ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠨᠠᠢᠮᠠ︶
ᠨᠡᠶᠢᠲᠡᠯᠡᠭᠰᠡᠨ ᠴᠠᠭ᠄
2019/4/25
     ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠶᠠᠳᠠᠭᠤ ᠶᠢ ᠲᠡᠳᠬᠦᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠲᠥᠰᠥᠯ︾᠎ ᠤᠨ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠦᠨᠳᠦ ᠡᠪᠡᠳᠴᠢᠨ ᠪᠠ ᠤᠵᠢᠭ ᠡᠪᠡᠳᠴᠢᠨ ᠢ ᠲᠤᠶᠢᠯ ᠤᠨ ᠣᠨᠣᠪᠴᠢᠲᠠᠢ ᠪᠠᠷ ᠡᠮᠨᠡᠨ ᠠᠪᠤᠷᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠬᠢᠨ ᠬᠡᠷᠡᠭᠵᠢᠭᠦᠯᠬᠦ ᠪᠣᠢ︖      ᠬᠠᠷᠢᠭᠤᠯᠲᠠ᠄ ᠬᠦᠨᠳᠦ ᠡᠪᠡᠳᠴᠢᠨ ᠤ ᠲᠤᠰᠬᠠᠢ ᠵᠦᠢᠯ ᠤᠨ ᠡᠮᠨᠡᠨ ᠠᠪᠤᠷᠠᠬᠤ  ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠦᠨᠳᠦ ᠡᠪᠡᠳᠴᠢᠨ ᠤ ᠲᠤᠰᠬᠠᠢ ᠵᠦᠢᠯ ᠤᠨ  ᠡᠮᠨᠡᠨ ᠠᠪᠤᠷᠠᠬᠤ ᠠᠵᠢᠯ ᠤᠨ ᠬᠡᠷᠡᠭᠵᠢᠭᠦᠯᠬᠦ ᠲᠥᠰᠥᠯ︾᠎ ᠤᠨ ᠱᠠᠭᠠᠷᠳᠠᠯᠭ᠎ᠠ ᠶᠣᠰᠣᠭᠠᠷ ᠬᠦᠨᠳᠦ ᠡᠪᠡᠳᠴᠢᠲᠡᠨ ᠢ ᠲᠥᠪᠯᠡᠷᠡᠭᠦᠯᠦᠨ ᠡᠮᠨᠡᠨ ᠠᠪᠤᠷᠠᠵᠤ᠂ ᠬᠡᠦᠬᠡᠳ ᠤᠨ ᠲᠥᠷᠥᠯᠬᠢ ᠶᠢᠨ ᠴᠢᠨᠡᠷᠲᠡᠢ ᠵᠢᠷᠦᠬᠡᠨ ᠤ ᠲᠣᠰᠬᠤᠭᠤᠷ ᠤᠨ ᠲᠠᠰᠤᠯᠤᠪᠴᠢ ᠲᠤᠲᠠᠮᠠᠭ᠂ ᠬᠡᠦᠬᠡᠳ ᠤᠨ ᠲᠥᠷᠥᠯᠬᠢ ᠶᠢᠨ ᠴᠢᠨᠠᠷᠲᠠᠢ ᠵᠢᠷᠦᠬᠡᠨ ᠤ ᠬᠤᠪᠲᠣᠯ ᠤᠨ ᠲᠠᠰᠤᠯᠤᠪᠴᠢ ᠳᠤᠲᠠᠮᠠᠭ᠂ ᠬᠡᠦᠬᠡᠳ ᠤᠨ ᠲᠦᠷᠭᠡᠨ ᠴᠢᠨᠠᠷᠲᠤ ᠯᠢᠮᠹ ᠤᠨ ᠡᠰᠲᠦ  ᠴᠢᠰᠤ ᠴᠠᠶᠢᠬᠤ ᠡᠪᠡᠳᠴᠢᠨ᠂ ᠬᠡᠦᠬᠡᠳ ᠤᠨ ᠠᠩᠬᠠᠨ ᠤ ᠮᠥᠬᠦᠯᠢᠭᠲᠦ ᠡᠰ ᠤᠨ  ᠴᠢᠰᠤ ᠴᠠᠶᠢᠬᠤ  ᠡᠪᠡᠳᠴᠢᠨ᠂ ᠤᠯᠠᠭᠠᠨ ᠬᠤᠭᠤᠯᠠᠢ ᠶᠢᠨ ᠦᠮᠡᠨ᠂  ᠬᠤᠳᠤᠭᠤᠳᠤᠨ ᠤ ᠦᠮᠡᠨ᠂ ᠬᠤᠲᠣᠷᠢᠩᠬᠠᠢ ᠭᠡᠳᠡᠰᠦᠨ ᠤ ᠦᠮᠡᠨ᠂ ᠰᠢᠯᠤᠭᠤᠨ ᠭᠡᠳᠡᠰᠦᠨ ᠤ ᠦᠮᠡᠨ᠂ ᠰᠡᠭᠦᠯᠴᠢ ᠶᠢᠨ ᠬᠤᠭᠤᠴᠠᠭᠠᠨ ᠤ ᠪᠥᠭᠡᠷᠡᠨ ᠤ ᠡᠪᠡᠳᠴᠢᠨ ᠵᠡᠷᠭᠡ 9 ᠵᠦᠢᠯ ᠤᠨ ᠡᠪᠡᠳᠴᠢᠨ ᠤ ᠲᠤᠰᠬᠠᠢ ᠵᠦᠢᠯ ᠤᠨ  ᠡᠮᠨᠡᠨ ᠠᠪᠤᠷᠠᠯᠲᠠ ᠶᠢ ᠭᠦᠨᠵᠡᠭᠡᠢ ᠪᠥᠭᠡᠳ ᠰᠠᠶᠢᠲᠤᠷ ᠬᠢᠭᠰᠡᠨ ᠰᠠᠭᠤᠷᠢᠨ ᠳᠡᠭᠡᠷ᠎ᠡ᠂  ᠡᠮᠨᠡᠨ ᠠᠪᠤᠷᠠᠬᠤ ᠡᠪᠡᠳᠴᠢᠨ ᠤ ᠵᠦᠢᠯ ᠢ ᠠᠯᠬᠤᠮ ᠠᠯᠬᠤᠮ ᠢᠶᠠᠷ ᠥᠷᠭᠡᠳᠬᠡᠵᠦ᠂ 2018 ᠣᠨ ᠳᠤ ᠡᠮᠡᠭᠲᠡᠶᠢᠴᠦᠳ ᠤᠨ ᠬᠤᠶᠠᠷ ᠵᠦᠢᠯ ᠤᠨ ᠦᠮᠡᠨ ︵ᠰᠠᠪᠠ ᠶᠢᠨ ᠬᠦᠵᠦᠭᠦᠨ ᠤ ᠦᠮᠡᠨ᠂ ᠬᠥᠬᠦᠨ ᠪᠤᠯᠴᠢᠷᠬᠠᠢ ᠶᠢᠨ ᠦᠮᠡᠨ︶᠂ ᠠᠭᠤᠰᠬᠢᠨ ᠤ ᠦᠮᠡᠨ᠂ ᠲᠣᠭᠤᠰᠣᠲᠤ ᠠᠭᠤᠰᠬᠢᠨ ᠤ ᠡᠪᠡᠳᠴᠢᠨ᠂ ᠡᠯᠢᠭᠡᠨ ᠤ ᠦᠮᠡᠨ᠂ ᠲᠦᠷᠭᠡᠨ ᠴᠢᠨᠠᠷᠲᠤ ᠵᠢᠷᠦᠬᠡᠨ ᠤ ᠪᠣᠯᠴᠢᠩ ᠲᠦᠭᠵᠢᠷᠡᠨ ᠦᠬᠦᠵᠢᠬᠦ᠂ ᠴᠠᠭᠠᠨ ᠬᠠᠷᠠᠩ᠂ ᠮᠡᠳᠡᠷᠡᠯ ᠤᠨ ᠡᠬᠡ ᠡᠰ ᠤᠨ  ᠬᠠᠪᠤᠳᠤᠷ᠂ ᠬᠡᠦᠬᠡᠳ ᠤᠨ ᠯᠢᠮᠹ ᠤᠨ  ᠬᠠᠪᠤᠳᠤᠷ᠂ ᠶᠠᠰᠤᠨ ᠤ ᠮᠢᠬᠠᠯᠢᠭ  ᠬᠠᠪᠤᠳᠤᠷ᠂ ᠴᠢᠰᠤ ᠭᠤᠭᠤᠵᠢᠮᠠᠲᠠᠭᠠᠢ ᠡᠪᠡᠳᠴᠢᠨ᠂ ᠭᠠᠵᠠᠷ ᠤᠨ  ᠳᠤᠮᠳᠠᠳᠤ ᠲᠠᠩᠭᠢᠰ ᠤᠨ ᠴᠢᠰᠤ ᠳᠤᠲᠠᠬᠤ᠂ ᠤᠷᠤᠭᠤᠯ ᠲᠠᠩᠨᠠᠢ ᠶᠢᠨ ᠰᠡᠲᠡᠷᠬᠡᠢ᠂ ᠰᠢᠭᠡᠰᠦᠨ ᠵᠠᠮ ᠤᠨ ᠳᠣᠣᠷᠠᠳᠤ ᠠᠩᠭᠠᠷᠠᠯ ᠵᠡᠷᠭᠡ 14 ᠵᠦᠢᠯ ᠤᠨ ᠬᠦᠨᠳᠦ ᠡᠪᠡᠳᠴᠢᠨ ᠢ ᠲᠤᠰᠬᠠᠢ ᠵᠦᠢᠯ ᠤᠨ ᠡᠮᠨᠡᠨ ᠠᠪᠤᠷᠠᠬᠤ  ᠬᠡᠪᠴᠢᠶᠡᠨ ᠳᠤ ᠣᠷᠣᠭᠤᠯᠵᠤ᠂ 2020 ᠣᠨ ᠪᠣᠯᠬᠤ ᠳᠤ 30 ᠵᠦᠢᠯ ᠪᠣᠯᠲᠠᠯ᠎ᠠ ᠥᠷᠭᠡᠳᠬᠡᠨ᠎ᠡ᠃ ᠡᠯ᠎ᠡ ᠭᠠᠵᠠᠷ ᠤᠨ ᠬᠢᠨ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠯᠪᠣᠭᠳᠠᠯ ᠪᠦᠬᠦᠢ ᠡᠪᠡᠳᠴᠢᠨ ᠤ ᠵᠦᠢᠯ ᠤᠨ ᠡᠮᠴᠢᠯᠡᠭᠡᠨ ᠤ ᠠᠷᠭ᠎ᠠ ᠵᠠᠮ᠂ ᠡᠮᠴᠢᠯᠡᠭᠡ ᠶᠢᠨ ᠬᠠᠮᠢᠶᠠᠷᠤᠯᠲᠠ ᠶᠢᠨ ᠲᠥᠰᠥᠯ ᠪᠠ ᠰᠦᠢᠳᠬᠡᠯ ᠬᠤᠷᠢᠶᠠᠬᠤ ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠲᠤᠰᠬᠠᠢ ᠵᠦᠢᠯ ᠤᠨ ᠡᠮᠨᠡᠨ ᠠᠪᠤᠷᠠᠬᠤ ᠠᠵᠢᠯ ᠢ ᠥᠷᠨᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠴᠢᠩᠭᠠᠳᠬᠠᠨ᠂ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠬᠦᠨᠳᠦ ᠡᠪᠡᠳᠴᠢᠨ ᠢ ᠡᠮᠨᠡᠨ ᠠᠪᠤᠷᠠᠬᠤ ᠠᠵᠢᠯ ᠤᠨ ᠵᠢᠷᠤᠮᠵᠢᠭᠤᠯᠤᠯᠲᠠ ᠶᠢ ᠪᠡᠶᠡᠯᠡᠭᠦᠯᠬᠦ ᠬᠡᠷᠡᠭᠲᠡᠢ᠃      ᠤᠵᠢᠭ ᠡᠪᠡᠳᠴᠢᠨ ᠤ ᠭᠡᠷ᠎ᠡ ᠲᠣᠭᠲᠠᠵᠤ ᠦᠢᠯᠡᠴᠢᠯᠡᠬᠦ ᠬᠠᠮᠢᠶᠠᠷᠤᠯᠲᠠ ᠶᠢ ᠪᠣᠳᠠᠲᠠᠢ ᠪᠥᠭᠡᠳ ᠨᠠᠷᠢᠯᠢᠭ ᠬᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠳᠤ ᠭᠡᠷ᠎ᠡ ᠲᠣᠭᠲᠠᠪᠠᠰᠤ ᠵᠣᠬᠢᠬᠤ ᠶᠢ ᠨᠢ ᠴᠢᠳᠠᠬᠤ ᠶᠢᠨ ᠴᠢᠨᠡᠭᠡ ᠪᠠᠷ ᠭᠡᠷ᠎ᠡ ᠲᠣᠭᠲᠠᠬᠤ ᠶᠢ ᠪᠡᠶᠡᠯᠡᠭᠦᠯᠵᠦ᠂ ᠬᠥᠮᠥᠨ ᠪᠦᠷᠢ ᠲᠠᠢ ᠭᠡᠷ᠎ᠡ ᠲᠣᠭᠲᠠᠬᠤ᠂ ᠬᠥᠮᠥᠨ ᠪᠦᠷᠢ ᠳᠤ ᠭᠡᠷ᠎ᠡ ᠶᠢ ᠭᠦᠢᠴᠡᠳᠬᠡᠬᠦ᠂ ᠬᠥᠮᠥᠨ ᠪᠦᠷᠢ ᠳᠤ ᠪᠣᠳᠠᠲᠠᠢ ᠲᠠᠢ ᠬᠢᠬᠦ ᠶᠢ ᠭᠦᠢᠴᠡᠳᠬᠡᠨ᠎ᠡ᠃ ᠲᠤᠰ ᠭᠠᠵᠠᠷ ᠣᠷᠣᠨ ᠤ ᠪᠠᠨ ᠤᠵᠢᠭ ᠡᠪᠡᠳᠴᠢᠨ ᠤ ᠵᠢᠭᠰᠠᠯ ᠢ ᠲᠣᠭᠲᠠᠭᠠᠬᠤ ᠠᠵᠢᠯ ᠢ ᠢᠳᠡᠪᠬᠢᠲᠡᠢ ᠪᠠᠷ ᠰᠠᠶᠢᠲᠤᠷ ᠬᠢᠬᠦ ᠶᠢᠨ ᠬᠠᠮᠲᠤ᠂ ᠤᠵᠢᠭ ᠡᠪᠡᠳᠴᠢᠨ ᠤ ᠡᠪᠡᠳᠴᠢᠨ ᠤ ᠲᠥᠷᠥᠯ ᠤᠨ ᠭᠠᠷᠴᠠᠭ ᠢ ᠪᠠᠶᠢᠭᠤᠯᠤᠨ᠎ᠠ︔ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠵᠢᠷᠤᠮᠵᠢᠯ ᠢᠶᠠᠷ ᠦᠨᠳᠦᠰᠦᠯᠡᠯ ᠪᠣᠯᠭᠠᠨ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠰᠦᠷᠢᠶ᠎ᠡ ᠡᠪᠡᠳᠴᠢᠨ ᠪᠠ ᠤᠶᠤᠨ ᠮᠡᠳᠡᠷᠡᠯ ᠤᠨ ᠬᠦᠨᠳᠦ ᠰᠠᠭᠠᠲᠠᠯ ᠵᠡᠷᠭᠡ ᠤᠵᠢᠭ ᠡᠪᠡᠳᠴᠢᠲᠡᠨ ᠤ ᠵᠢᠷᠤᠮᠵᠢᠭᠤᠯᠤᠭᠰᠠᠨ ᠬᠠᠮᠢᠶᠠᠷᠤᠯᠲᠠ ᠬᠢᠭᠡᠳ ᠡᠷᠡᠭᠦᠯ ᠮᠡᠨᠳᠦ ᠶᠢᠨ ᠦᠢᠯᠡᠴᠢᠯᠡᠭᠡ ᠶᠢ ᠭᠤᠣᠯᠳᠠᠯᠭ᠎ᠠ ᠲᠠᠢ ᠪᠠᠷ ᠰᠠᠶᠢᠲᠤᠷ ᠬᠢᠵᠦ᠂ ᠬᠠᠮᠢᠶᠠᠷᠤᠯᠲᠠ ᠦᠢᠯᠡᠴᠢᠯᠡᠭᠡ ᠶᠢ ᠡᠷᠡᠭᠦᠯ ᠮᠡᠨᠳᠦ ᠶᠢᠨ ᠡᠯᠧᠺᠲᠷᠣᠨ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠭᠡᠷ ᠪᠦᠷᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠭᠤᠣᠯᠳᠠᠭᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠪᠦᠯᠬᠦᠮ ᠨᠡᠶᠢᠲᠡ ᠶᠢᠨ ᠬᠡᠯᠪᠡᠷᠢ ᠪᠠᠷ ᠥᠷᠨᠢᠭᠦᠯᠦᠨ᠎ᠡ︔ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠡᠷᠬᠢᠯᠡᠭᠰᠡᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠠᠳᠠᠯᠢ ᠪᠤᠰᠤ ᠲᠤᠰᠬᠠᠢ ᠮᠡᠷᠭᠡᠵᠢᠯ ᠤᠨ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ ᠪᠠᠶᠢᠭᠠᠳ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠣᠷᠣᠯᠴᠠᠭᠤᠯᠤᠨ᠂ ᠴᠢᠭᠯᠡᠯᠲᠦ ᠴᠢᠨᠠᠷᠲᠠᠢ ᠳᠡᠮᠵᠢᠯᠭᠡ ᠬᠢᠭᠡᠳ ᠦᠢᠯᠡᠴᠢᠯᠡᠭᠡ ᠬᠠᠩᠭᠠᠨ᠎ᠠ᠃ ᠬᠤᠰᠢᠭᠤ ᠰᠢᠶᠠᠨ ᠤ ᠳᠡᠰ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠷᠡᠭᠦᠯ ᠮᠡᠨᠳᠦ ᠶᠢᠨ ᠰᠤᠷᠭᠠᠨ ᠬᠥᠮᠥᠵᠢᠯ ᠤᠨ ᠪᠠᠶᠢᠭᠤᠯᠤᠮᠵᠢ ᠠᠴᠠ ᠭᠡᠷ ᠪᠦᠯᠢ ᠶᠢᠨ ᠡᠮᠴᠢ ᠳᠤ ᠤᠵᠢᠭ ᠡᠪᠡᠳᠴᠢᠲᠡᠳ᠂ ᠠᠶᠤᠯ ᠲᠦᠭᠰᠢᠭᠦᠷᠢᠲᠡᠢ ᠡᠪᠡᠳᠴᠢᠲᠡᠳ ᠤᠨ ᠡᠷᠡᠭᠦᠯ ᠮᠡᠨᠳᠦ ᠶᠢ ᠡᠵᠡᠮᠳᠡᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠳᠡᠮᠵᠢᠯᠭᠡ ᠬᠠᠩᠭᠠᠨ᠎ᠠ᠃ ᠭᠡᠷ ᠪᠦᠯᠢ ᠶᠢᠨ ᠡᠮᠴᠢ ᠬᠢᠭᠡᠳ ᠭᠡᠷ᠎ᠡ ᠲᠣᠭᠲᠠᠬᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠰᠦᠯᠵᠢᠶᠡᠨ ᠳᠡᠭᠡᠷ᠎ᠡ ᠰᠣᠯᠢᠯᠴᠠᠵᠤ ᠬᠠᠷᠢᠯᠴᠠᠨ ᠦᠢᠯᠡᠳᠦᠯᠴᠡᠬᠦ ᠲᠠᠪᠴᠠᠩ ᠢ ᠪᠠᠶᠢᠭᠤᠯᠤᠨ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠦᠢᠯᠡᠴᠢᠯᠡᠭᠡ ᠬᠠᠩᠭᠠᠨ᠎ᠠ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠣᠯᠠᠨ ᠲᠦᠮᠡᠨ ᠤ ᠣᠶᠢᠯᠭᠠᠨ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map