ᠠᠵᠢᠯ ᠠᠯᠳᠠᠭᠰᠠᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠨᠢᠭᠡ︶
ᠨᠡᠶᠢᠲᠡᠯᠡᠭᠰᠡᠨ ᠴᠠᠭ᠄
2019/12/16
     ᠨᠢᠭᠡ᠂ ᠶᠠᠮᠠᠷ ᠶᠠᠮᠠᠷ ᠬᠥᠮᠥᠨ ᠠᠵᠢᠯ ᠠᠯᠳᠠᠭᠰᠠᠨ ᠳᠠᠭᠠᠳᠬᠠᠯ ᠳᠤ ᠣᠷᠣᠯᠴᠠᠬᠤ ᠴᠢᠬᠤᠯᠠᠲᠠᠢ ᠪᠣᠢ︖      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠬᠤᠲᠠ ᠪᠠᠯᠭᠠᠰᠤ ᠶᠢᠨ ᠡᠯ᠎ᠡ ᠲᠥᠷᠥᠯ ᠤᠨ ᠠᠵᠤ ᠠᠬᠤᠶᠢᠯᠠᠯ ᠬᠢᠭᠡᠳ ᠲᠡᠭᠦᠨ ᠤ ᠠᠵᠢᠯᠲᠠᠳ᠂ ᠠᠵᠢᠯ ᠦᠢᠯᠡᠰ ᠤᠨ ᠨᠢᠭᠡᠴᠢ ᠬᠢᠭᠡᠳ ᠲᠡᠭᠦᠨ ᠤ ᠠᠵᠢᠯᠲᠠᠳ᠂ ᠨᠡᠶᠢᠭᠡᠮ ᠤᠨ ᠪᠦᠯᠬᠦᠮ ᠨᠡᠶᠢᠲᠡ ᠬᠢᠭᠡᠳ ᠲᠡᠭᠦᠨ ᠤ ᠠᠵᠢᠯᠲᠠᠳ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠬᠢᠭᠡᠳ ᠲᠡᠭᠦᠨ ᠎ ᠤ ᠠᠵᠢᠯᠲᠠᠳ᠂ ᠤᠯᠤᠰ ᠤᠨ ᠪᠠᠶᠢᠭᠤᠯᠭ᠎ᠠ ᠪᠠ ᠲᠡᠭᠦᠨ ᠲᠠᠢ ᠬᠥᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠ᠊‍ᠶᠢᠭᠤᠯᠤᠭᠰᠠᠨ ᠠᠵᠢᠯᠲᠠᠳ ᠠᠴᠠ ᠠᠵᠢᠯ ᠠᠯᠳᠠᠭᠰᠠᠨ ᠳᠠᠭᠠᠳᠬᠠᠯ ᠳᠤ ᠣᠷᠣᠯᠴᠠᠨ᠎ᠠ᠃      ᠬᠤᠶᠠᠷ᠂ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ ᠶᠠᠭᠠᠬᠢᠵᠤ ᠲᠣᠭᠲᠠᠭᠠᠭᠰᠠᠨ ᠪᠣᠢ︖      ᠬᠠᠷᠢᠭᠤᠯᠲᠠ᠄ 2015 ᠣᠨ ᠠᠴᠠ 2019 ᠣᠨ ᠪᠣᠯᠲᠠᠯ᠎ᠠ᠂ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ ᠨᠣᠷᠮ᠎ᠠ ᠨᠢ ᠬᠡᠳᠦᠨ ᠤᠳᠠᠭᠠᠨ ᠤ ᠲᠣᠬᠢᠷᠠᠭᠤᠯᠤᠯᠲᠠ ᠪᠠᠷ ᠳᠠᠮᠵᠢᠭᠠᠳ᠂ ᠨᠢᠭᠡᠨᠲᠡ 3%᠎ ᠠᠴᠠ ᠳᠣᠷᠣᠭᠰᠢᠯᠠᠭᠠᠳ 1% ᠪᠣᠯᠵᠤ᠂ 1%᠎ ᠶᠢᠨ ᠰᠦᠢᠳᠬᠡᠯ ᠤᠨ ᠨᠣᠷᠮ᠎ᠠ ᠶᠢ 2020 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠲᠡᠭᠦᠨ ᠤ ᠳᠣᠲᠣᠷ᠎ᠠ᠂ ᠠᠵᠢᠯᠲᠠᠨ ᠬᠡᠷᠡᠭᠯᠡᠬᠦ ᠨᠢᠭᠡᠴᠢ ᠶᠢᠨ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ ᠨᠣᠷᠮ᠎ᠠ ᠨᠢ 2%᠎ ᠠᠴᠠ ᠳᠣᠷᠣᠭᠰᠢᠯᠠᠭᠠᠳ 0.5% ᠪᠣᠯᠪᠠ︔ ᠠᠵᠢᠯᠲᠠᠨ ᠬᠤᠪᠢ ᠬᠥᠮᠥᠨ ᠤ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ ᠨᠣᠷᠮ᠎ᠠ ᠨᠢ 1%᠎ ᠠᠴᠠ ᠳᠣᠷᠣᠭᠰᠢᠯᠠᠭᠠᠳ 0.5% ᠪᠣᠯᠪᠠ᠃ ᠪᠠᠶᠢᠭᠤᠯᠭ᠎ᠠ ᠨᠢᠭᠡᠴᠢ ᠶᠢᠨ ᠡᠯᠰᠡᠨ ᠬᠡᠷᠡᠭᠯᠡᠭᠰᠡᠨ ᠲᠠᠷᠢᠶᠠᠴᠢᠨ ᠭᠠᠷᠤᠯ ᠲᠠᠢ ᠭᠡᠷ᠎ᠡ ᠶᠢᠨ ᠳᠦᠷᠢᠮᠲᠦ ᠠᠵᠢᠯᠴᠢᠨ ᠬᠤᠪᠢ ᠬᠥᠮᠥᠨ ᠠᠴᠠ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠲᠤᠰᠢᠶᠠᠬᠤ ᠦᠭᠡᠢ᠂ ᠠᠵᠢᠯᠯᠠᠵᠤ ᠪᠠᠶᠢᠭ᠎ᠠ ᠨᠢᠭᠡᠴᠢ ᠠᠴᠠ ᠨᠢ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠨ᠎ᠠ᠃       ᠭᠤᠷᠪᠠ᠂ ᠶᠠᠮᠠᠷ ᠶᠠᠮᠠᠷ ᠨᠥᠬᠦᠴᠡᠯ ᠳᠤ ᠨᠡᠶᠢᠴᠡᠪᠡᠯ ᠠᠵᠢᠯ ᠠᠯᠳᠠᠭᠰᠠᠨ ᠳᠠᠭᠠᠳᠬᠠᠯ ᠤᠨ ᠮᠥᠩᠭᠦ ᠭᠤᠶᠤᠴᠢᠯᠠᠨ ᠠᠪᠴᠤ ᠪᠣᠯᠬᠤ ᠪᠣᠢ︖      ᠬᠠᠷᠢᠭᠤᠯᠲᠠ᠄ ᠠᠵᠢᠯ ᠠᠯᠳᠠᠭᠰᠠᠳ ᠳᠣᠣᠷᠠᠬᠢ ᠭᠤᠷᠪᠠᠨ ᠲᠠᠯ᠎ᠠ ᠶᠢᠨ ᠨᠥᠬᠦᠴᠡᠯ ᠳᠤ ᠨᠡᠶᠢᠴᠡᠪᠡᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠭᠤᠶᠤᠴᠢᠯᠠᠨ ᠠᠪᠴᠤ ᠪᠣᠯᠣᠨ᠎ᠠ᠄ 1. ᠠᠵᠢᠯ ᠠᠯᠳᠠᠬᠤ ᠠᠴᠠ ᠡᠮᠦᠨᠡᠬᠢ ᠠᠵᠢᠯᠲᠠᠨ ᠬᠡᠷᠡᠭᠯᠡᠬᠦ ᠨᠢᠭᠡᠴᠢ ᠪᠠ ᠬᠤᠪᠢ ᠬᠥᠮᠥᠨ ᠠᠴᠠ ᠨᠢᠭᠡᠨᠲᠡ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠲᠤᠰᠢᠶᠠᠭᠠᠳ ᠪᠦᠬᠦᠯᠢ ᠨᠢᠭᠡ ᠵᠢᠯ ᠪᠣᠯᠣᠭᠰᠠᠨ︔ 2. ᠬᠤᠪᠢ ᠬᠥᠮᠥᠨ ᠤ ᠳᠤᠷᠠᠰᠢᠯ ᠠᠴᠠ ᠪᠤᠰᠤ ᠰᠢᠯᠲᠠᠭᠠᠨ ᠠᠴᠠ ᠪᠣᠯᠵᠤ ᠠᠵᠢᠯ ᠢᠶᠠᠨ ᠵᠣᠭᠰᠣᠭᠠᠭᠰᠠᠨ︔ 3. ᠨᠢᠭᠡᠨᠲᠡ ᠠᠵᠢᠯ ᠠᠯᠳᠠᠭᠰᠠᠨ ᠳᠠᠩᠰᠠᠯᠠᠭᠤᠯᠤᠯᠲᠠ ᠬᠢᠭᠰᠡᠨ ᠤ ᠬᠠᠮᠲᠤ᠂ ᠠᠵᠢᠯ ᠡᠷᠡᠮᠡᠯᠵᠡᠬᠦ ᠱᠠᠭᠠᠷᠳᠠᠯᠭ᠎ᠠ ᠲᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map