ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠠᠷᠪᠠ︶
ᠨᠡᠶᠢᠲᠡᠯᠡᠭᠰᠡᠨ ᠴᠠᠭ᠄
2019/6/3
     ᠶᠠᠳᠠᠭᠤ ᠶᠢ ᠲᠡᠳᠬᠦᠬᠦ ᠡᠲᠡᠭᠡᠳ ᠢ ᠢᠯᠭᠠᠨ ᠲᠠᠨᠢᠬᠤ      1. ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ      ︵1︶ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠤᠴᠠᠵᠤ ᠶᠠᠳᠠᠭᠤ ᠬᠦᠴᠢᠷᠳᠡᠯᠲᠡᠢ ᠪᠣᠯᠣᠭᠰᠠᠨ ᠢ ᠣᠷᠣᠭᠤᠯᠬᠤ      a. ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠪᠠᠷᠢᠮᠵᠢᠶ᠎ᠠ᠄ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾᠎ ᠪᠠᠷ ᠭᠤᠣᠯ ᠦᠨᠳᠦᠰᠦᠯᠡᠯ ᠪᠣᠯᠭᠠᠵᠤ᠂ ᠭᠡᠷ ᠪᠦᠯᠢ ᠶᠢᠨ ᠬᠥᠮᠥᠨ ᠳᠤᠮᠳᠠᠴᠢ ᠴᠡᠪᠡᠷ ᠣᠷᠣᠯᠭ᠎ᠠ ᠶᠢ ᠮᠥᠨ ᠬᠦ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠪᠣᠯᠬᠤ 2952 ᠲᠥᠭᠦᠷᠢᠭ ᠪᠠᠷ ᠶᠠᠪᠤᠭᠳᠠᠭᠤᠯᠤᠨ᠎ᠠ᠃      ︵2︶ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠠᠯᠬᠤᠮ ᠳᠠᠷᠠᠭᠠᠯᠠᠯ      a. ᠪᠠᠶᠢᠭᠠᠯᠢᠯᠢᠭ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠠᠴᠠ ᠪᠠᠶᠢᠩᠭᠤ ᠰᠠᠭᠤᠷᠢᠰᠢᠭ᠎ᠠ ᠭᠠᠵᠠᠷ ᠤᠨ ᠲᠣᠰᠬᠤᠨ ᠤ ︽ᠬᠤᠶᠠᠷ ᠵᠥᠪᠯᠡᠯ︾᠎ ᠳᠤ ᠪᠢᠴᠢᠭ ᠤᠨ ᠭᠤᠶᠤᠴᠢᠯᠠᠯ ᠵᠢᠴᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠳᠤ ᠬᠠᠷᠭᠤᠭᠤᠯᠤᠯᠲᠠ ᠬᠢᠬᠦ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢᠶᠠᠨ ᠲᠤᠰᠢᠶᠠᠨ᠎ᠠ᠃      b. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠲᠠᠷᠢᠶᠠᠴᠢᠨ ᠡᠷᠦᠬᠡ ᠶᠢᠨ ᠣᠷᠣᠰᠢᠨ ᠰᠠᠭᠤᠭ᠎ᠠ ᠪᠠᠶᠢᠭᠠᠯᠢᠯᠢᠭ ᠲᠣᠰᠬᠤᠨ ᠤ ᠲᠠᠷᠢᠶᠠᠴᠢᠨ ᠡᠷᠦᠬᠡ ᠶᠢᠨ ᠲᠥᠯᠥᠭᠡᠯᠡᠭᠴᠢᠳ ︵ᠵᠠᠷᠴᠢᠮ ᠳᠡᠭᠡᠷ᠎ᠡ ᠪᠠᠨ ᠡᠷᠦᠬᠡ ᠪᠦᠷᠢ 1 ᠬᠥᠮᠥᠨ︶᠎ ᠢ ᠵᠣᠬᠢᠶᠠᠨ ᠪᠠᠶᠢᠭᠤᠯᠵᠤ ᠪᠠᠶᠢᠭᠠᠳ ᠭᠤᠶᠤᠴᠢᠯᠠᠯ ᠳᠡᠪᠰᠢᠭᠦᠯᠦᠭᠰᠡᠨ ᠲᠠᠷᠢᠶᠠᠴᠢᠨ ᠡᠷᠦᠬᠡ ᠶᠢ ᠠᠷᠠᠳᠴᠢᠯᠠᠯ ᠢᠶᠠᠷ ᠵᠥᠪᠯᠡᠨ ᠲᠣᠭᠲᠠᠭᠠᠵᠤ᠂ ᠠᠩᠬᠠᠨ ᠤ ᠰᠣᠩᠭᠤᠭᠤᠯᠢ ᠶᠢᠨ ᠨᠡᠷᠡᠰ ᠢ ᠪᠦᠷᠢᠯᠳᠦᠭᠦᠯᠦᠨ᠎ᠡ᠃      c. ᠠᠩᠬᠠᠨ ᠤ ᠰᠣᠩᠭᠤᠭᠤᠯᠢ ᠶᠢᠨ ᠨᠡᠷᠡᠰ ᠢ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠬᠠᠷᠢᠴᠠᠭᠤᠯᠤᠯ ᠬᠢᠭᠰᠡᠨ ᠦᠷ᠎ᠡ ᠳ᠋ᠦᠩ ᠢ ᠲᠣᠰᠬᠤᠨ ᠳᠤ ᠬᠦᠷᠲᠡᠯ᠎ᠡ ᠱᠠᠲᠤ ᠳᠠᠷᠠᠭᠠᠯᠠᠨ ᠬᠠᠷᠢᠭᠤ ᠲᠤᠰᠬᠠᠬᠤ ᠶᠢᠨ ᠬᠠᠮᠲᠤ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠭᠰᠡᠨ ᠠᠭᠤᠯᠭ᠎ᠠ ᠶᠢ ᠳᠡᠭᠡᠭᠰᠢ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠳᠠᠬᠢᠨᠲᠠ ᠬᠠᠷᠢᠴᠠᠭᠤᠯᠤᠯ ᠬᠢᠵᠦ᠂ ᠡᠷᠡᠭᠡᠯᠵᠡᠭᠡ ᠲᠠᠢ ᠭᠠᠵᠠᠷ ᠪᠠᠶᠢᠪᠠᠯ ᠴᠠᠭ ᠲᠤᠬᠠᠢ ᠳᠤ ᠨᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠲᠤ ᠬᠠᠷᠢᠭᠤ ᠲᠤᠰᠬᠠᠵᠤ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠠᠴᠠ ᠰᠢᠶᠠᠩ ᠪᠠᠯᠭᠠᠰᠤ᠂ ᠲᠣᠰᠬᠤᠨ ᠳᠤ ᠬᠦᠷᠲᠡᠯ᠎ᠡ ᠬᠠᠷᠢᠭᠤ ᠲᠤᠰᠬᠠᠨ ᠳᠠᠬᠢᠵᠤ ᠵᠥᠪᠯᠡᠨ ᠲᠣᠭᠲᠠᠭᠠᠨ᠎ᠠ᠃      d. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠨ᠂ ᠠᠩᠬᠠᠨ ᠤ ᠰᠣᠩᠭᠤᠭᠤᠯᠢ ᠶᠢᠨ ᠨᠡᠷᠡᠰ ᠢ ᠦᠨᠡᠯᠡᠨ ᠲᠣᠭᠲᠠᠭᠠᠵᠤ ᠪᠠᠲᠤᠯᠠᠭᠠᠳ᠂ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠲᠣᠭᠲᠠᠭᠠᠬᠤ ᠶᠢᠨ ᠬᠠᠮᠲᠤ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠰᠢᠶᠠᠩ ᠪᠠᠯᠭᠠᠰᠤ ᠳᠤ ᠮᠡᠳᠡᠭᠦᠯᠦᠨ᠎ᠡ᠃      e. ᠰᠢᠶᠠᠩ ᠪᠠᠯᠭᠠᠰᠤ ᠠᠴᠠ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠬᠤᠶᠠᠳᠠᠬᠢ ᠤᠳᠠᠭ᠎ᠠ ᠨᠡᠶᠢᠲᠡ ᠳᠤ ᠵᠠᠷᠯᠠᠨ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠎ᠡ᠃      f. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠢ ᠡᠷᠦᠭᠡ ᠶᠢᠨ ᠮᠡᠳᠡᠭᠡ ᠵᠠᠩᠭᠢ ᠶᠢ ᠲᠤᠬᠠᠢ ᠶᠢᠨ ᠭᠠᠵᠠᠷ ᠲᠤ ᠨᠢ ᠰᠤᠭᠤᠴᠢᠨ ᠪᠠᠶᠢᠴᠠᠭᠠᠵᠤ᠂ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠲᠣᠰᠬᠤᠨ ᠤ ᠢᠯᠡ ᠪᠠᠶᠢᠷᠢᠨ ᠳᠤ ᠵᠠᠷᠯᠠᠨ ᠨᠡᠶᠢᠲᠡᠯᠡᠨ᠎ᠡ᠃      g. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠡᠷᠦᠬᠡ ᠳᠤ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠲᠣᠭᠲᠠᠭᠠᠨ᠎ᠠ᠃      h. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠣᠷᠣᠭᠤᠯᠤᠨ᠎ᠠ᠃      ︵3︶ ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠱᠠᠭᠠᠷᠳᠠᠯᠭ᠎ᠠᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠳᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠢᠯᠭᠠᠨ ᠲᠠᠨᠢᠬᠤ ᠪᠠᠷᠢᠮᠵᠢᠶ᠎ᠠ ᠶᠣᠰᠣᠭᠠᠷ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠬᠦ ᠪᠠ ᠡᠷᠦᠬᠡ ᠳᠤ ᠣᠷᠣᠵᠤ ᠪᠠᠶᠢᠴᠠᠭᠠᠯᠲᠠ ᠬᠢᠵᠦ ᠬᠠᠷᠭᠤᠭᠤᠯᠤᠨ ᠨᠤᠲᠠᠯᠠᠬᠤ ᠠᠯᠬᠤᠮ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠣᠷᠣᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠣᠨᠣᠪᠴᠢᠲᠠᠢ ᠡᠵᠡᠮᠳᠡᠵᠦ᠂ ︽ᠣᠷᠣᠭᠤᠯᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠣᠷᠣᠭᠤᠯᠬᠤ︾᠎ ᠶᠢ ᠪᠠᠲᠤᠯᠠᠨ᠎ᠠ᠃ ᠪᠤᠴᠠᠵᠤ ᠶᠠᠳᠠᠭᠤ ᠬᠦᠴᠢᠷᠳᠡᠯᠲᠡᠢ ᠪᠣᠯᠣᠭᠰᠠᠨ ᠬᠥᠮᠥᠨ ᠠᠮᠠ ᠳᠤ ᠰᠢᠨ᠎ᠡ ᠪᠠᠷ ᠢᠯᠭᠠᠨ ᠲᠠᠨᠢᠬᠤ ᠠᠯᠬᠤᠮ ᠳᠠᠷᠠᠭᠠᠯᠠᠯ ᠶᠣᠰᠣᠭᠠᠷ ᠶᠠᠪᠤᠭᠳᠠᠭᠤᠯᠤᠨ᠎ᠠ᠃      2. ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠵᠤ ᠣᠷᠣᠭᠤᠯᠬᠤ      ︵1︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠪᠠᠷᠢᠮᠵᠢᠶ᠎ᠠ      a. ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ ᠪᠦᠬᠦ ᠣᠷᠣᠨ ᠤ ᠳᠤᠮᠳᠠᠴᠢ ᠬᠢᠷᠢ ᠲᠦᠪᠰᠢᠨ ᠤ 2 ᠳᠠᠬᠢᠨ ᠠᠴᠠ ᠳᠡᠭᠡᠭᠰᠢ ᠪᠠᠶᠢᠬᠤ ᠬᠡᠷᠡᠭᠲᠡᠢ᠃      b. ᠶᠠᠳᠠᠭᠤ ᠬᠦᠴᠢᠷᠳᠡᠯᠲᠡᠢ ᠲᠣᠰᠬᠤᠨ ᠤ ᠲᠠᠷᠢᠶᠠᠴᠢᠳ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠨᠢ ᠪᠠᠶᠢᠭ᠎ᠠ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠮᠥᠷᠲᠡᠭᠡᠨ ᠲᠣᠭᠲᠠᠪᠤᠷᠢᠲᠠᠢ ᠣᠷᠣᠯᠭ᠎ᠠ ᠶᠢᠨ ᠢᠷᠡᠯᠲᠡ ᠪᠠᠶᠢᠬᠤ ᠦᠭᠡᠢ ᠶᠠᠳᠠᠭᠤ ᠬᠦᠴᠢᠷᠳᠡᠯᠲᠡᠢ ᠡᠷᠦᠭᠡ ᠶᠢᠨ ᠲᠤᠭ᠎ᠠ ᠨᠢ 30 ᠡᠷᠦᠬᠡ ᠠᠴᠠ ᠳᠡᠭᠡᠭᠰᠢ ᠪᠠᠶᠢᠬᠤ ᠬᠡᠷᠡᠭᠲᠡᠢ᠃      c. ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠨᠢ ᠢᠯᠡᠳᠲᠡ ᠬᠤᠴᠣᠷᠤᠩᠭᠤᠢ᠂ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠡ ᠦᠭᠡᠢ᠃d. ᠲᠣᠰᠬᠤᠨ ᠳᠤ ᠲᠣᠰᠬᠤᠨ ᠤ ᠨᠡᠶᠢᠲᠡ ᠶᠢᠨ ᠠᠵᠤ ᠠᠬᠤᠢ ᠪᠠᠶᠢᠬᠤ ᠦᠭᠡᠢ᠃      ︵2︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠠᠯᠬᠤᠮ ᠳᠠᠷᠠᠭᠠᠯᠠᠯ      a. ᠲᠣᠰᠬᠤᠨ ᠤ ︽ᠬᠤᠶᠠᠷ ᠵᠥᠪᠯᠡᠯ︾᠎ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠪᠢᠴᠢᠭ ᠤᠨ ᠬᠡᠯᠪᠡᠷᠢ ᠪᠠᠷ ᠪᠠᠶᠢᠭ᠎ᠠ ᠰᠢᠶᠠᠩ ᠪᠠᠯᠭᠠᠰᠤ ᠳᠤ ᠪᠠᠨ ᠭᠤᠶᠤᠴᠢᠯᠠᠯ ᠳᠡᠪᠰᠢᠭᠦᠯᠦᠨ᠎ᠡ᠃      b. ᠰᠢᠶᠠᠩ ᠪᠠᠯᠭᠠᠰᠤ ᠠᠴᠠ ᠭᠤᠶᠤᠴᠢᠯᠠᠯ ᠳᠡᠪᠰᠢᠭᠦᠯᠦᠭᠰᠡᠨ ᠲᠣᠰᠬᠤᠨ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠠᠩᠬᠠᠨ ᠤ ᠰᠣᠩᠭᠤᠭᠤᠯᠢ ᠶᠢᠨ ᠨᠡᠷᠡᠰ ᠢ ᠲᠣᠭᠲᠠᠭᠠᠨ᠎ᠠ᠃      c. ᠰᠢᠶᠠᠩ ᠪᠠᠯᠭᠠᠰᠤ ᠠᠴᠠ ᠪᠠᠶᠢᠭ᠎ᠠ ᠭᠠᠵᠠᠷ ᠤᠨ ᠠᠩᠬᠠᠨ ᠤ ᠰᠣᠩᠭᠤᠭᠤᠯᠢ ᠶᠢᠨ ᠨᠡᠷᠡᠰ ᠢ ᠨᠡᠶᠢᠲᠡ ᠳᠤ ᠵᠠᠷᠯᠠᠬᠤ ᠶᠢᠨ ᠬᠠᠮᠲᠤ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠬᠤ ᠬᠡᠷᠡᠭᠲᠡᠢ᠃      d. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠲᠣᠰᠬᠤᠨ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠭᠤᠣᠯ ᠪᠣᠯᠬᠤ ᠵᠠᠭᠤᠴᠢᠯᠠᠭᠤᠷ ᠳᠡᠭᠡᠷ᠎ᠡ ᠵᠠᠷᠯᠠᠨ ᠨᠡᠶᠢᠲᠡᠯᠡᠬᠦ ᠶᠢᠨ ᠬᠠᠮᠲᠤ᠂ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃      e. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶᠎ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠲᠣᠰᠬᠤᠨ ᠤ ᠮᠡᠳᠡᠭᠡ ᠵᠠᠩᠭᠢ ᠶᠢ ᠣᠷᠣᠭᠤᠯᠬᠤ ᠶᠢ ᠵᠣᠬᠢᠶᠠᠨ ᠪᠠᠶᠢᠭᠤᠯᠤᠨ᠎ᠠ᠃      ︵3︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠱᠠᠭᠠᠷᠳᠠᠯᠭ᠎ᠠ      2018 ᠣᠨ ᠤ ᠶᠠᠳᠠᠭᠤ ᠶᠢ ᠲᠡᠳᠬᠦᠬᠦ ᠡᠲᠡᠭᠡᠳ ᠢ ᠬᠥᠳᠡᠯᠦᠩᠭᠦᠢ ᠪᠠᠷ ᠬᠠᠮᠢᠶᠠᠷᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ ᠥᠨᠳᠥᠷ᠂ ᠶᠠᠳᠠᠭᠤ ᠬᠦᠴᠢᠷᠳᠡᠯᠲᠡᠢ ᠬᠥᠮᠥᠨ ᠠᠮᠠ ᠨᠢ ᠣᠯᠠᠨ ᠲᠣᠰᠬᠤᠨ ᠢ ᠶᠠᠳᠠᠭᠤ ᠬᠦᠴᠢᠷᠳᠡᠯᠲᠡᠢ ᠲᠣᠰᠬᠤᠨ ᠢᠶᠠᠷ ᠢᠯᠭᠠᠨ ᠲᠠᠨᠢᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map