ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/8/10
     ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ᠣᠶᠢᠷ᠎ᠠ ᠳᠤ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ ︵ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠵᠠᠷᠯᠢᠭ 4 ᠳ᠋ᠦ᠋ᠭᠡᠷ ᠲᠣᠭᠠᠲᠤ᠂ ᠳᠣᠷᠣᠭᠰᠢ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ 2019 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ᠂ ᠵᠠᠷᠴᠢᠮ ᠪᠠ ᠠᠭᠤᠯᠭ᠎ᠠ ᠵᠡᠷᠭᠡ ᠶᠢ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠠᠰᠠᠭᠤᠯᠲᠠ᠄ 2006 ᠣᠨ ᠳᠤ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠲᠦᠷ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠨ ᠬᠡᠷᠡᠭᠵᠢᠭᠦᠯᠦᠭᠡᠳ ᠣᠳᠣ ᠪᠣᠯᠲᠠᠯ᠎ᠠ ᠨᠢᠭᠡᠨᠲᠡ 12 ᠵᠢᠯ ᠪᠣᠯᠪᠠ᠂ ᠡᠨᠡ ᠤᠳᠠᠭ᠎ᠠ ᠵᠠᠰᠠᠪᠤᠷᠢ ᠣᠷᠣᠭᠤᠯᠤᠭᠰᠠᠨ ᠨᠢ ᠶᠠᠮᠠᠷ ᠪᠣᠳᠣᠯᠬᠢᠯᠠᠯ ᠳᠤ ᠰᠠᠭᠤᠷᠢᠯᠠᠭᠰᠠᠨ ᠪᠣᠢ︖      ᠬᠠᠷᠢᠭᠤᠯᠲᠠ᠄ 2006 ᠣᠨ ᠤ 2 ᠳ᠋ᠤᠭᠠᠷ ᠰᠠᠷ᠎ᠠ ᠳᠤ᠂ ᠤᠤᠯ ᠤᠨ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠢ ᠲᠣᠪᠴᠢᠶ᠎ᠠ ᠠᠴᠠ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠲᠦᠷ ᠬᠡᠷᠡᠭᠵᠢᠭᠦᠯᠬᠦ ᠠᠷᠭ᠎ᠠ︾ ︵ᠣᠷᠴᠢᠨ ᠲᠠᠷᠬᠠᠭᠠᠭᠰᠠᠨ ﹇2006﹈ 28 ᠳ᠋ᠤᠭᠠᠷ ᠲᠣᠭᠠᠲᠤ᠂ ᠳᠣᠷᠣᠭᠰᠢ ︽ᠲᠦᠷ ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠠᠩᠬ᠎ᠠ ᠤᠳᠠᠭ᠎ᠠ ᠪᠦᠬᠦ ᠲᠠᠯ᠎ᠠ ᠪᠠᠷ ᠰᠢᠰᠲ᠋ᠧᠮ ᠲᠠᠢ ᠲᠣᠭᠲᠠᠭᠠᠪᠠ᠃ ᠠᠷᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠠᠵᠢᠯᠯᠠᠭ᠎ᠠ ᠪᠦᠬᠦ ᠲᠠᠯ᠎ᠠ ᠪᠠᠷ ᠥᠷᠨᠢᠨ᠂ ᠨᠡᠶᠢᠲᠡ ᠣᠯᠠᠨ ᠤ ᠣᠷᠴᠢᠨ ᠲᠣᠭᠤᠷᠢᠨ ᠢ ᠬᠠᠮᠠᠭᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠤᠶᠢᠯ ᠤᠨ ᠶᠡᠭᠡ ᠪᠠᠷ ᠳᠠᠶᠢᠴᠢᠯᠠᠵᠤ  ᠂ ᠨᠡᠶᠢᠲᠡ ᠣᠯᠠᠨ ᠤ ᠣᠷᠴᠢᠨ ᠲᠣᠭᠤᠷᠢᠨ ᠢ ᠬᠠᠮᠠᠭᠠᠯᠠᠬᠤ ᠬᠦᠰᠡᠯ ᠱᠠᠭᠠᠷᠳᠠᠯᠭ᠎ᠠ  ᠪᠠᠨ ᠢᠯᠡᠳᠬᠡᠬᠦ ᠠᠷᠭ᠎ᠠ ᠵᠠᠮ ᠢ  ᠰᠠᠭᠠᠳ ᠦᠭᠡᠢ ᠨᠡᠪᠲᠡᠷᠡᠭᠦᠯᠵᠦ  ᠂ ᠨᠡᠶᠢᠲᠡ ᠣᠯᠠᠨ ᠤ ᠣᠷᠴᠢᠨ ᠲᠣᠭᠤᠷᠢᠨ ᠤ ᠡᠷᠬᠡ ᠠᠰᠢᠭ ᠢ ᠬᠠᠮᠠᠭᠠᠯᠠᠭᠰᠠᠨ ᠠᠴᠠ ᠨᠡᠶᠢᠭᠡᠮ ᠤᠨ ᠬᠢᠨ ᠎ ᠤ ᠥᠷᠭᠡᠨ ᠳᠡᠯᠭᠡᠷ ᠵᠥᠪᠰᠢᠶᠡᠷᠡᠯ ᠢ ᠣᠯᠵᠠᠢ᠃      ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠳᠤ ᠰᠢᠨ᠎ᠡ ᠪᠠᠶᠢᠳᠠᠯ ᠪᠠ ᠱᠠᠭᠠᠷᠳᠠᠯᠭ᠎ᠠ ᠲᠤᠯᠭᠠᠷᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠥᠷᠭᠡᠨ ᠣᠯᠠᠨ ᠠᠷᠠᠳ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠲᠡ ᠣᠯᠠᠨ ᠤ ᠬᠠᠮᠲᠤ ᠪᠠᠷ ᠣᠷᠣᠯᠴᠠᠭᠰᠠᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠨᠢ ᠠᠷᠠᠳ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠡᠷᠬᠡ ᠠᠰᠢᠭ ᠢ ᠪᠠᠲᠤᠯᠠᠬᠤ ᠬᠦᠴᠦᠲᠡᠢ ᠠᠷᠭ᠎ᠠ ᠠᠪᠴᠢᠯ᠂ ᠣᠷᠴᠢᠨ ᠲᠣᠭᠤᠷᠢᠨ ᠳᠤ ᠵᠠᠰᠠᠯᠲᠠ ᠬᠢᠬᠦ ᠳᠤ ᠬᠠᠮᠲᠤ ᠪᠠᠷ ᠣᠷᠣᠯᠴᠠᠭᠰᠠᠨ ᠰᠢᠰᠲ᠋ᠧᠮᠵᠢ ᠶᠢ ᠪᠠᠶᠢᠭᠤᠯᠬᠤ ᠶᠢᠨ ᠪᠦᠲᠦᠮᠵᠢᠲᠡᠢ ᠠᠷᠭ᠎ᠠ ᠵᠠᠮ ᠪᠣᠯᠣᠭᠰᠠᠨ ᠤ ᠬᠤᠪᠢ ᠳᠤ᠂ ᠦᠢᠯᠡᠳᠦᠯ ᠨᠢ ᠶᠠᠪᠤᠬᠤ ᠲᠤᠲᠤᠮ ᠴᠢᠬᠤᠯᠠ ᠪᠣᠯᠬᠤ ᠪᠣᠯᠣᠨ᠎ᠠ᠃ ᠡᠭᠦᠨ ᠤ ᠬᠠᠮᠲᠤ᠂ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠣᠬᠢᠴᠠᠯᠳᠤᠭᠤᠯᠬᠤ ᠴᠢᠬᠤᠯᠠᠲᠠᠢ᠃ ᠨᠢᠭᠡ ᠳᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠡᠲᠡᠭᠡᠳ ᠤᠨ ᠬᠡᠪᠴᠢᠶ᠎ᠡ᠂ ᠬᠡᠯᠪᠡᠷᠢ᠂ ᠢᠯᠡ ᠪᠣᠯᠭᠠᠬᠤ ᠠᠭᠤᠯᠭ᠎ᠠ᠂ ᠬᠢᠨᠠᠯᠲᠠ ᠲᠠᠯᠪᠢᠯᠲᠠ ᠵᠡᠷᠭᠡ ᠳᠤ ᠨᠡᠩ ᠲᠣᠳᠣᠷᠬᠠᠢ ᠱᠠᠭᠠᠷᠳᠠᠯᠭ᠎ᠠ ᠳᠤᠷᠠᠳᠪᠠ︔ ᠬᠤᠶᠠᠷ ᠲᠤ᠂ ᠨᠡᠶᠢᠲᠡ ᠣᠯᠠᠨ ᠤ ᠣᠷᠴᠢᠨ ᠲᠣᠭᠤᠷᠢᠨ ᠤ ᠲᠠᠯ᠎ᠠ ᠪᠠᠷ ᠎ ᠬᠢ ᠦᠵᠡᠯ ᠤᠬᠠᠮᠰᠠᠷ ᠨᠢ ᠲᠠᠰᠤᠷᠠᠯᠲᠠ ᠦᠭᠡᠢ ᠴᠢᠩᠭᠠᠷᠠᠨ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠣᠷᠣᠯᠴᠠᠬᠤ ᠪᠠᠷ ᠳᠠᠮᠵᠢᠭᠤᠯᠤᠨ ᠲᠤᠰ ᠪᠡᠶ᠎ᠡ ᠶᠢᠨ ᠢᠶᠠᠨ ᠣᠷᠴᠢᠨ ᠲᠣᠭᠤᠷᠢᠨ ᠤ ᠡᠷᠬᠡ ᠠᠰᠢᠭ ᠢ ᠬᠠᠮᠠᠭᠠᠯᠠᠬᠤ ᠰᠠᠨᠠᠭᠠᠴᠢᠯᠠᠭᠠᠲᠤ ᠴᠢᠨᠠᠷ ᠨᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠬᠤ ᠪᠣᠯᠬᠤᠷ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢᠨ ᠶᠡᠷᠦᠩᠬᠡᠶᠢᠯᠡᠭᠰᠡᠨ ᠠᠰᠠᠭᠤᠳᠠᠯ ᠢ ᠪᠠᠴᠢᠮ ᠰᠢᠢᠳᠪᠦᠷᠢᠯᠡᠬᠦ ᠴᠢᠬᠤᠯᠠᠲᠠᠢ᠂ ᠵᠢᠱᠢᠶᠡᠯᠡᠪᠡᠯ ᠭᠠᠵᠠᠷ ᠰᠢᠷᠣᠢ ᠲᠠᠲᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ᠂ ᠠᠵᠢᠯ ᠣᠯᠭᠤᠬᠤ᠂ ᠡᠳ᠋ ᠬᠥᠷᠥᠩᠭᠡ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠤᠰᠤ ᠠᠰᠢᠭ ᠲᠤᠰᠠ ᠪᠠ ᠬᠦᠰᠡᠯ ᠱᠠᠭᠠᠷᠳᠠᠯᠭ᠎ᠠ ᠶᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠪᠠᠷ ᠳᠠᠮᠵᠢᠭᠤᠯᠵᠤ ᠲᠥᠪᠯᠡᠷᠡᠩᠭᠦᠢ ᠪᠠᠷ ᠢᠯᠡᠳᠬᠡᠬᠦ ᠪᠣᠯᠭᠠᠨ᠎ᠠ︔ ᠭᠤᠷᠪᠠ ᠳᠤ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠦᠢᠯᠡᠳᠦᠯᠭᠡ ᠳᠤ ᠣᠷᠣᠰᠢᠵᠤ ᠪᠠᠶᠢᠭ᠎ᠠ ᠬᠠᠷᠢᠭᠤᠴᠠᠯᠭ᠎ᠠ ᠶᠢᠨ ᠭᠤᠣᠯ ᠴᠣᠭᠴᠠ ᠨᠢ ᠲᠣᠳᠣᠷᠬᠠᠢ ᠪᠤᠰᠤ᠂ ᠪᠠᠶᠢᠷᠢ ᠲᠣᠭᠲᠠᠭᠠᠯᠲᠠ ᠨᠢ ᠲᠣᠳᠣ ᠪᠤᠰᠤ᠂ ᠴᠠᠭᠠᠰᠤᠨ ᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠨᠢ ᠬᠡᠯᠪᠡᠷᠢ ᠶᠢᠨ ᠲᠡᠳᠦᠢ᠂ ᠨᠡᠶᠢᠲᠡ ᠣᠯᠠᠨ ᠤ ᠰᠠᠨᠠᠯ ᠢ ᠬᠠᠷᠢᠭᠤ ᠲᠤᠰᠬᠠᠬᠤ ᠲᠣᠭᠲᠠᠴᠠ ᠨᠢ ᠪᠦᠷᠢᠨ ᠪᠤᠰᠤ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠶᠠᠪᠤᠴᠠ ᠶᠢ ᠬᠠᠭᠤᠷᠮᠠᠭ ᠢᠶᠠᠷ ᠵᠣᠬᠢᠶᠠᠬᠤ᠂ ᠬᠠᠤᠯᠢ ᠠᠴᠠ ᠵᠥᠷᠢᠴᠡᠬᠦ ᠥᠪᠡᠷ ᠤᠨ ᠥᠷᠲᠡᠭ ᠨᠢ ᠪᠠᠭ᠎ᠠ ᠵᠡᠷᠭᠡ ᠠᠰᠠᠭᠤᠳᠠᠯ ᠲᠣᠪᠣᠶᠢᠮ᠎ᠠ ᠪᠠᠶᠢᠨ᠎ᠠ᠃ ᠡᠶᠢᠮᠦ ᠠᠴᠠ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ︽ᠲᠦᠷ ᠬᠡᠷᠡᠭᠵᠢᠭᠦᠯᠬᠦ ᠠᠷᠭ᠎ᠠ︾᠎ ᠳᠤ ᠵᠠᠰᠠᠪᠤᠷᠢ ᠣᠷᠣᠭᠤᠯᠵᠤ᠂ ᠲᠡᠭᠦᠨ ᠢ ︽13 · 5︾᠎ ᠶᠢᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠳᠤ ᠣᠷᠣᠭᠤᠯᠵᠤ᠂ ᠶᠠᠮᠤᠨ ᠤ ᠭᠤᠣᠯᠳᠠᠯᠭ᠎ᠠ ᠲᠠᠢ ᠠᠵᠢᠯ ᠳᠤ ᠵᠢᠭᠰᠠᠭᠠᠨ᠂ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠪᠠᠷ ᠲᠣᠭᠲᠠᠵᠠᠢ᠃      ᠠᠰᠠᠭᠤᠯᠲᠠ᠄ ᠠᠷᠭ᠎ᠠ ᠳᠤ ᠵᠠᠰᠠᠪᠤᠷᠢ ᠣᠷᠣᠭᠤᠯᠬᠤ ᠶᠢ ᠨᠡᠶᠢᠭᠡᠮ ᠳᠡᠭᠡᠷ᠎ᠡ ᠲᠤᠶᠢᠯ ᠢᠶᠠᠷ ᠠᠩᠬᠠᠷᠤᠨ ᠬᠠᠯᠠᠮᠵᠢᠯᠠᠵᠤ ᠪᠠᠶᠢᠨ᠎ᠠ᠂ ᠲᠡᠭᠡᠪᠡᠯ ᠵᠠᠰᠠᠪᠤᠷᠢ ᠣᠷᠣᠭᠤᠯᠤᠭᠰᠠᠨ ᠶᠠᠪᠤᠴᠠ ᠶᠢ ᠳᠥᠭᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ᠠᠷᠭ᠎ᠠ ᠳᠤ ᠵᠠᠰᠠᠪᠤᠷᠢ ᠣᠷᠣᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 2015 ᠣᠨ ᠠᠴᠠ ᠳᠠᠷᠤᠢ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠬᠢᠬᠦ᠂ ᠬᠤᠷᠠᠯ ᠬᠢᠵᠦ ᠶᠠᠷᠢᠯᠴᠠᠬᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠭᠰᠠᠨ ᠤ ᠬᠢᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠮᠠᠲ᠋ᠧᠷᠢᠶᠠᠯ ᠢ ᠴᠤᠭᠯᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠡᠬᠢᠯᠡᠭᠦᠯᠦᠨ᠂ ᠣᠷᠣᠨ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠠᠶᠢᠭᠤᠯᠤᠮᠵᠢ᠂ ᠣᠷᠴᠢᠨ ᠲᠣᠭᠤᠷᠢᠨ ᠢ ᠬᠠᠮᠠᠭᠠᠯᠠᠬᠤ NGO᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠢᠴᠢ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠳ ᠵᠡᠷᠭᠡ ᠶᠢ ᠣᠯᠠᠨ ᠤᠳᠠᠭ᠎ᠠ ᠵᠣᠬᠢᠶᠠᠨ ᠪᠠᠶᠢᠭᠤᠯᠵᠤ ᠲᠤᠰᠬᠠᠢ ᠰᠡᠳᠦᠪ ᠢᠶᠠᠷ ᠶᠠᠷᠢᠯᠴᠠᠭᠤᠯᠤᠨ᠂ ︽ᠬᠠᠤᠯᠢ ᠴᠠᠭᠠᠵᠠ ᠳᠦᠷᠢᠮ ᠲᠣᠭᠲᠠᠭᠠᠯ ᠢ ᠵᠢᠷᠤᠮᠯᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠭᠤᠣᠯᠳᠠᠯᠭ᠎ᠠ ᠶᠢ ᠲᠣᠪᠣᠶᠢᠯᠭᠠᠬᠤ᠂ ᠭᠦᠢᠴᠡᠳ ᠪᠠᠲᠤᠯᠠᠬᠤ︾ ᠵᠠᠷᠴᠢᠮ ᠢ ᠪᠠᠷᠢᠮᠲᠠᠯᠠᠵᠤ᠂ 2016 ᠣᠨ ᠤ 3 ᠳ᠋ᠤᠭᠠᠷ ᠰᠠᠷ᠎ᠠ ᠳᠤ᠂ ᠰᠠᠨᠠᠯ ᠬᠤᠷᠢᠶᠠᠬᠤ ᠡᠬᠡ ᠨᠣᠣᠷᠠᠭ ᠢ ᠭᠠᠷᠭᠠᠪᠠ᠃      2016 ᠣᠨ ᠤ 4 ᠳ᠋ᠦ᠋ᠭᠡᠷ ᠰᠠᠷ᠎ᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ᠰᠠᠨᠠᠯ ᠬᠤᠷᠢᠶᠠᠬᠤ ᠡᠬᠡ ᠨᠣᠣᠷᠠᠭ ᠤᠨ ᠲᠤᠬᠠᠢ ᠮᠤᠵᠢ ᠶᠢᠨ ᠱᠠᠲᠤ ᠵᠢᠴᠢ ᠲᠤᠰᠬᠠᠢ ᠣᠷᠣᠨ ᠬᠤᠲᠠ ᠶᠢᠨ ᠳᠡᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠠᠮᠤᠨ ᠤ ᠳᠣᠲᠣᠭᠠᠳᠤ ᠶᠢᠨ ᠬᠠᠮᠢᠶ᠎ᠠ ᠪᠦᠬᠦᠢ ᠵᠤᠷᠭᠠᠨ ᠲᠣᠪᠴᠢᠶ᠎ᠠ ᠵᠢᠴᠢ ᠶᠠᠮᠤᠨ ᠤ ᠰᠢᠭᠤᠳ ᠬᠠᠷᠢᠶ᠎ᠠ ᠨᠢᠭᠡᠴᠢ᠂ ᠪᠦᠲᠦᠭᠡᠨ ᠪᠠᠶᠢᠭᠤᠯᠤᠯᠲᠠ ᠶᠢᠨ ᠨᠢᠭᠡᠴᠢ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠠᠶᠢᠭᠤᠯᠤᠮᠵᠢ᠂ ᠠᠵᠢᠯ ᠲᠥᠷᠥᠯ ᠤᠨ ᠮᠡᠷᠭᠡᠵᠢᠯ ᠢᠶᠠᠷ ᠳᠡᠮᠵᠢᠬᠦ ᠰᠠᠯᠠᠭ᠎ᠠ ᠮᠥᠴᠢᠷ ᠵᠡᠷᠭᠡ ᠨᠡᠶᠢᠲᠡ 118 ᠨᠢᠭᠡᠴᠢ ᠠᠴᠠ ᠪᠢᠴᠢᠭ ᠢᠶᠠᠷ ᠰᠠᠨᠠᠯ ᠬᠤᠷᠢᠶᠠᠭᠰᠠᠨ ᠤ ᠬᠠᠮᠲᠤ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠰᠦᠯᠵᠢᠶᠡᠨ ᠳᠡᠭᠡᠷ᠎ᠡ ᠨᠡᠶᠢᠭᠡᠮ ᠠᠴᠠ ᠢᠯᠡ ᠪᠠᠷ ᠰᠠᠨᠠᠯ ᠬᠤᠷᠢᠶᠠᠬᠤ 30 ᠡᠳᠦᠷ ᠤᠨ ᠬᠤᠭᠤᠴᠠᠭ᠎ᠠ ᠲᠠᠢ ᠠᠵᠢᠯᠯᠠᠭ᠎ᠠ ᠶᠢ ᠥᠷᠨᠢᠭᠦᠯᠪᠡ᠃ ᠨᠡᠶᠢᠲᠡ ᠣᠯᠠᠨ ᠢᠶᠠᠷ ᠢᠶᠠᠨ ᠥᠷᠭᠡᠨ ᠳᠡᠯᠭᠡᠷ ᠢᠶᠠᠷ ᠠᠩᠬᠠᠷᠤᠨ ᠬᠠᠯᠠᠮᠵᠢᠯᠠᠵᠤ᠂ ᠬᠡᠳᠦᠨ ᠵᠠᠭᠤᠨ ᠵᠤᠷᠪᠤᠰ ᠪᠦᠲᠦᠮᠵᠢᠲᠡᠢ ᠰᠠᠨᠠᠯ ᠢ ᠬᠠᠷᠢᠭᠤ ᠲᠤᠰᠬᠠᠪᠠ᠃ ᠪᠢᠳᠡ ᠡᠳᠡᠭᠡᠷ ᠰᠠᠨᠠᠯ ᠳᠤ ᠬᠢᠨᠠᠮᠠᠭᠠᠢ ᠰᠤᠳᠤᠯᠤᠯᠲᠠ ᠬᠢᠭᠰᠡᠨ ᠪᠠ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠭᠰᠠᠨ ᠤ ᠬᠠᠮᠲᠤ᠂ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠶᠢ ᠤᠯᠠᠮ ᠨᠢᠭᠡ ᠠᠯᠬᠤᠮ ᠵᠠᠰᠠᠪᠤᠷᠢᠯᠠᠨ ᠲᠡᠭᠦᠯᠳᠡᠷᠵᠢᠭᠦᠯᠵᠡᠢ᠃      2017 ᠣᠨ ᠠᠴᠠ ᠨᠠᠭᠠᠰᠢ  ᠂ ᠪᠢᠳᠡ ᠬᠠᠤᠯᠢ ᠲᠣᠭᠲᠠᠭᠠᠬᠤ  ᠶᠠᠪᠤᠴᠠ ᠳᠠᠬᠢ ᠵᠠᠩᠭᠢᠯᠠᠭ᠎ᠠ ᠶᠢᠨ ᠠᠰᠠᠭᠤᠳᠠᠯ ᠳᠤ ᠲᠤᠰᠬᠠᠢ ᠮᠡᠷᠭᠡᠵᠢᠯᠲᠡᠳ ᠎ ᠢᠶᠠᠷ ᠨᠤᠲᠠᠯᠠᠯᠲᠠ ᠬᠢᠯᠭᠡᠬᠦ ᠠᠵᠢᠯᠯᠠᠭ᠎ᠠ ᠶᠢ ᠳᠠᠬᠢᠨᠲᠠ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠬᠡᠰᠡᠭ ᠭᠠᠵᠠᠷ ᠣᠷᠣᠨ ᠳᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠭᠤᠯᠭ᠎ᠠ ᠶᠢ ᠨᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠲᠠᠯ᠎ᠠ ᠶᠢᠨ ᠬᠢᠨ ᠤ ᠰᠠᠨᠠᠯ ᠢ ᠰᠣᠨᠣᠰᠪᠠ᠃ 2018 ᠣᠨ ᠤ 4 ᠳ᠋ᠦ᠋ᠭᠡᠷ ᠰᠠᠷ᠎ᠠ ᠳᠤ᠂ ᠬᠢᠨᠠᠭᠤᠯᠬᠤ ᠨᠣᠣᠷᠠᠭ ᠢ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠶᠠᠮᠤᠨ ᠤ ᠶᠠᠪᠤᠳᠠᠯ ᠤᠨ ᠬᠤᠷᠠᠯ ᠪᠠᠷ ᠬᠢᠨᠠᠨ ᠵᠥᠪᠯᠡᠭᠦᠯᠦᠭᠰᠡᠨ ᠤ ᠬᠠᠮᠲᠤ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠵᠡᠢ᠃      ᠠᠰᠠᠭᠤᠯᠲᠠ᠄ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ 2006 ᠣᠨ ᠤ ︽ᠲᠦᠷ ᠬᠡᠷᠡᠭᠵᠢᠭᠦᠯᠬᠦ ᠠᠷᠭ᠎ᠠ︾᠎ ᠶᠢᠨ ᠠᠭᠤᠯᠭ᠎ᠠ ᠨᠢ 5 ᠪᠦᠯᠦᠭ 40 ᠵᠦᠢᠯ ᠢ ᠪᠠᠭᠲᠠᠭᠠᠵᠤ᠂ ᠰᠢᠨ᠎ᠡ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠨᠢ ᠨᠡᠶᠢᠲᠡ 34 ᠵᠦᠢᠯ ᠪᠠᠶᠢᠵᠤ᠂ ᠳᠠᠬᠢᠵᠤ ᠪᠦᠯᠦᠭ ᠬᠡᠰᠡᠭ ᠬᠤᠪᠢᠶᠠᠭᠰᠠᠨ ᠦᠭᠡᠢ᠃ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠳᠤ ᠭᠤᠣᠯᠳᠠᠭᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢᠨ ᠬᠠᠮᠢᠶ᠎ᠠ ᠪᠦᠬᠦᠢ ᠲᠣᠭᠲᠠᠭᠠᠯ ᠳᠤ ᠴᠢᠭᠯᠡᠭᠦᠯᠦᠨ ᠪᠦᠬᠦ ᠲᠠᠯ᠎ᠠ ᠪᠠᠷ ᠵᠠᠰᠠᠪᠤᠷᠢ ᠣᠷᠣᠭᠤᠯᠪᠠ᠂ ᠡᠭᠦᠨ ᠳᠤ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠡᠩ ᠲᠣᠳᠣᠷᠬᠠᠢ ᠲᠣᠭᠲᠠᠭᠠᠵᠤ᠂ ᠲᠡᠭᠦᠨ ᠢᠶᠠᠷ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠦᠨᠡᠨ ᠪᠣᠳᠠᠲᠤ ᠴᠢᠨᠠᠷ ᠪᠠ ᠦᠷ᠎ᠡ ᠳ᠋ᠦᠩ ᠢ ᠨᠢ ᠬᠠᠷᠢᠭᠤᠴᠠᠭᠤᠯᠪᠠ︔ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠎ ᠶᠢᠨ ᠲᠣᠭᠲᠠᠭᠠᠯ ᠶᠣᠰᠣᠭᠠᠷ᠂ ᠰᠠᠨᠠᠯ ᠰᠣᠨᠣᠰᠬᠤ ᠨᠡᠶᠢᠲᠡ ᠣᠯᠠᠨ ᠤ ᠬᠡᠪᠴᠢᠶ᠎ᠡ ᠶᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠡᠪᠴᠢᠶᠡᠨ ᠳᠠᠬᠢ ᠠᠷᠠᠳ ᠢᠷᠭᠡᠳ᠂ ᠬᠠᠤᠯᠢ ᠶᠢᠨ ᠡᠷᠬᠡᠲᠡᠳ ᠪᠠ ᠪᠤᠰᠤᠳ ᠵᠣᠬᠢᠶᠠᠨ ᠪᠠᠶᠢᠭᠤᠯᠤᠯᠲᠠ ᠪᠣᠯᠭᠠᠨ ᠲᠣᠳᠣᠷᠬᠠᠶᠢᠯᠠᠵᠤ᠂ ᠨᠥᠯᠥᠭᠡ ᠬᠦᠷᠲᠡᠬᠦ ᠨᠡᠶᠢᠲᠡ ᠣᠯᠠᠨ ᠤ ᠣᠷᠣᠯᠴᠠᠬᠤ ᠡᠷᠬᠡ ᠶᠢ ᠤᠷᠢᠳ ᠢᠶᠠᠷ ᠪᠠᠲᠤᠯᠠᠬᠤ ᠶᠢᠨ ᠬᠠᠮᠲᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠳᠡᠭᠡᠷᠡᠬᠢ ᠬᠡᠪᠴᠢᠶᠡᠨ ᠠᠴᠠ ᠭᠠᠳᠠᠭᠤᠷᠬᠢ ᠨᠡᠶᠢᠲᠡ ᠣᠯᠠᠨ ᠤ ᠰᠠᠨᠠᠯ ᠢ ᠰᠣᠨᠣᠰᠬᠤ ᠶᠢ ᠵᠣᠷᠢᠭᠵᠢᠭᠤᠯᠵᠤ᠂ ᠨᠡᠩ ᠥᠷᠭᠡᠨ ᠨᠡᠶᠢᠲᠡ ᠣᠯᠠᠨ ᠤ ᠣᠷᠣᠯᠴᠠᠬᠤ ᠡᠷᠬᠡ ᠶᠢ ᠪᠠᠲᠤᠯᠠᠪᠠ︔ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠬᠡᠯᠪᠡᠷᠢ ᠶᠢ ᠰᠦᠯᠵᠢᠶ᠎ᠡ᠂ ᠰᠣᠨᠢᠨ᠂ ᠠᠯᠪᠠᠨ ᠵᠠᠷ ᠨᠠᠭᠠᠬᠤ ᠵᠡᠷᠭᠡ ᠭᠤᠷᠪᠠᠨ ᠵᠦᠢᠯ ᠤᠨ ᠠᠷᠭ᠎ᠠ ᠬᠡᠯᠪᠡᠷᠢ ᠪᠣᠯᠭᠠᠨ ᠤᠯᠠᠮ ᠨᠢᠭᠡ ᠠᠯᠬᠤᠮ ᠨᠠᠷᠢᠯᠢᠭᠵᠢᠭᠤᠯᠪᠠ︔ ᠨᠡᠶᠢᠲᠡ ᠣᠯᠠᠨ ᠤ ᠰᠠᠨᠠᠯ ᠤᠨ ᠦᠢᠯᠡᠳᠦᠯ ᠢ ᠨᠢ ᠲᠣᠳᠣᠷᠬᠠᠶᠢᠯᠠᠨ᠂ ᠨᠡᠶᠢᠲᠡ ᠣᠯᠠᠨ ᠤ ᠰᠠᠨᠠᠯ ᠳᠤ ᠪᠠᠶᠢᠴᠠᠭᠠᠯᠲᠠ ᠬᠢᠬᠦ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠨᠡᠶᠢᠲᠡ ᠣᠯᠠᠨ ᠤ ᠰᠠᠨᠠᠯ ᠢ ᠠᠪᠬᠤ ᠪᠤᠶᠤ ᠥᠯᠥ ᠠᠪᠬᠤ ᠶᠢ ᠬᠠᠷᠢᠭᠤ ᠲᠤᠰᠬᠠᠬᠤ ᠠᠷᠭ᠎ᠠ ᠬᠡᠯᠪᠡᠷᠢ ᠶᠢ ᠨᠢ ᠪᠠᠶᠢᠭᠤᠯᠤᠨ ᠪᠦᠷᠢᠨᠰᠢᠭᠦᠯᠵᠦ᠂ ᠬᠠᠭᠤᠷᠮᠠᠭᠯᠠᠨ ᠵᠣᠬᠢᠶᠠᠭᠰᠠᠨ ᠪᠠᠶᠢᠳᠠᠯ ᠳᠤ ᠴᠢᠭᠯᠡᠭᠦᠯᠦᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠳᠤᠷᠠᠳᠤᠨ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠪᠦᠲᠦᠮᠵᠢᠲᠡᠢ ᠴᠢᠨᠠᠷ ᠪᠠ ᠦᠨᠡᠨ ᠪᠣᠳᠠᠳᠣ ᠴᠢᠨᠠᠷ ᠢ ᠪᠠᠲᠤᠯᠠᠪᠠ︔ ᠣᠷᠣᠯᠴᠠᠬᠤ ᠳᠡᠰ ᠳᠠᠷᠠᠭᠠᠯᠠᠯ ᠪᠠ ᠨᠠᠷᠢᠨ ᠵᠦᠢᠯᠡᠰ ᠢ ᠪᠦᠬᠦ ᠲᠠᠯ᠎ᠠ ᠪᠠᠷ ᠨᠠᠷᠢᠯᠢᠭᠵᠢᠭᠤᠯᠤᠨ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠲᠥᠷᠥᠯ ᠬᠤᠪᠢᠶᠠᠨ ᠬᠡᠷᠡᠭᠵᠢᠭᠦᠯᠵᠦ᠂ ᠦᠷ᠎ᠡ ᠪᠦᠲᠦᠮᠵᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ︔ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠬᠦ ᠵᠠᠰᠠᠭ ᠵᠠᠬᠢᠷᠭᠠᠨ ᠤ ᠵᠥᠪᠰᠢᠶᠡᠷᠡᠯ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠲᠣᠳᠣᠷᠬᠠᠶᠢᠯᠠᠪᠠ ᠭᠡᠬᠦ ᠮᠡᠲᠦ᠃ ᠵᠠᠰᠠᠪᠤᠷᠢ ᠣᠷᠣᠭᠤᠯᠬᠤ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢᠨ ᠭᠤᠣᠯ ᠴᠣᠭᠴᠠ ᠨᠢ ᠲᠣᠳᠣᠷᠬᠠᠢ ᠪᠤᠰᠤ᠂ ᠬᠡᠪᠴᠢᠶ᠎ᠡ ᠪᠠ ᠪᠠᠶᠢᠷᠢ ᠲᠣᠭᠲᠠᠭᠠᠯᠲᠠ ᠨᠢ ᠲᠣᠳᠣ ᠪᠤᠰᠤ᠂ ᠬᠡᠯᠪᠡᠷᠢ ᠶᠢᠨ ᠲᠡᠳᠦᠢ ᠶᠠᠪᠤᠭᠤᠯᠬᠤ᠂ ᠬᠠᠭᠤᠷᠮᠠᠭᠯᠠᠨ ᠵᠣᠬᠢᠶᠠᠬᠤ᠂ ᠬᠠᠤᠯᠢ ᠠᠴᠠ ᠵᠥᠷᠢᠴᠡᠬᠦ ᠥᠪᠡᠷ ᠤᠨ ᠥᠷᠲᠡᠭ ᠨᠢ ᠪᠠᠭ᠎ᠠ᠂ ᠪᠦᠲᠦᠮᠵᠢᠲᠡᠢ ᠴᠢᠨᠠᠷ ᠨᠢ ᠢᠲᠡᠭᠡᠮᠵᠢ ᠪᠠᠷ ᠳᠤᠲᠠᠮᠠᠭ ᠵᠡᠷᠭᠡ ᠲᠣᠪᠣᠶᠢᠮ᠎ᠠ ᠠᠰᠠᠭᠤᠳᠠᠯ ᠤᠳ ᠢ ᠰᠢᠢᠳᠪᠦᠷᠢᠯᠡᠵᠦ᠂ ᠬᠡᠷᠡᠭᠵᠢᠭᠦᠯᠦᠭᠦᠰᠢᠲᠡᠢ ᠴᠢᠨᠠᠷ ᠪᠠ ᠪᠦᠲᠦᠮᠵᠢᠲᠡᠢ ᠴᠢᠨᠠᠷ ᠢ ᠨᠢ ᠴᠢᠩᠭᠠᠷᠠᠭᠤᠯᠪᠠ᠃ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠨᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠲᠥᠯᠥᠪᠵᠢᠭᠦᠯᠬᠦ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠬᠠᠮᠢᠶ᠎ᠠ ᠪᠦᠬᠦᠢ ᠲᠣᠭᠲᠠᠭᠠᠯ ᠳᠤ ᠵᠠᠷᠴᠢᠮ ᠤᠨ ᠴᠢᠨᠠᠷᠲᠠᠢ ᠲᠣᠬᠢᠷᠠᠭᠤᠯᠤᠯᠲᠠ ᠬᠢᠭᠰᠡᠨ ᠦᠭᠡᠢ᠂ ᠭᠤᠣᠯᠳᠠᠭᠤ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠬᠦ ᠠᠷᠭ᠎ᠠ︾ ᠪᠠ ︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠲᠥᠯᠥᠪᠵᠢᠭᠦᠯᠬᠦ ᠳᠦᠷᠢᠮ︾᠎ ᠤᠨ ᠶᠣᠰᠣᠭᠠᠷ ᠬᠡᠷᠡᠭᠵᠢᠭᠦᠯᠪᠡ᠃      ᠠᠰᠠᠭᠤᠯᠲᠠ᠄ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠪᠠᠲᠤᠯᠠᠬᠤ ᠪᠠ ᠬᠢᠨᠠᠯᠲᠠ ᠲᠠᠯᠪᠢᠬᠤ ᠶᠢ ᠬᠡᠷᠬᠢᠨ ᠴᠢᠩᠭᠠᠷᠠᠭᠤᠯᠬᠤ ᠪᠣᠢ︖      ᠬᠠᠷᠢᠭᠤᠯᠲᠠ᠄ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢᠨ ᠭᠦᠢᠴᠡᠳ ᠴᠢᠨᠠᠷ ᠪᠠ ᠪᠦᠲᠦᠮᠵᠢᠲᠡᠢ ᠴᠢᠨᠠᠷ ᠢ ᠪᠠᠲᠤᠯᠠᠬᠤ ᠶᠢᠨ ᠲᠥᠯᠥᠭᠡ᠂ ᠰᠢᠨ᠎ᠡ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠳᠤ ᠳᠣᠣᠷᠠᠬᠢ ᠮᠡᠲᠦ ᠲᠣᠭᠲᠠᠭᠠᠯ ᠭᠠᠷᠭᠠᠪᠠ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠲᠣᠳᠣᠷᠬᠠᠶᠢᠯᠠᠯᠲᠠ ᠶᠢ ᠲᠤᠰᠠᠭᠠᠷ ᠨᠠᠶᠢᠷᠠᠭᠤᠯᠤᠨ ᠵᠣᠬᠢᠶᠠᠬᠤ ᠶᠢ ᠱᠠᠭᠠᠷᠳᠠᠬᠤ ᠶᠢᠨ ᠬᠠᠮᠲᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠢᠨᠠᠯᠲᠠ ᠵᠥᠪᠰᠢᠶᠡᠷᠡᠯ ᠤᠨ ᠬᠦᠯᠢᠶᠡᠨ ᠠᠪᠴᠤ ᠭᠦᠢᠴᠡᠳᠬᠡᠬᠦ ᠴᠢᠬᠤᠯᠠ ᠵᠦᠢᠯ ᠳᠤ ᠣᠷᠣᠭᠤᠯᠵᠤ᠂ ᠵᠡᠷᠭᠡ ᠪᠠᠷ ᠬᠦᠯᠢᠶᠡᠨ ᠠᠪᠴᠤ ᠭᠦᠢᠴᠡᠳᠬᠡᠨ ᠵᠡᠷᠭᠡ ᠪᠠᠷ ᠢᠯᠡ ᠪᠣᠯᠭᠠᠵᠤ᠂ ᠨᠡᠶᠢᠲᠡ ᠣᠯᠠᠨ ᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠨ ᠨᠡᠶᠢᠲᠡ ᠣᠯᠠᠨ ᠤ ᠰᠠᠨᠠᠯ ᠳᠤ ᠬᠢᠨᠠᠮᠠᠭᠠᠢ ᠬᠠᠨᠳᠤᠭᠤᠯᠤᠨ᠎ᠠ︔ ᠬᠤᠶᠠᠷ ᠲᠤ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠬᠢᠨᠠᠨ ᠪᠠᠶᠢᠴᠠᠭᠠᠬᠤ ᠡᠭᠦᠷᠭᠡ ᠶᠢ ᠨᠢ ᠲᠣᠳᠣᠷᠬᠠᠶᠢᠯᠠᠨ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠨᠡᠶᠢᠲᠡ ᠣᠯᠠᠨ ᠢᠶᠠᠷ ᠢᠶᠠᠨ ᠣᠷᠣᠯᠴᠠᠬᠤ ᠲᠣᠳᠣᠷᠬᠠᠶᠢᠯᠠᠯᠲᠠ ᠶᠢᠨ ᠵᠠᠭᠪᠤᠷ ᠬᠡᠯᠪᠡᠷᠢ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠳᠡᠰ ᠳᠠᠷᠠᠭᠠᠯᠠᠯ ᠨᠢ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠶᠢᠨ ᠲᠣᠭᠲᠠᠭᠠᠯ ᠳᠤ ᠨᠡᠶᠢᠴᠡᠬᠦ ᠡᠰᠡᠬᠦ ᠳᠤ ᠬᠢᠨᠠᠯᠲᠠ ᠪᠠᠶᠢᠴᠠᠭᠠᠯᠲᠠ ᠬᠢᠯᠭᠡᠨ᠎ᠡ︔ ᠭᠤᠷᠪᠠ ᠳᠤ᠂ ᠬᠠᠤᠯᠢ ᠠᠴᠠ ᠵᠥᠷᠢᠴᠡᠭᠰᠡᠨ ᠪᠠ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠨᠡᠶᠢᠲᠡ ᠣᠯᠠᠨ ᠤ ᠰᠠᠨᠠᠯ ᠢ ᠭᠦᠢᠴᠡᠳ ᠬᠤᠷᠢᠶᠠᠭᠰᠠᠨ ᠦᠭᠡᠢ ᠪᠠᠶᠢᠳᠠᠯ ᠳᠤ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠵᠠᠷᠯᠢᠭᠳᠠᠵᠤ ᠪᠠᠶᠢᠭᠠᠳ ᠨᠡᠶᠢᠲᠡ ᠣᠯᠠᠨ ᠤ ᠰᠠᠨᠠᠯ ᠢ ᠳᠠᠬᠢᠨᠲᠠ ᠬᠤᠷᠢᠶᠠᠯᠭᠠᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠢ ᠪᠤᠴᠠᠭᠠᠯᠭᠠᠨ᠎ᠠ︔ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ᠤ ᠲᠣᠭᠲᠠᠭᠠᠯ ᠠᠴᠠ ᠵᠥᠷᠢᠴᠡᠭᠰᠡᠨ᠂ ᠨᠡᠶᠢᠲᠡ ᠣᠯᠠᠨ ᠢᠶᠠᠷ ᠢᠶᠠᠨ ᠣᠷᠣᠯᠴᠠᠭᠰᠠᠨ ᠶᠠᠪᠤᠴᠠ ᠶᠢ ᠬᠠᠭᠤᠷᠮᠠᠭᠯᠠᠨ ᠵᠣᠬᠢᠶᠠᠭᠰᠠᠨ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠲᠣᠳᠣᠷᠬᠠᠶᠢᠯᠠᠯᠲᠠ ᠶᠢᠨ ᠠᠭᠤᠯᠭ᠎ᠠ ᠶᠢ ᠦᠨᠡᠨ ᠪᠣᠳᠠᠲᠤ ᠪᠠᠶᠢᠳᠠᠯ ᠠᠴᠠ ᠨᠢ ᠬᠦᠨᠳᠦ ᠨᠣᠴᠢᠲᠠᠢ ᠵᠥᠷᠢᠭᠦᠯᠦᠭᠰᠡᠨ ᠪᠠᠶᠢᠪᠠᠯ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠪᠦᠲᠦᠭᠡᠨ ᠪᠠᠶᠢᠭᠤᠯᠤᠯᠲᠠ ᠶᠢᠨ ᠨᠢᠭᠡᠴᠢ ᠵᠢᠴᠢ ᠲᠡᠭᠦᠨ ᠤ ᠬᠠᠤᠯᠢ  ᠪᠠᠷ ᠲᠣᠭᠲᠠᠭᠠᠭᠰᠠᠨ ᠲᠥᠯᠥᠭᠡᠨ  ᠤ ᠬᠥᠮᠥᠨ ᠪᠤᠶᠤ ᠭᠤᠣᠯ ᠬᠠᠷᠢᠭᠤᠴᠠᠯᠭᠠᠲᠠᠨ  ᠤ ᠢᠲᠡᠭᠡᠮᠵᠢ ᠠᠯᠳᠠᠭᠰᠠᠨ ᠮᠡᠳᠡᠭᠡ ᠵᠠᠩᠭᠢ ᠎ ᠶᠢ ᠨᠢ ᠲᠡᠭᠦᠨ ᠤ ᠣᠷᠴᠢᠨ ᠲᠣᠭᠤᠷᠢᠨ ᠤ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠤᠨ᠎ᠠ᠃ ᠳᠡᠭᠡᠷ᠎ᠡ ᠶᠠᠷᠢᠭᠰᠠᠨ ᠠᠷᠭ᠎ᠠ ᠬᠡᠮᠵᠢᠶ᠎ᠡ ᠨᠢ ᠮᠥᠨ ᠴᠤ ᠨᠡᠶᠢᠲᠡ ᠣᠯᠠᠨ ᠢᠶᠠᠷ ᠢᠶᠠᠨ ᠣᠷᠣᠯᠴᠠᠭᠰᠠᠨ ᠎ ᠨᠢ ᠭᠦᠢᠴᠡᠳ ᠡᠰᠡᠬᠦ ᠶᠢ ᠪᠠᠲᠤᠯᠠᠬᠤ ᠪᠠ ᠠᠪᠤᠷᠠᠨ ᠲᠡᠳᠬᠦᠬᠦ ᠠᠷᠭ᠎ᠠ ᠬᠡᠮᠵᠢᠶ᠎ᠡ ᠪᠠᠶᠢᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠬᠠᠭᠤᠷᠮᠠᠭᠯᠠᠨ ᠵᠣᠬᠢᠶᠠᠬᠤ ᠵᠡᠷᠭᠡ ᠦᠢᠯᠡ ᠠᠵᠢᠯᠯᠠᠭ᠎ᠠ ᠶᠢ ᠬᠤᠷᠢᠭᠯᠠᠵᠤ᠂ ᠨᠡᠶᠢᠲᠡ ᠣᠯᠠᠨ ᠤ ᠣᠷᠴᠢᠨ ᠲᠣᠭᠤᠷᠢᠨ ᠤ ᠡᠷᠬᠡ ᠠᠰᠢᠭ ᠢ ᠪᠠᠲᠤᠯᠠᠬᠤ ᠪᠣᠯᠣᠨ᠎ᠠ᠃      ᠠᠰᠠᠭᠤᠯᠲᠠ᠄ ᠡᠨᠡ ᠤᠳᠠᠭ᠎ᠠ ᠵᠠᠰᠠᠪᠤᠷᠢ ᠣᠷᠣᠭᠤᠯᠬᠤ ᠳᠤ ᠪᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠢ︖      ᠬᠠᠷᠢᠭᠤᠯᠲᠠ᠄ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠡᠨᠡ ᠤᠳᠠᠭ᠎ᠠ ᠵᠠᠰᠠᠪᠤᠷᠢ ᠣᠷᠣᠭᠤᠯᠬᠤ ᠳᠤ ᠪᠠᠨ ᠳᠣᠣᠷᠠᠬᠢ ᠭᠤᠷᠪᠠᠨ ᠲᠠᠯ᠎ᠠ ᠪᠠᠷ ᠪᠣᠳᠣᠯᠬᠢᠯᠠᠪᠠ᠃ ᠨᠢᠭᠡ ᠳᠤ ᠠᠩᠬᠠᠳᠤᠭᠠᠷ ᠤᠳᠠᠭ᠎ᠠ ᠮᠡᠳᠡᠭᠡ ᠵᠠᠩᠭᠢ ᠶᠢ ᠢᠯᠡ ᠪᠣᠯᠭᠠᠭᠰᠠᠨ 10 ᠠᠵᠢᠯᠯᠠᠬᠤ ᠡᠳᠦᠷ ᠤᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠣᠷᠣᠯᠴᠠᠬᠤ ᠬᠡᠰᠡᠭ ᠪᠠ ᠳᠡᠰ ᠳᠠᠷᠠᠭᠠᠯᠠᠯ ᠢ ᠨᠢ ᠰᠢᠯᠢᠳᠡᠭᠵᠢᠭᠦᠯᠪᠡ︔ ᠬᠤᠶᠠᠷ ᠲᠤ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠲᠥᠷᠥᠯ ᠬᠤᠪᠢᠶᠠᠨ ᠬᠡᠷᠡᠭᠵᠢᠭᠦᠯᠵᠦ᠂ ᠨᠡᠶᠢᠲᠡ ᠣᠯᠠᠨ ᠤ ᠰᠠᠨᠠᠯ ᠣᠯᠠᠨ ᠪᠤᠰᠤ ᠲᠥᠷᠥᠯ ᠵᠦᠢᠯ ᠤᠨ ᠳᠡᠰ ᠳᠠᠷᠠᠭᠠᠯᠠᠯ ᠢ ᠨᠢ ᠬᠠᠰᠤᠨ ᠪᠠᠭᠠᠰᠬᠠᠪᠠ︔ ᠭᠤᠷᠪᠠ ᠳᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ ᠪᠠᠶᠢᠭ᠎ᠠ ᠲᠥᠷᠥᠯ ᠵᠦᠢᠯ ᠳᠤ ᠴᠢᠭᠯᠡᠭᠦᠯᠦᠨ᠂ ᠵᠣᠬᠢᠬᠤ ᠨᠥᠬᠦᠴᠡᠯ ᠳᠤ ᠨᠡᠶᠢᠴᠡᠭᠰᠡᠨ ᠪᠣᠯ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠥᠷᠨᠢᠭᠦᠯᠬᠦ ᠶᠠᠪᠤᠴᠠ ᠳᠤ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠳᠡᠰ ᠳᠠᠷᠠᠭᠠᠯᠠᠯ ᠪᠠ ᠬᠡᠯᠪᠡᠷᠢ ᠶᠢ ᠨᠢ ᠵᠣᠬᠢᠬᠤ ᠬᠡᠮᠵᠢᠶ᠎ᠡ ᠪᠠᠷ ᠴᠣᠮᠬᠠᠳᠬᠠᠪᠠ᠃ ᠳᠡᠭᠡᠷ᠎ᠡ ᠶᠠᠷᠢᠭᠰᠠᠨ ᠲᠣᠭᠲᠠᠭᠠᠯ ᠢᠶᠠᠷ ᠳᠠᠮᠵᠢᠭᠤᠯᠤᠨ᠂ ᠪᠢᠳᠡ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠭᠦᠢᠴᠡᠳ ᠪᠠᠲᠤᠯᠠᠭᠰᠠᠨ ᠤᠷᠢᠳᠠᠯ ᠳᠣᠣᠷ᠎ᠠ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠦᠴᠦᠨ ᠢᠶᠠᠷ ᠳᠡᠭᠡᠭᠰᠢᠯᠡᠭᠦᠯᠦᠨ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠡᠢ᠃      ᠠᠰᠠᠭᠤᠯᠲᠠ᠄ ᠳᠠᠷᠠᠭᠠᠴᠢ ᠶᠢᠨ ᠠᠯᠬᠤᠮ ᠤᠨ ᠬᠡᠷᠡᠭᠵᠢᠭᠦᠯᠦᠯᠲᠡ ᠳᠤ᠂ ᠶᠠᠮᠠᠷ ᠶᠠᠮᠠᠷ ᠲᠠᠯ᠎ᠠ ᠪᠠᠷ ᠠᠩᠬᠠᠷᠬᠤ ᠬᠡᠷᠡᠭᠲᠡᠢ ᠪᠣᠢ︖      ᠬᠠᠷᠢᠭᠤᠯᠲᠠ᠄ ᠰᠢᠨ᠎ᠡ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠳᠤ ᠵᠣᠬᠢᠬᠤ ᠰᠢᠯᠵᠢᠯᠲᠡ ᠶᠢᠨ ᠬᠤᠭᠤᠴᠠᠭ᠎ᠠ ᠲᠣᠬᠢᠷᠠᠭᠤᠯᠵᠤ᠂ 2019 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠣᠯᠪᠠ᠃ ᠡᠨᠡ ᠨᠢ 2019 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢᠶᠠᠨ ᠮᠡᠳᠡᠭᠦᠯᠦᠨ ᠵᠥᠪᠰᠢᠶᠡᠷᠡᠭᠦᠯᠬᠦ ᠳᠤ᠂ ᠲᠡᠳᠡᠨᠦᠰ ᠤᠨ ᠭᠤᠶᠤᠴᠢᠯᠠᠨ ᠮᠡᠳᠡᠭᠦᠯᠬᠦ ᠨᠡᠶᠢᠲᠡ ᠣᠯᠠᠨ ᠤ ᠣᠷᠣᠯᠴᠠᠬᠤ ᠶᠢᠨ ᠬᠠᠮᠢᠶ᠎ᠠ ᠪᠦᠬᠦᠢ ᠮᠠᠲ᠋ᠧᠷᠢᠶᠠᠯ ᠨᠢ ᠰᠢᠨ᠎ᠡ  ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾ ᠎ ᠶᠢᠨ ᠲᠣᠭᠲᠠᠭᠠᠯ ᠳᠤ ᠨᠡᠶᠢᠴᠡᠬᠦ ᠬᠡᠷᠡᠭᠲᠡᠢ ᠭᠡᠳᠡᠭ ᠢ ᠬᠠᠷᠠᠭᠤᠯᠵᠤ ᠪᠠᠶᠢᠨ᠎ᠠ᠃ ᠲᠥᠷᠥᠯ ᠵᠦᠢᠯ ᠤᠨ ᠣᠷᠴᠢᠨ ᠲᠣᠭᠤᠷᠢᠨ ᠤ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠨᠢ ᠵᠣᠬᠢᠬᠤ ᠦᠶᠡᠯᠡᠯ ᠤᠨ ᠬᠤᠭᠤᠴᠠᠭ᠎ᠠ ᠪᠠᠶᠢᠳᠠᠭ ᠪᠣᠯᠬᠤᠷ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠨ᠎ᠡ ︽ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾᠎ ᠶᠢᠨ ᠶᠣᠰᠣᠭᠠᠷ ᠬᠠᠮᠢᠶ᠎ᠠ ᠪᠦᠬᠦᠢ ᠠᠵᠢᠯ ᠢ ᠤᠷᠢᠳᠴᠢᠯᠠᠨ ᠥᠷᠨᠢᠭᠦᠯᠵᠦ᠂ ᠮᠡᠳᠡᠭᠦᠯᠦᠨ ᠵᠥᠪᠰᠢᠶᠡᠷᠡᠭᠦᠯᠬᠦ ᠳᠤ ᠰᠢᠨ᠎ᠡ ᠠᠷᠭ᠎ᠠ ᠶᠢᠨ ᠲᠣᠭᠲᠠᠭᠠᠯ ᠲᠠᠢ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠶᠢ ᠶᠠᠭ ᠰᠠᠶᠢᠬᠠᠨ ᠬᠡᠷᠡᠭᠵᠢᠭᠦᠯᠵᠦ ᠪᠠᠶᠢᠭ᠎ᠠ᠂ ᠲᠤᠬᠠᠶᠢᠯᠠᠪᠠᠯ ᠠᠷᠭ᠎ᠠ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠨᠢᠭᠡᠴᠢ ᠶᠢ ᠲᠣᠭᠲᠠᠭᠠᠭᠰᠠᠨ ᠪᠥᠭᠡᠳ 2019 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠬᠤᠶᠢᠨ᠎ᠠ ᠮᠡᠳᠡᠭᠦᠯᠦᠨ ᠵᠥᠪᠰᠢᠶᠡᠷᠡᠭᠦᠯᠬᠦ ᠪᠠᠷ ᠪᠠᠶᠢᠭ᠎ᠠ᠂ ᠨᠢᠭᠡᠨᠲᠡ ᠲᠦᠷ ᠬᠡᠷᠡᠭᠵᠢᠭᠦᠯᠬᠦ ᠠᠷᠭ᠎ᠠ ᠶᠢᠨ ᠲᠣᠭᠲᠠᠭᠠᠯ ᠶᠣᠰᠣᠭᠠᠷ᠂ 7 ᠡᠳᠦᠷ ᠤᠨ ᠳᠣᠲᠣᠷ᠎ᠠ ᠠᠩᠬᠠᠳᠤᠭᠠᠷ ᠤᠳᠠᠭ᠎ᠠ ᠮᠡᠳᠡᠭᠡ ᠵᠠᠩᠭᠢ ᠶᠢ ᠢᠯᠡ ᠪᠣᠯᠭᠠᠭᠰᠠᠨ ᠪᠣᠯ᠂ ᠲᠡᠭᠦᠨ ᠢ ᠵᠥᠪᠰᠢᠶᠡᠷᠡᠨ ᠮᠡᠳᠡᠷᠡᠵᠦ᠂ ᠠᠩᠬᠠᠳᠤᠭᠠᠷ ᠤᠳᠠᠭ᠎ᠠ ᠮᠡᠳᠡᠭᠡ ᠵᠠᠩᠭᠢ ᠶᠢ ᠢᠯᠡ ᠪᠣᠯᠭᠠᠬᠤ ᠶᠢ ᠳᠠᠪᠬᠤᠷᠳᠠᠭᠤᠯᠤᠨ ᠥᠷᠨᠢᠭᠦᠯᠬᠦ ᠴᠢᠬᠤᠯᠠ ᠦᠭᠡᠢ᠂ ᠨᠡᠶᠢᠲᠡ ᠣᠯᠠᠨ ᠤ ᠣᠷᠣᠯᠴᠠᠬᠤ ᠶᠢᠨ ᠪᠤᠰᠤᠳ ᠳᠡᠰ ᠳᠠᠷᠠᠭᠠᠯᠠᠯ ᠢ ᠰᠢᠨ᠎ᠡ ᠠᠷᠭ᠎ᠠ ᠶᠢᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃      ᠡᠯ᠎ᠡ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠎ ᠬᠢᠨ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠷᠭ᠎ᠠ ᠶᠢ ᠤᠬᠠᠭᠤᠯᠬᠤ᠂ ᠲᠠᠶᠢᠯᠪᠤᠷᠢᠯᠠᠬᠤ ᠵᠡᠷᠭᠡ ᠠᠵᠢᠯ ᠢ ᠰᠠᠶᠢᠲᠤᠷ ᠬᠢᠵᠦ᠂ 2019 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠰᠢᠨ᠎ᠡ ᠠᠷᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map