ᠦᠪᠦᠷ ᠵᠠᠰᠠᠭ ᠲᠠᠷᠬᠠᠭᠠᠭᠰᠠᠨ ﹇2018﹈ 46 ᠳ᠋ᠤᠭᠠᠷ ᠲᠣᠭᠠᠲᠤ ᠪᠠ ᠦᠪᠦᠷ ᠵᠠᠰᠠᠭ ᠠᠯᠪᠠᠨ ᠲᠠᠷᠬᠠᠭᠠᠭᠰᠠᠨ ﹇2012﹈ 123 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2019/12/27
                                   ᠦᠪᠤᠷ ᠵᠠᠰᠠᠭ ᠥᠰᠥᠭ ﹇2019﹈ 80 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄        ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠦᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2018﹈ 46 ᠳ᠋ᠤᠭᠠᠷ ᠲᠣᠭᠠᠲᠤ︶ ᠪᠠ ︽ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠦᠪᠡᠷ ᠢᠶᠠᠨ ᠪᠡᠯᠡᠳᠭᠡᠭᠰᠡᠨ ᠴᠠᠬᠢᠯᠭᠠᠨ ᠤ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2012﹈ 123 ᠳ᠋ᠤᠭᠠᠷ ᠲᠣᠭᠠᠲᠤ︶᠎ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃      ᠨᠢᠭᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠦᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2018﹈ 46 ᠳ᠋ᠤᠭᠠᠷ ᠲᠣᠭᠠᠲᠤ︶᠎ ᠳᠤ ᠲᠣᠭᠲᠠᠭᠠᠭᠰᠠᠨ ᠬᠤᠶᠠᠷ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠲᠤᠰᠠᠯᠠᠮᠵᠢ ᠳᠤ ᠬᠡᠷᠡᠭᠵᠢᠭᠦᠯᠵᠦ ᠪᠠᠶᠢᠭ᠎ᠠ ᠦᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠵᠣᠬᠢᠬᠤ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠢ ᠵᠣᠭᠰᠤᠭᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠬᠤᠵᠢᠮ ᠬᠤᠶᠢᠰᠢᠲᠠ᠂ ᠬᠤᠶᠠᠷ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠲᠤᠰᠠᠯᠠᠮᠵᠢ ᠶᠢ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠪᠦᠬᠦᠨ ᠢ ᠳᠠᠭᠠᠭᠠᠨ ᠡᠭᠦᠷᠭᠡᠯᠡᠬᠦ ᠬᠡᠷᠡᠭᠲᠡᠢ᠃      ᠬᠤᠶᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠦᠪᠡᠷ ᠢᠶᠠᠨ ᠪᠡᠯᠡᠳᠭᠡᠭᠰᠡᠨ ᠴᠠᠬᠢᠯᠭᠠᠨ ᠤ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠳᠠᠬᠢ ︽ᠬᠤᠷᠢᠨ ᠨᠠᠢᠮᠠᠳᠤᠭᠠᠷ ᠵᠦᠢᠯ᠂ ᠦᠪᠡᠷ ᠢᠶᠠᠨ ᠪᠡᠯᠡᠳᠭᠡᠭᠰᠡᠨ ᠴᠠᠬᠢᠯᠭᠠᠨ ᠤ ᠦᠢᠯᠡᠳᠪᠦᠷᠢ ᠨᠢ ᠤᠯᠤᠰ ᠤᠨ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠴᠠᠬᠢᠯᠭᠠᠨ ᠲᠣᠣᠷ ᠤᠨ ᠠᠵᠤ ᠠᠬᠤᠶᠢᠯᠠᠯ ᠳᠤ ᠰᠢᠰᠲ᠋ᠧᠮ ᠤᠨ ᠪᠡᠯᠡᠳᠭᠡᠯ ᠰᠦᠢᠳᠭᠡᠯ ᠪᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠦᠩᠭᠦ᠂ ᠬᠦᠳᠡᠭᠡ ᠲᠤᠰᠬᠤᠨ ᠤ ᠴᠠᠬᠢᠯᠭᠠᠨ ᠲᠣᠣᠷ ᠤᠨ ᠵᠢᠭᠡᠯᠡᠯᠭᠡ ᠪᠠᠨ ᠲᠦᠯᠦᠬᠦ ᠪᠡᠯᠡ ᠮᠦᠩᠭᠦ᠂ ᠳᠠᠬᠢᠨ ᠡᠭᠦᠰᠴᠦ ᠪᠣᠯᠬᠤ ᠡᠨᠧᠷᠬᠢ ᠶᠢᠨ ᠴᠠᠬᠢᠯᠭᠠᠨ ᠤ ᠦᠨ᠎ᠡ ᠶᠢᠨ ᠨᠡᠮᠡᠯᠲᠡ᠂ ᠲᠤᠮᠤ ᠳᠤᠮᠳᠠ ᠬᠡᠯᠪᠡᠷᠢ ᠶᠢᠨ ᠤᠰᠤᠨ ᠴᠦᠬᠦᠷᠦᠮ ᠤᠨ ᠨᠡᠭᠦᠳᠡᠯᠴᠢᠳ ᠤᠨ ᠰᠡᠭᠦᠯᠴᠢ ᠶᠢᠨ ᠬᠤᠭᠤᠴᠠᠭᠠᠨ ᠳᠠᠬᠢ ᠲᠡᠳᠭᠦᠨ ᠳᠡᠮᠵᠢᠬᠦ ᠰᠠᠭᠤᠷᠢ ᠮᠦᠩᠭᠦ᠂ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠨᠡᠮᠡᠯᠲᠡ ᠶᠢ ᠲᠤᠭ᠎ᠠ ᠶᠤᠰᠤᠭᠠᠷ ᠭᠦᠢᠴᠡᠳ ᠲᠤᠰᠢᠶᠠᠵᠤ᠂ ᠬᠠᠮᠢᠶ᠎ᠠ ᠪᠦᠬᠦᠢ ᠮᠠᠭᠠᠳᠯᠠᠨ ᠲᠣᠭᠲᠠᠭᠠᠭᠰᠠᠨ ᠦᠨᠡᠮᠯᠡᠯ ᠤᠯᠤᠭᠰᠠᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ︵ᠦᠯᠡᠳᠡᠪᠦᠷᠢ ᠢᠯᠴᠢ᠂ ᠦᠯᠡᠳᠡᠪᠦᠷᠢ ᠳᠠᠷᠤᠯᠲᠠ ᠪᠠ ᠨᠡᠭᠦᠷᠡᠰᠦᠨ ᠴᠢᠯᠠᠭᠤ ᠪᠠᠷ ᠴᠠᠬᠢᠯᠭᠠᠨ ᠭᠠᠷᠭᠠᠬᠤ︶ ᠪᠠ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠮᠠᠰᠢᠨ ᠴᠤᠭᠴᠠᠯᠠᠪᠤᠷᠢ ᠠᠴᠠ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠵᠢᠴᠢ ᠨᠡᠮᠡᠯᠲᠡ ᠶᠢ ᠲᠠᠲᠠᠪᠤᠷᠢᠯᠠᠬᠤ ᠠᠴᠠ ᠬᠡᠯᠲᠦᠷᠢᠭᠦᠯᠬᠦ ᠬᠡᠷᠡᠭᠲᠡᠢ᠃︾᠎ ᠳᠤ ᠵᠠᠰᠠᠪᠤᠷᠢ ᠣᠷᠤᠭᠤᠯᠤᠭᠠᠳ ︽ᠬᠤᠷᠢᠨ ᠨᠠᠢᠮᠠᠳᠤᠭᠠᠷ ᠵᠦᠢᠯ ᠦᠪᠡᠷ ᠢᠶᠠᠨ ᠪᠡᠯᠡᠳᠭᠡᠭᠰᠡᠨ ᠴᠠᠬᠢᠯᠭᠠᠨ ᠤ ᠦᠢᠯᠡᠳᠪᠦᠷᠢ ᠨᠢ ᠤᠯᠤᠰ ᠤᠨ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠴᠠᠬᠢᠯᠭᠠᠨ ᠲᠣᠣᠷ ᠤᠨ ᠠᠵᠤ ᠠᠬᠤᠶᠢᠯᠠᠯ ᠳᠤ ᠰᠢᠰᠲ᠋ᠧᠮ ᠤᠨ ᠪᠡᠯᠡᠳᠭᠡᠯ ᠰᠦᠢᠳᠭᠡᠯ ᠪᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠦᠩᠭᠦ᠂ ᠬᠦᠳᠡᠭᠡ ᠲᠤᠰᠬᠤᠨ ᠤ ᠴᠠᠬᠢᠯᠭᠠᠨ ᠲᠣᠣᠷ ᠤᠨ ᠵᠢᠭᠡᠯᠡᠯᠭᠡ ᠪᠠᠨ ᠲᠦᠯᠦᠬᠦ ᠪᠡᠯᠡ ᠮᠦᠩᠭᠦ᠂ ᠳᠠᠬᠢᠨ ᠡᠭᠦᠰᠴᠦ ᠪᠣᠯᠬᠤ ᠡᠨᠧᠷᠬᠢ ᠶᠢᠨ ᠴᠠᠬᠢᠯᠭᠠᠨ ᠤ ᠦᠨ᠎ᠡ ᠶᠢᠨ ᠨᠡᠮᠡᠯᠲᠡ᠂ ᠲᠤᠮᠤ ᠳᠤᠮᠳᠠ ᠬᠡᠯᠪᠡᠷᠢ ᠶᠢᠨ ᠤᠰᠤᠨ ᠴᠦᠬᠦᠷᠦᠮ ᠤᠨ ᠨᠠᠭᠦᠳᠡᠯᠴᠢᠳ ᠤᠨ ᠰᠡᠭᠦᠯᠴᠢ ᠶᠢᠨ ᠬᠤᠭᠤᠴᠠᠭᠠᠨ ᠳᠠᠬᠢ ᠲᠡᠳᠭᠦᠨ ᠳᠡᠮᠵᠢᠬᠦ ᠰᠠᠭᠤᠷᠢ ᠮᠦᠩᠭᠦ ᠶᠢ ᠲᠤᠭ᠎ᠠ ᠶᠤᠰᠤᠭᠠᠷ ᠭᠦᠢᠴᠡᠳ ᠲᠤᠰᠢᠶᠠᠬᠤ ᠬᠡᠷᠡᠭᠲᠡᠢ᠃︾ ᠭᠡᠵᠦ ᠪᠣᠯᠭᠠᠬᠤ ᠬᠡᠷᠡᠭᠲᠡᠢ᠃      ᠭᠤᠷᠪᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠳᠣᠬᠢᠶᠠᠯᠳᠤᠪᠠᠯ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠬᠤ ᠬᠡᠷᠡᠭᠲᠡᠢ᠃                               ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map