ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠨ ᠬᠥᠰᠢᠭᠦᠷᠭᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠳᠣᠷᠣᠭᠰᠢᠯᠠᠭᠤᠯᠵᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠶ᠎ᠠ
ᠨᠡᠶᠢᠲᠡᠯᠡᠭᠰᠡᠨ ᠴᠠᠭ᠄
2019/4/9
     ᠰᠤᠷᠪᠤᠯᠵᠢᠯᠠᠭᠰᠠᠨ ᠴᠠᠭ᠄  2019 ᠣᠨ ᠤ 02 ᠳ᠋ᠤᠭᠠᠷ ᠰᠠᠷ᠎ᠠ ᠶᠢᠨ 19᠎ ᠤ ᠡᠳᠦᠷ ᠤᠨ 15 ᠴᠠᠭ      ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ    ᠡᠾᠧ ᠢᠦᠢ ᠴᠦᠨ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠪᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠡᠾᠧ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃      ᠡᠾᠧ ᠢᠦᠢ ᠴᠦᠨ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠢᠮᠠᠭᠲᠠ ᠬᠠᠷᠠᠭᠠᠯᠵᠠᠨ᠂ ᠣᠷᠣᠯᠴᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠬᠥᠲᠥᠯᠥᠭᠴᠢ᠄      ᠡᠩ ᠲᠡᠷᠢᠭᠦᠨ ᠳᠤ ᠲᠠ ᠣᠳᠣᠬᠠᠨ ᠤ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠡᠾᠧ ᠢᠦᠢ ᠴᠦᠨ᠄      ᠲᠡᠭᠡᠶ᠎ᠡ᠃ 2017 ᠣᠨ ᠤ ᠰᠡᠭᠦᠯᠴᠢ ᠪᠠᠷ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 59%᠂ ᠣᠷᠣᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 74.2%᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠨᠢ 71.3%᠎ ᠳᠤ ᠬᠦᠷᠴᠦ᠂ ᠣᠨᠴᠠ ᠵᠠᠷᠢᠮ ᠠᠵᠤ ᠠᠬᠤᠶᠢᠯᠠᠯ ᠤᠨ ᠥᠷᠢ ᠥᠭᠴᠡᠭᠡ ᠨᠢ ᠬᠠᠷᠢᠴᠠᠩᠭᠤᠢ ᠠᠷᠪᠢᠨ᠂ ᠥᠷᠢ ᠥᠭᠴᠡᠭᠡᠨ ᠤ ᠨᠣᠷᠮ᠎ᠠ ᠎ ᠨᠢ ᠨᠡᠯᠢᠶᠡᠳ ᠥᠨᠳᠥᠷ ᠪᠠᠶᠢᠵᠤ᠂ ᠡᠵᠡᠩᠨᠡᠯᠲᠡ ᠶᠢᠨ ᠲᠦᠭᠰᠢᠭᠦᠷᠢ ᠣᠷᠣᠰᠢᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠨᠢ ᠬᠠᠲᠠᠭᠤ ᠪᠡᠷᠬᠡᠲᠡᠢ ᠪᠠᠶᠢᠨ᠎ᠠ᠃      ᠬᠥᠲᠥᠯᠥᠭᠴᠢ᠄      ᠲᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠠᠰᠠᠭᠤᠳᠠᠯ ᠳᠤ ᠶᠠᠭᠠᠬᠢᠵᠤ ᠬᠠᠨᠳᠤᠵᠤ ᠪᠠᠶᠢᠬᠤ ᠪᠣᠢ︖      ᠡᠾᠧ ᠢᠦᠢ ᠴᠦᠨ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠪᠠᠨ᠂ 2018 ᠣᠨ ᠳᠤ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠵᠦ᠂ ᠣᠨᠴᠠᠭᠠᠶᠢᠯᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠪᠦᠷᠢᠯᠳᠦᠭᠰᠡᠨ ᠰᠢᠯᠲᠠᠭᠠᠨ ᠨᠢ ᠨᠡᠯᠢᠶᠡᠳ ᠪᠤᠳᠤᠯᠢᠶᠠᠨᠲᠠᠢ ᠪᠠᠶᠢᠳᠠᠭ᠂ ᠡᠭᠦᠨ ᠳᠤ ᠲᠡᠦᠬᠡ ᠶᠢᠨ ᠬᠦᠴᠦᠨ ᠵᠦᠢᠯ ᠪᠠᠶᠢᠬᠤ ᠪᠠᠷ ᠪᠠᠷᠠᠬᠤ ᠦᠭᠡᠢ᠂ ᠦᠨᠡᠨ ᠪᠣᠳᠠᠲᠠᠢ ᠬᠦᠴᠦᠨ ᠵᠦᠢᠯ ᠪᠠᠶᠢᠳᠠᠭ︔ ᠵᠠᠬ᠎ᠠ ᠳᠡᠯᠭᠡᠭᠦᠷ ᠤᠨ ᠰᠢᠯᠲᠠᠭᠠᠨ ᠪᠠᠶᠢᠬᠤ ᠪᠠᠷ ᠪᠠᠷᠠᠬᠤ ᠦᠭᠡᠢ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠶᠢᠨ ᠰᠢᠯᠲᠠᠭᠠᠨ ᠴᠤ ᠪᠠᠶᠢᠳᠠᠭ᠃ ᠲᠡᠷᠡ ᠨᠢ ᠴᠣᠬᠤᠮ ᠶᠠᠭᠠᠬᠢᠵᠤ ᠪᠦᠷᠢᠯᠳᠦᠭᠰᠡᠨ ᠴᠤ᠂ ᠡᠷᠬᠡᠪᠰᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢ ᠳᠠᠪᠰᠢᠭᠤᠯᠬᠤ ᠠᠵᠢᠯ ᠤᠨ ᠦᠨᠳᠦᠰᠦᠨ ᠬᠥᠭ ᠢ ᠪᠠᠷᠢᠮᠲᠠᠯᠠᠨ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠦᠴᠦᠯᠡᠨ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠢᠭᠡᠳ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠶᠢᠴᠢᠯᠠᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠬᠠᠪᠰᠤᠷᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠰᠠᠭᠤᠷᠢ ᠶᠢ ᠲᠠᠯᠪᠢᠨ᠎ᠠ᠃      ᠬᠥᠲᠥᠯᠥᠭᠴᠢ᠄      ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠡᠾᠧ ᠢᠦᠢ ᠴᠦᠨ᠄      ᠪᠢᠳᠡ ᠡᠨᠡ ᠵᠢᠯ ᠭᠤᠣᠯᠳᠠᠭᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠬᠠᠮᠢᠶᠠᠷᠴᠤ ᠡᠵᠡᠮᠳᠡᠬᠦ ᠪᠠ ᠰᠢᠯᠭᠠᠨ ᠬᠢᠨᠠᠵᠤ ᠬᠢᠵᠠᠭᠠᠷᠯᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠪᠠ︔ ᠡᠭᠦᠨ ᠤ ᠬᠠᠮᠲᠤ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠵᠢᠬᠤ ᠵᠡᠷᠭᠡ ᠠᠷᠭ᠎ᠠ ᠬᠡᠯᠪᠡᠷᠢ ᠪᠠᠷ ᠨᠡᠶᠢᠯᠡᠭᠦᠯᠦᠨ ᠨᠢᠭᠡᠳᠬᠡᠵᠦ ᠳᠠᠬᠢᠨ ᠪᠠᠶᠢᠭᠤᠯᠬᠤ ᠶᠢ ᠠᠬᠢᠭᠤᠯᠤᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠥᠪᠡᠷ ᠢ ᠪᠠᠨ ᠬᠢᠵᠠᠭᠠᠷᠯᠠᠬᠤ ᠶᠢ ᠴᠢᠩᠭᠠᠷᠠᠭᠤᠯᠬᠤ᠂ ᠥᠭᠴᠡᠭᠡᠨ ᠤ ᠶᠠᠪᠤᠳᠠᠯ ᠤᠨ ᠪᠦᠲᠦᠴᠡ ᠶᠢ ᠰᠢᠯᠢᠳᠡᠭᠵᠢᠭᠦᠯᠬᠦ᠂ ᠣᠯᠠᠨ ᠠᠷᠭ᠎ᠠ ᠵᠠᠮ ᠢᠶᠠᠷ ᠡᠷᠬᠡ ᠠᠰᠢᠭ ᠡᠳ᠋ ᠬᠥᠷᠥᠩᠭᠡ ᠶᠢ ᠨᠥᠬᠦᠪᠦᠷᠢᠯᠡᠬᠦ ᠵᠢᠴᠢ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠳᠣᠷᠣᠭᠰᠢᠯᠠᠭᠤᠯᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠡᠢ᠃      ᠬᠥᠲᠥᠯᠥᠭᠴᠢ᠄      ᠪᠣᠳᠠᠲᠠᠢ ᠪᠠᠷ ᠴᠣᠬᠤᠮ ᠶᠠᠭᠠᠬᠢᠵᠤ ᠬᠢᠭᠰᠡᠨ ᠢ ᠲᠠᠨᠢᠯᠴᠠᠭᠤᠯᠤᠭᠠᠳ ᠥᠭᠭᠦᠨ᠎ᠡ ᠦᠦ︖      ᠡᠾᠧ ᠢᠦᠢ ᠴᠦᠨ᠄      ᠨᠢᠭᠡ ᠳᠤ᠂ ᠬᠥᠰᠢᠭᠦᠷᠭᠡ ᠶᠢ ᠳᠣᠷᠣᠭᠰᠢᠯᠠᠭᠤᠯᠬᠤ ᠠᠵᠢᠯ ᠤᠨ ᠬᠠᠷᠠᠯᠲᠠ ᠶᠢ ᠲᠣᠭᠲᠠᠭᠠᠪᠠ᠃ 2017 ᠣᠨ ᠤ ᠰᠡᠭᠦᠯᠴᠢ ᠶᠢᠨ ᠬᠥᠷᠥᠩᠭᠡ ᠥᠷᠢ ᠶᠢᠨ ᠨᠣᠷᠮ᠎ᠠ ᠪᠠᠷ ᠰᠠᠭᠤᠷᠢ ᠲᠤᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ 2020 ᠣᠨ ᠤ ᠰᠡᠭᠦᠯᠴᠢ ᠪᠣᠯᠲᠠᠯ᠎ᠠ᠂ ᠬᠥᠷᠥᠩᠭᠡ ᠥᠷᠢ ᠶᠢᠨ ᠨᠣᠷᠮ᠎ᠠ ᠶᠢᠨ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠱᠤᠭᠤᠮ ᠢ ᠬᠡᠲᠦᠷᠡᠭᠰᠡᠨ ᠢ ᠨᠢ ᠭᠤᠣᠯᠳᠠᠯᠭ᠎ᠠ ᠎ ᠲᠠᠢ ᠪᠠᠷ ᠬᠢᠨᠠᠨ ᠡᠵᠡᠮᠳᠡᠬᠦ ᠱᠤᠭᠤᠮ ᠤᠨ ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠬᠤ ᠶᠢ ᠠᠬᠢᠭᠤᠯᠤᠨ᠎ᠠ︔ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠢ ᠬᠡᠲᠦᠷᠡᠭᠰᠡᠨ ᠢ ᠨᠢ ᠰᠡᠷᠡᠮᠵᠢᠯᠡᠭᠦᠯᠬᠦ ᠱᠤᠭᠤᠮ ᠤᠨ ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠵᠤ᠂ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠲᠠᠯ᠎ᠠ 2017 ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ ᠪᠠᠭᠤᠷᠠᠭᠤᠯᠤᠨ᠂ ᠳᠠᠷᠠᠭ᠎ᠠ ᠳᠤ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠶᠢ ᠢᠵᠢᠯᠢ ᠠᠵᠢᠯ ᠲᠥᠷᠥᠯ ᠤᠨ ᠢᠵᠢᠯᠢ ᠬᠡᠪᠴᠢᠶᠡᠨ ᠤ ᠠᠵᠤ ᠠᠬᠤᠶᠢᠯᠠᠯ ᠤᠨ ᠳᠤᠮᠳᠠᠴᠢ ᠬᠢᠷᠢ ᠲᠦᠪᠰᠢᠨ ᠳᠤ ᠪᠠᠶᠢᠯᠭᠠᠬᠤ ᠶᠢ ᠦᠨᠳᠦᠰᠦᠨ ᠳᠤ ᠪᠠᠨ ᠪᠠᠲᠤᠯᠠᠨ᠎ᠠ᠃ ᠬᠤᠶᠠᠷ ᠲᠤ᠂ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠬᠢᠨᠠᠨ ᠬᠠᠮᠢᠶᠠᠷᠬᠤ ᠡᠯ᠎ᠡ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠪᠠ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠭᠦᠢᠴᠡᠳᠬᠡᠵᠦ᠂ ᠲᠦᠭᠰᠢᠭᠦᠷᠢ ᠶᠢ ᠥᠪᠡᠷ ᠢᠶᠠᠨ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠠᠵᠢᠯ ᠲᠥᠷᠥᠯ ᠤᠨ ᠬᠢᠨ ᠤ ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠵᠤ᠂ ᠬᠠᠷᠢᠶᠠᠲᠤ ᠳᠠᠭᠠᠯᠲᠠ ᠠᠵᠤ ᠠᠬᠤᠶᠢᠯᠠᠯ ᠬᠤᠪᠢᠶᠠᠷᠢ ᠠᠵᠢᠯ ᠲᠥᠷᠥᠯ ᠤᠨ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠤᠨ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠤᠯᠤᠰ ᠤᠨ ᠥᠮᠴᠢᠯᠡᠯᠲᠦ ᠠᠵᠣ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠬᠠᠷᠢᠶᠠᠲᠤ ᠳᠠᠭᠠᠯᠲᠠ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠵᠤ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠣᠭᠲᠠᠭᠠᠨ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠠᠵᠢᠯ ᠤᠨ ᠲᠥᠰᠥᠯ ᠪᠠ ᠪᠣᠳᠠᠲᠠᠢ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ ᠭᠤᠷᠪᠠ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠲᠥᠷᠥᠯ ᠬᠤᠪᠢᠶᠠᠨ ᠬᠠᠮᠢᠶᠠᠷᠤᠨ ᠡᠵᠡᠮᠳᠡᠪᠡ᠃ ᠬᠢᠨᠠᠨ ᠬᠠᠮᠢᠶᠠᠷᠬᠤ ᠠᠵᠤ ᠠᠬᠤᠶᠢᠯᠠᠯ ᠢ ᠵᠢᠯᠣᠭᠤᠳᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠣᠭᠲᠠᠭᠠᠵᠤ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠪᠠᠷᠢᠮᠵᠢᠶ᠎ᠠ ᠶᠢ ᠲᠣᠭᠲᠠᠭᠠᠨ᠂ ᠬᠥᠷᠥᠩᠭᠡ ᠥᠷᠢ ᠶᠢᠨ ᠨᠣᠷᠮ᠎ᠠ ᠨᠢ ᠨᠡᠯᠢᠶᠡᠳ ᠥᠨᠳᠥᠷ ᠠᠵᠤ ᠠᠬᠤᠶᠢᠯᠠᠯ ᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠭᠴᠡᠭᠡᠨ ᠤ ᠶᠠᠪᠤᠳᠠᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠥᠭᠴᠡᠭᠡᠨ ᠤ ᠶᠠᠪᠤᠳᠠᠯ ᠤᠨ ᠲᠦᠭᠰᠢᠭᠦᠷᠢ ᠨᠢ ᠮᠠᠰᠢ ᠥᠨᠳᠥᠷ ᠠᠵᠤ ᠠᠬᠤᠶᠢᠯᠠᠯ ᠳᠤ ᠬᠥᠷᠥᠩᠭᠡ ᠥᠷᠢ ᠶᠢᠨ ᠨᠣᠷᠮ᠎ᠠ ᠪᠠ ᠥᠷᠢ ᠥᠭᠴᠡᠭᠡᠨ ᠤ ᠶᠡᠷᠦᠩᠬᠡᠢ ᠲᠣᠭᠠᠨ ᠤ ᠳᠠᠪᠬᠤᠷ ᠬᠠᠮᠢᠶᠠᠷᠤᠯᠲᠠ ᠡᠵᠡᠮᠳᠡᠯ ᠶᠠᠪᠤᠭᠤᠯᠵᠤ᠂ ᠭᠤᠣᠯᠳᠠᠯᠭ᠎ᠠ ᠎ ᠲᠠᠢ ᠪᠠᠷ ᠬᠠᠮᠢᠶᠠᠷᠤᠨ ᠡᠵᠡᠮᠳᠡᠬᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠡᠭᠦᠷᠭᠡ ᠶᠢ ᠣᠨ ᠤ ᠡᠵᠡᠩᠨᠡᠯᠲᠡ ᠶᠢᠨ ᠦᠢᠯᠡᠰ ᠤᠨ ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ ᠬᠢᠨᠠᠯᠲᠠ ᠳᠤ ᠣᠷᠣᠭᠤᠯᠤᠨ᠂ ᠬᠥᠰᠢᠭᠦᠷᠭᠡ ᠶᠢ ᠳᠣᠷᠣᠭᠰᠢᠯᠠᠭᠤᠯᠤᠨ ᠥᠷᠢ ᠥᠭᠴᠡᠭᠡ ᠪᠠᠨ ᠪᠠᠭᠤᠷᠠᠭᠤᠯᠤᠭᠰᠠᠨ ᠦᠷ᠎ᠡ ᠪᠦᠲᠦᠮᠵᠢ ᠪᠠᠷ ᠠᠵᠤ ᠠᠬᠤᠶᠢᠯᠠᠯ ᠢ ᠰᠢᠯᠭᠠᠨ ᠬᠢᠨᠠᠬᠤ ᠪᠠ ᠦᠨᠡᠯᠡᠯᠲᠡ ᠬᠢᠬᠦ ᠴᠢᠬᠤᠯᠠ ᠠᠭᠤᠯᠭ᠎ᠠ ᠪᠣᠯᠭᠠᠵᠤ᠂ ᠥᠷᠢ ᠥᠭᠴᠡᠭᠡᠨ ᠤ ᠨᠣᠷᠮ᠎ᠠ ᠨᠢ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠠᠵᠤ ᠠᠬᠤᠶᠢᠯᠠᠯ ᠲᠠᠢ ᠪᠣᠯᠵᠣᠨ ᠶᠠᠷᠢᠯᠴᠠᠬᠤ ᠪᠠ ᠠᠩᠬᠠᠷᠤᠭᠤᠯᠤᠨ ᠰᠠᠨᠠᠭᠤᠯᠵᠤ᠂ ᠴᠢᠬᠤᠯᠠ ᠶᠡᠭᠡ ᠬᠤᠬᠢᠷᠠᠯ ᠪᠤᠶᠤ ᠡᠷᠡᠭᠦᠯ ᠪᠤᠰᠤ ᠨᠥᠯᠥᠭᠡ ᠶᠢ ᠪᠣᠢ ᠪᠣᠯᠭᠠᠭᠰᠠᠨ ᠪᠣᠯ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠡᠭᠦᠨ ᠤ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠳᠤ ᠬᠥᠷᠥᠩᠭᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠠᠵᠤ ᠠᠬᠤᠶᠢᠯᠠᠯ ᠢ ᠳᠡᠮᠵᠢᠨ ᠦᠯᠡᠳᠡᠭᠡᠯ ᠡᠳ᠋ ᠬᠥᠷᠥᠩᠭᠡ ᠶᠢ ᠨᠢ ᠭᠦᠢᠯᠭᠡᠭᠡᠨ ᠲᠠᠢ ᠪᠣᠯᠭᠠᠵᠤ ᠥᠭᠴᠡᠭᠡᠨ ᠤ ᠶᠠᠪᠤᠳᠠᠯ ᠤᠨ ᠪᠦᠲᠦᠴᠡ ᠶᠢ ᠎ ᠨᠢ ᠰᠢᠯᠢᠳᠡᠭᠵᠢᠭᠦᠯᠦᠨ᠎ᠡ᠃      ᠬᠥᠲᠥᠯᠥᠭᠴᠢ᠄      ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠡᠾᠧ ᠢᠦᠢ ᠴᠦᠨ᠄      ᠨᠢᠭᠡ ᠳᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠳᠣᠲᠣᠭᠠᠳᠤ ᠶᠢᠨ ᠬᠦᠴᠦᠨ ᠲᠠᠮᠢᠷ ᠢᠶᠠᠨ ᠴᠢᠩᠭᠠᠷᠠᠭᠤᠯᠤᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠡᠵᠡᠩᠨᠡᠯᠲᠡ ᠬᠤᠷᠠᠮᠳᠤᠭᠤᠯᠭ᠎ᠠ ᠪᠠᠨ ᠥᠷᠭᠡᠳᠬᠡᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠬᠥᠷᠥᠩᠭᠡ ᠶᠢᠨ ᠪᠣᠳᠠᠲᠤ ᠬᠦᠴᠦᠨ ᠢᠶᠠᠨ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠯ ᠢ ᠴᠢᠩᠭ᠎ᠠ ᠰᠡᠷᠭᠡᠶᠢᠯᠡᠭᠰᠡᠨ ᠤᠷᠢᠳᠠᠯ ᠳᠣᠣᠷ᠎ᠠ᠂ ᠬᠥᠷᠥᠩᠭᠡ ᠥᠷᠢ ᠶᠢᠨ ᠨᠣᠷᠮ᠎ᠠ ᠪᠠᠨ ᠲᠠᠰᠤᠷᠠᠯᠲᠠ ᠦᠭᠡᠢ ᠪᠠᠭᠤᠷᠠᠭᠤᠯᠬᠤ ᠬᠡᠷᠡᠭᠲᠡᠢ᠃ ᠡᠭᠦᠨ ᠤ ᠬᠠᠮᠲᠤ᠂ ᠥᠨᠳᠥᠷ ᠥᠷᠢ ᠥᠭᠴᠡᠭᠡ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ ᠪᠠᠭᠤᠷᠠᠭᠤᠯᠬᠤ ᠳᠤ ᠲᠥᠷᠥ ᠶᠢᠨ ᠪᠣᠳᠣᠯᠭ᠎ᠠ ᠪᠠ ᠳᠦᠷᠢᠮ ᠤᠨ ᠰᠠᠶᠢᠨ ᠰᠠᠶᠢᠬᠠᠨ ᠣᠷᠴᠢᠨ ᠠᠬᠤᠢ ᠶᠢ ᠡᠭᠦᠳᠦᠨ ᠥᠭᠬᠦ ᠶᠢᠨ ᠲᠤᠰᠠᠳᠠ᠂ ᠬᠥᠷᠥᠩᠭᠡ ᠶᠢᠨ ᠨᠥᠬᠦᠪᠦᠷᠢᠯᠡᠨ ᠬᠠᠳᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠶᠢ ᠥᠷᠭᠡᠳᠬᠡᠵᠦ᠂ ᠥᠭᠴᠡᠭᠡᠨ ᠤ ᠶᠠᠪᠤᠳᠠᠯ ᠢ ᠳᠠᠬᠢᠨ ᠵᠣᠬᠢᠶᠠᠨ ᠪᠠᠶᠢᠭᠤᠯᠬᠤ ᠪᠠ ᠵᠠᠬ᠎ᠠ ᠳᠡᠯᠭᠡᠭᠦᠷᠴᠢᠯᠡᠨ᠂ ᠬᠠᠤᠯᠢ ᠪᠠᠷ ᠵᠠᠰᠠᠵᠢᠵᠤ ᠪᠠᠶᠢᠭᠠᠳ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠲᠦᠭᠰᠢᠭᠦᠷᠢ ᠲᠠᠢ ᠠᠵᠢᠯ ᠮᠡᠷᠭᠡᠵᠢᠯ ᠢ ᠢᠯᠭᠠᠨ ᠴᠡᠪᠡᠷᠯᠡᠪᠡ᠃ ᠨᠢᠭᠡ ᠳᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠬᠢᠵᠠᠭᠠᠷᠯᠠᠬᠤ ᠪᠠᠷ ᠲᠦᠭᠰᠢᠭᠦᠷᠢ ᠶᠢ ᠡᠵᠡᠮᠳᠡᠬᠦ ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠤᠨ ᠪᠡᠯᠡ ᠣᠷᠣᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠥᠨᠳᠥᠷ ᠥᠷᠢ ᠥᠭᠴᠡᠭᠡ ᠲᠠᠢ ᠠᠵᠤ ᠠᠬᠤᠶᠢᠯᠠᠯ ᠤᠨ ᠭᠤᠣᠯ ᠪᠤᠰᠤ ᠠᠵᠢᠯ ᠦᠢᠯᠡᠰ ᠲᠤ ᠪᠡᠯᠡ ᠣᠷᠣᠭᠤᠯᠬᠤ ᠶᠢ ᠴᠠᠭᠠᠵᠠᠯᠠᠨ᠂ ᠳᠣᠣᠷ᠎ᠠ ᠦᠷ᠎ᠡ ᠠᠰᠢᠭᠲᠤ ᠠᠵᠢᠯ ᠮᠡᠷᠭᠡᠵᠢᠯ ᠪᠠ ᠭᠤᠣᠯ ᠠᠵᠢᠯ ᠦᠢᠯᠡᠰ ᠠᠴᠠ ᠰᠠᠯᠤᠩᠭᠢᠷᠠᠭᠰᠠᠨ ᠪᠡᠯᠡ ᠣᠷᠣᠭᠤᠯᠤᠯᠲᠠ᠂ ᠣᠨᠴᠠᠭᠠᠶᠢᠯᠠᠨ ᠡᠳ᠋ ᠤᠨ ᠶᠠᠪᠤᠳᠠᠯ ᠤᠨ ᠳᠠᠭᠠᠭᠠᠨ ᠬᠦᠴᠦᠷᠡᠬᠦ ᠴᠢᠳᠠᠪᠤᠷᠢ ᠠᠴᠠ ᠬᠡᠲᠦᠷᠡᠭᠰᠡᠨ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠬᠤᠶᠠᠷ ᠲᠤ ᠪᠡᠯᠡ ᠮᠥᠩᠭᠦ ᠵᠠᠷᠤᠴᠠᠭᠤᠯᠬᠤ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠠᠵᠤ ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠤᠷᠢᠳᠴᠢᠯᠠᠨ ᠮᠡᠳᠡᠭᠦᠯᠬᠦ ᠳᠦᠷᠢᠮ ᠪᠠ ᠭᠤᠷᠪᠠᠳᠠᠭᠴᠢ ᠲᠠᠯ᠎ᠠ ᠶᠢᠨ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ ᠪᠢᠲᠡᠭᠦᠮᠵᠢᠲᠦ ᠭᠤᠭᠴᠤᠭ᠎ᠠ ᠶᠢ ᠪᠦᠷᠢᠯᠳᠦᠭᠦᠯᠬᠦ ᠬᠡᠷᠡᠭᠲᠡᠢ︔ ᠥᠷᠢ ᠥᠭᠴᠡᠭᠡᠨ ᠤ ᠨᠣᠷᠮ᠎ᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠣᠨᠴᠠᠭᠠᠶᠢᠯᠠᠨ ᠬᠢᠨᠠᠨ ᠬᠠᠮᠢᠶᠠᠷᠬᠤ ᠲᠥᠷᠥᠯ ᠤᠨ ᠲᠥᠷᠥᠯ ᠵᠦᠢᠯ ᠤᠨ ᠣᠷᠣᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠩᠭᠡ ᠨᠢ ᠥᠷᠢ ᠳᠤ ᠪᠠᠨ ᠬᠦᠷᠬᠦ ᠦᠭᠡᠢ ᠦᠵᠡᠭᠳᠡᠯ ᠡᠭᠦᠰᠬᠦ ᠠᠴᠠ ᠡᠷᠡᠰ ᠰᠡᠷᠭᠡᠶᠢᠯᠡᠬᠦ ᠬᠡᠷᠡᠭᠲᠡᠢ︔ ᠭᠤᠷᠪᠠ ᠳᠤ ᠥᠷᠢ ᠥᠭᠴᠡᠭᠡᠨ ᠤ ᠨᠣᠷᠮ᠎ᠠ ᠨᠢ ᠨᠡᠯᠢᠶᠡᠳ ᠥᠨᠳᠥᠷ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠨᠢ ᠨᠡᠯᠢᠶᠡᠳ ᠪᠠᠭᠤᠷᠢ ᠠᠵᠤ ᠠᠬᠤᠶᠢᠯᠠᠯ ᠳᠤ᠂ ᠲᠦᠭᠰᠢᠭᠦᠷᠢ ᠣᠷᠣᠰᠢᠵᠤ ᠪᠠᠶᠢᠭ᠎ᠠ ᠠᠵᠢᠯ ᠮᠡᠷᠭᠡᠵᠢᠯ ᠢ ᠴᠢᠩᠭ᠎ᠠ ᠬᠠᠮᠢᠶᠠᠷᠬᠤ ᠪᠠ ᠬᠢᠨᠠᠮᠠᠭᠠᠢ ᠢᠯᠭᠠᠨ ᠴᠡᠪᠡᠷᠯᠡᠪᠡ᠂ ᠡᠭᠦᠨ ᠳᠤ ᠭᠤᠣᠯᠳᠠᠭᠤ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠪᠠ ᠦᠯᠡᠳᠡᠭᠡᠯ ᠪᠠᠷᠠᠭ᠎ᠠ ᠶᠢ ᠡᠵᠡᠯᠡᠨ ᠬᠡᠷᠡᠭᠯᠡᠬᠦ᠂ ᠭᠠᠳᠠᠭᠰᠢ ᠬᠢᠭᠰᠡᠨ ᠳᠠᠭᠠᠭᠠᠯᠲᠠ᠂ ᠨᠠᠶᠢᠳᠠᠭᠰᠠᠨ ᠵᠢᠭᠡᠯᠡᠯᠭᠡ ᠵᠢᠴᠢ ᠪᠡᠯᠡ ᠲᠣᠬᠢᠷᠠᠭᠤᠯᠤᠯᠲᠠ ᠶᠢᠨ ᠴᠢᠨᠠᠷᠲᠠᠢ ᠠᠷᠠᠯᠵᠢᠶᠠᠨ ᠤ ᠠᠵᠢᠯ ᠮᠡᠷᠭᠡᠵᠢᠯ ᠵᠡᠷᠭᠡ ᠡᠯ᠎ᠡ ᠲᠥᠷᠥᠯ ᠤᠨ ᠬᠥᠷᠥᠩᠭᠡ ᠶᠢ ᠣᠷᠣᠯᠠᠨ ᠲᠥᠯᠥᠬᠦ ᠠᠵᠢᠯ ᠮᠡᠷᠭᠡᠵᠢᠯ ᠢ ᠪᠠᠭᠲᠠᠭᠠᠵᠤ ᠪᠠᠶᠢᠨ᠎ᠠ᠃ 2018 ᠣᠨ ᠳᠤ ︽ᠬᠤᠶᠠᠷ ᠵᠦᠢᠯ ᠤᠨ ᠮᠥᠩᠭᠦ︾᠎ ᠶᠢᠨ ᠳᠠᠷᠤᠭᠠᠰᠤ ᠶᠢ ᠬᠥᠩᠭᠡᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠬᠤᠶᠠᠷ ᠵᠦᠢᠯ ᠤᠨ ᠮᠥᠩᠭᠦ︾᠎ ᠶᠢᠨ ᠨᠡᠮᠡᠭᠳᠡᠯ ᠤᠨ ᠬᠡᠮᠵᠢᠶ᠎ᠡ ᠶᠢ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠳᠣᠣᠷ᠎ᠠ ᠪᠠᠶᠢᠯᠭᠠᠬᠤ ᠶᠢ ᠪᠠᠲᠤᠯᠠᠵᠠᠢ᠃      ᠡᠾᠧ ᠢᠦᠢ ᠴᠦᠨ᠄      ᠭᠤᠷᠪᠠ ᠳᠤ᠂ ᠲᠤᠬᠠᠶᠢᠯᠠᠭᠰᠠᠨ ᠠᠵᠢᠯ ᠢᠶᠠᠨ ᠬᠠᠰᠤᠵᠤ ᠠᠰᠢᠭᠲᠠᠢ ᠬᠥᠭᠵᠢᠯᠲᠡ ᠶᠢ ᠠᠬᠢᠭᠤᠯᠪᠠ᠃ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠪᠠᠨ ᠬᠠᠰᠤᠨ ᠠᠪᠴᠢᠭᠤᠯᠵᠤ᠂ ᠬᠡᠮᠵᠢᠶ᠎ᠡ ᠶᠢ ᠨᠢ ᠬᠠᠰᠤᠵᠤ ᠲᠣᠬᠢᠷᠠᠭᠤᠯᠤᠨ ᠰᠣᠯᠢᠬᠤ ᠵᠠᠷᠴᠢᠮ ᠶᠣᠰᠣᠭᠠᠷ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠬᠦ ᠴᠢᠳᠠᠪᠤᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠪᠠ︔ ᠬᠠᠮᠢᠶᠠᠷᠤᠯᠲᠠ ᠶᠢᠨ ᠪᠦᠲᠦᠴᠡ ᠪᠠᠨ ᠰᠢᠯᠢᠳᠡᠭᠵᠢᠭᠦᠯᠦᠨ᠂ ᠲᠤᠬᠠᠶᠢᠯᠠᠭᠰᠠᠨ ᠠᠵᠢᠯ ᠢᠶᠠᠨ ᠴᠣᠮᠬᠠᠳᠬᠠᠨ ᠴᠢᠩᠭᠠᠷᠠᠭᠤᠯᠵᠤ᠂ ᠬᠠᠮᠢᠶᠠᠷᠤᠯᠲᠠ ᠶᠢᠨ ᠱᠠᠲᠤ ᠳᠡᠰ ᠢᠶᠠᠨ ᠴᠣᠮᠬᠠᠳᠬᠠᠵᠤ᠂ ᠴᠣᠮᠬᠠᠳᠬᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠬᠠᠮᠢᠶᠠᠷᠤᠨ ᠡᠵᠡᠮᠳᠡᠬᠦ ᠴᠢᠳᠠᠪᠤᠷᠢ ᠪᠠ ᠠᠵᠢᠯᠯᠠᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠤᠷᠲᠤ ᠬᠤᠭᠤᠴᠠᠭ᠎ᠠ ᠪᠠᠷ ᠠᠯᠳᠠᠭᠳᠠᠯ ᠲᠠᠢ᠂ ᠠᠯᠳᠠᠭᠳᠠᠯ ᠲᠠᠢ ᠪᠠᠶᠢᠳᠠᠯ ᠢᠶᠠᠨ ᠡᠷᠭᠢᠭᠦᠯᠬᠦ ᠳᠤ ᠬᠦᠴᠢᠷᠲᠡᠢ ᠠᠵᠤ ᠠᠬᠤᠶᠢᠯᠠᠯ᠂ ︽ᠦᠬᠦᠮᠡᠯ ᠠᠵᠤ ᠠᠬᠤᠶᠢᠯᠠᠯ︾ ᠪᠠ ᠳᠣᠣᠷ᠎ᠠ ᠦᠷ᠎ᠡ ᠪᠦᠲᠦᠮᠵᠢ ᠪᠤᠶᠤ ᠦᠷ᠎ᠡ ᠪᠦᠲᠦᠮᠵᠢ ᠦᠭᠡᠢ ᠡᠳ᠋ ᠬᠥᠷᠥᠩᠭᠡ ᠶᠢ ᠢᠯᠭᠠᠨ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠳᠠᠪᠠᠭᠤᠯᠢᠭ ᠦᠭᠡᠢ ᠭᠤᠣᠯ ᠡᠵᠡᠩᠨᠡᠯᠲᠡ ᠶᠢᠨ ᠪᠤᠰᠤ ᠨᠢᠭᠡ ᠪᠦᠯᠦᠭ ᠠᠵᠢᠯ ᠮᠡᠷᠭᠡᠵᠢᠯ ᠢ ᠶᠡᠭᠡ ᠪᠠᠷ ᠪᠤᠴᠠᠭᠠᠨ ᠭᠠᠷᠭᠠᠵᠤ᠂ ᠰᠠᠯᠤᠩᠭᠢᠳᠠ ᠠᠵᠤ ᠠᠬᠤᠶᠢᠯᠠᠯ ᠤᠨ ᠨᠡᠶᠢᠭᠡᠮ ᠤᠨ ᠡᠭᠦᠷᠭᠡ ᠴᠢᠳᠠᠪᠤᠷᠢ ᠶᠢ ᠭᠦᠢᠴᠡᠳᠬᠡᠬᠦ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠲᠣᠭᠲᠠᠭᠰᠠᠨ ᠴᠠᠭ ᠶᠣᠰᠣᠭᠠᠷ ᠪᠡᠶᠡᠯᠡᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠯᠥᠪ ᠪᠠᠶᠢᠳᠠᠯ ᠢ ᠬᠤᠪᠢᠷᠠᠭᠤᠯᠬᠤ ᠪᠠ ᠪᠦᠲᠦᠴᠡ ᠶᠢ ᠲᠣᠬᠢᠷᠠᠭᠤᠯᠬᠤ ᠶᠢ ᠢᠳᠡᠪᠬᠢᠲᠡᠢ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠳᠥᠷᠪᠡ ᠳᠤ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠪᠠ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠠᠵᠤ ᠠᠬᠤᠶᠢᠯᠠᠯ ᠤᠨ ᠡᠳ᠋ ᠬᠥᠷᠥᠩᠭᠡ ᠶᠢ ᠲᠡᠮᠳᠡᠭᠲᠦ ᠪᠣᠯᠭᠠᠬᠤ ᠶᠢ ᠢᠳᠡᠪᠬᠢᠲᠡᠢ ᠠᠬᠢᠭᠤᠯᠤᠨ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠬᠤ ᠬᠠᠷᠢᠴᠠᠯ ᠢ ᠨᠡᠮᠡᠭᠳᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠪᠠ᠃ ᠨᠥᠬᠦᠴᠡᠯ ᠲᠠᠢ ᠠᠵᠤ ᠠᠬᠤᠶᠢᠯᠠᠯ ᠤᠨ ᠰᠢᠭᠤᠳ ᠵᠠᠬ᠎ᠠ ᠳᠡᠯᠭᠡᠭᠦᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠰᠢᠭᠤᠳ ᠪᠡᠯᠡ ᠲᠣᠬᠢᠷᠠᠭᠤᠯᠬᠤ ᠬᠠᠷᠢᠴᠠᠯ ᠢ ᠳᠡᠭᠡᠭᠰᠢᠯᠡᠭᠦᠯᠪᠡ︔ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠦᠨ ᠨᠢᠭᠡᠳᠬᠡᠵᠦ ᠳᠠᠬᠢᠨ ᠵᠣᠬᠢᠶᠠᠨ ᠪᠠᠶᠢᠭᠤᠯᠬᠤ ᠡᠷᠴᠢᠮ ᠢ ᠴᠢᠩᠭᠠᠷᠠᠭᠤᠯᠤᠨ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠪᠦᠯᠦᠭᠯᠡᠯ ᠤᠨ ᠳᠡᠰ ᠳᠠᠪᠬᠤᠷᠭ᠎ᠠ ᠳᠤ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠤᠶᠠᠳᠤᠭᠠᠷ ᠱᠠᠲᠤᠨ ᠤ ᠳᠠᠭᠠᠯᠲᠠ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠳᠤ ᠥᠭᠡᠷᠡᠴᠢᠯᠡᠯᠲᠡ ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠪᠤᠰᠤᠳ ᠡᠯ᠎ᠡ ᠲᠥᠷᠥᠯ ᠤᠨ ᠰᠢᠯᠢᠳᠡᠭ ᠴᠢᠨᠠᠷᠲᠠᠢ ᠬᠥᠷᠥᠩᠭᠡ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠲᠠᠲᠠᠨ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠰᠢᠭᠯᠠᠪᠠ᠃ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠨᠢ ᠨᠢᠭᠡᠨᠲᠡ ᠵᠠᠬ᠎ᠠ ᠳᠡᠯᠭᠡᠭᠦᠷᠴᠢᠯᠡᠭᠰᠡᠨ ᠰᠣᠩᠭᠤᠯᠲᠠ ᠡᠯᠰᠡᠲᠡ ᠪᠠᠨ ᠪᠡᠶᠡᠯᠡᠭᠦᠯᠵᠦ᠂ ᠬᠡᠰᠡᠭ ᠬᠥᠲᠥᠯᠥᠨ ᠵᠢᠯᠣᠭᠤᠳᠬᠤ ᠳᠤ ᠬᠡᠷᠡᠭᠯᠡᠬᠦ ᠪᠡᠯᠡ ᠮᠥᠩᠭᠦ ᠶᠢ ᠨᠢᠭᠡᠨᠲᠡ ᠭᠦᠢᠴᠡᠳ ᠲᠣᠬᠢᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠪᠤᠰᠤᠳ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢ ᠶᠠᠭ ᠰᠠᠶᠢᠬᠠᠨ ᠢᠳᠡᠪᠬᠢᠲᠡᠢ ᠪᠥᠭᠡᠳ ᠲᠣᠭᠲᠠᠭᠤᠨ ᠢᠶᠠᠷ ᠬᠥᠲᠥᠯᠥᠨ ᠣᠷᠣᠭᠤᠯᠵᠤ ᠰᠠᠭᠤᠷᠢ ᠮᠥᠩᠭᠦ ᠶᠢᠨ ᠪᠡᠯᠡ ᠲᠣᠬᠢᠷᠠᠭᠤᠯᠤᠯᠲᠠ ᠳᠤ ᠣᠷᠣᠯᠴᠠᠭᠤᠯᠤᠨ᠂ ᠬᠢᠨᠠᠨ ᠬᠠᠮᠢᠶᠠᠷᠬᠤ ᠠᠵᠤ ᠠᠬᠤᠶᠢᠯᠠᠯ ᠠᠴᠠ ᠶᠠᠭ ᠰᠠᠶᠢᠬᠠᠨ ᠰᠠᠭᠤᠷᠢ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠰᠠᠭᠤᠷᠢ ᠮᠥᠩᠭᠦ ᠶᠢᠨ ᠲᠥᠷᠥᠯ ᠵᠦᠢᠯ ᠳᠤ ᠢᠳᠡᠪᠬᠢᠲᠡᠢ ᠣᠷᠣᠯᠴᠠᠬᠤ ᠪᠠ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠤᠨ᠂ ᠬᠡᠯᠪᠡᠷᠢ ᠪᠠᠷ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠪᠠᠶᠢᠨ᠎ᠠ᠃ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠵᠢᠬᠤ ᠪᠠᠷ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠠᠬᠢᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠠᠴᠠ ᠥᠷᠢ ᠥᠭᠴᠡᠭᠡ ᠪᠠᠨ ᠰᠲ᠋ᠣᠺ ᠪᠣᠯᠭᠠᠨ ᠬᠤᠪᠢᠷᠠᠭᠤᠯᠬᠤ ᠲᠥᠰᠥᠯ ᠢᠶᠠᠨ ᠬᠠᠮᠢᠶ᠎ᠠ ᠪᠦᠬᠦᠢ ᠪᠠᠩᠬᠢ ᠶᠢᠨ ᠠᠵᠢᠯ ᠲᠠᠢ ᠵᠣᠯᠭᠠᠯᠳᠤᠭᠤᠯᠬᠤ ᠶᠢ ᠶᠠᠭ ᠰᠠᠶᠢᠬᠠᠨ ᠱᠠᠯᠠᠪᠳᠠᠨ ᠬᠢᠵᠦ᠂ ᠣᠨ ᠤ ᠳᠣᠲᠣᠷ᠎ᠠ ᠬᠤᠯᠪᠣᠭᠳᠠᠯ ᠪᠦᠬᠦᠢ ᠪᠠᠶᠢᠭᠤᠯᠤᠮᠵᠢ ᠯᠤᠭ᠎ᠠ ᠥᠷᠢ ᠥᠭᠴᠡᠭᠡ ᠪᠠᠨ ᠵᠠᠬ᠎ᠠ ᠳᠡᠯᠭᠡᠭᠦᠷᠴᠢᠯᠡᠵᠦ ᠰᠲ᠋ᠣᠺ ᠪᠣᠯᠭᠠᠨ ᠬᠤᠪᠢᠷᠠᠭᠤᠯᠬᠤ ᠬᠠᠮᠲᠤᠷᠠᠯᠴᠠᠭᠠᠨ ᠤ ᠲᠥᠰᠥᠪ ᠤᠨ ᠬᠡᠯᠡᠯᠴᠡᠭᠡᠷ ᠲᠣᠭᠲᠠᠬᠤ ᠪᠠᠷ ᠴᠢᠷᠮᠠᠶᠢᠵᠤ ᠬᠢᠵᠦ ᠪᠠᠶᠢᠨ᠎ᠠ︔ ᠥᠭᠴᠡᠭᠡᠨ ᠤ ᠲᠡᠮᠳᠡᠭᠲᠦ ᠪᠠᠷ ᠲᠥᠯᠥᠪᠦᠷᠢᠯᠡᠬᠦ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠲᠠᠷᠬᠠᠬᠤ ᠬᠠᠷᠢᠴᠠᠯ ᠤᠨ ᠬᠠᠮᠢᠶᠠᠷᠤᠯᠲᠠ ᠪᠠ ᠭᠡᠷ᠎ᠡ ᠶᠢ ᠭᠦᠢᠴᠡᠳᠬᠡᠭᠰᠡᠨ ᠪᠠᠶᠢᠳᠠᠯ ᠤᠨ ᠬᠢᠨᠠᠯᠲᠠ ᠰᠢᠨᠵᠢᠯᠲᠡ ᠶᠢ ᠴᠢᠩᠭᠠᠷᠠᠭᠤᠯᠪᠠ᠃      ᠬᠥᠲᠥᠯᠥᠭᠴᠢ᠄      ᠲᠠᠨ ᠤ ᠲᠠᠶᠢᠯᠤᠮᠵᠢ ᠳᠤ ᠪᠠᠶᠠᠷᠯᠠᠯ᠎ᠠ᠃ ᠬᠠᠮᠤᠭ ᠤᠨ ᠰᠡᠭᠦᠯ ᠤᠨ ᠨᠢᠭᠡ ᠠᠰᠠᠭᠤᠯᠲᠠ ᠪᠣᠯ ᠳᠠᠷᠤᠢ᠂ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠮᠠᠷ ᠵᠢᠱᠢᠭᠰᠡᠨ ᠦᠷ᠎ᠡ ᠪᠦᠲᠦᠮᠵᠢ ᠶᠢ ᠣᠯᠬᠤ ᠪᠣᠢ︖      ᠡᠾᠧ ᠢᠦᠢ ᠴᠦᠨ᠄      ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠤᠨ ᠲᠣᠭᠲᠠᠴᠠ ᠪᠠ ᠬᠥᠰᠢᠭᠦᠷᠭᠡ ᠶᠢ ᠳᠣᠷᠣᠭᠰᠢᠯᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ ᠲᠠᠯᠪᠢᠨ ᠬᠠᠮᠢᠶᠠᠷᠬᠤ ᠪᠠᠨ ᠴᠢᠩᠭᠠᠷᠠᠭᠤᠯᠵᠤ᠂ ᠥᠷᠢ ᠥᠭᠴᠡᠭᠡ ᠥᠨᠳᠥᠷ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ ᠠᠯᠢ ᠲᠦᠷᠭᠡᠨ ᠢᠶᠠᠷ ᠵᠦᠢ ᠵᠣᠬᠢᠰᠲᠠᠢ ᠬᠢᠷᠢ ᠲᠦᠪᠰᠢᠨ ᠳᠤ ᠪᠤᠴᠠᠭᠠᠬᠤ ᠶᠢ ᠰᠢᠮᠳᠠᠭᠤᠯᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠬᠤ ᠳᠤ 2017 ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ ᠪᠠᠭᠤᠷᠠᠭᠤᠯᠬᠤ ᠶᠢ ᠠᠬᠢᠭᠤᠯᠤᠨ᠎ᠠ᠃      ᠬᠥᠲᠥᠯᠥᠭᠴᠢ᠄      ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠴᠠᠭ ᠤᠨ ᠬᠠᠷᠠᠭ᠎ᠠ ᠠᠴᠠ ᠪᠣᠯᠵᠤ᠂ ᠮᠠᠨ ᠤ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠬᠦ ᠪᠣᠯᠣᠯ᠎ᠠ᠂ ᠾᠧ ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ ᠮᠥᠨ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕      ᠡᠾᠧ ᠢᠦᠢ ᠴᠦᠨ᠄      ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map