ᠦᠴᠦᠸᠠᠨ ᠰᠢᠶᠠᠨ ᠵᠡᠷᠭᠡ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ ︵ᠬᠤᠲᠠ︶ ᠪᠣᠯᠣᠨ ᠴᠢᠩ ᠱᠦᠢ ᠾᠧ ᠰᠢᠶᠠᠨ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ ︵ᠬᠤᠲᠠ᠂ ᠲᠣᠭᠤᠷᠢᠭ︶᠎ ᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2019/8/6
     ︽︿ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ﹀᠎ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2018﹈ 11 ᠳ᠋ᠤᠭᠡᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠶᠤᠴᠢᠯᠠᠬᠤ᠂ ᠠᠶᠢᠮᠠᠭ ᠬᠤᠲᠠ ᠠᠩᠬ᠎ᠠ ᠬᠢᠨᠠᠬᠤ᠂ ᠭᠤᠷᠪᠠᠳᠠᠬᠢ ᠡᠲᠡᠭᠡᠳ ᠲᠤᠰᠬᠠᠢᠢᠯᠠᠨ ᠦᠨᠡᠯᠡᠨ ᠵᠢᠱᠢᠬᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠨᠢᠭᠡᠴᠢ ᠦᠨᠡᠯᠡᠬᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠭᠦᠬᠦ ᠨᠡᠭᠡᠭᠡᠯᠲᠡ ᠶᠢᠨ ᠤᠳᠤᠷᠢᠳᠬᠤ ᠳᠤᠭᠤᠶᠢᠯᠠᠩ ᠰᠤᠳᠤᠯᠬᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠨᠡᠶᠢᠲᠡ ᠳᠤ ᠵᠠᠷᠯᠠᠬᠤ ᠪᠠ ᠬᠠᠷᠭᠤᠭᠤᠯᠤᠨ ᠪᠠᠶᠢᠴᠠᠭᠠᠵᠦ ᠰᠢᠢᠳᠪᠦᠷᠢᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠵᠤ᠂ ᠦᠴᠦᠸᠠᠨ ᠰᠢᠶᠠᠨ᠂ ᠷᠠᠰᠢᠶᠠᠨ ᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠠᠷᠠᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠨᠢᠩᠴᠧᠩ ᠰᠢᠶᠠᠨ᠂ ᠰᠦᠨᠢᠳ ᠪᠠᠷᠠᠭᠤᠨ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ ︵ᠬᠤᠲᠠ︶ ᠪᠣᠯᠣᠨ ᠴᠢᠩ ᠱᠦᠢ ᠾᠧ ᠰᠢᠶᠠᠨ᠂ ᠭᠦᠶᠠᠩ ᠰᠢᠶᠠᠨ᠂ ᠵᠠᠯᠠᠨ ᠠᠶᠢᠯ ᠬᠤᠲᠠ᠂ ᠠᠷᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠸᠡᠩᠭᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠵᠠᠷᠤᠳ ᠬᠤᠰᠢᠭᠤ᠂ ᠺᠠᠶᠢᠯᠦ ᠰᠢᠶᠠᠨ᠂ ᠰᠦᠩᠱᠠᠨ ᠲᠣᠭᠤᠷᠢᠭ᠂ ᠬᠡᠰᠢᠭᠲᠡᠨ ᠬᠤᠰᠢᠭᠤ᠂ ᠳᠤᠯᠤᠨ ᠨᠠᠭᠤᠷ ᠰᠢᠶᠠᠨ᠂ ᠯᠢᠶᠠᠩᠴᠸᠡᠩ ᠰᠢᠶᠠᠨ᠂ ᠤᠷᠠᠳ ᠤᠨ ᠡᠮᠦᠨᠡᠲᠦ ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ ᠭᠦᠢᠴᠡᠳᠬᠡᠯ ᠲᠣᠭᠠᠨ ᠤ ᠪᠠᠷᠢᠮᠵᠢᠶ᠎ᠠ ᠳᠤ ᠬᠦᠷᠦᠭᠰᠡᠨ ᠪᠣᠯᠬᠤᠷ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠬᠤ ᠨᠥᠬᠦᠴᠡᠯ ᠳᠤ ᠨᠡᠶᠢᠴᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠭᠠᠳ ᠳᠡᠭᠡᠷ᠎ᠡ ᠳᠤᠷᠠᠳᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ ᠶᠢ ᠵᠥᠪᠰᠢᠶᠡᠷᠡᠪᠡ᠃                ᠣᠨᠴᠠᠭᠠᠶᠢᠯᠠᠨ ᠵᠠᠷᠯᠠᠨ ᠨᠡᠶᠢᠲᠡᠯᠡᠪᠡ᠃                                    2019 ᠣᠨ ᠤ 4 ᠳ᠋ᠤᠭᠡᠷ ᠰᠠᠷ᠎ᠠ ᠶᠢᠨ 18᠎ ᠤ ᠡᠳᠦᠷ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map