ᠰᠤᠷᠭᠠᠨ ᠬᠥᠮᠥᠵᠢᠯ ᠤᠨ ᠶᠠᠮᠤᠨ ᠤ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠠᠰᠫᠢᠷᠠᠨᠲ ᠤᠨ ᠰᠤᠷᠭᠠᠨ ᠬᠥᠮᠥᠵᠢᠯ ᠤᠨ ᠵᠤᠷᠭᠠᠨ ᠤ ᠬᠠᠷᠢᠭᠤᠴᠠᠯᠭᠠᠲᠠᠨ ︽ᠳᠡᠭᠡᠳᠦ ᠵᠡᠷᠭᠡ ᠶᠢᠨ ᠰᠤᠷᠭᠠᠭᠤᠯᠢ ᠶᠢᠨ ︿ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ﹀ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠵᠢᠯᠣᠭᠤᠳᠬᠤ ᠰᠠᠨᠠᠯ︾᠎ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/8/27
     ᠣᠶᠢᠷ᠎ᠠ ᠳᠤ᠂ ᠰᠤᠷᠭᠠᠨ ᠬᠥᠮᠥᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠠᠯᠠᠨ ︽ᠳᠡᠭᠡᠳᠦ ᠵᠡᠷᠭᠡ ᠶᠢᠨ ᠰᠤᠷᠭᠠᠭᠤᠯᠢ ᠶᠢᠨ ︿ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ﹀ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠤ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠠᠰᠫᠢᠷᠠᠨᠲ ᠤᠨ ᠰᠤᠷᠭᠠᠨ ᠬᠥᠮᠥᠵᠢᠯ ᠤᠨ ᠵᠤᠷᠭᠠᠨ ᠤ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      1. ︽ᠵᠢᠯᠣᠭᠤᠳᠬᠤ ᠰᠠᠨᠠᠯ︾᠎ ᠢ ᠲᠣᠭᠲᠠᠭᠠᠨ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖      ᠬᠠᠷᠢᠭᠤᠯᠲᠠ᠄ ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠬᠢᠴᠢᠶᠡᠯ ᠲᠥᠷᠥᠯ ᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ᠃ 2016 ᠣᠨ ᠠᠴᠠ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠰᠢᠨ᠎ᠡ ᠨᠢᠭᠡ ᠡᠭᠡᠯᠵᠢ ᠶᠢᠨ ᠪᠠᠶᠢᠭᠤᠯᠤᠯᠲᠠ ᠶᠢ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠪᠣᠳᠠᠲᠠᠢ ᠶᠢ ᠡᠷᠬᠢᠮᠯᠡᠨ ᠪᠦᠬᠦ ᠲᠠᠯ᠎ᠠ ᠪᠠᠷ ᠢᠳᠡᠪᠬᠢᠲᠡᠢ ᠠᠬᠢᠭᠤᠯᠤᠭᠰᠠᠨ ᠠᠴᠠ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠪᠠᠶᠢᠳᠠᠯ ᠲᠥᠯᠥᠪ ᠢᠯᠡᠷᠡᠵᠦ᠂ ᠲᠦᠷᠭᠡᠳᠬᠡᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃ ᠭᠡᠲᠡᠯ᠎ᠡ ᠪᠠᠶᠢᠴᠠᠭᠠᠨ ᠰᠤᠳᠤᠯᠤᠯᠲᠠ ᠶᠢᠨ ᠳᠤᠮᠳᠠ᠂ ᠡᠬᠢᠯᠡᠯᠲᠡ ᠶᠢᠨ ᠱᠠᠲᠤ ᠦᠶ᠎ᠡ ᠳᠤ᠂ ᠲᠠᠨᠢᠯᠲᠠ ᠨᠢ ᠭᠦᠨᠵᠡᠭᠡᠢ ᠪᠤᠰᠤ᠂ ᠰᠡᠳᠬᠢᠬᠦᠢ ᠨᠢ ᠲᠣᠳᠣ ᠪᠤᠰᠤ᠂ ᠲᠣᠭᠲᠠᠴᠠ ᠨᠢ ᠲᠣᠳᠣᠷᠬᠠᠢ ᠪᠤᠰᠤ᠂ ᠠᠷᠭ᠎ᠠ ᠬᠡᠮᠵᠢᠶ᠎ᠡ ᠨᠢ ᠪᠦᠲᠦᠮᠵᠢ ᠪᠠᠷ ᠳᠣᠣᠷ᠎ᠠ ᠵᠡᠷᠭᠡ ᠪᠠᠶᠢᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠣᠨᠴᠠ ᠵᠠᠷᠢᠮ ᠶᠡᠭᠡ ᠳᠡᠭᠡᠳᠦ ᠰᠤᠷᠭᠠᠭᠤᠯᠢ ᠨᠢ ᠪᠦᠲᠦᠭᠡᠨ ᠪᠠᠶᠢᠭᠤᠯᠤᠯᠲᠠ ᠶᠢᠨ ᠴᠢᠭᠯᠡᠯ᠂ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠵᠡᠷᠭᠡ ᠵᠠᠷᠢᠮ ᠵᠠᠩᠭᠢᠯᠠᠭ᠎ᠠ ᠶᠢᠨ ᠠᠰᠠᠭᠤᠳᠠᠯ ᠤᠨ ᠲᠠᠯ᠎ᠠ ᠪᠠᠷ ᠣᠨᠣᠪᠴᠢᠲᠠᠢ ᠡᠵᠡᠮᠳᠡᠵᠦ ᠳᠡᠶᠢᠯᠬᠦ ᠦᠭᠡᠢ ᠪᠠᠶᠢᠵᠤ᠂ ᠬᠥᠲᠥᠯᠥᠨ ᠵᠢᠯᠣᠭᠤᠳᠬᠤ ᠶᠢ ᠪᠠᠴᠢᠮ ᠱᠠᠭᠠᠷᠳᠠᠵᠤ ᠪᠠᠶᠢᠬᠤ ᠶᠢ ᠰᠡᠷᠡᠵᠦ ᠮᠡᠳᠡᠵᠡᠢ᠃      ᠨᠢᠳᠤᠨᠤᠨ ᠤ 10 ᠳ᠋ᠤᠭᠠᠷ ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠬᠢᠴᠢᠶᠡᠯ ᠲᠥᠷᠥᠯ ᠤᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︾ ᠭᠡᠵᠦ ᠲᠣᠳᠣᠷᠬᠠᠢ ᠳᠤᠷᠠᠳᠴᠤ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠳᠤ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ 2᠎ ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠨᠡᠶᠢᠲᠡᠯᠡᠨ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠶᠢ ᠪᠠᠶᠢᠭᠤᠯᠬᠤ ᠳᠤ ᠦᠵᠡᠯ ᠰᠠᠨᠠᠭᠠᠨ ᠤ ᠵᠢᠯᠣᠭᠤᠳᠤᠮᠵᠢ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠥᠵᠢᠯ ᠤᠨ ︽ᠡᠷᠡᠯᠬᠡᠭᠯᠡᠨ ᠤᠷᠤᠭᠰᠢᠯᠠᠬᠤ ᠬᠠᠭᠤᠳᠠᠰᠤ︾᠎ ᠶᠢ ᠰᠠᠶᠢᠲᠤᠷ ᠪᠢᠴᠢᠭᠯᠡᠨ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ ᠰᠤᠷᠭᠠᠨ ᠬᠥᠮᠥᠵᠢᠯ ᠤᠨ ᠶᠠᠮᠤᠨ ᠠᠴᠠ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠵᠢᠯᠣᠭᠤᠳᠬᠤ ᠰᠠᠨᠠᠯ︾᠎ ᠢ ᠰᠤᠳᠤᠯᠤᠨ ᠲᠣᠭᠲᠠᠭᠠᠵᠠᠢ᠃      ︽ᠵᠢᠯᠣᠭᠤᠳᠬᠤ ᠰᠠᠨᠠᠯ︾ ᠪᠣᠯ ᠣᠳᠣᠬᠠᠨ ᠤ ᠶᠡᠭᠡ ᠳᠡᠭᠡᠳᠦ ᠰᠤᠷᠭᠠᠭᠤᠯᠢ ᠶᠢᠨ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ ᠪᠠ ᠬᠡᠷᠡᠭᠵᠢᠭᠦᠯᠬᠦ ᠠᠷᠭ᠎ᠠ ᠶᠢ ᠨᠠᠶᠢᠳᠠᠪᠤᠷᠢᠵᠢᠭᠤᠯᠬᠤ ᠶᠢᠨ ᠪᠣᠳᠠᠲᠠᠢ ᠵᠢᠯᠣᠭᠤᠳᠤᠯᠭ᠎ᠠ ᠪᠠᠶᠢᠵᠤ᠂ ᠶᠡᠭᠡ ᠳᠡᠭᠡᠳᠦ ᠰᠤᠷᠭᠠᠭᠤᠯᠢ ᠶᠢ ᠪᠠᠶᠢᠭᠤᠯᠬᠤ ᠬᠠᠷᠢᠭᠤᠴᠠᠯᠭᠠᠲᠤ ᠭᠤᠣᠯ ᠴᠣᠭᠴᠠ᠂ ᠪᠠᠶᠢᠭᠤᠯᠬᠤ ᠭᠤᠣᠯ ᠴᠣᠭᠴᠠ᠂ ᠠᠰᠢᠭ ᠬᠦᠷᠲᠡᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠲᠠᠨᠢᠯᠲᠠ ᠶᠢ ᠨᠢ ᠳᠡᠭᠡᠭᠰᠢᠯᠡᠭᠦᠯᠦᠨ᠂ ᠣᠨᠣᠯᠵᠢᠬᠤᠨ ᠢ ᠨᠢ ᠬᠤᠪᠢᠷᠠᠭᠤᠯᠵᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠂ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ ᠴᠢᠳᠠᠨ᠎ᠠ᠃     2. ︽ᠵᠢᠯᠣᠭᠤᠳᠬᠤ ᠰᠠᠨᠠᠯ︾᠎ ᠤᠨ ᠭᠤᠣᠯ ᠵᠣᠷᠢᠭ ᠰᠠᠨᠠᠭ᠎ᠠ ᠪᠠ ᠶᠡᠷᠦᠩᠬᠡᠢ ᠪᠣᠳᠣᠯᠬᠢᠯᠠᠯ ᠨᠢ ᠶᠠᠭᠤ ᠪᠣᠢ︖      ᠬᠠᠷᠢᠭᠤᠯᠲᠠ᠄ ︽ᠵᠢᠯᠣᠭᠤᠳᠬᠤ ᠰᠠᠨᠠᠯ︾᠎ ᠤᠨ ᠭᠤᠣᠯ ᠵᠣᠷᠢᠭ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠶᠡᠭᠡ ᠰᠤᠷᠭᠠᠭᠤᠯᠢ ᠳᠤ ᠠᠵᠢᠯ ᠤᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠯᠳᠤᠭᠤᠯᠤᠨ ᠠᠬᠢᠭᠤᠯᠬᠤ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ᠨᠠᠮ ᠤᠨ ᠰᠤᠷᠭᠠᠨ ᠬᠥᠮᠥᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠳᠡᠯᠡᠬᠡᠢ ᠶᠢᠨ ᠲᠡᠷᠢᠭᠦᠨ ᠪᠠᠶᠢᠷᠢ ᠪᠠᠷ ᠭᠤᠣᠯ ᠪᠣᠯᠭᠠᠨ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠪᠠᠷ ᠭᠤᠣᠯ ᠱᠤᠭᠤᠮ ᠪᠣᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠡᠷᠬᠢᠯᠡᠬᠦ ᠤᠯᠤᠰ ᠲᠥᠷᠥ ᠶᠢᠨ ᠵᠥᠪ ᠴᠢᠭᠯᠡᠯ ᠢ ᠪᠠᠷᠢᠮᠲᠠᠯᠠᠬᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ ᠪᠠ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠬᠦ ᠭᠡᠬᠦ ᠭᠤᠷᠪᠠᠨ ᠵᠦᠢᠯ ᠤᠨ ᠰᠠᠭᠤᠷᠢ ᠴᠢᠨᠠᠷᠲᠠᠢ ᠠᠵᠢᠯ ᠢ ᠴᠢᠩᠭ᠎ᠠ ᠠᠳᠬᠤᠵᠤ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠡᠯ᠎ᠡ ᠵᠦᠢᠯ ᠤᠨ ᠢᠳᠡᠪᠬᠢᠲᠡᠢ ᠬᠦᠴᠦᠨ ᠵᠦᠢᠯ ᠢ ᠳᠠᠶᠢᠴᠢᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠬᠥᠭᠵᠢᠯᠲᠡ ᠶᠢ ᠲᠦᠷᠭᠡᠳᠬᠡᠵᠦ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃      ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠡᠷᠬᠡᠪᠰᠢ ᠳᠥᠷᠪᠡᠨ ᠵᠦᠢᠯ ᠤᠨ ᠵᠠᠷᠴᠢᠮ ᠢ ᠪᠠᠷᠢᠮᠲᠠᠯᠠᠬᠤ ᠬᠡᠷᠡᠭᠲᠡᠢ᠃ ᠲᠤᠬᠠᠶᠢᠯᠠᠪᠠᠯ ᠥᠪᠡᠷᠮᠢᠴᠡ ᠣᠨᠴᠠᠯᠢᠭ ᠨᠢ ᠲᠡᠷᠢᠭᠦᠨ ᠤ ᠪᠠᠶᠢᠬᠤ ᠶᠢ ᠪᠠᠷᠢᠮᠲᠠᠯᠠᠬᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠪᠠᠷᠢᠮᠲᠠᠯᠠᠬᠤ᠂ ᠥᠭᠡᠷᠡᠴᠢᠯᠡᠯᠲᠡ ᠶᠢᠨ ᠬᠥᠳᠡᠯᠭᠡᠭᠦᠷ ᠢ ᠪᠠᠷᠢᠮᠲᠠᠯᠠᠬᠤ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠴᠣᠭᠴᠠ ᠶᠢ ᠪᠠᠷᠢᠮᠲᠠᠯᠠᠨ᠎ᠠ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ ᠂ ᠬᠥᠮᠥᠨ ᠢ ᠬᠥᠮᠥᠵᠢᠭᠦᠯᠬᠦ ᠪᠠᠷ ᠦᠨᠳᠦᠰᠦ ᠪᠣᠯᠭᠠᠵᠤ᠂ ᠶᠣᠰᠣ ᠰᠤᠷᠲᠠᠬᠤᠨ ᠤ ᠬᠥᠮᠥᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠶᠣᠰᠣ ᠮᠤᠷᠠᠯ ᠣᠶᠣᠨ ᠮᠡᠳᠡᠯᠭᠡ ᠪᠡᠶ᠎ᠡ ᠲᠠᠮᠢᠷ ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠶᠡᠭᠡ ᠳᠡᠭᠡᠳᠦ ᠰᠤᠷᠭᠠᠭᠤᠯᠢ ᠨᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠶᠡᠭᠡ ᠰᠤᠷᠭᠠᠭᠤᠯᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠪᠠᠷᠠᠬᠤ ᠦᠭᠡᠢ᠂ ᠠᠭᠤᠯᠤᠭᠳᠠᠬᠤᠨ ᠤ ᠪᠠᠶᠢᠭᠤᠯᠤᠯᠲᠠ ᠪᠠᠨ ᠴᠢᠩᠭᠠᠷᠠᠭᠤᠯᠤᠨ ᠲᠡᠷᠢᠭᠦᠨ ᠤ ᠬᠢᠴᠢᠶᠡᠯ ᠬᠥᠮᠥᠵᠢᠯ ᠤᠨ ᠥᠨᠳᠥᠷ ᠪᠠᠷᠢᠮᠵᠢᠶ᠎ᠠ ᠶᠢ ᠴᠣᠭᠴᠠᠯᠠᠵᠤ᠂ ᠬᠠᠮᠵᠢᠯᠴᠠᠭ᠎ᠠ ᠬᠢᠭᠡᠳ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠲᠦᠷᠭᠡᠳᠬᠡᠨ ᠠᠬᠢᠭᠤᠯᠵᠤ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ ᠬᠠᠮᠢᠶᠠᠷᠬᠤ ᠳᠦᠷᠢᠮ ᠤᠨ ᠰᠢᠰᠲ᠋ᠧᠮᠵᠢ ᠪᠠ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠬᠡᠪᠴᠢᠶᠡᠨ ᠳᠤ ᠨᠢᠭᠡᠳᠦᠯᠲᠡᠢ ᠲᠥᠯᠥᠪᠯᠡᠬᠦ ᠪᠠᠨ ᠴᠢᠩᠭᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠪᠡᠯᠡ ᠮᠥᠩᠭᠦ ᠣᠷᠣᠭᠤᠯᠬᠤ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠪᠦᠲᠦᠭᠡᠨ ᠪᠠᠶᠢᠭᠤᠯᠬᠤ ᠶᠠᠪᠤᠴᠠ ᠳᠤ ᠵᠢᠯᠣᠭᠤᠳᠤᠨ ᠰᠢᠮᠳᠠᠭᠤᠯᠬᠤ ᠪᠠᠨ ᠴᠢᠩᠭᠠᠳᠬᠠᠵᠤ᠂ ᠦᠨᠡᠯᠡᠬᠦ ᠪᠠ ᠪᠦᠲᠦᠭᠡᠨ ᠪᠠᠶᠢᠭᠤᠯᠬᠤ ᠶᠢ ᠵᠣᠬᠢᠴᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠣᠯᠠᠨ ᠲᠠᠯ᠎ᠠ ᠪᠠᠷ ᠣᠷᠣᠭᠤᠯᠬᠤ᠂ ᠬᠦᠴᠦ ᠬᠠᠮᠲᠤᠷᠠᠨ ᠳᠡᠮᠵᠢᠬᠦ᠂ ᠬᠠᠮᠵᠢᠯᠴᠠᠨ ᠠᠬᠢᠭᠤᠯᠬᠤ ᠪᠦᠲᠦᠭᠡᠨ ᠪᠠᠶᠢᠭᠤᠯᠬᠤ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠬᠡᠷᠡᠭᠲᠡᠢ᠃      3. ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠨᠢ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠬᠡᠷᠬᠢᠨ ᠵᠠᠮᠨᠠᠬᠤ ᠪᠣᠢ︖      ᠬᠠᠷᠢᠭᠤᠯᠲᠠ᠄ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠨᠢ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢᠨ ᠭᠤᠣᠯᠳᠠᠯᠭ᠎ᠠ ᠨᠢ ᠳᠤᠮᠳᠠᠳᠤ ᠤᠯᠤᠰ ᠤᠨ ᠣᠨᠴᠠᠯᠢᠭ ᠲᠠᠢ ᠳᠡᠯᠡᠬᠡᠢ ᠶᠢᠨ ᠲᠡᠷᠢᠭᠦᠨ ᠪᠠᠶᠢᠷᠢ ᠶᠢ ᠪᠠᠷᠢᠮᠲᠠᠯᠠᠨ᠂ ᠭᠤᠣᠯ ᠱᠤᠭᠤᠮ ᠨᠢ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠨᠳᠦᠰᠦᠨ ᠡᠭᠦᠷᠭᠡ ᠨᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠠᠪᠤᠳᠠᠯ ᠪᠣᠯᠣᠨ᠎ᠠ᠃ ᠨᠢᠭᠡ ᠳᠤ᠂ ᠳᠤᠮᠳᠠᠳᠤ ᠤᠯᠤᠰ ᠤᠨ ᠣᠨᠴᠠᠯᠢᠭ ᠎ ᠲᠠᠢ ᠳᠡᠯᠡᠬᠡᠢ ᠶᠢᠨ ᠲᠡᠷᠢᠭᠦᠨ ᠪᠠᠶᠢᠷᠢ ᠶᠢ ᠪᠠᠷᠢᠮᠲᠠᠯᠠᠨ᠎ᠠ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠯᠲᠡ ᠮᠠᠨᠳᠤᠯᠲᠠ ᠶᠢᠨ ᠠᠭᠤᠤ ᠶᠡᠭᠡ ᠠᠬᠢᠴᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠳᠥᠷᠪᠡ ᠳᠤ ᠦᠢᠯᠡᠴᠢᠯᠡᠬᠦ︾᠎ ᠶᠢ ᠦᠢᠯᠡᠳᠦᠯᠭᠡᠵᠢᠭᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠤᠯᠤᠰ ᠤᠨ ᠬᠡᠪ ᠨᠠᠮᠪᠠᠭ᠎ᠠ ᠲᠠᠢ᠂ ᠳᠤᠮᠳᠠᠳᠤ ᠤᠯᠤᠰ ᠤᠨ ᠰᠦᠷ ᠬᠦᠴᠦᠨ ᠲᠠᠢ ᠲᠡᠷᠢᠭᠦᠨ ᠤ ᠬᠢᠴᠢᠶᠡᠯ ᠬᠥᠮᠥᠵᠢᠯ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠤᠨ ᠤᠬᠠᠭᠠᠨ ᠤ ᠬᠢᠴᠢᠶᠡᠯ ᠬᠥᠮᠥᠵᠢᠯ ᠤᠨ ᠰᠢᠰᠲ᠋ᠧᠮᠵᠢ᠂ ᠡᠷᠳᠡᠮ ᠰᠢᠨᠵᠢᠯᠡᠭᠡᠨ ᠤ ᠰᠢᠰᠲ᠋ᠧᠮᠵᠢ᠂ ᠦᠭᠡ ᠬᠡᠯᠡᠨ ᠤ ᠰᠢᠰᠲ᠋ᠧᠮᠵᠢ᠂ ᠵᠢᠭᠠᠬᠤ ᠮᠠᠲ᠋ᠧᠷᠢᠶᠠᠯ ᠤᠨ ᠰᠢᠰᠲ᠋ᠧᠮᠵᠢ ᠶᠢ ᠪᠠᠶᠢᠭᠤᠯᠤᠨ᠎ᠠ᠃ ᠭᠠᠳᠠᠭᠰᠢ ᠨᠡᠭᠡᠭᠡᠯᠲᠡ ᠬᠢᠬᠦ ᠠᠯᠬᠤᠴᠠ ᠪᠠᠨ ᠪᠠᠲᠤᠳᠬᠠᠨ᠂ ᠳᠡᠯᠡᠬᠡᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠷᠢᠴᠠᠭᠤᠯᠵᠤ ᠪᠣᠯᠬᠤᠶᠢᠴᠠ ᠬᠦᠷᠢᠶ᠎ᠡ ᠴᠠᠷᠠᠭᠠᠨ ᠳᠠᠬᠢ ᠢᠯᠡᠷᠡᠭᠦᠯᠬᠦ ᠬᠡᠮᠵᠢᠶ᠎ᠡ ᠪᠦᠬᠦᠢ ᠭᠦᠢᠴᠡᠳᠬᠡᠯ ᠲᠣᠭᠠᠨ ᠤ ᠲᠠᠯ᠎ᠠ ᠪᠠᠷ ᠳᠡᠯᠡᠬᠡᠢ ᠶᠢᠨ ᠲᠡᠷᠢᠭᠦᠨ ᠤ ᠡᠩᠨᠡᠭᠡᠨ ᠳᠤ ᠣᠷᠣᠵᠤ᠂ ᠰᠤᠷᠭᠠᠭᠤᠯᠢ ᠡᠷᠬᠢᠯᠡᠬᠦ ᠣᠨᠣᠯᠵᠢᠬᠤᠨ ᠪᠠ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠪᠦᠬᠦ ᠳᠡᠯᠡᠬᠡᠢ ᠶᠢ ᠬᠥᠲᠥᠯᠥᠨ ᠵᠢᠯᠣᠭᠤᠳᠬᠤ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ᠂ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ᠂ ᠬᠢᠴᠢᠶᠡᠯ ᠬᠥᠮᠥᠵᠢᠯ ᠤᠨ ᠪᠠᠶᠢᠷᠢᠰᠢᠭᠤᠯᠤᠯᠲᠠ ᠪᠠ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠮᠥᠨ ᠢ ᠬᠥᠮᠥᠵᠢᠭᠦᠯᠬᠦ ᠪᠠᠷ ᠦᠨᠳᠦᠰᠦ ᠪᠣᠯᠭᠠᠵᠤ᠂ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠶᠢ ᠲᠣᠪᠣᠶᠢᠯᠭᠠᠨ᠎ᠠ᠃ ᠭᠤᠷᠪᠠ ᠳᠤ᠂ ᠬᠡᠷᠡᠭᠴᠡᠭᠡ ᠱᠠᠭᠠᠷᠳᠠᠯᠭ᠎ᠠ ᠶᠢ ᠵᠣᠯᠭᠠᠯᠳᠤᠭᠤᠯᠤᠨ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠬᠡᠷᠡᠭᠴᠡᠭᠡ ᠱᠠᠭᠠᠷᠳᠠᠯᠭ᠎ᠠ ᠦᠭᠡᠢ ᠪᠣᠯ᠂ ᠬᠥᠭᠵᠢᠯᠲᠡ ᠳᠠᠷᠤᠢ ᠴᠢᠭᠯᠡᠯ ᠦᠭᠡᠢ᠂ ᠥᠭᠡᠷᠡᠴᠢᠯᠡᠯᠲᠡ ᠳᠠᠷᠤᠢ ᠬᠠᠷᠠᠯᠲᠠ ᠦᠭᠡᠢ᠂ ᠦᠨᠡᠯᠡᠯᠲᠡ ᠳᠠᠷᠤᠢ ᠪᠠᠷᠢᠮᠵᠢᠶ᠎ᠠ ᠦᠭᠡᠢ ᠭᠡᠳᠡᠭ ᠢ ᠲᠠᠨᠢᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠢᠴᠢ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭᠠᠨ ᠤ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠳᠤᠯᠤᠨ ᠵᠠᠳᠠᠯᠵᠤ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠳᠤ ᠭᠠᠷᠳᠠᠯ ᠴᠡᠭ ᠢ ᠣᠨᠣᠪᠴᠢᠲᠠᠢ ᠡᠷᠢᠵᠦ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠳᠤ ᠬᠠᠨᠳᠤᠭᠤᠯᠤᠭᠰᠠᠨ ᠡᠬᠢ ᠪᠠᠶᠠᠯᠢᠭ ᠢ ᠨᠢᠭᠡᠳᠬᠡᠨ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠶᠠᠪᠤᠴᠠ ᠳᠤ ᠳᠠᠪᠠᠭᠤᠯᠢᠭ ᠢ ᠪᠦᠷᠢᠯᠳᠦᠭᠦᠯᠦᠨ᠂ ᠥᠪᠡᠷᠮᠢᠴᠡ ᠣᠨᠴᠠᠯᠢᠭ ᠲᠠᠢ ᠪᠠᠷ ᠡᠷᠬᠢᠯᠡᠨ᠎ᠡ᠃ ᠳᠥᠷᠪᠡ ᠳᠤ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠭᠤᠣᠯᠳᠠᠯᠭ᠎ᠠ ᠲᠠᠢ ᠥᠭᠡᠷᠡᠴᠢᠯᠡᠯᠲᠡ ᠲᠡᠶᠢᠰᠢ ᠬᠦᠴᠦᠯᠡᠵᠦ᠂ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠳᠤ ᠪᠠᠨ ᠰᠤᠷᠭᠠᠭᠤᠯᠢ ᠡᠷᠬᠢᠯᠡᠬᠦ ᠵᠠᠭᠪᠤᠷ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠡᠷᠬᠢᠯᠡᠬᠦ ᠡᠯ᠎ᠡ ᠵᠦᠢᠯ ᠤᠨ ᠴᠢᠬᠤᠯᠠ ᠬᠦᠴᠦᠨ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠬᠠᠶᠢᠨ ᠰᠦᠪᠡᠭᠴᠢᠯᠡᠵᠦ᠂ ᠡᠯ᠎ᠡ ᠲᠥᠷᠥᠯ ᠤᠨ ᠴᠢᠳᠠᠪᠤᠷᠢᠲᠠᠨ ᠤ ᠢᠳᠡᠪᠬᠢᠵᠢᠯ ᠪᠦᠲᠦᠭᠡᠯᠴᠢ ᠴᠢᠨᠠᠷ ᠪᠠ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃      4. ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ ᠬᠡᠷᠬᠢᠨ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠠᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠪᠣᠢ︖      ᠬᠠᠷᠢᠭᠤᠯᠲᠠ᠄ ᠶᠡᠷᠦ ᠶᠢᠨ ᠮᠡᠳᠡᠯᠭᠡ ᠳᠤ ᠪᠤᠴᠠᠬᠤ᠂ ᠡᠭᠦᠷᠭᠡ ᠬᠠᠷᠢᠭᠤᠴᠠᠯᠭ᠎ᠠ ᠳᠤ ᠪᠠᠨ ᠪᠤᠴᠠᠬᠤ᠂ ᠠᠩᠬᠠᠨ ᠤ ᠵᠣᠷᠢᠯᠲᠠ ᠳᠤ ᠪᠠᠨ ᠪᠤᠴᠠᠬᠤ ᠪᠠ ᠬᠦᠰᠡᠯ ᠮᠥᠷᠥᠭᠡᠳᠦᠯ ᠳᠤ ᠪᠠᠨ ᠪᠤᠴᠠᠵᠤ᠂ ᠣᠯᠠᠨ ᠳᠡᠰ ᠳᠠᠪᠬᠤᠷᠭ᠎ᠠ ᠶᠢᠨ ᠣᠯᠠᠨ ᠲᠥᠷᠥᠯ ᠬᠡᠯᠪᠡᠷᠢ ᠶᠢᠨ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠦᠨ᠂ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠵᠣᠭᠰᠣᠴᠠ ᠪᠣᠯᠣᠨ᠎ᠠ᠃ ᠰᠤᠷᠭᠠᠭᠤᠯᠢ ᠠᠴᠠ ᠪᠦᠬᠦᠯᠢ ᠴᠣᠭᠴᠠ ᠶᠢᠨ ᠪᠠᠶᠢᠭᠤᠯᠤᠯᠲᠠ ᠪᠠ ᠬᠢᠴᠢᠶᠡᠯ ᠬᠥᠮᠥᠵᠢᠯ ᠤᠨ ᠪᠠᠶᠢᠭᠤᠯᠤᠯᠲᠠ ᠬᠢᠬᠦ ᠳᠤ ᠪᠠᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠴᠢᠩᠭ᠎ᠠ ᠨᠢᠭᠲᠠᠷᠠᠨ᠂ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠳᠠᠮᠵᠢᠭᠤᠯᠤᠨ ᠥᠷᠨᠢᠭᠦᠯᠬᠦ ᠬᠡᠷᠡᠭᠲᠡᠢ ᠭᠡᠵᠦ ︽ᠵᠢᠯᠣᠭᠤᠳᠬᠤ ᠰᠠᠨᠠᠯ︾᠎ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠰᠲ᠋ᠧᠮᠵᠢ ᠶᠢ ᠴᠢᠳᠠᠪᠤᠷᠢᠲᠠᠨ ᠢ ᠬᠥᠮᠥᠵᠢᠭᠦᠯᠬᠦ ᠪᠦᠬᠦ ᠶᠠᠪᠤᠴᠠ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠨᠡᠶᠢᠳᠡᠮ ᠲᠤᠭᠤᠰᠢᠯᠠᠭᠤᠯᠵᠤ᠂ ᠬᠢᠴᠢᠶᠡᠯ ᠬᠥᠮᠥᠵᠢᠯ ᠤᠨ ᠰᠢᠰᠲ᠋ᠧᠮᠵᠢ᠂ ᠵᠢᠭᠠᠨ ᠰᠤᠷᠭᠠᠯᠲᠠ ᠶᠢᠨ ᠰᠢᠰᠲ᠋ᠧᠮᠵᠢ᠂ ᠵᠢᠭᠠᠬᠤ ᠮᠠᠲ᠋ᠧᠷᠢᠶᠠᠯ ᠤᠨ ᠰᠢᠰᠲ᠋ᠧᠮᠵᠢ᠂ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠥᠵᠢᠯ ᠪᠠ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠡᠭᠡᠳᠦ ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠦᠨ᠎ᠡ᠃ ᠬᠤᠶᠠᠷ ᠲᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠤᠨ᠂ ᠪᠠᠭᠰᠢ ᠶᠢᠨ ᠶᠣᠰᠣ ᠮᠤᠷᠠᠯ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠲᠤᠭ᠎ᠠ ᠪᠠ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠠᠵᠢᠯ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠂ ᠪᠠᠭᠰᠢ ᠶᠢᠨ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠳᠦᠷᠢᠮ ᠪᠠ ᠰᠢᠯᠭᠠᠨ ᠬᠢᠨᠠᠵᠤ ᠦᠨᠡᠯᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠤᠨ ᠱᠠᠭᠠᠷᠳᠠᠯᠭ᠎ᠠ ᠶᠢ ᠨᠡᠩ ᠲᠣᠪᠣᠶᠢᠯᠭᠠᠨ᠎ᠠ᠃ ᠭᠤᠷᠪᠠ ᠳᠤ᠂ ᠬᠥᠮᠥᠨ ᠢ ᠬᠥᠮᠥᠵᠢᠭᠦᠯᠬᠦ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠂ ᠴᠢᠳᠠᠪᠤᠷᠢᠲᠠᠨ ᠢ ᠬᠥᠮᠥᠵᠢᠭᠦᠯᠬᠦ ᠬᠡᠪᠴᠢᠶ᠎ᠡ ᠪᠠ ᠪᠦᠲᠦᠴᠡ ᠶᠢ ᠰᠢᠯᠢᠳᠡᠭᠵᠢᠭᠦᠯᠵᠦ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠬᠦ ᠪᠠᠷ ᠵᠢᠭᠠᠨ ᠰᠤᠷᠭᠠᠯᠲᠠ ᠶᠢᠨ ᠰᠢᠰᠲ᠋ᠧᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠲᠦᠴᠡ᠂ ᠠᠵᠢᠯᠲᠠᠨ ᠤ ᠶᠠᠪᠤᠳᠠᠯ ᠤᠨ ᠳᠦᠷᠢᠮ᠂ ᠬᠠᠮᠢᠶᠠᠷᠤᠯᠲᠠ ᠶᠢᠨ ᠪᠦᠲᠦᠴᠡ ᠵᠡᠷᠭᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠦᠨᠳᠦᠰᠦᠨ ᠡᠭᠦᠰᠦᠯᠲᠡ ᠶᠢᠨ ᠴᠡᠭ ᠪᠣᠯᠭᠠᠨ᠎ᠠ᠃ ᠳᠥᠷᠪᠡ ᠳᠤ᠂ ᠬᠢᠴᠢᠶᠡᠯ ᠬᠥᠮᠥᠵᠢᠯ ᠤᠨ ᠬᠥᠮᠥᠨ ᠢ ᠬᠥᠮᠥᠵᠢᠭᠦᠯᠬᠦ ᠦᠢᠯᠡᠳᠦᠯ ᠴᠢᠳᠠᠮᠵᠢ ᠶᠢ ᠲᠣᠪᠣᠶᠢᠯᠭᠠᠨ᠂ ᠰᠢᠨᠵᠢᠯᠡᠬᠦ ᠤᠬᠠᠭᠠᠨ ᠰᠤᠷᠭᠠᠨ ᠬᠥᠮᠥᠵᠢᠯ ᠢ ᠠᠭᠤᠰᠤᠯᠴᠠᠭᠤᠯᠵᠤ ᠠᠵᠤ ᠦᠢᠯᠡᠰ ᠰᠤᠷᠭᠠᠭᠤᠯᠢ ᠶᠢ ᠤᠶᠠᠯᠳᠤᠭᠤᠯᠤᠨ ᠬᠥᠮᠥᠨ ᠢ ᠬᠥᠮᠥᠵᠢᠭᠦᠯᠬᠦ᠂ ᠡᠷᠳᠡᠮ ᠰᠢᠨᠵᠢᠯᠡᠭᠡᠨ ᠤ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠥᠵᠢᠯ ᠢ ᠴᠢᠬᠤᠯᠠᠴᠢᠯᠠᠨ᠎ᠠ᠃ ᠲᠠᠪᠤ ᠳᠤ᠂ ᠲᠡᠷᠢᠭᠦᠨ ᠤ ᠦᠨᠳᠦᠰᠦᠨ ᠠᠩᠭᠢ ᠶᠢᠨ ᠰᠤᠷᠭᠠᠨ ᠬᠥᠮᠥᠵᠢᠯ ᠤᠨ ᠬᠠᠷᠠᠯᠲᠠ ᠶᠢ ᠤᠷᠢᠳ ᠢᠶᠠᠷ ᠲᠣᠭᠲᠠᠭᠠᠨ᠂ ᠦᠨᠳᠦᠰᠦᠨ ᠠᠩᠭᠢ ᠶᠢᠨ ᠰᠤᠷᠭᠠᠨ ᠬᠥᠮᠥᠵᠢᠯ ᠤᠨ ᠰᠠᠭᠤᠷᠢ ᠪᠣᠯᠬᠤ ᠪᠠᠶᠢᠷᠢ ᠰᠠᠭᠤᠷᠢ ᠶᠢ ᠴᠢᠩᠭᠠᠷᠠᠭᠤᠯᠵᠤ᠂ ᠲᠡᠷᠢᠭᠦᠨ ᠤ ᠦᠨᠳᠦᠰᠦᠨ ᠠᠩᠭᠢ ᠶᠢᠨ ᠰᠤᠷᠭᠠᠨ ᠬᠥᠮᠥᠵᠢᠯ ᠤᠨ ᠪᠠᠶᠢᠭᠤᠯᠤᠯᠲᠠ ᠪᠠᠷ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠡᠭᠦᠷᠭᠡ ᠪᠣᠯᠭᠠᠵᠤ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ 2.0᠎ ᠶᠢ ᠲᠦᠷᠭᠡᠳᠬᠡᠨ ᠬᠡᠷᠡᠭᠵᠢᠭᠦᠯᠵᠦ᠂ ᠨᠢᠭᠡ ᠪᠦᠯᠦᠭ ᠲᠡᠷᠢᠭᠦᠨ ᠤ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢ ᠪᠠᠶᠢᠭᠤᠯᠤᠨ᠎ᠠ᠃      5. ᠬᠡᠷᠬᠢᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ ᠪᠠᠴᠢᠮ ᠱᠠᠭᠠᠷᠳᠠᠭᠳᠠᠵᠤ ᠪᠠᠶᠢᠭ᠎ᠠ ᠬᠤᠪᠣᠷ ᠳᠤᠲᠠᠮᠠᠭ ᠴᠢᠳᠠᠪᠤᠷᠢᠲᠠᠨ ᠢ ᠬᠥᠮᠥᠵᠢᠭᠦᠯᠬᠦ ᠪᠣᠢ︖      ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠳᠤ ︽ᠳᠥᠷᠪᠡ ᠳᠤ ᠦᠢᠯᠡᠴᠢᠯᠡᠬᠦ︾᠎ ᠶᠢ ᠦᠢᠯᠡᠳᠦᠯᠭᠡᠵᠢᠭᠦᠯᠦᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠤᠯᠤᠰ ᠤᠨ ᠪᠠᠴᠢᠮ ᠱᠠᠭᠠᠷᠳᠠᠭᠳᠠᠵᠤ ᠪᠠᠶᠢᠭ᠎ᠠ ᠬᠤᠪᠣᠷ ᠳᠤᠲᠠᠮᠠᠭ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠶᠢ ᠨᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠡᠯ᠎ᠡ ᠲᠥᠷᠥᠯ ᠤᠨ ᠬᠡᠷᠡᠭᠴᠡᠭᠡ ᠱᠠᠭᠠᠷᠳᠠᠯᠭ᠎ᠠ ᠳᠠᠬᠢ ᠴᠢᠭᠯᠡᠯᠲᠦ ᠴᠢᠨᠠᠷᠲᠠᠢ ᠰᠤᠳᠤᠯᠤᠯᠲᠠ᠂ ᠰᠢᠨᠵᠢᠯᠡᠬᠦ ᠤᠬᠠᠭᠠᠨᠴᠢ ᠴᠢᠨᠠᠷᠲᠠᠢ ᠲᠥᠰᠥᠭᠡᠯᠡᠯ ᠪᠠ ᠰᠢᠰᠲ᠋ᠧᠮᠴᠢ ᠴᠢᠨᠠᠷᠲᠠᠢ ᠡᠵᠡᠮᠳᠡᠯ ᠢ ᠴᠢᠩᠭᠠᠳᠬᠠᠨ᠂ ᠤᠯᠤᠰ ᠤᠨ ᠪᠠ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠬᠡᠯᠪᠡᠷᠢ᠂ ᠡᠯ᠎ᠡ ᠲᠥᠷᠥᠯ ᠤᠨ ᠲᠤᠰᠬᠠᠢ ᠵᠦᠢᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠪᠠᠨ ᠴᠢᠩᠭᠠᠳᠬᠠᠵᠤ᠂ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ᠂ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠ ᠡᠷᠳᠡᠮ ᠰᠢᠨᠵᠢᠯᠡᠭᠡᠨ ᠤ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠠᠩᠭᠠᠬᠤ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠂ ᠠᠳᠠᠯᠢ ᠪᠤᠰᠤ ᠳᠡᠰ ᠳᠠᠪᠬᠤᠷᠭ᠎ᠠ ᠶᠢᠨ ᠰᠤᠷᠤᠭᠴᠢᠳ ᠢ ᠬᠥᠮᠥᠵᠢᠭᠦᠯᠬᠦ ᠪᠦᠲᠦᠴᠡ ᠶᠢ ᠰᠢᠯᠢᠳᠡᠭᠵᠢᠭᠦᠯᠵᠦ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠯᠳᠤᠭᠤᠯᠤᠨ ᠬᠥᠮᠥᠵᠢᠭᠦᠯᠬᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠳ᠋ᠣᠺᠲ᠋ᠣᠷᠠᠨᠲ ᠠᠰᠫᠢᠷᠠᠨᠲ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠨ᠂ ᠳ᠋ᠣᠺᠲ᠋ᠣᠷᠠᠨᠲ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠰᠤᠳᠤᠯᠤᠨ ᠰᠤᠷᠤᠭᠴᠢ ᠶᠢᠨ ᠰᠤᠷᠭᠠᠨ ᠬᠥᠮᠥᠵᠢᠯ ᠢ ᠲᠦᠷᠭᠡᠳᠬᠡᠨ ᠬᠥᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠪᠠᠴᠢᠮ ᠱᠠᠭᠠᠷᠳᠠᠭᠳᠠᠵᠤ ᠪᠠᠶᠢᠭ᠎ᠠ ᠬᠢᠴᠢᠶᠡᠯ ᠲᠥᠷᠥᠯ ᠤᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠦᠨ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠠᠰᠫᠢᠷᠠᠨᠲ ᠡᠯᠰᠡᠬᠦ ᠲᠥᠯᠥᠪᠯᠡᠭᠡ ᠬᠢᠭᠡᠳ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠬᠤᠯᠠ ᠶᠡᠭᠡ ᠡᠭᠦᠷᠭᠡ᠂ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠳᠤ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠶᠢ ᠵᠣᠯᠭᠠᠯᠳᠤᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠭᠤᠷᠪᠠ ᠳᠤ᠂ ᠰᠤᠷᠤᠯᠭ᠎ᠠ ᠶᠢᠨ ᠨᠠᠮᠲᠠᠷ ᠥᠨᠳᠥᠷ ᠮᠡᠷᠭᠡᠵᠢᠯ ᠣᠬᠢ ᠰᠢᠯᠢᠳᠡᠭ ᠬᠠᠮᠤᠭ ᠤᠨ ᠲᠡᠷᠢᠭᠦᠨ ᠤ ᠮᠡᠷᠭᠡᠵᠢᠯ ᠢ ᠡᠵᠡᠮᠰᠢᠭᠰᠡᠨ ᠬᠤᠪᠣᠷ ᠳᠤᠲᠠᠮᠠᠭ ᠴᠢᠳᠠᠪᠤᠷᠢᠲᠠᠨ ᠢ ᠥᠷᠭᠡᠨ ᠢᠶᠠᠷ ᠬᠥᠮᠥᠵᠢᠭᠦᠯᠦᠨ᠂ ᠰᠤᠷᠭᠠᠨ ᠬᠥᠮᠥᠵᠢᠯ ᠤᠨ ᠡᠬᠢ ᠪᠠᠶᠠᠯᠢᠭ ᠢ ᠣᠯᠠᠨ ᠲᠠᠯ᠎ᠠ ᠠᠴᠠ ᠨᠡᠶᠢᠯᠡᠭᠦᠯᠦᠨ ᠨᠢᠭᠡᠳᠬᠡᠵᠦ᠂ ᠬᠢᠴᠢᠶᠡᠯ ᠲᠥᠷᠥᠯ ᠠᠯᠤᠰᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠲᠥᠰᠥᠯ ᠢ ᠲᠣᠭᠲᠠᠭᠠᠵᠤ᠂ ᠤᠯᠤᠰ ᠲᠥᠷᠥ ᠶᠢᠨ ᠲᠠᠯ᠎ᠠ ᠪᠠᠷ ᠬᠠᠳᠠᠨ ᠴᠠᠭᠠᠷᠠᠭᠰᠠᠨ᠂ ᠠᠵᠢᠯ ᠲᠥᠷᠥᠯ ᠳᠤ ᠪᠠᠴᠢᠮ ᠱᠠᠭᠠᠷᠳᠠᠭᠳᠠᠭᠰᠠᠨ᠂ ᠴᠢᠳᠠᠪᠤᠷᠢ ᠨᠢ ᠲᠣᠪᠣᠶᠢᠮ᠎ᠠ ᠳᠡᠭᠡᠳᠦ ᠳᠡᠰ ᠳᠠᠪᠬᠤᠷᠭ᠎ᠠ ᠶᠢᠨ ᠨᠡᠶᠢᠯᠡᠮᠡᠯ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ᠂ ᠤᠯᠤᠰ ᠤᠨ ᠠᠮᠤᠷ ᠲᠦᠪᠰᠢᠨ᠂ ᠳᠡᠯᠡᠬᠡᠢ ᠶᠢᠨ ᠵᠣᠬᠢᠶᠠᠨ ᠪᠠᠶᠢᠭᠤᠯᠤᠯᠲᠠ ᠵᠡᠷᠭᠡ ᠪᠠᠴᠢᠮ ᠱᠠᠭᠠᠷᠳᠠᠭᠳᠠᠵᠤ ᠪᠠᠶᠢᠭ᠎ᠠ ᠬᠠᠮᠢᠶ᠎ᠠ ᠪᠦᠬᠦᠢ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠮᠥᠵᠢᠭᠦᠯᠦᠯ ᠢ ᠴᠢᠩᠭᠠᠳᠬᠠᠨ᠂ ᠨᠡᠶᠢᠭᠡᠮ ᠤᠨ ᠰᠢᠨᠵᠢᠯᠡᠬᠦ ᠤᠬᠠᠭᠠᠨ᠂ ᠣᠨᠴᠠᠭᠠᠶᠢᠯᠠᠨ ᠮᠠᠷᠺᠰ ᠤᠨ ᠦᠵᠡᠯ ᠤᠨ ᠣᠨᠣᠯ᠂ ᠳᠤᠮᠳᠠᠳᠤ ᠶᠢᠨ ᠰᠡᠶᠢᠯᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠵᠡᠷᠭᠡ ᠬᠠᠮᠢᠶ᠎ᠠ ᠪᠦᠬᠦᠢ ᠴᠢᠳᠠᠪᠤᠷᠢᠲᠠᠨ ᠢ ᠤᠷᠢᠳᠴᠢᠯᠠᠨ ᠬᠥᠮᠥᠵᠢᠭᠦᠯᠬᠦ ᠪᠠ ᠨᠥᠭᠡᠴᠡᠯᠡᠨ᠎ᠡ᠃ ᠳᠥᠷᠪᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠬᠥᠮᠥᠨ ᠢ ᠬᠥᠮᠥᠵᠢᠭᠦᠯᠬᠦ ᠶᠢ ᠴᠢᠩᠭᠠᠷᠠᠭᠤᠯᠤᠨ᠂ ᠤᠯᠤᠰ ᠤᠨ ᠭᠤᠣᠯᠳᠠᠯᠭ᠎ᠠ ᠲᠠᠢ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠡᠭᠦᠷᠭᠡ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠥᠵᠢᠯ ᠢ ᠠᠭᠤᠰᠤᠯᠴᠠᠭᠤᠯᠤᠨ᠂ ᠬᠠᠷᠢᠯᠴᠠᠨ ᠠᠬᠢᠭᠤᠯᠵᠤ ᠬᠠᠮᠵᠢᠯᠴᠠᠨ ᠬᠥᠮᠥᠵᠢᠭᠦᠯᠬᠦ ᠲᠣᠭᠲᠠᠴᠠ ᠶᠢ ᠪᠠᠶᠢᠭᠤᠯᠵᠤ᠂ ᠮᠡᠳᠡᠯᠭᠡ ᠶᠢᠨ ᠰᠤᠷᠤᠯᠴᠠᠭ᠎ᠠ ᠬᠢᠭᠡᠳ ᠰᠢᠨᠵᠢᠯᠡᠬᠦ ᠤᠬᠠᠭᠠᠨ ᠤ ᠰᠤᠳᠤᠯᠤᠯᠲᠠ᠂ ᠴᠢᠳᠠᠪᠤᠷᠢ ᠶᠢᠨ ᠬᠥᠮᠥᠵᠢᠭᠦᠯᠦᠯ ᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃      6. ᠬᠡᠷᠬᠢᠨ ᠬᠢᠴᠢᠶᠡᠯ ᠲᠥᠷᠥᠯ ᠢᠶᠠᠷ ᠰᠠᠭᠤᠷᠢ ᠪᠣᠯᠭᠠᠵᠤ ︽ᠬᠤᠶᠠᠷ ᠢ ᠲᠡᠷᠢᠭᠦᠨ ᠪᠠᠶᠢᠷᠢᠨ ᠳᠤ ᠣᠷᠣᠯᠠᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠣᠢ︖      ᠬᠠᠷᠢᠭᠤᠯᠲᠠ᠄ ᠬᠢᠴᠢᠶᠡᠯ ᠲᠥᠷᠥᠯ ᠪᠣᠯ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠰᠠᠭᠤᠷᠢ ᠪᠣᠯᠣᠨ᠎ᠠ᠃ ᠭᠠᠭᠴᠠ ᠬᠦ ᠬᠢᠴᠢᠶᠡᠯ ᠲᠥᠷᠥᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠪᠠ ᠡᠭᠦᠷᠭᠡ ᠶᠢ ᠲᠣᠳᠣᠷᠬᠠᠢ ᠲᠠᠨᠢᠵᠤ ᠣᠨᠣᠪᠴᠢᠲᠠᠢ ᠡᠵᠡᠮᠳᠡᠪᠡᠯ ᠰᠠᠶ᠋ᠢ ᠲᠡᠷᠢᠭᠦᠨ ᠤ ᠬᠢᠴᠢᠶᠡᠯ ᠲᠥᠷᠥᠯ ᠢ ᠰᠠᠶᠢᠲᠤᠷ ᠡᠷᠬᠢᠯᠡᠵᠦ ᠴᠢᠳᠠᠨ᠎ᠠ᠃ ᠨᠢᠭᠡ ᠳᠤ᠂ ᠬᠢᠴᠢᠶᠡᠯ ᠲᠥᠷᠥᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠪᠣᠯ ᠴᠢᠳᠠᠪᠤᠷᠢᠲᠠᠨ ᠤ ᠬᠥᠮᠥᠵᠢᠭᠦᠯᠦᠯ᠂ ᠡᠷᠳᠡᠮ ᠰᠢᠨᠵᠢᠯᠡᠭᠡᠨ ᠤ ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ︽ᠭᠤᠷᠪᠠ ᠶᠢ ᠨᠢᠭᠡ ᠴᠣᠭᠴᠠᠵᠢᠭᠤᠯᠬᠤ︾ ᠪᠠᠶᠢᠭᠤᠯᠤᠯᠲᠠ ᠪᠣᠯᠬᠤᠷ᠂ ᠡᠷᠬᠡᠪᠰᠢ ᠴᠢᠳᠠᠪᠤᠷᠢᠲᠠᠨ ᠤ ᠬᠥᠮᠥᠵᠢᠭᠦᠯᠦᠯ᠂ ᠠᠩᠬᠠᠨ ᠤ ᠰᠢᠨ᠎ᠡ ᠡᠭᠦᠳᠦᠯᠲᠡ ᠪᠠ ᠨᠥᠯᠥᠭᠡᠯᠡᠬᠦ ᠬᠦᠴᠦᠨ ᠤ ᠭᠤᠣᠯ ᠡᠭᠦᠷᠭᠡ ᠶᠢ ᠲᠣᠪᠣᠶᠢᠯᠭᠠᠨ᠂ ᠡᠷᠳᠡᠮ ᠰᠢᠨᠵᠢᠯᠡᠭᠡᠨ ᠤ ᠰᠦᠪᠡᠭᠴᠢᠯᠡᠯᠲᠡ ᠬᠢᠬᠦ ᠪᠠ ᠤᠯᠤᠰ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠶᠢ ᠬᠠᠷᠢᠯᠴᠠᠨ ᠠᠭᠤᠰᠤᠯᠴᠠᠭᠤᠯᠵᠤ᠂ ᠤᠷᠢᠳᠠᠴᠢ ᠴᠢᠨᠠᠷᠲᠠᠢ ᠰᠠᠭᠤᠷᠢ ᠰᠤᠳᠤᠯᠭᠠᠨ᠂ ᠬᠥᠲᠥᠯᠥᠨ ᠳᠠᠭᠠᠭᠤᠯᠬᠤ ᠴᠢᠨᠠᠷᠲᠠᠢ ᠠᠩᠬᠠᠨ ᠤ ᠦᠷ᠎ᠡ ᠪᠦᠲᠦᠭᠡᠯ᠂ ᠪᠠᠶᠢᠭᠤᠯᠤᠯᠲᠠ ᠶᠢᠨ ᠴᠢᠨᠠᠷᠲᠠᠢ ᠨᠡᠶᠢᠭᠡᠮ ᠤᠨ ᠨᠥᠯᠥᠭᠡ ᠶᠢᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠬᠢᠴᠢᠶᠡᠯ ᠲᠥᠷᠥᠯ ᠤᠨ ᠪᠦᠲᠦᠭᠡᠨ ᠪᠠᠶᠢᠭᠤᠯᠤᠯᠲᠠ ᠨᠢ ᠡᠷᠬᠡᠪᠰᠢ ᠵᠢᠮ᠎ᠡ ᠶᠣᠰᠣ ᠶᠢ ᠬᠦᠨᠳᠦᠳᠬᠡᠬᠦ᠂ ᠰᠢᠰᠲ᠋ᠧᠮᠵᠢ ᠶᠢ ᠪᠠᠶᠢᠭᠤᠯᠬᠤ᠂ ᠳᠠᠪᠠᠭᠤᠯᠢᠭ ᠢᠶᠠᠨ ᠴᠢᠩᠭᠠᠷᠠᠭᠤᠯᠬᠤ ᠪᠠ ᠥᠪᠡᠷᠮᠢᠴᠡ ᠣᠨᠴᠠᠯᠢᠭ ᠢᠶᠠᠨ ᠲᠣᠪᠣᠶᠢᠯᠭᠠᠵᠤ᠂ ᠲᠡᠷᠢᠭᠦᠨ ᠪᠠᠶᠢᠷᠢ ᠪᠣᠯ ᠰᠠᠭᠤᠷᠢ ᠬᠢᠭᠡᠳ ᠤᠷᠢᠳᠠᠯ᠂ ᠳᠠᠪᠠᠭᠤᠯᠢᠭ ᠬᠢᠭᠡᠳ ᠥᠪᠡᠷᠮᠢᠴᠡ ᠣᠨᠴᠠᠯᠢᠭ ᠤᠨ ᠣᠷᠭᠠᠨᠢᠭ ᠨᠢᠭᠡᠳᠦᠯ ᠪᠣᠯᠬᠤ ᠶᠢ ᠲᠠᠨᠢᠵᠤ᠂ ᠬᠢᠴᠢᠶᠡᠯ ᠲᠥᠷᠥᠯ ᠤᠨ ᠥᠪᠡᠷᠮᠢᠴᠡ ᠣᠨᠴᠠᠯᠢᠭ ᠢ ᠳᠥᠭᠦᠮ ᠢᠶᠠᠷ ᠰᠤᠷᠭᠠᠭᠤᠯᠢ ᠶᠢᠨ ᠥᠪᠡᠷᠮᠢᠴᠡ ᠣᠨᠴᠠᠯᠢᠭ ᠪᠤᠶᠤ ᠳᠤᠮᠳᠠᠳᠤ ᠤᠯᠤᠰ ᠤᠨ ᠤᠯᠠᠮᠵᠢᠯᠠᠯ ᠳᠤ ᠣᠨᠴᠠ ᠪᠠᠶᠢᠳᠠᠭ ᠬᠢᠴᠢᠶᠡᠯ ᠲᠥᠷᠥᠯ ᠤᠨ ᠥᠪᠡᠷᠮᠢᠴᠡ ᠣᠨᠴᠠᠯᠢᠭ ᠲᠠᠢ ᠠᠳᠠᠯᠢ ᠪᠠᠷ ᠦᠵᠡᠵᠦ ᠪᠣᠯᠬᠤ ᠦᠭᠡᠢ᠂ ᠬᠠᠷᠢᠨ ᠰᠢᠨ᠎ᠡ ᠶᠢ ᠡᠭᠦᠳᠬᠦ ᠴᠢᠨᠠᠷᠲᠠᠢ ᠵᠥᠷᠢᠶᠡᠴᠢᠯᠡᠭᠰᠡᠨ ᠬᠥᠭᠵᠢᠯᠲᠡ ᠶᠢ ᠴᠢᠬᠤᠯᠠᠴᠢᠯᠠᠨ ᠪᠡᠶᠡᠯᠡᠭᠦᠯᠦᠨ᠎ᠡ᠃ ᠭᠤᠷᠪᠠ ᠳᠤ᠂ ᠬᠢᠴᠢᠶᠡᠯ ᠲᠥᠷᠥᠯ ᠤᠨ ᠬᠥᠮᠥᠨ ᠢ ᠬᠥᠮᠥᠵᠢᠭᠦᠯᠬᠦ ᠦᠢᠯᠡᠳᠦᠯ ᠴᠢᠳᠠᠮᠵᠢ ᠶᠢ ᠥᠷᠭᠡᠳᠬᠡᠨ᠂ ᠬᠢᠴᠢᠶᠡᠯ ᠲᠥᠷᠥᠯ ᠤᠨ ᠪᠠᠶᠢᠭᠤᠯᠤᠯᠲᠠ ᠪᠠᠷ ᠠᠴᠢᠶᠠᠯᠠᠭᠴᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠬᠥᠮᠥᠨ ᠢ ᠬᠥᠮᠥᠵᠢᠭᠦᠯᠬᠦ ᠰᠤᠷᠭᠠᠨ ᠬᠥᠮᠥᠵᠢᠯ ᠂ ᠦᠢᠯᠡᠳᠦᠯᠭᠡ ᠶᠢᠨ ᠰᠤᠷᠭᠠᠨ ᠬᠥᠮᠥᠵᠢᠯ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠥᠵᠢᠯ ᠢ ᠴᠢᠩᠭᠠᠷᠠᠭᠤᠯᠵᠤ᠂ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠦᠨ᠎ᠡ᠃ ᠳᠥᠷᠪᠡ ᠳᠤ᠂ ᠬᠢᠴᠢᠶᠡᠯ ᠲᠥᠷᠥᠯ ᠤᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ᠂ ᠡᠷᠳᠡᠮ ᠰᠢᠨᠵᠢᠯᠡᠭᠡᠨ ᠤ ᠦᠷ᠎ᠡ ᠪᠦᠲᠦᠮᠵᠢ ᠶᠢ ᠨᠢ ᠬᠦᠨᠳᠦᠳᠬᠡᠬᠦ ᠪᠠᠷ ᠪᠠᠷᠠᠬᠤ ᠦᠭᠡᠢ᠂ ᠶᠣᠰᠣ ᠰᠤᠷᠲᠠᠬᠤᠨ ᠤ ᠬᠡᠪ ᠴᠢᠨᠠᠷ ᠢ ᠨᠢ ᠬᠦᠨᠳᠦᠳᠬᠡᠵᠦ᠂ ᠤᠷᠢᠳᠤᠴᠢ ᠴᠢᠭᠯᠡᠯ ᠢ ᠡᠵᠡᠮᠳᠡᠬᠦ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ ᠵᠣᠬᠢᠶᠠᠨ ᠪᠠᠶᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠠᠩᠬᠠᠷᠴᠤ᠂ ᠵᠣᠯᠭᠠᠯᠲᠠ ᠨᠢ ᠡᠮᠬᠢ ᠵᠢᠷᠤᠮ ᠲᠠᠢ᠂ ᠪᠦᠲᠦᠴᠡ ᠨᠢ ᠵᠦᠢ ᠵᠣᠬᠢᠰᠲᠠᠢ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠪᠦᠯᠬᠦᠮ ᠨᠡᠶᠢᠲᠡ ᠪᠠ ᠱᠠᠲᠤᠯᠢᠭ ᠠᠩᠭᠢ ᠶᠢ ᠪᠠᠶᠢᠭᠤᠯᠤᠨ᠎ᠠ᠃ ᠲᠠᠪᠤ ᠳᠤ᠂ ᠬᠢᠴᠢᠶᠡᠯ ᠲᠥᠷᠥᠯ ᠢ ᠵᠣᠬᠢᠶᠠᠨ ᠪᠠᠶᠢᠭᠤᠯᠬᠤ ᠵᠠᠭᠪᠤᠷ ᠲᠤ ᠰᠢᠨ᠎ᠡ ᠶᠢ ᠡᠭᠦᠳᠴᠦ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠳᠣᠲᠣᠭᠠᠳᠤ ᠶᠢᠨ ᠬᠠᠷᠢᠴᠠᠭ᠎ᠠ ᠬᠤᠯᠪᠣᠭ᠎ᠠ ᠶᠣᠰᠣᠭᠠᠷ ᠬᠢᠴᠢᠶᠡᠯ ᠲᠥᠷᠥᠯ ᠤᠨ ᠪᠦᠯᠦᠭᠵᠢᠯ ᠢ ᠵᠣᠬᠢᠶᠠᠨ ᠪᠠᠶᠢᠭᠤᠯᠵᠤ᠂ ᠤᠯᠠᠮᠵᠢᠯᠠᠯᠲᠤ ᠬᠢᠴᠢᠶᠡᠯ ᠲᠥᠷᠥᠯ ᠤᠨ ᠬᠤᠭᠤᠷᠣᠨᠳᠤᠬᠢ ᠪᠠᠬᠢᠯᠡᠯᠲᠡ ᠶᠢ ᠡᠪᠳᠡᠵᠦ᠂ ᠬᠢᠴᠢᠶᠡᠯ ᠲᠥᠷᠥᠯ ᠢ ᠬᠠᠮᠵᠢᠯᠴᠠᠭᠤᠯᠤᠨ ᠰᠣᠯᠪᠢᠴᠠᠭᠤᠯᠬᠤ ᠪᠠ ᠠᠭᠤᠰᠤᠯᠴᠠᠭᠤᠯᠬᠤ ᠶᠢ ᠴᠢᠩᠭᠠᠳᠬᠠᠵᠤ᠂ ᠬᠠᠮᠵᠢᠯᠴᠠᠵᠤ ᠬᠠᠮᠲᠤ ᠪᠠᠷ ᠣᠷᠣᠰᠢᠨ ᠬᠥᠭᠵᠢᠬᠦ ᠬᠢᠴᠢᠶᠡᠯ ᠲᠥᠷᠥᠯ ᠤᠨ ᠰᠢᠰᠲ᠋ᠧᠮᠵᠢ ᠶᠢ ᠪᠠᠶᠢᠭᠤᠯᠤᠨ᠎ᠠ᠃      7. ᠬᠡᠷᠬᠢᠨ ᠬᠢᠴᠢᠶᠡᠯ ᠲᠥᠷᠥᠯ ᠢ ᠰᠣᠯᠪᠢᠴᠠᠭᠤᠯᠤᠨ ᠠᠭᠤᠰᠤᠯᠴᠠᠭᠤᠯᠬᠤ ᠶᠢ ᠠᠬᠢᠭᠤᠯᠬᠤ ᠪᠣᠢ︖      ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠳᠤ ᠬᠢᠴᠢᠶᠡᠯ ᠲᠥᠷᠥᠯ ᠢ ᠪᠠᠶᠢᠭᠤᠯᠬᠤ ᠶᠢ ᠭᠤᠣᠯᠳᠠᠭᠤᠯᠤᠨ ᠠᠩᠬᠠᠷᠴᠤ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠬᠢᠴᠢᠶᠡᠯ ᠲᠥᠷᠥᠯ ᠤᠨ ᠤᠷᠢᠳᠠᠴᠢ ᠬᠥᠭᠵᠢᠯᠲᠡ ᠶᠢᠨ ᠴᠢᠭᠯᠡᠯ ᠢ ᠣᠨᠢᠯᠠᠨ᠂ ᠡᠷᠳᠡᠮ ᠰᠢᠨᠵᠢᠯᠡᠭᠡᠨ ᠤ ᠰᠦᠪᠡᠭᠴᠢᠯᠡᠯᠲᠡ ᠬᠢᠭᠡᠳ ᠤᠯᠤᠰ ᠣᠷᠣᠨ ᠨᠤᠲᠤᠭ ᠤᠨ ᠬᠡᠷᠡᠭᠴᠡᠭᠡ ᠱᠠᠭᠠᠷᠳᠠᠯᠭ᠎ᠠ ᠳᠠᠬᠢ ᠦᠢᠯᠡᠴᠢᠯᠡᠭᠡ ᠶᠢ ᠨᠢᠭᠲᠠ ᠠᠭᠤᠰᠤᠯᠴᠠᠭᠤᠯᠵᠤ᠂ ᠵᠠᠩᠭᠢᠯᠠᠭ᠎ᠠ ᠶᠢᠨ ᠬᠦᠷᠢᠶ᠎ᠡ ᠴᠠᠷᠠᠭᠠᠨ ᠳᠠᠬᠢ ᠠᠩᠬᠠᠨ ᠤ ᠰᠢᠨ᠎ᠡ ᠡᠭᠦᠳᠦᠯᠲᠡ᠂ ᠡᠵᠡᠨ ᠮᠡᠳᠡᠵᠦ ᠰᠢᠨ᠎ᠡ ᠶᠢ ᠡᠭᠦᠳᠬᠦ ᠴᠢᠳᠠᠪᠤᠷᠢ ᠪᠠ ᠪᠠᠶᠢᠭᠤᠯᠤᠯᠲᠠ ᠶᠢᠨ ᠴᠢᠨᠠᠷᠲᠠᠢ ᠨᠡᠶᠢᠭᠡᠮ ᠤᠨ ᠨᠥᠯᠥᠭᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠳᠤ ᠬᠤᠯᠪᠣᠭᠠᠯᠠᠨ ᠰᠢᠪᠲᠤᠯᠤᠯᠲᠠ ᠬᠢᠬᠦ ᠪᠠᠷ ᠬᠥᠲᠥᠴᠢ ᠪᠣᠯᠭᠠᠵᠤ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠲᠤ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠰᠤᠳᠤᠯᠤᠯᠲᠠ ᠶᠢᠨ ᠲᠥᠪ ᠵᠡᠷᠭᠡ ᠳᠤ ᠲᠦᠰᠢᠭᠯᠡᠵᠦ᠂ ᠲᠣᠮᠣ ᠹᠢᠽᠢᠺ ᠤᠨ ᠰᠢᠨᠵᠢᠯᠡᠬᠦ ᠤᠬᠠᠭᠠᠨ᠂ ᠶᠡᠭᠡ ᠨᠡᠶᠢᠭᠡᠮ ᠤᠨ ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠰᠠᠭᠤᠷᠢ ᠬᠢᠴᠢᠶᠡᠯ ᠲᠥᠷᠥᠯ᠂ ᠠᠮᠢ ᠶᠢᠨ ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠤᠷᠢᠳᠠᠴᠢ ᠬᠢᠴᠢᠶᠡᠯ ᠲᠥᠷᠥᠯ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠬᠡᠷᠡᠭᠯᠡᠭᠡᠨ ᠤ ᠬᠢᠴᠢᠶᠡᠯ ᠲᠥᠷᠥᠯ ᠢ ᠴᠢᠬᠤᠯᠠᠴᠢᠯᠠᠬᠤ ᠶᠢᠨ ᠲᠣᠭᠤᠷᠢᠨ ᠳᠤ᠂ ᠰᠣᠯᠪᠢᠴᠠᠭᠰᠠᠨ ᠬᠢᠴᠢᠶᠡᠯ ᠲᠥᠷᠥᠯ ᠢ ᠵᠣᠬᠢᠶᠠᠨ ᠪᠠᠶᠢᠭᠤᠯᠵᠤ᠂ ᠨᠡᠶᠢᠭᠡᠮ ᠤᠨ ᠰᠢᠨᠵᠢᠯᠡᠬᠦ ᠤᠬᠠᠭᠠᠨ ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠢᠨᠵᠧᠨᠧᠷᠢᠩ ᠤᠨ ᠮᠡᠷᠭᠡᠵᠢᠯ ᠤᠨ ᠬᠤᠭᠤᠷᠣᠨᠳᠤ ᠰᠣᠯᠪᠢᠴᠠᠭᠤᠯᠤᠨ ᠠᠭᠤᠰᠤᠯᠴᠠᠭᠤᠯᠬᠤ ᠶᠢ ᠴᠢᠬᠤᠯᠠᠴᠢᠯᠠᠨ ᠠᠬᠢᠭᠤᠯᠤᠨ᠎ᠠ᠃ ᠰᠤᠷᠭᠠᠭᠤᠯᠢ ᠠᠴᠠ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠ ᠬᠢᠴᠢᠶᠡᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣᠨ ᠳᠤ ᠰᠠᠭᠤᠷᠢᠯᠠᠨ᠂ ᠤᠯᠠᠮᠵᠢᠯᠠᠯᠲᠤ ᠬᠢᠴᠢᠶᠡᠯ ᠲᠥᠷᠥᠯ ᠤᠨ ᠬᠤᠭᠤᠷᠣᠨᠳᠤᠬᠢ ᠬᠤᠷᠢᠭ᠎ᠠ ᠴᠠᠷᠠᠭ᠎ᠠ ᠶᠢ ᠡᠪᠳᠡᠵᠦ᠂ ᠰᠣᠯᠪᠢᠴᠠᠭᠰᠠᠨ ᠬᠢᠴᠢᠶᠡᠯ ᠲᠥᠷᠥᠯ ᠬᠢᠭᠡᠳ ᠤᠯᠠᠮᠵᠢᠯᠠᠯᠲᠤ ᠬᠢᠴᠢᠶᠡᠯ ᠲᠥᠷᠥᠯ ᠤᠨ ᠬᠤᠭᠤᠷᠣᠨᠳᠤᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠰᠠᠭᠤᠷᠢ ᠬᠢᠴᠢᠶᠡᠯ ᠲᠥᠷᠥᠯ ᠪᠠ ᠬᠡᠷᠡᠭᠯᠡᠭᠡᠨ ᠤ ᠬᠢᠴᠢᠶᠡᠯ ᠲᠥᠷᠥᠯ ᠤᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ ᠂ ᠤᠷᠢᠳᠠᠴᠢ ᠪᠠ ᠰᠣᠯᠪᠢᠴᠠᠭᠰᠠᠨ ᠬᠢᠴᠢᠶᠡᠯ ᠲᠥᠷᠥᠯ ᠤᠨ ᠬᠦᠷᠢᠶ᠎ᠡ ᠴᠠᠷᠠᠭᠠᠨ ᠳᠤ ᠰᠢᠨ᠎ᠡ ᠬᠢᠴᠢᠶᠡᠯ ᠲᠥᠷᠥᠯ ᠤᠨ ᠬᠥᠭᠵᠢᠯᠲᠡ ᠶᠢᠨ ᠴᠡᠭ ᠢ ᠬᠥᠮᠥᠵᠢᠭᠦᠯᠦᠨ ᠪᠣᠶᠢᠵᠢᠭᠤᠯᠤᠨ᠎ᠠ᠃      8. ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠳᠤ ᠶᠠᠮᠠᠷ ᠪᠣᠳᠣᠯᠬᠢᠯᠠᠯ ᠲᠠᠢ ᠪᠣᠢ︖      ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠨᠢ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠭᠡ ᠤᠳᠤᠷᠢᠳᠤᠮᠵᠢ ᠶᠢᠨ ᠦᠢᠯᠡᠳᠦᠯ ᠲᠠᠢ ᠪᠠᠶᠢᠵᠤ᠂ ᠡᠯ᠎ᠡ ᠰᠤᠷᠭᠠᠭᠤᠯᠢ ᠡᠯ᠎ᠡ ᠭᠠᠵᠠᠷ ᠡᠯ᠎ᠡ ᠲᠠᠯ᠎ᠠ ᠶᠢᠨ ᠬᠢᠨ ᠪᠦᠷ ᠠᠩᠬᠠᠷᠤᠨ ᠬᠠᠯᠠᠮᠵᠢᠯᠠᠵᠤ ᠪᠣᠢ᠃ ᠶᠡᠷᠦᠩᠬᠡᠢ ᠲᠥᠰᠥᠯ ᠪᠠ ᠬᠡᠷᠡᠭᠵᠢᠭᠦᠯᠬᠦ ᠠᠷᠭ᠎ᠠ ᠶᠢ ᠦᠨᠳᠦᠰᠦᠯᠡᠵᠦ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠨᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠷ᠎ᠡ ᠪᠦᠲᠦᠮᠵᠢ ᠶᠢ ᠦᠨᠡᠯᠡᠬᠦ ᠪᠠᠷ ᠦᠨᠳᠦᠰᠦᠨ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ ᠣᠯᠠᠨ ᠲᠠᠯ᠎ᠠ ᠶᠢᠨ ᠶᠡᠷᠦᠩᠬᠡᠶᠢᠯᠡᠭᠰᠡᠨ ᠴᠢᠨᠠᠷᠲᠠᠢ ᠦᠨᠡᠯᠡᠯᠲᠡ ᠶᠢ ᠪᠠᠷᠢᠮᠲᠠᠯᠠᠵᠤ᠂ ᠴᠢᠳᠠᠪᠤᠷᠢᠲᠠᠨ ᠤ ᠬᠥᠮᠥᠵᠢᠭᠦᠯᠦᠯ᠂ ᠰᠢᠨ᠎ᠡ ᠶᠢ ᠡᠭᠦᠳᠬᠦ ᠴᠢᠳᠠᠪᠤᠷᠢ᠂ ᠦᠢᠯᠡᠴᠢᠯᠡᠬᠦ ᠬᠤᠪᠢ ᠨᠡᠮᠡᠷᠢ ᠪᠠ ᠨᠥᠯᠥᠭᠡᠯᠡᠬᠦ ᠬᠦᠴᠦᠨ ᠪᠠᠷ ᠭᠤᠣᠯ ᠴᠢᠬᠤᠯᠠ ᠬᠦᠴᠦᠨ ᠵᠦᠢᠯ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠨ ᠦᠨᠡᠯᠡᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠳᠤ ᠰᠢᠨᠵᠢ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠨ᠂ ᠪᠡᠶᠡᠴᠢ ᠪᠠ ᠪᠤᠰᠤᠳᠴᠢ ᠶᠢ ᠬᠠᠷᠢᠯᠴᠠᠨ ᠤᠶᠠᠯᠳᠤᠭᠤᠯᠵᠤ᠂ ᠬᠢᠴᠢᠶᠡᠯ ᠲᠥᠷᠥᠯ ᠤᠨ ᠪᠠᠶᠢᠭᠤᠯᠤᠯᠲᠠ ᠬᠢᠭᠡᠳ ᠰᠤᠷᠭᠠᠭᠤᠯᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠦᠨᠡᠯᠡᠬᠦ ᠶᠢ ᠵᠡᠷᠭᠡ ᠳᠤ ᠨᠢ ᠶᠠᠪᠤᠭᠤᠯᠵᠤ᠂ ᠠᠳᠠᠯᠢ ᠪᠤᠰᠤ ᠰᠤᠷᠭᠠᠭᠤᠯᠢ ᠪᠠ ᠬᠢᠴᠢᠶᠡᠯ ᠲᠥᠷᠥᠯ ᠤᠨ ᠣᠨᠴᠠᠯᠢᠭ ᠢ ᠭᠦᠢᠴᠡᠳ ᠪᠣᠳᠣᠯᠬᠢᠯᠠᠨ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠬᠢᠭᠡᠳ ᠶᠡᠷᠦᠩᠬᠡᠢ ᠲᠥᠰᠥᠯ ᠤᠨ ᠲᠣᠬᠢᠷᠠᠯᠴᠠᠭᠰᠠᠨ ᠬᠡᠮᠵᠢᠶ᠎ᠡ᠂ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠭᠤᠣᠯ ᠪᠣᠯᠬᠤ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ᠂ ᠶᠡᠭᠡ ᠳᠡᠭᠡᠳᠦ ᠰᠤᠷᠭᠠᠭᠤᠯᠢ ᠵᠢᠴᠢ ᠬᠢᠴᠢᠶᠡᠯ ᠲᠥᠷᠥᠯ ᠢ ᠪᠠᠶᠢᠭᠤᠯᠬᠤ ᠳᠤ ᠭᠤᠷᠪᠠᠳᠠᠭᠴᠢ ᠲᠠᠯ᠎ᠠ ᠶᠢᠨ ᠬᠢᠨ ᠤ ᠦᠨᠡᠯᠡᠯᠲᠡ ᠳᠠᠬᠢ ᠢᠯᠡᠷᠡᠯ ᠤᠨ ᠬᠡᠮᠵᠢᠶ᠎ᠡ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠨ᠎ᠠ᠃      ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠮᠥᠷᠳᠡᠨ ᠦᠨᠡᠯᠡᠨ ᠵᠢᠱᠢᠵᠦ᠂ ᠪᠦᠲᠦᠭᠡᠨ ᠪᠠᠶᠢᠭᠤᠯᠤᠯᠲᠠ ᠶᠢᠨ ᠰᠡᠭᠦᠯᠴᠢ ᠶᠢᠨ ᠬᠤᠭᠤᠴᠠᠭᠠᠨ ᠳᠠᠬᠢ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠳᠤ ᠪᠦᠬᠦᠯᠢ ᠴᠣᠭᠴᠠ ᠶᠢᠨ ᠦᠨᠡᠯᠡᠯᠲᠡ ᠬᠢᠬᠦ ᠶᠢᠨ ᠬᠠᠮᠲᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠦᠨᠡᠯᠡᠯᠲᠡ ᠬᠢᠭᠰᠡᠨ ᠪᠠᠶᠢᠳᠠᠯ ᠢ ᠦᠨᠳᠦᠰᠦᠯᠡᠨ᠂ ᠳᠡᠮᠵᠢᠯᠭᠡ ᠶᠢᠨ ᠡᠷᠴᠢᠮ ᠪᠠ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠤᠨ᠎ᠠ᠃ ᠪᠣᠳᠠᠲᠠᠢ ᠪᠠᠷ ᠦᠨᠡᠯᠡᠯᠲᠡ ᠬᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠠ ᠠᠷᠭ᠎ᠠ ᠨᠢ ᠣᠳᠣᠬᠠᠨ ᠳᠤ ᠪᠠᠨ ᠮᠥᠨ ᠰᠤᠳᠤᠯᠤᠨ ᠲᠣᠭᠲᠠᠭᠠᠬᠤ ᠶᠠᠪᠤᠴᠠ ᠳᠤ ᠪᠠᠨ ᠪᠣᠢ᠃      9. ᠳᠠᠷᠠᠭᠠᠴᠢ ᠶᠢᠨ ᠠᠯᠬᠤᠮ ᠳᠤ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠢ︖      ᠬᠠᠷᠢᠭᠤᠯᠲᠠ᠄ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠪᠣᠯ ᠨᠢᠭᠡᠨ ᠤᠷᠲᠤ ᠬᠤᠭᠤᠴᠠᠭᠠᠨ ᠤ ᠡᠭᠦᠷᠭᠡ᠂ ᠮᠥᠨ ᠴᠤ ᠨᠢᠭᠡᠨ ᠰᠢᠰᠲ᠋ᠧᠮᠲᠦ ᠢᠨᠵᠧᠨᠧᠷᠢᠩ ᠪᠣᠯᠣᠨ᠎ᠠ᠃ ᠳᠠᠷᠠᠭᠠᠴᠢ ᠶᠢᠨ ᠠᠯᠬᠤᠮ ᠳᠤ ᠬᠠᠮᠵᠢᠯᠴᠠᠨ ᠠᠬᠢᠭᠤᠯᠬᠤ ᠲᠣᠭᠲᠠᠴᠠ ᠪᠠ ᠬᠠᠮᠲᠤᠷᠠᠨ ᠳᠡᠮᠵᠢᠬᠦ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠪᠠᠷ ᠪᠠᠶᠢᠭᠤᠯᠤᠨ᠎ᠠ᠃ ᠨᠢᠭᠡ ᠳᠤ᠂ ᠬᠥᠨᠳᠡᠯᠡᠨ ᠴᠢᠭᠯᠡᠯ ᠢᠶᠠᠷ ᠬᠠᠮᠵᠢᠯᠴᠠᠬᠤ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠪᠠᠷ ᠭᠤᠣᠯ ᠴᠣᠭᠴᠠ ᠪᠣᠯᠭᠠᠵᠤ᠂ ᠣᠷᠣᠨ ᠨᠤᠲᠤᠭ᠂ ᠰᠠᠯᠠᠭ᠎ᠠ ᠮᠥᠴᠢᠷ᠂ ᠠᠵᠢᠯ ᠲᠥᠷᠥᠯ᠃ ᠠᠵᠤ ᠦᠢᠯᠡᠰ᠂ ᠨᠡᠶᠢᠭᠡᠮ ᠤᠨ ᠡᠯ᠎ᠡ ᠭᠤᠣᠯ ᠴᠣᠭᠴᠠ ᠶᠢᠨ ᠬᠦᠴᠦᠨ ᠢ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠬᠤᠭᠤᠷᠣᠨᠳᠤᠬᠢ ᠬᠠᠮᠵᠢᠯᠴᠠᠭ᠎ᠠ ᠶᠢ ᠴᠢᠩᠭᠠᠳᠬᠠᠵᠤ᠂ ᠪᠦᠲᠦᠭᠡᠨ ᠪᠠᠶᠢᠭᠤᠯᠬᠤ ᠬᠠᠮᠲᠤᠷᠠᠭᠰᠠᠨ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠭᠤᠯᠳᠤ ᠴᠢᠭᠯᠡᠯ ᠢᠶᠠᠷ ᠬᠠᠮᠵᠢᠯᠴᠠᠬᠤ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠰᠤᠷᠭᠠᠭᠤᠯᠢ ᠡᠷᠬᠢᠯᠡᠬᠦ ᠡᠵᠡᠨ ᠮᠡᠳᠡᠬᠦ ᠡᠷᠬᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠬᠢᠬᠦ ᠴᠢᠳᠠᠪᠤᠷᠢ ᠪᠠ ᠵᠠᠰᠠᠯᠲᠠ ᠬᠢᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠳᠣᠲᠣᠭᠠᠳᠤ ᠳᠤ ᠪᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠬᠥᠲᠥᠯᠥᠨ ᠵᠢᠯᠣᠭᠤᠳᠬᠤ ᠪᠠ ᠰᠢᠮᠳᠠᠭᠤᠯᠬᠤ ᠦᠢᠯᠡᠳᠦᠯ ᠢ ᠪᠠᠳᠠᠷᠠᠭᠤᠯᠤᠨ᠂ ᠲᠣᠭᠲᠠᠴᠠ ᠪᠠᠷ ᠬᠠᠮᠵᠢᠯᠴᠠᠬᠤ ᠶᠢ ᠴᠢᠩᠭᠠᠳᠬᠠᠵᠤ᠂ ᠶᠠᠮᠤᠨ ᠤ ᠳᠣᠲᠣᠭᠠᠳᠤ ᠳᠤ ᠪᠠᠨ ᠬᠠᠮᠵᠢᠯᠴᠠᠬᠤ ᠂ ᠶᠠᠮᠤᠨ ᠨᠤᠭᠤᠳ ᠤᠨ ᠬᠤᠭᠤᠷᠣᠨᠳᠤ ᠪᠠᠨ ᠵᠣᠬᠢᠴᠠᠭᠤᠯᠬᠤ ᠵᠢᠴᠢ ᠶᠠᠮᠤᠨ ᠮᠤᠵᠢ ᠬᠠᠮᠲᠤ ᠪᠠᠷ ᠪᠦᠲᠦᠭᠡᠨ ᠪᠠᠶᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠵᠤ᠂ ᠪᠦᠲᠦᠭᠡᠨ ᠪᠠᠶᠢᠭᠤᠯᠬᠤ ᠶᠠᠪᠤᠴᠠ ᠳᠤ ᠵᠢᠯᠣᠭᠤᠳᠬᠤ ᠪᠠ ᠰᠢᠮᠳᠠᠭᠤᠯᠬᠤ ᠪᠠᠨ ᠴᠢᠩᠭᠠᠳᠬᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map