ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠰᠠᠭᠤᠷᠢ ᠲᠤᠭ᠎ᠠ ᠶᠢ ᠪᠠᠶᠢᠴᠠᠭᠠᠨ ᠲᠣᠳᠣᠯᠠᠵᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠰᠦᠭᠡᠢ
ᠨᠡᠶᠢᠲᠡᠯᠡᠭᠰᠡᠨ ᠴᠠᠭ᠄
2019/2/21
     ᠰᠤᠷᠪᠤᠯᠵᠢᠯᠠᠭᠰᠠᠨ ᠴᠠᠭ ᠄  2019 ᠣᠨ ᠤ 01 ᠳ᠋ᠦ᠋ᠭᠡᠷ ᠰᠠᠷ᠎ᠠ ᠶᠢᠨ 17᠎ ᠤ ᠡᠳᠦᠷ ᠤᠨ 15 ᠴᠠᠭ      ᠰᠤᠷᠪᠤᠯᠵᠢᠯᠠᠭ᠎ᠠ ᠬᠦᠯᠢᠶᠡᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ        ᠵᠤᠤ ᠳ᠋ᠠ ᠶᠦᠩ          ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠷᠢᠯᠠᠭᠤᠯᠤᠨ ᠲᠣᠬᠢᠷᠠᠭᠤᠯᠤᠭᠰᠠᠨ ᠨᠢᠭᠡ ᠵᠦᠢᠯ ᠤᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠠᠵᠢᠯ ᠪᠣᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠᠶᠢᠭᠤᠯᠤᠭᠳᠠᠬᠤ ᠲᠠᠰᠢᠷᠠᠮ ᠳᠤ ᠲᠣᠬᠢᠶᠠᠯᠳᠤᠭᠰᠠᠨ ᠤ ᠬᠤᠪᠢ ᠳᠤ᠂ ᠠᠵᠢᠯ ᠤᠨ ᠰᠢᠨᠵᠢ ᠴᠢᠨᠠᠷ ᠤᠨ ᠴᠢᠬᠤᠯᠠ ᠴᠢᠨᠠᠷ ᠵᠢᠴᠢ ᠠᠵᠢᠯ ᠥᠷᠨᠢᠭᠦᠯᠬᠦ ᠬᠦᠴᠢᠷᠳᠡᠯ ᠨᠢ ᠮᠡᠳᠡᠭᠡᠵᠢ ᠶᠢᠨ ᠬᠡᠷᠡᠭ᠃ 2017 ᠣᠨ ᠤ 12 ᠳ᠋ᠤᠭᠠᠷ ᠰᠠᠷ᠎ᠠ ᠠᠴᠠ ᠪᠦᠬᠦ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠨᠢᠭᠡ ᠵᠢᠯ ᠤᠨ ᠲᠠᠰᠢᠷᠠᠮ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠤᠤ ᠳ᠋ᠠ ᠶᠦᠩ ᠢ ᠤᠷᠢᠵᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃                               ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠎ ᠨᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠨ ᠲᠣᠬᠢᠷᠠᠭᠤᠯᠤᠭᠰᠠᠨ ᠨᠢᠭᠡ ᠵᠦᠢᠯ ᠤᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠠᠵᠢᠯ ᠪᠣᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠᠶᠢᠭᠤᠯᠤᠭᠳᠠᠬᠤ ᠲᠠᠰᠢᠷᠠᠮ ᠳᠤ ᠲᠣᠬᠢᠶᠠᠯᠳᠤᠭᠰᠠᠨ ᠤ ᠬᠤᠪᠢ ᠳᠤ᠂ ᠠᠵᠢᠯ ᠤᠨ ᠰᠢᠨᠵᠢ ᠴᠢᠨᠠᠷ ᠤᠨ ᠴᠢᠬᠤᠯᠠ ᠴᠢᠨᠠᠷ ᠵᠢᠴᠢ ᠠᠵᠢᠯ ᠥᠷᠨᠢᠭᠦᠯᠬᠦ ᠬᠦᠴᠢᠷᠳᠡᠯ ᠨᠢ ᠮᠡᠳᠡᠭᠡᠵᠢ ᠶᠢᠨ ᠬᠡᠷᠡᠭ᠃ 2017 ᠣᠨ ᠤ 12 ᠳ᠋ᠤᠭᠠᠷ ᠰᠠᠷ᠎ᠠ ᠠᠴᠠ ᠪᠦᠬᠦ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠨᠢᠭᠡ ᠵᠢᠯ ᠤᠨ ᠲᠠᠰᠢᠷᠠᠮ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠤᠤ ᠳ᠋ᠠ ᠶᠦᠩ ᠢ ᠤᠷᠢᠵᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ ᠵᠤᠤ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃     ᠵᠤᠤ ᠳ᠋ᠠ ᠶᠦᠩ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕     ᠬᠥᠲᠥᠯᠥᠭᠴᠢ᠄      ᠪᠢᠳᠡᠨ ᠤ ᠮᠡᠳᠡᠭᠡᠵᠢ ᠪᠠᠷ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠨᠢᠭᠡᠨᠲᠡ ᠡᠬᠢᠯᠡᠭᠦᠯᠪᠡ᠂ ᠲᠠ ᠡᠨᠡ ᠬᠦ ᠵᠦᠢᠯ ᠤᠨ ᠠᠵᠢᠯ ᠤᠨ ᠦᠨᠳᠦᠰᠦᠨ ᠪᠠᠶᠢᠳᠠᠯ᠂ ᠡᠨᠡ ᠬᠦ ᠵᠦᠢᠯ ᠤᠨ ᠠᠵᠢᠯ ᠳᠤ ᠶᠠᠮᠠᠷ ᠶᠠᠮᠠᠷ ᠪᠣᠳᠠᠲᠠᠢ ᠠᠴᠢ ᠬᠤᠯᠪᠣᠭᠳᠠᠯ ᠪᠠᠶᠢᠬᠤ ᠶᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖      ᠵᠤᠤ ᠳ᠋ᠠ ᠶᠦᠩ᠄      2017 ᠣᠨ ᠤ 12 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠢᠴᠢᠭ ᠮᠠᠲ᠋ᠧᠷᠢᠶᠠᠯ ᠪᠠᠭᠤᠯᠭᠠᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠡᠬᠢᠯᠡᠭᠦᠯᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠠᠪᠤᠭᠳᠠᠬᠤ ᠶᠢ ᠳᠠᠭᠠᠯᠳᠤᠨ᠂ ᠡᠨᠡ ᠵᠢᠯ ᠤᠨ 9 ᠳ᠋ᠦ᠋ᠭᠡᠷ ᠰᠠᠷ᠎ᠠ ᠳᠤ᠂ ᠵᠢᠩᠬᠢᠨᠢ ᠪᠠᠷ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠭᠡᠵᠦ ᠥᠭᠡᠷᠡᠴᠢᠯᠡᠨ ᠨᠡᠷᠡᠶᠢᠳᠴᠡᠢ᠃ᠭᠠᠵᠠᠷ ᠰᠢᠷᠣᠢ ᠶᠢᠨ ᠪᠠᠶᠢᠴᠠᠭᠠᠯᠲᠠ ᠨᠢ ᠨᠢᠭᠡ ᠵᠦᠢᠯ ᠤᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠣᠭᠰᠠᠨ ᠤ ᠬᠤᠪᠢ ᠳᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠠᠶᠢᠴᠠᠭᠠᠨ ᠰᠢᠯᠭᠠᠵᠤ ᠪᠠᠶᠢᠴᠠᠭᠠᠨ ᠲᠣᠳᠣᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠥᠷᠨᠢᠭᠦᠯᠬᠦ ᠶᠢᠨ ᠵᠣᠷᠢᠯᠭ᠎ᠠ ᠨᠢ ᠣᠳᠣᠬᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠠᠰᠢᠭᠯᠠᠭᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠭᠠᠵᠠᠷ ᠰᠢᠷᠣᠢ ᠶᠢᠨ ᠦᠨᠡᠨ ᠪᠣᠳᠠᠲᠠᠢ ᠪᠥᠭᠡᠳ ᠣᠨᠣᠪᠴᠢᠲᠠᠢ ᠰᠠᠭᠤᠷᠢ ᠲᠤᠭ᠎ᠠ ᠪᠠᠷᠢᠮᠲᠠ ᠶᠢ ᠡᠵᠡᠮᠰᠢᠨ᠂ ᠭᠠᠵᠠᠷ ᠰᠢᠷᠣᠢ ᠶᠢᠨ ᠪᠠᠶᠢᠴᠠᠭᠠᠯᠲᠠ᠂ ᠬᠢᠨᠠᠯᠲᠠ ᠬᠡᠮᠵᠢᠯᠲᠡ ᠪᠠ ᠲᠤᠭ᠎ᠠ ᠪᠦᠷᠢᠳᠬᠡᠯ ᠤᠨ ᠳᠦᠷᠢᠮ ᠢ ᠪᠦᠷᠢᠨᠰᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠷᠠᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠬᠠᠩᠭᠠᠨ᠎ᠠ᠃      ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠪᠣᠯᠭᠠᠨ ᠬᠤᠪᠢᠷᠠᠭᠤᠯᠬᠤ ᠪᠣᠯ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠣᠲᠣᠷᠠᠬᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠥᠪ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠣᠰᠣᠭᠠᠷ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠤᠯᠭᠠᠭᠤᠷᠢᠯᠠᠬᠤ ᠰᠢᠨ᠎ᠡ ᠬᠠᠷᠠᠭᠠᠰᠤ ᠪᠠᠷ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠰᠢᠨ᠎ᠡ ᠵᠣᠭᠰᠣᠴᠠ ᠠᠴᠠ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠪᠠ ᠠᠰᠢᠭᠯᠠᠭᠰᠠᠨ ᠣᠳᠣᠬᠢ ᠪᠠᠶᠢᠳᠠᠯ ᠢ ᠪᠤᠰᠤᠳᠴᠢ ᠪᠠᠷ ᠲᠤᠰᠬᠠᠭᠰᠠᠨ ᠰᠠᠭᠤᠷᠢᠨ ᠳᠡᠭᠡᠷ᠎ᠡ᠂ ᠪᠠᠶᠢᠭᠠᠯᠢ ᠶᠢᠨ ᠡᠬᠢ ᠪᠠᠶᠠᠯᠢᠭ ᠤᠨ ᠠᠮᠢ ᠠᠬᠤᠢ ᠶᠢᠨ ᠳᠡᠪᠢᠰᠬᠡᠷ ᠪᠣᠯᠣᠭᠰᠠᠨ ᠭᠠᠵᠠᠷ ᠰᠢᠷᠣᠢ ᠶᠢᠨ ᠦᠨᠳᠦᠰᠦᠨ ᠬᠠᠷᠢᠶᠠᠲᠤ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠭᠴᠢ ᠨᠢ ᠭᠦᠢᠴᠡᠳ ᠦᠭᠡᠢ᠂ ᠣᠷᠣᠨ ᠵᠠᠢ ᠶᠢᠨ ᠲᠥᠯᠥᠪᠵᠢᠭᠦᠯᠭᠡ ᠨᠢ ᠳᠠᠪᠬᠤᠷᠳᠠᠭᠰᠠᠨ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠨᠥᠬᠦᠴᠡᠯ ᠢ ᠡᠭᠦᠳᠴᠦ᠂ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠢ ᠪᠦᠬᠦᠯᠢ ᠴᠣᠭᠴᠠ ᠪᠠᠷ ᠨᠢ ᠬᠠᠮᠠᠭᠠᠯᠠᠨ᠂ ᠰᠢᠰᠲ᠋ᠧᠮ ᠲᠠᠢ ᠪᠠᠷ ᠦᠭᠵᠢᠭᠦᠯᠦᠨ ᠰᠡᠷᠭᠦᠭᠡᠵᠦ᠂ ᠶᠡᠷᠦᠩᠬᠡᠶᠢᠯᠡᠨ ᠵᠠᠰᠠᠬᠤ ᠳᠤ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠵᠤ᠂ ᠪᠦᠬᠦ ᠠᠷᠠᠳ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠦᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠦᠬᠦ ᠬᠡᠷᠡᠭᠯᠡᠭᠡᠨ ᠢ ᠬᠢᠵᠠᠭᠠᠷᠯᠠᠬᠤ ᠪᠠ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠠᠢ᠃      ᠪᠣᠳᠠᠲᠠᠢ ᠪᠠᠷ ᠬᠡᠯᠡᠪᠡᠯ᠂ ᠡᠩ ᠲᠡᠷᠢᠭᠦᠨ ᠳᠤ᠂ ᠭᠠᠵᠠᠷ ᠰᠢᠷᠣᠢ ᠶᠢᠨ ᠰᠠᠭᠤᠷᠢ ᠲᠤᠭ᠎ᠠ ᠪᠠᠷᠢᠮᠲᠠ ᠶᠢ ᠦᠨᠡᠨ ᠪᠣᠳᠠᠲᠠᠢ ᠪᠥᠭᠡᠳ ᠣᠨᠣᠪᠴᠢᠲᠠᠢ ᠡᠵᠡᠮᠰᠢᠬᠦ ᠪᠣᠯ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠢ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠪᠣᠳᠠᠲᠠᠢ ᠱᠠᠭᠠᠷᠳᠠᠯᠭ᠎ᠠ ᠪᠣᠯᠣᠨ᠎ᠠ︔ ᠮᠥᠨ ᠴᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠰᠠᠭᠤᠷᠢ ᠶᠢ ᠪᠠᠲᠤᠳᠬᠠᠬᠤ ᠪᠠ ᠨᠢᠭᠡᠳᠦᠯᠲᠡᠢ ᠪᠠᠷ ᠡᠷᠬᠡ ᠶᠢ ᠲᠣᠳᠣᠯᠠᠨ ᠳᠠᠩᠰᠠᠯᠠᠨ ᠲᠡᠮᠳᠡᠭᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ︔ ᠪᠠᠶᠢᠴᠠᠭᠠᠯᠲᠠ ᠶᠢᠨ ᠦᠷ᠎ᠡ ᠪᠦᠲᠦᠭᠡᠯ ᠪᠣᠯ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠬᠤ᠂ ᠬᠤᠷᠸ᠎ᠠ ᠲᠠᠯ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠴᠢᠬᠤᠯᠠ ᠦᠨᠳᠦᠰᠦᠯᠡᠯ ᠪᠣᠯᠣᠨ᠎ᠠ︔ ᠦᠷ᠎ᠡ ᠪᠦᠲᠦᠭᠡᠯ ᠤᠨ ᠵᠠᠳᠠᠯᠤᠯᠲᠠ ᠪᠠ ᠬᠡᠷᠡᠭᠯᠡᠭᠡᠨ ᠨᠢ ᠬᠠᠷᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠰᠢᠨ᠎ᠡ ᠠᠵᠤ ᠦᠢᠯᠡᠰ ᠰᠢᠨ᠎ᠡ ᠠᠵᠢᠯ ᠲᠥᠷᠥᠯ ᠤᠨ ᠬᠥᠭᠵᠢᠯᠲᠡ ᠶᠢ ᠲᠤᠯᠭᠠᠭᠤᠷᠢᠯᠠᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠢᠶᠠᠷᠤᠨ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠲᠤᠯᠭᠠᠮᠳᠠᠭᠤ ᠱᠠᠭᠠᠷᠳᠠᠯᠭ᠎ᠠ ᠪᠣᠯᠣᠨ᠎ᠠ︔ ᠡᠭᠦᠨ ᠤ ᠬᠠᠮᠲᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠎ ᠨᠢ ᠮᠥᠨ ᠴᠤ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠠᠷᠪᠢᠯᠠᠨ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠴᠢᠬᠤᠯᠠ ᠠᠭᠤᠯᠭ᠎ᠠ ᠪᠣᠯᠣᠨ᠎ᠠ︔ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠠᠰᠢᠭᠯᠠᠵᠤ᠂ ᠪᠦᠲᠦᠮᠵᠢᠲᠡᠢ ᠬᠠᠮᠠᠭᠠᠯᠠᠬᠤ ᠦᠨᠳᠦᠰᠦᠨ ᠤᠷᠢᠳᠠᠯ ᠪᠣᠯᠣᠨ᠎ᠠ᠃      ᠬᠥᠲᠥᠯᠥᠭᠴᠢ᠄      ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠶᠠᠭᠠᠬᠢᠵᠤ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠢ︖ ᠪᠣᠳᠠᠲᠠᠢ ᠪᠠᠷ ᠶᠠᠮᠠᠷ ᠶᠠᠮᠠᠷ ᠰᠠᠯᠠᠭ᠎ᠠ ᠮᠥᠴᠢᠷ ᠣᠷᠣᠯᠴᠠᠭᠰᠠᠨ ᠪᠣᠢ︖      ᠵᠤᠤ ᠳ᠋ᠠ ᠶᠦᠩ᠄      2017 ᠣᠨ ᠳᠤ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠳᠤᠨᠤᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ ︽ᠪᠦᠬᠦ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠢ ᠳᠣᠷᠣᠭᠰᠢ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠪᠡ᠃ ︽ᠭᠠᠵᠠᠷ ᠰᠢᠷᠣᠢ ᠶᠢᠨ ᠪᠠᠶᠢᠴᠠᠭᠠᠯᠲᠠ ᠶᠢᠨ ᠳᠦᠷᠢᠮ︾᠎ ᠤᠨ ᠲᠣᠭᠲᠠᠭᠠᠯ ᠶᠣᠰᠣᠭᠠᠷ᠂ ᠡᠨᠡ ᠬᠦ ᠵᠦᠢᠯ ᠤᠨ ᠠᠵᠢᠯ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠪᠣᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠲᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠯ᠎ᠡ ᠭᠠᠵᠠᠷ ᠤᠨ ᠎ ᠬᠢᠨ ᠤ ︽ᠪᠦᠬᠦ ᠤᠯᠤᠰ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠬᠤ᠂ ᠣᠷᠣᠨ ᠨᠤᠲᠤᠭ ᠤᠨ ᠬᠢᠨ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ︾ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠠᠮᠵᠢᠯᠴᠠᠨ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠣᠷᠣᠨ ᠤ ᠪᠠᠶᠢᠴᠠᠭᠠᠯᠲᠠ ᠶᠢᠨ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠤᠳᠤᠷᠢᠳᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠭᠤᠯᠪᠠ︔ ᠭᠡᠰᠢᠭᠦᠳ ᠲᠤ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ ᠪᠠ ᠲᠣᠮᠣ ᠳ᠋ᠠᠶᠢᠲ᠋ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠᠭᠲᠠᠵᠤ ᠪᠠᠶᠢᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠣᠬᠢᠷᠠᠭᠤᠯᠵᠤ᠂ ᠪᠠᠶᠢᠴᠠᠭᠠᠯᠲᠠ ᠶᠢᠨ ᠠᠵᠢᠯ ᠢ ᠪᠣᠳᠠᠲᠠᠢ ᠪᠠᠷ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠭᠤᠯᠪᠠ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ᠂ ᠪᠠᠶᠢᠴᠠᠭᠠᠯᠲᠠ ᠶᠢᠨ ᠠᠵᠢᠯ ᠮᠡᠷᠭᠡᠵᠢᠯ ᠤᠨ ᠵᠢᠯᠣᠭᠤᠳᠤᠯᠭ᠎ᠠ ᠪᠠ ᠪᠠᠶᠢᠴᠠᠭᠠᠯᠲᠠ ᠳᠤ ᠬᠤᠯᠪᠣᠭᠳᠠᠬᠤ ᠠᠵᠢᠯ ᠢ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠦᠷᠦᠭᠦᠯᠡᠨ᠎ᠡ︔ ᠪᠠᠶᠢᠴᠠᠭᠠᠯᠲᠠ ᠶᠢᠨ ᠵᠠᠷᠤᠳᠠᠯ ᠪᠠ ᠡᠳ᠋ ᠪᠣᠳᠠᠰ ᠤᠨ ᠪᠠᠲᠤᠯᠠᠭ᠎ᠠ ᠳᠤ ᠬᠤᠯᠪᠣᠭᠳᠠᠬᠤ ᠠᠵᠢᠯ ᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠠᠴᠠ ᠬᠠᠷᠢᠭᠤᠴᠠᠨ ᠵᠣᠬᠢᠴᠠᠭᠤᠯᠤᠨ᠎ᠠ︔ ᠪᠠᠶᠢᠴᠠᠭᠠᠯᠲᠠ ᠶᠢᠨ ᠵᠠᠭᠠᠭ ᠱᠤᠭᠤᠮ ᠳᠤ ᠬᠤᠯᠪᠣᠭᠳᠠᠪᠠᠯ ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠣᠢ ᠰᠢᠭᠤᠢ᠂ ᠨᠤᠲᠤᠭ ᠪᠡᠯᠴᠢᠭᠡᠷ᠂ ᠨᠣᠶᠢᠲᠠᠨ ᠭᠠᠵᠠᠷ᠂ ᠤᠰᠤᠨ ᠤᠷᠤᠰᠬᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠲᠤ ᠬᠤᠯᠪᠣᠭᠳᠠᠪᠠᠯ ᠲᠤᠰ ᠲᠤᠰ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠠᠮᠢ ᠠᠬᠤᠢ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠨᠡᠭᠡᠭᠡᠨ ᠬᠥᠭᠵᠢᠭᠦᠯᠬᠦ ᠬᠢᠯᠢ ᠵᠠᠭᠠᠭ ᠵᠡᠷᠭᠡ ᠳᠤ ᠬᠤᠯᠪᠣᠭᠳᠠᠪᠠᠯ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ ᠪᠠᠷᠢᠮᠲᠠ ᠶᠢ ᠲᠣᠭᠠᠯᠠᠨ ᠪᠦᠷᠢᠳᠬᠡᠬᠦ ᠪᠠ ᠵᠠᠳᠠᠯᠬᠤ ᠲᠠᠯ᠎ᠠ ᠳᠤ ᠬᠤᠯᠪᠣᠭᠳᠠᠬᠤ ᠠᠵᠢᠯ ᠢ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠤᠭ᠎ᠠ ᠪᠦᠷᠢᠳᠬᠡᠯ ᠤᠨ ᠲᠣᠪᠴᠢᠶ᠎ᠠ ᠎ ᠲᠠᠢ ᠬᠠᠮᠲᠤᠷᠠᠵᠤ ᠬᠠᠷᠢᠭᠤᠴᠠᠨ ᠰᠢᠢᠳᠪᠦᠷᠢᠯᠡᠨ᠎ᠡ︔ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠨ ᠬᠡᠷᠡᠭᠯᠡᠬᠦ ᠳᠤ ᠬᠤᠯᠪᠣᠭᠳᠠᠪᠠᠯ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠵᠤ᠂ ᠬᠡᠮᠵᠢᠨ ᠵᠢᠷᠤᠭᠯᠠᠬᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︔ ᠠᠵᠢᠯ ᠤᠨ ᠡᠭᠦᠷᠭᠡ ᠶᠢ ᠲᠣᠭᠲᠠᠭᠰᠠᠨ ᠴᠠᠭ ᠲᠤ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠪᠠᠰᠠ ᠲᠤᠰ ᠵᠦᠢᠯ ᠤᠨ ᠠᠵᠢᠯ ᠢ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠤᠨ ᠠᠵᠢᠯ ᠤᠨ ᠰᠢᠮᠳᠠᠭᠤᠯᠤᠨ ᠪᠠᠶᠢᠴᠠᠭᠠᠬᠤ ᠡᠬᠡ ᠳᠠᠩᠰᠠᠨ ᠳᠤ ᠣᠷᠣᠭᠤᠯᠵᠤ᠂ ᠮᠥᠷᠳᠡᠨ ᠳᠠᠭᠠᠵᠤ ᠰᠢᠮᠳᠠᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠶᠢᠲᠤᠷ ᠬᠠᠮᠵᠢᠯᠴᠠᠬᠤ ᠬᠡᠷᠡᠭᠲᠡᠢ ᠭᠡᠵᠦ ᠱᠠᠭᠠᠷᠳᠠᠵᠠᠢ᠃      ᠬᠥᠲᠥᠯᠥᠭᠴᠢ᠄      ᠡᠭᠦᠨ ᠠᠴᠠ ᠦᠵᠡᠪᠡᠯ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠴᠢᠬᠤᠯᠠ ᠪᠠᠶᠢᠳᠠᠭ᠃ ᠲᠡᠭᠡᠪᠡᠯ ᠲᠠ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠪᠠᠶᠢᠴᠠᠭᠠᠯᠲᠠ ᠬᠢᠬᠦ ᠡᠲᠡᠭᠡᠳ ᠪᠠ ᠠᠵᠢᠯ ᠤᠨ ᠠᠭᠤᠯᠭ᠎ᠠ ᠶᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖      ᠵᠤᠤ ᠳ᠋ᠠ ᠶᠦᠩ᠄      ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠡᠲᠡᠭᠡᠳ ᠪᠣᠯ ᠮᠠᠨ ᠤ ᠤᠯᠤᠰ ᠤᠨ ᠬᠠᠭᠤᠷᠠᠢ ᠭᠠᠵᠠᠷ ᠤᠨ ᠤᠯᠤᠰ ᠤᠨ ᠭᠠᠵᠠᠷ ᠰᠢᠷᠣᠢ ᠪᠣᠯᠣᠨ᠎ᠠ᠃ ᠪᠠᠶᠢᠴᠠᠭᠠᠯᠲᠠ ᠬᠢᠬᠦ ᠠᠭᠤᠯᠭ᠎ᠠ ᠳᠤ ᠳᠣᠣᠷᠠᠬᠢ ᠬᠡᠳᠦᠨ ᠲᠠᠯ᠎ᠠ ᠪᠠᠭᠲᠠᠵᠤ ᠪᠠᠶᠢᠨ᠎ᠠ᠄ ᠭᠠᠵᠠᠷ ᠰᠢᠷᠣᠢ ᠶᠢ ᠠᠰᠢᠭᠯᠠᠭᠰᠠᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ᠂ ᠡᠭᠦᠨ ᠳᠤ ᠭᠠᠵᠠᠷ ᠰᠢᠷᠣᠢ ᠶᠢᠨ ᠲᠥᠷᠥᠯ᠂ ᠪᠠᠶᠢᠷᠢ᠂ ᠲᠠᠯᠠᠪᠠᠢ᠂ ᠲᠠᠷᠬᠠᠯᠲᠠ ᠵᠡᠷᠭᠡ ᠪᠠᠶᠢᠳᠠᠯ ᠪᠠᠭᠲᠠᠵᠤ ᠪᠠᠶᠢᠨ᠎ᠠ︔ ᠭᠠᠵᠠᠷ ᠰᠢᠷᠣᠢ ᠶᠢᠨ ᠡᠷᠬᠡ ᠶᠢᠨ ᠬᠠᠷᠢᠶ᠎ᠠ ᠵᠢᠴᠢ ᠬᠤᠪᠢᠷᠠᠯᠲᠠ ᠶᠢᠨ ᠪᠠᠶᠢᠳᠠᠯ᠂ ᠡᠭᠦᠨ ᠳᠤ ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢᠨ ᠪᠠᠶᠢᠳᠠᠯ ᠪᠠᠭᠲᠠᠵᠤ ᠪᠠᠶᠢᠨ᠎ᠠ︔ ᠭᠠᠵᠠᠷ ᠰᠢᠷᠣᠢ ᠶᠢᠨ ᠨᠥᠬᠦᠴᠡᠯ᠂ ᠡᠭᠦᠨ ᠳᠤ ᠭᠠᠵᠠᠷ ᠰᠢᠷᠣᠢ ᠶᠢᠨ ᠪᠠᠶᠢᠭᠠᠯᠢ ᠶᠢᠨ ᠨᠥᠬᠦᠴᠡᠯ᠂ ᠨᠡᠶᠢᠭᠡᠮ ᠤᠨ ᠠᠵᠤ ᠠᠬᠤᠢ ᠶᠢᠨ ᠨᠥᠬᠦᠴᠡᠯ ᠵᠡᠷᠭᠡ ᠪᠠᠶᠢᠳᠠᠯ ᠪᠠᠭᠲᠠᠵᠤ ᠪᠠᠶᠢᠨ᠎ᠠ᠃ ᠭᠠᠵᠠᠷ ᠰᠢᠷᠣᠢ ᠶᠢᠨ ᠠᠰᠢᠭᠯᠠᠭᠰᠠᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠬᠦ ᠦᠶ᠎ᠡ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠬᠦ ᠬᠡᠷᠡᠭᠲᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠲᠠᠷᠬᠠᠯᠲᠠ ᠪᠠ ᠬᠠᠮᠠᠭᠠᠯᠠᠯᠲᠠ ᠶᠢᠨ ᠪᠠᠶᠢᠳᠠᠯ ᠢ ᠪᠠᠭᠲᠠᠭᠠᠵᠤ ᠪᠠᠶᠢᠨ᠎ᠠ᠃      ᠭᠤᠣᠯ ᠬᠠᠷᠠᠯᠲᠠ ᠨᠢ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠪᠦᠬᠦ ᠤᠯᠤᠰ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠰᠠᠭᠤᠷᠢ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠨᠠᠷᠢᠯᠢᠭᠵᠢᠭᠤᠯᠬᠤ ᠪᠠ ᠲᠡᠭᠦᠯᠳᠡᠷᠵᠢᠭᠦᠯᠵᠦ᠂ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠠᠰᠢᠭᠯᠠᠭᠰᠠᠨ ᠣᠳᠣᠬᠢ ᠪᠠᠶᠢᠳᠠᠯ ᠪᠠ ᠪᠠᠶᠢᠭᠠᠯᠢ ᠶᠢᠨ ᠡᠬᠢ ᠪᠠᠶᠠᠯᠢᠭ ᠤᠨ ᠬᠤᠪᠢᠷᠠᠯᠲᠠ ᠶᠢᠨ ᠪᠠᠶᠢᠳᠠᠯ ᠢ ᠪᠣᠳᠠᠲᠠᠢ ᠪᠥᠭᠡᠳ ᠣᠨᠣᠪᠴᠢᠲᠠᠢ ᠪᠠᠷ ᠡᠵᠡᠮᠰᠢᠨ᠂ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ᠂ ᠬᠢᠨᠠᠯᠲᠠ ᠬᠡᠮᠵᠢᠯᠲᠡ ᠪᠠ ᠲᠤᠭ᠎ᠠ ᠪᠦᠷᠢᠳᠬᠡᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠷ᠎ᠡ ᠪᠦᠲᠦᠭᠡᠯ ᠤᠨ ᠮᠡᠳᠡᠭᠡ ᠵᠠᠩᠭᠢᠵᠢᠯᠲᠡ ᠶᠢᠨ ᠬᠠᠮᠢᠶᠠᠷᠤᠯᠲᠠ ᠬᠢᠭᠡᠳ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠂ ᠬᠤᠷᠸ᠎ᠠ ᠲᠠᠯ᠎ᠠ ᠶᠢᠨ ᠲᠣᠬᠢᠷᠠᠭᠤᠯᠤᠯᠲᠠ ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠨᠢᠭᠡᠳᠦᠯᠲᠡᠢ ᠪᠠᠷ ᠡᠷᠬᠡ ᠶᠢ ᠲᠣᠳᠣᠯᠠᠵᠤ ᠳᠠᠩᠰᠠᠯᠠᠨ ᠲᠡᠮᠳᠡᠭᠯᠡᠬᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠬᠢᠵᠠᠭᠠᠷᠯᠠᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ᠂ ᠣᠷᠣᠨ ᠵᠠᠢ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠬᠠᠩᠭᠠᠨ᠎ᠠ᠃      ᠪᠣᠳᠠᠲᠠᠢ ᠪᠠᠷ ᠠᠪᠴᠤ ᠬᠡᠯᠡᠪᠡᠯ ᠳᠠᠷᠤᠢ ︽ᠭᠠᠵᠠᠷ ᠰᠢᠷᠣᠢ ᠶᠢᠨ ᠠᠰᠢᠭᠯᠠᠭᠰᠠᠨ ᠣᠳᠣᠬᠢ ᠪᠠᠶᠢᠳᠠᠯ ᠤᠨ ᠲᠥᠷᠥᠯ ᠠᠩᠭᠢᠯᠠᠯ︾ ᠪᠠ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠲᠥᠷᠥᠯ ᠠᠩᠭᠢᠯᠠᠯ︾ ᠶᠣᠰᠣᠭᠠᠷ ᠪᠣᠳᠠᠲᠠᠢ ᠭᠠᠵᠠᠷ ᠲᠤ ᠭᠠᠵᠠᠷ ᠰᠢᠷᠣᠢ ᠶᠢᠨ ᠲᠥᠷᠥᠯ ᠢ ᠮᠠᠭᠠᠳᠯᠠᠨ ᠲᠣᠭᠲᠠᠭᠠᠵᠤ᠂ ᠭᠠᠵᠠᠷ ᠰᠢᠷᠣᠢ ᠶᠢᠨ ᠲᠥᠷᠥᠯ ᠢ ᠳᠠᠪᠬᠤᠷᠳᠠᠭᠤᠯᠬᠤ ᠦᠭᠡᠢ ᠭᠤᠭᠤᠵᠢᠭᠳᠠᠭᠤᠯᠬᠤ ᠦᠭᠡᠢ ᠪᠠᠷ ᠪᠦᠬᠦᠨ ᠢ ᠬᠠᠮᠤᠷᠤᠭᠤᠯᠬᠤ ᠶᠢ ᠪᠠᠲᠤᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠳᠤ ᠰᠠᠭᠤᠷᠢ ᠴᠢᠨᠠᠷᠲᠠᠢ ᠦᠢᠯᠡᠳᠦᠯ ᠢ ᠨᠢ ᠪᠠᠳᠠᠷᠠᠭᠤᠯᠤᠨ᠎ᠠ᠃ ᠬᠤᠯᠢᠮᠠᠭ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠰᠣᠯᠪᠢᠴᠠᠯ ᠣᠷᠣᠰᠢᠵᠤ ᠪᠠᠶᠢᠭ᠎ᠠ ᠲᠠᠷᠢᠶᠠᠨ ᠭᠠᠵᠠᠷ᠂ ᠲᠠᠷᠢᠮᠠᠯ ᠤᠨ ᠬᠦᠷᠢᠶᠡᠯᠡᠩ᠂ ᠣᠶᠢᠲᠤ ᠭᠠᠵᠠᠷ᠂ ᠡᠪᠡᠰᠦᠲᠦ ᠭᠠᠵᠠᠷ᠂ ᠲᠡᠵᠢᠭᠡᠪᠦᠷᠢ ᠶᠢᠨ ᠤᠰᠤᠨ ᠭᠠᠳᠠᠷᠭᠤ ᠵᠡᠷᠭᠡ ᠭᠠᠵᠠᠷ ᠰᠢᠷᠣᠢ ᠶᠢᠨ ᠲᠥᠷᠥᠯ ᠳᠤ ᠠᠰᠢᠭᠯᠠᠯᠲᠠ ᠶᠢᠨ ᠣᠳᠣᠬᠢ ᠪᠠᠶᠢᠳᠠᠯ᠂ ᠶᠠᠰᠤ ᠴᠢᠨᠠᠷ ᠤᠨ ᠪᠠᠶᠢᠳᠠᠯ ᠪᠠ ᠬᠠᠮᠢᠶᠠᠷᠤᠯᠲᠠ ᠶᠢᠨ ᠬᠠᠷᠢᠶᠠᠲᠤ ᠴᠢᠨᠠᠷ ᠤᠨ ᠣᠯᠠᠨ ᠵᠦᠢᠯ ᠤᠨ ᠲᠣᠳᠣᠷᠬᠠᠶᠢᠯᠠᠯᠲᠠ ᠬᠢᠭᠰᠡᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠢ ᠨᠠᠷᠢᠯᠢᠭᠵᠢᠭᠤᠯᠤᠨ ᠪᠠᠶᠢᠴᠠᠭᠠᠵᠤ᠂ ᠵᠥᠪᠰᠢᠶᠡᠷᠡᠭᠰᠡᠨ ᠪᠣᠯᠪᠠᠴᠤ ᠪᠠᠶᠢᠭᠤᠯᠤᠭ᠎ᠠ ᠦᠭᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠪᠠᠶᠢᠴᠠᠭᠠᠯᠲᠠ ᠬᠢᠬᠦ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠪᠠᠶᠢᠴᠠᠭᠠᠯᠲᠠ ᠬᠢᠬᠦ ᠪᠠ ᠲᠠᠷᠢᠶᠠᠨ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠲᠤ ᠪᠠᠶᠢᠴᠠᠭᠠᠯᠲᠠ ᠦᠨᠡᠯᠡᠯᠲᠡ ᠬᠢᠬᠦ᠂ ᠲᠠᠷᠢᠶᠠᠨ ᠭᠠᠵᠠᠷ ᠲᠤ ᠳᠡᠰ ᠬᠤᠪᠢᠶᠠᠵᠤ ᠵᠡᠷᠭᠡᠯᠡᠯ ᠲᠣᠭᠲᠠᠭᠠᠭᠰᠠᠨ ᠳᠤ ᠪᠠᠶᠢᠴᠠᠭᠠᠯᠲᠠ ᠦᠨᠡᠯᠡᠯᠲᠡ ᠬᠢᠬᠦ ᠵᠡᠷᠭᠡ ᠲᠤᠰᠬᠠᠢ ᠵᠦᠢᠯ ᠤᠨ ᠪᠠᠶᠢᠴᠠᠭᠠᠯᠲᠠ ᠶᠢ ᠥᠷᠨᠢᠭᠦᠯᠦᠨ᠎ᠡ︔ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ ᠪᠠᠶᠢᠴᠠᠭᠠᠯᠲᠠ ᠶᠢᠨ ᠠᠵᠢᠯ ᠢ ᠵᠡᠷᠭᠡ ᠳᠤ ᠨᠢ ᠠᠬᠢᠭᠤᠯᠵᠤ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠥᠷᠥᠯ ᠬᠤᠪᠢᠶᠠᠬᠤ ᠪᠠᠷᠢᠮᠵᠢᠶ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠶᠢᠰᠦᠳᠦᠭᠡᠷ ᠤᠳᠠᠭᠠᠨ ᠤ ᠣᠢ ᠰᠢᠭᠤᠢ ᠶᠢᠨ ᠡᠬᠢ ᠪᠠᠶᠠᠯᠢᠭ ᠲᠤ ᠵᠠᠯᠭᠠᠭ᠎ᠠ ᠪᠠᠷ ᠪᠠᠶᠢᠴᠠᠭᠠᠯᠲᠠ ᠬᠢᠭᠰᠡᠨ᠂ ᠵᠡᠭᠦᠨ ᠬᠤᠶᠢᠲᠤ ᠶᠢᠨ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠣᠶᠢᠲᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠳᠤ ᠪᠠᠶᠢᠴᠠᠭᠠᠯᠲᠠ ᠬᠢᠭᠰᠡᠨ ᠪᠠ ᠬᠤᠶᠠᠳᠤᠭᠠᠷ ᠤᠳᠠᠭᠠᠨ ᠤ ᠡᠪᠡᠰᠦᠲᠦ ᠭᠠᠵᠠᠷ ᠡᠬᠢ ᠪᠠᠶᠠᠯᠢᠭ ᠲᠤ ᠪᠠᠶᠢᠴᠠᠭᠠᠯᠲᠠ ᠬᠢᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠳ᠋ᠦᠩᠨᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠪᠠᠶᠢᠴᠠᠭᠠᠯᠲᠠ ᠬᠢᠭᠰᠡᠨ ᠬᠠᠮᠢᠶ᠎ᠠ ᠪᠦᠬᠦᠢ ᠦᠷ᠎ᠡ ᠪᠦᠲᠦᠭᠡᠯ ᠢ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠳᠤ ᠨᠡᠶᠢᠯᠡᠭᠦᠯᠦᠨ ᠣᠷᠣᠭᠤᠯᠤᠨ᠎ᠠ᠃      ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠭᠤᠣᠯ ᠡᠭᠦᠷᠭᠡ ᠪᠣᠯ ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ᠂ ᠪᠦᠬᠦ ᠤᠯᠤᠰ ᠤᠨ ᠬᠡᠪᠴᠢᠶᠡᠨ ᠳᠤ ᠠᠯᠤᠰ ᠮᠡᠳᠡᠷᠡᠮᠵᠢ᠂ ᠬᠡᠮᠵᠢᠯᠲᠡ ᠵᠢᠷᠤᠯᠲᠠ᠂ ᠭᠠᠵᠠᠷ ᠵᠦᠢ ᠶᠢᠨ ᠮᠡᠳᠡᠭᠡ ᠵᠠᠩᠭᠢ᠂ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠢ ᠠᠰᠢᠭᠯᠠᠨ᠂ ᠣᠳᠣ ᠶᠢᠨ ᠪᠠᠶᠢᠭ᠎ᠠ ᠮᠠᠲ᠋ᠧᠷᠢᠶᠠᠯ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠠᠰ ᠰᠡᠭᠦᠳᠡᠷᠯᠡᠭᠰᠡᠨ ᠵᠢᠷᠤᠭ ᠳᠦᠷᠰᠦ ᠪᠠᠷ ᠰᠠᠭᠤᠷᠢ ᠪᠣᠯᠭᠠᠨ᠂ ᠭᠠᠵᠠᠷ ᠰᠢᠷᠣᠢ ᠶᠢᠨ ᠭᠠᠵᠠᠷ ᠤᠨ ᠲᠥᠷᠥᠯ᠂ ᠲᠠᠯᠠᠪᠠᠢ ᠪᠠ ᠡᠷᠬᠡ ᠶᠢᠨ ᠬᠠᠷᠢᠶ᠎ᠠ ᠶᠢ ᠪᠣᠳᠠᠲᠠᠢ ᠭᠠᠵᠠᠷ ᠲᠤ ᠪᠠᠶᠢᠴᠠᠭᠠᠯᠲᠠ ᠬᠢᠵᠦ᠂ ᠪᠦᠬᠦ ᠤᠯᠤᠰ ᠤᠨ ᠲᠠᠷᠢᠶᠠᠨ ᠭᠠᠵᠠᠷ᠂ ᠲᠠᠷᠢᠮᠠᠯ ᠤᠨ ᠬᠦᠷᠢᠶᠡᠯᠡᠩ᠂ ᠣᠶᠢᠲᠤ ᠭᠠᠵᠠᠷ᠂ ᠡᠪᠡᠰᠦᠲᠦ ᠭᠠᠵᠠᠷ᠂ ᠨᠣᠶᠢᠲᠠᠨ ᠭᠠᠵᠠᠷ᠂ ᠬᠤᠳᠠᠯᠳᠤᠭᠠᠨ ᠤ ᠦᠢᠯᠡᠴᠢᠯᠡᠭᠡ ᠶᠢᠨ ᠦᠢᠯᠡᠰ᠂ ᠠᠵᠤ ᠦᠢᠯᠡᠳᠪᠦᠷᠢ ᠠᠭᠤᠷᠬᠠᠢ᠂ ᠣᠷᠣᠨ ᠰᠠᠭᠤᠴᠠ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡ᠂ ᠵᠠᠮ ᠬᠠᠷᠢᠯᠴᠠᠭᠠᠨ ᠤ ᠲᠡᠭᠡᠭᠡᠪᠦᠷᠢ᠂ ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠬᠡᠷᠡᠭᠯᠡᠬᠦ ᠭᠠᠵᠠᠷ ᠵᠡᠷᠭᠡ ᠭᠠᠵᠠᠷ ᠰᠢᠷᠣᠢ ᠶᠢᠨ ᠲᠥᠷᠥᠯ ᠤᠨ ᠲᠠᠷᠬᠠᠯᠲᠠ ᠵᠢᠴᠢ ᠠᠰᠢᠭᠯᠠᠯᠲᠠ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠡ︔ ᠲᠠᠷᠢᠶᠠᠨ ᠭᠠᠵᠠᠷ ᠤᠨ ᠪᠠᠶᠢᠴᠠᠭᠠᠯᠲᠠ ᠶᠢ ᠨᠠᠷᠢᠯᠢᠭᠵᠢᠭᠤᠯᠤᠨ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠲᠠᠷᠬᠠᠯᠲᠠ ᠪᠠ ᠪᠦᠷᠢᠯᠳᠦᠴᠡ ᠶᠢ ᠪᠦᠬᠦ ᠲᠠᠯ᠎ᠠ ᠪᠠᠷ ᠡᠵᠡᠮᠰᠢᠨ᠎ᠡ︔ ᠳᠣᠣᠷ᠎ᠠ ᠦᠷ᠎ᠡ ᠠᠰᠢᠭᠲᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠪᠠᠶᠢᠴᠠᠭᠠᠯᠲᠠ ᠶᠢ ᠥᠷᠨᠢᠭᠦᠯᠵᠦ᠂ ᠬᠤᠲᠠ ᠬᠥᠳᠡᠭᠡ ᠵᠢᠴᠢ ᠨᠡᠭᠡᠭᠡᠯᠲᠡ ᠶᠢᠨ ᠣᠷᠣᠨ ᠤ ᠬᠡᠪᠴᠢᠶᠡᠨ ᠳᠠᠬᠢ ᠭᠠᠵᠠᠷ ᠰᠢᠷᠣᠢ ᠶᠢᠨ ᠠᠰᠢᠭᠯᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠲᠣᠳᠣᠯᠠᠨ᠎ᠠ︔ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ ᠪᠠᠶᠢᠴᠠᠭᠠᠯᠲᠠ ᠶᠢ ᠵᠡᠷᠭᠡ ᠳᠤ ᠨᠢ ᠠᠬᠢᠭᠤᠯᠵᠤ᠂ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ ᠮᠡᠳᠡᠭᠡ ᠵᠠᠩᠭᠢ ᠶᠢ ᠨᠡᠶᠢᠯᠡᠭᠦᠯᠦᠨ᠎ᠡ ᠨᠢᠭᠡᠳᠬᠡᠨ᠎ᠡ︔ ᠤᠯᠤᠰ᠂ ᠮᠤᠵᠢ᠂ ᠲᠤᠰᠬᠠᠢ ᠣᠷᠣᠨ᠂ ᠰᠢᠶᠠᠨ ᠳᠥᠷᠪᠡᠨ ᠱᠠᠲᠤ ᠶᠢ ᠬᠠᠮᠤᠷᠤᠭᠰᠠᠨ ᠬᠠᠷᠢᠯᠴᠠᠨ ᠬᠤᠯᠪᠣᠯᠳᠤᠵᠤ ᠬᠠᠮᠲᠤ ᠳᠤ ᠪᠠᠨ ᠬᠦᠷᠲᠡᠭᠰᠡᠨ ᠵᠢᠷᠤᠭ ᠳᠦᠷᠰᠦ᠂ ᠭᠠᠵᠠᠷ ᠰᠢᠷᠣᠢ ᠶᠢᠨ ᠲᠥᠷᠥᠯ᠂ ᠬᠡᠪᠴᠢᠶ᠎ᠡ᠂ ᠲᠠᠯᠠᠪᠠᠢ᠂ ᠡᠷᠬᠡ ᠶᠢᠨ ᠬᠠᠷᠢᠶ᠎ᠠ ᠪᠠ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠨᠢᠭᠡ ᠴᠣᠭᠴᠠᠵᠢᠭᠤᠯᠤᠭᠰᠠᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠡᠯ᠎ᠡ ᠱᠠᠲᠤᠨ ᠤ ᠬᠠᠷᠢᠯᠴᠠᠨ ᠬᠤᠯᠪᠣᠯᠳᠤᠵᠤ ᠬᠠᠮᠲᠤ ᠳᠤ ᠪᠠᠨ ᠬᠦᠷᠲᠡᠭᠰᠡᠨ ᠲᠣᠣᠷ ᠰᠦᠯᠵᠢᠶᠡᠵᠢᠭᠰᠡᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ︔ ᠤᠯᠤᠰ ᠤᠨ ᠭᠠᠵᠠᠷ ᠰᠢᠷᠣᠢ ᠵᠢᠴᠢ ᠣᠢ ᠰᠢᠭᠤᠢ᠂ ᠨᠤᠲᠤᠭ ᠪᠡᠯᠴᠢᠭᠡᠷ᠂ ᠤᠰᠤ᠂ ᠨᠣᠶᠢᠲᠠᠨ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠤᠪᠢᠷᠠᠯᠲᠠ ᠶᠢᠨ ᠮᠡᠳᠡᠭᠡ ᠵᠠᠩᠭᠢ ᠶᠢᠨ ᠪᠠᠶᠢᠴᠠᠭᠠᠯᠲᠠ᠂ ᠲᠤᠭ᠎ᠠ ᠪᠦᠷᠢᠳᠬᠡᠯ ᠪᠠ ᠡᠳᠦᠷ ᠲᠣᠵᠢ ᠶᠢᠨ᠂ ᠪᠦᠬᠦᠨ ᠢ ᠬᠠᠮᠤᠷᠤᠭᠰᠠᠨ ᠠᠯᠤᠰ ᠮᠡᠳᠡᠷᠡᠮᠵᠢ ᠶᠢᠨ ᠬᠢᠨᠠᠯᠲᠠ ᠰᠢᠨᠵᠢᠯᠲᠡ ᠪᠠ ᠲᠦᠷᠭᠡᠨ ᠰᠢᠨᠡᠴᠢᠯᠡᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃      ᠬᠥᠲᠥᠯᠥᠭᠴᠢ᠄      ᠰᠠᠶ᠋ᠢᠬᠠᠨ ᠬᠤᠶᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠳᠤᠷᠠᠳᠴᠤ ᠥᠩᠭᠡᠷᠡᠪᠡ᠂ ᠲᠡᠭᠡᠪᠡᠯ ᠡᠨᠡ ᠬᠤᠶᠠᠷ ᠤᠳᠠᠭᠠᠨ ᠤ ᠪᠠᠶᠢᠴᠠᠭᠠᠯᠲᠠ ᠶᠢᠨ ᠠᠳᠠᠯᠢ ᠪᠤᠰᠤ ᠲᠠᠯ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖     ᠵᠤᠤ ᠳ᠋ᠠ ᠶᠦᠩ᠄      ︽ᠭᠠᠵᠠᠷ ᠰᠢᠷᠣᠢ ᠶᠢᠨ ᠪᠠᠶᠢᠴᠠᠭᠠᠯᠲᠠ ᠶᠢᠨ ᠳᠦᠷᠢᠮ︾᠎ ᠤᠨ ᠲᠣᠭᠲᠠᠭᠠᠯ ᠶᠣᠰᠣᠭᠠᠷ᠂ ᠤᠯᠤᠰ ᠠᠴᠠ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ 10 ᠵᠢᠯ ᠳᠤ ᠨᠢᠭᠡ ᠤᠳᠠᠭ᠎ᠠ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠬᠢᠨ᠎ᠡ︔ ᠭᠠᠵᠠᠷ ᠰᠢᠷᠣᠢ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠵᠢᠯ ᠪᠦᠷᠢ ᠭᠠᠵᠠᠷ ᠰᠢᠷᠣᠢ ᠶᠢᠨ ᠬᠤᠪᠢᠷᠠᠭᠠᠭᠰᠠᠨ ᠪᠠᠶᠢᠳᠠᠯ ᠳᠤ ᠪᠠᠶᠢᠴᠠᠭᠠᠯᠲᠠ ᠬᠢᠨ᠎ᠡ᠃      ᠣᠨ ᠤ ᠭᠠᠵᠠᠷ ᠰᠢᠷᠣᠢ ᠶᠢᠨ ᠬᠤᠪᠢᠷᠠᠭᠠᠭᠰᠠᠨ ᠪᠠᠶᠢᠳᠠᠯ ᠤᠨ ᠪᠠᠶᠢᠴᠠᠭᠠᠯᠲᠠ ᠶᠢᠨ ᠠᠵᠢᠯ ᠨᠢ ᠨᠢᠭᠡᠨᠲᠡ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠤᠨ ᠨᠢᠭᠡ ᠵᠦᠢᠯ ᠤᠨ ᠰᠠᠭᠤᠷᠢ ᠴᠢᠨᠠᠷᠲᠠᠢ ᠪᠠ ᠡᠳᠦᠷ ᠲᠤᠲᠤᠮ ᠤᠨ ᠴᠢᠨᠠᠷᠲᠠᠢ ᠠᠵᠢᠯ ᠤᠨ ᠨᠢᠭᠡ ᠪᠣᠯᠪᠠ᠃ ᠳᠣᠣᠷ᠎ᠠ ᠪᠢ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠪᠠ ᠬᠤᠶᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠳᠠᠯᠢ ᠪᠤᠰᠤ ᠲᠠᠯ᠎ᠠ ᠶᠢ ᠭᠤᠣᠯᠳᠠᠯᠭ᠎ᠠ ᠲᠠᠢ ᠪᠠᠷ ᠲᠠᠨᠢᠯᠴᠠᠭᠤᠯᠤᠶ᠎ᠠ᠃      2009 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠬᠤᠰᠢᠭᠤ ᠰᠢᠶᠠᠨ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠪᠠ ᠤᠯᠤᠰ ᠳᠥᠷᠪᠡᠨ ᠱᠠᠲᠤᠨ ᠤ ᠪᠦᠬᠦ ᠤᠯᠤᠰ ᠤᠨ ᠪᠦᠬᠦ ᠭᠠᠵᠠᠷ ᠰᠢᠷᠣᠢ ᠶᠢ ᠬᠠᠮᠤᠷᠤᠭᠰᠠᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠡᠯ᠎ᠡ ᠱᠠᠲᠤᠨ ᠤ ᠳ᠋ᠠᠶᠢᠲ᠋ᠠ ᠶᠢᠨ ᠬᠥᠮᠥᠷᠭᠡ ᠨᠢ ᠬᠠᠷᠢᠶ᠎ᠠ ᠣᠷᠣᠨ ᠤ ᠬᠡᠪᠴᠢᠶᠡᠨ ᠳᠠᠬᠢ ᠪᠦᠬᠦ ᠭᠠᠵᠠᠷ ᠰᠢᠷᠣᠢ ᠶᠢᠨ ᠣᠷᠣᠨ ᠵᠠᠢ ᠶᠢᠨ ᠲᠤᠭ᠎ᠠ ᠪᠠᠷᠢᠮᠲᠠ ᠪᠠ ᠲᠠᠯᠠᠪᠠᠢ᠂ ᠭᠠᠵᠠᠷ ᠰᠢᠷᠣᠢ ᠶᠢᠨ ᠲᠥᠷᠥᠯ ᠤᠨ ᠬᠠᠮᠢᠶ᠎ᠠ ᠪᠦᠬᠦᠢ ᠬᠠᠷᠢᠶᠠᠲᠤ ᠴᠢᠨᠠᠷ ᠤᠨ ᠲᠤᠭ᠎ᠠ ᠪᠠᠷᠢᠮᠲᠠ ᠶᠢ ᠪᠠᠭᠲᠠᠭᠠᠵᠤ᠂ ᠲᠣᠭᠠᠵᠢᠭᠤᠯᠤᠨ ᠦᠯᠡᠳᠡᠭᠡᠵᠦ ᠬᠠᠳᠠᠭᠠᠯᠠᠬᠤ ᠶᠢ ᠪᠡᠶᠡᠯᠡᠭᠦᠯᠵᠡᠢ᠃      ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠢ ᠡᠭᠦᠨ ᠲᠠᠢ ᠬᠠᠷᠢᠴᠠᠭᠤᠯᠪᠠᠯ᠂ ᠡᠯ᠎ᠡ ᠲᠠᠯ᠎ᠠ ᠪᠠᠷ ᠮᠠᠰᠢ ᠶᠡᠭᠡ ᠳᠠᠪᠰᠢᠯᠲᠠ ᠪᠠ ᠳᠡᠭᠡᠭᠰᠢᠯᠡᠯᠲᠡ ᠲᠠᠢ ᠪᠣᠯᠪᠠ᠃ ᠬᠡᠷᠡᠭᠯᠡᠭᠰᠡᠨ ᠮᠡᠷᠭᠡᠵᠢᠯ ᠤᠨ ᠠᠷᠭ᠎ᠠ ᠪᠠᠷᠢᠯ ᠠᠴᠠ ᠠᠪᠴᠤ ᠦᠵᠡᠪᠡᠯ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠨᠢ ᠭᠤᠣᠯᠳᠠᠭᠤ DIS᠎ ᠪᠠᠷ ᠳᠠᠮᠵᠢᠭᠤᠯᠤᠨ ᠬᠥᠮᠥᠷᠭᠡ ᠪᠠᠶᠢᠭᠤᠯᠵᠤ᠂ ᠲᠤᠭ᠎ᠠ ᠪᠠᠷᠢᠮᠲᠠ ᠶᠢ ᠬᠠᠳᠠᠭᠠᠯᠠᠬᠤ ᠬᠢᠭᠡᠳ ᠬᠡᠷᠡᠭᠯᠡᠬᠦ ᠰᠠᠶᠢᠨ ᠰᠠᠶᠢᠬᠠᠨ ᠦᠷ᠎ᠡ ᠪᠦᠲᠦᠮᠵᠢ ᠶᠢ ᠣᠯᠵᠤ᠂ ᠣᠳᠣ ᠶᠢᠨ ᠮᠠᠨ ᠤ ᠬᠡᠷᠡᠭᠯᠡᠵᠦ ᠪᠠᠶᠢᠭ᠎ᠠ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ︽ᠨᠢᠭᠡ ᠵᠢᠷᠤᠭ︾ ᠪᠠ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠪᠠ᠃ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠨᠢ ᠠᠯᠬᠤᠮ ᠠᠯᠬᠤᠮ ᠢᠶᠠᠷ ᠪᠣᠯᠪᠠᠰᠤᠷᠠᠩᠭᠤᠢ ᠪᠣᠯᠵᠤ ᠪᠠᠶᠢᠭ᠎ᠠ ᠥᠨᠳᠥᠷ ᠢᠯᠭᠠᠮᠵᠢᠲᠤ ᠳᠠᠭᠠᠭᠤᠯᠢ ᠣᠳᠣ᠂ ᠵᠢᠯᠣᠭᠤᠴᠢ ᠦᠭᠡᠢ ᠨᠢᠰᠬᠡᠯ ᠵᠡᠷᠭᠡ ᠠᠯᠤᠰ ᠮᠡᠳᠡᠷᠡᠮᠵᠢ ᠪᠠᠷ ᠬᠡᠮᠵᠢᠨ ᠵᠢᠷᠤᠭᠯᠠᠬᠤ ᠮᠡᠷᠭᠡᠵᠢᠯ ᠤᠨ ᠠᠰᠢᠭᠯᠠᠯᠲᠠ ᠶᠢ ᠴᠢᠩᠭᠠᠷᠠᠭᠤᠯᠵᠤ᠂ ᠲᠣᠮᠣ ᠳ᠋ᠠᠶᠢᠲ᠋ᠠ ᠪᠠ ᠡᠭᠦᠯᠡᠨ ᠪᠣᠳᠣᠯᠲᠠ ᠶᠢᠨ ᠬᠥᠭᠵᠢᠨ ᠮᠠᠨᠳᠤᠭᠰᠠᠨ᠂ ᠵᠢᠴᠢ ᠠᠷᠪᠠᠨ ᠵᠢᠯ ᠤᠨ ᠲᠤᠷᠰᠢᠬᠢ ᠤᠯᠤᠰ ᠤᠨ ᠡᠯ᠎ᠡ ᠲᠥᠷᠥᠯ ᠤᠨ ᠭᠠᠵᠠᠷ ᠰᠢᠷᠣᠢ ᠵᠢᠴᠢ ᠭᠠᠵᠠᠷ ᠵᠦᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠪᠣᠢ ᠪᠣᠯᠬᠤ ᠶᠢ ᠳᠠᠭᠠᠯᠳᠤᠨ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠨᠢ ᠴᠤ ᠨᠡᠩ ᠪᠦᠷᠢᠨ ᠲᠡᠭᠦᠯᠳᠡᠷ ᠠᠵᠢᠯ ᠤᠨ ᠰᠢᠰᠲ᠋ᠧᠮᠵᠢ ᠶᠢ ᠪᠦᠷᠢᠯᠳᠦᠭᠦᠯᠵᠦ ᠪᠠᠶᠢᠭᠠᠳ ᠠᠵᠢᠯ ᠢᠶᠠᠨ ᠤᠷᠤᠭᠰᠢᠲᠠᠢ ᠥᠷᠨᠢᠭᠦᠯᠬᠦ ᠪᠠ ᠦᠷ᠎ᠡ ᠪᠦᠲᠦᠭᠡᠯ ᠢ ᠥᠷᠭᠡᠨ ᠳᠡᠯᠭᠡᠷ ᠢᠶᠠᠷ ᠬᠡᠷᠡᠭᠯᠡᠪᠡ᠃      ᠪᠠᠶᠢᠴᠠᠭᠠᠯᠲᠠ ᠬᠢᠬᠦ ᠠᠷᠭ᠎ᠠ ᠪᠠᠷᠢᠯ ᠪᠠ ᠠᠷᠭ᠎ᠠ ᠬᠡᠯᠪᠡᠷᠢ ᠠᠴᠠ ᠠᠪᠴᠤ ᠦᠵᠡᠪᠡᠯ᠂ ᠬᠤᠶᠠᠳᠤᠭᠠᠷ ᠤᠳᠠᠭᠠᠨ ᠤ ᠪᠠᠶᠢᠴᠠᠭᠠᠯᠲᠠ ᠨᠢ ᠥᠷᠨᠢᠭᠦᠯᠦᠭᠰᠡᠨ ᠴᠠᠭ ᠨᠢ ᠨᠡᠯᠢᠶᠡᠳ ᠡᠷᠲᠡ᠂ ᠡᠯ᠎ᠡ ᠵᠦᠢᠯ ᠤᠨ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ ᠪᠣᠯᠵᠤ᠂ ᠶᠡᠬᠡᠩᠬᠢ ᠬᠡᠰᠡᠭ ᠨᠢ ᠠᠰ ᠰᠡᠭᠦᠳᠡᠷᠯᠡᠭᠰᠡᠨ ᠵᠢᠷᠤᠭ ᠳᠦᠷᠰᠦ ᠪᠠᠷ ᠰᠠᠭᠤᠷᠢ ᠪᠣᠯᠭᠠᠨ᠂ ᠭᠠᠵᠠᠷ ᠰᠢᠷᠣᠢ ᠶᠢᠨ ᠲᠥᠷᠥᠯ ᠪᠠ ᠲᠠᠯᠠᠪᠠᠢ ᠳᠤ ᠬᠡᠰᠡᠭ ᠳᠠᠷᠠᠭᠠᠯᠠᠨ ᠪᠣᠳᠠᠲᠠᠢ ᠭᠠᠵᠠᠷ ᠲᠤ ᠪᠠᠶᠢᠴᠠᠭᠠᠯᠲᠠ ᠬᠢᠪᠡ᠃ ᠭᠡᠲᠡᠯ᠎ᠡ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠪᠠᠭᠲᠠᠭᠠᠭᠰᠠᠨ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠨᠢ ᠳᠠᠭᠠᠭᠤᠯᠢ ᠣᠳᠣᠨ ᠤ ᠠᠯᠤᠰ ᠮᠡᠳᠡᠷᠡᠮᠵᠢ᠂ ᠮᠡᠳᠡᠭᠡ ᠵᠠᠩᠭᠢ ᠶᠢᠨ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠲᠠᠪᠴᠠᠩ᠂ ᠪᠣᠳᠠᠲᠠᠢ ᠭᠠᠵᠠᠷ ᠲᠤ ᠪᠠᠶᠢᠴᠠᠭᠠᠨ ᠬᠠᠷᠭᠤᠭᠤᠯᠵᠤ ᠲᠡᠮᠳᠡᠭᠯᠡᠬᠦ ᠵᠡᠷᠭᠡ ᠠᠷᠭ᠎ᠠ ᠬᠡᠯᠪᠡᠷᠢ ᠶᠢ ᠪᠠᠭᠲᠠᠭᠠᠭᠰᠠᠨ ᠮᠡᠷᠭᠡᠵᠢᠯ ᠤᠨ ᠠᠷᠭ᠎ᠠ ᠠᠪᠴᠠᠯ ᠢ ᠬᠡᠷᠡᠭᠯᠡᠨ ᠥᠷᠨᠢᠭᠦᠯᠪᠡ᠃ ᠡᠭᠦᠨ ᠳᠤ ᠬᠡᠷᠡᠭᠯᠡᠭᠰᠡᠨ ᠰᠢᠰᠲ᠋ᠧᠮ ᠤᠨ ᠪᠠᠶᠢᠭᠤᠯᠤᠯᠲᠠ ᠶᠢᠨ ᠮᠡᠷᠭᠡᠵᠢᠯ᠂ ᠮᠡᠳᠡᠭᠡ ᠵᠠᠩᠭᠢ ᠶᠢᠨ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠮᠡᠷᠭᠡᠵᠢᠯ᠂ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠬᠤᠭᠤᠷᠣᠨᠳᠤᠬᠢ ᠬᠠᠮᠲᠤᠷᠠᠯᠴᠠᠭᠰᠠᠨ ᠲᠤᠷᠰᠢᠯᠭ᠎ᠠ ᠨᠢ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠡ ᠶᠢᠨ ᠳᠡᠰ ᠳᠡᠪᠰᠢᠯᠲᠡ ᠳᠤ ᠴᠢᠬᠤᠯᠠ ᠡᠳ᠋ ᠬᠥᠷᠥᠩᠭᠡ ᠪᠣᠯᠬᠤ ᠪᠣᠯᠣᠨ᠎ᠠ᠃     ᠬᠥᠲᠥᠯᠥᠭᠴᠢ᠄      ᠡᠭᠦᠨ ᠠᠴᠠ ᠦᠵᠡᠬᠦ ᠳᠤ ᠮᠡᠷᠭᠡᠵᠢᠯ ᠤᠨ ᠲᠠᠯ᠎ᠠ ᠪᠠᠷ ᠭᠡᠰᠡᠨ ᠦᠭᠡᠢ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠴᠤ ᠭᠡᠰᠡᠨ ᠦᠭᠡᠢ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢ ᠮᠠᠰᠢ ᠶᠡᠭᠡ ᠳᠡᠭᠡᠭᠰᠢᠯᠡᠯᠲᠡ ᠲᠠᠢ ᠪᠣᠯᠪᠠ᠃ ᠡᠨᠡ ᠬᠦ ᠵᠦᠢᠯ ᠤᠨ ᠠᠵᠢᠯ ᠢ ᠬᠡᠵᠢᠶ᠎ᠡ ᠠᠴᠠ ᠡᠬᠢᠯᠡᠭᠦᠯᠦᠭᠰᠡᠨ ᠪᠣᠢ︖ ᠬᠡᠳᠦᠢ ᠬᠤᠭᠤᠴᠠᠭ᠎ᠠ ᠬᠡᠷᠡᠭᠯᠡᠨ ᠪᠡᠶᠡᠯᠡᠭᠦᠯᠬᠦ ᠪᠠᠷ ᠲᠥᠯᠥᠪᠯᠡᠵᠦ ᠪᠠᠶᠢᠬᠤ ᠪᠣᠢ︖     ᠵᠤᠤ ᠳ᠋ᠠ ᠶᠦᠩ᠄      ᠤᠯᠤᠰ ᠤᠨ ᠳᠡᠰ ᠳᠠᠪᠬᠤᠷᠭ᠎ᠠ ᠠᠴᠠ ᠪᠣᠯ 2017 ᠣᠨ ᠤ 10 ᠳ᠋ᠤᠭᠠᠷ ᠰᠠᠷ᠎ᠠ ᠶᠢᠨ 9᠎ ᠤ ᠡᠳᠦᠷ ᠠᠴᠠ ᠡᠬᠢᠯᠡᠭᠦᠯᠵᠦ᠂ 2019 ᠣᠨ ᠤ ᠰᠡᠭᠦᠯᠴᠢ ᠪᠠᠷ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠵᠦ᠂ 2020 ᠣᠨ ᠳᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠭᠤᠯᠤᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠳ᠋ᠦᠩᠨᠡᠬᠦ ᠶᠢᠨ ᠬᠠᠮᠲᠤ᠂ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠪᠠᠷ ᠲᠥᠯᠥᠪᠯᠡᠵᠦ ᠪᠠᠶᠢᠨ᠎ᠠ᠃      ᠣᠳᠣᠬᠠᠨ ᠳᠤ ᠨᠢᠭᠡᠨᠲᠡ ᠬᠠᠮᠢᠶ᠎ᠠ ᠪᠦᠬᠦᠢ ᠪᠡᠯᠡᠳᠬᠡᠯ ᠠᠵᠢᠯ ᠢ ᠪᠡᠶᠡᠯᠡᠭᠦᠯᠵᠦ᠂ ᠪᠣᠳᠠᠲᠠᠢ ᠪᠠᠷ ᠪᠠᠶᠢᠴᠠᠭᠠᠯᠲᠠ ᠬᠢᠬᠦ ᠱᠠᠲᠤᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠰᠢᠶᠠᠨ ᠤ ᠱᠠᠲᠤᠨ ᠤ ᠬᠢᠨ ᠤᠯᠤᠰ ᠠᠴᠠ ᠲᠠᠷᠬᠠᠭᠠᠭᠰᠠᠨ ᠪᠠᠶᠢᠴᠠᠭᠠᠯᠲᠠ ᠶᠢᠨ ᠰᠠᠭᠤᠷᠢ ᠵᠢᠷᠤᠭ ᠢ ᠲᠣᠰᠣᠭᠰᠠᠨ 3 ᠰᠠᠷ᠎ᠠ ᠶᠢᠨ ᠳᠣᠲᠣᠷ᠎ᠠ᠂ ᠰᠢᠶᠠᠨ ᠤ ᠱᠠᠲᠤᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ᠂ ᠲᠣᠭᠲᠠᠭᠰᠠᠨ ᠴᠠᠭ ᠶᠣᠰᠣᠭᠠᠷ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠲᠤ ᠮᠡᠳᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠤᠨ ᠬᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢ ᠮᠡᠳᠡᠭᠦᠯᠦᠭᠰᠡᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠲᠣᠰᠣᠭᠰᠠᠨ 2 ᠰᠠᠷ᠎ᠠ ᠶᠢᠨ ᠳᠣᠲᠣᠷ᠎ᠠ᠂ ᠮᠤᠵᠢ ᠶᠢᠨ ᠱᠠᠲᠤᠨ ᠤ ᠪᠦᠬᠦ ᠲᠠᠯ᠎ᠠ ᠶᠢᠨ ᠪᠠᠶᠢᠴᠠᠭᠠᠯᠲᠠ ᠪᠠ ᠴᠡᠭᠴᠡᠯᠡᠨ ᠥᠭᠡᠷᠡᠴᠢᠯᠡᠬᠦ ᠠᠵᠢᠯ ᠢ ᠪᠡᠶᠡᠯᠡᠭᠦᠯᠬᠦ ᠶᠢᠨ ᠬᠠᠮᠲᠤ᠂ ᠲᠣᠭᠲᠠᠭᠰᠠᠨ ᠴᠠᠭ ᠶᠣᠰᠣᠭᠠᠷ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠳᠤ ᠮᠡᠳᠡᠭᠦᠯᠦᠨ᠎ᠡ᠃      ᠪᠣᠳᠠᠲᠠᠢ ᠪᠠᠷ ᠠᠪᠴᠤ ᠬᠡᠯᠡᠪᠡᠯ ᠳᠠᠷᠤᠢ 2019 ᠣᠨ ᠤ 3 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ᠂ ᠡᠯ᠎ᠡ ᠬᠤᠰᠢᠭᠤ ᠰᠢᠶᠠᠨ ᠤ ᠬᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠨ ᠳᠡᠭᠡᠭᠰᠢ ᠮᠡᠳᠡᠭᠦᠯᠵᠦ᠂ 2019 ᠣᠨ ᠤ 5 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠲᠤᠭ᠎ᠠ ᠪᠠᠷᠢᠮᠲᠠ ᠪᠠᠨ ᠤᠯᠤᠰ ᠲᠤ ᠮᠡᠳᠡᠭᠦᠯᠦᠨ᠎ᠡ᠃      ᠬᠥᠲᠥᠯᠥᠭᠴᠢ᠄      ᠡᠭᠦᠨ ᠠᠴᠠ ᠦᠵᠡᠬᠦ ᠳᠤ ᠴᠠᠭ ᠨᠢ ᠨᠡᠯᠢᠶᠡᠳ ᠪᠠᠴᠢᠮ ᠪᠠᠶᠢᠨ᠎ᠠ᠃ ᠲᠡᠭᠡᠪᠡᠯ ᠮᠠᠨ ᠤ ᠥᠪᠡᠷᠲᠡᠭᠡᠨ ᠵᠠᠰᠠᠬᠤ ᠣᠷᠣᠨ ᠤ ᠣᠳᠣᠬᠠᠨ ᠤ ᠠᠵᠢᠯ ᠤᠨ ᠠᠬᠢᠯᠲᠠ ᠶᠢᠨ ᠪᠠᠶᠢᠳᠠᠯ ᠨᠢ ᠶᠠᠮᠠᠷ ᠪᠣᠢ︖     ᠵᠤᠤ ᠳ᠋ᠠ ᠶᠦᠩ᠄      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢ ᠶᠠᠭ ᠰᠠᠶᠢᠬᠠᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠪᠦᠬᠦ ᠠᠶᠢᠮᠠᠭ ᠬᠤᠲᠠ᠂ ᠬᠤᠰᠢᠭᠤ ᠰᠢᠶᠠᠨ ᠳᠤ ᠪᠦᠷ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠶᠢᠭᠤᠯᠤᠮᠵᠢ ᠪᠠᠶᠢᠭᠤᠯᠵᠤ᠂ ᠴᠠᠭ ᠲᠤᠬᠠᠢ ᠳᠤ ᠨᠢ ᠠᠵᠢᠯ ᠢᠶᠠᠨ ᠪᠠᠶᠢᠷᠢᠯᠠᠭᠤᠯᠤᠭᠰᠠᠨ ᠤ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ ᠪᠢᠳᠡ ᠨᠢᠭᠡᠨᠲᠡ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠭᠰᠠᠨ ᠤ ᠬᠠᠮᠲᠤ ᠳᠠᠷᠤᠮᠠᠯᠯᠠᠨ ᠲᠠᠷᠬᠠᠭᠠᠬᠤ ᠶᠢ ᠪᠡᠶᠡᠯᠡᠭᠦᠯᠵᠦ᠂ ᠣᠳᠣᠬᠠᠨ ᠳᠤ ᠶᠠᠭ ᠰᠠᠶᠢᠬᠠᠨ ᠤᠯᠤᠰ ᠤᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠡᠷᠡᠭᠵᠢᠭᠦᠯᠬᠦ ᠲᠥᠰᠥᠯ ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ ᠳᠤ ᠵᠠᠰᠠᠪᠤᠷᠢ ᠣᠷᠣᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠵᠠᠷᠤᠳᠠᠯ ᠤᠨ ᠶᠡᠷᠦᠩᠬᠡᠢ ᠥᠪᠡᠷ ᠤᠨ ᠥᠷᠲᠡᠭ ᠲᠤ ᠰᠢᠨᠵᠢᠯᠡᠯᠲᠡ ᠪᠣᠳᠣᠯᠲᠠ ᠬᠢᠭᠰᠡᠨ ᠤ ᠬᠠᠮᠲᠤ᠂ ᠵᠠᠷᠤᠳᠠᠯ ᠢ ᠰᠢᠨᠵᠢᠯᠡᠨ ᠪᠣᠳᠣᠬᠤ ᠶᠢᠨ ᠵᠢᠯᠣᠭᠤᠳᠬᠤ ᠰᠠᠨᠠᠯ ᠢ ᠲᠣᠭᠲᠠᠭᠠᠭᠰᠠᠨ ᠪᠠ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠰᠢᠮᠳᠠᠭᠤᠯᠤᠨ ᠨᠠᠶᠢᠳᠠᠪᠤᠷᠢᠵᠢᠭᠤᠯᠪᠠ᠃ ᠣᠳᠣᠬᠠᠨ ᠳᠤ 2018 ᠣᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠷᠤᠳᠠᠯ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠳᠤ ᠨᠥᠬᠦᠪᠦᠷᠢᠯᠡᠬᠦ ᠵᠠᠷᠤᠳᠠᠯ ᠢ ᠴᠤ ᠪᠦᠬᠦᠨ ᠢ ᠪᠠᠭᠤᠯᠭᠠᠪᠠ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠤᠷᠢᠳ ᠢᠶᠠᠷ ᠥᠷᠨᠢᠭᠦᠯᠦᠭᠰᠡᠨ ᠬᠤᠰᠢᠭᠤ ᠰᠢᠶᠠᠨ ᠨᠢ ᠨᠢᠭᠡᠨᠲᠡ ᠪᠠᠶᠢᠴᠠᠭᠠᠯᠲᠠ ᠶᠢᠨ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠤ ᠰᠠᠭᠤᠷᠢ ᠳ᠋ᠠᠶᠢᠲ᠋ᠠ ᠶᠢᠨ ᠰᠣᠯᠪᠢᠴᠠᠯ ᠢ ᠰᠣᠯᠢᠯᠴᠠᠭᠤᠯᠬᠤ ᠪᠠ ᠥᠨᠳᠥᠷ ᠢᠯᠭᠠᠮᠵᠢᠲᠤ ᠵᠢᠷᠤᠭ ᠳᠦᠷᠰᠦ ᠶᠢᠨ ᠳ᠋ᠠᠶᠢᠲ᠋ᠠ ᠶᠢ ᠪᠣᠯᠪᠠᠰᠤᠷᠠᠭᠤᠯᠬᠤ ᠠᠵᠢᠯ ᠢ ᠪᠡᠶᠡᠯᠡᠭᠦᠯᠵᠦ᠂ ᠬᠠᠮᠢᠶ᠎ᠠ ᠪᠦᠬᠦᠢ ᠳ᠋ᠠᠶᠢᠲ᠋ᠠ ᠶᠢ ᠨᠢᠭᠡᠨᠲᠡ 9 ᠳ᠋ᠦ᠋ᠭᠡᠷ ᠰᠠᠷ᠎ᠠ ᠶᠢᠨ 13᠎ ᠤ ᠡᠳᠦᠷ ᠠᠴᠠ ᠡᠬᠢᠯᠡᠨ ᠬᠤᠰᠢᠭᠤ ᠰᠢᠶᠠᠨ ᠳᠤ ᠪᠠᠭᠤᠯᠭᠠᠪᠠ᠃ ᠣᠳᠣᠬᠠᠨ ᠳᠤ ᠪᠦᠬᠦ ᠬᠤᠰᠢᠭᠤ ᠰᠢᠶᠠᠨ ᠤ ᠬᠢᠨ ᠨᠢᠭᠡᠨᠲᠡ ᠥᠪᠡᠷᠲᠡᠭᠡᠨ ᠵᠠᠰᠠᠬᠤ ᠣᠷᠣᠨ ᠠᠴᠠ ᠲᠠᠷᠬᠠᠭᠠᠭᠰᠠᠨ ᠳ᠋ᠠᠶᠢᠲ᠋ᠠ ᠶᠢ ᠦᠨᠳᠦᠰᠦᠯᠡᠵᠦ ᠬᠤᠰᠢᠭᠤ ᠰᠢᠶᠠᠨ ᠤ ᠱᠠᠲᠤᠨ ᠤ ᠪᠠᠶᠢᠴᠠᠭᠠᠯᠲᠠ ᠶᠢᠨ ᠵᠠᠭᠠᠭ ᠬᠢᠵᠠᠭᠠᠷ ᠤᠨ ᠵᠢᠷᠤᠭ ᠢ ᠪᠠᠭᠤᠯᠭᠠᠬᠤ ᠠᠵᠢᠯ ᠢ ᠡᠬᠢᠯᠡᠭᠦᠯᠪᠡ᠃ 103 ᠬᠤᠰᠢᠭᠤ ᠰᠢᠶᠠᠨ ᠨᠢ ᠪᠦᠷ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠦᠨ᠂ 56 ᠮᠡᠷᠭᠡᠵᠢᠯ ᠤᠨ ᠡᠩᠨᠡᠭᠡ ᠶᠢ ᠲᠣᠭᠲᠠᠭᠠᠵᠤ᠂ ᠣᠳᠣᠬᠠᠨ ᠳᠤ ᠮᠡᠷᠭᠡᠵᠢᠯ ᠤᠨ ᠨᠢᠭᠡᠴᠢ ᠶᠢᠨ ᠬᠢᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠪᠦᠷᠢᠳᠬᠡᠨ ᠳᠠᠩᠰᠠᠯᠠᠭᠤᠯᠵᠤ᠂ ᠬᠢᠨᠠᠨ ᠬᠠᠷᠭᠤᠭᠤᠯᠬᠤ ᠠᠵᠢᠯ ᠨᠢ ᠨᠢᠭᠡᠨᠲᠡ ᠰᠢᠪᠲᠤᠷᠠᠭᠠᠨ ᠳᠤ ᠪᠠᠨ ᠣᠷᠣᠪᠠ᠃ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠪᠠᠲᠤᠯᠠᠬᠤ ᠶᠢᠨ ᠲᠤᠰᠠᠳᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠬᠠᠮᠢᠶᠠᠷᠤᠯᠲᠠ ᠶᠢᠨ ᠠᠵᠢᠯᠲᠠᠳ ᠪᠠ ᠪᠠᠶᠢᠴᠠᠭᠠᠯᠲᠠ ᠶᠢᠨ ᠨᠢᠭᠡᠴᠢ ᠶᠢᠨ ᠮᠡᠷᠭᠡᠵᠢᠯ ᠤᠨ ᠠᠵᠢᠯᠲᠠᠳ ᠳᠤ ᠤᠷᠢᠳ ᠬᠤᠵᠢᠳ 8 ᠬᠤᠭᠤᠴᠠᠭᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠰᠢᠯᠭᠠᠯᠲᠠ ᠬᠢᠵᠦ᠂ ᠪᠣᠯᠪᠠᠰᠤᠷᠠᠭᠤᠯᠤᠯ ᠬᠦᠷᠲᠡᠭᠰᠡᠨ ᠬᠥᠮᠥᠨ ᠤ ᠲᠤᠭ᠎ᠠ 2440 ᠬᠥᠮᠥᠨ ᠳᠤ ᠬᠦᠷᠪᠡ᠃ ᠣᠳᠣᠬᠠᠨ ᠳᠤ ᠪᠦᠬᠦ ᠣᠷᠣᠨ ᠤ ᠪᠦᠬᠦ ᠬᠤᠰᠢᠭᠤ ᠰᠢᠶᠠᠨ ᠨᠢ ᠨᠢᠭᠡᠨᠲᠡ ᠪᠠᠶᠢᠴᠠᠭᠠᠯᠲᠠ ᠬᠢᠬᠦ ᠱᠠᠲᠤᠨ ᠳᠤ ᠣᠷᠣᠪᠠ᠂ ᠤᠴᠢᠷ ᠨᠢ ᠮᠠᠨ ᠤ ᠥᠪᠡᠷᠲᠡᠭᠡᠨ ᠵᠠᠰᠠᠬᠤ ᠣᠷᠣᠨ ᠤ ᠲᠠᠯᠠᠪᠠᠢ ᠬᠠᠷᠢᠴᠠᠩᠭᠤᠢ ᠶᠡᠭᠡ᠂ ᠡᠭᠦᠨ ᠤ ᠳᠡᠭᠡᠷ᠎ᠡ ᠵᠡᠭᠦᠨ ᠬᠤᠶᠢᠲᠤ ᠶᠢᠨ ᠭᠠᠵᠠᠷ ᠣᠷᠣᠨ ᠤ ᠠᠭᠤᠷ ᠠᠮᠢᠰᠬᠤᠯ ᠤᠨ ᠣᠨᠴᠠᠯᠢᠭ ᠠᠴᠠ ᠪᠣᠯᠵᠤ᠂ ᠬᠢᠷᠠᠭᠤ ᠦᠭᠡᠢ ᠬᠤᠭᠤᠴᠠᠭ᠎ᠠ ᠨᠢ ᠨᠡᠯᠢᠶᠡᠳ ᠣᠬᠤᠷ᠂ ᠪᠦᠲᠦᠮᠵᠢᠲᠡᠢ ᠪᠠᠷ ᠪᠠᠶᠢᠴᠠᠭᠠᠯᠲᠠ ᠬᠢᠬᠦ ᠴᠠᠭ ᠨᠢ ᠴᠤ ᠨᠡᠯᠢᠶᠡᠳ ᠣᠬᠤᠷ ᠪᠣᠯᠬᠤᠷ᠂ ᠪᠢᠳᠡ ᠣᠳᠣ ᠪᠠᠶᠢᠴᠠᠭᠠᠯᠲᠠ ᠬᠢᠬᠦ ᠴᠠᠭ ᠢ ᠲᠡᠮᠡᠴᠡᠨ᠂ ᠠᠵᠢᠯ ᠢᠶᠠᠨ ᠠᠯᠢ ᠴᠢᠳᠠᠬᠤ ᠪᠠᠷ ᠤᠷᠢᠳᠴᠢᠯᠠᠨ ᠬᠢᠵᠦ ᠪᠠᠶᠢᠨ᠎ᠠ᠃      ᠬᠥᠲᠥᠯᠥᠭᠴᠢ᠄      ᠪᠢᠳᠡ ᠨᠢᠭᠡᠨᠲᠡ ᠣᠶᠢᠯᠠᠭᠠᠪᠠ᠂ ᠡᠭᠦᠨ ᠠᠴᠠ ᠦᠵᠡᠬᠦ ᠳᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠠᠵᠢᠯ ᠨᠢᠭᠡᠨᠲᠡ ᠬᠦᠷ ᠬᠥᠭᠵᠢᠶᠡᠨ ᠲᠠᠢ ᠪᠠᠷ ᠥᠷᠨᠢᠵᠦ ᠡᠬᠢᠯᠡᠪᠡ᠃     ᠵᠤᠤ ᠳ᠋ᠠ ᠶᠦᠩ᠄      ᠰᠦᠯᠵᠢᠶᠡᠨ ᠤ ᠠᠨᠳᠠ ᠨᠠᠷ ᠤᠨ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠠᠵᠢᠯ᠂ ᠣᠨᠴᠠᠭᠠᠶᠢᠯᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠳᠡᠮᠵᠢᠯᠭᠡ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ᠄      ᠵᠤᠤ ᠲᠢᠩᠬᠢᠮ ᠤᠨ ᠳᠠᠷᠤᠭ᠎ᠠ ᠶᠢᠨ ᠰᠤᠷᠪᠤᠯᠵᠢᠯᠠᠭ᠎ᠠ ᠶᠢᠨ ᠪᠣᠯᠣᠩ ᠳᠤ ᠮᠣᠷᠢᠯᠠᠨ ᠰᠠᠭᠠᠲᠠᠭᠰᠠᠨ ᠳᠤ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠪᠠᠶᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map