ᠲᠤᠰᠬᠠᠢ ᠮᠡᠷᠭᠡᠵᠢᠯᠲᠡᠳ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ︾᠎ ᠳᠤ ᠨᠠᠷᠢᠨ ᠲᠠᠶᠢᠯᠤᠮᠵᠢ ᠬᠢᠵᠡᠢ
ᠨᠡᠶᠢᠲᠡᠯᠡᠭᠰᠡᠨ ᠴᠠᠭ᠄
2018/9/19
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠷᠢ ᠶᠢ ᠬᠠᠰᠤᠨ᠂ ᠬᠥᠰᠢᠭᠦᠷᠭᠡ ᠶᠢ ᠳᠣᠷᠣᠭᠰᠢᠯᠠᠭᠤᠯᠬᠤ ᠶᠢ ᠠᠬᠢᠭᠤᠯᠬᠤ ᠡᠨᠡ ᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ ᠶᠠᠮᠠᠷ ᠪᠣᠳᠠᠲᠠᠢ ᠪᠥᠭᠡᠳ ᠴᠢᠩᠭ᠎ᠠ ᠠᠷᠭ᠎ᠠ ᠪᠣᠳᠣᠯᠭ᠎ᠠ ᠶᠢ ᠨᠡᠶᠢᠲᠡᠯᠡᠭᠰᠡᠨ ᠪᠣᠢ︖ ᠠᠵᠢᠯ ᠲᠥᠷᠥᠯ ᠤᠨ ᠲᠤᠰᠬᠠᠢ ᠮᠡᠷᠭᠡᠵᠢᠯᠲᠡᠳ ᠡᠨᠡ ᠲᠤᠬᠠᠢ ᠲᠠᠶᠢᠯᠤᠮᠵᠢ ᠬᠢᠵᠡᠢ᠃      ᠠᠯᠤᠰ ᠬᠡᠳᠦ ᠶᠢᠨ ᠪᠠ ᠨᠢᠳᠦᠨ ᠡᠮᠦᠨᠡᠬᠢ ᠶᠢ ᠨᠡᠶᠢᠲᠡ ᠳᠤ ᠨᠢ ᠬᠠᠷᠠᠭᠠᠯᠵᠠᠵᠤ ᠪᠠᠶᠢᠭᠠᠳ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡᠨ ᠤ ᠨᠣᠷᠮ᠎ᠠ ᠶᠢ ᠪᠠᠭᠤᠷᠠᠭᠤᠯᠬᠤ ᠬᠠᠷᠠᠯᠲᠠ ᠶᠢ ᠲᠣᠭᠲᠠᠭᠠᠪᠠ      ᠵᠢᠯᠣᠭᠤᠳᠬᠤ ᠰᠠᠨᠠᠯ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠬᠤ ᠦᠶ᠎ᠡ ᠳᠤ 2017 ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ ᠢᠶᠠᠷ ᠪᠠᠭᠤᠷᠠᠭᠤᠯᠬᠤ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ᠃      ︽ᠬᠥᠷᠥᠩᠭᠡ ᠥᠷᠢ ᠶᠢ ᠪᠦᠲᠦᠮᠵᠢᠲᠡᠢ ᠬᠢᠵᠠᠭᠠᠷᠯᠠᠬᠤ ᠳᠤ ᠲᠣᠳᠣᠷᠬᠠᠢ ᠬᠠᠷᠠᠯᠲᠠ ᠵᠣᠷᠢᠯᠭ᠎ᠠ ᠲᠠᠢ ᠠᠵᠢᠯᠯᠠᠬᠤ ᠶᠢ ᠱᠠᠭᠠᠷᠳᠠᠵᠤ ᠪᠠᠶᠢᠨ᠎ᠠ᠃︾ ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠯᠢ ᠱᠢ ᠭᠠᠩ ᠤᠨ ᠦᠵᠡᠬᠦ ᠪᠠᠷ᠂ ᠵᠢᠯᠣᠭᠤᠳᠬᠤ ᠰᠠᠨᠠᠯ ᠨᠢ ᠤᠯᠤᠰ ᠤᠨ ᠥᠮᠴᠢᠯᠡᠯᠲᠦ ᠠᠵᠤ ᠠᠬᠤᠢ ᠶᠢᠨ ᠥᠷᠢ ᠥᠷᠢ ᠶᠢ ᠬᠠᠰᠤᠨ᠂ ᠬᠥᠰᠢᠭᠦᠷᠭᠡ ᠶᠢ ᠳᠣᠷᠣᠭᠰᠢᠯᠠᠭᠤᠯᠬᠤ ᠠᠵᠢᠯ ᠳᠤ ᠢᠯᠡ ᠲᠣᠳᠣ ᠴᠠᠭ ᠤᠨ ᠬᠤᠪᠢᠶᠠᠷᠢ ᠪᠠ ᠡᠭᠦᠷᠭᠡ ᠶᠢᠨ ᠪᠢᠴᠢᠭ ᠢ ᠵᠢᠷᠤᠭᠯᠠᠵᠤ ᠥᠭᠴᠡᠢ᠃      ᠣᠳᠣᠬᠠᠨ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠨᠢ ᠮᠥᠨ ᠲᠤᠰ ᠠᠵᠢᠯ ᠲᠥᠷᠥᠯ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠠᠳᠠᠯᠢ ᠪᠤᠰᠤ ᠠᠵᠢᠯ ᠲᠥᠷᠥᠯ  ᠂ ᠠᠳᠠᠯᠢ ᠪᠤᠰᠤ ᠬᠡᠪᠴᠢᠶ᠎ᠡ ᠲᠠᠢ ᠠᠵᠤ ᠠᠬᠤᠶᠢᠯᠠᠯ  ᠤᠨ ᠬᠥᠷᠥᠩᠭᠡ ᠥᠷᠢ ᠶᠢᠨ ᠨᠣᠷᠮ᠎ᠠ ᠶᠢᠨ ᠵᠥᠷᠢᠶ᠎ᠡ ᠶᠢ ᠪᠣᠳᠣᠯᠬᠢᠯᠠᠨ᠂ 2020 ᠣᠨ ᠤ ᠰᠡᠭᠦᠯᠴᠢ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠶᠡᠷᠦᠩᠬᠡᠢ ᠬᠥᠷᠥᠩᠭᠡ ᠥᠷᠢ ᠶᠢᠨ ᠨᠣᠷᠮ᠎ᠠ ᠶᠢ 2 ᠵᠠᠭᠤᠨ ᠤ ᠴᠡᠭ ᠢᠶᠠᠷ ᠪᠠᠭᠤᠷᠠᠭᠤᠯᠵᠤ᠂ ᠶᠡᠬᠡᠩᠬᠢ ᠬᠡᠰᠡᠭ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠶᠢ ᠲᠤᠰ ᠠᠵᠢᠯ ᠲᠥᠷᠥᠯ ᠤᠨ ᠳᠤᠮᠳᠠᠴᠢ ᠥᠷᠲᠡᠭ ᠲᠠᠢ ᠣᠶᠢᠷᠠᠲᠤᠭᠤᠯᠤᠨ᠎ᠠ ᠭᠡᠵᠦ ᠲᠡᠷᠡ ᠢᠯᠡᠷᠬᠡᠶᠢᠯᠡᠵᠡᠢ᠃      ᠣᠳᠣᠬᠢ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠰᠢᠭᠦᠷᠭᠡ ᠶᠢ ᠦᠭᠡᠶᠢᠰᠬᠡᠬᠦ ᠠᠰᠠᠭᠤᠳᠠᠯ ᠳᠤ ᠴᠢᠭᠯᠡᠭᠦᠯᠦᠨ ᠪᠣᠳᠠᠳᠤ ᠬᠠᠷᠠᠯᠲᠠ ᠲᠠᠢ ᠬᠢᠵᠠᠭᠠᠷᠯᠠᠯ ᠢ ᠳᠤᠷᠠᠳᠬᠤ ᠠᠴᠠ ᠭᠠᠳᠠᠨ᠎ᠠ᠂ ᠵᠢᠯᠣᠭᠤᠳᠬᠤ ᠰᠠᠨᠠᠯ ᠳᠤ ᠪᠠᠰᠠ ᠤᠷᠲᠤ ᠬᠤᠭᠤᠴᠠᠭᠠᠲᠤ ᠴᠢᠨᠠᠷᠲᠠᠢ ᠬᠠᠷᠠᠯᠲᠠ ᠶᠢ ᠳᠤᠷᠠᠳᠤᠨ ᠭᠠᠷᠭᠠᠵᠤ᠂ 2020 ᠣᠨ ᠠᠴᠠ ᠬᠤᠶᠢᠰᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠶᠢ ᠦᠨᠳᠦᠰᠦᠨ ᠳᠤ ᠪᠠᠨ ᠠᠳᠠᠯᠢ ᠠᠵᠢᠯ ᠲᠥᠷᠥᠯ ᠤᠨ ᠠᠳᠠᠯᠢ ᠬᠡᠪᠴᠢᠶ᠎ᠡ ᠲᠠᠢ ᠠᠵᠤ ᠠᠬᠤᠶᠢᠯᠠᠯ ᠤᠨ ᠳᠤᠮᠳᠠᠴᠢ ᠬᠢᠷᠢ ᠲᠦᠪᠰᠢᠨ ᠳᠤ ᠪᠠᠶᠢᠯᠭᠠᠬᠤ ᠬᠡᠷᠡᠭᠲᠡᠢ ᠭᠡᠵᠦ ᠱᠠᠭᠠᠷᠳᠠᠪᠠ᠃      ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳ᠋ᠣᠺᠲ᠋ᠣᠷ ᠯᠢᠶᠠᠩ ᡁᠢ ᠪᠢᠩ ᠤᠨ ᠦᠵᠡᠬᠦ ᠪᠠᠷ᠂ ᠡᠶᠢᠮᠦᠷᠬᠦᠦ ᠲᠥᠯᠥᠪᠯᠡᠭᠡ ᠨᠢ ᠠᠯᠤᠰ ᠬᠡᠳᠦ ᠶᠢᠨ ᠪᠠ ᠨᠢᠳᠦᠨ ᠡᠮᠦᠨᠡᠬᠢ ᠶᠢ ᠨᠡᠶᠢᠲᠡ ᠳᠤ ᠎ ᠨᠢ ᠬᠠᠷᠠᠭᠠᠯᠵᠠᠵᠤ᠂ ᠣᠬᠤᠷᠬᠠᠨ ᠬᠤᠭᠤᠴᠠᠭᠠᠨ ᠤ ᠳᠣᠲᠣᠷ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠰᠢᠭᠦᠷᠭᠡ ᠶᠢ ᠳᠣᠷᠣᠭᠰᠢᠯᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠶᠢ ᠪᠡᠶᠡᠯᠡᠭᠦᠯᠬᠦ ᠪᠠᠷ ᠪᠠᠷᠠᠬᠤ ᠦᠭᠡᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠳᠣᠷᠣᠭᠰᠢᠯᠠᠭᠰᠠᠨ ᠤ ᠳᠠᠷᠠᠭ᠎ᠠ ᠤᠷᠲᠤ ᠬᠤᠭᠤᠴᠠᠭᠠᠨ ᠤ ᠳᠣᠲᠣᠷ᠎ᠠ ᠳᠠᠬᠢᠨ ᠰᠡᠷᠭᠦᠨ ᠳᠡᠭᠡᠭᠰᠢᠯᠡᠬᠦ ᠦᠭᠡᠢ ᠪᠠᠶᠢᠬᠤ ᠶᠢ ᠪᠠᠲᠤᠯᠠᠨ᠎ᠠ᠃      ︽ᠬᠤᠶᠠᠷ ᠵᠤᠷᠪᠤᠰ ᠱᠤᠭᠤᠮ︾᠎ ᠢ ᠬᠤᠪᠢᠶᠠᠷᠢᠯᠠᠨ ᠲᠣᠭᠲᠠᠭᠠᠵᠤ᠂ ︽ᠬᠤᠶᠠᠷ ᠵᠦᠢᠯ ᠤᠨ ᠨᠡᠷᠡᠰ︾᠎ ᠢ ᠵᠢᠭᠰᠠᠭᠠᠪᠠ      ᠵᠢᠯᠣᠭᠤᠳᠬᠤ ᠰᠠᠨᠠᠯ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢ ᠬᠢᠵᠠᠭᠠᠷᠯᠠᠬᠤ ᠳᠤ ᠬᠥᠷᠥᠩᠭᠡ ᠥᠷᠢ ᠶᠢᠨ ᠨᠣᠷᠮ᠎ᠠ ᠪᠠᠷ ᠰᠠᠭᠤᠷᠢ ᠪᠣᠯᠭᠠᠨ ᠭᠦᠢᠴᠡᠳᠬᠡᠯ ᠲᠤᠭ᠎ᠠ ᠶᠢ ᠬᠢᠵᠠᠭᠠᠷᠯᠠᠵᠤ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠲᠥᠷᠥᠯ ᠬᠡᠯᠪᠡᠷᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ  ᠃  ᠵᠠᠷᠴᠢᠮ ᠳᠡᠭᠡᠷ᠎ᠡ ᠪᠠᠨ᠂ ᠲᠤᠰ ᠠᠵᠢᠯ ᠲᠥᠷᠥᠯ ᠤᠨ ᠢᠶᠠᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠳᠡᠭᠡᠷ᠎ᠡ ᠵᠢᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠪᠠᠷ ᠪᠠᠷᠢᠮᠵᠢᠶᠠᠲᠤ ᠱᠤᠭᠤᠮ ᠪᠣᠯᠭᠠᠵᠤ  ᠂ 5 ᠵᠠᠭᠤᠨ ᠤ ᠴᠡᠭ ᠨᠡᠮᠡᠭᠳᠡᠭᠦᠯᠬᠦ ᠪᠠᠷ ᠰᠡᠷᠡᠮᠵᠢᠯᠡᠭᠦᠯᠬᠦ ᠱᠤᠭᠤᠮ ᠪᠣᠯᠭᠠᠨ  ᠂ 10 ᠵᠠᠭᠤᠨ ᠤ ᠴᠡᠭ ᠨᠡᠮᠡᠭᠳᠡᠭᠦᠯᠬᠦ ᠎ ᠪᠠᠷ ᠭᠤᠣᠯᠳᠠᠯᠭ᠎ᠠ  ᠎ ᠲᠠᠢ ᠪᠠᠷ ᠬᠢᠨᠠᠨ ᠬᠠᠮᠢᠶᠠᠷᠬᠤ ᠱᠤᠭᠤᠮ ᠪᠣᠯᠭᠠᠨ᠎ᠠ ᠭᠡᠵᠦ ᠳᠤᠷᠠᠳᠤᠨ ᠭᠠᠷᠭᠠᠵᠠᠢ᠃      ᠵᠢᠯᠣᠭᠤᠳᠬᠤ ᠰᠠᠨᠠᠯ ᠳᠤ᠂ ᠬᠥᠷᠥᠩᠭᠡ ᠥᠷᠢ ᠶᠢᠨ ᠨᠣᠷᠮ᠎ᠠ ᠨᠢ ᠳᠡᠭᠡᠷ᠎ᠡ ᠶᠠᠷᠢᠭᠰᠠᠨ ︽ᠬᠤᠶᠠᠷ ᠵᠤᠷᠪᠤᠰ ᠱᠤᠭᠤᠮ︾᠎ ᠢ ᠳᠠᠪᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠪᠠᠶᠢᠭ᠎ᠠ ᠠᠵᠢᠯ ᠲᠥᠷᠥᠯ᠂ ᠬᠥᠭᠵᠢᠯᠲᠡ ᠶᠢᠨ ᠱᠠᠲᠤ ᠦᠶ᠎ᠡ᠂ ᠥᠷᠢ ᠥᠭᠴᠡᠭᠡᠨ ᠤ ᠲᠥᠷᠥᠯ ᠬᠡᠯᠪᠡᠷᠢ ᠬᠢᠭᠡᠳ ᠬᠤᠭᠤᠴᠠᠭ᠎ᠠ ᠬᠢᠵᠠᠭᠠᠷ ᠤᠨ ᠪᠦᠲᠦᠴᠡ᠂ ᠵᠢᠴᠢ ᠭᠦᠢᠯᠭᠡᠭᠡᠨ ᠤ ᠬᠠᠷᠢᠴᠠᠯ᠂ ᠡᠵᠡᠩᠨᠡᠯᠲᠡ ᠶᠢᠨ ᠠᠵᠢᠯᠯᠠᠭ᠎ᠠ ᠳᠠᠬᠢ ᠪᠡᠯᠡᠨ ᠮᠥᠩᠭᠦ ᠶᠢᠨ ᠭᠦᠢᠯᠭᠡᠭᠡ ᠵᠡᠷᠭᠡ ᠠᠯᠢ ᠣᠯᠠᠨ ᠭᠦᠢᠴᠡᠳᠬᠡᠯ ᠲᠤᠭ᠎ᠠ ᠳᠤ ᠶᠡᠷᠦᠩᠬᠡᠢ ᠵᠠᠳᠠᠯᠤᠯᠲᠠ ᠬᠢᠵᠦ᠂ ᠲᠡᠭᠦᠨ ᠤ ᠲᠦᠭᠰᠢᠭᠦᠷᠢ ᠶᠢᠨ ᠶᠡᠭᠡ ᠪᠠᠭ᠎ᠠ ᠶᠢᠨ ᠬᠡᠮᠵᠢᠶ᠎ᠡ ᠶᠢ ᠦᠨᠡᠯᠡᠨ ᠵᠢᠱᠢᠬᠦ ᠶᠢᠨ ᠬᠠᠮᠲᠤ᠂ ᠭᠤᠣᠯᠳᠠᠯᠭ᠎ᠠ ᠲᠠᠢ ᠪᠠᠷ ᠠᠩᠬᠠᠷᠤᠯ ᠲᠠᠯᠪᠢᠬᠤ ᠪᠠ ᠭᠤᠣᠯᠳᠠᠯᠭ᠎ᠠ ᠲᠠᠢ ᠪᠠᠷ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠡᠷᠡᠰ ᠢ ᠵᠢᠭᠰᠠᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠠᠵᠢᠯ ᠲᠥᠷᠥᠯ ᠤᠨ ᠲᠤᠰᠬᠠᠢ ᠮᠡᠷᠭᠡᠵᠢᠯᠲᠡᠳ ᠠᠴᠠ᠂ ᠳᠡᠭᠡᠷ᠎ᠡ ᠶᠠᠷᠢᠭᠰᠠᠨ ᠲᠣᠬᠢᠷᠠᠭᠤᠯᠤᠯᠲᠠ ᠨᠢ ᠨᠢᠭᠡ ᠲᠠᠯ᠎ᠠ ᠪᠠᠷ ᠪᠦᠬᠦ ᠲᠠᠯ᠎ᠠ ᠪᠠᠷ ᠬᠠᠮᠤᠷᠤᠭᠤᠯᠬᠤ ᠶᠢ ᠴᠢᠬᠤᠯᠠᠴᠢᠯᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠦᠬᠦᠨ ᠢ ᠬᠥᠷᠥᠩᠭᠡ ᠥᠷᠢ ᠶᠢ ᠬᠢᠵᠠᠭᠠᠷᠯᠠᠨ ᠬᠠᠮᠢᠶᠠᠷᠬᠤ ᠪᠠᠶᠢᠭᠤᠯᠤᠯ ᠳᠤ ᠣᠷᠣᠭᠤᠯᠤᠨ᠎ᠠ︔ ᠨᠥᠭᠦᠭᠡ ᠲᠠᠯ᠎ᠠ ᠪᠠᠷ ᠵᠥᠷᠢᠶᠡᠲᠦ ᠴᠢᠨᠠᠷ ᠢ ᠨᠡᠶᠢᠲᠡ ᠳᠤ ᠨᠢ ᠬᠠᠷᠠᠭᠠᠯᠵᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠪᠠ ᠠᠵᠤ ᠠᠬᠤᠶᠢᠯᠠᠯ ᠤᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠨ᠂ ᠬᠥᠷᠥᠩᠭᠡ ᠥᠷᠢ ᠶᠢᠨ ᠨᠣᠷᠮ᠎ᠠ ᠨᠢ ᠥᠨᠳᠥᠷ᠂ ᠥᠷᠢ ᠥᠭᠴᠡᠭᠡᠨ ᠤ ᠲᠦᠭᠰᠢᠭᠦᠷᠢ ᠨᠢ ᠥᠨᠳᠥᠷ ᠠᠵᠤ ᠠᠬᠤᠶᠢᠯᠠᠯ ᠳᠤ ᠲᠤᠶᠢᠯ ᠤᠨ ᠣᠨᠣᠪᠴᠢᠲᠠᠢ ᠬᠢᠵᠠᠭᠠᠷᠯᠠᠯ ᠶᠠᠪᠤᠭᠤᠯᠬᠤ ᠶᠢ ᠠᠯᠢ ᠴᠢᠳᠠᠬᠤ ᠪᠠᠷ ᠪᠡᠶᠡᠯᠡᠭᠦᠯᠵᠦ᠂ ︽ᠨᠢᠭᠡ ᠯᠡ ᠪᠠᠷᠢᠮᠵᠢᠶ᠎ᠠ ᠱᠤᠭᠤᠮ ᠢᠶᠠᠷ ᠲᠠᠰᠤᠯᠬᠤ︾᠎ ᠨᠢ ᠴᠢᠨᠠᠷ ᠰᠠᠶᠢᠲᠠᠢ ᠠᠵᠤ ᠠᠬᠤᠶᠢᠯᠠᠯ ᠳᠤ ︽ᠠᠳᠡᠭᠦᠷᠡᠯ ᠬᠤᠣᠷᠯᠠᠯ︾᠎ ᠢ ᠪᠣᠢ ᠪᠣᠯᠭᠠᠬᠤ ᠠᠴᠠ ᠵᠠᠶᠢᠯᠠᠰᠬᠢᠨ᠎ᠠ ᠭᠡᠵᠦ ᠢᠯᠡᠷᠬᠡᠶᠢᠯᠡᠵᠡᠢ᠃      ᠳᠣᠲᠣᠭᠠᠳᠤ ᠭᠠᠳᠠᠭᠠᠳᠤ ᠪᠠᠷ ᠢᠶᠠᠨ ᠬᠠᠮᠵᠢᠯᠴᠠᠭᠰᠠᠨ ︽ᠬᠠᠮ ᠠᠷᠭ᠎ᠠ ᠪᠣᠳᠣᠯᠭ᠎ᠠ︾᠎ ᠶᠢ ᠪᠣᠢ ᠪᠣᠯᠭᠠᠪᠠ      ᠵᠢᠯᠣᠭᠤᠳᠬᠤ ᠰᠠᠨᠠᠯ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯ ᠬᠥᠷᠥᠩᠭᠡ ᠥᠷᠢ ᠶᠢᠨ ᠬᠢᠵᠠᠭᠠᠷᠯᠠᠯ ᠢ ᠨᠠᠶᠢᠳᠠᠪᠤᠷᠢᠵᠢᠭᠤᠯᠬᠤ ᠨᠢᠭᠡᠳᠦᠭᠡᠷ ᠬᠠᠷᠢᠭᠤᠴᠠᠯᠭᠠᠲᠤ ᠭᠤᠣᠯ ᠴᠣᠭᠴᠠ ᠪᠣᠯᠬᠤ ᠶᠢᠨ ᠬᠠᠮᠲᠤ᠂ ᠬᠥᠷᠥᠩᠭᠡ ᠥᠷᠢ ᠶᠢᠨ ᠨᠣᠷᠮ᠎ᠠ ᠪᠠ ᠬᠥᠷᠥᠩᠭᠡ ᠥᠷᠢ ᠶᠢᠨ ᠪᠦᠲᠦᠴᠡ ᠶᠢ ᠵᠦᠢ ᠵᠣᠬᠢᠰᠲᠠᠢ ᠲᠣᠬᠢᠷᠠᠭᠤᠯᠬᠤ  ᠂ ᠳᠣᠲᠣᠭᠠᠳᠤ ᠢᠷᠡᠯᠲᠡ ᠶᠢᠨ ᠴᠢᠨᠠᠷᠲᠠᠢ ᠬᠥᠷᠥᠩᠭᠡ ᠬᠤᠷᠠᠮᠳᠤᠭᠤᠯᠬᠤ ᠴᠢᠳᠠᠪᠤᠷᠢ ᠶᠢ ᠴᠢᠩᠭᠠᠷᠠᠭᠤᠯᠬᠤ ᠵᠡᠷᠭᠡ ᠎ ᠶᠢᠨ ᠲᠣᠭᠤᠷᠢᠨ ᠳᠤ ᠥᠪᠡᠷ ᠎ ᠢ ᠪᠠᠨ ᠬᠢᠵᠠᠭᠠᠷᠯᠠᠬᠤ ᠠᠯᠢ ᠣᠯᠠᠨ ᠲᠣᠭᠲᠠᠴᠠ ᠶᠢ ᠲᠣᠬᠢᠷᠠᠭᠤᠯᠤᠨ᠎ᠠ ᠭᠡᠵᠦ ᠲᠣᠳᠣᠷᠬᠠᠶᠢᠯᠠᠪᠠ᠃ ᠡᠭᠦᠨ ᠤ ᠬᠠᠮᠲᠤ᠂ ᠵᠢᠯᠣᠭᠤᠳᠬᠤ ᠰᠠᠨᠠᠯ ᠳᠤ ᠪᠠᠰᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠭᠠᠳᠠᠭᠠᠳᠤ ᠬᠢᠵᠠᠭᠠᠷᠯᠠᠯ ᠢ ᠴᠢᠩᠭᠠᠷᠠᠭᠤᠯᠬᠤ ᠬᠡᠷᠡᠭᠲᠡᠢ᠃ ᠲᠡᠭᠦᠨ ᠤ ᠳᠣᠲᠣᠷ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠥᠨᠳᠥᠷ ᠥᠷᠢ ᠥᠭᠴᠡᠭᠡᠲᠦ ᠠᠵᠤ ᠠᠬᠤᠶᠢᠯᠠᠯ ᠳᠤ ᠬᠠᠮᠵᠢᠯᠴᠠᠨ ᠬᠢᠵᠠᠭᠠᠷᠯᠠᠬᠤ ᠶᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠵᠢᠯᠣᠭᠤᠳᠬᠤ ᠰᠠᠨᠠᠯ ᠳᠤ ᠭᠤᠣᠯᠳᠠᠯᠭ᠎ᠠ ᠲᠠᠢ ᠪᠠᠷ ᠠᠩᠬᠠᠷᠤᠯ ᠲᠠᠯᠪᠢᠬᠤ ᠠᠵᠤ ᠠᠬᠤᠶᠢᠯᠠᠯ ᠪᠠ ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠢᠶᠠᠷ ᠵᠢᠭᠰᠠᠭᠠᠭᠳᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠪᠡᠯᠡ ᠲᠣᠬᠢᠷᠠᠭᠤᠯᠬᠤ ᠬᠢᠵᠠᠭᠠᠷᠯᠠᠯ ᠢ ᠲᠣᠬᠢᠷᠠᠭᠤᠯᠪᠠ᠃ ᠵᠢᠱᠢᠶᠡᠯᠡᠪᠡᠯ᠂ ᠭᠤᠣᠯᠳᠠᠯᠭ᠎ᠠ ᠲᠠᠢ ᠪᠠᠷ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠠᠷᠴᠢᠮ ᠳᠡᠭᠡᠷ᠎ᠡ ᠪᠠᠨ ᠲᠡᠭᠦᠨ ᠳᠤ ᠰᠢᠨ᠎ᠡ ᠪᠠᠷ ᠥᠷᠢ ᠥᠭᠴᠡᠭᠡᠨ ᠤ ᠪᠡᠯᠡ ᠲᠣᠬᠢᠷᠠᠭᠤᠯᠤᠯᠲᠠ ᠨᠡᠮᠡᠵᠦ ᠪᠣᠯᠬᠤ ᠦᠭᠡᠢ᠃      ᠵᠢᠯᠣᠭᠤᠳᠬᠤ ᠰᠠᠨᠠᠯ ᠨᠢ ᠨᠠᠷᠢᠯᠢᠭ ᠲᠥᠯᠥᠪᠯᠡᠭᠡ ᠬᠢᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠯᠳᠤᠭᠤᠯᠤᠨ ᠥᠭᠡᠷᠡᠴᠢᠯᠡᠬᠦ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠶᠢ ᠨᠡᠮᠡᠭᠳᠡᠭᠦᠯᠬᠦ᠂ ᠵᠠᠬ᠎ᠠ ᠳᠡᠯᠭᠡᠭᠦᠷᠴᠢᠯᠡᠭᠰᠡᠨ ᠥᠷᠢ ᠥᠷᠢ ᠶᠢ ᠰᠲ᠋ᠣᠺ ᠲᠤ ᠰᠢᠯᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠥᠰᠢᠭᠦᠷᠭᠡ ᠪᠠᠨ ᠳᠣᠷᠣᠭᠰᠢᠯᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠨᠢ᠂ ᠦᠨᠡᠨ ᠳᠤ ᠪᠠᠨ ᠠᠵᠤ ᠠᠬᠤᠶᠢᠯᠠᠯ ᠤᠨ ᠬᠥᠭᠵᠢᠯᠲᠡ ᠶᠢᠨ ᠵᠠᠭᠪᠤᠷ ᠢᠶᠠᠨ ᠬᠤᠪᠢᠷᠠᠭᠤᠯᠬᠤ ᠪᠠ ᠥᠭᠡᠷᠡᠴᠢᠯᠡᠯᠲᠡ ᠪᠠᠨ ᠭᠦᠨᠵᠡᠭᠡᠶᠢᠷᠡᠭᠦᠯᠬᠦ ᠶᠢ ︽ᠭᠡᠳᠡᠷᠭᠡᠨ ᠰᠢᠬᠠᠮᠳᠠᠭᠤᠯᠵᠤ︾᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡᠨ ᠤ ᠥᠪᠡᠷ ᠢ ᠪᠠᠨ ᠬᠢᠵᠠᠭᠠᠷᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠠᠪᠤᠳᠠᠯ ᠪᠣᠯᠣᠨ᠎ᠠ ᠭᠡᠵᠦ ᠯᠢᠶᠠᠩ ᡁᠢ ᠪᠢᠩ ᠬᠡᠯᠡᠵᠡᠢ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠥᠩᠭᠦᠨ ᠭᠦᠢᠯᠭᠡᠭᠡᠨ ᠤ ᠭᠠᠵᠠᠷ ᠤᠨ ᠪᠠᠩᠬᠢ ᠶᠢᠨ ᠰᠤᠳᠤᠯᠭᠠᠨ ᠤ ᠠᠯᠪᠠᠨ ᠭᠡᠷ ᠤᠨ ᠡᠷᠬᠢᠯᠡᠭᠴᠢ ᠽᠧᠩ ᠭᠠᠩ᠂ ᠳᠣᠲᠣᠭᠠᠳᠤ ᠭᠠᠳᠠᠭᠠᠳᠤ ᠶᠢᠨ ᠬᠢᠵᠠᠭᠠᠷᠯᠠᠯ ᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠭᠡᠮ ᠤᠨ ᠢᠲᠡᠭᠡᠮᠵᠢ ᠶᠢᠨ ᠬᠠᠮᠲᠤ ᠪᠠᠷ ᠬᠢᠵᠠᠭᠠᠷᠯᠠᠬᠤ ᠶᠢ ᠪᠡᠶᠡᠯᠡᠭᠦᠯᠬᠦ ᠨᠢ᠂ ᠬᠢᠵᠠᠭᠠᠷᠯᠠᠯ ᠤᠨ ᠪᠦᠲᠦᠮᠵᠢᠲᠡᠢ ᠴᠢᠨᠠᠷ ᠪᠠ ᠬᠡᠷᠡᠭᠵᠢᠭᠦᠯᠦᠭᠦᠰᠢᠲᠡᠢ ᠴᠢᠨᠠᠷ ᠢ ᠳᠡᠭᠡᠭᠰᠢᠯᠡᠭᠦᠯᠬᠦ ᠪᠣᠯᠣᠨ᠎ᠠ ᠭᠡᠵᠦ ᠦᠵᠡᠵᠦ ᠪᠠᠶᠢᠨ᠎ᠠ᠃      ᠵᠠᠰᠠᠭ ᠤᠨ ᠣᠷᠳᠣᠨ ᠤ ᠥᠷᠢ ᠥᠷᠢ ᠬᠢᠭᠡᠳ ᠠᠵᠤ ᠠᠬᠤᠶᠢᠯᠠᠯ ᠤᠨ ᠥᠷᠢ ᠥᠭᠴᠡᠭᠡᠨ ᠤ ᠵᠠᠭᠠᠭ ᠬᠢᠵᠠᠭᠠᠷ ᠢ ᠢᠯᠭᠠᠨ ᠲᠣᠳᠣᠷᠬᠠᠶᠢᠯᠠᠪᠠ      ᠦᠢᠯᠡᠳᠦᠯᠭᠡ ᠶᠢᠨ ᠳᠤᠮᠳᠠ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠷᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠷᠢ ᠶᠢᠨ ᠬᠠᠷᠢᠯᠴᠠᠨ ᠣᠷᠢᠶᠠᠴᠠᠯᠳᠤᠭᠰᠠᠨ ᠪᠠᠶᠢᠭᠤᠯᠤᠯ ᠤᠨ ᠪᠡᠭᠡ ᠠᠰᠠᠭᠤᠳᠠᠯ ᠢ ᠬᠡᠷᠬᠢᠨ ᠰᠢᠢᠳᠪᠦᠷᠢᠯᠡᠬᠦ ᠨᠢ ᠡᠯ᠎ᠡ ᠲᠠᠯ᠎ᠠ ᠶᠢᠨ ᠬᠢᠨ ᠤ ᠠᠩᠬᠠᠷᠤᠯ ᠢ ᠲᠠᠲᠠᠵᠤ ᠪᠠᠶᠢᠨ᠎ᠠ᠃      ᠵᠢᠯᠣᠭᠤᠳᠬᠤ ᠰᠠᠨᠠᠯ ᠳᠤ ᠠᠯᠢ ᠣᠯᠠᠨ ᠱᠠᠭᠠᠷᠳᠠᠯᠭ᠎ᠠ ᠳᠤᠷᠠᠳᠤᠭᠰᠠᠨ ᠨᠢ᠂ ︽ᠵᠠᠰᠠᠭ ᠤᠨ ᠣᠷᠳᠣᠨ ᠤ ᠥᠷᠢ ᠥᠷᠢ ᠬᠢᠭᠡᠳ ᠠᠵᠤ ᠠᠬᠤᠶᠢᠯᠠᠯ ᠤᠨ ᠥᠷᠢ ᠥᠭᠴᠡᠭᠡᠨ ᠤ ᠵᠠᠭᠠᠭ ᠬᠢᠵᠠᠭᠠᠷ ᠢ ᠢᠯᠭᠠᠨ ᠲᠣᠳᠣᠷᠬᠠᠶᠢᠯᠠᠬᠤ︾ ᠡᠷᠡᠰ ᠴᠢᠩᠭ᠎ᠠ ᠣᠪᠣᠷ ᠢ ᠢᠯᠡᠷᠡᠭᠦᠯᠪᠡ᠄      —— ᠣᠷᠣᠨ ᠨᠤᠲᠤᠭ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠥᠷᠢ ᠥᠭᠴᠡᠭᠡᠨ ᠤ ᠬᠡᠯᠪᠡᠷᠢ ᠪᠠᠷ ᠨᠢᠭᠤᠭᠳᠠᠮᠠᠯ ᠴᠢᠨᠠᠷᠲᠤ ᠥᠷᠢ ᠥᠷᠢ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃      —— ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠠᠴᠠ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠬᠦ ᠪᠤᠶᠤ ᠬᠡᠯᠪᠡᠷᠢ ᠥᠭᠡᠷᠡᠲᠦᠭᠦᠯᠵᠦ ᠪᠠᠶᠢᠭᠠᠳ ᠤᠯᠤᠰ ᠤᠨ ᠥᠮᠴᠢᠯᠡᠯᠲᠦ ᠠᠵᠤ ᠠᠬᠤᠶᠢᠯᠠᠯ ᠢᠶᠠᠷ ᠳᠠᠮᠵᠢᠨ ᠵᠢᠭᠡᠯᠡᠯᠭᠡ ᠵᠢᠭᠡᠯᠡᠬᠦ ᠶᠢ ᠴᠠᠭᠠᠵᠠᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠵᠦ ᠣᠷᠣᠨ ᠨᠤᠲᠤᠭ ᠤᠨ ᠵᠠᠰᠠᠭ ᠤᠨ ᠣᠷᠳᠣᠨ ᠳᠤ ᠪᠡᠯᠡ ᠲᠣᠬᠢᠷᠠᠭᠤᠯᠤᠯᠲᠠ ᠬᠠᠩᠭᠠᠬᠤ ᠪᠤᠶᠤ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠬᠠᠮᠵᠢᠯᠴᠠᠵᠤ ᠬᠡᠯᠪᠡᠷᠢ ᠥᠭᠡᠷᠡᠲᠦᠭᠦᠯᠦᠨ ᠵᠢᠭᠡᠯᠡᠯᠭᠡ ᠵᠢᠭᠡᠯᠡᠬᠦ ᠶᠢ ᠴᠠᠭᠠᠵᠠᠯᠠᠨ᠎ᠠ᠃      —— ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠨ ᠪᠡᠯᠡ ᠲᠣᠬᠢᠷᠠᠭᠤᠯᠤᠯᠲᠠ ᠬᠠᠩᠭᠠᠭᠰᠠᠨ ᠪᠤᠶᠤ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠬᠠᠮᠵᠢᠯᠴᠠᠵᠤ ᠬᠡᠯᠪᠡᠷᠢ ᠥᠭᠡᠷᠡᠲᠦᠭᠦᠯᠦᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠨᠢ ᠬᠠᠤᠯᠢ ᠶᠣᠰᠣᠭᠠᠷ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠡᠭᠦᠨ ᠠᠴᠠ ᠭᠠᠳᠠᠨ᠎ᠠ᠂ ᠵᠢᠯᠣᠭᠤᠳᠬᠤ ᠰᠠᠨᠠᠯ ᠳᠤ ᠪᠠᠰᠠ ᠡᠯ᠎ᠡ ᠱᠠᠲᠤᠨ ᠤ ᠵᠠᠰᠠᠭ ᠤᠨ ᠣᠷᠳᠣᠨ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠴᠤ᠂ ᠡᠩ ᠤᠨ ᠪᠠᠶᠢᠳᠠᠯ ᠳᠣᠣᠷ᠎ᠠ ᠵᠠᠰᠠᠭ ᠤᠨ ᠣᠷᠳᠣᠨ ᠪᠤᠶᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠥᠪᠡᠷ ᠤᠨ ᠡᠭᠦᠷᠭᠡᠯᠡᠪᠡᠰᠦ ᠵᠣᠬᠢᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢᠶᠠᠷ ᠡᠭᠦᠷᠭᠡᠯᠡᠭᠦᠯᠬᠦ ᠪᠠᠷ ᠠᠯᠪᠠᠳᠠᠨ ᠱᠠᠭᠠᠷᠳᠠᠵᠤ ᠪᠣᠯᠬᠤ ᠦᠭᠡᠢ᠃ ︽ᠭᠤᠷᠪᠠᠨ ᠬᠠᠩᠭᠠᠯᠭ᠎ᠠ ᠨᠢᠭᠡ ᠦᠢᠯᠡᠰ︾᠎ ᠢ ᠰᠠᠯᠭᠠᠵᠤ ᠰᠢᠯᠵᠢᠭᠦᠯᠦᠨ ᠲᠤᠰᠢᠶᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ ᠡᠳᠡᠭᠡᠷ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠶᠢᠨ ᠨᠡᠶᠢᠭᠡᠮ ᠤᠨ ᠦᠢᠯᠡᠰ ᠡᠷᠬᠢᠯᠡᠬᠦ ᠬᠠᠷᠢᠭᠤᠴᠠᠯᠭ᠎ᠠ ᠶᠢ ᠬᠠᠰᠤᠨ ᠬᠥᠩᠭᠡᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ ᠳᠤ ᠠᠰᠢᠭᠲᠠᠢ ᠪᠠᠶᠢᠳᠠᠭ᠃      ᠣᠯᠠᠨ ᠵᠦᠢᠯ ᠤᠨ ᠲᠥᠬᠦᠷᠵᠢᠭᠰᠡᠨ ᠠᠷᠭ᠎ᠠ ᠨᠢ ᠬᠥᠰᠢᠭᠦᠷᠭᠡ ᠶᠢ ᠦᠭᠡᠶᠢᠰᠬᠡᠬᠦ ᠬᠦᠴᠢᠷᠳᠡᠯ ᠪᠠ ᠡᠮᠵᠡᠭ ᠢ ᠰᠢᠪᠲᠤᠯᠬᠤ ᠳᠤ ᠬᠦᠴᠦᠯᠡᠨ ᠴᠢᠭᠯᠡᠪᠡ      ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢ ᠬᠢᠵᠠᠭᠠᠷᠯᠠᠬᠤ ᠰᠢᠨᠵᠢᠯᠡᠬᠦ ᠤᠬᠠᠭᠠᠴᠢ ᠪᠥᠭᠡᠳ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠪᠣᠯᠣᠨ᠎ᠠ᠃      ᠵᠢᠯᠣᠭᠤᠳᠬᠤ ᠰᠠᠨᠠᠯ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠯᠡᠳᠡᠭᠡᠯ ᠡᠳ᠋ ᠬᠥᠷᠥᠩᠭᠡ ᠶᠢ ᠭᠦᠢᠯᠭᠡᠭᠡᠨ ᠥᠷᠢ ᠥᠭᠴᠡᠭᠡᠨ ᠤ ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠯᠠᠨ ᠠᠷᠭ᠎ᠠ ᠵᠠᠮ ᠢᠶᠠᠷ ᠬᠥᠷᠥᠩᠭᠡ ᠪᠠᠨ ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠬᠤ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠠᠵᠤ ᠠᠬᠤᠶᠢᠯᠠᠯ ᠲᠠᠮᠫᠤᠤᠷᠠᠬᠤ ᠶᠢ ᠬᠡᠷᠡᠭᠵᠢᠭᠦᠯᠬᠦ ᠵᠡᠷᠭᠡ ᠶᠢᠨ ᠲᠣᠭᠤᠷᠢᠨ ᠳᠤ ᠨᠠᠷᠢᠨ ᠨᠢᠭᠲᠠ ᠲᠥᠬᠦᠷᠵᠢᠭᠰᠡᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠠᠢ᠃      ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠷᠢᠶᠡᠰᠦᠯᠡᠨ ᠳᠠᠭᠠᠭᠠᠴᠢᠯᠠᠬᠤ᠂ ᠬᠠᠮᠲᠤᠷᠠᠨ ᠠᠰᠢᠭᠯᠠᠬᠤ᠂ ᠡᠬᠢ ᠪᠠᠶᠠᠯᠢᠭ ᠢ ᠳᠠᠬᠢᠨ ᠲᠣᠬᠢᠷᠠᠭᠤᠯᠬᠤ᠂ ᠡᠳ᠋ ᠬᠥᠷᠥᠩᠭᠡ ᠪᠠᠨ ᠰᠣᠯᠢᠯᠴᠠᠬᠤ ᠪᠤᠶᠤ ᠬᠤᠳᠠᠯᠳᠤᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ ᠪᠠᠶᠢᠭᠠᠳ ᠰᠤᠯᠠ ᠪᠠᠶᠢᠭ᠎ᠠ ᠡᠳ᠋ ᠬᠥᠷᠥᠩᠭᠡ ᠶᠢᠨ ᠭᠦᠢᠯᠭᠡᠭᠡ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ︾᠂ ︽ᠬᠥᠷᠥᠩᠭᠡ ᠨᠢ ᠥᠷᠢ ᠳᠤ ᠪᠠᠨ ᠬᠦᠷᠬᠦ ᠦᠭᠡᠢ ᠥᠷᠢ ᠪᠠᠨ ᠪᠦᠬᠦᠨ ᠢ ᠲᠥᠯᠥᠪᠦᠷᠢᠯᠡᠬᠦ ᠴᠢᠳᠠᠪᠤᠷᠢ ᠪᠠᠨ ᠬᠦᠨᠳᠦ ᠨᠣᠴᠢᠲᠠᠢ ᠠᠯᠳᠠᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠺᠣᠮᠫᠠᠨᠢ ᠶᠢ ᠲᠠᠮᠫᠤᠤᠷᠠᠭᠤᠯᠵᠤ ᠳᠠᠬᠢᠨ ᠴᠡᠭᠴᠡᠯᠡᠬᠦ ᠪᠤᠶᠤ ᠢᠯᠭᠠᠷᠠᠭᠤᠯᠤᠨ ᠪᠣᠳᠣᠵᠤ᠂ ︿ᠲᠣᠮᠣ ᠪᠣᠯᠬᠤᠷ ᠲᠠᠮᠫᠤᠤᠷᠠᠵᠤ ᠥᠯᠥ ᠪᠣᠯᠬᠤ﹀ ᠪᠠᠶᠢᠳᠠᠯ ᠢ ᠡᠷᠡᠰ ᠰᠡᠷᠭᠡᠶᠢᠯᠡᠨ᠎ᠡ︾ ᠁      ᠵᠢᠯᠣᠭᠤᠳᠬᠤ ᠰᠠᠨᠠᠯ ᠳᠠᠬᠢ ᠴᠥᠭᠡᠨ ᠪᠤᠰᠤ ᠠᠷᠭ᠎ᠠ ᠬᠡᠮᠵᠢᠶ᠎ᠡ ᠪᠠ ᠳᠤᠷᠠᠳᠤᠯᠭ᠎ᠠ ᠨᠢ ᠵᠠᠬ᠎ᠠ ᠳᠡᠯᠭᠡᠭᠦᠷ ᠤᠨ ᠵᠢᠱᠢᠯᠲᠡ ᠠᠴᠠ ᠳᠠᠪᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠰᠢᠭᠦᠷᠭᠡ ᠪᠠᠨ ᠦᠭᠡᠶᠢᠰᠬᠡᠬᠦ ᠡᠮᠵᠡᠭ ᠢ ᠰᠢᠭᠤᠳ ᠵᠢᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠰᠢᠭᠦᠷᠭᠡ ᠪᠠᠨ ᠦᠭᠡᠶᠢᠰᠬᠡᠬᠦ ᠶᠢᠨ ᠬᠦᠴᠢᠷᠳᠡᠯ ᠢ ᠰᠢᠢᠳᠪᠦᠷᠢᠯᠡᠬᠦ ᠳᠤ ᠠᠰᠢᠭᠲᠠᠢ ᠭᠡᠵᠦ ᠽᠧᠩ ᠭᠠᠩ ᠢᠯᠡᠷᠬᠡᠶᠢᠯᠡᠵᠡᠢ᠃      ᠳᠠᠷᠠᠭᠠᠴᠢ ᠶᠢᠨ ᠠᠯᠬᠤᠮ ᠳᠤ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠴᠣᠭᠴᠠ ᠪᠠ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠠᠴᠠ ᠦᠨᠡᠨ ᠬᠦ ᠵᠢᠯᠣᠭᠤᠳᠬᠤ ᠰᠠᠨᠠᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠬᠦ ᠨᠢ᠂ ᠮᠠᠨ ᠤ ᠤᠯᠤᠰ ᠤᠨ ᠪᠡᠯᠡ ᠮᠥᠩᠭᠦ ᠶᠢᠨ ᠴᠢᠬᠤᠯᠠ ᠬᠦᠴᠦᠨ ᠵᠦᠢᠯ ᠳᠤ ᠲᠣᠬᠢᠷᠠᠭᠤᠯᠤᠯᠲᠠ ᠬᠢᠭᠰᠡᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠵᠠᠶᠢᠯᠠᠰᠢ ᠦᠭᠡᠢ ᠠᠬᠢᠭᠤᠯᠵᠤ᠂ ᠬᠤᠷᠸ᠎ᠠ ᠲᠠᠯ᠎ᠠ ᠶᠢᠨ ᠨᠢᠭᠤᠭᠳᠠᠮᠠᠯ ᠥᠷᠢ ᠥᠭᠴᠡᠭᠡᠨ ᠤ ᠲᠦᠭᠰᠢᠭᠦᠷᠢ ᠶᠢ ᠳᠣᠷᠣᠭᠰᠢᠯᠠᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢ ᠰᠢᠯᠢᠳᠡᠭᠵᠢᠭᠦᠯᠬᠦ ᠪᠠ ᠪᠤᠵᠠᠭᠠᠶᠢᠷᠠᠭᠤᠯᠤᠨ ᠬᠥᠭᠵᠢᠭᠦᠯᠬᠦ ᠶᠢ ᠠᠬᠢᠭᠤᠯᠤᠨ᠂ ᠠᠵᠤ ᠠᠬᠤᠢ ᠶᠢᠨ ᠲᠣᠭᠲᠠᠭᠤᠨ ᠡᠷᠡᠭᠦᠯ ᠪᠠ ᠴᠢᠨᠠᠷ ᠰᠠᠶᠢᠲᠠᠢ ᠪᠠᠷ ᠬᠥᠭᠵᠢᠬᠦ ᠶᠢ ᠪᠡᠶᠡᠯᠡᠭᠦᠯᠬᠦ ᠪᠣᠯᠣᠨ᠎ᠠ ᠭᠡᠵᠦ ᠯᠢᠶᠠᠩ ᡁᠢ ᠪᠢᠩ ᠦᠵᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map