ᠦᠪᠦᠷ ᠵᠠᠰᠠᠭ ᠦᠰᠦᠭ〔 2020〕33 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠵᠦᠪᠯᠡᠯ᠂ ᠠᠯᠪᠠᠨ | ᠬᠡᠷ᠂ ᠲᠢᠩᠬᠢᠮ᠂ ᠲᠤᠪᠴᠢᠶ᠎ᠠ ᠳᠤ᠄ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠰᠡᠭᠦᠯ ᠬᠤᠷᠢᠶᠠᠬᠤ ᠵᠢᠯ | ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠦᠨᠡᠨ | ᠬᠦ ᠰᠠᠶᠢᠲᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ | ᠴᠢᠷᠮᠠᠶᠢᠨ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠬᠦᠴᠦᠲᠡᠶ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠡᠳᠦᠬᠡ ᠬᠤᠯᠪᠤᠨᠨᠳᠠᠯ ᠪᠦᠭᠦᠢ | ᠤᠴᠢᠷ ᠢ ᠲᠤᠤᠷᠠᠬᠢ ᠮᠡᠳᠦ ᠮᠡᠳᠡᠭᠳᠡᠪᠡ᠄ | ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠶ | ᠡᠯ᠎ᠡ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ | ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠠᠭ ᠲᠤᠬᠠᠶ ᠳᠤ ᠨᠢ | ᠨᠡᠶᠢᠭᠡᠮ ᠳᠤ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠣᠰ ᠵᠢᠯ ᠤᠨ ᠳᠣᠲᠣᠷ᠎ᠠ᠂ ᠨᠡᠶᠢᠭᠡᠮ ᠤᠨ | ᠠᠪᠤᠷᠠᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠤᠬᠢᠷᠠᠭᠤᠯᠬᠤ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ | ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ | 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠦᠩᠬᠦ ᠪᠠᠨ | ᠨᠥᠬᠦᠪᠥᠷᠢᠯᠡᠨ ᠦᠭᠴᠤ ᠳᠠᠭᠤᠰᠬᠠᠬᠤ ᠬᠡᠷᠡᠭᠲᠡᠶ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠠᠴᠠ ᠭᠠᠷᠤᠨᠨᠰᠠᠨ ᠪᠠᠶᠢᠪᠠᠯ ᠨᠦᠭᠦᠪᠦᠷᠢᠯᠡᠵᠦ ᠦᠭᠬᠦ ᠦᠬᠡᠢ᠃ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠰᠢᠨ᠎ᠡ ᠪᠠᠷᠢᠮᠵᠢᠶ᠎ᠠ ᠶᠢ | ᠬᠡᠷᠡᠭᠵᠢᠬᠦᠯᠦᠭᠰᠡᠨ ᠪᠠ ᠪᠡᠯᠡ ᠮᠥᠩᠭᠦ ᠤᠯᠭᠤᠨᠨᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ ᠪᠠᠶᠢᠳᠠᠯ ᠢᠶᠠᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠬᠦ ᠬᠡᠷᠡᠭᠲᠡᠶ᠃ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ ᠵᠤᠬᠢᠴᠠᠭᠤᠯᠤᠨ ᠬᠠᠮᠵᠢᠯᠴᠠᠵᠤ | ᠂ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤ ᠨᠢ ᠲᠤᠭ᠎ᠠ ᠶᠤᠰᠤᠭᠠᠷ ᠤᠯᠭᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠ ᠠᠶᠢᠮᠠᠭ ᠬᠤᠲᠠ ᠶᠢᠨ ᠪᠠᠶᠢᠴᠠᠭᠠᠭᠰᠠᠨ ᠪᠠᠶᠢᠳᠠᠯ ᠳᠤ | ᠬᠢᠨᠠᠯᠳᠠ ᠲᠠᠯᠪᠢᠵᠦ ᠪᠠᠶᠢᠴᠠᠭᠠᠨ ᠦᠵᠡᠬᠦ ᠬᠡᠷᠡᠭᠳᠡᠢ᠃ | ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠲᠠᠯ᠎ᠠ ᠪᠠᠷ ᠬᠢ ᠰᠠᠭᠤᠷᠢ ᠠᠴᠠ ᠨᠢ ᠲᠠᠭᠠᠭᠠᠨ ᠪᠠᠳᠤᠯᠠᠬᠤ | ᠠᠵᠢᠯ ᠢ ᠦᠨᠡᠨ ᠬᠦ ᠰᠠᠶᠢᠳᠤᠷ ᠬᠡᠷᠡᠭᠲᠡᠶ | ᠡᠯ᠎ᠡ ᠭᠠᠵᠠᠷ ᠣᠷᠣᠨ ᠨᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠳᠤᠯᠠᠭ᠎ᠠ ᠶᠢᠨ ᠳᠦᠷᠢᠮ ᠢᠶᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠲᠠᠢ | ᠪᠦᠳᠦᠮᠵᠢᠳᠡᠢ ᠵᠣᠯᠭᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠦ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠦᠷᠳᠡᠭᠰᠡᠳ ᠢ ᠮᠠᠭᠠᠳᠯᠠᠨ ᠲᠣᠭᠲᠠᠭᠠᠬᠤ ᠶᠠᠪᠤᠴᠠ ᠳᠤ ᠠᠪᠤᠷᠠᠨ ᠲᠤᠰᠠᠯᠠᠭᠤᠯᠬᠤ ᠭᠦᠮᠦᠰ ᠤᠨ ᠭᠡᠷ | ᠪᠦᠯᠢ ᠶᠢᠨ ᠪᠦᠷᠢᠯᠳᠦᠬᠦᠨ ᠤ ᠬᠢᠵᠢᠭ ᠲᠠᠬᠤᠯ ᠡᠪᠡᠳᠴᠢᠨ ᠡᠮᠬᠡᠭ ᠵᠡᠮᠳᠡᠭ ᠵᠡᠷᠡᠮᠳᠡᠭ ᠵᠡᠷᠭᠡ ᠠᠴᠠ ᠪᠤᠯᠵᠦ | ᠨᠡᠮᠡᠭᠳᠡᠭᠰᠡᠨ ᠵᠠᠶᠢᠯᠠᠰᠢ ᠦᠬᠡᠢ ᠵᠠᠷᠤᠯᠭ᠎ᠠ ᠵᠡᠷᠬᠡ ᠶᠢ ᠨᠢ ᠭᠡᠷ ᠪᠦᠯᠢ ᠶᠢᠨ ᠣᠷᠣᠯᠭ᠎ᠠ ᠶᠢ ᠲᠣᠭᠠᠴᠠᠨ ᠪᠣᠳᠣᠬᠤ | ᠦᠶ᠎ᠡ ᠳᠤ ᠬᠠᠰᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠠᠳᠤᠶ ᠶᠠᠳᠠᠭᠤ ᠬᠦᠴᠢᠷᠳᠡᠯᠲᠡᠶ ᠭᠦᠮᠦᠰ᠂ ᠶᠠᠳᠠᠭᠤᠷᠠᠬᠤ | ᠪᠠ ᠲᠠᠬᠢᠨ ᠶᠠᠳᠠᠭᠤᠷᠠᠬᠤ ᠪᠤᠯᠤᠮᠵᠢ ᠶᠡᠭᠡ ᠲᠠᠢ ᠭᠦᠮᠦᠰ ᠵᠡᠷᠭᠡ ᠭᠤᠤᠯᠳᠠᠯᠭ᠎ᠠ ᠲᠠᠢ ᠭᠦᠮᠦᠰ ᠲᠤ ᠠᠩᠬᠠᠷᠤᠯ | ᠲᠦᠪᠯᠡᠷᠡᠭᠦᠯᠦᠨ᠂ ᠠᠪᠤᠷᠠᠨ ᠲᠤᠰᠠᠯᠠᠬᠤ ᠲᠠᠯ᠎ᠠ ᠪᠠᠷ ᠬᠢ ᠰᠠᠭᠤᠷᠢ ᠠᠴᠠ ᠨᠢ ᠲᠠᠭᠠᠭᠠᠨ ᠪᠠᠳᠤᠯᠠᠬᠤ ᠪᠠᠶᠢᠳᠠᠯ ᠢ | ᠤᠶᠢᠯᠠᠭᠠᠵᠦ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠳᠤ ᠨᠡᠶᠢᠴᠡᠬᠦ | ᠭᠦᠮᠦᠰ ᠲᠤ ᠠᠪᠤᠷᠠᠨ ᠲᠤᠰᠠᠯᠠᠬᠤ ᠲᠠᠯ᠎ᠠ ᠪᠠᠷ ᠬᠢ ᠰᠠᠭᠤᠷᠢ ᠠᠴᠠ ᠨᠢ ᠲᠠᠭᠠᠭᠠᠨ ᠪᠠᠳᠤᠯᠠᠬᠤ ᠠᠷᠭ᠎ᠠ ᠬᠡᠮᠵᠢᠶ᠎ᠡ ᠶᠢ | ᠨᠠᠷᠢᠯᠢᠭ ᠤᠨᠤᠪᠴᠢᠳᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ | ᠰᠢᠪᠳᠤᠯᠤᠯᠳᠠ ᠶᠢᠨ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠳᠤ ᠣᠷᠣᠭᠤᠯᠤᠭᠰᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ | ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶᠠᠨ ᠠᠴᠠ ᠲᠠᠪᠠᠭᠰᠠᠨ ᠪᠤᠯ᠂ ᠵᠣᠬᠢᠬᠤ ᠬᠤᠭᠤᠴᠠᠭ᠎ᠠ ᠲᠠᠢ ︽ᠢᠳᠡᠭ ᠢᠳᠡᠭ ᠢᠶᠠᠷ ᠪᠤᠴᠠᠭᠠᠬᠤ ᠬᠤᠭᠤᠴᠠᠭ᠎ᠠ︾ | ᠭᠠᠷᠭᠠᠨ ᠦᠭᠴᠤ ᠪᠣᠯᠤᠨ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠨᠢ ᠲᠡᠳᠡᠨ ᠤ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠰᠠᠨ ᠢ ᠨᠢ ᠲᠤᠳᠤᠯᠬᠠᠰᠠᠨ ᠤ ᠲᠠᠷᠠᠭ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠠᠴᠠ ᠭᠠᠷᠭᠠᠵᠦ᠂ ᠰᠠᠭᠤᠷᠢ ᠠᠴᠠ ᠨᠢ ᠲᠠᠭᠠᠭᠠᠨ ᠪᠠᠳᠤᠯᠠᠵᠦ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠬᠦᠯᠬᠦ ᠬᠡᠷᠡᠭᠳᠡᠢ᠃ ᠲᠦᠷ ᠴᠠᠭ ᠠᠪᠤᠷᠠᠨ ᠲᠤᠰᠠᠯᠠᠬᠤ | ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠬᠤ | ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠬᠤ ᠬᠡᠷᠡᠭᠲᠡᠶ᠃ ᠬᠥᠳᠡᠯᠮᠦᠷᠢᠯᠡᠬᠦ ᠴᠢᠳᠠᠪᠤᠷᠢ ᠪᠠᠨ ᠠᠯᠳ᠋ᠬᠠᠰᠠᠨ | ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠦᠮᠦᠰ ᠤᠨ ᠦᠨᠳᠦᠰᠦᠨ ᠠᠮᠢᠳᠤᠷᠠᠯ ᠢ ᠰᠠᠭᠤᠷᠢ ᠠᠴᠠ ᠨᠢ | ᠲᠠᠭᠠᠭᠠᠨ ᠪᠠᠳᠤᠯᠠᠬᠤ ᠳᠤ ᠨᠡᠷᠡᠯᠡᠨ ᠵᠢᠭᠠᠵᠦ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠡᠭᠦᠷᠭᠡ ᠲᠠᠭᠠᠭᠠᠯᠭᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠳᠡᠢ᠃ | ᠭᠤᠷᠪᠠ᠂ ᠨᠡᠶᠢᠭᠡᠮ ᠤᠨ ᠠᠪᠤᠷᠠᠨ ᠲᠤᠰᠠᠯᠠᠬᠤ ᠲᠠᠯ᠎ᠠ ᠪᠠᠷ ᠬᠢ ᠵᠢᠷᠤᠮᠵᠢᠭᠰᠠᠨ ᠬᠠᠮᠢᠶᠠᠷᠤᠯᠲᠠ ᠶᠢ | ᠦᠷᠭᠦᠯᠵᠢᠯᠡᠨ ᠠᠬᠢᠭᠤᠯᠬᠤ ᠬᠡᠷᠡᠭᠳᠡᠢ | ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ | ᠭᠦᠨᠵᠡᠬᠡᠶᠢᠷᠡᠬᠦᠯᠬᠦ ᠬᠡᠷᠡᠭᠳᠡᠢ᠃ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ | ᠵᠠᠰᠠᠯᠲᠠ ᠶᠢ ᠭᠦᠨᠵᠡᠬᠡᠢ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ | ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠬᠦᠯᠬᠦ ᠬᠡᠷᠡᠭᠳᠡᠢ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠲᠤᠶᠢᠯ ᠤᠨ ᠤᠨᠤᠪᠴᠢᠳᠠᠢ ᠪᠠᠷ ᠮᠠᠭᠠᠳᠯᠠᠨ | ᠲᠤᠨᠨᠳᠠᠭᠠᠬᠤ ᠶᠢ ᠠᠬᠢᠭᠤᠯᠵᠤ᠂ ᠡᠯ᠎ᠡ ᠭᠠᠵᠠᠷ ᠣᠷᠣᠨ ᠶᠡᠷᠦᠩᠬᠡᠶᠢᠯᠡᠨ ᠮᠠᠭᠠᠳᠯᠠᠵᠦ ᠲᠣᠭᠲᠠᠭᠠᠬᠤ ᠭᠦᠢᠴᠡᠳᠬᠡᠯ | ᠲᠤᠭ᠎ᠠ ᠪᠠᠶᠢᠷᠢᠯᠠᠭᠤᠯᠬᠤ ᠳᠤ ᠪᠠᠨ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠳᠤ ᠠᠮᠢᠳᠤᠷᠠᠵᠤ ᠪᠠᠶᠢᠭ᠎ᠠ | ᠬᠦᠴᠢᠷᠳᠡᠯᠲᠡᠶ ᠣᠯᠠᠨ ᠲᠦᠮᠡᠨ ᠪᠠ ︽ᠳᠥᠷᠪᠡᠨ ᠴᠦᠬᠡᠨ ᠲᠤᠭᠠᠳᠤ︾ ᠦᠨᠳᠦᠰᠦᠲᠡᠨ ᠤ ᠣᠯᠠᠨ ᠲᠦᠮᠡᠨ ᠤ | ᠠᠮᠢᠳᠤᠷᠠᠯ ᠤᠨ ᠥᠪᠡᠷ ᠤᠨ ᠥᠷᠲᠡᠭ ᠤᠨ ᠨᠡᠮᠡᠭᠳᠡᠵᠦ ᠪᠠᠶᠢᠭ᠎ᠠ ᠭᠦᠴᠦᠨ ᠵᠦᠢᠯ ᠢ ᠪᠣᠳᠣᠯᠬᠢᠯᠠᠬᠤ ᠬᠡᠷᠡᠭᠲᠡᠶ᠃ | ᠠᠶᠢᠮᠠᠭ ᠬᠤᠲᠠ ᠨᠢ ᠪᠤᠳᠠᠳᠠᠢ ᠲᠠᠢ ᠪᠠᠨ ᠤᠶᠠᠯᠳᠤᠭᠤᠯᠤᠨ ᠲᠣᠰ ᠵᠠᠰᠠᠭ ᠵᠠᠬᠢᠷᠭᠠᠨ ᠤ ᠣᠷᠣᠨ ᠳᠠᠬᠢ ᠶᠡᠷᠦᠩᠬᠡᠶᠢᠯᠡᠨ | ᠮᠠᠭᠠᠳᠯᠠᠵᠦ ᠲᠣᠭᠲᠠᠭᠠᠬᠤ ᠭᠦᠢᠴᠡᠳᠬᠡᠯ ᠲᠤᠭ᠎ᠠ ᠶᠢ ᠠᠯᠬᠤᠮ ᠠᠯᠬᠤᠮ ᠢᠶᠠᠷ ᠨᠢᠭᠡᠳᠦᠯᠲᠡᠢ ᠲᠦᠯᠦᠪᠯᠡᠵᠦ᠂ ᠣᠷᠣᠨ | ᠪᠦᠰᠡ ᠳᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠶᠡᠷᠦᠩᠬᠡᠶᠢᠯᠡᠨ ᠮᠠᠭᠠᠳᠯᠠᠨ | ᠲᠣᠭᠲᠠᠭᠠᠬᠤ ᠬᠠᠷᠢᠴᠠᠩᠭᠤᠶ ᠨᠢᠭᠡᠳᠦᠯᠲᠡᠶ ᠭᠦᠢᠴᠡᠳᠬᠡᠯ ᠲᠤᠭᠠᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠲᠠᠯ᠎ᠠ ᠳᠠᠬᠢ ᠬᠦᠴᠢᠷᠳᠡᠯᠲᠡᠶ ᠣᠯᠠᠨ | ᠲᠦᠮᠡᠨ ᠤ ᠡᠷᠬᠡ ᠠᠰᠢᠭ ᠨᠢ ᠡᠷᠬᠡ ᠲᠡᠭᠰᠢ᠂ ᠲᠣᠬᠢᠶᠠᠯ ᠪᠠ ᠳᠦᠷᠢᠮ ᠨᠢ ᠭᠤᠤᠯᠴᠢ ᠪᠠᠶᠢᠬᠤ ᠶᠢ ᠪᠡᠶᠡᠯᠡᠬᠦᠯᠬᠦ | ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ᠂ ᠬᠢᠨᠠᠨ ᠬᠠᠷᠭᠤᠭᠤᠯᠵᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ | ᠲᠦᠭᠦᠮᠴᠢᠯᠡᠨ ᠰᠢᠯᠢᠳᠡᠭᠵᠢᠬᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠴᠠᠭ | ᠲᠤᠬᠠᠶ ᠳᠤ ᠨᠢ ᠭᠦᠯᠢᠶᠡᠨ ᠠᠪᠴᠤ ᠰᠶᠢᠳᠪᠦᠷᠢᠯᠡᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ | ᠨᠡᠶᠢᠭᠡᠮ ᠤᠨ ᠠᠪᠤᠷᠠᠨ ᠲᠤᠰᠠᠯᠠᠬᠤ ᠵᠦᠢᠯᠡᠰ ᠢ ᠪᠦᠭᠦ ᠶᠠᠪᠤᠴᠠ ᠳᠤ ᠨᠢ ᠰᠦᠯᠵᠢᠶ᠎ᠡ ᠪᠠᠷ ᠭᠦᠢᠴᠡᠳᠬᠡᠬᠦ ᠶᠢ | ᠢᠳᠡᠪᠬᠢᠲᠡᠶ ᠬᠡᠷᠡᠭᠵᠢᠬᠦᠯᠬᠦ ᠬᠡᠷᠡᠭᠳᠡᠢ᠂ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠨᠥᠬᠦᠴᠡᠯ ᠳᠤ | ᠨᠡᠶᠢᠴᠡᠬᠦ ᠶᠠᠳᠠᠭᠤ ᠬᠦᠴᠢᠷᠳᠡᠯᠲᠡᠶ ᠣᠯᠠᠨ ᠲᠦᠮᠡᠨ ᠪᠦᠭᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠬᠤ ᠪᠠᠨ ᠦᠨᠡᠨ ᠬᠦ ᠪᠠᠳᠤᠯᠠᠬᠤ ᠬᠡᠷᠡᠭᠲᠡᠶ᠃ | ︵ᠬᠤᠶᠠᠷ︶ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ | ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ ᠨᠢ ᠣᠨᠴᠠ | ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠨ ᠵᠢᠷᠤᠮᠵᠢᠭᠤᠯᠵᠤ᠂ ︽ᠠᠪᠤᠷᠠᠨ ᠲᠤᠰᠠᠯᠠᠪᠠᠰᠤ | ᠵᠣᠬᠢᠬᠤ ᠶᠢ ᠨᠢ ᠴᠢᠳᠠᠬᠤ ᠶᠢᠨ ᠬᠢᠷᠢ ᠪᠠᠷ ᠠᠪᠤᠷᠠᠨ ᠲᠤᠰᠠᠯᠠᠵᠦ᠂ ᠠᠰᠠᠷᠠᠨ ᠲᠡᠵᠢᠭᠡᠪᠡᠰᠦ ᠵᠣᠬᠢᠬᠤ ᠶᠢ ᠨᠢ | ᠴᠢᠳᠠᠬᠤ ᠶᠢᠨ ᠬᠢᠷᠢ ᠪᠠᠷ ᠠᠰᠠᠷᠠᠨ ᠲᠡᠵᠢᠭᠡᠬᠦ︾ ᠶᠢ ᠦᠨᠡᠨ ᠬᠦ ᠭᠦᠢᠴᠡᠳᠬᠡᠬᠦ ᠬᠡᠷᠡᠭᠲᠡᠶ᠃ ᠣᠨᠴᠠ ᠬᠦᠴᠢᠷᠳᠡᠯᠲᠡᠶ | ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠵᠢᠷᠤᠮᠵᠢᠯ ᠢ ᠰᠤᠳᠤᠯᠤᠨ ᠲᠡᠭᠦᠯᠳᠡᠷᠵᠢᠬᠦᠯᠵᠦ᠂ ᠰᠠᠯᠤᠩᠬᠢᠳᠠ | ᠠᠰᠠᠷᠠᠨ ᠲᠡᠵᠢᠬᠡᠯᠬᠡᠬᠦ ᠣᠨᠴᠠ ᠬᠦᠴᠢᠷᠳᠡᠯᠲᠡᠶ ᠬᠥᠮᠦᠰ ᠲᠤ ᠨᠠᠶᠢᠳᠠᠵᠤ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠠᠯᠤᠩᠬᠢᠳᠠ ᠠᠰᠠᠷᠠᠨ ᠲᠡᠵᠢᠬᠡᠯᠬᠡᠬᠦ ᠣᠨᠴᠠ ᠬᠦᠴᠢᠷᠳᠡᠯᠲᠡᠶ ᠬᠥᠮᠦᠰ ᠲᠤ | ︽ᠶᠡᠷᠦᠳᠡ ᠶᠢᠨ ᠴᠠᠭ ᠲᠤ ᠬᠠᠷᠠᠭᠠᠯᠵᠠᠬᠤ ᠬᠥᠮᠦᠨ ᠲᠠᠢ᠂ ᠡᠪᠡᠳᠴᠢᠯᠡᠭᠰᠡᠨ ᠦᠶ᠎ᠡ ᠳᠤ ᠠᠰᠠᠷᠠᠬᠤ ᠬᠥᠮᠦᠨ ᠲᠠᠢ︾ | ᠪᠤᠯᠭᠠᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠦᠷ ᠴᠠᠭ | ᠠᠪᠤᠷᠠᠨ ᠲᠤᠰᠠᠯᠠᠬᠤ ᠠᠵᠢᠯ ᠳᠤ ︽ᠤᠷᠢᠳ ᠢᠶᠠᠷ ᠠᠪᠤᠷᠠᠨ ᠲᠤᠰᠠᠯᠠᠬᠤ︾ ᠪᠠ ︽ᠱᠠᠲᠤ ᠬᠤᠪᠢᠶᠠᠨ ᠬᠢᠨᠠᠨ | ᠵᠥᠪᠰᠢᠶᠡᠷᠡᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠨᠠᠷᠢᠯᠢᠭᠵᠢᠭᠤᠯᠤᠨ | ᠪᠣᠳᠠᠲᠠᠶᠢᠵᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠦᠷ | ᠴᠠᠭ ᠠᠪᠤᠷᠠᠨ ᠲᠤᠰᠠᠯᠠᠬᠤ ᠪᠡᠯᠡᠳᠬᠡᠯ ᠮᠦᠩᠬᠦᠨ ᠤ ᠳᠦᠷᠢᠮ ᠢ ᠬᠢᠨᠠᠮᠠᠭᠠᠶ ᠬᠡᠷᠡᠭᠵᠢᠬᠦᠯᠦᠨ᠂ ᠬᠢᠵᠢᠭ ᠲᠠᠬᠤᠯ | ᠡᠪᠡᠳᠴᠢᠨ ᠡᠮᠬᠡᠭ ᠵᠡᠷᠭᠡ ᠠᠴᠠ ᠠᠮᠢᠳᠤᠷᠠᠯ ᠨᠢ ᠲᠦᠷ ᠴᠠᠭ ᠭᠦᠴᠢᠷᠳᠡᠯᠳᠡᠢ ᠪᠤᠯᠤᠨᠨᠰᠠᠨ ᠣᠯᠠᠨ ᠲᠦᠮᠡᠨ ᠳᠤ | ᠲᠠᠷᠤᠶᠢᠬᠠᠨ ᠲᠦᠷ ᠴᠠᠭ ᠤᠨ ᠠᠪᠤᠷᠠᠯ ᠲᠤᠰᠠᠯᠠᠮᠵᠢ ᠦᠵᠡᠭᠦᠯᠵᠦ᠂ ᠲᠦᠷ ᠴᠠᠭ ᠠᠪᠤᠷᠠᠨ ᠲᠤᠰᠠᠯᠠᠬᠤ ᠠᠵᠢᠯ ᠤᠨ | ᠬᠤᠭᠤᠴᠠᠭᠠᠲᠤ ᠦᠢᠯᠡᠳᠦᠯ ᠢ ᠲᠡᠬᠡᠭᠰᠢᠯᠡᠬᠦᠯᠬᠦ ᠬᠡᠷᠡᠭᠳᠡᠢ᠃ | ︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠨᠢ ᠬᠠᠷᠭᠤᠭᠤᠯᠬᠤ ᠲᠣᠭᠲᠠᠴᠠ ᠶᠢ | ᠲᠡᠭᠦᠯᠳᠡᠷᠵᠢᠬᠦᠯᠬᠦ ᠬᠡᠷᠡᠭᠳᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠣᠰ | ᠱᠠᠲᠤᠨ ᠤ ᠬᠠᠷᠭᠤᠭᠤᠯᠬᠤ ᠲᠡᠪᠴᠡᠩ ᠢ ᠪᠠᠶᠢᠭᠤᠯᠬᠤ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠳᠤ ᠳᠤ ᠪᠠᠨ | ᠭᠥᠷᠳᠡᠬᠦ᠂ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠬᠠᠷᠭᠤᠭᠤᠯᠬᠤ ᠭᠤᠤᠯ ᠴᠤᠨᠨᠴᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ᠃ | ᠲᠣᠭᠲᠠᠭᠠᠯ ᠶᠣᠰᠣᠭᠠᠷ ᠰᠢᠨ᠎ᠡ ᠪᠠᠷ ᠭᠤᠶᠤᠴᠢᠯᠠᠭᠰᠠᠨ ᠨᠡᠶᠢᠭᠡᠮ ᠤᠨ ᠠᠪᠤᠷᠠᠨ ᠲᠤᠰᠠᠯᠠᠭᠤᠯᠬᠤ ᠭᠦᠮᠦᠰ ᠢ ᠬᠢᠨᠠᠨ | ᠬᠠᠷᠭᠤᠭᠤᠯᠬᠤ ᠪᠠ ᠬᠢᠨᠠᠨ ᠵᠥᠪᠰᠢᠶᠡᠷᠡᠬᠦ ᠭᠤᠭᠴᠤᠭ᠎ᠠ ᠳᠤ ᠬᠠᠷᠭᠤᠭᠤᠯᠤᠯᠳᠠ ᠬᠢᠵᠦ᠂ ᠠᠪᠤᠷᠠᠨ ᠲᠤᠰᠠᠯᠠᠭᠤᠯᠬᠤ ᠳᠤ | ᠤᠷᠤᠭᠤᠯᠬᠤ ᠬᠢᠵᠠᠭᠠᠷᠯᠠᠯ ᠢ ᠴᠢᠩᠭ᠎ᠠ ᠡᠵᠡᠮᠳᠡᠵᠦ᠂ ᠠᠪᠤᠷᠠᠨ ᠲᠤᠰᠠᠯᠠᠭᠤᠯᠬᠤ ᠪᠠᠷ ᠭᠤᠶᠤᠴᠢᠯᠬᠠᠰᠠᠨ ᠪᠦᠭᠦᠨ ᠢ | ᠴᠢᠩᠭ᠎ᠠ ᠬᠠᠷᠭᠤᠭᠤᠯᠬᠤ ᠪᠠᠨ ᠪᠠᠲᠤᠯᠠᠬᠤ ᠬᠡᠷᠡᠭᠲᠡᠶ︔ ᠨᠡᠶᠢᠭᠡᠮ ᠤᠨ ᠠᠪᠤᠷᠠᠨ ᠲᠤᠰᠠᠯᠠᠭᠤᠯᠬᠤ ᠭᠦᠮᠦᠰ ᠢ ᠤᠯᠠᠷᠢᠯ | ᠪᠦᠷᠢ ᠠᠳᠠᠭ ᠲᠤ ᠪᠠᠨ ᠨᠢᠭᠡ ᠤᠳᠠᠭ᠎ᠠ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠦᠭᠡᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠴᠠᠭ ᠲᠤᠬᠠᠶ ᠳᠤ ᠨᠢ ᠢᠯᠭᠠᠷᠠᠭᠤᠯᠤᠨ ᠭᠠᠷᠭᠠᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠪᠠᠭᠤᠯᠭᠠᠭᠰᠠᠨ ᠭᠤᠤᠯᠳᠠᠯᠭ᠎ᠠ ᠲᠠᠢ ᠬᠢᠨᠠᠨ ᠰᠢᠨᠵᠢᠭᠰᠡᠨ ᠳ᠋ᠠᠶᠢᠲ᠋ᠠ ᠶᠢ ᠦᠨᠳᠦᠷ ᠪᠦᠲᠦᠮᠵᠢᠲᠡᠶ ᠪᠠᠷ | ᠰᠶᠢᠳᠪᠦᠷᠢᠯᠡᠬᠦ ᠶᠢᠨ ᠬᠠᠮᠲᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠪᠠ ᠣᠨᠴᠠ | ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠶ | ᠳᠤ ᠨᠢ ᠰᠢᠨᠡᠳᠬᠡᠬᠦ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠤ᠂ ᠠᠪᠤᠷᠠᠨ ᠲᠤᠰᠠᠯᠠᠭᠤᠯᠬᠤ ᠭᠦᠮᠦᠰ ᠤᠨ ᠭᠤᠶᠤᠴᠢᠯᠠᠯ ᠢ ᠬᠢᠨᠠᠨ ᠬᠠᠷᠭᠤᠭᠤᠯᠬᠤ ᠪᠠ | ᠲᠤᠨᠨᠳᠠᠮᠠᠯ ᠬᠤᠭᠤᠴᠠᠭᠠᠨ ᠳᠤ ᠲᠠᠬᠢᠨ ᠬᠠᠷᠭᠤᠭᠤᠯᠬᠤ ᠳᠤ ᠪᠠᠨ ᠠᠯᠢ ᠴᠢᠳᠠᠬᠤ ᠪᠠᠷ ᠲᠤᠮᠤ ᠳ᠋ᠠᠶᠢᠲ᠋ᠠ ᠲᠠᠢ | ᠬᠠᠷᠢᠴᠠᠭᠤᠯᠤᠨ ᠬᠠᠷᠭᠤᠭᠤᠯᠬᠤ ᠵᠢᠴᠢ ᠦᠯᠦ ᠨᠢᠭᠤᠷᠳᠠᠬᠤ ᠬᠡᠯᠪᠡᠷᠢ ᠶᠢᠨ ᠵᠡᠷᠬᠡ ᠠᠷᠭ᠎ᠠ ᠪᠠᠷᠢᠯ ᠢ ᠬᠡᠷᠡᠭᠯᠡᠬᠦ ᠬᠡᠷᠡᠭᠳᠡᠢ᠃ | ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ᠂ ᠭᠦᠭᠵᠢᠬᠦᠯᠦᠯᠳᠡ ᠪᠠ | ᠦᠬᠡᠷᠡᠴᠢᠯᠡᠯᠳᠡ ᠶᠢᠨ ᠵᠦᠪᠯᠡᠯ ᠤᠨ ︽ᠦᠨᠡᠨᠴᠢ ᠢᠳᠡᠬᠡᠮᠵᠢ ᠶᠢᠨ ᠮᠡᠳᠡᠭᠳᠡᠬᠦ ᠲᠦᠷᠢᠮ ᠢ ᠪᠠᠶᠢᠭᠤᠯᠬᠤ ᠶᠢᠨ ᠬᠠᠮᠳᠤ | ᠨᠡᠶᠢᠬᠡᠮ ᠤᠨ ᠠᠪᠤᠷᠠᠨ ᠲᠤᠰᠠᠯᠠᠬᠤ ᠲᠠᠯ᠎ᠠ ᠪᠠᠷ ᠬᠢ ᠢᠳᠡᠬᠡᠯ ᠠᠯᠳ᠋ᠬᠠᠰᠠᠳ ᠲᠤ ᠬᠤᠯᠪᠤᠭᠠᠯᠠᠵᠦ ᠵᠠᠯᠬᠠᠭᠠᠨ | ᠴᠡᠬᠡᠷᠯᠡᠬᠦᠯᠬᠦ ᠠᠵᠢᠯ ᠢ ᠬᠡᠷᠡᠭᠵᠢᠬᠦᠯᠬᠦ ᠲᠤᠬᠠᠢ ᠮᠡᠳᠡᠭᠳᠡᠯ︾ ︵ᠦᠪᠦᠷ ᠠᠷᠠᠳ ᠶᠠᠪᠤᠳᠠᠯ ᠲᠠᠷᠬᠠᠭᠠᠨᠨᠰᠠᠨ ﹇2020﹈ | 6 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠨᠡᠶᠢᠭᠡᠮ ᠤᠨ ᠠᠪᠤᠷᠠᠨ | ᠲᠤᠰᠠᠯᠠᠬᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠬᠦ | ᠬᠡᠷᠡᠭᠳᠡᠢ᠃ | ᠲᠦᠷᠪᠡ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠥᠯᠲᠡ ᠲᠠᠢ ᠬᠤᠯᠪᠤᠨᠨᠳᠠᠭᠤᠯᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠬᠦᠯᠬᠦ ᠠᠵᠢᠯ ᠢ ᠰᠠᠶᠢᠲᠤᠷ | ᠬᠢᠬᠦ ᠬᠡᠷᠡᠭᠲᠡᠶ | ᠡᠯ᠎ᠡ ᠭᠠᠵᠠᠷ ᠣᠷᠣᠨ ᠨᠢ ︽ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ | ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠨᠨᠳᠠᠭᠤᠯᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ | 15 ᠳ᠋ᠤᠭᠠᠷ ᠲᠣᠭᠠᠲᠤ︶ ᠪᠠ ︽ᠱᠠᠲᠤ ᠦᠶ᠎ᠡ ᠶᠢᠨ ᠴᠢᠨᠠᠷᠲᠠᠶ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠ ᠠᠴᠠ | ᠬᠠᠯᠬᠠᠳ᠋ᠬᠠᠰᠠᠨᠳ ᠤᠨ ᠶᠠᠪᠤᠳᠠᠯ ᠤᠨ ᠶᠠᠮᠤᠨ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠮᠡᠳᠡᠭᠳᠡᠯ︾ | ︵ᠬᠥᠭᠵᠢᠭᠦᠯᠦᠯᠲᠡ ᠥᠭᠡᠷᠡᠴᠢᠯᠡᠯᠲᠡ ᠴᠠᠬᠢᠯᠭᠠᠨ ﹇2020﹈ 876 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠪᠠ | ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠨᠨᠳᠠᠭᠤᠯᠵᠦ ᠬᠤᠯᠪᠤᠭᠠᠯᠠᠨ | ᠬᠥᠳᠡᠯᠦᠯᠴᠡᠬᠦ ᠲᠣᠭᠲᠠᠴᠠ ᠶᠢ ᠡᠬᠢᠯᠡᠬᠦᠯᠦᠭᠰᠡᠨ ᠤ ᠳᠠᠷᠠᠭ᠎ᠠ᠂ ᠬᠦᠴᠢᠷᠳᠡᠯᠲᠡᠶ ᠣᠯᠠᠨ ᠲᠦᠮᠡᠨ ᠳᠤ ᠲᠦᠷ ᠴᠠᠭ ᠤᠨ | ᠦᠨ᠎ᠡ ᠬᠠᠩᠰᠢ ᠶᠢᠨ ᠨᠡᠮᠡᠭᠦᠷᠢ ᠣᠯᠭᠤᠬᠤ ᠠᠵᠢᠯ ᠢ ᠳᠠᠷᠦ᠋ᠢᠬᠠᠨ ᠵᠣᠬᠢᠶᠠᠨ ᠪᠠᠶᠢᠭᠤᠯᠵᠦ ᠦᠷᠨᠢᠬᠦᠯᠬᠦ ᠬᠡᠷᠡᠭᠳᠡᠢ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠬᠠᠷᠢᠯᠴᠠᠨ ᠬᠠᠮᠵᠢᠯᠴᠠᠵᠦ᠂ | ᠲᠦᠷ ᠴᠠᠭ ᠤᠨ ᠦᠨ᠎ᠡ ᠬᠠᠩᠰᠢ ᠶᠢᠨ ᠨᠡᠮᠡᠭᠦᠷᠢ ᠶᠢ ᠱᠠᠭᠠᠷᠳᠠᠯᠭ᠎ᠠ ᠶᠣᠰᠣᠭᠠᠷ ᠴᠠᠭ ᠲᠤ ᠨᠢ ᠲᠤᠭ᠎ᠠ ᠶᠤᠰᠤᠭᠠᠷ | ᠣᠯᠭᠤᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠦᠯᠦ ᠨᠦᠯᠦᠬᠡᠯᠡᠭᠳᠡᠬᠦ ᠶᠢ ᠦᠨᠡᠨ ᠬᠦ | ᠪᠠᠲᠤᠯᠠᠬᠤ ᠬᠡᠷᠡᠭᠲᠡᠶ᠃ | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶᠠᠨ ᠤ ᠨᠠᠷᠢᠨ ᠬᠦᠰᠦᠨᠦᠭᠲᠦ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠣᠨᠴᠠ ᠬᠦᠴᠢᠷᠳᠡᠯᠲᠡᠶ | ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶᠠᠨ ᠤ ᠨᠠᠷᠢᠨ ᠬᠦᠰᠦᠨᠦᠭᠲᠦ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠣᠨᠴᠠ ᠬᠦᠴᠢᠷᠳᠡᠯᠲᠡᠶ | ᠬᠥᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶᠠᠨ ᠤ ᠨᠠᠷᠢᠨ ᠬᠦᠰᠦᠨᠦᠭᠲᠦ | 2020 ᠣᠨ ᠤ 4 ᠳ᠋ᠤᠬᠡᠷ ᠰᠠᠷ᠎ᠠ ᠶᠢᠨ 29 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠳᠠᠭᠠᠯᠳᠤᠭᠤᠯᠤᠯ1. ᠬᠦᠰᠦᠨᠦᠭᠲᠦ ᠨᠢᠭᠡ | ᠬᠦᠰᠦᠨᠦᠭᠲᠦ ᠬᠤᠶᠠᠷ | ᠬᠦᠰᠦᠨᠦᠭᠲᠦ ᠭᠤᠷᠪᠠ | ᠳᠠᠭᠠᠯᠳᠤᠭᠤᠯᠤᠯ 2 . ᠬᠦᠰᠦᠨᠦᠭᠲᠦ ᠨᠢᠭᠡ | ᠬᠦᠰᠦᠨᠦᠭᠲᠦ ᠬᠤᠶᠠᠷ | ᠬᠦᠰᠦᠨᠦᠭᠲᠦ ᠭᠤᠷᠪᠠ | ᠳᠠᠭᠠᠯᠳᠤᠭᠤᠯᠤᠯ 3. ᠬᠦᠰᠦᠨᠦᠭᠲᠦ ᠨᠢᠭᠡ | ᠬᠦᠰᠦᠨᠦᠭᠲᠦ ᠬᠤᠶᠠᠷ | | | |