ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018/8/23
     2017 ᠣᠨ ᠤ 4 ᠳ᠋ᠦ᠋ᠭᠡᠷ ᠰᠠᠷ᠎ᠠ ᠳᠤ᠂ ᠰᠤᠷᠭᠠᠨ ᠬᠥᠮᠥᠵᠢᠯ ᠤᠨ ᠶᠠᠮᠤᠨ᠂ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠬᠤᠯᠪᠣᠭᠠᠯᠠᠨ ︽ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠤᠳ︾ ︵ᠳᠣᠷᠣᠭᠰᠢ ︽ᠰᠠᠨᠠᠯ ᠤᠳ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠰᠠᠨᠠᠯ ᠤᠳ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠰᠤᠷᠭᠠᠨ ᠬᠥᠮᠥᠵᠢᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠬᠤᠯᠪᠣᠭᠠᠯᠠᠵᠤ ︽︿ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ᠰᠠᠨᠠᠯ ᠤᠳ﹀᠎ ᠢ ᠲᠤᠭᠤᠰᠢᠯᠠᠭᠤᠯᠬᠤ ᠶᠢᠨ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠰᠠᠨᠠᠯ︾᠎ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠵᠦᠢᠯᠡᠰ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠮᠠᠨ ᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠰᠠᠨᠠᠯ︾᠎ ᠳᠤ ᠳᠣᠣᠷᠠᠬᠢ ᠮᠡᠲᠦ ᠲᠠᠶᠢᠯᠤᠮᠵᠢ ᠬᠢᠵᠡᠢ᠃      ᠨᠢᠭᠡ᠂ ᠤᠯᠤᠰ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠭᠰᠠᠨ ᠠᠬᠤᠢ ᠪᠠᠶᠢᠳᠠᠯ ᠪᠠ ᠬᠠᠷᠠᠯᠲᠠ      ᠣᠳᠣᠬᠠᠨ ᠳᠤ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠨᠢ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠱᠠᠲᠤᠨ ᠳᠤ ᠣᠷᠣᠵᠤ᠂ ᠥᠭᠡᠷᠡᠴᠢᠯᠡᠯᠲᠡ ᠨᠢ ᠰᠢᠪᠲᠤᠯᠤᠯᠲᠠ ᠶᠢᠨ ᠬᠤᠭᠤᠴᠠᠭ᠎ᠠ ᠪᠠ ᠭᠦᠨ ᠳᠡᠰ ᠳᠠᠪᠬᠤᠷᠭ᠎ᠠ ᠳᠤ ᠣᠷᠣᠭᠰᠠᠨ ᠪᠣᠯᠬᠤᠷ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠂ ᠡᠷᠬᠡ ᠶᠢ ᠣᠷᠣᠨ ᠨᠤᠲᠤᠭ ᠪᠠ ᠶᠡᠭᠡ ᠳᠡᠭᠡᠳᠦ ᠰᠤᠷᠭᠠᠭᠤᠯᠢ ᠲᠡᠶᠢᠰᠢ ᠤᠯᠠᠮ ᠨᠢᠭᠡ ᠠᠯᠬᠤᠮ ᠳᠣᠷᠣᠭᠰᠢ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠬᠦᠯᠢᠶᠡᠰᠦ ᠶᠢ ᠨᠢ ᠲᠠᠶᠢᠯᠤᠨ ᠳᠠᠷᠤᠭᠠᠰᠤ ᠶᠢ ᠨᠢ ᠬᠥᠩᠭᠡᠯᠡᠵᠦ᠂ ᠶᠠᠷᠰᠢᠭ ᠲᠦᠪᠡᠭ ᠲᠠᠢ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠨ᠂ ᠰᠤᠷᠭᠠᠭᠤᠯᠢ ᠳᠤ ᠰᠤᠷᠭᠠᠭᠤᠯᠢ ᠡᠷᠬᠢᠯᠡᠬᠦ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠥᠷᠭᠡᠨ ᠣᠯᠠᠨ ᠠᠵᠢᠯᠲᠠᠳ ᠤᠨ ᠪᠢᠴᠢᠭ ᠵᠢᠭᠠᠵᠤ ᠬᠥᠮᠥᠨ ᠬᠥᠮᠥᠵᠢᠭᠦᠯᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠲᠠᠢ ᠵᠣᠬᠢᠴᠠᠯᠳᠤᠭᠰᠠᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠨᠡᠶᠢᠴᠡᠭᠰᠡᠨ ᠰᠢᠨ᠎ᠡ ᠶᠢ ᠡᠭᠦᠳᠬᠦ ᠡᠯ᠎ᠡ ᠲᠥᠷᠥᠯ ᠤᠨ ᠴᠢᠳᠠᠪᠤᠷᠢᠲᠠᠨ ᠢ ᠬᠥᠮᠥᠵᠢᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠰᠢᠨ᠎ᠡ ᠳᠠᠪᠠᠭᠤᠯᠢᠭ ᠢ ᠬᠥᠮᠥᠵᠢᠭᠦᠯᠦᠨ ᠪᠣᠶᠢᠵᠢᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠡᠶᠢᠮᠦ ᠠᠴᠠ᠂ ᠤᠯᠤᠰ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠨᠢ ᠡᠷᠬᠡᠪᠰᠢ ᠬᠢᠬᠦ ᠴᠢᠬᠤᠯᠠᠲᠠᠢ ᠠᠵᠢᠯ ᠪᠣᠯᠵᠠᠢ᠃      ᠨᠢᠭᠡ ᠳᠤ᠂ ᠲᠥᠪ ᠬᠤᠷᠢᠶ᠎ᠠ ᠶᠢᠨ ᠲᠣᠳᠣᠷᠬᠠᠢ ᠱᠠᠭᠠᠷᠳᠠᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠣᠯ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯᠳᠠᠯᠭ᠎ᠠ ᠪᠣᠯᠭᠠᠬᠤ ᠪᠠᠷ ᠴᠢᠬᠤᠯᠠᠴᠢᠯᠠᠪᠠ︔ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠪ ᠤᠨ ᠵᠠᠰᠠᠭ ᠤᠨ ᠣᠷᠳᠣᠨ ᠤ ᠬᠤᠮᠠᠬᠢ ᠲᠠᠯ᠎ᠠ ᠶᠢᠨ ᠬᠡᠷᠡᠭ ᠶᠠᠪᠤᠳᠠᠯ ᠳᠠᠬᠢ ᠬᠠᠮᠢᠶᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠰᠤᠨ ᠪᠠᠭᠠᠰᠬᠠᠬᠤ ᠬᠡᠷᠡᠭᠲᠡᠢ ᠭᠡᠵᠦ ᠣᠯᠠᠨ ᠤᠳᠠᠭ᠎ᠠ ᠳᠤᠷᠠᠳᠤᠨ ᠭᠠᠷᠭᠠᠪᠠ᠃ 2014 ᠣᠨ ᠤ 5 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠶᠠᠷᠢᠯᠴᠠᠬᠤ ᠬᠤᠷᠠᠯ ᠳᠡᠭᠡᠷ᠎ᠡ᠂ ᠪᠦᠬᠦ ᠤᠯᠤᠰ ᠤᠨ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠡᠮᠦᠨ᠎ᠡ ᠡᠩᠨᠡᠭᠡᠨ ᠳᠤ ᠭᠠᠪᠰᠢᠭᠠᠶᠢᠯᠠᠨ᠂ ᠠᠮᠢᠵᠢᠷᠠᠯ ᠤᠨ ᠬᠦᠴᠦᠨ ᠪᠢᠯᠬᠠᠮ᠎ᠠ᠂ ᠦᠷ᠎ᠡ ᠪᠦᠲᠦᠮᠵᠢ ᠪᠠᠷ ᠥᠨᠳᠥᠷ᠂ ᠨᠡᠩ ᠨᠡᠭᠡᠭᠡᠯᠲᠡ ᠬᠢᠭᠰᠡᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠥᠭᠵᠢᠯᠲᠡ ᠳᠤ ᠠᠰᠢᠭᠲᠠᠢ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 2016 ᠣᠨ ᠤ 4 ᠳ᠋ᠦ᠋ᠭᠡᠷ ᠰᠠᠷ᠎ᠠ ᠳᠤ᠂ ᠶᠡᠷᠦᠩᠬᠡᠢ ᠰᠠᠶᠢᠳ ᠯᠢ ᠺᠧ ᠴᠢᠶᠠᠩ ᠪᠡᠭᠡᠵᠢᠩ ᠶᠡᠭᠡ ᠰᠤᠷᠭᠠᠭᠤᠯᠢ ᠳᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠬᠠᠢ ᠶᠠᠷᠢᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠴᠠᠭ ᠢ ᠠᠮᠵᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ 2016 ᠣᠨ ᠤ 5 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠷᠠᠯᠳᠤᠭᠤᠯᠤᠭᠰᠠᠨ ᠪᠦᠬᠦ ᠤᠯᠤᠰ ᠢᠶᠠᠷ ᠢᠶᠠᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠲᠧᠯᠸᠢᠰ ᠤᠨ ᠬᠤᠷᠠᠯ ᠳᠡᠭᠡᠷ᠎ᠡ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠤᠷᠠᠳᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠶᠢᠲᠡ ᠶᠢᠨ ᠠᠰᠠᠷᠠᠮᠵᠢ ᠶᠢᠨ ᠬᠠᠷᠢᠶᠠᠲᠤ ᠴᠢᠨᠠᠷ ᠢ ᠨᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠨᠢᠭᠡᠴᠢ ᠪᠠ ᠠᠵᠢᠯ ᠦᠢᠯᠡᠰ ᠤᠨ ᠨᠢᠭᠡᠴᠢ ᠶᠢ ᠰᠠᠯᠭᠠᠬᠤ᠂ ᠠᠵᠢᠯ ᠦᠢᠯᠡᠰ ᠤᠨ ᠨᠢᠭᠡᠴᠢ ᠪᠠ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠡᠷᠬᠢᠯᠡᠬᠦ ᠶᠢ ᠰᠠᠯᠭᠠᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃ ᠡᠳᠡᠭᠡᠷ ᠨᠢ ᠪᠦᠷ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠵᠢᠭᠠᠨ ᠲᠣᠳᠣᠷᠬᠠᠶᠢᠯᠠᠵᠠᠢ᠃      ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠦᠲᠦᠴᠡ᠂ ᠣᠳᠣ ᠦᠶ᠎ᠡ ᠶᠢᠨ ᠶᠡᠭᠡ ᠰᠤᠷᠭᠠᠭᠤᠯᠢ ᠶᠢᠨ ᠳᠦᠷᠢᠮ᠂ ᠰᠤᠷᠭᠠᠭᠤᠯᠢ ᠡᠷᠬᠢᠯᠡᠬᠦ ᠪᠦᠲᠦᠴᠡ᠂ ᠬᠠᠮᠢᠶᠠᠷᠬᠤ ᠡᠷᠬᠢᠯᠡᠬᠦ ᠦᠨᠡᠯᠡᠬᠦ ᠶᠢ ᠰᠠᠯᠭᠠᠨ ᠠᠬᠢᠭᠤᠯᠬᠤ ᠵᠡᠷᠭᠡ ᠲᠠᠯ᠎ᠠ ᠶᠢᠨ ᠥᠭᠡᠷᠡᠴᠢᠯᠡᠯᠲᠡ ᠨᠢ ᠮᠠᠰᠢ ᠶᠡᠭᠡ ᠠᠬᠢᠴᠠ ᠲᠠᠢ ᠪᠣᠯᠪᠠ᠃ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠨᠢ ᠨᠡᠶᠢᠭᠡᠮ ᠤᠨ ᠬᠡᠯᠪᠡᠷᠢ ᠶᠢᠨ ᠬᠤᠪᠢᠷᠠᠯᠲᠠ ᠪᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠡᠯᠪᠡᠷᠢ ᠶᠢᠨ ᠬᠤᠪᠢᠷᠠᠯᠲᠠ ᠬᠥᠭᠵᠢᠯᠲᠡ ᠬᠠᠷᠢᠯᠴᠠᠨ ᠳᠠᠪᠬᠤᠴᠠᠭᠰᠠᠨ ᠲᠡᠦᠬᠡ ᠶᠢᠨ ᠴᠠᠭ ᠬᠤᠭᠤᠴᠠᠭ᠎ᠠ ᠳᠤ ᠣᠷᠣᠰᠢᠵᠤ ᠪᠠᠶᠢᠭ᠎ᠠ ᠪᠣᠯᠬᠤᠷ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠮᠥᠨ ᠬᠦ ᠪᠦᠲᠦᠴᠡ ᠲᠣᠭᠲᠠᠴᠠ ᠶᠢᠨ ᠲᠠᠯ᠎ᠠ ᠶᠢᠨ ᠮᠠᠰᠢ ᠣᠯᠠᠨ ᠬᠠᠷᠰᠢ ᠰᠠᠭᠠᠳ ᠣᠷᠣᠰᠢᠵᠤ ᠪᠠᠶᠢᠨ᠎ᠠ᠃ ᠣᠳᠣᠬᠠᠨ ᠳᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠦᠨᠡᠨ ᠬᠦ ᠴᠢᠩᠭᠠᠷᠠᠭᠤᠯᠵᠤ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠰᠢᠨ᠎ᠡ ᠴᠠᠭ ᠤᠨ ᠪᠠᠶᠢᠳᠠᠯ ᠳᠣᠣᠷ᠎ᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠨᠢ ᠨᠡᠩ ᠲᠤᠯᠭᠠᠮ᠎ᠠ ᠪᠣᠯᠵᠠᠢ᠃      ᠭᠤᠷᠪᠠ ᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠬᠤ ᠪᠠ ᠥᠷᠭᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ᠂ ᠡᠷᠬᠡᠪᠰᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠨ᠂ ᠰᠤᠷᠭᠠᠭᠤᠯᠢ ᠡᠷᠬᠢᠯᠡᠬᠦ ᠡᠵᠡᠨ ᠮᠡᠳᠡᠬᠦ ᠡᠷᠬᠡ ᠶᠢ ᠨᠢ ᠨᠠᠶᠢᠳᠠᠪᠤᠷᠢᠵᠢᠭᠤᠯᠬᠤ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠬᠢᠴᠢᠶᠡᠯ ᠬᠥᠮᠥᠵᠢᠯ ᠤᠨ ᠲᠤᠰᠬᠠᠢ ᠮᠡᠷᠭᠡᠵᠢᠯ᠂ ᠣᠷᠣᠨ ᠲᠤᠭ᠎ᠠ᠂ ᠠᠵᠢᠯ ᠤᠨ ᠪᠠᠶᠢᠷᠢ᠂ ᠠᠵᠢᠯᠲᠠᠨ ᠣᠷᠣᠭᠤᠯᠵᠤ ᠠᠵᠢᠯᠲᠠᠨ ᠬᠡᠷᠡᠭᠯᠡᠬᠦ᠂ ᠮᠡᠷᠭᠡᠵᠢᠯ ᠤᠨ ᠴᠣᠯᠠ ᠦᠨᠡᠯᠡᠨ ᠬᠢᠨᠠᠬᠤ᠂ ᠴᠠᠯᠢᠩ ᠬᠥᠯᠥᠰᠦ ᠬᠤᠪᠢᠶᠠᠷᠢᠯᠠᠬᠤ᠂ ᠵᠠᠷᠤᠳᠠᠯ ᠢᠶᠠᠨ ᠬᠡᠷᠡᠭᠯᠡᠨ ᠬᠠᠮᠢᠶᠠᠷᠬᠤ ᠵᠡᠷᠭᠡ ᠲᠠᠯ᠎ᠠ ᠶᠢᠨ ᠭᠦᠨ ᠳᠡᠰ ᠳᠠᠪᠬᠤᠷᠭ᠎ᠠ ᠶᠢᠨ ᠠᠰᠠᠭᠤᠳᠠᠯ ᠳᠤ ᠠᠳᠠᠯᠢ ᠪᠤᠰᠤ ᠬᠡᠮᠵᠢᠶ᠎ᠡ ᠪᠠᠷ ᠲᠤᠯᠭᠠᠷᠠᠵᠤ ᠪᠠᠶᠢᠭ᠎ᠠ ᠪᠣᠯᠬᠤᠷ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠪᠠᠷ ᠳᠠᠮᠵᠢᠭᠤᠯᠵᠤ᠂ ︽ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠠᠤᠯᠢ︾᠎ ᠳᠤ ᠲᠣᠭᠲᠠᠭᠠᠭᠰᠠᠨ ᠶᠡᠭᠡ ᠳᠡᠭᠡᠳᠦ ᠰᠤᠷᠭᠠᠭᠤᠯᠢ ᠶᠢᠨ ᠡᠵᠡᠨ ᠮᠡᠳᠡᠬᠦ ᠡᠷᠬᠡ ᠶᠢ ᠦᠨᠡᠨ ᠬᠦ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠᠲᠠᠢ ᠪᠣᠯᠵᠠᠢ᠃      ᠬᠤᠶᠠᠷ᠂ ᠮᠠᠨ ᠤ ᠣᠷᠣᠨ ᠠᠴᠠ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠎ ᠬᠢᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠭᠤᠣᠯ ᠣᠨᠴᠠᠯᠢᠭ      ᠮᠠᠨ ᠤ ᠣᠷᠣᠨ ᠤ ︽ᠬᠡᠷᠡᠭᠵᠢᠭᠦᠯᠬᠦ ᠰᠠᠨᠠᠯ︾᠎ ᠨᠢ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠠᠴᠠ ᠳᠣᠷᠣᠭᠰᠢ ᠪᠠᠭᠤᠯᠭᠠᠬᠤ ᠪᠠᠷ ᠲᠣᠳᠣᠷᠬᠠᠢ ᠱᠠᠭᠠᠷᠳᠠᠭᠰᠠᠨ ᠵᠦᠢᠯᠡᠰ ᠢ ︽ᠬᠡᠷᠡᠭᠵᠢᠭᠦᠯᠬᠦ ᠰᠠᠨᠠᠯ︾᠎ ᠳᠤ ᠲᠡᠷᠡ ᠬᠡᠪ ᠢᠶᠠᠷ ᠨᠢ ᠶᠡᠭᠡ ᠳᠡᠭᠡᠳᠦ ᠰᠤᠷᠭᠠᠭᠤᠯᠢ ᠳᠤ ᠪᠠᠭᠤᠯᠭᠠᠵᠤ᠂ ᠵᠠᠷᠢᠮ ᠵᠦᠢᠯᠡᠰ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ ᠨᠡᠩ ᠶᠡᠭᠡ ᠳᠡᠮᠵᠢᠯᠭᠡ ᠶᠢᠨ ᠡᠷᠴᠢᠮ ᠢ ᠢᠯᠡᠷᠡᠭᠦᠯᠵᠡᠢ᠃      ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠲᠠᠢ ᠪᠠᠶᠢᠨ᠎ᠠ᠃ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠠᠴᠠ ︽ᠰᠠᠨᠠᠯ ᠤᠳ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠮᠠᠨ ᠤ ᠣᠷᠣᠨ ᠠᠴᠠ ᠬᠦᠴᠦᠨ ᠢᠶᠠᠨ ᠵᠣᠬᠢᠶᠠᠨ ᠪᠠᠶᠢᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ ︽ᠬᠡᠷᠡᠭᠵᠢᠭᠦᠯᠬᠦ ᠰᠠᠨᠠᠯ︾᠎ ᠢ ᠲᠤᠭᠤᠷᠪᠢᠪᠠ᠃ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ᠲᠤᠰ ᠤᠳᠠᠭᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠭᠤᠣᠯᠳᠠᠭᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ ᠲᠣᠬᠢᠷᠠᠭᠤᠯᠬᠤ᠂ ᠣᠷᠣᠨ ᠲᠤᠭ᠎ᠠ ᠪᠠ ᠠᠵᠢᠯ ᠤᠨ ᠪᠠᠶᠢᠷᠢ ᠶᠢ ᠲᠣᠬᠢᠷᠠᠭᠤᠯᠬᠤ᠂ ᠠᠵᠢᠯᠲᠠᠨ ᠣᠷᠣᠭᠤᠯᠤᠨ ᠠᠵᠢᠯᠲᠠᠨ ᠬᠡᠷᠡᠭᠯᠡᠬᠦ ᠶᠢ ᠬᠠᠮᠢᠶᠠᠷᠬᠤ᠂ ᠪᠠᠭᠰᠢ ᠶᠢᠨ ᠮᠡᠷᠭᠡᠵᠢᠯ ᠤᠨ ᠴᠣᠯᠠ ᠪᠠ ᠴᠠᠯᠢᠩ ᠬᠥᠯᠥᠰᠦ ᠶᠢ ᠬᠤᠪᠢᠶᠠᠷᠢᠯᠠᠬᠤ᠂ ᠵᠠᠷᠤᠳᠠᠯ ᠪᠠ ᠡᠳ᠋ ᠬᠥᠷᠥᠩᠭᠡ ᠶᠢ ᠬᠠᠮᠢᠶᠠᠷᠬᠤ ᠵᠡᠷᠭᠡ ᠣᠯᠠᠨ ᠲᠠᠯ᠎ᠠ ᠳᠤ ᠬᠤᠯᠪᠣᠭᠳᠠᠨ᠂ ᠥᠪᠡᠷᠲᠡᠭᠡᠨ ᠵᠠᠰᠠᠬᠤ ᠣᠷᠣᠨ ᠤ ᠣᠯᠠᠨ ᠰᠠᠯᠠᠭ᠎ᠠ ᠮᠥᠴᠢᠷ ᠲᠠᠢ ᠬᠤᠯᠪᠣᠭᠳᠠᠵᠤ᠂ ᠭᠤᠣᠯᠳᠠᠭᠤ ᠰᠤᠷᠭᠠᠨ ᠬᠥᠮᠥᠵᠢᠯ ᠤᠨ ᠲᠢᠩᠬᠢᠮ᠂ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠪᠠᠭᠲᠠᠵᠤ ᠪᠠᠶᠢᠨ᠎ᠠ᠃ ᠡᠯ᠎ᠡ ᠰᠠᠯᠠᠭ᠎ᠠ ᠮᠥᠴᠢᠷ ᠤᠳ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠨᠢᠭᠡᠳᠦᠯᠲᠡᠢ ᠲᠠᠨᠢᠯᠲᠠ ᠲᠠᠢ ᠪᠠᠶᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠬᠠᠮᠵᠢᠯᠴᠠᠨ ᠳᠡᠮᠵᠢᠵᠦ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠤᠨ ᠰᠠᠨᠠᠯ ᠰᠠᠨᠠᠭᠤᠯᠭ᠎ᠠ ᠶᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠤᠳᠠᠭ᠎ᠠ ᠣᠶᠢᠯᠠᠭᠠᠯᠴᠠᠨ ᠵᠣᠬᠢᠴᠠᠭᠤᠯᠬᠤ ᠪᠠᠷ ᠳᠠᠮᠵᠢᠭᠤᠯᠤᠨ᠂ ᠤᠯᠤᠰ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠪᠠ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠰᠠᠨᠠᠯ︾᠎ ᠢ ᠣᠯᠠᠨ ᠤᠳᠠᠭ᠎ᠠ ᠨᠠᠷᠢᠨ ᠬᠢᠨᠠᠮᠠᠭᠠᠢ ᠵᠠᠰᠠᠨ ᠲᠡᠭᠦᠯᠳᠡᠷᠵᠢᠭᠦᠯᠵᠡᠢ᠃      ᠬᠤᠶᠠᠷ ᠲᠤ᠂ ︽ᠬᠡᠷᠡᠭᠵᠢᠭᠦᠯᠬᠦ ᠰᠠᠨᠠᠯ︾ ᠬᠢᠭᠡᠳ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠣᠷᠭᠠᠨᠢᠭ ᠢᠶᠠᠷ ᠵᠣᠯᠭᠠᠯᠳᠤᠭᠤᠯᠪᠠ᠃ ︽ᠬᠡᠷᠡᠭᠵᠢᠭᠦᠯᠬᠦ ᠰᠠᠨᠠᠯ︾᠎ ᠨᠢ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠰᠠᠨᠠᠯ ᠤᠳ︾᠎ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠲᠠᠢ ᠠᠭᠤᠰᠤᠯᠴᠠᠭᠤᠯᠤᠨ᠂ ᠤᠯᠤᠰ ᠤᠨ ᠳᠡᠰ ᠳᠠᠪᠬᠤᠷᠭ᠎ᠠ ᠳᠤ ᠨᠢᠭᠡᠨᠲᠡ ᠨᠡᠶᠢᠲᠡᠯᠡᠭᠳᠡᠭᠰᠡᠨ ᠪᠢᠴᠢᠭ ᠮᠠᠲ᠋ᠧᠷᠢᠶᠠᠯ ᠯᠤᠭ᠎ᠠ ᠶᠢᠨ ᠵᠣᠬᠢᠴᠠᠭᠤᠯᠬᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠮᠠᠨ ᠤ ᠣᠷᠣᠨ ᠠᠴᠠ ᠨᠢᠭᠡᠨᠲᠡ ᠤᠷᠢᠳ ᠢᠶᠠᠷ ᠬᠡᠷᠡᠭᠵᠢᠭᠦᠯᠦᠨ ᠠᠬᠢᠭᠤᠯᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠯᠦᠭᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠪᠠ᠃ ᠵᠢᠱᠢᠶᠡᠯᠡᠪᠡᠯ᠂ ︽ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠥᠭᠡᠷᠡᠴᠢᠯᠡᠨ ᠰᠠᠶᠢᠵᠢᠷᠠᠭᠤᠯᠬᠤ︾ ᠲᠠᠯ᠎ᠠ ᠪᠠᠷ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠮᠠᠨ ᠤ ᠣᠷᠣᠨ ᠤ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ ᠢ ᠴᠢᠩᠭ᠎ᠠ ᠵᠢᠷᠤᠮᠯᠠᠵᠤ᠂ ᠶᠡᠭᠡ ᠳᠡᠭᠡᠳᠦ ᠰᠤᠷᠭᠠᠭᠤᠯᠢ ᠠᠴᠠ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ︾᠎ ᠲᠤ ᠵᠢᠭᠰᠠᠭᠠᠭᠰᠠᠨ ᠲᠤᠰᠬᠠᠢ ᠮᠡᠷᠭᠡᠵᠢᠯ ᠢ ᠭᠤᠶᠤᠴᠢᠯᠠᠨ ᠲᠣᠬᠢᠷᠠᠭᠤᠯᠬᠤ ᠳᠤ᠂ ᠲᠣᠬᠢᠷᠠᠭᠤᠯᠤᠯᠲᠠ ᠶᠢ ᠨᠢ ᠤᠯᠤᠰ ᠠᠴᠠ ᠡᠵᠡᠮᠳᠡᠵᠦ ᠪᠠᠶᠢᠭ᠎ᠠ ᠵᠢᠴᠢ ᠲᠤᠰ ᠭᠠᠷᠴᠠᠭ ᠲᠤ ᠵᠢᠭᠰᠠᠭᠠᠭᠳᠠᠭ᠎ᠠ ᠦᠭᠡᠢ ᠰᠢᠨ᠎ᠡ ᠲᠤᠰᠬᠠᠢ ᠮᠡᠷᠭᠡᠵᠢᠯ ᠠᠴᠠ ᠭᠠᠳᠠᠨ᠎ᠠ᠂ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠬᠢᠵᠤ ᠠᠩᠬᠠᠨ ᠤ ᠬᠢᠨᠠᠯᠲᠠ ᠬᠢᠬᠦ ᠦᠭᠡᠢ ᠪᠣᠯᠭᠠᠵᠤ᠂ ᠮᠡᠳᠡᠭᠦᠯᠦᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠪᠡ︔ ︽ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠳᠣᠷᠣᠭᠰᠢ ᠪᠠᠭᠤᠯᠭᠠᠬᠤ︾ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠢᠯᠣᠭᠤᠳᠬᠤ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2016﹈ 21 ᠳ᠋ᠦ᠋ᠭᠡᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2017﹈ 36 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠠᠭᠤᠰᠤᠯᠴᠠᠭᠤᠯᠤᠨ ᠣᠷᠣᠭᠤᠯᠤᠭᠰᠠᠨ ᠤ ᠬᠠᠮᠲᠤ᠂ ᠡᠨᠡ ᠵᠢᠯ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠪᠦᠬᠦᠨ ᠢ ᠶᠡᠭᠡ ᠳᠡᠭᠡᠳᠦ ᠰᠤᠷᠭᠠᠭᠤᠯᠢ ᠳᠤ ᠪᠠᠭᠤᠯᠭᠠᠬᠤ ᠪᠠᠷ ᠪᠣᠯᠪᠠ︔ ︽ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠬᠡᠷᠡᠭᠯᠡᠨ ᠬᠠᠮᠢᠶᠠᠷᠬᠤ ᠶᠢ ᠲᠡᠭᠦᠯᠳᠡᠷᠵᠢᠭᠦᠯᠬᠦ ᠪᠠ ᠴᠢᠩᠭᠠᠳᠬᠠᠬᠤ︾ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ ︾ ︵ᠥᠪᠥᠷ ᠨᠠᠮ ᠠᠯᠪᠠᠨ ᠲᠠᠷᠬᠠᠭᠠᠭᠰᠠᠨ ﹇2017﹈ 30 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠥᠪᠡᠰᠦᠪᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠬᠤᠳᠠᠯᠳᠤᠨ ᠠᠪᠴᠤ᠂ ᠥᠪᠡᠰᠦᠪᠡᠨ ᠡᠳ᠋ ᠬᠥᠷᠥᠩᠭᠡ ᠪᠠᠨ ᠰᠢᠢᠳᠪᠦᠷᠢᠯᠡᠵᠦ ᠬᠡᠷᠡᠭᠯᠡᠭᠡᠨ ᠠᠴᠠ ᠭᠠᠷᠭᠠᠵᠤ ᠪᠣᠯᠣᠨ᠎ᠠ ᠭᠡᠬᠦ ᠮᠡᠲᠦ ᠪᠠᠷ ᠲᠣᠳᠣᠷᠬᠠᠶᠢᠯᠠᠵᠠᠢ᠃      ᠭᠤᠷᠪᠠ ᠳᠤ᠂ ᠤᠯᠤᠰ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠭᠰᠠᠨ ᠪᠠ ᠰᠢᠪᠲᠤᠯᠤᠯᠲᠠ ᠬᠢᠪᠡ᠃ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠤᠨ ᠬᠤᠷᠸ᠎ᠠ ᠲᠠᠯ᠎ᠠ ᠶᠢᠨ ᠵᠢᠯᠣᠭᠤᠳᠤᠯᠭ᠎ᠠ ᠳᠣᠣᠷ᠎ᠠ᠂ ᠮᠠᠨ ᠤ ᠣᠷᠣᠨ ᠤ ︽ᠬᠡᠷᠡᠭᠵᠢᠭᠦᠯᠬᠦ ᠰᠠᠨᠠᠯ︾᠎ ᠨᠢ ᠥᠭᠡᠷᠡᠴᠢᠯᠡᠯᠲᠡ ᠶᠢᠨ ᠵᠦᠢᠯᠡᠰ ᠲᠤ ᠵᠤᠷᠪᠤᠰ ᠳᠠᠷᠠᠭᠠᠯᠠᠨ ᠨᠠᠷᠢᠯᠢᠭᠵᠢᠭᠤᠯᠤᠯᠲᠠ ᠬᠢᠵᠦ᠂ ᠬᠤᠯᠪᠣᠭᠳᠠᠯ ᠪᠦᠬᠦᠢ ᠠᠵᠢᠯ ᠤᠨ ᠵᠦᠢᠯᠡᠰ ᠢ ᠨᠡᠩ ᠴᠢᠩᠭ᠎ᠠ ᠬᠡᠷᠡᠭᠯᠡᠭᠦᠰᠢᠲᠡᠢ ᠴᠢᠨᠠᠷ ᠲᠠᠢ ᠪᠣᠯᠭᠠᠪᠠ᠃ ᠵᠢᠱᠢᠶᠡᠯᠡᠪᠡᠯ᠂ ︽ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠶᠢ ᠥᠭᠡᠷᠡᠴᠢᠯᠡᠨ ᠰᠠᠶᠢᠵᠢᠷᠠᠭᠤᠯᠬᠤ︾ ᠲᠠᠯ᠎ᠠ ᠪᠠᠷ᠂ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠭᠤᠯᠭ᠎ᠠ ᠶᠢᠨ ᠴᠢᠬᠤᠯᠠ ᠬᠦᠴᠦᠨ ᠵᠦᠢᠯ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠲᠥᠷᠥᠯ ᠬᠤᠪᠢᠶᠠᠨ ᠦᠨᠡᠯᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ︔ ︽ᠶᠡᠭᠡ ᠳᠡᠭᠡᠳᠦ ᠰᠤᠷᠭᠠᠭᠤᠯᠢ ᠶᠢ ᠳᠡᠮᠵᠢᠨ ᠳᠣᠲᠣᠭᠠᠳᠤ ᠶᠢᠨ ᠴᠠᠯᠢᠩ ᠬᠥᠯᠥᠰᠦ ᠪᠠᠨ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ︾ ᠲᠠᠯ᠎ᠠ ᠪᠠᠷ᠂ ᠤᠯᠤᠰ ᠤᠨ ᠥᠭᠡᠷᠡᠴᠢᠯᠡᠯᠲᠡ ᠶᠢᠨ ᠰᠠᠨᠠᠯ ᠲᠠᠢ ᠬᠠᠷᠢᠴᠠᠭᠤᠯᠵᠤ ᠪᠠᠶᠢᠭᠠᠳ ᠨᠡᠩ ᠶᠡᠭᠡ ᠳᠡᠮᠵᠢᠯᠭᠡ ᠶᠢᠨ ᠡᠷᠴᠢᠮ ᠢ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠪᠦᠷᠢᠳᠬᠡᠨ ᠳᠠᠩᠰᠠᠯᠠᠭᠤᠯᠤᠭᠰᠠᠨ ᠪᠠᠭᠰᠢ ᠶᠢᠨ ᠶᠡᠷᠦᠩᠬᠡᠢ ᠲᠤᠭ᠎ᠠ᠂ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ᠂ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ ᠵᠡᠷᠭᠡ ᠬᠦᠴᠦᠨ ᠵᠦᠢᠯ ᠢᠶᠠᠨ ᠦᠨᠳᠦᠰᠦᠯᠡᠵᠦ᠂ ᠲᠤᠰ ᠰᠤᠷᠭᠠᠭᠤᠯᠢ ᠶᠢᠨ ᠢᠶᠠᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠪᠦᠲᠦᠴᠡ ᠪᠠ ᠬᠤᠪᠢᠶᠠᠷᠢᠯᠠᠬᠤ ᠠᠷᠭ᠎ᠠ ᠬᠡᠯᠪᠡᠷᠢ ᠪᠠᠨ ᠡᠵᠡᠨ ᠮᠡᠳᠡᠨ ᠲᠣᠭᠲᠠᠭᠠᠬᠤ ᠶᠢ ᠵᠥᠪᠰᠢᠶᠡᠷᠡᠪᠡ︔ ︽ᠪᠠᠭᠠᠵᠢ ᠲᠥᠬᠦᠭᠡᠷᠦᠮᠵᠢ ᠬᠤᠳᠠᠯᠳᠤᠨ ᠠᠪᠬᠤ︾ ᠲᠠᠯ᠎ᠠ ᠪᠠᠷ᠂ ᠵᠠᠰᠠᠭ ᠤᠨ ᠣᠷᠳᠣᠨ ᠠᠴᠠ ᠨᠢᠭᠡᠳᠦᠯᠲᠡᠢ ᠬᠤᠳᠠᠯᠳᠤᠨ ᠠᠪᠬᠤ ᠭᠠᠷᠴᠠᠭ ᠲᠠᠬᠢ ᠲᠤᠰᠬᠠᠢ ᠬᠡᠷᠡᠭᠯᠡᠭᠡᠨ ᠤ ᠬᠤᠳᠠᠯᠳᠤᠨ ᠠᠪᠬᠤ ᠲᠥᠷᠥᠯ ᠵᠦᠢᠯ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠥᠪᠡᠰᠦᠪᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠪᠠᠨ ᠬᠤᠳᠠᠯᠳᠤᠨ ᠠᠪᠴᠤ᠂ ᠥᠪᠡᠰᠦᠪᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠶᠢᠨ ᠦᠨᠡᠯᠡᠨ ᠬᠢᠨᠠᠬᠤ ᠲᠤᠰᠬᠠᠢ ᠮᠡᠷᠭᠡᠵᠢᠯᠲᠡᠳ ᠢ ᠰᠣᠩᠭᠤᠵᠤ ᠪᠣᠯᠣᠨ᠎ᠠ ᠭᠡᠵᠦ ᠲᠣᠭᠲᠠᠭᠠᠪᠠ︔ ︽ᠵᠠᠮ ᠤᠨ ᠵᠠᠷᠤᠳᠠᠯ ᠢ ᠬᠠᠮᠢᠶᠠᠷᠬᠤ︾ ᠲᠠᠯ᠎ᠠ ᠪᠠᠷ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠵᠠᠮ ᠤᠨ ᠵᠠᠷᠤᠳᠠᠯ᠂ ᠬᠤᠷᠠᠯ ᠤᠨ ᠵᠠᠷᠤᠳᠠᠯ᠂ ᠠᠰᠠᠭᠤᠨ ᠯᠠᠪᠯᠠᠯᠲᠠ ᠶᠢᠨ ᠵᠠᠷᠤᠳᠠᠯ ᠵᠡᠷᠭᠡ ᠶᠢᠨ ᠬᠠᠮᠢᠶᠠᠷᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠥᠷᠥᠯ ᠵᠦᠢᠯ ᠢ ᠬᠡᠷᠡᠭᠵᠢᠭᠦᠯᠬᠦ ᠪᠣᠳᠠᠲᠠᠢ ᠱᠠᠭᠠᠷᠳᠠᠯᠭ᠎ᠠ ᠪᠠᠨ ᠦᠨᠳᠦᠰᠦᠯᠡᠨ᠂ ᠦᠨᠡᠨ ᠠᠴᠠ ᠵᠥᠪ ᠢ ᠡᠷᠢᠬᠦ᠂ ᠰᠢᠯᠢᠳᠡᠭ ᠠᠪᠰᠠᠷ ᠮᠥᠷᠲᠡᠭᠡᠨ ᠥᠨᠳᠥᠷ ᠦᠷ᠎ᠡ ᠪᠦᠲᠦᠮᠵᠢᠲᠡᠢ᠂ ᠰᠠᠶᠢᠲᠤᠷ ᠠᠷᠪᠢᠯᠠᠨ ᠭᠠᠮᠨᠠᠬᠤ ᠵᠠᠷᠴᠢᠮ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠤᠨ ᠵᠠᠮ ᠤᠨ ᠵᠠᠷᠤᠳᠠᠯ᠂ ᠬᠤᠷᠠᠯ ᠤᠨ ᠵᠠᠷᠤᠳᠠᠯ᠂ ᠠᠰᠠᠭᠤᠨ ᠯᠠᠪᠯᠠᠯᠲᠠ ᠶᠢᠨ ᠵᠠᠷᠤᠳᠠᠯ ᠤᠨ ᠬᠠᠮᠢᠶᠠᠷᠬᠤ ᠠᠷᠭ᠎ᠠ ᠶᠢ ᠥᠪᠡᠰᠦᠪᠡᠨ ᠰᠤᠳᠤᠯᠬᠤ ᠶᠢᠨ ᠬᠠᠮᠲᠤ ᠵᠦᠢ ᠵᠣᠬᠢᠰᠲᠠᠢ ᠲᠣᠭᠲᠠᠭᠠᠵᠤ ᠪᠣᠯᠣᠨ᠎ᠠ ᠭᠡᠬᠦ ᠮᠡᠲᠦ᠃      ᠭᠤᠷᠪᠠ᠂ ︽ᠬᠡᠷᠡᠭᠵᠢᠭᠦᠯᠬᠦ ᠰᠠᠨᠠᠯ︾᠎ ᠤᠨ ᠭᠤᠣᠯ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ      ︵ᠨᠢᠭᠡ︶ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠬᠠᠷᠭᠤᠭᠤᠯᠬᠤ ᠪᠠ ᠲᠤᠰᠬᠠᠢ ᠮᠡᠷᠭᠡᠵᠢᠯ ᠲᠣᠬᠢᠷᠠᠭᠤᠯᠬᠤ ᠥᠭᠡᠷᠡᠴᠢᠯᠡᠯᠲᠡ ᠶᠢᠨ ᠭᠤᠣᠯ ᠠᠷᠭ᠎ᠠ ᠬᠡᠮᠵᠢᠶ᠎ᠡ᠃ ︽ᠬᠡᠷᠡᠭᠵᠢᠭᠦᠯᠬᠦ ᠰᠠᠨᠠᠯ︾᠎ ᠨᠢ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠰᠠᠨᠠᠯ ᠤᠳ︾᠎ ᠢ ᠴᠢᠩᠭ᠎ᠠ ᠨᠠᠶᠢᠳᠠᠪᠤᠷᠢᠵᠢᠭᠤᠯᠵᠤ᠂ ᠡᠷᠳᠡᠮ ᠤᠨ ᠴᠣᠯᠠ ᠶᠢᠨ ᠡᠷᠬᠡ ᠣᠯᠭᠤᠬᠤ ᠪᠠ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠲᠣᠬᠢᠷᠠᠭᠤᠯᠬᠤ ᠵᠡᠷᠭᠡ ᠲᠠᠯ᠎ᠠ ᠪᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃      ᠨᠢᠭᠡ ᠳᠤ᠂ ᠳᠦᠷᠢᠮ ᠢ ᠲᠡᠭᠦᠯᠳᠡᠷᠵᠢᠭᠦᠯᠦᠨ᠂ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠵᠥᠪᠰᠢᠶᠡᠷᠡᠬᠦ ᠲᠣᠭᠲᠠᠴᠠ ᠳᠤ ᠥᠭᠡᠷᠡᠴᠢᠯᠡᠯᠲᠡ ᠬᠢᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠷᠳᠡᠮ ᠤᠨ ᠴᠣᠯᠠ ᠶᠢᠨ ᠵᠥᠪᠯᠡᠯ ᠠᠴᠠ ᠡᠷᠬᠡ ᠣᠯᠭᠤᠭᠰᠠᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠵᠥᠪᠯᠡᠯ ᠠᠴᠠ ᠰᠢᠨ᠎ᠡ ᠪᠠᠷ ᠨᠡᠮᠡᠭᠰᠡᠨ ᠠᠰᠫᠢᠷᠠᠨᠲ ᠤᠨ ᠡᠷᠳᠡᠮ ᠤᠨ ᠴᠣᠯᠠ ᠣᠯᠭᠤᠬᠤ ᠨᠢᠭᠡᠴᠢ ᠪᠠ ᠡᠷᠬᠡ ᠣᠯᠭᠤᠬᠤ ᠴᠡᠭ ᠢ ᠬᠢᠨᠠᠨ ᠬᠠᠷᠭᠤᠭᠤᠯᠬᠤ᠂ ᠰᠢᠨ᠎ᠡ ᠪᠠᠷ ᠨᠡᠮᠡᠭᠰᠡᠨ ᠳ᠋ᠣᠺᠲ᠋ᠣᠷᠠᠨᠲ ᠤᠨ ᠡᠷᠳᠡᠮ ᠤᠨ ᠴᠣᠯᠠ ᠣᠯᠭᠤᠬᠤ ᠨᠢᠭᠡᠴᠢ ᠪᠠ ᠡᠷᠬᠡ ᠣᠯᠭᠤᠬᠤ ᠴᠡᠭ ᠲᠤ ᠠᠩᠬᠠᠨ ᠤ ᠬᠢᠨᠠᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠯᠲᠠ ᠬᠠᠷᠭᠤᠭᠤᠯᠤᠯᠲᠠ ᠪᠠ ᠠᠩᠬᠠᠨ ᠤ ᠬᠢᠨᠠᠯᠲᠠ ᠳᠤ ᠬᠢᠷᠢ ᠲᠡᠩᠴᠡᠭᠰᠡᠳ ᠢ ᠰᠤᠷᠭᠠᠨ ᠬᠥᠮᠥᠵᠢᠯ ᠤᠨ ᠶᠠᠮᠤᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠰᠠᠳ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠬᠠᠷᠭᠤᠭᠤᠯᠬᠤ ᠠᠵᠢᠯ ᠤᠨ ᠠᠷᠭ᠎ᠠ︾᠎ ᠶᠢ ᠵᠠᠰᠠᠨ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠬᠤ ᠠᠵᠢᠯ ᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠳᠡᠮ ᠤᠨ ᠴᠣᠯᠠ ᠶᠢᠨ ᠡᠷᠬᠡ ᠣᠯᠭᠤᠬᠤ ᠬᠢᠴᠢᠶᠡᠯ ᠬᠥᠮᠥᠵᠢᠯ ᠪᠠ ᠡᠷᠬᠡ ᠣᠯᠭᠤᠬᠤ ᠴᠡᠭ ᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃      ᠬᠤᠶᠠᠷ ᠲᠤ᠂ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠲᠤᠰᠬᠠᠢ ᠮᠡᠷᠭᠡᠵᠢᠯ ᠢ ᠲᠣᠬᠢᠷᠠᠭᠤᠯᠬᠤ ᠶᠢ ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠬᠤ ᠳᠦᠷᠢᠮ ᠢ ᠥᠭᠡᠷᠡᠴᠢᠯᠡᠨ ᠰᠠᠶᠢᠵᠢᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠤᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢᠶᠠᠨ ᠬᠠᠤᠯᠢ ᠶᠣᠰᠣᠭᠠᠷ ᠡᠵᠡᠨ ᠮᠡᠳᠡᠨ ᠲᠣᠬᠢᠷᠠᠭᠤᠯᠬᠤ ᠶᠢ ᠳᠡᠮᠵᠢᠵᠦ᠂ ᠲᠣᠬᠢᠷᠠᠭᠤᠯᠤᠯᠲᠠ ᠶᠢ ᠨᠢ ᠤᠯᠤᠰ ᠠᠴᠠ ᠡᠵᠡᠮᠳᠡᠵᠦ ᠪᠠᠶᠢᠭ᠎ᠠ ᠲᠤᠰᠬᠠᠢ ᠮᠡᠷᠭᠡᠵᠢᠯ ᠠᠴᠠ ᠭᠠᠳᠠᠨ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠲᠤᠰ ᠰᠤᠷᠭᠠᠭᠤᠯᠢ ᠶᠢᠨ ᠢᠶᠠᠨ ᠪᠣᠳᠠᠲᠤ ᠪᠠᠶᠢᠳᠠᠯ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ︵ᠲᠤᠰᠬᠠᠢ ᠮᠡᠷᠭᠡᠵᠢᠯ ᠤᠨ ᠠᠩᠭᠢ︶᠎ ᠤᠨ ᠲᠤᠰᠬᠠᠢ ᠮᠡᠷᠭᠡᠵᠢᠯ ᠢᠶᠠᠨ ᠡᠵᠡᠨ ᠮᠡᠳᠡᠵᠦ ᠲᠣᠬᠢᠷᠠᠭᠤᠯᠬᠤ ᠪᠠ ᠲᠣᠬᠢᠷᠠᠭᠤᠯᠤᠯᠲᠠ ᠬᠢᠬᠦ ᠶᠢᠨ ᠬᠠᠮᠲᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠤᠨ ᠪᠣᠳᠠᠲᠤ ᠪᠠᠶᠢᠳᠠᠯ ᠢ ᠦᠨᠳᠦᠰᠦᠯᠡᠵᠦ᠂ ᠲᠤᠰᠬᠠᠢ ᠮᠡᠷᠭᠡᠵᠢᠯ ᠤᠨ ᠴᠢᠭᠯᠡᠯ ᠢᠶᠠᠨ ᠡᠵᠡᠨ ᠮᠡᠳᠡᠨ ᠲᠣᠬᠢᠷᠠᠭᠤᠯᠵᠤ ᠪᠣᠯᠣᠨ᠎ᠠ᠃ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢ ᠲᠣᠬᠢᠷᠠᠭᠤᠯᠬᠤ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ ᠰᠤᠷᠭᠠᠨ ᠬᠥᠮᠥᠵᠢᠯ ᠤᠨ ᠶᠠᠮᠤᠨ ᠳᠤ ᠮᠡᠳᠡᠭᠦᠯᠦᠨ ᠪᠦᠷᠢᠳᠬᠡᠨ ᠳᠠᠩᠰᠠᠯᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ ᠤᠨ ᠠᠩᠭᠢ︶᠎ ᠤᠨ ᠲᠤᠰᠬᠠᠢ ᠮᠡᠷᠭᠡᠵᠢᠯ ᠢ ᠲᠣᠬᠢᠷᠠᠭᠤᠯᠬᠤ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃      ᠭᠤᠷᠪᠠ ᠳᠤ᠂ ᠲᠤᠰᠬᠠᠢ ᠮᠡᠷᠭᠡᠵᠢᠯ ᠲᠣᠬᠢᠷᠠᠭᠤᠯᠬᠤ ᠶᠢᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠲᠤᠰᠬᠠᠢ ᠮᠡᠷᠭᠡᠵᠢᠯ ᠲᠣᠬᠢᠷᠠᠭᠤᠯᠤᠭᠰᠠᠨ ᠢ ᠦᠨᠡᠯᠡᠨ ᠵᠢᠱᠢᠬᠦ ᠪᠠ ᠰᠤᠭᠤᠴᠢᠨ ᠪᠠᠶᠢᠴᠠᠭᠠᠬᠤ ᠶᠢ ᠥᠷᠨᠢᠭᠦᠯᠦᠨ᠎ᠡ᠃ ᠲᠤᠰᠬᠠᠢ ᠮᠡᠷᠭᠡᠵᠢᠯ ᠲᠣᠬᠢᠷᠠᠭᠤᠯᠬᠤ ᠶᠢᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ᠂ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠬᠢᠭᠡᠳ ᠲᠤᠰᠬᠠᠢ ᠮᠡᠷᠭᠡᠵᠢᠯ ᠲᠣᠬᠢᠷᠠᠭᠤᠯᠬᠤ ᠳᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠦᠨᠡᠯᠡᠨ ᠵᠢᠱᠢᠬᠦ ᠪᠠ ᠰᠤᠭᠤᠴᠢᠨ ᠪᠠᠶᠢᠴᠠᠭᠠᠬᠤ ᠶᠢ ᠥᠷᠨᠢᠭᠦᠯᠦᠨ᠂ ᠦᠨᠡᠯᠡᠨ ᠵᠢᠱᠢᠵᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢᠶᠠᠷ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠳᠤ ᠪᠠᠨ ᠲᠣᠬᠢᠷᠠᠭᠤᠯᠤᠯᠲᠠ ᠬᠢᠬᠦ ᠭᠤᠣᠯ ᠦᠨᠳᠦᠰᠦᠯᠡᠯ ᠪᠣᠯᠭᠠᠨ᠎ᠠ᠃ ᠴᠢᠳᠠᠪᠤᠷᠢᠲᠠᠨ ᠬᠥᠮᠥᠵᠢᠭᠦᠯᠬᠦ ᠪᠠᠶᠢᠷᠢ ᠲᠣᠭᠲᠠᠭᠠᠯᠲᠠ ᠎ ᠨᠢ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ᠂ ᠰᠤᠷᠭᠠᠭᠤᠯᠢ ᠡᠷᠬᠢᠯᠡᠬᠦ ᠨᠥᠬᠦᠴᠡᠯ ᠨᠢ ᠬᠦᠨᠳᠦ ᠨᠣᠴᠢᠲᠠᠢ ᠬᠦᠷᠦᠯᠴᠡᠬᠦ ᠦᠭᠡᠢ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠨᠢ ᠵᠢᠷᠤᠮᠵᠢᠯ ᠪᠤᠰᠤ᠂ ᠠᠵᠢᠯ ᠣᠯᠭᠤᠬᠤ ᠨᠣᠷᠮ᠎ᠠ ᠨᠢ ᠬᠡᠳᠦ ᠳᠣᠣᠷ᠎ᠠ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠨᠢ ᠥᠨᠳᠥᠷ ᠪᠤᠰᠤ ᠵᠡᠷᠭᠡ ᠣᠷᠣᠰᠢᠵᠤ ᠪᠠᠶᠢᠭ᠎ᠠ ᠪᠠᠶᠢᠳᠠᠯ ᠳᠤ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢ ᠱᠠᠭᠠᠷᠳᠠᠨ ᠲᠣᠭᠲᠠᠭᠰᠠᠨ ᠬᠤᠭᠤᠴᠠᠭᠠᠨ ᠳᠤ ᠴᠡᠭᠴᠡᠯᠡᠯᠲᠡ ᠬᠢᠯᠭᠡᠬᠦ ᠪᠤᠶᠤ ᠰᠤᠷᠤᠭᠴᠢ ᠡᠯᠰᠡᠬᠦ ᠶᠢ ᠨᠢ ᠵᠣᠭᠰᠣᠭᠠᠨ᠎ᠠ᠃      ︵ᠬᠤᠶᠠᠷ︶ ᠶᠡᠭᠡ ᠳᠡᠭᠡᠳᠦ ᠰᠤᠷᠭᠠᠭᠤᠯᠢ ᠶᠢᠨ ᠣᠷᠣᠨ ᠲᠤᠭ᠎ᠠ ᠵᠢᠴᠢ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠭᠤᠣᠯ ᠠᠷᠭ᠎ᠠ ᠬᠡᠮᠵᠢᠶ᠎ᠡ᠃ ᠮᠠᠨ ᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠣᠳᠣ ᠶᠢᠨ ᠪᠠᠶᠢᠭ᠎ᠠ ᠣᠷᠣᠨ ᠲᠣᠭᠠᠨ ᠤ ᠬᠡᠪᠴᠢᠶ᠎ᠡ ᠶᠢ ᠭᠤᠣᠯᠳᠠᠭᠤ 2006 ᠣᠨ ᠤ ᠡᠮᠦᠨ᠎ᠡ ᠬᠤᠶᠢᠨ᠎ᠠ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠭᠤᠭᠤᠯᠤᠨ ᠲᠣᠭᠲᠠᠭᠠᠵᠤ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠦᠢᠯᠡᠰ ᠤᠨ ᠲᠦᠷᠭᠡᠨ ᠢᠶᠠᠷ ᠬᠥᠭᠵᠢᠬᠦ ᠶᠢ ᠳᠠᠭᠠᠯᠳᠤᠨ᠂ ᠶᠡᠭᠡ ᠳᠡᠭᠡᠳᠦ ᠰᠤᠷᠭᠠᠭᠤᠯᠢ ᠶᠢᠨ ᠣᠳᠣ ᠶᠢᠨ ᠪᠠᠶᠢᠭ᠎ᠠ ᠣᠷᠣᠨ ᠲᠤᠭ᠎ᠠ ᠨᠢ ᠨᠢᠭᠡᠨᠲᠡ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ ᠪᠣᠯᠪᠠ᠃ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠥᠵᠢᠯ ᠤᠨ ᠶᠠᠮᠤᠨ ᠠᠴᠠ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠶᠡᠷᠦᠩᠬᠡᠢ ᠲᠤᠭ᠎ᠠ ᠶᠢ ᠬᠠᠷᠭᠤᠭᠤᠯᠤᠨ ᠲᠣᠭᠲᠠᠭᠠᠵᠤ ᠵᠢᠯᠣᠭᠤᠳᠬᠤ ᠪᠠᠷᠢᠮᠵᠢᠶ᠎ᠠ ᠪᠠ ᠲᠤᠷᠰᠢᠯᠲᠠ ᠶᠢᠨ ᠴᠢᠭ᠋ ᠤᠨ ᠲᠥᠰᠥᠯ ᠢ ᠲᠣᠭᠲᠠᠭᠠᠵᠤ᠂ ᠲᠤᠷᠰᠢᠯᠲᠠ ᠶᠢᠨ ᠴᠢᠭ᠋ ᠤᠨ ᠠᠵᠢᠯ ᠢ ᠢᠳᠡᠪᠬᠢᠲᠡᠢ ᠪᠠᠷ ᠥᠷᠨᠢᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠤᠨ ᠶᠡᠷᠦᠩᠬᠡᠢ ᠲᠤᠭ᠎ᠠ ᠶᠢ ᠬᠠᠷᠭᠤᠭᠤᠯᠤᠨ ᠲᠣᠭᠲᠠᠭᠠᠵᠤ ᠵᠢᠯᠣᠭᠤᠳᠬᠤ ᠪᠠᠷᠢᠮᠵᠢᠶ᠎ᠠ ᠪᠠ ᠲᠤᠷᠰᠢᠯᠲᠠ ᠶᠢᠨ ᠴᠢᠭ᠋ ᠤᠨ ᠲᠥᠰᠥᠯ ᠢ ᠰᠦᠪᠡᠭᠴᠢᠯᠡᠨ ᠲᠣᠭᠲᠠᠭᠠᠬᠤ ᠶᠢᠨ ᠬᠠᠮᠲᠤ᠂ ᠠᠳᠠᠯᠢ ᠪᠤᠰᠤ ᠶᠢᠨ ᠳᠡᠰ ᠳᠠᠪᠬᠤᠷᠭ᠎ᠠ ᠲᠥᠷᠥᠯ ᠬᠡᠯᠪᠡᠷᠢ ᠲᠠᠢ᠂ ᠠᠵᠢᠯ ᠤᠨ ᠰᠠᠭᠤᠷᠢ ᠎ ᠨᠢ ᠨᠡᠯᠢᠶᠡᠳ ᠰᠠᠶᠢᠨ᠂ ᠡᠳᠦᠷ ᠲᠤᠲᠤᠮ ᠤᠨ ᠬᠠᠮᠢᠶᠠᠷᠤᠯᠲᠠ ᠨᠢ ᠵᠢᠷᠤᠮᠵᠢᠯ ᠲᠠᠢ 2 — 3 ᠰᠠᠭᠤᠷᠢ ᠶᠡᠭᠡ ᠳᠡᠭᠡᠳᠦ ᠰᠤᠷᠭᠠᠭᠤᠯᠢ ᠶᠢ ᠰᠣᠩᠭᠤᠨ ᠲᠤᠷᠰᠢᠯᠲᠠ ᠶᠢᠨ ᠴᠢᠭ᠋ ᠤᠨ ᠠᠵᠢᠯ ᠥᠷᠨᠢᠭᠦᠯᠵᠦ᠂ ᠲᠤᠷᠰᠢᠯᠲᠠ ᠶᠢᠨ ᠴᠢᠭ᠋ ᠤᠨ ᠰᠠᠭᠤᠷᠢᠨ ᠳᠡᠭᠡᠷ᠎ᠡ ᠪᠦᠬᠦ ᠣᠷᠣᠨ ᠤ ᠬᠡᠪᠴᠢᠶᠡᠨ ᠳᠤ ᠠᠯᠬᠤᠮ ᠠᠯᠬᠤᠮ ᠢᠶᠠᠷ ᠳᠡᠯᠭᠡᠷᠡᠭᠦᠯᠦᠨ ᠬᠡᠷᠡᠭᠵᠢᠭᠦᠯᠦᠨ᠎ᠡ᠃ ᠲᠤᠷᠰᠢᠯᠲᠠ ᠶᠢᠨ ᠴᠢᠭ᠋ ᠤᠨ ᠶᠡᠭᠡ ᠳᠡᠭᠡᠳᠦ ᠰᠤᠷᠭᠠᠭᠤᠯᠢ ᠶᠢᠨ ᠬᠥᠮᠥᠰ ᠤᠨ ᠶᠡᠷᠦᠩᠬᠡᠢ ᠲᠣᠭᠠᠨ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠶᠡᠷᠦᠩᠬᠡᠢ ᠲᠣᠭᠠᠨ ᠳᠤ ᠣᠷᠣᠭᠤᠯᠤᠨ ᠬᠠᠮᠢᠶᠠᠷᠬᠤ ᠪᠠᠭᠰᠢ ᠠᠵᠢᠯᠲᠠᠳ ᠲᠤ ᠪᠠᠨ ᠲᠣᠬᠢᠷᠠᠯᠴᠠᠭᠰᠠᠨ ᠬᠠᠷᠠᠭᠠᠯᠵᠠᠯ ᠪᠠ ᠪᠠᠲᠤᠯᠠᠭ᠎ᠠ ᠬᠦᠷᠲᠡᠭᠡᠨ᠎ᠡ᠃      ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠤᠨ ᠶᠡᠷᠦᠩᠬᠡᠢ ᠲᠣᠭᠠᠨ ᠳᠤ ᠬᠠᠮᠢᠶᠠᠷᠤᠯᠲᠠ ᠶᠠᠪᠤᠭᠤᠯᠬᠤ ᠶᠢ ᠢᠳᠡᠪᠬᠢᠲᠡᠢ ᠪᠠᠷ ᠰᠦᠪᠡᠭᠴᠢᠯᠡᠨ ᠬᠡᠷᠡᠭᠵᠢᠭᠦᠯᠦᠨ᠎ᠡ᠃ ᠲᠤᠷᠰᠢᠯᠲᠠ ᠶᠢᠨ ᠴᠢᠭ᠋ ᠢ ᠤᠷᠢᠳ ᠢᠶᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠲᠤ ᠬᠠᠮᠢᠶᠠᠷᠤᠯᠲᠠ ᠶᠠᠪᠤᠭᠤᠯᠬᠤ ᠳᠦᠷᠢᠮ ᠢ ᠪᠦᠬᠦ ᠣᠷᠣᠨ ᠤ ᠬᠡᠪᠴᠢᠶᠡᠨ ᠳᠤ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃      ᠬᠤᠶᠠᠷ ᠲᠤ᠂ ᠶᠡᠭᠡ ᠳᠡᠭᠡᠳᠦ ᠰᠤᠷᠭᠠᠭᠤᠯᠢ ᠠᠴᠠ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠬᠠᠤᠯᠢ ᠶᠣᠰᠣᠭᠠᠷ ᠡᠵᠡᠨ ᠮᠡᠳᠡᠨ ᠬᠠᠮᠢᠶᠠᠷᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠵᠢᠯᠲᠠᠨ ᠪᠠ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶᠡᠨ ᠳᠣᠲᠣᠷ᠎ᠠ ᠪᠠᠨ᠂ ᠠᠵᠢᠯ ᠤᠨ ᠪᠠᠶᠢᠷᠢ ᠲᠣᠬᠢᠷᠠᠭᠤᠯᠬᠤ ᠲᠥᠰᠥᠯ ᠪᠠ ᠬᠠᠮᠢᠶᠠᠷᠤᠯᠲᠠ ᠶᠢᠨ ᠠᠷᠭ᠎ᠠ ᠪᠠᠨ ᠡᠵᠡᠨ ᠮᠡᠳᠡᠨ ᠲᠣᠭᠲᠠᠭᠠᠬᠤ ᠶᠢᠨ ᠬᠠᠮᠲᠤ᠂ ᠠᠵᠢᠯ ᠤᠨ ᠪᠠᠶᠢᠷᠢ ᠳᠤ ᠤᠷᠢᠨ ᠲᠣᠮᠢᠯᠠᠬᠤ ᠠᠵᠢᠯ ᠢ ᠪᠡᠶᠡᠯᠡᠭᠦᠯᠦᠨ᠎ᠡ᠃ ᠠᠵᠢᠯ ᠤᠨ ᠪᠠᠶᠢᠷᠢ ᠲᠣᠬᠢᠷᠠᠭᠤᠯᠬᠤ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ᠃      ᠭᠤᠷᠪᠠ ᠳᠤ᠂ ᠶᠡᠭᠡ ᠳᠡᠭᠡᠳᠦ ᠰᠤᠷᠭᠠᠭᠤᠯᠢ ᠠᠴᠠ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠪᠠᠨ ᠡᠵᠡᠨ ᠮᠡᠳᠡᠨ ᠲᠣᠬᠢᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠡᠵᠡᠮᠳᠡᠵᠦ ᠪᠠᠶᠢᠭ᠎ᠠ ᠪᠠᠭᠰᠢ ᠠᠵᠢᠯᠲᠠᠳ ᠤᠨ ᠢᠶᠠᠨ ᠶᠡᠷᠦᠩᠬᠡᠢ ᠬᠡᠮᠵᠢᠶᠡᠨ ᠳᠣᠲᠣᠷ᠎ᠠ ᠪᠠᠨ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ᠂ ᠲᠥᠷᠥᠯ ᠬᠡᠯᠪᠡᠷᠢ ᠪᠠ ᠣᠨᠴᠠᠯᠢᠭ᠂ ᠰᠤᠷᠤᠭᠴᠢ ᠶᠢᠨ ᠲᠤᠭ᠎ᠠ ᠵᠡᠷᠭᠡ ᠪᠠᠨ ᠦᠨᠳᠦᠰᠦᠯᠡᠨ᠂ ᠰᠢᠯᠢᠳᠡᠭ ᠠᠪᠰᠠᠷ᠂ ᠦᠷ᠎ᠡ ᠴᠢᠳᠠᠮᠵᠢ ᠶᠢᠨ ᠵᠠᠷᠴᠢᠮ ᠠᠴᠠ ᠡᠭᠦᠰᠦᠨ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠵᠡᠷᠭᠡ ᠶᠢᠨ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠬᠥᠮᠥᠰ ᠤᠨ ᠲᠣᠬᠢᠷᠠᠭᠤᠯᠤᠯᠲᠠ ᠪᠠᠨ ᠡᠵᠡᠨ ᠮᠡᠳᠡᠨ ᠲᠣᠭᠲᠠᠭᠠᠨ᠎ᠠ᠃ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠶᠢᠨ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠲᠤ ᠮᠡᠳᠡᠭᠦᠯᠦᠨ᠎ᠡ ᠳᠠᠩᠰᠠᠯᠠᠭᠤᠯᠤᠨ᠎ᠠ᠃      ᠳᠥᠷᠪᠡ ᠳᠤ᠂ ᠶᠡᠭᠡ ᠳᠡᠭᠡᠳᠦ ᠰᠤᠷᠭᠠᠭᠤᠯᠢ ᠠᠴᠠ ᠡᠵᠡᠨ ᠮᠡᠳᠡᠵᠦ ᠴᠢᠳᠠᠪᠤᠷᠢᠲᠠᠨ ᠤᠷᠢᠨ ᠡᠯᠰᠡᠨ᠎ᠡ᠃ ᠶᠡᠭᠡ ᠳᠡᠭᠡᠳᠦ ᠰᠤᠷᠭᠠᠭᠤᠯᠢ ᠠᠴᠠ ᠪᠠᠭᠰᠢ ᠠᠵᠢᠯᠲᠠᠳ ᠤᠨ ᠢᠶᠠᠨ ᠶᠡᠷᠦᠩᠬᠡᠢ ᠬᠡᠮᠵᠢᠶᠡᠨ ᠳᠣᠲᠣᠷ᠎ᠠ᠂ ᠠᠵᠢᠯ ᠦᠢᠯᠡᠰ ᠤᠨ ᠬᠥᠭᠵᠢᠯᠲᠡ᠂ ᠬᠢᠴᠢᠶᠡᠯ ᠬᠥᠮᠥᠵᠢᠯ ᠤᠨ ᠪᠠᠶᠢᠭᠤᠯᠤᠯᠲᠠ ᠪᠠ ᠡᠩᠨᠡᠭᠡ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠪᠠᠨ ᠦᠨᠳᠦᠰᠦᠯᠡᠨ᠂ ᠭᠤᠣᠯ ᠠᠵᠢᠯ ᠦᠢᠯᠡᠰ ᠤᠨ ᠢᠶᠠᠨ ᠲᠣᠭᠤᠷᠢᠨ ᠳᠤ᠂ ᠭᠤᠣᠯᠳᠠᠯᠭ᠎ᠠ ᠪᠠᠨ ᠲᠣᠪᠣᠶᠢᠯᠭᠠᠬᠤ ᠪᠠ ᠰᠢᠨ᠎ᠡ ᠶᠢ ᠡᠭᠦᠳᠬᠦ ᠶᠢ ᠳᠡᠮᠵᠢᠵᠦ᠂ ᠴᠢᠳᠠᠪᠤᠷᠢᠲᠠᠨ ᠤᠷᠢᠨ ᠡᠯᠰᠡᠬᠦ ᠪᠤᠶᠤ ᠤᠷᠢᠬᠤ ᠪᠠᠨ ᠪᠣᠯᠢᠬᠤ ᠨᠥᠬᠦᠴᠡᠯ ᠪᠠ ᠪᠠᠷᠢᠮᠵᠢᠶ᠎ᠠ ᠪᠠᠨ ᠡᠵᠡᠨ ᠮᠡᠳᠡᠨ ᠲᠣᠭᠲᠠᠭᠠᠬᠤ ᠶᠢᠨ ᠬᠠᠮᠲᠤ᠂ ᠥᠪᠡᠰᠦᠪᠡᠨ ᠢᠯᠡ ᠪᠠᠷ ᠤᠷᠢᠨ ᠡᠯᠰᠡᠬᠦ ᠶᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠠᠬᠢᠵᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠢ ᠡᠯᠰᠡᠨ ᠬᠡᠷᠡᠭᠯᠡᠬᠦ ᠰᠢᠯᠭᠠᠯᠲᠠ ᠶᠢ ᠵᠣᠬᠢᠶᠠᠨ ᠪᠠᠶᠢᠭᠤᠯᠬᠤ ᠦᠭᠡᠢ ᠭᠡᠬᠦ ᠮᠡᠲᠦ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠠᠴᠠ ᠤᠷᠢᠨ ᠡᠯᠰᠡᠬᠦ ᠲᠥᠰᠥᠯ ᠪᠠ ᠤᠷᠢᠨ ᠡᠯᠰᠡᠬᠦ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃      ︵ᠭᠤᠷᠪᠠ︶ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠲᠣᠭᠲᠠᠴᠠ ᠳᠤ ᠥᠭᠡᠷᠡᠴᠢᠯᠡᠯᠲᠡ ᠬᠢᠬᠦ ᠭᠤᠣᠯ ᠠᠷᠭ᠎ᠠ ᠬᠡᠮᠵᠢᠶ᠎ᠡ᠃ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ︽ᠬᠡᠷᠡᠭᠵᠢᠭᠦᠯᠬᠦ ᠰᠠᠨᠠᠯ︾᠎ ᠳᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠲᠣᠭᠲᠠᠴᠠ ᠶᠢ ᠥᠭᠡᠷᠡᠴᠢᠯᠡᠨ ᠰᠠᠶᠢᠵᠢᠷᠠᠭᠤᠯᠬᠤ ᠪᠠᠷ ᠳᠤᠷᠠᠳᠪᠠ᠂ ᠡᠨᠡ ᠨᠢ ᠭᠤᠣᠯᠳᠠᠭᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠳᠣᠷᠣᠭᠰᠢ ᠪᠠᠭᠤᠯᠭᠠᠬᠤ ᠪᠠ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠶᠢ ᠪᠠᠭᠲᠠᠭᠠᠨ᠎ᠠ᠃ 2012 ᠣᠨ ᠤ 9 ᠳ᠋ᠦ᠋ᠭᠡᠷ ᠰᠠᠷ᠎ᠠ ᠶᠢᠨ ︽ᠵᠢᠷᠭᠤᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠲᠥᠷᠥᠯ ᠵᠦᠢᠯ ᠢ ᠦᠭᠡᠶᠢᠰᠬᠡᠬᠦ ᠪᠠ ᠲᠣᠬᠢᠷᠠᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2012﹈ 52 ᠳ᠋ᠤᠭᠠᠷ ᠲᠣᠭᠠᠲᠤ︶᠎ ᠢ ᠦᠨᠳᠦᠰᠦᠯᠡᠵᠦ᠂ ᠶᠡᠭᠡ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ ᠤᠨ ᠦᠨᠡᠯᠡᠨ ᠬᠢᠨᠠᠬᠤ ᠡᠷᠬᠡ ᠶᠢᠨ ᠬᠢᠨᠠᠨ ᠵᠥᠪᠰᠢᠶᠡᠷᠡᠬᠦ ᠠᠵᠢᠯ ᠢ ᠰᠤᠷᠭᠠᠨ ᠬᠥᠮᠥᠵᠢᠯ ᠤᠨ ᠶᠠᠮᠤᠨ ᠠᠴᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠠᠭᠤᠯᠭᠠᠵᠤ ᠬᠡᠷᠡᠭᠵᠢᠭᠦᠯᠪᠡ᠃ 2017 ᠣᠨ ᠤ 1 ᠳ᠋ᠦ᠋ᠭᠡᠷ ᠰᠠᠷ᠎ᠠ ᠳᠤ᠂ ︽ᠲᠥᠪ ᠠᠴᠠ ᠵᠢᠭᠠᠨ ᠲᠣᠭᠲᠠᠭᠠᠭᠰᠠᠨ ᠣᠷᠣᠨ ᠨᠤᠲᠤᠭ ᠲᠤ ᠬᠡᠷᠡᠭᠵᠢᠭᠦᠯᠬᠦ ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠦᠭᠡᠶᠢᠰᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2017﹈ 7 ᠳ᠋ᠤᠭᠠᠷ ᠲᠣᠭᠠᠲᠤ︶᠎ ᠳᠤ ᠳᠡᠭᠡᠳᠦ ᠵᠡᠷᠭᠡ ᠶᠢᠨ ᠰᠤᠷᠭᠠᠭᠤᠯᠢ ᠶᠢᠨ ᠳᠡᠳ᠋ ᠫᠷᠣᠹᠧᠰᠰᠣᠷ ᠤᠨ ᠦᠨᠡᠯᠡᠨ ᠬᠢᠨᠠᠬᠤ ᠡᠷᠬᠡ ᠶᠢᠨ ᠬᠢᠨᠠᠯᠲᠠ ᠵᠥᠪᠰᠢᠶᠡᠷᠡᠯ ᠢ ᠦᠭᠡᠶᠢᠰᠬᠡᠵᠦ᠂ ᠶᠡᠭᠡ ᠳᠡᠭᠡᠳᠦ ᠰᠤᠷᠭᠠᠭᠤᠯᠢ ᠠᠴᠠ ᠡᠵᠡᠨ ᠮᠡᠳᠡᠵᠦ ᠳᠡᠳ᠋ ᠫᠷᠣᠹᠧᠰᠰᠣᠷ ᠢ ᠦᠨᠡᠯᠡᠨ ᠬᠢᠨᠠᠵᠤ ᠪᠣᠯᠬᠤ ᠪᠣᠯᠭᠠᠪᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠨ ᠤ ᠣᠷᠣᠨ ᠠᠴᠠ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠰᠢᠭᠤᠳ ᠶᠡᠭᠡ ᠳᠡᠭᠡᠳᠦ ᠰᠤᠷᠭᠠᠭᠤᠯᠢ ᠬᠦᠷᠲᠡᠯ᠎ᠡ ᠳᠣᠷᠣᠭᠰᠢ ᠪᠠᠭᠤᠯᠭᠠᠬᠤ ᠶᠢᠨ ᠬᠠᠮᠲᠤ᠂ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠤᠨ᠎ᠠ᠃ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠳᠣᠷᠣᠭᠰᠢ ᠪᠠᠭᠤᠯᠭᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠰᠢᠷᠢᠰ ︵ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠳᠤᠯᠤᠯᠲᠠ ᠵᠢᠴᠢ ᠲᠤᠷᠰᠢᠯᠲᠠ ᠶᠢᠨ ᠮᠡᠷᠭᠡᠵᠢᠯ︶ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠠᠯᠬᠤᠮ ᠠᠯᠬᠤᠮ ᠢᠶᠠᠷ ᠳᠣᠷᠣᠭᠰᠢ ᠪᠠᠭᠤᠯᠭᠠᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠳᠠᠷᠤᠮᠠᠯᠯᠠᠨ ᠦᠢᠯᠡᠳᠦᠭᠰᠡᠨ ᠪᠠ ᠨᠢᠭᠡᠳᠦᠯᠲᠡᠢ ᠳ᠋ᠤᠭᠠᠷᠯᠠᠭᠰᠠᠨ ᠲᠤᠰᠬᠠᠢ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠲᠠᠷᠬᠠᠭᠠᠨ ᠣᠯᠭᠤᠬᠤ ᠶᠢᠨ ᠬᠠᠮᠲᠤ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠣᠰᠣᠭᠠᠷ ᠡᠯᠰᠡᠨ ᠬᠡᠷᠡᠭᠯᠡᠨ᠎ᠡ᠃ ᠦᠨᠡᠯᠡᠨ ᠬᠢᠨᠠᠬᠤ ᠠᠷᠭ᠎ᠠ᠂ ᠬᠡᠷᠡᠭᠵᠢᠭᠦᠯᠬᠦ ᠲᠥᠰᠥᠯ᠂ ᠦᠨᠡᠯᠡᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠢᠴᠢ ᠶᠡᠭᠡ ᠳᠡᠭᠡᠳᠦ ᠰᠤᠷᠭᠠᠭᠤᠯᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠨ ᠳᠠᠩᠰᠠᠯᠠᠭᠤᠯᠤᠨ᠎ᠠ᠃ ᠲᠦᠷ ᠨᠥᠬᠦᠴᠡᠯ ᠪᠦᠷᠢᠯᠳᠦᠭᠡ ᠦᠭᠡᠢ᠂ ᠦᠨᠡᠯᠡᠨ ᠬᠢᠨᠠᠬᠤ ᠶᠢ ᠬᠠᠷᠠᠬᠠᠨ ᠲᠤᠰᠠᠭᠠᠷ ᠵᠣᠬᠢᠶᠠᠨ ᠪᠠᠶᠢᠭᠤᠯᠵᠤ ᠴᠢᠳᠠᠬᠤ ᠦᠭᠡᠢ ᠶᠡᠭᠡ ᠳᠡᠭᠡᠳᠦ ᠰᠤᠷᠭᠠᠭᠤᠯᠢ ᠳᠤ᠂ ᠮᠥᠨ ᠬᠦ ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠠᠯᠠᠵᠤ ᠦᠨᠡᠯᠡᠨ ᠬᠢᠨᠠᠬᠤ ᠠᠷᠭ᠎ᠠ ᠬᠡᠯᠪᠡᠷᠢ ᠪᠠᠷ ᠶᠠᠪᠤᠭᠤᠯᠤᠨ᠎ᠠ᠃      ᠬᠤᠶᠠᠷ ᠲᠤ᠂ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠶᠢ ᠥᠭᠡᠷᠡᠴᠢᠯᠡᠨ ᠰᠠᠶᠢᠵᠢᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ ᠪᠠ ᠪᠠᠭᠰᠢ ᠶᠢᠨ ᠶᠣᠰᠣ ᠮᠣᠷᠠᠯ ᠤᠨ ᠲᠠᠯ᠎ᠠ ᠶᠢᠨ ᠢᠯᠡᠷᠡᠯ ᠢᠶᠠᠷ ᠮᠡᠷᠭᠡᠵᠢᠯ ᠤᠨ ᠴᠣᠯᠠ ︵ᠲᠤᠰᠢᠶᠠᠯ︶᠎ ᠶᠢᠨ ᠦᠨᠡᠯᠡᠨ ᠤᠷᠢᠬᠤ ᠲᠡᠷᠢᠭᠦᠨ ᠴᠢᠬᠤᠯᠠ ᠨᠥᠬᠦᠴᠡᠯ ᠪᠣᠯᠭᠠᠨ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠤᠶᠤ ᠪᠠᠭᠰᠢ ᠶᠢᠨ ᠶᠣᠰᠣ ᠮᠣᠷᠠᠯ ᠤᠨ ᠰᠢᠯᠭᠠᠨ ᠬᠢᠨᠠᠯᠲᠠ ᠳᠤ ᠬᠢᠷᠢ ᠥᠯᠥ ᠲᠡᠩᠴᠡᠭᠰᠡᠳ ᠲᠤ᠂ ᠨᠡᠶᠢᠳᠡᠮ ᠳᠤ ᠨᠢ ︽ᠨᠢᠭᠡ ᠯᠡ ᠪᠢᠯᠧᠲ ᠢᠶᠠᠷ ᠦᠭᠡᠶᠢᠰᠬᠡᠬᠦ︾ ᠳᠦᠷᠢᠮ ᠢ ᠬᠡᠷᠡᠭᠵᠢᠭᠦᠯᠬᠦ ᠬᠡᠷᠡᠭᠲᠡᠢ᠃ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠳᠡᠰ ᠳᠠᠪᠬᠤᠷᠭ᠎ᠠ ᠶᠢᠨ ᠪᠠᠭᠰᠢ ᠳᠤ ᠴᠢᠭᠯᠡᠭᠦᠯᠦᠨ᠂ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠵᠡᠷᠭᠡ ᠠᠳᠠᠯᠢ ᠪᠤᠰᠤ ᠬᠢᠴᠢᠶᠡᠯ ᠲᠥᠷᠥᠯ ᠤᠨ ᠬᠦᠷᠢᠶ᠎ᠡ ᠴᠠᠷᠠᠭ᠎ᠠ ᠶᠣᠰᠣᠭᠠᠷ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠵᠡᠷᠭᠡ ᠠᠳᠠᠯᠢ ᠪᠤᠰᠤ ᠰᠤᠳᠤᠯᠭᠠᠨ ᠤ ᠲᠥᠷᠥᠯ ᠬᠡᠯᠪᠡᠷᠢ ᠶᠢ ᠪᠠᠶᠢᠭᠤᠯᠵᠤ᠂ ᠲᠥᠷᠥᠯ ᠬᠤᠪᠢᠶᠠᠨ ᠦᠨᠡᠯᠡᠬᠦ ᠪᠠᠷᠢᠮᠵᠢᠶ᠎ᠠ ᠶᠢ ᠲᠣᠭᠲᠠᠭᠠᠨ᠎ᠠ᠃      ︵ᠳᠥᠷᠪᠡ︶ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠬᠡᠷᠡᠭᠯᠡᠬᠦ ᠪᠠ ᠬᠠᠮᠢᠶᠠᠷᠬᠤ ᠶᠢ ᠲᠡᠭᠦᠯᠳᠡᠷᠵᠢᠭᠦᠯᠦᠨ ᠴᠢᠩᠭᠠᠳᠬᠠᠬᠤ ᠥᠭᠡᠷᠡᠴᠢᠯᠡᠯᠲᠡ ᠳᠤ ᠭᠤᠣᠯ ᠰᠢᠢᠳᠪᠦᠷᠢᠯᠡᠬᠦ ᠠᠰᠠᠭᠤᠳᠠᠯ᠃ ᠮᠠᠨ ᠤ ᠣᠷᠣᠨ ᠤ ︽ᠬᠡᠷᠡᠭᠵᠢᠭᠦᠯᠬᠦ ᠰᠠᠨᠠᠯ︾᠎ ᠨᠢ ᠤᠯᠤᠰ ᠤᠨ ︽ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠬᠡᠷᠡᠭᠯᠡᠬᠦ ᠪᠠ ᠬᠠᠮᠢᠶᠠᠷᠬᠤ ᠶᠢ ᠲᠡᠭᠦᠯᠳᠡᠷᠵᠢᠭᠦᠯᠦᠨ ᠴᠢᠩᠭᠠᠳᠬᠠᠬᠤ︾ ᠲᠤᠬᠠᠢ ᠥᠭᠡᠷᠡᠴᠢᠯᠡᠯᠲᠡ ᠶᠢᠨ ᠵᠦᠢᠯᠡᠰ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠡᠭᠦᠨ ᠳᠤ ᠭᠤᠣᠯᠳᠠᠭᠤ ᠲᠠᠪᠤᠨ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃      ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠲᠣᠬᠢᠷᠠᠭᠤᠯᠬᠤ ᠡᠵᠡᠨ ᠮᠡᠳᠡᠬᠦ ᠡᠷᠬᠡ ᠪᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠡᠷᠬᠡ ᠶᠢᠨ ᠠᠰᠠᠭᠤᠳᠠᠯ ᠢ ᠰᠢᠢᠳᠪᠦᠷᠢᠯᠡᠨ᠎ᠡ᠃ ᠲᠥᠰᠥᠪ ᠲᠤ ᠵᠣᠭᠤᠰ ᠰᠠᠯᠭᠠᠨ ᠥᠭᠬᠦ ᠳᠦᠷᠢᠮ ᠢ ᠲᠡᠭᠦᠯᠳᠡᠷᠵᠢᠭᠦᠯᠦᠨ᠂ ᠵᠣᠭᠤᠰ ᠰᠠᠯᠭᠠᠨ ᠥᠭᠬᠦ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠦᠨᠳᠦᠰᠦᠨ ᠵᠠᠷᠤᠯᠭ᠎ᠠ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ︔ ᠦᠨᠳᠦᠰᠦᠨ ᠵᠠᠷᠤᠯᠭ᠎ᠠ ᠶᠢᠨ ᠡᠵᠡᠯᠡᠬᠦ ᠬᠠᠷᠢᠴᠠᠯ ᠨᠢ ᠬᠠᠷᠢᠴᠠᠩᠭᠤᠢ ᠳᠣᠣᠷ᠎ᠠ ᠣᠷᠣᠨ ᠨᠤᠲᠤᠭ ᠲᠤ ᠴᠢᠭᠯᠡᠭᠦᠯᠦᠨ᠂ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠬᠤ ᠪᠠᠷ ᠱᠠᠭᠠᠷᠳᠠᠵᠤ᠂ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠲᠣᠬᠢᠷᠠᠭᠤᠯᠬᠤ ᠡᠵᠡᠨ ᠮᠡᠳᠡᠬᠦ ᠡᠷᠬᠡ ᠶᠢ ᠥᠷᠭᠡᠳᠬᠡᠨ᠎ᠡ᠃ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠠᠯᠢ ᠲᠦᠷᠭᠡᠨ ᠢᠶᠠᠷ ᠲᠡᠭᠦᠯᠳᠡᠷᠵᠢᠭᠦᠯᠦᠨ᠂ ᠲᠤᠭ᠎ᠠ ᠬᠡᠮᠵᠢᠶ᠎ᠡ ᠶᠢ ᠬᠠᠮᠢᠶᠠᠷᠬᠤ᠂ ᠡᠵᠡᠨ ᠮᠡᠳᠡᠵᠦ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠵᠥᠪᠰᠢᠶᠡᠷᠡᠭᠰᠡᠨ ᠲᠥᠰᠥᠪ ᠤᠨ ᠬᠡᠮᠵᠢᠶᠡᠨ ᠳᠣᠲᠣᠷ᠎ᠠ᠂ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠬᠤᠪᠢᠷᠠᠭᠤᠯᠬᠤ ᠦᠭᠡᠢ ᠤᠷᠢᠳᠠᠯ ᠳᠣᠣᠷ᠎ᠠ᠂ ᠲᠥᠷᠥᠯ ᠵᠦᠢᠯ ᠤᠨ ᠪᠡᠯᠡ ᠮᠥᠩᠭᠦ ᠪᠠᠨ ᠡᠵᠡᠨ ᠮᠡᠳᠡᠵᠦ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠶᠢᠨ ᠬᠢᠨ ᠤ ᠲᠥᠷᠥᠯ ᠵᠦᠢᠯ ᠤᠨ ᠵᠠᠷᠤᠳᠠᠯ ᠤᠨ ᠬᠡᠷᠡᠭᠯᠡᠯᠲᠡ ᠪᠠᠨ ᠨᠢᠭᠡᠳᠦᠯᠲᠡᠢ ᠲᠥᠯᠥᠪᠵᠢᠭᠦᠯᠬᠦ ᠡᠷᠬᠡ ᠶᠢ ᠦᠨᠡᠨ ᠬᠦ ᠥᠷᠭᠡᠳᠬᠡᠨ᠎ᠡ᠃ᠬᠤᠶᠠᠷ ᠲᠤ᠂ ᠶᠡᠭᠡ ᠳᠡᠭᠡᠳᠦ ᠰᠤᠷᠭᠠᠭᠤᠯᠢ ᠳᠤ ᠵᠠᠷᠤᠳᠠᠯ ᠤᠨ ᠪᠡᠯᠡ ᠮᠥᠩᠭᠦ ᠣᠯᠭᠤᠨ ᠥᠭᠬᠦ ᠦᠷ᠎ᠡ ᠪᠦᠲᠦᠮᠵᠢ ᠬᠡᠳᠦ ᠳᠣᠣᠷ᠎ᠠ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠬᠠᠮᠢᠶᠠᠷᠬᠤ ᠣᠨᠴᠠᠯᠢᠭ ᠲᠤ ᠴᠢᠭᠯᠡᠭᠦᠯᠦᠨ᠂ ᠤᠯᠤᠰ ᠤᠨ  ᠬᠥᠮᠥᠷᠭᠡ ᠠᠴᠠ ᠲᠥᠪᠯᠡᠷᠡᠭᠦᠯᠵᠦ ᠣᠯᠭᠤᠨ ᠥᠭᠬᠦ ᠬᠡᠪᠴᠢᠶ᠎ᠡ ᠶᠢ ᠬᠤᠪᠢᠶᠠᠷᠢᠯᠠᠨ ᠰᠠᠯᠭᠠᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠡᠷᠬᠡ ᠣᠯᠭᠤᠵᠤ ᠪᠠᠶᠢᠭᠠᠳ ᠣᠯᠭᠤᠨ ᠥᠭᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠲᠥᠰᠥᠪ ᠢ ᠬᠡᠷᠡᠭᠵᠢᠭᠦᠯᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠎ᠡ᠃ ᠵᠣᠭᠤᠰ ᠬᠡᠷᠡᠭᠯᠡᠬᠦ ᠲᠥᠯᠥᠪᠯᠡᠭᠡ ᠶᠢ ᠨᠠᠶᠢᠷᠠᠭᠤᠯᠤᠨ ᠮᠡᠳᠡᠭᠦᠯᠬᠦ ᠠᠭᠤᠯᠭ᠎ᠠ ᠶᠢ ᠴᠣᠮᠬᠠᠳᠬᠠᠨ᠂ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠪᠠᠷ ᠬᠢᠴᠢᠶᠡᠯ ᠲᠥᠷᠥᠯ ᠬᠤᠪᠢᠶᠠᠭᠰᠠᠨ ᠳᠡᠰ ᠤᠨ ᠵᠠᠷᠤᠯᠭ᠎ᠠ ᠶᠢᠨ ᠴᠢᠳᠠᠮᠵᠢ ᠶᠣᠰᠣᠭᠠᠷ ᠬᠢᠴᠢᠶᠡᠯ ᠲᠥᠷᠥᠯ ᠬᠤᠪᠢᠶᠠᠨ ᠵᠣᠭᠤᠰ ᠬᠡᠷᠡᠭᠯᠡᠬᠦ ᠲᠥᠯᠥᠪᠯᠡᠭᠡ ᠪᠠᠨ ᠨᠠᠶᠢᠷᠠᠭᠤᠯᠤᠨ ᠮᠡᠳᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠡᠮᠵᠢᠶ᠎ᠡ ᠶᠢ ᠦᠨᠡᠨ ᠬᠦ ᠬᠥᠩᠭᠡᠷᠡᠭᠦᠯᠦᠨ᠎ᠡ᠃      ᠭᠤᠷᠪᠠ ᠳᠤ᠂ ᠶᠡᠭᠡ ᠳᠡᠭᠡᠳᠦ ᠰᠤᠷᠭᠠᠭᠤᠯᠢ ᠶᠢᠨ ᠡᠳ᠋ ᠬᠥᠷᠥᠩᠭᠡ ᠪᠠᠨ ᠰᠢᠢᠳᠪᠦᠷᠢᠯᠡᠬᠦ ᠵᠢᠴᠢ ᠰᠢᠢᠳᠪᠦᠷᠢᠯᠡᠭᠰᠡᠨ ᠠᠰᠢᠭ ᠣᠷᠣᠯᠭ᠎ᠠ ᠪᠠᠨ ᠬᠡᠷᠡᠭᠯᠡᠬᠦ ᠡᠷᠬᠡ ᠶᠢᠨ ᠠᠰᠠᠭᠤᠳᠠᠯ ᠢ ᠰᠢᠢᠳᠪᠦᠷᠢᠯᠡᠨ᠎ᠡ᠃ ᠨᠢᠭᠡ ᠲᠠᠯ᠎ᠠ ᠪᠠᠷ ᠂ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳ᠋ ᠬᠥᠷᠥᠩᠭᠡ ᠪᠠᠨ ᠰᠢᠢᠳᠪᠦᠷᠢᠯᠡᠬᠦ ᠶᠢᠨ ᠪᠦᠷᠢᠳᠬᠡᠨ ᠳᠠᠩᠰᠠᠯᠠᠭᠤᠯᠬᠤ ᠪᠠ ᠮᠡᠳᠡᠭᠦᠯᠦᠨ ᠵᠥᠪᠰᠢᠶᠡᠷᠡᠭᠦᠯᠬᠦ ᠪᠠᠷᠢᠮᠵᠢᠶ᠎ᠠ ᠶᠢ ᠵᠣᠬᠢᠰᠲᠠᠢ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠨᠢᠭᠡᠨᠲᠡ ᠬᠡᠷᠡᠭᠯᠡᠭᠰᠡᠨ ᠵᠢᠯ ᠣᠨ ᠨᠢ ᠭᠦᠢᠴᠡᠵᠦ᠂ ᠲᠠᠶᠠᠭᠳᠠᠭᠤᠯᠵᠤ ᠬᠡᠷᠡᠭᠯᠡᠭᠡᠨ ᠠᠴᠠ ᠭᠠᠷᠭᠠᠪᠠᠰᠤ ᠵᠣᠬᠢᠬᠤ ᠡᠳ᠋ ᠬᠥᠷᠥᠩᠭᠡ ᠶᠢ ᠰᠤᠷᠭᠠᠭᠤᠯᠢ ᠪᠠᠷ ᠰᠢᠢᠳᠪᠦᠷᠢᠯᠡᠭᠦᠯᠦᠨ᠂ ᠰᠢᠢᠳᠪᠦᠷᠢᠯᠡᠭᠰᠡᠨ ᠠᠰᠢᠭ ᠣᠷᠣᠯᠭ᠎ᠠ ᠶᠢ ᠨᠢ ᠰᠤᠷᠭᠠᠭᠤᠯᠢ ᠳᠤ ᠦᠯᠡᠳᠡᠭᠡᠨ ᠬᠡᠷᠡᠭᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠢᠳᠡᠪᠬᠢᠵᠢᠯ ᠢ ᠳᠠᠶᠢᠴᠢᠯᠠᠨ᠎ᠠ᠃ ᠡᠭᠦᠨ ᠤ ᠬᠠᠮᠲᠤ᠂ ᠶᠡᠭᠡ ᠳᠡᠭᠡᠳᠦ ᠰᠤᠷᠭᠠᠭᠤᠯᠢ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠨ ᠬᠠᠮᠢᠶᠠᠷᠬᠤ ᠡᠷᠬᠡ ᠶᠢᠨ ᠬᠢᠵᠠᠭᠠᠷ ᠢ ᠥᠷᠭᠡᠳᠬᠡᠨ᠂ ᠶᠡᠭᠡ ᠳᠡᠭᠡᠳᠦ ᠰᠤᠷᠭᠠᠭᠤᠯᠢ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠴᠤ ᠬᠠᠮᠢᠶᠠᠷᠬᠤ ᠶᠢ ᠥᠭᠡᠷᠡᠴᠢᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠤᠨ ᠵᠠᠮ ᠤᠨ ᠵᠠᠷᠤᠳᠠᠯ᠂ ᠬᠤᠷᠠᠯ ᠤᠨ ᠵᠠᠷᠤᠳᠠᠯ᠂ ᠠᠰᠠᠭᠤᠨ ᠯᠠᠪᠯᠠᠯᠲᠠ ᠶᠢᠨ ᠵᠠᠷᠤᠳᠠᠯ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠵᠡᠷᠭᠡ ᠶᠢ ᠳᠣᠷᠣᠭᠰᠢ ᠪᠠᠭᠤᠯᠭᠠᠵᠠᠢ᠃      ᠳᠥᠷᠪᠡ ᠳᠤ᠂ ᠶᠡᠭᠡ ᠳᠡᠭᠡᠳᠦ ᠰᠤᠷᠭᠠᠭᠤᠯᠢ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠰᠠᠭᠤᠳᠠᠯ ᠢ ᠰᠢᠢᠳᠪᠦᠷᠢᠯᠡᠨ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠶᠡᠭᠡ ᠳᠡᠭᠡᠳᠦ ᠰᠤᠷᠭᠠᠭᠤᠯᠢ ᠶᠢᠨ ᠭᠠᠶᠢᠯᠢ ᠲᠠᠲᠠᠪᠤᠷᠢ ᠳᠤ ᠬᠤᠯᠪᠣᠭᠳᠠᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃      ᠲᠠᠪᠤ ᠳᠤ᠂ ︽ᠬᠡᠷᠡᠭᠵᠢᠭᠦᠯᠬᠦ ᠰᠠᠨᠠᠯ︾᠎ ᠨᠢ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃ ᠶᠡᠭᠡ ᠳᠡᠭᠡᠳᠦ ᠰᠤᠷᠭᠠᠭᠤᠯᠢ ᠠᠴᠠ ᠲᠥᠰᠥᠪ ᠢᠶᠠᠨ ᠨᠠᠶᠢᠷᠠᠭᠤᠯᠤᠨ ᠵᠣᠬᠢᠶᠠᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠥᠰᠥᠪ ᠢᠶᠠᠨ ᠬᠡᠷᠡᠭᠵᠢᠭᠦᠯᠬᠦ ᠠᠬᠢᠴᠠ ᠪᠠᠨ ᠲᠦᠷᠭᠡᠳᠬᠡᠵᠦ᠂ ᠳᠣᠲᠣᠭᠠᠳᠤ ᠳᠤ ᠪᠠᠨ ᠡᠵᠡᠮᠳᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠠᠨ ᠴᠢᠩᠭᠠᠳᠬᠠᠨ᠂ ᠲᠣᠭᠲᠠᠭᠠᠯ ᠢ ᠴᠢᠩᠭ᠎ᠠ ᠵᠢᠷᠤᠮᠯᠠᠨ ᠡᠯ᠎ᠡ ᠵᠦᠢᠯ ᠤᠨ ᠵᠠᠷᠤᠳᠠᠯ ᠪᠠ ᠡᠳ᠋ ᠬᠥᠷᠥᠩᠭᠡ ᠪᠠᠨ ᠰᠠᠶᠢᠲᠤᠷ ᠬᠡᠷᠡᠭᠯᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠡᠳ᠋ ᠬᠥᠷᠥᠩᠭᠡ ᠪᠠᠨ ᠬᠠᠮᠢᠶᠠᠷᠬᠤ ᠲᠠᠯ᠎ᠠ ᠪᠠᠷ ᠬᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠲᠦᠮᠵᠢᠲᠡᠢ ᠬᠡᠷᠡᠭᠯᠡᠬᠦ ᠶᠢ ᠪᠠᠲᠤᠯᠠᠬᠤ ᠬᠡᠷᠡᠭᠲᠡᠢ︔ ᠶᠡᠭᠡ ᠳᠡᠭᠡᠳᠦ ᠰᠤᠷᠭᠠᠭᠤᠯᠢ ᠶᠢᠨ ᠬᠢᠨ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠦᠯᠢᠶᠡᠬᠦ ᠬᠡᠷᠡᠭᠲᠡᠢ᠃      ︵ᠲᠠᠪᠤ︶ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠪᠠᠨ ᠲᠡᠭᠦᠯᠳᠡᠷᠵᠢᠭᠦᠯᠬᠦ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠭᠤᠣᠯ ᠠᠷᠭ᠎ᠠ ᠬᠡᠮᠵᠢᠶ᠎ᠡ᠃ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾᠎ ᠳᠤ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠪᠠᠨ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠲᠠᠯ᠎ᠠ ᠪᠠᠷ ᠲᠤᠰᠬᠠᠢ ᠲᠣᠭᠲᠠᠭᠠᠯ ᠭᠠᠷᠭᠠᠪᠠ᠃      ᠨᠢᠭᠡ ᠳᠤ᠂ ᠳᠣᠲᠣᠭᠠᠳᠤ ᠳᠤ ᠪᠠᠨ ᠵᠠᠰᠠᠯᠲᠠ ᠬᠢᠬᠦ ᠲᠠᠯ᠎ᠠ ᠪᠠᠷ᠂ ᠶᠡᠭᠡ ᠳᠡᠭᠡᠳᠦ ᠰᠤᠷᠭᠠᠭᠤᠯᠢ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠱᠠᠲᠤ᠂ ᠳᠡᠭᠡᠳᠦ ᠰᠤᠷᠭᠠᠭᠤᠯᠢ ᠰᠠᠯᠪᠤᠷᠢ ᠶᠢᠨ ᠱᠠᠲᠤ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠠᠴᠠ ᠲᠣᠳᠣᠷᠬᠠᠢ ᠲᠣᠭᠲᠠᠭᠠᠯ ᠭᠠᠷᠭᠠᠬᠤ ᠬᠡᠷᠡᠭᠲᠡᠢ ᠭᠡᠵᠦ ᠱᠠᠭᠠᠷᠳᠠᠪᠠ︔ ᠳᠦᠷᠢᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠰᠤᠷᠭᠠᠨ ᠬᠥᠮᠥᠵᠢᠯ ᠤᠨ ᠬᠠᠤᠯᠢ ᠴᠠᠭᠠᠵᠠ ᠳᠤ ᠲᠣᠭᠲᠠᠭᠠᠭᠰᠠᠨ ᠦᠨᠳᠦᠰᠦᠨ ᠳᠦᠷᠢᠮ᠂ ᠶᠡᠭᠡ ᠳᠡᠭᠡᠳᠦ ᠰᠤᠷᠭᠠᠭᠤᠯᠢ ᠶᠢᠨ ᠳᠦᠷᠢᠮ᠂ ᠰᠠᠬᠢᠯᠭ᠎ᠠ ᠪᠠᠲᠤ ᠵᠢᠴᠢ ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠵᠡᠷᠭᠡ ᠲᠠᠯ᠎ᠠ ᠠᠴᠠ ᠪᠦᠬᠦ ᠲᠠᠯ᠎ᠠ ᠶᠢᠨ ᠱᠠᠭᠠᠷᠳᠠᠯᠭ᠎ᠠ ᠳᠤᠷᠠᠳᠴᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠨᠢ ᠠᠷᠭ᠎ᠠ ᠳᠡᠮ ᠲᠠᠢ᠂ ᠬᠠᠮᠢᠶᠠᠷᠤᠯᠲᠠ ᠨᠢ ᠭᠦᠢᠴᠡᠳ ᠲᠤᠭᠤᠰᠢᠲᠠᠢ᠂ ᠬᠡᠪ ᠰᠤᠷᠲᠠᠯ ᠨᠢ ᠲᠥᠪ ᠴᠢᠬᠡᠴᠢ ᠪᠠᠶᠢᠬᠤ ᠶᠢ ᠠᠬᠢᠭᠤᠯᠤᠨ᠎ᠠ︔ ᠠᠷᠠᠳᠴᠢᠯᠠᠭᠰᠠᠨ ᠬᠠᠮᠢᠶᠠᠷᠤᠯᠲᠠ ᠪᠠ ᠡᠷᠳᠡᠮ ᠰᠢᠨᠵᠢᠯᠡᠭᠡᠨ ᠤ ᠵᠠᠰᠠᠯᠲᠠ ᠶᠢ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢ ᠠᠵᠢᠯᠲᠠᠳ ᠤᠨ ᠠᠷᠠᠳᠴᠢᠯᠠᠭᠰᠠᠨ ᠬᠠᠮᠢᠶᠠᠷᠤᠯᠲᠠ ᠳᠤ ᠣᠷᠣᠯᠴᠠᠬᠤ ᠪᠠ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠷᠳᠡᠮ ᠰᠢᠨᠵᠢᠯᠡᠭᠡᠨ ᠤ ᠬᠡᠷᠡᠭ ᠶᠠᠪᠤᠳᠠᠯ ᠢ ᠵᠠᠰᠠᠭ ᠵᠠᠬᠢᠷᠭᠠᠨᠴᠢᠯᠠᠬᠤ ᠶᠢ ᠦᠭᠡᠶᠢᠰᠬᠡᠬᠦ ᠶᠢ ᠠᠬᠢᠭᠤᠯᠵᠤ᠂ ᠨᠡᠭᠡᠭᠡᠯᠲᠡ ᠬᠢᠬᠦ᠂ ᠬᠠᠮᠵᠢᠯᠴᠠᠬᠤ᠂ ᠦᠷ᠎ᠡ ᠪᠦᠲᠦᠮᠵᠢᠲᠡᠢ᠂ ᠰᠢᠨ᠎ᠡ ᠶᠢ ᠡᠭᠦᠳᠬᠦ ᠳᠤ ᠠᠰᠢᠭᠲᠠᠢ ᠣᠳᠣ ᠦᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ︔ ᠮᠡᠳᠡᠭᠡ ᠵᠠᠩᠭᠢ ᠶᠢ ᠢᠯᠡ ᠪᠣᠯᠭᠠᠬᠤ ᠬᠢᠭᠡᠳ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠰᠤᠷᠭᠠᠭᠤᠯᠢ ᠶᠢᠨ ᠶᠠᠪᠤᠳᠠᠯ ᠢ ᠢᠯᠡ ᠪᠣᠯᠭᠠᠬᠤ ᠶᠢ ᠬᠠᠤᠯᠢ ᠶᠣᠰᠣᠭᠠᠷ ᠠᠬᠢᠭᠤᠯᠵᠤ᠂ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠨ᠎ᠠ᠃      ᠬᠤᠶᠠᠷ ᠲᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠲᠤᠬᠠᠢ᠂ ︽ᠬᠡᠷᠡᠭᠵᠢᠭᠦᠯᠬᠦ ᠰᠠᠨᠠᠯ︾᠎ ᠳᠤ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠵᠤ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠡᠯ᠎ᠡ ᠶᠡᠭᠡ ᠳᠡᠭᠡᠳᠦ ᠰᠤᠷᠭᠠᠭᠤᠯᠢ ᠠᠴᠠ ᠬᠤᠯᠪᠣᠭᠳᠠᠯ ᠪᠦᠬᠦᠢ ᠵᠦᠢᠯᠡᠰ ᠢ ᠵᠠᠯᠭᠠᠮᠵᠢᠯᠠᠨ ᠵᠠᠯᠭᠠᠯᠳᠤᠭᠤᠯᠬᠤ ᠪᠣᠳᠠᠲᠠᠢ ᠬᠠᠮᠢᠶᠠᠷᠤᠯᠲᠠ ᠶᠢᠨ ᠠᠷᠭ᠎ᠠ ᠪᠤᠶᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠤᠭᠤᠴᠢᠨ ᠪᠠᠶᠢᠴᠠᠭᠠᠬᠤ᠂ ᠰᠢᠮᠳᠠᠭᠤᠯᠤᠨ ᠵᠢᠯᠣᠭᠤᠳᠬᠤ᠂ ᠲᠣᠭᠤᠷᠢᠨ ᠪᠠᠶᠢᠴᠠᠭᠠᠬᠤ᠂ ᠭᠤᠷᠪᠠᠳᠠᠭᠴᠢ ᠲᠠᠯ᠎ᠠ ᠠᠴᠠ ᠦᠨᠡᠯᠡᠨ ᠵᠢᠱᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠣᠭᠲᠠᠭᠠᠭᠰᠠᠨ ᠬᠠᠮᠢᠶᠠᠷᠤᠯᠲᠠ ᠶᠢᠨ ᠳᠦᠷᠢᠮ ᠪᠤᠶᠤ ᠬᠡᠷᠡᠭᠵᠢᠭᠦᠯᠬᠦ ᠠᠷᠭ᠎ᠠ ᠶᠣᠰᠣᠭᠠᠷ ᠬᠤᠯᠪᠣᠭᠳᠠᠯ ᠪᠦᠬᠦᠢ ᠠᠵᠢᠯ ᠢᠶᠠᠨ ᠥᠷᠨᠢᠭᠦᠯᠵᠦ ᠪᠠᠶᠢᠬᠤ ᠡᠰᠡᠬᠦ ᠶᠢ ᠪᠠᠶᠢᠴᠠᠭᠠᠬᠤ ᠬᠡᠷᠡᠭᠲᠡᠢ︔ ᠵᠣᠬᠢᠴᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠪᠦᠬᠦᠯᠢ ᠴᠣᠭᠴᠠ ᠪᠠᠷ ᠨᠢ ᠠᠬᠢᠭᠤᠯᠵᠤ᠂ ᠠᠵᠢᠯ ᠤᠨ ᠳᠤᠮᠳᠠᠬᠢ ᠠᠰᠠᠭᠤᠳᠠᠯ ᠢᠶᠠᠨ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠦᠢᠯᠡᠴᠢᠯᠡᠭᠡ ᠪᠠᠨ ᠰᠢᠯᠢᠳᠡᠭᠵᠢᠭᠦᠯᠦᠨ ᠠᠯᠬᠤᠮ ᠳᠠᠷᠠᠭᠠᠯᠠᠯ ᠢᠶᠠᠨ ᠴᠣᠮᠬᠠᠳᠬᠠᠵᠤ᠂ ᠠᠵᠢᠯ ᠬᠡᠷᠡᠭ ᠭᠦᠢᠴᠡᠳᠬᠡᠬᠦ ᠳᠡᠰ ᠳᠠᠷᠠᠭᠠᠯᠠᠯ ᠢ ᠳᠥᠭᠦᠮᠴᠢᠯᠡᠬᠦ ᠪᠠ ᠵᠢᠷᠤᠮᠵᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠦᠢᠯᠡᠴᠢᠯᠡᠭᠡ ᠶᠢᠨ ᠶᠠᠰᠤ ᠴᠢᠨᠠᠷ ᠢᠶᠠᠨ ᠰᠠᠶᠢᠵᠢᠷᠠᠭᠤᠯᠤᠨ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃      ︵ᠵᠢᠷᠭᠤᠭ᠎ᠠ︶ ︽ᠬᠡᠷᠡᠭᠵᠢᠭᠦᠯᠬᠦ ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠪᠠ      ᠨᠢᠭᠡ ᠳᠤ᠂ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠦᠬᠦ ᠤᠯᠤᠰ ᠤᠨ ᠲᠧᠯᠸᠢᠰ ᠬᠤᠷᠠᠯ ᠤᠨ ᠬᠤᠯᠪᠣᠭᠳᠠᠯ ᠪᠦᠬᠦᠢ ᠲᠣᠬᠢᠷᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ︽ᠬᠡᠷᠡᠭᠵᠢᠭᠦᠯᠬᠦ ᠰᠠᠨᠠᠯ︾᠎ ᠢ ᠥᠷᠭᠡᠨ ᠳᠡᠯᠭᠡᠷ ᠢᠶᠠᠷ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠥᠷᠭᠡᠨ ᠣᠯᠠᠨ ᠪᠠᠭᠰᠢ ᠠᠵᠢᠯᠲᠠᠳ ᠲᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠵᠦᠢᠯᠡᠰ ᠢ ᠢᠳᠡᠪᠬᠢᠲᠡᠢ ᠪᠠᠷ ᠤᠬᠠᠭᠤᠯᠤᠨ᠂ ᠰᠤᠷᠭᠠᠭᠤᠯᠢ ᠠᠴᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠪᠠᠨ ᠬᠢᠨᠠᠮᠠᠭᠠᠢ ᠤᠬᠠᠭᠠᠯᠠᠨ ᠲᠥᠯᠥᠪᠯᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃      ᠬᠤᠶᠠᠷ ᠲᠤ᠂ ᠰᠠᠶᠢᠲᠤᠷ ᠲᠤᠭᠤᠰᠢᠯᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠬᠢᠴᠢᠶᠡᠯ ᠬᠥᠮᠥᠵᠢᠯ ᠤᠨ ᠲᠤᠰᠬᠠᠢ ᠮᠡᠷᠭᠡᠵᠢᠯ ᠲᠣᠬᠢᠷᠠᠭᠤᠯᠬᠤ᠂ ᠮᠡᠷᠭᠡᠵᠢᠯ ᠤᠨ ᠴᠣᠯᠠ ᠦᠨᠡᠯᠡᠨ ᠬᠢᠨᠠᠬᠤ᠂ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠶᠢᠨ ᠥᠭᠡᠷᠡᠴᠢᠯᠡᠯᠲᠡ ᠶᠢᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠪᠠᠶᠢᠭᠤᠯᠤᠮᠵᠢ ᠣᠷᠣᠨ ᠲᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠲᠦᠷᠦᠭᠦᠯᠡᠬᠦ ᠰᠠᠯᠠᠭ᠎ᠠ ᠮᠥᠴᠢᠷ ᠤᠳ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠤᠨ ᠶᠡᠷᠦᠩᠬᠡᠢ ᠲᠣᠭᠠᠨ ᠤ ᠬᠠᠮᠢᠶᠠᠷᠤᠯᠲᠠ᠂ ᠴᠠᠯᠢᠩ ᠬᠥᠯᠥᠰᠦ ᠵᠡᠷᠭᠡ ᠲᠠᠯ᠎ᠠ ᠶᠢᠨ ᠨᠠᠶᠢᠳᠠᠪᠤᠷᠢᠵᠢᠭᠤᠯᠬᠤ ᠠᠷᠭ᠎ᠠ ᠶᠢ ᠠᠮᠵᠢᠨ ᠨᠠᠷᠢᠯᠢᠭᠵᠢᠭᠤᠯᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠠᠴᠠ ︽ᠬᠡᠷᠡᠭᠵᠢᠭᠦᠯᠬᠦ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠡᠷᠬᠡ ᠶᠢ ᠵᠠᠯᠭᠠᠮᠵᠢᠯᠠᠨ ᠵᠠᠯᠭᠠᠯᠳᠤᠭᠤᠯᠬᠤ ᠵᠦᠢᠯᠡᠰ ᠤᠨ ᠪᠣᠳᠠᠲᠠᠢ ᠬᠠᠮᠢᠶᠠᠷᠤᠯᠲᠠ ᠶᠢᠨ ᠳᠦᠷᠢᠮ ᠪᠤᠶᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠬᠡᠷᠡᠭᠲᠡᠢ᠃      ᠭᠤᠷᠪᠠ ᠳᠤ᠂ ᠠᠵᠢᠯ ᠢᠶᠠᠨ ᠰᠠᠶᠢᠲᠤᠷ ᠬᠤᠪᠢᠶᠠᠷᠢᠯᠠᠵᠤ ᠬᠠᠷᠢᠯᠴᠠᠨ ᠬᠠᠮᠵᠢᠯᠴᠠᠬᠤ ᠬᠡᠷᠡᠭᠲᠡᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠪᠣᠯ ᠨᠢᠭᠡᠨ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠶᠢᠨ ᠠᠵᠢᠯ ᠪᠠᠶᠢᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠯ᠎ᠡ ᠬᠤᠯᠪᠣᠭᠳᠠᠯ ᠪᠦᠬᠦᠢ ᠲᠠᠯ᠎ᠠ ᠳᠤ ᠬᠤᠯᠪᠣᠭᠳᠠᠵᠤ ᠪᠠᠶᠢᠬᠤ ᠪᠣᠯᠬᠤᠷ᠂ ᠠᠵᠢᠯ ᠢᠶᠠᠨ ᠰᠠᠶᠢᠲᠤᠷ ᠬᠤᠪᠢᠶᠠᠷᠢᠯᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠪᠠᠷ ᠪᠠᠷᠠᠬᠤ ᠦᠭᠡᠢ᠂ ᠬᠠᠷᠢᠯᠴᠠᠨ ᠬᠠᠮᠲᠤᠷᠠᠯᠴᠠᠨ᠂ ᠨᠢᠭᠲᠠ ᠬᠠᠮᠵᠢᠯᠴᠠᠬᠤ ᠬᠡᠷᠡᠭᠲᠡᠢ᠂ ᠥᠭᠡᠷᠡᠴᠢᠯᠡᠯᠲᠡ ᠶᠢᠨ ᠣᠬᠤᠷᠬᠠᠨ ᠬᠤᠭᠤᠴᠠᠭᠠᠨ ᠤ ᠬᠠᠷᠠᠯᠲᠠ ᠶᠢ ᠲᠣᠳᠣᠷᠬᠠᠶᠢᠯᠠᠬᠤ ᠪᠠᠷ ᠪᠠᠷᠠᠬᠤ ᠦᠭᠡᠢ᠂ ᠥᠭᠡᠷᠡᠴᠢᠯᠡᠯᠲᠡ ᠶᠢᠨ ᠤᠷᠲᠤ ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠪᠠᠶᠢᠭᠤᠯᠤᠮᠵᠢ ᠣᠷᠣᠨ ᠲᠤᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠥᠭᠡᠷᠡᠴᠢᠯᠡᠯᠲᠡ ᠶᠢᠨ ᠨᠢᠭᠡᠳᠦᠯᠲᠡᠢ ᠲᠥᠯᠥᠵᠢᠭᠦᠯᠬᠦ ᠪᠠ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃                                                2018 ᠣᠨ ᠤ 7 ᠳ᠋ᠤᠭᠠᠷ ᠰᠠᠷ᠎ᠠ ᠶᠢᠨ 10᠎ ᠤ ᠡᠳᠦᠷ           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map