ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/4/29
               ᠦᠪᠦᠷ ᠵᠠᠰᠠᠭ ᠲᠠᠷᠬᠠᠭᠠᠭᠰᠠᠨ ﹇2018﹈ 45 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠵᠡᠮᠳᠡᠭᠴᠦᠳ ᠤᠨ ᠠᠵᠢᠯ ᠦᠢᠯᠡᠰ ᠢ ᠬᠥᠭᠵᠢᠭᠦᠯᠵᠣ᠂ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠣᠡᠬᠠᠬᠤ ᠲᠤᠬᠠᠶ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠵᠡᠮᠳᠡᠭ ᠬᠡᠤᠬᠡᠳ ᠲᠤ ᠡᠷᠡᠭᠦᠯᠵᠢᠯ ᠤᠨ ᠦᠨᠳᠦᠰᠦᠨ ᠦᠢᠯᠡᠴᠢᠯᠡᠭᠡ ᠭᠦᠷᠳᠡᠭᠡᠭᠦ ᠶᠢ ᠪᠠᠲᠤᠯᠠᠬᠤ ᠶᠢᠨ ᠲᠣᠰᠠᠳᠠ᠂ ︽ᠵᠠᠮᠳᠡᠭ ᠪᠣᠯᠬᠤ ᠶᠢ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠭᠦ ᠳᠦᠷᠢᠮ︾ ︽ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2018﹈ 20 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠣ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠠ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠣᠭᠤᠰᠢᠯᠠᠭᠤᠯᠵᠣ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠣᠯᠳᠠᠢ ᠲᠦᠯᠣᠪᠯᠡᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠰᠠᠭᠤᠷᠢ ᠠᠴᠠ ᠨᠢ ᠪᠠᠳᠣᠯᠠᠬᠤ᠂ ᠨᠢᠭᠲᠠ ᠲᠣᠣᠷ ᠢ ᠰᠦᠯᠵᠢᠬᠦ ᠪᠠ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭ ᠬᠡᠦᠬᠡᠳ ︽ᠬᠥᠮᠦᠨ ᠪᠣᠯᠭᠠᠨ ᠳᠤ ᠡᠷᠡᠭᠦᠯᠵᠢᠯ ᠤᠨ ᠦᠢᠯᠡᠴᠢᠯᠡᠭᠡ ᠭᠦᠷᠳᠡᠭᠦ︾᠎ ᠶᠢ ᠴᠢᠷᠮᠠᠶᠢᠨ ᠪᠡᠶᠡᠯᠡᠭᠦᠯᠣᠨ᠂ ᠵᠡᠮᠳᠡᠭ ᠬᠡᠦᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠳᠡᠷᠭᠡᠯᠰᠢᠭᠦᠯᠭᠦ ᠳᠤ ᠬᠤᠪᠢ ᠨᠡᠮᠡᠷᠢ ᠦᠵᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠵᠣ᠂ ᠰᠠᠭᠤᠷᠢ ᠠᠴᠠ ᠨᠢ ᠪᠠᠳᠣᠯᠠᠵᠣ ᠰᠠᠬᠢᠬᠤ ᠶᠢ ᠪᠠᠷᠢᠮᠲᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ︽ᠦᠨᠳᠦᠰᠦᠨ ᠵᠦᠢᠯ ᠢ ᠪᠠᠲᠤᠯᠠᠬᠤ︾ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠵᠡᠮᠳᠡᠭ ᠬᠡᠦᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠳᠡᠩᠴᠡᠭᠦᠷᠢᠰᠢᠭᠦᠯᠭᠦ ᠶᠢ ᠠᠯᠬᠤᠮ ᠠᠯᠬᠤᠮ ᠢᠶᠠᠷ ᠠᠬᠢᠭᠤᠯᠣᠨ᠎ᠠ᠃      ᠲᠦᠷᠢᠮ ᠢ ᠵᠣᠯᠭᠠᠭᠤᠯᠣᠨ᠂ ᠠᠪᠣᠷᠠᠬᠤ ᠶᠣᠰᠣᠳᠠᠢ ᠶᠢ ᠨᠢ ᠴᠢᠳᠠᠬᠤ ᠶᠢᠨ ᠲᠣᠳᠣᠷ᠎ᠠ ᠠᠪᠤᠷᠠᠬᠤ ᠶᠢ ᠪᠠᠷᠢᠮᠲᠠᠯᠠᠨ᠎ᠠ᠃ ᠦᠨᠳᠦᠰᠦᠨ ᠡᠮᠴᠢᠯᠡᠭᠡ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠦᠷᠢᠮ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠣᠡᠬᠠᠵᠣ᠂ ᠴᠠᠭ ᠲᠤᠬᠠᠶ ᠳᠤ ᠨᠢ ᠠᠪᠤᠷᠠᠨ ᠲᠤᠰᠠᠯᠠᠯᠳᠠ ᠭᠢᠭᠦ ᠶᠢ ᠪᠠᠲᠤᠯᠠᠨ᠎ᠠ᠃      ᠴᠢᠳᠠᠯ ᠤᠨ ᠢᠶᠠᠨ ᠬᠢᠷᠢ ᠪᠠᠷ ᠴᠢᠷᠮᠠᠶᠢᠵᠣ ᠠᠵᠢᠯᠯᠠᠬᠤ ᠶᠢ ᠪᠠᠷᠢᠮᠲᠠᠯᠠᠨ᠎ᠠ᠃ ᠭᠤᠣᠯᠳᠠᠯᠭ᠎ᠠ ᠶᠢ ᠲᠣᠪᠤᠶᠢᠯᠭᠠᠨ᠂ ᠲᠣᠭᠲᠠᠴᠠ ᠪᠠᠨ ᠲᠡᠭᠦᠯᠳᠡᠷᠵᠢᠭᠦᠯᠵᠣ᠂ ᠵᠢᠱᠢᠯᠲᠡ ᠪᠣᠳᠣᠯ ᠢ ᠬᠦᠳᠤᠯᠤᠨ ᠵᠢᠯᠣᠭᠤᠳᠴᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠦᠴᠣᠯᠠᠨ ᠬᠠᠩᠭᠠᠨ᠎ᠠ᠃      ᠵᠢᠷᠤᠮᠵᠢᠭᠤᠨ ᠪᠦᠭᠡᠣᠨ ᠠᠯᠬᠤᠮ ᠳᠠᠷᠠᠭ᠎ᠠ ᠲᠠᠢ᠂ ᠲᠥᠪ ᠭᠤᠣᠯᠴᠢ ᠢᠯᠡ ᠪᠠᠶᠢᠯᠭᠠᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨᠴᠢ ᠪᠠᠷ ᠠᠷᠠᠣᠨ ᠲᠤ ᠳᠥᠭᠦᠮ ᠦᠵᠡᠭᠦᠯᠬᠦ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠣᠨ᠂ ᠤᠯᠠᠨ ᠲᠦᠮᠡᠨ ᠪᠠ ᠨᠡᠶᠢᠭᠡᠮ ᠤᠨ ᠬᠢᠨᠠᠯᠲᠠ ᠳᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠣᠨ᠎ᠠ᠃      ︵ᠭᠤᠷᠪᠠ︶ ᠶᠡᠷᠦᠩᠬᠡᠢ ᠬᠠᠷᠠᠯᠲᠠ      2020 ᠣᠨ ᠪᠣᠯᠬᠤ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠯᠤᠭ᠎ᠠ ᠲᠣᠬᠢᠷᠠᠯᠴᠠᠭᠰᠠᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠦᠷᠢᠮ ᠤᠨ ᠰᠢᠰᠲ᠋ᠧᠮᠵᠢ ᠶᠢ ᠪᠠᠶᠢᠭᠤᠯᠵᠣ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠤᠯᠯᠠᠬᠤ᠂ ᠵᠡᠮᠳᠡᠭᠴᠦᠳ ᠤᠨ ᠬᠤᠯᠪᠣᠭᠠᠳᠣ ᠬᠤᠷᠠᠯ ᠲᠦᠷᠦᠭᠦᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠪᠤᠶ ᠪᠣᠯᠭᠠᠵᠤ᠂ ᠵᠡᠮᠳᠡᠭ ᠬᠡᠦᠬᠡᠳ ᠤᠨ ᠠᠪᠣᠷᠠᠨ ᠲᠣᠰᠠᠯᠠᠬᠤ ᠶᠣᠰᠣᠲᠠᠶ ᠶᠢ ᠨᠢ ᠴᠦᠮ ᠠᠪᠣᠷᠠᠨ ᠲᠣᠰᠠᠯᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃      2025 ᠣᠨ ᠪᠣᠯᠬᠤ ᠳᠤ᠂ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ ᠨᠡᠩ ᠢᠯᠡᠭᠦᠣ ᠪᠦᠷᠢᠨᠰᠢᠭᠦᠯᠣᠨ ᠲᠡᠭᠦᠯᠳᠡᠷᠵᠢᠭᠦᠯᠵᠣ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠣ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠣᠯᠤᠨ ᠪᠠᠲᠤᠯᠠᠭ᠎ᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠣ᠂ ᠵᠡᠮᠳᠡᠭ ᠬᠡᠦᠬᠡᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠨᠡᠶᠢᠳᠡᠮ ᠭᠦᠷᠳᠡᠭᠡᠭᠦ ᠪᠣᠯᠭᠠᠨ᠂ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠪᠠ ᠪᠦᠬᠦ ᠲᠠᠯ᠎ᠠ ᠪᠠᠷ ᠬᠥᠭᠵᠢᠭᠦ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃      ᠬᠤᠶᠠᠷ᠂ ᠪᠣᠳᠠᠲᠠᠶ ᠠᠭᠤᠯᠭ᠎ᠠ      ︵ᠨᠢᠭᠡ︶ ᠠᠪᠤᠷᠠᠨ ᠲᠤᠰᠠᠯᠠᠭᠤᠯᠬᠤ ᠡᠲᠡᠭᠡᠳ ᠠᠪᠤᠷᠠᠨ ᠲᠤᠰᠠᠯᠠᠭᠤᠯᠬᠤ ᠡᠲᠡᠭᠡᠳ ᠪᠣᠯ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ 0 — 7 ᠨᠠᠰᠣ ᠲᠠᠢ ᠬᠡᠣᠭᠡᠣᠨ ᠤᠨ ᠬᠠᠷᠠᠭ᠎ᠠ᠂ ᠰᠣᠨᠣᠷ᠂ ᠬᠡᠯᠨ᠂ ᠮᠥᠴᠢ᠂ ᠤᠶᠤᠨ ᠤ ᠴᠢᠳᠠᠪᠤᠷᠢ ᠵᠡᠷᠭᠡ ᠨᠢ ᠵᠡᠮᠳᠡᠭ ᠪᠣᠯᠤᠨ ᠭᠠᠭᠴᠠᠭᠠᠷᠳᠠᠬᠤ ᠬᠡᠮ ᠲᠠᠢ ᠬᠡᠦᠬᠡᠳ ᠪᠣᠯᠣᠨ᠎ᠠ᠃ ᠡᠭᠦᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠵᠡᠮᠳᠡᠭ ᠬᠡᠦᠬᠡᠳ︔ ᠲᠠᠩᠰᠠ ᠪᠠ ᠺᠠᠷᠲ ᠲᠠᠢ ᠶᠠᠳᠠᠭᠤ ᠬᠦᠴᠢᠷᠳᠠᠯᠳᠠᠢ ᠭᠡᠷ ᠪᠦᠯᠢ ᠶᠢᠨ ᠵᠡᠮᠳᠡᠭ ᠬᠡᠦᠬᠡᠳ︔ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠦᠬᠡᠳ︔ ᠵᠡᠮᠳᠡᠭ ᠥᠨᠥᠴᠢᠨ ᠬᠡᠦᠬᠡᠳ︔ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠦᠬᠡᠳ︔ ᠠᠵᠤ ᠠᠬᠤᠢ ᠨᠢ ᠬᠦᠴᠢᠷᠳᠡᠯᠲᠡᠢ ᠪᠤᠰᠤᠳ ᠭᠡᠷ ᠪᠦᠯᠢ ᠶᠢᠨ ᠵᠡᠮᠳᠡᠭ ᠬᠡᠦᠬᠡᠳ ᠪᠠᠭᠲᠠᠨ᠎ᠠ᠃      ᠠᠵᠤ ᠠᠬᠤᠢ ᠨᠢ ᠬᠦᠴᠢᠷᠳᠡᠯᠲᠡᠢ ᠪᠤᠰᠤᠳ ᠭᠡᠷ ᠪᠦᠯᠢ ᠶᠢ ᠮᠠᠭᠠᠳᠯᠠᠨ ᠲᠣᠭᠲᠠᠭᠠᠬᠤ ᠪᠣᠳᠠᠲᠠᠶ ᠠᠷᠭ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃ ᠨᠥᠬᠦᠴᠡᠯ ᠲᠠᠢ ᠭᠠᠵᠠᠷ ᠣᠷᠣᠨ ᠨᠢ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠨᠠᠰᠤ ᠵᠢᠯ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ ᠪᠣᠯᠬᠤ ᠪᠦᠭᠡᠣᠨ ᠪᠠᠰᠠ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ ᠠᠬᠤᠶ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ ᠪᠣᠯᠣᠨ᠎ᠠ᠃      ︵ᠬᠤᠶᠠᠷ︶ ᠠᠪᠤᠷᠠᠨ ᠲᠤᠰᠠᠯᠠᠬᠤ ᠠᠭᠤᠯᠭ᠎ᠠ      1. ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠭᠡᠨ ᠤ ᠠᠭᠤᠯᠭ᠎ᠠ ᠳᠤ᠂ ᠴᠢᠳᠠᠮᠵᠢ ᠶᠢᠨ ᠬᠠᠷᠰᠢ ᠰᠠᠭᠠᠳ ᠢ ᠬᠥᠩᠭᠡᠷᠡᠭᠦᠯᠬᠦ᠂ ᠴᠢᠳᠠᠮᠵᠢ ᠶᠢᠨ ᠪᠠᠶᠢᠳᠠᠯ ᠢ ᠰᠠᠶᠢᠵᠢᠷᠠᠭᠤᠯᠬᠤ᠂ ᠠᠮᠢᠳᠤᠷᠠᠯ ᠢᠶᠠᠨ ᠥᠪᠡᠰᠦᠪᠡᠨ ᠠᠷᠭᠠᠴᠠᠭᠠᠵᠣ ᠳᠡᠶᠢᠯᠬᠦ ᠪᠠ ᠨᠡᠶᠢᠭᠡᠮ ᠳᠤ ᠣᠷᠣᠯᠴᠠᠬᠤ ᠴᠢᠳᠠᠪᠤᠷᠢ ᠶᠢ ᠨᠢ ᠴᠢᠩᠭᠠᠷᠠᠭᠤᠯᠬᠤ ᠪᠠᠷ ᠭᠤᠣᠯ ᠵᠣᠷᠢᠯᠭ᠎ᠠ ᠪᠣᠯᠭᠠᠭᠰᠠᠨ ᠮᠡᠰᠡ ᠵᠠᠰᠠᠯ᠂ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠪᠠ ᠡᠷᠡᠭᠦᠯᠵᠢᠭᠦᠯᠬᠦ ᠪᠣᠯᠪᠠᠰᠤᠷᠠᠯ ᠵᠡᠷᠭᠡ ︵ᠳᠠᠭᠠᠯᠳᠤᠭᠤᠯᠤᠯ ᠳᠤ ᠦᠵᠡ︶ ᠪᠠᠭᠳᠠᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠣᠳᠠᠳᠠᠢ ᠪᠠᠶᠢᠳᠠᠯ ᠢᠶᠠᠨ ᠦᠨᠳᠦᠰᠦᠯᠡᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠵᠦ ᠪᠣᠯᠣᠨ᠎ᠠ᠃ ᠡᠭᠦᠨ ᠳᠤ᠂ ᠡᠷᠡᠭᠦᠯᠵᠢᠭᠦᠯᠣᠨ ᠪᠣᠯᠪᠠᠰᠤᠷᠠᠭᠤᠯᠵᠣ ᠠᠪᠤᠷᠠᠨ ᠲᠤᠰᠠᠯᠠᠬᠤ ᠴᠠᠭ ᠢ ᠨᠢ ᠵᠠᠷᠴᠢᠮ ᠳᠡᠭᠡᠷ᠎ᠡ ᠪᠠᠨ ᠵᠢᠯ ᠪᠦᠷᠢ 10 ᠰᠠᠷ᠎ᠠ ᠠᠴᠠ ᠬᠡᠳᠣᠷᠡᠭᠦᠯᠵᠣ ᠪᠣᠯᠬᠤ ᠦᠭᠡᠢ᠂ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠨ ᠪᠣᠳᠠᠳᠣ ᠪᠠᠶᠢᠳᠡᠯ ᠢᠶᠠᠨ ᠦᠨᠳᠦᠰᠦᠯᠡᠨ ᠠᠪᠤᠷᠠᠨ ᠲᠤᠰᠠᠯᠠᠬᠤ ᠴᠠᠭ ᠢᠶᠠᠨ ᠲᠣᠭᠳᠠᠭᠠᠵᠣ ᠪᠣᠯᠣᠨ᠎ᠠ᠃      2. ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠤᠭᠤᠳ ᠵᠡᠮᠳᠡᠭ ᠬᠡᠦᠬᠡᠳ ᠢ ᠡᠷᠡᠭᠦᠯᠵᠢᠭᠦᠯᠬᠦ ᠬᠤᠭᠤᠴᠠᠭᠠᠨ ᠳᠤ ᠬᠠᠷᠭᠠᠯᠵᠠᠨ ᠬᠠᠮᠠᠭᠠᠯᠠᠭᠴᠢ ᠨᠢ ᠪᠠᠷ᠎ᠠ ᠪᠣᠯᠵᠣ ᠰᠣᠪᠢᠯᠠᠨ ᠠᠪᠤᠷᠠᠨ ᠲᠤᠰᠠᠯᠠᠬᠤ ᠶᠢ ᠥᠷᠨᠢᠭᠦᠯᠵᠦ᠂ ᠲᠣᠰ ᠭᠠᠵᠠᠷ ᠣᠷᠣᠨ ᠤ ᠪᠣᠳᠠᠳᠠᠢ ᠪᠠᠶᠢᠳᠠᠯ ᠢᠶᠠᠨ ᠦᠨᠳᠦᠰᠦᠯᠡᠨ ᠠᠪᠤᠷᠠᠨ ᠲᠤᠰᠠᠯᠠᠬᠤ ᠠᠭᠤᠯᠭ᠎ᠠ ᠪᠠ ᠪᠠᠷᠢᠮᠵᠢᠶ᠎ᠠ ᠪᠠᠨ ᠲᠣᠭᠲᠠᠭᠠᠨ᠎ᠠ᠃      3. ᠵᠡᠮᠳᠡᠭ ᠬᠡᠦᠬᠡᠳ ᠪᠦᠭᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠵᠡᠮᠳᠡᠭ ᠬᠡᠤᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠠᠣᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠢ ᠨᠢ ᠵᠠᠰᠠᠭ ᠤᠨ ᠣᠷᠳᠣᠨ ᠠᠴᠠ ᠨᠥᠬᠦᠪᠥᠷᠢᠯᠡᠨ ᠦᠭᠭᠦᠨ᠎ᠠ᠃      ︵ᠭᠤᠷᠪᠠ︶ ᠠᠪᠤᠷᠠᠨ ᠲᠤᠰᠠᠯᠠᠬᠤ ᠪᠠᠷᠢᠮᠵᠢᠶ᠎ᠠ      1. ᠬᠠᠷᠠᠭ᠎ᠠ᠂ ᠰᠣᠨᠣᠷ ᠬᠡᠯᠨ᠂ ᠮᠥᠴᠢ᠂ ᠣᠶᠣᠨ ᠤ ᠰᠠᠭᠠᠳᠠᠯ ᠵᠡᠮᠳᠡᠭ ᠪᠣᠯᠤᠨ ᠭᠠᠭᠴᠠᠭᠠᠷᠳᠠᠬᠤ ᠬᠡᠮ ᠲᠠᠢ ᠬᠡᠦᠬᠡᠳ ᠢ ᠠᠪᠤᠷᠠᠨ ᠲᠤᠰᠠᠯᠠᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢ ᠯᠠᠪᠯᠠᠯᠳᠠ ᠪᠣᠯᠭᠠᠵᠣ ᠬᠡᠷᠡᠭᠵᠢᠭᠦᠯᠣᠨ᠎ᠠ ︵ᠳᠠᠭᠠᠯᠳᠤᠭᠤᠯᠤᠯ ᠳᠤ ᠦᠵᠡᠭᠡᠷᠡᠢ︶᠃      2. ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ᠡᠳ᠋ ᠤᠨ ᠬᠦᠴᠦᠨ ᠤ ᠪᠠᠶᠢᠳᠠᠯ᠂ ᠪᠠᠲᠤᠯᠠᠭ᠎ᠠ ᠭᠦᠷᠳᠡᠭᠦ ᠡᠲᠡᠭᠡᠳ ᠤᠨ ᠲᠤᠭ᠎ᠠ᠂ ᠵᠡᠮᠳᠡᠭ ᠤᠨ ᠲᠦᠷᠦᠯ ᠢᠯᠭᠠᠯ ᠵᠡᠷᠭᠡ ᠶᠢ ᠦᠨᠳᠣᠰᠣᠯᠡᠵᠣ᠂ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠬᠤ ᠪᠠᠷᠢᠮᠵᠢᠶ᠎ᠠ ᠶᠢ ᠵᠣᠬᠢᠬᠤ ᠭᠡᠮᠵᠢᠶ᠎ᠠ ᠪᠠᠷ ᠳᠡᠭᠡᠭᠰᠢᠯᠡᠭᠦᠯᠵᠦ ᠪᠣᠯᠤᠨ᠎ᠠ᠂ ᠡᠭᠦᠨ ᠳᠤ ᠵᠡᠮᠳᠡᠭ ᠬᠡᠦᠬᠡᠳ ᠤᠨ ᠵᠠᠯᠠᠷᠠᠭᠤᠯᠣᠭᠤᠷ᠂ ᠬᠦᠷᠳᠦᠲᠦ ᠰᠠᠨᠳᠠᠯᠢ᠂ ᠠᠯᠬᠤᠬᠤ ᠲᠣᠰᠠᠯᠠᠭᠤᠷ ᠵᠡᠷᠭᠡ ᠲᠤᠰᠠᠯᠠᠬᠤ ᠪᠠᠭᠠᠵᠢ ᠬᠡᠷᠡᠭᠰᠡᠯ ᠢᠶᠠᠷ ᠠᠪᠤᠷᠠᠨ ᠲᠤᠰᠠᠯᠠᠬᠤ ᠪᠠᠷᠢᠮᠵᠢᠶ᠎ᠠ ᠶᠢ ᠪᠠᠭᠳᠠᠭᠠᠬᠤ ᠶᠢᠨ ᠬᠠᠮᠲᠤ᠂ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃     ︵ᠳᠥᠷᠪᠡ︶ ᠠᠵᠢᠯ ᠤᠨ ᠴᠤᠪᠤᠷᠠᠯ  ﹈      ᠭᠤᠶᠤᠴᠢᠯᠠᠬᠤ᠃ ᠵᠡᠮᠳᠡᠭ ᠬᠡᠤᠬᠡᠳ ᠤᠨ ᠬᠠᠷᠭᠠᠯᠵᠠᠨ ᠬᠠᠮᠠᠭᠠᠯᠠᠭᠴᠢ ᠨᠢ ᠵᠡᠮᠳᠡᠭ ᠬᠡᠦᠬᠡᠳ ᠤᠨ ᠡᠷᠦᠬᠡ ᠠᠮᠠ ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠣᠯᠭᠤᠬᠰᠠᠨ ᠭᠠᠵᠠᠷ︶᠎ ᠤᠨ ᠶᠢᠨ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤ ᠭᠤᠶᠤᠴᠢᠯᠠᠯ ᠭᠠᠷᠭᠠᠨ᠎ᠠ᠃ ᠬᠠᠷᠭᠠᠯᠵᠠᠨ ᠬᠠᠮᠠᠭᠠᠯᠠᠭᠴᠢ ᠨᠢ ᠴᠦ ᠪᠤᠰᠤᠳ ᠬᠥᠮᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠠᠷᠲᠠᠨ ᠬᠢᠭᠦ ᠪᠠᠶᠢᠭᠤᠯᠤᠮᠵᠢ ᠵᠡᠷᠭᠡ ᠳᠤ ᠨᠠᠶᠢᠳᠠᠵᠤ ᠪᠠᠶᠢᠭᠠᠣᠨ ᠣᠷᠣᠯᠠᠨ ᠭᠤᠶᠤᠴᠢᠯᠠᠵᠤ ᠪᠣᠯᠤᠨ᠎ᠠ᠃      ᠬᠢᠨᠠᠨ ᠬᠠᠷᠭᠤᠭᠤᠯᠬᠤ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠵᠣ ᠪᠠᠶᠢᠭ᠎ᠠ ᠬᠡᠷ ᠪᠦᠯᠢ᠂ ᠲᠠᠩᠰᠠ ᠪᠠ ᠺᠠᠷᠲ ᠲᠠᠢ ᠶᠠᠳᠠᠭᠤ ᠭᠦᠴᠢᠷᠳᠠᠯᠳᠠᠢ ᠭᠡᠷ ᠪᠦᠯᠢ ᠶᠢᠨ ᠵᠡᠮᠳᠡᠭ ᠬᠡᠦᠬᠡᠳ ᠪᠣᠯᠤᠨ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠤᠬᠡᠳ ᠲᠤ ᠠᠪᠤᠷᠠᠨ ᠲᠤᠰᠠᠯᠠᠬᠤ ᠭᠤᠶᠤᠴᠢᠯᠠᠯ ᠬᠢᠭᠡᠣᠨ ᠵᠡᠮᠳᠡᠭ ᠥᠨᠥᠴᠢᠨ ᠬᠡᠦᠬᠡᠳ᠂ ᠣᠨᠴᠠ ᠬᠦᠴᠢᠷᠳᠡᠯᠲᠡᠶ ᠬᠥᠮᠦᠰ ᠤᠨ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠤᠬᠡᠳ ᠤᠨ ᠠᠪᠤᠷᠠᠨ ᠲᠤᠰᠠᠯᠠᠬᠤ ᠭᠤᠶᠤᠴᠢᠯᠠᠯ ᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠯᠤᠭ᠎ᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠷᠢᠴᠠᠭᠤᠯᠣᠭᠰᠠᠨ ᠤ ᠳᠠᠷᠠᠭ᠎ᠠ ᠲᠣᠭᠲᠠᠭᠠᠨ᠎ᠠ︔ ᠠᠵᠤ ᠠᠬᠤᠢ ᠨᠢ ᠬᠦᠴᠢᠷᠳᠡᠯᠲᠡᠢ ᠪᠤᠰᠤᠳ ᠭᠡᠷ ᠪᠦᠯᠢ ᠶᠢᠨ ᠵᠡᠮᠳᠡᠭ ᠬᠡᠤᠬᠡᠳ ᠤᠨ ᠠᠪᠤᠷᠠᠨ ᠲᠤᠰᠠᠯᠠᠬᠤ ᠭᠤᠶᠤᠴᠢᠯᠠᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ ᠨᠥᠬᠦᠴᠡᠯ ᠳᠤ ᠨᠡᠶᠢᠴᠡᠭᠰᠡᠨ ᠵᠡᠮᠳᠡᠭ ᠬᠡᠦᠬᠡᠳ ᠢ 30 ᠠᠵᠢᠯᠯᠠᠬᠤ ᠡᠳᠦᠷ ᠤᠨ ᠳᠣᠲᠣᠷ᠎ᠠ ᠵᠥᠪᠰᠢᠶᠡᠷᠡᠭᠦ ᠶᠢᠨ ᠬᠠᠮᠳᠣ ᠡᠷᠡᠭᠦᠯᠵᠢᠭᠦᠯᠵᠣ ᠠᠪᠤᠷᠠᠨ ᠲᠤᠰᠠᠯᠠᠬᠤ ᠲᠥᠯᠥᠪᠯᠡᠭᠡ ᠳᠤ ᠣᠷᠣᠭᠤᠯᠣᠨ᠎ᠠ᠂ ᠨᠥᠬᠦᠴᠡᠯ ᠳᠤ ᠦᠯᠣ ᠨᠡᠶᠢᠴᠡᠭᠰᠡᠨ ᠵᠡᠮᠳᠡᠭ ᠬᠡᠦᠬᠡᠳ ᠢ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠲᠣᠳᠣᠷᠬᠠᠶᠢᠯᠠᠵᠣ ᠦᠭᠭᠦᠨ᠎ᠠ᠃      ᠠᠪᠣᠷᠠᠨ ᠲᠤᠰᠠᠯᠠᠬᠤ᠃ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠡᠮᠳᠡᠭ ᠬᠡᠦᠬᠡᠳ ᠤᠨ ᠬᠠᠷᠭᠠᠯᠵᠠᠨ ᠬᠠᠮᠠᠭᠠᠯᠠᠭᠴᠢ ᠠᠴᠠ ᠲᠣᠭᠲᠠᠭᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠦᠪᠡᠰᠣᠪᠡᠨ ᠰᠣᠩᠭᠤᠵᠣ ᠡᠷᠡᠭᠦᠯᠵᠢᠭᠦᠯᠬᠦ ᠦᠢᠯᠡᠴᠢᠯᠡᠭᠡᠨ ᠢ ᠭᠦᠯᠢᠶᠡᠨ ᠠᠪᠣᠨ᠎ᠠ᠃ ᠴᠢᠬᠤᠯᠠ ᠲᠠᠢ ᠪᠣᠯ᠂ ᠠᠶᠢᠮᠠᠭ ᠬᠤᠳᠠ ᠠᠴᠠ ᠳᠡᠭᠡᠭᠰᠢᠬᠢ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠣ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠴᠢᠯᠡᠭᠡ᠂ ᠡᠷᠡᠭᠦᠯᠵᠢᠯ ᠤᠨ ᠪᠠᠶᠢᠭᠤᠯᠤᠮᠵᠢ ᠪᠠᠷ ᠤᠯᠠᠮ ᠨᠢᠭᠡ ᠠᠯᠬᠤᠮ ᠤᠨ ᠣᠨᠣᠰᠢᠯᠠᠬᠤ᠂ ᠡᠷᠡᠭᠦᠯᠵᠢᠭᠦᠯᠭᠦ ᠬᠡᠷᠡᠭᠴᠡᠭᠡ ᠶᠢᠨ ᠦᠨᠡᠯᠡᠨ ᠵᠢᠱᠢᠯᠳᠠ ᠬᠢᠯᠭᠡᠨ᠎ᠠ᠃ ᠲᠣᠭᠲᠠᠭᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠣᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠵᠣ ᠪᠠᠶᠢᠭᠠᠣᠨ ᠢᠯᠠ ᠪᠠᠷ ᠰᠢᠯᠢᠳᠡᠭ ᠢ ᠨᠢ ᠰᠣᠩᠭᠤᠬᠤ ᠵᠠᠷᠴᠢᠮ ᠢᠶᠠᠷ ᠰᠣᠩᠭᠤᠨ ᠲᠣᠭᠲᠠᠭᠠᠨ᠎ᠠ᠃      ᠳ᠋ᠦᠩᠨᠡᠨ ᠪᠣᠳᠣᠬᠤ᠃ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠳᠤ ᠡᠷᠡᠭᠦᠯᠵᠢᠯ ᠤᠨ ᠦᠢᠯᠡᠴᠢᠯᠡᠭᠡ ᠭᠦᠷᠳᠡᠭᠰᠡᠨ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠲᠠᠢ ᠰᠢᠭᠤᠳ ᠳ᠋ᠦᠩᠨᠡᠨ ᠪᠣᠳᠣᠨ᠎ᠠ ᠂ ᠳ᠋ᠦᠩᠨᠡᠨ ᠪᠤᠳᠤᠬᠤ ᠦᠶᠡᠯᠡᠯ ᠤᠨ ᠬᠤᠭᠤᠴᠠᠭ᠎ᠠ ᠶᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠦᠪᠳᠠᠯᠴᠠᠵᠣ ᠪᠠᠶᠢᠭᠠᠣᠨ ᠲᠣᠭᠲᠠᠭᠠᠨ᠎ᠠ᠃ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠳᠠ ᠪᠠᠷ ᠬᠢᠨᠠᠨ ᠬᠠᠷᠭᠤᠭᠤᠯᠵᠣ ᠵᠥᠪᠰᠢᠶᠡᠷᠡᠭᠦᠯᠣᠭᠡᠣᠨ ᠲᠣᠭᠲᠠᠭᠰᠠᠨ ᠴᠡᠭ ᠤᠨ ᠪᠤᠰᠤ ᠡᠷᠡᠭᠦᠯᠵᠢᠯ ᠤᠨ ᠪᠠᠶᠢᠭᠤᠯᠤᠮᠵᠢ ᠳᠤ ᠡᠷᠡᠭᠦᠯᠵᠢᠯ ᠤᠨ ᠦᠢᠯᠡᠴᠢᠯᠡᠭᠡ ᠭᠦᠯᠢᠶᠡᠭᠰᠡᠨ ᠠᠴᠠ ᠪᠣᠯᠵᠣ ᠡᠭᠦᠰᠣᠭ᠍ᠰᠡᠨ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠦᠪᠳᠡᠯᠴᠠᠵᠣ ᠪᠠᠶᠢᠭᠠᠣᠨ ᠳ᠋ᠦᠩᠨᠡᠨ ᠪᠤᠳᠤᠬᠤ ᠠᠷᠭ᠎ᠠ ᠶᠢ ᠲᠣᠳᠣᠷᠬᠠᠶ ᠲᠣᠭᠳᠠᠭᠠᠨ᠎ᠠ᠃      ︵ᠲᠠᠪᠤ︶ ᠵᠠᠷᠤᠳᠠᠯ ᠤᠨ ᠪᠠᠲᠤᠯᠠᠭ᠎ᠠ      ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠪᠡᠯᠡ ᠮᠥᠩᠭᠦ ᠶᠢ ᠵᠠᠰᠠᠭ ᠤᠨ ᠣᠷᠳᠣᠨ ᠤ ᠲᠥᠰᠦᠪ ᠲᠤ ᠣᠷᠣᠭᠤᠯᠬᠤ ᠬᠡᠷᠡᠭᠲᠡᠶ᠃ 2019 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠡᠳ᠋ ᠤᠨ ᠵᠠᠰᠠᠭ ᠤᠨ ᠨᠦᠭᠦᠪᠣᠷᠢ ᠶᠢᠨ ᠰᠠᠭᠤᠷᠢᠨ ᠳᠡᠭᠡᠷ᠎ᠡ᠂ ᠤᠳᠤ ᠶᠢᠨ ᠪᠠᠶᠢᠭ᠎ᠠ ᠶᠠᠳᠠᠭᠤ ᠬᠦᠴᠢᠷᠳᠡᠯᠲᠡᠢ ᠵᠡᠮᠳᠡᠭ ᠬᠡᠦᠬᠡᠳ ᠢ ᠠᠪᠤᠷᠠᠬᠤ ᠴᠢᠨᠠᠷᠲᠠᠶ ᠨᠦᠭᠦᠪᠣᠷᠢᠯᠡᠭᠦ ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ ᠤ ︽ᠴᠢᠬᠢᠨ ᠤ ᠬᠢᠮᠡᠯ ᠲᠤᠩ︾᠎ ᠤᠨ ᠲᠦᠷᠦᠯ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ᠂ ᠲᠥᠷᠥᠯ ᠲᠡᠰ ᠬᠤᠪᠢᠶᠠᠵᠣ ᠪᠠᠶᠢᠭᠠᠣᠨ ᠡᠯ᠎ᠡ ᠭᠠᠵᠠᠷ ᠣᠷᠣᠨ ᠳᠤ ᠵᠣᠬᠢᠬᠤ ᠭᠡᠮᠵᠢᠶ᠎ᠠ ᠶᠢᠨ ᠨᠥᠬᠦᠪᠥᠷᠢ ᠮᠥᠩᠭᠦ ᠦᠭᠭᠦᠨ᠎ᠠ᠃ ᠡᠭᠦᠨ ᠠᠴᠠ ᠬᠤᠶᠢᠰᠢᠳᠠ᠂ ᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠨᠦᠭᠦᠪᠣᠷᠢᠯᠡᠭᠦ ᠪᠠᠷᠢᠮᠵᠢᠶ᠎ᠠ ᠶᠢ ᠵᠣᠬᠢᠴᠠᠩᠭᠤᠶ ᠪᠠᠷ ᠲᠣᠬᠢᠷᠠᠭᠤᠯᠣᠨ᠎ᠠ᠃     ᠭᠤᠷᠪᠠ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ      ︵ᠨᠢᠭᠡ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠬᠡᠪᠴᠢᠶᠠᠨ ᠳᠤ ᠣᠷᠣᠭᠤᠯᠣᠭᠰᠠᠨ ᠵᠢᠴᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠮᠴᠢᠯᠡᠵᠣ ᠠᠪᠣᠷᠠᠨ ᠲᠤᠰᠠᠯᠠᠬᠤ ᠳᠤ ᠵᠢᠭᠰᠠᠭᠠᠨ ᠣᠷᠣᠭᠤᠯᠣᠭᠰᠠᠨ ᠡᠷᠡᠭᠦᠯᠵᠢᠭᠦᠯᠭᠦ ᠦᠢᠯᠡᠴᠢᠯᠡᠭᠡᠨ ᠤ ᠲᠥᠷᠥᠯ ᠵᠦᠶ᠋ᠯ ᠢ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠣᠷᠠᠨ ᠲᠣᠰᠠᠯᠠᠬᠤ ᠪᠤᠶᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠦᠷᠣᠯ ᠵᠦᠢᠯ ᠤᠨ ᠪᠡᠯᠡ ᠮᠥᠩᠭᠦ ᠠᠴᠠ ᠤᠷᠢᠳ ᠢᠶᠠᠷ ᠳ᠋ᠦᠩᠨᠡᠨ ᠪᠣᠳᠣᠵᠣ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠪᠠᠶᠢᠳᠠᠯ ᠪᠣᠯᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠦᠨᠳᠦᠰᠦᠯᠡᠵᠣ ᠪᠠᠶᠢᠭᠠᠣᠨ ᠳᠠᠬᠢᠵᠣ ᠲᠣᠭᠲᠠᠭᠰᠠᠨ ᠲᠣᠭᠠᠨ ᠤ ᠪᠤᠶᠤ ᠵᠥᠷᠢᠶᠡᠲᠦ ᠲᠣᠭᠠᠨ ᠤ ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠨᠢ ᠵᠡᠮᠳᠡᠭ ᠬᠡᠦᠬᠡᠳ ᠤᠨ ᠭᠡᠷ ᠪᠦᠯᠢ ᠶᠢᠨ ᠬᠢᠨ ᠥᠪᠡᠰᠦᠪᠡᠨ ᠡᠭᠦᠷᠭᠡᠯᠡᠨ᠎ᠡ᠃      ︵ᠬᠤᠶᠠᠷ︶ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠵᠡᠷᠭᠡ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠳᠤ ᠡᠷᠡᠭᠦᠯᠵᠢᠭᠦᠯᠬᠦ ᠪᠣᠯᠪᠠᠰᠤᠷᠠᠯ ᠤᠨ ᠠᠪᠤᠷᠠᠨ ᠲᠤᠰᠠᠯᠠᠯᠳᠠ ᠶᠢ ᠭᠦᠯᠢᠶᠡᠵᠣ ᠪᠠᠶᠢᠬᠤ ᠮᠥᠷᠲᠡᠭᠡᠨ ᠪᠠᠰᠠ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠬᠴᠢ ᠶᠢᠨ ᠭᠦᠷᠳᠡᠭᠦ ᠳᠤᠮᠳᠠᠴᠢ ᠨᠡᠮᠡᠭᠦᠷᠢ ᠪᠠ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠣᠭᠲᠠᠭᠰᠠᠨ ᠲᠣᠭᠠᠨ ᠤ ᠨᠡᠮᠡᠭᠦᠷᠢ ᠦᠭᠭᠦ ᠲᠥᠷᠥ ᠶᠢᠨ ᠪᠣᠳᠣᠯᠭ᠎ᠠ ᠶᠢ ᠭᠥᠷᠳᠡᠵᠣ ᠪᠠᠶᠢᠭ᠎ᠠ ᠵᠡᠮᠳᠡᠭ ᠬᠡᠦᠬᠡᠳ ᠲᠤ ᠪᠣᠯ᠂ ᠪᠣᠳᠠᠲᠤ ᠪᠠᠶᠢᠳᠠᠯ ᠢ ᠨᠢ ᠦᠨᠳᠦᠰᠦᠯᠡᠨ ᠲᠣᠭᠲᠠᠭᠰᠠᠨ ᠲᠣᠭᠠᠨ ᠤ ᠪᠤᠶᠤ ᠵᠥᠷᠢᠶᠡᠲᠦ ᠲᠣᠭᠠᠨ ᠤ ᠨᠡᠮᠡᠭᠦᠷᠢ ᠣᠯᠭᠤᠨ᠎ᠠ᠃      ︵ᠭᠤᠷᠪᠠ︶ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠨᠢᠭᠡᠨᠲᠡ ᠬᠡᠷᠡᠭᠵᠢᠭᠦᠯᠭᠰᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠠᠭᠤᠯᠭ᠎ᠠ᠂ ᠠᠪᠤᠷᠠᠨ ᠲᠤᠰᠠᠯᠠᠬᠤ ᠪᠠᠷᠢᠮᠵᠢᠶ᠎ᠠ ᠨᠢ ᠲᠤᠰ ᠬᠡᠷᠡᠭᠵᠢᠭᠦᠯᠬᠦ ᠰᠠᠨᠠᠯ ᠠᠴᠠ ᠲᠣᠣᠷ᠎ᠠ ᠪᠠᠶᠢᠪᠡᠯ᠂ ᠲᠤᠰ ᠬᠡᠷᠡᠭᠵᠢᠭᠦᠯᠬᠦ ᠰᠠᠨᠠᠯ ᠤᠨ ᠲᠣᠭᠲᠠᠭᠠᠯ ᠶᠣᠰᠣᠭᠠᠷ ᠬᠡᠷᠩᠵᠢᠭᠦᠯᠣᠨ᠎ᠠ᠃ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠠᠭᠤᠯᠭ᠎ᠠ᠂ ᠠᠪᠤᠷᠠᠨ ᠲᠤᠰᠠᠯᠠᠬᠤ ᠪᠠᠷᠢᠮᠵᠢᠶ᠎ᠠ ᠨᠢ ᠲᠣᠰ ᠬᠡᠷᠡᠭᠵᠢᠭᠦᠯᠬᠦ ᠰᠠᠨᠠᠯ ᠤᠨ ᠲᠣᠭᠳᠠᠭᠠᠯ ᠠᠴᠠ ᠦᠨᠳᠣᠷ ᠪᠠᠶᠢᠪᠠᠯ᠂ ᠲᠣᠰ ᠭᠠᠵᠠᠷ ᠣᠷᠣᠨ ᠤ ᠪᠠᠨ ᠤᠤᠯ ᠤᠨ ᠬᠡᠪᠴᠢᠶ᠎ᠡ ᠂ ᠠᠭᠤᠯᠭ᠎ᠠ ᠪᠠ ᠪᠠᠷᠢᠮᠵᠢᠶ᠎ᠠ ᠪᠠᠷ ᠬᠡᠷᠡᠭᠵᠢᠭᠦᠯᠣᠨ᠎ᠠ᠃      ︵ᠲᠦᠷᠪᠡ︶ ᠡᠷᠡᠭᠦᠯᠵᠢᠭᠦᠯᠵᠣ ᠠᠪᠤᠷᠠᠨ ᠲᠤᠰᠠᠯᠠᠬᠤ ᠶᠢ ᠭᠦᠷᠳᠡᠵᠣ ᠪᠠᠶᠢᠭ᠎ᠠ ᠵᠡᠮᠳᠡᠭ ᠬᠡᠦᠬᠡᠳ ᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠡᠮᠡᠭᠦᠷᠢ ᠪᠠ ᠬᠦᠨᠳᠦ ᠵᠡᠮᠳᠡᠭ ᠬᠥᠮᠦᠨ ᠤ ᠠᠰᠠᠷᠠᠨ ᠰᠤᠪᠢᠯᠠᠬᠤ ᠨᠡᠮᠡᠭᠦᠷᠢ ᠶᠢ ᠵᠡᠷᠭᠡ ᠪᠠᠷ ᠭᠦᠷᠳᠡᠭᠦ ᠨᠢ ᠨᠦᠯᠣᠭᠡᠯᠡᠭᠳᠡᠭᠦ ᠦᠭᠡᠢ᠃     ᠳᠦᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠵᠣ ᠤᠳᠤᠷᠢᠣᠡᠬᠤ ᠶᠢ ᠴᠢᠩᠭᠠᠳᠬᠠᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠠᠵᠢᠯ ᠢ ᠡᠳᠦᠷ ᠲᠤᠲᠤᠮ ᠤᠨ ᠵᠥᠪᠯᠡᠬᠦ ᠴᠢᠬᠤᠯᠠ ᠵᠦᠢᠯ ᠳᠤ ᠪᠠᠨ ᠣᠷᠣᠭᠤᠯᠵᠤ᠂ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠂ ᠦᠯᠣ ᠬᠠᠷᠢᠭᠤᠴᠠᠨ ᠠᠵᠢᠯᠯᠠᠬᠤ᠂ ᠠᠵᠢᠯ ᠢᠶᠠᠨ ᠣᠳᠠᠭᠠᠰᠢᠷᠠᠭᠤᠯᠬᠤ᠂ ᠳᠤᠷ᠎ᠠ ᠪᠠᠷ ᠬᠠᠷᠢᠭᠤᠴᠠᠨ ᠠᠵᠢᠯᠯᠠᠬᠰᠠᠨ ᠨᠢᠭᠡᠴᠢ ᠪᠠ ᠬᠤᠪᠢ ᠬᠥᠮᠦᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠡᠷᠴᠢᠮ ᠢ ᠴᠢᠩᠭᠠᠷᠠᠭᠤᠯᠵᠤ᠂ ᠰᠠᠬᠢᠯᠭ᠎ᠠ ᠪᠠᠲᠤ ᠪᠣᠯᠣᠨ ᠬᠠᠤᠯᠢ ᠠᠴᠠ ᠵᠥᠷᠢᠴᠡᠭᠰᠡᠨ ᠪᠠᠶᠢᠪᠠᠯ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ᠎ᠡ᠃ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠣᠯᠳᠠ ᠪᠠ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠬᠠᠮᠳᠣᠷᠠᠯᠴᠠᠵᠣ᠂ ᠠᠵᠢᠯ ᠢᠶᠠᠨ ᠵᠣᠯᠭᠠᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠭᠦ ᠶᠢ ᠴᠢᠩᠭᠠᠣᠡᠬᠠᠨ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠶᠡᠭᠡᠳᠡᠭᠦ ᠳᠤ ᠪᠠᠨ ᠨᠢᠭᠡ ᠤᠳᠠᠭ᠎ᠠ ᠣᠴᠢᠵᠣ ᠭᠦᠢᠴᠡᠣᠡᠭᠡᠭᠦ︾᠂ ︽ᠨᠢᠭᠡ ᠦᠷᠳᠡᠭᠡᠴᠢᠯᠡᠨ ᠳ᠋ᠦᠩᠨᠡᠨ ᠪᠤᠳᠤᠬᠤ︾᠎ ᠶᠢ ᠴᠢᠷᠮᠠᠶᠢᠨ ᠪᠡᠶᠡᠯᠡᠭᠦᠯᠵᠣ᠂ ᠠᠷᠠᠳ ᠣᠯᠠᠨ ᠳᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠣᠨ᠎ᠠ᠃      ︵ᠬᠤᠶᠠᠷ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠵᠡᠮᠳᠡᠭᠴᠦᠳ ᠤᠨ ᠲᠤᠭ᠎ᠠ᠂ ᠲᠠᠷᠬᠠᠯᠲᠠ ᠶᠢᠨ ᠪᠠᠶᠢᠳᠠᠯ᠂ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠣᠰᠣᠯᠡᠵᠣ᠂ ᠡᠷᠡᠭᠦᠯᠵᠢᠯ ᠤᠨ ᠪᠠᠶᠢᠭᠤᠯᠤᠮᠵᠢ ᠪᠠᠶᠢᠭᠤᠯᠬᠤ ᠲᠥᠯᠥᠪᠵᠢᠭᠦᠯᠭᠡ ᠲᠣᠭᠲᠠᠭᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠷᠡᠭᠦᠯᠵᠢᠯ ᠤᠨ ᠪᠠᠶᠢᠭᠤᠯᠤᠮᠵᠢ ᠶᠢ ᠡᠷᠬᠢᠯᠡᠨ ᠪᠠᠶᠢᠭᠤᠯᠵᠣ᠂ ᠡᠷᠡᠭᠦᠯᠵᠢᠯ ᠤᠨ ᠪᠠᠶᠢᠭᠤᠯᠤᠮᠵᠢ ᠶᠢᠨ ᠲᠣᠬᠢᠷᠠᠭᠤᠯᠣᠯᠳᠠ ᠶᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠥᠪᠵᠢᠭᠦᠯᠭᠡ ᠳᠤ ᠣᠷᠣᠭᠤᠯᠣᠨ᠂ ᠨᠡᠶᠢᠭᠡᠮ ᠤᠨ ᠬᠦᠴᠦᠨ ᠠᠴᠠ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠳᠤ ᠪᠠᠯᠠ ᠣᠷᠣᠭᠤᠯᠬᠤ ᠶᠢ ᠳᠡᠮᠵᠢᠵᠣ᠂ ᠡᠷᠡᠭᠦᠯᠵᠢᠯ ᠤᠨ ᠪᠠᠶᠢᠭᠤᠯᠤᠮᠵᠢ ᠶᠢ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠡᠷᠭᠢᠯᠡᠨ ᠪᠠᠶᠢᠭᠤᠯᠬᠤ ᠶᠢ ᠵᠣᠷᠢᠬᠵᠢᠭᠤᠯᠣᠨ᠎ᠠ᠃ ᠨᠡᠶᠢᠭᠡᠮ ᠤᠨ ᠬᠦᠴᠦᠨ ᠠᠴᠠ ᠡᠷᠬᠢᠯᠡᠨ ᠪᠠᠶᠢᠭᠤᠯᠣᠭᠰᠠᠨ ᠡᠷᠡᠭᠦᠯᠵᠢᠯ ᠤᠨ ᠪᠠᠶᠢᠭᠤᠯᠤᠮᠵᠢ ᠪᠣᠯᠤᠨ ᠵᠠᠰᠠᠭ ᠤᠨ ᠣᠷᠳᠣᠨ ᠠᠴᠠ ᠡᠷᠬᠢᠯᠡᠨ ᠪᠠᠶᠢᠭᠤᠯᠣᠭᠰᠠᠨ ᠡᠷᠡᠭᠦᠯᠵᠢᠯ ᠤᠨ ᠪᠠᠶᠢᠭᠤᠯᠤᠮᠵᠢ ᠳᠤ ᠵᠥᠪᠰᠢᠶᠡᠷᠡᠨ ᠣᠷᠣᠭᠤᠯᠬᠤ᠂ ᠠᠵᠢᠯ ᠡᠷᠬᠢᠯᠡᠬᠦ᠂ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠡᠮᠴᠢᠯᠡᠭᠡᠨ ᠤ ᠳᠠᠭᠠᠳᠬᠠᠯ ᠤᠨ ᠵᠦᠪᠯᠡᠯᠴᠡᠭᠡᠷ ᠤᠨ ᠬᠠᠮᠢᠶᠠᠷᠣᠯᠳᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠬᠤ᠂ ᠠᠰᠢᠭ ᠣᠯᠵᠠᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢ ᠡᠳ᠋ ᠤᠨ ᠵᠠᠰᠠᠭ ᠭᠠᠶᠢᠯᠢ ᠪᠠᠷ ᠲᠡᠳᠬᠦᠨ ᠳᠡᠮᠵᠢᠬᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠡᠷᠭᠡ ᠲᠠᠯ᠎ᠠ ᠪᠠᠷ ᠠᠳᠠᠯᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠣᠨ᠎ᠠ᠃ ᠡᠷᠡᠭᠦᠯᠵᠢᠯ ᠤᠨ ᠴᠢᠳᠠᠪᠤᠷᠢᠲᠠᠨ ᠢ ᠰᠣᠷᠭᠠᠵᠣ ᠬᠥᠮᠦᠵᠢᠭᠦᠯᠵᠣ ᠪᠣᠯᠪᠠᠰᠤᠷᠠᠭᠤᠯᠬᠤ ᠶᠢ ᠴᠢᠩᠭᠠᠳᠬᠠᠵᠤ᠂ ᠡᠷᠡᠭᠦᠯᠵᠢᠯ ᠤᠨ ᠦᠢᠯᠡᠴᠢᠯᠡᠭᠡᠨ ᠤ ᠠᠵᠢᠯᠯᠠᠭᠰᠠᠳ ᠤᠨ ᠴᠢᠳᠠᠪᠤᠷᠢ ᠪᠣᠯᠤᠨ ᠮᠡᠳᠡᠯᠭᠡ ᠪᠣᠯᠪᠠᠰᠣᠷᠠᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠣᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠠᠵᠢᠯ ᠢ ᠭᠠᠷᠲᠠᠨ ᠭᠦᠢᠴᠡᠳᠬᠡᠬᠦ ᠴᠢᠳᠠᠪᠤᠷᠢ ᠶᠢ ᠨᠢ ᠦᠨᠡᠨ ᠬᠦ ᠴᠢᠩᠭᠠᠳᠬᠠᠵᠤ᠂ ᠠᠵᠢᠯ ᠶᠠᠪᠤᠳᠠᠯ ᠢ ᠬᠢᠬᠦ ᠬᠥᠮᠦᠨ ᠲᠠᠢ᠂ ᠬᠠᠷᠢᠭᠤᠴᠠᠯᠭ᠎ᠠ ᠶᠢ ᠬᠠᠷᠢᠭᠤᠴᠠᠬᠤ ᠬᠥᠮᠦᠨ ᠲᠠᠢ ᠪᠠᠶᠢᠬᠤ ᠶᠢ ᠪᠠᠳᠣᠯᠠᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠣᠯᠳᠠ ᠶᠢ ᠠᠬᠢᠭᠤᠯᠣᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠣᠯᠤᠨ ᠵᠡᠮᠳᠡᠭᠴᠦᠳ ᠤᠨ ᠲᠤᠰᠬᠠᠶ ᠲᠤᠰᠢᠶᠠᠯᠳᠤ ᠭᠡᠰᠢᠭᠦᠨ᠂ ᠨᠡᠶᠢᠭᠡᠮ ᠤᠨ ᠠᠵᠢᠯᠳᠠᠨ᠂ ᠰᠠᠶᠢᠨ ᠳᠤᠷ᠎ᠠ ᠶᠢᠨ ᠦᠢᠯᠡᠴᠢᠯᠡᠭᠴᠢᠣᠨ ᠵᠡᠷᠭᠡ ᠨᠡᠶᠢᠭᠡᠮ ᠤᠨ ᠬᠦᠴᠦᠨ ᠵᠦᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠵᠤ ᠮᠡᠳᠡᠪᠡᠯ ᠮᠡᠳᠡᠭᠳᠡᠬᠦ᠂ ᠬᠠᠪᠰᠤᠷᠤᠨ ᠭᠤᠶᠤᠴᠢᠯᠠᠬᠤ᠂ ᠰᠠᠶᠢᠢᠨ ᠳᠤᠷ᠎ᠠ ᠠᠴᠠ ᠦᠢᠯᠡᠴᠢᠯᠡᠭᠦ ᠵᠡᠷᠭᠡ ᠠᠵᠢᠯ ᠢ ᠰᠠᠶᠢᠳᠣᠷ ᠬᠢᠨ᠎ᠠ᠃ ᠤᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠵᠣ᠂ ᠨᠡᠶᠢᠭᠡᠮ ᠠᠴᠠ ᠬᠠᠨᠳᠢᠪᠯᠠᠨ ᠲᠣᠰᠠᠯᠠᠬᠤ ᠶᠢ ᠵᠣᠷᠢᠬᠵᠢᠭᠤᠯᠬᠤ ᠪᠦᠭᠡᠣᠨ ᠬᠥᠲᠥᠯᠥᠨ ᠵᠢᠯᠣᠭᠤᠳᠣᠨ᠎ᠠ᠃      ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠣᠷᠭᠠᠨ ᠬᠥᠮᠦᠵᠢᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡ ᠶᠢᠨ ᠳᠠᠭᠠᠳᠬᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠲᠠᠢ ᠵᠦᠪᠳᠡᠯᠴᠠᠵᠣ ᠪᠠᠶᠢᠭᠠᠣᠨ ᠵᠡᠮᠳᠡᠭ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠣᠨ᠂ ᠡᠷᠡᠭᠦᠯᠵᠢᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠳᠣ ᠪᠠᠷ ᠰᠠᠶᠢᠲᠤᠷ ᠬᠢᠭᠦ ᠬᠡᠷᠩᠳᠠᠢ᠃ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠲᠣᠭᠳᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠳᠤ ᠵᠥᠪᠰᠢᠶᠡᠷᠡᠨ ᠣᠷᠣᠭᠤᠯᠬᠤ᠂ ᠪᠣᠴᠠᠭᠠᠵᠣ ᠭᠠᠷᠭᠠᠬᠤ ᠵᠡᠷᠭᠡ ᠬᠢᠨᠠᠨ ᠬᠠᠮᠢᠶᠠᠷᠬᠤ ᠶᠢ ᠴᠢᠩᠭᠠᠣᠡᠬᠠᠵᠣ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠭᠦ᠂ ᠶᠡᠷᠣᠩᠬᠡᠶᠢᠯᠠᠨ ᠦᠨᠡᠯᠡᠵᠣ ᠵᠢᠱᠢᠬᠦ ᠲᠣᠭᠲᠠᠴᠠ ᠶᠢ ᠪᠠᠶᠢᠭᠤᠯᠵᠤ᠂ ᠲᠣᠭᠳᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠪᠠᠨ ᠵᠢᠷᠤᠮᠵᠢᠭᠤᠯᠬᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠠᠶᠢᠵᠢᠷᠠᠭᠤᠯᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠶᠢ ᠨᠢ ᠵᠢᠭᠠᠨ ᠵᠢᠯᠣᠭᠤᠣᠡᠴᠣ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠪᠠ ᠠᠶᠣᠯ ᠦᠭᠡᠢ ᠶᠢᠨ ᠬᠠᠷᠢᠭᠤᠴᠠᠯᠭ᠎ᠠ ᠶᠢᠨ ᠠᠳᠡᠯ ᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠣ᠂ ᠵᠡᠮᠳᠡᠭ ᠬᠡᠤᠬᠡᠳ ᠤᠨ ᠪᠠᠶ᠎ᠡ ᠮᠠᠬᠠᠪᠣᠣᠨ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠩᠳᠠᠢ᠃ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠡᠷᠡᠭᠦᠯᠵᠢᠯ ᠤᠨ ᠦᠢᠯᠡᠴᠢᠯᠡᠭᠡᠨ ᠤ ᠦᠨ᠎ᠡ ᠬᠠᠩᠰᠢ ᠲᠣᠭᠲᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠷᠡᠭᠦᠯᠵᠢᠯ ᠤᠨ ᠪᠠᠶᠢᠭᠤᠯᠤᠮᠵᠢ᠂ ᠠᠵᠢᠯᠯᠠᠭᠰᠠᠣᠨ ᠪᠠ ᠠᠪᠤᠷᠠᠨ ᠲᠤᠰᠠᠯᠠᠭᠤᠯᠬᠤ ᠡᠳᠡᠭᠡᠣᠨ ᠤᠨ ᠭᠡᠷ ᠪᠦᠯᠢ ᠶᠢ ᠬᠠᠮᠣᠷᠠᠭᠰᠠᠨ ᠦᠨᠡᠨᠴᠢ ᠢᠲᠡᠭᠡᠮᠵᠢ ᠶᠢᠨ ᠦᠨᠡᠯᠡᠯᠲᠡ ᠪᠣᠯᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠪᠠᠶᠢᠭᠤᠯᠵᠤ᠂ ᠢᠳᠡᠭᠡᠯ ᠠᠯᠳᠠᠭᠰᠠᠣᠨ ᠤᠨ ᠨᠡᠷᠡᠰ ᠤᠨ ᠲᠦᠷᠢᠮ ᠢ ᠪᠠᠶᠢᠭᠤᠯᠵᠣ᠂ ᠣᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠬᠦ ᠪᠠ ᠡᠮᠬᠢᠣᠡᠭᠡᠨ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠪᠠᠷ ᠭᠦᠷᠳᠡᠭᠦ ᠲᠠᠪᠴᠠᠩ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠨ ᠨᠡᠶᠢᠲᠡᠯᠡᠬᠦ ᠰᠢᠰᠲ᠋ᠧᠮ ᠯᠤᠭ᠎ᠠ ᠮᠡᠳᠡᠭᠡ ᠵᠠᠩᠭᠢ ᠪᠠᠨ ᠰᠣᠯᠢᠯᠴᠠᠵᠣ ᠬᠠᠮᠲᠤ ᠪᠠᠷ ᠭᠦᠷᠳᠡᠭᠦ ᠶᠢ ᠴᠢᠩᠭᠠᠣᠡᠬᠠᠨ᠎ᠠ᠃ ᠡᠷᠡᠭᠦᠯᠵᠢᠯ ᠤᠨ ᠦᠶ᠋ᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠢ ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠨᠢ ᠪᠠᠳᠠᠷᠠᠭᠤᠯᠣᠨ᠎ᠠ᠃ ᠬᠢᠨᠠᠨ ᠪᠤᠳᠤᠬᠤ ᠰᠠᠯᠠᠭ᠎ᠠ ᠮᠥᠴᠢᠷ ᠨᠢ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠪᠠᠯᠠ ᠮᠥᠩᠭᠦ ᠶᠢᠨ ᠬᠠᠮᠢᠶᠠᠷᠴᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠵᠡᠭᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠶᠢ ᠬᠡᠷᠡᠭᠵᠢᠭᠦᠯᠣᠭ᠍ᠰᠡᠨ ᠪᠠ ᠪᠡᠯᠡ ᠮᠥᠩᠭᠦ ᠴᠤᠭᠯᠠᠭᠤᠯᠵᠤ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠳᠠᠯᠪᠢᠯᠳᠠ ᠶᠢ ᠬᠦᠯᠢᠶᠡᠭᠦ ᠬᠡᠷᠩᠳᠠᠢ᠃      ︵ᠲᠦᠷᠪᠡ︶ ᠤᠬᠠᠭᠤᠯᠤᠨ ᠳᠠᠶᠢᠴᠢᠯᠠᠬᠤ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠲᠠᠶᠢᠯᠪᠤᠷᠢᠯᠠᠬᠤ ᠪᠠ ᠤᠬᠠᠭᠤᠯᠬᠤ ᠠᠵᠢᠯ ᠢ ᠶᠡᠭᠡ ᠪᠠᠷ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠨᠠᠮ ᠪᠠ ᠵᠠᠰᠠᠭ ᠤᠨ ᠣᠷᠳᠣᠨ ᠤ ᠠᠷᠠᠳ ᠢᠶᠠᠨ ᠬᠠᠶᠢᠷᠠᠯᠠᠨ ᠬᠠᠯᠠᠮᠵᠢᠯᠠᠬᠤ ᠰᠡᠳᠬᠢᠯᠭᠡ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ ᠣᠶᠢᠯᠠᠭᠠᠭᠤᠯᠵᠣ᠂ ᠵᠡᠮᠳᠡᠭ ᠬᠡᠦᠬᠡᠳ ᠤᠨ ᠬᠠᠷᠭᠠᠯᠵᠠᠨ ᠬᠠᠮᠠᠭᠠᠯᠠᠭᠴᠢ ᠶᠢ ᠬᠠᠪᠰᠣᠷᠴᠣ ᠪᠠᠶᠢᠭᠠᠣᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠦᠷᠢᠮ ᠤᠨ ᠬᠠᠮᠢᠶ᠎ᠠ ᠪᠥᠬᠦᠶ ᠠᠭᠤᠯᠭ᠎ᠠ ᠶᠢ ᠣᠨᠣᠪᠴᠢᠲᠠᠶ ᠮᠡᠳᠡᠭᠦᠯᠵᠣ᠂ ᠭᠤᠶᠣᠴᠢᠯᠠᠬᠤ ᠦᠨᠳᠦᠰᠦᠨ ᠲᠠᠰ ᠳᠠᠷᠠᠭᠠᠯᠠᠯ ᠪᠠ ᠱᠠᠭᠠᠷᠳᠠᠯᠭ᠎ᠠ ᠶᠢ ᠣᠶᠢᠯᠠᠭᠠᠭᠤᠯᠵᠣ᠂ ᠵᠡᠮᠳᠡᠭ ᠬᠡᠦᠬᠡᠳ ᠲᠤ ᠠᠪᠤᠷᠠᠬᠤ ᠴᠢᠨᠠᠷᠲᠠᠶ ᠠᠪᠤᠷᠠᠨ ᠲᠤᠰᠠᠯᠠᠯᠳᠠ ᠪᠠ ᠡᠷᠡᠭᠦᠯᠵᠢᠯ ᠤᠨ ᠦᠢᠯᠡᠴᠢᠯᠡᠭᠡ ᠶᠢ ᠴᠠᠭ ᠲᠤᠬᠠᠶ ᠳᠤ ᠨᠢ ᠭᠦᠷᠳᠡᠭᠡᠭᠦ ᠬᠡᠷᠡᠭᠲᠡᠶ᠃ ᠡᠭᠦᠨ ᠤ ᠬᠠᠮᠲᠤ᠂ ᠨᠡᠶᠢᠭᠡᠮ ᠳᠠᠶᠠᠭᠠᠷ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠵᠡᠮᠳᠡᠭ ᠪᠣᠯᠬᠤ ᠠᠴᠠ ᠰᠡᠷᠭᠡᠶᠢᠯᠡᠬᠦ ᠤᠬᠠᠮᠰᠠᠷ ᠢ ᠨᠢ ᠴᠢᠩᠭᠠᠷᠠᠭᠤᠯᠵᠤ᠂ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠣᠨ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠠᠵᠢᠯ ᠢ ᠬᠠᠯᠠᠮᠵᠢᠯᠠᠨ ᠳᠡᠮᠵᠢᠵᠣ᠂ ᠨᠡᠶᠢᠭᠡᠮ ᠤᠨ ᠰᠠᠶᠢᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠂ ᠵᠡᠮᠳᠡᠭ ᠬᠡᠦᠬᠡᠳ ᠤᠨ ᠲᠦᠷᠭᠡᠨ ᠡᠷᠡᠭᠦᠯᠵᠢᠵᠦ ᠡᠷᠡᠭᠦᠯ ᠴᠢᠭᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠣᠨ᠎ᠠ᠃      ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ 2018 ᠣᠨ ᠤ 10 ᠳ᠋ᠣᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠣ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠪᠣᠳᠠᠳᠠᠢ ᠲᠠᠢ ᠪᠠᠨ ᠤᠶᠠᠯᠳᠤᠭᠤᠯᠤᠨ᠂ ᠲᠥᠬᠦᠷ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠳᠣ ᠬᠤᠷᠠᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠡᠯ᠎ᠡ ᠭᠠᠵᠠᠷ ᠣᠷᠣᠨ ᠢ ᠰᠢᠮᠳᠠᠭᠤᠯᠤᠨ ᠵᠢᠯᠣᠭᠤᠳᠴᠤ ᠪᠠᠶᠢᠭᠠᠳ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠣ᠂ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠤᠳ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃    ᠳᠠᠭᠠᠯᠳᠤᠭᠤᠯᠤᠯ᠄    ᠵᠡᠮᠳᠡᠭ ᠬᠡᠦᠬᠡᠳ ᠤᠨ ᠡᠷᠡᠭᠦᠯᠵᠢᠯ ᠤᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠵᠢᠴᠢ ᠨᠥᠬᠦᠪᠥᠷᠢᠯᠡᠭᠦ ᠪᠠᠷᠢᠮᠵᠢᠶ᠎ᠠ       ᠬᠦᠰᠦᠨᠦᠭᠲᠦ 1       ᠬᠦᠰᠦᠨᠦᠭᠲᠦ 2                                   ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map