᠦᠪᠦᠷ ᠵᠠᠰᠠᠭ ᠲᠠᠷᠬᠠᠭᠠᠭᠰᠠᠨ ﹇2018﹈ 8 ᠳ᠋ᠤᠭᠠᠷ ᠲᠤᠭᠠᠳᠤ                        2 ᠳ᠋ᠤᠭᠠᠷ ᠰᠠᠷ᠎ᠠ ᠶᠢᠨ 7᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄       ︽ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠦᠷᠦ ᠲᠠᠷᠬᠠᠭᠠᠨᠨᠰᠠᠨ ﹇2017﹈ 53 ᠳ᠋ᠤᠭᠠᠷ ᠲᠤᠭᠠᠳᠤ︶᠎ ᠢ ᠡᠳᠦᠬᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠳᠤ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ ᠲᠤᠤᠷᠠᠬᠢ ᠱᠠᠭᠠᠷᠳᠠᠯᠭ᠎ᠠ ᠶᠢ ᠲᠤᠷᠠᠳᠪᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃       ᠨᠢᠬᠡ᠂ ᠲᠠᠨᠢᠯᠳᠠ ᠪᠠᠨ ᠲᠡᠬᠡᠭᠰᠢᠯᠡᠬᠦᠯᠬᠦ ᠬᠡᠷᠡᠭᠳᠡᠢ       ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠪᠤᠯ ᠤᠯᠤᠰ ᠤᠨ ᠪᠠᠶᠢᠳᠠᠯ ᠤᠯᠤᠰ ᠤᠨ ᠭᠦᠴᠦᠨ᠂ ᠤᠷᠤᠨ ᠤ ᠪᠠᠶᠢᠳᠠᠯ ᠤᠷᠤᠨ ᠤ ᠭᠦᠴᠦᠨ ᠤ ᠲᠠᠯ᠎ᠠ ᠶᠢᠨ ᠨᠢᠬᠡᠨ ᠴᠢᠬᠤᠯᠠ ᠶᠡᠭᠡ ᠪᠠᠶᠢᠴᠠᠭᠠᠯᠳᠠ ᠪᠤᠯᠬᠤ ᠶᠤᠮ᠃ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠪᠠᠷ ᠲᠠᠮᠵᠢᠨ᠂ ᠮᠠᠨ ᠤ ᠤᠷᠤᠨ ᠤ ᠬᠤᠶᠠᠳᠤᠭᠠᠷ ᠠᠵᠦ ᠦᠢᠯᠡᠰ ᠪᠠ ᠭᠤᠷᠪᠠᠳᠤᠭᠠᠷ ᠠᠵᠦ ᠦᠢᠯᠡᠰ ᠤᠨ ᠭᠦᠭᠵᠢᠯᠳᠡ ᠶᠢᠨ ᠬᠡᠪᠴᠢᠶ᠎ᠡ᠂ ᠪᠠᠶᠢᠷᠢᠰᠢᠭᠤᠯᠤᠯᠳᠠ ᠪᠠ ᠦᠷ᠎ᠡ ᠠᠰᠢᠭ ᠢ ᠪᠦᠭᠦ ᠲᠠᠯ᠎ᠠ ᠪᠠᠷ ᠡᠵᠡᠮᠳᠡᠵᠦ᠂ ᠮᠠᠨ ᠤ ᠤᠷᠤᠨ ᠤ ᠠᠵᠦ ᠠᠬᠤᠢ ᠶᠢᠨ ᠭᠦᠭᠵᠢᠯᠳᠡ ᠶᠢᠨ ᠪᠠᠶᠢᠳᠠᠯ ᠢ ᠤᠨᠤᠪᠴᠢᠳᠠᠢ ᠲᠤᠰᠬᠠᠨ᠂ ᠬᠤᠷᠸ᠎ᠠ ᠲᠤᠬᠢᠷᠠᠭᠤᠯᠭ᠎ᠠ ᠡᠵᠡᠮᠰᠢᠯ ᠢ ᠴᠢᠩᠭᠠᠳᠬᠠᠨ ᠰᠠᠶᠢᠵᠢᠷᠠᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠭᠦᠨᠵᠡᠬᠡᠶᠢᠷᠡᠬᠦᠯᠬᠦ᠂ ᠤᠷᠲᠤᠪᠲᠤᠷ ᠪᠠ ᠤᠷᠲᠤ ᠬᠤᠭᠤᠴᠠᠭᠠᠨ ᠤ ᠬᠦᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠨᠨᠳᠠᠭᠠᠬᠤ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠪᠦᠬᠡᠳ ᠤᠨᠤᠪᠴᠢᠳᠠᠢ ᠪᠦᠷᠢᠳᠬᠡᠯ ᠤᠨ ᠮᠡᠳᠡᠭᠡ ᠵᠠᠩᠬᠢ ᠶᠢᠨ ᠲᠡᠮᠵᠢᠯᠬᠡ ᠬᠠᠩᠭᠠᠬᠤ ᠳᠤ ᠴᠢᠬᠤᠯᠠ ᠠᠴᠢ ᠬᠤᠯᠪᠤᠨᠨᠳᠠᠯ ᠲᠠᠢ ᠶᠤᠮ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠲᠠᠨᠢᠯᠳᠠ ᠪᠠᠨ ᠤᠯᠠᠮ ᠨᠢᠬᠡ ᠠᠯᠬᠤᠮ ᠲᠡᠬᠡᠭᠰᠢᠯᠡᠬᠦᠯᠦᠨ᠂ ᠦᠵᠡᠯ ᠰᠠᠨᠠᠭ᠎ᠠ ᠪᠠᠨ ᠨᠢᠬᠡᠳᠬᠡᠵᠦ᠂ ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠤ ᠤᠷᠤᠭᠤᠯᠤᠨ᠂ ᠠᠵᠢᠯ ᠤᠨ ᠲᠦᠯᠦᠪᠯᠡᠭᠡ ᠪᠠᠨ ᠬᠢᠨᠠᠮᠠᠭᠠᠢ ᠲᠤᠨᠨᠳᠠᠭᠠᠨ᠂ ᠦᠨᠡᠨᠬᠦ ᠪᠦᠳᠦᠮᠵᠢᠳᠡᠢ ᠠᠷᠭ᠎ᠠ ᠬᠡᠮᠵᠢᠶ᠎ᠡ ᠶᠢ ᠬᠡᠷᠡᠭᠯᠡᠵᠦ᠂ ᠡᠯ᠎ᠡ ᠵᠦᠢᠯ ᠤᠨ ᠨᠡᠶᠢᠳᠡᠮ ᠪᠠᠶᠢᠴᠠᠭᠠᠯᠳᠠ ᠶᠢᠨ ᠡᠭᠦᠷᠬᠡ ᠶᠢ ᠴᠠᠭ ᠲᠤᠨᠢ ᠪᠡᠶᠡᠯᠡᠬᠦᠯᠬᠦ ᠬᠡᠷᠡᠭᠳᠡᠢ᠃      ᠬᠤᠶᠠᠷ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ      ᠦᠪᠡᠷᠳᠡᠬᠡᠨ ᠵᠠᠰᠠᠬᠤ ᠤᠷᠤᠨ ᠤ ᠶᠡᠷᠦᠩᠬᠡᠶᠢᠯᠡᠭᠰᠡᠨ ᠠᠵᠦ ᠠᠬᠤᠢ ᠶᠢᠨ ᠠᠵᠢᠯ ᠤᠨ ᠤᠳᠤᠷᠢᠳᠬᠤ ᠲᠤᠭᠤᠶᠢᠯᠠᠩ ᠨᠢ ᠪᠦᠭᠦ ᠤᠷᠤᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠨᠢᠬᠡᠳᠦᠯᠳᠡᠢ ᠵᠤᠬᠢᠶᠠᠨ ᠪᠠᠶᠢᠭᠤᠯᠬᠤ ᠪᠠ ᠵᠤᠬᠢᠴᠠᠭᠤᠯᠬᠤ ᠶᠢ ᠬᠠᠷᠢᠭᠤᠴᠠᠨ᠎ᠠ᠃ ᠤᠳᠤᠷᠢᠳᠬᠤ ᠲᠤᠭᠤᠶᠢᠯᠠᠩ ᠤᠨ ᠠᠵᠦ ᠠᠬᠤᠢ ᠶᠢᠨ ᠨᠡᠶᠢᠳᠡᠮ ᠪᠠᠶᠢᠴᠭᠠᠠᠯᠳᠠ ᠶᠢᠨ ᠲᠤᠰᠬᠠᠢ ᠠᠵᠢᠯ ᠤᠨ ᠵᠤᠬᠢᠴᠠᠭᠤᠯᠬᠤ ᠠᠯᠪᠠᠨ ᠬᠡᠷ ᠢ ᠦᠪᠡᠷᠳᠡᠬᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠲᠤᠪᠴᠢᠶ᠎ᠠ ᠳᠤ ᠲᠤᠬᠢᠷᠠᠭᠤᠯᠵᠦ᠂ ᠪᠦᠭᠦ ᠤᠷᠤᠨ ᠤ ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢ ᠨᠡᠶᠢᠳᠡᠮ ᠪᠠᠶᠢᠴᠠᠭᠠᠬᠤ ᠠᠵᠢᠯ ᠤᠨ ᠡᠳᠦᠷ ᠲᠤᠳᠤᠮ ᠤᠨ ᠵᠤᠬᠢᠶᠠᠨ ᠪᠠᠶᠢᠭᠤᠯᠬᠤ ᠪᠠ ᠵᠤᠬᠢᠴᠠᠭᠤᠯᠬᠤ ᠶᠢ ᠲᠠᠭᠠᠭᠠᠨ ᠡᠭᠦᠷᠬᠡᠯᠡᠨ᠎ᠠ᠃ ᠪᠦᠷᠢᠯᠳᠦᠬᠦᠨ ᠨᠢᠬᠡᠴᠡ ᠳᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ ᠲᠤᠭ᠎ᠠ ᠪᠦᠷᠢᠳᠬᠡᠯ ᠤᠨ ᠲᠤᠪᠴᠢᠶ᠎ᠠ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠤᠷᠤᠨ ᠲᠤᠭᠠᠨ ᠤ ᠠᠯᠪᠠᠨ ᠬᠡᠷ᠂ ᠶᠡᠷᠦᠩᠬᠡᠶᠢᠯᠡᠨ ᠵᠠᠰᠠᠬᠤ ᠠᠯᠪᠠᠨ ᠬᠡᠷ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠦ ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠦᠪᠦᠷ ᠮᠤᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠲᠡᠮᠳᠡᠭᠳᠦ ᠶᠢᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠲᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠭᠦᠬᠡᠬᠤᠳᠠ ᠲᠡᠮᠦᠷ ᠵᠠᠮ ᠤᠨ ᠲᠤᠪᠴᠢᠶ᠎ᠠ ᠵᠡᠷᠬᠡ ᠰᠠᠯᠠᠭ᠎ᠠ ᠮᠦᠴᠢᠷ ᠪᠠ ᠨᠢᠬᠡᠴᠡ ᠪᠠᠭᠳᠠᠨ᠎ᠠ᠃ ᠡᠯ᠎ᠡ ᠪᠦᠷᠢᠯᠳᠦᠬᠦᠨ ᠨᠢᠬᠡᠴᠡ ᠨᠢ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠤᠯᠠᠮ ᠨᠢᠬᠡ ᠠᠯᠬᠤᠮ ᠲᠤᠳᠤᠷᠬᠠᠶᠢᠯᠠᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠬᠡᠯᠡᠬᠦ᠂ ᠨᠢᠨᠨᠳᠠ ᠬᠠᠮᠵᠢᠯᠴᠠᠬᠤ ᠶᠢ ᠰᠠᠶᠢᠳᠤᠷ ᠬᠢᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠬᠠᠮᠳᠤ ᠪᠠᠷ ᠰᠠᠶᠢᠳᠤᠷ ᠬᠢᠬᠦ ᠬᠡᠷᠡᠭᠳᠡᠢ᠃ ᠡᠯ᠎ᠡ ᠭᠠᠵᠠᠷ ᠤᠷᠤᠨ ᠨᠢ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠵᠦ ᠤᠳᠤᠷᠢᠳᠬᠤ ᠪᠠᠨ ᠦᠨᠡᠨᠬᠦ ᠴᠢᠩᠭᠠᠳᠬᠠᠨ᠂ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠨᠨᠰᠢᠳᠠᠢ ᠦᠷᠨᠢᠬᠦ ᠶᠢ ᠦᠨᠡᠨᠬᠦ ᠪᠠᠳᠤᠯᠠᠬᠤ ᠬᠡᠷᠡᠭᠳᠡᠢ᠃       ᠭᠤᠷᠪᠠ᠂ ᠵᠠᠷᠤᠳᠠᠯ ᠢ ᠪᠠᠳᠤᠯᠠᠬᠤ ᠬᠡᠷᠡᠭᠳᠡᠢ       ᠲᠦᠷᠦ ᠲᠠᠷᠬᠠᠭᠠᠨᠨᠰᠠᠨ ﹇2017﹈ 53 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠳᠤ ᠬᠡᠷᠡᠭᠰᠡᠬᠦ ᠵᠠᠷᠤᠳᠠᠯ ᠢ ᠲᠦᠪ ᠪᠠ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠠᠮᠳᠤ ᠪᠠᠷ ᠡᠭᠦᠷᠬᠡᠯᠡᠨ᠎ᠠ᠃ ᠡᠯ᠎ᠡ ᠭᠠᠵᠠᠷ ᠤᠷᠤᠨ ᠨᠢ ᠡᠳ᠋ ᠤᠨ ᠵᠠᠰᠠᠭ ᠤᠨ ᠱᠠᠳᠤ ᠬᠤᠪᠢᠶᠠᠨ ᠬᠠᠷᠢᠭᠤᠴᠠᠬᠤ ᠵᠠᠷᠴᠢᠮ ᠶᠤᠰᠤᠭᠠᠷ᠂ ᠲᠤᠰ ᠭᠠᠵᠠᠷ ᠤᠷᠤᠨ ᠤ ᠲᠠᠭᠠᠭᠠᠨ ᠡᠭᠦᠷᠬᠡᠯᠡᠬᠦ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠵᠠᠷᠤᠳᠠᠯ ᠢ ᠵᠤᠬᠢᠬᠤ ᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂ ᠴᠠᠭ ᠲᠤᠨᠢ ᠰᠠᠯᠭᠠᠨ ᠦᠭᠴᠤ᠂ ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃       ᠲᠦᠷᠪᠡ᠂ ᠬᠠᠤᠯᠢ ᠶᠤᠰᠤᠭᠠᠷ ᠨᠡᠶᠢᠳᠡᠮ ᠪᠠᠶᠢᠴᠠᠭᠠᠬᠤ ᠬᠡᠷᠡᠭᠳᠡᠢ       ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠬᠦᠯᠬᠦ ᠲᠦᠷᠢᠮ︾ ᠪᠠ ︽ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠦᠷᠢᠮ︾᠎ ᠤᠨ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ᠂ ᠨᠡᠶᠢᠳᠡᠮ ᠪᠠᠶᠢᠴᠠᠭᠠᠯᠳᠠ ᠶᠢᠨ ᠭᠦᠰᠦᠨᠦᠭ ᠢ ᠴᠠᠭ ᠲᠤᠨᠢ᠂ ᠦᠨᠡᠨ ᠪᠤᠳᠠᠳᠠᠢ ᠪᠠᠷ ᠲᠬᠠᠯᠠᠨ ᠮᠡᠳᠡᠬᠦᠯᠬᠦ ᠬᠡᠷᠡᠭᠳᠡᠢ᠃ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠬᠤᠳᠠᠯ ᠢᠶᠠᠷ ᠮᠡᠳᠡᠬᠦᠯᠬᠦ᠂ ᠨᠢᠭᠤᠵᠦ ᠦᠯᠦ ᠮᠡᠳᠡᠬᠦᠯᠬᠦ᠂ ᠮᠡᠳᠡᠬᠦᠯᠬᠦ ᠶᠢ ᠲᠡᠪᠴᠢᠬᠦ᠂ ᠬᠤᠵᠢᠨᠨᠳᠠᠭᠤᠯᠤᠨ ᠮᠡᠳᠡᠬᠦᠯᠵᠦ ᠪᠤᠯᠬᠤ ᠦᠬᠡᠢ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠵᠦ᠂ ᠦᠬᠡᠷᠡᠳᠦᠭᠦᠯᠦᠨ ᠬᠤᠪᠢᠷᠠᠭᠤᠯᠵᠦ ᠪᠤᠯᠬᠤ ᠦᠬᠡᠢ᠃ ᠨᠡᠶᠢᠳᠡᠮ ᠪᠠᠶᠢᠴᠠᠭᠠᠯᠳᠠ ᠳᠤ ᠢᠯᠡᠷᠡᠭᠦᠯᠦᠭᠰᠡᠨ ᠡᠯ᠎ᠡ ᠵᠦᠢᠯ ᠤᠨ ᠬᠠᠤᠯᠢ ᠴᠠᠭᠠᠵᠠ ᠰᠠᠬᠢᠯᠭ᠎ᠠ ᠪᠠᠳᠤ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠦᠷᠢᠮ ᠶᠤᠰᠤᠭᠠᠷ ᠴᠢᠩᠭ᠎ᠠ ᠰᠶᠢᠳᠪᠦᠷᠢᠯᠡᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠵᠤᠷᠢᠭᠤᠳᠠ ᠬᠠᠷᠰᠢᠯᠠᠬᠤ ᠦᠵᠡᠭᠳᠡᠯ ᠢ ᠡᠷᠡᠰ ᠬᠤᠷᠢᠨᠨᠯᠠᠨ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠲᠡᠭᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃       ᠲᠠᠪᠤ᠂ ᠶᠠᠰᠤ ᠴᠢᠨᠠᠷ ᠢ ᠪᠠᠳᠤᠯᠠᠬᠤ ᠬᠡᠷᠡᠭᠳᠡᠢ       ᠪᠦᠭᠦ ᠤᠷᠤᠨ ᠤ ᠡᠯ᠎ᠡ ᠱᠠᠳᠤᠨ ᠤ ᠨᠡᠶᠢᠳᠡᠮ ᠪᠠᠶᠢᠴᠠᠭᠠᠯᠳᠠ ᠶᠢᠨ ᠪᠠᠶᠢᠭᠤᠯᠤᠮᠵᠢ ᠨᠢ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠢᠬᠡᠳᠦᠯᠳᠡᠢ ᠪᠠᠶᠢᠷᠢᠯᠠᠭᠤᠯᠤᠯᠳᠠ ᠶᠢ ᠴᠢᠩᠭ᠎ᠠ ᠵᠢᠷᠤᠮᠯᠠᠵᠦ᠂ ᠲᠤᠰ ᠭᠠᠵᠠᠷ ᠤᠷᠤᠨ ᠤ ᠪᠠᠨ ᠪᠤᠳᠠᠳᠠᠢ ᠲᠠᠢ ᠤᠶᠠᠯᠳᠤᠭᠤᠯᠤᠨ᠂ ᠬᠡᠷᠡᠭᠵᠢᠬᠦᠯᠵᠦ ᠪᠤᠯᠬᠤᠶᠢᠴᠠ ᠨᠡᠶᠢᠳᠡᠮ ᠪᠠᠶᠢᠴᠠᠭᠠᠯᠳᠠ ᠶᠢᠨ ᠲᠦᠰᠦᠯ ᠢ ᠲᠤᠨᠨᠳᠠᠭᠠᠵᠦ᠂ ᠲᠤᠷᠰᠢᠯᠳᠠ ᠶᠢᠨ ᠴᠢᠬ ᠪᠠ ᠨᠢᠬᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠳᠤᠷ ᠬᠢᠵᠦ᠂ ᠪᠤᠯᠪᠠᠰᠤᠷᠠᠭᠤᠯᠤᠯ ᠪᠠ ᠭᠦᠰᠦᠨᠦᠭ ᠲᠬᠠᠯᠠᠨ ᠲᠠᠩᠰᠠᠯᠠᠨ ᠲᠡᠮᠳᠡᠭᠯᠡᠬᠦ ᠶᠢ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠬᠢᠨᠠᠨ ᠬᠠᠷᠭᠤᠭᠤᠯᠬᠤ᠂ ᠪᠢᠴᠢᠵᠦ ᠤᠷᠤᠭᠤᠯᠬᠤ᠂ ᠬᠤᠷᠢᠶᠠᠩᠭᠤᠶᠢᠯᠠᠨ ᠡᠮᠬᠢᠳᠬᠡᠬᠦ᠂ ᠲᠡᠬᠡᠭᠰᠢ ᠮᠡᠳᠡᠭᠦᠯᠬᠦ ᠵᠢᠴᠢ ᠨᠡᠶᠢᠳᠡᠮ ᠪᠠᠶᠢᠴᠠᠭᠠᠯᠳᠠ ᠶᠢᠨ ᠮᠠᠲ᠋ᠧᠷᠢᠶᠠᠯ ᠢ ᠨᠡᠬᠡᠬᠡᠨ ᠠᠰᠢᠨᠨᠯᠠᠵᠦ ᠬᠡᠷᠡᠭᠯᠡᠬᠦ ᠵᠡᠷᠬᠡ ᠡᠯ᠎ᠡ ᠵᠠᠩᠬᠢᠯᠠᠭ᠎ᠠ ᠶᠢᠨ ᠠᠵᠢᠯ ᠢ ᠴᠢᠨᠠᠷᠯᠢᠭ ᠪᠡᠶᠡᠯᠡᠬᠦᠯᠬᠦ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠨᠡᠶᠢᠳᠡᠮ ᠪᠠᠶᠢᠴᠠᠭᠠᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠦ᠂ ᠲᠤᠭ᠎ᠠ ᠪᠠᠷᠢᠮᠳᠠ ᠶᠢᠨ ᠶᠠᠰᠤ ᠴᠢᠨᠠᠷ ᠢ ᠡᠵᠡᠮᠳᠡᠬᠦ ᠠᠷᠭ᠎ᠠ ᠶᠢ ᠲᠤᠨᠨᠳᠠᠭᠠᠨ᠂ ᠨᠡᠶᠢᠳᠡᠮ ᠪᠠᠶᠢᠴᠭᠠᠠᠯᠳᠠ ᠶᠢᠨ ᠡᠯ᠎ᠡ ᠱᠠᠳᠤ ᠦᠶ᠎ᠡ ᠳᠠᠬᠢ ᠪᠦᠭᠦ ᠶᠠᠪᠤᠴᠠ ᠳᠤ ᠶᠠᠰᠤ ᠴᠢᠨᠠᠷ ᠤᠨ ᠬᠠᠮᠢᠶᠠᠷᠤᠯᠳᠠ ᠶᠢ ᠬᠡᠷᠡᠭᠵᠢᠬᠦᠯᠵᠦ᠂ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠦᠷ᠎ᠡ ᠳ᠋ᠦᠩ ᠤᠨ ᠦᠨᠡᠨ ᠪᠤᠳᠠᠳᠠᠢ᠂ ᠨᠠᠶᠢᠳᠠᠪᠤᠷᠢᠳᠠᠢ ᠪᠠᠶᠢᠬᠤ ᠶᠢ ᠪᠠᠳᠤᠯᠠᠬᠤ ᠬᠡᠷᠡᠭᠳᠡᠢ᠃        ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ        ᠠᠬᠤᠢ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ        ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ                           ︵ᠲᠦᠷᠦ ᠲᠠᠷᠬᠠᠭᠠᠨᠨᠰᠠᠨ ﹇2017﹈ 53 ᠳ᠋ᠤᠭᠠᠷ ᠲᠤᠭᠠᠳᠤ︶                           12 ᠳ᠋ᠤᠭᠠᠷ ᠰᠠᠷ᠎ᠠ ᠶᠢᠨ 4᠎ ᠤ ᠡᠳᠦᠷ ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶᠠᠯᠬᠠᠳᠠᠬᠤ ᠪᠠᠶᠢᠭᠤᠯᠤᠮᠵᠢ ᠳᠤ᠄       ︽ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠦᠷᠢᠮ︾᠎ ᠤᠨ ᠲᠤᠨᠨᠳᠠᠭᠠᠯ ᠢ ᠦᠨᠳᠦᠰᠦᠯᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ 2018 ᠤᠨ ᠳᠤ ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠪᠠᠷ ᠲᠤᠨᠨᠳᠠᠭᠠᠪᠠ᠃ ᠡᠳᠦᠬᠡ ᠬᠤᠯᠪᠤᠨᠨᠳᠠᠯ ᠪᠦᠭᠦᠢ ᠵᠦᠢᠯᠡᠰ ᠢ ᠲᠤᠤᠷᠠᠬᠢ ᠮᠡᠳᠦ ᠮᠡᠳᠡᠭᠳᠡᠪᠡ᠄       ᠨᠢᠬᠡ᠂ ᠨᠡᠶᠢᠳᠡᠮ ᠪᠠᠶᠢᠴᠠᠭᠠᠬᠤ ᠵᠤᠷᠢᠯᠭ᠎ᠠ ᠪᠠ ᠠᠴᠢ ᠬᠤᠯᠪᠤᠨᠨᠳᠠᠯ       ᠮᠠᠨ ᠤ ᠤᠯᠤᠰ ᠤᠨ ᠬᠤᠶᠠᠳᠤᠭᠠᠷ ᠠᠵᠦ ᠦᠢᠯᠡᠰ ᠪᠠ ᠭᠤᠷᠪᠠᠳᠤᠭᠠᠷ ᠠᠵᠦ ᠦᠢᠯᠡᠰ ᠤᠨ ᠭᠦᠭᠵᠢᠯᠳᠡ ᠶᠢᠨ ᠬᠡᠪᠴᠢᠶ᠎ᠡ᠂ ᠪᠠᠶᠢᠷᠢᠰᠢᠭᠤᠯᠤᠯᠳᠠ ᠪᠠ ᠦᠷ᠎ᠡ ᠠᠰᠢᠭ ᠢ ᠪᠦᠭᠦ ᠲᠠᠯ᠎ᠠ ᠪᠠᠷ ᠪᠠᠶᠢᠴᠠᠭᠠᠵᠦ᠂ ᠠᠵᠦ ᠦᠢᠯᠡᠰ ᠤᠨ ᠵᠤᠬᠢᠶᠠᠨ ᠪᠠᠶᠢᠭᠤᠯᠤᠯᠳᠠ᠂ ᠠᠵᠦ ᠦᠢᠯᠡᠰ ᠤᠨ ᠪᠦᠳᠦᠴᠡ᠂ ᠠᠵᠦ ᠦᠢᠯᠡᠰ ᠤᠨ ᠮᠡᠷᠬᠡᠵᠢᠯ᠂ ᠠᠵᠦ ᠦᠢᠯᠡᠰ ᠤᠨ ᠬᠡᠯᠪᠡᠷᠢ ᠪᠠᠶᠢᠳᠠᠯ ᠤᠨ ᠤᠳᠤᠬᠢ ᠪᠠᠶᠢᠳᠠᠯ ᠵᠢᠴᠢ ᠡᠯ᠎ᠡ ᠦᠢᠯᠡᠳᠪᠦᠷᠢᠯᠡᠯ ᠤᠨ ᠭᠦᠴᠦᠨ ᠵᠦᠢᠯ ᠤᠨ ᠪᠦᠷᠢᠯᠳᠦᠯ ᠢ ᠤᠶᠢᠯᠠᠭᠠᠨ᠂ ᠪᠦᠭᠦ ᠬᠠᠤᠯᠢ ᠶᠢᠨ ᠡᠷᠬᠡᠳᠡᠨ ᠤ ᠨᠢᠬᠡᠴᠡ ᠶᠢᠨ ᠡᠳ᠋ ᠭᠦᠷᠦᠩᠬᠡ ᠦᠷᠢᠳᠦᠭᠰᠡᠨ ᠪᠠᠶᠢᠳᠠᠯ ᠪᠠ ᠰᠢᠨ᠎ᠠ ᠪᠠᠷ ᠪᠤᠢ ᠪᠤᠯᠤᠨᠨᠰᠠᠨ ᠠᠵᠦ ᠦᠢᠯᠡᠰ ᠤᠨ ᠭᠦᠭᠵᠢᠯᠳᠡ ᠶᠢᠨ ᠪᠠᠶᠢᠳᠠᠯ ᠢ ᠪᠦᠷᠢᠨ ᠤᠶᠢᠯᠠᠭᠠᠵᠦ᠂ ᠡᠯ᠎ᠡ ᠲᠦᠷᠦᠯ ᠤᠨ ᠨᠢᠬᠡᠴᠡ ᠶᠢᠨ ᠦᠨᠳᠦᠰᠦᠨ ᠪᠠᠶᠢᠳᠠᠯ ᠪᠠ ᠭᠤᠤᠯ ᠪᠤᠯᠬᠤ ᠦᠢᠯᠡᠳᠬᠦᠨ ᠤ ᠦᠢᠯᠡᠳᠪᠦᠷᠢᠯᠡᠬᠦ ᠬᠡᠮᠵᠢᠶ᠎ᠡ᠂ ᠦᠢᠯᠡᠴᠢᠯᠡᠬᠡᠨ ᠤ ᠠᠵᠢᠯᠯᠠᠭ᠎ᠠ ᠶᠢ ᠤᠯᠠᠮ ᠨᠢᠬᠡ ᠠᠯᠬᠤᠮ ᠪᠠᠶᠢᠴᠠᠭᠠᠨ ᠲᠤᠳᠤᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ᠂ ᠰᠢᠨ᠎ᠠ ᠭᠦᠳᠡᠯᠬᠡᠭᠴᠢ ᠴᠢᠳᠠᠪᠤᠷᠢ ᠶᠢ ᠪᠤᠶᠢᠵᠢᠭᠤᠯᠤᠨ ᠪᠤᠵᠠᠭᠠᠶᠢᠷᠠᠭᠤᠯᠵᠦ᠂ ᠠᠵᠦ ᠠᠬᠤᠢ ᠶᠢᠨ ᠪᠦᠳᠦᠴᠡ ᠶᠢ ᠰᠢᠯᠢᠳᠡᠭᠵᠢᠬᠦᠯᠵᠦ ᠲᠡᠰ ᠲᠡᠪᠰᠢᠬᠦᠯᠬᠦ ᠵᠡᠷᠬᠡ ᠲᠠᠯ᠎ᠠ ᠪᠠᠷ ᠬᠢ ᠰᠢᠨ᠎ᠠ ᠠᠬᠢᠴᠡ ᠶᠢ ᠪᠦᠭᠦ ᠲᠠᠯ᠎ᠠ ᠪᠠᠷ ᠤᠨᠤᠪᠴᠢᠳᠠᠢ ᠲᠤᠰᠬᠠᠬᠤ ᠬᠡᠷᠡᠭᠳᠡᠢ᠃ ᠨᠡᠶᠢᠳᠡᠮ ᠪᠠᠶᠢᠴᠠᠭᠠᠯᠳᠠ ᠪᠠᠷ ᠲᠠᠮᠵᠢᠨ᠂ ᠤᠯᠤᠰ ᠠᠷᠠᠳ ᠤᠨ ᠠᠵᠦ ᠠᠬᠤᠢ ᠶᠢᠨ ᠡᠯ᠎ᠡ ᠠᠵᠢᠯ ᠲᠦᠷᠦᠯ ᠢ ᠬᠠᠮᠤᠷᠬᠤ ᠦᠨᠳᠦᠰᠦᠨ ᠨᠢᠬᠡᠴᠡ ᠶᠢᠨ ᠨᠡᠷᠡᠶᠢᠳᠦᠯ ᠤᠨ ᠭᠦᠮᠦᠷᠬᠡ ᠵᠢᠴᠢ ᠰᠠᠯᠠᠭ᠎ᠠ ᠮᠦᠴᠢᠷ ᠤᠳ ᠤᠨ ᠬᠠᠮᠳᠤ ᠪᠠᠷ ᠪᠠᠶᠢᠭᠤᠯᠤᠨ ᠬᠠᠮᠳᠤ ᠪᠠᠷ ᠭᠦᠷᠳᠡᠬᠦ᠂ ᠦᠷᠭᠦᠯᠵᠢᠯᠡᠨ ᠬᠠᠮᠠᠭᠠᠯᠠᠵᠦ ᠰᠢᠨᠡᠳᠬᠡᠬᠦ ᠲᠤᠨᠨᠳᠠᠴᠠ ᠶᠢ ᠲᠡᠭᠦᠯᠳᠡᠷᠵᠢᠬᠦᠯᠦᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠬᠡ ᠠᠯᠬᠤᠮ ᠪᠠᠳᠤᠳᠬᠠᠵᠦ᠂ ᠤᠯᠤᠰ ᠠᠷᠠᠳ ᠤᠨ ᠠᠵᠦ ᠠᠬᠤᠢ ᠶᠢᠨ ᠲᠤᠭᠠᠴᠠᠭᠠᠯᠠᠬᠤ ᠦᠬᠡᠷᠡᠴᠢᠯᠡᠯᠳᠡ ᠶᠢ ᠠᠬᠢᠭᠤᠯᠤᠨ᠂ ᠤᠳᠤ ᠦᠶ᠎ᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠳᠠ ᠶᠢᠨ ᠰᠢᠰᠲ᠋ᠧᠮᠵᠢ ᠶᠢ ᠲᠦᠷᠬᠡᠳᠬᠡᠨ ᠪᠠᠶᠢᠭᠤᠯᠬᠤ ᠶᠢ ᠠᠬᠢᠭᠤᠯᠵᠦ᠂ ᠬᠤᠷᠸ᠎ᠠ ᠲᠤᠬᠢᠷᠠᠭᠤᠯᠭ᠎ᠠ ᠡᠵᠡᠮᠰᠢᠯ ᠢ ᠴᠢᠩᠭᠠᠳᠬᠠᠨ ᠰᠠᠶᠢᠵᠢᠷᠠᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠭᠦᠨᠵᠡᠬᠡᠶᠢᠷᠡᠬᠦᠯᠬᠦ᠂ ᠤᠷᠲᠤᠪᠲᠤᠷ ᠪᠠ ᠤᠷᠲᠤ ᠬᠤᠭᠤᠴᠠᠭᠠᠨ ᠤ ᠬᠦᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠨᠨᠳᠠᠭᠠᠬᠤ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠪᠦᠬᠡᠳ ᠤᠨᠤᠪᠴᠢᠳᠠᠢ ᠪᠦᠷᠢᠳᠬᠡᠯ ᠤᠨ ᠮᠡᠳᠡᠭᠡ ᠵᠠᠩᠬᠢ ᠶᠢᠨ ᠲᠡᠮᠵᠢᠯᠬᠡ ᠶᠢ ᠬᠠᠩᠭᠠᠨ᠎ᠠ᠃       ᠬᠤᠶᠠᠷ᠂ ᠨᠡᠶᠢᠳᠡᠮ ᠪᠠᠶᠢᠴᠠᠭᠠᠨᠨᠳᠠᠬᠤ ᠡᠳᠡᠬᠡᠳ ᠪᠠ ᠬᠡᠪᠴᠢᠶ᠎ᠡ       ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠨᠨᠳᠠᠬᠤ ᠶᠢᠨ ᠡᠳᠡᠬᠡᠳ ᠪᠤᠯ ᠮᠠᠨ ᠤ ᠤᠯᠤᠰ ᠤᠨ ᠬᠢᠯᠢ ᠲᠤᠳᠤᠷᠠᠬᠢ ᠬᠤᠶᠠᠳᠤᠭᠠᠷ ᠠᠵᠦ ᠦᠢᠯᠡᠰ ᠪᠠ ᠭᠤᠷᠪᠠᠳᠤᠭᠠᠷ ᠠᠵᠦ ᠦᠢᠯᠡᠰ ᠡᠷᠬᠢᠯᠡᠵᠦ ᠪᠦᠭᠦᠢ ᠪᠦᠭᠦᠳᠡ ᠬᠠᠤᠯᠢ ᠶᠢᠨ ᠡᠷᠬᠡᠳᠡᠨ ᠤ ᠨᠢᠬᠡᠴᠡ᠂ ᠠᠵᠦ ᠦᠢᠯᠡᠰ ᠤᠨ ᠠᠵᠢᠯᠯᠠᠭᠠᠨ ᠤ ᠨᠢᠬᠡᠴᠡ ᠪᠠ ᠬᠤᠪᠢ ᠶᠢᠨ ᠠᠵᠦ ᠡᠵᠡᠩᠨᠡᠯᠳᠡ ᠶᠢᠨ ᠡᠷᠦᠬᠡ ᠨᠦᠭᠦᠳ ᠪᠤᠯᠤᠨ᠎ᠠ᠃ ᠪᠤᠳᠠᠳᠠᠢ ᠬᠡᠪᠴᠢᠶᠡᠨ ᠳᠤ᠄ ᠠᠭᠤᠷᠬᠠᠢ ᠮᠠᠯᠳᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠭᠦᠴᠦᠨ᠂ ᠢᠯᠴᠢ ᠶᠢᠨ ᠭᠦᠴᠦᠨ᠂ ᠰᠢᠳᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠪᠦᠬᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠬᠡᠬᠡᠪᠦᠷᠢ᠂ ᠭᠦᠮᠦᠷᠬᠡᠯᠡᠨ ᠬᠠᠳᠠᠭᠠᠯᠠᠬᠤ ᠪᠠ ᠰᠢᠤᠳᠡᠨ ᠤ ᠶᠠᠪᠤᠳᠠᠯ ᠤᠨ ᠦᠢᠯᠡᠰ᠂ ᠬᠤᠨᠤᠭ ᠪᠠ ᠬᠤᠭᠤᠯᠠ ᠤᠮᠳᠠᠭᠠᠨ ᠤ ᠦᠢᠯᠡᠰ᠂ ᠮᠡᠳᠡᠭᠡ ᠵᠠᠩᠬᠢ ᠶᠢᠨ ᠲᠠᠮᠵᠢᠭᠤᠯᠭ᠎ᠠ᠂ ᠵᠦᠬᠡᠯᠡᠨ ᠲᠤᠨᠤᠭ ᠪᠠ ᠮᠡᠳᠡᠭᠡ ᠵᠠᠩᠬᠢ ᠶᠢᠨ ᠮᠡᠷᠬᠡᠵᠢᠯ ᠤᠨ ᠦᠢᠯᠡᠴᠢᠯᠡᠬᠡᠨ ᠤ ᠦᠢᠯᠡᠰ᠂ ᠮᠦᠩᠭᠦᠨ ᠭᠦᠢᠯᠬᠡᠬᠡᠨ ᠤ ᠦᠢᠯᠡᠰ᠂ ᠬᠡᠷ ᠪᠠᠶᠢᠰᠢᠩ ᠭᠠᠵᠠᠷ ᠭᠦᠷᠦᠩᠬᠡ ᠶᠢᠨ ᠠᠵᠦ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠢᠯᠡᠰ᠂ ᠰᠢᠨᠵᠢᠯᠡᠬᠦ ᠤᠠᠬᠠᠭᠠᠨ ᠤ ᠰᠤᠳᠤᠯᠭᠠᠨ ᠪᠠ ᠮᠡᠷᠬᠡᠵᠢᠯ ᠤᠨ ᠦᠢᠯᠡᠴᠢᠯᠡᠬᠡᠨ ᠤ ᠦᠢᠯᠡᠰ᠂ ᠤᠰᠤᠨ ᠠᠰᠢᠨᠨᠯᠠᠯᠳᠠ᠂ ᠤᠷᠴᠢᠨ ᠲᠤᠭᠤᠷᠢᠨ ᠪᠠ ᠤᠯᠠᠨ ᠨᠡᠶᠢᠳᠡ ᠶᠢᠨ ᠪᠡᠯᠡᠳᠬᠡᠮᠵᠢ ᠶᠢᠨ ᠬᠠᠮᠢᠶᠠᠷᠤᠯᠳᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠬᠡᠨ ᠤ ᠦᠢᠯᠡᠰ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠪᠠ ᠨᠡᠶᠢᠬᠡᠮ ᠤᠨ ᠠᠵᠢᠯ᠂ ᠰᠤᠶᠤᠯ᠂ ᠪᠡᠶ᠎ᠡ ᠶᠢᠨ ᠲᠠᠮᠢᠷ ᠪᠠ ᠵᠤᠭ᠎ᠠ ᠲᠤᠨᠨᠯᠠᠭᠠᠮ ᠤᠨ ᠦᠢᠯᠡᠰ᠂ ᠤᠯᠠᠨ ᠨᠡᠶᠢᠳᠡ ᠶᠢᠨ ᠬᠠᠮᠢᠶᠠᠷᠤᠯᠳᠠ᠂ ᠨᠡᠶᠢᠬᠡᠮ ᠤᠨ ᠪᠠᠳᠤᠯᠠᠭ᠎ᠠ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠵᠡᠷᠬᠡ ᠪᠠᠭᠳᠠᠨ᠎ᠠ᠃       ᠭᠤᠷᠪᠠ᠂ ᠨᠡᠶᠢᠳᠡᠮ ᠪᠠᠶᠢᠴᠠᠭᠠᠬᠤ ᠠᠭᠤᠯᠭ᠎ᠠ ᠪᠠ ᠴᠠᠭ ᠬᠤᠭᠤᠴᠠᠭ᠎ᠠ       ᠨᠡᠶᠢᠳᠡᠮ ᠪᠠᠶᠢᠴᠠᠭᠠᠬᠤ ᠭᠤᠤᠯ ᠠᠭᠤᠯᠭ᠎ᠠ ᠳᠤ ᠨᠡᠶᠢᠳᠡᠮ ᠪᠠᠶᠢᠴᠠᠭᠠᠨᠨᠳᠠᠬᠤ ᠡᠳᠡᠬᠡᠳ ᠤᠨ ᠦᠨᠳᠦᠰᠦᠨ ᠪᠠᠶᠢᠳᠠᠯ᠂ ᠵᠤᠬᠢᠶᠠᠨ ᠪᠠᠶᠢᠭᠤᠯᠤᠯᠳᠠ ᠶᠢᠨ ᠪᠦᠳᠦᠴᠡ᠂ ᠠᠵᠢᠯᠳᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠳᠡ ᠪᠠ ᠦᠢᠯᠡᠴᠢᠯᠡᠬᠡᠨ ᠤ ᠠᠵᠢᠯᠯᠠᠭ᠎ᠠ᠂ ᠡᠨᠧᠷᠬᠢ ᠶᠢᠨ ᠬᠡᠷᠡᠭᠯᠡᠭᠡ᠂ ᠰᠤᠳᠤᠯᠤᠨ ᠨᠡᠬᠡᠬᠡᠬᠦ ᠠᠵᠢᠯᠯᠠᠭ᠎ᠠ᠂ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠪᠠ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠪᠠᠶᠢᠳᠠᠯ ᠵᠡᠷᠬᠡ ᠶᠢ ᠪᠠᠭᠳᠠᠭᠠᠨ᠎ᠠ᠃       ᠨᠡᠶᠢᠳᠡᠮ ᠪᠠᠶᠢᠴᠠᠭᠠᠬᠤ ᠶᠢᠨ ᠪᠠᠷᠢᠮᠵᠢᠶ᠎ᠠ ᠪᠤᠯᠭᠠᠬᠤ ᠡᠳᠦᠷ ᠬᠤᠭᠤᠴᠠᠭ᠎ᠠ ᠶᠢ 2018 ᠤᠨ ᠤ 12 ᠳ᠋ᠤᠭᠠᠷ ᠰᠠᠷ᠎ᠠ ᠶᠢᠨ 31᠎ ᠤ ᠡᠳᠦᠷ ᠢᠶᠠᠷ ᠲᠤᠨᠨᠳᠠᠭᠠᠵᠦ᠂ ᠨᠡᠶᠢᠳᠡᠮ ᠪᠠᠶᠢᠴᠠᠭᠠᠬᠤ ᠬᠤᠭᠤᠴᠠᠭᠠᠨ ᠤ ᠮᠠᠲ᠋ᠧᠷᠢᠶᠠᠯ ᠨᠢ 2018 ᠤᠨ ᠳᠠᠬᠢ ᠤᠨ ᠤ ᠮᠠᠲ᠋ᠧᠷᠢᠶᠠᠯ ᠪᠤᠯᠤᠨ᠎ᠠ᠃       ᠲᠦᠷᠪᠡ᠂ ᠨᠡᠶᠢᠳᠡᠮ ᠪᠠᠶᠢᠴᠠᠭᠠᠯᠳᠠ ᠶᠢᠨ ᠵᠤᠬᠢᠶᠠᠨ ᠪᠠᠶᠢᠭᠤᠯᠤᠯᠳᠠ ᠪᠠ ᠬᠡᠷᠡᠭᠵᠢᠬᠦᠯᠦᠯᠳᠡ       ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠪᠤᠯ ᠤᠯᠤᠰ ᠤᠨ ᠪᠠᠶᠢᠳᠠᠯ ᠤᠯᠤᠰ ᠤᠨ ᠭᠦᠴᠦᠨ ᠤ ᠨᠢᠬᠡᠨ ᠴᠢᠬᠤᠯᠠ ᠶᠡᠭᠡ ᠪᠠᠶᠢᠴᠠᠭᠠᠯᠳᠠ ᠪᠤᠯᠬᠤ ᠶᠤᠮ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠲᠠᠪᠤ ᠶᠢ ᠨᠢᠬᠡ ᠴᠤᠨᠨᠴᠠᠵᠢᠭᠤᠯᠬᠤ︾ ᠶᠡᠷᠦᠩᠬᠡᠢ ᠴᠤᠨᠨᠴᠠ ᠶᠢᠨ ᠪᠠᠶᠢᠷᠢᠰᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ ᠪᠠ ︽ᠲᠦᠷᠪᠡᠨ ᠪᠦᠭᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠰᠢᠨ᠎ᠠ ᠭᠦᠭᠵᠢᠯᠳᠡ ᠶᠢᠨ ᠤᠨᠤᠯᠵᠢᠬᠤᠨ ᠢ ᠪᠠᠳᠤ ᠪᠠᠬᠢ ᠪᠤᠢ ᠪᠤᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠪᠦᠭᠦ ᠤᠯᠤᠰ ᠤᠨ ᠨᠢᠬᠡᠳᠦᠯᠳᠡᠢ ᠤᠳᠤᠷᠢᠳᠬᠤ᠂ ᠰᠠᠯᠠᠭ᠎ᠠ ᠮᠦᠴᠢᠷ ᠤᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠤᠷᠤᠨ ᠨᠤᠳᠤᠭ ᠤᠨ ᠱᠠᠳᠤ ᠬᠤᠪᠢᠶᠠᠨ ᠬᠠᠷᠢᠭᠤᠴᠬᠠᠤ᠂ ᠡᠯ᠎ᠡ ᠲᠠᠯ᠎ᠠ ᠶᠢᠨ ᠬᠢᠨ ᠬᠠᠮᠳᠤ ᠪᠠᠷ ᠤᠷᠤᠯᠴᠬᠠᠤ︾ ᠵᠠᠷᠴᠢᠮ ᠤᠨ ᠶᠤᠰᠤᠭᠠᠷ᠂ ᠨᠢᠬᠡᠳᠦᠯᠳᠡᠢ ᠲᠦᠯᠦᠪᠵᠢᠬᠦᠯᠦᠨ ᠵᠤᠬᠢᠴᠠᠭᠤᠯᠵᠦ᠂ ᠠᠷᠭ᠎ᠠ ᠬᠡᠯᠪᠡᠷᠢ ᠪᠠᠨ ᠰᠢᠯᠢᠳᠡᠭᠵᠢᠬᠦᠯᠦᠨ᠂ ᠭᠤᠤᠯᠳᠠᠯᠭ᠎ᠠ ᠪᠠᠨ ᠲᠤᠪᠤᠶᠢᠯᠭᠠᠵᠦ᠂ ᠠᠷᠭ᠎ᠠ ᠮᠠᠶ᠋ᠢᠭ ᠲᠤ ᠰᠢᠨ᠎ᠠ ᠶᠢ ᠡᠭᠦᠳᠦᠨ᠂ ᠨᠡᠶᠢᠳᠡᠮ ᠪᠠᠶᠢᠴᠠᠭᠠᠯᠳᠠ ᠶᠢᠨ ᠤᠬᠠᠭᠤᠯᠤᠨ ᠲᠠᠶᠢᠴᠢᠯᠠᠬᠤ ᠪᠠ ᠵᠤᠬᠢᠶᠠᠨ ᠪᠠᠶᠢᠭᠤᠯᠵᠦ ᠬᠡᠷᠡᠭᠵᠢᠬᠦᠯᠬᠦ ᠠᠵᠢᠯ ᠢ ᠬᠢᠨᠠᠮᠠᠭᠠᠢ ᠰᠠᠶᠢᠳᠤᠷ ᠬᠢᠬᠦ ᠬᠡᠷᠡᠭᠳᠡᠢ᠃       ᠨᠡᠶᠢᠳᠡᠮ ᠪᠠᠶᠢᠴᠠᠭᠠᠯᠳᠠ ᠶᠢᠨ ᠠᠵᠢᠯ ᠤᠨ ᠵᠤᠬᠢᠶᠠᠨ ᠪᠠᠶᠢᠭᠤᠯᠤᠯᠳᠠ ᠪᠠ ᠤᠳᠤᠷᠢᠳᠤᠯᠭ᠎ᠠ ᠶᠢ ᠴᠢᠩᠭᠠᠳᠬᠠᠤ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠲᠤᠭᠤᠶᠢᠯᠠᠩ ᠢ ᠪᠠᠶᠢᠭᠤᠯᠵᠦ᠂ ᠨᠡᠶᠢᠳᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠬᠤ ᠪᠠ ᠬᠡᠷᠡᠭᠵᠢᠬᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠶᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠲᠤᠭᠤᠶᠢᠯᠠᠩ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠭᠦᠷ ᠨᠢ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠪᠦᠷᠢᠯᠳᠦᠬᠦᠨ ᠨᠢᠬᠡᠴᠡ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ᠂ ᠤᠯᠤᠰ ᠤᠨ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠲᠦᠪ ᠤᠨ ᠤᠬᠠᠭᠤᠯᠬᠤ ᠬᠡᠯᠳᠡᠰ᠂ ᠲᠦᠪ ᠤᠨ ᠤᠷᠤᠨ ᠲᠤᠭᠠᠨ ᠤ ᠠᠯᠪᠠᠨ ᠬᠡᠷ᠂ ᠲᠦᠪ ᠤᠨ ᠶᠡᠷᠦᠩᠬᠡᠶᠢᠯᠡᠨ ᠵᠠᠰᠬᠠᠤ ᠠᠯᠪᠠᠨ ᠬᠡᠷ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ᠂ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠤᠪᠴᠢᠶ᠎ᠠ ᠪᠠ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠵᠦ ᠰᠢᠯᠭᠠᠨ ᠪᠠᠶᠢᠴᠠᠭᠠᠬᠤ ᠶᠡᠷᠦᠩᠬᠡᠢ ᠲᠤᠪᠴᠢᠶ᠎ᠠ ︵ᠪᠦᠷᠢᠯᠳᠦᠬᠦᠨ ᠬᠡᠰᠢᠬᠦᠳ ᠤᠨ ᠨᠡᠷᠡᠰ ᠢ ᠠᠰᠳᠠᠭᠠᠨ ᠶᠠᠪᠤᠭᠤᠯᠤᠨ᠎ᠠ︶ ᠵᠡᠷᠬᠡ ᠰᠠᠯᠠᠭ᠎ᠠ ᠮᠦᠴᠢᠷ ᠪᠠᠭᠳᠠᠨ᠎ᠠ᠃ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠢ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠳᠤ ᠲᠤᠬᠢᠷᠠᠭᠤᠯᠵᠦ᠂ ᠨᠡᠶᠢᠳᠡᠮ ᠪᠠᠶᠢᠴᠠᠭᠠᠯᠳᠠ ᠶᠢ ᠪᠤᠳᠠᠳᠠᠢ ᠵᠤᠬᠢᠶᠠᠨ ᠪᠠᠶᠢᠭᠤᠯᠵᠦ ᠬᠡᠷᠡᠭᠵᠢᠬᠦᠯᠬᠦ ᠪᠠ ᠵᠤᠬᠢᠴᠠᠭᠤᠯᠬᠤ ᠶᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠳᠠ ᠶᠢᠨ ᠵᠠᠷᠤᠳᠠᠯ ᠤᠨ ᠲᠠᠯ᠎ᠠ ᠳᠤ ᠬᠤᠯᠪᠤᠨᠨᠳᠠᠬᠤ ᠵᠦᠢᠯᠡᠰ ᠤᠳ ᠢ ᠡᠳ᠋ ᠤᠨ ᠵᠠᠰᠠᠭ ᠤᠨ ᠶᠠᠮᠤᠨ ᠠᠴᠠ ᠬᠠᠷᠢᠭᠤᠴᠠᠨ ᠵᠤᠬᠢᠴᠠᠭᠤᠯᠤᠨ᠎ᠠ︔ ᠲᠤᠨᠨᠳᠠᠮᠠᠯ ᠭᠦᠷᠦᠩᠬᠡ ᠶᠢᠨ ᠪᠡᠯᠡ ᠤᠷᠤᠭᠤᠯᠤᠯᠳᠠ ᠶᠢᠨ ᠪᠠᠳᠤᠯᠠᠭ᠎ᠠ ᠶᠢᠨ ᠲᠠᠯ᠎ᠠ ᠳᠤ ᠬᠤᠯᠪᠤᠨᠨᠳᠠᠬᠤ ᠵᠦᠢᠯᠡᠰ ᠤᠳ ᠢ ᠤᠯᠤᠰ ᠤᠨ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠠᠴᠠ ᠬᠠᠷᠢᠭᠤᠴᠠᠨ ᠵᠤᠬᠢᠴᠠᠭᠤᠯᠤᠨ᠎ᠠ︔ ᠠᠵᠦ ᠠᠬᠤᠶᠢᠯᠠᠯ ᠪᠠ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠤᠨ ᠲᠠᠯ᠎ᠠ ᠳᠤ ᠬᠤᠯᠪᠤᠨᠨᠳᠠᠬᠤ ᠵᠦᠢᠯᠡᠰ ᠤᠳ ᠢ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠠᠴᠠ ᠬᠠᠷᠢᠭᠤᠴᠠᠨ ᠵᠤᠬᠢᠴᠠᠭᠤᠯᠤᠨ᠎ᠠ︔ ᠪᠠᠶᠢᠭᠤᠯᠭ᠎ᠠ ᠪᠠ ᠠᠵᠢᠯ ᠦᠢᠯᠡᠰ ᠤᠨ ᠨᠢᠬᠡᠴᠡ ᠶᠢᠨ ᠨᠡᠷᠡᠶᠢᠳᠦᠯ ᠤᠨ ᠲᠠᠯ᠎ᠠ ᠳᠤ ᠬᠤᠯᠪᠤᠨᠨᠳᠠᠬᠤ ᠵᠦᠢᠯᠡᠰ ᠤᠳ ᠢ ᠲᠦᠪ ᠤᠨ ᠤᠷᠤᠨ ᠲᠤᠭᠠᠨ ᠤ ᠠᠯᠪᠠᠨ ᠬᠡᠷ ᠠᠴᠠ ᠬᠠᠷᠢᠭᠤᠴᠠᠨ ᠵᠤᠬᠢᠴᠠᠭᠤᠯᠤᠨ᠎ᠠ︔ ᠨᠡᠶᠢᠬᠡᠮ ᠤᠨ ᠪᠦᠯᠭᠦᠮ᠂ ᠰᠠᠭᠤᠷᠢ ᠮᠦᠩᠭᠦᠨ ᠤ ᠨᠡᠶᠢᠬᠡᠮᠯᠢᠭ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠪᠤᠰᠤ ᠨᠢᠬᠡᠴᠡ ᠵᠢᠴᠢ ᠦᠨᠳᠦᠰᠦᠨ ᠱᠠᠳᠤᠨ ᠤ ᠦᠪᠡᠷᠳᠡᠬᠡᠨ ᠵᠠᠰᠠᠬᠤ ᠵᠤᠬᠢᠶᠠᠨ ᠪᠠᠶᠢᠭᠤᠯᠤᠯᠳᠠ ᠶᠢᠨ ᠨᠡᠷᠡᠶᠢᠳᠦᠯ ᠤᠨ ᠲᠠᠯ᠎ᠠ ᠳᠤ ᠬᠤᠯᠪᠤᠨᠨᠳᠠᠬᠤ ᠵᠦᠢᠯᠡᠰ ᠤᠳ ᠢ ᠠᠷᠠᠳ ᠤᠨ ᠶᠠᠪᠤᠳᠠᠯ ᠤᠨ ᠶᠠᠮᠤᠨ ᠠᠴᠠ ᠬᠠᠷᠢᠭᠤᠴᠠᠨ ᠵᠤᠬᠢᠴᠠᠭᠤᠯᠤᠨ᠎ᠠ︔ ᠨᠡᠶᠢᠬᠡᠮ ᠤᠨ ᠢᠳᠡᠬᠡᠮᠵᠢ ᠶᠢᠨ ᠨᠢᠬᠡᠳᠦᠯᠳᠡᠢ ᠤᠷᠤᠯᠠᠬᠤ ᠨᠤᠮᠧᠷ ᠤᠨ ᠲᠠᠯ᠎ᠠ ᠳᠤ ᠬᠤᠯᠪᠤᠨᠨᠳᠠᠬᠤ ᠵᠦᠢᠯᠡᠰ ᠤᠳ ᠢ ᠤᠯᠤᠰ ᠤᠨ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠠᠴᠠ ᠬᠠᠷᠢᠭᠤᠴᠠᠨ ᠵᠤᠬᠢᠴᠠᠭᠤᠯᠤᠨ᠎ᠠ᠂ ᠡᠭᠦᠨ ᠳᠤ ᠲᠤᠭ᠎ᠠ ᠪᠠᠷᠢᠮᠳᠠ ᠶᠢᠨ ᠬᠠᠮᠢᠶᠠᠷᠤᠯᠳᠠ ᠪᠠ ᠮᠡᠳᠡᠭᠡ ᠵᠠᠩᠬᠢ ᠶᠢ ᠬᠠᠮᠳᠤ ᠪᠠᠷ ᠭᠦᠷᠳᠡᠬᠦ ᠵᠦᠢᠯᠡᠰ ᠢ ᠨᠢ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠵᠦ ᠰᠢᠯᠭᠠᠨ ᠪᠠᠶᠢᠴᠠᠭᠠᠬᠤ ᠶᠡᠷᠦᠩᠬᠡᠢ ᠲᠤᠪᠴᠢᠶ᠎ᠠ ᠠᠴᠠ ᠬᠠᠷᠢᠭᠤᠴᠠᠨ ᠵᠤᠬᠢᠴᠠᠭᠤᠯᠤᠨ᠎ᠠ︔ ᠬᠤᠳᠠ ᠭᠦᠳᠡᠭᠡ ᠨᠡᠶᠢᠬᠡᠮ ᠲᠤᠭᠤᠷᠢᠭ ᠤᠨ ᠲᠤᠤᠷᠯᠢᠨᠨᠵᠢᠭᠤᠯᠤᠨᠨᠰᠠᠨ ᠦᠢᠯᠡᠴᠢᠯᠡᠬᠡᠨ ᠤ ᠬᠠᠮᠢᠶᠠᠷᠤᠯᠳᠠ ᠶᠢᠨ ᠠᠵᠢᠯ ᠪᠠ ᠨᠡᠶᠢᠬᠡᠮ ᠤᠨ ᠠᠮᠤᠷ ᠢ ᠬᠠᠮᠠᠭᠠᠯᠠᠬᠤ ᠶᠢ ᠶᠡᠷᠦᠩᠬᠡᠶᠢᠯᠡᠨ ᠵᠠᠰᠠᠬᠤ ᠮᠡᠳᠡᠭᠡ ᠵᠠᠩᠬᠢ ᠶᠢᠨ ᠰᠢᠰᠲ᠋ᠧᠮ ᠳᠤ ᠬᠤᠯᠪᠤᠨᠨᠳᠠᠬᠤ ᠵᠦᠢᠯᠡᠰ ᠤᠳ ᠢ ᠲᠦᠪ ᠤᠨ ᠶᠡᠷᠦᠩᠬᠡᠶᠢᠯᠡᠨ ᠵᠠᠰᠠᠬᠤ ᠠᠯᠪᠠᠨ ᠬᠡᠷ ᠠᠴᠠ ᠵᠤᠬᠢᠴᠠᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠤᠰᠤᠳ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠴᠤ ᠲᠤᠰ ᠲᠤᠰ ᠤᠨ ᠡᠭᠦᠷᠬᠡ ᠴᠢᠳᠠᠪᠤᠷᠢ ᠪᠠᠨ ᠦᠨᠳᠦᠰᠦᠯᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠬᠡᠯᠡᠨ᠂ ᠭᠦᠴᠦ ᠪᠠᠨ ᠨᠢᠬᠡᠳᠬᠡᠨ ᠬᠠᠮᠳᠤᠷᠠᠨ ᠠᠵᠢᠯᠯᠠᠵᠦ᠂ ᠨᠢᠨᠨᠳᠠ ᠬᠠᠮᠵᠢᠯᠴᠠᠨ᠂ ᠮᠡᠳᠡᠭᠡ ᠵᠠᠩᠬᠢ ᠶᠢ ᠬᠠᠮᠳᠤ ᠪᠠᠷ ᠭᠦᠷᠳᠡᠬᠦ ᠬᠡᠷᠡᠭᠳᠡᠢ᠃ ᠨᠡᠶᠢᠳᠡᠮ ᠪᠠᠶᠢᠴᠠᠭᠠᠨᠨᠳᠠᠬᠤ ᠡᠳᠡᠬᠡᠳ ᠤᠨ ᠨᠡᠶᠢᠳᠡᠮ ᠪᠠᠶᠢᠴᠠᠭᠠᠯᠳᠠ ᠳᠤ ᠬᠤᠯᠪᠤᠨᠨᠳᠠᠬᠤ ᠮᠠᠲ᠋ᠧᠷᠢᠶᠠᠯ ᠢ ᠡᠵᠡᠮᠰᠢᠵᠦ ᠪᠠᠶᠢᠭ᠎ᠠ ᠡᠯ᠎ᠡ ᠱᠠᠳᠤᠨ ᠤ ᠰᠠᠯᠠᠭ᠎ᠠ ᠮᠦᠴᠢᠷ ᠨᠢ ᠰᠠᠯᠠᠭ᠎ᠠ ᠮᠦᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠠ ᠲᠤᠭ᠎ᠠ ᠪᠠᠷᠢᠮᠳᠠ ᠶᠢᠨ ᠮᠡᠳᠡᠭᠡ ᠵᠠᠩᠬᠢ ᠶᠢ ᠴᠠᠭ ᠲᠤᠨᠢ ᠤᠨᠤᠪᠴᠢᠳᠠᠢ ᠬᠠᠩᠭᠠᠬᠤ ᠬᠡᠷᠡᠭᠳᠡᠢ᠃ ᠪᠠᠩᠬᠢ᠂ ᠲᠡᠮᠳᠡᠭᠳᠦ᠂ ᠲᠠᠭᠠᠳᠬᠠᠯ᠂ ᠲᠡᠮᠦᠷ ᠵᠠᠮ ᠵᠡᠷᠬᠡ ᠰᠠᠯᠠᠭ᠎ᠠ ᠮᠦᠴᠢᠷ ᠪᠠ ᠨᠢᠬᠡᠴᠡ ᠵᠢᠴᠢ ᠬᠤᠯᠪᠤᠨᠨᠳᠠᠯ ᠪᠦᠭᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠬᠤ ᠲᠦᠰᠦᠯ ᠤᠨ ᠨᠢᠬᠡᠳᠦᠯᠳᠡᠢ ᠱᠠᠭᠠᠷᠳᠠᠯᠭ᠎ᠠ ᠶᠤᠰᠤᠭᠠᠷ᠂ ᠲᠤᠰ ᠰᠢᠰᠲ᠋ᠧᠮ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠵᠦ ᠦᠷᠨᠢᠬᠦᠯᠬᠦ ᠶᠢ ᠬᠠᠷᠢᠭᠤᠴᠠᠨ᠎ᠠ᠃       ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠵᠤᠬᠢᠬᠤ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠲᠤᠭᠤᠶᠢᠯᠠᠩ ᠵᠢᠴᠢ ᠠᠯᠪᠠᠨ ᠬᠡᠷ ᠢ ᠪᠠᠶᠢᠭᠤᠯᠤᠨ ᠲᠤᠬᠢᠷᠠᠭᠤᠯᠵᠦ᠂ ᠤᠳᠤᠷᠢᠳᠤᠯᠭ᠎ᠠ ᠪᠠᠨ ᠴᠢᠩᠭᠠᠳᠬᠠᠨ᠂ ᠲᠤᠰ ᠭᠠᠵᠠᠷ ᠤᠷᠤᠨ ᠤ ᠨᠡᠶᠢᠳᠡᠮ ᠪᠠᠶᠢᠴᠠᠭᠠᠯᠳᠠ ᠶᠢᠨ ᠬᠡᠷᠡᠭᠵᠢᠬᠦᠯᠬᠦ ᠠᠵᠢᠯ ᠢ ᠬᠢᠨᠠᠮᠠᠭᠠᠢ ᠰᠠᠶᠢᠳᠤᠷ ᠵᠤᠬᠢᠶᠠᠨ ᠪᠠᠶᠢᠭᠤᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠶᠠᠪᠤᠴᠠ ᠳᠤ ᠲᠤᠯᠭᠠᠷᠬᠠᠰᠠᠨ ᠭᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠰᠶᠢᠳᠪᠦᠷᠢᠯᠡᠬᠦ ᠬᠡᠷᠡᠭᠳᠡᠢ᠃ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠰᠠᠭᠤᠭᠠᠯᠢ ᠠᠷᠠᠳ ᠤᠨ ᠵᠦᠪᠯᠡᠯ᠂ ᠰᠢᠶᠠᠩ ᠪᠠᠯᠭᠠᠰᠤᠨ ᠤ ᠵᠠᠰᠠᠭ ᠤᠨ ᠤᠷᠳᠤᠨ ᠪᠠ ᠲᠤᠰᠬᠤᠨ ᠤ ᠠᠷᠠᠳ ᠤᠨ ᠵᠦᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠨᠡᠶᠢᠬᠡᠮ ᠤᠨ ᠭᠦᠴᠦᠨ ᠢ ᠦᠷᠬᠡᠨ ᠢᠶᠠᠷ ᠲᠠᠶᠢᠴᠢᠯᠠᠬᠤ ᠪᠠ ᠵᠤᠬᠢᠶᠠᠨ ᠪᠠᠶᠢᠭᠤᠯᠵᠦ ᠨᠡᠶᠢᠳᠡᠮ ᠪᠠᠶᠢᠴᠠᠭᠠᠯᠳᠠ ᠶᠢᠨ ᠠᠵᠢᠯ ᠳᠤ ᠢᠳᠡᠪᠬᠢᠳᠡᠢ ᠤᠷᠤᠯᠴᠠᠭᠤᠯᠬᠤ ᠶᠢᠨ ᠬᠠᠮᠳᠤ ᠬᠢᠨᠠᠮᠠᠭᠠᠢ ᠬᠠᠮᠵᠢᠯᠴᠠᠭᠤᠯᠵᠦ ᠪᠠᠶᠢᠭᠠᠳ ᠰᠠᠶᠢᠳᠤᠷ ᠬᠢᠬᠦ ᠬᠡᠷᠡᠭᠳᠡᠢ᠃ ᠤᠷᠤᠨ ᠨᠤᠳᠤᠭ ᠤᠨ ᠨᠡᠶᠢᠳᠡᠮ ᠪᠠᠶᠢᠴᠠᠭᠠᠯᠳᠠ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠨᠦᠭᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠳᠠ ᠶᠢᠨ ᠵᠢᠭᠠᠨ ᠵᠢᠯᠤᠭᠤᠳᠤᠨᠨᠴᠢ ᠪᠠ ᠨᠡᠶᠢᠳᠡᠮ ᠪᠠᠶᠢᠴᠠᠭᠠᠨᠨᠴᠢ ᠶᠢ ᠤᠷᠢᠵᠦ ᠬᠡᠷᠡᠭᠯᠡᠬᠦ ᠪᠤᠶᠤ ᠬᠤᠯᠪᠤᠨᠨᠳᠠᠯ ᠪᠦᠭᠦᠢ ᠨᠢᠬᠡᠴᠡ ᠠᠴᠠ ᠵᠦᠪᠳᠡᠯᠴᠡᠨ ᠰᠢᠯᠵᠢᠬᠦᠯᠬᠦ ᠶᠢᠨ ᠬᠠᠮᠳᠤ᠂ ᠤᠷᠢᠨᠨᠳᠠᠨ ᠠᠵᠢᠯᠯᠠᠬᠤ ᠭᠦᠮᠦᠰ ᠤᠨ ᠭᠦᠳᠡᠯᠮᠦᠷᠢ ᠶᠢᠨ ᠭᠦᠯᠦᠰᠦ ᠤᠯᠭᠤᠮᠵᠢ ᠶᠢ ᠴᠠᠭ ᠲᠤᠨᠢ ᠤᠯᠭᠤᠵᠦ᠂ ᠵᠦᠪᠳᠡᠯᠴᠡᠨ ᠰᠢᠯᠵᠢᠬᠦᠯᠬᠦ ᠭᠦᠮᠦᠰ ᠤᠨ ᠤᠤᠯ ᠤᠨ ᠨᠢᠬᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠤᠯᠭᠤᠮᠵᠢ ᠶᠢ ᠦᠯᠦ ᠬᠤᠪᠢᠷᠠᠭᠤᠯᠬᠤ ᠶᠢ ᠪᠠᠳᠤᠯᠠᠨ᠂ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠡᠩᠨᠡᠭᠡ ᠶᠢ ᠲᠤᠨᠨᠳᠠᠪᠤᠷᠢᠵᠢᠭᠤᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠨᠨᠰᠢᠳᠠᠢ ᠶᠠᠪᠤᠨᠨᠳᠠᠬᠤ ᠶᠢ ᠪᠠᠳᠤᠯᠠᠬᠤ ᠬᠡᠷᠡᠭᠳᠡᠢ᠃       ᠲᠠᠪᠤ᠂ ᠨᠡᠶᠢᠳᠡᠮ ᠪᠠᠶᠢᠴᠠᠭᠠᠬᠤ ᠵᠠᠷᠤᠳᠠᠯ ᠤᠨ ᠪᠠᠳᠤᠯᠠᠭ᠎ᠠ       ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠳᠤ ᠬᠡᠷᠡᠭᠰᠡᠬᠦ ᠵᠠᠷᠤᠳᠠᠯ ᠢ ᠲᠦᠪ ᠪᠠ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠮᠳᠤ ᠪᠠᠷ ᠡᠭᠦᠷᠬᠡᠯᠡᠬᠦ ᠶᠢᠨ ᠬᠠᠮᠳᠤ᠂ ᠵᠤᠬᠢᠬᠤ ᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂ ᠴᠠᠭ ᠲᠤᠨᠢ ᠰᠠᠯᠭᠠᠨ ᠦᠭᠴᠤ᠂ ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃       ᠵᠢᠷᠭᠤᠭ᠎ᠠ᠂ ᠨᠡᠶᠢᠳᠡᠮ ᠪᠠᠶᠢᠴᠠᠭᠠᠬᠤ ᠠᠵᠢᠯ ᠤᠨ ᠱᠠᠭᠠᠷᠳᠠᠯᠭ᠎ᠠ       ᠬᠠᠤᠯᠢ ᠶᠤᠰᠤᠭᠠᠷ ᠨᠡᠶᠢᠳᠡᠮ ᠪᠠᠶᠢᠴᠠᠭᠠᠬᠤ ᠶᠢ ᠪᠠᠷᠢᠮᠳᠠᠯᠠᠨ᠎ᠠ᠃ ᠨᠡᠶᠢᠳᠡᠮ ᠪᠠᠶᠢᠴᠠᠭᠠᠬᠤ ᠠᠵᠢᠯᠳᠠᠨ ᠪᠠ ᠨᠡᠶᠢᠳᠡᠮ ᠪᠠᠶᠢᠴᠠᠭᠠᠨᠨᠳᠠᠬᠤ ᠡᠳᠡᠬᠡᠳ ᠪᠦᠭᠦᠨ ᠡᠷᠬᠡᠪᠰᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠬᠦᠯᠬᠦ ᠲᠦᠷᠢᠮ︾ ᠪᠠ ︽ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠤᠨ ᠪᠠᠶᠢᠴᠠᠭᠠᠯᠳᠠ ᠶᠢᠨ ᠲᠦᠷᠢᠮ︾᠎ ᠤᠨ ᠲᠤᠨᠨᠳᠠᠭᠠᠯ ᠢ ᠴᠢᠩᠭ᠎ᠠ ᠵᠢᠷᠤᠮᠯᠠᠵᠦ᠂ ᠨᠡᠶᠢᠳᠡᠮ ᠪᠠᠶᠢᠴᠠᠭᠠᠯᠳᠠ ᠶᠢᠨ ᠭᠦᠰᠦᠨᠦᠭ ᠢ ᠴᠠᠭ ᠲᠤᠨᠢ᠂ ᠦᠨᠡᠨ ᠪᠤᠳᠠᠳᠠᠢ ᠪᠠᠷ ᠲᠬᠠᠯᠠᠨ ᠮᠡᠳᠡᠬᠦᠯᠬᠦ ᠬᠡᠷᠡᠭᠳᠡᠢ᠃ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠬᠤᠳᠠᠯ ᠢᠶᠠᠷ ᠮᠡᠳᠡᠬᠦᠯᠬᠦ᠂ ᠨᠢᠭᠤᠵᠦ ᠦᠯᠦ ᠮᠡᠳᠡᠬᠦᠯᠬᠦ᠂ ᠮᠡᠳᠡᠬᠦᠯᠬᠦ ᠶᠢ ᠲᠡᠪᠴᠢᠬᠦ᠂ ᠬᠤᠵᠢᠨᠨᠳᠠᠭᠤᠯᠤᠨ ᠮᠡᠳᠡᠬᠦᠯᠵᠦ ᠪᠤᠯᠬᠤ ᠦᠬᠡᠢ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠵᠦ᠂ ᠦᠬᠡᠷᠡᠳᠦᠬᠦᠯᠦᠨ ᠬᠤᠪᠢᠷᠠᠭᠤᠯᠵᠦ ᠪᠤᠯᠬᠤ ᠦᠬᠡᠢ᠃ ᠨᠡᠶᠢᠳᠡᠮ ᠪᠠᠶᠢᠴᠠᠭᠠᠯᠳᠠ ᠳᠤ ᠭᠠᠷᠳ᠋ᠬᠠᠰᠠᠨ ᠨᠢᠬᠡᠴᠡ ᠪᠠ ᠬᠤᠪᠢ ᠭᠦᠮᠦᠨ ᠤ ᠮᠠᠲ᠋ᠧᠷᠢᠶᠠᠯ ᠤᠳ ᠢ ᠨᠡᠶᠢᠳᠡᠮ ᠪᠠᠶᠢᠴᠠᠭᠠᠯᠳᠠ ᠳᠤ ᠬᠡᠷᠡᠭᠯᠡᠬᠦ ᠵᠤᠷᠢᠯᠭ᠎ᠠ ᠪᠠᠷ ᠴᠢᠩᠭ᠎ᠠ ᠬᠢᠵᠠᠭᠠᠷᠯᠠᠵᠦ᠂ ᠶᠠᠮᠠᠷᠪᠡ ᠨᠢᠬᠡᠴᠡ ᠠᠴᠠ ᠨᠡᠶᠢᠳᠡᠮ ᠪᠠᠶᠢᠴᠠᠭᠠᠨᠨᠳᠠᠬᠤ ᠡᠳᠡᠬᠡᠳ ᠲᠤ ᠰᠢᠳᠬᠡᠯ ᠲᠤᠷᠭᠠᠭᠤᠯᠢ ᠬᠡᠷᠡᠭᠵᠢᠬᠦᠯᠬᠦ ᠶᠢᠨ ᠦᠨᠳᠦᠰᠦᠯᠡᠯ ᠪᠤᠯᠭᠠᠵᠦ ᠪᠤᠯᠬᠤ ᠦᠬᠡᠢ᠃ ᠡᠯ᠎ᠡ ᠱᠠᠳᠤᠨ ᠤ ᠨᠡᠶᠢᠳᠡᠮ ᠪᠠᠶᠢᠴᠠᠭᠠᠬᠤ ᠪᠠᠶᠢᠭᠤᠯᠤᠮᠵᠢ ᠵᠢᠴᠢ ᠲᠡᠳᠡᠬᠡᠷ ᠤᠨ ᠠᠵᠢᠯᠳᠠᠳ ᠨᠢ ᠨᠡᠶᠢᠳᠡᠮ ᠪᠠᠶᠢᠴᠠᠭᠠᠯᠳᠠ ᠶᠢᠨ ᠶᠠᠪᠤᠴᠠ ᠳᠤ ᠤᠯᠤᠰ ᠤᠨ ᠨᠢᠭᠤᠴᠠ ᠪᠠ ᠨᠡᠶᠢᠳᠡᠮ ᠪᠠᠶᠢᠴᠠᠭᠠᠨᠨᠳᠠᠬᠤ ᠡᠳᠡᠬᠡᠳ ᠤᠨ ᠬᠤᠳᠠᠯᠳᠤᠭᠠᠨ ᠤ ᠨᠢᠭᠤᠴᠠ ᠶᠢ ᠤᠶᠢᠯᠠᠭᠠᠵᠦ ᠮᠡᠳᠡᠭᠰᠡᠨ ᠪᠤᠯ ᠡᠷᠬᠡᠪᠰᠢ ᠨᠢᠭᠤᠴᠠ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠳᠡᠢ᠃       ᠲᠤᠭ᠎ᠠ ᠪᠠᠷᠢᠮᠳᠠ ᠶᠢᠨ ᠶᠠᠰᠤ ᠴᠢᠨᠠᠷ ᠢ ᠪᠠᠳᠤᠯᠠᠬᠤ ᠬᠡᠷᠡᠭᠳᠡᠢ᠃ ᠲᠤᠭ᠎ᠠ ᠪᠦᠷᠢᠳᠬᠡᠯ ᠤᠨ ᠬᠠᠮᠢᠶᠠᠷᠤᠯᠳᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠦᠷᠭᠦᠯᠵᠢᠯᠡᠨ ᠭᠦᠨᠵᠡᠬᠡᠶᠢᠷᠡᠬᠦᠯᠵᠦ᠂ ᠪᠦᠷᠢᠳᠬᠡᠯ ᠤᠨ ᠲᠤᠭ᠎ᠠ ᠪᠠᠷᠢᠮᠳᠠ ᠶᠢᠨ ᠦᠨᠡᠨ ᠪᠤᠳᠠᠳᠤ ᠴᠢᠨᠠᠷ ᠢ ᠤᠯᠠᠮ ᠨᠢᠬᠡ ᠠᠯᠬᠤᠮ ᠲᠡᠬᠡᠭᠰᠢᠯᠡᠬᠦᠯᠦᠨ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠶᠠᠰᠤ ᠴᠢᠨᠠᠷ ᠢ ᠮᠦᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠦᠷᠢᠳᠬᠡᠯ ᠳᠤ ᠭᠦᠨᠳᠦ ᠨᠤᠴᠢᠳᠠᠢ ᠢᠳᠡᠬᠡᠯ ᠠᠯᠳ᠋ᠬᠠᠰᠠᠨ ᠠᠵᠦ ᠠᠬᠤᠶᠢᠯᠠᠯ ᠢ ᠨᠡᠶᠢᠳᠡ ᠳᠤ ᠵᠠᠷᠯᠠᠬᠤ ᠪᠠ ᠬᠠᠮᠳᠤᠷᠠᠯᠴᠠᠵᠦ ᠵᠠᠯᠬᠠᠭᠠᠨ ᠰᠢᠳᠬᠡᠬᠦ ᠲᠦᠷᠢᠮ ᠢ ᠪᠦᠭᠦ ᠲᠠᠯ᠎ᠠ ᠪᠠᠷ ᠬᠡᠷᠡᠭᠵᠢᠬᠦᠯᠦᠨ᠂ ᠲᠤᠭ᠎ᠠ ᠪᠦᠷᠢᠳᠬᠡᠯ᠂ ᠠᠵᠦ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠪᠠᠩᠬᠢ ᠵᠡᠷᠬᠡ ᠰᠠᠯᠠᠭ᠎ᠠ ᠮᠦᠴᠢᠷ ᠪᠠ ᠨᠢᠬᠡᠴᠡ ᠠᠴᠠ ᠠᠵᠦ ᠠᠬᠤᠶᠢᠯᠠᠯ ᠤᠨ ᠢᠳᠡᠬᠡᠮᠵᠢ ᠶᠢᠨ ᠪᠠᠶᠢᠳᠠᠯ ᠳᠤ ᠬᠠᠷᠢᠯᠴᠠᠨ ᠮᠡᠳᠡᠷᠡᠬᠦ ᠶᠢ ᠬᠡᠷᠡᠭᠵᠢᠬᠦᠯᠬᠦ ᠶᠢ ᠠᠬᠢᠭᠤᠯᠬᠤ ᠬᠡᠷᠡᠭᠳᠡᠢ᠃ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠳᠠ ᠶᠢᠨ ᠠᠵᠢᠯ ᠤᠨ ᠶᠠᠪᠤᠴᠠ ᠳᠠᠬᠢ ᠬᠠᠤᠯᠢ ᠴᠠᠭᠠᠵᠠ ᠰᠠᠬᠢᠯᠭ᠎ᠠ ᠪᠠᠳᠤ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠶᠢᠳᠪᠦᠷᠢᠯᠡᠬᠦ ᠪᠠ ᠮᠡᠳᠡᠬᠡᠯᠡᠨ ᠢᠯᠡᠴᠢᠯᠡᠬᠦ ᠭᠦᠴᠦᠯᠡᠴᠡ ᠪᠠᠨ ᠴᠢᠩᠭᠠᠷᠠᠭᠤᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠵᠤᠷᠢᠭᠤᠳᠠ ᠬᠠᠷᠰᠢᠯᠠᠬᠤ ᠦᠵᠡᠭᠳᠡᠯ ᠢ ᠡᠷᠡᠰ ᠬᠤᠷᠢᠨᠨᠯᠠᠨ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠨᠨᠰᠢᠳᠠᠢ ᠶᠠᠪᠤᠨᠨᠳᠠᠬᠤ ᠪᠠ ᠨᠡᠶᠢᠳᠡᠮ ᠪᠠᠶᠢᠴᠠᠭᠠᠬᠤ ᠲᠤᠭ᠎ᠠ ᠪᠠᠷᠢᠮᠳᠠ ᠶᠢᠨ ᠦᠨᠡᠨ ᠪᠤᠳᠠᠳᠠᠢ ᠢᠳᠡᠬᠡᠮᠵᠢᠳᠡᠢ ᠪᠠᠶᠢᠬᠤ ᠶᠢ ᠪᠠᠳᠤᠯᠠᠬᠤ ᠬᠡᠷᠡᠭᠳᠡᠢ᠃ ᠨᠠᠮ ᠵᠠᠰᠠᠭ ᠤᠨ ᠰᠠᠬᠢᠯᠭ᠎ᠠ ᠪᠠᠳᠤ ᠶᠢᠨ ᠰᠢᠳᠬᠡᠯ ᠦᠭᠭᠦ ᠪᠤᠶᠤ ᠵᠤᠬᠢᠶᠠᠨ ᠪᠠᠶᠢᠭᠤᠯᠤᠯᠳᠠ ᠪᠠᠷ ᠰᠶᠢᠳᠪᠦᠷᠢᠯᠡᠬᠦ ᠶᠤᠰᠤᠳᠠᠢ ᠳᠤᠨᠢ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠮᠢᠯᠠᠵᠦ ᠤᠨᠨᠴᠠᠷᠠᠭᠤᠯᠬᠤ ᠪᠠᠶᠢᠭᠤᠯᠭ᠎ᠠ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠤᠬᠢᠶᠠᠨ ᠪᠠᠶᠢᠭᠤᠯᠬᠤ ︵ᠠᠵᠢᠯᠳᠠᠨ ᠤ ᠶᠠᠪᠤᠳᠠᠯ︶ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠰᠢᠯᠵᠢᠬᠦᠯᠦᠨ ᠭᠦᠷᠬᠡᠵᠦ ᠰᠶᠢᠳᠪᠦᠷᠢᠯᠡᠬᠦ ᠬᠡᠷᠡᠭᠳᠡᠢ᠃       ᠵᠢᠷᠤᠮᠵᠢᠭᠤᠯᠵᠦ ᠨᠢᠬᠡᠳᠦᠯᠳᠡᠢ ᠪᠠᠶᠢᠯᠭᠠᠬᠤ ᠶᠢ ᠴᠢᠩᠭᠠᠳᠬᠠᠬᠤ ᠬᠡᠷᠡᠭᠳᠡᠢ᠃ ᠤᠯᠤᠰ ᠤᠨ ᠨᠢᠬᠡᠳᠦᠯᠳᠡᠢ ᠤᠭ ᠳ᠋ᠠᠶᠢᠲ᠋ᠠ ᠶᠢᠨ ᠭᠦᠮᠦᠷᠬᠡ ᠶᠢ ᠢᠳᠡᠪᠬᠢᠳᠡᠢ ᠪᠠᠶᠢᠭᠤᠯᠵᠦ᠂ ︽ᠲᠠᠪᠤᠨ ᠦᠨᠡᠮᠯᠡᠯ ᠢ ᠨᠢᠬᠡᠳᠬᠡᠵᠦ ᠨᠢᠬᠡ ᠪᠤᠯᠭᠠᠬᠤ︾ ᠦᠬᠡᠷᠡᠴᠢᠯᠡᠯᠳᠡ ᠶᠢᠨ ᠦᠷ᠎ᠡ ᠪᠦᠳᠦᠮᠵᠢ ᠶᠢ ᠭᠦᠢᠴᠡᠳ ᠠᠰᠢᠨᠨᠯᠠᠨ᠂ ᠰᠠᠯᠠᠭ᠎ᠠ ᠮᠦᠴᠢᠷ ᠬᠠᠮᠳᠤᠷᠠᠯᠴᠬᠠᠰᠠᠨ ᠲᠤᠭ᠎ᠠ ᠪᠦᠷᠢᠳᠬᠡᠯ ᠤᠨ ᠨᠢᠬᠡᠴᠡ ᠶᠢᠨ ᠨᠡᠷᠡᠶᠢᠳᠦᠯ ᠤᠨ ᠭᠦᠮᠦᠷᠬᠡ ᠶᠢ ᠦᠷᠭᠦᠯᠵᠢᠯᠡᠨ ᠬᠠᠮᠠᠭᠠᠯᠠᠵᠦ ᠰᠢᠨᠡᠳᠬᠡᠬᠦ ᠲᠤᠨᠨᠳᠠᠴᠠ ᠶᠢ ᠪᠦᠷᠢᠨᠰᠢᠬᠦᠯᠵᠦ᠂ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠨᠢᠬᠡᠳᠦᠯᠳᠡᠢ ᠪᠠᠷ ᠬᠤᠷᠢᠶᠠᠨ ᠴᠤᠨᠨᠯᠠᠭᠤᠯᠬᠤ᠂ ᠰᠶᠢᠳᠪᠦᠷᠢᠯᠡᠬᠦ᠂ ᠰᠤᠯᠢᠯᠴᠠᠬᠤ᠂ ᠬᠠᠮᠳᠤ ᠪᠠᠷ ᠭᠦᠷᠳᠡᠬᠦ ᠪᠠᠷᠢᠮᠵᠢᠶ᠎ᠠ ᠪᠠ ᠵᠢᠷᠤᠮᠵᠢᠯ ᠢ ᠲᠡᠭᠦᠯᠳᠡᠷᠵᠢᠬᠦᠯᠬᠦ ᠬᠡᠷᠡᠭᠳᠡᠢ᠃ ᠤᠯᠤᠰ ᠤᠨ ᠨᠡᠶᠢᠳᠡᠮ ᠪᠠᠶᠢᠴᠠᠭᠠᠯᠳᠠ ᠶᠢᠨ ᠲᠤᠭᠤᠷᠢᠭ ᠢ ᠨᠢᠬᠡᠳᠦᠯᠳᠡᠢ ᠬᠤᠪᠢᠶᠠᠷᠢᠯᠠᠬᠤ ᠪᠠᠷᠢᠮᠵᠢᠶ᠎ᠠ ᠶᠢ ᠲᠤᠨᠨᠳᠠᠭᠠᠵᠦ᠂ ᠤᠯᠤᠰ ᠤᠨ ᠲᠤᠭ᠎ᠠ ᠪᠦᠷᠢᠳᠬᠡᠯ ᠤᠨ ᠭᠠᠵᠠᠷ ᠵᠦᠢ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠪᠠᠷᠢᠮᠵᠢᠶ᠎ᠠ ᠶᠢ ᠢᠳᠡᠪᠬᠢᠳᠡᠢ ᠪᠠᠷ ᠲᠤᠨᠨᠳᠠᠭᠠᠬᠤ ᠬᠡᠷᠡᠭᠳᠡᠢ᠃       ᠮᠡᠳᠡᠭᠡ ᠵᠠᠩᠬᠢᠵᠢᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠬᠦ ᠬᠡᠷᠡᠭᠳᠡᠢ᠃ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠦᠷᠬᠡᠨ ᠢᠶᠠᠷ ᠬᠡᠷᠡᠭᠯᠡᠨ᠂ ᠡᠯᠧᠺᠲᠷᠤᠨ ᠢᠶᠠᠷ ᠭᠠᠷ ᠤᠨ ᠦᠰᠦᠭ ᠵᠢᠷᠤᠬᠤ ᠶᠢ ᠪᠦᠭᠦ ᠲᠠᠯ᠎ᠠ ᠪᠠᠷ ᠲᠡᠯᠬᠡᠷᠡᠭᠦᠯᠦᠨ ᠬᠡᠷᠡᠭᠯᠡᠵᠦ᠂ ᠰᠦᠯᠵᠢᠶ᠎ᠡ ᠪᠠᠷ ᠲᠬᠠᠯᠠᠨ ᠮᠡᠳᠡᠬᠦᠯᠬᠦ ᠬᠢᠬᠡᠳ ᠡᠯᠧᠺᠲᠷᠤᠨ ᠦᠵᠦᠭᠦᠷ ᠵᠡᠷᠬᠡ ᠪᠡᠯᠡᠳᠬᠡᠮᠵᠢ ᠪᠠᠷ ᠠᠬᠤᠢ ᠲᠠᠯᠠᠪᠠᠢ ᠳᠤ ᠲᠤᠭ᠎ᠠ ᠪᠠᠷᠢᠮᠳᠠ ᠬᠤᠷᠢᠶᠠᠨ ᠴᠤᠨᠨᠯᠠᠭᠤᠯᠬᠤ ᠲᠠᠢ ᠬᠠᠷᠢᠯᠴᠠᠨ ᠤᠶᠠᠯᠳᠤᠭᠤᠯᠬᠤ ᠵᠡᠷᠬᠡ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠳᠠ ᠶᠢ ᠦᠷᠨᠢᠭᠦᠯᠵᠦ᠂ ᠤᠶᠤᠨᠴᠢ ᠭᠠᠷ ᠤᠳᠠᠰᠤ ᠶᠢ ᠰᠢᠭᠤᠳ ᠬᠡᠷᠡᠭᠯᠡᠵᠦ ᠪᠠᠶᠢᠭᠠᠳ ᠲᠤᠭ᠎ᠠ ᠪᠠᠷᠢᠮᠳᠠ ᠬᠤᠷᠢᠶᠠᠨ ᠴᠤᠨᠨᠯᠠᠭᠤᠯᠬᠤ ᠶᠢ ᠰᠦᠪᠡᠭᠴᠢᠯᠡᠨ᠂ ᠤᠯᠤᠰ ᠤᠨ ᠲᠤᠭ᠎ᠠ ᠪᠦᠷᠢᠳᠬᠡᠯ ᠤᠨ ᠡᠯᠧᠺᠲᠷᠤᠨ ᠭᠠᠵᠠᠷ ᠵᠦᠢ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠰᠢᠨᠡᠳᠬᠡᠵᠦ ᠲᠡᠭᠦᠯᠳᠡᠷᠵᠢᠬᠦᠯᠬᠦ ᠲᠤᠨᠨᠳᠠᠴᠠ ᠶᠢ ᠪᠠᠶᠢᠭᠤᠯᠵᠦ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠬᠤᠷᠢᠶᠠᠨ ᠴᠤᠨᠨᠯᠠᠭᠤᠯᠬᠤ ᠳᠤ ᠰᠠᠭᠠᠳ ᠠᠴᠠ ᠵᠠᠶᠢᠯᠠᠭᠤᠯᠬᠤ ᠴᠢᠳᠠᠪᠤᠷᠢ ᠪᠠ ᠲᠤᠭ᠎ᠠ ᠪᠠᠷᠢᠮᠳᠠ ᠬᠤᠷᠢᠶᠠᠨ ᠴᠤᠨᠨᠯᠠᠭᠤᠯᠵᠦ ᠰᠶᠢᠳᠪᠦᠷᠢᠯᠡᠬᠦ ᠶᠢᠨ ᠦᠢᠯᠡᠳᠦᠯ ᠴᠢᠳᠠᠮᠵᠢ ᠶᠢ ᠲᠡᠬᠡᠭᠰᠢᠯᠡᠬᠦᠯᠦᠨ᠂ ᠦᠨᠳᠦᠰᠦᠨ ᠱᠠᠳᠤᠨ ᠤ ᠨᠡᠶᠢᠳᠡᠮ ᠪᠠᠶᠢᠴᠠᠭᠠᠬᠤ ᠠᠵᠢᠯᠳᠠᠳ ᠤᠨ ᠲᠠᠷᠤᠭᠠᠰᠤ ᠶᠢ ᠭᠦᠩᠬᠡᠯᠡᠬᠦ ᠬᠡᠷᠡᠭᠳᠡᠢ᠃       ᠤᠬᠠᠭᠤᠯᠵᠦ ᠭᠦᠳᠦᠯᠦᠨ ᠵᠢᠯᠤᠭᠤᠳᠬᠤ ᠶᠢ ᠴᠢᠬᠤᠯᠠᠴᠢᠯᠠᠬᠤ ᠬᠡᠷᠡᠭᠳᠡᠢ᠃ ᠡᠯ᠎ᠡ ᠱᠠᠳᠤᠨ ᠤ ᠨᠡᠶᠢᠳᠡᠮ ᠪᠠᠶᠢᠴᠠᠭᠠᠬᠤ ᠪᠠᠶᠢᠭᠤᠯᠤᠮᠵᠢ ᠨᠢ ᠤᠬᠠᠭᠤᠯᠬᠤ ᠰᠠᠯᠠᠭ᠎ᠠ ᠮᠦᠴᠢᠷ ᠲᠠᠢ ᠬᠠᠮᠳᠤᠷᠠᠯᠴᠠᠨ ᠨᠡᠶᠢᠳᠡᠮ ᠪᠠᠶᠢᠴᠠᠭᠠᠯᠳᠠ ᠶᠢᠨ ᠤᠬᠠᠭᠤᠯᠭ᠎ᠠ ᠶᠢᠨ ᠰᠡᠳᠦᠵᠦ ᠲᠦᠯᠦᠪᠯᠡᠬᠦ ᠪᠠ ᠵᠤᠬᠢᠶᠠᠨ ᠪᠠᠶᠢᠭᠤᠯᠬᠤ ᠠᠵᠢᠯ ᠢ ᠬᠢᠨᠠᠮᠠᠭᠠᠢ ᠰᠠᠶᠢᠳᠤᠷ ᠬᠢᠬᠦ ᠬᠡᠷᠡᠭᠳᠡᠢ᠃ ᠰᠤᠨᠢᠨ ᠮᠡᠳᠡᠬᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠦ᠂ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠴᠢᠬᠤᠯᠠ ᠠᠴᠢ ᠬᠤᠯᠪᠤᠨᠨᠳᠠᠯ ᠪᠠ ᠱᠠᠭᠠᠷᠳᠠᠯᠭ᠎ᠠ ᠶᠢ ᠦᠷᠬᠡᠨ ᠭᠦᠨᠵᠡᠬᠡᠢ ᠤᠬᠠᠭᠤᠯᠤᠨ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠶᠠᠪᠤᠴᠠ ᠳᠤ ᠴᠤᠯᠭᠠᠷᠬᠠᠰᠠᠨ ᠨᠡᠶᠢᠳᠡᠯᠢᠭ ᠦᠢᠯᠡ ᠶᠠᠪᠤᠳᠠᠯ ᠢ ᠤᠬᠠᠭᠤᠯᠵᠦ᠂ ᠬᠠᠤᠯᠢ ᠴᠠᠭᠠᠵᠠ ᠰᠠᠬᠢᠯᠭ᠎ᠠ ᠪᠠᠳᠤ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠶᠢᠳᠪᠦᠷᠢᠯᠡᠭᠰᠡᠨ ᠪᠠᠶᠢᠳᠠᠯ ᠢ ᠮᠡᠳᠡᠬᠡᠯᠡᠨ᠂ ᠦᠷᠬᠡᠨ ᠤᠯᠠᠨ ᠨᠡᠶᠢᠳᠡᠮ ᠪᠠᠶᠢᠴᠠᠭᠠᠯᠳᠠ ᠶᠢᠨ ᠠᠵᠢᠯᠳᠠᠨ ᠢ ᠭᠦᠮᠦᠵᠢᠬᠦᠯᠵᠦ ᠪᠠᠶᠢᠭᠠᠳ ᠬᠠᠤᠯᠢ ᠶᠤᠰᠤᠭᠠᠷ ᠨᠡᠶᠢᠳᠡᠮ ᠪᠠᠶᠢᠴᠠᠭᠠᠯᠳᠠ ᠶᠢ ᠦᠷᠨᠢᠬᠦᠯᠵᠦ᠂ ᠦᠷᠬᠡᠨ ᠤᠯᠠᠨ ᠨᠡᠶᠢᠳᠡᠮ ᠪᠠᠶᠢᠴᠠᠭᠠᠨᠨᠳᠠᠬᠤ ᠡᠳᠡᠬᠡᠳ ᠢ ᠭᠦᠳᠦᠯᠦᠨ ᠵᠢᠯᠤᠭᠤᠳᠴᠤ ᠨᠡᠶᠢᠳᠡᠮ ᠪᠠᠶᠢᠴᠠᠭᠠᠯᠳᠠ ᠳᠤ ᠬᠠᠤᠯᠢ ᠶᠤᠰᠤᠭᠠᠷ ᠬᠠᠮᠵᠢᠯᠴᠠᠭᠤᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠨᠨᠰᠢᠳᠠᠢ ᠬᠡᠷᠡᠭᠵᠢᠬᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠬᠡᠨ ᠤ ᠤᠷᠴᠢᠨ ᠠᠬᠤᠢ ᠶᠢ ᠬᠠᠩᠭᠠᠬᠤ ᠬᠡᠷᠡᠭᠳᠡᠢ᠃            ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map