ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠦᠨᠵᠡᠭᠡᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018/8/24
                   ᠥᠪᠥᠷ ᠵᠠᠰᠠᠭ ᠲᠠᠷᠬᠠᠭᠠᠭᠰᠠᠨ ﹇2018﹈ 14 ᠳ᠋ᠤᠭᠡᠷ ᠲᠤᠭᠠᠳᠤ                                            4 ᠳ᠋ᠦ᠋ᠭᠡᠷ ᠰᠠᠷ᠎ᠠ ᠶᠢᠨ 16᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠦᠨᠵᠡᠭᠡᠢ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ 37 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠤᠨ ᠲᠥᠪᠯᠡᠷᠡᠯ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠦᠷᠬᠦᠯᠵᠢᠯᠡᠭᠰᠡᠨ ᠰᠤᠯᠢᠬᠳᠠᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠠᠭᠤᠰᠤᠯᠴᠠᠬᠤ᠂ ᠵᠣᠬᠢᠴᠠᠯᠳᠤᠬᠤ᠂ ᠬᠠᠮᠲᠤ ᠪᠠᠷ ᠡᠳ᠋ᠯᠡᠬᠦ︾ ᠵᠠᠷᠴᠢᠮ ᠢ ᠪᠠᠷᠢᠮᠲᠠᠯᠠᠨ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠠ ᠶᠢ ᠡᠬᠦᠳᠴᠤ ᠠᠳᠠᠯ ᠦᠢᠯᠡᠰ ᠴᠤᠬᠴᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠬᠦᠴᠦᠯᠡᠨ ᠪᠡᠶᠡᠯᠡᠭᠦᠯᠵᠦ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠨᠡᠩ ᠥᠷᠭᠡᠨ ᠬᠡᠪᠴᠢᠶ᠎ᠡ᠂ ᠨᠡᠩ ᠳᠡᠭᠡᠳᠦ ᠳᠡᠰ ᠳᠠᠪᠬᠤᠷᠭ᠎ᠠ᠂ ᠨᠡᠩ ᠭᠦᠨ ᠬᠡᠮᠵᠢᠶᠡᠨ ᠳᠤ ᠠᠬᠢᠭᠤᠯᠤᠨ᠂ ᠮᠠᠨ ᠤ ᠣᠷᠣᠨ ᠤ ᠰᠢᠨ᠎ᠡ ᠶᠢ ᠡᠭᠦᠳᠬᠦ ᠬᠦᠴᠦᠨ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ᠃      ᠬᠤᠶᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠬᠦᠴᠦᠲᠡᠢ ᠲᠦᠯᠬᠢᠨ ᠠᠬᠢᠭᠤᠯᠤᠨ᠎ᠠ      ︵ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠬᠠᠶᠢᠨ ᠰᠦᠪᠡᠭᠴᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠢᠨᠠᠨ ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ ᠶᠢ ᠨᠢᠭᠡ ᠴᠤᠭᠴᠠᠵᠢᠭᠤᠯᠤᠬᠰᠠᠨ᠂ ᠬᠢᠨᠠᠨ ᠪᠠᠶᠢᠴᠠᠭᠠᠵᠤ ᠡᠷᠬᠡ ᠶᠢ ᠨᠤᠲᠠᠯᠠᠨ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ᠂ ᠬᠥᠨᠳᠡᠯᠡᠨ ᠠᠴᠠ ᠲᠠᠰᠤᠯᠤᠨ ᠡᠶᠡᠲᠡᠭᠦᠯᠬᠦ᠂ ᠬᠠᠤᠯᠢ ᠴᠠᠭᠠᠵᠠ ᠶᠢ ᠵᠤᠯᠭᠠᠭᠤᠯᠤᠨ ᠬᠠᠮᠲᠤᠷᠠᠨ ᠬᠥᠳᠡᠯᠦᠯᠴᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢ ᠪᠠᠶᠢᠭᠤᠯᠤᠨ᠂ ᠨᠢᠭᠡ ᠯᠡ ᠥᠷᠲᠡᠭᠡ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡ ᠦᠷᠨᠢᠭᠦᠯᠦᠨ᠎ᠡ᠃ ᠮᠠᠭᠤ ᠰᠠᠨᠠᠭ᠎ᠠ ᠡᠪᠦᠷᠯᠡᠨ ᠡᠷᠬᠡ ᠳᠤ ᠬᠠᠯᠳᠠᠭᠰᠠᠨ ᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠳᠤ ᠣᠷᠣᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠬᠡᠪᠯᠡᠯ ᠤᠨ ᠡᠷᠬᠡ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ ᠪᠤᠶᠢᠵᠢᠭᠤᠯᠵᠤ᠂ ᠬᠡᠪᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠲᠤᠰᠬᠠᠶ ᠠᠰᠢᠭ ᠪᠣᠯᠣᠨ ᠵᠣᠬᠢᠶᠠᠯ ᠪᠦᠲᠦᠭᠡᠯ ᠤᠨ ᠡᠷᠬᠡ ᠲᠠᠢ ᠪᠦᠲᠦᠭᠡᠯ ᠵᠡᠷᠭᠡ ᠢᠯᠡ ᠪᠣᠰᠤ ᠬᠥᠷᠥᠩᠭᠡ ᠶᠢᠨ ᠥᠷᠲᠡᠭ ᠢ ᠵᠠᠬ᠎ᠠ ᠳᠡᠯᠭᠡᠭᠦᠷᠴᠢᠯᠡᠨ᠎ᠡ᠃ ᠲᠤᠰᠬᠠᠶ ᠠᠰᠢᠭ ᠤᠨ ᠡᠷᠬᠡ ᠶᠢ ᠳᠠᠨᠵᠢᠯᠠᠨ ᠵᠢᠭᠡᠯᠡᠯᠭᠡ ᠬᠢᠬᠦ᠂ ᠲᠤᠰᠬᠠᠶ ᠠᠰᠢᠭ ᠤᠨ ᠳᠠᠭᠠᠳᠬᠠᠯ᠂ ᠲᠤᠰᠬᠠᠶ ᠠᠰᠢᠭ ᠤᠨ ᠡᠷᠬᠡ ᠶᠢ ᠬᠠᠩᠰᠢᠯᠠᠨ ᠪᠡᠯᠠ ᠭᠠᠷᠭᠠᠵᠤ ᠬᠤᠪᠢ ᠣᠷᠣᠭᠤᠯᠬᠤ᠂ ᠵᠣᠬᠢᠶᠠᠯ ᠪᠦᠲᠦᠭᠡᠯ ᠤᠨ ᠡᠷᠬᠡ ᠲᠠᠢ ᠪᠦᠲᠦᠭᠡᠯ ᠤᠨ ᠦᠷᠳᠡᠭ ᠢ ᠨᠢ ᠦᠨᠡᠯᠡᠨ ᠵᠢᠱᠢᠵᠦ ᠪᠡᠯᠡ ᠲᠣᠬᠢᠷᠠᠭᠤᠯᠬᠤ ᠵᠡᠷᠭᠡ ᠠᠵᠢᠯ ᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮᠵᠢ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠯᠲᠡ ᠬᠡᠮᠵᠢᠭᠳᠡᠯ ᠤᠨ ᠡᠵᠡᠯᠡᠮᠵᠢ ᠶᠢ ᠨᠡᠮᠡᠭᠳᠡᠭᠦᠯᠦᠨ᠂ ᠥᠨᠳᠥᠷ ᠦᠷᠳᠡᠭ ᠲᠠᠢ ᠲᠤᠰᠬᠠᠶ ᠠᠰᠢᠭ ᠲᠤ ᠪᠡᠯᠡ ᠲᠤᠬᠢᠷᠠᠭᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠤᠴᠢ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠰᠢᠨ᠎ᠡ ᠶᠢ ᠡᠭᠦᠳᠬᠦ ᠭᠤᠣᠯ ᠴᠣᠭᠴᠠ ᠳᠤ ᠤᠯᠠᠨ ᠡᠰᠢᠵᠢᠭᠰᠡᠨ ᠦᠢᠯᠡᠴᠢᠯᠡᠭᠡ ᠬᠠᠩᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠭᠤᠯᠭ᠎ᠠ ᠪᠣᠯᠣᠨ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠥᠷᠭᠡᠳᠬᠡᠵᠦ᠂ ᠪᠠᠶᠠᠯᠢᠬᠵᠢᠭᠤᠯᠤᠨ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠮᠥᠩᠭᠦᠨ ᠭᠦᠢᠯᠭᠡᠭᠡᠨ ᠤ ᠠᠯᠪᠠᠨ ᠭᠡᠷ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠭᠤᠴᠠᠭ᠎ᠠ ᠬᠢᠵᠠᠭᠠᠷᠯᠠᠨ ᠤᠯᠠᠷᠢᠭᠤᠯᠬᠤ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠡᠩ ᠲᠡᠷᠢᠭᠦᠨ ᠳᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠤᠢ ᠪᠣᠯᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠭᠤᠴᠠᠭ᠎ᠠ ᠬᠢᠵᠠᠭᠠᠷᠯᠠᠨ ᠤᠯᠠᠷᠢᠭᠤᠯᠬᠤ ᠲᠦᠷᠢᠮ ᠤᠨ ᠪᠠᠶᠢᠭᠤᠯᠤᠯᠲᠠ ᠶᠢᠨ ᠲᠤᠷᠰᠢᠯᠲᠠ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠪᠠᠷ ᠪᠤᠢ ᠪᠣᠯᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠵᠦᠢ ᠵᠣᠬᠢᠰᠲᠠᠶ ᠬᠤᠭᠤᠴᠠᠭ᠎ᠠ ᠬᠢᠵᠠᠭᠠᠷ ᠤᠨ ᠳᠣᠲᠣᠷ᠎ᠠ ᠤᠯᠠᠷᠢᠭᠤᠯᠤᠭᠠᠳᠤᠢ᠂ ᠤᠯᠤᠰ ᠤᠨ ᠪᠠᠲᠤᠯᠠᠨ ᠬᠠᠮᠠᠭᠠᠯᠠᠯᠲᠠ᠂ ᠤᠯᠤᠰ ᠤᠨ ᠠᠮᠤᠷ ᠲᠥᠪᠰᠢᠨ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠠᠴᠠ ᠪᠤᠰᠤᠳ ᠢ ᠨᠢ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠤᠷᠪᠠᠳᠠᠬᠢ ᠡᠲᠡᠭᠡᠳ ᠲᠤ ᠡᠷᠬᠡ ᠣᠯᠭᠤᠬᠤ ᠪᠤᠶᠤ ᠪᠤᠰᠤᠳ ᠢᠶᠠᠷ ᠦᠷ᠎ᠡ ᠪᠦᠲᠦᠭᠡᠯ ᠢ ᠤᠯᠠᠷᠢᠭᠤᠯᠬᠤ ᠶᠢ ᠨᠢ ᠵᠥᠪᠰᠢᠶᠡᠷᠡᠵᠦ᠂ ᠦᠷ᠎ᠡ ᠪᠦᠲᠦᠭᠡᠯ ᠤᠨ ᠰᠤᠳᠤᠯᠤᠨ ᠨᠡᠭᠡᠭᠡᠬᠦ ᠪᠦᠯᠬᠦᠮ ᠤᠨ ᠬᠢᠨ ᠪᠤᠶᠤ ᠪᠡᠶᠡᠯᠡᠭᠦᠯᠦᠭᠰᠡᠨ ᠬᠥᠮᠥᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠤᠷᠢᠳᠠᠪᠠᠷ ᠰᠢᠢᠳᠪᠦᠷᠢᠯᠡᠬᠦ ᠡᠷᠬᠡ ᠲᠠᠢ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠡ︶ ᠤᠯᠠᠨ ᠢᠶᠠᠷ ᠢᠶᠠᠨ ᠡᠭᠦᠳᠬᠦ ᠣᠷᠣᠨ ᠵᠠᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠳᠠᠪᠠᠭᠤᠯᠢᠭ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ᠂ ᠬᠦᠲᠦᠴᠢ ᠭᠤᠣᠯᠯᠠᠬᠤ ᠠᠵᠤ ᠠᠬᠤᠶᠢᠯᠠᠯ ᠨᠢ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠴᠢᠭᠯᠡᠯ ᠤᠨ ᠲᠣᠭᠤᠷᠢᠨ ᠳᠤ᠂ ᠣᠷᠣᠨ ᠨᠤᠲᠤᠭ ᠤᠨ ᠬᠢᠨ ᠣᠷᠣᠨ ᠪᠦᠰᠡ ᠶᠢᠨ ᠲᠤᠯᠭᠠᠭᠤᠷᠢ ᠪᠣᠯᠣᠨ ᠳᠠᠪᠠᠭᠤᠯᠢᠭ ᠠᠵᠤ ᠦᠢᠯᠡᠰ ᠵᠡᠷᠭᠡ ᠨᠠᠷᠢᠨ ᠠᠩᠭᠢᠯᠠᠭᠰᠠᠨ ᠬᠦᠷᠢᠶ᠎ᠡ ᠬᠡᠪᠴᠢᠶᠡᠨ ᠤ ᠲᠣᠭᠤᠷᠢᠨ ᠳᠤ ᠲᠠᠪᠴᠠᠩ ᠤᠨ ᠬᠡᠯᠪᠡᠷᠢ ᠲᠠᠢ ᠤᠯᠠᠨ ᠢᠶᠠᠷ ᠢᠶᠠᠨ ᠡᠭᠦᠳᠬᠦ ᠣᠷᠣᠨ ᠵᠠᠶ ᠪᠠᠶᠢᠭᠤᠯᠬᠤ ᠶᠢ ᠳᠡᠮᠵᠢᠵᠦ᠂ ᠣᠯᠠᠨ ᠢᠶᠠᠷ ᠢᠶᠠᠨ ᠡᠭᠦᠳᠬᠦ ᠣᠷᠣᠨ ᠵᠠᠶ ᠶᠢ ᠬᠦᠲᠦᠯᠦᠨ ᠵᠢᠯᠣᠭᠤᠳᠴᠤ ᠪᠠᠶᠢᠭᠠᠳ ᠲᠤᠰᠬᠠᠶᠢᠵᠢᠭᠰᠠᠨ᠂ ᠨᠠᠷᠢᠯᠢᠬᠵᠢᠭᠤᠯᠤᠭᠰᠠᠨ ᠴᠢᠭᠯᠡᠯ ᠵᠦᠭ ᠳᠡᠰ ᠳᠡᠪᠰᠢᠭᠦᠯᠦᠨ᠎ᠡ᠃ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠨᠡᠪᠴᠢᠭᠦᠯᠦᠭᠦᠷ ᠵᠡᠷᠭᠡ ᠰᠢᠨ᠎ᠡ ᠮᠠᠶ᠋ᠢᠭ ᠤᠨ ᠨᠡᠪᠴᠢᠭᠦᠯᠦᠭᠦᠷ ᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠵᠤ᠂ ᠨᠡᠪᠴᠢᠭᠦᠯᠦᠭᠦᠷ᠂ ᠣᠯᠠᠨ ᠢᠶᠠᠷ ᠢᠶᠠᠨ ᠡᠭᠦᠳᠬᠦ ᠣᠷᠣᠨ ᠵᠠᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠮᠵᠢᠯᠲᠠ ᠪᠦᠲᠦᠮᠵᠢ ᠪᠣᠯᠣᠨ ᠬᠠᠲᠠᠭᠤ ᠵᠥᠭᠡᠯᠡᠨ ᠲᠤᠨᠤᠭ ᠪᠡᠯᠡᠳᠬᠡᠮᠵᠢ ᠶᠢᠨ ᠥᠪᠡᠷ ᠤᠨ ᠦᠷᠳᠡᠭ ᠤᠨ ᠶᠣᠰᠣᠭᠠᠷ ᠳᠠᠷᠠᠭᠠᠪᠡᠷ ᠨᠥᠬᠦᠪᠥᠷᠢ ᠥᠭᠴᠦ ᠳᠡᠮᠵᠢᠬᠦ ᠠᠷᠭ᠎ᠠ ᠮᠠᠶ᠋ᠢᠭ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠨ᠎ᠠ︶      ︵ᠲᠠᠪᠤ︶ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠪᠡᠯᠡᠳᠬᠡᠮᠵᠢ ᠵᠡᠷᠭᠡ ᠲᠠᠯ᠎ᠠ ᠪᠠᠷ ᠬᠢ ᠨᠡᠭᠡᠭᠡᠯᠳᠡ ᠲᠠᠢ ᠪᠠᠷ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠡᠷᠡᠭᠴᠡᠭᠡ ᠪᠠᠨ ᠪᠠᠲᠤᠯᠠᠬᠤ ᠶᠢᠨ ᠬᠠᠮᠲᠤ᠂ ᠨᠡᠶᠢᠭᠡᠮ ᠳᠠᠶᠠᠭᠠᠷ ᠲᠤ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠪᠠᠷ ᠪᠤᠢ ᠪᠣᠯᠤᠭᠰᠠᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠪᠡᠯᠡᠳᠬᠡᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠣᠮᠣ ᠬᠡᠯᠪᠡᠷᠢ ᠶᠢᠨ ᠬᠡᠮᠵᠢᠭᠦᠷ ᠪᠣᠯᠤᠨ ᠲᠤᠰᠬᠠᠶ ᠠᠰᠢᠭ ᠤᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠢ ᠴᠢᠯᠦᠭᠡᠲᠡᠢ ᠨᠡᠭᠡᠭᠡᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷ ᠤᠨ ᠲᠥᠬᠦᠭᠡᠷᠦᠮᠵᠢ ᠶᠢ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠡᠵᠡᠩᠨᠡᠬᠦ᠂ ᠦᠢᠯᠡᠴᠢᠯᠡᠬᠦ ᠪᠠ ᠬᠠᠮᠢᠶᠠᠷᠬᠤ ᠶᠢ ᠵᠣᠷᠢᠬᠵᠢᠭᠤᠯᠤᠨ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠨᠡᠶᠢᠭᠡᠮ ᠪᠠ ᠬᠡᠮᠵᠢᠭᠦᠷ ᠤᠨ ᠬᠠᠮᠢᠶᠠᠷᠤᠯᠲᠠ ᠶᠢᠨ ᠨᠢᠭᠡᠴᠡ ᠳᠤ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠤᠨ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠵᠠᠮ ᠮᠥᠷ ᠢ ᠥᠷᠭᠡᠳᠬᠡᠨ᠎ᠡ      ︵ᠨᠢᠭᠡ︶ ᠳᠤᠮᠤ ᠬᠡᠯᠪᠡᠷᠢ ᠶᠢᠨ ᠪᠠᠩᠬᠢ ᠶᠢᠨ ᠬᠢᠨ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠰᠠᠯᠪᠤᠷᠢ ᠪᠠᠩᠬᠢ ᠳᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠷᠬᠡ ᠮᠡᠳᠡᠯ ᠤᠨ ᠬᠡᠪᠴᠢᠶ᠎ᠡ ᠶᠢ ᠵᠦᠢ ᠵᠣᠬᠢᠰᠲᠠᠶ ᠪᠠᠷ ᠣᠯᠭᠤᠬᠤ ᠶᠢ ᠵᠣᠷᠢᠬᠵᠢᠭᠤᠯᠤᠨ᠎ᠠ᠃ ᠳᠤᠮᠤ ᠬᠡᠯᠪᠡᠷᠢ ᠶᠢᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠷᠬᠡ ᠣᠯᠭᠤᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠤᠨ ᠳᠡᠮᠵᠢᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠬᠤᠪᠢᠶᠠᠷᠢ ᠪᠠᠩᠬᠢ ᠶᠢᠨ ᠬᠢᠨ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠰᠠᠯᠪᠤᠷᠢ ᠪᠠᠩᠬᠢ ᠳᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠷᠬᠡ ᠮᠡᠳᠡᠯ ᠤᠨ ᠬᠡᠪᠴᠢᠶ᠎ᠡ ᠶᠢ ᠵᠦᠢ ᠵᠣᠬᠢᠰᠲᠠᠶ ᠪᠠᠷ ᠣᠯᠭᠤᠬᠤ ᠶᠢ ᠵᠣᠷᠢᠬᠵᠢᠭᠤᠯᠬᠤ ᠶᠢᠨ ᠬᠠᠮᠲᠤ᠂ ᠡᠷᠬᠡ ᠣᠯᠭᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠡᠷᠬᠡ ᠣᠯᠭᠤᠭᠰᠠᠨ ᠢ ᠬᠦᠳᠡᠯᠦᠯ ᠪᠠᠶᠢᠳᠠᠯ ᠤᠨ ᠲᠤᠬᠢᠷᠠᠭᠤᠯᠤᠯᠳᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠢᠨᠠᠷᠲᠠᠶ ᠬᠠᠤᠯᠢ ᠶᠢᠨ ᠡᠷᠬᠡᠲᠡᠨ ᠤ ᠪᠠᠩᠬᠢ ᠨᠢ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠵᠡᠷᠭᠡ ᠦᠨᠳᠦᠰᠦᠨ ᠱᠠᠲᠤᠨ ᠤ ᠣᠷᠣᠨ ᠪᠦᠰᠡ ᠳᠤ ᠵᠢᠵᠢᠭᠬᠡᠨ ᠰᠠᠯᠪᠤᠷᠢ ᠪᠠᠩᠬᠢ᠂ ᠨᠡᠶᠢᠭᠡᠮ ᠲᠣᠭᠤᠷᠢᠭ ᠤᠨ ᠰᠠᠯᠪᠤᠷᠢ ᠪᠠᠩᠬᠢ ᠨᠡᠮᠡᠵᠦ ᠪᠠᠶᠢᠭᠤᠯᠤᠨ᠂ ᠬᠤᠳᠠᠯᠳᠤᠭᠠᠨ ᠤ ᠪᠠᠩᠬᠢ ᠠᠴᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠴᠣᠪᠤᠷᠠᠯ ᠪᠠ ᠢᠲᠡᠭᠡᠮᠵᠢ ᠶᠢ ᠦᠨᠡᠯᠡᠬᠦ ᠵᠠᠭᠪᠤᠷ ᠢ ᠥᠭᠡᠷᠡᠴᠢᠯᠡᠬᠦ ᠶᠢ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢ ᠣᠯᠭᠤᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠵᠦᠢ ᠵᠣᠬᠢᠰᠲᠠᠶ ᠪᠠᠷ ᠲᠣᠬᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠪᠡᠯᠡ ᠣᠷᠣᠭᠤᠯᠬᠤ ᠪᠠ ᠪᠡᠯᠡ ᠲᠣᠬᠢᠷᠠᠭᠤᠯᠬᠤ ᠦᠢᠯᠡᠴᠢᠯᠡᠭᠡ ᠬᠠᠩᠭᠠᠬᠤ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ ᠰᠠᠮᠪᠠᠷ᠎ᠠ ᠪᠣᠯᠣᠨ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠬᠦ᠂ ᠬᠤᠪᠢᠴᠠᠭ᠎ᠠ ᠲᠦᠭᠡᠭᠡᠬᠦ᠂ ᠬᠠᠨᠳᠤᠯᠭ᠎ᠠ ᠲᠠᠢ ᠪᠠᠷ ᠨᠡᠮᠡᠵᠦ ᠲᠠᠷᠬᠠᠭᠠᠬᠤ᠂ ᠨᠡᠶᠢᠯᠡᠭᠦᠯᠦᠨ ᠠᠪᠴᠤ ᠳᠠᠬᠢᠨ ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠭᠤᠳ ᠪᠡᠯᠡ ᠲᠣᠬᠢᠷᠠᠭᠤᠯᠭ᠎ᠠ ᠶᠢᠨ ᠵᠠᠮ ᠮᠥᠷ ᠢ ᠥᠷᠭᠡᠳᠬᠡᠨ᠎ᠡ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢ ᠣᠯᠭᠤᠬᠤ᠂ ᠲᠣᠭᠠᠴᠠᠭ᠎ᠠ ᠬᠢᠵᠦ ᠳ᠋ᠦᠩᠨᠡᠨ ᠪᠤᠳᠤᠬᠤ᠂ ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠲᠠᠷᠬᠠᠭᠠᠬᠤ ᠳᠤ ᠳᠠᠭᠠᠭᠠᠯᠲᠠ ᠬᠠᠩᠭᠠᠬᠤ ᠶᠢ ᠳᠡᠮᠵᠢᠵᠦ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠢ ᠵᠣᠷᠢᠬᠵᠢᠭᠤᠯᠵᠤ ᠪᠠᠶᠢᠭᠠᠳ ᠵᠠᠰᠠᠭ ᠪᠠᠩᠬᠢ ᠳᠠᠭᠠᠭᠠᠯᠲᠠ᠂ ᠵᠠᠰᠠᠭ ᠪᠠᠩᠬᠢ ᠲᠠᠭᠠᠳᠬᠠᠯ ᠵᠡᠷᠭᠡ ᠠᠳᠠᠯᠢ ᠪᠤᠰᠤ ᠲᠦᠷᠦᠯ ᠬᠡᠯᠪᠡᠷᠢ ᠶᠢᠨ ᠲᠦᠭᠰᠢᠭᠦᠷᠢ ᠳᠤ ᠨᠥᠬᠦᠪᠥᠷᠢᠯᠡᠬᠦ ᠲᠣᠭᠲᠠᠴᠠ ᠪᠠᠶᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠠᠰᠢᠭ ᠤᠨ ᠵᠢᠭᠡᠯᠡᠯᠭᠡ ᠳᠤ ᠪᠠᠲᠤᠯᠠᠭ᠎ᠠ ᠲᠠᠢ ᠲᠠᠭᠠᠳᠬᠠᠯ ᠤᠨ ᠦᠢᠯᠡᠴᠢᠯᠡᠭᠡ ᠬᠠᠩᠭᠠᠨ᠎ᠠ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠤᠯᠤᠰ ᠤᠨ ᠦᠮᠴᠢᠯᠡᠯᠲᠦ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠨᠥᠬᠦᠴᠡᠯ ᠲᠠᠢ ᠤᠯᠤᠰ ᠤᠨ ᠦᠮᠴᠢᠯᠠᠯᠲᠦ ᠠᠵᠤ ᠠᠬᠤᠶᠢᠯᠠᠯ ᠨᠢ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠬᠢᠬᠦ ᠶᠢ ᠳᠡᠮᠵᠢᠵᠦ᠂ ᠬᠤᠪᠢ ᠣᠷᠣᠭᠤᠯᠬᠤ ᠰᠠᠭᠤᠷᠢ ᠮᠥᠩᠭᠦ᠂ ᠬᠠᠮᠲᠤᠷᠠᠨ ᠪᠡᠯᠡ ᠣᠷᠣᠭᠤᠯᠬᠤ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠶᠡᠷᠦᠩᠬᠡᠶᠢᠯᠡᠨ ᠠᠰᠢᠭᠯᠠᠵᠤ᠂ ᠠᠷᠠᠳ ᠤᠨ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ᠂ ᠰᠢᠭᠤᠳ ᠪᠡᠯᠡ ᠲᠤᠬᠢᠷᠠᠭᠤᠯᠭ᠎ᠠ ᠶᠢ ᠥᠷᠭᠡᠳᠬᠡᠬᠦ᠂ ᠵᠠᠬ᠎ᠠ ᠳᠡᠯᠭᠡᠭᠦᠷ ᠤᠨ ᠦᠢᠯᠡᠳᠦᠯ ᠢᠶᠠᠨ ᠠᠯᠳᠠᠬᠤ ᠶᠢ ᠨᠥᠬᠦᠪᠥᠷᠢᠯᠡᠬᠦ ᠵᠡᠷᠭᠡ ᠲᠠᠯ᠎ᠠ ᠪᠠᠷ ᠬᠢ ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ᠂ ᠤᠯᠤᠰ ᠤᠨ ᠦᠮᠴᠢᠯᠡᠯᠲᠦ ᠬᠥᠷᠥᠩᠭᠡ ᠶᠢᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠳᠤ ᠣᠷᠣᠯᠴᠠᠬᠤ᠂ ᠬᠠᠮᠢᠶᠠᠷᠬᠤ ᠪᠠ ᠪᠤᠴᠠᠵᠤ ᠭᠠᠷᠬᠤ ᠪᠠᠷᠢᠮᠵᠢᠶ᠎ᠠ ᠪᠣᠯᠤᠨ ᠶᠤᠰᠤ ᠳᠦᠷᠢᠮ ᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠳᠠᠯᠢ ᠪᠤᠰᠤ ᠣᠨᠴᠠᠯᠢᠭ ᠢ ᠦᠨᠳᠦᠰᠦᠯᠡᠨ᠂ ᠲᠥᠷᠥᠯ ᠬᠤᠪᠢᠶᠠᠭᠰᠠᠨ ᠠᠵᠢᠯᠯᠠᠭᠠᠨ ᠢ ᠬᠢᠨᠠᠨ ᠬᠠᠮᠢᠶᠠᠷᠬᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠦᠨᠡᠯᠡᠬᠦ ᠵᠡᠷᠭᠡ ᠲᠣᠭᠲᠠᠴᠠ ᠶᠢ ᠬᠠᠶᠢᠨ ᠰᠦᠪᠡᠭᠴᠢᠯᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠡᠳ᠋ ᠬᠦᠷᠦᠩᠭᠡ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠡ︶ ᠨᠡᠶᠢᠭᠡᠮ ᠤᠨ ᠬᠦᠷᠦᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠳᠤ ᠣᠷᠣᠯᠴᠠᠭᠤᠯᠤᠨ᠎ᠠ᠃ ᠡᠯ᠎ᠡ ᠲᠥᠷᠥᠯ ᠤᠨ ᠰᠲ᠋ᠣᠺ ᠤᠨ ᠡᠷᠬᠡ ᠶᠢᠨ ᠰᠠᠭᠤᠷᠢ ᠮᠥᠩᠭᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠢᠳᠡᠪᠬᠢᠲᠡᠢ ᠬᠥᠮᠥᠵᠢᠭᠦᠯᠵᠦ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠠᠶᠤᠯ ᠲᠦᠭᠰᠢᠭᠦᠷᠢ ᠶᠢ ᠳᠠᠭᠠᠭᠠᠬᠤ ᠴᠢᠳᠠᠪᠤᠷᠢ ᠲᠠᠢ ᠬᠤᠪᠢ ᠬᠥᠮᠦᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠳᠤ ᠣᠷᠣᠯᠴᠠᠬᠤ ᠶᠢ ᠳᠡᠮᠵᠢᠵᠦ᠂ ᠪᠡᠯᠡ ᠣᠷᠣᠭᠤᠯᠤᠭᠴᠢ ᠠᠨᠴᠢᠯ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠨᠡᠪᠴᠢᠭᠦᠯᠦᠭᠦᠷ ᠪᠣᠯᠤᠨ ᠣᠯᠠᠨ ᠢᠶᠠᠷ ᠢᠶᠠᠨ ᠡᠭᠦᠳᠬᠦ ᠣᠷᠣᠨ ᠵᠠᠢ ᠳᠤ ᠣᠷᠣᠵᠤ ᠲᠣᠬᠠᠶᠢᠯᠠᠭᠰᠠᠨ ᠠᠵᠢᠯ ᠦᠷᠨᠢᠭᠦᠯᠬᠦ ᠶᠢ ᠵᠣᠷᠢᠬᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠰᠢᠨ᠎ᠡ ᠶᠢ ᠡᠭᠦᠳᠬᠦ ᠲᠡᠮᠳᠡᠭᠲᠦ᠂ ᠠᠳᠠᠯ ᠦᠢᠯᠡᠰ ᠴᠣᠭᠴᠠᠯᠠᠬᠤ ᠲᠡᠮᠳᠡᠭᠲᠦ ᠶᠢᠨ ᠬᠠᠮᠢᠶᠠᠷᠤᠯᠲᠠ ᠶᠢᠨ ᠳᠦᠷᠢᠮ ᠪᠣᠯᠣᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠲᠡᠮᠳᠡᠭᠲᠦ ᠶᠢᠨ ᠲᠤᠷᠰᠢᠯᠲᠠ ᠶᠢᠨ ᠴᠢᠬ ᠪᠠᠶᠢᠭᠤᠯᠵᠤ᠂ ᠦᠢᠯᠡᠴᠢᠯᠡᠭᠡ ᠬᠤᠳᠠᠯᠳᠤᠨ ᠠᠪᠬᠤ᠂ ᠠᠮᠵᠢᠯᠲᠠ ᠪᠦᠲᠦᠮᠵᠢ ᠶᠢᠨ ᠱᠠᠩᠨᠠᠯ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠠᠳᠠᠯ ᠦᠢᠯᠡᠰ ᠴᠣᠭᠴᠠᠯᠠᠭᠴᠢ ᠪᠠ ᠰᠢᠨ᠎ᠡ ᠶᠢ ᠡᠭᠦᠳᠬᠦ ᠠᠵᠤ ᠠᠬᠤᠶᠢᠯᠠᠯ ᠳᠤ ᠨᠡᠶᠢᠭᠡᠮ ᠤᠨ ᠪᠣᠯᠪᠠᠰᠤᠷᠠᠭᠤᠯᠤᠯ᠂ ᠬᠠᠮᠢᠶᠠᠷᠤᠯᠲᠠ ᠶᠢᠨ ᠯᠠᠪᠯᠠᠯᠭ᠎ᠠ᠂ ᠪᠠᠶᠢᠴᠠᠭᠠᠨ ᠰᠢᠯᠭᠠᠵᠦ ᠪᠠᠶᠢᠴᠠᠭᠠᠨ ᠬᠡᠮᠵᠢᠬᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ᠂ ᠳ᠋ᠠᠶᠢᠲ᠋ᠠ ᠶᠢᠨ ᠵᠠᠳᠠᠯᠤᠯᠲᠠ᠂ ᠬᠠᠤᠯᠢ ᠴᠠᠭᠠᠵᠠ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡ ᠬᠠᠩᠭᠠᠵᠤ᠂ ᠳᠡᠮᠵᠢᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠣᠷᠣᠨ ᠪᠦᠰᠡ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠬᠠᠶᠢᠨ ᠰᠦᠪᠡᠭᠴᠢᠯᠡᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠦᠷᠪᠡ᠂ ᠪᠣᠳᠠᠲᠤ ᠴᠣᠭᠴᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ      ︵ᠨᠢᠭᠡ︶ ᠠᠵᠦ ᠠᠬᠤᠶᠢᠢᠯᠠᠯ ᠲᠡᠬᠡᠳᠤ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠳᠡᠮᠵᠢᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠡᠠ ᠠᠳᠠᠯ ᠦᠢᠯᠡᠰ ᠴᠣᠭᠴᠠᠯᠠᠭᠴᠢ ᠯᠤᠭ᠎ᠠ ᠬᠠᠮᠲᠤᠷᠠᠯᠴᠠᠭ᠎ᠠ ᠪᠠ ᠬᠠᠷᠢᠯᠴᠠᠨ ᠰᠠᠨᠠᠯ ᠰᠣᠯᠢᠯᠴᠠᠭ᠎ᠠ ᠬᠢᠬᠦ ᠶᠢ ᠵᠣᠷᠢᠬᠵᠢᠭᠤᠯᠤᠨ᠂ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠲᠥᠪᠯᠡᠷᠡᠭᠰᠡᠨ᠂ ᠰᠦᠯᠵᠢᠶᠡᠵᠢᠭᠦᠯᠦᠭᠰᠡᠨ ᠠᠷᠭ᠎ᠠ ᠮᠠᠶ᠋ᠢᠭ ᠢᠶᠠᠷ ᠨᠡᠶᠢᠲᠡ ᠣᠯᠠᠨ ᠤ ᠣᠶᠣᠨ ᠰᠠᠨᠠᠭ᠎ᠠ ᠶᠢ ᠲᠥᠪᠯᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ︽ᠣᠯᠠᠨ ᠢᠶᠠᠷ ᠢᠶᠠᠨ ᠡᠭᠦᠳᠬᠦ ᠣᠷᠣᠨ ᠵᠠᠶ︾᠎ ᠶᠢ ᠡᠭᠦᠳᠦᠨ ᠪᠠᠶᠢᠭᠤᠯᠵᠤ᠂ ᠨᠡᠶᠢᠭᠡᠮ ᠳᠠᠶᠠᠭᠠᠷ ᠲᠤ ᠬᠠᠨᠳᠤᠭᠤᠯᠤᠨ ᠨᠡᠭᠡᠭᠡᠯᠲᠡ ᠲᠠᠢ ᠬᠠᠮᠲᠤᠪᠡᠷ ᠡᠳ᠋ᠯᠡᠵᠦ ᠬᠠᠷᠢᠯᠴᠠᠨ ᠬᠦᠳᠡᠯᠦᠯᠴᠡᠬᠦ ᠲᠣᠭᠲᠠᠴᠠ ᠶᠢ ᠪᠣᠢ ᠪᠣᠯᠭᠠᠨ᠎ᠠ᠃ ᠠᠳᠠᠯ ᠦᠢᠯᠡᠰ ᠴᠣᠭᠴᠠᠯᠠᠬᠤ ᠪᠤᠯᠪᠠᠰᠤᠷᠠᠭᠤᠯᠤᠯ ᠤᠨ ᠭᠠᠵᠠᠷ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠵᠡᠷᠭᠡ ᠤᠯᠠᠨ ᠵᠦᠢᠯ ᠤᠨ ᠬᠡᠯᠪᠡᠷᠢ ᠶᠢᠨ ᠰᠢᠨ᠎ᠡ ᠶᠢ ᠡᠭᠦᠳᠬᠦ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠳᠤ ᠬᠠᠨᠳᠤᠭᠤᠯᠵᠤ᠂ ᠰᠢᠨᠵᠢᠯᠡᠬᠦ ᠤᠬᠠᠭᠠᠨ ᠤ ᠠᠰᠠᠭᠤᠳᠠᠯ ᠢ ᠠᠪᠰᠠᠷᠬᠠᠨ ᠰᠢᠢᠳᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠲᠡᠷᠢᠭᠦᠨ ᠤ ᠦᠢᠯᠡᠳᠬᠦ ᠦᠢᠯᠡᠰ ᠤᠨ ᠬᠥᠭᠵᠢᠯᠲᠡ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠦᠲᠦᠯᠦᠨ ᠵᠢᠯᠣᠭᠤᠳᠬᠤ ᠰᠠᠭᠤᠷᠢ ᠮᠥᠩᠭᠦ ᠶᠢᠨ ᠲᠡᠷᠢᠭᠦᠨ ᠤ ᠦᠢᠯᠡᠳᠬᠦ ᠦᠢᠯᠡᠰ ᠲᠠᠬᠢ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠵᠠᠩᠭᠢᠯᠠᠭ᠎ᠠ ᠶᠢᠨ ᠬᠦᠷᠢᠶ᠎ᠡ ᠬᠡᠪᠴᠢᠶ᠎ᠡ ᠪᠠ ᠪᠣᠭᠤᠮᠢ ᠭᠤᠭᠴᠤᠭ᠎ᠠ ᠳᠠᠬᠢ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠨ᠎ᠡ᠃ ᠮᠠᠨ ᠤ ᠣᠷᠣᠨ ᠤ ᠠᠵᠤ ᠦᠢᠯᠡᠰ ᠤᠨ ᠰᠠᠭᠤᠷᠢ᠂ ᠡᠬᠢ ᠪᠠᠶᠠᠯᠢᠭ ᠤᠨ ᠨᠥᠬᠦᠴᠡᠯ ᠲᠠᠢ ᠤᠶᠠᠯᠳᠤᠭᠤᠯᠤᠨ᠂ ᠡᠨᠧᠷᠭᠢ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠤᠨᠤᠭ ᠲᠦᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠲᠤ᠂ ᠦᠢᠯᠡᠳᠪᠦᠷᠢ ᠶᠢᠨ ᠲᠣᠭᠠᠴᠢᠯᠠᠭᠰᠠᠨ᠂ ᠤᠶᠤᠨᠴᠢᠯᠠᠭᠰᠠᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠲᠠᠢ ᠬᠠᠮᠲᠤᠷᠠᠨ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠵᠤᠷᠢᠬᠵᠢᠭᠤᠯᠤᠨ᠎ᠠ᠃ ᠴᠡᠷᠢᠭ ᠠᠷᠠᠳ ᠠᠭᠤᠰᠤᠯᠴᠠᠭᠰᠠᠨ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠳᠤᠷᠠᠯᠴᠠᠵᠦ ᠢᠨᠵᠧᠨᠧᠷᠢᠩ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠶᠢ ᠵᠣᠷᠢᠬᠵᠢᠭᠤᠯᠵᠤ᠂ ᠴᠡᠷᠢᠭ ᠠᠷᠠᠳ ᠲᠤ ᠵᠡᠷᠭᠡᠪᠡᠷ ᠬᠡᠷᠡᠭᠯᠡᠭᠳᠡᠬᠦ ᠮᠡᠷᠭᠡᠵᠢᠯ ᠤᠨ ᠦᠢᠯᠡᠳᠬᠦᠨ ᠤ ᠵᠠᠯᠭᠠᠯᠳᠤᠭᠤᠯᠬᠤ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠴᠡᠷᠢᠭ ᠠᠷᠠᠳ ᠲᠤ ᠵᠡᠷᠭᠡᠪᠡᠷ ᠬᠡᠷᠡᠭᠯᠭᠳᠡᠬᠦ ᠮᠡᠷᠭᠡᠵᠢᠯ ᠤᠨ ᠬᠤᠶᠠᠷ ᠴᠢᠭᠯᠡᠯ ᠤᠨ ᠰᠢᠯᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠬᠠᠮᠲᠤ ᠪᠠᠷ ᠡᠳ᠋ᠯᠡᠬᠦ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠬᠠᠮᠲᠤ ᠪᠠᠷ ᠡᠳ᠋ᠯᠡᠬᠦ ᠠᠵᠤ ᠠᠬᠤᠶ ᠶᠢᠨ ᠬᠥᠭᠵᠢᠯᠲᠡ ᠳᠤ ᠵᠣᠬᠢᠴᠠᠯᠳᠤᠭᠰᠠᠨ ᠪᠠᠭᠲᠠᠭᠠᠮᠵᠢᠲᠠᠢ ᠪᠦᠬᠡᠳ ᠪᠣᠯᠭᠤᠮᠵᠢᠲᠠᠶ ᠬᠢᠨᠠᠨ ᠬᠠᠮᠢᠶᠠᠷᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ᠂ ᠬᠡᠷᠡᠭᠯᠡᠭᠴᠢᠳ ᠤᠨ ᠡᠷᠬᠡ ᠠᠰᠢᠭ᠂ ᠨᠡᠶᠢᠭᠡᠮ ᠤᠨ ᠪᠠᠲᠤᠯᠠᠭ᠎ᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ ᠲᠦᠭᠰᠢᠭᠦᠷᠢ ᠶᠢ ᠡᠵᠡᠮᠳᠡᠬᠦ ᠵᠡᠷᠭᠡ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢᠨ ᠬᠠᠤᠯᠢ ᠲᠣᠭᠲᠠᠭᠠᠯ ᠢ ᠲᠦᠷᠭᠡᠳᠬᠡᠨ ᠲᠡᠭᠦᠯᠳᠡᠷᠵᠢᠭᠦᠯᠵᠦ᠂ ᠬᠠᠮᠲᠤ ᠪᠠᠷ ᠡᠳ᠋ᠯᠡᠬᠦ ᠠᠵᠤ ᠠᠬᠤᠶ ᠶᠢᠨ ᠣᠨᠴᠠᠯᠢᠭ ᠲᠤ ᠵᠣᠬᠢᠴᠠᠭᠰᠠᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ᠰᠤᠷᠭᠠᠨ ᠬᠥᠮᠦᠵᠢᠯ ᠵᠡᠷᠭᠡ ᠠᠵᠢᠯ ᠲᠦᠷᠦᠯ ᠤᠨ ᠢᠨᠲ᠋ᠧᠷ ᠰᠦᠯᠵᠢᠶᠡᠨ ᠳᠤ ᠵᠥᠪᠰᠢᠶᠡᠷᠡᠨ ᠤᠷᠤᠭᠤᠯᠬᠤ ᠨᠥᠬᠦᠴᠡᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ᠂ ᠡᠳ᠋ ᠪᠣᠳᠠᠰ᠂ ᠬᠥᠳᠡᠯᠮᠦᠷᠢ ᠦᠢᠯᠡᠴᠢᠯᠡᠭᠡ᠂ ᠮᠡᠳᠡᠯᠭᠡ᠂ ᠤᠷ᠎ᠠ ᠴᠢᠳᠠᠪᠤᠷᠢ ᠵᠡᠷᠭᠡ ᠬᠦᠷᠢᠶ᠎ᠡ ᠬᠡᠪᠴᠢᠶᠡᠨ ᠳᠠᠬᠢ ᠨᠢᠬᠡ ᠪᠦᠯᠦᠭ ᠬᠠᠮᠲᠤ ᠪᠠᠷ ᠡᠳ᠋ᠯᠡᠬᠦ ᠬᠡᠷᠡᠭᠯᠡᠭᠡᠨ ᠤ ᠲᠠᠪᠴᠠᠩ ᠢ ᠪᠤᠶᠢᠵᠢᠭᠤᠯᠤᠨ ᠳᠡᠳᠬᠦᠬᠦ ᠪᠠ ᠣᠷᠣᠭᠤᠯᠤᠨ ᠠᠪᠴᠢᠷᠠᠨ᠎ᠠ᠃ ᠬᠠᠮᠲᠤ ᠪᠠᠷ ᠡᠳ᠋ᠯᠡᠬᠦ ᠠᠵᠤ ᠠᠬᠤᠶ ᠶᠢᠨ ᠲᠠᠪᠴᠠᠩ ᠲᠠᠢ ᠠᠵᠤ ᠠᠬᠤᠶᠢᠯᠠᠯ ᠪᠣᠯᠣᠨ ᠬᠤᠪᠢ ᠬᠥᠮᠦᠨ ᠤ ᠬᠡᠷᠡᠭᠯᠡᠭᠴᠢᠳ ᠤᠨ ᠵᠣᠬᠢᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠪᠠ ᠠᠵᠢᠯᠯᠠᠭᠴᠢᠳ ᠤᠨ ᠨᠡᠶᠢᠭᠡᠮ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠠᠮ ᠤᠨ ᠬᠤᠷᠢᠶ᠎ᠠ ᠶᠢᠨ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠡ︶ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠳᠡᠭᠡᠳᠦ ᠬᠤᠷᠳᠣ᠂ ᠰᠢᠯᠵᠢᠮᠡᠯ᠂ ᠠᠮᠤᠷ ᠲᠦᠪᠰᠢᠨ᠂ ᠲᠦᠬᠡᠮᠡᠯ ᠪᠠᠶᠢᠭ᠎ᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠦ᠂ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭᠠᠳᠤ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠣᠳᠣᠯᠳᠠ᠂ ᠲᠦᠰᠦᠭᠡᠯᠡᠯ ᠠᠬᠤᠶ᠂ ᠬᠢᠮᠡᠯ ᠤᠶᠤᠨᠴᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠵᠠᠰᠠᠭ ᠤᠨ ᠣᠷᠳᠣᠨ ᠤ ᠵᠠᠰᠠᠯᠲᠠ᠂ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠬᠡᠪᠴᠢᠶᠡᠨ ᠳᠠᠬᠢ ᠬᠡᠷᠡᠭᠯᠡᠭᠡᠨ ᠢ ᠭᠦᠨᠵᠡᠭᠡᠶᠢᠷᠡᠭᠦᠯᠦᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠨ ᠨᠡᠭᠡᠭᠡᠯᠲᠡ ᠲᠠᠢ ᠪᠠᠶᠢᠯᠭᠠᠬᠤ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠠᠬᠢ ᠲᠤᠭ᠎ᠠ ᠪᠠᠷᠢᠮᠳᠠ ᠶᠢ ᠠᠵᠤ ᠠᠬᠤᠶᠢᠯᠠᠯ᠂ ᠨᠡᠶᠢᠭᠡᠮ ᠤᠨ ᠲᠤᠭ᠎ᠠ ᠪᠠᠷᠢᠮᠳᠠ ᠯᠤᠭ᠎ᠠ ᠵᠠᠯᠭᠠᠯᠳᠤᠭᠤᠯᠬᠤ ᠶᠢ ᠠᠬᠢᠭᠤᠯᠤᠨ᠂ ᠬᠥᠬᠡᠬᠤᠲᠠ᠂ ᠦᠬᠠᠶ ᠬᠤᠲᠠ ᠶᠢᠨ ᠰᠢᠨ᠎ᠡ ᠮᠠᠶ᠋ᠢᠭ ᠤᠨ ᠤᠬᠠᠭᠠᠨᠯᠢᠭ ᠬᠤᠳᠠ ᠶᠢᠨ ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠤᠬᠠᠭᠠᠨᠯᠢᠭ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠢᠯᠡᠳᠬᠦ ᠦᠢᠯᠡᠰ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠲᠡᠰᠢ ᠭᠥᠭᠵᠢᠬᠦ ᠶᠢ ᠲᠦᠯᠬᠢᠨ ᠠᠬᠢᠭᠤᠯᠵᠤ᠂ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ᠂ ᠬᠢᠮᠡᠯ ᠤᠶᠤᠨᠴᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠪᠣᠳᠠᠲᠤ ᠴᠣᠭᠴᠠ ᠶᠢᠨ ᠠᠵᠤ ᠠᠬᠤᠶ ᠯᠤᠭ᠎ᠠ ᠭᠦᠨᠴᠡ ᠪᠠᠷ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠤᠨ᠎ᠠ᠃ ᠣᠷᠣᠰ᠂ ᠮᠣᠩᠭᠤᠯ ᠤᠯᠤᠰ ᠵᠡᠷᠭᠡ ᠱᠤᠭᠤᠮ ᠳᠠᠭᠠᠤ ᠤᠯᠤᠰ ᠤᠳ ᠲᠠᠢ ᠢᠳᠡᠪᠬᠢᠲᠡᠢ ᠪᠠᠷ ᠲᠤᠭᠠᠴᠢᠳᠤ ᠠᠵᠤ ᠠᠬᠤᠶ ᠶᠢᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠬᠢᠬᠦ ᠶᠢ ᠦᠷᠨᠢᠭᠦᠯᠵᠦ᠂ ︽ᠨᠢᠭᠡ ᠪᠦᠰᠡ ᠨᠢᠭᠡ ᠵᠠᠮ︾ ᠳ᠋ᠠᠶᠢᠲ᠋ᠠ ᠶᠢᠨ ᠭᠠᠷᠠᠮ ᠤᠨ ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠨᠠᠮ ᠤᠨ ᠬᠤᠷᠢᠶ᠎ᠠ ᠶᠢᠨ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ᠂ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠲᠠᠪᠤ︶ ᠰᠢᠨ᠎ᠡ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠩᠭᠢᠯᠠᠯ ᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠦᠷᠦᠯ ᠤᠨ ᠠᠩᠭᠢᠯᠠᠯ︾᠂ ︽ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠤᠳᠠᠯᠳᠤᠭᠠᠨ ᠤ ᠵᠠᠭᠪᠤᠷ ᠤᠨ ᠲᠤᠭ᠎ᠠ ᠪᠦᠷᠢᠳᠬᠡᠯ ᠤᠨ ᠠᠩᠭᠢᠯᠠᠯ ︵ᠲᠤᠷᠰᠢᠨ ᠬᠡᠷᠡᠭᠵᠢᠭᠦᠯᠬᠦ︶︾ ᠪᠠ ︽ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠤᠭ᠎ᠠ ᠪᠦᠷᠢᠳᠬᠡᠯ ᠤᠨ ᠠᠩᠭᠢᠯᠠᠯ︾ ᠵᠡᠷᠭᠡ ᠲᠦᠷᠦᠯ ᠠᠩᠭᠢᠯᠠᠯ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠦᠢᠯᠡᠰ ᠴᠤᠬᠴᠠᠯᠠᠵᠦ ᠰᠢᠨ᠎ᠠ ᠶᠢ ᠡᠬᠦᠳᠬᠦ ᠬᠥᠭᠵᠢᠯᠲᠡ ᠶᠢᠨ ᠲᠤᠭ᠎ᠠ ᠪᠦᠷᠢᠳᠬᠡᠯ ᠤᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠰᠤᠳᠤᠯᠤᠨ ᠲᠣᠭᠲᠠᠭᠠᠵᠤ᠂ ᠲᠤᠮᠤ ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠰᠢᠨ᠎ᠡ ᠠᠬᠢᠴᠠ ᠶᠢ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠴᠠᠭ ᠲᠤᠬᠠᠶ ᠳᠤᠨᠢ ᠲᠤᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶      ︵ᠵᠢᠷᠭᠤᠭ᠎ᠠ︶ ᠭᠠᠵᠠᠷ ᠬᠡᠷᠡᠭᠯᠡᠬᠦ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠬᠡᠷᠡᠭᠯᠡᠬᠦ ᠭᠠᠵᠠᠷ ᠢ ᠭᠠᠵᠠᠷ ᠰᠢᠷᠣᠶ ᠬᠠᠩᠭᠠᠬᠤ ᠲᠥᠯᠥᠪᠯᠡᠭᠡ ᠳᠤ ᠤᠷᠢᠳᠠᠪᠡᠷ ᠣᠷᠣᠭᠤᠯᠵᠤ᠂ ᠰᠢᠨ᠎ᠡ ᠠᠵᠤ ᠦᠢᠯᠡᠰ ᠲᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠤᠷᠢᠳᠠᠪᠠᠷ ᠲᠣᠬᠢᠷᠠᠭᠤᠯᠤᠨ᠎ᠠ᠃ ᠰᠢᠨ᠎ᠡ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠨᠢ ︽ᠬᠤᠪᠢᠶᠠᠷᠢᠯᠠᠨ ᠦᠭᠬᠦᠭᠰᠡᠨ ᠬᠡᠷᠡᠭᠯᠡᠬᠦ ᠭᠠᠵᠠᠷ ᠤᠨ ᠭᠠᠷᠴᠠᠭ︾᠎ ᠲᠤ ᠨᠡᠶᠢᠴᠡᠪᠡᠯ᠂ ᠰᠢᠯᠵᠢᠭᠦᠯᠦᠨ ᠬᠠᠩᠭᠠᠵᠤ ᠪᠣᠯᠤᠨ᠎ᠠ᠃ ᠰᠢᠨ᠎ᠡ ᠠᠵᠤ ᠦᠢᠯᠡᠰ ᠤᠨ ᠬᠥᠭᠵᠢᠯᠲᠡ ᠨᠢ ᠲᠥᠷᠭᠡᠨ᠂ ᠭᠠᠵᠠᠷ ᠬᠡᠷᠡᠭᠯᠡᠭᠰᠡᠨ ᠨᠢ ᠡᠷᠴᠢᠮᠯᠢᠭ ᠮᠥᠷᠲᠡᠭᠡᠨ ᠬᠡᠷᠡᠭᠴᠡᠭᠡ ᠶᠡᠬᠡᠲᠡᠶ ᠭᠠᠵᠠᠷ ᠣᠷᠣᠨ ᠳᠤ᠂ ᠣᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠦᠢᠴᠡᠳᠬᠡᠯ ᠲᠤᠭ᠎ᠠ ᠶᠢ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃ ᠤᠳᠤ ᠶᠢᠨ ᠪᠠᠶᠢᠭ᠎ᠠ ᠭᠠᠵᠠᠷ ᠰᠢᠷᠤᠢ ᠶᠢ ᠴᠢᠯᠦᠬᠡᠳᠡᠢ ᠬᠦᠢᠯᠬᠡᠬᠡᠨ ᠠᠰᠢᠭᠯᠠᠵᠤ᠂ ᠤᠯᠠᠮᠵᠢᠯᠠᠯᠲᠤ ᠠᠵᠤ ᠦᠢᠯᠡᠳᠪᠦᠷᠢ ᠠᠵᠤ ᠠᠬᠤᠶᠢᠯᠠᠯ ᠢ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠪᠤᠯᠭᠠᠨ ᠬᠤᠪᠢᠷᠠᠭᠤᠯᠬᠤ ᠶᠢ ᠵᠤᠷᠢᠬᠵᠢᠭᠤᠯᠬᠤ ᠪᠠ ᠬᠠᠳᠠᠭᠠᠯᠠᠵᠤ ᠪᠠᠶᠢᠭ᠎ᠠ ᠬᠡᠷ ᠬᠥᠷᠥᠩᠭᠡ ᠶᠢ ᠠᠰᠢᠭᠯᠠᠵᠤ ᠪᠠᠶᠢᠭᠠᠳ ᠦᠢᠯᠡᠳᠬᠦ ᠦᠢᠯᠡᠰ ᠢ ᠰᠣᠶᠣᠯ ᠤᠨ ᠪᠦᠲᠦᠭᠡᠯᠴᠢ ᠰᠠᠨᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠯᠦᠭᠡ ᠠᠭᠤᠰᠤᠯᠴᠠᠭᠤᠯᠤᠨ ᠬᠦᠭᠵᠢᠬᠦᠯᠦᠭᠰᠡᠨ ᠪᠠᠶᠢᠪᠠᠯ᠂ ᠤᠤᠯ ᠤᠨ ᠬᠡᠷᠡᠭᠴᠡᠭᠡ ᠪᠠ ᠭᠠᠵᠠᠷ ᠰᠢᠷᠣᠶ ᠶᠢᠨ ᠡᠷᠬᠡ ᠶᠢᠨ ᠲᠦᠷᠦᠯ ᠬᠡᠯᠪᠡᠷᠢ ᠪᠠᠷ ᠭᠠᠵᠠᠷ ᠰᠢᠷᠣᠶ ᠬᠡᠷᠡᠭᠯᠡᠬᠦ ᠰᠢᠯᠵᠢᠯᠲᠡ ᠶᠢᠨ ᠦᠶ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠣᠯᠣᠨ᠎ᠠ᠃ ᠤᠳᠦ ᠶᠢᠨ ᠪᠠᠶᠢᠭ᠎ᠠ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠰᠢᠯᠵᠢᠯᠲᠡ ᠶᠢᠨ ᠬᠤᠭᠤᠴᠠᠭ᠎ᠠ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ 5 ᠵᠢᠯ ᠤᠨ ᠬᠤᠭᠤᠴᠠᠭ᠎ᠠ ᠨᠢ ᠲᠠᠭᠤᠰᠤᠬᠰᠠᠨ ᠤ ᠳᠠᠷᠠᠭ᠎ᠠ ᠭᠠᠵᠠᠷ ᠬᠡᠷᠡᠭᠯᠡᠬᠦ ᠭᠠᠷᠳᠠᠮ ᠢ ᠬᠦᠢᠴᠡᠳᠬᠡᠬᠦ ᠴᠢᠬᠤᠯᠠᠲᠠᠢ ᠪᠣᠯ᠂ ᠰᠢᠨ᠎ᠡ ᠬᠡᠷᠡᠭᠴᠡᠭᠡ᠂ ᠰᠢᠨ᠎ᠡ ᠡᠷᠬᠡ ᠶᠢᠨ ᠲᠥᠷᠥᠯ ᠬᠡᠯᠪᠡᠷᠢ᠂ ᠵᠠᠬ᠎ᠠ ᠳᠡᠯᠭᠡᠭᠦᠷ ᠤᠨ ᠦᠨ᠎ᠡ ᠬᠠᠩᠰᠢ᠂ ᠬᠡᠯᠡᠯᠴᠡᠭᠡᠷ ᠲᠣᠭᠲᠠᠬᠤ ᠠᠷᠭ᠎ᠠ ᠮᠠᠶ᠋ᠢᠭ ᠢᠶᠠᠷ ᠭᠦᠢᠴᠡᠳᠬᠡᠵᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠲᠦᠷᠦᠭᠦᠯᠡᠨ ᠬᠠᠷᠢᠭᠤᠴᠠᠨ᠎ᠠ︶      ︵ᠲᠤᠯᠤᠭ᠎ᠠ︶ ᠴᠢᠬᠤᠯᠠ ᠶᠡᠭᠡ ᠮᠡᠷᠭᠡᠵᠢᠯ ᠤᠨ ᠠᠩᠬᠠᠨ ᠤ ᠲᠤᠨᠤᠭ ᠳᠦᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠴᠢᠬᠤᠯᠠ ᠶᠡᠭᠡ ᠮᠡᠷᠭᠡᠵᠢᠯ ᠤᠨ ᠠᠩᠬᠠᠨ ᠤ ᠲᠤᠨᠤᠭ ᠲᠦᠬᠦᠬᠡᠷᠦᠮᠵᠢ ᠶᠢᠨ ᠵᠢᠱᠢᠶ᠎ᠡ ᠦᠵᠡᠭᠦᠯᠦᠨ ᠬᠡᠷᠡᠭᠯᠡᠬᠦ ᠶᠢ ᠠᠬᠢᠭᠤᠯᠬᠤ ᠰᠠᠨᠠᠯ ᠢ ᠰᠤᠳᠤᠯᠤᠨ ᠲᠣᠭᠲᠠᠭᠠᠵᠤ᠂ ᠴᠢᠬᠤᠯᠠ ᠶᠡᠭᠡ ᠮᠡᠷᠭᠡᠵᠢᠯ ᠤᠨ ᠲᠤᠨᠤᠭ ᠲᠦᠬᠦᠬᠡᠷᠦᠮᠵᠢ ᠶᠢ ᠰᠤᠳᠤᠯᠤᠨ ᠨᠡᠭᠡᠭᠡᠬᠦ᠂ ᠪᠠᠶᠢᠢᠴᠠᠭᠠᠨ ᠰᠢᠨᠵᠢᠵᠦ ᠬᠢᠨᠠᠨ ᠲᠣᠭᠲᠠᠭᠠᠬᠤ᠂ ᠵᠢᠱᠢᠶ᠎ᠡ ᠦᠵᠡᠬᠦᠯᠦᠨ ᠬᠡᠷᠡᠭᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠳᠠᠭᠠᠳᠬᠠᠯ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠲᠤᠷᠬᠠᠶᠢᠯᠠᠵᠤ᠂ ᠵᠢᠱᠢᠶ᠎ᠡ ᠦᠵᠡᠭᠦᠯᠬᠦ ᠬᠡᠷᠡᠭᠯᠡᠭᠡᠨ ᠤ ᠤᠷᠮᠠᠰᠢᠭᠤᠯᠬᠤ ᠪᠠ ᠪᠠᠲᠤᠯᠠᠬᠤ ᠲᠣᠭᠲᠠᠴᠠ ᠶᠢ ᠪᠠᠶᠢᠭᠤᠯᠵᠤ᠂ ᠰᠠᠶᠢᠨ ᠰᠠᠶᠢᠬᠠᠨ ᠳᠦᠷᠦ ᠶᠢᠨ ᠪᠤᠳᠤᠯᠭ᠎ᠠ ᠪᠣᠯᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠴᠢᠳᠠᠪᠤᠷᠢᠲᠠᠨ ᠤ ᠰᠢᠯᠵᠢᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ      ︵ᠨᠢᠭᠡ︶ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠰᠢᠯᠢᠳᠡᠭᠵᠢᠭᠦᠯᠦᠨ᠎ᠡ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠸᠢᠰᠠ᠂ ᠣᠷᠣᠰᠢᠨ ᠰᠠᠭᠤᠬᠤ ᠵᠥᠪᠰᠢᠶᠡᠷᠡᠯ᠂ ᠥᠨᠢ ᠡᠭᠦᠷᠢᠳᠡ ᠣᠷᠣᠰᠢᠨ ᠰᠠᠭᠤᠬᠤ ᠪᠡᠶ᠎ᠠ ᠶᠢᠨ ᠦᠨᠡᠮᠯᠡᠯ ᠵᠡᠷᠭᠡ ᠬᠢᠯᠢ ᠪᠠᠷ ᠭᠠᠷᠴᠤ ᠣᠷᠣᠬᠤ ᠭᠡᠷᠡᠴᠢ ᠲᠡᠮᠳᠡᠭ ᠢ ᠬᠦᠢᠴᠡᠳᠬᠡᠬᠦ ᠪᠠᠷ ᠭᠤᠶᠤᠴᠢᠯᠠᠬᠤ ᠳᠤ ᠰᠠᠭᠠᠳ ᠦᠭᠡᠢ ᠨᠡᠪᠲᠡᠷᠡᠬᠦ ᠵᠠᠮ ᠨᠡᠪᠲᠡᠷᠡᠭᠦᠯᠵᠦ᠂ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠬᠠᠨᠢ ᠨᠥᠬᠦᠷ ᠪᠤᠶᠤ ᠨᠠᠰᠤᠨ ᠳᠤ ᠬᠦᠷᠦᠭᠡᠳᠦᠢ ᠦᠷ᠎ᠡ ᠬᠡᠦᠬᠡᠳ ᠲᠤ ᠪᠣᠯ᠂ ᠭᠠᠳᠠᠭᠠᠳᠤ ᠶᠢᠨ ᠴᠢᠳᠠᠪᠤᠷᠢᠲᠠᠨ ᠤ ᠸᠢᠰᠠ ᠪᠠ ᠣᠷᠣᠰᠢᠨ ᠰᠠᠭᠤᠬᠤ ᠵᠥᠪᠰᠢᠶᠡᠷᠡᠯ ᠭᠤᠶᠤᠴᠢᠯᠠᠬᠤ ᠲᠠᠢ ᠠᠳᠠᠯᠢ ᠪᠠᠷ ᠳᠦᠭᠦᠮ ᠦᠵᠡᠭᠦᠯᠵᠦ ᠪᠣᠯᠣᠨ᠎ᠠ᠃ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠬᠠᠨᠢ ᠨᠥᠬᠦᠷ ᠨᠢ ᠠᠵᠢᠯᠯᠠᠬᠤ ᠰᠠᠨᠠᠭ᠎ᠠ ᠲᠠᠢ ᠮᠥᠷᠲᠡᠭᠡᠨ ᠣᠷᠣᠨ ᠤ ᠳᠣᠲᠣᠷᠠᠬᠢ ᠬᠥᠮᠦᠨ ᠬᠡᠷᠡᠭᠯᠡᠬᠦ ᠨᠢᠭᠡᠴᠡ ᠳᠤ ᠤᠷᠢᠨ ᠬᠡᠷᠡᠭᠯᠡᠭᠳᠡᠭᠰᠡᠨ ᠪᠣᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠠᠳᠠᠭᠠᠳᠤ ᠶᠢᠨ ᠬᠥᠮᠦᠨ ᠳᠤᠮᠳᠠᠳᠤ ᠤᠯᠤᠰ ᠲᠤ ᠢᠷᠡᠵᠤ ᠠᠵᠢᠯᠯᠠᠬᠤ ᠵᠥᠪᠰᠢᠶᠡᠷᠡᠯ ᠢ ᠤᠷᠢᠳᠠᠪᠡᠷ ᠭᠦᠢᠴᠡᠳᠬᠡᠵᠦ ᠥᠭᠭᠦᠨ᠎ᠡ᠃ ᠭᠠᠳᠠᠭᠠᠳᠤ ᠶᠢᠨ ᠬᠠᠷᠢᠶ᠎ᠠ ᠲᠠᠢ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ ᠦᠢᠯᠡᠴᠢᠯᠡᠬᠦ ︽ᠪᠥᠬᠦᠨ ᠳᠤ ᠲᠤᠬᠢᠷᠠᠬᠤ ᠺᠠᠷᠲ︾᠎ ᠤᠨ ᠲᠤᠷᠰᠢᠯᠲᠠ ᠶᠢ ᠬᠢᠨ᠎ᠡ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠲᠠᠢ᠂ ᠣᠯᠠᠨ ᠤᠯᠤᠰ ᠤᠨ ᠲᠡᠷᠢᠭᠦᠨ ᠤ ᠪᠤᠶᠤ ᠤᠯᠤᠰ ᠤᠨ ᠳᠣᠲᠣᠭᠠᠳᠤ ᠶᠢᠨ ᠲᠡᠷᠢᠭᠦᠨ ᠳᠡᠰ ᠤᠨ ᠬᠢᠷᠢ ᠬᠡᠮᠵᠢᠶ᠎ᠡ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠭᠠᠷᠭᠠᠭᠰᠠᠨ ᠣᠷᠣᠨ ᠤ ᠲᠤᠲᠤᠷ᠎ᠠ ᠭᠠᠳᠠᠨᠠᠬᠢ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠪᠦᠯᠬᠦᠮ ᠨᠡᠶᠢᠲᠡ ᠮᠠᠨ ᠤ ᠣᠷᠣᠨ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠳᠠ ᠬᠢᠬᠦ ᠶᠢ ᠲᠠᠮᠵᠢᠵᠦ᠂ ᠨᠥᠬᠦᠴᠡᠯ ᠳᠤ ᠨᠡᠶᠢᠴᠡᠭᠰᠡᠨ ᠪᠦᠯᠬᠦᠮ ᠢ ᠲᠦᠷᠦᠯ ᠬᠤᠪᠢᠶᠠᠨ ᠲᠡᠳᠬᠦᠨ ᠲᠤᠰᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠡᠳᠡᠯᠭᠡ ᠶᠢᠨ ᠦᠷᠳᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢᠨ ᠥᠭᠡᠷᠡᠴᠢᠯᠡᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠠᠷᠭᠤᠭᠤᠯᠤᠨ ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠤ ᠳᠣᠲᠣᠷ᠎ᠠ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷᠲᠦ ᠴᠠᠯᠢᠩ᠂ ᠲᠦᠷᠦᠯ ᠵᠦᠢᠯ ᠤᠨ ᠴᠠᠯᠢᠩ ᠵᠡᠷᠭᠡ ᠠᠮᠢᠳᠤᠯᠢᠭ ᠪᠥᠭᠡᠳ ᠤᠯᠠᠨ ᠶᠠᠩᠵᠤ ᠶᠢᠨ ᠬᠤᠪᠢᠶᠠᠷᠢᠯᠠᠬᠤ ᠬᠡᠯᠪᠡᠷᠢ ᠪᠠ ᠠᠷᠭ᠎ᠠ ᠠᠪᠴᠤ ᠪᠣᠯᠤᠨ᠎ᠠ᠃ ᠱᠠᠳᠤ ᠬᠤᠪᠢᠶᠠᠨ ᠬᠠᠮᠢᠶᠠᠷᠬᠤ ᠵᠠᠷᠴᠢᠮ ᠤᠨ ᠶᠣᠰᠣᠭᠠᠷ᠂ ᠠᠶᠢᠮᠠᠭ ᠬᠤᠳᠠ ᠪᠠᠷ ᠨᠢᠭᠡᠴᠢ ᠪᠣᠯᠭᠠᠨ᠂ ᠠᠵᠢᠯ ᠦᠢᠯᠡᠰ ᠤᠨ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠵᠦ ᠲᠣᠬᠢᠷᠠᠭᠤᠯᠬᠤ ᠶᠢᠨ ᠬᠦᠳᠡᠯᠦᠩᠬᠦᠢ ᠪᠠᠷ ᠵᠤᠬᠢᠴᠠᠭᠤᠯᠵᠦ ᠡᠷᠬᠢᠯᠳᠦᠬᠦᠯᠦᠨ ᠬᠡᠷᠡᠭᠯᠡᠬᠦ ᠳᠦᠷᠢᠮ ᠢ ᠪᠠᠶᠢᠭᠤᠯᠤᠨ᠎ᠠ᠃ ᠠᠵᠢᠯ ᠦᠢᠯᠡᠰ ᠤᠨ ᠨᠢᠭᠡᠴᠡ ᠨᠢ ᠳᠡᠭᠡᠳᠦ ᠲᠡᠰ ᠳᠠᠪᠬᠤᠷᠭ᠎ᠠ ᠶᠢᠨ ᠬᠥᠮᠦᠰ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ᠡᠯᠰᠡᠨ ᠬᠡᠷᠡᠭᠯᠡᠬᠦ ᠲᠡᠰ ᠳᠠᠷᠠᠭᠠᠯᠠᠯ ᠢ ᠴᠤᠮᠬᠠᠳᠬᠠᠵᠤ᠂ ᠰᠤᠯᠠ ᠠᠵᠢᠯ ᠤᠨ ᠪᠠᠶᠢᠷᠢ ᠦᠭᠡᠢ ᠨᠢ ᠤᠨᠴᠠ ᠲᠤᠬᠳᠠᠬᠰᠠᠨ ᠠᠵᠢᠯ ᠤᠨ ᠪᠠᠶᠢᠷᠢ ᠪᠠᠶᠢᠷᠢᠯᠠᠭᠤᠯᠬᠤ ᠪᠠᠷ ᠭᠤᠶᠤᠴᠢᠯᠠᠵᠤ ᠪᠣᠯᠬᠤ ᠮᠥᠷᠲᠡᠭᠡᠨ ᠬᠠᠮᠢᠶ᠎ᠠ ᠪᠥᠬᠦᠢ ᠲᠣᠭᠲᠠᠭᠠᠯ ᠶᠣᠰᠣᠭᠠᠷ ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠭᠦᠢᠴᠡᠳᠬᠡᠵᠦ᠂ ᠠᠵᠢᠯ ᠤᠨ ᠪᠠᠶᠢᠷᠢ ᠶᠢᠨ ᠴᠠᠯᠢᠩ ᠬᠥᠯᠥᠰᠥ ᠶᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠨᠤᠲᠤᠭ ᠲᠠᠭᠠᠨ ᠪᠤᠴᠠᠭᠰᠠᠨ ᠠᠳᠠᠯ ᠦᠢᠯᠡᠰ ᠴᠣᠭᠴᠠᠯᠠᠭᠰᠠᠳ ᠲᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠨᠡᠮᠡᠬᠦᠷᠢ᠂ ᠨᠡᠶᠢᠭᠡᠮ ᠤᠨ ᠳᠠᠭᠠᠳᠬᠠᠯ ᠤᠨ ᠨᠡᠮᠡᠬᠦᠷᠢ ᠥᠭᠬᠦ ᠲᠠᠯ᠎ᠠ ᠪᠠᠷ ᠳᠡᠮᠵᠢᠯᠭᠡ ᠦᠵᠡᠭᠦᠯᠵᠦ᠂ ᠨᠤᠲᠤᠭ ᠲᠠᠭᠠᠨ ᠪᠤᠴᠠᠵᠤ ᠬᠥᠳᠡᠭᠡ ᠪᠠᠭᠤᠭᠰᠠᠨ ᠬᠥᠮᠦᠰ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠲᠣᠭᠤᠷᠢᠨ ᠳᠤ᠂ ᠬᠡᠪᠴᠢᠶᠡᠵᠢᠭᠦᠯᠦᠨ ᠲᠡᠷᠢᠵᠦ ᠲᠡᠵᠢᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠦᠢᠯᠡᠴᠢᠯᠡᠭᠡ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ ᠶᠢ ᠵᠣᠷᠢᠬᠵᠢᠭᠤᠯᠤᠨ᠎ᠠ᠃ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠶ ︵ᠬᠠᠳᠤᠯᠠᠩ ᠪᠡᠯᠴᠢᠭᠡᠷ︶᠎ ᠶᠢᠨ ᠡᠵᠡᠩᠨᠡᠯᠲᠡ ᠶᠢᠨ ᠡᠷᠬᠡ ᠵᠢᠴᠢ ᠮᠠᠯᠴᠢᠨ ᠲᠠᠷᠢᠶᠠᠴᠢᠨ ᠤ ᠣᠷᠣᠨ ᠰᠠᠭᠤᠴᠠ ᠡᠳ᠋ ᠬᠥᠷᠥᠩᠭᠡ ᠶᠢᠨ ᠡᠷᠬᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠲᠠ ᠶᠢ ᠰᠦᠪᠡᠭᠴᠢᠯᠡᠨ ᠬᠡᠷᠡᠭᠵᠢᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠮᠥᠩᠭᠦᠨ ᠭᠦᠢᠯᠭᠡᠭᠡᠨ ᠤ ᠠᠯᠪᠠᠨ ᠭᠡᠷ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠵᠢᠷᠭᠤᠭ᠎ᠠ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠦᠨ᠎ᠡ      ︵ᠨᠢᠭᠡ︶ ᠲᠥᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠲᠥᠪ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ ᠶᠢ ᠬᠡᠷᠡᠭᠵᠢᠭᠦᠯᠬᠦ ᠨᠠᠷᠢᠨ ᠳᠦᠷᠢᠮ ᠵᠡᠷᠭᠡ ᠶᠢᠨ ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠡᠷᠬᠡ ᠣᠯᠭᠤᠭᠰᠠᠨ ᠤᠯᠠᠨ ᠨᠡᠶᠢᠲᠡ ᠶᠢᠨ ᠬᠡᠷᠡᠭ ᠡᠷᠬᠢᠯᠡᠬᠦ ᠶᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠨᠢ ᠵᠠᠬ᠎ᠠ ᠳᠡᠯᠭᠡᠭᠦᠷ ᠲᠤ ᠵᠥᠪᠰᠢᠶᠡᠷᠡᠨ ᠤᠷᠤᠭᠤᠯᠬᠤ᠂ ᠠᠵᠤ ᠦᠢᠯᠡᠰ ᠢ ᠬᠥᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠳᠤ ᠬᠤᠯᠪᠤᠬᠳᠠᠬᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠪᠤᠰᠤᠳ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠴᠥᠮ ᠲᠦᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ ᠬᠢᠬᠦ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠬᠰᠠᠨ ᠰᠦᠢᠳᠬᠡᠯ ᠬᠤᠷᠢᠶᠠᠬᠤ ᠲᠥᠷᠥᠯ ᠵᠦᠢᠯ ᠤᠳ ᠢ ᠢᠯᠭᠠᠷᠠᠭᠤᠯᠤᠨ ᠵᠢᠷᠤᠮᠵᠢᠭᠤᠯᠵᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠨ᠂ ᠵᠠᠰᠠᠭ ᠵᠠᠬᠢᠷᠭᠠᠨ ᠤ ᠬᠠᠮᠢᠶᠠᠷᠤᠯᠲᠠ᠂ ᠨᠡᠶᠢᠭᠡᠮ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠠᠷᠡᠯᠵᠢᠶ᠎ᠡ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠬᠦᠷᠢᠶ᠎ᠡ ᠬᠡᠪᠴᠢᠶᠡᠨ ᠳᠤ ᠢᠲᠡᠭᠡᠮᠵᠢ ᠶᠢᠨ ᠲᠡᠩᠰᠠ ᠡᠪᠬᠡᠮᠡᠯ ᠪᠣᠯᠣᠨ ᠢᠲᠡᠭᠡᠮᠵᠢ ᠶᠢᠨ ᠲᠡᠮᠳᠡᠭᠯᠡᠯ ᠢ ᠳᠡᠯᠭᠡᠷᠡᠭᠦᠯᠦᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠤᠯᠢ ᠳᠦᠷᠢᠮ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ︽ᠤᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠳᠠᠩᠰᠠᠯᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠳᠠᠩᠰᠠᠯᠠᠯ ᠤᠨ ᠪᠦᠬᠦ ᠶᠠᠪᠤᠴᠠ ᠶᠢ ᠡᠯᠧᠺᠲᠷᠤᠨᠴᠢᠯᠠᠬᠤ ᠪᠠ ᠡᠯᠧᠺᠲᠷᠤᠨ ᠡᠵᠡᠩᠨᠡᠯᠲᠡ ᠶᠢᠨ ᠦᠨᠡᠮᠯᠡᠯ ᠢ ᠬᠡᠷᠡᠭᠵᠢᠬᠦᠯᠵᠦ᠂ ᠣᠯᠠᠨ ᠢᠶᠠᠷ ᠢᠶᠠᠨ ᠡᠭᠦᠳᠬᠦ ᠣᠷᠣᠨ ᠵᠠᠶ ᠵᠡᠷᠭᠡ ᠰᠢᠨ᠎ᠡ ᠮᠠᠶ᠋ᠢᠭ ᠤᠨ ᠨᠡᠪᠴᠢᠭᠦᠯᠬᠦ ᠪᠠᠶᠢᠭᠤᠯᠤᠮᠵᠢ ᠶᠢᠨ ᠲᠥᠪᠯᠡᠷᠡᠩᠭᠦᠢ ᠠᠵᠢᠯᠯᠠᠬᠤ ᠵᠡᠷᠭᠡ ᠣᠨᠴᠠᠯᠢᠭ ᠲᠤ ᠴᠢᠭᠯᠡᠭᠦᠯᠦᠨ᠂ ᠣᠷᠣᠨ ᠰᠠᠭᠤᠴᠠ ᠳᠠᠩᠰᠠᠯᠠᠬᠤ ᠨᠥᠬᠦᠴᠡᠯ ᠢ ᠠᠭᠤᠵᠢᠭᠤ ᠲᠠᠯᠪᠢᠵᠤ᠂ ᠡᠯ᠎ᠡ ᠭᠠᠵᠠᠷ ᠤᠨ ᠬᠢᠨ ᠪᠤᠳᠠᠲᠠᠢ ᠲᠠᠢ ᠪᠠᠨ ᠤᠶᠠᠯᠳᠤᠭᠤᠯᠤᠨ ︽ᠨᠢᠭᠡ ᠬᠠᠶ᠋ᠢᠭ ᠲᠤ ᠣᠯᠠᠨ ᠦᠨᠡᠮᠯᠡᠯ︾᠂ ︽ᠨᠢᠭᠡ ᠦᠨᠡᠮᠯᠡᠯ ᠳᠤ ᠤᠯᠠᠨ ᠬᠠᠶ᠋ᠢᠭ︾᠎ ᠢᠶᠠᠷ ᠳᠠᠩᠰᠠᠯᠠᠬᠤ ᠶᠢ ᠵᠤᠷᠢᠬᠵᠢᠭᠤᠯᠵᠦ᠂ ︽ᠤᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠪᠠ ︽ᠤᠷᠢᠳᠠᠪᠠᠷ ᠡᠵᠡᠩᠨᠡᠯᠲᠡ ᠶᠢᠨ ᠦᠨᠡᠮᠯᠡᠯ ᠣᠯᠭᠤᠵᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠣᠯᠭᠤᠬᠤ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠷᠡᠶᠢᠳᠦᠯ ᠤᠨ ᠬᠥᠮᠥᠷᠭᠡ ᠶᠢ ᠪᠦᠬᠦ ᠲᠠᠯ᠎ᠠ ᠪᠠᠷ ᠴᠢᠯᠦᠭᠡᠲᠡᠢ ᠬᠡᠷᠡᠭᠯᠡᠬᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠬᠦ ᠶᠢ ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢ ᠬᠠᠶᠢᠨ ᠰᠥᠪᠡᠭᠴᠢᠯᠡᠨ᠂ ᠠᠵᠤ ᠠᠬᠤᠶᠢᠯᠠᠯ ᠤᠨ ᠨᠡᠷᠡᠶᠢᠳᠦᠯ ᠳᠤ ︽ᠳᠠᠪᠬᠤᠷᠳᠠᠭᠰᠠᠨ ᠢ ᠥᠪᠡᠰᠦᠪᠡᠨ ᠪᠠᠶᠢᠴᠠᠭᠠᠵᠤ᠂ ᠪᠡᠶ᠎ᠡ ᠪᠠᠨ ᠳᠠᠭᠠᠭᠠᠵᠤ ᠮᠡᠳᠡᠭᠦᠯᠬᠦ︾ ᠳᠠᠩᠰᠠᠯᠠᠯ ᠤᠨ ᠵᠠᠭᠪᠤᠷ ᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶      ︵ᠭᠤᠷᠪᠠ︶ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠬᠤᠶᠠᠷ ᠢ ᠰᠤᠭᠤᠴᠢᠨ ᠪᠠᠶᠢᠴᠠᠭᠠᠬᠤ ᠪᠠ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠭᠦᠭᠦᠯᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠨᠢᠭᠡ ᠬᠠᠭᠤᠳᠠᠰᠤ ᠬᠤᠶᠠᠷ ᠬᠥᠮᠥᠷᠭᠡ᠂ ᠨᠢᠭᠡ ᠨᠠᠷᠢᠨ ᠳᠦᠷᠢᠮ ︾᠎ ᠢ ᠪᠠᠶᠢᠭᠤᠯᠤᠨ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠰᠤᠭᠤᠴᠢᠨ ᠪᠠᠶᠢᠴᠠᠭᠠᠬᠤ︾ ᠬᠠᠮᠲᠤᠷᠠᠭᠰᠠᠨ ᠪᠠᠶᠢᠴᠠᠭᠠᠯᠲᠠ ᠬᠢᠵᠦ᠂ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠨᠢᠭᠡᠨᠲᠡ ᠨᠡᠶᠢᠲᠡᠯᠡᠭᠰᠡᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠢᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ ᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠪ ᠤᠨ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠠᠭᠤᠷᠢ ᠨᠢ ᠨᠡᠯᠢᠶᠡᠳ ᠰᠠᠶᠢᠨ ᠬᠡᠰᠡᠭ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶ ᠪᠣᠯᠤᠨ ᠨᠡᠭᠡᠭᠡᠯᠲᠡ ᠶᠢᠨ ᠲᠣᠭᠤᠷᠢᠭ ᠲᠤ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠬᠦ ᠠᠵᠢᠯ ᠦᠷᠨᠢᠭᠦᠯᠬᠦ ᠶᠢ ᠵᠣᠷᠢᠬᠵᠢᠭᠤᠯᠤᠨ᠂ ︽ᠨᠢᠭᠡ ᠶᠢ ᠬᠦᠴᠦᠨ ᠦᠭᠡᠢ ᠪᠣᠯᠭᠠᠪᠠᠯ ᠨᠢᠭᠡ ᠶᠢ ᠪᠠᠶᠢᠭᠤᠯᠬᠤ︾ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠶᠢᠨ ᠵᠠᠭᠪᠤᠷ ᠢ ᠪᠠᠶᠢᠭᠤᠯᠬᠤ ᠶᠢ ᠬᠠᠶᠢᠨ ᠰᠥᠪᠡᠭᠴᠢᠯᠡᠨ ᠠᠬᠢᠭᠤᠯᠵᠤ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠎ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠢᠯᠭᠠᠷᠠᠭᠤᠯᠤᠨ ᠪᠠᠭᠠᠰᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠢᠯᠡ ᠪᠣᠯᠭᠠᠵᠤ᠂ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ ︽ᠨᠢᠭᠡ ᠯᠡ ᠨᠣᠮᠧᠷ ᠢᠶᠠᠷ ᠭᠤᠶᠤᠴᠢᠯᠡᠨ᠂ ᠨᠢᠭᠡ ᠯᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠳᠥᠭᠦᠮ ᠳᠥᠲᠡ ᠦᠢᠯᠡᠴᠢᠯᠡᠭᠡ ᠬᠠᠩᠭᠠᠬᠤ ᠶᠢ ᠭᠦᠨᠵᠡᠭᠡᠢ ᠲᠦᠯᠬᠢᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠲᠦᠷᠦᠭᠦᠯᠡᠨ ᠬᠠᠷᠢᠭᠤᠴᠠᠨ᠎ᠠ︶      ︵ᠲᠠᠪᠤ︶ ᠭᠠᠶᠢᠯᠢ ᠲᠠᠲᠠᠪᠤᠷᠢ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠰᠦᠯᠵᠢᠶ᠎ᠠ᠂ ᠰᠢᠯᠵᠢᠮᠡᠯ ᠬᠤᠯᠪᠤᠭ᠎ᠠ᠂ ᠥᠪᠡᠰᠦᠪᠡᠨ ᠦᠢᠯᠡᠴᠢᠯᠡᠬᠦ ᠵᠡᠷᠭᠡ ᠭᠠᠶᠢᠯᠢ ᠬᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ ᠳᠡᠯᠭᠡᠷᠡᠭᠦᠯᠦᠨ᠂ ᠰᠦᠯᠵᠢᠶ᠎ᠠ ᠪᠠᠷ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ ᠢ ᠭᠡᠷᠡᠴᠢᠯᠡᠬᠦ ᠵᠡᠷᠭᠡ ᠰᠦᠯᠵᠢᠶᠡᠨ ᠳᠡᠭᠡᠷᠡᠬᠢ ᠬᠡᠷᠡᠭᠯᠡᠭᠦᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯᠧᠺᠲᠷᠣᠨ ᠲᠠᠪᠴᠠᠩ ᠪᠤᠶᠤ ᠪᠠᠩᠬᠢ ᠭᠠᠶᠢᠯᠢ ᠬᠤᠶᠠᠷ ᠲᠠᠯ᠎ᠠ ᠶᠢᠨ ᠰᠢᠰᠲ᠋ᠧᠮ ᠳᠤ ᠵᠠᠯᠭᠠᠭᠠᠳᠠᠰᠤ ᠬᠠᠷᠢᠯᠴᠠᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢ ᠰᠦᠪᠡᠭᠴᠢᠯᠡᠬᠦ ᠪᠠᠷ ᠳᠠᠮᠵᠢᠭᠤᠯᠤᠨ᠂ ᠪᠠᠩᠬᠢ ᠭᠠᠶᠢᠯᠢ ᠶᠢᠨ ᠮᠡᠳᠡᠭᠡ ᠵᠠᠩᠭᠢ ᠶᠢ ᠬᠠᠷᠢᠯᠴᠠᠨ ᠦᠢᠯᠡᠳᠦᠯᠴᠡᠭᠦᠯᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠨᠥᠬᠦᠪᠥᠷᠢ ᠥᠭᠬᠦ᠂ ᠲᠦᠭᠰᠢᠭᠦᠷᠢ ᠶᠢᠨ ᠲᠦᠯᠦᠪᠦᠷᠢ ᠥᠭᠬᠦ᠂ ᠦᠢᠯᠡᠰ ᠴᠣᠭᠴᠠᠯᠠᠬᠤ ᠳᠤ ᠪᠡᠯᠡ ᠣᠷᠣᠭᠤᠯᠤᠯᠲᠠ ᠬᠢᠬᠦ ᠶᠢ ᠬᠥᠲᠥᠯᠥᠨ ᠵᠢᠯᠣᠭᠤᠳᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠰᠠᠭᠤᠷᠢ ᠰᠤᠳᠤᠯᠭᠠᠨ᠂ ᠪᠡᠶ᠎ᠡ ᠪᠠᠨ ᠳᠠᠭᠠᠭᠠᠭᠰᠠᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠠᠪᠴᠠᠩ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠠᠴᠠ ᠪᠡᠯᠡ ᠮᠥᠩᠬᠦ ᠶᠢᠨ ᠳᠡᠮᠵᠢᠯᠭᠡ ᠦᠵᠡᠭᠦᠯᠬᠦ ᠶᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠡ᠂ ᠳᠡᠭᠡᠳᠦ ᠰᠤᠷᠭᠠᠭᠤᠯᠢ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠡᠵᠡᠮᠰᠢᠬᠦ ᠡᠷᠬᠡ ᠪᠠ ᠡᠬᠢ ᠪᠠᠶᠠᠯᠢᠭ ᠢ ᠰᠢᠯᠵᠢᠭᠦᠯᠦᠨ ᠬᠡᠷᠡᠭᠯᠡᠬᠦ ᠡᠷᠬᠡ ᠶᠢ ᠨᠡᠩ ᠢᠯᠡᠬᠦᠤ ᠣᠯᠭᠤᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠳᠤ ᠦᠵᠡᠬᠦᠯᠬᠦ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠬᠤ ᠪᠠ ᠤᠷᠮᠠᠰᠢᠭᠤᠯᠤᠨ ᠵᠣᠷᠢᠬᠵᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠤᠯᠤᠭ᠎ᠠ︶ ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠲᠡᠰ ᠤᠨ ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾᠎ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾᠎ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠠᠮᠵᠢᠬᠦ ᠪᠠ ᠬᠦᠳᠦᠯᠦᠨ ᠵᠢᠯᠣᠭᠤᠳᠴᠦ᠂ ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾᠎ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠤᠭᠤᠷᠣᠨᠳᠣ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠣᠷᠢᠬᠵᠢᠭᠤᠯᠤᠨ᠂ ᠰᠢᠨ᠎ᠡ ᠶᠢ ᠡᠬᠦᠳᠬᠦ ᠪᠠ ᠠᠳᠠᠯ ᠦᠢᠯᠡᠰ ᠴᠣᠭᠴᠠᠯᠠᠬᠤ ᠶᠢ ᠲᠤᠯᠭᠠᠭᠤᠷᠢᠯᠠᠬᠤ ᠲᠠᠪᠴᠠᠩ ᠢ ᠬᠠᠮᠲᠤ ᠪᠠᠷ ᠪᠠᠶᠢᠭᠤᠯᠤᠨ᠎ᠠ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ ᠨᠢᠭᠡ ᠪᠦᠯᠦᠭ ᠠᠳᠠᠯ ᠦᠢᠯᠡᠰ ᠴᠣᠭᠴᠠᠯᠠᠬᠤ ᠬᠤᠰᠢᠭᠤᠴᠢ᠂ ᠠᠳᠠᠯ ᠦᠢᠯᠡᠰ ᠴᠣᠭᠴᠠᠯᠠᠬᠤ ᠬᠠᠶᠢᠭᠤᠯᠴᠢ ᠵᠡᠷᠭᠡ ᠠᠵᠢᠯ ᠳᠦᠷᠦᠯ ᠤᠨ ᠲᠠᠭᠠᠭᠤᠯᠤᠬᠴᠢ ᠲᠥᠯᠥᠭᠡᠯᠡᠭᠴᠢ ᠬᠥᠮᠦᠰ ᠪᠠ ᠬᠡᠷᠡᠭ ᠤᠨ ᠵᠢᠱᠢᠶ᠎ᠡ ᠶᠢ ᠰᠢᠯᠭᠠᠷᠠᠭᠤᠯᠤᠨ ᠰᠤᠩᠭᠤᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠠᠮᠵᠢᠯᠲᠠ ᠣᠯᠣᠭᠰᠠᠨ ᠲᠤᠷᠰᠢᠯᠭ᠎ᠠ ᠶᠢ ᠤᠬᠠᠭᠠᠭᠤᠯᠤᠨ ᠳᠡᠯᠭᠡᠷᠡᠭᠦᠯᠵᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠦᠯᠢᠭᠡᠷ ᠳᠠᠭᠤᠷᠢᠶᠠᠯ ᠪᠣᠯᠤᠭᠰᠠᠳ ᠤᠨ ᠤᠷᠮᠠᠰᠢᠭᠤᠯᠤᠨ ᠵᠣᠷᠢᠬᠵᠢᠭᠤᠯᠬᠤ᠂ ᠬᠥᠲᠥᠯᠥᠨ ᠵᠢᠯᠣᠭᠤᠳᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠲᠤᠰ ᠰᠠᠨᠠᠯ ᠤᠨ ᠱᠠᠭᠠᠷᠳᠠᠯᠭ᠎ᠠ ᠶᠣᠰᠣᠭᠠᠷ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠢᠯ ᠤᠨ ᠬᠤᠪᠢᠶᠠᠷᠢᠯᠠᠯ ᠢ ᠲᠤᠲᠤᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠦᠨᠵᠡᠭᠡᠶ ᠬᠥᠭᠵᠢᠯᠲᠡ ᠶᠢ ᠢᠳᠡᠪᠬᠢᠲᠡᠶ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map