ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠨ ᠠᠬᠢᠭᠤᠯᠬᠤ ᠲᠣᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2020/1/10
                       ᠥᠪᠥᠷ ᠵᠠᠰᠠᠭ ᠲᠠᠷᠬᠠᠭᠠᠭᠰᠠᠨ ﹇2019﹈ 12 ᠳ᠋ᠤᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠨ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2018﹈ 42 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ ᠮᠠᠨ ᠤ ᠣᠷᠤᠨ ᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠨ ᠠᠬᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠤᠶᠠᠯᠳᠤᠭᠤᠯᠤᠨ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠬᠦᠭᠵᠢᠯᠲᠡ ᠶᠢᠨ ᠬᠠᠷᠠᠯᠲᠠ      2020 ᠣᠨ ᠪᠣᠯᠬᠤ ᠳᠤ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠰᠢᠩᠭᠡᠭᠡᠨ ᠡᠵᠡᠮᠰᠢᠬᠦ᠂ ᠮᠡᠷᠭᠡᠵᠢᠯ ᠤᠨ ᠰᠢᠨᠡᠴᠢᠯᠡᠯᠲᠡ ᠬᠢᠬᠦ᠂ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠪᠠ ᠠᠵᠤ ᠦᠢᠯᠡᠰ ᠢ ᠪᠦᠭᠡᠮᠨᠡᠷᠡᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ ᠪᠦᠬᠦ ᠣᠷᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠬᠦ ᠬᠦᠴᠦᠨ ᠢ 4000 ᠲᠦᠮᠡᠨ ᠺᠢᠯᠤᠸᠠᠲ ᠠᠴᠠ ᠳᠠᠪᠠᠭᠤᠯᠤᠨ᠎ᠠ᠃ ᠲᠠᠷᠢᠮᠠᠯ ᠤᠨ ᠵᠦᠢᠯ ᠤᠨ ᠲᠠᠷᠢᠵᠤ ᠬᠤᠷᠢᠶᠠᠬᠤ ᠶᠡᠷᠦᠩᠬᠡᠢ ᠮᠧᠬᠠᠨᠢᠬᠵᠢᠭᠤᠯᠤᠯᠲᠠ ᠶᠢᠨ ᠨᠤᠷᠮ᠎ᠠ ᠶᠢ 85%᠎ ᠳᠤ ᠬᠦᠷᠦᠬᠦᠯᠵᠦ᠂ ᠭᠤᠣᠯ ᠪᠣᠯᠬᠤ ᠲᠠᠷᠢᠮᠠᠯ ᠤᠨ ᠵᠦᠢᠯ ᠢ ᠲᠠᠷᠢᠵᠣ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠣᠨ᠎ᠡ᠃ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ ᠨᠤᠷᠮ᠎ᠠ ᠶᠢ 38% ᠣᠷᠴᠢᠮ ᠪᠣᠯᠭᠠᠨ᠎ᠠ᠃ ᠲᠦᠬᠦᠭᠡᠷᠦᠮᠵᠢᠲᠦ ᠲᠠᠷᠢᠶᠠᠯᠠᠩ᠂ ᠤᠰᠤᠨ ᠭᠠᠷᠤᠯᠲᠠ ᠶᠢᠨ ᠦᠷᠡᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠭᠦᠨ ᠤ ᠠᠩᠬ᠎ᠠ ᠡᠳ᠋ᠰᠢᠭᠦᠯᠭᠡ ᠶᠢᠨ ᠮᠧᠬᠠᠨᠢᠬᠵᠢᠭᠤᠯᠤᠯᠲᠠ ᠶᠢ ᠢᠯᠡᠳᠲᠡ ᠠᠬᠢᠴᠠ ᠲᠠᠢ ᠪᠤᠯᠭᠠᠨ᠎ᠠ᠃      2025 ᠣᠨ ᠪᠤᠯᠬᠤ ᠳᠤ᠂ ᠠᠵᠤ ᠠᠬᠤᠶᠢᠯᠠᠯ ᠤᠨ ᠪᠠᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠢᠯᠡᠷᠬᠡᠢ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠨᠢᠭᠡ ᠪᠦᠯᠦᠭ ᠨᠢᠳᠤᠷᠭᠠᠨ ᠪᠦᠲᠦᠭᠡᠭᠳᠡᠬᠦᠨ ᠢ ᠪᠦᠷᠢᠯᠳᠦᠭᠦᠯᠦᠨ᠎ᠡ᠃ ᠥᠪᠡᠷᠲᠡᠭᠡᠨ ᠵᠠᠰᠠᠬᠤ ᠤᠷᠤᠨ ᠤ ᠲᠤᠳᠤᠨ᠎ᠠ ᠭᠠᠳᠠᠨᠠᠬᠢ ᠵᠠᠬ᠎ᠠ ᠳᠡᠯᠭᠡᠭᠦᠷ ᠲᠠᠬᠢ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠡᠵᠡᠯᠡᠬᠦ ᠬᠤᠪᠢ ᠶᠢᠨ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠦᠨ᠎ᠡ᠃ ᠪᠦᠬᠦ ᠤᠷᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠬᠦ ᠬᠦᠴᠦᠨ ᠢ 5000 ᠲᠦᠮᠡᠨ ᠺᠢᠯᠤᠸᠠᠲ ᠤᠷᠴᠢᠮ ᠳᠤ ᠲᠣᠭᠲᠠᠪᠤᠷᠢᠵᠢᠭᠤᠯᠤᠨ᠎ᠠ᠃ ᠲᠠᠷᠢᠮᠠᠯ ᠤᠨ ᠵᠦᠢᠯ ᠢ ᠲᠠᠷᠢᠵᠤ ᠬᠤᠷᠢᠶᠠᠬᠤ ᠶᠡᠷᠦᠩᠬᠡᠢ ᠮᠧᠬᠠᠨᠢᠬᠵᠢᠭᠤᠯᠤᠯᠲᠠ ᠶᠢᠨ ᠨᠤᠷᠮ᠎ᠠ ᠶᠢ 88%᠎ ᠠᠴᠠ ᠳᠡᠭᠡᠭᠰᠢ ᠳᠤ ᠬᠦᠷᠦᠬᠦᠯᠵᠦ᠂ ᠠᠵᠤ ᠠᠬᠤᠢ ᠶᠢᠨ ᠣᠨᠴᠠᠯᠢᠭᠲᠤ ᠲᠠᠷᠢᠮᠠᠯ ᠤᠨ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠣᠨ᠎ᠡ᠃ ᠲᠦᠬᠦᠭᠡᠷᠦᠮᠵᠢᠲᠦ ᠲᠠᠷᠢᠶᠠᠯᠠᠩ᠂ ᠮᠠᠯ ᠲᠡᠵᠢᠭᠡᠪᠦᠷᠢ᠂ ᠤᠰᠤᠨ ᠭᠠᠷᠤᠯᠲᠠ ᠶᠢᠨ ᠦᠷᠡᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠭᠦᠨ ᠤ ᠠᠩᠬ᠎ᠠ ᠡᠳ᠋ᠰᠢᠭᠦᠯᠭᠡ ᠶᠢᠨ ᠮᠧᠬᠠᠨᠢᠬᠵᠢᠭᠤᠯᠤᠯᠲᠠ ᠶᠢᠨ ᠨᠤᠷᠮ᠎ᠠ ᠶᠢ ᠶᠡᠷᠦᠩᠬᠡᠢ ᠳᠤ ᠨᠢ 50% ᠣᠷᠴᠢᠮ ᠪᠣᠯᠭᠠᠨ᠎ᠠ᠃      ᠬᠤᠶᠠᠷ᠂ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠲᠦᠷᠭᠡᠳᠭᠡᠨ ᠠᠬᠢᠭᠤᠯᠤᠨ᠎ᠠ      ︵ᠨᠢᠭᠡ︶ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠪᠡᠶ᠎ᠡ ᠪᠠᠨ ᠳᠠᠭᠠᠭᠠᠵᠤ ᠨᠡᠭᠡᠭᠡᠨ ᠬᠦᠭᠵᠢᠭᠦᠯᠬᠦ ᠶᠢ ᠣᠷᠤᠭᠤᠯᠬᠤ᠂ ᠡᠵᠡᠮᠰᠢᠬᠦ᠂ ᠰᠢᠩᠭᠡᠭᠡᠬᠦ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢᠶᠠᠷ ᠭᠤᠣᠯ ᠴᠤᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠯᠲᠡ ᠶᠢ ᠲᠦᠷᠭᠡᠳᠭᠡᠨ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠶᠢ ᠴᠢᠩᠭᠠᠳᠬᠠᠵᠤ᠂ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠨᠦᠬᠦᠴᠡᠯ ᠢ ᠳᠡᠭᠡᠭᠰᠢᠯᠡᠭᠦᠯᠦᠨ᠂ ᠦᠢᠯᠡᠳᠬᠦ ᠭᠠᠷ ᠤᠷᠠᠯᠠᠯ ᠵᠢᠴᠢ ᠴᠡᠷᠳᠡᠵᠦ ᠴᠢᠮᠡᠭᠯᠡᠬᠦ ᠬᠢᠷᠢ ᠲᠥᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠲᠣᠭᠠᠴᠠᠯᠠᠬᠤ ᠪᠠ ᠣᠶᠤᠨᠴᠢᠯᠠᠬᠤ ᠬᠦᠭᠵᠢᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠤ ᠪᠤᠳᠠᠰᠯᠢᠭ ᠬᠤᠯᠪᠤᠭᠠᠲᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠵᠣᠷᠢᠬᠵᠢᠭᠤᠯᠵᠤ᠂ ᠠᠯᠤᠰ ᠡᠵᠡᠮᠰᠢᠯ ᠢᠶᠠᠷ ᠳᠦᠷᠪᠡᠯᠲᠡ ᠶᠢ ᠣᠨᠤᠭᠠᠬᠤ᠂ ᠰᠦᠯᠵᠢᠶ᠎ᠡ ᠪᠠᠷ ᠠᠰᠠᠭᠤᠨ ᠯᠠᠪᠯᠠᠬᠤ᠂ ᠪᠣᠯᠪᠠᠰᠤᠷᠠᠭᠤᠯᠬᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠶᠢ ᠦᠷᠨᠢᠭᠦᠯᠵᠦ᠂ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ ᠦᠢᠯᠡᠳᠪᠦᠷᠢᠯᠡᠬᠦ ᠬᠡᠯᠪᠡᠷᠢ ᠶᠢᠨ ᠦᠢᠯᠡᠳᠬᠦ ᠦᠢᠯᠡᠰ ᠠᠴᠠ ᠦᠢᠯᠡᠴᠢᠯᠡᠬᠦ ᠬᠡᠯᠪᠡᠷᠢ ᠶᠢᠨ ᠦᠢᠯᠡᠳᠬᠦ ᠦᠢᠯᠡᠰ ᠲᠡᠶᠢᠰᠢ ᠬᠤᠪᠢᠷᠠᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ᠃ ᠲᠡᠷᠢᠭᠦᠨ ᠳᠤ ᠵᠢᠭᠰᠠᠭᠠᠵᠤ ᠪᠠᠶᠢᠭ᠎ᠠ ᠨᠢ ᠲᠦᠷᠦᠭᠦᠯᠡᠨ ᠬᠢᠬᠦ ᠨᠢᠭᠡᠴᠢ ᠪᠤᠯᠤᠨ᠎ᠠ᠂ ᠳᠤᠷᠤᠭᠰᠢ ᠠᠳᠠᠯᠢ︶      ︵ᠬᠤᠶᠠᠷ︶ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠤᠷᠤᠨ ᠤ ᠭᠠᠳᠠᠨᠠᠬᠢ ᠲᠠᠷᠢᠶᠠᠯᠠᠩ ᠤᠨ ᠮᠠᠰᠢᠨ ᠦᠢᠯᠡᠳᠬᠦ ᠠᠵᠤ ᠠᠬᠤᠶᠢᠯᠠᠯ ᠢ ᠲᠠᠲᠠᠨ ᠣᠷᠤᠭᠤᠯᠵᠤ ᠥᠪᠡᠷᠲᠡᠭᠡᠨ ᠵᠠᠰᠠᠬᠤ ᠤᠷᠤᠨ ᠳᠡᠶᠢᠰᠢ ᠴᠤᠭᠯᠠᠷᠠᠭᠤᠯᠤᠨ᠂ ᠮᠠᠨ ᠤ ᠤᠷᠤᠨ ᠤ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠪᠴᠢᠶ᠎ᠡ ᠶᠢ ᠦᠷᠭᠡᠳᠭᠡᠨ᠎ᠡ᠃ ᠮᠠᠯᠵᠢᠬᠤ ᠲᠠᠷᠢᠶᠠᠯᠠᠬᠤ ᠤᠷᠤᠨ ᠤ ᠭᠡᠷ ᠪᠦᠯᠢ ᠶᠢᠨ ᠦᠢᠯᠡᠳᠪᠦᠷᠢᠯᠡᠨ ᠡᠵᠡᠩᠨᠡᠬᠦ ᠬᠡᠷᠡᠭᠴᠡᠭᠡ ᠳᠤ ᠲᠣᠬᠢᠷᠠᠭᠰᠠᠨ ᠳᠤᠮᠳᠠ ᠵᠢᠵᠢᠭ ᠬᠡᠯᠪᠡᠷᠢ ᠶᠢᠨ ᠪᠠ ᠬᠦᠩᠭᠡᠨ ᠳᠦᠭᠦᠮᠴᠢᠯᠡᠭᠰᠡᠨ ᠲᠠᠷᠢᠶᠠᠯᠠᠩ ᠤᠨ ᠮᠠᠰᠢᠨ ᠢ ᠬᠦᠭᠵᠢᠭᠦᠯᠬᠦ ᠶᠢ ᠳᠡᠮᠵᠢᠵᠦ᠂ ᠮᠠᠨ ᠤ ᠤᠷᠤᠨ ᠤ ᠠᠳᠠᠯᠢ ᠪᠤᠰᠤ ᠭᠠᠵᠠᠷ ᠤᠷᠤᠨ ᠤ ᠠᠵᠤ ᠠᠬᠤᠢ ᠶᠢᠨ ᠬᠢᠷᠢ ᠲᠥᠪᠰᠢᠨ ᠳᠤ ᠲᠤᠬᠢᠷᠠᠭᠰᠠᠨ ᠳᠡᠭᠡᠳᠦ ᠳᠤᠮᠳᠠ ᠳᠤᠤᠷ᠎ᠠ ᠦᠵᠦᠭᠦᠷ ᠤᠨ ᠦᠢᠯᠡᠳᠭᠦᠨ ᠤ ᠬᠠᠮᠲᠤ ᠪᠠᠷ ᠬᠦᠭᠵᠢᠬᠦ ᠪᠠᠶᠢᠷᠢᠰᠢᠯ ᠢ ᠪᠣᠢ ᠪᠣᠯᠭᠠᠨ᠎ᠠ᠃ ᠬᠠᠮ ᠳᠠᠪᠠᠭᠤᠯᠢᠭ ᠢᠶᠠᠷ ᠳᠤᠪᠤᠶᠢᠭᠰᠠᠨ ᠦᠷᠢᠰᠦᠯᠳᠦᠭᠡᠨ ᠤ ᠬᠦᠴᠦᠨ ᠢᠶᠠᠷ ᠨᠡᠯᠢᠶᠡᠳ ᠴᠢᠩᠭ᠎ᠠ ᠪᠣᠯᠬᠤ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠲᠥᠪᠯᠡᠷᠡᠭᠰᠡᠨ ᠤᠷᠤᠨ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠠᠷᠢᠭᠤᠴᠠᠨ᠎ᠠ︶      ︵ᠭᠤᠷᠪᠠ︶ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠶᠠᠰᠤ ᠴᠢᠨᠠᠷ ᠤᠨ ᠨᠠᠶᠢᠳᠠᠪᠤᠷᠢᠳᠦ ᠴᠢᠨᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠤᠬᠢᠷᠳᠦᠯ ᠦᠭᠡᠢ ᠪᠦᠭᠡᠳ ᠦᠨᠳᠦᠷ ᠪᠦᠲᠦᠮᠵᠢᠲᠡᠢ ᠲᠠᠷᠢᠶᠠᠯᠠᠩ ᠤᠨ ᠮᠠᠰᠢᠨᠴᠢᠯᠠᠬᠤ ᠪᠠᠷᠢᠮᠵᠢᠶ᠎ᠠ ᠶᠢ ᠲᠤᠭᠲᠠᠭᠠᠬᠤ ᠪᠠ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠮᠵᠢᠨ ᠰᠢᠯᠭᠠᠬᠤ ᠮᠡᠷᠭᠡᠵᠢᠯ ᠤᠨ ᠰᠤᠳᠤᠯᠭᠠᠨ ᠢ ᠲᠦᠷᠭᠡᠳᠭᠡᠵᠦ᠂ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠷᠰᠢᠨ ᠰᠢᠯᠭᠠᠬᠤ ᠪᠠ ᠬᠢᠨᠠᠨ ᠲᠤᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠤ ᠦᠢᠯᠡᠳᠭᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠤᠲᠠᠲᠠᠶᠢᠵᠢᠭᠤᠯᠣᠨ᠂ ᠭᠤᠣᠯᠳᠠᠯᠭ᠎ᠠ ᠲᠠᠢ ᠦᠢᠯᠡᠳᠭᠦᠨ ᠤ ᠠᠵᠢᠯ ᠲᠦᠷᠦᠯ ᠤᠨ ᠬᠢᠨ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠦᠨᠡᠨᠴᠢ ᠢᠲᠡᠭᠡᠮᠵᠢᠲᠡᠢ ᠪᠡᠶ᠎ᠡ ᠪᠠᠨ ᠱᠠᠭᠠᠷᠳᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠭᠡ ᠪᠠᠷ ᠦᠷᠨᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠶᠠᠰᠤ ᠴᠢᠨᠠᠷ ᠤᠨ ᠲᠠᠯ᠎ᠠ ᠳᠤ ᠬᠠᠤᠯᠢ ᠠᠴᠠ ᠵᠦᠷᠢᠴᠡᠬᠦ ᠪᠠ ᠬᠤᠳᠠᠯ ᠬᠠᠭᠤᠷᠮᠠᠭ ᠨᠡᠷᠡᠲᠦ ᠲᠦᠷᠦᠯ ᠲᠡᠮᠳᠡᠭᠲᠦ ᠦᠢᠯᠡᠳᠬᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠲᠦᠷᠦᠯ ᠵᠦᠢᠯ ᠢ ᠨᠡᠮᠡᠭᠳᠡᠬᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠦᠷᠦᠯ ᠲᠡᠮᠳᠡᠭᠲᠦ ᠶᠢ ᠡᠭᠦᠳᠬᠦ ︽ᠡᠨᠡᠬᠦ ᠭᠤᠷᠪᠠ︾᠎ ᠶᠢᠨ ᠲᠤᠰᠬᠠᠢ ᠠᠵᠢᠯᠯᠠᠭ᠎ᠠ ᠶᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ︶       ᠭᠤᠷᠪᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠶᠡᠭᠡ ᠪᠠᠷ ᠠᠬᠢᠭᠤᠯᠤᠨ᠎ᠠ      ︵ᠨᠢᠭᠡ︶ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢ ᠮᠧᠬᠠᠨᠢᠬᠵᠢᠭᠤᠯᠬᠤ ᠶᠢᠨ ᠲᠤᠲᠠᠭᠤᠳᠠᠯ ᠲᠠᠯ᠎ᠠ ᠪᠠᠨ ᠲᠦᠷᠭᠡᠳᠭᠡᠨ ᠨᠦᠬᠦᠪᠦᠷᠢᠯᠡᠨ᠎ᠡ᠃ ᠦᠨᠳᠦᠷ ᠪᠦᠲᠦᠮᠵᠢᠲᠡᠢ ᠪᠠᠷ ᠤᠷᠭᠤᠮᠠᠯ ᠢ ᠬᠠᠮᠠᠭᠠᠯᠠᠬᠤ᠂ ᠡᠷᠳᠡᠨᠢ ᠰᠢᠰᠢ ᠶᠢ ᠮᠦᠯᠢᠵᠦ ᠬᠤᠷᠢᠶᠠᠬᠤ᠂ ᠲᠠᠷᠢᠵᠦ ᠦᠢᠯᠡᠳᠪᠦᠷᠢᠯᠡᠭᠰᠡᠨ ᠭᠠᠵᠠᠷ ᠲᠤ ᠨᠢ ᠬᠠᠭᠰᠠᠭᠠᠨ ᠬᠠᠲᠠᠭᠠᠬᠤ᠂ ᠤᠰᠤᠨ ᠳᠣᠲᠤᠷᠭ᠎ᠠ ᠶᠢᠨ ᠴᠢᠬᠢ ᠶᠢ ᠪᠠᠷᠢᠮᠵᠢᠶᠠᠵᠢᠭᠤᠯᠤᠨ ᠪᠤᠶᠢᠵᠢᠭᠤᠯᠬᠤ ᠪᠠ ᠦᠨᠳᠦᠷ ᠪᠦᠲᠦᠮᠵᠢᠲᠡᠢ ᠪᠠᠷ ᠰᠠᠭᠤᠯᠭᠠᠬᠤ᠂ ᠲᠦᠮᠦᠰᠦ ᠶᠢ ᠬᠠᠮᠲᠤᠷᠠᠭᠤᠯᠵᠤ ᠬᠤᠷᠢᠶᠠᠬᠤ ᠪᠠ ᠬᠡᠰᠡᠭᠯᠡᠨ ᠬᠤᠷᠢᠶᠠᠬᠤ ᠵᠡᠷᠭᠡ ᠮᠧᠬᠠᠨᠢᠬᠵᠢᠭᠤᠯᠤᠭᠰᠠᠨ ᠦᠢᠯᠡᠳᠪᠦᠷᠢᠯᠡᠯ ᠤᠨ ᠪᠠᠭᠤᠷᠠᠢ ᠭᠤᠭᠴᠣᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠣᠯ ᠪᠣᠯᠬᠤ ᠲᠠᠷᠢᠮᠠᠯ ᠤᠨ ᠵᠦᠢᠯ ᠢ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠨᠠᠷᠠᠨ ᠬᠤᠸᠠᠷ᠂ ᠰᠢᠬᠢᠷ ᠯᠤᠤᠪᠠᠩ᠂ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠠᠵᠤ ᠠᠬᠤᠢ ᠶᠢᠨ ᠲᠠᠷᠢᠮᠠᠯ ᠵᠢᠴᠢ ᠬᠤᠯᠢᠮᠠᠭ ᠠᠮᠤ ᠬᠤᠯᠢᠮᠠᠭ ᠪᠤᠷᠴᠠᠭ ᠤᠨ ᠮᠧᠬᠠᠨᠢᠬᠵᠢᠭᠤᠯᠤᠭᠰᠠᠨ ᠬᠤᠷᠢᠶᠠᠯᠲᠠ ᠶᠢᠨ ᠲᠤᠲᠠᠭᠤᠳᠠᠯ ᠢ ᠲᠦᠷᠭᠡᠳᠭᠡᠨ ᠨᠦᠬᠦᠪᠦᠷᠢᠯᠡᠵᠦ᠂ ᠠᠵᠤ ᠠᠬᠤᠢ ᠶᠢᠨ ᠲᠠᠷᠢᠮᠠᠯ ᠤᠨ ᠲᠠᠷᠢᠵᠦ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠪᠠᠭ᠎ᠠ ᠬᠡᠮᠵᠢᠶ᠎ᠡ ᠪᠠᠷ ᠲᠠᠷᠢᠵᠤ ᠤᠰᠤᠯᠠᠬᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠤᠯ ᠢ ᠨᠡᠮᠡᠭᠳᠡᠭᠦᠯᠬᠦ᠂ ᠳᠤᠯᠠᠭᠠᠨ ᠤ ᠬᠡᠮᠵᠢᠶ᠎ᠡ ᠶᠢ ᠤᠶᠤᠨᠴᠢ ᠪᠠᠷ ᠡᠵᠡᠮᠳᠡᠬᠦ᠂ ᠦᠷ᠎ᠡ ᠵᠢᠮᠢᠰ ᠢ ᠲᠡᠭᠦᠵᠦ ᠬᠤᠷᠢᠶᠠᠬᠤ᠂ ᠬᠦᠢᠲᠡᠨ ᠢᠶᠠᠷ ᠬᠠᠳᠠᠭᠠᠯᠠᠵᠣ ᠵᠦᠭᠡᠭᠡᠪᠦᠷᠢᠯᠡᠬᠦ ᠵᠡᠷᠭᠡ ᠮᠧᠬᠠᠨᠢᠬᠵᠢᠭᠤᠯᠤᠭᠰᠠᠨ ᠮᠡᠷᠭᠡᠵᠢᠯ ᠢ ᠳᠡᠯᠭᠡᠷᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠤᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠤᠭᠴᠠ ᠶᠢᠨ ᠭᠦᠨ ᠬᠠᠭᠠᠯᠪᠤᠷᠢᠯᠠᠵᠤ ᠭᠦᠨᠴᠡᠯᠡᠨ ᠰᠤᠯᠠᠷᠠᠭᠤᠯᠬᠤ ᠪᠠ ᠮᠠᠰᠢᠨ ᠢᠶᠠᠷ ᠲᠠᠷᠢᠵᠤ ᠬᠤᠷᠢᠶᠠᠬᠤ ᠵᠡᠷᠭᠡ ᠦᠢᠯᠡᠳᠪᠦᠷᠢᠯᠡᠯ ᠤᠨ ᠦᠢᠯᠡᠴᠢᠯᠡᠭᠡᠨ ᠢ ᠦᠷᠨᠢᠭᠦᠯᠬᠦ ᠳᠤ ᠬᠦᠴᠦᠲᠡᠢ ᠳᠡᠮᠵᠢᠯᠭᠡ ᠥᠭᠴᠦ᠂ ᠲᠠᠷᠢᠮᠠᠯ ᠤᠨ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠷᠢᠭᠤᠴᠠᠨ᠎ᠠ︶      ︵ᠬᠤᠶᠠᠷ︶ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢ ᠶᠡᠭᠡ ᠪᠠᠷ ᠬᠦᠭᠵᠢᠭᠦᠯᠦᠨ᠎ᠡ᠃ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ᠂ ᠬᠤᠷᠢᠶᠠᠨ ᠬᠠᠳᠤᠵᠤ ᠪᠣᠭᠤᠳᠠᠯᠯᠠᠬᠤ ᠶᠢ ᠨᠢᠭᠡ ᠴᠤᠭᠴᠠᠵᠢᠭᠤᠯᠬᠤ᠂ ᠪᠣᠭᠤᠳᠠᠯᠯᠠᠵᠤ ᠪᠠᠭᠯᠠᠬᠤ ᠶᠢ ᠨᠢᠭᠡ ᠴᠤᠭᠴᠠᠵᠢᠭᠤᠯᠬᠤ᠂ ᠡᠰᠢ ᠰᠦᠷᠡᠯ ᠢ ᠳᠡᠵᠢᠭᠡᠯ ᠪᠤᠷᠳᠤᠭ᠎ᠠ ᠪᠣᠯᠭᠠᠬᠤ ᠵᠡᠷᠭᠡ ᠰᠢᠷᠢᠰ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠡᠪᠡᠰᠦᠨ ᠤ ᠦᠢᠯᠡᠰ ᠤᠨ ᠳᠡᠭᠡᠳᠦ ᠦᠵᠦᠭᠦᠷ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠠᠬᠢᠭᠤᠯᠤᠨ᠎ᠠ᠃ ᠮᠠᠯ ᠲᠡᠵᠢᠭᠡᠪᠦᠷᠢ ᠶᠢᠨ ᠮᠧᠬᠠᠨᠢᠬᠵᠢᠭᠤᠯᠤᠯᠲᠠ ᠶᠢᠨ ᠲᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠵᠢᠭᠡᠯ ᠪᠤᠷᠳᠤᠭ᠎ᠠ ᠦᠢᠯᠡᠳᠴᠦ ᠪᠡᠯᠡᠳᠭᠡᠬᠦ᠂ ᠲᠡᠵᠢᠭᠡᠨ ᠠᠷᠠᠴᠢᠯᠠᠬᠤ᠂ ᠤᠰᠤᠯᠠᠬᠤ᠂ ᠨᠤᠤᠰᠤ ᠬᠠᠶᠢᠴᠢᠯᠠᠬᠤ᠂ ᠡᠮᠲᠦ ᠤᠬᠢᠶᠠᠯ ᠬᠢᠬᠦ᠂ ᠰᠢᠭᠢᠭ ᠰᠠᠩᠭᠠᠰᠤ ᠶᠢ ᠰᠢᠢᠳᠪᠦᠷᠢᠯᠡᠬᠦ ᠵᠢᠴᠢ ᠡᠬᠢ ᠪᠠᠶᠠᠯᠢᠬᠵᠢᠭᠤᠯᠤᠨ ᠠᠰᠢᠭᠯᠠᠬᠤ ᠵᠡᠷᠭᠡ ᠶᠢᠨ ᠮᠧᠬᠠᠨᠢᠬᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠤᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠮᠧᠬᠠᠨᠢᠬᠵᠢᠭᠤᠯᠤᠯᠲᠠ ᠶᠢᠨ ᠪᠠᠭᠤᠷᠠᠢ ᠭᠤᠭᠴᠤᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ ᠪᠡᠯᠴᠢᠭᠡᠷ ᠡᠪᠡᠰᠦ ᠶᠢ ᠨᠦᠬᠦᠵᠦ ᠲᠠᠷᠢᠬᠤ᠂ ᠦᠨᠳᠦᠰᠦ ᠪᠠᠷ ᠨᠢ ᠬᠠᠳᠤᠵᠤ ᠡᠭᠦᠯᠳᠡᠷ ᠢ ᠰᠠᠶᠢᠵᠢᠷᠠᠭᠤᠯᠬᠤ᠂ ᠬᠡᠭᠡᠷ᠎ᠡ ᠶᠢᠨ ᠡᠪᠡᠰᠦᠨ ᠤ ᠦᠷ᠎ᠡ ᠶᠢ ᠲᠡᠭᠦᠵᠦ ᠴᠤᠭᠯᠠᠭᠤᠯᠬᠤ᠂ ᠪᠡᠯᠴᠢᠭᠡᠷ ᠡᠪᠡᠰᠦᠨ ᠤ ᠦᠷ᠎ᠡ ᠶᠢ ᠴᠡᠪᠡᠷᠯᠡᠨ ᠰᠢᠯᠢᠵᠦ ᠪᠣᠯᠪᠠᠰᠤᠷᠠᠭᠤᠯᠬᠤ᠂ ᠨᠤᠲᠤᠭ ᠪᠡᠯᠴᠢᠭᠡᠷ ᠤᠨ ᠠᠮᠢᠳᠤ ᠪᠤᠳᠠᠰ ᠤᠨ ᠭᠠᠢ ᠭᠠᠮᠰᠢᠭ ᠢ ᠰᠡᠷᠭᠡᠶᠢᠯᠡᠵᠦ ᠵᠠᠰᠠᠬᠤ ᠳᠤ ᠤᠨᠤᠪᠴᠢᠲᠠᠢ ᠪᠠᠷ ᠡᠮ ᠤᠨ ᠥᠭᠯᠢᠭᠡ ᠥᠭᠬᠦ ᠪᠠ ᠪᠤᠬᠢᠷᠳᠤᠯ ᠦᠭᠡᠢ ᠪᠠᠷ ᠰᠡᠷᠭᠡᠶᠢᠯᠡᠨ ᠡᠵᠡᠮᠳᠡᠬᠦ ᠵᠡᠷᠭᠡ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠤᠨ᠎ᠡ᠃ ᠴᠠᠬᠢᠯᠭᠠᠨ ᠨᠡᠪᠲᠡᠷᠡᠭᠡ ᠦᠭᠡᠢ ᠮᠠᠯᠵᠢᠬᠤ ᠤᠷᠤᠨ ᠳᠤ ᠰᠠᠯᠬᠢᠨ ᠤ ᠡᠨᠧᠷᠬᠢ ᠨᠠᠷᠠᠨ ᠤ ᠡᠨᠧᠷᠬᠢ ᠵᠡᠷᠭᠡ ᠴᠡᠪᠡᠷ ᠡᠨᠧᠷᠬᠢ ᠶᠢᠨ ᠰᠣᠷᠪᠤᠯᠵᠢ ᠶᠢᠨ ᠲᠤᠨᠤᠭ ᠲᠦᠭᠦᠬᠡᠷᠦᠮᠵᠢ ᠪᠣᠯᠤᠨ ᠮᠡᠷᠭᠡᠵᠢᠯ ᠳᠡᠯᠭᠡᠷᠡᠭᠦᠯᠬᠦ ᠶᠢ ᠰᠠᠶᠢᠲᠤᠷ ᠬᠢᠵᠦ᠂ ᠪᠤᠬᠢᠷᠳᠦᠯ ᠦᠭᠡᠢ ᠮᠠᠯ ᠠᠵᠤ ᠠᠬᠤᠢ ᠶᠢᠨ ᠵᠠᠮ ᠢᠶᠠᠷ ᠵᠠᠮᠨᠠᠭᠤᠯᠤᠨ᠎ᠠ᠃ ᠴᠠᠭᠠᠨ ᠬᠠᠷᠭᠠᠨ᠎ᠠ᠂ ᠵᠠᠭ ᠮᠤᠲᠤ ᠵᠡᠷᠭᠡ ᠶᠢ ᠲᠠᠷᠢᠬᠤ ᠬᠤᠷᠢᠶᠠᠬᠤ ᠵᠢᠴᠢ ᠲᠡᠵᠢᠭᠡᠯ ᠤᠨ ᠮᠧᠬᠠᠨᠢᠬᠵᠢᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃ ᠭᠠᠭ᠋ᠠᠢ ᠵᠢᠭᠦᠷᠲᠡᠨ ᠤ ᠲᠡᠵᠢᠭᠡᠪᠦᠷᠢ ᠶᠢᠨ ᠮᠧᠬᠠᠨᠢᠬᠵᠢᠭᠤᠯᠤᠯᠲᠠ ᠶᠢ ᠬᠦᠭᠵᠢᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠷᠢᠭᠤᠴᠠᠨ᠎ᠠ︶      ︵ᠭᠤᠷᠪᠠ︶ ᠦᠨᠳᠦᠷ ᠪᠦᠲᠦᠮᠵᠢᠲᠡᠢ ᠮᠧᠬᠠᠨᠢᠬᠵᠢᠭᠤᠯᠤᠭᠰᠠᠨ ᠦᠢᠯᠡᠳᠪᠦᠷᠢᠯᠡᠯ ᠤᠨ ᠰᠢᠰᠲ᠋ᠧᠮᠵᠢ ᠶᠢ ᠬᠠᠮᠲᠤᠷᠠᠨ ᠪᠠᠶᠢᠭᠤᠯᠤᠨ᠎ᠠ᠃ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ᠂ ᠬᠠᠮᠲᠤᠷᠠᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠵᠤ᠂ ︽ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ ᠬᠡᠷᠡᠭᠯᠡᠬᠦ︾ ᠬᠤᠯᠪᠤᠭ᠎ᠠ ᠶᠢᠨ ᠬᠤᠯᠪᠤᠭᠠᠯᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠷ᠎ᠡ ᠡᠭᠦᠯᠳᠡᠷ ᠢ ᠠᠷᠠᠴᠢᠯᠠᠨ ᠪᠤᠶᠢᠵᠢᠭᠤᠯᠬᠤ᠂ ᠲᠤᠨᠤᠭ ᠲᠦᠬᠦᠭᠡᠷᠦᠮᠵᠢ ᠵᠡᠷᠭᠡ ᠣᠯᠠᠨ ᠰᠢᠨᠵᠢᠯᠡᠭᠡᠨ ᠤ ᠪᠣᠯᠤᠨ ᠦᠢᠯᠡᠳᠪᠦᠷᠢᠯᠡᠬᠦ ᠠᠴᠠ ᠡᠮᠦᠨ᠎ᠡ ᠦᠢᠯᠡᠳᠪᠦᠷᠢᠯᠡᠬᠦ ᠳᠤᠮᠳᠠ ᠪᠤᠯᠤᠨ ᠦᠢᠯᠡᠳᠪᠦᠷᠢᠯᠡᠭᠰᠡᠨ ᠤ ᠳᠠᠷᠠᠭᠠᠬᠢ ᠡᠯ᠎ᠡ ᠭᠤᠭᠴᠤᠭᠠᠨ ᠳᠤ ᠬᠠᠮᠵᠢᠯᠴᠠᠨ ᠬᠤᠯᠪᠤᠭᠠᠯᠠᠨ ᠬᠦᠳᠡᠯᠦᠯᠴᠡᠬᠦ ᠶᠢ ᠠᠬᠢᠭᠤᠯᠤᠨ᠂ ᠰᠠᠶᠢᠨ ᠦᠷ᠎ᠡ᠂ ᠳᠡᠮ ᠲᠠᠢ ᠠᠷᠭ᠎ᠠ᠂ ᠰᠢᠮᠡᠯᠢᠭ ᠭᠠᠵᠠᠷ᠂ ᠣᠬᠢ ᠮᠠᠰᠢᠨ ᠢ ᠢᠵᠢ ᠪᠦᠷᠢᠳᠦᠭᠦᠯᠵᠦ᠂ ᠪᠦᠬᠦ ᠶᠠᠪᠤᠴᠠ ᠶᠢᠨ ᠮᠧᠬᠠᠨᠢᠬᠵᠢᠭᠤᠯᠬᠤ ᠮᠡᠷᠭᠡᠵᠢᠯ ᠢ ᠡᠮᠬᠢᠳᠭᠡᠨ ᠪᠦᠷᠢᠳᠦᠭᠦᠯᠬᠦ ᠪᠠ ᠵᠢᠱᠢᠶ᠎ᠡ ᠦᠵᠡᠭᠦᠯᠬᠦ ᠶᠢ ᠲᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠨᠦᠬᠦᠴᠡᠯ ᠳᠤ ᠨᠡᠶᠢᠴᠡᠭᠰᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠪᠠ ᠠᠲᠠᠷ ᠬᠠᠭᠠᠯᠪᠤᠷᠢᠯᠠᠯᠲᠠ ᠶᠢᠨ ᠣᠷᠤᠨ ᠤ ᠪᠦᠬᠦ᠋ᠢᠯᠡ ᠪᠠᠶᠢᠭᠤᠯᠤᠮᠵᠢᠲᠦ ᠳᠥᠷᠢᠮ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠡᠩ ᠲᠡᠷᠢᠭᠦᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢ ᠬᠦᠲᠦᠯᠦᠨ ᠵᠢᠯᠤᠭᠤᠳᠬᠤ ᠪᠠ ᠳᠡᠮᠵᠢᠯᠭᠡ ᠦᠵᠡᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶       ᠳᠦᠷᠪᠡ᠂ ᠬᠡᠷᠡᠭᠯᠡᠬᠦ ᠳᠤ ᠲᠤᠬᠢᠷᠠᠮᠵᠢᠲᠠᠢ ᠲᠡᠷᠢᠭᠦᠨ ᠤ ᠲᠠᠷᠢᠶᠠᠯᠠᠩ ᠤᠨ ᠮᠠᠰᠢᠨ ᠤ ᠲᠤᠨᠤᠭ ᠲᠦᠭᠦᠭᠡᠷᠦᠮᠵᠢ ᠬᠢᠭᠡᠳ ᠮᠧᠬᠠᠨᠢᠬᠵᠢᠭᠤᠯᠬᠤ ᠮᠡᠷᠭᠡᠵᠢᠯ ᠢ ᠬᠦᠴᠦᠯᠡᠨ ᠳᠡᠯᠭᠡᠷᠡᠭᠦᠯᠦᠨ᠎ᠡ      ︵ᠨᠢᠭᠡ︶ ᠪᠤᠬᠢᠷᠳᠦᠯ ᠦᠭᠡᠢ ᠦᠨᠳᠦᠷ ᠪᠦᠲᠦᠮᠵᠢᠲᠡᠢ ᠰᠢᠨ᠎ᠡ ᠮᠠᠰᠢᠨ ᠬᠡᠷᠡᠭᠰᠡᠯ ᠰᠢᠨ᠎ᠡ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠨ᠎ᠠ᠃ ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠮᠠᠯ ᠵᠢᠭᠦᠷᠲᠡᠨ ᠤ ᠰᠢᠭᠢᠭ ᠰᠠᠩᠭᠠᠰᠤ ᠶᠢ ᠡᠬᠢ ᠪᠠᠶᠠᠯᠢᠬᠵᠢᠭᠤᠯᠣᠨ ᠠᠰᠢᠭᠯᠠᠬᠤ ᠵᠢᠴᠢ ᠲᠠᠷᠢᠶᠠᠨ ᠦᠷ᠎ᠡ ᠶᠢ ᠠᠷᠪᠢᠯᠠᠬᠤ᠂ ᠪᠤᠷᠳᠤᠭᠤᠷ ᠠᠷᠪᠢᠯᠠᠬᠤ᠂ ᠲᠠᠷᠢᠶᠠᠨ ᠡᠮ ᠠᠷᠪᠢᠯᠠᠬᠤ᠂ ᠤᠰᠤ ᠠᠷᠪᠢᠯᠠᠬᠤ ᠵᠡᠷᠭᠡ ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ ᠪᠠ ᠪᠤᠬᠢᠷᠳᠤᠯ ᠦᠭᠡᠢ ᠦᠨᠳᠦᠷ ᠪᠦᠲᠦᠮᠵᠢᠲᠡᠢ ᠮᠧᠬᠠᠨᠢᠬᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠣᠨ᠎ᠡ᠃ ᠳᠠᠪᠠᠭᠤᠯᠢᠭᠲᠤ ᠠᠵᠤ ᠠᠬᠤᠶᠢᠯᠠᠯ ᠤᠳ ᠤᠨ ᠭᠤᠣᠯᠳᠠᠯᠭ᠎ᠠ ᠲᠠᠢ ᠬᠡᠷᠡᠭᠯᠡᠭᠴᠢ ᠯᠦᠭᠡ ᠵᠠᠯᠭᠠᠯᠳᠤᠬᠤ ᠶᠢ ᠳᠡᠮᠵᠢᠵᠦ᠂ ᠰᠤᠳᠤᠯᠤᠨ ᠨᠡᠭᠡᠭᠡᠵᠦ ᠦᠢᠯᠡᠳᠪᠦᠷᠢᠯᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠬᠠᠷᠢᠯᠴᠠᠨ ᠠᠬᠢᠭᠤᠯᠬᠤ ᠲᠤᠭᠲᠠᠴᠠ ᠶᠢ ᠪᠣᠢ ᠪᠣᠯᠭᠠᠨ᠎ᠠ᠃ ᠮᠡᠳᠡᠭᠡ ᠵᠠᠩᠭᠢᠴᠢᠯᠠᠯᠲᠠ᠂ ᠤᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠶᠤᠨᠴᠢ ᠲᠠᠷᠢᠶᠠᠯᠠᠩ ᠤᠨ ᠮᠠᠰᠢᠨ ᠬᠢᠭᠡᠳ ᠤᠬᠠᠭᠠᠯᠢᠭ ᠮᠠᠯ ᠠᠵᠤ ᠠᠬᠤᠢ᠂ ᠡᠭᠦᠯᠡᠨᠴᠡᠷ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠠᠭᠤᠰᠤᠯᠴᠠᠨ ᠬᠦᠭᠵᠢᠬᠦ ᠶᠢ ᠠᠬᠢᠭᠤᠯᠤᠨ᠎ᠡ᠃ ︽ᠢᠨᠲ᠋ᠧᠷ ᠰᠦᠯᠵᠢᠶ᠎ᠡ + ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ︾᠎ ᠢ ᠠᠬᠢᠭᠤᠯᠵᠤ᠂ ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ ᠶᠢ ᠬᠢᠨᠠᠨ ᠰᠢᠨᠵᠢᠬᠦ᠂ ᠠᠯᠤᠰ ᠡᠵᠡᠮᠰᠢᠯ ᠢᠶᠠᠷ ᠲᠤᠬᠢᠷᠠᠭᠤᠯᠬᠤ ᠵᠡᠷᠭᠡ ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ᠃ ᠤᠷᠭᠤᠮᠠᠯ ᠢ ᠬᠠᠮᠠᠭᠠᠯᠠᠬᠤ ᠬᠦᠮᠦᠨ ᠦᠭᠡᠢ ᠨᠢᠰᠭᠡᠯ ᠢ ᠳᠡᠯᠭᠡᠷᠡᠭᠦᠯᠦᠨ ᠬᠡᠷᠡᠭᠯᠡᠬᠦ ᠶᠢ ᠵᠢᠷᠤᠮᠵᠢᠭᠤᠯᠵᠤ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠬᠡ ᠬᠠᠷᠢᠶᠠᠯᠠᠯ ᠨᠢ ᠢᠯᠡ ᠳᠤᠳᠤᠷᠬᠠᠢ ᠪᠠᠶᠢᠬᠤ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠳᠤ ᠪᠠᠷᠢᠴᠠᠭᠠᠳᠤ ᠵᠢᠭᠡᠯᠡᠯᠭᠡ ᠲᠠᠯᠪᠢᠬᠤ ᠵᠢᠴᠢ ᠨᠦᠬᠦᠴᠡᠯ ᠲᠠᠢ ᠭᠠᠵᠠᠷ ᠤᠷᠤᠨ ᠤ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠬᠤᠳᠠᠯᠳᠤᠨ ᠠᠪᠬᠤ ᠳᠤ ᠳᠠᠮ ᠬᠦᠦ ᠲᠠᠢ ᠵᠢᠭᠡᠯᠡᠯᠭᠡ ᠥᠭᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠬᠢᠬᠦ ᠶᠢ ᠵᠣᠷᠢᠬᠵᠢᠭᠤᠯᠤᠨ᠎ᠠ᠃ ᠲᠠᠷᠢᠶᠠᠯᠠᠩ ᠤᠨ ᠮᠠᠰᠢᠨ ᠢ ᠪᠦᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠳᠤ ᠲᠤᠭᠲᠠᠭᠠᠯ ᠶᠤᠰᠤᠭᠠᠷ ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠤᠯᠭ᠎ᠠ ᠶᠢ ᠲᠤᠬᠢᠷᠠᠭᠤᠯᠤᠨ ᠬᠡᠷᠡᠭᠯᠡᠨ᠎ᠡ᠃ ᠬᠡᠷᠡᠭᠯᠡᠭᠡᠨ ᠠᠴᠠ ᠭᠠᠷᠤᠭᠰᠠᠨ ᠲᠠᠷᠢᠶᠠᠯᠠᠩ ᠤᠨ ᠮᠠᠰᠢᠨ ᠢ ᠰᠢᠨᠡᠴᠢᠯᠡᠬᠦ ᠶᠢ ᠢᠳᠡᠪᠬᠢᠲᠡᠢ ᠠᠬᠢᠭᠤᠯᠵᠤ᠂ ᠣᠨ ᠤᠳᠠᠵᠤ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠤ ᠲᠤᠨᠤᠭ ᠲᠦᠭᠦᠭᠡᠷᠦᠮᠵᠢ ᠶᠢᠨ ᠰᠢᠭᠰᠢᠭᠳᠡᠭᠦᠯᠬᠦ ᠶᠢ ᠲᠦᠷᠭᠡᠳᠭᠡᠵᠦ᠂ ᠰᠢᠨ᠎ᠡ ᠮᠠᠰᠢᠨ ᠬᠡᠷᠡᠭᠰᠡᠯ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠦᠯᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠥᠪᠥᠷ ᠮᠤᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠠᠷᠠᠳ ᠤᠨ ᠠᠭᠠᠷ ᠤᠨ ᠲᠡᠬᠡᠬᠡᠪᠦᠷᠢ ᠶᠢᠨ ᠥᠪᠥᠷ ᠮᠤᠩᠭᠤᠯ ᠤᠨ ᠠᠶᠤᠯ ᠦᠭᠡᠢ ᠶᠢᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠵᠡᠷᠭᠡ ᠬᠠᠷᠢᠭᠤᠴᠠᠨ᠎ᠠ︶      ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠰᠢᠨ᠎ᠡ ᠮᠡᠷᠭᠡᠵᠢᠯ ᠢ ᠲᠤᠷᠰᠢᠵᠤ ᠰᠢᠯᠭᠠᠨ ᠪᠠᠲᠤᠯᠠᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ ᠡᠷᠳᠡᠮ ᠰᠢᠨᠵᠢᠯᠡᠭᠡᠨ ᠤ ᠵᠢᠭᠠᠨ ᠰᠤᠷᠭᠠᠬᠤ ᠨᠢᠭᠡᠴᠢ ᠵᠢᠴᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠵᠡᠷᠭᠡ ᠶᠢᠨ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠤᠨ ᠳᠡᠯᠭᠡᠷᠡᠭᠦᠯᠬᠦ ᠠᠵᠢᠯ ᠳᠤ ᠦᠷᠭᠡᠨ ᠢᠶᠠᠷ ᠣᠷᠤᠯᠴᠠᠬᠤ ᠶᠢ ᠵᠣᠷᠢᠬᠵᠢᠭᠤᠯᠤᠨ᠎ᠠ᠃ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠶᠢ ᠶᠠᠪᠤᠭᠳᠠᠭᠤᠯᠵᠤ᠂ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠳᠡᠯᠭᠡᠷᠡᠭᠦᠯᠦᠭᠴᠢ ᠶᠢᠨ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠯᠤᠭ᠎ᠠ ᠮᠡᠷᠭᠡᠵᠢᠯ ᠤᠨ ᠬᠠᠮᠲᠤᠷᠠᠯᠴᠠᠭ᠎ᠠ ᠦᠷᠨᠢᠭᠦᠯᠬᠦ ᠶᠢ ᠵᠤᠷᠢᠬᠵᠢᠭᠤᠯᠤᠨ᠎ᠠ᠃ ᠣᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠵᠦ᠂ ᠲᠠᠷᠢᠶᠠᠯᠠᠩ ᠤᠨ ᠮᠠᠰᠢᠨ ᠢ ᠳᠡᠯᠭᠡᠨ ᠦᠵᠡᠭᠦᠯᠬᠦ ᠪᠠ ᠠᠵᠢᠯᠯᠠᠭᠤᠯᠵᠤ ᠦᠵᠡᠭᠦᠯᠬᠦ᠂ ︽ᠲᠠᠷᠢᠶᠠᠨ ᠤ ᠡᠳᠦᠷᠯᠢᠭ︾᠎ ᠤᠨ ᠠᠵᠢᠯᠯᠠᠭᠠᠨ ᠵᠡᠷᠭᠡ ᠬᠡᠯᠪᠡᠷᠢ ᠮᠠᠶ᠋ᠢᠭ ᠢ ᠰᠢᠨ᠎ᠡ ᠪᠠᠷ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠦᠷ᠎ᠡ ᠪᠦᠲᠦᠭᠡᠯ ᠢ ᠦᠨᠡᠨ ᠬᠦ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶       ᠲᠠᠪᠤ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠬᠦᠭᠵᠢᠭᠦᠯᠦᠨ᠎ᠡ      ︵ᠨᠢᠭᠡ︶ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠦᠭᠵᠢᠭᠦᠯᠦᠨ᠎ᠡ᠃ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠳᠤᠬᠢᠷᠠᠮᠵᠢᠲᠠᠢ ᠬᠡᠪᠴᠢᠶᠡᠵᠢᠯᠲᠦ ᠡᠵᠡᠩᠨᠡᠯᠲᠡ ᠶᠢᠨ ᠦᠢᠯᠡᠴᠢᠯᠡᠭᠡ ᠦᠷᠨᠢᠭᠦᠯᠬᠦ ᠶᠢ ᠳᠡᠮᠵᠢᠨ᠎ᠡ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠮᠦᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠦ ᠪᠠᠶᠢᠭᠠᠳ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠪᠣᠯᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠣᠯᠭᠤᠬᠤ ᠢᠲᠡᠭᠡᠮᠵᠢᠳᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠡᠯ᠎ᠡ ᠲᠥᠷᠥᠯ ᠤᠨ ᠢᠲᠡᠭᠡᠮᠵᠢᠳᠦ ᠵᠢᠭᠡᠯᠡᠯᠭᠡ ᠶᠢᠨ ᠨᠡᠷᠡᠳᠭᠦᠨ ᠢ ᠠᠮᠢᠳᠤᠯᠢᠭ ᠢᠶᠠᠷ ᠨᠡᠭᠡᠭᠡᠨ ᠬᠦᠭᠵᠢᠭᠦᠯᠬᠦ ᠪᠠ ᠪᠤᠳᠠᠭᠠᠯᠢᠴᠢᠯᠠᠭᠰᠠᠨ ᠪᠡᠯᠡ ᠲᠣᠬᠢᠷᠠᠭᠤᠯᠭ᠎ᠠ ᠶᠢᠨ ᠲᠦᠰᠦᠯ ᠬᠠᠩᠭᠠᠨ᠎ᠠ︔ ᠵᠠᠬ᠎ᠠ ᠳᠡᠯᠭᠡᠭᠦᠷᠴᠢᠯᠡᠬᠦ ᠵᠠᠷᠴᠢᠮ ᠶᠤᠰᠤᠭᠠᠷ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠳᠠᠯᠠᠪᠠᠢ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠳᠤ ᠬᠠᠨᠳᠤᠭᠤᠯᠤᠭᠰᠠᠨ ᠲᠠᠷᠢᠶᠠᠯᠠᠩ ᠤᠨ ᠮᠠᠰᠢᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠲᠤᠬᠠᠶᠢᠯᠠᠭᠰᠠᠨ ᠠᠵᠢᠯ ᠪᠠ ᠢᠲᠡᠭᠡᠮᠵᠢᠳᠦ ᠵᠢᠭᠡᠯᠡᠯᠭᠡ ᠶᠢᠨ ᠳᠠᠭᠠᠭᠠᠯᠲᠠ ᠬᠢᠬᠦ ᠦᠢᠯᠡᠴᠢᠯᠡᠭᠡ ᠶᠢ ᠦᠷᠨᠢᠭᠦᠯᠵᠣ᠂ ᠪᠠᠷᠢᠴᠠᠭᠠᠯᠠᠵᠤ ᠳᠡᠨᠵᠢᠯᠡᠬᠦ ᠡᠳ᠋ ᠪᠤᠳᠠᠰ ᠤᠨ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ᠲᠠᠷᠢᠶᠠᠯᠠᠩ ᠤᠨ ᠮᠠᠰᠢᠨ ᠤ ᠳᠠᠭᠠᠳᠬᠠᠯ ᠤᠨ ᠲᠥᠷᠥ ᠶᠢᠨ ᠪᠣᠳᠤᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠳᠠᠭᠠᠳᠬᠠᠯ ᠤᠨ ᠲᠤᠷᠰᠢᠯᠲᠠ ᠶᠢᠨ ᠴᠡᠭ ᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠦᠢᠯᠡᠴᠢᠯᠡᠭᠡ ᠳᠤ ᠦᠷᠲᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠶᠢ ᠲᠤᠭᠲᠠᠭᠠᠯ ᠶᠤᠰᠤᠭᠠᠷ ᠲᠤᠬᠢᠷᠠᠭᠤᠯᠤᠨ ᠬᠡᠷᠡᠭᠯᠡᠨ᠎ᠡ᠃ ᠲᠠᠷᠢᠶᠠᠯᠠᠩ ᠤᠨ ᠮᠠᠰᠢᠨ ᠢᠶᠠᠷ ᠲᠠᠷᠢᠶᠠᠯᠠᠬᠤ ᠦᠢᠯᠡᠴᠢᠯᠡᠭᠡ ᠳᠤ ᠦᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠤᠯᠭ᠎ᠠ ᠶᠢ ᠲᠤᠭᠲᠠᠭᠠᠯ ᠶᠤᠰᠤᠭᠠᠷ ᠲᠤᠬᠢᠷᠠᠭᠤᠯᠤᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠥᠪᠥᠷ ᠮᠤᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠡᠷᠭᠡ ᠬᠠᠷᠢᠭᠤᠴᠠᠨ᠎ᠠ︶      ︵ᠬᠤᠶᠠᠷ︶ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠭᠲᠠᠴᠠ ᠳᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠭᠤᠣᠯ ᠴᠤᠭᠴᠠ ᠶᠢᠨ ᠦᠨᠳᠦᠷ ᠪᠦᠲᠦᠮᠵᠢᠲᠡᠢ ᠪᠦᠬᠡᠳ ᠳᠥᠭᠦᠮ ᠳᠥᠲᠡ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠦᠷᠨᠢᠭᠦᠯᠬᠦ ᠶᠢ ᠵᠤᠷᠢᠬᠵᠢᠭᠤᠯᠵᠤ᠂ ᠵᠢᠵᠢᠭ ᠲᠠᠷᠢᠶᠠᠯᠠᠬᠤ ᠡᠷᠦᠬᠡ ᠮᠠᠯᠵᠢᠬᠤ ᠡᠷᠦᠬᠡ ᠤᠳ ᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠯᠦᠭᠡ ᠤᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠭᠤᠣᠯ ᠴᠤᠭᠴᠠ ᠨᠤᠭᠤᠳ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠵᠤ ᠠᠷᠠᠴᠢᠯᠠᠬᠤ ᠲᠤᠮᠤ ᠡᠷᠦᠬᠡ᠂ ᠡᠩ ᠤᠨ ᠲᠠᠷᠢᠶᠠᠯᠠᠬᠤ ᠮᠠᠯᠵᠢᠬᠤ ᠡᠷᠦᠬᠡ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠯᠤᠭ᠎ᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠤᠯᠪᠤᠭᠠᠲᠤ ᠴᠤᠭᠴᠠ ᠪᠠᠶᠢᠭᠤᠯᠬᠤ ᠶᠢ ᠵᠣᠷᠢᠬᠵᠢᠭᠤᠯᠵᠤ᠂ ᠮᠠᠰᠢᠨ ᠬᠡᠷᠡᠭᠰᠡᠯ ᠢ ᠬᠠᠮᠲᠤ ᠳᠤ ᠪᠠᠨ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠣᠯᠵᠠ ᠬᠦᠷᠲᠡᠬᠦ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠡᠯᠪᠡᠷᠢ ᠪᠠᠶᠢᠳᠠᠯ ᠳᠤ ᠰᠢᠨ᠎ᠡ ᠶᠢ ᠡᠭᠦᠳᠬᠦ ᠶᠢ ᠠᠬᠢᠭᠤᠯᠵᠤ᠂ ᠨᠢᠭᠡ ᠪᠦᠯᠦᠭ ︽ᠪᠦᠬᠦ ᠶᠠᠪᠤᠴᠠ ᠶᠢ ᠮᠧᠬᠠᠨᠢᠬᠵᠢᠭᠤᠯᠬᠤ + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ︾᠎ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠶᠠᠪᠤᠴᠠ ᠪᠠᠷ ᠮᠧᠬᠠᠨᠢᠬᠵᠢᠭᠤᠯᠤᠨ ᠠᠵᠢᠯᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠲᠦᠯᠲᠡᠢ ᠬᠤᠳᠠᠯᠳᠤᠨ ᠠᠪᠬᠤ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠶᠢᠨ ᠯᠠᠪᠯᠠᠯᠭ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠤᠷᠤᠯᠠᠭᠤᠯᠤᠨ ᠬᠤᠳᠠᠯᠳᠤᠬᠤ ᠶᠢ ᠵᠠᠯᠭᠠᠯᠳᠤᠭᠤᠯᠬᠤ ᠵᠡᠷᠭᠡ ︽ᠨᠢᠭᠡ ᠦᠷᠲᠡᠭᠡ ᠮᠠᠶ᠋ᠢᠭ︾᠎ ᠤᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ᠃ ᠮᠤᠵᠢ ᠤᠷᠤᠨ ᠠᠯᠤᠰᠯᠠᠨ ᠠᠵᠢᠯᠯᠠᠬᠤ ᠬᠠᠳᠤᠬᠤ ᠬᠤᠷᠢᠶᠠᠬᠤ ᠬᠠᠮ ᠮᠠᠰᠢᠨ᠂ ᠲᠡᠭᠡᠭᠡᠪᠦᠷᠢ ᠶᠢᠨ ᠬᠠᠳᠤᠵᠤ ᠬᠤᠷᠢᠶᠠᠬᠤ ᠬᠠᠮ ᠮᠠᠰᠢᠨ ᠪᠤᠯᠤᠨ ᠴᠢᠬᠢ ᠰᠠᠭᠤᠯᠭᠠᠬᠤ ᠮᠠᠰᠢᠨ ᠤ ᠲᠡᠷᠭᠡ ᠬᠦᠰᠭᠡ ᠨᠡᠪᠲᠡᠷᠡᠬᠦ ᠵᠠᠷᠤᠳᠠᠯ ᠢ ᠦᠷᠭᠦᠯᠵᠢᠯᠡᠨ ᠬᠡᠯᠲᠦᠷᠢᠭᠦᠯᠦᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠬᠠᠷᠢᠭᠤᠴᠠᠨ᠎ᠠ︶      ᠵᠢᠷᠭᠤᠭ᠎ᠠ᠂ ᠲᠠᠷᠢᠶᠠᠯᠠᠩ ᠤᠨ ᠮᠠᠰᠢᠨ ᠤ ᠠᠵᠢᠯᠯᠠᠬᠤ ᠰᠠᠭᠤᠷᠢ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ      ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠳᠥᠭᠦᠮ ᠦᠵᠡᠭᠦᠯᠬᠦ ᠬᠡᠮᠵᠢᠶ᠎ᠡ ᠪᠠ ᠲᠦᠭᠦᠷ ᠪᠡᠯᠡᠳᠭᠡᠮᠵᠢ ᠶᠢᠨ ᠨᠦᠬᠦᠴᠡᠯ ᠢ ᠰᠠᠶᠢᠵᠢᠷᠠᠭᠤᠯᠤᠨ᠎ᠠ᠃ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠦᠳᠡᠭᠡ ᠲᠤᠰᠬᠤᠨ ᠤ ᠭᠠᠵᠠᠷ ᠰᠢᠷᠤᠢ ᠶᠢᠨ ᠶᠡᠷᠦᠩᠬᠡᠶᠢᠯᠡᠭᠰᠡᠨ ᠵᠠᠰᠠᠯᠲᠠ ᠲᠠᠢ ᠤᠶᠠᠯᠳᠤᠭᠤᠯᠵᠤ᠂ ᠲᠠᠷᠢᠶᠠᠨ ᠵᠠᠮ᠂ ᠭᠠᠵᠠᠷ ᠲᠠᠷᠢᠶᠠᠨ ᠤ ᠶᠡᠭᠡ ᠪᠠᠭ᠎ᠠ ᠬᠢᠭᠡᠳ ᠳᠡᠭᠰᠢᠬᠡᠨ ᠪᠠᠶᠢᠬᠤ ᠬᠡᠮᠵᠢᠶ᠎ᠡ ᠵᠡᠷᠭᠡ ︽ᠮᠧᠬᠠᠨᠢᠬᠵᠢᠭᠤᠯᠬᠤ ᠳᠤ ᠲᠥᠭᠦᠮ ᠪᠣᠯᠭᠠᠬᠤ︾ ᠱᠠᠭᠠᠷᠳᠠᠯᠭ᠎ᠠ ᠶᠢ ᠲᠤᠳᠤᠷᠬᠠᠶᠢᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠵᠠᠮ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠳᠡᠭᠦᠯᠳᠡᠷᠵᠢᠭᠦᠯᠵᠣ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠨᠡᠪᠲᠡᠷᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠤᠨ᠎ᠡ᠃ ᠲᠦᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠵᠡᠷᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠤᠰᠢᠭᠤ ᠰᠢᠶᠠᠨ ᠤ ᠱᠠᠲᠤᠨ ᠤ ᠨᠢᠭᠡᠲᠦᠯᠲᠡᠢ ᠲᠦᠯᠦᠪᠵᠢᠭᠦᠯᠭᠡ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠬᠡᠷᠡᠭᠰᠡᠯ ᠤᠨ ᠬᠠᠳᠠᠭᠠᠯᠠᠨ ᠲᠠᠯᠪᠢᠬᠤ ᠪᠠ ᠰᠡᠯᠪᠢᠨ ᠵᠠᠰᠠᠬᠤ᠂ ᠲᠠᠷᠢᠮᠠᠯ ᠤᠨ ᠴᠢᠬᠢ ᠪᠤᠶᠢᠵᠢᠭᠤᠯᠬᠤ ᠵᠢᠴᠢ ᠲᠠᠷᠢᠶᠠᠯᠠᠩ ᠤᠨ ᠪᠦᠳᠦᠬᠡᠭᠳᠡᠬᠦᠨ ᠢ ᠭᠠᠷᠤᠯᠲᠠ ᠶᠢᠨ ᠭᠠᠵᠠᠷ ᠲᠤ ᠨᠢ ᠬᠠᠭᠰᠠᠭᠠᠵᠤ ᠬᠠᠲᠠᠭᠠᠬᠤ ᠪᠠ ᠠᠩᠬ᠎ᠠ ᠡᠳ᠋ᠰᠢᠭᠦᠯᠬᠦ ᠵᠡᠷᠭᠡ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠲᠦᠭᠦᠷ ᠪᠡᠯᠡᠳᠭᠡᠮᠵᠢ ᠶᠢ ᠵᠦᠢ ᠵᠤᠬᠢᠰᠲᠠᠢ ᠪᠠᠶᠢᠷᠢᠰᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠨ ᠤ ᠭᠦᠢᠴᠡᠳᠭᠡᠯ ᠲᠣᠭᠠᠨ ᠳᠤ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠶᠢᠨ ᠬᠡᠷᠡᠭᠯᠡᠬᠦ ᠭᠠᠵᠠᠷ ᠢ ᠡᠩ ᠲᠡᠷᠢᠭᠦᠨ ᠳᠤ ᠲᠣᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠭᠠᠶᠢᠯᠢ ᠵᠠᠷᠤᠳᠠᠯ ᠢ ᠨᠢ ᠲᠤᠭᠲᠠᠭᠠᠯ ᠶᠤᠰᠤᠭᠠᠷ ᠬᠠᠰᠤᠵᠤ ᠬᠡᠯᠲᠦᠷᠢᠭᠦᠯᠦᠨ᠎ᠡ᠃ ᠨᠦᠬᠦᠴᠡᠯ ᠲᠠᠢ ᠭᠠᠵᠠᠷ ᠤᠷᠤᠨ ᠨᠢ ᠳᠡᠯᠭᠡᠨ ᠬᠠᠲᠠᠭᠠᠬᠤ ᠲᠠᠯᠠᠪᠠᠢ᠂ ᠬᠠᠭᠰᠠᠭᠠᠵᠤ ᠬᠠᠲᠠᠭᠠᠬᠤ ᠲᠦᠭᠦᠬᠡᠷᠦᠮᠵᠢ᠂ ᠮᠠᠰᠢᠨ ᠬᠡᠷᠡᠭᠰᠡᠯ ᠤᠨ ᠫᠧᠩ ᠬᠦᠮᠦᠷᠭᠡ ᠵᠡᠷᠭᠡ ᠲᠦᠭᠦᠷ ᠪᠡᠯᠡᠳᠭᠡᠮᠵᠢ ᠶᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠤᠭᠤᠯᠵᠤ ᠪᠣᠯᠤᠨ᠎ᠠ᠃ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠢᠨᠠᠨ ᠬᠠᠮᠢᠶᠠᠷᠬᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠵᠡᠷᠭᠡ ᠬᠠᠷᠢᠭᠤᠴᠠᠨ᠎ᠠ︶       ᠳᠤᠯᠤᠭ᠎ᠠ᠂ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠢ ᠬᠦᠮᠦᠵᠢᠭᠦᠯᠬᠦ ᠶᠢ ᠦᠨᠡᠨ ᠬᠦ ᠴᠢᠩᠭᠠᠳᠬᠠᠨ᠎ᠠ      ︵ᠨᠢᠭᠡ︶ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠢᠨᠵᠧᠨᠧᠷᠢᠩ ᠤᠨ ᠴᠢᠳᠠᠪᠤᠷᠢᠲᠠᠨ ᠬᠦᠮᠦᠵᠢᠭᠦᠯᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢ ᠬᠦᠲᠦᠯᠦᠨ ᠵᠢᠯᠤᠭᠤᠳᠴᠦ ᠪᠠᠶᠢᠭᠠᠳ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠢᠴᠢᠶᠡᠯ ᠢ ᠢᠳᠡᠪᠬᠢᠲᠡᠢ ᠲᠣᠬᠢᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠬᠡᠷᠡᠭᠯᠡᠭᠡᠨ ᠤ ᠬᠡᠯᠪᠡᠷᠢ ᠶᠢᠨ ᠬᠠᠮ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ ᠴᠢᠳᠠᠪᠤᠷᠢᠲᠠᠨ ᠢ ᠬᠦᠮᠦᠵᠢᠭᠦᠯᠤᠨ᠎ᠡ᠃ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢᠨ ᠬᠢᠨ ᠤ ᠲᠠᠷᠢᠶᠠᠯᠠᠩ ᠮᠠᠯ ᠠᠵᠤ ᠠᠬᠤᠢ ᠶᠢᠨ ᠢᠨᠵᠧᠨᠧᠷᠢᠩ ᠤᠨ ᠲᠥᠷᠥᠯ ᠤᠨ ᠳᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠶᠢ ᠳᠡᠮᠵᠢᠵᠦ᠂ ᠠᠰᠫᠢᠷᠠᠨᠲ᠂ ᠳ᠋ᠣᠺᠲ᠋ᠣᠷᠠᠨᠲ ᠬᠦᠮᠦᠵᠢᠭᠦᠯᠬᠦ ᠬᠡᠪᠴᠢᠶ᠎ᠡ ᠶᠢ ᠦᠷᠭᠡᠳᠭᠡᠵᠦ᠂ ᠬᠦᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠣᠢ ᠰᠢᠭᠤᠢ ᠶᠢᠨ ᠭᠠᠷᠮᠠᠭᠠᠢ ᠴᠢᠳᠠᠪᠤᠷᠢᠲᠠᠨ᠂ ᠭᠠᠷᠮᠠᠭᠠᠢ ᠢᠨᠵᠧᠨᠧᠷ ᠢ ᠬᠦᠮᠦᠵᠢᠭᠦᠯᠦᠨ ᠪᠤᠶᠢᠵᠢᠭᠤᠯᠬᠤ ᠲᠦᠯᠦᠪᠵᠢᠭᠦᠯᠭᠡ ᠶᠢᠨ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠨᠢᠭᠡ ᠴᠣᠭᠴᠠᠵᠢᠭᠤᠯᠤᠭᠰᠠᠨ ᠬᠦᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠬᠢᠭᠡᠳ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠲᠠᠷᠢᠶᠠᠯᠠᠩ ᠤᠨ ᠮᠠᠰᠢᠨ ᠤ ᠳᠠᠪᠠᠭᠤᠯᠢᠭ ᠠᠵᠤ ᠠᠬᠤᠶᠢᠯᠠᠯ ᠤᠳ ᠤᠨ ᠰᠤᠷᠭᠠᠭᠤᠯᠢ ᠯᠤᠭ᠎ᠠ ᠢᠨᠵᠧᠨᠧᠷᠢᠩ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠦᠢᠯᠡᠳᠦᠯᠭᠡ ᠶᠢᠨ ᠰᠠᠭᠤᠷᠢᠨ ᠭᠠᠵᠠᠷ᠂ ᠪᠤᠲᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠳᠡᠯᠴᠡᠬᠦ ᠶᠢ ᠳᠡᠮᠵᠢᠨ᠎ᠡ᠃ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠤ ᠣᠯᠠᠨ ᠤᠯᠤᠰ ᠤᠨ ᠰᠤᠯᠢᠯᠴᠠᠭ᠎ᠠ ᠬᠠᠮᠲᠤᠷᠠᠯᠴᠠᠭ᠎ᠠ ᠬᠢᠬᠦ ᠶᠢ ᠵᠣᠷᠢᠬᠵᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ︶      ︵ᠬᠤᠶᠠᠷ︶ ᠲᠠᠷᠢᠶᠠᠯᠠᠩ ᠤᠨ ᠮᠠᠰᠢᠨ ᠤ ᠪᠣᠳᠠᠳᠤ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠶᠢ ᠴᠢᠬᠤᠯᠠᠴᠢᠯᠠᠨ᠎ᠠ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ ᠤᠨ ᠳᠠᠭᠠᠭᠤᠯᠤᠭᠴᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠡ᠃ ᠲᠠᠷᠢᠶᠠᠯᠠᠩ ᠤᠨ ᠮᠠᠰᠢᠨ ᠤ ᠠᠵᠢᠯ ᠮᠡᠷᠭᠡᠵᠢᠯ ᠤᠷ᠎ᠠ ᠴᠢᠳᠠᠪᠤᠷᠢ ᠶᠢ ᠨᠡᠭᠡᠭᠡᠨ ᠬᠦᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ᠂ ᠰᠡᠯᠪᠢᠨ ᠵᠠᠰᠠᠬᠤ ᠵᠢᠴᠢ ᠬᠡᠷᠡᠭᠯᠡᠬᠦ ᠡᠮᠦᠨ᠎ᠡ ᠹᠷᠤᠨᠲ ᠲᠤ ᠠᠵᠢᠯᠯᠠᠵᠤ ᠪᠠᠶᠢᠭ᠎ᠠ ᠨᠢᠭᠡ ᠪᠦᠯᠦᠭ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠤᠩᠭᠤᠬᠤ ᠪᠠ ᠬᠦᠮᠦᠵᠢᠭᠦᠯᠦᠨ᠎ᠡ᠃ ᠦᠢᠯᠡᠴᠢᠯᠡᠭᠡ ᠬᠤᠳᠠᠯᠳᠤᠨ ᠠᠪᠬᠤ᠂ ᠲᠦᠷᠦᠯ ᠵᠦᠢᠯ ᠢ ᠳᠡᠮᠵᠢᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠵᠦ᠂ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ ᠤᠨ ᠲᠠᠷᠢᠶᠠᠯᠠᠩ ᠤᠨ ᠮᠠᠰᠢᠨ ᠤ ᠪᠤᠳᠠᠳᠤ ᠬᠡᠷᠡᠭᠯᠡᠭᠡᠨ ᠤ ᠤᠷ᠎ᠠ ᠴᠢᠳᠠᠪᠤᠷᠢᠲᠤ ᠴᠢᠳᠠᠪᠤᠷᠢᠲᠠᠨ ᠬᠦᠮᠦᠵᠢᠭᠦᠯᠬᠦ ᠶᠢ ᠳᠡᠮᠵᠢᠨ᠎ᠡ᠃ ᠦᠨᠳᠦᠰᠦᠨ ᠱᠠᠲᠤᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠦᠭᠴᠢ ᠶᠢᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠮᠡᠳᠡᠯᠭᠡ ᠶᠢᠨ ᠰᠢᠨᠡᠴᠢᠯᠡᠯ ᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢ ᠣᠶᠢᠯᠠᠭᠠᠬᠤ᠂ ᠮᠠᠯᠵᠢᠬᠤ ᠲᠠᠷᠢᠶᠠᠯᠠᠬᠤ ᠤᠷᠤᠨ ᠳᠤ ᠬᠠᠶᠢᠷᠠᠲᠠᠢ ᠪᠦᠭᠡᠳ ᠮᠠᠯᠴᠢᠨ ᠲᠠᠷᠢᠶᠠᠴᠢᠳ ᠢ ᠲᠤᠳᠤᠨᠤᠴᠢᠯᠠᠨ ᠰᠠᠨᠠᠬᠤ ᠨᠢᠭᠡᠨ ᠰᠠᠯᠠᠭ᠎ᠠ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶       ᠨᠠᠢᠮᠠ᠂ ᠵᠤᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ      ︵ᠨᠢᠭᠡ︶ ᠵᠤᠬᠢᠶᠠᠨ ᠪᠠᠶᠢᠭᠤᠯᠵᠤ ᠬᠡᠷᠡᠭᠵᠢᠭᠦᠯᠬᠦ ᠲᠤᠭᠲᠠᠴᠠ ᠶᠢ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠢᠶᠠᠷ ᠲᠦᠷᠦᠭᠦᠯᠡᠭᠰᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠣᠷᠤᠯᠴᠠᠭᠰᠠᠨ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ ᠬᠦᠭᠵᠢᠯᠲᠡ ᠶᠢ ᠵᠣᠬᠢᠴᠠᠭᠤᠯᠤᠨ ᠠᠬᠢᠭᠤᠯᠬᠤ ᠲᠤᠭᠲᠠᠴᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠳᠠ ᠪᠠ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠦᠭᠵᠢᠯᠲᠡ ᠶᠢᠨ ᠠᠵᠢᠯ ᠢ ᠨᠢᠭᠡᠳᠦᠯᠲᠡᠢ ᠵᠣᠬᠢᠴᠠᠭᠤᠯᠵᠤ᠂ ᠳᠤᠪᠤᠶᠢᠮ᠎ᠠ ᠠᠰᠠᠭᠤᠳᠠᠯ ᠢ ᠰᠢᠯᠤᠭᠤᠳᠬᠠᠨ ᠰᠢᠢᠳᠪᠦᠷᠢᠯᠡᠵᠣ᠂ ᠪᠠᠶᠢᠯᠳᠤᠬᠤ ᠪᠣᠳᠤᠯᠭ᠎ᠠ ᠶᠢᠨ ᠤᠬᠠᠭᠠᠯᠠᠨ ᠲᠦᠯᠦᠪᠯᠡᠬᠦ ᠪᠠ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠬᠦᠭᠵᠢᠯᠲᠡ ᠶᠢᠨ ᠶᠠᠪᠤᠴᠠ ᠳᠠᠬᠢ ᠬᠠᠷᠰᠢ ᠰᠠᠭᠠᠳ ᠢ ᠠᠷᠢᠯᠭᠠᠨ᠎ᠠ᠃ ᠴᠢᠬᠤᠯᠠ ᠶᠡᠭᠡ ᠠᠰᠠᠭᠤᠳᠠᠯ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠲᠦᠷᠦᠭᠦᠯᠡᠨ ᠬᠢᠵᠦ ᠬᠠᠷᠢᠭᠤᠴᠠᠨ᠎ᠠ︶      ︵ᠬᠤᠶᠠᠷ︶ ᠤᠷᠤᠨ ᠨᠤᠲᠤᠭ ᠤᠨ ᠵᠠᠰᠠᠭ ᠤᠨ ᠣᠷᠳᠤᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠢ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ ᠲᠡᠭᠦᠨ ᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠤᠨ ᠤ ᠤᠳᠤᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠲᠤᠰ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ ᠪᠠ ᠡᠳᠦᠷ ᠲᠤᠳᠤᠮ ᠤᠨ ᠵᠦᠪᠯᠡᠬᠦ ᠵᠦᠢᠯ ᠳᠤ ᠤᠷᠤᠭᠤᠯᠵᠤ᠂ ᠪᠤᠲᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠦᠨᠡᠨ ᠬᠦ ᠶᠠᠪᠤᠭᠳᠠᠭᠤᠰᠢᠲᠠᠢ ᠠᠵᠢᠯ ᠤᠨ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠬᠠᠮᠵᠢᠯᠴᠠᠨ ᠠᠬᠢᠭᠤᠯᠬᠤ ᠲᠤᠭᠲᠠᠴᠠ ᠶᠢ ᠪᠠᠶᠢᠭᠤᠯᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠷᠤᠳᠠᠯ ᠤᠨ ᠪᠠᠳᠤᠯᠠᠭ᠎ᠠ ᠶᠢ ᠴᠢᠩᠭᠠᠳᠬᠠᠨ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠬᠠᠷᠢᠭᠤᠴᠠᠨ᠎ᠠ︶      ︵ᠭᠤᠷᠪᠠ︶ ᠵᠠᠰᠠᠭ ᠤᠨ ᠤᠷᠳᠤᠨ ᠪᠤᠯᠤᠨ ᠵᠠᠬ᠎ᠠ ᠳᠡᠯᠭᠡᠭᠦᠷ ᠤᠨ ᠰᠠᠶᠢᠨ ᠦᠢᠯᠡᠳᠦᠯᠴᠡᠯ ᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠳᠠ ᠶᠢ ᠠᠬᠢᠭᠤᠯᠬᠤ ᠶᠠᠪᠤᠴᠠ ᠳᠠᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠭᠤ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ ᠲᠤ ᠨᠡᠩ ᠣᠯᠠᠨ ᠬᠦᠭᠵᠢᠯᠲᠡ ᠶᠢᠨ ᠣᠷᠤᠨ ᠵᠠᠢ ᠶᠢ ᠪᠦᠷᠢᠯᠳᠦᠭᠦᠯᠵᠦ ᠥᠭᠭᠦᠨ᠎ᠡ᠃ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠪᠠ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠪᠠ ᠡᠭᠦᠳᠦᠨ ᠪᠦᠲᠦᠭᠡᠬᠦ ᠴᠢᠨᠠᠷ ᠢ ᠳᠠᠶᠢᠴᠢᠯᠠᠨ᠎ᠠ᠃ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ᠂ ᠮᠡᠳᠡᠭᠡ ᠵᠠᠩᠭᠢ ᠰᠤᠯᠢᠯᠴᠠᠬᠤ ᠵᠡᠷᠭᠡ ᠲᠠᠯ᠎ᠠ ᠪᠠᠷ ᠬᠢ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠦᠢᠯᠡᠴᠢᠯᠡᠬᠦ ᠶᠢᠨ ᠬᠠᠮᠲᠤ ᠬᠦᠲᠦᠯᠦᠨ ᠵᠢᠯᠤᠭᠤᠳᠤᠨ᠎ᠠ᠃ ᠶᠠᠷᠢᠶ᠎ᠠ ᠬᠡᠯᠡᠯᠴᠡᠭᠡ ᠶᠢ ᠬᠦᠲᠦᠯᠦᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦᠯᠬᠦ ᠶᠢ ᠲᠦᠷᠭᠡᠳᠭᠡᠨ ᠠᠬᠢᠭᠤᠯᠬᠤ ᠰᠠᠶᠢᠨ ᠰᠠᠶᠢᠬᠠᠨ ᠣᠷᠴᠢᠨ ᠠᠬᠤᠢ ᠶᠢ ᠴᠢᠷᠮᠠᠶᠢᠨ ᠪᠣᠢ ᠪᠣᠯᠭᠠᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶                                        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map